ᠪᠠᠶᠠᠯᠢᠭ ᠨᠠᠭᠤᠷᠲᠣ ᠨᠣᠲᠤᠭ   -   ᠠᠶᠠᠯᠠᠯ ᠵᠢᠭᠤᠯᠴᠢᠯᠠᠯ

ᠮᠠᠨ᠎ᠤ ᠣᠷᠣᠨ ᠵᠢᠭᠤᠯᠴᠢᠯᠠᠯ᠎ᠤᠨ ᠦᠢ᠍ᠯᠡᠰ᠎ᠤᠨ ᠲᠦᠷᠪᠡᠨ ᠰᠢᠨ᠎ᠡ ᠰᠢᠰᠲᠸᠮ᠎ᠢ ᠪᠠᠢ᠌ᠭᠤᠯᠵᠤ ᠲᠦᠷᠪᠡᠨ ᠲᠦᠷᠦᠯ ᠲᠡᠮᠳᠡᠭ᠎ᠢ ᠴᠣᠭᠴᠠᠯᠠᠵᠤ ᠪᠤᠢ

ᠨᠡᠶ᠋ᠢᠲᠡᠯᠡᠭᠰᠡᠨ ᠴᠠᠭ᠄   2024-06-22

      ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠠᠴᠠ ᠣᠢ᠌ᠯᠠᠭ᠋ᠠᠭᠰᠠᠨ ᠵᠶ᠋ᠡᠷ᠂ ᠮᠠᠨ᠎ᠤ ᠣᠷᠣᠨ《ᠵᠢᠭᠤᠯᠴᠢᠯᠠᠯ᠎ᠤᠨ ᠳᠥᠷᠪᠡᠨ ᠭᠠᠵᠠᠷ》᠎ᠢ ᠪᠦᠲᠦᠭᠡᠨ ᠪᠠᠢ᠌ᠭᠤᠯᠬᠤ᠎ᠪᠠᠷ ᠭᠣᠣᠯ ᠪᠣᠯᠭ᠋ᠠᠨ ᠨᠢᠭᠡᠨᠲᠡ ᠬᠤᠪᠢ ᠵᠢᠨ ᠮᠠᠰᠢᠨ ᠲᠡᠷᠭᠡ᠎ᠪᠠᠨ ᠪᠠᠷᠢᠵᠤ ᠵᠢᠭᠤᠯᠴᠢᠯᠠᠬᠤ᠂ ᠬᠡᠭᠡᠷ᠎ᠡ ᠪᠠᠭᠤᠳᠠᠯᠯᠠᠬᠤ ᠵᠢᠭᠤᠯᠴᠢᠯᠠᠯ᠂ ᠠᠮᠠᠷᠠᠨ ᠰᠡᠯᠡᠭᠦᠴᠡᠬᠦ ᠵᠢᠭᠤᠯᠴᠢᠯᠠᠯ᠂ ᠡᠷᠡᠭᠦᠯᠵᠢᠯ᠎ᠤᠨ ᠵᠢᠭᠤᠯᠴᠢᠯᠠᠯ᠎ᠤᠨ ᠦᠢ᠍ᠯᠡᠳᠬᠦᠨ᠎ᠤ ᠰᠢᠨ᠎ᠡ ᠰᠢᠰᠲ᠋ᠧᠮ᠎ᠢ ᠪᠠᠢ᠌ᠭᠤᠯᠵᠤ᠂ 《ᠪᠢ ᠲᠠᠯ᠎ᠠ ᠨᠤᠲᠤᠭ᠎ᠲᠤ ᠨᠢᠭᠡ ᠭᠡᠷ᠎ᠲᠠᠢ》ᠠᠷᠠᠳ᠎ᠤᠨ ᠰᠠᠭᠤᠴᠠ ᠵᠢᠨ ᠲᠦᠷᠦᠯ ᠲᠡᠮᠳᠡᠭ᠂ 《ᠥᠪᠥᠷ ᠮᠣᠩᠭᠣᠯ᠎ᠤᠨ ᠰᠣᠳᠣᠨ ᠪᠠᠷᠠᠭ᠎ᠠ》 ᠰᠢᠭᠤᠳ ᠨᠡᠪᠲᠡᠷᠡᠭᠦᠯᠭᠡ ᠵᠢᠨ ᠲᠦᠷᠦᠯ ᠲᠡᠮᠳᠡᠭ᠂ 《ᠪᠢ ᠥᠪᠥᠷ ᠮᠣᠩᠭᠣᠯ᠎ᠳᠤ ᠨᠢᠭᠡ ᠮᠣᠷᠢ᠎ᠲᠠᠢ》 ᠬᠡᠷᠡᠭᠯᠡᠭᠡ ᠵᠢᠨ ᠲᠦᠷᠦᠯ ᠲᠡᠮᠳᠡᠭ᠂ 《ᠪᠢ ᠲᠠᠯ᠎ᠠ ᠨᠤᠲᠤᠭ᠎ᠲᠠᠢ᠎ᠪᠠᠨ ᠪᠣᠯᠵᠣᠭ᠎ᠠ᠎ᠲᠠᠢ》 ᠣᠨᠴᠠ ᠵᠥᠪᠰᠢᠶᠡᠷᠡᠭᠰᠡᠨ ᠡᠵᠡᠩᠨᠡᠯᠲᠡ ᠵᠢᠨ ᠲᠦᠷᠦᠯ ᠲᠡᠮᠳᠡᠭ᠎ᠢ ᠴᠣᠭᠴᠠᠯᠠᠵᠤ ᠪᠤᠢ᠃
      ᠮᠠᠨ᠎ᠤ ᠣᠷᠣᠨ᠎ᠳᠤ ᠤᠳᠤ 5C ᠪᠠ 4C ᠲᠠᠰ᠎ᠤᠨ ᠬᠤᠪᠢ ᠵᠢᠨ ᠮᠠᠰᠢᠨ ᠲᠡᠷᠭᠡ᠎ᠪᠠᠨ ᠪᠠᠷᠢᠵᠤ ᠵᠢᠭᠤᠯᠴᠢᠯᠠᠬᠤ ᠬᠤᠸᠠᠷᠠᠨ 9 ᠪᠠᠢ᠌ᠵᠤ᠂ ᠶᠡᠷᠦᠩᠬᠡᠢ ᠬᠡᠮᠵᠢᠶ᠎ᠡ᠎ᠪᠠᠷ ᠪᠦᠭᠦ ᠤᠯᠤᠰ᠎ᠲᠤ ᠲᠦᠷᠦᠭᠦᠯᠡᠵᠦ ᠪᠤᠢ᠃ 6 ᠰᠠᠷ᠎ᠠ ᠵᠢᠨ 12᠎ᠤᠨ ᠡᠳᠦᠷ᠂ ᠷᠠᠰᠢᠶᠠᠨ᠎ᠤ ᠵᠢᠭᠤᠯᠴᠢᠯᠠᠯ ᠠᠮᠠᠷᠠᠯᠲᠠ ᠵᠢᠨ ᠣᠷᠣᠨ ᠤᠯᠤᠰ᠎ᠤᠨ ᠲᠠᠰ᠎ᠤᠨ ᠵᠢᠭᠤᠯᠴᠢᠯᠠᠯ ᠠᠮᠠᠷᠠᠯᠲᠠ ᠵᠢᠨ ᠣᠷᠣᠨ ᠵᠶ᠋ᠠᠷ ᠦᠨᠡᠯᠡᠭᠳᠡᠨ ᠵᠥᠪᠰᠢᠶᠡᠷᠡᠭᠳᠡᠵᠦ᠂ ᠲᠣᠰ ᠠᠮᠠᠷᠠᠯᠲᠠ ᠵᠢᠨ ᠣᠷᠣᠨ᠎ᠨᠢ ᠶᠠᠭ ᠬᠦᠴᠢᠯᠲᠥ᠋ᠷᠥᠭᠴᠢᠲᠦ ᠣᠶ ᠰᠢᠭᠤᠢ ᠵᠢᠨ ᠵᠠᠮ᠂ ᠷᠠᠰᠢᠶᠠᠨ ᠵᠠᠰᠠᠯ᠎ᠤᠨ ᠪᠡᠶᠡᠴᠢᠯᠡᠨ ᠣᠢ᠌ᠯᠠᠭ᠋ᠠᠬᠤ ᠣᠷᠳᠣᠨ ᠵᠡᠷᠭᠡ 62 ᠵᠦᠢ᠍ᠯ᠎ᠤᠨ ᠠᠮᠠᠷᠠᠯᠲᠠ ᠵᠢᠨ ᠲᠦᠷᠦᠯ ᠵᠦᠢ᠍ᠯ ᠵᠢᠡᠨ ᠥᠭᠡᠷᠡᠴᠢᠯᠡᠨ ᠲᠠᠰ ᠳᠡᠪᠰᠢᠭᠦᠯᠵᠦ ᠪᠠᠢ᠌ᠨ᠎ᠠ᠃ ᠡᠭᠦᠨ᠎ᠠᠴᠠ ᠭᠠᠳᠠᠨ᠎ᠠ ᠪᠡᠭᠡᠵᠢᠩ᠎ᠤᠨ ᠵᠢᠭᠤᠯᠴᠢᠯᠠᠬᠰᠠᠳ᠎ᠤᠨ ᠪᠠᠬᠠᠷᠬᠠᠯ᠎ᠢ ᠲᠠᠲᠠᠭᠰᠠᠨ ᠤᠯᠠᠭ᠋ᠠᠨᠬᠠᠳᠠ ᠵᠢᠨ ᠭᠠᠯᠲᠤ ᠠᠭᠤᠯᠠ ᠵᠢᠨ ᠵᠢᠭᠤᠯᠴᠢᠯᠠᠯ᠎ᠤᠨ ᠭᠠᠵᠠᠷ᠎ᠨᠢ ᠴᠦ᠍ ᠦᠢ᠍ᠯᠡᠴᠢᠯᠡᠭᠡᠨ᠎ᠤ ᠲᠥᠬᠦᠭᠡᠷᠦᠮᠵᠢ᠎ᠪᠠᠨ ᠪᠦᠭᠦ ᠲᠠᠯ᠎ᠠ᠎ᠪᠠᠷ ᠰᠠᠢ᠌ᠵᠢᠷᠠᠭᠤᠯᠪᠠ᠃ ᠮᠠᠨ᠎ᠤ ᠣᠷᠣᠨ 《ᠨᠢᠭᠡ ᠳᠠᠷᠤᠪᠴᠢ᠎ᠪᠠᠷ ᠥᠪᠥᠷ ᠮᠣᠩᠭᠣᠯ᠎ᠳᠤ ᠵᠢᠭᠤᠯᠴᠢᠯᠠᠬᠤ》 ᠦᠢ᠍ᠯᠡᠴᠢᠯᠡᠭᠡ ᠵᠢ ᠭᠤᠤ ᠳ᠋ᠧ ᠵᠠᠮᠴᠢᠯᠠᠭᠤᠷ᠎ᠲᠤ ᠭᠠᠷᠭ᠋ᠠᠬᠤ ᠵᠢᠨ ᠬᠠᠮᠲᠤ᠂ ᠬᠥᠯᠥᠨ ᠪᠤᠢ᠌ᠷ᠎ᠤᠨ ᠲᠠᠯ᠎ᠠ ᠨᠤᠲᠤᠭ᠎ᠤᠨ 3 ᠡᠳᠦᠷ᠎ᠤᠨ ᠵᠢᠭᠤᠯᠴᠢᠯᠠᠯ᠂ ᠪᠠᠳᠠᠢ ᠵᠢᠨ ᠵᠢᠷᠠᠨ᠎ᠤ ᠡᠯᠡᠰᠦᠨ ᠴᠦᠯ᠎ᠤᠨ ᠪᠠᠷᠲᠠᠭ᠎ᠠ ᠰᠢᠨᠵᠢᠯᠡᠬᠦ 3 ᠡᠳᠦᠷ᠎ᠤᠨ ᠵᠢᠭᠤᠯᠴᠢᠯᠠᠯ ᠵᠡᠷᠭᠡ 15 ᠵᠤᠷᠪᠤᠰ ᠰᠣᠳᠣᠨ ᠵᠢᠭᠤᠯᠴᠢᠯᠠᠯ᠎ᠤᠨ ᠵᠠᠮ ᠱᠤᠭᠤᠮ ᠪᠣᠯᠣᠨ 17 ᠵᠤᠷᠪᠤᠰ ᠭᠡᠷ ᠪᠦᠯᠢ ᠵᠢᠨ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠭᠣᠣᠯ ᠰᠡᠳᠦᠪᠲᠦ ᠵᠠᠮ ᠱᠤᠭᠤᠮ᠎ᠢ ᠭᠠᠷᠭ᠋ᠠᠵᠠᠢ᠃ ᠪᠠᠰᠠ ᠡᠨᠡ ᠵᠢᠯ᠎ᠤᠨ ᠲᠡᠭᠦᠰᠬᠦ ᠰᠣᠷᠣᠬ᠍ᠴᠢ ᠪᠠ ᠣᠶᠤᠲᠠᠨ᠎ᠳᠤ ᠬᠠᠨᠳᠤᠭᠤᠯᠤᠨ 300 ᠲᠦᠮᠡᠨ ᠲᠥᠭᠥᠷᠢᠭ᠎ᠤᠨ ᠵᠣᠨ᠎ᠤ ᠠᠮᠠᠷᠠᠯᠲᠠ ᠵᠢᠨ ᠨᠢᠰᠬᠡᠯ᠎ᠤᠨ ᠪᠢᠯᠧᠲ᠎ᠤᠨ 《ᠪᠡᠯᠡᠭ᠎ᠤᠨ ᠬᠠᠢ᠌ᠷᠴᠠᠭ》᠎ᠤᠨ ᠦᠢ᠍ᠯᠡᠳᠬᠦᠨ᠎ᠢ ᠲᠠᠷᠬᠠᠭ᠋ᠠᠵᠤ ᠡᠬᠢᠯᠡᠯ᠎ᠡ᠃ ᠪᠦᠷᠢᠨ ᠪᠤᠰᠤ ᠪᠦᠷᠢᠳᠬᠡᠯ᠎ᠢ ᠦᠨᠳᠦᠰᠦᠯᠡᠪᠡᠯ᠂ ᠮᠠᠨ᠎ᠤ ᠣᠷᠣᠨ ᠡᠨᠡ ᠵᠢᠯ᠎ᠤᠨ ᠵᠣᠨ᠎ᠤ ᠤᠯᠠᠷᠢᠯ᠎ᠤᠨ ᠵᠢᠭᠤᠯᠴᠢᠯᠠᠯ᠎ᠳᠤ ᠴᠢᠭᠯᠡᠭᠦᠯᠦᠨ ᠤᠯᠤᠰ᠎ᠤᠨ ᠳᠣᠲᠣᠭ᠋ᠠᠳᠤ ᠵᠢᠨ 10 ᠭᠠᠷᠤᠢ ᠠᠭ᠋ᠠᠷ᠎ᠤᠨ ᠠᠶᠠᠯᠠᠯ᠎ᠤᠨ ᠱᠤᠭᠤᠮ᠎ᠢ ᠰᠢᠨ᠎ᠡ᠎ᠪᠠᠷ ᠨᠠᠪᠲᠠᠷᠡᠭᠦᠯᠵᠦ᠂ ᠮᠠᠨᠵᠤᠤᠷ — ᠺᠷᠠᠰᠨᠤᠭᠤᠷᠰᠺ ᠬᠦᠷᠬᠦ ᠣᠯᠠᠨ ᠤᠯᠤᠰ᠎ᠤᠨ ᠡᠭᠡᠯᠵᠢ ᠵᠢᠨ ᠨᠢᠰᠬᠡᠯ᠎ᠢ ᠰᠢᠨ᠎ᠡ᠎ᠪᠠᠷ ᠨᠡᠮᠡᠵᠦ᠂ ᠬᠥᠯᠥᠨ ᠪᠤᠢ᠌ᠷ ᠬᠦᠷᠬᠦ 194 ᠡᠭᠡᠯᠵᠢ ᠵᠢᠨ ᠵᠢᠭᠤᠯᠴᠢᠯᠠᠯ᠎ᠤᠨ ᠲᠦᠷᠢᠶᠡᠰᠦᠨ ᠨᠢᠰᠬᠡᠯ ᠪᠣᠯᠣᠨ ᠲᠦᠩᠯᠢᠶᠣᠣ ᠬᠦᠷᠬᠦ ᠵᠢᠭᠤᠯᠴᠢᠯᠠᠯ᠎ᠤᠨ ᠲᠤᠰᠬᠠᠢ ᠭᠠᠯᠲᠤ ᠲᠡᠷᠭᠡ ᠵᠢ 11 ᠡᠭᠡᠯᠵᠢ ᠨᠡᠪᠲᠡᠷᠡᠭᠦᠯᠪᠡ᠃

ᠢᠷᠡᠯᠲᠡ᠄ ᠳᠤᠮᠳᠠᠲᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ