ᠪᠠᠶᠠᠯᠢᠭ ᠨᠠᠭᠤᠷᠲᠣ ᠨᠣᠲᠤᠭ   -   ᠠᠶᠠᠯᠠᠯ ᠵᠢᠭᠤᠯᠴᠢᠯᠠᠯ

ᠮᠠᠨ᠎ᠤ ᠣᠷᠣᠨ᠎ᠳᠤ ᠤᠯᠤᠰ᠎ᠤᠨ ᠨᠢᠭᠡᠳᠦᠭᠡᠷ ᠳᠡᠰ᠎ᠤᠨ ᠮᠦᠽᠧᠢ ᠪᠠᠰᠠ 6 ᠨᠡᠮᠡᠭᠳᠡᠯ᠎ᠡ

ᠨᠡᠶ᠋ᠢᠲᠡᠯᠡᠭᠰᠡᠨ ᠴᠠᠭ᠄   2024-05-21

      ᠲᠦᠷᠦᠭᠦᠬᠡᠨ ᠳᠤᠮᠳᠠᠳᠤ ᠤᠯᠤᠰ᠎ᠤᠨ ᠮᠦᠽᠧᠢ ᠵᠢᠨ ᠨᠡᠢ᠌ᠭᠡᠮᠯᠢᠭ᠎ᠠᠴᠠ ᠲᠠᠪᠤᠳᠤᠭ᠋ᠠᠷ ᠪᠦᠯᠦᠭ᠎ᠤᠨ ᠪᠦᠭᠦ ᠤᠯᠤᠰ᠎ᠤᠨ ᠨᠢᠭᠡᠳᠦᠭᠡᠷ ᠳᠡᠰ᠎ᠤᠨ ᠮᠦᠽᠧᠢ ᠵᠢ ᠦᠨᠡᠯᠡᠨ ᠵᠢᠱ᠌ᠢᠭᠰᠡᠨ ᠦᠷ᠎ᠡ ᠳ᠋ᠦᠩ᠎ᠢ ᠵᠠᠷᠯᠠᠨ ᠨᠡᠢ᠌ᠲᠡᠯᠡᠵᠦ᠂ ᠥᠪᠥᠷ ᠮᠣᠩᠭᠣᠯ᠎ᠤᠨ 6 ᠮᠦᠽᠧᠢ ᠰᠣᠩᠭᠣᠭᠳᠠᠵᠠᠢ᠃
      ᠲᠤᠰ 6 ᠮᠦᠽᠧᠢ ᠪᠣᠯ ᠭᠦᠭᠡᠬᠣᠲᠠ ᠵᠢᠨ ᠮᠦᠽᠧᠢ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠩᠵᠤᠨ ᠶᠠᠮᠤᠨ᠎ᠤ ᠮᠦᠽᠧᠢ᠂ ᠭᠦᠭᠡᠬᠣᠲᠠ ᠵᠢᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠪᠣᠯᠣᠨ ᠬᠠᠭᠤᠴᠢ ᠰᠤᠳᠤᠯᠤᠯ᠎ᠤᠨ ᠲᠥᠪ)᠂ ᠢᠯᠢ ᠲᠠᠯ᠎ᠠ ᠨᠤᠲᠤᠭ᠎ᠤᠨ ᠰᠠᠭ᠋ᠠᠯᠢ ᠵᠢᠨ ᠰᠣᠶᠣᠯ᠎ᠤᠨ ᠮᠦᠽᠧᠢ᠂ ᠥᠪᠥᠷ ᠮᠣᠩᠭᠣᠯ᠎ᠤᠨ ᠪᠠᠢ᠌ᠭ᠋ᠠᠯᠢ ᠵᠢᠨ ᠮᠦᠽᠧᠢ᠂ ᠪᠤᠭᠤᠲᠤ ᠵᠢᠨ ᠮᠦᠽᠧᠢ (ᠪᠤᠭᠤᠲᠤ ᠬᠤᠳᠠ ᠵᠢᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠲᠥᠪ)᠂ ᠬᠥᠯᠥᠨ ᠪᠤᠢ᠍ᠢ᠍ᠷ᠎ᠤᠨ ᠮᠦᠽᠧᠢ ᠵᠢᠴᠢ ᠠᠯᠠᠱ᠌ᠠ ᠵᠢᠨ ᠮᠦᠽᠧᠢ ᠪᠣᠯᠣᠨ᠎ᠠ᠃ ᠣᠢ᠌ᠯᠠᠭ᠋ᠠᠭᠰᠠᠨ ᠵᠶ᠋ᠠᠷ᠂ ᠮᠦᠽᠧᠢ ᠵᠢ ᠲᠠᠰ ᠲᠣᠭᠲᠠᠭ᠋ᠠᠨ ᠦᠨᠡᠯᠡᠨ ᠵᠢᠱ᠌ᠢᠬᠦ ᠠᠵᠢᠯ᠎ᠢ ᠥᠷᠨᠢᠭᠦᠯᠬᠦ ᠪᠣᠯ ᠮᠦᠽᠧᠢ ᠵᠢ ᠬᠥᠲᠥᠯᠥᠨ ᠵᠢᠯᠤᠭᠣᠳᠴᠤ ᠪᠠᠢ᠌ᠭ᠋ᠠᠳ ᠡᠭᠦᠷᠭᠡ ᠬᠠᠷᠢᠭᠤᠴᠠᠯᠭ᠎ᠠ ᠵᠢᠨ ᠪᠠᠢ᠌ᠷᠢ ᠲᠣᠭᠲᠠᠭ᠋ᠠᠯᠲᠠ ᠪᠠ ᠬᠥᠭᠵᠢᠯᠲᠡ ᠵᠢᠨ ᠴᠢᠭᠯᠡᠯ᠎ᠢ ᠲᠣᠳᠣᠷᠬᠠᠢ᠌ᠯᠠᠬᠤ ᠴᠢᠬᠤᠯᠠ ᠠᠷᠭ᠎ᠠ ᠪᠠᠷᠢᠯ ᠪᠣᠯᠣᠨ᠎ᠠ᠂ ᠮᠥᠨ ᠴᠦ᠍ ᠮᠦᠽᠧᠢ ᠵᠢᠨ ᠠᠵᠢᠯ ᠲᠥᠷᠥᠯ᠎ᠤᠨ ᠦᠷᠭᠦᠯᠵᠢᠯᠡᠨ ᠡᠷᠡᠭᠦᠯ ᠵᠶ᠋ᠡᠷ ᠬᠥᠭᠵᠢᠬᠦ ᠵᠢ ᠠᠬᠢᠭᠤᠯᠬᠤ ᠴᠢᠬᠤᠯᠠ ᠠᠷᠭ᠎ᠠ᠂ ᠮᠦᠽᠧᠢ ᠵᠢᠨ ᠵᠠᠰᠠᠯᠲᠠ ᠵᠢᠨ ᠰᠢᠰᠲ᠋ᠧᠮ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠲᠡᠢ᠌ᠰᠢ ᠤᠷᠤᠭᠰᠢᠯᠠᠬᠤ ᠵᠢ ᠠᠬᠢᠭᠤᠯᠬᠤ ᠴᠢᠬᠤᠯᠠ ᠰᠠᠭᠤᠷᠢ ᠮᠥᠨ᠃ 2008 ᠣᠨ᠎ᠠᠴᠠ ᠨᠠᠭ᠋ᠠᠰᠢ᠂ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ᠂ ᠳᠤᠮᠳᠠᠳᠤ ᠤᠯᠤᠰ᠎ᠤᠨ ᠮᠦᠽᠧᠢ ᠵᠢᠨ ᠨᠡᠢ᠌ᠭᠡᠮᠯᠢᠭ ᠤᠷᠢᠳ ᠬᠣᠵᠢᠳ 4 ᠡᠭᠡᠯᠵᠢ ᠵᠢᠨ ᠮᠦᠽᠧᠢ ᠵᠢ ᠳᠡᠰ ᠲᠣᠭᠲᠠᠭ᠋ᠠᠨ ᠦᠨᠡᠯᠡᠨ ᠵᠢᠱ᠌ᠢᠬᠦ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠵᠦ᠂ ᠦᠨᠡᠯᠡᠨ ᠵᠢᠱ᠌ᠢᠬᠦ᠎ᠪᠠᠷ ᠳᠠᠮᠵᠢᠨ ᠪᠤᠶ ᠪᠣᠯᠤᠭᠰᠠᠨ ᠤᠯᠤᠰ᠎ᠤᠨ ᠨᠢᠭᠡᠳᠦᠭᠡᠷ᠂ ᠬᠣᠶᠠᠳᠤᠭ᠋ᠠᠷ᠂ ᠭᠤᠷᠪᠠᠳᠤᠭ᠋ᠠᠷ ᠳᠡᠰ᠎ᠤᠨ ᠮᠦᠽᠧᠢ᠎ᠨᠢ ᠮᠠᠨ᠎ᠤ ᠤᠯᠤᠰ᠎ᠤᠨ ᠮᠦᠽᠧᠢ ᠵᠢᠨ ᠦᠢ᠍ᠯᠡᠰ᠎ᠤᠨ ᠬᠥᠭᠵᠢᠯᠲᠡ ᠵᠢᠨ ᠠᠬᠢᠴᠠ᠎ᠳᠤ ᠰᠠᠢ᠌ᠨ ᠰᠠᠢ᠌ᠬᠠᠨ ᠬᠡᠪ ᠳᠠᠭᠤᠷᠢᠶᠠᠯ ᠪᠠ ᠦᠯᠢᠭᠡᠷ ᠵᠢᠱ᠌ᠢᠶ᠎ᠡ ᠪᠣᠯᠵᠤ᠂ ᠥᠷᠭᠡᠨ ᠤᠯᠠᠨ᠎ᠤ ᠬᠦᠷᠢᠶᠡᠯᠡᠯ᠎ᠢ ᠣᠯᠵᠠᠢ᠃

ᠢᠷᠡᠯᠲᠡ᠄ ᠳᠤᠮᠳᠠᠲᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ