ᠦᠢᠯᠡᠴᠢᠯᠡᠭᠡ   -   ᠲᠠᠨ᠎ᠳᠤ ᠦᠢᠯᠡᠴᠢᠯᠡᠬᠦ᠌

ᠠᠵᠢᠯᠲᠠᠨ ᠠᠵᠢᠯᠴᠢᠨ᠎ᠤ ᠡᠮ ᠡᠮᠨᠡᠯᠭᠡ ᠵᠢᠨ ᠳᠠᠭ᠋ᠠᠳᠬᠠᠯ᠎ᠳᠤ ᠴᠢᠬᠤᠯᠠ ᠶᠡᠭᠡ ᠬᠤᠪᠢᠷᠠᠯᠲᠠ ᠭᠠᠷᠪᠠ᠂ ᠡᠨᠡ᠎ᠨᠢ ᠦᠯᠡᠮᠵᠢ ᠣᠯᠠᠨ ᠬᠡᠷ ᠪᠦᠯᠢ᠎ᠳᠤ ᠬᠤᠯᠪᠣᠭᠳᠠᠨ᠎ᠠ!

ᠨᠡᠶ᠋ᠢᠲᠡᠯᠡᠭᠰᠡᠨ ᠴᠠᠭ᠄   2024-08-29

      ᠣᠶ᠋ᠢᠷ᠎ᠠ᠎ᠳᠤ᠂ ᠤᠯᠤᠰ᠎ᠠᠴᠠ 《ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠳᠤ ᠣᠷᠣᠯᠴᠠᠬᠤ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠦᠷᠢᠨᠰᠢᠬᠦᠯᠬᠦ ᠲᠤᠬᠠᠶ ᠵᠢᠯᠣᠭᠤᠳᠬᠤ ᠰᠠᠨᠠᠯ》᠂ 《ᠲᠣᠰᠬᠤᠨ᠎ᠤ ᠡᠷᠡᠭᠦᠯ ᠬᠠᠮᠠᠭ᠋ᠠᠯᠠᠯ᠎ᠤᠨ ᠲᠠᠰᠤᠭ᠎ᠢ ᠡᠮ ᠡᠮᠨᠡᠯᠭᠡ ᠵᠢᠨ ᠳᠠᠭ᠋ᠠᠳᠬᠠᠯ᠎ᠤᠨ ᠲᠣᠭᠲᠠᠭᠰᠠᠨ ᠴᠡᠭ᠎ᠤᠨ ᠬᠠᠮᠢᠶᠠᠷᠤᠯᠲᠠ᠎ᠳᠤ ᠣᠷᠣᠭᠤᠯᠬᠤ ᠵᠢ ᠲᠦᠷᠭᠡᠨ ᠠᠬᠢᠭᠤᠯᠬᠤ ᠲᠤᠬᠠᠶ ᠮᠡᠳᠡᠭᠳᠡᠯ》 ᠵᠡᠷᠭᠡ ᠡᠮ ᠡᠮᠨᠡᠯᠭᠡ ᠵᠢᠨ ᠳᠠᠭ᠋ᠠᠳᠬᠠᠯ᠎ᠤᠨ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ᠎ᠢ ᠵᠠᠯᠭ᠋ᠠᠭ᠎ᠠ᠎ᠪᠠᠷ ᠨᠡᠶ᠋ᠢᠲᠡᠯᠡᠪᠠ᠂ ᠬᠤᠶ᠋ᠢᠰᠢᠳᠠ ᠣᠯᠠᠨ ᠵᠶ᠋ᠠᠷ ᠵᠶ᠋ᠠᠨ ᠳᠠᠭ᠋ᠠᠳᠬᠠᠯ᠎ᠳᠤ ᠣᠷᠣᠯᠴᠠᠬᠤ᠂ ᠡᠮ ᠡᠮᠨᠡᠯᠭᠡ ᠵᠢᠨ ᠳᠠᠭ᠋ᠠᠳᠬᠠᠯ᠎ᠤᠨ ᠲᠠᠩᠰᠠ ᠲᠠᠶ᠋ᠢᠯᠬᠤ᠎ᠳᠤ ᠡᠲᠡᠭᠡᠷ ᠬᠤᠪᠢᠷᠠᠯᠲᠠ᠎ᠲᠠᠢ᠃ ᠴᠢᠯᠥᠭᠡᠲᠡᠶ ᠪᠣᠯᠭ᠋ᠠᠨ᠎ᠡ — ᠪᠠᠶ᠋ᠢᠩᠭᠤ ᠰᠠᠭᠤᠭ᠎ᠠ ᠭᠠᠵᠠᠷ᠂ ᠠᠵᠢᠯ ᠣᠯᠤᠭᠰᠠᠨ ᠭᠠᠵᠠᠷ᠎ᠲᠠᠭᠠᠨ ᠡᠮ ᠡᠮᠨᠡᠯᠭᠡ ᠵᠢᠨ ᠦᠨᠳᠦᠰᠦᠨ ᠳᠠᠭ᠋ᠠᠳᠬᠠᠯ᠎ᠳᠤ ᠣᠷᠣᠯᠴᠠᠬᠤ ᠡᠷᠦᠬᠡ ᠠᠮᠠ ᠵᠢᠨ ᠬᠢᠵᠠᠭ᠋ᠠᠷᠯᠠᠯ᠎ᠢ ᠤᠯᠠᠮ ᠨᠢᠭᠡ ᠠᠯᠬᠤᠮ ᠴᠢᠯᠥᠭᠡᠲᠡᠶ ᠪᠣᠯᠭ᠋ᠠᠵᠤ᠂ ᠭᠠᠳᠠᠷ ᠣᠷᠣᠨ᠎ᠤ ᠡᠷᠦᠬᠡ ᠠᠮᠠ ᠵᠢᠨ ᠲᠠᠩᠰᠠ᠎ᠲᠠᠢ ᠳᠤᠮᠳᠠᠳᠤ ᠪᠠᠭ᠎ᠠ ᠰᠤᠷᠭ᠋ᠠᠭᠤᠯᠢ ᠵᠢᠨ ᠰᠣᠷᠣᠭᠴᠢ᠂ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠬᠡᠦᠬᠡᠳ᠎ᠤᠨ ᠪᠠᠶ᠋ᠢᠩᠭᠤ ᠰᠠᠭᠤᠭ᠎ᠠ ᠭᠠᠵᠠᠷ᠎ᠲᠠᠭᠠᠨ ᠳᠠᠭ᠋ᠠᠳᠬᠠᠯ᠎ᠳᠤ ᠣᠷᠣᠯᠴᠠᠬᠤ ᠠᠵᠢᠯ᠎ᠢ ᠠᠬᠢᠭᠤᠯᠤᠨ᠎ᠠ᠃ ᠥᠷᠭᠡᠳᠬᠡᠨ᠎ᠡ — ᠠᠵᠢᠯᠲᠠᠨ ᠠᠵᠢᠯᠴᠢᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠬᠤᠪᠢ ᠬᠥᠮᠦᠨ᠎ᠤ ᠳᠠᠩᠰᠠᠨ ᠡᠷᠦᠬᠡ ᠵᠢᠨ ᠬᠠᠷᠢᠯᠴᠠᠨ ᠲᠤᠰᠠᠯᠠᠯᠴᠠᠬᠤ ᠬᠡᠪᠴᠢᠶ᠎ᠡ ᠵᠢ ᠥᠷᠭᠡᠳᠬᠡᠵᠦ᠂ ᠭᠡᠷ ᠪᠦᠯᠢ ᠵᠢᠨ ᠪᠦᠷᠢᠯᠳᠦᠬᠦᠨ᠎ᠠᠴᠠ᠎ᠨᠢ ᠣᠶ᠋ᠢᠷ᠎ᠠ ᠲᠥᠷᠥᠯ ᠰᠠᠳᠤᠨ ᠬᠦᠷᠲᠡᠯ᠎ᠡ ᠥᠷᠭᠡᠳᠬᠡᠨ᠎ᠡ᠃ ᠱᠠᠩᠨᠠᠨ᠎ᠠ — ᠰᠠᠭᠤᠭ᠋ᠠᠯᠢ ᠠᠷᠠᠳ᠎ᠤᠨ ᠡᠮ ᠡᠮᠨᠡᠯᠭᠡ ᠵᠢᠨ ᠳᠠᠭ᠋ᠠᠳᠬᠠᠯ᠎ᠳᠤ ᠤᠷᠤᠯᠴᠠᠬᠤ ᠵᠢ ᠤᠷᠮᠠᠰᠢᠭᠤᠯᠬᠤ ᠲᠣᠭᠲᠠᠴᠠ ᠵᠢ ᠪᠠᠶ᠋ᠢᠭᠤᠯᠵᠤ᠂ 2025 ᠣᠨ᠎ᠠᠴᠠ ᠡᠬᠢᠯᠡᠨ᠂ ᠰᠠᠭᠤᠭ᠋ᠠᠯᠢ ᠠᠷᠠᠳ᠎ᠤᠨ ᠡᠮ ᠡᠮᠨᠡᠯᠭᠡ ᠵᠢᠨ ᠳᠠᠭ᠋ᠠᠳᠬᠠᠯ᠎ᠳᠤ 4 ᠵᠢᠯ ᠳᠠᠷᠠᠭ᠋ᠠᠯᠠᠨ ᠣᠷᠣᠯᠴᠠᠭᠰᠠᠨ ᠣᠯᠠᠨ ᠲᠦᠮᠡᠨ᠎ᠳᠤ 5 ᠳ᠋ᠤᠭ᠋ᠠᠷ ᠵᠢᠯ᠎ᠠᠴᠠ᠎ᠨᠢ ᠡᠬᠢᠯᠡᠨ ᠳᠠᠭ᠋ᠠᠳᠬᠠᠯ᠎ᠳᠤ ᠢᠯᠡᠭᠦᠦ 1 ᠵᠢᠯ ᠣᠷᠣᠯᠴᠠᠬᠤ ᠪᠦᠷᠢ ᠬᠦᠨᠳᠦ ᠡᠪᠡᠳᠴᠢᠨ᠎ᠤ ᠳᠠᠭ᠋ᠠᠳᠬᠠᠯ᠎ᠤᠨ ᠬᠠᠮᠤᠭ᠎ᠤᠨ ᠥᠨᠳᠥᠷ ᠳᠥᠯᠥᠬᠦ ᠬᠢᠵᠠᠭ᠋ᠠᠷ ᠲᠤᠭ᠎ᠠ ᠵᠢ ᠨᠠᠭ᠋ᠠᠳᠤ ᠵᠠᠬ᠎ᠠ᠎ᠳᠠᠭᠠᠨ 1000 ᠲᠥᠭᠦᠷᠢᠭ ᠳᠡᠭᠡᠭᠰᠢᠯᠡᠭᠦᠯᠦᠨ᠎ᠡ; ᠲᠤᠬᠠᠶ ᠵᠢᠨ ᠵᠢᠯ᠎ᠳᠤ ᠡᠮ ᠡᠮᠨᠡᠯᠭᠡ ᠵᠢᠨ ᠳᠠᠭ᠋ᠠᠳᠬᠠᠯ᠎ᠤᠨ ᠰᠠᠭᠤᠷᠢ ᠮᠥᠩᠭᠦ ᠵᠢ ᠬᠡᠷᠡᠭᠯᠡᠭᠰᠡᠨ ᠥᠬᠡᠶ ᠳᠠᠭ᠋ᠠᠳᠬᠠᠯ᠎ᠳᠤ ᠣᠷᠣᠯᠴᠠᠭᠰᠠᠨ ᠣᠯᠠᠨ ᠲᠦᠮᠡᠨ᠎ᠳᠤ᠂ ᠳᠠᠷᠠᠭ᠎ᠠ ᠵᠢᠯ᠎ᠳᠤᠨᠢ ᠬᠦᠨᠳᠦ ᠡᠪᠡᠳᠴᠢᠨ᠎ᠤ ᠳᠠᠭ᠋ᠠᠳᠬᠠᠯ᠎ᠤᠨ ᠬᠠᠮᠤᠭ᠎ᠤᠨ ᠥᠨᠳᠥᠷ ᠳᠥᠯᠥᠬᠦ ᠬᠢᠵᠠᠭ᠋ᠠᠷ ᠲᠤᠭ᠎ᠠ ᠵᠢ ᠨᠠᠭ᠋ᠠᠳᠤ ᠵᠠᠬ᠎ᠠ᠎ᠳᠠᠭᠠᠨ 1000 ᠲᠥᠭᠦᠷᠢᠭ ᠳᠡᠭᠡᠭᠰᠢᠯᠡᠭᠦᠯᠦᠨ᠎ᠡ᠃ ᠦᠰᠭᠡᠨ᠎ᠡ — 2024 ᠣᠨ᠎ᠳᠤ᠂ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠡᠳ᠋᠎ᠤᠨ ᠵᠠᠰᠠᠭ᠎ᠤᠨ ᠨᠥᠬᠦᠪᠥᠷᠢ ᠵᠢᠨ ᠪᠠᠷᠢᠮᠵᠢᠶ᠎ᠠ ᠵᠢ ᠳᠠᠬᠢᠨ 30 ᠲᠥᠭᠦᠷᠢᠭ ᠦᠰᠭᠡᠵᠦ᠂ ᠬᠥᠮᠦᠨ ᠪᠦᠷᠢ ᠵᠢᠨ᠎ᠬᠢ ᠵᠢ ᠵᠢᠯ᠎ᠳᠤ 670 ᠲᠥᠭᠦᠷᠢᠭ ᠪᠣᠯᠭ᠋ᠠᠨ᠎ᠠ᠃ ᠤᠷᠤᠭᠤᠯᠤᠨ᠎ᠠ — 2024 ᠣᠨ᠎ᠤ ᠡᠴᠦᠰ᠎ᠠᠴᠠ ᠡᠮᠦᠨ᠎ᠡ᠂ ᠨᠥᠬᠦᠴᠡᠯ᠎ᠳᠤ ᠨᠡᠶ᠋ᠢᠴᠡᠬᠦ ᠲᠣᠰᠬᠤᠨ᠎ᠤ ᠡᠷᠡᠭᠦᠯ ᠬᠠᠮᠠᠭ᠋ᠠᠯᠠᠯ᠎ᠤᠨ ᠲᠠᠰᠤᠭ᠎ᠢ ᠡᠮ ᠡᠮᠨᠡᠯᠭᠡ ᠵᠢᠨ ᠳᠠᠭ᠋ᠠᠳᠬᠠᠯ᠎ᠤᠨ ᠲᠣᠭᠲᠠᠭᠰᠠᠨ ᠴᠡᠭ᠎ᠤᠨ ᠬᠠᠮᠢᠶᠠᠷᠤᠯᠲᠠ᠎ᠳᠤ ᠣᠷᠣᠭᠤᠯᠬᠤ ᠵᠢ ᠦᠨᠡᠨ ᠬᠦ᠌ ᠪᠠᠲᠤᠯᠠᠨ᠎ᠠ᠃

ᠢᠷᠡᠯᠲᠡ᠄ ᠠᠷᠠᠳ᠎ᠤᠨ ᠰᠦᠯᠵᠢᠶ᠎ᠡ