ᠪᠠᠶᠠᠯᠢᠭ ᠨᠠᠭᠤᠷᠲᠣ ᠨᠣᠲᠤᠭ   -   ᠤᠳᠬ᠎ᠠ ᠤᠷᠠᠯᠢᠭ

ᠨᠠᠷᠠᠰᠤ ᠵᠢᠨ ᠰᠦᠯᠵᠢᠶᠠᠨ ᠳᠡᠭᠡᠷᠡᠬᠢ ᠠᠶ᠎ᠠ ᠳᠠᠭᠤᠨ᠎ᠤ ᠲᠣᠭᠯᠠᠯᠲᠠ ᠠᠮᠵᠢᠯᠲᠠ᠎ᠲᠠᠢ ᠶᠠᠪᠤᠭᠳᠠᠪᠠ

ᠨᠡᠶ᠋ᠢᠲᠡᠯᠡᠭᠰᠡᠨ ᠴᠠᠭ᠄   2024-08-28

    ᠣᠶ᠋ᠢᠷ᠎ᠠ ᠵᠢᠨ ᠡᠳᠦᠷ᠂ ᠳᠠᠭᠤᠴᠢᠨ ᠨᠠᠷᠠᠰᠤ ᠵᠢᠨ ᠰᠦᠯᠵᠢᠶᠠᠨ ᠳᠡᠭᠡᠷᠡᠬᠢ ᠠᠶ᠎ᠠ ᠳᠠᠭᠤᠨ᠎ᠤ ᠲᠤᠰᠬᠠᠢ ᠲᠠᠯᠠᠪᠠᠢ ᠵᠢᠨ ᠲᠣᠭᠯᠠᠯᠲᠠ ᠬᠠᠩᠬᠢᠨ ᠬᠤᠰᠢᠭᠤᠨ᠎ᠤ ᠬᠥᠪᠴᠢ ᠵᠢᠨ ᠡᠯᠡᠰᠦᠨ᠎ᠳᠠᠬᠢ ᠶᠧ ᠮᠢᠩ ᠱᠠ ᠵᠢᠭᠤᠯᠴᠢᠯᠠᠯ᠎ᠤᠨ ᠣᠷᠣᠨ᠎ᠳᠤ ᠶᠠᠪᠤᠭᠳᠠᠭᠰᠠᠨ ᠪᠠᠶ᠋ᠢᠨ᠎ᠠ ᠲᠣᠭᠯᠠᠯᠲᠠ᠎ᠨᠢ ᠰᠢᠨᠬᠤᠸᠠ ᠰᠦᠯᠵᠢᠶ᠎ᠡ᠂ ᠲᠧᠩ ᠰᠢᠶᠦ᠋ᠨ ᠸᠢᠳᠢᠤ᠋᠂ ᠲᠢᠺ ᠲᠤᠺ᠂ ᠸᠢᠴᠠᠲ ᠵᠡᠷᠭᠡ ᠣᠯᠠᠨ ᠵᠠᠭᠤᠴᠢᠯᠠᠭᠤᠷ᠎ᠤᠨ ᠳᠠᠪᠴᠠᠩ ᠵᠶ᠋ᠠᠷ ᠰᠢᠭᠤᠳ ᠨᠡᠪᠲᠡᠷᠡᠭᠦᠯᠵᠤ᠂ ᠰᠢᠭᠤᠳ ᠨᠡᠪᠲᠡᠷᠡᠭᠦᠯᠭᠡ ᠵᠢ ᠨᠡᠶ᠋ᠢᠲᠡ 270.94 ᠲᠦᠮᠡ ᠭᠠᠷᠤᠢ ᠬᠥᠮᠥᠨ ᠤᠳᠠᠭ᠎ᠠ ᠰᠣᠨᠢᠷᠬᠠᠭᠰᠠᠨ ᠪᠠᠶ᠋ᠢᠨ᠎ᠠ᠃ 《ᠰᠠᠶ᠋ᠢᠬᠠᠨ》 《ᠢᠷᠦᠭᠡᠯ ᠰᠡᠷᠭᠦᠭᠰᠡᠨ ᠪᠠᠶᠠᠷ》 《ᠨᠠᠶ᠋ᠢᠷ᠎ᠤᠨ ᠳᠠᠭᠤᠤ》 《ᠬᠤᠯᠠ ᠵᠢᠨ ᠲᠡᠷᠭᠡᠯ ᠬᠥᠳᠡᠭᠡ》 ᠵᠡᠷᠭᠡ 18 ᠳᠠᠭᠤᠤ᠎ᠪᠠᠷ ᠰᠣᠨᠣᠰᠤᠭᠴᠢ᠎ᠪᠠᠨ ᠪᠠᠶᠠᠰᠬᠠᠬᠤ ᠵᠢᠨ ᠬᠠᠮᠲᠤ ᠲᠥᠷᠥᠭᠰᠡᠨ ᠨᠤᠲᠤᠭ ᠬᠠᠩᠬᠢᠨ ᠬᠤᠰᠢᠭᠤ᠂ ᠬᠥᠪᠴᠢ ᠵᠢᠨ ᠡᠯᠡᠰᠦ᠂ ᠬᠠᠩᠭᠢᠨ ᠬᠤᠰᠢᠭᠤᠨ᠎ᠤ ᠰᠣᠶᠣᠯ ᠵᠢᠭᠤᠯᠴᠢᠯᠠᠯ᠎ᠤᠨ ᠡᠬᠢ ᠰᠤᠷᠪᠤᠯᠵᠢ ᠵᠢ ᠪᠦᠬᠦᠶ᠋ᠢᠯᠡ ᠰᠦᠯᠵᠢᠶᠡᠨ ᠨᠠᠶ᠋ᠢᠵᠠ ᠨᠠᠷ᠎ᠲᠤ᠎ᠪᠠᠨ ᠲᠠᠨᠢᠯᠴᠠᠭᠤᠯᠵᠤ᠂ ᠣᠯᠠᠨ ᠲᠦᠮᠡᠨ᠎ᠢ ᠥᠪᠥᠷ ᠮᠣᠩᠭᠤᠯ᠂ ᠬᠠᠩᠭᠢᠨ ᠬᠤᠰᠢᠭᠤᠨ᠎ᠳᠤ ᠢᠷᠡᠵᠤ ᠵᠤᠭ᠋ᠠᠴᠠᠬᠤ ᠵᠢ ᠤᠷᠢᠶᠠᠯᠠᠭᠰᠠᠨ ᠪᠠᠶ᠋ᠢᠨ᠎ᠠ᠃
     ᠣᠶ᠋ᠢᠷ᠎ᠠ ᠵᠢᠨ ᠵᠢᠯ᠎ᠳᠤ᠂ ᠬᠠᠩᠭᠢᠨ ᠬᠤᠰᠢᠭᠤ ᠣᠷᠣᠨ ᠨᠤᠲᠤᠭ᠎ᠤᠨ ᠰᠣᠶᠣᠯ᠎ᠤᠨ ᠳᠠᠯᠳᠠ ᠬᠦᠴᠦᠨ᠎ᠢ ᠭᠦᠢ᠍ᠴᠡᠳ ᠠᠭᠤᠳᠠᠯᠯᠠᠵᠤ᠂ ᠡᠬᠢ ᠪᠠᠶᠠᠯᠢᠭ ᠪᠠ ᠨᠡᠷᠡᠳᠦ ᠲᠥᠷᠥᠯ ᠲᠡᠮᠳᠡᠭᠲᠦ ᠵᠢᠨ ᠳᠠᠪᠠᠭᠤᠯᠢᠭ ᠵᠶ᠋ᠠᠨ ᠭᠦᠢ᠍ᠴᠡᠳ ᠠᠰᠢᠭᠯᠠᠨ᠂ ᠤᠯᠠᠨ ᠠᠷᠭ᠎ᠠ ᠬᠡᠮᠵᠢᠶ᠎ᠡ᠎ᠪᠠᠷ ᠵᠢᠭᠤᠯᠴᠢᠯᠠᠯ᠎ᠤᠨ ᠨᠥᠯᠥᠭᠡᠯᠡᠬᠦ ᠬᠦᠴᠦᠨ ᠪᠠ ᠠᠯᠳᠠᠷᠰᠢᠯ᠎ᠢ ᠳᠠᠰᠤᠷᠠᠯᠲᠠ ᠦᠭᠡᠢ ᠥᠷᠭᠡᠳᠬᠡᠪᠡ᠃ ᠲᠣᠰ ᠤᠳᠠᠭ᠋ᠠᠨ᠎ᠤ ᠲᠣᠭᠯᠠᠯᠲᠠ᠎ᠨᠢ ᠳᠠᠭᠤᠴᠢᠳ᠎ᠤᠨ ᠬᠠᠷᠠᠭ᠋ᠠᠨ᠎ᠠᠴᠠ ᠦᠵᠡᠭᠴᠢᠳ᠎ᠢ ᠳᠠᠭ᠋ᠠᠭᠤᠯᠤᠨ ᠲᠣᠭᠯᠠᠯᠲᠠ ᠵᠢ ᠰᠣᠨᠢᠷᠬᠠᠭᠤᠯᠵᠤ᠂ Vlog ᠬᠡᠯᠪᠡᠷᠢ᠎ᠪᠠᠷ ᠨᠠᠷᠢᠨ ᠵᠦᠢ᠍ᠯᠡᠰ᠎ᠢ ᠲᠡᠮᠲᠡᠭᠯᠡᠬᠦ ᠵᠢᠨ ᠬᠠᠮᠲᠤ ᠳᠡᠯᠭᠡᠨ ᠦᠵᠡᠭᠦᠯᠵᠤ᠂ ᠲᠣᠭᠯᠠᠯᠲᠠ ᠵᠢᠨ ᠠᠷᠤ᠎ᠳᠠᠬᠢ ᠴᠢᠷᠮᠠᠶ᠋ᠢᠯᠭ᠎ᠠ ᠪᠠ ᠭᠤᠶ᠋ᠢᠳᠠ ᠰᠠᠶ᠋ᠢᠬᠠᠨ᠎ᠢ ᠦᠵᠡᠭᠴᠢᠳ᠎ᠲᠤ ᠮᠡᠳᠡᠷᠡᠭᠦᠯᠵᠤ ᠴᠢᠳᠠᠭᠰᠠᠨ ᠮᠥᠷᠲᠡᠭᠡᠨ ᠬᠠᠩᠭᠢᠨ ᠬᠤᠰᠢᠭᠤᠨ᠎ᠤ ᠰᠣᠶᠣᠯ ᠵᠢᠭᠤᠯᠴᠢᠯᠠᠯ᠎ᠤᠨ ᠬᠥᠭᠵᠢᠯᠲᠡ ᠵᠢ ᠠᠬᠢᠭᠤᠯᠬᠤ ᠪᠠᠰᠠ ᠨᠢᠭᠡᠨ ᠰᠢᠨ᠎ᠡ ᠠᠷᠭ᠎ᠠ ᠬᠡᠮᠵᠢᠶ᠎ᠡ ᠪᠣᠯᠵᠤ ᠴᠢᠳᠠᠭᠰᠠᠨ ᠪᠠᠶ᠋ᠢᠨ᠎ᠠ᠃

29AA8416D6351AB6639BE2B855B2F3FE.png

C1A633B02ADC9456F7D772580D291774.png


3D1497236A079533DB00DC59284B98F5.png

6F5DC63E234A2815DD6CD97EE68D73B9.png

27ADB4A9320E09CD5E3B4C21CA77224A.png

ᠢᠷᠡᠯᠲᠡ᠄ ᠣᠷᠳᠣᠰ ᠬᠤᠲᠠ ᠵᠢᠨ ᠬᠠᠮ ᠵᠠᠭᠤᠴᠢᠯᠠᠭᠤᠷ᠎ᠤᠨ ᠲᠥᠪ