ᠪᠠᠶᠠᠯᠢᠭ ᠨᠠᠭᠤᠷᠲᠣ ᠨᠣᠲᠤᠭ   -   ᠠᠶᠠᠯᠠᠯ ᠵᠢᠭᠤᠯᠴᠢᠯᠠᠯ

ᠥᠪᠥᠷ ᠮᠣᠩᠭᠣᠯ᠎ᠤᠨ ᠮᠦᠽᠧᠢ 《ᠪᠦᠭᠦ ᠤᠯᠤᠰ᠎ᠤᠨ ᠬᠤᠪᠢᠰᠬᠠᠯᠲᠤ ᠤᠳᠤᠮᠰᠢᠯ᠎ᠤᠨ ᠬᠥᠮᠥᠷᠭᠡ ᠵᠢᠨ ᠪᠦᠲᠦᠭᠡᠨ ᠪᠠᠢ᠌ᠭᠤᠯᠤᠯᠲᠠ ᠵᠢᠨ ᠨᠢᠭᠡᠴᠢ》᠎ᠪᠠᠷ ᠰᠣᠩᠭᠣᠭᠳᠠᠪᠠ

ᠨᠡᠶ᠋ᠢᠲᠡᠯᠡᠭᠰᠡᠨ ᠴᠠᠭ᠄   2024-07-24

      ᠥᠪᠥᠷ ᠮᠣᠩᠭᠣᠯ᠎ᠤᠨ ᠮᠦᠽᠧᠢ᠎ᠠᠴᠠ ᠣᠢ᠌ᠯᠠᠭ᠋ᠠᠭᠰᠠᠨ ᠵᠶ᠋ᠡᠷ᠂ ᠲᠤᠰ ᠮᠦᠽᠧᠢ᠎ᠨᠢ 2024 ᠣᠨ᠎ᠤ 《ᠪᠦᠭᠦ ᠤᠯᠤᠰ᠎ᠤᠨ ᠬᠤᠪᠢᠰᠬᠠᠯᠲᠤ ᠤᠳᠤᠮᠰᠢᠯ᠎ᠤᠨ ᠬᠥᠮᠥᠷᠭᠡ ᠵᠢᠨ ᠪᠦᠲᠦᠭᠡᠨ ᠪᠠᠢ᠌ᠭᠤᠯᠤᠯᠲᠠ ᠵᠢᠨ ᠨᠢᠭᠡᠴᠢ》᠎ᠪᠠᠷ ᠰᠣᠩᠭᠣᠭᠳᠠᠵᠤ᠂ ᠡᠨᠡ᠎ᠨᠢ ᠥᠪᠥᠷ ᠮᠣᠩᠭᠣᠯ᠎ᠤᠨ ᠮᠦᠽᠧᠢ ᠵᠢᠨ ᠬᠤᠪᠢᠰᠬᠠᠯᠲᠤ ᠰᠣᠶᠣᠯ ᠤᠯᠠᠮᠵᠢᠯᠠᠯ᠎ᠤᠨ ᠠᠵᠢᠯ᠎ᠢ ᠦᠨᠡᠯᠡᠨ ᠮᠡᠳᠡᠷᠡᠭᠰᠡᠨ ᠲᠡᠳᠦᠢ ᠦᠭᠡᠢ ᠥᠪᠥᠷ ᠮᠣᠩᠭᠣᠯ ᠣᠷᠣᠨ᠎ᠤ ᠬᠤᠪᠢᠰᠬᠠᠯᠲᠤ ᠰᠣᠶᠣᠯ᠎ᠢ ᠤᠯᠠᠮᠵᠢᠯᠠᠨ ᠵᠠᠯᠭ᠋ᠠᠮᠵᠢᠯᠠᠵᠤ ᠰᠢᠨ᠎ᠡ ᠵᠢ ᠡᠭᠦᠳᠬᠦ ᠠᠵᠢᠯ᠎ᠳᠤ ᠠᠬᠢᠭᠤᠯᠬᠤ ᠦᠢ᠍ᠯᠡᠳᠦᠯ ᠦᠵᠡᠭᠦᠯᠪᠡ᠃
      ᠥᠪᠥᠷ ᠮᠣᠩᠭᠣᠯ᠎ᠤᠨ ᠮᠦᠽᠧᠢ ᠪᠦᠭᠦ ᠤᠯᠤᠰ᠎ᠤᠨ ᠤᠯᠤᠰ ᠵᠶ᠋ᠠᠨ ᠬᠠᠢ᠌ᠷᠠᠯᠠᠬᠤ ᠦᠵᠡᠯ᠎ᠤᠨ ᠬᠥᠮᠦᠵᠢᠯ᠎ᠤᠨ ᠵᠢᠱ᠌ᠢᠶ᠎ᠡ ᠦᠵᠡᠭᠦᠯᠭᠦ ᠰᠠᠭᠤᠷᠢᠨ᠂ ᠪᠦᠭᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠰᠠᠭᠤᠷᠢᠨ ᠪᠣᠯᠤᠭᠰᠠᠨ᠎ᠤ ᠬᠤᠪᠢ᠎ᠳᠤ ᠤᠯᠤᠰ᠎ᠤᠨ ᠤᠷᠢᠶᠠᠯᠠᠭ᠎ᠠ ᠵᠢ ᠢᠳᠡᠪᠬᠢᠲᠡᠢ ᠴᠤᠤᠷᠢᠶᠠᠲᠤᠨ ᠳᠠᠭ᠋ᠠᠵᠤ᠂ ᠬᠤᠪᠢᠰᠬᠠᠯᠲᠤ ᠤᠳᠤᠮᠰᠢᠯ᠎ᠤᠨ ᠬᠥᠮᠥᠷᠭᠡ ᠵᠢ ᠪᠦᠲᠦᠭᠡᠨ ᠪᠠᠢ᠌ᠭᠤᠯᠬᠤ ᠵᠢᠨ ᠴᠢᠬᠤᠯᠠ ᠠᠴᠢ ᠬᠣᠯᠪᠣᠭᠳᠠᠯ᠎ᠢ ᠭᠦᠨᠵᠡᠭᠡᠢ ᠲᠠᠨᠢᠵᠤ᠂ ᠳᠡᠭᠡᠳᠦ ᠬᠡᠮᠵᠢᠶᠡᠨ᠎ᠤ ᠬᠠᠷᠢᠭᠤᠴᠠᠯᠭ᠋ᠠᠲᠤ ᠰᠡᠳᠬᠢᠯᠭᠡ ᠪᠣᠯᠣᠨ ᠲᠤᠯᠭ᠋ᠠᠮ ᠰᠡᠳᠬᠢᠯᠭᠡ᠎ᠪᠠᠷ ᠡᠯ᠎ᠡ ᠵᠦᠢ᠍ᠯ᠎ᠤᠨ ᠠᠵᠢᠯ᠎ᠢ ᠠᠬᠢᠭᠤᠯᠵᠤ᠂ ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠠᠰᠢᠭᠯᠠᠯᠲᠠ ᠵᠢ ᠴᠢᠩᠭ᠋ᠠᠳᠬᠠᠨ᠂ ᠣᠯᠠᠨ ᠡᠰᠢᠵᠢᠭᠰᠡᠨ ᠬᠤᠪᠢᠰᠬᠠᠯᠲᠤ ᠰᠣᠶᠣᠯ᠎ᠢ ᠤᠯᠠᠮᠵᠢᠯᠠᠬᠤ ᠠᠷᠭ᠎ᠠ ᠵᠠᠮ᠎ᠢ ᠬᠠᠢ᠌ᠨ ᠰᠦᠪᠡᠭᠴᠢᠯᠡᠵᠦ᠂ ᠬᠤᠪᠢᠰᠬᠠᠯ᠎ᠤᠨ ᠵᠣᠷᠢᠭ ᠰᠠᠨᠠᠭ᠎ᠠ ᠵᠢ ᠰᠢᠨ᠎ᠡ ᠴᠠᠭ ᠦᠶ᠎ᠡ᠎ᠳᠤ ᠨᠠᠩ ᠰᠠᠢ᠌ᠨ ᠪᠠᠳᠠᠷᠠᠭᠤᠯᠵᠤ ᠪᠠᠢ᠌ᠨ᠎ᠠ᠃ ᠬᠤᠪᠢᠰᠬᠠᠯᠲᠤ ᠤᠳᠤᠮᠰᠢᠯ᠎ᠤᠨ ᠬᠥᠮᠥᠷᠭᠡ ᠵᠢᠨ ᠪᠦᠲᠦᠭᠡᠨ ᠪᠠᠢ᠌ᠭᠤᠯᠤᠯᠲᠠ ᠪᠣᠯ ᠤᠯᠤᠰ᠎ᠤᠨ ᠰᠣᠶᠣᠯ᠎ᠤᠨ ᠲᠣᠭ᠋ᠠᠴᠢᠯᠠᠭᠰᠠᠨ ᠬᠥᠮᠥᠷᠭᠡ ᠵᠢᠨ ᠰᠢᠰᠲ᠋ᠧᠮ᠎ᠤᠨ ᠪᠠᠢ᠌ᠭᠤᠯᠤᠯᠲᠠ ᠵᠢᠨ ᠴᠢᠬᠤᠯᠠ ᠪᠦᠷᠢᠯᠳᠦᠭᠦᠨ ᠬᠡᠰᠡᠭ ᠮᠥᠨ᠂ ᠲᠤᠰ ᠵᠢᠭᠰᠠᠭ᠋ᠠᠯᠲᠠ᠎ᠳᠤ ᠰᠣᠩᠭᠣᠭᠳᠠᠭᠰᠠᠨ ᠪᠦᠲᠦᠭᠡᠨ ᠪᠠᠢ᠌ᠭᠤᠯᠤᠯᠲᠠ ᠵᠢᠨ ᠨᠢᠭᠡᠴᠢ᠎ᠨᠢ ᠬᠤᠪᠢᠰᠬᠠᠯᠲᠤ ᠤᠳᠤᠮᠰᠢᠯ᠎ᠤᠨ ᠬᠥᠮᠥᠷᠭᠡ ᠵᠢᠨ ᠲᠣᠭ᠎ᠠ ᠪᠠᠷᠢᠮᠲᠠ ᠵᠢ ᠴᠤᠭᠯᠠᠭᠤᠯᠵᠤ᠂ ᠳᠡᠯᠭᠡᠨ ᠦᠵᠡᠭᠦᠯᠭᠦ ᠡᠳ᠋᠂ ᠬᠡᠪᠯᠡᠭᠳᠡᠬᠦᠨ᠂ ᠳᠠᠭᠤ ᠳᠦᠷᠰᠦ ᠰᠢᠩᠭᠡᠭᠡᠯᠲᠡ ᠵᠡᠷᠭᠡ ᠡᠬᠢ ᠪᠠᠶᠠᠯᠢᠭ᠎ᠲᠤ ᠲᠣᠭ᠋ᠠᠴᠢᠯᠠᠭᠰᠠᠨ ᠪᠦᠷᠢᠳᠬᠡᠯ᠂ ᠲᠣᠳᠣᠷᠬᠠᠢ᠌ᠯᠠᠯᠲᠠ ᠪᠠ ᠬᠠᠳᠠᠭ᠋ᠠᠯᠠᠯᠲᠠ ᠬᠢᠵᠦ᠂ ᠬᠠᠷᠢᠴᠠᠩᠭᠤᠢ ᠪᠦᠷᠢᠨ ᠭᠦᠢ᠍ᠴᠡᠳ ᠲᠡᠦᠬᠡ ᠵᠢᠨ ᠮᠠᠲ᠋ᠧᠷᠢᠶᠠᠯ᠎ᠤᠨ ᠰᠢᠰᠲ᠋ᠧᠮ᠎ᠢ ᠪᠠᠢ᠌ᠭᠤᠯᠤᠨ᠂ ᠪᠦᠭᠦ ᠤᠯᠤᠰ᠎ᠤᠨ ᠬᠤᠪᠢᠰᠬᠠᠯᠲᠤ ᠤᠳᠤᠮᠰᠢᠯ᠎ᠤᠨ ᠬᠥᠮᠥᠷᠭᠡ ᠵᠢ ᠪᠦᠷᠢᠯᠳᠦᠭᠦᠯᠵᠦ᠂ ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠨᠡᠩ ᠠᠮᠢᠳᠤᠯᠢᠭ ᠵᠢᠡᠷ ᠠᠰᠢᠭᠯᠠᠬᠤ ᠪᠣᠯᠣᠨ᠎ᠠ᠃

ᠢᠷᠡᠯᠲᠡ᠄ ᠳᠤᠮᠳᠠᠲᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ