ᠪᠠᠶᠠᠯᠢᠭ ᠨᠠᠭᠤᠷᠲᠣ ᠨᠣᠲᠤᠭ   -   ᠠᠶᠠᠯᠠᠯ ᠵᠢᠭᠤᠯᠴᠢᠯᠠᠯ

ᠬᠥᠯᠥᠨ ᠪᠤᠢ᠌ᠷ ᠬᠤᠳᠠ ᠵᠢᠨ 《ᠡᠭᠦᠳᠬᠦ᠎ᠪᠠᠷ ᠪᠠᠢ᠌ᠭᠤᠯᠤᠯᠲᠠ ᠵᠢ ᠠᠬᠢᠭᠤᠯᠬᠤ》 ᠲᠥᠷᠥᠯ ᠲᠡᠮᠳᠡᠭᠲᠦ ᠵᠢᠨ ᠵᠢᠱ᠌ᠢᠶ᠎ᠡ ᠦᠵᠡᠭᠦᠯᠭᠦ ᠠᠵᠢᠯᠯᠠᠭ᠎ᠠ ᠢᠯᠡᠷᠬᠡᠢ ᠠᠮᠵᠢᠯᠲᠠ ᠣᠯᠪᠠ

ᠨᠡᠶ᠋ᠢᠲᠡᠯᠡᠭᠰᠡᠨ ᠴᠠᠭ᠄   2024-07-24

      ᠰᠤᠷᠪᠤᠯᠵᠢᠯᠠᠬ᠍ᠴᠢ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠠᠴᠠ ᠣᠢ᠌ᠯᠠᠭ᠋ᠠᠭᠰᠠᠨ ᠵᠢᠡᠷ᠂ ᠬᠥᠯᠥᠨ ᠪᠤᠢ᠌ᠷ ᠬᠤᠳᠠ ᠲᠦᠷᠦᠯ ᠲᠡᠮᠳᠡᠭ᠎ᠢ ᠴᠣᠭᠴᠠᠯᠠᠬᠤ᠎ᠪᠠᠷ ᠰᠣᠶᠣᠯ ᠵᠢᠭᠤᠯᠴᠢᠯᠠᠯ᠎ᠤᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠭᠤᠷᠪᠠᠨ ᠵᠢᠯ᠎ᠤᠨ ᠠᠵᠢᠯᠯᠠᠭ᠎ᠠ᠎ᠳᠤ ᠢᠯᠡᠷᠬᠡᠢ ᠦᠷ᠎ᠡ ᠪᠦᠳᠦᠮᠵᠢ ᠣᠯᠪᠠ᠃ ᠤᠮᠠᠷᠠᠲᠤ ᠬᠢᠯᠢ ᠵᠢᠨ ᠰᠣᠶᠣᠯ᠎ᠤᠨ 《ᠬᠥᠯᠥᠨ ᠪᠤᠢ᠌ᠷ᠎ᠤᠨ ᠲᠠᠯ᠎ᠠ ᠨᠤᠲᠤᠭ》 ᠬᠣᠲᠠ ᠵᠢᠨ ᠬᠡᠪᠴᠢᠶᠡᠨ᠎ᠤ ᠨᠡᠢ᠌ᠲᠡ ᠵᠢᠨ ᠬᠡᠷᠡᠭᠯᠡᠭᠡᠨ᠎ᠤ ᠲᠥᠷᠥᠯ ᠲᠡᠮᠳᠡᠭ᠎ᠢ ᠪᠦᠭᠦ ᠬᠦᠴᠦᠨ ᠵᠶ᠋ᠡᠷ ᠵᠶ᠋ᠡᠨ ᠴᠣᠭᠴᠠᠯᠠᠵᠤ᠂ 《ᠡᠭᠦᠳᠬᠦ᠎ᠪᠠᠷ ᠪᠠᠢ᠌ᠭᠤᠯᠤᠯᠲᠠ ᠵᠢ ᠠᠬᠢᠭᠤᠯᠬᠤ》 ᠵᠢᠱ᠌ᠢᠶ᠎ᠡ ᠦᠵᠡᠭᠦᠯᠭᠦ ᠠᠵᠢᠯᠯᠠᠭ᠎ᠠ ᠶᠠᠪᠤᠭᠤᠯᠵᠤ᠂ ᠤᠳᠤ ᠪᠦᠭᠦ ᠣᠷᠣᠨ᠎ᠤ ᠤᠯᠤᠰ᠎ᠤᠨ 5A ᠲᠠᠰ᠎ᠤᠨ ᠦᠵᠡᠮᠵᠢ ᠵᠢᠨ ᠭᠠᠵᠠᠷ ᠵᠢᠡᠷ ᠬᠠᠮᠤᠭ᠎ᠤᠨ ᠣᠯᠠᠨ ᠠᠢ᠌ᠮᠠᠭ ᠬᠣᠲᠠ ᠪᠣᠯᠵᠠᠢ᠃
      ᠬᠥᠯᠥᠨ ᠪᠤᠢ᠌ᠷ ᠬᠤᠳᠠ ᠪᠦᠭᠦ ᠤᠯᠤᠰ᠎ᠤᠨ ᠬᠥᠳᠡᠭᠡ ᠲᠣᠰᠬᠣᠨ᠎ᠤ ᠵᠢᠭᠤᠯᠴᠢᠯᠠᠯ᠎ᠤᠨ ᠭᠣᠣᠯᠳᠠᠯᠭ᠎ᠠ᠎ᠲᠠᠢ ᠲᠣᠰᠬᠣᠨ ᠵᠡᠷᠭᠡ ᠤᠯᠤᠰ᠎ᠤᠨ ᠳᠡᠰ᠎ᠤᠨ ᠲᠦᠷᠦᠯ ᠲᠡᠮᠳᠡᠭ᠎ᠢ 20᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠦᠷᠦᠯ ᠲᠡᠮᠳᠡᠭ᠎ᠢ 95 ᠵᠢ ᠭᠦᠷᠳᠡᠪᠡ᠃ ᠲᠦᠷᠦᠭᠦᠬᠡᠨ ᠬᠥᠯᠥᠨ ᠪᠤᠢ᠌ᠷ᠎ᠤᠨ ᠲᠠᠯ᠎ᠠ ᠨᠤᠲᠤᠭ ᠮᠡᠷᠭᠡᠯ ᠭᠣᠣᠯ᠎ᠤᠨ ᠦᠵᠡᠮᠵᠢ ᠵᠢᠨ ᠣᠷᠣᠨ ᠤᠯᠤᠰ᠎ᠤᠨ 5A ᠲᠠᠰ᠎ᠤᠨ ᠦᠵᠡᠮᠵᠢ ᠵᠢᠨ ᠣᠷᠣᠨ ᠪᠣᠯᠵᠤ᠂ ᠬᠥᠯᠥᠨ ᠪᠤᠢ᠌ᠷ ᠬᠣᠲᠠ 5A ᠲᠠᠰ᠎ᠤᠨ ᠦᠵᠡᠮᠵᠢ ᠵᠢᠨ ᠣᠷᠣᠨ᠎ᠤ ᠪᠠᠢ᠌ᠭᠤᠯᠤᠯᠲᠠ᠎ᠳᠤ ᠪᠠᠰᠠ ᠨᠢᠭᠡᠨ ᠰᠢᠪᠲᠤᠯᠤᠯᠲᠠ ᠵᠢ ᠪᠡᠶᠡᠯᠡᠭᠦᠯᠪᠡ᠃ ᠬᠥᠯᠥᠨ ᠪᠤᠢ᠌ᠷ᠎ᠤᠨ ᠡᠷᠲᠡᠨ᠎ᠤ ᠬᠣᠲᠠ ᠵᠠᠯᠭ᠋ᠠᠭ᠎ᠠ᠎ᠪᠠᠷ ᠤᠯᠤᠰ᠎ᠤᠨ ᠲᠠᠰ᠎ᠤᠨ ᠰᠥᠨᠢ ᠵᠢᠨ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡ ᠲᠥᠪᠯᠡᠷᠡᠭᠰᠡᠨ ᠣᠷᠣᠨ ᠪᠠ ᠤᠯᠤᠰ᠎ᠤᠨ ᠲᠠᠰ᠎ᠤᠨ ᠵᠢᠭᠤᠯᠴᠢᠯᠠᠯ ᠰᠡᠯᠡᠭᠦᠴᠡᠯ᠎ᠤᠨ ᠵᠡᠭᠡᠯᠢ ᠲᠣᠭᠣᠷᠢᠭ ᠵᠶ᠋ᠠᠷ ᠦᠨᠡᠯᠡᠭᠳᠡᠵᠦ᠂ ᠵᠠᠯᠠᠨ ᠠᠢ᠌ᠯ ᠬᠣᠲᠠ᠂ ᠶᠠᠭᠰᠢ ᠬᠣᠲᠠ ᠤᠯᠤᠰ᠎ᠤᠨ ᠲᠠᠰ᠎ᠤᠨ ᠴᠠᠨᠠᠯᠠᠵᠦ ᠵᠢᠭᠤᠯᠴᠢᠯᠠᠬᠤ ᠠᠮᠠᠷᠠᠯᠲᠠ ᠵᠢᠨ ᠭᠠᠵᠠᠷ ᠵᠶ᠋ᠠᠷ ᠦᠨᠡᠯᠡᠭᠳᠡᠵᠦ᠂ ᠠᠷᠤᠨ ᠬᠣᠰᠢᠭᠤᠨ᠎ᠤ ᠰᠢᠨ ᠹᠠ ᠰᠣᠯᠣᠩᠭᠣᠰ ᠦᠨᠳᠦᠰᠦᠲᠡᠨ᠎ᠤ ᠰᠢᠶᠠᠩ᠎ᠤᠨ ᠳ᠋ᠦᠩ ᠭᠤᠸᠠᠩ ᠲᠣᠰᠬᠣᠨ ᠵᠡᠷᠭᠡ ᠪᠦᠭᠦ ᠤᠯᠤᠰ᠎ᠤᠨ ᠬᠥᠳᠡᠭᠡ ᠲᠣᠰᠬᠣᠨ᠎ᠤ ᠵᠢᠭᠤᠯᠴᠢᠯᠠᠯ᠎ᠤᠨ ᠭᠣᠣᠯᠳᠠᠯᠭ᠎ᠠ᠎ᠲᠠᠢ ᠲᠣᠰᠬᠣᠨ 5 ᠪᠣᠯᠵᠤ᠂ ᠪᠦᠭᠦ ᠣᠷᠣᠨ᠎ᠳᠤ ᠲᠡᠷᠢᠭᠦᠯᠡᠪᠡ; ᠲᠣᠭ᠋ᠠᠴᠢᠯᠠᠭᠰᠠᠨ ᠰᠣᠶᠣᠯ ᠵᠢᠭᠤᠯᠴᠢᠯᠠᠯ᠎ᠤᠨ ᠲᠣᠮᠣ ᠳ᠋ᠠᠢ᠌ᠲ᠋ᠠ ᠵᠢᠨ ᠲᠠᠪᠴᠠᠩ᠎ᠨᠢ 2023 ᠣᠨ᠎ᠤ ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠯ᠎ᠤᠨ ᠤᠬᠠᠭᠤᠯᠤᠨ ᠳᠡᠯᠭᠡᠷᠡᠭᠦᠯᠦᠭᠰᠡᠨ ᠰᠢᠯᠢᠳᠡᠭ ᠵᠢᠱ᠌ᠢᠶ᠎ᠡ᠎ᠪᠠᠷ ᠰᠣᠩᠭᠣᠭᠳᠠᠵᠤ᠂ 《ᠲᠤᠢ᠌ᠯ᠎ᠤᠨ ᠲᠠᠯ᠎ᠠ ᠨᠤᠲᠤᠭ᠎ᠤᠨ ᠲᠠᠩᠰᠤᠭ ᠰᠠᠢ᠌ᠬᠠᠨ ᠪᠣᠳᠠᠰ᠎ᠤᠨ ᠪᠤᠰᠤ ᠰᠣᠶᠣᠯ᠎ᠤᠨ ᠥᠪ》᠎ᠤᠨ ᠵᠢᠭᠤᠯᠴᠢᠯᠠᠯ ᠵᠡᠷᠭᠡ 6 ᠵᠤᠷᠪᠤᠰ ᠵᠢᠭᠤᠯᠴᠢᠯᠠᠯ᠎ᠤᠨ ᠵᠠᠮ ᠱᠤᠭᠤᠮ᠎ᠨᠢ ᠰᠣᠶᠣᠯ ᠪᠠ ᠵᠢᠭᠤᠯᠴᠢᠯᠠᠯ᠎ᠤᠨ ᠶᠠᠮᠤᠨ᠂ ᠳᠤᠮᠳᠠᠳᠤ ᠤᠯᠤᠰ᠎ᠤᠨ ᠵᠢᠭᠤᠯᠴᠢᠯᠠᠯ᠎ᠤᠨ ᠲᠡᠷᠭᠡ ᠣᠩᠭᠣᠴᠠ ᠵᠢᠨ ᠨᠡᠢ᠌ᠭᠡᠮᠯᠢᠭ ᠵᠡᠷᠭᠡ᠎ᠠᠴᠠ ᠡᠷᠭᠢᠯᠡᠭᠰᠡᠨ ᠳᠤᠮᠳᠠᠳᠤ ᠤᠯᠤᠰ᠎ᠤᠨ ᠵᠢᠭᠤᠯᠴᠢᠯᠠᠯ᠎ᠤᠨ ᠠᠳᠠᠯᠢᠳᠬᠠᠨ ᠰᠢᠯᠭ᠋ᠠᠷᠠᠭᠤᠯᠬᠤ ᠡᠯ᠎ᠡ ᠲᠥᠷᠥᠯ᠎ᠤᠨ ᠵᠢᠭᠤᠯᠴᠢᠯᠠᠯ᠎ᠤᠨ ᠵᠠᠮ ᠱᠤᠭᠤᠮ᠎ᠳᠤ ᠣᠯᠠᠨᠲᠠ  ᠰᠣᠩᠭᠣᠬᠳᠠᠪᠠ; ᠭᠡᠭᠡᠨ ᠭᠣᠣᠯ ᠬᠣᠲᠠ᠂ ᠡᠸᠡᠩᠬᠢ ᠦᠨᠳᠦᠰᠦᠲᠡᠨ᠎ᠤ ᠥᠪᠡᠷᠲᠡᠭᠡᠨ ᠵᠠᠰᠠᠬᠤ ᠬᠣᠰᠢᠭᠤ᠂ ᠰᠢᠨ᠎ᠡ ᠪᠠᠷᠭᠤ ᠪᠠᠷᠠᠭᠤᠨ ᠬᠣᠰᠢᠭᠤ ᠪᠦᠭᠦ ᠤᠯᠤᠰ᠎ᠤᠨ ᠳᠥᠷᠪᠡᠨ ᠤᠯᠠᠷᠢᠯ᠎ᠤᠨ 《ᠲᠣᠰᠬᠣᠨ᠎ᠤ ᠦᠳᠡᠰᠢᠯᠡᠭᠡ》 ᠵᠢᠨ ᠵᠢᠱ᠌ᠢᠶ᠎ᠡ ᠦᠵᠡᠭᠦᠯᠭᠦ ᠴᠡᠭ ᠵᠶ᠋ᠡᠷ ᠰᠣᠩᠭᠣᠭᠳᠠᠵᠤ᠂ ᠥᠪᠥᠷ ᠮᠣᠩᠭᠣᠯ᠎ᠤᠨ ᠶᠡᠬᠡ ᠬᠢᠩᠭ᠋ᠠᠨ ᠳᠠᠪᠠᠭ᠎ᠠ ᠵᠢᠨ ᠬᠤᠪᠢ ᠵᠢᠨ ᠮᠠᠰᠢᠨ ᠲᠡᠷᠭᠡ᠎ᠪᠠᠨ ᠪᠠᠷᠢᠵᠤ ᠵᠢᠭᠤᠯᠴᠢᠯᠠᠬᠤ ᠪᠠᠭᠤᠴᠠ ᠵᠢᠨ ᠬᠤᠸᠠᠷᠠᠨ᠎ᠨᠢ 4C ᠳᠡᠰ ᠪᠣᠯᠵᠤ ᠲᠡᠪᠰᠢᠪᠡ᠃

ᠢᠷᠡᠯᠲᠡ᠄ ᠳᠤᠮᠳᠠᠲᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ