ᠢᠯᠠ ᠲᠣᠳᠣ ᠰᠣᠶᠣᠯ᠎ᠤᠨ ᠣᠨᠴᠠᠯᠢᠭᠲᠤ ᠰᠠᠭᠤᠷᠢᠯᠠᠵᠤ 《ᠤᠮᠠᠷᠠᠲᠤ ᠬᠢᠯᠢ ᠵᠢᠨ ᠰᠣᠶᠣᠯ》᠎ᠤᠨ ᠲᠦᠷᠦᠯ ᠲᠡᠮᠳᠡᠭ᠎ᠢ ᠡᠭᠦᠳᠦᠶ᠎ᠡ
ᠨᠡᠶ᠋ᠢᠲᠡᠯᠡᠭᠰᠡᠨ ᠴᠠᠭ᠄ 2024-01-14
ᠥᠪᠥᠷ ᠮᠣᠩᠭᠣᠯ ᠭᠦᠨ ᠵᠤᠵᠠᠭ᠋ᠠᠨ ᠰᠣᠶᠣᠯ᠎ᠤᠨ ᠲᠤᠨᠳᠠᠰᠤ᠎ᠲᠠᠢ᠂ ᠡᠷᠲᠡᠨ᠎ᠠᠴᠠ ᠠᠪᠤᠭ᠋ᠠᠳ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠴᠢᠬᠤᠯᠠ ᠨᠡᠪᠲᠡᠷᠡᠬᠦ ᠵᠠᠮ᠂ ᠲᠠᠷᠢᠶᠠᠯᠠᠬᠤ ᠪᠣᠯᠪᠠᠰᠤᠨ ᠬᠢᠭᠡᠳ ᠨᠡᠭᠦᠳᠡᠯ ᠮᠠᠯᠵᠢᠯ᠎ᠤᠨ ᠪᠣᠯᠪᠠᠰᠤᠨ᠎ᠤ ᠠᠭᠤᠰᠤᠯᠴᠠᠯ᠎ᠤᠨ ᠭᠣᠣᠯ ᠣᠷᠣᠨ ᠪᠦᠰᠡ ᠪᠣᠯᠣᠨ᠎ᠠ᠃ ᠣᠷᠳᠣ ᠬᠤᠭᠤᠴᠠᠭ᠋ᠠᠨ᠎ᠤ ᠲᠤᠷᠰᠢ᠂ ᠡᠯ᠎ᠡ ᠦᠨᠳᠦᠰᠦᠲᠡᠨ᠎ᠤ ᠰᠣᠶᠣᠯ ᠬᠠᠷᠢᠯᠴᠠᠨ ᠠᠭᠤᠰᠤᠯᠴᠠᠵᠤ ᠬᠠᠷᠢᠯᠴᠠᠨ ᠰᠣᠯᠢᠯᠴᠠᠵᠤ ᠬᠠᠷᠢᠯᠴᠠᠨ ᠲᠣᠯᠢ ᠪᠣᠯᠭ᠋ᠠᠨ ᠬᠥᠭᠵᠢᠬᠦ᠎ᠪᠠᠷ ᠲᠠᠮᠵᠢᠨ ᠣᠷᠣᠨ ᠪᠦᠰᠡ ᠵᠢᠨ ᠣᠨᠴᠠᠯᠢᠭ᠎ᠲᠠᠢ 《ᠤᠮᠠᠷᠠᠲᠤ ᠬᠢᠯᠢ ᠵᠢᠨ ᠰᠣᠶᠣᠯ》᠎ᠢ ᠪᠦᠷᠢᠯᠳᠦᠭᠦᠯᠪᠡ᠃ 《ᠤᠮᠠᠷᠠᠲᠤ ᠬᠢᠯᠢ ᠵᠢᠨ ᠰᠣᠶᠣᠯ》᠎ᠤᠨ ᠢᠯᠡ ᠲᠣᠳᠣ ᠣᠨᠴᠠᠯᠢᠭ ᠰᠢᠨᠵᠢ᠎ᠨᠢ ᠲᠣᠮᠳᠠᠳᠣ ᠵᠢᠨ ᠰᠢᠯᠢᠳᠡᠭ ᠤᠯᠠᠮᠵᠢᠯᠠᠯᠲᠤ ᠰᠣᠶᠣᠯ᠎ᠳᠤ ᠰᠢᠩᠭᠡᠨ ᠠᠭᠤᠰᠴᠤ ᠪᠠᠢ᠌ᠳᠠᠭ᠎ᠠᠴᠠ ᠳᠤᠮᠳᠠᠳᠤ ᠵᠢᠨ ᠰᠣᠶᠣᠯ᠎ᠤᠨ ᠴᠢᠬᠤᠯᠠ ᠪᠦᠷᠢᠯᠳᠦᠭᠦᠨ ᠬᠡᠰᠡᠭ ᠪᠤᠯᠬᠤ ᠶᠤᠮ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠪᠦᠭᠦ ᠲᠠᠯ᠎ᠠ᠎ᠪᠠᠷ ᠠᠬᠢᠭᠤᠯᠬᠤ ᠶᠠᠪᠤᠴᠠ᠎ᠳᠤ 《ᠤᠮᠠᠷᠠᠲᠤ ᠬᠢᠯᠢ ᠵᠢᠨ ᠰᠣᠶᠣᠯ》᠎ᠢ ᠰᠠᠢ᠌ᠲᠤᠷ ᠪᠦᠲᠦᠭᠡᠨ ᠪᠠᠶ᠋ᠢᠭᠤᠯᠬᠤ ᠪᠣᠯ 《ᠬᠣᠶᠠᠳᠠᠭᠢ ᠤᠶᠠᠯᠳᠤᠯ》᠎ᠢ ᠦᠢ᠍ᠯᠡᠳᠦᠯᠭᠡᠵᠢᠭᠦᠯᠬᠦ ᠵᠢᠨ ᠴᠢᠬᠤᠯᠠ ᠠᠭᠤᠯᠭ᠎ᠠ ᠮᠥᠨ᠂ ᠡᠨᠡ᠎ᠨᠢ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠬᠥᠭᠵᠢᠭᠦᠯᠬᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃
《ᠤᠮᠠᠷᠠᠲᠤ ᠬᠢᠯᠢ ᠵᠢᠨ ᠰᠣᠶᠣᠯ》᠎ᠤᠨ ᠪᠠᠢ᠌ᠭᠤᠯᠤᠯᠲᠠ ᠵᠢ ᠠᠬᠢᠭᠤᠯᠬᠤ ᠵᠢᠨ ᠴᠢᠬᠤᠯᠠ ᠶᠡᠬᠡ ᠲᠡᠦᠬᠡᠲᠦ ᠠᠴᠢ ᠬᠣᠯᠪᠣᠭᠳᠠᠯ
《ᠤᠮᠠᠷᠠᠲᠤ ᠬᠢᠯᠢ ᠵᠢᠨ ᠰᠣᠶᠣᠯ》᠎ᠤᠨ ᠲᠦᠷᠦᠯ ᠲᠡᠮᠳᠡᠭ᠎ᠢ ᠡᠭᠦᠳᠬᠦ ᠪᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠵᠤ᠂ ᠳᠤᠮᠳᠠᠳᠤ ᠵᠢᠨ ᠦᠨᠳᠦᠰᠦᠲᠡᠨ᠎ᠤ ᠤᠳᠤ ᠦᠶ᠎ᠡ ᠵᠢᠨ ᠪᠣᠯᠪᠠᠰᠤᠨ᠎ᠤ ᠪᠠᠢ᠌ᠭᠤᠯᠤᠯᠲᠠ᠎ᠳᠤ ᠠᠭᠤᠰᠤᠯᠴᠠᠬᠤ ᠴᠢᠬᠤᠯᠠ ᠭᠠᠷᠳᠠᠴᠠ ᠪᠣᠯᠣᠨ᠎ᠠ᠃ 《ᠤᠮᠠᠷᠠᠲᠤ ᠬᠢᠯᠢ ᠵᠢᠨ ᠰᠣᠶᠣᠯ》᠎ᠨᠢ ᠳᠤᠮᠳᠠᠳᠤ ᠵᠢᠨ ᠰᠣᠶᠣᠯ᠎ᠤᠨ ᠴᠢᠬᠤᠯᠠ ᠰᠠᠯᠪᠤᠷᠢ ᠪᠣᠯᠤᠭᠰᠠᠨ᠎ᠤ ᠬᠤᠪᠢ᠎ᠳᠤ᠂ ᠳᠤᠮᠳᠠᠳᠤ ᠵᠢᠨ ᠦᠨᠳᠦᠰᠦᠲᠡᠨ᠎ᠤ 《ᠦᠨᠳᠦᠰᠦ ᠪᠠ ᠰᠦᠭ ᠰᠦᠨᠡᠰᠦ》 ᠵᠢᠨ ᠭᠦᠨ ᠵᠤᠵᠠᠭ᠋ᠠᠨ ᠠᠭᠤᠯᠬᠤᠨ᠎ᠲᠠᠢ ᠮᠥᠷᠲᠡᠭᠡᠨ ᠢᠯᠡ ᠲᠣᠳᠣ ᠭᠠᠵᠠᠷ ᠣᠷᠣᠨ ᠦᠨᠳᠦᠰᠦᠲᠡᠨ᠎ᠤ ᠣᠨᠴᠠᠯᠢᠭ᠎ᠲᠠᠢ᠃ 《ᠤᠮᠠᠷᠠᠲᠤ ᠬᠢᠯᠢ ᠵᠢᠨ ᠰᠣᠶᠣᠯ》᠎ᠢ ᠪᠠᠢ᠌ᠭᠣᠯᠬᠣ᠎ᠨᠢ ᠤᠯᠠᠨ ᠡᠰᠢᠲᠦ ᠨᠢᠭᠡ ᠴᠣᠭᠴᠠᠵᠢᠭᠤᠯᠤᠭᠰᠠᠨ ᠳᠤᠮᠳᠠᠳᠤ ᠵᠢᠨ ᠪᠣᠯᠪᠠᠰᠤᠨ᠎ᠢ ᠨᠡᠩ ᠰᠠᠢ᠌ᠲᠤᠷ ᠢᠯᠡᠷᠡᠭᠦᠯᠵᠦ ᠴᠢᠳᠠᠨ᠎ᠠ᠂ ᠬᠢᠯᠢ ᠬᠢᠵᠠᠭ᠋ᠠᠷ ᠣᠷᠣᠨ᠎ᠤ ᠦᠨᠳᠦᠰᠦᠲᠡᠨ᠎ᠤ ᠪᠦᠯᠬᠦᠮᠳᠡᠯ᠎ᠢ ᠬᠠᠮᠠᠭ᠋ᠠᠯᠠᠬᠤ᠂ ᠳᠤᠮᠳᠠᠳᠤ ᠵᠢᠨ ᠦᠨᠳᠦᠰᠦᠲᠡᠨ᠎ᠤ ᠤᠳᠤ ᠦᠶ᠎ᠡ ᠵᠢᠨ ᠪᠣᠯᠪᠠᠰᠤᠨ᠎ᠤ ᠠᠭᠤᠯᠤᠭᠳᠠᠬᠤᠨ᠎ᠢ ᠪᠠᠶᠠᠯᠢᠭᠵᠢᠭᠤᠯᠬᠤ ᠴᠢᠬᠤᠯᠠ ᠢᠨᠵᠧᠨᠧᠷᠢᠩ ᠪᠣᠯᠣᠨ᠎ᠠ᠃
《ᠤᠮᠠᠷᠠᠲᠤ ᠬᠢᠯᠢ ᠵᠢᠨ ᠰᠣᠶᠣᠯ》᠎ᠤᠨ ᠲᠦᠷᠦᠯ ᠲᠡᠮᠳᠡᠭ᠎ᠢ ᠡᠭᠦᠳᠬᠦ ᠪᠣᠯ ᠬᠣᠶᠠᠷ ᠶᠡᠬᠡ ᠶᠠᠪᠤᠳᠠᠯ᠎ᠢ ᠨᠡᠩ ᠰᠠᠢ᠌ᠲᠤᠷ ᠠᠬᠢᠭᠤᠯᠵᠤ᠂ ᠴᠢᠨᠠᠷ ᠰᠠᠢ᠌ᠲᠠᠢ ᠬᠥᠭᠵᠢᠯᠲᠡ ᠵᠢ ᠪᠡᠶᠡᠯᠡᠭᠦᠯᠬᠦ ᠵᠣᠷᠢᠭ ᠰᠠᠨᠠᠭ᠋ᠠᠨ᠎ᠤ ᠵᠢᠯᠣᠭᠣᠳᠤᠯᠭ᠎ᠠ ᠪᠠ ᠦᠷᠳᠡᠭ᠎ᠤᠨ ᠵᠢᠷᠤᠮᠯᠠᠯ ᠪᠤᠯᠬᠣ ᠶᠤᠮ᠃ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠰᠢᠨ᠎ᠡ ᠠᠶᠠᠨ᠎ᠳᠤ᠂ ᠥᠪᠥᠷ ᠮᠣᠩᠭᠣᠯ ᠰᠢᠨ᠎ᠡ ᠵᠠᠮ ᠨᠡᠭᠡᠭᠡᠨ ᠤᠷᠤᠭᠰᠢᠯᠠᠬᠤ᠎ᠳᠤ ᠦᠵᠡᠯ ᠰᠠᠨᠠᠭ᠋ᠠᠨ᠎ᠤ ᠲᠠᠯ᠎ᠠ᠎ᠪᠠᠷ ᠨᠢᠭᠡᠳᠦᠯᠲᠡᠢ ᠤᠳᠤᠷᠢᠳᠬᠤ ᠴᠢᠨᠠᠷ ᠪᠦᠬᠦᠢ ᠬᠦᠴᠦᠷᠬᠡᠭ ᠶᠡᠬᠡ ᠤᠶᠤᠨ ᠰᠠᠨᠠᠭ᠋ᠠᠨ᠎ᠤ ᠴᠥᠮ᠎ᠡ ᠬᠡᠷᠡᠭᠲᠡᠢ ᠪᠠᠢ᠌ᠵᠤ᠂ ᠠᠷᠠᠳ ᠲᠦᠮᠡᠨ᠎ᠤ ᠬᠠᠮᠲᠤ ᠵᠢᠨ ᠦᠷᠳᠡᠭ᠎ᠤᠨ ᠬᠥᠭᠡᠭᠡᠴᠡᠯᠳᠦᠯ᠎ᠢ ᠨᠢᠭᠲᠠᠷᠠᠭᠤᠯᠬᠤ ᠬᠡᠷᠡᠭᠲᠡᠢ᠃ 《ᠤᠮᠠᠷᠠᠲᠤ ᠬᠢᠯᠢ ᠵᠢᠨ ᠰᠣᠶᠣᠯ》᠎ᠤᠨ ᠪᠠᠢ᠌ᠭᠤᠯᠤᠯᠲᠠ᠎ᠨᠢ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠰᠣᠶᠣᠯ᠎ᠤᠨ ᠲᠠᠨᠢᠯᠲᠠ ᠵᠢ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠪᠠᠢ᠌ᠭᠤᠯᠬᠤ᠎ᠳᠤ ᠠᠰᠢᠭᠲᠠᠢ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠭᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠤᠶᠤᠨ ᠰᠠᠨᠠᠭ᠋ᠠᠨ᠎ᠤ ᠲᠤᠯᠭ᠋ᠠᠭᠤᠷᠢᠯᠠᠯ ᠬᠠᠩᠭ᠋ᠠᠨ᠎ᠠ᠃
《ᠤᠮᠠᠷᠠᠲᠤ ᠬᠢᠯᠢ ᠵᠢᠨ ᠰᠣᠶᠣᠯ》᠎ᠤᠨ ᠲᠦᠷᠦᠯ ᠲᠡᠮᠳᠡᠭ᠎ᠢ ᠡᠭᠦᠳᠬᠦ ᠪᠣᠯ ᠠᠷᠠᠳ ᠲᠦᠮᠡᠨ ᠵᠶ᠋ᠡᠷ ᠭᠣᠣᠯ ᠪᠤᠯᠭ᠋ᠠᠬᠰᠠᠨ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠬᠠᠮᠲᠤ᠎ᠪᠠᠷ ᠪᠠᠶᠠᠵᠢᠬᠤ ᠵᠢ ᠪᠡᠶᠡᠯᠡᠭᠦᠯᠬᠦ ᠵᠢ ᠠᠬᠢᠭᠤᠯᠬᠤ ᠴᠢᠬᠤᠯᠠ ᠦᠢ᠍ᠯᠡᠳᠦᠯᠭᠡ ᠪᠠ ᠵᠠᠢ᠌ᠯᠠᠰᠢ ᠦᠭᠡᠢ ᠱᠠᠭ᠋ᠠᠷᠳᠠᠯᠭ᠎ᠠ ᠪᠣᠯᠣᠨ᠎ᠠ᠃ ᠪᠦᠭᠦ ᠠᠷᠠᠳ ᠲᠦᠮᠡᠨ᠎ᠤ ᠬᠠᠮᠲᠤ᠎ᠪᠠᠷ ᠪᠠᠶᠠᠵᠢᠬᠤ ᠵᠢ ᠠᠬᠢᠭᠤᠯᠬᠤ᠎ᠳᠤ ᠠᠷᠠᠳ ᠤᠯᠠᠨ᠎ᠤ ᠪᠣᠳᠠᠰ᠎ᠤᠨ ᠠᠮᠢᠳᠤᠷᠠᠯ ᠪᠠ ᠤᠶᠤᠨ᠎ᠤ ᠠᠮᠢᠳᠤᠷᠠᠯ᠎ᠤᠨ ᠲᠠᠯ᠎ᠠ᠎ᠪᠠᠷ ᠴᠥᠮ ᠪᠠᠶᠠᠵᠢᠬᠤ ᠵᠢ ᠪᠠᠲᠤᠯᠠᠵᠤ᠂ ᠠᠷᠠᠳ ᠤᠯᠠᠨ᠎ᠤ ᠤᠯᠠᠨ ᠶᠠᠩᠵᠤ ᠵᠢᠨ᠂ ᠤᠯᠠᠨ ᠲᠡᠰ ᠳᠠᠪᠬᠤᠷᠭ᠎ᠠ ᠵᠢᠨ᠂ ᠤᠯᠠᠨ ᠲᠠᠯ᠎ᠠ ᠵᠢᠨ ᠤᠶᠤᠨ᠎ᠤ ᠪᠠ ᠰᠣᠶᠣᠯ᠎ᠤᠨ ᠬᠡᠷᠡᠭᠴᠡᠭᠡ ᠵᠢ ᠲᠠᠰᠤᠷᠠᠯᠳᠠ ᠦᠭᠡᠢ ᠬᠠᠩᠭ᠋ᠠᠬᠤ ᠬᠡᠷᠡᠭᠲᠡᠢ᠃ ᠣᠢ᠌ᠷ᠎ᠠ ᠵᠢᠨ ᠵᠢᠯ᠎ᠠᠴᠠ᠂ ᠥᠪᠥᠷ ᠮᠣᠩᠭᠣᠯ᠎ᠤᠨ 《ᠤᠯᠠᠭ᠋ᠠᠨᠮᠥ᠋ᠴᠢᠷ᠎ᠢ ᠬᠦᠨᠳᠦᠳᠬᠡᠬᠦ》᠎ᠪᠠᠷ ᠭᠣᠣᠯ ᠰᠡᠳᠦᠪ ᠪᠣᠯᠭ᠋ᠠᠨ ᠡᠷᠭᠢᠯᠡᠭᠰᠡᠨ ᠡᠯ᠎ᠡ ᠵᠦᠢ᠍ᠯ᠎ᠤᠨ ᠤᠳᠬ᠎ᠠ ᠤᠷᠠᠯᠢᠭ᠎ᠤᠨ ᠠᠵᠢᠯᠯᠠᠭ᠎ᠠ᠎ᠨᠢ ᠠᠷᠠᠳ ᠲᠦᠮᠡᠨ᠎ᠢ ᠳᠡᠭᠡᠳᠦᠯᠡᠬᠦ ᠣᠢ᠌ᠯᠠᠭ᠋ᠠᠭᠳᠠᠬᠤᠨ᠎ᠢ ᠭᠦᠢ᠍ᠴᠡᠳ ᠢᠯᠡᠷᠡᠭᠦᠯᠵᠦ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠤᠳᠬ᠎ᠠ ᠤᠷᠠᠯᠢᠭ᠎ᠤᠨ ᠵᠣᠬᠢᠶᠠᠨ ᠪᠦᠲᠦᠭᠡᠬᠦ ᠤᠷᠮ᠎ᠠ ᠵᠣᠷᠢᠭ᠎ᠢ ᠬᠥᠭᠵᠢᠭᠡᠵᠦ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠤᠶᠤᠨ ᠰᠠᠨᠠᠭ᠎ᠠ ᠰᠣᠶᠣᠯ᠎ᠤᠨ ᠠᠮᠢᠳᠤᠷᠠᠯ᠎ᠢ ᠣᠢ᠌ᠯᠠᠭ᠋ᠠᠬᠤ ᠲᠥᠷᠥᠭᠳᠡᠯ᠂ ᠬᠦᠷᠲᠡᠮᠵᠢ ᠵᠢᠨ ᠲᠥᠷᠥᠭᠳᠡᠯ ᠪᠠ ᠵᠢᠷᠭ᠋ᠠᠯᠲᠤ ᠲᠥᠷᠥᠭᠳᠡᠯ᠎ᠢ ᠳᠡᠭᠡᠭᠰᠢᠯᠡᠭᠦᠯᠦᠭᠰᠡᠨ ᠪᠠᠢ᠌ᠨ᠎ᠠ᠃
《ᠤᠮᠠᠷᠠᠲᠤ ᠬᠢᠯᠢ ᠵᠢᠨ ᠰᠣᠶᠣᠯ》᠎ᠤᠨ ᠤᠨᠤᠯ᠎ᠤᠨ ᠠᠭᠤᠯᠤᠭᠳᠠᠬᠤᠨ ᠬᠢᠭᠡᠳ ᠦᠨᠳᠦᠰᠦᠨ ᠣᠨᠴᠠᠯᠢᠭ
《ᠤᠮᠠᠷᠠᠲᠤ ᠬᠢᠯᠢ ᠵᠢᠨ ᠰᠣᠶᠣᠯ》᠎ᠨᠢ ᠳᠤᠮᠳᠠᠳᠤ ᠵᠢᠨ ᠰᠣᠶᠣᠯ᠎ᠲᠠᠢ ᠤᠳᠤᠮ ᠨᠢᠭᠡᠲᠡᠢ ᠪᠠᠢ᠌ᠵᠤ᠂ ᠡᠯᠪᠡᠭ ᠪᠠᠶᠠᠯᠢᠭ ᠤᠶᠤᠨ ᠰᠠᠨᠠᠭ᠋ᠠᠨ᠎ᠤ ᠠᠭᠤᠯᠤᠭᠳᠠᠬᠤᠨ ᠪᠠ ᠴᠠᠭ ᠦᠶ᠎ᠡ ᠵᠢᠨ ᠠᠭᠤᠯᠤᠭᠳᠠᠬᠤᠨ᠎ᠲᠠᠢ ᠶᠤᠮ᠃ 《ᠤᠮᠠᠷᠠᠲᠤ ᠬᠢᠯᠢ ᠵᠢᠨ ᠰᠣᠶᠣᠯ》 ᠪᠣᠯ ᠬᠡᠳᠦᠨ ᠮᠢᠩᠭ᠋ᠠᠨ ᠵᠢᠯ᠎ᠤᠨ ᠰᠣᠯᠢᠯᠴᠠᠭ᠎ᠠ ᠠᠭᠤᠰᠤᠯᠴᠠᠯ ᠵᠶ᠋ᠠᠷ ᠳᠠᠮᠵᠢᠨ ᠪᠦᠷᠢᠯᠳᠦᠭᠰᠡᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ ᠵᠶ᠋ᠠᠷ ᠭᠣᠣᠯ ᠪᠤᠯᠭ᠋ᠠᠬᠰᠠᠨ ᠰᠣᠶᠣᠯ᠎ᠤᠨ ᠭᠡᠯᠪᠡᠷᠢ ᠪᠣᠯᠣᠨ᠎ᠠ᠂ ᠡᠯ᠎ᠡ ᠵᠦᠢ᠍ᠯ᠎ᠤᠨ ᠭᠠᠵᠠᠷ ᠣᠷᠣᠨ᠎ᠤ ᠰᠣᠶᠣᠯ ᠵᠶ᠋ᠠᠷ ᠪᠦᠷᠢᠯᠳᠦᠭᠰᠡᠨ ᠰᠣᠶᠣᠯ᠎ᠤᠨ ᠠᠭᠤᠰᠤᠯᠴᠠᠯ᠎ᠤᠨ ᠴᠣᠭᠴᠠ ᠪᠣᠯᠣᠨ᠎ᠠ᠃ ᠲᠡᠭᠦᠨ᠎ᠤ ᠮᠥᠨ ᠴᠢᠨᠠᠷ᠎ᠤᠨ ᠠᠭᠤᠯᠭ᠎ᠠ᠎ᠨᠢ ᠵᠠᠮ ᠨᠡᠭᠡᠭᠡᠨ ᠰᠢᠨ᠎ᠡ ᠵᠢ ᠡᠭᠦᠳᠬᠦ᠂ ᠵᠣᠪᠠᠭᠤᠷᠢ ᠵᠦᠳᠡᠭᠦᠷᠢ ᠵᠢ ᠳᠠᠭ᠋ᠠᠭ᠋ᠠᠬᠤ᠂ ᠬᠦᠴᠦᠷᠬᠡᠭᠵᠢᠬᠦ᠎ᠪᠠᠷ ᠬᠦᠴᠦᠯᠡᠨ ᠴᠢᠷᠮᠠᠢ᠌ᠬᠤ ᠵᠡᠷᠭᠡ ᠤᠶᠤᠨ ᠰᠠᠨᠠᠭ᠋ᠠᠨ᠎ᠤ ᠬᠡᠪ ᠴᠢᠨᠠᠷ ᠵᠶ᠋ᠠᠷ ᠪᠦᠷᠢᠯᠳᠦᠭᠰᠡᠨ ᠦᠷᠳᠡᠭ᠎ᠤᠨ ᠦᠵᠡᠯᠲᠡ᠎ᠪᠠᠷ ᠲᠥᠪᠯᠡᠷᠡᠩᠭᠦᠢ ᠢᠯᠡᠷᠡᠵᠦ᠂ ᠦᠷᠳᠡᠭ᠎ᠤᠨ ᠦᠵᠡᠯᠲᠡ᠎ᠳᠤ ᠰᠠᠭᠤᠷᠢᠯᠠᠨ ᠦᠷᠭᠡᠳᠦᠨ ᠲᠡᠯᠡᠵᠦ ᠪᠠᠢ᠌ᠳᠠᠭ᠂ ᠣᠷᠣᠨ ᠪᠦᠰᠡ ᠵᠢᠨ ᠣᠨᠴᠠᠯᠢᠭ᠎ᠲᠠᠢ ᠰᠣᠶᠣᠯ᠎ᠢ ᠠᠭᠤᠰᠤᠯᠴᠠᠭᠤᠯᠤᠭᠰᠠᠨ ᠰᠠᠭᠤᠷᠢᠨ ᠳᠡᠭᠡᠷ᠎ᠡ ᠤᠯᠠᠨ ᠲᠡᠰ ᠳᠠᠪᠬᠤᠷᠭ᠎ᠠ ᠵᠢᠨ ᠰᠣᠶᠣᠯ᠎ᠤᠨ ᠪᠦᠲᠦᠴᠡ ᠵᠢ ᠪᠦᠷᠢᠯᠳᠦᠭᠦᠯᠦᠭᠰᠡᠨ ᠪᠠᠢ᠌ᠨ᠎ᠠ᠃ ᠶᠡᠷᠦᠩᠬᠡᠢ᠎ᠳᠤ᠎ᠨᠢ ᠠᠪᠴᠤ ᠦᠵᠡᠪᠡᠯ 《ᠤᠮᠠᠷᠠᠲᠤ ᠬᠢᠯᠢ ᠵᠢᠨ ᠰᠣᠶᠣᠯ》 ᠪᠣᠯ ᠳᠤᠮᠳᠠᠳᠤ ᠵᠢᠨ ᠰᠣᠶᠣᠯ᠎ᠤᠨ ᠴᠢᠬᠤᠯᠠ ᠰᠠᠯᠪᠤᠷᠢ ᠮᠥᠨ᠂ ᠬᠣᠶᠠᠭᠤᠯᠠ᠎ᠪᠠᠨ 《ᠭᠣᠣᠯ ᠡᠰᠢ》 ᠪᠠ 《ᠰᠠᠯᠠᠭ᠎ᠠ ᠨᠠᠮᠠᠭ᠎ᠠ》 ᠵᠢᠨ ᠬᠠᠷᠢᠴᠠᠭ᠎ᠠ᠎ᠲᠠᠢ ᠪᠠᠢ᠌ᠳᠠᠭ᠃ ᠪᠣᠯᠪᠠᠰᠤᠨ᠎ᠤ ᠠᠭᠤᠰᠤᠯᠴᠠᠯ ᠪᠠ ᠬᠤᠪᠢᠰᠤᠯ᠎ᠢ ᠳᠠᠭ᠋ᠠᠯᠳᠤᠨ 《ᠤᠮᠠᠷᠠᠲᠤ ᠬᠢᠯᠢ ᠵᠢᠨ ᠰᠣᠶᠣᠯ》᠎ᠨᠢ ᠰᠢᠨ᠎ᠡ ᠴᠠᠭ ᠦᠶ᠎ᠡ ᠵᠢᠨ ᠠᠭᠤᠯᠬᠤᠨ᠎ᠢ ᠰᠢᠩᠭᠡᠭᠡᠬᠦ ᠵᠢᠨ ᠬᠠᠮᠲᠤ ᠪᠠᠰᠠ ᠢᠯᠡ ᠲᠣᠳᠣ ᠣᠨᠴᠠᠯᠢᠭ᠎ᠲᠠᠢ ᠪᠣᠯᠤᠭᠰᠠᠨ ᠪᠠᠢ᠌ᠨ᠎ᠠ᠃
《ᠤᠮᠠᠷᠠᠲᠤ ᠬᠢᠯᠢ ᠵᠢᠨ ᠰᠣᠶᠣᠯ》᠎ᠨᠢ ᠥᠨᠢ ᠤᠳᠠᠭ᠋ᠠᠨ ᠲᠡᠦᠬᠡ ᠵᠢᠨ ᠡᠬᠢ ᠰᠤᠷᠪᠤᠯᠵᠢ᠎ᠲᠠᠢ᠃ 《ᠤᠮᠠᠷᠠᠲᠤ ᠬᠢᠯᠢ ᠵᠢᠨ ᠰᠣᠶᠣᠯ》᠎ᠨᠢ ᠥᠨᠢ ᠤᠳᠠᠭ᠋ᠠᠨ ᠤᠯᠠᠮᠵᠢᠯᠠᠯ᠎ᠲᠠᠢ᠂ ᠰᠣᠶᠣᠯ᠎ᠤᠨ ᠴᠠᠭ ᠬᠤᠭᠤᠴᠠᠭ᠎ᠠ ᠣᠷᠣᠨ ᠵᠠᠢ ᠵᠢᠨ ᠦᠵᠡᠯᠲᠡ᠎ᠠᠴᠠ ᠦᠵᠡᠪᠡᠯ᠂ 《ᠤᠮᠠᠷᠠᠲᠤ ᠬᠢᠯᠢ ᠵᠢᠨ ᠰᠣᠶᠣᠯ》᠎ᠨᠢ ᠣᠷᠳᠣ ᠤᠳᠠᠭ᠋ᠠᠨ ᠲᠡᠦᠬᠡ ᠵᠢᠨ ᠬᠤᠪᠢᠰᠤᠯᠲᠠ ᠪᠠ ᠬᠢᠯᠢ ᠬᠢᠵᠠᠭ᠋ᠠᠷ᠎ᠤᠨ ᠬᠤᠪᠢᠷᠠᠯᠲᠠ ᠵᠢᠨ ᠳᠤᠮᠳᠠ ᠦᠨᠳᠦᠰᠦᠲᠡᠨ᠎ᠤ ᠲᠠᠨᠢᠨ ᠮᠡᠳᠡᠷᠡᠬᠦᠢ ᠵᠢᠨ ᠰᠣᠶᠣᠯ᠎ᠤᠨ ᠣᠷᠣᠨ ᠵᠠᠢ ᠵᠢ ᠪᠤᠶ ᠪᠤᠯᠭ᠋ᠠᠵᠤ᠂ ᠡᠯ᠎ᠡ ᠲᠠᠯ᠎ᠠ ᠵᠢᠨ ᠬᠦᠴᠦᠨ ᠵᠦᠢ᠍ᠯ᠎ᠤᠨ ᠦᠢ᠍ᠯᠡᠳᠦᠯᠴᠡᠯ ᠳᠣᠣᠷ᠎ᠠ ᠣᠶᠤᠨ ᠰᠠᠨᠠᠭ᠋ᠠᠨ᠎ᠤ ᠠᠭᠤᠯᠤᠭᠳᠠᠬᠤᠨ ᠵᠢᠡᠨ ᠲᠠᠰᠤᠷᠠᠯᠲᠠ ᠦᠭᠡᠢ ᠪᠠᠶᠠᠯᠢᠭᠵᠢᠭᠤᠯᠵᠠᠢ᠃ ᠪᠠᠢ᠌ᠭ᠋ᠠᠯᠢ ᠵᠢᠨ ᠨᠥᠬᠥᠴᠡᠯ᠎ᠠᠴᠠ ᠦᠵᠡᠪᠡᠯ 《ᠣᠰᠣᠨ᠎ᠤ ᠲᠤᠩᠭ᠋ᠠᠯᠠᠭ ᠡᠪᠡᠰᠦᠨ᠎ᠤ ᠰᠣᠷᠭᠣᠭ᠎ᠢ᠎ᠲᠠᠭᠠᠨ ᠨᠡᠭᠦᠳᠡᠯᠯᠡᠬᠦ》᠎ᠨᠢ ᠤᠮᠠᠷᠠᠲᠤ ᠵᠢᠨ ᠨᠡᠭᠦᠳᠡᠯᠴᠢᠨ ᠦᠨᠳᠦᠰᠦᠲᠡᠨ᠎ᠤ ᠦᠢ᠍ᠯᠡᠳᠪᠦᠷᠢᠯᠡᠯ ᠠᠮᠢᠳᠤᠷᠠᠯ᠎ᠤᠨ ᠠᠮᠢᠳᠤᠯᠢᠭ ᠵᠢᠷᠤᠭᠯᠠᠯ ᠪᠣᠯᠤᠭᠰᠠᠨ ᠪᠠᠢ᠌ᠨ᠎ᠠ; ᠡᠭᠦᠨ᠎ᠳᠤ 《ᠣᠰᠣᠨ᠎ᠤ ᠲᠤᠩᠭ᠋ᠠᠯᠠᠭ ᠡᠪᠡᠰᠦᠨ᠎ᠤ ᠰᠣᠷᠭᠣᠭ᠎ᠢ ᠲᠠᠭᠠᠨ ᠨᠡᠭᠦᠳᠡᠯᠯᠡᠬᠦ》᠎ᠨᠢ ᠤᠮᠠᠷᠠᠲᠤ ᠵᠢᠨ ᠨᠡᠭᠦᠳᠡᠯᠯᠡᠨ ᠮᠠᠯᠵᠢᠬᠤ ᠦᠨᠳᠦᠰᠦᠲᠡᠨ᠎ᠤ ᠦᠢ᠍ᠯᠡᠳᠪᠦᠷᠢᠯᠡᠯ ᠠᠮᠢᠳᠤᠷᠠᠯ᠎ᠤᠨ ᠠᠮᠢᠳᠤᠯᠢᠭ ᠵᠢᠷᠤᠭᠯᠠᠯ ᠪᠣᠯᠤᠭᠰᠠᠨ ᠪᠠᠢ᠌ᠨ᠎ᠠ; ᠤᠯᠤᠰ ᠲᠦᠷᠦ ᠵᠢᠨ ᠨᠥᠬᠥᠴᠡᠯ᠎ᠠᠴᠠ ᠠᠪᠴᠤ ᠦᠵᠡᠪᠡᠯ᠂ ᠤᠯᠠᠨ ᠡᠰᠢᠲᠦ ᠨᠢᠭᠡ ᠴᠣᠭᠴᠠᠵᠢᠭᠰᠠᠨ ᠳᠤᠮᠳᠠᠳᠤ ᠵᠢᠨ ᠪᠣᠯᠪᠠᠰᠤᠨ᠎ᠳᠤ 《ᠶᠡᠬᠡ ᠨᠢᠭᠡᠳᠦᠯ》᠎ᠤᠨ ᠤᠯᠤᠰ ᠲᠦᠷᠦ ᠵᠢᠨ ᠬᠦᠰᠡᠯ ᠱᠠᠭ᠋ᠠᠷᠳᠠᠯᠭ᠎ᠠ ᠠᠭᠤᠯᠤᠭᠳᠠᠵᠤ ᠪᠤᠢ; ᠴᠡᠷᠢᠭ᠎ᠤᠨ ᠶᠠᠪᠤᠳᠠᠯ᠎ᠤᠨ ᠨᠥᠬᠥᠴᠡᠯ᠎ᠠᠴᠠ ᠦᠵᠡᠪᠡᠯ᠂ ᠣᠨᠴᠠᠭ᠋ᠠᠶ ᠭᠠᠵᠠᠷ ᠵᠦᠢ ᠵᠢᠨ ᠣᠷᠣᠨ ᠪᠠᠢ᠌ᠷᠢ᠎ᠪᠠᠷ ᠪᠦᠷᠢᠯᠳᠦᠭᠰᠡᠨ ᠬᠢᠯᠢ ᠬᠢᠵᠠᠭ᠋ᠠᠷ᠎ᠢ ᠬᠠᠮᠠᠭ᠋ᠠᠯᠠᠬᠤ ᠰᠣᠶᠣᠯ᠎ᠨᠢ ᠬᠢᠯᠢ ᠬᠢᠵᠠᠭ᠋ᠠᠷ᠎ᠤᠨ ᠠᠮᠤᠷ ᠲᠦᠪᠰᠢᠨ ᠲᠣᠭᠲᠠᠭᠤᠨ ᠪᠠᠢ᠌ᠳᠠᠯ᠎ᠢ ᠬᠠᠮᠠᠭ᠋ᠠᠯᠠᠬᠤ᠎ᠳᠤ ᠴᠢᠬᠤᠯᠠ ᠦᠢ᠍ᠯᠡᠳᠦᠯ ᠦᠵᠡᠭᠦᠯᠵᠦ ᠪᠠᠢ᠌ᠨ᠎ᠠ; ᠭᠠᠳᠠᠭ᠋ᠠᠳᠤ᠎ᠲᠠᠢ ᠬᠠᠷᠢᠯᠴᠠᠬᠤ ᠨᠥᠬᠥᠴᠡᠯ᠎ᠠᠴᠠ ᠦᠵᠡᠪᠡᠯ᠂ ᠪᠣᠷᠣᠳᠣᠬᠣᠢ ᠵᠢᠨ ᠲᠠᠯ᠎ᠠ ᠭᠠᠵᠠᠷ᠂ ᠲᠠᠯ᠎ᠠ ᠨᠤᠲᠤᠭ᠎ᠤᠨ ᠲᠣᠷᠭ᠋ᠠᠨ ᠵᠠᠮ ᠵᠡᠷᠭᠡ ᠵᠠᠮ ᠬᠠᠷᠢᠯᠴᠠᠭ᠋ᠠᠨ᠎ᠤ ᠴᠢᠬᠤᠯᠠ ᠱᠤᠭᠤᠮ ᠲᠠᠰᠤᠷᠠᠯᠲᠠ ᠦᠭᠡᠢ ᠪᠣᠯᠪᠠᠰᠤᠨ᠎ᠤ ᠰᠢᠨ᠎ᠡ ᠭᠡᠯᠪᠡᠷᠢ ᠵᠢ ᠡᠭᠦᠳᠴᠡᠢ᠃
《ᠤᠮᠠᠷᠠᠲᠤ ᠬᠢᠯᠢ ᠵᠢᠨ ᠰᠣᠶᠣᠯ》᠎ᠨᠢ ᠲᠥᠪ ᠶᠣᠰᠣ ᠵᠢ ᠰᠠᠬᠢᠵᠤ ᠰᠢᠨ᠎ᠡ ᠵᠢ ᠡᠭᠦᠳᠬᠦ ᠠᠭᠤᠷ ᠠᠮᠢᠰᠬᠤᠯ᠎ᠢ ᠢᠯᠡᠷᠡᠭᠦᠯᠪᠡ᠃ ᠡᠷᠲᠡᠨ᠎ᠤ ᠦᠶ᠎ᠡ᠎ᠳᠤ᠂ ᠵᠦᠩᠶᠤᠸᠠᠨ ᠣᠷᠣᠨ᠎ᠤ ᠬᠠᠭ᠋ᠠᠨᠲᠤ ᠲᠦᠷᠦ ᠵᠢᠨ ᠨᠣᠶᠠᠷᠬᠠᠭᠴᠢᠳ᠎ᠤᠨ ᠬᠡᠷᠡᠭᠵᠢᠭᠦᠯᠵᠦ ᠪᠠᠢ᠌ᠭᠰᠠᠨ 《ᠰᠣᠶᠣᠯ ᠰᠤᠷᠭ᠋ᠠᠨ ᠬᠥᠮᠦᠵᠢᠯ᠎ᠢ ᠳᠦᠷᠢᠮᠵᠢᠭᠦᠯᠬᠦ》 ᠲᠦᠷᠦ ᠵᠢᠨ ᠪᠣᠳᠣᠯᠭ᠎ᠠ ᠵᠢᠴᠢ ᠡᠯ᠎ᠡ ᠦᠨᠳᠦᠰᠦᠲᠡᠨ᠎ᠤ ᠬᠣᠭᠣᠷᠣᠨᠳᠣᠭᠢ ᠰᠣᠯᠢᠯᠴᠠᠭ᠎ᠠ ᠠᠭᠤᠰᠤᠯᠴᠠᠯ᠎ᠨᠢ ᠨᠡᠭᠦᠳᠡᠯ ᠮᠠᠯᠵᠢᠯ᠎ᠤᠨ ᠪᠣᠯᠪᠠᠰᠤᠨ ᠬᠢᠭᠡᠳ ᠲᠠᠷᠢᠶᠠᠯᠠᠬᠤ ᠪᠣᠯᠪᠠᠰᠤᠨ᠎ᠢ ᠬᠠᠷᠢᠯᠴᠠᠨ ᠠᠭᠤᠰᠤᠯᠴᠠᠭᠤᠯᠵᠤ᠂ ᠰᠢᠨ᠎ᠡ ᠵᠢ ᠡᠭᠦᠳᠬᠦ ᠮᠠᠶᠢᠭ᠎ᠤᠨ ᠬᠥᠭᠵᠢᠯᠲᠡ ᠵᠢ ᠪᠡᠶᠡᠯᠡᠭᠦᠯᠵᠡᠢ᠃ ᠠᠳᠠᠯᠢ ᠪᠤᠰᠤ ᠲᠡᠦᠬᠡᠨ ᠴᠠᠭ ᠦᠶ᠎ᠡ᠎ᠳᠤ᠂ ᠵᠠᠰᠠᠭ᠎ᠤᠨ ᠡᠷᠬᠡ ᠵᠢᠨ ᠰᠣᠯᠢᠭᠳᠠᠯ ᠪᠠ ᠦᠨᠳᠦᠰᠦᠲᠡᠨ᠎ᠤ ᠨᠡᠭᠦᠳᠡᠯ᠎ᠨᠢ 《ᠤᠮᠠᠷᠠᠲᠤ ᠬᠢᠯᠢ ᠵᠢᠨ ᠰᠣᠶᠣᠯ》᠎ᠳᠤ ᠰᠢᠨ᠎ᠡ ᠠᠭᠤᠯᠬᠤᠨ ᠨᠡᠮᠡᠷᠢᠯᠡᠵᠦ᠂ 《ᠤᠮᠠᠷᠠᠲᠤ ᠬᠢᠯᠢ ᠵᠢᠨ ᠰᠣᠶᠣᠯ》 ᠨᠢ ᠤᠯᠠᠮᠵᠢᠯᠠᠨ ᠵᠠᠯᠭ᠋ᠠᠮᠵᠢᠯᠠᠬᠤ ᠪᠠ ᠲᠣᠯᠢ ᠪᠤᠯᠭ᠋ᠠᠬᠤ ᠳᠤᠮᠳᠠ ᠰᠢᠨ᠎ᠡ ᠢᠯᠡᠷᠡᠭᠦᠯᠦᠯ᠎ᠤᠨ ᠭᠡᠯᠪᠡᠷᠢ ᠵᠢ ᠡᠭᠦᠳᠦᠭᠰᠡᠨ ᠪᠠᠢ᠌ᠨ᠎ᠠ᠃ 《ᠬᠦᠴᠢᠷ ᠪᠡᠷᠬᠡ ᠵᠢ ᠲᠡᠰᠪᠦᠷᠢᠯᠡᠵᠦ᠂ ᠪᠤᠴᠠᠯᠲᠠ ᠦᠭᠡᠢ ᠲᠡᠮᠡᠦᠯᠵᠦ᠂ ᠵᠣᠷᠢᠯᠭ᠎ᠠ᠎ᠳᠠᠭᠠᠨ ᠬᠦᠷᠬᠦ ᠦᠭᠡᠢ ᠪᠣᠯ ᠶᠠᠭ᠋ᠠᠬᠢᠭᠰᠠᠨ ᠴᠤ᠌ ᠪᠤᠴᠠᠬᠤ ᠦᠭᠡᠢ》 ᠭᠡᠬᠦ ᠠᠭᠤᠯᠤᠭᠳᠠᠬᠤᠨ᠎ᠲᠠᠢ ᠮᠣᠩᠭᠣᠯ ᠮᠣᠷᠢᠨ᠎ᠤ ᠵᠣᠷᠢᠭ ᠰᠠᠨᠠᠭ᠎ᠠ᠎ᠨᠢ 《ᠤᠮᠠᠷᠠᠲᠤ ᠬᠢᠯᠢ ᠵᠢᠨ ᠰᠣᠶᠣᠯ》᠎ᠤᠨ 《ᠬᠤᠪᠢᠷᠠᠬᠤ》 ᠪᠠ 《ᠦᠯᠦ ᠬᠤᠪᠢᠷᠠᠬᠤ》 ᠵᠢ ᠲᠠᠢ᠌ᠯᠪᠤᠷᠢᠯᠠᠵᠤ᠂ ᠲᠥᠪ ᠶᠣᠰᠣ ᠵᠢ ᠰᠠᠬᠢᠵᠤ ᠰᠢᠨ᠎ᠡ ᠵᠢ ᠡᠭᠦᠳᠬᠦ ᠳᠤᠮᠳᠠ ᠢᠯᠡ ᠲᠣᠳᠣ ᠬᠡᠪ ᠪᠠᠢ᠌ᠳᠠᠯ᠎ᠢ ᠢᠯᠡᠷᠡᠭᠦᠯᠳᠡᠭ᠃ ᠰᠢᠨ᠎ᠡ ᠴᠠᠭ ᠦᠶ᠎ᠡ᠎ᠳᠤ ᠣᠷᠣᠭᠰᠠᠨ᠎ᠤ ᠲᠠᠷᠠᠭ᠎ᠠ᠂ ᠥᠪᠥᠷ ᠮᠣᠩᠭᠣᠯ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠤᠯᠭ᠋ᠠᠬᠰᠠᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠵᠠᠮ ᠵᠶ᠋ᠠᠷ ᠭᠤᠢ᠌ᠪᠢᠰᠢ ᠦᠭᠡᠢ ᠵᠠᠮᠨᠠᠵᠤ᠂ 《ᠤᠮᠠᠷᠠᠲᠤ ᠬᠢᠯᠢ ᠵᠢᠨ ᠰᠣᠶᠣᠯ》᠎ᠤᠨ ᠰᠢᠨ᠎ᠡ ᠵᠢ ᠡᠭᠦᠳᠬᠦ ᠲᠠᠯ᠎ᠠ᠎ᠪᠠᠷ᠎ᠬᠢ ᠢᠯᠡ ᠲᠣᠳᠣ ᠤᠳᠤᠷᠢᠳᠤᠮᠵᠢ ᠵᠢ ᠢᠯᠡᠷᠡᠭᠦᠯᠪᠡ᠃
《ᠤᠮᠠᠷᠠᠲᠤ ᠬᠢᠯᠢ ᠵᠢᠨ ᠰᠣᠶᠣᠯ》᠎ᠨᠢ ᠦᠨᠳᠦᠰᠦᠲᠡᠨ᠎ᠤ ᠪᠦᠯᠬᠦᠮᠳᠡᠯ᠎ᠤᠨ ᠭᠧᠨ᠎ᠢ ᠠᠴᠢᠶᠠᠯᠠᠵᠤ ᠪᠠᠢ᠌ᠳᠠᠭ᠃ ᠤᠯᠠᠨ ᠦᠨᠳᠦᠰᠦᠲᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠴᠢᠬᠤᠯᠠ ᠣᠷᠣᠨ ᠪᠣᠯᠤᠭᠰᠠᠨ᠎ᠤ ᠬᠤᠪᠢ᠎ᠳᠤ᠂ ᠤᠮᠠᠷᠠᠲᠤ ᠬᠢᠯᠢ ᠵᠢᠨ ᠣᠷᠣᠨ 《ᠲᠠᠪᠤᠨ ᠦᠨᠳᠦᠰᠦᠲᠡᠨ ᠪᠦᠭᠦᠳᠠ ᠨᠠᠢ᠌ᠷᠠᠮᠳᠠᠭᠰᠠᠨ》 ᠠᠴᠠ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢ᠌ᠭᠤᠯᠤᠯ᠎ᠢ ᠬᠡᠷᠡᠭᠵᠢᠭᠦᠯᠦᠭᠰᠡᠨ᠂ ᠦᠨᠳᠦᠰᠦᠲᠡᠨ᠎ᠨᠦᠭᠦᠳ ᠬᠠᠷᠢᠯᠴᠠᠨ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠬᠤ ᠭᠦᠷᠲᠡᠯ᠎ᠡ᠂ 《ᠤᠮᠠᠷᠠᠲᠤ ᠬᠢᠯᠢ ᠵᠢᠨ ᠰᠣᠶᠣᠯ》᠎ᠨᠢ ᠳᠤᠮᠳᠠᠳᠤ ᠵᠢᠨ ᠦᠨᠳᠦᠰᠦᠲᠡᠨ᠎ᠤ ᠪᠦᠯᠬᠦᠮᠳᠡᠯ᠎ᠤᠨ ᠭᠧᠨ᠎ᠢ ᠵᠠᠯᠭ᠋ᠠᠮᠵᠢᠯᠠᠵᠤ᠂ ᠦᠨᠳᠦᠰᠦᠲᠡᠨ᠎ᠤ ᠪᠦᠯᠬᠦᠮᠳᠡᠯ᠎ᠢ ᠬᠠᠮᠠᠭ᠋ᠠᠯᠠᠬᠤ ᠤᠶᠤᠨ ᠰᠠᠨᠠᠭ᠋ᠠᠨ᠎ᠤ ᠲᠤᠯᠭ᠋ᠠᠭᠤᠷᠢᠯᠠᠯ ᠪᠣᠯᠤᠭᠰᠠᠨ ᠪᠠᠢ᠌ᠨ᠎ᠠ᠃ ᠲᠡᠦᠬᠡ ᠵᠢᠨ ᠬᠥᠭᠵᠢᠯᠲᠡ ᠵᠢᠨ ᠤᠷᠳᠤ ᠠᠶᠠᠨ᠎ᠳᠤ᠂ ᠤᠮᠠᠷᠠᠲᠤ ᠬᠢᠯᠢ ᠵᠢᠨ ᠭᠠᠵᠠᠷ ᠣᠷᠣᠨ ᠢᠮᠠᠭᠲᠠ ᠰᠣᠶᠣᠯ᠎ᠢ ᠮᠡᠳᠡᠷᠡᠬᠦ ᠪᠠ ᠰᠣᠶᠣᠯ᠎ᠢ ᠨᠡᠢ᠌ᠳᠬᠡᠬᠦ᠎ᠪᠠᠷ ᠭᠣᠣᠯ ᠬᠠᠷᠠᠯᠲᠠ ᠪᠤᠯᠭ᠋ᠠᠵᠤ᠂ 《ᠰᠣᠶᠣᠯ ᠶᠣᠰᠣ ᠰᠤᠷᠲᠠᠬᠤᠨ ᠵᠢᠡᠷ ᠤᠬᠠᠭ᠋ᠠᠷᠠᠭᠤᠯᠬᠤ》 ᠭᠡᠯᠪᠡᠷᠢ᠎ᠪᠠᠷ ᠳᠠᠮᠵᠢᠭᠤᠯᠵᠤ᠂ ᠵᠦᠩᠶᠤᠸᠠᠨ ᠣᠷᠣᠨ᠎ᠤ ᠰᠣᠶᠣᠯ ᠪᠣᠯᠣᠨ 《ᠤᠮᠠᠷᠠᠲᠤ ᠬᠢᠯᠢ ᠵᠢᠨ ᠰᠣᠶᠣᠯ》᠎ᠤᠨ ᠰᠣᠯᠢᠯᠴᠠᠭ᠎ᠠ ᠠᠭᠤᠰᠤᠯᠴᠠᠯ᠎ᠢ ᠴᠢᠩᠭ᠋ᠠᠳᠬᠠᠵᠤ᠂ ᠤᠯᠠᠨ ᠦᠨᠳᠦᠰᠦᠲᠡᠨ᠎ᠤ ᠠᠭᠤᠰᠤᠯᠴᠠᠯ᠎ᠢ ᠬᠠᠮᠲᠤᠳᠬᠠᠬᠤ ᠦᠷᠳᠡᠭ᠎ᠤᠨ ᠦᠵᠡᠯᠲᠡ ᠵᠢ ᠢᠮᠠᠭᠲᠠ ᠪᠠᠷᠢᠮᠲᠠᠯᠠᠭᠰᠠᠭ᠋ᠠᠷ ᠢᠷᠡᠵᠠᠢ᠃
《ᠤᠮᠠᠷᠠᠲᠤ ᠬᠢᠯᠢ ᠵᠢᠨ ᠰᠣᠶᠣᠯ》᠎ᠤᠨ ᠪᠠᠢ᠌ᠭᠤᠯᠤᠯᠲᠠ ᠵᠢ ᠰᠢᠰᠲᠸᠮ᠎ᠲᠠᠢ ᠠᠬᠢᠭᠤᠯᠬᠤ ᠵᠢᠨ ᠬᠦᠴᠦᠯᠡᠬᠦ ᠴᠡᠭ
《ᠤᠮᠠᠷᠠᠲᠤ ᠬᠢᠯᠢ ᠵᠢᠨ ᠰᠣᠶᠣᠯ》᠎ᠤᠨ ᠠᠭᠤᠯᠤᠭᠳᠠᠬᠤᠨ᠎ᠢ ᠭᠦᠨᠵᠡᠭᠡᠢ ᠲᠣᠳᠣᠷᠬᠠᠢ᠌ᠯᠠᠨ ᠠᠭᠤᠳᠠᠯᠵᠤ᠂ ᠳᠤᠮᠳᠠᠳᠤ ᠵᠢᠨ ᠦᠨᠳᠦᠰᠦᠲᠡᠨ᠎ᠤ ᠤᠳᠤ ᠦᠶ᠎ᠡ ᠵᠢᠨ ᠪᠣᠯᠪᠠᠰᠤᠨ ᠪᠠ ᠰᠣᠶᠣᠯ᠎ᠤᠨ ᠰᠢᠰᠲ᠋ᠧᠮ᠎ᠢ ᠪᠠᠶ᠋ᠢᠭᠤᠯᠬᠤ ᠳᠤᠮᠳᠠ 《ᠤᠮᠠᠷᠠᠲᠤ ᠬᠢᠯᠢ ᠵᠢᠨ ᠰᠣᠶᠣᠯ》᠎ᠤᠨ ᠶᠡᠷᠦᠩᠬᠡᠢ ᠪᠠᠢ᠌ᠷᠢ ᠲᠣᠭᠲᠠᠭ᠋ᠠᠯᠲᠠ ᠵᠢ ᠰᠠᠢ᠌ᠲᠤᠷ ᠬᠢᠬᠦ ᠬᠡᠷᠡᠭᠲᠡᠢ᠃ 《ᠤᠮᠠᠷᠠᠲᠤ ᠬᠢᠯᠢ ᠵᠢᠨ ᠰᠣᠶᠣᠯ》 ᠬᠢᠭᠡᠳ ᠳᠤᠮᠳᠠᠳᠤ ᠵᠢᠨ ᠰᠣᠶᠣᠯ᠎ᠤᠨ ᠬᠣᠯᠪᠤᠭ᠎ᠠ ᠵᠢ ᠪᠦᠭᠦ ᠲᠠᠯ᠎ᠠ᠎ᠪᠠᠷ ᠣᠢ᠌ᠯᠠᠭ᠋ᠠᠵᠤ᠂ 《ᠭᠣᠣᠯ ᠡᠰᠢ》 ᠬᠢᠭᠡᠳ 《ᠰᠠᠯᠠᠭ᠎ᠠ ᠮᠥᠴᠢᠷ》᠎ᠤᠨ ᠬᠠᠷᠢᠴᠠᠭ᠎ᠠ ᠵᠢ ᠰᠠᠢ᠌ᠲᠤᠷ ᠰᠢᠢ᠍ᠳᠪᠦᠷᠢᠯᠡᠨ᠎ᠡ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠡᠨᠡ ᠬᠦ᠌ ᠭᠣᠣᠯ ᠰᠢᠵᠢᠮ᠎ᠢ ᠪᠠᠲᠤ ᠡᠵᠡᠮᠳᠡᠵᠦ᠂ 《ᠤᠮᠠᠷᠠᠲᠤ ᠬᠢᠯᠢ ᠵᠢᠨ ᠰᠣᠶᠣᠯ》 ᠠᠭᠤᠯᠤᠭᠳᠠᠵᠤ ᠪᠠᠢ᠌ᠭ᠎ᠠ ᠡᠯ᠎ᠡ ᠵᠦᠢ᠍ᠯ᠎ᠤᠨ ᠰᠣᠶᠣᠯ᠎ᠤᠨ ᠰᠢᠰᠲ᠋ᠧᠮ᠎ᠢ ᠰᠢᠰᠲᠸᠮ᠎ᠲᠠᠢ ᠡᠮᠬᠢᠯᠡᠨ᠎ᠡ᠃ ᠦᠨᠳᠦᠰᠦᠲᠡᠨ᠎ᠤ ᠬᠥᠭᠵᠢᠯᠲᠡ ᠵᠢᠨ ᠲᠡᠦᠬᠡᠨ᠎ᠠᠴᠠ ᠰᠣᠶᠣᠯ᠎ᠤᠨ ᠡᠬᠢ ᠪᠠᠶᠠᠯᠢᠭ᠎ᠢ ᠠᠭᠤᠳᠠᠯᠵᠤ᠂ ᠲᠡᠦᠬᠡ ᠵᠢᠨ ᠰᠤᠳᠠᠰᠤ ᠪᠠ ᠴᠠᠭ ᠦᠶ᠎ᠡ ᠵᠢᠨ ᠦᠷᠳᠡᠭ᠎ᠤᠨ ᠡᠭᠦᠳᠡᠨ᠎ᠠᠴᠠ 《ᠤᠮᠠᠷᠠᠲᠤ ᠬᠢᠯᠢ ᠵᠢᠨ ᠰᠣᠶᠣᠯ》᠎ᠤᠨ ᠠᠭᠤᠯᠤᠭᠳᠠᠬᠤᠨ᠎ᠢ ᠪᠠᠶᠠᠯᠢᠭᠵᠢᠭᠤᠯᠤᠨ᠎ᠠ᠃ ᠪᠠᠢ᠌ᠳᠠᠯ᠎ᠢ ᠲᠣᠳᠣᠷᠬᠠᠢ ᠣᠢ᠌ᠯᠠᠭ᠋ᠠᠵᠤ 《ᠤᠮᠠᠷᠠᠲᠤ ᠬᠢᠯᠢ ᠵᠢᠨ ᠰᠣᠶᠣᠯ》᠎ᠤᠨ ᠰᠤᠳᠤᠯᠭ᠋ᠠᠨ᠎ᠤ ᠠᠵᠢᠯ᠎ᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠣᠳᠣ ᠦᠶ᠎ᠡ ᠵᠢᠨ ᠪᠣᠯᠪᠠᠰᠤᠨ᠎ᠤ ᠪᠠᠢ᠌ᠭᠤᠯᠤᠯᠲᠠ ᠵᠢ ᠠᠬᠢᠭᠤᠯᠬᠤ᠎ᠪᠠᠷ ᠴᠢᠷᠮᠠᠢ᠌ᠨ᠎ᠠ᠃
《ᠤᠮᠠᠷᠠᠲᠤ ᠬᠢᠯᠢ ᠵᠢᠨ ᠰᠣᠶᠣᠯ》᠎ᠢ ᠪᠦᠲᠦᠭᠡᠯᠴᠢ᠎ᠪᠠᠷ ᠬᠤᠪᠢᠷᠠᠭᠤᠯᠬᠤ᠂ᠪᠦᠲᠦᠭᠡᠯᠴᠢ᠎ᠪᠠᠷ ᠬᠥᠭᠵᠢᠭᠦᠯᠬᠦ ᠵᠢ ᠴᠢᠬᠤᠯᠠᠴᠢᠯᠠᠵᠤ᠂ 《ᠤᠮᠠᠷᠠᠲᠤ ᠬᠢᠯᠢ ᠵᠢᠨ ᠰᠣᠶᠣᠯ》᠎ᠤᠨ ᠪᠠᠢ᠌ᠭᠤᠯᠤᠯᠲᠠ ᠵᠢ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢ᠍ᠯ᠎ᠤᠨ ᠠᠵᠢᠯ᠎ᠳᠤ ᠠᠭᠤᠰᠬᠠᠨ ᠣᠷᠣᠭᠤᠯᠤᠨ᠎ᠠ᠃ 《ᠴᠡᠭ —ᠱᠤᠭᠤᠮ —ᠭᠠᠳᠠᠷᠭᠤ》 ᠵᠢᠨ ᠠᠳᠠᠯᠢ ᠪᠤᠰᠤ ᠬᠠᠷᠠᠭ᠋ᠠᠰᠤ᠎ᠠᠴᠠ 《ᠤᠮᠠᠷᠠᠲᠤ ᠬᠢᠯᠢ ᠵᠢᠨ ᠰᠣᠶᠣᠯ》᠎ᠢ ᠪᠦᠭᠦ ᠲᠠᠯ᠎ᠠ᠎ᠪᠠᠷ ᠳᠡᠯᠭᠡᠨ ᠦᠵᠡᠭᠦᠯᠵᠦ᠂ ᠡᠯ᠎ᠡ ᠵᠦᠢ᠍ᠯ᠎ᠤᠨ ᠳᠠᠮᠵᠢᠭᠤᠯᠭ᠎ᠠ ᠵᠢᠨ ᠠᠷᠭ᠎ᠠ ᠵᠠᠮ ᠵᠶ᠋ᠠᠷ 《ᠤᠮᠠᠷᠠᠲᠤ ᠬᠢᠯᠢ ᠵᠢᠨ ᠰᠣᠶᠣᠯ》᠎ᠤᠨ ᠦᠯᠢᠭᠡᠷ᠎ᠢ ᠴᠢᠷᠮᠠᠢ᠌ᠨ ᠰᠠᠢ᠌ᠲᠤᠷ ᠶᠠᠷᠢᠵᠤ᠂ 《ᠤᠮᠠᠷᠠᠲᠤ ᠬᠢᠯᠢ ᠵᠢᠨ ᠰᠣᠶᠣᠯ》᠎ᠤᠨ ᠲᠦᠷᠦᠯ ᠲᠡᠮᠳᠡᠭ᠎ᠢ ᠡᠭᠦᠳᠦᠨ᠎ᠡ᠃ 《ᠤᠮᠠᠷᠠᠲᠤ ᠬᠢᠯᠢ ᠵᠢᠨ ᠰᠣᠶᠣᠯ》᠎ᠤᠨ ᠡᠬᠢ ᠪᠠᠶᠠᠯᠢᠭ᠎ᠢ ᠨᠡᠭᠡᠭᠡᠨ ᠬᠥᠭᠵᠢᠭᠦᠯᠬᠦ ᠪᠠ ᠬᠤᠪᠢᠷᠠᠭᠤᠯᠬᠤ ᠵᠢ ᠴᠢᠩᠭ᠋ᠠᠳᠬᠠᠵᠤ᠂ ᠰᠣᠶᠣᠯ᠎ᠤᠨ ᠪᠦᠲᠦᠭᠡᠭᠳᠡᠬᠦᠨ᠎ᠢ ᠬᠥᠮᠥᠰ᠎ᠤᠨ ᠡᠳᠦᠷ ᠲᠤᠲᠤᠮ᠎ᠤᠨ ᠠᠮᠢᠳᠤᠷᠠᠯ᠎ᠳᠤ ᠠᠭᠤᠰᠬᠠᠨ ᠣᠷᠣᠭᠤᠯᠵᠤ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠪᠠᠢ᠌ᠭᠤᠯᠤᠯᠲᠠ ᠵᠢᠴᠢ ᠰᠣᠶᠣᠯ᠎ᠤᠨ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠳᠤᠮᠳᠠ 《ᠤᠮᠠᠷᠠᠲᠤ ᠬᠢᠯᠢ ᠵᠢᠨ ᠰᠣᠶᠣᠯ》᠎ᠤᠨ ᠣᠨᠴᠠᠯᠢᠭ᠎ᠢ ᠲᠣᠪᠤᠢ᠌ᠯᠭ᠋ᠠᠨ᠂ ᠣᠨᠴᠠᠯᠢᠭᠲᠤ ᠰᠣᠶᠣᠯ᠎ᠤᠨ ᠪᠦᠲᠦᠭᠡᠭᠳᠡᠬᠦᠨ᠎ᠤ ᠦᠢ᠍ᠯᠡᠴᠢᠯᠡᠭᠡ ᠵᠢᠴᠢ ᠵᠢᠭᠤᠯᠴᠢᠯᠠᠯ᠎ᠤᠨ ᠥᠩᠭᠡᠷᠡᠭᠡᠯᠲᠡ᠎ᠳᠤ ᠲᠦᠰᠢᠭᠯᠡᠨ 《ᠤᠮᠠᠷᠠᠲᠤ ᠬᠢᠯᠢ ᠵᠢᠨ ᠰᠣᠶᠣᠯ》᠎ᠳᠤ ᠨᠠᠩ ᠥᠷᠭᠡᠨ ᠳᠡᠯᠭᠡᠷ ᠰᠣᠶᠣᠯ᠎ᠤᠨ ᠲᠠᠨᠢᠯᠲᠠ᠎ᠲᠠᠢ ᠪᠣᠯᠭ᠋ᠠᠨ᠎ᠠ᠃
《ᠤᠮᠠᠷᠠᠲᠤ ᠬᠢᠯᠢ ᠵᠢᠨ ᠰᠣᠶᠣᠯ》᠎ᠤᠨ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠴᠣᠭᠴᠠᠯᠠᠬᠤ ᠳᠤᠮᠳᠠᠬᠢ ᠴᠢᠬᠤᠯᠠ ᠦᠢ᠍ᠯᠡᠳᠦᠯ᠎ᠢ ᠪᠠᠳᠠᠷᠠᠭᠤᠯᠤᠨ᠎ᠠ᠃ ᠨᠢᠭᠡ ᠲᠠᠯ᠎ᠠ᠎ᠪᠠᠷ 《ᠤᠮᠠᠷᠠᠲᠤ ᠬᠢᠯᠢ ᠵᠢᠨ ᠰᠣᠶᠣᠯ》᠎ᠤᠨ ᠳᠤᠮᠳᠠᠳᠤ ᠵᠢᠨ ᠰᠣᠶᠣᠯ᠎ᠳᠠᠬᠢ ᠲᠣᠪᠣᠢ᠌ᠮ᠎ᠠ ᠦᠢ᠍ᠯᠡᠳᠦᠯ᠎ᠢ ᠵᠥᠪ ᠵᠶ᠋ᠡᠷ ᠲᠠᠨᠢᠵᠤ᠂ ᠦᠨᠳᠦᠰᠦᠲᠡᠨ᠎ᠤ ᠭᠠᠵᠠᠷ ᠣᠷᠣᠨ᠎ᠤ ᠪᠣᠳᠠᠲᠤ ᠪᠠᠢ᠌ᠳᠠᠯ᠎ᠲᠠᠢ ᠤᠶᠠᠯᠳᠤᠭᠤᠯᠤᠨ 《ᠬᠣᠶᠠᠳᠠᠭᠢ ᠤᠶᠠᠯᠳᠤᠯ》᠎ᠢ ᠭᠦᠨᠵᠡᠭᠡᠢ ᠦᠢ᠍ᠯᠡᠳᠦᠯᠭᠡᠵᠢᠭᠦᠯᠵᠦ᠂ ᠮᠠᠷᠺᠰ᠎ᠤᠨ ᠦᠵᠡᠯ᠎ᠤᠨ ᠦᠨᠳᠦᠰᠦᠨ ᠤᠭ ᠶᠣᠰᠣ ᠵᠢ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠲᠠᠢ ᠤᠶᠠᠯᠳᠤᠭᠤᠯᠤᠭᠰᠠᠨ ᠰᠠᠭᠤᠷᠢᠨ ᠳᠡᠭᠡᠷ᠎ᠡ ᠵᠠᠮ ᠨᠡᠭᠡᠭᠡᠨ ᠰᠢᠨ᠎ᠡ ᠵᠢ ᠡᠭᠦᠳᠬᠦ ᠬᠡᠷᠡᠭᠲᠡᠢ᠃ ᠨᠥᠭᠦᠭᠡ ᠲᠠᠯ᠎ᠠ᠎ᠪᠠᠷ᠂ ᠡᠯ᠎ᠡ ᠲᠥᠷᠥᠯ᠎ᠤᠨ ᠦᠨᠳᠦᠰᠦᠲᠡᠨ᠎ᠤ ᠰᠣᠯᠢᠯᠴᠠᠭ᠋ᠠᠨ᠎ᠤ ᠠᠵᠢᠯᠯᠠᠭ᠎ᠠ ᠵᠢ ᠢᠳᠡᠪᠬᠢᠲᠡᠢ ᠥᠷᠨᠢᠭᠦᠯᠵᠦ᠂ 《ᠦᠨᠳᠦᠰᠦᠲᠡᠨ᠎ᠨᠦᠭᠦᠳ ᠪᠦᠯᠬᠦᠮᠳᠡᠨ ᠨᠢᠭᠡ ᠭᠡᠷ᠎ᠤᠨ ᠬᠥᠮᠥᠰ ᠮᠡᠲᠦ ᠳᠣᠲᠣᠨᠣ ᠪᠤᠯᠬᠣ》 ᠰᠠᠭᠤᠷᠢ ᠵᠢ ᠪᠠᠲᠤ ᠴᠣᠭᠴᠠᠯᠠᠵᠤ᠂ ᠦᠨᠳᠦᠰᠦᠲᠡᠨ᠎ᠨᠦᠭᠦᠳ᠎ᠤᠨ ᠬᠣᠭᠣᠷᠣᠨᠳᠤ ᠬᠠᠷᠢᠯᠴᠠᠨ ᠰᠣᠯᠢᠯᠴᠠᠵᠤ ᠬᠠᠷᠢᠯᠴᠠᠨ ᠲᠣᠯᠢ ᠪᠤᠯᠭ᠋ᠠᠬᠰᠠᠨ ᠦᠷ᠎ᠡ ᠪᠦᠲᠦᠭᠡᠯ᠎ᠳᠤ ᠲᠦᠰᠢᠭᠯᠡᠨ᠂ ᠪᠣᠯᠪᠠᠰᠤᠨ᠎ᠤ ᠰᠢᠨ᠎ᠡ ᠭᠡᠯᠪᠡᠷᠢ ᠪᠠᠢ᠌ᠳᠠᠯ᠎ᠢ ᠡᠭᠦᠳᠦᠨ ᠪᠦᠲᠦᠭᠡᠵᠦ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠶᠡᠬᠡ ᠢᠷᠠᠭᠤ ᠠᠯᠳᠠᠷ᠎ᠢ ᠬᠠᠮᠲᠤ᠎ᠪᠠᠷ ᠡᠳ᠋ᠯᠡᠬᠦ ᠬᠡᠷᠡᠭᠲᠡᠢ᠃
ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ