ᠬᠥᠬᠡᠬᠤᠲᠠ᠎ᠠᠴᠠ ᠤᠯᠠᠭ᠋ᠠᠨᠬᠠᠳᠠ ᠬᠦᠷᠬᠦ᠎ᠳᠤ ᠬᠠᠮᠤᠭ᠎ᠤᠨ ᠬᠤᠷᠳᠤᠨᠳᠤᠪᠠᠨ 14 ᠴᠠᠭ 18 ᠮᠢᠨᠦ᠋ᠲ ᠯᠡ ᠬᠡᠷᠡᠭᠰᠡᠨ᠎ᠡ
ᠨᠡᠶ᠋ᠢᠲᠡᠯᠡᠭᠰᠡᠨ ᠴᠠᠭ᠄ 2024-08-28
ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠮᠡᠳᠡᠭᠡ᠂ ᠬᠥᠬᠡᠬᠤᠲᠠ ᠪᠠ ᠤᠯᠠᠭ᠋ᠠᠨᠬᠠᠳᠠ ᠬᠤᠲᠠ ᠵᠢᠨ ᠬᠤᠭᠤᠷᠣᠨᠳᠣᠬᠢ ᠵᠠᠮ ᠬᠠᠷᠢᠯᠴᠠᠭ᠎ᠠ ᠵᠢ ᠤᠯᠠᠮ ᠨᠢᠭᠡ ᠠᠯᠬᠤᠮ ᠰᠠᠶ᠋ᠢᠵᠢᠷᠠᠭᠤᠯᠬᠤ ᠵᠢᠨ ᠲᠥᠯᠥᠭᠡ᠂ 8 ᠳ᠋ᠤᠭ᠋ᠠᠷ ᠰᠠᠷ᠎ᠠ ᠵᠢᠨ 26᠎ᠤ ᠡᠳᠦᠷ᠎ᠠᠴᠠ ᠡᠬᠢᠯᠡᠨ᠂ ᠲᠡᠮᠦᠷ ᠵᠠᠮ᠎ᠤᠨ ᠰᠠᠯᠠᠭ᠎ᠠ ᠮᠥᠴᠢᠷ ᠬᠥᠬᠡᠬᠤᠲᠠ ᠤᠯᠠᠭ᠋ᠠᠨᠬᠠᠳᠠ ᠵᠢᠨ ᠬᠤᠭᠤᠷᠣᠨᠳᠣᠬᠢ K4696/7᠂ K4698/5 ᠤᠳᠠᠭ᠎ᠠ ᠵᠢᠨ ᠠᠶᠠᠨᠴᠢᠳ᠎ᠤᠨ ᠭᠠᠯᠲᠤ ᠲᠡᠷᠭᠡ ᠵᠢ ᠨᠡᠮᠡᠭᠰᠡᠨ ᠪᠥᠭᠡᠳ ᠲᠡᠳᠡᠭᠡᠷ᠎ᠨᠢ ᠲᠦᠩᠯᠢᠶᠣᠤ ᠥᠷᠲᠡᠭᠡ᠎ᠪᠠᠷ ᠳᠠᠭ᠋ᠠᠷᠢᠨ ᠥᠩᠭᠡᠷᠡᠬᠦ ᠦᠭᠡᠢ ᠪᠣᠯᠵᠤ᠂ ᠠᠶᠠᠯᠠᠯ᠎ᠤᠨ ᠵᠠᠶ ᠵᠢ 500 ᠢᠯᠡᠭᠦᠦ ᠺᠢᠯᠣᠮᠧᠳ᠋ᠷ ᠪᠣᠭᠤᠨᠢᠰᠬᠠᠪᠠ᠃ ᠡᠨᠡ᠎ᠨᠢ ᠮᠥᠨ ᠴᠦ᠍ ᠤᠯᠠᠭ᠋ᠠᠨᠬᠠᠳᠠ ᠳ᠋ᠠᠪᠠᠨ ᠲᠡᠮᠦᠷ ᠵᠠᠮ᠎ᠨᠢ ᠠᠶᠠᠨᠴᠢᠳ ᠪᠠ ᠪᠠᠷᠠᠭ᠎ᠠ᠎ᠪᠠᠨ ᠨᠢᠭᠡ ᠱᠤᠭᠤᠮ ᠵᠶ᠋ᠠᠷ ᠵᠥᠭᠡᠭᠡᠪᠦᠷᠢᠯᠡᠬᠦ ᠵᠢ ᠪᠡᠶᠡᠯᠡᠭᠦᠯᠦᠭᠰᠡᠨ᠎ᠢ ᠬᠠᠷᠠᠭᠤᠯᠵᠤ ᠪᠠᠶ᠋ᠢᠨ᠎ᠠ᠃
ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ