ᠪᠠᠶᠠᠯᠢᠭ ᠨᠠᠭᠤᠷᠲᠣ ᠨᠣᠲᠤᠭ   -   ᠲᠡᠦᠬᠡ ᠰᠣᠶᠣᠯ

ᠤᠷᠠᠳ᠎ᠤᠨ ᠲᠤᠮᠳᠠᠳᠤ ᠬᠤᠰᠢᠭᠤᠨ᠎ᠤ ᠨᠡᠷᠡᠳᠤ ᠬᠦᠮᠦᠰ᠎ᠤᠨ ᠨᠠᠮᠳᠠᠷ — ᠲᠦᠪᠰᠢᠨ

ᠨᠡᠶ᠋ᠢᠲᠡᠯᠡᠭᠰᠡᠨ ᠴᠠᠭ᠄   2024-11-05

      ᠲᠦᠪᠰᠢᠨ (1925 — 1990) ᠡᠷᠡᠭᠳᠡᠢ᠂ ᠮᠤᠩᠭᠤᠯ ᠦᠨᠳᠤᠰᠤᠳᠡᠨ᠂ ᠤᠭ ᠨᠤᠳᠤᠭ᠎ᠨᠢ ᠦᠪᠤᠷ ᠮᠤᠩᠭᠤᠯ᠎ᠤᠨ ᠭᠦᠷᠢᠶ᠎ᠡ ᠬᠤᠰᠢᠭᠤ᠃ 1925 ᠤᠨ᠎ᠤ 9 ᠳ᠋ᠤᠭᠡᠷ ᠰᠠᠷ᠎ᠠ ᠵᠢᠨ 10᠎ᠤ ᠡᠳᠤᠷ ᠶᠠᠳᠠᠭᠤ ᠲᠠᠷᠢᠶᠠᠴᠢᠨ ᠪᠢᠯᠢᠭᠦᠨᠳᠠᠯᠠᠢ ᠵᠢᠨ ᠭᠡᠷ᠎ᠲᠤ ᠲᠦᠷᠦᠵᠠᠢ᠂ ᠭᠡᠷ᠎ᠲᠡᠭᠡᠨ ᠬᠡᠤᠬᠡᠳ᠎ᠤᠨ ᠬᠢᠨᠢ ᠬᠤᠶᠠᠳᠤᠭ᠋ᠠᠷ᠎ᠨᠢ ᠪᠤᠯᠤᠨ᠎ᠠ᠃ 1932 ᠤᠨ᠎ᠳᠤ ᠸᠠᠩ ᠨᠤᠶᠠᠨ ᠢᠵᠠᠭᠤᠷᠳᠠᠨ᠎ᠤ ᠲᠠᠷᠤᠯᠠᠯ ᠮᠦᠯᠵᠢᠯ᠎ᠠᠴᠠ ᠵᠠᠶ᠋ᠢᠯᠠᠵᠤ ᠪᠦᠬᠦ ᠬᠡᠷ ᠵᠶ᠋ᠠᠷ ᠵᠶ᠋ᠠᠨ ᠬᠢᠩᠭ᠋ᠠᠨ ᠠᠶ᠋ᠢᠮᠠᠭ ᠎ᠤᠨ ᠬᠤᠷᠴᠢᠨ ᠪᠠᠷᠠᠭᠤᠨ ᠭᠠᠷ᠎ᠤᠨ ᠲᠤᠮᠳᠠᠳᠤ ᠬᠤᠰᠢᠭᠤᠨ᠎ᠤ ᠪᠠᠶᠠᠨᠮᠠᠩᠬ᠎ᠠ ᠰᠤᠮᠤᠨ᠎ᠤ ᠯᠢᠦ ᠵᠢᠶᠠ ᠶᠤᠤ᠎ᠳᠤ ᠨᠡᠭᠦᠳᠡᠯᠯᠡᠵᠤ ᠤᠴᠢᠪᠡ᠃
      ᠬᠡᠤᠭᠡᠳ ᠪᠠᠶ᠋ᠢᠬᠤ᠎ᠳᠠᠭᠠᠨ ᠡᠪᠦᠭᠡ ᠠᠪᠤ᠎ᠪᠠᠨ ᠬᠠᠪᠰᠤᠷᠴᠦ ᠦᠭᠡᠷ ᠬᠠᠷᠢᠭᠤᠯᠬᠤ ᠵᠢᠨ ᠬᠠᠮᠳᠤ ᠪᠠᠭ᠎ᠠ ᠰᠠᠭ᠎ᠠ ᠲᠠᠷᠢᠶᠠᠨ ᠠᠵᠢᠯ ᠬᠢᠵᠤ ᠪᠠᠶ᠋ᠢᠪᠡ᠃ 9 ᠨᠠᠰᠤᠳᠠᠢ ᠎ᠳᠠᠭᠠᠨ ᠲᠤᠰ ᠲᠤᠰᠬᠤᠨ᠎ᠤ ᠪᠢᠴᠢᠭ ᠲᠠᠨᠢᠬᠤ ᠠᠩᠭᠢ᠎ᠳᠤ ᠪᠢᠴᠢᠭ ᠰᠤᠷᠬᠤ ᠵᠢᠨ ᠬᠠᠮᠳᠤ ᠪᠢᠴᠢᠬᠠᠨ ᠲᠤᠭᠤᠭ᠋ᠠᠴᠢ ᠪᠤᠯᠪᠡ᠃ 13 ᠨᠠᠰᠤᠳᠠᠢ᠎ᠳᠠᠭᠠᠨ ᠭᠠᠵᠠᠷ᠎ᠤᠨ ᠡᠵᠡᠨ ᠪᠠᠶᠠᠨ ᠲᠠᠷᠢᠶᠠᠴᠢᠨ᠎ᠤ ᠠᠶ᠋ᠢᠯ᠎ᠳᠤ ᠵᠠᠷᠤᠭᠳᠠᠵᠤ᠂ ᠤᠷᠳᠤ ᠤᠬᠤᠷ ᠬᠤᠭᠤᠴᠠᠭ᠋ᠠᠨ᠎ᠤ ᠬᠦᠴᠦ ᠶᠠᠪᠤᠵᠤ ᠪᠠᠶ᠋ᠢᠯ᠎ᠠ᠃ ᠬᠠᠭᠤᠷᠮᠠᠭ ᠮᠠᠨᠵᠤ ᠵᠢᠨ ᠦᠶ᠎ᠡ᠎ᠳᠤ᠂ ᠨᠤᠳᠤᠭ᠎ᠤᠨ ᠡᠷᠬᠢᠯᠡᠭᠰᠡᠨ ᠪᠠᠭ᠎ᠠ ᠰᠤᠷᠭ᠋ᠠᠭᠤᠯᠢ᠎ᠳᠤ ᠨᠢᠭᠡ ᠵᠢᠯ ᠰᠤᠷᠤᠯᠴᠠᠭ᠋ᠠᠳ᠂ 1942 ᠤᠨ᠎ᠤ ᠬᠠᠪᠤᠷ ᠸᠠᠩ᠎ᠤᠨ ᠰᠦᠮ᠎ᠡ (ᠤᠳᠤ ᠵᠢᠨ ᠤᠯᠠᠭ᠋ᠠᠠᠬᠤᠳᠠ) ᠵᠢᠨ ᠤᠯᠤᠰ᠎ᠠᠴᠠ ᠡᠷᠬᠢᠯᠡᠭᠰᠡᠨ ᠮᠤᠩᠭᠤᠯ ᠠᠷᠠᠳ᠎ᠤᠨ ᠤᠷᠠᠨ ᠮᠡᠷᠭᠡᠵᠢᠯ ᠰᠤᠷᠬᠤ ᠭᠠᠵᠠᠷ᠎ᠤᠨ ᠮᠤᠳᠤᠴᠢᠨ᠎ᠤ ᠰᠠᠯᠠᠭ᠋ᠠᠨ᠎ᠳᠤ 3 ᠵᠢᠯ ᠰᠤᠷᠤᠯᠴᠠᠵᠤ᠂ ᠲᠡᠭᠦᠰᠦᠭᠰᠡᠨ ᠎ᠤ ᠬᠤᠶ᠋ᠢᠨ᠎ᠠ ᠴᠡᠷᠢᠭ᠎ᠲᠤ ᠡᠯᠰᠡᠭᠳᠡᠵᠤ᠂ ᠸᠠᠩ᠎ᠤᠨ ᠰᠦᠮ᠎ᠡ ᠵᠢᠨ ᠬᠠᠭᠤᠷᠮᠠᠭ ᠮᠠᠨᠵᠤ ᠵᠢᠨ ᠮᠤᠷᠢᠳᠤ ᠴᠡᠷᠢᠭ᠎ᠤᠨ 46 ᠳ᠋ᠤᠭ᠋ᠠᠷ ᠬᠤᠷᠢᠶᠠᠨ᠎ᠤ 2 ᠳ᠋ᠤᠭ᠋ᠠᠷ ᠰᠤᠮᠤᠨ᠎ᠤ ᠪᠠᠶ᠋ᠢᠯᠳᠤᠭᠴᠢ ᠪᠤᠯᠵᠠᠢ᠃ ᠲᠤᠰ ᠵᠢᠯ᠎ᠤᠨ᠎ᠬᠢᠨ 8 ᠳ᠋ᠤᠭ᠋ᠠᠷ ᠰᠠᠷ᠎ᠠ ᠵᠢᠨ 8᠎ᠤ ᠡᠳᠤᠷ ᠪᠦᠬᠦ ᠬᠤᠷᠢᠶᠠᠨ᠎ᠤ ᠵᠠᠪᠰᠡᠭᠳᠤ ᠭᠦᠴᠦ᠎ᠪᠠᠷ ᠶᠠᠫᠤᠨ᠎ᠢ ᠡᠰᠡᠷᠭᠦᠴᠡᠭᠦ ᠭᠦᠳᠡᠯᠭᠡᠭᠡᠨ᠎ᠳᠤ ᠤᠷᠤᠯᠴᠠᠵᠤ᠂ ᠶᠠᠫᠤᠨ ᠴᠡᠷᠢᠭ᠎ᠤᠨ ᠨᠤᠶᠠᠳ᠎ᠢ ᠠᠯᠠᠵᠤ᠂ ᠠᠰᠬᠠᠨ᠎ᠤ ᠲᠠᠭ᠋ᠠᠭᠤᠯᠤᠯ ᠲᠤᠤᠷ᠎ᠠ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠤᠳᠤᠷᠢᠳᠤᠯᠭ᠎ᠠ ᠵᠢ ᠭᠦᠯᠢᠶᠡᠪᠡ᠃ ᠲᠡᠷᠡ ᠤᠯᠠᠭ᠋ᠠᠨᠬᠤᠳᠠ ᠵᠢᠨ ᠴᠠᠭᠳᠠᠭ᠋ᠠᠨ᠎ᠤ ᠶᠡᠭᠡ ᠠᠩᠭᠢ᠎ᠳᠤ ᠪᠠᠶ᠋ᠢᠯᠳᠤᠭᠴᠢ ᠪᠤᠯᠵᠤ᠂ ᠬᠤᠪᠢᠰᠬᠠᠯ᠎ᠳᠤ ᠤᠷᠤᠯᠴᠠᠵᠠᠢ᠃ ᠲᠡᠷᠡ ᠤᠷᠢᠳ ᠬᠤᠵᠢᠳ ᠲᠦᠴᠢᠤᠸᠠᠨ ᠰᠢᠶᠠᠨ᠎ᠢ ᠴᠢᠯᠤᠭᠡᠯᠡᠭᠦ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠵᠡᠭᠦᠨ ᠬᠤᠶ᠋ᠢᠳᠤ ᠤᠷᠤᠨ᠎ᠤ ᠠᠵᠢᠯ᠎ᠤᠨ ᠵᠦᠪᠯᠡᠯ᠎ᠤᠨ ᠬᠠᠷᠢᠭᠤᠴᠠᠯᠭ᠋ᠠᠳᠠᠨ ᠬᠤ᠌ ᠪᠢᠩ ᠴᠢᠤᠸᠠᠨ᠎ᠢ ᠠᠪᠤᠷᠠᠬᠤ ᠵᠢᠴᠢ ᠬᠤᠷᠴᠢᠨ ᠪᠠᠷᠠᠭᠤᠨ ᠭᠠᠷ᠎ᠤᠨ ᠲᠤᠮᠳᠠᠳᠤ ᠬᠤᠰᠢᠭᠤ᠂ ᠬᠤᠷᠴᠢᠨ ᠵᠡᠭᠦᠨ ᠭᠠᠷ᠎ᠤᠨ ᠲᠤᠮᠳᠠᠳᠤ ᠬᠤᠰᠢᠭᠤ᠂ ᠬᠤᠷᠴᠢᠨ ᠵᠡᠭᠦᠨ ᠭᠠᠷ᠎ᠤᠨ ᠬᠤᠶ᠋ᠢᠳᠤ ᠬᠤᠰᠢᠭᠤ᠂ ᠭᠦᠷᠢᠶ᠎ᠡ ᠬᠤᠰᠢᠭᠤ᠂ ᠨᠠᠢ᠍ᠮᠠᠨ ᠬᠤᠰᠢᠭᠤ ᠵᠢ ᠴᠢᠯᠤᠭᠡᠯᠡᠭᠦ ᠲᠠᠶ᠋ᠢᠨ᠎ᠳᠤ ᠤᠷᠤᠯᠴᠠᠭᠰᠠᠨ ᠶᠤᠮ᠃
      1947 ᠤᠨ᠎ᠳᠤ᠂ ᠲᠡᠷᠡ ᠬᠤᠷᠴᠢᠨ ᠪᠠᠷᠠᠭᠤᠨ ᠭᠠᠷ᠎ᠤᠨ ᠲᠤᠮᠳᠠᠳᠤ ᠬᠤᠰᠢᠭᠤᠨ᠎ᠤ ᠭᠠᠵᠠᠷ ᠰᠢᠷᠤᠢ ᠵᠢᠨ ᠦᠭᠡᠷᠡᠴᠢᠯᠡᠯᠳᠡ ᠵᠢᠨ ᠠᠵᠢᠯᠯᠠᠬᠤ ᠠᠩᠭᠢ᠎ᠳᠤ ᠤᠷᠤᠵᠤ᠂ ᠨᠤᠳᠤᠭ᠎ᠤᠨ ᠨᠠᠷᠢᠨ ᠪᠢᠴᠢᠭᠡᠴᠢ ᠵᠢᠨ ᠲᠤᠰᠠᠯᠠᠭᠴᠢ ᠪᠤᠯᠪᠡ᠃ ᠲᠤᠰ ᠵᠢᠯ᠎ᠤᠨ 8 ᠳ᠋ᠤᠭ᠋ᠠᠷ ᠰᠠᠷ᠎ᠠ᠎ᠳᠤ ᠲᠤᠮᠳᠠᠳᠤ ᠤᠯᠤᠰ᠎ᠤᠨ ᠰᠢᠨ᠎ᠡ ᠠᠷᠠᠳᠴᠢᠯᠠᠭᠰᠠᠨ ᠵᠠᠯᠠᠭᠤᠴᠤᠳ᠎ᠤᠨ ᠡᠪᠯᠡᠯ᠎ᠳᠤ ᠤᠷᠤᠵᠤ᠂ 1948 ᠤᠨ᠎ᠤ 7 ᠳ᠋ᠤᠭ᠋ᠠᠷ ᠰᠠᠷ᠎ᠠ ᠵᠢᠨ 20᠎ᠤ ᠡᠳᠤᠷ ᠲᠤᠮᠳᠠᠳᠤ ᠤᠯᠤᠰ᠎ᠤᠨ ᠡᠪ ᠬᠠᠮᠳᠤ ᠨᠠᠮ᠎ᠳᠤ ᠤᠷᠤᠵᠤ᠂ 8 ᠳ᠋ᠤᠭ᠋ᠠᠷ ᠰᠠᠷ᠎ᠠ᠎ᠳᠤᠨᠢ ᠬᠤᠷᠴᠢᠨ ᠪᠠᠷᠠᠭᠤᠨ ᠭᠠᠷ᠎ᠤᠨ ᠲᠤᠮᠳᠠᠳᠤ ᠬᠤᠰᠢᠭᠤᠨ᠎ᠤ ᠭᠦᠬᠡᠰᠦ᠋ᠬᠡᠭ ᠨᠤᠳᠤᠭ᠎ᠤᠨ ᠲᠠᠷᠤᠭ᠎ᠠ᠎ᠪᠠᠷ ᠲᠤᠮᠢᠯᠠᠭᠳᠠᠪᠡ᠃ 1949 ᠤᠨ᠎ᠤ 2 ᠳ᠋ᠤᠭ᠋ᠠᠷ ᠰᠠᠷ᠎ᠠ᠎ᠳᠤ ᠤᠯᠪᠠᠢ ᠨᠤᠳᠤᠭ᠎ᠤᠨ ᠲᠠᠷᠤᠭ᠎ᠠ᠎ᠪᠠᠷ ᠰᠢᠯᠵᠢᠨ ᠲᠤᠮᠢᠯᠠᠭᠳᠠᠵᠤ᠂ 7 ᠳ᠋ᠤᠭ᠋ᠠᠷ ᠰᠠᠷ᠎ᠠ᠎ᠳᠤ ᠦᠪᠤᠷ ᠮᠤᠩᠭᠤᠯ᠎ᠤᠨ ᠨᠠᠮ᠎ᠤᠨ ᠰᠤᠷᠭ᠋ᠠᠭᠤᠯᠢ ᠵᠢᠨ ᠲᠤᠮᠳᠠ ᠵᠡᠷᠭᠡ ᠵᠢᠨ ᠠᠩᠭᠢ᠎ᠳᠤ ᠬᠠᠭ᠋ᠠᠰ ᠵᠢᠯ ᠰᠤᠷᠤᠯᠴᠠᠭᠰᠠᠨ᠎ᠤ ᠬᠤᠶ᠋ᠢᠨ᠎ᠠ ᠦᠪᠤᠷ ᠮᠤᠩᠭᠤᠯ᠎ᠤᠨ ᠨᠠᠮ᠎ᠤᠨ ᠬᠤᠷᠢᠶ᠎ᠠ ᠵᠢ ᠲᠠᠭ᠋ᠠᠵᠤ ᠵᠠᠩᠴᠢᠭᠦᠦ᠎ᠳᠤ ᠨᠡᠭᠦᠵᠤ ᠤᠴᠢᠪᠡ᠃ 1950 ᠤᠨ᠎ᠤ 2 ᠳ᠋ᠤᠭ᠋ᠠᠷ ᠰᠠᠷ᠎ᠠ᠎ᠳᠤ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠤᠯᠠᠭ᠋ᠠᠨᠴᠠᠪ ᠠᠶ᠋ᠢᠮᠠᠭ᠎ᠤᠨ ᠬᠤᠷᠢᠶᠠᠨ᠎ᠤ ᠤᠬᠠᠭᠤᠯᠬᠤ ᠬᠡᠯᠳᠡᠰ ᠎ᠤᠨ ᠰᠤᠷᠭ᠋ᠠᠨ ᠭᠦᠮᠤᠵᠢᠯ᠎ᠤᠨ ᠰᠠᠯᠠᠭ᠎ᠠ᠎ᠳᠤ ᠲᠡᠳ᠋ ᠰᠠᠯᠠᠭ᠋ᠠᠨ ᠲᠠᠷᠤᠭ᠎ᠠ᠎ᠪᠠᠷ ᠲᠤᠮᠢᠯᠠᠭᠳᠠᠵᠤ᠂ 7 ᠳ᠋ᠤᠭ᠋ᠠᠷ ᠰᠠᠷ᠎ᠠ᠎ᠳᠤ ᠨᠠᠮ᠎ᠤᠨ ᠵᠤᠬᠢᠶᠠᠨ ᠪᠠᠶ᠋ᠢᠭᠤᠯᠤᠯᠳᠠ ᠵᠢᠨ ᠲᠤᠮᠢᠯᠠᠯᠳᠠ᠎ᠪᠠᠷ ᠰᠦᠢ᠍ᠶᠦᠸᠠᠨ᠎ᠤ ᠪᠠᠷᠠᠭᠤᠨ ᠬᠡᠰᠡᠭ᠎ᠤᠨ ᠮᠤᠩᠭᠤᠯ ᠬᠤᠰᠢᠭᠤᠳ᠎ᠤᠨ ᠪᠦᠳᠤᠭᠡᠨ ᠪᠠᠶ᠋ᠢᠭᠤᠯᠤᠯᠳᠠ ᠵᠢᠨ ᠠᠵᠢᠯ᠎ᠳᠤ ᠤᠷᠤᠯᠴᠠᠨ᠂ ᠲᠤᠮᠳᠠᠳᠤ ᠤᠯᠤᠰ ᠎ᠤᠨ ᠡᠪ ᠬᠠᠮᠳᠤ ᠨᠠᠮ᠎ᠤᠨ ᠤᠷᠠᠳ᠎ᠤᠨ ᠲᠤᠮᠳᠠᠳᠤ ᠬᠤᠰᠢᠭᠤᠨ᠎ᠤ ᠵᠠᠰᠠᠭ ᠪᠠᠶ᠋ᠢᠭᠤᠯᠬᠤ ᠠᠵᠢᠯᠯᠠᠬᠤ ᠪᠦᠯᠬᠦᠮ᠎ᠤᠨ ᠲᠠᠷᠤᠭ᠎ᠠ ᠵᠢᠨ ᠲᠤᠰᠢᠶᠠᠯ᠎ᠢ ᠡᠭᠦᠷᠭᠡᠯᠡᠪᠡ᠃ ᠰᠢᠨ᠎ᠠ ᠵᠠᠰᠠᠭ ᠪᠠᠶ᠋ᠢᠭᠤᠯᠤᠭᠳᠠᠭᠰᠠᠨ᠎ᠤ ᠲᠠᠷᠠᠭ᠎ᠠ᠂ ᠲᠠᠷᠠ ᠤᠷᠠᠳ᠎ᠤᠨ ᠲᠤᠮᠳᠠᠳᠤ ᠬᠤᠰᠢᠭᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠨᠢᠭᠡᠳᠤᠭᠡᠷ ᠲᠡᠳ᠋ ᠬᠤᠰᠢᠭᠤᠨ ᠲᠠᠷᠤᠭ᠎ᠠ᠎ᠪᠠᠷ ᠰᠤᠩᠭᠤᠭᠳᠠᠭᠰᠠᠨ ᠪᠦᠭᠡᠳ ᠰᠢᠭᠦᠭᠦ ᠬᠤᠷᠢᠶᠠᠨ᠎ᠤ ᠲᠠᠷᠤᠭ᠎ᠠ ᠠᠵᠢᠯᠳᠠᠨ᠎ᠤ ᠶᠠᠪᠤᠳᠠᠯ᠎ᠤᠨ ᠰᠠᠯᠠᠭ᠋ᠠᠨ ᠲᠠᠷᠤᠭ᠎ᠠ ᠵᠡᠷᠬᠡ ᠵᠢᠨ ᠲᠤᠰᠢᠶᠠᠯ᠎ᠢ ᠬᠠᠪᠰᠤᠷᠭ᠋ᠠᠨ ᠬᠠᠷᠢᠭᠤᠴᠠᠵᠤ ᠪᠠᠶ᠋ᠢᠪᠡ᠃ ᠲᠠᠷᠠ ᠠᠷᠠᠳᠴᠢᠯᠠᠯ᠎ᠢ ᠪᠠᠳᠠᠷᠠᠭᠤᠯᠤᠨ᠂ ᠪᠤᠰᠤᠳ᠎ᠲᠤ ᠲᠦᠪ ᠭᠤᠤᠯᠴᠢ᠂ ᠬᠠᠳᠠᠭᠤᠵᠢᠯᠳᠠᠢ ᠪᠤᠷᠤᠭᠵᠢᠭᠤᠨ᠂ ᠠᠵᠢᠯᠴᠢ ᠬᠢᠴᠢᠶᠡᠩᠭᠦᠢ᠂ ᠪᠠᠳᠤ ᠴᠢᠩᠭ᠎ᠠ ᠵᠤᠭᠰᠤᠯᠳᠠ᠎ᠲᠠᠢ᠂ ᠨᠠᠮ᠎ᠤᠨ ᠲᠦᠷᠦ ᠵᠢᠨ ᠪᠤᠳᠤᠯᠭ᠎ᠠ ᠵᠢ ᠦᠨᠡᠨᠴᠢ᠎ᠪᠠᠷ ᠬᠡᠷᠡᠭᠵᠢᠭᠦᠯᠵᠤ᠂ ᠬᠤᠪᠢᠰᠬᠠᠯᠳᠤ ᠤᠶ᠋ᠢᠯᠡᠰ᠎ᠲᠤ ᠲᠡᠭᠡᠳᠤ ᠬᠡᠮᠵᠢᠶᠠᠨ᠎ᠤ ᠬᠠᠷᠢᠭᠤᠴᠠᠯᠭ᠋ᠠᠳᠤ ᠤᠪᠤᠷ᠎ᠲᠠᠢ ᠪᠠᠶ᠋ᠢᠭᠰᠠᠨ᠎ᠠᠴᠠ ᠡᠯ᠎ᠡ ᠦᠨᠳᠤᠰᠤᠳᠡᠨ᠎ᠤ ᠺᠠᠳ᠋ᠷ ᠤᠯᠠᠨ ᠲᠦᠮᠡᠨ᠎ᠤ ᠭᠦᠨᠳᠤᠳᠭᠡᠯ ᠪᠡ ᠢᠳᠡᠭᠡᠯ ᠨᠡᠶ᠋ᠢᠳᠡᠪᠤᠷᠢ ᠵᠢ ᠤᠯᠵᠤ᠂ ᠤᠷᠠᠳ᠎ᠤᠨ ᠲᠤᠮᠳᠠᠳᠤ ᠬᠤᠰᠢᠭᠤ ᠵᠢ ᠪᠦᠳᠤᠭᠡᠨ ᠪᠠᠶ᠋ᠢᠭᠤᠯᠬᠤ᠎ᠳᠤ ᠶᠡᠭᠡ ᠬᠡᠮᠵᠢᠶᠠᠨ᠎ᠤ ᠲᠤᠪᠤᠶ᠋ᠢᠭᠰᠠᠨ ᠦᠷ᠎ᠡ ᠪᠦᠳᠦᠮᠵᠢ ᠭᠠᠷᠭ᠋ᠠᠵᠤ᠂ ᠲᠡᠭᠡᠳᠤ ᠱᠠᠳᠤᠨ ᠎ᠤ ᠰᠠᠶ᠋ᠢᠰᠢᠶᠠᠯ᠎ᠢ ᠤᠯᠤᠭᠰᠠᠨ ᠮᠦᠷᠳᠡᠭᠡᠨ 《ᠰᠦᠢ᠍ᠶᠦᠸᠠᠨ᠎ᠤ ᠡᠳᠤᠷ᠎ᠤᠨ ᠰᠤᠨᠢᠨ》 ᠮᠤᠵᠢ ᠵᠢᠨ ᠷᠠᠳᠢᠤ᠋ ᠨᠡᠪᠳᠡᠷᠡᠭᠦᠯᠭᠡ ᠵᠢᠨ ᠬᠤᠷᠢᠶᠠᠨ᠎ᠠᠴᠠ ᠮᠡᠳᠡᠭᠡᠯᠡᠭᠰᠡᠨ ᠪᠢᠯᠡ᠃ 1951 ᠤᠨ᠎ᠤ 9 ᠳ᠋ᠤᠭᠡᠷ ᠰᠠᠷ᠎ᠠ᠎ᠳᠤ ᠲᠡᠷᠡ ᠰᠦᠢ᠍ᠶᠦᠸᠠᠨ ᠮᠤᠵᠢ ᠵᠢᠨ ᠲᠦᠯᠤᠭᠡᠯᠡᠭᠴᠢᠳ᠎ᠤᠨ ᠪᠦᠯᠬᠦᠮ᠎ᠲᠠᠢ ᠬᠠᠮᠳᠤ ᠪᠡᠭᠡᠵᠢᠩ᠎ᠳᠤ ᠬᠦᠷᠴᠦ ᠬᠤᠸᠠᠪᠸᠢ ᠤᠷᠤᠨ᠎ᠤ ᠠᠩᠬᠠᠳᠠᠬ᠍ᠴᠢ ᠤᠳᠠᠭ᠎ᠠ ᠵᠢᠨ ᠰᠢᠶᠠᠨ᠎ᠤ ᠲᠠᠷᠤᠭ᠎ᠠ ᠨᠠᠷ᠎ᠤᠨ ᠬᠤᠷᠠᠯᠳᠤᠭ᠋ᠠᠨ᠎ᠳᠤ ᠤᠷᠤᠯᠴᠠᠵᠤ᠂ 9 ᠳ᠋ᠤᠭᠡᠷ ᠰᠠᠷ᠎ᠠ ᠵᠢᠨ 30᠎ᠤ ᠡᠳᠤᠷ ᠪᠦᠬᠦ ᠲᠦᠯᠤᠭᠡᠯᠡᠭᠴᠢᠳ᠎ᠨᠢ ᠮᠡᠤ ᠽᠧ ᠳ᠋ᠦᠩ᠂ ᠯᠢᠦ ᠱᠤᠤ ᠴᠢ᠂ ᠵᠤ᠌ ᠳ᠋ᠧ ᠵᠡᠷᠭᠡ ᠨᠠᠮ ᠪᠡ ᠤᠯᠤᠰ᠎ᠤᠨ ᠤᠳᠤᠷᠢᠳᠬᠤ ᠬᠦᠮᠦᠰ᠎ᠤᠨ ᠲᠤᠳᠤᠨᠤ ᠠᠭᠤᠯᠵᠠᠯᠳᠠ ᠵᠢ ᠭᠦᠯᠢᠶᠠᠨ ᠠᠪᠤᠭᠰᠠᠨ᠎ᠤ ᠬᠠᠮᠳᠤ ᠰᠡᠭᠦᠳᠡᠷ ᠠᠪᠴᠦ ᠲᠤᠷᠠᠰᠬᠠᠯ ᠪᠤᠯᠭ᠋ᠠᠵᠠᠢ᠃ 10 ᠰᠠᠷ᠎ᠠ ᠵᠢᠨ 1᠎ᠤ ᠡᠳᠦᠷ ᠤᠯᠤᠰ᠎ᠤᠨ ᠪᠠᠶᠠᠷ᠎ᠤᠨ ᠶᠤᠰᠤᠯᠠᠯ᠎ᠳᠤ ᠤᠷᠤᠯᠴᠠᠪᠠ᠃ 1952 ᠤᠨ᠎ᠤ 10 ᠳ᠋ᠤᠭ᠋ᠠᠷ ᠰᠠᠷ᠎ᠠ᠎ᠳᠤ᠂ ᠲᠡᠷᠡ ᠤᠷᠠᠳ᠎ᠤᠨ ᠲᠤᠮᠳᠠᠳᠤ ᠬᠤᠶ᠋ᠢᠳᠤ ᠬᠤᠯᠪᠤᠭ᠋ᠠᠳᠤ ᠬᠤᠰᠢᠭᠤᠨ᠎ᠤ ᠨᠠᠮ᠎ᠤᠨ ᠲᠤᠭᠤᠶ᠋ᠢᠯᠠᠩ᠎ᠤᠨ ᠱᠦᠵᠢ᠂ ᠰᠢᠬᠦᠬᠦ ᠬᠤᠷᠢᠶᠠᠨ᠎ᠤ ᠲᠠᠷᠤᠭ᠎ᠠ ᠵᠡᠷᠭᠡ ᠵᠢᠨ ᠲᠤᠰᠢᠶᠠᠯ᠎ᠢ ᠬᠠᠷᠢᠭᠤᠴᠠᠪᠡ᠃ 1953 ᠤᠨ᠎ᠳᠤ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠰᠦᠢ᠍ᠶᠦᠸᠠᠨ ᠮᠤᠵᠢ ᠵᠢᠨ ᠨᠠᠮ᠎ᠤᠨ ᠲᠦᠯᠤᠭᠡᠯᠡᠭᠴᠢᠳ᠎ᠤᠨ ᠶᠡᠭᠡ ᠬᠤᠷᠠᠯ᠎ᠤᠨ ᠲᠦᠯᠤᠭᠡᠯᠡᠭᠴᠢ᠂ ᠰᠦᠢ᠍ᠶᠦᠸᠠᠨ ᠮᠤᠵᠢ ᠵᠢᠨ ᠠᠷᠠᠳ᠎ᠤᠨ ᠲᠦᠯᠤᠭᠡᠯᠡᠭᠴᠢᠳ᠎ᠤᠨ ᠶᠡᠭᠡ ᠬᠤᠷᠠᠯ᠎ᠤᠨ ᠲᠦᠯᠤᠭᠡᠯᠡᠭᠴᠢ᠂ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ ᠬᠢᠭᠡᠳ ᠰᠦᠢ᠍ᠶᠦᠸᠠᠨ ᠮᠤᠵᠢ ᠨᠡᠶ᠋ᠢᠯᠡᠭᠦ ᠠᠷᠠᠳ᠎ᠤᠨ ᠲᠦᠯᠤᠭᠡᠯᠡᠭᠴᠢᠳ᠎ᠤᠨ ᠶᠡᠭᠡ ᠬᠤᠷᠠᠯ ᠎ᠤᠨ ᠲᠦᠯᠤᠭᠡᠯᠡᠭᠴᠢ᠎ᠪᠠᠷ ᠰᠤᠩᠭᠤᠭᠳᠠᠨ ᠬᠤᠷᠠᠯ᠎ᠳᠤ ᠤᠷᠤᠯᠴᠠᠵᠤ᠂ ᠲᠤᠰ ᠵᠢᠯ᠎ᠤᠨ 9 ᠳ᠋ᠤᠭᠡᠷ ᠰᠠᠷ᠎ᠠ᠎ᠳᠤ ᠲᠠᠬᠢᠨ ᠨᠢᠭᠡ ᠤᠳᠠᠭ᠎ᠠ ᠪᠡᠭᠡᠵᠢᠩ᠎ᠳᠤ ᠬᠦᠷᠴᠦ ᠤᠯᠤᠰ ᠎ᠤᠨ ᠪᠠᠶᠠᠷ᠎ᠤᠨ ᠶᠤᠰᠤᠯᠠᠯ᠎ᠳᠤ ᠤᠷᠤᠯᠴᠠᠭᠰᠠᠨ ᠶᠤᠮ᠃ 1954 ᠤᠨ᠎ᠤ 3 ᠳ᠋ᠤᠭ᠋ᠠᠷ ᠰᠠᠷ᠎ᠠ᠎ᠳᠤ ᠤᠯᠠᠭ᠋ᠠᠨᠴᠠᠪ ᠠᠶ᠋ᠢᠮᠠᠭ᠎ᠲᠤ ᠰᠢᠯᠵᠢᠨ ᠠᠵᠢᠯᠯᠠᠵᠤ᠂ ᠤᠷᠢᠳ ᠬᠤᠵᠢᠳ ᠠᠶ᠋ᠢᠮᠠᠭ᠎ᠤᠨ ᠨᠠᠮ᠎ᠤᠨ ᠬᠤᠷᠢᠶᠠᠨ᠎ᠤ ᠠᠯᠪᠠᠨ ᠭᠡᠷ᠎ᠤᠨ ᠲᠠᠳ᠋ ᠡᠷᠬᠢᠯᠡᠭᠴᠢ᠂ ᠲᠠᠷᠢᠶᠠᠯᠠᠩ ᠮᠠᠯ ᠠᠵᠤ ᠠᠬᠤᠢ ᠵᠢᠨ ᠬᠡᠯᠳᠡᠰ᠎ᠤᠨ ᠲᠡᠳ᠋ ᠲᠠᠷᠤᠭ᠎ᠠ᠂ ᠤᠯᠠᠭ᠋ᠠᠨᠴᠠᠪ ᠠᠶ᠋ᠢᠮᠠᠭ᠎ᠤᠨ ᠮᠠᠯ ᠠᠵᠤ ᠠᠬᠤᠢ ᠵᠢᠨ ᠲᠤᠪᠴᠢᠶᠠᠨ᠎ᠤ ᠲᠠᠷᠤᠭ᠎ᠠ᠂ ᠲᠠᠷᠢᠶᠠᠯᠠᠩ ᠮᠠᠯ ᠠᠵᠤ ᠠᠬᠤᠢ ᠤᠢ ᠰᠢᠭᠤᠢ ᠵᠢᠨ ᠲᠤᠪᠴᠢᠶᠠᠨ᠎ᠤ ᠲᠠᠷᠤᠭ᠎ᠠ᠂ ᠤᠯᠠᠭ᠋ᠠᠨᠴᠠᠪ ᠠᠶ᠋ᠢᠮᠠᠭ᠎ᠤᠨ ᠨᠠᠮ᠎ᠤᠨ ᠬᠤᠷᠢᠶᠠᠨ᠎ᠤ ᠵᠤᠬᠢᠶᠠᠨ ᠪᠠᠶ᠋ᠢᠭᠤᠯᠬᠤ ᠬᠡᠯᠳᠡᠰ᠎ᠤᠨ ᠲᠡᠳ᠋ ᠲᠠᠷᠤᠭ᠎ᠠ᠂ ᠠᠶ᠋ᠢᠮᠠᠭ᠎ᠤᠨ ᠨᠠᠮ᠎ᠤᠨ ᠬᠤᠷᠢᠶᠠᠨ᠎ᠤ ᠤᠷᠤᠯᠠᠭᠴᠢ ᠪᠠᠶ᠋ᠢᠩᠭᠤ ᠵᠢᠨ ᠬᠡᠰᠢᠭᠦᠨ᠎ᠤ ᠡᠭᠦᠷᠭᠡ ᠵᠢ ᠡᠭᠦᠷᠭᠡᠯᠡᠵᠤ ᠪᠠᠶ᠋ᠢᠯ᠎ᠠ᠃ 《ᠰᠤᠶᠤᠯ᠎ᠤᠨ ᠶᠡᠭᠡ ᠬᠤᠪᠢᠰᠬᠠᠯ》᠎ᠤᠨ ᠲᠤᠮᠳᠠ᠂ ᠲᠡᠭᠦᠨ᠎ᠤ ᠪᠡᠶ᠎ᠡ ᠰᠡᠳᠬᠢᠯ᠎ᠨᠢ ᠭᠦᠨᠳᠤ ᠰᠦᠷᠡᠭᠡᠢ ᠲᠠᠯᠬᠢᠭᠳᠠᠯ᠎ᠳᠤ ᠤᠴᠠᠷᠠᠭᠰᠠᠨ ᠪᠤᠯᠪᠠᠴᠦ᠂ ᠲᠡᠷᠡ ᠵᠠᠷᠴᠢᠮ᠎ᠢ ᠪᠠᠷᠢᠮᠳᠠᠯᠠᠨ ᠲᠡᠷᠤᠯᠳᠠ᠎ᠳᠤ ᠮᠡᠭᠦᠶ᠋ᠢᠭᠦ ᠦᠬᠡᠢ᠂ ᠨᠠᠮ ᠪᠡ ᠤᠯᠠᠨ ᠲᠦᠮᠡᠨ᠎ᠢ ᠢᠳᠡᠬᠡᠵᠤ᠂ ᠨᠢᠭᠡᠨ ᠡᠪ ᠬᠠᠮᠳᠤ ᠨᠠᠮ᠎ᠤᠨ ᠭᠡᠰᠢᠭᠦᠨ᠎ᠤ ᠪᠠᠳᠤ ᠴᠢᠩᠭ᠎ᠠ ᠢᠳᠡᠭᠡᠯ ᠵᠤᠷᠢᠭ᠎ᠢ ᠢᠯᠡᠳᠭᠡᠭᠰᠡᠨ ᠶᠤᠮ᠃ 1972 ᠤᠨ᠎ᠠᠴᠠ ᠨᠠᠰᠢ᠂ ᠲᠡᠷᠡ ᠤᠷᠢᠳ ᠬᠤᠵᠢᠳ ᠤᠯᠠᠭ᠋ᠠᠨᠴᠠᠪ ᠠᠶ᠋ᠢᠮᠠᠭ᠎ᠤᠨ ᠬᠤᠪᠢᠰᠬᠠᠯ᠎ᠤᠨ ᠵᠦᠪᠯᠡᠯ᠎ᠤᠨ ᠤᠯᠤᠰ ᠲᠦᠷᠦ ᠵᠢᠨ ᠬᠡᠯᠳᠡᠰ᠎ᠤᠨ ᠨᠢᠭᠡᠳᠤᠭᠡᠷ ᠲᠡᠳ᠋ ᠡᠷᠬᠢᠯᠡᠭᠴᠢ᠂ ᠤᠯᠠᠭ᠋ᠠᠨᠴᠠᠪ ᠠᠶ᠋ᠢᠮᠠᠭ᠎ᠤᠨ ᠵᠤᠬᠢᠶᠠᠨ ᠪᠠᠶ᠋ᠢᠭᠤᠯᠬᠤ ᠬᠡᠯᠳᠡᠰ᠎ᠤᠨ ᠲᠡᠳ᠋ ᠲᠠᠷᠤᠭ᠎ᠠ ᠵᠢᠨ ᠲᠤᠰᠢᠶᠠᠯ᠎ᠢ ᠡᠬᠦᠷᠬᠡᠯᠡᠪᠡ᠃ 1982 ᠤᠨ᠎ᠳᠤ ᠲᠡᠷᠡ 《ᠪᠤᠭᠤᠯ᠎ᠠᠴᠠ ᠪᠠᠶ᠋ᠢᠯᠳᠤᠭᠴᠢ ᠪᠤᠯᠤᠭᠰᠠᠨ᠎ᠨᠢ》 ᠬᠡᠰᠡᠨ ᠬᠤᠪᠢᠰᠬᠠᠯᠳᠤ ᠲᠤᠷᠠᠳᠬᠠᠯ ᠵᠶ᠋ᠠᠨ ᠪᠢᠴᠢᠵᠤ᠂ ᠤᠯᠠᠭ᠋ᠠᠨᠴᠠᠪ ᠠᠶ᠋ᠢᠮᠠᠭ᠎ᠤᠨ ᠵᠤᠬᠢᠶᠠᠯᠴᠢᠳ᠎ᠤᠨ ᠬᠤᠯᠪᠤᠭ᠋ᠠᠨ᠎ᠤ ᠲᠤᠰᠬᠠᠢ ᠲᠡᠭᠦᠪᠤᠷᠢ᠎ᠳᠤ ᠨᠡᠶ᠋ᠢᠳᠡᠯᠡᠭᠰᠡᠨ ᠪᠢᠯᠡ᠃ 1983 ᠤᠨ᠎ᠤ 7 ᠳ᠋ᠤᠭ᠋ᠠᠷ ᠰᠠᠷ᠎ᠠ᠎ᠳᠤ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ 《ᠠᠵᠢᠨᠡᠢ》 ᠡᠷᠡᠭᠦᠯ ᠬᠠᠮᠠᠭ᠋ᠠᠯᠠᠯ᠎ᠢ ᠪᠠᠶ᠋ᠢᠴᠠᠭ᠋ᠠᠬᠤ ᠪᠦᠯᠬᠦᠮ᠎ᠤᠨ ᠲᠠᠷᠤᠭ᠎ᠠ ᠵᠢᠨ ᠲᠤᠰᠢᠶᠠᠯ᠎ᠢ ᠡᠬᠦᠷᠭᠡᠯᠡᠵᠤ᠂ ᠪᠡᠶ᠎ᠡ᠎ᠪᠠᠷ ᠵᠶ᠋ᠠᠨ ᠭᠤᠷᠪᠠᠨ ᠠᠶ᠋ᠢᠮᠠᠭ ᠨᠢᠭᠡ ᠬᠤᠳᠠ ᠬᠡᠳᠤᠨ ᠠᠷᠪᠠᠨ ᠬᠤᠰᠢᠭᠤᠳ᠎ᠢ ᠪᠠᠶ᠋ᠢᠴᠠᠭ᠋ᠠᠨ᠂ ᠲᠦᠮᠡ ᠭᠠᠷᠤᠢ ᠺᠢᠯᠤᠮᠧᠳ᠋ᠷ᠎ᠤᠨ ᠵᠠᠮ ᠶᠠᠪᠤᠭᠰᠠᠨ ᠶᠤᠮ᠃ ᠲᠤᠰ ᠵᠢᠯ᠎ᠤᠨ 9 ᠳ᠋ᠤᠭᠡᠷ ᠰᠠᠷ᠎ᠠ᠎ᠳᠤ ᠨᠠᠮ᠎ᠤᠨ ᠤᠷᠢᠶᠠᠯᠠᠭ᠎ᠠ ᠵᠢ ᠢᠳᠡᠪᠬᠢᠳᠡᠢ ᠴᠤᠤᠷᠢᠶᠠᠳᠤᠨ ᠬᠤᠶᠠᠳᠤᠭ᠋ᠠᠷ ᠤᠳᠠᠰᠤᠨ ᠎ᠳᠤ ᠰᠢᠯᠵᠢᠵᠤ᠂ ᠤᠯᠠᠭ᠋ᠠᠨᠴᠠᠪ ᠠᠶ᠋ᠢᠮᠠᠭ᠎ᠤᠨ ᠵᠠᠬᠢᠷᠭ᠋ᠠᠨ᠎ᠤ ᠵᠦᠪᠯᠡᠭᠴᠢ᠂ ᠨᠠᠰᠤᠳᠠᠶ᠋ᠢᠴᠤᠳ᠎ᠤᠨ ᠵᠦᠪᠯᠡᠯ᠎ᠤᠨ ᠡᠷᠬᠢᠯᠡᠭᠴᠢ ᠪᠤᠯᠵᠠᠢ᠃ ᠲᠡᠷᠡ ᠨᠠᠰᠤ ᠠᠭᠰᠢᠷᠠᠵᠤ ᠪᠡᠶ᠎ᠡ ᠮᠠᠭᠤᠳᠠᠭᠰᠨᠨ ᠵᠶ᠋ᠠᠨ ᠬᠠᠶ᠋ᠢᠬᠤᠷᠤᠯ ᠦᠬᠡᠢ᠂ ᠨᠠᠮ ᠪᠡ ᠠᠷᠠᠳ ᠲᠦᠮᠡᠨ᠎ᠤ ᠠᠵᠢᠯ ᠤᠶ᠋ᠢᠯᠡᠰ᠎ᠲᠤ ᠦᠷᠭᠦᠯᠵᠢᠯᠡᠨ ᠰᠡᠳᠬᠢᠯ ᠲᠠᠯᠪᠢᠵᠤ᠂ ᠢᠳᠡᠪᠬᠢᠳᠡᠢ᠎ᠪᠠᠷ ᠠᠷᠭ᠎ᠠ ᠪᠤᠳᠤᠯᠭ᠎ᠠ᠎ᠪᠠᠨ ᠡᠷᠭᠦᠨ ᠲᠡᠪᠰᠢᠭᠦᠯᠦᠭᠰᠡᠨ ᠶᠤᠮ᠃ 1985 ᠤᠨ᠎ᠤ 6 ᠳ᠋ᠤᠭ᠋ᠠᠷ ᠰᠠᠷ᠎ᠠ᠂ 12 ᠳ᠋ᠤᠭ᠋ᠠᠷ ᠰᠠᠷ᠎ᠠ᠎ᠳᠤ ᠲᠡᠷᠡ ᠤᠷᠢᠳ ᠬᠤᠵᠢᠳ ᠬᠤᠶᠠᠷ ᠤᠳᠠᠭ᠎ᠠ ᠤᠷᠠᠳ᠎ᠤᠨ ᠲᠤᠮᠳᠠᠳᠤ ᠬᠤᠰᠢᠭᠤ ᠵᠢ ᠰᠤᠷᠪᠤᠯᠵᠢᠯᠠᠭᠰᠠᠨ ᠮᠦᠷᠳᠡᠭᠡᠨ ᠬᠤᠰᠢᠭᠤᠨ᠎ᠤ ᠨᠠᠮ᠎ᠤᠨ ᠲᠡᠤᠬᠡᠨ ᠮᠡᠲ᠋ᠧᠷᠢᠶᠠᠯ ᠡᠮᠬᠢᠳᠬᠡᠨ ᠴᠤᠬᠯᠠᠭᠤᠯᠬᠤ ᠠᠵᠢᠯ᠎ᠢ ᠢᠳᠡᠪᠬᠢᠳᠡᠢ᠎ᠪᠠᠷ ᠬᠠᠯᠠᠮᠵᠢᠯᠠᠨ ᠲᠡᠮᠵᠢᠪᠡ᠃ 1986 ᠤᠨ᠎ᠤ ᠡᠪᠤᠯ ᠲᠡᠷᠡ 《ᠰᠢᠨ᠎ᠡ᠎ᠪᠠᠷ ᠮᠡᠨᠳᠤᠯᠡᠭᠰᠡᠨ ᠲᠦᠷᠦ ᠮᠤᠩᠭᠤᠯ ᠭᠡᠷ᠎ᠲᠤ ᠪᠠᠶ᠋ᠢᠭᠤᠯᠤᠭᠳᠠᠯ᠎ᠠ》 (《ᠲᠠᠯ᠎ᠠ ᠨᠤᠳᠤᠭ᠎ᠤᠨ ᠠᠷᠠᠳ᠎ᠤᠨ ᠲᠦᠷᠦ ᠵᠢᠨ ᠡᠷᠬᠡ》) ᠬᠡᠰᠡᠨ ᠲᠤᠷᠠᠳᠬᠠᠯ ᠵᠶ᠋ᠠᠨ ᠪᠢᠴᠢᠵᠤ᠂ ᠪᠠᠶᠠᠨᠨᠠᠭᠤᠷ ᠠᠶ᠋ᠢᠮᠠᠭ᠎ᠤᠨ ᠨᠠᠮ᠎ᠤᠨ ᠲᠡᠤᠬᠡ᠂ ᠤᠷᠤᠨ ᠨᠤᠳᠤᠭ ᠎ᠤᠨ ᠤᠶ᠋ᠢᠯᠠᠯᠭ᠎ᠠ ᠵᠢᠨ ᠲᠡᠤᠬᠡᠨ ᠮᠡᠲ᠋ᠧᠷᠢᠶᠠᠯ᠎ᠳᠤ ᠨᠡᠶ᠋ᠢᠳᠡᠯᠡᠪᠡ᠃ 1989 ᠤᠨ᠎ᠤ 1 ᠳ᠋ᠤᠭᠡᠷ ᠰᠠᠷ᠎ᠠ᠎ᠳᠤ ᠠᠵᠢᠯ᠎ᠠᠴᠠ᠎ᠪᠠᠨ ᠠᠮᠠᠷᠠᠪᠡ᠃
      1990 ᠤᠨ᠎ᠤ 5 ᠳ᠋ᠤᠭ᠋ᠠᠷ ᠰᠠᠷ᠎ᠠ ᠵᠢᠨ 1᠎ᠤ ᠡᠳᠦᠷ᠂ ᠵᠢᠷᠦᠭᠡᠨ᠎ᠤ ᠡᠪᠡᠳᠴᠢᠨ᠎ᠨᠢ ᠭᠡᠨᠡᠳᠳᠡ ᠬᠦᠳᠡᠯᠵᠦ᠂ ᠵᠢᠨᠢᠩ ᠬᠤᠳᠠ᠎ᠳᠤ ᠵᠤᠯ ᠪᠤᠰᠤ᠎ᠪᠠᠷ ᠨᠠᠰᠤ ᠪᠠᠷᠠᠪᠠ᠃ 
                                    《ᠤᠷᠠᠳ᠎ᠤᠨ ᠲᠤᠮᠳᠠᠳᠤ ᠬᠤᠰᠢᠭᠤᠨ᠎ᠤ ᠤᠶ᠋ᠢᠯᠠᠯᠭ᠎ᠠ》᠎ᠠᠴᠠ ᠪᠠᠭᠤᠯᠭ᠋ᠠᠪᠠ᠃

ᠢᠷᠡᠯᠲᠡ᠄ ᠤᠷᠠᠳ᠎ᠤᠨ ᠲᠤᠮᠳᠠᠳᠤ ᠬᠤᠰᠢᠭᠤᠨ᠎ᠤ ᠵᠠᠰᠠᠭ᠎ᠤᠨ ᠤᠷᠳᠤᠨ᠎ᠤ ᠮᠤᠩᠭᠤᠯ ᠰᠦᠯᠵᠢᠶ᠎ᠡ