ᠦᠢᠯᠡᠴᠢᠯᠡᠭᠡ   -   ᠲᠠᠨ᠎ᠳᠤ ᠦᠢᠯᠡᠴᠢᠯᠡᠬᠦ᠌

ᠪᠠᠭᠰᠢ ᠵᠢᠨ ᠳᠠᠷᠤᠭ᠋ᠠᠰᠤ ᠵᠢ ᠬᠥᠩᠭᠡᠷᠡᠭᠦᠯᠤᠨ᠎ᠡ! ᠰᠤᠷᠭ᠋ᠠᠨ ᠬᠥᠮᠦᠵᠢᠯ᠎ᠤᠨ ᠶᠠᠮᠤᠨ ᠪᠠᠭᠰᠢ ᠵᠢ ᠬᠦᠨᠳᠦᠳᠬᠡᠨ ᠪᠠᠭᠰᠢ᠎ᠳᠤ ᠬᠠᠷᠠᠭ᠋ᠠᠯᠵᠠᠯ ᠦᠵᠡᠭᠦᠯᠬᠦ ᠠᠷᠭ᠎ᠠ ᠬᠡᠮᠵᠢᠶ᠎ᠡ᠎ᠨᠦᠭᠦᠳ᠎ᠢ ᠭᠠᠷᠭ᠋ᠠᠪᠠ

ᠨᠡᠶ᠋ᠢᠲᠡᠯᠡᠭᠰᠡᠨ ᠴᠠᠭ᠄   2024-10-17

2024 ᠣᠨ᠎ᠤ 9 ᠰᠠᠷ᠎ᠠ ᠵᠢᠨ 10᠎ᠤ ᠡᠳᠦᠷ ᠪᠣᠯ ᠮᠠᠨ᠎ᠤ ᠤᠯᠤᠰ᠎ᠤᠨ ᠲᠦᠴᠢᠳᠡᠬᠢ ᠪᠠᠭᠰᠢ ᠵᠢᠨ ᠪᠠᠶᠠᠷ ᠪᠣᠯᠣᠨ᠎ᠠ᠂ ᠭᠤᠣᠯ ᠰᠡᠳᠦᠪ᠎ᠨᠢ᠄ ᠰᠤᠷᠭ᠋ᠠᠨ ᠬᠥᠮᠥᠵᠢᠯᠲᠡᠨ᠎ᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ᠂ ᠰᠤᠷᠭ᠋ᠠᠨ ᠬᠦᠮᠦᠵᠢᠯ᠎ᠤᠨ ᠬᠦᠴᠦᠷᠬᠡᠭ ᠤᠯᠤᠰ᠎ᠢ ᠲᠦᠷᠭᠡᠨ ᠪᠦᠲᠦᠭᠡᠨ ᠪᠠᠶ᠋ᠢᠭᠤᠯᠬᠤ ᠪᠤᠯᠤᠨ᠎ᠠ᠃ ᠰᠤᠷᠪᠤᠯᠵᠢᠯᠠᠭᠴᠢ ᠵᠢᠨ ᠣᠶ᠋ᠢᠯᠠᠭ᠋ᠠᠭᠰᠠᠨ ᠵᠶ᠋ᠠᠷ᠂ ᠰᠤᠷᠭ᠋ᠠᠨ ᠬᠥᠮᠦᠵᠢᠯ᠎ᠤᠨ ᠶᠠᠮᠤᠨ ᠪᠠᠭᠰᠢ ᠵᠢ ᠬᠦᠨᠳᠦᠳᠬᠡᠨ ᠪᠠᠭᠰᠢ᠎ᠳᠤ ᠬᠠᠷᠠᠭ᠋ᠠᠯᠵᠠᠯ ᠦᠵᠡᠭᠦᠯᠬᠦ ᠠᠯᠢ ᠣᠯᠠᠨ ᠠᠷᠭ᠎ᠠ ᠬᠡᠮᠵᠢᠶ᠎ᠡ᠎ᠨᠦᠭᠦᠳ᠎ᠢ ᠭᠠᠷᠭ᠋ᠠᠵᠤ᠂ ᠰᠤᠷᠭ᠋ᠠᠨ ᠬᠥᠮᠥᠵᠢᠯᠲᠡᠨ᠎ᠤ ᠵᠣᠷᠢᠭ ᠰᠠᠨᠠᠭ᠎ᠠ ᠵᠢ ᠪᠠᠳᠠᠷᠠᠭᠤᠯᠤᠨ ᠰᠢᠨ᠎ᠡ ᠴᠠᠭ ᠦᠶ᠎ᠡ ᠵᠢᠨ ᠥᠨᠳᠥᠷ ᠬᠡᠪ ᠪᠣᠯᠪᠠᠰᠤᠷᠠᠯ᠎ᠲᠠᠢ ᠲᠤᠰᠬᠠᠶ᠋ᠢᠵᠢᠭᠰᠠᠨ ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠬᠤ ᠬᠤᠯᠪᠣᠭᠳᠠᠯ ᠪᠥᠬᠦᠶ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠢ ᠨᠡᠶ᠋ᠢᠲᠡᠯᠡᠬᠦ ᠵᠢ ᠠᠬᠢᠭᠤᠯᠵᠤ᠂ ᠪᠥᠬᠦ ᠤᠯᠤᠰ᠎ᠤᠨ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠲᠡᠷᠢᠭᠦᠨ᠎ᠤ ᠬᠠᠮᠲᠤ ᠪᠠ ᠲᠡᠷᠢᠭᠦᠨ᠎ᠤ ᠬᠤᠪᠢ ᠬᠥᠮᠦᠨ᠎ᠢ ᠬᠥᠬᠢᠭᠦᠯᠦᠨ ᠱᠠᠩᠨᠠᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠬᠦ᠎ᠪᠠᠷ ᠪᠠᠢ᠌ᠨ᠎ᠠ᠃
      ᠰᠤᠷᠭ᠋ᠠᠨ ᠬᠥᠮᠦᠵᠢᠯ᠎ᠤᠨ ᠶᠠᠮᠤᠨ ᠪᠠᠰᠠ ᠮᠡᠳᠡᠭᠳᠡᠯ ᠳᠠᠷᠤᠮᠠᠯᠯᠠᠨ ᠲᠠᠷᠬᠠᠭ᠋ᠠᠵᠤ᠂ ᠡᠯ᠎ᠡ ᠭᠠᠵᠠᠷ᠎ᠤᠨ ᠡᠯ᠎ᠡ ᠰᠤᠷᠭ᠋ᠠᠭᠤᠯᠢ᠎ᠨᠢ ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠬᠤ ᠵᠢ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠪᠥᠲᠥᠭᠡᠨ ᠪᠠᠶ᠋ᠢᠭᠤᠯᠬᠤ ᠵᠢᠨ ᠬᠠᠮᠤᠭ᠎ᠤᠨ ᠴᠢᠬᠤᠯᠠ ᠰᠠᠭᠤᠷᠢ ᠠᠵᠢᠯ ᠪᠣᠯᠭ᠋ᠠᠵᠤ᠂ ᠰᠤᠷᠭ᠋ᠠᠨ ᠬᠥᠮᠦᠵᠢᠯᠲᠡᠨ᠎ᠤ ᠵᠣᠷᠢᠭ ᠰᠠᠨᠠᠭ᠎ᠠ᠎ᠪᠠᠷ ᠵᠢᠯᠣᠭᠤᠳᠣᠯᠭ᠎ᠠ ᠪᠣᠯᠭ᠋ᠠᠵᠤ᠂ ᠪᠠᠭᠰᠢ ᠵᠢ ᠬᠦᠴᠦᠷᠬᠡᠭᠵᠢᠭᠦᠯᠵᠦ ᠪᠠᠭᠰᠢ ᠵᠢ ᠬᠠᠷᠠᠭ᠋ᠠᠯᠵᠠᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠪᠥᠬᠦ ᠲᠠᠯ᠎ᠠ᠎ᠪᠠᠷ ᠰᠢᠯᠢᠳᠡᠭᠵᠢᠭᠦᠯᠬᠦ ᠬᠡᠷᠡᠭᠲᠡᠶ᠃ 《ᠤᠯᠤᠰ᠎ᠤᠨ ᠰᠢᠯᠢᠳᠡᠭ ᠲᠥᠯᠥᠪᠯᠡᠭᠡ》 ᠵᠢ ᠬᠡᠷᠡᠭᠵᠢᠭᠦᠯᠬᠦ ᠵᠢ ᠥᠷᠭᠡᠳᠬᠡᠵᠦ᠂ ᠠᠯᠪᠠᠨ᠎ᠤ ᠰᠦᠢ᠍ᠳᠬᠡᠯ᠎ᠤᠨ ᠪᠠᠭᠰᠢ ᠵᠢᠨ ᠮᠡᠷᠭᠡᠵᠢᠯ᠎ᠤᠨ ᠣᠶᠤᠲᠠᠳ᠎ᠤᠨ ᠰᠤᠷᠭ᠋ᠠᠨ ᠬᠥᠮᠦᠵᠢᠯ᠂ ᠪᠠᠭᠰᠢ ᠵᠢᠨ ᠮᠡᠷᠭᠡᠵᠢᠯ᠎ᠤᠨ ᠰᠤᠷᠭ᠋ᠠᠨ ᠬᠥᠮᠥᠵᠢᠯ᠎ᠤᠨ ᠬᠠᠮᠵᠢᠯᠴᠠᠨ ᠶᠠᠰᠤ ᠴᠢᠨᠠᠷ ᠵᠢᠨᠨ ᠳᠡᠭᠡᠭᠰᠢᠯᠡᠭᠦᠯᠬᠦ ᠲᠥᠯᠥᠪᠯᠡᠭᠡ᠂ ᠪᠠᠭᠰᠢ ᠵᠢ ᠬᠦᠴᠦᠷᠬᠡᠭᠵᠢᠭᠦᠯᠬᠦ ᠲᠥᠯᠥᠪᠯᠡᠭᠡ᠂ ᠰᠢᠯᠢᠳᠡᠭ ᠪᠠᠭᠰᠢ ᠵᠢᠨ ᠲᠥᠯᠥᠪᠯᠡᠭᠡ᠂ ᠤᠯᠤᠰ᠎ᠠᠴᠠ ᠬᠦᠮᠦᠵᠢᠬᠦᠯᠬᠦ ᠲᠥᠯᠥᠪᠯᠡᠭᠡ᠂ ᠣᠨᠴᠠᠭ᠋ᠠᠢ ᠠᠵᠢᠯ᠎ᠤᠨ ᠪᠠᠶ᠋ᠢᠷᠢ ᠵᠢᠨ ᠲᠥᠯᠥᠪᠯᠡᠭᠡ᠂ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠪᠠᠭᠰᠢ ᠵᠢᠨ ᠬᠡᠪ ᠴᠢᠨᠠᠷ᠎ᠢ ᠳᠡᠭᠡᠭᠰᠢᠯᠡᠭᠦᠯᠬᠦ ᠲᠥᠯᠥᠪᠯᠡᠭᠡ᠂ ᠠᠵᠢᠯ ᠮᠡᠷᠭᠡᠵᠢᠯ᠎ᠤᠨ ᠰᠤᠷᠭ᠋ᠠᠨ ᠬᠥᠮᠥᠵᠢᠯ᠎ᠤᠨ ᠪᠠᠭᠰᠢ ᠵᠢᠨ ᠵᠢᠭ᠋ᠠᠨ ᠰᠤᠷᠭ᠋ᠠᠯᠲᠠ ᠵᠢᠨ ᠰᠢᠨ᠎ᠡ ᠵᠢ ᠡᠭᠦᠳᠬᠦ ᠪᠦᠯᠬᠦᠮ ᠨᠡᠶ᠋ᠢᠲᠡ ᠵᠢᠨ ᠪᠠᠶ᠋ᠢᠭᠤᠯᠤᠯᠲᠠ᠂ 《ᠪᠦᠯᠬᠦᠮ ᠪᠠᠶ᠋ᠢᠭᠤᠯᠬᠤ ᠮᠠᠶᠢᠭ》᠎ᠤᠨ ᠰᠤᠷᠭ᠋ᠠᠨ ᠬᠥᠮᠥᠵᠢᠯ᠎ᠤᠨ ᠴᠢᠳᠠᠪᠤᠷᠢᠲᠠᠨ ᠵᠶ᠋ᠠᠷ ᠬᠠᠪᠰᠤᠷᠤᠨ ᠲᠡᠳᠬᠦᠬᠦ ᠵᠡᠷᠭᠡ ᠠᠯᠢ ᠤᠯᠠᠨ ᠴᠢᠳᠠᠪᠤᠷᠢᠲᠠᠨ ᠵᠶ᠋ᠠᠷ ᠰᠤᠷᠭ᠋ᠠᠨ ᠬᠥᠮᠥᠵᠢᠯ᠎ᠢ ᠳᠡᠮᠵᠢᠬᠦ᠂ ᠤᠯᠤᠰ᠎ᠤᠨ ᠦᠳᠡᠯᠦᠭᠡ ᠨᠠᠰᠤᠨ᠎ᠤ ᠪᠠᠬᠰᠢ ᠨᠠᠷ᠎ᠤᠨ ᠠᠵᠢᠯᠯᠠᠭ᠋ᠠᠨ᠎ᠤ ᠲᠥᠯᠥᠪᠯᠡᠭᠡ ᠵᠡᠷᠭᠡ ᠠᠵᠢᠯ᠎ᠢ ᠯᠠᠪᠳᠠᠭᠤᠨ ᠪᠠᠳᠤ ᠰᠠᠶ᠋ᠢᠲᠤᠷ ᠬᠢᠬᠦ ᠬᠡᠷᠡᠭᠲᠡᠢ ᠭᠡᠵᠦ ᠱᠠᠭ᠋ᠠᠷᠳᠠᠪᠠ᠃
      ᠡᠯ᠎ᠡ ᠭᠠᠵᠠᠷ᠎ᠨᠢ ᠪᠠᠭᠰᠢ ᠵᠢᠨ ᠣᠯᠭᠣᠮᠵᠢ ᠵᠢ ᠦᠨᠠᠨ ᠬᠦ᠌ ᠪᠠᠲᠤᠯᠠᠵᠤ᠂ ᠵᠠᠷᠤᠳᠠᠯ᠎ᠢ ᠮᠤᠵᠢ ᠵᠢᠨ ᠱᠠᠲᠤᠨ᠎ᠠᠴᠠ ᠨᠢᠭᠡᠳᠦᠯᠲᠡᠶ ᠲᠥᠯᠥᠪᠯᠡᠬᠦ ᠡᠷᠴᠢᠮ᠎ᠢ ᠴᠢᠩᠭ᠋ᠠᠷᠠᠭᠤᠯᠵᠤ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠪᠠᠭᠰᠢ ᠵᠢᠨ ᠳᠤᠮᠳᠠᠴᠢ ᠴᠠᠯᠢᠩ᠎ᠤᠨ ᠣᠷᠣᠯᠭ᠎ᠠ ᠵᠢᠨ ᠲᠦᠪᠰᠢᠨ᠎ᠢ ᠲᠤᠬᠠᠶ ᠵᠢᠨ ᠭᠠᠵᠠᠷ᠎ᠤᠨ ᠠᠯᠪᠠᠲᠠᠨ᠎ᠤ ᠳᠤᠮᠳᠠᠴᠢ ᠴᠠᠯᠢᠩ᠎ᠤᠨ ᠣᠷᠣᠯᠭ᠎ᠠ ᠵᠢᠨ ᠲᠦᠪᠰᠢᠨ᠎ᠠᠴᠠ ᠳᠣᠤᠷ᠎ᠠ ᠦᠯᠦ ᠪᠠᠶ᠋ᠢᠯᠭ᠋ᠠᠬᠤ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠵᠦ᠂ ᠬᠥᠳᠡᠭᠡ ᠲᠣᠰᠬᠣᠨ᠎ᠤ ᠪᠠᠭᠰᠢ ᠵᠢᠨ ᠣᠷᠣᠨ ᠰᠠᠭᠤᠴᠠ ᠵᠡᠷᠭᠡ ᠣᠯᠭᠣᠮᠵᠢ ᠵᠢᠨ ᠪᠠᠲᠤᠯᠠᠭ᠎ᠠ ᠵᠢ ᠴᠢᠩᠭ᠋ᠠᠳᠬᠠᠵᠦ᠂ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ ᠪᠣᠳᠠᠲᠠᠶ᠋ᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠪᠠᠭᠰᠢ ᠵᠢᠨ ᠡᠷᠡᠭᠦᠯ ᠮᠡᠨᠳᠦ ᠵᠢ ᠬᠠᠯᠠᠮᠵᠢᠯᠠᠵᠤ᠂ ᠪᠠᠭᠰᠢ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠲᠣᠬᠢᠷᠠᠭᠤᠯᠤᠨ ᠠᠮᠠᠷᠠᠭᠤᠯᠬᠤ ᠬᠠᠤᠯᠢ ᠴᠠᠭ᠋ᠠᠵᠠ ᠵᠢᠨ ᠲᠣᠭᠲᠠᠭ᠋ᠠᠯ᠎ᠢ ᠨᠠᠶ᠋ᠢᠳᠠᠪᠤᠷᠢᠵᠢᠭᠤᠯᠵᠤ᠂ ᠪᠠᠭᠰᠢ ᠵᠢᠨ ᠪᠡᠶ᠎ᠡ ᠰᠡᠳᠬᠢᠯ᠎ᠤᠨ ᠡᠷᠡᠭᠦᠯ ᠮᠡᠨᠳᠦ ᠵᠢ ᠪᠠᠲᠤᠯᠠᠬᠤ ᠬᠡᠷᠡᠭᠲᠡᠶ᠃ ᠪᠠᠭᠰᠢ᠎ᠳᠤ ᠴᠤᠤᠷᠬᠠᠯ ᠲᠠᠯᠪᠢᠬᠤ ᠪᠠ ᠪᠠᠭᠰᠢ ᠵᠢᠨ ᠨᠡᠷ᠎ᠡ ᠨᠢᠭᠤᠷ᠎ᠢ ᠭᠤᠳᠤᠭ᠋ᠠᠬᠤ ᠦᠢ᠍ᠯᠡ ᠠᠵᠢᠯᠯᠠᠭ᠎ᠠ᠎ᠳᠤ ᠡᠷᠡᠰ ᠴᠣᠬᠢᠯᠲᠠ ᠥᠭᠴᠦ᠂ ᠪᠠᠭᠰᠢ ᠵᠢᠨ ᠡᠷᠬᠡ ᠠᠰᠢᠭ᠎ᠢ ᠬᠠᠤᠯᠢ ᠶᠣᠰᠣᠭ᠋ᠠᠷ ᠬᠠᠮᠠᠭ᠋ᠠᠯᠠᠬᠤ ᠬᠡᠷᠡᠭᠲᠡᠶ᠃ ᠪᠠᠭᠰᠢ ᠵᠢᠨ ᠬᠠᠮᠢᠶᠠᠷᠤᠯᠲᠠ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠪᠠᠭᠰᠢ ᠵᠢᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠨᠢᠭᠡᠳᠦᠯᠲᠡᠶ ᠲᠥᠯᠥᠪᠯᠡᠨ ᠰᠢᠯᠢᠳᠡᠭᠵᠢᠭᠦᠯᠵᠦ᠂ ᠪᠠᠭᠰᠢ ᠵᠢᠨ ᠳᠠᠷᠤᠭ᠋ᠠᠰᠤ ᠵᠢ ᠪᠦᠬᠦ ᠲᠠᠯ᠎ᠠ᠎ᠪᠠᠷ ᠬᠥᠩᠭᠡᠷᠡᠭᠦᠯᠵᠦ᠂ ᠪᠠᠭᠰᠢ ᠵᠢᠨ ᠤᠯᠤᠰ ᠲᠥᠷᠥ ᠵᠢᠨ ᠪᠠᠶ᠋ᠢᠷᠢ ᠰᠠᠭᠤᠷᠢ᠂ ᠨᠡᠶ᠋ᠢᠭᠡᠮ᠎ᠤᠨ ᠪᠠᠶ᠋ᠢᠷᠢ ᠰᠠᠭᠤᠷᠢ᠂ ᠡᠷᠬᠢᠯᠡᠭᠰᠡᠨ ᠠᠵᠢᠯ᠎ᠤᠨ ᠪᠠᠶ᠋ᠢᠷᠢ ᠰᠠᠭᠤᠷᠢ ᠵᠢ ᠳᠡᠭᠡᠭᠰᠢᠯᠡᠭᠦᠯᠵᠦ᠂ ᠨᠡᠩ ᠣᠯᠠᠨ ᠰᠢᠯᠢᠳᠡᠭ ᠴᠢᠳᠠᠪᠤᠷᠢᠲᠠᠨ᠎ᠢ ᠤᠷᠮᠠᠰᠢᠭᠤᠯᠤᠨ ᠲᠠᠲᠠᠵᠤ ᠲᠡᠳᠡᠨ᠎ᠢ ᠬᠠᠯᠠᠭᠤᠨ ᠰᠡᠳᠬᠢᠯ ᠵᠶ᠋ᠠᠷ ᠪᠠᠭᠰᠢᠯᠠᠭᠤᠯᠵᠤ᠂ ᠨᠠᠷᠢᠨ ᠨᠢᠮᠪᠠᠢ ᠪᠠᠭᠰᠢᠯᠠᠭᠤᠯᠵᠤ᠂ ᠤᠷᠲᠤ ᠬᠤᠭᠤᠴᠠᠭ᠎ᠠ᠎ᠪᠠᠷ ᠪᠠᠭᠰᠢᠯᠠᠭᠤᠯᠵᠤ᠂ ᠨᠠᠰᠤᠨ ᠲᠤᠷᠰᠢᠳᠠ ᠪᠠᠭᠰᠢᠯᠠᠭᠤᠯᠬᠤ ᠬᠡᠷᠡᠭᠲᠡᠶ ᠭᠡᠪᠡ᠃

ᠢᠷᠡᠯᠲᠡ᠄ ᠠᠷᠠᠳ᠎ᠤᠨ ᠰᠦᠯᠵᠢᠶ᠎ᠡ