ᠦᠢᠯᠡᠴᠢᠯᠡᠭᠡ   -   ᠲᠠᠨ᠎ᠳᠤ ᠦᠢᠯᠡᠴᠢᠯᠡᠬᠦ᠌

ᠬᠠᠮᠤᠭ᠎ᠤᠨ ᠰᠢᠨ᠎ᠡ ᠠᠯᠪᠠᠨ ᠵᠠᠷ! ᠡᠨᠡ ᠬᠡᠳᠦᠨ ᠲᠥᠷᠥᠯ᠎ᠤᠨ ᠬᠥᠮᠦᠰ ᠠᠩᠬᠠᠷ! ᠢᠳᠡᠬᠦ ᠦᠭᠡᠢ ᠪᠤᠯ ᠰᠠᠢ᠌ᠨ

ᠨᠡᠶ᠋ᠢᠲᠡᠯᠡᠭᠰᠡᠨ ᠴᠠᠭ᠄   2024-08-28

      ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠤᠯᠤᠰ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ 26᠎ᠤ ᠡᠳᠦᠷ ᠠᠯᠪᠠᠨ ᠵᠠᠷ ᠨᠡᠶ᠋ᠢᠲᠡᠯᠡᠵᠦ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠢᠳᠡᠭᠡᠨ᠎ᠤ ᠠᠮᠤᠷ ᠲᠦᠪᠰᠢᠨ᠎ᠤ ᠬᠠᠤᠯᠢ》 ᠵᠢᠴᠢ ᠲᠡᠭᠦᠨ᠎ᠢ ᠬᠡᠷᠡᠭᠵᠢᠭᠦᠯᠬᠦ ᠲᠦᠷᠢᠮ᠎ᠢ ᠦᠨᠳᠦᠰᠦᠯᠡᠨ᠂ 《ᠤᠯᠠᠮᠵᠢᠯᠠᠯᠲᠤ ᠢᠳᠡᠭᠡᠨ ᠪᠣᠯᠬᠤ ᠮᠥᠷᠲᠡᠭᠡᠨ ᠪᠠᠰᠠ ᠬᠢᠲᠠᠳ ᠡᠮ᠎ᠤᠨ ᠮᠠᠲ᠋ᠧᠷᠢᠶᠠᠯ ᠪᠤᠯᠬᠤ ᠪᠣᠳᠠᠰ᠎ᠤᠨ ᠭᠠᠷᠴᠠᠭ᠎ᠤᠨ ᠬᠠᠮᠢᠶᠠᠷᠤᠯᠲᠠ ᠵᠢᠨ ᠲᠣᠭᠲᠠᠭ᠋ᠠᠯ》 ᠶᠣᠰᠣᠭ᠋ᠠᠷ᠂ ᠠᠶᠤᠯᠭᠦᠶ ᠴᠢᠨᠠᠷ᠎ᠤᠨ ᠦᠨᠡᠯᠡᠨ ᠵᠢᠱ᠌ᠢᠯᠲᠡ ᠬᠢᠬᠦ᠎ᠪᠠᠷ ᠳᠡᠮᠵᠢᠨ᠂ ᠡᠳᠦᠭᠡ ᠬᠤᠷᠤᠭᠤᠪᠴᠢᠨ ᠴᠡᠴᠡᠭ᠂ ᠦᠨᠳᠦᠰᠦᠨ ᠠᠷᠪᠠᠢ᠂ ᠬᠡᠷᠢᠶᠡᠨ ᠨᠢᠳᠦ᠂ ᠵᠦᠷᠵᠢ ᠵᠢᠨ ᠤᠯᠠᠭ᠋ᠠᠨ ᠵᠡᠷᠭᠡ ᠵᠦᠢ᠍ᠯ᠎ᠤᠨ ᠪᠣᠳᠠᠰ᠎ᠢ ᠤᠯᠠᠮᠵᠢᠯᠠᠯᠲᠤ ᠢᠳᠡᠭᠡᠨ ᠮᠥᠷᠲᠡᠭᠡᠨ ᠪᠠᠰᠠ ᠬᠢᠲᠠᠳ ᠡᠮ᠎ᠤᠨ ᠮᠠᠲ᠋ᠧᠷᠢᠶᠠᠯ ᠪᠤᠯᠬᠤ ᠪᠣᠳᠠᠰ᠎ᠤᠨ ᠭᠠᠷᠴᠠᠭ᠎ᠲᠤ ᠣᠷᠣᠭᠤᠯᠪᠠ᠃

      ᠬᠤᠷᠤᠭᠤᠪᠴᠢᠨ ᠴᠡᠴᠡᠭ᠂ ᠦᠨᠳᠦᠰᠦᠨ ᠠᠷᠪᠠᠢ᠂ ᠬᠡᠷᠢᠶᠡᠨ ᠨᠢᠳᠦ᠂ ᠵᠦᠷᠵᠢ ᠵᠢᠨ ᠤᠯᠠᠭ᠋ᠠᠨ (地黄᠂ 麦冬᠂ 天冬᠂ 化橘) ᠵᠡᠷᠭᠡ 4 ᠵᠦᠢ᠍ᠯ᠎ᠤᠨ ᠰᠢᠨ᠎ᠡ᠎ᠪᠠᠷ ᠨᠡᠮᠡᠭᠳᠡᠭᠰᠡᠨ ᠢᠳᠡᠭᠡᠨ ᠪᠠ ᠡᠮ᠎ᠤᠨ ᠪᠣᠳᠠᠰ᠎ᠲᠤ ᠭᠤᠤᠯᠳᠠᠭᠤ ᠢᠳᠡᠭᠡᠨ᠎ᠤ ᠠᠮᠤᠷ ᠲᠦᠪᠰᠢᠨ᠎ᠤ ᠠᠶᠤᠯ ᠲᠦᠭᠰᠢᠭᠦᠷᠢ ᠵᠢ ᠦᠨᠡᠯᠡᠨ ᠵᠢᠱ᠌ᠢᠬᠦ ᠵᠠᠷᠴᠢᠮ ᠪᠠ ᠠᠷᠭ᠎ᠠ ᠵᠢ ᠬᠡᠷᠡᠭᠯᠡᠨ ᠠᠮᠤᠷ ᠲᠦᠪᠰᠢᠨ᠎ᠤ ᠴᠢᠨᠠᠷᠲᠠᠶ ᠦᠨᠡᠯᠡᠨ ᠵᠢᠱ᠌ᠢᠯᠲᠡ ᠬᠢᠬᠦ ᠵᠢᠨ ᠬᠠᠮᠲᠤ᠂ ᠲᠡᠭᠦᠨ᠎ᠤ ᠮᠠᠨ᠎ᠤ ᠤᠯᠤᠰ᠎ᠤᠨ ᠤᠯᠠᠮᠵᠢᠯᠠᠯᠲᠤ ᠢᠳᠡᠭᠡᠨ ᠪᠣᠯᠬᠤ ᠵᠢᠨ ᠬᠤᠪᠢ᠎ᠳᠤ ᠢᠳᠡᠬᠦ ᠪᠠᠶ᠋ᠢᠳᠠᠯ ᠵᠢᠴᠢ ᠣᠷᠣᠨ ᠨᠤᠲᠤᠭ᠎ᠤᠨ ᠬᠠᠮᠢᠶ᠎ᠠ ᠪᠥᠬᠥᠶ ᠢᠳᠡᠭᠡᠨ᠎ᠤ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ ᠵᠡᠷᠭᠡ ᠵᠢ ᠶᠡᠷᠦᠩᠬᠡᠶ᠋ᠢᠯᠡᠨ ᠪᠣᠳᠣᠯᠬᠢᠯᠠᠬᠰᠠᠨ ᠰᠠᠭᠤᠷᠢᠨ ᠲᠡᠭᠡᠷ᠎ᠡ ᠶᠡᠷᠦᠩᠬᠡᠶ᠋ᠢᠯᠡᠨ ᠨᠤᠲᠠᠯᠠᠵᠤ ᠲᠣᠭᠲᠠᠭ᠋ᠠᠪᠠ᠃ ᠢᠳᠡᠭᠡᠨ ᠪᠠ ᠡᠮ᠎ᠤᠨ ᠪᠣᠳᠠᠰ ᠪᠤᠯᠬᠤ ᠵᠢᠨ ᠬᠤᠪᠢ᠎ᠳᠤ᠂ ᠤᠯᠠᠮᠵᠢᠯᠠᠯᠲᠤ ᠠᠷᠭ᠎ᠠ ᠬᠡᠯᠪᠡᠷᠢ᠎ᠪᠠᠷ ᠵᠣᠬᠢᠰᠲᠠᠶ ᠢᠳᠡᠵᠦ᠂ ᠵᠢᠷᠮᠦᠰᠦᠨ ᠡᠮᠡᠭᠲᠡᠶ᠂ ᠬᠥᠬᠥᠭᠦᠯ ᠬᠤᠭᠤᠴᠠᠭ᠋ᠠᠨ᠎ᠤ ᠡᠮᠡᠭᠲᠡᠶ᠋ᠢᠴᠦᠳ ᠵᠢᠴᠢ ᠨᠢᠯᠬ᠎ᠠ ᠬᠡᠦᠬᠡᠳ ᠵᠡᠷᠭᠡ ᠣᠨᠴᠠᠭ᠋ᠠᠶ ᠬᠥᠮᠦᠰ᠎ᠲᠤ ᠢᠳᠡᠬᠦᠯᠬᠦ ᠥᠬᠡᠶ ᠪᠠᠶ᠋ᠢᠬᠤ ᠵᠢ ᠰᠠᠨᠠᠭᠤᠯᠤᠶ᠎ᠠ᠃ ᠳᠡᠭᠡᠷ᠎ᠡ ᠳᠤᠷᠠᠳᠤᠭᠰᠠᠨ ᠪᠣᠳᠠᠰ᠎ᠢ ᠡᠷᠡᠭᠦᠯᠵᠢᠯ᠎ᠤᠨ ᠢᠳᠡᠭᠡᠨ᠎ᠤ ᠲᠦᠭᠦᠬᠡᠢ ᠡᠳ᠋ ᠪᠣᠯᠭ᠋ᠠᠨ ᠬᠡᠷᠡᠭᠯᠡᠬᠦ᠎ᠳᠡᠭᠡᠨ ᠡᠷᠡᠭᠦᠯᠵᠢᠯ᠎ᠤᠨ ᠢᠳᠡᠭᠡᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠠᠮᠢᠶᠠᠷᠬᠤ ᠬᠡᠷᠡᠭᠲᠡᠢ; ᠬᠢᠲᠠᠳ ᠡᠮ᠎ᠤᠨ ᠮᠠᠲ᠋ᠧᠷᠢᠶᠠᠯ ᠪᠣᠯᠭ᠋ᠠᠨ ᠬᠡᠷᠡᠭᠯᠡᠬᠦ᠎ᠳᠡᠭᠡᠨ ᠬᠢᠲᠠᠳ ᠡᠮ᠎ᠤᠨ ᠮᠠᠲ᠋ᠧᠷᠢᠶᠠᠯ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠠᠮᠢᠶᠠᠷᠬᠤ ᠬᠡᠷᠡᠭᠲᠡᠶ᠃

ᠢᠷᠡᠯᠲᠡ᠄ ᠠᠷᠠᠳ᠎ᠤᠨ ᠰᠦᠯᠵᠢᠶ᠎ᠡ