ᠮᠠᠨ᠎ᠤ ᠣᠷᠣᠨ᠎ᠳᠤ 36 ᠴᠢᠯᠠᠭᠤᠨ ᠠᠭᠤᠢ ᠵᠢᠨ ᠰᠦᠮ᠎ᠡ ᠪᠤᠢ
ᠨᠡᠶ᠋ᠢᠲᠡᠯᠡᠭᠰᠡᠨ ᠴᠠᠭ᠄ 2024-05-15
ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠣᠷᠣᠨ᠎ᠤ ᠳᠣᠲᠣᠷᠠᠬᠢ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ᠂ ᠲᠤᠰᠬᠠᠢ ᠪᠠᠢ᠌ᠴᠠᠭ᠋ᠠᠬᠤ ᠳᠤᠭᠤᠢ᠌ᠯᠠᠩ᠎ᠤᠨ ᠬᠥᠮᠥᠰ᠎ᠢ ᠵᠣᠬᠢᠶᠠᠨ ᠪᠠᠢ᠌ᠭᠤᠯᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠯᠠᠭᠤᠨ ᠠᠭᠤᠢ ᠵᠢᠨ ᠰᠦᠮ᠎ᠡ ᠵᠢᠨ ᠲᠤᠰᠬᠠᠢ ᠪᠠᠢ᠌ᠴᠠᠭ᠋ᠠᠯᠲᠠ ᠵᠢᠨ ᠮᠡᠳᠡᠭᠦᠯᠦᠯᠲᠡ》 ᠵᠢ ᠬᠢᠨᠠᠨ ᠬᠠᠷᠭᠤᠭᠤᠯᠵᠤ ᠰᠢᠯᠭ᠋ᠠᠨ ᠠᠪᠬᠤ ᠬᠤᠷᠠᠯ᠎ᠢ ᠬᠤᠷᠠᠯᠳᠤᠭᠤᠯᠪᠠ᠃
ᠲᠤᠰᠬᠠᠢ ᠮᠡᠷᠭᠡᠵᠢᠯᠲᠡᠳ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠯᠠᠭᠤᠨ ᠠᠭᠤᠢ ᠵᠢᠨ ᠰᠦᠮ᠎ᠡ (ᠬᠠᠲᠠᠨ ᠰᠡᠢ᠌ᠯᠦᠮᠡᠯ ᠭᠦᠷᠥᠭᠢ ᠪᠠᠭᠲᠠᠭ᠋ᠠᠨ᠎ᠠ) ᠵᠢᠨ ᠲᠤᠰᠬᠠᠢ ᠪᠠᠢ᠌ᠴᠠᠭ᠋ᠠᠯᠲᠠ ᠵᠢᠨ ᠮᠡᠳᠡᠭᠦᠯᠦᠯᠲᠡ》 ᠵᠢᠴᠢ ᠰᠠᠭᠤᠷᠢ ᠮᠠᠲ᠋ᠧᠷᠢᠶᠠᠯ᠎ᠤᠨ ᠡᠮᠬᠢᠳᠬᠡᠯ ᠵᠡᠷᠭᠡ ᠵᠢ ᠬᠢᠨᠠᠨ ᠬᠠᠷᠭᠤᠭᠤᠯᠤᠭᠰᠠᠨ᠎ᠤ ᠳᠠᠷᠠᠭ᠎ᠠ᠂ ᠲᠤᠰ ᠮᠡᠳᠡᠭᠦᠯᠦᠯᠲᠡ᠎ᠨᠢ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠵᠢᠨ ᠲᠣᠭᠲᠠᠭ᠋ᠠᠭᠰᠠᠨ ᠵᠢᠱ᠌ᠢᠶ᠎ᠡ ᠪᠠ ᠠᠭᠤᠯᠭ᠎ᠠ ᠵᠢᠨ ᠱᠠᠭ᠋ᠠᠷᠳᠠᠯᠭ᠎ᠠ᠎ᠳᠤ ᠨᠡᠢ᠌ᠴᠡᠵᠦ᠂ ᠪᠦᠭᠦ ᠣᠷᠣᠨ᠎ᠤ ᠴᠢᠯᠠᠭᠤᠨ ᠠᠭᠤᠢ ᠵᠢᠨ ᠰᠦᠮ᠎ᠡ ᠵᠢᠨ ᠰᠠᠭᠤᠷᠢ ᠲᠣᠭ᠎ᠠ ᠵᠢ ᠦᠨᠳᠦᠰᠦᠨ᠎ᠳᠡᠭᠡᠨ ᠲᠣᠳᠣᠷᠬᠠᠢ ᠣᠢ᠌ᠯᠠᠭ᠋ᠠᠨ᠂ ᠴᠢᠯᠠᠭᠤᠨ ᠠᠭᠤᠢ ᠵᠢᠨ ᠰᠦᠮ᠎ᠡ ᠵᠢ ᠬᠠᠮᠠᠭ᠋ᠠᠯᠠᠨ ᠠᠰᠢᠭᠯᠠᠵᠤ ᠪᠠᠢ᠌ᠭ᠎ᠠ ᠣᠳᠣᠬᠢ ᠪᠠᠢ᠌ᠳᠠᠯ᠎ᠢ ᠪᠦᠭᠦ ᠲᠠᠯ᠎ᠠ᠎ᠪᠠᠷ ᠣᠢ᠌ᠯᠠᠭ᠋ᠠᠵᠤ᠂ ᠲᠣᠭ᠎ᠠ ᠪᠠᠷᠢᠮᠲᠠ᠎ᠨᠢ ᠨᠡᠯᠢᠶᠡᠳ ᠨᠠᠷᠢᠨ ᠪᠣᠳᠠᠲᠠᠢ᠂ ᠲᠠᠷᠠᠭ᠋ᠠᠴᠢ ᠵᠢᠨ ᠠᠯᠬᠤᠮ᠎ᠤᠨ ᠪᠦᠭᠦ ᠣᠷᠣᠨ᠎ᠤ ᠴᠢᠯᠠᠭᠤᠨ ᠠᠭᠤᠢ ᠵᠢᠨ ᠰᠦᠮ᠎ᠡ ᠵᠢ ᠬᠠᠮᠠᠭ᠋ᠠᠯᠠᠨ ᠠᠰᠢᠭᠯᠠᠬᠤ ᠠᠵᠢᠯ᠎ᠳᠤ ᠨᠡᠯᠢᠶᠡᠳ ᠰᠠᠢ᠌ᠨ ᠰᠠᠭᠤᠷᠢ ᠵᠢ ᠬᠠᠩᠭ᠋ᠠᠭᠰᠠᠨ ᠪᠠᠢ᠌ᠨ᠎ᠠ ᠭᠡᠪᠡ᠃
2020 ᠣᠨ᠎ᠤ 11 ᠰᠠᠷ᠎ᠠ᠎ᠠᠴᠠ᠂ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠴᠢᠯᠠᠭᠤᠨ ᠠᠭᠤᠢ ᠵᠢᠨ ᠰᠦᠮ᠎ᠡ ᠪᠠᠢ᠌ᠳᠠᠭ ᠬᠠᠮᠢᠶ᠎ᠠ ᠪᠦᠬᠦᠢ ᠠᠢ᠌ᠮᠠᠭ ᠬᠤᠲᠠ ᠵᠢᠨ᠎ᠬᠢᠨ᠎ᠢ ᠵᠣᠬᠢᠶᠠᠨ ᠪᠠᠢ᠌ᠭᠤᠯᠵᠤ 4 ᠰᠠᠷ᠎ᠠ ᠰᠢᠬᠠᠮ᠎ᠤᠨ ᠴᠢᠯᠠᠭᠤᠨ ᠠᠭᠤᠢ ᠵᠢᠨ ᠰᠦᠮ᠎ᠡ ᠵᠢᠨ ᠲᠤᠰᠬᠠᠢ ᠪᠠᠢ᠌ᠴᠠᠭ᠋ᠠᠯᠲᠠ ᠥᠷᠨᠢᠭᠦᠯᠵᠦ᠂ 2021 ᠣᠨ᠎ᠤ 3 ᠰᠠᠷ᠎ᠠ ᠵᠢᠨ ᠰᠡᠭᠦᠯᠴᠢ᠎ᠪᠠᠷ ᠬᠡᠭᠡᠷ᠎ᠡ ᠵᠢᠨ ᠪᠠᠢ᠌ᠴᠠᠭ᠋ᠠᠯᠲᠠ ᠵᠢ ᠪᠦᠭᠦ ᠲᠠᠯ᠎ᠠ᠎ᠪᠠᠷ ᠪᠡᠶᠡᠯᠡᠭᠦᠯᠪᠡ᠃ ᠪᠠᠢ᠌ᠴᠠᠭ᠋ᠠᠯᠲᠠ᠎ᠪᠠᠷ ᠳᠠᠮᠵᠢᠨ᠂ ᠪᠦᠭᠦ ᠣᠷᠣᠨ᠎ᠳᠤ ᠣᠲᠣ ᠬᠠᠳᠠᠭ᠋ᠠᠯᠠᠭᠳᠠᠵᠤ ᠪᠠᠢ᠌ᠭ᠎ᠠ ᠴᠢᠯᠠᠭᠤᠨ ᠠᠭᠤᠢ ᠵᠢᠨ ᠰᠦᠮ᠎ᠡ (ᠬᠠᠲᠠᠨ ᠰᠡᠢ᠌ᠯᠦᠮᠡᠯ ᠭᠦᠷᠥᠭᠢ ᠪᠠᠭᠲᠠᠭ᠋ᠠᠨ᠎ᠠ) 36 ᠪᠠᠢ᠌ᠵᠤ᠂ ᠡᠭᠦᠨ᠎ᠳᠤ 3 ᠤᠯᠤᠰ᠎ᠤᠨ ᠲᠠᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠨᠢᠭᠡᠴᠢ᠂ 15 ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠨᠢᠭᠡᠴᠢ ᠪᠠᠢ᠌ᠵᠤ᠂ ᠭᠣᠣᠯᠳᠠᠭᠤ ᠭᠦᠭᠡᠬᠤᠲᠠ᠂ ᠪᠤᠭᠤᠲᠤ᠂ ᠣᠷᠳᠣᠰ ᠵᠡᠷᠭᠡ 8 ᠠᠢ᠌ᠮᠠᠭ ᠬᠤᠲᠠ᠎ᠳᠤ ᠲᠠᠷᠬᠠᠵᠤ ᠪᠠᠢ᠌ᠳᠠᠭ᠎ᠢ ᠢᠯᠡᠷᠡᠭᠦᠯᠵᠦ᠂ ᠡᠲᠡᠭᠡᠷ ᠴᠢᠯᠠᠭᠤᠨ ᠠᠭᠤᠢ ᠵᠢᠨ ᠰᠦᠮ᠎ᠡ᠎ᠨᠢ ᠢᠯᠡ ᠲᠣᠳᠣ ᠣᠷᠣᠨ ᠨᠤᠲᠤᠭ᠎ᠤᠨ ᠣᠨᠴᠠᠯᠢᠭ᠎ᠲᠠᠢ᠂ ᠲᠡᠦᠬᠡᠨ᠎ᠳᠠᠬᠢ ᠦᠨᠳᠦᠰᠦᠲᠡᠨ᠎ᠤ ᠭᠠᠵᠠᠷ ᠣᠷᠣᠨ ᠪᠣᠯᠣᠨ ᠵᠦᠩᠶᠤᠸᠠᠨ ᠣᠷᠣᠨ᠎ᠤ ᠣᠯᠠᠨ ᠤᠳᠠᠭ᠎ᠠ ᠵᠢᠨ ᠰᠣᠶᠣᠯ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠲᠤᠰᠬᠠᠵᠤ᠂ ᠴᠢᠬᠤᠯᠠ ᠲᠡᠦᠬᠡ ᠵᠢᠨ ᠪᠠ ᠤᠷᠠᠯᠢᠭ᠎ᠤᠨ ᠦᠨ᠎ᠡ ᠥᠷᠲᠡᠭ᠎ᠲᠠᠢ᠂ ᠣᠯᠠᠨ ᠡᠰᠢᠲᠦ ᠨᠢᠭᠡ ᠴᠣᠭᠴᠠᠵᠢᠭᠰᠠᠨ ᠰᠢᠯᠢᠳᠡᠭ ᠳᠤᠮᠳᠠᠳᠤ ᠵᠢᠨ ᠤᠯᠠᠮᠵᠢᠯᠠᠯᠲᠤ ᠰᠣᠶᠣᠯ᠎ᠤᠨ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠃
ᠢᠷᠡᠯᠲᠡ᠄ ᠳᠤᠮᠳᠠᠲᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ