ᠦᠢᠯᠡᠴᠢᠯᠡᠭᠡ   -   ᠲᠠᠨ᠎ᠳᠤ ᠦᠢᠯᠡᠴᠢᠯᠡᠬᠦ᠌

5 ᠰᠠᠷ᠎ᠠ ᠵᠢᠨ 1᠎ᠤ ᠡᠳᠦᠷ᠎ᠠᠴᠠ ᠭᠠᠷ ᠤᠲᠠᠰᠤᠨ᠎ᠤ ᠡᠨᠡ ᠬᠦ᠌ ᠰᠤᠢ᠌ᠳᠭᠡᠯ ᠬᠢᠮᠳᠠᠷᠠᠨ᠎ᠠ!

ᠨᠡᠶ᠋ᠢᠲᠡᠯᠡᠭᠰᠡᠨ ᠴᠠᠭ᠄   2025-04-23

4 ᠰᠠᠷ᠎ᠠ ᠵᠢᠨ 18᠎ᠤ ᠡᠳᠦᠷ᠂ ᠳᠤᠮᠳᠠᠳᠤ ᠤᠯᠤᠰ᠎ᠤᠨ ᠰᠢᠯᠵᠢᠮᠡᠯ ᠬᠣᠯᠪᠣᠭ᠎ᠠ ᠠᠯᠪᠠᠨ ᠵᠠᠷ ᠨᠡᠶ᠋ᠢᠲᠡᠯᠡᠵᠦ᠂ 5 ᠰᠠᠷ᠎ᠠ ᠵᠢᠨ 1᠎ᠤ ᠡᠳᠦᠷ᠎ᠠᠴᠠ ᠡᠬᠢᠯᠡᠨ ᠪᠥᠬᠥ ᠤᠯᠤᠰ᠎ᠤᠨ ᠲᠥᠷᠥᠯ ᠰᠠᠳᠤᠨ᠎ᠤ ᠬᠠᠶ᠋ᠢᠷ᠎ᠠ ᠵᠢᠨ ᠰᠦᠯᠵᠢᠶ᠎ᠡ (ᠪᠥᠬᠥ ᠤᠯᠤᠰ᠎ᠤᠨ ᠬᠡᠪᠯᠡᠯ) ᠵᠢᠨ ᠪᠠᠷᠢᠮᠵᠢᠶᠠᠲᠤ ᠰᠤᠢ᠌ᠳᠭᠡᠯ᠎ᠢ ᠬᠢᠮᠳᠠᠷᠠᠭᠤᠯᠤᠨ᠎ᠠ᠂ ᠬᠢᠮᠳᠠᠷᠠᠭᠤᠯᠤᠭᠰᠠᠨ᠎ᠤ ᠳᠠᠷᠠᠭ᠎ᠠ ᠦᠨᠳᠦᠰᠦᠨ ᠴᠢᠳᠠᠮᠵᠢ ᠵᠢᠨ ᠰᠤᠢ᠌ᠳᠭᠡᠯ ᠰᠠᠷ᠎ᠠ᠎ᠳᠤ 5 ᠲᠥᠭᠥᠷᠢᠭ ᠪᠣᠯᠤᠨ᠎ᠠ᠂ ᠡᠭᠦᠨ᠎ᠳᠤ 1 ᠴᠤᠬᠯᠠᠷᠠᠯ᠎ᠤᠨ ᠠᠬᠠᠯᠠᠬ᠍ᠴᠢ ᠵᠢᠴᠢ 3 ᠪᠦᠷᠢᠯᠳᠦᠬᠦᠨ ᠪᠠᠭᠲᠠᠨ᠎ᠠ᠂ ᠰᠠᠭᠤᠷᠢ ᠪᠦᠷᠢᠯᠳᠦᠬᠦᠨ᠎ᠤ ᠲᠣᠭ᠎ᠠ᠎ᠠᠴᠠ ᠬᠡᠳᠦᠷᠡᠪᠡᠯ᠂ ᠮᠤᠵᠢ ᠵᠢᠨ ᠲᠤᠳᠤᠷᠠᠬᠢ ᠪᠠ ᠮᠤᠵᠢ ᠵᠢᠨ ᠭᠠᠳᠠᠨᠠᠬᠢ ᠪᠦᠷᠢᠯᠳᠦᠬᠦᠨ᠎ᠤ ᠬᠥᠮᠦᠨ ᠪᠦᠷᠢ᠎ᠠᠴᠠ ᠰᠠᠷ᠎ᠠ ᠵᠢᠨ ᠴᠢᠳᠠᠮᠵᠢ ᠵᠢᠨ ᠰᠤᠢ᠌ᠳᠭᠡᠯ ᠭᠡᠵᠦ 1 ᠲᠥᠭᠥᠷᠢᠭ ᠨᠢᠭᠡᠳᠦᠯᠳᠡᠢ ᠬᠤᠷᠢᠶᠠᠨ᠎ᠠ᠂ ᠴᠤᠬᠯᠠᠷᠠᠯ ᠪᠦᠷᠢ᠎ᠳᠤ ᠬᠠᠮᠤᠭ᠎ᠤᠨ ᠣᠯᠠᠨ᠎ᠳᠠᠭᠠᠨ 19 ᠬᠥᠮᠦᠨ (ᠠᠬᠠᠯᠠᠬ᠍ᠴᠢ ᠪᠠᠭᠲᠠᠨ᠎ᠠ) ᠪᠠᠢ᠌ᠵᠤ᠂ ᠴᠤᠬᠯᠠᠷᠠᠯ᠎ᠤᠨ ᠳᠣᠲᠣᠷᠠᠬᠢ ᠪᠦᠷᠢᠯᠳᠦᠬᠦᠨ᠎ᠤ ᠬᠣᠭᠣᠷᠣᠨᠳᠣ᠎ᠪᠠᠨ ᠪᠥᠬᠥ ᠤᠯᠤᠰ᠎ᠤᠨ ᠬᠡᠪᠴᠢᠶᠡᠨ᠎ᠳᠤ ᠬᠠᠷᠢᠯᠴᠠᠨ ᠶᠠᠷᠢᠯᠴᠠᠵᠤ ᠸᠢᠳᠢᠤ᠋ ᠤᠲᠠᠰᠤ ᠨᠡᠪᠳᠡᠷᠡᠬᠦ᠎ᠳᠤ ᠰᠤᠢ᠌ᠳᠬᠡᠯ ᠦᠯᠦ ᠬᠤᠷᠢᠶᠠᠬᠤ (ᠰᠢᠶᠠᠩᠭ᠋ᠠᠩ ᠣᠣᠮᠧᠨ ᠲᠠᠶ᠋ᠢᠸᠠᠨ ᠪᠠᠭᠲᠠᠬᠤ ᠥᠬᠡᠶ) ᠵᠢ ᠳᠡᠮᠵᠢᠨ᠎ᠡ ᠭᠡᠪᠡ᠃

ᠢᠷᠡᠯᠲᠡ᠄ ᠠᠷᠠᠳ᠎ᠤᠨ ᠰᠦᠯᠵᠢᠶ᠎ᠡ