ᠪᠠᠶᠠᠯᠢᠭ ᠨᠠᠭᠤᠷᠲᠣ ᠨᠣᠲᠤᠭ   -   ᠠᠶᠠᠯᠠᠯ ᠵᠢᠭᠤᠯᠴᠢᠯᠠᠯ

ᠰᠢᠶᠠᠨ᠎ᠤ ᠣᠷᠣᠨ᠎ᠤ ᠵᠢᠭᠤᠯᠴᠢᠯᠠᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠤᠶ᠎ᠠ

ᠨᠡᠶ᠋ᠢᠲᠡᠯᠡᠭᠰᠡᠨ ᠴᠠᠭ᠄   2024-06-08

      ᠣᠳᠣᠬᠠᠨ᠎ᠳᠤ ᠰᠢᠶᠠᠨ᠎ᠤ ᠬᠣᠲᠠ᠎ᠨᠢ ᠵᠢᠭᠤᠯᠴᠢᠯᠠᠬᠰᠠᠳ᠎ᠤᠨ ᠰᠢᠨ᠎ᠡ ᠰᠣᠩᠭᠣᠯᠲᠠ ᠪᠣᠯᠵᠤ ᠪᠠᠢ᠌ᠨ᠎ᠠ᠂ ᠪᠠᠭ᠎ᠠ ᠬᠣᠲᠠ᠎ᠨᠢ ᠲᠣᠮᠣ ᠵᠠᠬ᠎ᠠ ᠳᠡᠯᠭᠡᠭᠦᠷ᠎ᠢ ᠬᠥᠭᠵᠢᠭᠡᠵᠦ᠂ ᠰᠢᠶᠠᠨ᠎ᠤ ᠣᠷᠣᠨ᠎ᠤ ᠵᠢᠭᠤᠯᠴᠢᠯᠠᠯ᠎ᠨᠢ 《ᠠᠮᠠᠷᠠᠯᠲᠠ ᠵᠢᠨ ᠡᠳᠦᠷ᠎ᠤᠨ ᠠᠵᠤ ᠠᠬᠤᠢ》᠎ᠳᠤ ᠰᠢᠨ᠎ᠡ ᠨᠡᠮᠡᠭᠳᠡᠯ᠎ᠢ ᠠᠪᠴᠢᠷᠠᠵᠤ᠂ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠲᠤ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠵᠦ ᠪᠠᠢ᠌ᠨ᠎ᠠ᠃
      ᠰᠢᠶᠠᠨ᠎ᠤ ᠣᠷᠣᠨ᠎ᠤ ᠵᠢᠭᠤᠯᠴᠢᠯᠠᠯ ᠪᠣᠯ ᠰᠢᠶᠠᠨ᠎ᠤ ᠱᠠᠲᠤᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠡᠯᠪᠡᠭ ᠪᠠᠶᠠᠯᠢᠭ ᠵᠢᠭᠤᠯᠴᠢᠯᠠᠯ᠎ᠤᠨ ᠡᠬᠢ ᠪᠠᠶᠠᠯᠢᠭ ᠵᠶ᠋ᠠᠷ ᠰᠠᠭᠤᠷᠢ ᠪᠤᠯᠭ᠋ᠠᠵᠤ᠂ ᠡᠯ᠎ᠡ ᠵᠦᠢ᠍ᠯ᠎ᠤᠨ ᠵᠢᠭᠤᠯᠴᠢᠯᠠᠯ᠎ᠤᠨ ᠬᠦᠴᠦᠨ ᠵᠦᠢ᠍ᠯ᠎ᠢ ᠡᠮᠬᠢᠯᠡᠨ ᠨᠡᠢ᠌ᠯᠡᠭᠦᠯᠬᠦ᠎ᠪᠠᠷ ᠳᠠᠮᠵᠢᠨ᠂ ᠵᠢᠭᠤᠯᠴᠢᠯᠠᠯ ᠵᠶ᠋ᠠᠷ ᠭᠣᠣᠯ ᠪᠤᠯᠭ᠋ᠠᠵᠦ᠂ ᠢᠳᠡᠵᠦ ᠤᠤᠭᠤᠬᠤ᠂ ᠶᠠᠪᠤᠵᠤ ᠰᠠᠭᠤᠬᠤ᠂ ᠵᠢᠭᠤᠯᠴᠢᠯᠠᠨ ᠲᠣᠭᠣᠷᠢᠬᠤ᠂ ᠬᠤᠳᠠᠯᠳᠤᠨ ᠠᠪᠬᠤ᠂ ᠵᠤᠭ᠎ᠠ ᠴᠡᠩᠭᠡᠯ ᠵᠡᠷᠭᠡ ᠠᠵᠤ ᠦᠢ᠍ᠯᠡᠰ᠎ᠢ ᠬᠠᠮᠤᠷᠤᠭᠰᠠᠨ ᠵᠢᠭᠤᠯᠴᠢᠯᠠᠯ᠎ᠤᠨ ᠪᠦᠭᠦ ᠠᠵᠤ ᠦᠢ᠍ᠯᠡᠰ᠎ᠤᠨ ᠬᠡᠯᠬᠢᠶ᠎ᠡ ᠵᠢ ᠵᠢᠭ᠋ᠠᠵᠤ ᠪᠤᠢ᠃ ᠥᠩᠭᠡᠷᠡᠭᠰᠡᠨ᠎ᠲᠠᠢ ᠠᠳᠠᠯᠢ ᠦᠭᠡᠢ᠎ᠨᠢ ᠭᠡᠪᠡᠯ᠂ ᠵᠢᠭᠤᠯᠴᠢᠯᠠᠯ᠎ᠤᠨ ᠵᠠᠬ᠎ᠠ ᠳᠡᠯᠭᠡᠭᠦᠷ᠎ᠲᠤ ᠰᠢᠶᠠᠨ᠎ᠤ ᠣᠷᠣᠨ᠎ᠤ ᠵᠢᠭᠤᠯᠴᠢᠯᠠᠯ᠎ᠤᠨ ᠬᠠᠯᠠᠮᠰᠢᠯ᠎ᠤᠨ ᠰᠢᠨ᠎ᠡ ᠬᠠᠨᠳᠤᠰᠢ ᠢᠯᠡᠷᠡᠪᠡ᠃
      ᠰᠢᠶᠠᠨ᠎ᠤ ᠣᠷᠣᠨ᠎ᠤ ᠵᠢᠭᠤᠯᠴᠢᠯᠠᠯ ᠶᠠᠭ᠋ᠠᠬᠢᠭ᠋ᠠᠳ ᠡᠢ᠌ᠮᠦ ᠬᠥᠭᠵᠢᠶᠡᠨᠲᠡᠢ ᠪᠣᠯᠪᠠ? ᠨᠢᠭᠡᠨ ᠰᠦᠯᠵᠢᠶᠡᠨ ᠠᠨᠳᠠ ᠵᠢᠨ ᠬᠡᠯᠡᠭᠰᠡᠨᠴᠢᠯᠡᠨ᠄ 《ᠠᠵᠢᠯᠯᠠᠭ᠋ᠠᠳ ᠶᠡᠬᠡ ᠶᠠᠳᠠᠷᠠᠵᠤ ᠪᠠᠢ᠌ᠬᠤ᠎ᠳᠤ ᠪᠠᠰᠠ ᠬᠥᠮᠥᠨ ᠰᠢᠬᠠᠯᠳᠤᠭᠰᠠᠨ ᠦᠵᠡᠮᠵᠢ ᠵᠢᠨ ᠭᠠᠵᠠᠷ ᠣᠴᠢᠵᠤ ᠲᠣᠭᠣᠷᠢᠭ᠋ᠠᠳ ᠭᠡᠳᠡᠷᠭᠦ᠎ᠳᠡᠭᠡᠨ ᠤᠯᠠᠮ ᠶᠠᠳᠠᠷᠠᠭ᠎ᠠ᠎ᠲᠠᠢ᠃ ᠬᠠᠷᠢᠨ ᠰᠢᠶᠠᠨ᠎ᠤ ᠬᠣᠳᠠ᠎ᠪᠠᠷ ᠲᠣᠭᠣᠷᠢᠵᠤ ᠠᠷᠠᠳ᠎ᠤᠨ ᠪᠠᠭᠤᠳᠠᠯ᠎ᠳᠤ ᠬᠣᠨᠣᠭᠯᠠᠵᠤ᠂ ᠠᠭᠤᠯᠠ᠎ᠪᠠᠷ ᠵᠤᠭ᠋ᠠᠴᠠᠨ ᠰᠢᠨ᠎ᠡ ᠰᠣᠷᠭᠣᠭ ᠠᠭᠤᠷ ᠠᠮᠢᠰᠬᠤᠯ ᠠᠮᠢᠰᠬᠤᠯᠯᠠᠵᠤ᠂ ᠲᠤᠬᠠᠢ ᠵᠢᠨ ᠭᠠᠵᠠᠷ᠎ᠤᠨ ᠢᠳᠡᠭᠡᠨ᠎ᠢ ᠢᠳᠡᠨ ᠰᠡᠯᠡᠭᠦᠴᠡᠬᠦ᠎ᠨᠢ ᠪᠠᠰᠠ ᠨᠢᠭᠡᠨ ᠵᠦᠢ᠍ᠯ᠎ᠤᠨ ᠵᠢᠷᠭ᠋ᠠᠯ ᠭᠡᠯᠲᠡᠢ》᠃ ᠡᠨᠡ᠎ᠨᠢ ᠵᠢᠭᠤᠯᠴᠢᠯᠠᠯ᠎ᠤᠨ ᠬᠡᠷᠡᠭᠴᠡᠭᠡ᠎ᠨᠢ ᠦᠨ᠎ᠡ ᠵᠢᠨ ᠬᠠᠷᠢᠴᠠᠯ ᠵᠢᠴᠢ ᠰᠡᠯᠡᠭᠦᠴᠡᠯ ᠳᠡᠭᠡᠷ᠎ᠡ ᠲᠥᠪᠯᠡᠷᠡᠵᠦ ᠪᠠᠢ᠌ᠬᠤ ᠵᠢ ᠲᠤᠰᠬᠠᠵᠤ᠂ ᠣᠳᠣᠬᠠᠨ᠎ᠤ ᠰᠣᠶᠣᠯ ᠵᠢᠭᠤᠯᠴᠢᠯᠠᠯ᠎ᠤᠨ ᠬᠡᠷᠡᠭᠯᠡᠭᠡ ᠵᠢᠨ ᠣᠯᠠᠨ ᠡᠰᠢᠵᠢᠭᠰᠡᠨ᠎ᠢ ᠲᠤᠰᠬᠠᠵᠤ ᠪᠠᠢ᠌ᠨ᠎ᠠ᠃
      ᠭᠡᠪᠡᠴᠦ ᠰᠢᠶᠠᠨ᠎ᠤ ᠣᠷᠣᠨ᠎ᠤ ᠵᠢᠭᠤᠯᠴᠢᠯᠠᠯ ᠮᠥᠨ ᠬᠦ᠌ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠭᠦᠨᠵᠡᠭᠡᠢ ᠪᠤᠰᠤ᠂ ᠵᠢᠭᠤᠯᠴᠢᠯᠠᠯ᠎ᠤᠨ ᠦᠢ᠍ᠯᠡᠳᠬᠦᠨ᠎ᠤ ᠬᠠᠩᠭ᠋ᠠᠯᠭ᠎ᠠ ᠪᠣᠯᠣᠨ ᠵᠢᠭᠤᠯᠴᠢᠯᠠᠬᠰᠠᠳ᠎ᠤᠨ ᠬᠡᠷᠡᠭᠴᠡᠭᠡ ᠵᠢᠨ ᠣᠯᠠᠨ ᠡᠰᠢᠵᠢᠭᠰᠡᠨ ᠵᠢᠴᠢ ᠥᠪᠡᠷᠮᠢᠴᠡᠵᠢᠭᠰᠡᠨ᠎ᠨᠢ ᠬᠠᠷᠢᠯᠴᠠᠨ ᠲᠣᠬᠢᠷᠠᠯᠴᠠᠬᠤ ᠦᠭᠡᠢ ᠵᠡᠷᠭᠡ ᠠᠰᠠᠭᠤᠳᠠᠯ᠎ᠳᠤ ᠲᠤᠯᠭ᠋ᠠᠷᠠᠵᠤ ᠪᠠᠢ᠌ᠨ᠎ᠠ᠃ ᠡᠢ᠌ᠮᠦ᠎ᠠᠴᠠ᠂ ᠰᠢᠶᠠᠨ᠎ᠤ ᠣᠷᠣᠨ᠎ᠤ ᠵᠢᠭᠤᠯᠴᠢᠯᠠᠯ᠎ᠢ 《ᠠᠮᠠᠷᠠᠯᠲᠠ ᠵᠢᠨ ᠡᠳᠦᠷ᠎ᠤᠨ ᠠᠵᠤ ᠠᠬᠤᠢ》᠎ᠳᠤ ᠨᠠᠩ ᠣᠯᠠᠨ ᠰᠢᠨ᠎ᠡ ᠨᠡᠮᠡᠭᠳᠡᠯ᠎ᠲᠠᠢ ᠪᠤᠯᠭ᠋ᠠᠬᠤ ᠭᠡᠪᠡᠯ᠂ ᠡᠯ᠎ᠡ ᠭᠠᠵᠠᠷ᠎ᠤᠨ᠎ᠬᠢᠨ ᠪᠠᠰᠠ ᠬᠠᠨᠳᠤᠰᠢ᠎ᠳᠤᠨᠢ ᠲᠣᠬᠢᠷᠠᠭᠤᠯᠤᠨ ᠬᠥᠲᠥᠯᠥᠨ ᠵᠢᠯᠤᠭᠣᠳᠬᠤ ᠬᠡᠷᠡᠭᠲᠡᠢ᠃
      ᠨᠢᠭᠡ ᠲᠠᠯ᠎ᠠ᠎ᠪᠠᠷ᠂ ᠭᠠᠵᠠᠷ ᠰᠢᠷᠣᠢ᠂ ᠪᠡᠯᠡ ᠮᠥᠩᠭᠥ᠂ ᠴᠢᠳᠠᠪᠤᠷᠢᠲᠠᠨ ᠵᠡᠷᠭᠡ ᠵᠢᠨ ᠰᠢᠶᠠᠨ᠎ᠤ ᠣᠷᠣᠨ᠎ᠤ ᠵᠢᠭᠤᠯᠴᠢᠯᠠᠯ᠎ᠤᠨ ᠬᠥᠭᠵᠢᠯᠲᠡ ᠵᠢᠨ ᠬᠦᠯᠢᠶᠡᠰᠦᠯᠡᠯ᠎ᠢ ᠰᠢᠪᠲᠤᠯᠤᠨ᠎ᠠ᠃ ᠣᠷᠣᠨ ᠵᠠᠢ ᠵᠢᠨ ᠲᠠᠯ᠎ᠠ᠎ᠪᠠᠷ ᠲᠥᠪᠯᠡᠷᠡᠭᠦᠯᠦᠨ ᠬᠥᠭᠵᠢᠭᠦᠯᠬᠦ᠂ ᠴᠠᠭ᠎ᠤᠨ ᠲᠠᠯ᠎ᠠ᠎ᠪᠠᠷ ᠪᠦᠭᠦ ᠤᠯᠠᠷᠢᠯ᠎ᠤᠨ ᠲᠠᠯ᠎ᠠ᠎ᠪᠠᠷ ᠪᠦᠬᠦᠯᠢ ᠡᠳᠦᠷ ᠵᠶ᠋ᠡᠷ ᠠᠵᠢᠯᠯᠠᠭᠤᠯᠬᠤ᠎ᠪᠠᠷ ᠳᠠᠮᠵᠢᠨ᠂ ᠠᠵᠤ ᠦᠢ᠍ᠯᠡᠰ᠎ᠤᠨ ᠲᠠᠯ᠎ᠠ᠎ᠪᠠᠷ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢ ᠲᠡᠭᠦᠯᠳᠡᠷᠵᠢᠭᠦᠯᠵᠦ᠂ ᠠᠵᠤ ᠦᠢ᠍ᠯᠡᠰ᠎ᠤᠨ ᠠᠮᠢ ᠠᠬᠤᠢ᠌ᠵᠢᠵᠤ᠂ ᠪᠦᠯᠦᠭᠵᠢᠭᠰᠡᠨ ᠬᠥᠭᠵᠢᠯᠲᠡ ᠵᠢ ᠪᠤᠶ ᠪᠤᠯᠭ᠋ᠠᠵᠤ᠂ ᠰᠢᠶᠠᠨ᠎ᠤ ᠣᠷᠣᠨ᠎ᠤ ᠵᠢᠭᠤᠯᠴᠢᠯᠠᠯ᠎ᠤᠨ ᠦᠢ᠍ᠯᠡᠰ᠎ᠤᠨ ᠭᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ ᠠᠬᠢᠭᠤᠯᠤᠨ᠎ᠠ᠃ ᠰᠣᠶᠣᠯ᠎ᠤᠨ ᠬᠥᠲᠥᠯᠥᠮᠵᠢ᠂ ᠠᠵᠤ ᠦᠢ᠍ᠯᠡᠰ᠎ᠤᠨ ᠠᠭᠤᠰᠤᠯᠴᠠᠯ ᠪᠠ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠠᠴᠠ ᠡᠨᠧᠷᠭᠢ ᠣᠯᠭᠣᠬᠤ᠎ᠪᠠᠷ ᠳᠠᠮᠵᠢᠨ ᠡᠵᠡᠩᠨᠡᠯᠲᠡ ᠵᠢᠨ ᠭᠡᠯᠪᠡᠷᠢ ᠪᠠᠢ᠌ᠳᠠᠯ᠎ᠤᠨ ᠰᠢᠨ᠎ᠡ ᠵᠢ ᠡᠭᠦᠳᠬᠦ ᠵᠢ ᠠᠬᠢᠭᠤᠯᠵᠤ᠂ ᠪᠠᠰᠠ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠭᠦ ᠵᠢ ᠴᠢᠬᠤᠯᠠᠴᠢᠯᠠᠵᠤ᠂ ᠴᠢᠨᠠᠷ ᠰᠠᠢ᠌ᠲᠠᠢ᠂ ᠵᠢᠭᠤᠯᠴᠢᠯᠠᠬᠰᠠᠳ᠎ᠤᠨ ᠬᠡᠷᠡᠭᠴᠡᠭᠡ ᠱᠠᠭ᠋ᠠᠷᠳᠠᠯᠭ᠎ᠠ᠎ᠳᠤ ᠨᠡᠢ᠌ᠴᠡᠭᠰᠡᠨ ᠰᠢᠶᠠᠨ᠎ᠤ ᠣᠷᠣᠨ᠎ᠤ ᠵᠢᠭᠤᠯᠴᠢᠯᠠᠯ᠎ᠤᠨ ᠦᠢ᠍ᠯᠡᠳᠬᠦᠨ᠎ᠢ ᠬᠠᠩᠭ᠋ᠠᠨ᠎ᠠ᠃ ᠨᠥᠭᠦᠭᠡ ᠲᠠᠯ᠎ᠠ᠎ᠪᠠᠷ᠂ ᠰᠢᠶᠠᠨ᠎ᠤ ᠣᠷᠣᠨ᠎ᠤ ᠰᠣᠶᠣᠯ ᠵᠢᠭᠤᠯᠴᠢᠯᠠᠯ᠎ᠨᠢ ᠡᠯ᠎ᠡ ᠭᠠᠵᠠᠷ᠎ᠤᠨ ᠵᠢᠭᠤᠯᠴᠢᠯᠠᠯ᠎ᠤᠨ ᠦᠢ᠍ᠯᠡᠰ᠎ᠤᠨ ᠭᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ ᠵᠢᠨ ᠠᠵᠠ ᠲᠣᠭᠢᠶᠠᠯ ᠪᠣᠯᠵᠤ᠂ ᠰᠢᠶᠠᠨ᠎ᠤ ᠣᠷᠣᠨ᠎ᠤ ᠵᠢᠭᠤᠯᠴᠢᠯᠠᠯ᠎ᠤᠨ ᠬᠠᠯᠠᠮᠰᠢᠯ᠎ᠢ ᠰᠠᠢ᠌ᠲᠤᠷ ᠬᠥᠭᠵᠢᠭᠡᠵᠦ᠂ ᠰᠢᠶᠠᠨ᠎ᠤ ᠣᠷᠣᠨ᠎ᠤ ᠰᠣᠶᠣᠯ ᠵᠢᠭᠤᠯᠴᠢᠯᠠᠯ᠎ᠢ ᠰᠢᠶᠠᠨ᠎ᠤ ᠣᠷᠣᠨ᠎ᠤ ᠠᠵᠤ ᠠᠬᠤᠢ ᠵᠢ ᠬᠥᠭᠵᠢᠭᠡᠬᠦ ᠴᠢᠬᠤᠯᠠ ᠭᠠᠷᠳᠠᠴᠠ ᠪᠤᠯᠭ᠋ᠠᠵᠤ᠂ ᠪᠠᠷᠢᠮᠵᠢᠶ᠎ᠠ ᠵᠢ ᠤᠷᠢᠳ ᠵᠶ᠋ᠠᠷ ᠬᠡᠷᠡᠭᠵᠢᠭᠦᠯᠦᠨ᠂ ᠦᠢ᠍ᠯᠡᠴᠢᠯᠡᠭᠡ ᠵᠢ ᠳᠡᠭᠡᠭᠰᠢᠯᠡᠭᠦᠯᠵᠦ᠂ ᠲᠦᠷᠦᠯ ᠲᠡᠮᠳᠡᠭ᠎ᠢ ᠪᠤᠶ ᠪᠣᠯᠭ᠋ᠠᠨ᠂ ᠠᠷᠠᠳ᠎ᠤᠨ ᠠᠮᠢᠳᠤᠷᠠᠯ᠎ᠳᠤ ᠰᠠᠭᠤᠷᠢᠯᠠᠵᠤ᠂ ᠰᠢᠶᠠᠨ᠎ᠤ ᠣᠷᠣᠨ᠎ᠤ ᠵᠢᠭᠤᠯᠴᠢᠯᠠᠯ᠎ᠢ ᠰᠣᠶᠣᠯ ᠵᠢᠭᠤᠯᠴᠢᠯᠠᠯ᠎ᠤᠨ ᠬᠥᠭᠵᠢᠯᠲᠡ ᠵᠢᠨ 《ᠬᠠᠲᠠᠭᠤ ᠪᠣᠳᠠᠲᠤ ᠬᠦᠴᠦᠨ》 ᠪᠣᠯᠭ᠋ᠠᠪᠠᠯ ᠵᠣᠬᠢᠨ᠎ᠠ᠃
      ᠡᠭᠦᠨ᠎ᠤ ᠬᠠᠮᠲᠤ᠂ ᠰᠢᠶᠠᠨ᠎ᠤ ᠣᠷᠣᠨ᠎ᠤ ᠵᠢᠭᠤᠯᠴᠢᠯᠠᠯ᠎ᠤᠨ ᠵᠠᠩᠭᠢᠯᠠᠭ᠎ᠠ᠎ᠨᠢ ᠲᠡᠭᠦᠨ᠎ᠤ ᠤᠤᠭ᠋ᠠᠯ ᠠᠮᠢ ᠠᠬᠤᠢ ᠵᠢᠨ ᠳᠡᠪᠢᠰᠬᠡᠷ ᠥᠩᠭᠡ᠎ᠳᠤ ᠪᠠᠢ᠌ᠵᠤ᠂ ᠲᠤᠬᠠᠢ ᠵᠢᠨ ᠭᠠᠵᠠᠷ᠎ᠤᠨ ᠪᠠᠢ᠌ᠭ᠋ᠠᠯᠢ ᠪᠠ ᠬᠥᠮᠥᠨ ᠨᠡᠢ᠌ᠭᠡᠮ᠎ᠤᠨ ᠡᠬᠢ ᠪᠠᠶᠠᠯᠢᠭ᠎ᠢ ᠵᠢᠭᠤᠯᠴᠢᠯᠠᠯ᠎ᠤᠨ ᠦᠢ᠍ᠯᠡᠳᠬᠦᠨ ᠪᠣᠯᠭ᠋ᠠᠨ ᠬᠤᠪᠢᠷᠠᠭᠤᠯᠬᠤ ᠦᠶ᠎ᠡ᠎ᠳᠤ᠂ 《ᠲᠤᠢ᠌ᠯᠪᠤᠷᠢᠲᠠᠢ ᠪᠠᠢ᠌ᠬᠤ》 ᠵᠢ ᠪᠡᠶᠡᠯᠡᠭᠦᠯᠬᠦ ᠬᠡᠷᠡᠭᠲᠡᠢ᠂ ᠠᠵᠤ ᠦᠢ᠍ᠯᠡᠰ᠎ᠢ ᠬᠥᠭᠵᠢᠭᠦᠯᠬᠦ ᠶᠠᠪᠤᠴᠠ᠎ᠳᠤ ᠲᠡᠭᠦᠨ᠎ᠤ ᠵᠢᠩᠬᠢᠨᠢ ᠰᠢᠨᠵᠢ ᠴᠢᠨᠠᠷ᠎ᠢ ᠪᠠᠷᠢᠮᠲᠠᠯᠠᠵᠤ᠂ ᠪᠦᠭᠦ ᠡᠵᠡᠩᠨᠡᠯᠲᠡ ᠵᠢᠨ ᠭᠡᠯᠪᠡᠷᠢ ᠪᠠᠢ᠌ᠳᠠᠯ᠂ ᠪᠤᠶ ᠪᠦᠬᠦᠢ ᠦᠢ᠍ᠯᠡᠳᠬᠦᠨ᠎ᠢ ᠬᠠᠢ᠌ᠷ᠎ᠠ ᠰᠡᠳᠬᠢᠯᠭᠡ᠎ᠲᠠᠢ ᠪᠤᠯᠭ᠋ᠠᠵᠤ᠂ ᠰᠢᠶᠠᠨ᠎ᠤ ᠣᠷᠣᠨ᠂ ᠬᠥᠳᠡᠭᠡ ᠲᠣᠰᠬᠣᠨ᠎ᠤ ᠵᠢᠭᠤᠯᠴᠢᠯᠠᠯ᠎ᠤᠨ ᠦᠢ᠍ᠯᠡᠳᠬᠦᠨ᠎ᠤ ᠪᠦᠲᠦᠭᠡᠨ ᠪᠠᠢ᠌ᠭᠤᠯᠤᠯᠲᠠ ᠵᠢ ᠭᠡᠲᠦ ᠬᠤᠳᠠᠯᠳᠤᠭ᠋ᠠᠴᠢᠯᠠᠬᠤ ᠵᠢ ᠰᠡᠷᠭᠡᠢ᠌ᠯᠡᠬᠦ ᠬᠡᠷᠡᠭᠲᠡᠢ᠃
      ᠬᠥᠳᠡᠭᠡ ᠲᠣᠰᠬᠣᠨ ᠪᠣᠯᠭ᠋ᠠᠨ ᠵᠢᠭᠤᠯᠴᠢᠯᠠᠯ᠎ᠢ ᠨᠡᠭᠡᠭᠡᠨ ᠬᠥᠭᠵᠢᠭᠦᠯᠬᠦ ᠨᠥᠬᠥᠴᠡᠯ᠎ᠲᠠᠢ ᠪᠢᠰᠢ᠂ ᠬᠥᠳᠡᠭᠡ ᠲᠣᠰᠬᠣᠨ᠎ᠤ ᠵᠢᠭᠤᠯᠴᠢᠯᠠᠯ ᠪᠣᠯᠭ᠋ᠠᠨ ᠴᠥᠮ ᠠᠵᠤ ᠠᠬᠤᠢ ᠵᠢᠨ ᠨᠡᠮᠡᠭᠳᠡᠯ᠎ᠢ ᠳᠠᠶ᠋ᠢᠴᠢᠯᠠᠵᠤ ᠴᠢᠳᠠᠬᠤ ᠪᠢᠰᠢ᠃ ᠰᠢᠶᠠᠨ᠎ᠤ ᠬᠡᠪᠴᠢᠶᠡᠨ᠎ᠤ ᠵᠢᠭᠤᠯᠴᠢᠯᠠᠯ᠎ᠢ ᠬᠥᠭᠵᠢᠭᠦᠯᠬᠦ᠎ᠳᠤ ᠪᠠᠰᠠ ᠲᠤᠬᠠᠢ ᠵᠢᠨ ᠭᠠᠵᠠᠷ ᠣᠷᠣᠨ᠎ᠤ ᠪᠠᠢ᠌ᠳᠠᠯ᠎ᠳᠤᠨᠢ ᠲᠣᠬᠢᠷᠠᠭᠤᠯᠬᠤ᠂ ᠦᠨᠡᠨ᠎ᠠᠴᠠ ᠵᠥᠪ᠎ᠢ ᠡᠷᠢᠬᠦ᠂ ᠲᠥᠷᠥᠯ ᠬᠤᠪᠢᠶᠠᠨ ᠰᠦᠪᠡᠭᠴᠢᠯᠡᠬᠦ᠂ ᠵᠦᠷᠢᠶᠡᠴᠢᠯᠡᠨ ᠬᠥᠭᠵᠢᠭᠦᠯᠬᠦ ᠵᠢ ᠪᠡᠶᠡᠯᠡᠭᠦᠯᠦᠨ᠎ᠡ᠃ ᠢᠩᠭᠢᠪᠡᠯ ᠰᠠᠶᠢ ᠰᠢᠶᠠᠨ᠎ᠤ ᠣᠷᠣᠨ᠎ᠤ ᠵᠢᠭᠤᠯᠴᠢᠯᠠᠯ ᠰᠠᠢ᠌ᠨ ᠲᠠᠯ᠎ᠠ᠎ᠪᠠᠨ ᠪᠠᠳᠠᠷᠠᠭᠤᠯᠤᠨ ᠳᠤᠲᠠᠭᠳᠠᠯ᠎ᠲᠠᠢ ᠲᠠᠯ᠎ᠠ᠎ᠪᠠᠨ ᠲᠡᠪᠴᠢᠵᠦ᠂ ᠵᠠᠬ᠎ᠠ ᠳᠡᠯᠭᠡᠭᠦᠷ᠎ᠤᠨ ᠬᠡᠷᠡᠭᠴᠡᠭᠡ ᠵᠢ ᠬᠠᠩᠭ᠋ᠠᠬᠤ ᠵᠢᠨ ᠬᠠᠮᠲᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠵᠦ ᠴᠢᠳᠠᠨ᠎ᠠ᠃

ᠢᠷᠡᠯᠲᠡ᠄ ᠳᠤᠮᠳᠠᠲᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ