ᠦᠢᠯᠡᠴᠢᠯᠡᠭᠡ   -   ᠲᠠᠨ᠎ᠳᠤ ᠦᠢᠯᠡᠴᠢᠯᠡᠬᠦ᠌

ᠡᠳᠡᠭᠡᠷ ᠬᠡᠯᠪᠡᠷᠢ ᠵᠢᠨ ᠮᠠᠰᠢᠨ ᠲᠡᠷᠭᠡ ᠵᠢ ᠬᠤᠳᠠᠯᠳᠤᠨ ᠠᠪᠤᠪᠠᠯ ᠭᠠᠢ᠌ᠯᠢ᠎ᠠᠴᠠ ᠬᠡᠯᠲᠦᠷᠢᠭᠦᠯᠦᠨ᠎ᠡ ᠭᠡᠵᠦ ᠲᠣᠭᠲᠠᠴᠢᠬᠠᠭᠰᠠᠨ!

ᠨᠡᠶ᠋ᠢᠲᠡᠯᠡᠭᠰᠡᠨ ᠴᠠᠭ᠄   2025-05-24

ᠣᠶ᠋ᠢᠷ᠎ᠠ᠎ᠳᠤ᠂ ᠠᠵᠤ ᠤᠢ᠌ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ 《ᠲᠡᠷᠭᠡ ᠣᠩᠭᠣᠴᠠ ᠵᠢᠨ ᠭᠠᠶ᠋ᠢᠯᠢ ᠵᠢ ᠬᠡᠯᠲᠦᠷᠢᠭᠦᠯᠬᠦ ᠬᠠᠷᠠᠭ᠋ᠠᠯᠵᠠᠯ ᠭᠥᠷᠳᠡᠬᠦ ᠡᠨᠧᠷᠭᠢ ᠠᠷᠪᠢᠯᠠᠬᠤ ᠰᠢᠨ᠎ᠡ ᠡᠨᠧᠷᠭᠢ ᠵᠢᠨ ᠮᠠᠰᠢᠨ ᠲᠡᠷᠭᠡ ᠵᠢᠨ ᠲᠡᠷᠭᠡᠨ᠎ᠤ ᠬᠡᠯᠪᠡᠷᠢ ᠵᠢᠨ ᠭᠠᠷᠴᠠᠭ》᠂ 《ᠲᠡᠷᠭᠡ ᠬᠥᠰᠬᠡ ᠬᠤᠳᠠᠯᠳᠤᠨ ᠠᠪᠬᠤ ᠭᠠᠶ᠋ᠢᠯᠢ ᠵᠢ ᠬᠡᠯᠲᠦᠷᠢᠭᠦᠯᠬᠦ ᠰᠢᠨ᠎ᠡ ᠡᠨᠧᠷᠭᠢ ᠵᠢᠨ ᠮᠠᠰᠢᠨ ᠲᠡᠷᠭᠡ ᠵᠢᠨ ᠲᠡᠷᠭᠡᠨ᠎ᠤ ᠬᠡᠯᠪᠡᠷᠢ ᠵᠢᠨ ᠭᠠᠷᠴᠠᠭ》 ᠵᠡᠷᠭᠡ ᠨᠢᠭᠡ ᠪᠦᠯᠦᠭ ᠰᠢᠨ᠎ᠡ ᠠᠯᠪᠠᠨ ᠵᠠᠷ᠎ᠢ ᠨᠡᠶ᠋ᠢᠲᠡᠯᠡᠪᠡ᠃ ᠪᠦᠬᠦ ᠠᠭᠤᠯᠭ᠎ᠠ᠎ᠨᠢ ᠳᠣᠣᠷᠠᠬᠢ ᠮᠡᠲᠦ᠄

ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠵᠤ ᠤᠢ᠌ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ᠎ᠤ ᠠᠯᠪᠠᠨ ᠵᠠᠷ (2025 ᠣᠨ᠎ᠤ 10 ᠳ᠋ᠤᠭ᠋ᠠᠷ ᠲᠤᠭ᠋ᠠᠳᠤ)《ᠪᠥᠬᠥᠳᠡ ᠨᠠᠢ᠍ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》᠂ 《ᠦᠨᠡᠬᠡᠷ ᠦᠯᠡᠳᠡᠭᠡᠬᠦ ᠴᠢᠬᠤᠯᠠᠲᠠᠢ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢ᠍ᠯᠡᠰ᠎ᠲᠤ ᠵᠠᠰᠠᠭ ᠵᠠᠬᠢᠷᠭ᠋ᠠᠨ᠎ᠤ ᠵᠥᠪᠰᠢᠶᠡᠷᠡᠯ ᠲᠣᠭᠲᠠᠭ᠋ᠠᠬᠤ ᠲᠤᠬᠠᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠣᠭᠲᠠᠭ᠋ᠠᠯ》᠂ 《ᠡᠨᠧᠷᠭᠢ ᠠᠷᠪᠢᠯᠠᠬᠤ ᠰᠢᠨ᠎ᠡ ᠡᠨᠧᠷᠭᠢ ᠵᠢᠨ ᠲᠡᠷᠭᠡ ᠣᠩᠭᠣᠴᠠ ᠵᠢᠨ ᠭᠠᠶ᠋ᠢᠯᠢ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠬᠦᠷᠳᠡᠬᠦ ᠲᠤᠬᠠᠶ ᠡᠳ᠋᠎ᠤᠨ ᠵᠠᠰᠠᠭ᠎ᠤᠨ ᠶᠠᠮᠤᠨ ᠭᠠᠶ᠋ᠢᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠠᠵᠤ ᠤᠢ᠌ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ᠎ᠤ ᠮᠡᠳᠡᠭᠳᠡᠯ》 (ᠡᠳ᠋ ᠭᠠᠶ᠋ᠢᠯᠢ [2018]74 ᠳ᠋ᠤᠭᠡᠷ ᠲᠣᠭ᠋ᠠᠲᠤ)᠂ 《ᠲᠡᠷᠭᠡ ᠣᠩᠭᠣᠴᠠ ᠵᠢᠨ ᠭᠠᠶ᠋ᠢᠯᠢ ᠵᠢᠨ ᠬᠠᠷᠠᠭ᠋ᠠᠯᠵᠠᠯ ᠭᠥᠷᠳᠡᠬᠦ ᠡᠨᠧᠷᠭᠢ ᠠᠷᠪᠢᠯᠠᠬᠤ ᠮᠠᠰᠢᠨ ᠲᠡᠷᠭᠡᠨ᠎ᠤ ᠤᠢ᠌ᠯᠡᠳᠬᠦᠨ᠎ᠤ ᠮᠡᠷᠭᠡᠵᠢᠯ᠎ᠤᠨ ᠱᠠᠭ᠋ᠠᠷᠳᠠᠯᠭ᠎ᠠ᠎ᠳᠤ ᠲᠣᠬᠢᠷᠠᠭᠤᠯᠤᠯᠲᠠ ᠬᠢᠬᠦ ᠲᠤᠬᠠᠶ ᠠᠵᠤ ᠤᠢ᠌ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ ᠡᠳ᠋᠎ᠤᠨ ᠵᠠᠰᠠᠭ᠎ᠤᠨ ᠶᠠᠮᠤᠨ ᠭᠠᠶ᠋ᠢᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠵᠢᠨ ᠠᠯᠪᠠᠨ ᠵᠠᠷ》 (2024 ᠣᠨ᠎ᠤ 10 ᠳ᠋ᠤᠭ᠋ᠠᠷ ᠲᠣᠭ᠋ᠠᠲᠤ)᠂ 《ᠰᠢᠨ᠎ᠡ ᠡᠨᠧᠷᠭᠢ ᠵᠢᠨ ᠮᠠᠰᠢᠨ ᠲᠡᠷᠭᠡ ᠬᠤᠳᠠᠯᠳᠤᠨ ᠠᠪᠬᠤ ᠭᠠᠶ᠋ᠢᠯᠢ ᠵᠢ ᠬᠡᠯᠲᠦᠷᠢᠭᠦᠯᠬᠦ ᠲᠤᠬᠠᠶ ᠡᠳ᠋᠎ᠤᠨ ᠵᠠᠰᠠᠭ᠎ᠤᠨ ᠶᠠᠮᠤᠨ ᠭᠠᠶ᠋ᠢᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠠᠵᠤ ᠤᠢ᠌ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠶᠠᠮᠤᠨ᠎ᠤ ᠠᠯᠪᠠᠨ ᠵᠠᠷ》 (2017 ᠣᠨ᠎ᠤ 172 ᠳ᠋ᠤᠭ᠋ᠠᠷ ᠲᠣᠭ᠋ᠠᠲᠤ)᠂ 《ᠰᠢᠨ᠎ᠡ ᠡᠨᠧᠷᠭᠢ ᠵᠢᠨ ᠮᠠᠰᠢᠨ ᠲᠡᠷᠭᠡ ᠬᠤᠳᠠᠯᠳᠤᠨ ᠠᠪᠬᠤ ᠭᠠᠶ᠋ᠢᠯᠢ ᠵᠢ ᠬᠡᠯᠲᠦᠷᠢᠭᠦᠯᠬᠦ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠰᠢᠯᠢᠳᠡᠭᠵᠢᠭᠦᠯᠬᠦ ᠲᠤᠬᠠᠶ ᠡᠳ᠋᠎ᠤᠨ ᠵᠠᠰᠠᠭ᠎ᠤᠨ ᠶᠠᠮᠤᠨ ᠭᠠᠶ᠋ᠢᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠠᠵᠤ ᠤᠢ᠌ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ᠎ᠤ ᠠᠯᠪᠠᠨ ᠵᠠᠷ》 (2023 ᠣᠨ᠎ᠤ 10 ᠳ᠋ᠤᠭ᠋ᠠᠷ ᠲᠣᠭ᠋ᠠᠲᠤ)᠂ 《ᠲᠡᠷᠭᠡ ᠬᠥᠰᠬᠡ ᠬᠤᠳᠠᠯᠳᠤᠨ ᠠᠪᠬᠤ ᠭᠠᠶ᠋ᠢᠯᠢ ᠵᠢ ᠬᠡᠯᠲᠦᠷᠢᠭᠦᠯᠬᠦ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠤᠢ᠌ᠯᠡᠳᠬᠦᠨ᠎ᠤ ᠮᠡᠷᠭᠡᠵᠢᠯ᠎ᠤᠨ ᠱᠠᠭ᠋ᠠᠷᠳᠠᠯᠭ᠎ᠠ᠎ᠳᠤ ᠲᠣᠬᠢᠷᠠᠭᠤᠯᠤᠯᠲᠠ ᠬᠢᠬᠦ ᠲᠤᠬᠠᠶ ᠠᠵᠤ ᠤᠢ᠌ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ ᠡᠳ᠋᠎ᠤᠨ ᠵᠠᠰᠠᠭ᠎ᠤᠨ ᠶᠠᠮᠤᠨ ᠭᠠᠶ᠋ᠢᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠵᠢᠨ ᠠᠯᠪᠠᠨ ᠵᠠᠷ》 (2023 ᠣᠨ᠎ᠤ 32 ᠳ᠋ᠤᠭ᠋ᠠᠷ ᠲᠣᠭ᠋ᠠᠲᠤ) ᠵᠡᠷᠭᠡ ᠬᠣᠯᠪᠣᠭᠳᠠᠯ ᠪᠥᠬᠥᠶ ᠲᠣᠭᠲᠠᠭ᠋ᠠᠯ᠎ᠢ ᠦᠨᠳᠦᠰᠦᠯᠡᠨ᠂ ᠣᠳᠣ ᠵᠥᠪᠰᠢᠶᠡᠷᠡᠯ ᠤᠯᠤᠬᠰᠠᠨ 《ᠵᠠᠮ ᠬᠠᠷᠢᠯᠴᠠᠭ᠋ᠠᠨ᠎ᠤ ᠮᠠᠰᠢᠨ ᠲᠡᠷᠭᠡ ᠦᠢ᠍ᠯᠡᠳᠪᠦᠷᠢᠯᠡᠬᠦ ᠠᠵᠤ ᠠᠬᠤᠶ᠋ᠢᠯᠠᠯ ᠵᠢᠴᠢ ᠦᠢ᠍ᠯᠡᠳᠬᠦᠨ》 (394 ᠳ᠋ᠤᠭᠡᠷ ᠪᠦᠯᠦᠭ) ᠵᠢᠴᠢ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠵᠢᠨ ᠵᠥᠪᠰᠢᠶᠡᠷᠡᠯ᠎ᠢ ᠤᠯᠤᠬᠰᠠᠨ 《ᠲᠡᠷᠭᠡ ᠣᠩᠭᠣᠴᠠ ᠵᠢᠨ ᠭᠠᠶ᠋ᠢᠯᠢ ᠵᠢ ᠬᠡᠯᠲᠦᠷᠢᠭᠦᠯᠬᠦ ᠬᠠᠷᠠᠭ᠋ᠠᠯᠵᠠᠯ ᠬᠦᠷᠲᠡᠬᠦ ᠡᠨᠧᠷᠭᠢ ᠠᠷᠪᠢᠯᠠᠬᠤ ᠰᠢᠨ᠎ᠡ ᠡᠨᠧᠷᠭᠢ ᠵᠢᠨ ᠮᠠᠰᠢᠨ ᠲᠡᠷᠭᠡ ᠵᠢᠨ ᠲᠡᠷᠭᠡᠨ᠎ᠤ ᠬᠡᠯᠪᠡᠷᠢ ᠵᠢᠨ ᠭᠠᠷᠴᠠᠭ》 (ᠳᠠᠯᠠᠨ ᠭᠤᠷᠪᠠᠳᠤᠭ᠋ᠠᠷ ᠪᠦᠯᠦᠭ)᠂ 《ᠲᠡᠷᠭᠡ ᠬᠥᠰᠬᠡ ᠬᠤᠳᠠᠯᠳᠤᠨ ᠠᠪᠬᠤ ᠭᠠᠶ᠋ᠢᠯᠢ ᠵᠢ ᠭᠡᠯᠳᠦᠷᠢᠭᠦᠯᠬᠦ ᠰᠢᠨ᠎ᠡ ᠡᠨᠧᠷᠭᠢ ᠵᠢᠨ ᠮᠠᠰᠢᠨ ᠲᠡᠷᠭᠡ ᠵᠢᠨ ᠲᠡᠷᠭᠡᠨ᠎ᠤ ᠬᠡᠯᠪᠡᠷᠢ ᠵᠢᠨ ᠭᠠᠷᠴᠠᠭ》 (ᠠᠷᠪᠠᠨ ᠳᠣᠯᠣᠳᠤᠭ᠋ᠠᠷ ᠪᠦᠯᠦᠭ)᠎ᠢ ᠵᠠᠷᠯᠠᠨ ᠨᠡᠶ᠋ᠢᠲᠡᠯᠡᠰᠦᠭᠡᠢ᠃

ᠢᠷᠡᠯᠲᠡ᠄ ᠠᠷᠠᠳ᠎ᠤᠨ ᠰᠦᠯᠵᠢᠶ᠎ᠡ