ᠬᠠᠮᠤᠭ᠎ᠤᠨ ᠰᠢᠨ᠎ᠡ ᠠᠯᠪᠠᠨ ᠵᠠᠷᠯᠠᠯ! ᠰᠤᠭᠤᠯᠤᠭ᠎ᠠ ᠵᠢᠨ ᠱᠠᠩᠨᠠᠯ ᠣᠯᠭᠣᠬᠤ᠎ᠲᠠᠢ ᠬᠣᠯᠪᠣᠭᠳᠠᠨ᠎ᠠ!
ᠨᠡᠶ᠋ᠢᠲᠡᠯᠡᠭᠰᠡᠨ ᠴᠠᠭ᠄ 2024-08-28
ᠰᠤᠭᠤᠯᠤᠭ᠎ᠠ ᠵᠢᠨ ᠱᠠᠩᠨᠠᠯ ᠣᠯᠭᠣᠬᠤ ᠪᠠ ᠭᠠᠶ᠋ᠢᠯᠢ ᠵᠢᠨ ᠬᠠᠤᠯᠢ ᠵᠢ ᠬᠡᠷᠡᠭᠯᠡᠬᠦ ᠬᠣᠯᠪᠣᠭᠳᠠᠯ ᠪᠦᠬᠦᠢ ᠪᠠᠷᠢᠮᠵᠢᠶ᠎ᠠ ᠵᠢᠨ ᠲᠤᠬᠠᠢ ᠠᠯᠪᠠᠨ ᠵᠠᠷᠯᠠᠯ
ᠡᠳ᠋᠎ᠤᠨ ᠵᠠᠰᠠᠭ᠎ᠤᠨ ᠶᠠᠮᠤᠨ ᠭᠠᠶ᠋ᠢᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠠᠷᠠᠳ᠎ᠤᠨ ᠶᠠᠪᠤᠳᠠᠯ᠎ᠤᠨ ᠶᠠᠮᠤᠨ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ ᠵᠢᠨ ᠠᠯᠪᠠᠨ ᠵᠠᠷᠯᠠᠯ 2024 ᠣᠨ᠎ᠤ 12 ᠳ᠋ᠤᠭ᠋ᠠᠷ ᠲᠣᠭ᠋ᠠᠲᠤ
ᠠᠰᠠᠷᠠᠮᠵᠢ ᠵᠢᠨ ᠱᠠᠡᠭᠨᠠᠯᠳᠤ ᠰᠤᠭᠤᠯᠤᠭ᠎ᠠ ᠪᠣᠯᠤᠨ ᠪᠡᠶ᠎ᠡ ᠵᠢᠨ ᠲᠠᠮᠢᠷ᠎ᠤᠨ ᠱᠠᠡᠭᠨᠠᠯᠳᠤ ᠰᠤᠭᠤᠯᠤᠭ᠎ᠠ (ᠳᠣᠷᠣᠭᠰᠢ ᠱᠠᠡᠭᠨᠠᠯᠳᠤ ᠰᠤᠭᠤᠯᠤᠭ᠎ᠠ ᠭᠡᠵᠦ ᠶᠡᠷᠦᠩᠬᠡᠶ᠋ᠢᠯᠡᠨ ᠨᠡᠷᠡᠯᠡᠨ᠎ᠡ) ᠵᠢᠨ ᠱᠠᠩᠨᠠᠯ ᠣᠯᠭᠣᠬᠤ ᠪᠠ ᠭᠠᠶ᠋ᠢᠯᠢ ᠵᠢᠨ ᠬᠠᠤᠯᠢ ᠵᠢ ᠬᠡᠷᠡᠭᠯᠡᠬᠦ ᠬᠣᠯᠪᠣᠭᠳᠠᠯ ᠪᠥᠬᠥᠶ ᠪᠠᠷᠢᠮᠵᠢᠶ᠎ᠠ ᠵᠢ ᠤᠯᠠᠮ ᠵᠢᠨᠷ ᠲᠡᠭᠦᠯᠳᠡᠷᠵᠢᠭᠦᠯᠵᠦ᠂ ᠱᠠᠡᠭᠨᠠᠯᠳᠤ ᠰᠤᠭᠤᠯᠤᠭ᠎ᠠ ᠵᠢᠨ ᠦᠢ᠍ᠯᠡᠰ᠎ᠤᠨ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ ᠵᠢᠨ ᠲᠤᠰᠠᠳᠠ᠂ ᠡᠳᠦᠭᠡ ᠬᠣᠯᠪᠣᠭᠳᠠᠯ ᠪᠥᠬᠥᠶ ᠵᠦᠢ᠍ᠯᠡᠰ᠎ᠢ ᠳᠤᠤᠷᠠᠬᠢ ᠮᠡᠲᠦ ᠵᠠᠷᠯᠠᠪᠠ᠄
ᠨᠢᠭᠡ᠂ ᠬᠤᠪᠢ ᠬᠥᠮᠦᠨ᠎ᠤ ᠠᠰᠢᠭ ᠣᠯᠵᠠᠪᠤᠷᠢ ᠵᠢᠨ ᠭᠠᠶ᠋ᠢᠯᠢ ᠵᠢᠨ ᠬᠠᠤᠯᠢ ᠵᠢᠴᠢ ᠬᠡᠷᠡᠭᠵᠢᠭᠦᠯᠬᠦ ᠳᠦᠷᠢᠮ᠎ᠤᠨ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠪᠤᠯ᠂ ᠰᠤᠭᠤᠯᠠᠭ᠎ᠠ ᠵᠢᠨ ᠱᠠᠩᠨᠠᠯ ᠣᠯᠤᠭᠰᠠᠨ ᠣᠷᠣᠯᠭ᠎ᠠ᠎ᠨᠢ ᠭᠡᠨᠡᠳᠲᠡ ᠵᠢᠨ ᠠᠰᠢᠭ ᠣᠯᠵᠠᠪᠤᠷᠢ᠎ᠳᠤ ᠬᠠᠷᠢᠶᠠᠯᠠᠭᠳᠠᠬᠤ ᠪᠤᠯᠬᠤᠷ ᠤᠳᠠᠭ᠎ᠠ ᠪᠦᠷᠢ ᠵᠢᠨ ᠣᠷᠣᠯᠭ᠎ᠠ ᠵᠢᠨ ᠲᠣᠭ᠎ᠠ ᠵᠢ ᠭᠠᠶ᠋ᠢᠯᠢ ᠲᠤᠰᠢᠶᠠᠪᠠᠰᠤ ᠵᠣᠬᠢᠬᠤ ᠠᠰᠢᠭ ᠣᠯᠵᠠᠪᠤᠷᠢ ᠵᠢᠨ ᠲᠣᠭ᠎ᠠ ᠪᠣᠯᠭ᠋ᠠᠵᠤ᠂ ᠬᠤᠪᠢ ᠬᠥᠮᠦᠨ᠎ᠤ ᠠᠰᠢᠭ ᠣᠯᠵᠠᠪᠤᠷᠢ ᠵᠢᠨ ᠭᠠᠶ᠋ᠢᠯᠢ ᠲᠤᠰᠢᠶᠠᠬᠤ ᠵᠢ ᠪᠤᠳᠤᠨ᠎ᠠ᠃ 《ᠬᠤᠪᠢ ᠬᠥᠮᠦᠨ᠎ᠤ ᠪᠡᠶ᠎ᠡ ᠵᠢᠨ ᠲᠠᠮᠢᠷ᠎ᠤᠨ ᠱᠠᠩᠨᠠᠯᠲᠤ ᠰᠤᠭᠤᠯᠤᠭ᠎ᠠ ᠵᠢᠨ ᠱᠠᠩᠨᠠᠯ ᠣᠯᠤᠭᠰᠠᠨ ᠣᠷᠣᠯᠭ᠎ᠠ᠎ᠠᠴᠠ ᠬᠤᠪᠢ ᠬᠥᠮᠦᠨ᠎ᠤ ᠠᠰᠢᠭ ᠣᠷᠣᠯᠭ᠎ᠠ ᠵᠢᠨ ᠭᠠᠶ᠋ᠢᠯᠢ ᠲᠠᠲᠠᠪᠤᠷᠢᠯᠠᠬᠤ᠎ᠠᠴᠠ ᠬᠡᠯᠲᠦᠷᠢᠭᠦᠯᠬᠦ ᠠᠰᠠᠭᠤᠳᠠᠯ᠎ᠤᠨ ᠲᠤᠬᠠᠶ ᠡᠳ᠋᠎ᠤᠨ ᠵᠠᠰᠠᠭ᠎ᠤᠨ ᠶᠠᠮᠤᠨ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠵᠢᠨ ᠮᠡᠳᠡᠭᠳᠡᠯ》 (ᠡᠳ᠋ ᠭᠠᠶ᠋ᠢᠯᠢ ᠦᠰᠦᠭ [1998]12 ᠳ᠋ᠤᠭ᠋ᠠᠷ ᠲᠣᠭ᠋ᠠᠲᠤ)᠂ 《ᠨᠡᠶ᠋ᠢᠭᠡᠮ᠎ᠤᠨ ᠠᠰᠠᠷᠠᠮᠵᠢ ᠵᠢᠨ ᠱᠠᠩᠨᠠᠯᠲᠤ ᠬᠠᠨᠳᠢᠪ ᠴᠤᠭᠯᠠᠭᠤᠯᠤᠭᠰᠠᠨ ᠣᠷᠣᠯᠭ᠎ᠠ ᠭᠠᠶ᠋ᠢᠯᠢ ᠲᠠᠲᠠᠪᠤᠷᠢ ᠵᠢᠨ ᠠᠰᠠᠭᠤᠳᠠᠯ᠎ᠤᠨ ᠲᠤᠬᠠᠶ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠵᠢᠨ ᠮᠡᠳᠡᠭᠳᠡᠯ》 (ᠤᠯᠤᠰ ᠭᠠᠶ᠋ᠢᠯᠢ ᠲᠠᠷᠬᠠᠭ᠋ᠠᠭᠰᠠᠨ [1994]127 ᠳ᠋ᠤᠭ᠋ᠠᠷ ᠲᠣᠭ᠋ᠠᠲᠤ)᠎ᠳᠠᠬᠢ ᠱᠠᠩᠨᠠᠯᠲᠤ ᠰᠤᠭᠤᠯᠤᠭ᠎ᠠ ᠵᠢᠨ ᠨᠢᠭᠡ ᠤᠳᠠᠭ᠎ᠠ ᠵᠢᠨ ᠱᠠᠩᠨᠠᠯᠲᠤ ᠣᠷᠣᠯᠭ᠎ᠠ᠎ᠨᠢ 10000 ᠲᠥᠭᠥᠷᠢᠭ᠎ᠠᠴᠠ ᠬᠡᠲᠦᠷᠡᠬᠦ ᠦᠭᠡᠶ ᠪᠤᠯ ᠬᠤᠪᠢ ᠬᠥᠮᠦᠨ᠎ᠤ ᠠᠰᠢᠭ ᠣᠷᠣᠯᠭ᠎ᠠ ᠵᠢᠨ ᠭᠠᠶ᠋ᠢᠯᠢ ᠲᠠᠲᠠᠪᠤᠷᠢᠯᠠᠬᠤ᠎ᠠᠴᠠ ᠲᠦᠷ ᠬᠡᠯᠲᠦᠷᠢᠭᠦᠯᠬᠦ ᠲᠤᠬᠠᠶ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠎ᠢ ᠦᠷᠬᠦᠯᠵᠢᠯᠡᠨ ᠭᠡᠷᠡᠭᠵᠢᠬᠦᠯᠦᠨ᠎ᠡ᠃
ᠬᠣᠶᠠᠷ᠂ ᠺᠣᠮᠫᠢᠦ᠋ᠲ᠋ᠧᠷ᠎ᠤᠨ ᠱᠠᠩᠨᠠᠯᠲᠤ ᠰᠤᠭᠤᠯᠤᠭ᠎ᠠ ᠵᠢ ᠠᠳᠠᠯᠢ ᠨᠢᠭᠡ ᠬᠥᠮᠦᠨ᠎ᠤ ᠠᠳᠠᠯᠢ ᠨᠢᠭᠡ ᠬᠤᠭᠤᠴᠠᠭ᠋ᠠᠨ᠎ᠤ ᠠᠳᠠᠯᠢ ᠨᠢᠭᠡ ᠲᠣᠭᠯᠠᠭ᠋ᠠᠮ᠎ᠤᠨ ᠳᠤᠮᠳᠠ ᠣᠯᠤᠭᠰᠠᠨ ᠪᠦᠬᠦ ᠱᠠᠩᠨᠠᠯ᠎ᠤᠨ ᠮᠥᠩᠭᠥ᠎ᠪᠠᠷ ᠨᠢᠭᠡ ᠤᠳᠠᠭ᠋ᠠᠨ᠎ᠤ ᠱᠠᠩᠨᠠᠯ᠎ᠤᠨ ᠮᠥᠩᠭᠥ᠎ᠪᠠᠷ ᠦᠵᠡᠨ᠎ᠡ᠂ ᠡᠭᠦᠨ᠎ᠳᠤ ᠪᠦᠬᠦ ᠤᠯᠤᠰ᠎ᠤᠨ ᠰᠦᠯᠵᠢᠶᠡᠨ᠎ᠤ ᠳᠠᠩ ᠲᠠᠯᠠᠪᠤᠷ᠎ᠤᠨ ᠥᠷᠢᠰᠥᠯᠳᠦᠨ ᠤᠷᠤᠯᠳᠤᠬᠤ ᠲᠣᠭᠯᠠᠭ᠋ᠠᠮ᠎ᠢ ᠲᠤᠰ ᠲᠤᠰ ᠬᠥᠯ ᠪᠥᠮᠪᠥᠭᠡ ᠵᠢᠨ ᠲᠣᠭᠯᠠᠭ᠋ᠠᠮ᠂ ᠰᠠᠭᠰᠤᠨ ᠪᠥᠮᠪᠥᠭᠡ ᠵᠢᠨ ᠲᠣᠭᠯᠠᠭ᠋ᠠᠮ᠂ ᠮᠠᠩᠯᠠᠶ ᠵᠢᠨ ᠲᠣᠭᠯᠠᠭ᠋ᠠᠮ ᠪᠠ ᠲᠡᠷᠢᠭᠦᠨ ᠳᠡᠳ᠋᠎ᠤᠨ ᠲᠣᠭᠯᠠᠭ᠋ᠠᠮ ᠵᠶ᠋ᠠᠷ ᠬᠤᠭᠤᠴᠠᠭ᠎ᠠ ᠲᠣᠭᠲᠠᠭ᠋ᠠᠵᠤ᠂ ᠱᠠᠩᠨᠠᠯᠲᠤ ᠰᠤᠭᠤᠯᠤᠭ᠎ᠠ ᠪᠦᠷᠢ᠎ᠳᠤ ᠬᠣᠯᠪᠣᠭᠳᠠᠬᠤ ᠤᠷᠤᠯᠳᠤᠭ᠋ᠠᠨ᠎ᠤ ᠲᠠᠯᠠᠪᠤᠷ᠎ᠤᠨ ᠬᠠᠮᠤᠭ ᠰᠡᠭᠦᠯᠴᠢ ᠵᠢᠨ ᠤᠷᠤᠯᠳᠤᠭ᠋ᠠᠨ᠎ᠤ ᠳ᠋ᠤᠭ᠋ᠠᠷ᠎ᠤᠨ ᠡᠳᠦᠷ ᠬᠤᠭᠤᠴᠠᠭ᠎ᠠ᠎ᠪᠠᠷ ᠮᠠᠭ᠋ᠠᠳᠯᠠᠬᠤ ᠪᠠᠷᠢᠮᠵᠢᠶ᠎ᠠ ᠪᠣᠯᠭ᠋ᠠᠵᠦ᠂ ᠠᠳᠠᠯᠢᠬᠠᠨᠢᠨᠢ ᠠᠳᠠᠯᠢ ᠬᠤᠭᠤᠴᠠᠭ᠎ᠠ᠎ᠪᠠᠷ ᠦᠵᠡᠨ᠎ᠡ; ᠬᠠᠢ᠍ᠨᠠᠨᠤ ᠸᠢᠳᠢᠣ᠋ ᠡᠯᠧᠺᠲᠷᠣᠨ ᠲᠣᠭᠯᠠᠭ᠋ᠠᠮ᠎ᠨᠢ ᠠᠳᠠᠯᠢ ᠨᠢᠭᠡ ᠲᠣᠭᠯᠠᠭ᠋ᠠᠮ᠎ᠤᠨ ᠱᠠᠩᠨᠠᠯ᠎ᠤᠨ ᠮᠥᠩᠭᠥ᠎ᠪᠠᠷ ᠨᠢᠭᠡ ᠤᠳᠠᠭ᠋ᠠᠨ᠎ᠤ ᠱᠠᠩᠨᠠᠯ᠎ᠤᠨ ᠮᠥᠩᠭᠥ ᠪᠣᠯᠭ᠋ᠠᠨ᠎ᠠ᠃ ᠲᠤᠬᠠᠶ᠋ᠢᠯᠠᠪᠠᠯ ᠱᠠᠩᠨᠠᠯᠲᠤ ᠰᠤᠭᠤᠯᠤᠭ᠎ᠠ ᠨᠡᠭᠡᠭᠡᠬᠦ᠎ᠳᠤ ᠨᠢᠭᠡ ᠱᠠᠩᠨᠠᠯᠲᠤ ᠰᠤᠭᠤᠯᠤᠭ᠎ᠠ ᠵᠢᠨ ᠮᠥᠩᠭᠥ᠎ᠪᠠᠷ ᠨᠢᠭᠡ ᠤᠳᠠᠭ᠎ᠠ ᠱᠠᠩᠨᠠᠯ ᠣᠯᠤᠭᠰᠠᠨ ᠣᠷᠣᠯᠭ᠎ᠠ ᠪᠣᠯᠭ᠋ᠠᠨ᠎ᠠ᠃
ᠭᠤᠷᠪᠠ᠂ ᠱᠠᠩᠨᠠᠯᠲᠤ ᠰᠤᠭᠤᠯᠤᠭ᠎ᠠ ᠵᠢᠨ ᠪᠠᠶ᠋ᠢᠭᠤᠯᠤᠮᠵᠢ ᠪᠣᠯᠤᠨ ᠪᠣᠷᠣᠯᠠᠭᠤᠯᠤᠨ ᠬᠤᠳᠠᠯᠳᠤᠬᠤ ᠲᠤᠤᠷ ᠴᠡᠭ᠎ᠨᠢ ᠺᠣᠮᠫᠢᠦ᠋ᠲ᠋ᠧᠷ᠎ᠤᠨ ᠱᠠᠩᠨᠠᠯᠲᠤ ᠰᠤᠭᠤᠯᠤᠭ᠎ᠠ ᠵᠢᠨ ᠮᠦᠡᠭᠭᠦ ᠵᠢ ᠣᠯᠭᠣᠬᠤ᠎ᠳᠤ᠂ ᠱᠠᠩᠨᠠᠯ ᠣᠯᠭᠣᠭ᠍ᠤ ᠮᠦᠡᠭᠭᠦ ᠵᠢᠨ ᠲᠣᠭ᠎ᠠ᠎ᠨᠢ 3000 ᠲᠥᠭᠥᠷᠢᠭ᠎ᠢ ᠳᠠᠪᠠᠭᠰᠠᠨ ᠪᠣᠯ ᠱᠠᠩᠨᠠᠯ ᠣᠯᠤᠭᠰᠠᠳ᠎ᠤᠨ ᠬᠠᠮᠢᠶ᠎ᠠ ᠪᠦᠬᠦᠢ ᠦᠨᠡᠨ ᠨᠡᠷ᠎ᠡ ᠵᠢᠨ ᠮᠡᠳᠡᠭᠡ ᠵᠠᠩᠭᠢ ᠪᠣᠯᠤᠨ ᠱᠠᠩᠨᠠᠯ ᠣᠯᠭᠣᠭᠰᠠᠨ ᠮᠡᠳᠡᠭᠡ ᠵᠠᠩᠭᠢ ᠵᠢ ᠲᠡᠮᠳᠡᠭᠯᠡᠵᠦ᠂ ᠱᠠᠩᠨᠠᠯ ᠣᠯᠤᠭᠰᠠᠳ ᠰᠠᠨᠠᠭ᠋ᠠᠴᠢᠯᠠᠭ᠎ᠠ᠎ᠠᠴᠠ᠎ᠪᠠᠨ ᠬᠠᠮᠵᠢᠯᠴᠠᠨ ᠳᠠᠩᠰᠠᠯᠠᠬᠤ ᠠᠵᠢᠯ᠎ᠢ ᠰᠠᠶ᠋ᠢᠲᠤᠷ ᠬᠢᠬᠦ ᠬᠡᠷᠡᠭᠲᠡᠶ᠃
ᠳᠥᠷᠪᠡ᠂ ᠬᠤᠪᠢ ᠬᠥᠮᠦᠨ᠎ᠤ ᠠᠰᠢᠭ ᠣᠯᠵᠠᠪᠤᠷᠢ ᠵᠢᠨ ᠭᠠᠶ᠋ᠢᠯᠢ ᠵᠢᠨ ᠬᠠᠤᠯᠢ ᠵᠢᠨ ᠲᠣᠭᠲᠠᠭ᠋ᠠᠯ ᠶᠣᠰᠣᠭ᠋ᠠᠷ᠂ ᠱᠠᠩᠨᠠᠯᠲᠤ ᠰᠤᠭᠤᠯᠤᠭ᠎ᠠ ᠵᠢᠨ ᠪᠠᠶ᠋ᠢᠭᠤᠯᠤᠮᠵᠢ᠎ᠨᠢ ᠬᠤᠪᠢ ᠬᠥᠮᠦᠨ᠎ᠤ ᠠᠰᠢᠭ ᠣᠯᠵᠠᠪᠤᠷᠢ ᠵᠢᠨ ᠭᠠᠶ᠋ᠢᠯᠢ ᠵᠢ ᠣᠷᠣᠯᠠᠨ ᠰᠠᠭᠤᠯᠭ᠋ᠠᠨ ᠠᠪᠴᠤ ᠣᠷᠣᠯᠠᠨ ᠲᠤᠰᠢᠶᠠᠬᠤ ᠵᠢ ᠬᠠᠷᠢᠭᠤᠴᠠᠵᠤ᠂ ᠺᠣᠮᠫᠢᠦ᠋ᠲ᠋ᠧᠷ᠎ᠤᠨ ᠱᠠᠩᠨᠠᠯᠲᠤ ᠰᠤᠭᠤᠯᠤᠭ᠎ᠠ ᠵᠢᠨ ᠨᠢᠭᠡ ᠤᠳᠠᠭ᠎ᠠ ᠵᠢᠨ ᠱᠠᠩᠨᠠᠯ᠎ᠤᠨ ᠣᠷᠣᠯᠭ᠎ᠠ᠎ᠨᠢ 3000 ᠲᠥᠭᠥᠷᠢᠭ᠎ᠠᠴᠠ 10000 ᠲᠥᠭᠥᠷᠢᠭ (ᠪᠠᠭᠲᠠᠨ᠎ᠠ)᠎ᠢ ᠳᠠᠪᠠᠭᠰᠠᠨ ᠬᠤᠪᠢ ᠬᠥᠮᠦᠨ᠎ᠳᠤ ᠭᠠᠶ᠋ᠢᠯᠢ ᠬᠡᠯᠲᠦᠷᠢᠭᠦᠯᠬᠦ᠎ᠪᠠᠷ ᠭᠤᠶᠤᠴᠢᠯᠠᠨ ᠮᠡᠳᠡᠭᠦᠯᠬᠦ ᠭᠠᠷᠳᠠᠮ᠎ᠢ ᠬᠦᠢ᠍ᠴᠡᠳᠬᠡᠵᠦ ᠦᠭᠭᠦᠨ᠎ᠡ᠂ ᠺᠣᠮᠫᠢᠦ᠋ᠲ᠋ᠧᠷ᠎ᠤᠨ ᠱᠠᠩᠨᠠᠯᠲᠤ ᠰᠤᠭᠤᠯᠤᠭ᠎ᠠ ᠪᠣᠯᠤᠨ ᠳᠠᠷᠤᠶ ᠲᠦᠷᠭᠡᠨ ᠨᠡᠭᠡᠭᠡᠬᠦ ᠬᠡᠯᠪᠡᠷᠢ ᠵᠢᠨ ᠱᠠᠩᠨᠠᠯᠲᠤ ᠰᠤᠭᠤᠯᠤᠭ᠎ᠠ ᠵᠢᠨ ᠨᠢᠭᠡ ᠤᠳᠠᠭ᠎ᠠ ᠵᠢᠨ ᠱᠠᠩᠨᠠᠯ᠎ᠤᠨ ᠣᠷᠣᠯᠭ᠎ᠠ᠎ᠨᠢ 10000 ᠲᠥᠭᠥᠷᠢᠭ᠎ᠢ ᠳᠠᠪᠠᠭᠰᠠᠨ ᠬᠤᠪᠢ ᠬᠥᠮᠦᠨ᠎ᠳᠤ ᠭᠠᠶ᠋ᠢᠯᠢ ᠲᠤᠰᠢᠶᠠᠬᠤ᠎ᠪᠠᠷ ᠭᠤᠶᠤᠴᠢᠯᠠᠨ ᠮᠡᠳᠡᠭᠦᠯᠬᠦ ᠭᠠᠷᠳᠠᠮ᠎ᠢ ᠬᠦᠢ᠍ᠴᠡᠳᠬᠡᠵᠦ ᠦᠭᠭᠦᠨ᠎ᠡ᠃
ᠲᠠᠪᠤ᠂ ᠰᠤᠭᠤᠯᠠᠭ᠎ᠠ ᠲᠠᠷᠬᠠᠭ᠋ᠠᠬᠤ ᠪᠠᠶ᠋ᠢᠭᠤᠯᠤᠮᠵᠢ᠎ᠨᠢ ᠰᠤᠭᠤᠯᠠᠭ᠎ᠠ ᠵᠢᠨ ᠱᠠᠩᠨᠠᠯ ᠣᠯᠭᠣᠭᠰᠠᠨ ᠲᠣᠭ᠎ᠠ ᠪᠠᠷᠢᠮᠲᠠ᠎ᠪᠠᠨ ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠲᠤ ᠤᠯᠠᠷᠢᠯ ᠵᠶ᠋ᠠᠷ ᠮᠡᠳᠡᠭᠦᠯᠦᠨ ᠬᠦᠷᠭᠡᠬᠦ ᠬᠡᠷᠡᠭᠲᠡᠶ᠃
ᠵᠢᠷᠭᠤᠭ᠎ᠠ᠂ ᠲᠣᠰ ᠠᠯᠪᠠᠨ ᠵᠠᠷᠯᠠᠯ᠎ᠢ 2024 ᠣᠨ᠎ᠤ 9 ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃ 2024 ᠣᠨ᠎ᠤ 9 ᠰᠠᠷ᠎ᠠ ᠵᠢᠨ 1᠎ᠤ ᠡᠳᠦᠷ᠎ᠠᠴᠠ ᠡᠮᠦᠨ᠎ᠡ ᠨᠢᠭᠡᠨᠲᠡ ᠪᠣᠷᠣᠯᠠᠭᠤᠯᠵᠤ᠂ ᠮᠥᠨ ᠬᠦ᠌ ᠱᠠᠩᠨᠠᠯ ᠣᠯᠭᠣᠬᠤ ᠬᠦᠴᠦᠨ᠎ᠲᠠᠢ ᠬᠤᠭᠤᠴᠠᠭ᠋ᠠᠨ᠎ᠳᠤ ᠪᠠᠶ᠋ᠢᠭ᠎ᠠ ᠪᠣᠯᠪᠠᠴᠤ ᠱᠠᠩᠨᠠᠯ ᠣᠯᠤᠭ᠋ᠠᠳᠤᠶ ᠱᠠᠩᠨᠠᠯᠲᠤ ᠰᠤᠭᠤᠯᠤᠭ᠎ᠠ ᠵᠢ ᠲᠣᠰ ᠠᠯᠪᠠᠨ ᠵᠠᠷᠯᠠᠯ᠎ᠤᠨ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
ᠢᠷᠡᠯᠲᠡ᠄ ᠠᠷᠠᠳ᠎ᠤᠨ ᠰᠦᠯᠵᠢᠶ᠎ᠡ