ᠪᠠᠶᠠᠯᠢᠭ ᠨᠠᠭᠤᠷᠲᠣ ᠨᠣᠲᠤᠭ   -   ᠤᠮᠠᠷᠠᠲᠤ᠌ ᠬᠢᠯᠢ᠎ᠶᠢᠨ ᠰᠣᠶᠣᠯ

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ ᠰᠢᠦᠢ ᠨᠠᠢ ᠴᠤᠤ᠎ᠳᠤ 《ᠤᠮᠠᠷᠠᠲᠤ ᠬᠢᠯᠢ ᠵᠢᠨ ᠵᠢᠱ᠌ᠢᠶᠡᠴᠢ》 ᠵᠢᠨ ᠴᠣᠯᠠ ᠣᠯᠭᠣᠯ᠎ᠠ

ᠨᠡᠶ᠋ᠢᠲᠡᠯᠡᠭᠰᠡᠨ ᠴᠠᠭ᠄   2024-05-01

      4 ᠰᠠᠷ᠎ᠠ ᠵᠢᠨ 30᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ 《ᠤᠮᠠᠷᠠᠲᠤ ᠬᠢᠯᠢ ᠵᠢᠨ ᠵᠢᠱ᠌ᠢᠶᠡᠴᠢ》 ᠵᠢᠨ ᠲᠡᠷᠢᠭᠦᠨ᠎ᠤ ᠦᠢ᠍ᠯᠡ ᠠᠵᠢᠯᠯᠠᠭ᠎ᠠ ᠵᠢ ᠨᠡᠢ᠌ᠲᠡᠯᠡᠬᠦ ᠬᠤᠷᠠᠯ ᠬᠤᠷᠠᠯᠳᠤᠭᠤᠯᠵᠤ᠂ ᠰᠢᠦᠢ ᠨᠠᠢ ᠴᠤᠤ᠎ᠳᠤ 《ᠤᠮᠠᠷᠠᠲᠤ ᠬᠢᠯᠢ ᠵᠢᠨ ᠵᠢᠱ᠌ᠢᠶᠡᠴᠢ》 ᠵᠢᠨ ᠴᠣᠯᠠ ᠣᠯᠭᠣᠪᠠ᠃

      ᠰᠢᠦᠢ ᠨᠠᠢ ᠴᠤᠤ ᠣᠲᠣ ᠥᠪᠥᠷ ᠮᠣᠩᠭᠣᠯ᠎ᠤᠨ ᠬᠢᠯᠢ᠎ᠪᠠᠷ ᠣᠷᠣᠵᠤ ᠭᠠᠷᠬᠤ ᠬᠢᠯᠢ ᠵᠢᠨ ᠬᠠᠮᠠᠭ᠋ᠠᠯᠠᠯᠲᠠ ᠵᠢᠨ ᠪᠠᠢ᠌ᠴᠠᠭ᠋ᠠᠯᠲᠠ ᠵᠢᠨ ᠶᠡᠷᠦᠩᠬᠡᠢ ᠥᠷᠲᠡᠭᠡ ᠵᠢᠨ ᠠᠯᠠᠱ᠌ᠠ ᠵᠢᠨ ᠬᠢᠯᠢ ᠵᠢᠨ ᠬᠠᠮᠢᠶᠠᠷᠤᠯᠲᠠ ᠵᠢᠨ ᠰᠠᠯᠪᠤᠷᠢ ᠠᠩᠭᠢ ᠵᠢᠨ ᠢᠩᠭᠡᠨ᠎ᠤ ᠬᠢᠯᠢ ᠵᠢᠨ ᠲᠣᠮᠢᠯᠠᠭᠰᠠᠨ ᠰᠠᠯᠪᠤᠷᠢ ᠵᠢᠨ ᠳᠡᠳ᠋ ᠳᠠᠷᠤᠭ᠎ᠠ ᠵᠢᠨ ᠲᠤᠰᠢᠶᠠᠯ᠎ᠢ ᠡᠭᠦᠷᠭᠡᠯᠡᠵᠦ ᠪᠠᠢ᠌ᠨ᠎ᠠ᠃ ᠴᠠᠭᠳᠠᠭ᠎ᠠ ᠵᠢᠨ ᠠᠵᠢᠯ ᠬᠢᠭᠰᠡᠨ 16 ᠵᠢᠯ᠎ᠤᠨ ᠲᠤᠷᠰᠢ᠂ ᠲᠡᠷᠡ ᠢᠮᠠᠭᠲᠠ ᠤᠭ ᠰᠠᠨᠠᠭ᠎ᠠ᠎ᠪᠠᠨ ᠦᠯᠦ ᠮᠠᠷᠲᠠᠵᠤ᠂ ᠣᠣᠷ ᠴᠢᠨᠠᠷ ᠵᠶ᠋ᠠᠨ ᠦᠯᠦ ᠲᠠᠶᠠᠭᠳᠠᠵᠤ᠂ ᠡᠬᠡ ᠤᠯᠤᠰ᠎ᠤᠨ ᠤᠮᠠᠷᠠᠲᠤ ᠬᠢᠯᠢ᠎ᠳᠤ ᠦᠨᠳᠦᠰᠦᠯᠡᠨ᠂ ᠡᠬᠡᠨᠡᠷ ᠯᠢ ᠸᠸᠨ ᠨᠠ᠎ᠲᠠᠢ᠎ᠪᠠᠨ ᠭᠠᠷ ᠬᠣᠯᠪᠣᠨ ᠬᠢᠯᠢ ᠬᠢᠵᠠᠭ᠋ᠠᠷ᠎ᠢ ᠬᠠᠮᠠᠭ᠋ᠠᠯᠠᠬᠤ ᠦᠢ᠍ᠯᠡᠰ᠎ᠲᠤ ᠣᠷᠣᠯᠴᠠᠵᠤ ᠪᠤᠢ᠃ ᠲᠡᠳᠡᠨ᠎ᠤ ᠰᠠᠭᠤᠭ᠎ᠠ ᠬᠢᠯᠢ ᠵᠢᠨ ᠬᠠᠮᠠᠭ᠋ᠠᠯᠠᠯᠲᠠ ᠵᠢᠨ ᠴᠠᠭᠳᠠᠭ᠋ᠠᠨ᠎ᠤ ᠶᠠᠪᠤᠳᠠᠯ᠎ᠤᠨ ᠲᠠᠰᠤᠭ᠎ᠨᠢ ᠭᠣᠪᠢ ᠵᠢᠨ ᠭᠦᠨ᠎ᠳᠤ ᠪᠠᠢ᠌ᠷᠢᠯᠠᠵᠤ᠂ 3000 ᠭᠠᠷᠤᠢ ᠲᠡᠭᠰᠢ ᠳᠥᠷᠪᠡᠯᠵᠢᠨ ᠺᠢᠯᠣᠮᠧᠲᠷ᠎ᠤᠨ ᠬᠢᠯᠢ ᠵᠢᠨ ᠬᠠᠮᠢᠶᠠᠷᠤᠯᠲᠠ ᠵᠢᠨ ᠣᠷᠣᠨ ᠪᠣᠯᠣᠨ 100 ᠭᠠᠷᠤᠢ ᠺᠢᠯᠣᠮᠧᠲᠷ᠎ᠤᠨ ᠬᠢᠯᠢ ᠵᠢᠨ ᠱᠤᠭᠤᠮ᠎ᠤᠨ ᠬᠠᠮᠢᠶᠠᠷᠤᠯᠲᠠ ᠪᠣᠯᠣᠨ ᠠᠮᠤᠷ᠎ᠢ ᠬᠠᠮᠠᠭ᠋ᠠᠯᠠᠬᠤ ᠠᠵᠢᠯ᠎ᠢ ᠡᠭᠦᠷᠭᠡᠯᠡᠵᠦ ᠪᠤᠢ᠃ ᠴᠠᠭᠳᠠᠭ᠋ᠠᠨ᠎ᠤ ᠶᠠᠪᠤᠳᠠᠯ᠎ᠤᠨ ᠲᠠᠰᠤᠭ ᠪᠠᠢ᠌ᠭᠤᠯᠤᠭᠳᠠᠭᠰᠠᠨ᠎ᠠᠴᠠ ᠨᠠᠭ᠋ᠠᠰᠢ᠂ ᠬᠢᠯᠢ ᠵᠢᠨ ᠬᠠᠮᠲᠤᠷᠠᠭᠰᠠᠨ ᠪᠠᠢ᠌ᠴᠠᠭ᠋ᠠᠯᠲᠠ ᠵᠢ ᠨᠡᠢ᠌ᠳᠡ 500 ᠤᠳᠠᠭ᠎ᠠ ᠬᠢᠵᠦ᠂ ᠭᠡᠨᠡᠳᠲᠡ ᠡᠭᠦᠰᠦᠭᠰᠡᠨ ᠬᠡᠷᠡᠭ᠎ᠢ ᠬᠠᠮᠲᠤᠷᠠᠨ ᠰᠢᠢ᠍ᠳᠪᠦᠷᠢᠯᠡᠬᠦ ᠰᠣᠷᠢᠯᠲᠠ ᠵᠢ 16 ᠤᠳᠠᠭ᠎ᠠ ᠥᠷᠨᠢᠭᠦᠯᠵᠦ᠂ ᠵᠥᠷᠢᠴᠡᠯ ᠵᠠᠭᠤᠷᠠᠯᠳᠤᠭ᠋ᠠᠨ᠎ᠢ 17 ᠤᠳᠠᠭ᠎ᠠ ᠰᠢᠢ᠍ᠳᠪᠦᠷᠢᠯᠡᠵᠦ᠂ ᠠᠶᠤᠯ᠎ᠳᠤ ᠤᠴᠠᠷᠠᠭᠰᠠᠨ 23 ᠬᠥᠮᠥᠨ᠎ᠢ ᠠᠪᠤᠷᠠᠨ ᠲᠤᠰᠠᠯᠠᠵᠤ᠂ ᠬᠢᠯᠢ᠎ᠳᠤ ᠣᠢ᠌ᠷᠠᠲᠤᠭᠰᠠᠨ 1000 ᠰᠢᠬᠠᠮ ᠬᠥᠮᠥᠨ᠎ᠢ ᠢᠳᠬᠠᠨ ᠪᠤᠴᠠᠭ᠋ᠠᠪᠠ᠃

      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠎ᠠᠴᠠ ᠪᠦᠭᠦ ᠣᠷᠣᠨ᠎ᠤ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠂ ᠢᠯᠠᠩᠭᠤᠶ᠎ᠠ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ᠎ᠢ ᠰᠢᠦᠢ ᠨᠠᠢ ᠴᠤᠤ ᠨᠥᠬᠥᠷ᠎ᠠᠴᠠ᠎ᠲᠠᠭᠠᠨ ᠰᠤᠷᠤᠯᠴᠠᠵᠤ᠂ ᠲᠡᠭᠦᠨ᠎ᠤ ᠬᠦᠨᠳᠦ ᠡᠭᠦᠷᠭᠡ ᠵᠢ ᠳᠤᠷᠠᠲᠠᠶ᠎ᠠ ᠡᠭᠦᠷᠭᠡᠯᠡᠵᠦ᠂ ᠦᠨᠡᠨᠴᠢ ᠢᠲᠡᠭᠡᠮᠵᠢᠲᠡᠢ᠎ᠪᠠᠷ ᠠᠮᠠᠯᠠᠯᠲᠠ᠎ᠪᠠᠨ ᠰᠠᠬᠢᠵᠤ᠂ ᠬᠢᠯᠢ ᠵᠢᠨ ᠡᠮᠦᠨ᠎ᠡ ᠹᠷᠣᠨᠲ᠎ᠲᠠᠬᠢ ᠤᠯᠤᠰ ᠲᠦᠷᠦ ᠵᠢᠨ ᠬᠡᠪ ᠴᠢᠨᠠᠷ ᠵᠢᠡᠨ ᠢᠮᠠᠭᠲᠠ ᠪᠠᠲᠤ ᠰᠠᠬᠢᠵᠤ ᠪᠠᠢ᠌ᠬᠤ ᠵᠢ ᠰᠤᠷᠤᠯᠴᠠᠬᠤ ᠭᠡᠷᠡᠭᠳᠠᠢ; ᠲᠡᠭᠦᠨ᠎ᠤ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ᠂ ᠵᠣᠷᠢᠭᠲᠠᠢ᠎ᠪᠠᠷ ᠬᠦᠴᠢᠷ ᠪᠡᠷᠬᠡᠰᠢᠶᠡᠯ ᠠᠮᠰᠠᠬᠤ᠂ ᠬᠦᠴᠢᠷ ᠪᠡᠷᠬᠡᠰᠢᠶᠡᠯ᠎ᠤᠨ ᠡᠮᠦᠨ᠎ᠡ ᠶᠠᠭ᠋ᠠᠬᠢᠭᠰᠠᠨ ᠴᠤ᠌ ᠲᠣᠯᠣᠭ᠋ᠠᠢ ᠪᠥᠬᠥᠢ᠌ᠬᠦ ᠦᠭᠡᠢ ᠵᠣᠷᠢᠭ ᠰᠠᠨᠠᠭ᠋ᠠᠨ᠎ᠤ ᠳᠦᠷᠰᠦ ᠪᠠᠢ᠌ᠳᠠᠯ᠎ᠢ ᠰᠤᠷᠤᠯᠴᠠᠬᠤ ᠭᠡᠷᠡᠭᠲᠡᠶ; ᠲᠡᠭᠦᠨ᠎ᠤ ᠬᠠᠷᠠᠮ ᠦᠭᠡᠢ ᠬᠤᠪᠢ ᠨᠡᠮᠡᠷᠢ ᠦᠵᠡᠭᠦᠯᠭᠦ᠂ ᠨᠡᠢ᠌ᠲᠡ ᠵᠢᠨ ᠲᠥᠯᠥᠭᠡ ᠬᠤᠪᠢ ᠪᠡᠶ᠎ᠡ᠎ᠪᠠᠨ ᠦᠯᠦ ᠬᠠᠢ᠌ᠬᠤᠷᠬᠤ᠂ 《ᠤᠯᠤᠰ ᠵᠶ᠋ᠠᠨ ᠰᠠᠬᠢᠬᠤ ᠪᠣᠯ ᠳᠠᠷᠤᠢ ᠭᠡᠷ ᠵᠶ᠋ᠡᠨ ᠰᠠᠬᠢᠵᠤ ᠪᠠᠢ᠌ᠭ᠎ᠠ ᠶᠠᠪᠤᠳᠠᠯ᠂ ᠭᠡᠷ ᠵᠶ᠋ᠡᠨ ᠰᠠᠬᠢᠬᠤ ᠪᠣᠯ ᠳᠠᠷᠤᠢ ᠤᠯᠤᠰ᠎ᠤᠨ ᠵᠶ᠋ᠠᠨ ᠲᠥᠯᠥᠭᠡ ᠵᠢᠳᠬᠦᠵᠦ ᠪᠠᠢ᠌ᠭ᠎ᠠ ᠶᠠᠪᠤᠳᠠᠯ ᠮᠥᠨ》 ᠭᠡᠬᠦ ᠡᠷᠬᠢᠮ ᠳᠡᠭᠡᠳᠦ ᠰᠡᠳᠬᠢᠯᠭᠡ ᠵᠢ ᠰᠤᠷᠤᠯᠴᠠᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠵᠢᠨ᠎ᠬᠢᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ᠂ ᠰᠢᠦᠢ ᠨᠠᠢ ᠴᠤᠤ ᠨᠥᠬᠥᠷ᠎ᠠᠴᠠ ᠰᠤᠷᠤᠯᠴᠠᠬᠤ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠥᠷᠭᠡᠨ ᠵᠶ᠋ᠡᠷ ᠥᠷᠨᠢᠭᠦᠯᠵᠦ᠂ ᠥᠷᠭᠡᠨ ᠣᠯᠠᠨ ᠺᠠᠳ᠋ᠷ ᠣᠯᠠᠨ ᠲᠦᠮᠡᠨ᠎ᠢ ᠬᠥᠮᠥᠵᠢᠭᠦᠯᠦᠨ ᠬᠥᠲᠥᠯᠥᠨ ᠵᠢᠯᠤᠭᠣᠳᠴᠤ ᠪᠠᠢ᠌ᠭ᠋ᠠᠳ ᠰᠢᠨ᠎ᠡ ᠴᠠᠭ ᠦᠶ᠎ᠡ ᠰᠢᠨ᠎ᠡ ᠠᠶᠠᠨ᠎ᠳᠤ᠂ ᠰᠢᠷᠭ᠋ᠠᠭᠤ ᠬᠠᠲᠠᠭᠤᠵᠢᠯᠲᠠᠢ ᠲᠡᠮᠡᠴᠡᠵᠦ᠂ ᠪᠦᠯᠬᠦᠮᠳᠡᠨ ᠲᠡᠮᠡᠴᠡᠵᠦ᠂ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠡᠪᠳᠡᠷᠡᠰᠢ ᠦᠭᠡᠢ ᠪᠠᠲᠤ ᠪᠡᠬᠢ ᠴᠣᠭᠴᠠᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ᠎ᠳᠤ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ ᠭᠡᠵᠦ ᠤᠷᠢᠶᠠᠯᠠᠪᠠ᠃

      ᠲᠤᠰ ᠡᠳᠦᠷ᠎ᠤᠨ ᠦᠳᠡ ᠵᠢᠨ ᠬᠣᠢ᠌ᠨ᠎ᠠ᠂ 《ᠤᠮᠠᠷᠠᠲᠤ ᠬᠢᠯᠢ ᠵᠢᠨ ᠵᠢᠱ᠌ᠢᠶᠡᠴᠢ》 ᠰᠢᠦᠢ ᠨᠠᠢ ᠴᠤᠤ ᠥᠪᠥᠷ ᠮᠣᠩᠭᠣᠯ᠎ᠤᠨ ᠴᠠᠭᠳᠠᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠳᠤ ᠬᠦᠷᠴᠦ ᠪᠠᠭᠰᠢ ᠰᠤᠷᠤᠬ᠍ᠴᠢᠳ᠎ᠲᠤ ᠤᠬᠠᠭᠤᠯᠤᠨ ᠲᠠᠢ᠌ᠯᠪᠤᠷᠢᠯᠠᠪᠠ᠃ ᠲᠡᠭᠦᠨ᠎ᠤ ᠰᠡᠳᠬᠢᠯ ᠳᠣᠭᠳᠣᠯᠤᠭᠤᠯᠤᠮ᠎ᠠ ᠦᠯᠢᠭᠡᠷ᠂ ᠠᠮᠢᠳᠤᠯᠢᠭ ᠪᠣᠳᠠᠲᠠᠢ ᠦᠢ᠍ᠯᠡ ᠠᠵᠢᠯᠯᠠᠭ᠎ᠠ᠂ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ᠎ᠨᠢ ᠲᠤᠬᠠᠢ ᠵᠢᠨ ᠲᠠᠯᠠᠪᠠᠢ᠎ᠳᠤ ᠪᠠᠢ᠌ᠭᠰᠠᠨ ᠪᠠᠭᠰᠢ ᠰᠤᠷᠤᠬ᠍ᠴᠢᠳ᠎ᠢ ᠭᠦᠨ ᠳᠣᠭᠳᠣᠯᠤᠭᠤᠯᠵᠤ᠂ ᠬᠤᠷᠠᠯ᠎ᠤᠨ ᠲᠠᠯᠠᠪᠠᠢ᠎ᠳᠤ ᠠᠯᠠᠭ᠎ᠠ ᠲᠡᠰᠢᠯᠲᠡ ᠪᠠᠢ᠌ᠨ ᠪᠠᠢ᠌ᠨ ᠨᠢᠵᠢᠭᠢᠨᠡᠵᠦ ᠪᠠᠢ᠌ᠯ᠎ᠠ᠃

      ᠤᠬᠠᠭᠤᠯᠤᠨ ᠲᠠᠢ᠌ᠯᠪᠤᠷᠢᠯᠠᠬᠤ ᠵᠢ ᠰᠣᠨᠣᠰᠤᠭᠰᠠᠨ᠎ᠤ ᠳᠠᠷᠠᠭ᠎ᠠ᠂ ᠥᠪᠥᠷ ᠮᠣᠩᠭᠣᠯ᠎ᠤᠨ ᠴᠠᠭᠳᠠᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ 2022 ᠣᠨ᠎ᠤ ᠰᠤᠷᠤᠬ᠍ᠴᠢ ᠴᠧᠨ ᠯᠢᠶᠠᠩ ᠢᠦᠢ᠄ 《ᠬᠣᠢ᠌ᠰᠢᠳᠠ ᠵᠢᠨ ᠰᠤᠷᠤᠯᠴᠠᠯᠭ᠎ᠠ ᠠᠮᠢᠳᠤᠷᠠᠯ ᠳᠤᠮᠳᠠ᠂ ᠪᠢ ᠰᠢᠦᠢ ᠨᠠᠢ ᠴᠤᠤ᠎ᠪᠠᠷ ᠳᠠᠭᠤᠷᠢᠶᠠᠯ ᠪᠤᠯᠭ᠋ᠠᠵᠤ᠂ ᠬᠦᠰᠡᠯᠡᠩ ᠢᠲᠡᠭᠡᠯ ᠪᠢᠰᠢᠷᠡᠯ ᠵᠶ᠋ᠡᠨ ᠪᠠᠲᠤᠳᠬᠠᠵᠤ᠂ ᠤᠷ᠎ᠠ ᠴᠢᠳᠠᠪᠤᠷᠢ᠎ᠪᠠᠨ ᠬᠠᠲᠠᠭᠤᠵᠢᠯᠲᠠᠢ ᠪᠣᠯᠪᠠᠰᠤᠷᠠᠵᠤ᠂ ᠴᠠᠭ᠋ᠠᠷᠠᠭᠰᠠᠨ ᠰᠤᠷᠲᠠᠯ ᠵᠶ᠋ᠠᠨ ᠳᠠᠪᠲᠠᠨ ᠪᠤᠯᠪᠠᠰᠤᠷᠠᠭᠤᠯᠵᠤ᠂ ᠡᠷᠲᠡᠬᠡᠨ ᠬᠢᠷᠢ ᠲᠡᠩᠴᠡᠭᠰᠡᠨ ᠠᠷᠠᠳ᠎ᠤᠨ ᠴᠠᠭᠳᠠᠭ᠎ᠠ ᠪᠤᠯᠬᠤ᠎ᠪᠠᠷ ᠴᠢᠷᠮᠠᠢ᠌ᠨ᠎ᠠ》 ᠭᠡᠵᠦ ᠰᠡᠳᠬᠢᠯ ᠳᠣᠭᠳᠣᠯᠤᠨ ᠶᠠᠷᠢᠪᠠ᠃

      ᠣᠯᠠᠨ ᠵᠶ᠋ᠠᠷ ᠵᠶ᠋ᠠᠨ᠂ ᠥᠯᠢᠭᠡᠷ ᠳᠠᠭᠤᠷᠢᠶᠠᠯ᠎ᠤᠨ ᠬᠦᠴᠦᠨ᠎ᠢ ᠰᠢᠩᠭᠡᠬᠡᠨ ᠠᠪᠴᠤ᠂ ᠥᠪᠡᠷ᠎ᠢ᠎ᠪᠠᠨ ᠨᠠᠩ ᠴᠢᠩᠭ᠎ᠠ ᠱᠠᠭ᠋ᠠᠷᠳᠠᠵᠤ᠂ ᠠᠵᠢᠯ ᠰᠤᠷᠤᠯᠴᠠᠯᠭ᠎ᠠ ᠵᠢᠨ ᠳᠤᠮᠳᠠ ᠡᠷᠴᠢ ᠵᠣᠷᠢᠭ ᠵᠶ᠋ᠠᠨ ᠳᠠᠪᠲᠠᠨ ᠪᠤᠯᠪᠠᠰᠤᠷᠠᠭᠤᠯᠵᠤ᠂ ᠬᠡᠪ ᠴᠢᠨᠠᠷ ᠵᠶ᠋ᠠᠨ ᠳᠡᠭᠡᠭᠰᠢᠯᠡᠭᠦᠯᠵᠦ᠂ ᠵᠠᠯᠠᠭᠤ ᠨᠠᠰᠤᠨ᠎ᠤ ᠴᠣᠭ ᠵᠢᠪᠬᠤᠭ᠎ᠠ᠎ᠪᠠᠷ ᠵᠶ᠋ᠠᠨ ᠴᠠᠭᠳᠠᠭ᠋ᠠᠨ᠎ᠤ ᠦᠨᠡᠨᠴᠢ ᠰᠢᠳᠤᠷᠭᠤ ᠰᠦᠭ ᠰᠦᠯᠳᠡ ᠵᠢ ᠱᠤᠭᠤᠵᠤ᠂ ᠳᠣᠲᠣᠭ᠋ᠠᠳᠤ ᠵᠢ ᠬᠠᠮᠠᠭ᠋ᠠᠯᠠᠬᠤ ᠦᠢ᠍ᠯᠡᠰ᠎ᠲᠤ ᠵᠠᠯᠠᠭᠤ ᠨᠠᠰᠤᠨ᠎ᠤ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠵᠡᠭᠡᠪᠡ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ