ᠪᠠᠶᠠᠯᠢᠭ ᠨᠠᠭᠤᠷᠲᠣ ᠨᠣᠲᠤᠭ   -   ᠲᠡᠦᠬᠡ ᠰᠣᠶᠣᠯ

ᠬᠠᠭ᠋ᠠᠨ᠎ᠤ ᠣᠷᠳᠣᠨ᠎ᠤ ᠮᠦᠽᠧᠢ ᠵᠢᠨ ᠬᠠᠳᠠᠭ᠋ᠠᠯᠠᠮᠵᠢ ᠴᠢᠩ ᠤᠯᠤᠰ᠎ᠤᠨ ᠦᠶ᠎ᠡ ᠵᠢᠨ ᠣᠷᠳᠣᠨ᠎ᠤ ᠬᠠᠰ ᠡᠳ᠋ᠯᠡᠯ᠎ᠤᠨ ᠦᠵᠡᠰᠭᠦᠯᠡᠩ ᠬᠥᠬᠡᠬᠤᠲᠠ᠎ᠳᠤ ᠡᠬᠢᠯᠡᠪᠡ

ᠨᠡᠶ᠋ᠢᠲᠡᠯᠡᠭᠰᠡᠨ ᠴᠠᠭ᠄   2024-08-28

240781BB363B64E18AB8575A32EF0722.png


      8 ᠳ᠋ᠤᠭ᠋ᠠᠷ ᠰᠠᠷ᠎ᠠ ᠵᠢᠨ 20᠎ᠤ ᠡᠳᠦᠷ᠂ ᠬᠠᠭ᠋ᠠᠨ᠎ᠤ ᠣᠷᠳᠣᠨ᠎ᠤ ᠮᠦᠽᠧᠢ ᠪᠣᠯᠤᠨ ᠬᠥᠬᠡᠬᠤᠲᠠ ᠵᠢᠨ ᠮᠦᠽᠧᠢ ᠵᠢᠨ ᠬᠠᠮᠲᠤᠷᠠᠨ ᠡᠷᠬᠢᠯᠡᠭᠰᠡᠨ 《ᠬᠦᠭᠵᠢᠯᠲᠦ ᠦᠶ᠎ᠡ ᠵᠢᠨ ᠬᠠᠰ ᠡᠷᠳᠡᠨᠢ — ᠬᠠᠭ᠋ᠠᠨ᠎ᠤ ᠣᠷᠳᠣᠨ᠎ᠤ ᠮᠦᠽᠧᠢ ᠵᠢᠨ ᠬᠠᠳᠠᠭ᠋ᠠᠯᠠᠮᠵᠢ ᠴᠢᠩ ᠤᠯᠤᠰ᠎ᠤᠨ ᠦᠶ᠎ᠡ ᠵᠢᠨ ᠣᠷᠳᠣᠨ᠎ᠤ ᠬᠠᠰ ᠡᠳ᠋ᠯᠡᠯ᠎ᠤᠨ ᠦᠵᠡᠰᠭᠦᠯᠡᠩ》 ᠬᠥᠬᠡᠬᠤᠲᠠ ᠵᠢᠨ ᠮᠦᠽᠧᠢ᠎ᠳᠤ ᠡᠬᠢᠯᠡᠨ ᠳᠡᠯᠭᠡᠨ ᠦᠵᠡᠭᠦᠯᠵᠦ᠂ 11 ᠰᠠᠷ᠎ᠠ ᠵᠢᠨ 20᠎ᠤ ᠡᠳᠦᠷ ᠪᠣᠯᠲᠠᠯ᠎ᠠ ᠶᠠᠪᠤᠭᠳᠠᠨ᠎ᠠ᠃ ᠲᠤᠰ ᠤᠳᠠᠭ᠋ᠠᠨ᠎ᠤ ᠳᠡᠯᠭᠡᠨ ᠦᠵᠡᠭᠦᠯᠦᠭᠰᠡᠨ ᠬᠠᠳᠠᠭ᠋ᠠᠯᠠᠮᠵᠢ ᠵᠢᠨ ᠡᠳ᠋᠎ᠨᠢ ᠬᠠᠭ᠋ᠠᠨ᠎ᠤ ᠣᠷᠳᠣᠨ᠎ᠤ ᠮᠦᠽᠧᠶ ᠵᠢᠨ ᠲᠦᠮᠡ ᠶᠢᠰᠦᠨ ᠮᠢᠩᠭ᠋ᠠᠨ ᠵᠦᠢ᠍ᠯ (ᠢᠵᠢ) ᠴᠢᠩ ᠤᠯᠤᠰ᠎ᠤᠨ ᠬᠠᠰ ᠰᠡᠶ᠋ᠢᠯᠦᠮᠡᠯ᠎ᠤᠨ ᠤᠷᠠᠯᠢᠭ᠎ᠤᠨ ᠪᠦᠲᠦᠭᠡᠯ᠎ᠠᠴᠠ ᠰᠤᠩᠭᠤᠨ ᠭᠠᠷᠭ᠋ᠠᠭᠰᠠᠨ 138 ᠰᠣᠳᠣᠨ ᠪᠦᠲᠦᠭᠡᠯ ᠪᠠᠶ᠋ᠢᠵᠤ᠂ ᠴᠢᠩ ᠤᠯᠤᠰ᠎ᠤᠨ ᠬᠠᠰ ᠰᠡᠶ᠋ᠢᠯᠦᠮᠡᠯ᠎ᠤᠨ ᠤᠷᠠᠯᠢᠭ᠎ᠤᠨ ᠣᠯᠤᠭᠰᠠᠨ ᠯᠤᠲᠤ ᠶᠡᠭᠡ ᠠᠮᠵᠢᠯᠲᠠ ᠵᠢ ᠪᠣᠰᠤᠭ᠎ᠠ ᠴᠤᠭᠴᠠ᠎ᠪᠠᠷ ᠳᠡᠯᠭᠡᠨ ᠦᠵᠡᠭᠦᠯᠵᠦ᠂ ᠦᠵᠡᠭᠴᠢᠳ ᠳᠤᠮᠳᠠ᠎ᠠᠴᠠ᠎ᠨᠢ ᠳᠤᠮᠳᠠᠳᠤ ᠵᠢᠨ ᠬᠠᠰ᠎ᠤᠨ ᠰᠣᠶᠣᠯ᠎ᠤᠨ ᠥᠨᠢ ᠤᠳᠠᠭ᠋ᠠᠨ ᠲᠡᠦᠬᠡ ᠵᠢ ᠣᠯᠵᠤ ᠮᠡᠳᠡᠵᠦ ᠪᠣᠯᠤᠨ᠎ᠠ᠃

      ᠰᠣᠷᠪᠤᠯᠵᠢᠯᠠᠭᠴᠢ ᠯᠢᠦ ᠴᠢᠩ ᠢᠤᠢ ᠰᠡᠭᠦᠲᠡᠷᠯᠡᠪᠡ

ᠢᠷᠡᠯᠲᠡ᠄ ᠬᠥᠬᠡᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠮᠣᠩᠭᠤᠯ ᠰᠦᠯᠵᠢᠶ᠎ᠡ