ᠪᠠᠶᠠᠯᠢᠭ ᠨᠠᠭᠤᠷᠲᠣ ᠨᠣᠲᠤᠭ   -   ᠠᠶᠠᠯᠠᠯ ᠵᠢᠭᠤᠯᠴᠢᠯᠠᠯ

ᠮᠠᠨ᠎ᠤ ᠣᠷᠣᠨ ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠭᠴᠢ ᠵᠢ 877 ᠲᠦᠮᠡᠨ ᠬᠥᠮᠥᠨ ᠤᠳᠠᠭ᠎ᠠ ᠭᠥᠯᠢᠶᠡᠨ ᠠᠪᠴᠠᠢ

ᠨᠡᠶ᠋ᠢᠲᠡᠯᠡᠭᠰᠡᠨ ᠴᠠᠭ᠄   2024-06-12

      ᠲᠠᠪᠤᠨ ᠰᠠᠷ᠎ᠠ ᠵᠢᠨ ᠰᠢᠨ᠎ᠡ ᠵᠢᠨ ᠲᠠᠪᠤᠨ᠎ᠤ ᠠᠮᠠᠷᠠᠯᠲᠠ ᠵᠢᠨ ᠬᠤᠭᠤᠴᠠᠭ᠋ᠠᠨ᠎ᠳᠤ ᠪᠦᠭᠦ ᠣᠷᠣᠨ᠎ᠤ ᠡᠯ᠎ᠡ ᠭᠠᠵᠠᠷ᠎ᠤᠨ᠎ᠬᠢᠨ ᠽᠦᠩᠽᠢ ᠪᠠᠷᠢᠬᠤ᠂ ᠰᠤᠢ᠌ᠬ᠎ᠠ ᠡᠪᠡᠰᠦ ᠲᠡᠭᠦᠬᠦ᠂ ᠯᠤᠤᠲᠤ ᠣᠩᠭᠣᠴᠠ ᠤᠷᠤᠯᠳᠤᠭᠤᠯᠬᠤ᠂ ᠦᠨᠦᠷᠲᠦ ᠬᠠᠪᠲᠠᠭ᠎ᠠ ᠬᠠᠳᠬᠤᠬᠤ ᠵᠡᠷᠭᠡ ᠤᠯᠠᠨ ᠭᠡᠯᠪᠡᠷᠢ᠎ᠪᠠᠷ ᠤᠯᠠᠮᠵᠢᠯᠠᠯᠲᠤ ᠪᠠᠶᠠᠷ᠎ᠤᠨ ᠡᠳᠦᠷ ᠵᠢᠡᠨ ᠪᠡᠯᠭᠡᠯᠡᠬᠦ ᠵᠢᠨ ᠬᠠᠮᠲᠤ᠂ ᠬᠡᠭᠡᠷ᠎ᠡ ᠪᠠᠭᠤᠳᠠᠯᠯᠠᠬᠤ᠂ ᠠᠷᠠᠳ᠎ᠤᠨ ᠵᠠᠩ ᠦᠢ᠍ᠯᠡ ᠵᠢᠨ ᠲᠣᠬᠯᠠᠯᠲᠠ᠂ ᠨᠠᠢ᠌ᠷ ᠨᠠᠭ᠋ᠠᠳᠤᠮ ᠵᠡᠷᠭᠡ ᠰᠣᠨᠢᠷᠬᠠᠯᠳᠤ ᠵᠢᠭᠤᠯᠴᠢᠯᠠᠯ᠎ᠤᠨ ᠠᠵᠢᠯᠯᠠᠭ᠎ᠠ ᠥᠷᠨᠢᠭᠦᠯᠦᠭᠰᠡᠨ ᠵᠶ᠋ᠡᠷ 3 ᠡᠳᠦᠷ᠎ᠤᠨ ᠠᠮᠠᠷᠠᠯᠲᠠ᠎ᠳᠤ ᠪᠦᠭᠦ ᠣᠷᠣᠨ ᠵᠢᠡᠷ ᠵᠢᠡᠨ ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠭᠴᠢ ᠵᠢ 877 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ 2023 ᠣᠨ᠎ᠤ 1.05 ᠳᠠᠭᠢᠨ᠎ᠲᠠᠢ ᠲᠡᠩᠴᠡᠵᠦ᠂ ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠬᠰᠠᠳ᠎ᠤᠨ ᠮᠠᠨ᠎ᠤ ᠣᠷᠣᠨ᠎ᠳᠠᠬᠢ ᠬᠡᠷᠡᠭᠯᠡᠭᠡᠨ᠎ᠤ ᠶᠡᠷᠦᠩᠬᠡᠢ ᠵᠠᠷᠤᠳᠠᠯ 59 ᠳ᠋ᠦᠩᠰᠢᠭᠤᠷ ᠬᠦᠷᠴᠦ᠂ 2023 ᠣᠨ᠎ᠤ 1.15 ᠳᠠᠭᠢᠨ᠎ᠲᠠᠢ ᠲᠡᠩᠴᠡᠪᠡ᠃
      ᠣᠢ᠌ᠯᠠᠭ᠋ᠠᠭᠰᠠᠨ ᠵᠢᠡᠷ᠂ 《ᠦᠩᠰᠢᠭ ᠵᠤᠨ᠎ᠤ ᠥᠪᠥᠷ ᠮᠣᠩᠭᠣᠯ᠎ᠤᠨ ᠤᠷᠢᠯᠭ᠎ᠠ》᠂ 《ᠤᠯᠠᠮᠵᠢᠯᠠᠯᠲᠤ ᠰᠣᠶᠣᠯ᠎ᠤᠨ ᠰᠢᠨᠵᠢᠲᠦ ᠵᠢᠭᠤᠯᠴᠢᠯᠠᠯ》᠂ 《ᠤᠷᠤᠯᠳᠤᠭ᠋ᠠᠨ ᠦᠵᠡᠵᠦ ᠵᠢᠭᠤᠯᠴᠢᠯᠠᠬᠤ》᠎ᠨᠢ ᠠᠮᠠᠷᠠᠯᠲᠠ ᠵᠢᠨ ᠬᠤᠭᠤᠴᠠᠭ᠋ᠠᠨ᠎ᠳᠠᠬᠢ ᠪᠦᠭᠦ ᠣᠷᠣᠨ᠎ᠤ ᠡᠯ᠎ᠡ ᠭᠠᠵᠠᠷ᠎ᠤᠨ ᠬᠠᠯᠠᠮᠰᠢᠯ ᠵᠢᠭᠤᠯᠴᠢᠯᠠᠯ ᠪᠣᠯᠵᠤ᠂ ᠣᠨᠴᠠᠯᠢᠭᠲᠤ ᠵᠡᠭᠡᠯᠢ ᠲᠣᠭᠣᠷᠢᠭ᠂ ᠭᠣᠣᠯ ᠰᠡᠳᠦᠪᠲᠦ ᠠᠵᠢᠯᠯᠠᠭ᠎ᠠ᠎ᠨᠢ ᠮᠠᠰᠢ ᠣᠯᠠᠨ ᠵᠢᠭᠤᠯᠴᠢᠯᠠᠬᠰᠠᠳ᠎ᠢ ᠲᠠᠲᠠᠵᠤ᠂ ᠬᠥᠮᠥᠰ᠎ᠤᠨ ᠬᠦᠷᠢᠶᠡᠯᠡᠯ᠎ᠢ ᠣᠯᠪᠠ᠃ ᠭᠦᠭᠡᠬᠣᠲᠠ ᠭᠣᠣᠯ ᠰᠡᠳᠦᠪᠲᠦ ᠵᠡᠭᠡᠯᠢ ᠲᠣᠭᠣᠷᠢᠭ᠂ ᠠᠷᠠᠳ᠎ᠤᠨ ᠵᠠᠩ ᠦᠢᠯᠡ᠂ ᠪᠠᠢ᠌ᠭ᠋ᠠᠯᠢ ᠵᠢᠨ ᠡᠬᠢ ᠪᠠᠶᠠᠯᠢᠭ ᠵᠡᠷᠭᠡ ᠬᠠᠮᠢᠶ᠎ᠠ ᠪᠦᠬᠦᠢ ᠬᠦᠴᠦᠨ ᠵᠦᠢ᠍ᠯ᠎ᠳᠤ ᠲᠦᠰᠢᠭᠯᠡᠨ 120 ᠭᠠᠷᠤᠢ ᠵᠦᠢ᠍ᠯ᠎ᠤᠨ ᠰᠣᠶᠣᠯ ᠵᠢᠭᠤᠯᠴᠢᠯᠠᠯ᠎ᠤᠨ ᠠᠵᠢᠯᠯᠠᠭ᠎ᠠ ᠥᠷᠨᠢᠭᠦᠯᠵᠦ᠂ ᠪᠤᠭᠤᠲᠤ ᠬᠣᠲᠠ ᠵᠢᠨ ᠬᠣᠶᠠᠳᠤᠭ᠋ᠠᠷ ᠬᠤᠭᠤᠴᠠᠭ᠋ᠠᠨ᠎ᠤ ᠲᠠᠪᠤᠨ ᠰᠠᠷ᠎ᠠ ᠵᠢᠨ ᠰᠢᠨ᠎ᠡ ᠵᠢᠨ ᠲᠠᠪᠤᠨ᠎ᠤ ᠠᠷᠠᠳ᠎ᠤᠨ ᠵᠠᠩ ᠦᠢᠯᠡ ᠰᠣᠶᠣᠯ᠎ᠤᠨ ᠠᠵᠢᠯᠯᠠᠭ᠎ᠠ ᠵᠢᠴᠢ 《ᠨᠠᠨ ᠬᠠᠢ ᠬᠤᠨᠳᠠᠭ᠋ᠠᠲᠤ》 ᠯᠤᠤᠲᠤ ᠣᠩᠭᠣᠴᠠ ᠵᠢᠨ ᠤᠷᠤᠯᠳᠤᠭ᠋ᠠᠨ᠎ᠨᠢ ᠨᠡᠢ᠌ᠳᠡ ᠤᠯᠠᠨ᠎ᠤ ᠠᠩᠬᠠᠷᠤᠯ᠎ᠢ ᠲᠠᠲᠠᠨ᠂ 16 ᠯᠤᠤᠲᠤ ᠣᠩᠭᠣᠴᠠ ᠵᠢᠨ ᠠᠩᠭᠢ ᠵᠢᠨ 400 ᠰᠢᠬᠠᠮ ᠬᠥᠮᠥᠨ ᠤᠷᠤᠯᠳᠤᠭ᠋ᠠᠨ᠎ᠳᠤ ᠣᠷᠣᠯᠴᠠᠪᠠ; ᠬᠢᠩᠭ᠋ᠠᠨ ᠠᠢ᠌ᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠳᠤ ᠳᠥᠷᠪᠡᠳᠦᠭᠡᠷ ᠬᠤᠭᠤᠴᠠᠭ᠋ᠠᠨ᠎ᠤ ᠡᠶᠡᠯᠳᠡᠭ ᠬᠥᠷᠰᠢ ᠵᠢᠨ ᠰᠣᠶᠣᠯ᠎ᠤᠨ ᠨᠠᠢ᠌ᠷ ᠵᠢᠴᠢ ᠠᠨᠠᠷ᠎ᠤᠨ ᠦᠷ᠎ᠡ ᠬᠥᠷᠰᠢ ᠵᠡᠷᠭᠡᠯᠡᠳᠡᠭᠡ ᠵᠢᠨ ᠰᠣᠶᠣᠯ᠎ᠤᠨ ᠴᠤᠭᠯᠠᠭ᠋ᠠᠨ ᠶᠠᠪᠤᠭᠳᠠᠬᠤ ᠵᠢᠨ ᠬᠠᠮᠲᠤ ᠽᠦᠩᠽᠢ ᠠᠮᠲᠠᠯᠠᠬᠤ᠂ ᠭᠦᠪᠢᠭᠦᠷ ᠦᠢ᠍ᠯᠡᠳᠬᠦ᠂ ᠳᠡᠪᠦᠷ᠎ᠡ ᠰᠢᠳᠡᠬᠦ ᠲᠣᠭᠯᠠᠭ᠋ᠠᠮ ᠵᠡᠷᠭᠡ ᠤᠯᠠᠨ ᠵᠦᠢ᠍ᠯ᠎ᠤᠨ ᠪᠡᠶᠡᠴᠢᠯᠡᠨ ᠣᠢ᠌ᠯᠠᠭ᠋ᠠᠬᠤ ᠠᠵᠢᠯᠯᠠᠭ᠎ᠠ ᠬᠥᠭᠵᠢᠶᠡᠨᠲᠡᠢ ᠶᠠᠪᠤᠭᠳᠠᠵᠤ᠂ ᠤᠯᠠᠭ᠋ᠠᠨᠬᠠᠳᠠ ᠬᠤᠲᠠ ᠵᠢᠨ ᠰᠦᠩᠱ᠌ᠠᠨ ᠲᠣᠭᠣᠷᠢᠭ᠎ᠤᠨ ᠳ᠋ᠠᠩ ᠫᠦ᠋ ᠳ᠋ᠢ ᠮᠠᠨᠵᠤ ᠦᠨᠳᠦᠰᠦᠲᠡᠨ᠎ᠤ ᠰᠢᠶᠠᠩ᠎ᠳᠤ ᠽᠦᠩᠽᠢ ᠪᠠᠭᠯᠠᠬᠤ ᠨᠥᠬᠥᠷᠯᠡᠯ᠎ᠤᠨ ᠠᠵᠢᠯᠯᠠᠭ᠎ᠠ᠂ ᠭᠣᠢ᠌ᠳᠠ ᠰᠠᠢ᠌ᠬᠠᠨ ᠤᠷᠠᠨ ᠰᠠᠢ᠌ᠬᠠᠨ᠎ᠤ ᠲᠣᠬᠯᠠᠯᠲᠠ᠂ ᠭᠦᠷ ᠬᠥᠭᠵᠢᠶᠡᠨ᠎ᠲᠠᠢ ᠬᠥᠳᠡᠭᠡ ᠲᠣᠰᠬᠣᠨ᠎ᠤ ᠬᠤᠭᠤᠯᠠ ᠤᠮᠳᠠ ᠵᠢᠨ ᠦᠵᠡᠭᠦᠯᠭᠡ ᠭᠦᠷ ᠨᠠᠷᠭᠢᠶᠠᠨ᠎ᠲᠠᠢ  ᠶᠠᠪᠤᠬᠳᠠᠪᠠ; ᠦᠬᠠᠢ ᠬᠣᠲᠠ ᠲᠠᠪᠤᠨ ᠰᠠᠷ᠎ᠠ ᠵᠢᠨ ᠰᠢᠨ᠎ᠡ ᠵᠢᠨ ᠲᠠᠪᠤᠨ᠎ᠤ ᠭᠣᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠤᠷᠠᠨ ᠰᠠᠢ᠌ᠬᠠᠨ᠎ᠤ ᠲᠣᠬᠯᠠᠯᠲᠠ᠂ ᠬᠠᠭᠤᠷᠠᠢ ᠭᠠᠵᠠᠷ᠎ᠤᠨ ᠯᠤᠤᠲᠤ ᠣᠩᠭᠣᠴᠠ ᠵᠢᠨ ᠤᠷᠢᠯᠭ᠎ᠠ ᠵᠢᠨ ᠤᠷᠤᠯᠳᠤᠭ᠋ᠠᠨ᠂ ᠴᠡᠴᠡᠷᠯᠢᠭ᠎ᠤᠨ ᠵᠢᠭᠤᠯᠴᠢᠯᠠᠯ ᠵᠡᠷᠭᠡ ᠣᠯᠠᠨ ᠰᠠᠢ᠌ᠬᠠᠨ ᠠᠵᠢᠯᠯᠠᠭ᠎ᠠ ᠲᠣᠬᠢᠷᠠᠭᠤᠯᠤᠭᠰᠠᠨ ᠪᠥᠭᠡᠳ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠦᠵᠡᠭᠦᠯᠭᠡ ᠵᠢᠨ ᠲᠣᠭᠣᠷᠢᠭ᠂ ᠪᠣᠯᠪᠠᠰᠤᠨ ᠨᠢᠭᠡᠴᠢ ᠵᠢᠨ ᠦᠵᠡᠭᠦᠯᠭᠡ ᠵᠢᠨ ᠲᠣᠭᠣᠷᠢᠭ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠵᠡᠭᠦᠯᠭᠡ ᠵᠢᠨ ᠲᠣᠭᠣᠷᠢᠭ ᠵᠡᠷᠭᠡ 5 ᠦᠵᠡᠭᠦᠯᠭᠡ ᠵᠢᠨ ᠲᠣᠭᠣᠷᠢᠭ ᠭᠠᠷᠭ᠋ᠠᠨ ᠪᠠᠶᠠᠷ ᠳᠤᠷᠠᠰᠬᠠᠯ᠎ᠤᠨ ᠭᠡᠯᠪᠡᠷᠢ ᠵᠢᠨ ᠰᠢᠨ᠎ᠡ ᠵᠢ ᠡᠭᠦᠳᠴᠦ᠂ ᠪᠠᠶᠠᠷ᠎ᠤᠨ ᠡᠳᠦᠷ᠎ᠤᠨ ᠠᠭᠤᠯᠤᠭᠳᠠᠬᠤᠨ᠎ᠢ ᠤᠯᠠᠮ ᠪᠠᠶᠠᠯᠢᠭᠵᠢᠭᠤᠯᠤᠭᠰᠠᠨ ᠪᠠᠢ᠌ᠨ᠎ᠠ᠃

ᠢᠷᠡᠯᠲᠡ᠄ ᠳᠤᠮᠳᠠᠲᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ