ᠦᠢᠯᠡᠴᠢᠯᠡᠭᠡ   -   ᠲᠠᠨ᠎ᠳᠤ ᠦᠢᠯᠡᠴᠢᠯᠡᠬᠦ᠌

ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠭᠤᠷᠪᠠᠨ ᠬᠢᠴᠢᠶᠡᠯ ᠲᠥᠷᠥᠯ᠎ᠤᠨ ᠨᠢᠭᠡᠳᠦᠯᠲᠡᠢ ᠨᠠᠢ᠌ᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠡᠨᠡ ᠵᠢᠯ᠎ᠤᠨ ᠨᠠᠮᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠎ᠠ᠎ᠠᠴᠠ ᠡᠬᠢᠯᠡᠨ ᠬᠡᠷᠡᠭᠯᠡᠨ᠎ᠡ

ᠨᠡᠶ᠋ᠢᠲᠡᠯᠡᠭᠰᠡᠨ ᠴᠠᠭ᠄   2024-08-29

      ᠰᠤᠷᠪᠤᠯᠵᠢᠯᠠᠬ᠍ᠴᠢ 27᠎ᠤ ᠡᠳᠦᠷ ᠰᠤᠷᠭ᠋ᠠᠨ ᠬᠥᠮᠦᠵᠢᠯ᠎ᠤᠨ ᠶᠠᠮᠤᠨ᠎ᠠᠴᠠ ᠣᠢ᠌ᠯᠠᠭ᠋ᠠᠭᠰᠠᠨ ᠵᠶ᠋ᠡᠷ᠂ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠶᠣᠰᠣ ᠮᠣᠷᠠᠯ ᠬᠢᠭᠡᠳ ᠬᠠᠤᠯᠢ᠎ᠪᠠᠷ ᠵᠠᠰᠠᠬᠤ᠂ ᠭᠡᠯᠡ ᠪᠢᠴᠢᠭ᠂ ᠲᠡᠦᠬᠡ ᠵᠢᠨ ᠨᠢᠭᠡᠳᠦᠯᠲᠡᠢ ᠨᠠᠢ᠌ᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠣᠢ᠌ᠷ᠎ᠠ᠎ᠳᠤ ᠨᠠᠢ᠌ᠷᠠᠭᠤᠯᠤᠨ ᠬᠢᠨᠠᠬᠤ ᠪᠦᠭᠦ ᠶᠠᠪᠤᠴᠠ ᠵᠢ ᠳᠠᠭᠤᠰᠬᠠᠵᠤ᠂ ᠡᠨᠡ ᠵᠢᠯ᠎ᠤᠨ ᠨᠠᠮᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠎ᠠ᠎ᠠᠴᠠ ᠡᠬᠢᠯᠡᠨ ᠪᠦᠭᠦ ᠤᠯᠤᠰ᠎ᠤᠨ ᠪᠠᠭ᠎ᠠ ᠰᠤᠷᠭ᠋ᠠᠭᠤᠯᠢ ᠪᠠ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠡᠭᠢᠯᠡᠯᠲᠡ ᠵᠢᠨ ᠣᠨ᠎ᠳᠤ ᠬᠡᠷᠡᠭᠯᠡᠵᠦ᠂ ᠭᠤᠷᠪᠠᠨ ᠵᠢᠯ᠎ᠤᠨ ᠳᠣᠲᠣᠷ᠎ᠠ ᠪᠤᠶ ᠪᠦᠬᠦᠢ ᠣᠨ᠎ᠢ ᠪᠦᠷᠬᠦᠭᠦᠯᠦᠨ᠎ᠡ᠃

      2022 ᠣᠨ᠎ᠤ 3 ᠰᠠᠷ᠎ᠠ᠎ᠳᠤ᠂ ᠰᠤᠷᠭ᠋ᠠᠨ ᠬᠥᠮᠦᠵᠢᠯ᠎ᠤᠨ ᠶᠠᠮᠤᠨ᠎ᠠᠴᠠ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠭᠤᠷᠪᠠᠨ ᠬᠢᠴᠢᠶᠡᠯ ᠲᠥᠷᠥᠯ᠎ᠤᠨ ᠨᠢᠭᠡᠳᠦᠯᠲᠡᠢ ᠨᠠᠢ᠌ᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠳᠤ ᠵᠠᠰᠠᠪᠤᠷᠢ ᠣᠷᠣᠭᠤᠯᠬᠤ ᠠᠵᠢᠯ᠎ᠢ ᠡᠬᠢᠯᠡᠭᠦᠯᠪᠡ᠃ ᠭᠤᠷᠪᠠᠨ ᠬᠢᠴᠢᠶᠡᠯ ᠲᠦᠷᠦᠯ᠎ᠤᠨ ᠨᠢᠭᠡᠳᠦᠯᠲᠡᠢ ᠨᠠᠢ᠌ᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠨᠠᠢ᠌ᠷᠠᠭᠤᠯᠬᠤ ᠵᠥᠪᠯᠡᠯ ᠪᠣᠯᠣᠨ ᠵᠠᠰᠠᠪᠤᠷᠢ ᠣᠷᠣᠭᠤᠯᠬᠤ ᠳᠤᠭᠤᠢ᠌ᠯᠠᠩ᠎ᠤᠨ ᠪᠦᠷᠢᠯᠳᠦᠭᠦᠨ ᠨᠡᠢ᠌ᠳᠡ 200 ᠭᠠᠷᠤᠢ ᠬᠥᠮᠥᠨ ᠪᠤᠢ᠂ ᠡᠭᠦᠨ᠎ᠳᠤ ᠶᠡᠬᠡ ᠳᠡᠭᠡᠳᠦ ᠰᠤᠷᠭ᠋ᠠᠭᠤᠯᠢ᠂ ᠰᠤᠳᠤᠯᠭ᠋ᠠᠨ᠎ᠤ ᠪᠠᠢ᠌ᠭᠤᠯᠤᠮᠵᠢ᠂ ᠵᠢᠭ᠋ᠠᠬᠤ ᠵᠢ ᠰᠤᠳᠤᠯᠬᠤ ᠰᠠᠯᠠᠭ᠎ᠠ ᠮᠥᠴᠢᠷ᠂ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠦᠷᠦ ᠵᠢᠨ ᠲᠤᠰᠬᠠᠢ ᠮᠡᠷᠭᠡᠵᠢᠯᠲᠡᠨ᠂ ᠰᠢᠨᠵᠢᠯᠡᠭᠡᠨ᠎ᠤ ᠰᠠᠯᠠᠭ᠋ᠠᠨ᠎ᠤ ᠲᠤᠰᠬᠠᠢ ᠮᠡᠷᠭᠡᠵᠢᠯᠲᠡᠨ᠂ ᠬᠢᠴᠢᠶᠡᠯ ᠲᠦᠷᠦᠯ᠎ᠤᠨ ᠲᠤᠰᠬᠠᠢ ᠮᠡᠷᠭᠡᠵᠢᠯᠲᠡᠨ᠂ ᠵᠢᠭ᠋ᠠᠨ ᠰᠤᠳᠤᠯᠤᠭᠴᠢ ᠪᠣᠯᠣᠨ ᠪᠠᠭᠰᠢ ᠵᠡᠷᠭᠡ ᠪᠠᠭᠲᠠᠨ᠎ᠠ᠃

      ᠰᠤᠷᠭ᠋ᠠᠨ ᠬᠥᠮᠦᠵᠢᠯ᠎ᠤᠨ ᠶᠠᠮᠤᠨ᠎ᠤ ᠵᠢᠭ᠋ᠠᠬᠤ ᠮᠠᠲ᠋ᠧᠷᠢᠶᠠᠯ᠎ᠤᠨ ᠲᠣᠪᠴᠢᠶ᠎ᠠ ᠵᠢᠨ ᠬᠠᠮᠢᠶ᠎ᠠ ᠪᠦᠬᠦᠢ ᠬᠠᠷᠢᠭᠤᠴᠠᠯᠭ᠋ᠠᠲᠠᠨ᠂ ᠲᠣᠰ ᠤᠳᠠᠭ᠎ᠠ ᠵᠢᠭ᠋ᠠᠬᠤ ᠮᠠᠲ᠋ᠧᠷᠢᠶᠠᠯ᠎ᠳᠤ ᠵᠠᠰᠠᠪᠤᠷᠢ ᠣᠷᠣᠭᠤᠯᠬᠤ᠎ᠳᠠᠭᠠᠨ ᠪᠦᠬᠦᠯᠢ ᠴᠣᠭᠴᠠ ᠵᠢᠨ ᠵᠢᠷᠤᠭ ᠲᠥᠯᠥᠪᠯᠡᠭᠡ ᠵᠢ ᠴᠢᠩᠭ᠋ᠠᠳᠬᠠᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢᠨ ᠰᠤᠷᠤᠯᠴᠠᠯᠭ᠎ᠠ ᠵᠢᠨ ᠱᠠᠭ᠋ᠠᠷᠳᠠᠯᠭ᠎ᠠ ᠵᠢ ᠰᠢᠰᠲ᠋ᠧᠮ᠎ᠲᠠᠢ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠂ ᠬᠤᠪᠢᠰᠬᠠᠯᠲᠤ ᠰᠣᠶᠣᠯ ᠪᠣᠯᠣᠨ ᠨᠡᠢ᠌ᠭᠡᠮ ᠵᠢᠷᠤᠮ᠎ᠤᠨ ᠲᠡᠷᠢᠭᠦᠨ᠎ᠤ ᠰᠣᠶᠣᠯ᠎ᠤᠨ ᠰᠤᠷᠤᠯᠴᠠᠬᠤ ᠠᠭᠤᠯᠭ᠎ᠠ ᠵᠢ ᠪᠠᠶᠠᠯᠢᠭᠵᠢᠭᠤᠯᠵᠤ᠂ ᠤᠯᠤᠰ᠎ᠤᠨ ᠠᠮᠤᠷ ᠲᠦᠪᠰᠢᠨ᠎ᠤ ᠬᠥᠮᠦᠵᠢᠯ᠂ ᠬᠠᠤᠯᠢ᠎ᠪᠠᠷ ᠵᠠᠰᠠᠬᠤ ᠬᠥᠮᠦᠵᠢᠯ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠬᠥᠮᠦᠵᠢᠯ ᠵᠡᠷᠭᠡ ᠬᠠᠮᠢᠶ᠎ᠠ ᠪᠦᠬᠦᠢ ᠴᠢᠬᠤᠯᠠ ᠶᠡᠬᠡ ᠭᠣᠣᠯ ᠰᠡᠳᠦᠪᠲᠦ ᠰᠤᠷᠤᠯᠴᠠᠯᠭ᠎ᠠ ᠵᠢ ᠴᠢᠩᠭ᠋ᠠᠳᠬᠠᠵᠤ᠂ ᠰᠣᠩᠭᠣᠭᠰᠠᠨ ᠮᠠᠲ᠋ᠧᠷᠢᠶᠠᠯ᠎ᠨᠢ ᠨᠠᠩ ᠪᠠᠶᠠᠯᠢᠭ ᠪᠠᠢ᠌ᠵᠤ᠂ ᠨᠠᠩ ᠰᠢᠨᠵᠢᠯᠡᠬᠦ ᠤᠬᠠᠭ᠋ᠠᠨᠴᠢ᠎ᠪᠠᠷ ᠨᠠᠢ᠌ᠷᠠᠭᠤᠯᠤᠨ ᠵᠢᠭᠰᠠᠭ᠋ᠠᠵᠤ᠂ ᠬᠥᠮᠥᠨ᠎ᠢ ᠬᠥᠮᠥᠵᠢᠭᠦᠯᠬᠦ ᠤᠳᠤᠷᠢᠳᠤᠮᠵᠢ ᠵᠢ ᠨᠠᠩ ᠢᠯᠡ ᠲᠣᠳᠣ ᠪᠣᠯᠭ᠋ᠠᠪᠠ ᠭᠡᠵᠦ ᠲᠠᠨᠢᠯᠴᠠᠭᠤᠯᠪᠠ᠃

      ᠴᠢᠨᠠᠷ ᠴᠢᠨᠰᠠᠭ᠎ᠠ ᠪᠣᠯ ᠵᠢᠭ᠋ᠠᠬᠤ ᠮᠠᠲ᠋ᠧᠷᠢᠶᠠᠯ᠎ᠤᠨ ᠠᠮᠢᠨ ᠰᠤᠳᠠᠰᠤ ᠮᠥᠨ᠃ ᠵᠢᠭ᠋ᠠᠬᠤ ᠮᠠᠲ᠋ᠧᠷᠢᠶᠠᠯ᠎ᠳᠤ ᠵᠠᠰᠠᠪᠤᠷᠢ ᠣᠷᠣᠭᠤᠯᠬᠤ ᠶᠠᠪᠤᠴᠠ᠎ᠳᠤ᠂ ᠰᠤᠷᠭ᠋ᠠᠨ ᠬᠥᠮᠦᠵᠢᠯ᠎ᠤᠨ ᠶᠠᠮᠤᠨ 18 ᠮᠤᠵᠢ (ᠣᠷᠣᠨ᠂ ᠬᠣᠲᠠ) ᠪᠣᠯᠣᠨ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠢ᠌ᠭᠤᠯᠤᠯᠲᠠ ᠵᠢᠨ ᠪᠢᠩᠲ᠋ᠤᠸᠠᠨ᠎ᠤ 550 ᠭᠠᠷᠤᠢ ᠰᠤᠷᠭ᠋ᠠᠭᠤᠯᠢ᠂ 2000 ᠭᠠᠷᠤᠢ ᠪᠠᠭᠰᠢ᠂ 10 ᠲᠦᠮᠡ ᠭᠠᠷᠤᠢ ᠰᠣᠷᠣᠬ᠍ᠴᠢ ᠵᠢ ᠵᠣᠬᠢᠶᠠᠨ ᠪᠠᠢ᠌ᠭᠤᠯᠵᠤ ᠲᠤᠷᠰᠢᠨ ᠵᠢᠭ᠋ᠠᠨ ᠰᠤᠷᠭ᠋ᠠᠬᠤ ᠪᠠ ᠲᠤᠷᠰᠢᠨ ᠬᠡᠷᠡᠭᠯᠡᠬᠦ ᠠᠵᠢᠯ᠎ᠢ ᠥᠷᠨᠢᠭᠦᠯᠵᠦ᠂ 500 ᠨᠡᠷᠡᠰ ᠳᠤᠮᠳᠠᠳᠤ ᠪᠠᠭ᠎ᠠ ᠰᠤᠷᠭ᠋ᠠᠭᠤᠯᠢ ᠵᠢᠨ ᠭᠣᠣᠯᠯᠠᠭᠴᠢ ᠪᠠᠭᠰᠢ ᠪᠣᠯᠣᠨ ᠵᠢᠭ᠋ᠠᠨ ᠰᠤᠳᠤᠯᠤᠭᠴᠢ ᠵᠢ ᠵᠣᠬᠢᠶᠠᠨ ᠪᠠᠢ᠌ᠭᠤᠯᠵᠤ ᠨᠠᠷᠢᠨ ᠨᠢᠮᠪᠠᠢ ᠬᠢᠨᠠᠨ ᠤᠩᠰᠢᠭᠤᠯᠵᠤ᠂ ᠵᠢᠭ᠋ᠠᠬᠤ ᠮᠠᠲ᠋ᠧᠷᠢᠶᠠᠯ᠎ᠤᠨ ᠲᠣᠬᠢᠷᠠᠬᠤ ᠴᠢᠨᠠᠷ᠎ᠢ ᠪᠦᠭᠦ ᠲᠠᠯ᠎ᠠ᠎ᠪᠠᠷ ᠰᠢᠯᠭ᠋ᠠᠨ ᠪᠠᠢ᠌ᠴᠠᠭ᠋ᠠᠪᠠ᠃

      ᠤᠯᠤᠰ᠎ᠤᠨ ᠵᠢᠭ᠋ᠠᠬᠤ ᠮᠠᠲ᠋ᠧᠷᠢᠶᠠᠯ᠎ᠤᠨ ᠵᠥᠪᠯᠡᠯ᠎ᠤᠨ ᠬᠣᠯᠪᠣᠭᠳᠠᠯ ᠪᠦᠬᠦᠢ ᠲᠤᠰᠬᠠᠢ ᠮᠡᠷᠭᠡᠵᠢᠯᠲᠡᠨ᠎ᠤ ᠵᠥᠪᠯᠡᠯ᠎ᠤᠨ᠎ᠬᠢᠨ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ ᠵᠢᠭ᠋ᠠᠬᠤ ᠮᠠᠲ᠋ᠧᠷᠢᠶᠠᠯ᠎ᠳᠤ ᠴᠢᠩᠭ᠎ᠠ ᠨᠢᠮᠪᠠᠢ ᠠᠩᠬᠠᠨ᠎ᠤ ᠬᠢᠨᠠᠯᠲᠠ᠂ ᠲᠠᠭᠢᠨ ᠬᠢᠨᠠᠯᠲᠠ ᠪᠠ ᠤᠯᠠᠨ ᠡᠭᠡᠯᠵᠢ ᠵᠢᠨ ᠲᠠᠭᠢᠨ ᠬᠢᠨᠠᠯᠲᠠ ᠬᠢᠵᠦ᠂ ᠪᠠᠲᠤᠯᠠᠭᠰᠠᠨ᠎ᠤ ᠲᠠᠷᠠᠭ᠎ᠠ ᠤᠯᠤᠰ᠎ᠤᠨ ᠵᠢᠭ᠋ᠠᠬᠤ ᠮᠠᠲ᠋ᠧᠷᠢᠶᠠᠯ᠎ᠤᠨ ᠵᠥᠪᠯᠡᠯ᠎ᠳᠤ ᠮᠡᠳᠡᠭᠦᠯᠵᠦ ᠬᠢᠨᠠᠨ ᠬᠠᠷᠭᠤᠭᠤᠯᠵᠤ᠂ ᠤᠯᠤᠰ ᠲᠦᠷᠦ ᠵᠢᠨ ᠪᠣᠭᠣᠮᠲᠠ᠂ ᠰᠢᠨᠵᠢᠯᠡᠬᠦ ᠤᠬᠠᠭ᠋ᠠᠨ᠎ᠤ ᠪᠣᠭᠣᠮᠲᠠ ᠪᠠ ᠲᠣᠬᠢᠷᠠᠮᠵᠢᠲᠠᠢ ᠪᠣᠭᠣᠮᠲᠠ ᠵᠢ ᠪᠦᠭᠦ ᠲᠠᠯ᠎ᠠ᠎ᠪᠠᠷ ᠰᠠᠢ᠌ᠲᠤᠷ ᠠᠳᠬᠤᠪᠠ᠃

      ᠵᠢᠭ᠋ᠠᠬᠤ ᠮᠠᠲ᠋ᠧᠷᠢᠶᠠᠯ᠎ᠢ ᠬᠡᠷᠡᠭᠯᠡᠬᠦ ᠠᠵᠢᠯ᠎ᠢ ᠰᠠᠢ᠌ᠲᠤᠷ ᠬᠢᠬᠦ ᠵᠢᠨ ᠲᠥᠯᠥᠭᠡ᠂ ᠰᠤᠷᠭ᠋ᠠᠨ ᠬᠥᠮᠦᠵᠢᠯ᠎ᠤᠨ ᠶᠠᠮᠤᠨ᠎ᠠᠴᠠ ᠣᠢ᠌ᠷ᠎ᠠ᠎ᠳᠤ ᠨᠢᠭᠡᠨᠲᠡ ᠭᠣᠣᠯᠯᠠᠭᠴᠢ ᠵᠢᠭ᠋ᠠᠨ ᠰᠤᠳᠤᠯᠤᠭᠴᠢ ᠵᠢᠨ ᠤᠯᠤᠰ᠎ᠤᠨ ᠲᠠᠰ᠎ᠤᠨ ᠵᠢᠱ᠌ᠢᠶ᠎ᠡ ᠦᠵᠡᠭᠦᠯᠭᠦ ᠪᠣᠯᠪᠠᠰᠤᠷᠠᠯ᠎ᠢ ᠥᠷᠨᠢᠭᠦᠯᠵᠦ᠂ ᠡᠯ᠎ᠡ ᠭᠠᠵᠠᠷ᠎ᠤᠨ᠎ᠬᠢᠨ 8 ᠰᠠᠷ᠎ᠠ ᠵᠢᠨ ᠰᠡᠭᠦᠯᠴᠢ᠎ᠠᠴᠠ ᠡᠮᠦᠨ᠎ᠡ ᠪᠦᠭᠦᠢ᠌ᠯᠡ ᠬᠢᠴᠢᠶᠡᠯᠯᠡᠬᠦ ᠪᠠᠭᠰᠢ᠎ᠳᠤ ᠪᠣᠯᠪᠠᠰᠤᠷᠠᠯ ᠬᠦᠷᠲᠡᠭᠡᠪᠡ᠃ ᠡᠭᠦᠨ᠎ᠤ ᠬᠠᠮᠲᠤ᠂ ᠵᠢᠭ᠋ᠠᠬᠤ ᠮᠠᠲ᠋ᠧᠷᠢᠶᠠᠯ᠎ᠤᠨ ᠬᠡᠷᠡᠭᠯᠡᠯᠲᠡ ᠵᠢᠨ ᠬᠢᠨᠠᠨ ᠬᠡᠮᠵᠢᠯᠲᠡ ᠵᠢ ᠦᠷᠭᠦᠯᠵᠢᠯᠡᠨ ᠥᠷᠨᠢᠭᠦᠯᠵᠦ᠂ ᠵᠢᠭ᠋ᠠᠬᠤ ᠮᠠᠲ᠋ᠧᠷᠢᠶᠠᠯ᠎ᠤᠨ ᠬᠡᠷᠡᠭᠯᠡᠯᠲᠡ ᠵᠢᠨ ᠪᠠᠢ᠌ᠳᠠᠯ᠎ᠢ ᠴᠠᠭ ᠲᠤᠬᠠᠢ᠎ᠳᠤᠨᠢ ᠣᠢ᠌ᠯᠠᠭ᠋ᠠᠵᠤ᠂ ᠨᠡᠢ᠌ᠭᠡᠮ᠎ᠤᠨ ᠰᠠᠨᠠᠯ᠎ᠢ ᠭᠦᠢ᠍ᠴᠡᠳ ᠰᠣᠨᠣᠰᠴᠤ᠂ ᠵᠢᠭ᠋ᠠᠬᠤ ᠮᠠᠲ᠋ᠧᠷᠢᠶᠠᠯ᠎ᠤᠨ ᠶᠠᠰᠤ ᠴᠢᠨᠠᠷ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃

                (ᠰᠢᠨᠬᠤᠸᠠ ᠬᠣᠷᠢᠶᠠᠨ᠎ᠤ ᠪᠡᠭᠡᠵᠢᠩ᠎ᠤᠨ 8 ᠰᠠᠷ᠎ᠠ ᠵᠢᠨ 27᠎ᠤ ᠴᠠᠭᠢᠯᠭ᠋ᠠᠨ ᠮᠡᠳᠡᠭᠡ)

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ