ᠪᠠᠶᠠᠯᠢᠭ ᠨᠠᠭᠤᠷᠲᠣ ᠨᠣᠲᠤᠭ   -   ᠤᠮᠠᠷᠠᠲᠤ᠌ ᠬᠢᠯᠢ᠎ᠶᠢᠨ ᠰᠣᠶᠣᠯ

ᠤᠮᠠᠷᠠᠲᠤ ᠬᠢᠯᠢ ᠵᠢᠨ ᠰᠣᠶᠣᠯ᠎ᠤᠨ ᠢᠯᠡᠷᠬᠡᠢ᠌ᠯᠡᠯ ᠲᠡᠮᠳᠡᠭ᠎ᠢ ᠨᠡᠢ᠌ᠲᠡᠯᠡᠪᠡ

ᠨᠡᠶ᠋ᠢᠲᠡᠯᠡᠭᠰᠡᠨ ᠴᠠᠭ᠄   2024-04-12

       4 ᠰᠠᠷ᠎ᠠ ᠵᠢᠨ 7᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠎ᠠᠴᠠ ᠵᠢᠯᠤᠭᠣᠳᠴᠤ᠂ ᠥᠪᠥᠷ  ᠮᠣᠩᠭᠣᠯ᠎ᠤᠨ ᠤᠳᠬ᠎ᠠ ᠤᠷᠠᠯᠢᠭ᠎ᠤᠨ᠎ᠬᠢᠨ᠎ᠤ ᠬᠤᠯᠪᠤᠭ᠎ᠠ ᠵᠡᠷᠭᠡ ᠨᠢᠭᠡᠴᠢ᠎ᠠᠴᠠ ᠵᠣᠬᠢᠶᠠᠨ ᠪᠠᠢ᠌ᠭᠤᠯᠤᠨ ᠵᠢᠷᠤᠵᠤ ᠲᠥᠯᠥᠪᠯᠡᠵᠦ ᠴᠤᠭᠯᠠᠭᠤᠯᠤᠭᠰᠠᠨ ᠤᠮᠠᠷᠠᠲᠤ  ᠬᠢᠯᠢ ᠵᠢᠨ ᠰᠣᠶᠣᠯ᠎ᠤᠨ ᠢᠯᠡᠷᠬᠡᠢ᠌ᠯᠡᠯ ᠲᠡᠮᠳᠡᠭ᠎ᠢ ᠵᠢᠩᠬᠢᠨᠢ᠎ᠪᠠᠷ ᠨᠡᠢ᠌ᠲᠡᠯᠡᠪᠡ᠃


      0E6CA59B30FA99C28FF2B34ACF76C465.png

       ᠤᠮᠠᠷᠠᠲᠤ ᠬᠢᠯᠢ ᠵᠢᠨ ᠰᠣᠶᠣᠯ᠎ᠤᠨ ᠢᠯᠡᠷᠬᠡᠢ᠌ᠯᠡᠯ ᠲᠡᠮᠳᠡᠭ


       ᠤᠮᠠᠷᠠᠲᠤ ᠬᠢᠯᠢ ᠵᠢᠨ ᠰᠣᠶᠣᠯ᠎ᠤᠨ ᠢᠯᠡᠷᠬᠡᠢ᠌ᠯᠡᠯ ᠲᠡᠮᠳᠡᠭ᠎ᠢ ᠵᠢᠷᠤᠵᠤ ᠲᠥᠯᠥᠪᠯᠡᠬᠦ ᠠᠵᠢᠯ᠎ᠢ ᠥᠷᠨᠢᠭᠦᠯᠦᠭᠰᠡᠨ᠎ᠠᠴᠠ ᠨᠠᠭ᠋ᠠᠰᠢ᠂ ᠴᠢᠩᠬᠤᠸᠠ ᠶᠡᠬᠡ  ᠰᠤᠷᠭ᠋ᠠᠭᠤᠯᠢ ᠵᠢᠨ ᠤᠷᠠᠨ ᠵᠢᠷᠤᠭ᠎ᠤᠨ ᠳᠡᠭᠡᠳᠦ ᠰᠤᠷᠭ᠋ᠠᠭᠤᠯᠢ᠂ ᠪᠡᠭᠡᠵᠢᠩ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠤᠷᠠᠯᠢᠭ ᠬᠢᠭᠡᠳ ᠵᠠᠭᠤᠴᠢᠯᠠᠭᠤᠷ᠎ᠤᠨ  ᠳᠡᠭᠡᠳᠦ ᠰᠤᠷᠭ᠋ᠠᠭᠤᠯᠢ᠂ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠤᠷᠠᠨ ᠵᠢᠷᠤᠭ᠎ᠤᠨ ᠳᠡᠭᠡᠳᠦ ᠰᠤᠷᠭ᠋ᠠᠭᠤᠯᠢ ᠵᠡᠷᠭᠡ ᠨᠢᠭᠡ ᠪᠦᠯᠦᠭ  ᠲᠤᠰᠬᠠᠢ ᠮᠡᠷᠭᠡᠵᠢᠯ᠎ᠤᠨ ᠪᠦᠯᠭᠦᠮ ᠲᠥᠰᠥᠯ᠎ᠤᠨ ᠵᠢᠷᠤᠵᠤ ᠲᠥᠯᠥᠪᠯᠡᠬᠦ᠎ᠳᠤ ᠣᠷᠣᠯᠴᠠᠵᠤ᠂ ᠨᠡᠶ᠋ᠢᠳᠠ 234 ᠤᠮᠠᠷᠠᠲᠤ ᠬᠢᠯᠢ ᠵᠢᠨ ᠰᠣᠶᠣᠯ᠎ᠤᠨ ᠢᠯᠡᠷᠬᠡᠢ᠌ᠯᠡᠯ  ᠲᠡᠮᠳᠡᠭ᠎ᠢ ᠵᠢᠷᠤᠵᠤ ᠲᠥᠯᠥᠪᠯᠡᠭᠰᠡᠨ ᠲᠥᠰᠥᠯ᠎ᠢ ᠴᠤᠭᠯᠠᠭᠤᠯᠪᠠ᠃ ᠲᠤᠰᠬᠠᠢ ᠮᠡᠷᠭᠡᠵᠢᠯᠲᠡᠨ᠎ᠤ ᠣᠯᠠᠨ ᠤᠳᠠᠭ᠋ᠠᠨ᠎ᠤ ᠰᠢᠯᠭ᠋ᠠᠷᠠᠭᠤᠯᠤᠯᠲᠠ᠎ᠪᠠᠷ ᠳᠡᠮᠵᠢᠵᠤ᠂  ᠴᠢᠩᠬᠤᠸᠠ ᠶᠡᠬᠡ ᠰᠤᠷᠭ᠋ᠠᠭᠤᠯᠢ ᠵᠢᠨ ᠤᠷᠠᠨ ᠵᠢᠷᠤᠭ᠎ᠤᠨ ᠳᠡᠭᠡᠳᠦ ᠰᠤᠷᠭ᠋ᠠᠭᠤᠯᠢ ᠵᠢᠨ ᠵᠢᠷᠤᠵᠤ ᠲᠥᠯᠥᠪᠯᠡᠭᠰᠡᠨ ᠤᠮᠠᠷᠠᠲᠤ ᠬᠢᠯᠢ ᠵᠢᠨ ᠰᠣᠶᠣᠯ᠎ᠤᠨ ᠢᠯᠡᠷᠬᠡᠢ᠌ᠯᠡᠯ  ᠲᠡᠮᠳᠡᠭ ᠡᠴᠦᠰ᠎ᠲᠡᠭᠡᠨ ᠰᠢᠯᠭ᠋ᠠᠷᠠᠭᠤᠯᠤᠭᠳᠠᠪᠠ᠃
       ᠤᠮᠠᠷᠠᠲᠤ ᠬᠢᠯᠢ ᠵᠢᠨ ᠰᠣᠶᠣᠯ᠎ᠤᠨ ᠢᠯᠡᠷᠬᠡᠢ᠌ᠯᠡᠯ ᠲᠡᠮᠳᠡᠭ᠎ᠨᠢ ᠪᠦᠬᠦᠯᠢ ᠴᠣᠭᠴᠠ᠎ᠪᠠᠷ ᠵᠶ᠋ᠠᠨ ᠤᠯᠠᠭ᠋ᠠᠨ ᠲᠤᠭ᠎ᠤᠨ ᠭᠡᠯᠪᠡᠷᠢ᠎ᠲᠠᠢ ᠪᠠᠢ᠌ᠵᠤ᠂  ᠤᠯᠠᠭ᠋ᠠᠨ  ᠥᠩᠭᠡ᠎ᠪᠠᠷ ᠭᠣᠣᠯᠯᠠᠵᠤ᠂ ᠨᠠᠮ᠎ᠤᠨ ᠤᠳᠤᠷᠢᠳᠤᠯᠭ᠎ᠠ ᠳᠣᠣᠷ᠎ᠠ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠤᠪᠢᠰᠬᠠᠯ᠎ᠤᠨ  ᠤᠳᠤᠮᠰᠢᠯ ᠵᠶ᠋ᠠᠨ ᠤᠯᠠᠮᠵᠢᠯᠠᠨ ᠵᠠᠯᠭ᠋ᠠᠮᠵᠢᠯᠠᠬᠤ ᠵᠢ ᠪᠡᠯᠭᠡᠳᠡᠭᠰᠡᠨ ᠪᠠᠢ᠌ᠨ᠎ᠠ᠃ ᠵᠡᠭᠦᠨ᠎ᠠᠴᠠ ᠪᠠᠷᠠᠭᠤᠨᠰᠢ ᠢᠯᠡᠷᠬᠡᠢ᠌ᠯᠡᠯ ᠲᠡᠮᠳᠡᠭ᠎ᠤᠨ ᠡᠮᠦᠨ᠎ᠡ ᠦᠵᠦᠭᠦᠷ᠎ᠨᠢ  ᠮᠣᠷᠢᠨ᠎ᠤ ᠲᠣᠯᠣᠭ᠋ᠠᠢ᠂ ᠬᠣᠢ᠌ᠲᠤ ᠦᠵᠦᠭᠦᠷ᠎ᠨᠢ ᠬᠡᠢ᠌ᠰᠴᠦ ᠪᠠᠢ᠌ᠭ᠎ᠠ ᠲᠠᠯ ᠪᠠᠢ᠌ᠵᠤ᠂ ᠬᠠᠷᠠᠭ᠋ᠠᠨ ᠰᠡᠷᠡᠯ᠎ᠤᠨ ᠲᠠᠯ᠎ᠠ᠎ᠪᠠᠷ ᠳᠠᠪᠬᠢᠨ ᠤᠷᠤᠭᠰᠢᠯᠠᠵᠤ ᠪᠠᠢ᠌ᠭ᠎ᠠ  ᠮᠣᠩᠭᠣᠯ ᠮᠣᠷᠢᠨ᠎ᠤ ᠳᠦᠷᠰᠦ ᠪᠠᠢ᠌ᠳᠠᠯ ᠢᠯᠡᠷᠡᠵᠦ᠂ 《ᠬᠦᠴᠢᠷ ᠪᠡᠷᠬᠡᠰᠢᠶᠡᠯ᠎ᠢ ᠳᠠᠭ᠋ᠠᠭ᠋ᠠᠵᠤ᠂ ᠴᠤᠴᠠᠰᠢ ᠦᠭᠡᠢ ᠤᠷᠤᠭᠰᠢᠯᠠᠵᠤ᠂  ᠵᠣᠷᠢᠭᠰᠠᠨ᠎ᠳᠠᠭᠠᠨ ᠵᠠᠪᠠᠯ  ᠬᠦᠷᠬᠦ》 ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠪᠡᠯᠭᠡᠳᠡᠵᠡᠢ᠃ ᠤᠯᠠᠭ᠋ᠠᠨ ᠲᠤᠭ ᠢᠯᠡᠷᠬᠡᠢ᠌ᠯᠡᠯ ᠲᠡᠮᠳᠡᠭ᠎ᠤᠨ ᠳᠣᠣᠷ᠎ᠠ ᠦᠵᠦᠭᠦᠷ᠎ᠨᠢ ᠤᠷᠲᠤ ᠴᠠᠭ᠋ᠠᠨ ᠬᠡᠷᠡᠮ᠂  ᠬᠠᠲᠤᠨ ᠭᠣᠣᠯ᠎ᠤᠨ  《ᠲᠣᠬᠣᠢ ᠵᠢᠨ ᠬᠡᠰᠡᠭ》 ᠪᠠ ᠲᠠᠯ᠎ᠠ ᠨᠤᠲᠤᠭ ᠪᠣᠯᠣᠨ᠎ᠠ᠃ ᠣᠷᠳᠣ ᠴᠠᠭ᠋ᠠᠨ ᠬᠡᠷᠡᠮ ᠪᠣᠯᠣᠨ ᠬᠠᠲᠤᠨ ᠭᠣᠣᠯ ᠥᠪᠥᠷ ᠮᠣᠩᠭᠣᠯ᠎ᠳᠤ  ᠲᠠᠪᠤᠳᠠ  ᠵᠣᠯᠭ᠋ᠠᠵᠤ᠂ ᠳᠤᠮᠳᠠᠳᠤ ᠵᠢᠨ ᠪᠣᠯᠪᠠᠰᠤᠨ᠎ᠤ ᠭᠡᠷᠡᠯ ᠰᠠᠴᠤᠷᠠᠩᠭᠤᠢ ᠠᠮᠵᠢᠯᠲᠠ ᠵᠢ ᠠᠴᠢᠶᠠᠯᠠᠵᠤ᠂  ᠤᠮᠠᠷᠠᠲᠤ ᠬᠢᠯᠢ ᠵᠢᠨ ᠡᠬᠡ ᠭᠠᠵᠠᠷ ᠳᠡᠭᠡᠷᠡᠬᠢ  ᠭᠦᠨ ᠵᠤᠵᠠᠭ᠋ᠠᠨ ᠲᠡᠦᠬᠡ ᠰᠣᠶᠣᠯ ᠪᠠ ᠡᠯᠪᠡᠭ ᠪᠠᠶᠠᠯᠢᠭ ᠰᠣᠶᠣᠯ ᠢᠷᠭᠡᠨᠰᠢᠯ᠎ᠤᠨ ᠡᠬᠢ ᠪᠠᠶᠠᠯᠢᠭ᠎ᠢ ᠢᠯᠡᠷᠡᠭᠦᠯᠪᠡ᠃ ᠤᠯᠠᠭ᠋ᠠᠨ ᠲᠤᠭ᠎ᠤᠨ ᠵᠢᠭ᠋ᠠᠭᠰᠠᠨ ᠴᠢᠭᠯᠡᠯ  ᠪᠣᠯ ᠮᠣᠩᠭᠣᠯ ᠮᠣᠷᠢᠨ᠎ᠤ ᠳᠡᠭᠦᠯᠢᠨ ᠤᠷᠤᠭᠰᠢᠯᠠᠬᠤ ᠴᠢᠭᠯᠡᠯ ᠮᠥᠨ᠂ ᠨᠠᠮ᠎ᠤᠨ ᠤᠳᠤᠷᠢᠳᠤᠯᠭ᠎ᠠ ᠳᠣᠣᠷ᠎ᠠ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ  ᠠᠷᠠᠳ ᠲᠦᠮᠡᠨ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ᠂ ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ᠂ ᠳᠤᠮᠳᠠᠳᠤ ᠤᠯᠤᠰ᠎ᠤᠨ ᠮᠠᠶᠢᠭ᠎ᠤᠨ  ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠵᠢ ᠪᠡᠯᠭᠡᠳᠡᠪᠡ᠃ ᠢᠯᠡᠷᠬᠡᠢ᠌ᠯᠡᠯ ᠲᠡᠮᠳᠡᠭ᠎ᠤᠨ ᠪᠠᠷᠠᠭᠤᠨ ᠳᠡᠭᠡᠷ᠎ᠡ  ᠲᠠᠯ᠎ᠠ᠎ᠳᠠᠬᠢ 《ᠤᠮᠠᠷᠠᠲᠤ ᠬᠢᠯᠢ ᠵᠢᠨ ᠰᠣᠶᠣᠯ》᠎ᠤᠨ ᠲᠠᠮᠠᠭ᠎ᠠ᠎ᠨᠢ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠠᠭᠤᠯᠤᠭᠳᠠᠬᠤᠨ ᠪᠠ ᠭᠦᠭ ᠠᠶᠠᠰ᠎ᠢ  ᠬᠦᠴᠦᠯᠡᠨ ᠢᠯᠡᠷᠡᠭᠦᠯᠵᠡᠢ᠃   

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ