ᠳ᠋ᠧᠩᠺᠧᠦ ᠰᠢᠶᠠᠨ᠎ᠤ ᠵᠢᠶᠦ᠋ᠨ ᠰᠠᠢ ᠮᠥᠽᠧᠢ ᠵᠢᠨ ᠲᠠᠨᠢᠯᠴᠠᠭᠤᠯᠭ᠎ᠠ
ᠨᠡᠶ᠋ᠢᠲᠡᠯᠡᠭᠰᠡᠨ ᠴᠠᠭ᠄ 2021-11-25
ᠳ᠋ᠧᠩᠺᠧᠦ ᠰᠢᠶᠠᠨ᠎ᠤ ᠵᠢᠶᠦ᠋ᠨ ᠰᠠᠢ ᠮᠥᠽᠧᠢᠨᠢ ᠪᠠᠶᠠᠨᠭᠣᠣᠯ ᠪᠠᠯᠭ᠋ᠠᠰᠤ ᠵᠢᠨ ᠳ᠋ᠦᠩ ᠹᠧᠩ ᠵᠠᠮ᠎ᠤᠨ ᠹᠦ᠋ ᠶᠤᠸᠠᠨ ᠠᠭᠤᠳᠠᠮ ᠲᠠᠯᠠᠪᠠᠢ ᠵᠢᠨ ᠵᠡᠭᠦᠨ ᠬᠥᠪᠡᠭᠡᠨ᠎ᠳᠤ ᠪᠠᠶ᠋ᠢᠷᠢᠰᠢᠵᠤ ᠪᠠᠶ᠋ᠢᠳᠠᠭ᠃ ᠲᠤᠰ ᠮᠥᠽᠧᠢ ᠵᠢ 2009 ᠣᠨ᠎ᠤ 7 ᠰᠠᠷ᠎ᠠ᠎ᠳᠤ ᠪᠠᠶ᠋ᠢᠭᠤᠯᠤᠨ ᠲᠡᠭᠦᠰᠬᠡᠵᠦ᠂ 2010 ᠣᠨ᠎ᠤ 10 ᠰᠠᠷ᠎ᠠ ᠵᠢᠨ 20 ᠤ ᠡᠳᠥᠷ ᠵᠢᠩᠬᠢᠨᠢ᠎ᠪᠠᠷ ᠭᠠᠳᠠᠭᠰᠢ ᠰᠦᠢ᠍ᠳᠬᠡᠯ ᠬᠤᠷᠢᠶᠠᠬᠤ ᠦᠭᠡᠢ᠎ᠪᠠᠷ ᠨᠡᠭᠡᠭᠡᠯᠲᠡ ᠬᠢᠵᠠᠢ᠃ ᠳᠡᠯᠭᠡᠨ ᠦᠵᠡᠭᠦᠯᠬᠦ ᠲᠢᠩᠬᠢᠮ᠎ᠤᠨ ᠶᠡᠷᠦᠩᠬᠡᠢ ᠲᠠᠯᠠᠪᠠᠢ᠎ᠨᠢ 2600 ᠲᠡᠭᠰᠢ ᠳᠥᠷᠪᠡᠯᠵᠢᠨ ᠮᠧᠲᠷ ᠪᠠᠶ᠋ᠢᠵᠤ᠂ ᠲᠡᠦᠬᠡ ᠰᠣᠶᠣᠯ᠎ᠤᠨ ᠲᠢᠩᠬᠢᠮ᠂ ᠠᠮᠵᠢᠯᠲᠠ ᠪᠦᠲᠦᠮᠵᠢ ᠵᠢᠨ ᠲᠢᠩᠬᠢᠮ᠂ ᠵᠤᠭ᠋ᠠᠴᠠᠯ᠎ᠤᠨ ᠰᠣᠶᠣᠯ᠎ᠤᠨ ᠲᠢᠩᠬᠢᠮ᠂ ᠪᠢᠯᠧᠲ ᠭᠡᠷᠡᠴᠢ ᠮᠠᠲ᠋ᠧᠷᠢᠶᠠᠯ᠎ᠤᠨ ᠲᠢᠩᠬᠢᠮ᠂ ᠴᠡᠷᠢᠭ ᠠᠩᠭᠢ ᠵᠢᠨ ᠳᠤᠷᠠᠰᠬᠠᠯ᠎ᠤᠨ ᠲᠢᠩᠬᠢᠮ᠂ ᠡᠯᠡᠰᠦ ᠵᠢ ᠵᠠᠰᠠᠭᠰᠠᠨ ᠳᠤᠷᠠᠰᠬᠠᠯ᠎ᠤᠨ ᠲᠢᠩᠬᠢᠮ ᠵᠡᠷᠭᠡ ᠵᠢᠷᠭᠤᠭ᠋ᠠᠨ ᠳᠡᠯᠭᠡᠨ ᠦᠵᠡᠭᠦᠯᠬᠦ ᠲᠢᠩᠬᠢᠮ᠎ᠲᠠᠢ᠃
ᠲᠡᠦᠬᠡ ᠰᠣᠶᠣᠯ᠎ᠤᠨ ᠲᠢᠩᠬᠢᠮ᠎ᠤᠨ ᠲᠠᠯᠠᠪᠠᠢ᠎ᠨᠢ 550 ᠲᠡᠭᠰᠢ ᠳᠥᠷᠪᠡᠯᠵᠢᠨ ᠮᠧᠲᠷ ᠪᠠᠶ᠋ᠢᠵᠤ᠂ ᠬᠠᠨ ᠤᠯᠤᠰ᠎ᠤᠨ ᠦᠶ᠎ᠡ ᠵᠢᠨ ᠲᠡᠦᠬᠡ᠎ᠪᠠᠷ ᠭᠣᠣᠯ ᠰᠢᠵᠢᠮ ᠪᠣᠯᠭ᠋ᠠᠵᠤ᠂ ᠳ᠋ᠧᠩᠺᠧᠦ ᠰᠢᠶᠠᠨ᠎ᠤ ᠲᠡᠦᠬᠡ ᠵᠢ ᠪᠠᠯᠠᠷ ᠦᠶ᠎ᠡ᠎ᠠᠴᠠ ᠣᠶ᠋ᠢᠷ᠎ᠠ ᠦᠶ᠎ᠡ ᠵᠢᠨ ᠲᠡᠦᠬᠡ ᠪᠣᠯᠲᠠᠯᠠᠬᠢ ᠬᠤᠪᠢᠰᠤᠯᠲᠠ ᠵᠢ ᠳᠡᠯᠭᠡᠨ ᠦᠵᠡᠭᠦᠯᠵᠦ᠂ ᠬᠠᠳᠠᠭ᠋ᠠᠯᠠᠵᠤ ᠪᠠᠶ᠋ᠢᠭ᠎ᠠ ᠲᠡᠦᠬᠡᠨ ᠪᠣᠳᠠᠰ 318 ᠪᠠᠶ᠋ᠢᠵᠤ᠂ ᠮᠠᠨ᠎ᠤ ᠰᠢᠶᠠᠨ᠎ᠤ ᠬᠡᠪᠴᠢᠶᠡᠨ᠎ᠠᠴᠠ ᠣᠯᠳᠠᠭᠰᠠᠨ ᠲᠡᠦᠬᠡᠨ ᠦᠯᠡᠳᠡᠭᠳᠡᠯ 182 ᠵᠦᠢ᠍ᠯ ᠪᠤᠢ᠃ ᠳᠡᠯᠭᠡᠨ ᠦᠵᠡᠭᠦᠯᠵᠦ ᠪᠠᠶ᠋ᠢᠭ᠎ᠠ ᠵᠦᠢ᠍ᠯᠡᠰ᠎ᠲᠤ ᠬᠡᠳᠥᠨ ᠮᠢᠩᠭ᠋ᠠᠨ ᠲᠦᠮᠡᠨ ᠵᠢᠯ᠎ᠤᠨ ᠡᠮᠦᠨᠡᠬᠢ ᠵᠢᠭ᠋ᠠᠰᠤᠨ᠎ᠤ ᠴᠢᠯᠠᠭᠤᠵᠢᠮᠠᠯ᠂ ᠮᠣᠳᠣᠨ᠎ᠤ ᠴᠢᠯᠠᠭᠤᠵᠢᠮᠠᠯ᠂ ᠠᠮᠢᠲᠠᠨ᠎ᠤ ᠴᠢᠯᠠᠭᠤᠵᠢᠮᠠᠯ᠂ ᠬᠠᠭᠣᠴᠢᠨ ᠴᠢᠯᠠᠭᠤᠨ ᠵᠡᠪᠰᠡᠭ᠎ᠤᠨ ᠦᠶ᠎ᠡ ᠵᠢᠨ ᠪᠠᠭ᠋ᠠᠵᠢ ᠬᠡᠷᠡᠭᠰᠡᠯ᠂ ᠰᠢᠨ᠎ᠡ ᠴᠢᠯᠠᠭᠤᠨ ᠵᠡᠪᠰᠡᠭ᠎ᠤᠨ ᠦᠶ᠎ᠡ ᠵᠢᠨ ᠸᠠᠭ᠋ᠠᠷ ᠲᠣᠭᠣᠰᠬᠠᠨ ᠡᠳ᠋ᠯᠡᠯ᠂ ᠴᠢᠨ ᠬᠠᠨ ᠤᠯᠤᠰ᠎ᠤᠨ ᠦᠶ᠎ᠡ ᠵᠢᠨ ᠾᠦᠩᠨᠦ ᠪᠠ ᠬᠠᠨ ᠤᠯᠤᠰ᠎ᠤᠨ ᠪᠠᠶ᠋ᠢᠯᠳᠤᠭ᠋ᠠᠨ᠎ᠳᠤ ᠵᠠᠷᠤᠵᠤ ᠪᠠᠶ᠋ᠢᠭᠰᠠᠨ ᠴᠡᠷᠢᠭ᠎ᠤᠨ ᠵᠡᠪᠰᠡᠭ ᠪᠠ ᠡᠳ᠋ᠯᠡᠯ ᠬᠡᠷᠡᠭᠰᠡᠯ᠂ ᠠᠲᠠᠷ ᠬᠠᠭ᠋ᠠᠯᠪᠤᠷᠢᠯᠠᠨ ᠬᠢᠵᠠᠭ᠋ᠠᠷ᠎ᠢ ᠪᠡᠬᠢᠵᠢᠭᠦᠯᠬᠦ᠎ᠳᠤ ᠵᠠᠷᠤᠵᠤ ᠪᠠᠶ᠋ᠢᠭᠰᠠᠨ ᠦᠢ᠍ᠯᠡᠳᠪᠦᠷᠢᠯᠡᠯ ᠠᠮᠢᠳᠤᠷᠠᠯ᠎ᠤᠨ ᠬᠡᠷᠡᠭᠰᠡᠯ ᠵᠢᠴᠢ ᠬᠣᠶ᠋ᠢᠯᠭ᠋ᠠᠯᠠᠨ ᠣᠷᠣᠰᠢᠭᠤᠯᠤᠭᠰᠠᠨ ᠡᠳ᠋ᠯᠡᠯ ᠵᠡᠷᠭᠡ ᠪᠤᠢ᠃ ᠣᠨᠴᠠᠭ᠋ᠠᠶ᠋ᠢᠯᠠᠨ ᠪᠠᠷᠠᠭᠤᠨ ᠬᠠᠨ ᠤᠯᠤᠰ᠎ᠤᠨ ᠦᠶ᠎ᠡ᠎ᠳᠤ᠂ ᠬᠠᠨ ᠦ᠋ ᠳ᠋ᠢ ᠬᠠᠭ᠋ᠠᠨ ᠱᠦᠸᠧ ᠹᠠᠩ ᠵᠢᠶᠦ᠋ᠨ᠎ᠢ ᠪᠠᠶ᠋ᠢᠭᠤᠯᠤᠨ᠂ ᠬᠠᠷᠢᠶᠠᠨ᠎ᠳᠤᠨᠢ ᠠᠷᠪᠠᠨ ᠰᠢᠶᠠᠨ ᠪᠠᠭᠲᠠᠵᠤ᠂ ᠭᠤᠷᠪᠠᠨ ᠰᠢᠶᠠᠨ (ᠰᠠᠨ ᠹᠧᠩ᠂ ᠢᠦᠢ ᠾᠦᠨ᠂ ᠯᠢᠨ ᠿᠦᠩ)᠎ᠨᠢ ᠳ᠋ᠧᠩᠺᠧᠦ ᠵᠢᠨ ᠬᠡᠪᠴᠢᠶᠡᠨ᠎ᠳᠤ ᠪᠠᠶ᠋ᠢᠵᠤ᠂ 300 ᠭᠠᠷᠤᠢ ᠵᠢᠯ᠎ᠤᠨ ᠪᠠᠳᠠᠷᠠᠩᠭᠤᠢ ᠦᠶ᠎ᠡ ᠵᠢ ᠲᠤᠭᠤᠯᠵᠠᠢ᠃ ᠬᠢᠵᠠᠭ᠋ᠠᠷ ᠣᠷᠣᠨ᠎ᠤ ᠰᠠᠯᠬᠢ ᠪᠣᠷᠣᠭ᠋ᠠᠨ᠂ ᠠᠲᠠᠷ ᠬᠠᠭ᠋ᠠᠯᠪᠤᠷᠢᠯᠠᠨ ᠬᠢᠵᠠᠭ᠋ᠠᠷ᠎ᠢ ᠪᠡᠬᠢᠵᠢᠭᠦᠯᠦᠭᠰᠡᠨ᠂ ᠾᠦᠩᠨᠦ ᠵᠢᠨ ᠲᠥᠷᠥ ᠪᠣᠯᠤᠨ ᠬᠠᠨ ᠤᠯᠤᠰ᠎ᠤᠨ ᠡᠪᠰᠡᠯ ᠤᠷᠤᠭ ᠪᠣᠯᠤᠯᠴᠠᠭᠰᠠᠨ᠂ ᠵᠣᠣ ᠵᠢᠶᠦ᠋ᠨ ᠤᠮᠠᠷᠠᠰᠢ ᠮᠣᠷᠳᠠᠬᠤ᠎ᠳᠠᠭᠠᠨ ᠵᠢᠢ ᠯᠦ᠍ ᠰᠠᠢ᠎ᠳᠤ ᠬᠣᠶᠠᠷ ᠵᠢᠯ ᠰᠠᠭᠤᠭᠰᠠᠨ ᠵᠡᠷᠭᠡ ᠠᠯᠢ ᠣᠯᠠᠨ ᠲᠡᠦᠬᠡ ᠵᠢᠨ ᠬᠡᠷᠡᠭ ᠤᠴᠢᠷ᠎ᠨᠢ ᠳ᠋ᠧᠩᠺᠧᠦ ᠰᠢᠶᠠᠨ᠎ᠤ ᠲᠡᠦᠬᠡ ᠰᠣᠶᠣᠯ᠎ᠤᠨ ᠥᠨᠢ ᠤᠳᠠᠭ᠋ᠠᠨ ᠲᠡᠦᠬᠡ ᠵᠢ ᠪᠦᠬᠦ ᠲᠠᠯ᠎ᠠ᠎ᠪᠠᠷ ᠢᠯᠡᠷᠡᠭᠦᠯᠵᠦ ᠪᠠᠶ᠋ᠢᠳᠠᠭ ᠰᠠᠨ᠃
ᠠᠮᠵᠢᠯᠲᠠ ᠪᠦᠲᠦᠮᠵᠢ ᠵᠢᠨ ᠲᠢᠩᠬᠢᠮ᠎ᠤᠨ ᠲᠠᠯᠠᠪᠠᠢ᠎ᠨᠢ 850 ᠲᠡᠭᠰᠢ ᠳᠥᠷᠪᠡᠯᠵᠢᠨ ᠮᠧᠲᠷ ᠪᠠᠶ᠋ᠢᠵᠤ᠂ ᠦᠰᠦᠭ ᠵᠢᠷᠤᠭ᠎ᠤᠨ ᠮᠠᠲ᠋ᠧᠷᠢᠶᠠᠯ᠂ ᠪᠣᠳᠠᠲᠤ ᠪᠣᠳᠠᠰ ᠵᠡᠷᠭᠡ ᠵᠢ 150 ᠬᠤᠪᠢ ᠳᠡᠯᠭᠡᠨ ᠦᠵᠡᠭᠦᠯᠵᠦ᠂ ᠵᠢᠷᠤᠭ ᠰᠡᠭᠦᠳᠡᠷ᠎ᠤᠨ ᠮᠠᠲ᠋ᠧᠷᠢᠶᠠᠯ 200 ᠭᠠᠷᠤᠢ ᠬᠤᠪᠢ ᠪᠠᠶ᠋ᠢᠵᠤ᠂ ᠳ᠋ᠧᠩᠺᠧᠦ ᠰᠢᠶᠠᠨ᠎ᠤ ᠥᠭᠡᠷᠡᠴᠢᠯᠡᠯᠲᠡ ᠨᠡᠭᠡᠭᠡᠯᠲᠡ ᠵᠢᠨ 30 ᠵᠢᠯ᠎ᠤᠨ ᠲᠤᠷᠰᠢᠬᠢ ᠰᠢᠨᠵᠢᠯᠡᠬᠦ ᠤᠬᠠᠭ᠋ᠠᠨ ᠮᠡᠷᠭᠡᠵᠢᠯ᠂ ᠰᠣᠶᠣᠯ᠂ ᠠᠵᠤ ᠠᠬᠤᠢ ᠵᠢᠨ ᠬᠥᠭᠵᠢᠯᠲᠡ ᠵᠢᠨ ᠪᠠᠶ᠋ᠢᠳᠠᠯ᠎ᠢ ᠦᠵᠡᠭᠦᠯᠵᠡᠢ᠃
ᠵᠤᠭ᠋ᠠᠴᠠᠯ᠎ᠤᠨ ᠰᠣᠶᠣᠯ᠎ᠤᠨ ᠲᠢᠩᠬᠢᠮ᠎ᠤᠨ ᠲᠠᠯᠠᠪᠠᠢ᠎ᠨᠢ 200 ᠲᠡᠭᠰᠢ ᠳᠥᠷᠪᠡᠯᠵᠢᠨ ᠮᠧᠲᠷ ᠪᠠᠶ᠋ᠢᠵᠤ᠂ ᠦᠰᠦᠭ ᠪᠢᠴᠢᠭ᠂ ᠵᠢᠷᠤᠭ ᠰᠡᠭᠦᠳᠡᠷ ᠵᠶ᠋ᠠᠷ ᠳᠠᠮᠵᠢᠭᠤᠯᠤᠨ ᠳ᠋ᠧᠩᠺᠧᠦ ᠰᠢᠶᠠᠨ᠎ᠤ ᠬᠠᠲᠤᠨ ᠭᠣᠣᠯ᠎ᠤᠨ ᠦᠵᠡᠮᠵᠢ᠂ ᠡᠯᠡᠰᠦᠨ ᠴᠥᠯ᠎ᠤᠨ ᠦᠵᠡᠮᠵᠢ᠂ ᠮᠤᠨᠠ ᠠᠭᠤᠯᠠ ᠵᠢᠨ ᠡᠷᠲᠡᠨ᠎ᠤ ᠦᠯᠡᠳᠡᠭᠳᠡᠯ ᠵᠡᠷᠭᠡ ᠭᠤᠷᠪᠠᠨ ᠶᠡᠬᠡ ᠰᠣᠶᠣᠯ᠎ᠤᠨ ᠵᠠᠮ ᠱᠤᠭᠤᠮ ᠪᠠ ᠨᠡᠷᠡᠲᠦ ᠰᠢᠯᠢᠳᠡᠭ ᠨᠤᠲᠤᠭ᠎ᠤᠨ ᠭᠠᠷᠤᠯᠲᠠ ᠵᠢᠴᠢ ᠣᠷᠣᠨ ᠨᠤᠲᠤᠭ᠎ᠤᠨ ᠣᠨᠴᠠᠯᠢᠭᠲᠤ ᠢᠳᠡᠭᠡᠨ ᠤᠮᠳᠠᠭ᠋ᠠᠨ᠎ᠤ ᠰᠣᠶᠣᠯ ᠵᠡᠷᠭᠡ ᠠᠭᠤᠯᠭ᠎ᠠ ᠵᠢ ᠦᠵᠡᠭᠦᠯᠦᠭᠰᠡᠨ ᠪᠠᠶ᠋ᠢᠳᠠᠭ᠃
ᠪᠢᠯᠧᠲ ᠭᠡᠷᠡᠴᠢ ᠮᠠᠲ᠋ᠧᠷᠢᠶᠠᠯ᠎ᠤᠨ ᠲᠢᠩᠬᠢᠮ᠎ᠤᠨ ᠲᠠᠯᠠᠪᠠᠢ᠎ᠨᠢ 200 ᠲᠡᠭᠰᠢ ᠳᠥᠷᠪᠡᠯᠵᠢᠨ ᠮᠧᠲᠷ ᠪᠠᠶ᠋ᠢᠵᠤ᠂ ᠮᠠᠨ᠎ᠤ ᠰᠢᠶᠠᠨ᠎ᠤ ᠪᠢᠯᠧᠲ ᠭᠡᠷᠡᠴᠢ ᠦᠨᠡᠮᠯᠡᠯ᠎ᠤᠨ ᠬᠤᠷᠢᠶᠠᠨ ᠬᠠᠳᠠᠭ᠋ᠠᠯᠠᠭᠴᠢ ᠰᠦᠨ ᠵᠢᠨ ᠭᠦᠢ ᠨᠥᠬᠥᠷ᠎ᠤᠨ ᠬᠠᠳᠠᠭ᠋ᠠᠯᠠᠵᠤ ᠪᠠᠶ᠋ᠢᠭᠰᠠᠨ ᠲᠥᠯᠥᠪᠯᠡᠭᠡᠲᠦ ᠠᠵᠤ ᠠᠬᠤᠢ ᠵᠢᠨ ᠴᠠᠭ ᠦᠶ᠎ᠡ᠎ᠳᠤ 《ᠢᠳᠡᠬᠦ》᠂ 《ᠡᠮᠦᠰᠬᠦ》᠂ 《ᠬᠡᠷᠡᠭᠯᠡᠬᠦ》 ᠭᠤᠷᠪᠠᠨ ᠶᠡᠬᠡ ᠲᠥᠷᠥᠯ᠎ᠤᠨ ᠲᠦᠮᠡ ᠭᠠᠷᠤᠢ ᠬᠤᠪᠢ ᠪᠢᠯᠧᠲ ᠭᠡᠷᠡᠴᠢ ᠮᠠᠲ᠋ᠧᠷᠢᠶᠠᠯ᠎ᠢ ᠲᠥᠪᠯᠡᠷᠡᠭᠦᠯᠦᠨ ᠳᠡᠯᠭᠡᠨ ᠦᠵᠡᠭᠦᠯᠵᠡᠢ᠃ ᠡᠭᠦᠨ᠎ᠤ ᠵᠣᠷᠢᠯᠭ᠎ᠠ ᠪᠣᠯ ᠲᠤᠬᠠᠢ ᠵᠢᠨ ᠴᠠᠭ ᠦᠶ᠎ᠡ᠎ᠠᠴᠠ ᠪᠢᠳᠡᠨ᠎ᠳᠤ ᠦᠯᠡᠳᠡᠭᠡᠭᠰᠡᠨ ᠥᠨᠢᠳᠡ ᠵᠢᠨ ᠳᠤᠷᠠᠳᠬᠠᠯᠢ ᠳᠠᠬᠢᠨᠲᠠ ᠰᠡᠷᠡᠵᠦ᠂ ᠪᠦᠭᠦᠳᠡ ᠨᠠᠶ᠋ᠢᠷᠠᠮᠳᠠᠬᠤ ᠤᠯᠤᠰ᠎ᠤᠨ ᠥᠰᠦᠯᠲᠡ ᠪᠣᠶ᠋ᠢᠵᠢᠯᠲᠠ ᠵᠢᠨ ᠵᠠᠮ᠎ᠢ ᠦᠵᠡᠭᠦᠯᠬᠦ ᠶᠠᠪᠤᠳᠠᠯ ᠪᠣᠯᠣᠨ᠎ᠠ᠃
ᠴᠡᠷᠢᠭ ᠠᠩᠭᠢ ᠵᠢᠨ ᠳᠤᠷᠠᠰᠬᠠᠯ᠎ᠤᠨ ᠲᠢᠩᠬᠢᠮ᠎ᠤᠨ ᠲᠠᠯᠠᠪᠠᠢ᠎ᠨᠢ 200 ᠲᠡᠭᠰᠢ ᠳᠥᠷᠪᠡᠯᠵᠢᠨ ᠮᠧᠲᠷ ᠪᠠᠶ᠋ᠢᠵᠤ᠂ ᠭᠣᠣᠯᠳᠠᠭᠤ ᠥᠪᠥᠷ ᠮᠣᠩᠭᠣᠯ᠎ᠤᠨ ᠴᠡᠷᠢᠭ ᠠᠩᠭᠢ ᠵᠢᠨ ᠪᠠᠶ᠋ᠢᠯᠳᠤᠭᠴᠢᠳ᠎ᠤᠨ ᠬᠠᠩᠭ᠋ᠠᠭᠰᠠᠨ ᠦᠰᠦᠭ ᠪᠢᠴᠢᠭ᠎ᠤᠨ ᠮᠠᠲ᠋ᠧᠷᠢᠶᠠᠯ᠂ ᠵᠢᠷᠤᠭ ᠰᠡᠭᠦᠳᠡᠷ ᠪᠠ ᠬᠠᠭᠣᠴᠢᠨ ᠡᠳ᠋ᠯᠡᠯ᠎ᠢ 160 ᠭᠠᠷᠤᠢ ᠬᠤᠪᠢ ᠳᠡᠯᠭᠡᠨ ᠦᠵᠡᠭᠦᠯᠵᠡᠢ᠃ 2014 ᠣᠨ᠎ᠤ 8 ᠰᠠᠷ᠎ᠠ ᠵᠢᠨ 2 ᠤᠨ ᠡᠳᠥᠷ᠂ ᠪᠡᠭᠡᠵᠢᠩ᠎ᠤᠨ ᠴᠡᠷᠢᠭ᠎ᠤᠨ ᠲᠣᠭᠣᠷᠢᠭ᠎ᠤᠨ ᠥᠪᠥᠷ ᠮᠣᠩᠭᠣᠯ᠎ᠤᠨ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠴᠡᠷᠢᠭ ᠠᠩᠭᠢ ᠪᠠᠶ᠋ᠢᠭᠤᠯᠤᠭᠳᠠᠭᠰᠠᠨ ᠳᠥᠴᠢᠨ ᠲᠠᠪᠤᠨ ᠵᠢᠯ᠎ᠤᠨ ᠣᠢ ᠵᠢᠨ ᠪᠠᠶᠠᠷᠲᠤ ᠲᠣᠬᠢᠶᠠᠯᠳᠤᠭᠤᠯᠤᠨ ᠲᠤᠰ ᠣᠷᠳᠣᠨ᠎ᠢ ᠨᠡᠭᠡᠭᠡᠵᠡᠢ᠃ ᠲᠤᠰ ᠲᠢᠩᠬᠢᠮ᠎ᠨᠢ ᠬᠥᠮᠥᠰ᠎ᠲᠤ᠂ ᠲᠤᠬᠠᠢ ᠵᠢᠨ ᠦᠶ᠎ᠡ ᠵᠢᠨ ᠴᠡᠷᠢᠭ ᠠᠩᠭᠢ ᠵᠢᠨ ᠪᠠᠶ᠋ᠢᠯᠳᠤᠭᠴᠢᠳ᠎ᠤᠨ 《ᠰᠢᠷᠭ᠋ᠠᠭᠤ ᠲᠡᠮᠡᠴᠡᠵᠦ᠂ ᠬᠦᠨᠳᠦ ᠬᠦᠴᠢᠷ᠎ᠢ ᠲᠡᠰᠪᠦᠷᠢᠯᠡᠨ᠂ ᠰᠢᠨᠲᠠᠷᠠᠰᠢ ᠦᠭᠡᠢ᠎ᠪᠠᠷ ᠵᠣᠷᠢᠭᠲᠠᠢ ᠤᠷᠤᠭᠰᠢᠯᠠᠬᠤ》 ᠵᠣᠷᠢᠭ ᠰᠠᠨᠠᠭ᠎ᠠ ᠵᠢ ᠦᠵᠡᠭᠦᠯᠵᠡᠢ᠃ ᠲᠤᠰ ᠲᠢᠩᠬᠢᠮ ᠪᠣᠯ ᠴᠡᠷᠢᠭ ᠠᠩᠭᠢ ᠵᠢᠨ ᠲᠡᠦᠬᠡ ᠵᠢ ᠳᠡᠯᠭᠡᠨ ᠦᠵᠡᠭᠦᠯᠦᠭᠰᠡᠨ ᠪᠡᠯᠭᠡ ᠳᠤᠷᠠᠰᠬᠠᠯ᠎ᠤᠨ ᠴᠢᠨᠠᠷᠲᠠᠢ ᠬᠥᠮᠥᠨ ᠰᠣᠶᠣᠯ᠎ᠤᠨ ᠦᠵᠡᠭᠦᠯᠭᠡ ᠪᠣᠯᠬᠤ ᠪᠥᠭᠡᠳ᠂ ᠬᠣᠶ᠋ᠢᠨᠠᠬᠢ ᠬᠥᠮᠥᠰ᠎ᠢ ᠬᠥᠲᠥᠯᠦᠨ ᠵᠢᠯᠣᠭᠣᠳᠬᠤ ᠪᠠ ᠬᠥᠮᠥᠵᠢᠭᠦᠯᠬᠦ ᠪᠠᠶ᠋ᠢᠭ᠋ᠠᠳ ᠴᠡᠷᠢᠭ ᠠᠩᠭᠢ ᠵᠢᠨ ᠵᠣᠷᠢᠭ ᠰᠠᠨᠠᠭ᠎ᠠ ᠵᠢ ᠤᠯᠠᠮᠵᠢᠯᠠᠨ ᠵᠠᠯᠭ᠋ᠠᠮᠵᠢᠯᠠᠭᠤᠯᠬᠤ ᠴᠢᠬᠤᠯᠠ ᠰᠣᠶᠣᠯ᠎ᠤᠨ ᠰᠠᠭᠤᠷᠢᠨ ᠭᠠᠵᠠᠷ ᠪᠣᠯᠣᠨ᠎ᠠ᠃
ᠡᠯᠡᠰᠦ ᠵᠢ ᠵᠠᠰᠠᠭᠰᠠᠨ ᠳᠤᠷᠠᠰᠬᠠᠯ᠎ᠤᠨ ᠲᠢᠩᠬᠢᠮ᠎ᠤᠨ ᠲᠠᠯᠠᠪᠠᠢ᠎ᠨᠢ 600 ᠲᠡᠭᠰᠢ ᠳᠥᠷᠪᠡᠯᠵᠢᠨ ᠮᠧᠲᠷ ᠪᠠᠶ᠋ᠢᠵᠤ᠂ ᠦᠰᠦᠭ ᠪᠢᠴᠢᠭ᠂ ᠵᠢᠷᠤᠭ ᠰᠡᠭᠦᠳᠡᠷ᠂ ᠪᠣᠳᠠᠲᠤ ᠡᠳ᠋᠎ᠢ ᠳᠡᠯᠭᠡᠨ ᠦᠵᠡᠭᠦᠯᠬᠦ᠎ᠪᠠᠷ ᠳᠠᠮᠵᠢᠨ᠂ ᠮᠠᠨ᠎ᠤ ᠰᠢᠶᠠᠨ᠎ᠤ 60 ᠭᠠᠷᠤᠢ ᠵᠢᠯ᠎ᠤᠨ ᠲᠤᠷᠰᠢᠬᠢ ᠡᠯᠡᠰᠦ ᠰᠠᠯᠬᠢᠨ᠎ᠢ ᠰᠡᠷᠭᠡᠶ᠋ᠢᠯᠡᠨ ᠵᠠᠰᠠᠵᠤ᠂ ᠡᠯᠡᠰᠦᠨ ᠴᠥᠯ᠎ᠢ ᠥᠭᠡᠷᠡᠴᠢᠯᠡᠵᠦ᠂ ᠨᠣᠮᠢᠨ ᠨᠣᠭᠣᠭ᠋ᠠᠨ ᠭᠡᠷ ᠣᠷᠣᠨ ᠵᠶ᠋ᠠᠨ ᠴᠣᠭᠴᠠᠯᠠᠭᠰᠠᠨ ᠰᠡᠳᠬᠢᠯ᠎ᠢ ᠬᠥᠳᠡᠯᠭᠡᠮ᠎ᠡ ᠦᠢ᠍ᠯᠡ ᠶᠠᠪᠤᠳᠠᠯ᠎ᠢ ᠦᠵᠡᠭᠦᠯᠵᠦ᠂ ᠴᠠᠭ ᠦᠶ᠎ᠡ ᠵᠢᠨ ᠦᠢ᠍ᠯᠡᠰ ᠪᠣᠰᠬᠠᠭᠰᠠᠨ ᠵᠣᠷᠢᠭ ᠰᠠᠨᠠᠭ᠎ᠠ ᠪᠠ ᠦᠨᠳᠥᠰᠦᠲᠡᠨᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠲᠡᠦᠬᠡ ᠵᠢᠨ ᠦᠨᠡᠨ ᠪᠠᠶ᠋ᠢᠳᠠᠯ᠎ᠢ ᠳᠠᠬᠢᠨᠲᠠ ᠢᠯᠡᠷᠡᠭᠦᠯᠵᠦ᠂ ᠦᠨᠡᠨ᠎ᠠᠴᠠ ᠵᠥᠪ᠎ᠢ ᠡᠷᠢᠬᠦ ᠤᠬᠠᠭᠤᠯᠭ᠎ᠠ ᠵᠢᠨ ᠰᠠᠭᠤᠷᠢ ᠬᠥᠭ ᠵᠶ᠋ᠠᠷ᠂ ᠡᠯᠡᠰᠦ ᠵᠢ ᠵᠠᠰᠠᠬᠤ ᠵᠣᠷᠢᠭ ᠰᠠᠨᠠᠭ᠋ᠠᠨ᠎ᠤ ᠵᠢᠯᠣᠭᠣᠳᠤᠯᠭ᠎ᠠ᠎ᠪᠠᠷ ᠪᠦᠬᠦ ᠰᠢᠶᠠᠨ᠎ᠤ ᠡᠯ᠎ᠡ ᠲᠥᠷᠥᠯ᠎ᠤᠨ ᠠᠵᠢᠯ ᠵᠶ᠋ᠠᠨ ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠮᠠᠨ᠎ᠤ ᠰᠢᠶᠠᠨ᠎ᠤ ᠭᠦᠢ᠍ᠴᠡᠨ ᠳᠠᠪᠠᠵᠤ ᠪᠠᠳᠠᠷᠠᠨ ᠬᠥᠭᠵᠢᠬᠦ᠎ᠳᠤ ᠬᠦᠴᠦᠷᠬᠡᠭ ᠶᠡᠬᠡ ᠣᠶᠣᠨ ᠰᠠᠨᠠᠭ᠋ᠠᠨ᠎ᠤ ᠬᠦᠴᠦᠨ᠎ᠢ ᠬᠠᠩᠭ᠋ᠠᠭᠰᠠᠨ ᠪᠠᠶ᠋ᠢᠨ᠎ᠠ᠃ ᠲᠤᠰ ᠲᠢᠩᠬᠢᠮ᠎ᠳᠤ ᠪᠠᠰᠠ ᠲᠦᠷ ᠴᠠᠭ᠎ᠤᠨ ᠤᠷᠠᠨ ᠵᠢᠷᠤᠭ ᠪᠢᠴᠢᠯᠭᠡ ᠵᠢᠨ ᠦᠵᠡᠰᠬᠦᠯᠡᠩ ᠲᠣᠬᠢᠷᠠᠭᠤᠯᠵᠤ᠂ ᠣᠷᠣᠨ ᠨᠤᠲᠤᠭ᠎ᠤᠨ ᠤᠷᠠᠨ ᠵᠢᠷᠤᠭᠴᠢᠨ ᠪᠠ ᠤᠷᠠᠨ ᠪᠢᠴᠢᠯᠭᠡᠲᠡᠨ᠂ ᠭᠡᠷᠡᠯ ᠵᠢᠷᠤᠭ᠎ᠤᠨ ᠪᠠᠬᠠᠲᠠᠳ᠎ᠤᠨ 120 ᠭᠠᠷᠤᠢ ᠬᠤᠪᠢ ᠤᠷᠠᠨ ᠵᠢᠷᠤᠭ ᠪᠢᠴᠢᠯᠭᠡ ᠵᠢᠴᠢ ᠭᠡᠷᠡᠯ ᠵᠢᠷᠤᠭ᠎ᠤᠨ ᠪᠦᠲᠦᠭᠡᠯ᠎ᠢ ᠳᠡᠯᠭᠡᠨ ᠦᠵᠡᠭᠦᠯᠵᠦ ᠪᠠᠶ᠋ᠢᠳᠠᠭ᠃ ᠬᠦᠯᠢᠶᠡᠨ ᠠᠪᠴᠤ ᠵᠣᠴᠢᠯᠠᠨ ᠦᠢ᠍ᠯᠡᠴᠢᠯᠡᠬᠦ ᠶᠠᠰᠤ ᠴᠢᠨᠠᠷ᠎ᠢ ᠳᠡᠭᠡᠭᠰᠢᠯᠡᠭᠦᠯᠬᠦ ᠵᠢᠨ ᠲᠥᠯᠥᠭᠡ᠂ ᠮᠥᠽᠧᠢᠳᠤ ᠪᠠᠰᠠ ᠬᠡᠯᠡᠵᠦ ᠲᠠᠶ᠋ᠢᠯᠪᠤᠷᠢᠯᠠᠬᠤ ᠰᠢᠰᠲ᠋ᠧᠮ ᠲᠠᠭ᠋ᠠᠷᠠᠭᠤᠯᠵᠤ᠂ ᠬᠡᠯᠡᠵᠦ ᠲᠠᠶ᠋ᠢᠯᠪᠤᠷᠢᠯᠠᠬᠤ ᠰᠢᠰᠲ᠋ᠧᠮ ᠨᠡᠶ᠋ᠢᠳᠡᠮ ᠪᠦᠷᠬᠦᠵᠦ᠂ ᠲᠣᠭᠣᠷᠢᠨ ᠦᠵᠡᠬᠦ ᠣᠯᠠᠨ ᠲᠦᠮᠡᠨ᠎ᠳᠤ ᠳᠥᠭᠥᠮ ᠨᠥᠬᠥᠴᠡᠯ ᠬᠠᠩᠭ᠋ᠠᠵᠠᠢ᠃ ᠪᠦᠬᠦᠶ᠋ᠢᠯᠡ ᠦᠵᠡᠭᠦᠯᠭᠡ ᠵᠢᠨ ᠲᠢᠩᠬᠢᠮ᠎ᠳᠤ ᠪᠦᠷ ᠡᠯᠧᠺᠳ᠋ᠷᠣᠨ ᠬᠢᠨᠠᠨ ᠡᠵᠡᠮᠳᠡᠯ᠂ ᠭᠠᠯ᠎ᠢ ᠰᠡᠷᠭᠡᠶ᠋ᠢᠯᠡᠬᠦ᠂ ᠬᠤᠯᠠᠭ᠋ᠠᠢ ᠵᠢ ᠰᠡᠷᠭᠡᠶ᠋ᠢᠯᠡᠬᠦ ᠲᠥᠬᠥᠭᠡᠷᠦᠮᠵᠢ ᠲᠠᠭ᠋ᠠᠷᠠᠭᠤᠯᠤᠭᠰᠠᠨ ᠪᠥᠭᠡᠳ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠲᠠᠰᠤᠭ᠎ᠲᠤ 24 ᠴᠠᠭ ᠵᠶ᠋ᠠᠷ ᠨᠡᠶ᠋ᠢᠳᠡᠮ ᠬᠢᠨᠠᠨ ᠡᠵᠡᠮᠳᠡᠵᠦ᠂ ᠪᠦᠬᠦᠯᠢ ᠵᠢᠯ ᠵᠶ᠋ᠠᠷ ᠰᠦᠢ᠍ᠳᠬᠡᠯ ᠬᠤᠷᠢᠶᠠᠬᠤ ᠦᠭᠡᠢ᠎ᠪᠠᠷ ᠴᠢᠯᠥᠭᠡᠲᠡᠢ ᠨᠡᠭᠡᠭᠡᠵᠦ ᠪᠠᠶ᠋ᠢᠳᠠᠭ᠃
ᠮᠥᠽᠧᠢ ᠵᠢ ᠰᠦᠢ᠍ᠳᠬᠡᠯ ᠬᠤᠷᠢᠶᠠᠬᠤ ᠦᠭᠡᠢ᠎ᠪᠠᠷ ᠨᠡᠭᠡᠭᠡᠯᠲᠡ ᠬᠢᠭᠰᠡᠨ᠎ᠠᠴᠠ ᠨᠠᠭ᠋ᠠᠰᠢ᠂ ᠨᠡᠶ᠋ᠢᠭᠡᠮ᠎ᠤᠨ ᠦᠷ᠎ᠡ ᠠᠰᠢᠭ ᠮᠠᠰᠢ ᠢᠯᠡᠷᠬᠡᠢ ᠪᠠᠶ᠋ᠢᠵᠤ᠂ ᠳᠡᠯᠭᠡᠨ ᠦᠵᠡᠭᠦᠯᠬᠦ ᠣᠷᠳᠣᠨ᠎ᠤ ᠣᠯᠠᠨ ᠨᠡᠶ᠋ᠢᠲᠡ ᠵᠢᠨ ᠥᠷᠲᠡᠭ ᠭᠦᠢ᠍ᠴᠡᠳ ᠰᠠᠶ᠋ᠢᠨ ᠪᠠᠳᠠᠷᠠᠵᠠᠢ᠃ ᠴᠢᠯᠥᠭᠡᠲᠡᠢ ᠨᠡᠭᠡᠭᠡᠭᠰᠡᠨ᠎ᠠᠴᠠ ᠨᠠᠭ᠋ᠠᠰᠢ᠂ ᠨᠡᠶ᠋ᠢᠲᠡ 13 ᠲᠦᠮᠡ ᠭᠠᠷᠤᠢ ᠬᠥᠮᠥᠨ ᠤᠳᠠᠭ᠎ᠠ ᠵᠢ ᠬᠦᠯᠢᠶᠡᠨ ᠵᠣᠴᠢᠯᠠᠭᠰᠠᠨ ᠪᠥᠭᠡᠳ᠂ ᠪᠠᠶᠠᠷ ᠳᠤᠷᠠᠰᠬᠠᠯ᠎ᠤᠨ ᠡᠳᠥᠷ ᠡᠯ᠎ᠡ ᠵᠦᠢ᠍ᠯ᠎ᠤᠨ ᠠᠵᠢᠯᠯᠠᠭ᠎ᠠ ᠵᠢ 36 ᠤᠳᠠᠭ᠎ᠠ ᠥᠷᠨᠢᠭᠦᠯᠵᠡᠢ᠃ 2010 ᠣᠨ᠎ᠳᠤ᠂ ᠳ᠋ᠧᠩᠺᠧᠦ ᠰᠢᠶᠠᠨ᠎ᠤ ᠮᠥᠽᠧᠢᠨᠢ ᠪᠠᠶᠠᠨᠨᠠᠭᠤᠷ ᠬᠣᠲᠠ ᠵᠢᠨ ᠡᠬᠡ ᠤᠯᠤᠰᠴᠢ ᠬᠥᠮᠥᠵᠢᠯ᠎ᠤᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ ᠵᠶ᠋ᠠᠷ ᠦᠨᠡᠯᠡᠭᠳᠡᠵᠦ᠂ 2013 ᠣᠨ᠎ᠳᠤ ᠤᠯᠤᠰ᠎ᠤᠨ AA ᠳᠡᠰ᠎ᠤᠨ ᠵᠤᠭ᠋ᠠᠴᠠᠯ᠎ᠤᠨ ᠦᠵᠡᠮᠵᠢ ᠵᠢᠨ ᠣᠷᠣᠨ ᠵᠶ᠋ᠠᠷ ᠦᠨᠡᠯᠡᠭᠳᠡᠵᠡᠢ᠃ ᠲᠤᠰ ᠮᠥᠽᠧᠢᠨᠢ ᠴᠣᠩᠬᠣᠪᠴᠢ ᠤᠬᠠᠭᠤᠯᠭ᠎ᠠ ᠵᠢᠨ ᠦᠢ᠍ᠯᠡᠳᠥᠯ ᠵᠶ᠋ᠠᠨ ᠭᠦᠢ᠍ᠴᠡᠳ ᠪᠠᠳᠠᠷᠠᠭᠤᠯᠵᠤ᠂ ᠡᠬᠡ ᠤᠯᠤᠰᠴᠢ ᠬᠥᠮᠥᠵᠢᠯ᠎ᠤᠨ ᠭᠣᠣᠯ ᠠᠶ᠋ᠢᠵᠠᠮ᠎ᠢ ᠪᠠᠳᠠᠷᠠᠭᠤᠯᠵᠤ᠂ 《ᠳᠤᠮᠳᠠᠳᠤ᠎ᠪᠠᠨ ᠬᠠᠶ᠋ᠢᠷᠠᠯᠠᠵᠤ᠂ ᠡᠬᠡ ᠨᠤᠲᠤᠭ ᠵᠶ᠋ᠠᠨ ᠬᠠᠶ᠋ᠢᠷᠠᠯᠠᠬᠤ》 ᠤᠬᠠᠭᠤᠯᠭ᠎ᠠ ᠵᠢᠨ ᠰᠠᠭᠤᠷᠢᠨ ᠪᠣᠯᠵᠤ᠂ ᠮᠡᠳᠡᠯᠭᠡ ᠵᠢ ᠤᠯᠠᠮᠵᠢᠯᠠᠨ᠂ ᠪᠣᠯᠪᠠᠰᠤᠨ᠎ᠢ ᠤᠬᠠᠭᠤᠯᠵᠤ᠂ ᠲᠡᠦᠬᠡ ᠵᠢ ᠬᠦᠦᠷᠨᠢᠵᠦ᠂ ᠵᠥᠪ ᠶᠣᠰᠣ ᠵᠢ ᠰᠤᠷᠲᠠᠯᠴᠢᠯᠠᠬᠤ ᠭᠠᠵᠠᠷ ᠪᠣᠯᠵᠤ᠂ ᠬᠥᠮᠥᠰ᠎ᠲᠤ ᠣᠶᠣᠨ ᠰᠠᠨᠠᠭ᠋ᠠᠨ᠎ᠤ ᠬᠦᠨᠡᠰᠦ ᠬᠠᠩᠭ᠋ᠠᠬᠤ ᠭᠡᠷ ᠣᠷᠣᠨ ᠪᠣᠯᠵᠤ᠂ ᠲᠡᠦᠬᠡ ᠵᠢᠨ ᠥᠪ ᠦᠯᠡᠳᠡᠭᠳᠡᠯ ᠵᠢᠴᠢ ᠰᠣᠶᠣᠯ᠎ᠤᠨ ᠥᠪ᠎ᠢ ᠬᠠᠮᠠᠭ᠋ᠠᠯᠠᠬᠤ ᠪᠠ ᠥᠷᠲᠡᠭ᠎ᠢ᠎ᠨᠢ ᠪᠠᠳᠠᠷᠠᠭᠤᠯᠬᠤ᠎ᠳᠤ ᠨᠡᠩ ᠠᠯᠤᠰ ᠬᠡᠲᠦ ᠵᠢᠨ ᠦᠢ᠍ᠯᠡᠳᠥᠯ ᠦᠵᠡᠭᠦᠯᠵᠦ ᠪᠠᠶ᠋ᠢᠳᠠᠭ᠃
ᠢᠷᠡᠯᠲᠡ᠄ ᠲᠤᠰ ᠰᠦᠯᠵᠢᠶ᠎ᠡ