ᠠᠷᠪᠠᠳᠤᠭ᠋ᠠᠷ ᠬᠤᠭᠤᠴᠠᠭ᠋ᠠᠨ᠎ᠤ ᠲᠤᠮᠳᠠᠳᠤ ᠤᠯᠤᠰ᠎ᠤᠨ ᠮᠦᠽᠧᠢ ᠵᠢᠨ ᠦᠵᠡᠰᠭᠦᠯᠡᠩ᠎ᠤᠨ ᠴᠤᠭᠯᠠᠭ᠋ᠠᠨ᠎ᠤ ᠲᠤᠰᠬᠠᠢ ᠰᠡᠳᠦᠪᠲᠦ ᠲᠠᠢ᠌ᠯᠤᠮᠵᠢ ᠶᠠᠪᠤᠭᠳᠠᠪᠠ
ᠨᠡᠶ᠋ᠢᠲᠡᠯᠡᠭᠰᠡᠨ ᠴᠠᠭ᠄ 2024-08-22
8 ᠰᠠᠷ᠎ᠠ ᠵᠢᠨ 21᠎ᠤ ᠡᠳᠦᠷ᠂ ᠠᠷᠪᠠᠳᠤᠭ᠋ᠠᠷ ᠬᠤᠭᠤᠴᠠᠭ᠋ᠠᠨ᠎ᠤ ᠲᠤᠮᠳᠠᠳᠤ ᠤᠯᠤᠰ᠎ᠤᠨ ᠮᠦᠽᠧᠢ ᠵᠢᠨ ᠦᠵᠡᠰᠭᠦᠯᠡᠩ᠎ᠤᠨ ᠴᠤᠭᠯᠠᠭ᠋ᠠᠨ᠎ᠤ ᠲᠤᠰᠬᠠᠢ ᠰᠡᠳᠦᠪᠲᠦ ᠲᠠᠢ᠌ᠯᠤᠮᠵᠢ ᠥᠪᠥᠷ ᠮᠣᠩᠭᠣᠯ᠎ᠤᠨ ᠮᠦᠽᠧᠢ᠎ᠳᠤ ᠶᠠᠪᠤᠭᠳᠠᠪᠠ᠃ ᠳᠤᠮᠳᠠᠳᠤ ᠤᠯᠤᠰ᠎ᠤᠨ ᠮᠦᠽᠧᠢ ᠵᠢᠨ ᠨᠡᠢ᠌ᠭᠡᠮᠯᠢᠭ᠎ᠤᠨ ᠬᠡᠷᠡᠭ ᠡᠷᠭᠢᠯᠡᠭᠴᠢᠳ᠎ᠤᠨ ᠳᠠᠷᠤᠭ᠎ᠠ ᠯᠢᠦ ᠱᠣ᠌ ᠭᠤᠸᠠᠩ ᠲᠤᠰ ᠬᠤᠭᠤᠴᠠᠭ᠋ᠠᠨ᠎ᠤ ᠮᠦᠽᠧᠢ ᠵᠢᠨ ᠦᠵᠡᠰᠭᠦᠯᠡᠩ᠎ᠤᠨ ᠴᠤᠭᠯᠠᠭ᠋ᠠᠨ᠎ᠤ ᠭᠣᠣᠯ ᠰᠡᠳᠦᠪ 《ᠮᠦᠽᠧᠢ ᠵᠢᠨ ᠴᠢᠨᠠᠷ ᠰᠠᠢ᠌ᠲᠠᠢ ᠬᠥᠭᠵᠢᠯᠲᠡ᠄ ᠬᠥᠮᠦᠵᠢᠯ ᠪᠠ ᠰᠤᠳᠤᠯᠭ᠋ᠠᠨ᠎ᠢ ᠵᠡᠷᠭᠡ᠎ᠪᠠᠷ ᠴᠢᠬᠤᠯᠠᠴᠢᠯᠠᠵᠤ ᠲᠤᠭ᠋ᠠᠴᠢᠯᠠᠯᠳᠠ ᠪᠠ ᠪᠣᠳᠠᠲᠠᠢ ᠵᠢ ᠠᠭᠤᠰᠤᠯᠴᠠᠭᠤᠯᠬᠤ》 ᠲᠣᠭᠣᠷᠢᠨ᠎ᠳᠤ ᠲᠤᠰᠬᠠᠢ ᠰᠡᠳᠦᠪᠲᠦ ᠲᠠᠢ᠌ᠯᠤᠮᠵᠢ ᠬᠢᠵᠡᠢ᠃
ᠲᠤᠰ ᠡᠳᠦᠷ ᠪᠠᠰᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠦᠽᠧᠢ ᠵᠢᠨ ᠨᠡᠢ᠌ᠭᠡᠮᠯᠢᠭ᠎ᠤᠨ ᠫᠠᠢ᠌ᠰᠠ ᠰᠡᠬᠦᠬᠦ ᠶᠣᠰᠣᠯᠠᠯ ᠶᠠᠪᠤᠭᠳᠠᠪᠠ᠃ ᠥᠪᠥᠷ ᠮᠣᠩᠭᠣᠯ᠎ᠤᠨ ᠮᠦᠽᠧᠢ ᠵᠢᠨ ᠨᠡᠢ᠌ᠭᠡᠮᠯᠢᠭ᠎ᠢ ᠥᠪᠥᠷ ᠮᠣᠩᠭᠣᠯ᠎ᠤᠨ ᠮᠦᠽᠧᠢ ᠵᠡᠷᠭᠡ 8 ᠨᠢᠭᠡᠴᠢ ᠬᠠᠮᠲᠤ᠎ᠪᠠᠷ ᠡᠭᠦᠰᠬᠡᠨ ᠪᠠᠢ᠌ᠭᠤᠯᠵᠤ᠂ ᠭᠡᠰᠢᠭᠦᠨ ᠨᠢᠭᠡᠴᠢ᠎ᠨᠢ ᠪᠦᠭᠦ ᠣᠷᠣᠨ᠎ᠤ ᠤᠯᠤᠰ᠎ᠤᠨ ᠨᠢᠭᠡᠳᠦᠭᠡᠷ ᠳᠡᠰ᠎ᠤᠨ ᠮᠦᠽᠧᠢ᠂ ᠡᠯ᠎ᠡ ᠠᠢ᠌ᠮᠠᠭ ᠬᠣᠲᠠ ᠵᠢᠨ ᠮᠦᠽᠧᠢ᠂ ᠴᠢᠬᠤᠯᠠ ᠬᠣᠰᠢᠭᠤ ᠰᠢᠶᠠᠨ᠎ᠤ ᠮᠦᠽᠧᠢ᠎ᠪᠠᠷ ᠪᠦᠷᠢᠯᠳᠦᠵᠦ᠂ ᠣᠳᠣᠬᠠᠨ᠎ᠳᠤ ᠨᠡᠢ᠌ᠲᠡ 30 ᠨᠢᠭᠡᠴᠢ᠎ᠲᠠᠢ᠃ ᠨᠡᠢ᠌ᠭᠡᠮᠯᠢᠭ᠎ᠲᠤ ᠰᠠᠩ ᠬᠠᠮᠢᠶᠠᠷᠤᠭᠴᠢ ᠵᠢᠨ ᠰᠤᠳᠤᠯᠭ᠋ᠠᠨ᠎ᠤ ᠲᠤᠰᠬᠠᠢ ᠮᠡᠷᠭᠡᠵᠢᠯ᠎ᠤᠨ ᠵᠥᠪᠯᠡᠯ᠂ ᠨᠡᠢ᠌ᠭᠡᠮ᠎ᠤᠨ ᠰᠤᠷᠭ᠋ᠠᠨ ᠬᠥᠮᠦᠵᠢᠯ᠎ᠤᠨ ᠲᠤᠰᠬᠠᠢ ᠮᠡᠷᠭᠡᠵᠢᠯ᠎ᠤᠨ ᠵᠥᠪᠯᠡᠯ᠂ ᠳᠡᠯᠭᠡᠨ ᠦᠵᠡᠭᠦᠯᠭᠡ ᠵᠢᠨ ᠲᠤᠰᠬᠠᠢ ᠮᠡᠷᠭᠡᠵᠢᠯ᠎ᠤᠨ ᠵᠥᠪᠯᠡᠯ᠂ ᠠᠮᠤᠷ ᠲᠦᠪᠰᠢᠨ᠎ᠤ ᠬᠠᠮᠢᠶᠠᠷᠤᠯᠲᠠ ᠵᠢᠨ ᠲᠤᠰᠬᠠᠢ ᠮᠡᠷᠭᠡᠵᠢᠯ᠎ᠤᠨ ᠵᠥᠪᠯᠡᠯ ᠭᠠᠷᠭ᠋ᠠᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠦᠽᠧᠢ ᠵᠢᠨ ᠨᠡᠢ᠌ᠭᠡᠮᠯᠢᠭ ᠪᠠᠢ᠌ᠭᠤᠯᠤᠭᠳᠠᠭᠰᠠᠨ᠎ᠨᠢ ᠪᠦᠭᠦ ᠣᠷᠣᠨ᠎ᠤ ᠮᠦᠽᠧᠢ ᠵᠢᠨ ᠡᠬᠢ ᠪᠠᠶᠠᠯᠢᠭ᠎ᠢ ᠨᠡᠢ᠌ᠳᠬᠡᠬᠦ᠂ ᠮᠦᠽᠧᠢ ᠵᠢᠨ ᠠᠵᠢᠯ ᠲᠦᠷᠦᠯ᠎ᠤᠨ ᠬᠥᠭᠵᠢᠯᠲᠡ ᠵᠢ ᠠᠬᠢᠭᠤᠯᠬᠤ᠎ᠳᠤ ᠨᠡᠩ ᠥᠷᠭᠡᠨ ᠠᠭᠤᠳᠠᠮ ᠲᠠᠪᠴᠠᠩ ᠬᠠᠩᠭ᠋ᠠᠵᠤ᠂ ᠡᠷᠳᠡᠮ ᠰᠢᠨᠵᠢᠯᠡᠭᠡᠨ᠎ᠤ ᠰᠤᠳᠤᠯᠭ᠋ᠠᠨ᠂ ᠳᠡᠯᠭᠡᠨ ᠦᠵᠡᠭᠦᠯᠭᠡ ᠦᠵᠡᠰᠭᠦᠯᠡᠩ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ᠂ ᠨᠡᠢ᠌ᠭᠡᠮ᠎ᠤᠨ ᠰᠤᠷᠭ᠋ᠠᠨ ᠬᠥᠮᠦᠵᠢᠯ᠂ ᠴᠢᠳᠠᠪᠤᠷᠢᠲᠠᠨ᠎ᠤ ᠬᠥᠮᠦᠵᠢᠯ ᠵᠡᠷᠭᠡ ᠲᠠᠯ᠎ᠠ ᠵᠢᠨ ᠰᠣᠯᠢᠯᠴᠠᠭ᠎ᠠ ᠬᠠᠮᠲᠤᠷᠠᠯᠴᠠᠭ᠎ᠠ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠵᠦ᠂ ᠪᠦᠭᠦ ᠣᠷᠣᠨ᠎ᠤ ᠮᠦᠽᠧᠢ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠪᠣᠯᠣᠨ᠎ᠠ᠃
ᠠᠷᠪᠠᠳᠤᠭ᠋ᠠᠷ ᠬᠤᠭᠤᠴᠠᠭ᠋ᠠᠨ᠎ᠤ ᠮᠦᠽᠧᠢ ᠵᠢᠨ ᠦᠵᠡᠰᠭᠦᠯᠡᠩ᠎ᠤᠨ ᠴᠤᠭᠯᠠᠭ᠋ᠠᠨ᠎ᠳᠤ ᠵᠣᠷᠢᠭᠤᠯᠤᠨ ᠥᠪᠥᠷ ᠮᠣᠩᠭᠣᠯ᠎ᠤᠨ ᠮᠦᠽᠧᠢ 《ᠶᠦᠨᠨᠠᠨ᠎ᠤ ᠬᠦᠷᠡᠯ ᠡᠳ᠋ᠯᠡᠯ᠎ᠤᠨ ᠰᠣᠶᠣᠯ᠎ᠤᠨ ᠦᠵᠡᠭᠦᠯᠭᠡ》 ᠭᠠᠷᠭ᠋ᠠᠪᠠ᠃ ᠦᠵᠡᠭᠦᠯᠭᠡ᠎ᠨᠢ 《ᠡᠷᠲᠡᠨ᠎ᠤ ᠤᠯᠤᠰ᠎ᠤᠨ ᠥᠩᠭᠡ ᠭᠢᠯᠪᠠᠭ᠎ᠠ》᠂ 《ᠬᠦᠷᠡᠯ ᠴᠢᠳᠬᠤᠮᠠᠯ᠎ᠤᠨ ᠲᠡᠦᠬᠡ》 ᠪᠠ 《ᠠᠭᠤᠰᠤᠯᠴᠠᠯ ᠨᠢᠭᠡᠳᠦᠯ》 ᠭᠡᠬᠦ ᠭᠤᠷᠪᠠᠨ ᠬᠡᠰᠡᠭ ᠵᠢᠡᠷ ᠪᠦᠷᠢᠯᠳᠦᠵᠦ᠂ ᠶᠦᠨᠨᠠᠨ ᠮᠤᠵᠢ ᠵᠢᠨ ᠮᠦᠽᠧᠢ᠂ ᠶᠦᠨᠨᠠᠨ᠎ᠤ ᠯᠢ ᠵᠢᠶᠠ ᠱᠠᠨ᠎ᠤ ᠬᠦᠷᠡᠯ ᠡᠳ᠋ᠯᠡᠯ᠎ᠤᠨ ᠮᠦᠽᠧᠢ᠂ ᠺᠦᠨᠮᠢᠩ ᠬᠣᠲᠠ ᠵᠢᠨ ᠵᠢᠨᠨᠢᠩ ᠲᠣᠭᠣᠷᠢᠭ᠎ᠤᠨ ᠮᠦᠽᠧᠢ ᠪᠣᠯᠣᠨ ᠥᠪᠥᠷ ᠮᠣᠩᠭᠣᠯ᠎ᠤᠨ ᠮᠦᠽᠧᠢ ᠵᠢᠨ 205 ᠲᠡᠦᠬᠡ ᠵᠢᠨ ᠳᠤᠷᠠᠰᠬᠠᠯᠲᠤ ᠵᠦᠢ᠍ᠯ᠎ᠢ ᠰᠣᠩᠭᠣᠨ 2000 ᠭᠠᠷᠤᠢ ᠵᠢᠯ᠎ᠤᠨ ᠲᠡᠦᠬᠡ᠎ᠲᠠᠢ ᠡᠷᠲᠡᠨ᠎ᠤ ᠬᠦᠷᠡᠯ ᠡᠳ᠋ᠯᠡᠯ᠎ᠤᠨ ᠰᠣᠶᠣᠯ᠎ᠢ ᠳᠡᠯᠭᠡᠪᠡ᠃ ᠲᠤᠰ ᠦᠵᠡᠭᠦᠯᠭᠡ᠎ᠨᠢ 8 ᠰᠠᠷ᠎ᠠ ᠵᠢᠨ 21᠎ᠠᠴᠠ 10 ᠰᠠᠷ᠎ᠠ ᠵᠢᠨ 22᠎ᠤᠨ ᠡᠳᠦᠷ ᠪᠤᠯᠲᠠᠯ᠎ᠠ ᠶᠠᠪᠤᠭᠳᠠᠨ᠎ᠠ᠃
ᠢᠷᠡᠯᠲᠡ᠄ ᠥᠪᠥᠷ ᠮᠣᠩᠭᠤᠯ᠎ᠤᠨ ᠡᠳᠦᠷ᠎ᠤᠨ ᠰᠣᠨᠢᠨ