ᠪᠦᠷᠢᠶ᠎ᠡ ᠮᠠᠩᠬ᠎ᠠ ᠵᠢᠨ ᠦᠵᠡᠮᠵᠢ ᠵᠢᠨ ᠣᠷᠣᠨ᠎ᠨᠢ ᠮᠠᠯᠠᠢ᠌ᠰᠢᠶ᠎ᠠ᠎ᠳᠤ ᠳᠤᠮᠳᠠᠳᠤ ᠤᠯᠤᠰ᠎ᠤᠨ ᠵᠢᠭᠤᠯᠴᠢᠯᠠᠯ᠎ᠢ ᠳᠡᠯᠭᠡᠷᠡᠭᠦᠯᠬᠦ ᠲᠡᠷᠢᠭᠦᠨ ᠰᠣᠩᠭᠣᠯᠲᠠ ᠪᠣᠯᠪᠠ
ᠨᠡᠶ᠋ᠢᠲᠡᠯᠡᠭᠰᠡᠨ ᠴᠠᠭ᠄ 2024-07-31
ᠣᠢ᠌ᠷ᠎ᠠ᠎ᠳᠤ᠂ ᠮᠠᠯᠠᠢ᠌ᠰᠢᠶ᠎ᠠ ᠵᠢᠨ ᠬᠠᠮᠢᠶ᠎ᠠ ᠪᠦᠬᠦᠢ ᠵᠢᠭᠤᠯᠴᠢᠯᠠᠯ᠎ᠤᠨ ᠬᠣᠷᠢᠶ᠎ᠠ᠂ ᠰᠣᠨᠢᠨ ᠮᠡᠳᠡᠭᠡᠨ᠎ᠤ ᠵᠠᠭᠤᠴᠢᠯᠠᠭᠤᠷ᠂ ᠠᠭ᠋ᠠᠷ᠎ᠤᠨ ᠠᠶᠠᠯᠠᠯ᠎ᠤᠨ ᠺᠤᠮᠫᠠᠨᠢ ᠵᠡᠷᠭᠡ ᠲᠥᠯᠥᠭᠡᠯᠡᠭᠴᠢ᠎ᠪᠠᠷ ᠪᠦᠷᠢᠯᠳᠦᠭᠰᠡᠨ ᠵᠢᠭᠤᠯᠴᠢᠯᠠᠯ᠎ᠤᠨ ᠰᠢᠨᠵᠢᠯᠡᠨ ᠪᠠᠢ᠌ᠴᠠᠭ᠋ᠠᠬᠤ ᠪᠦᠯᠬᠦᠮ ᠣᠷᠳᠣᠰ ᠬᠤᠲᠠ ᠵᠢᠨ ᠳᠠᠯᠠᠳ ᠬᠣᠰᠢᠭᠤᠨ᠎ᠳᠤ ᠬᠦᠷᠴᠦ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠢ ᠰᠢᠨᠵᠢᠯᠡᠨ ᠪᠠᠢ᠌ᠴᠠᠭ᠋ᠠᠵᠤ᠂ ᠳᠤᠮᠳᠠᠳᠤ ᠮᠠᠯᠠᠢ᠌ᠰᠢᠶ᠎ᠠ ᠬᠣᠶᠠᠷ ᠤᠯᠤᠰ᠎ᠤᠨ ᠭᠠᠳᠠᠭ᠋ᠠᠳᠤ ᠬᠠᠷᠢᠯᠴᠠᠭ᠎ᠠ ᠪᠠᠢ᠌ᠭᠤᠯᠤᠭᠳᠠᠭᠰᠠᠨ 50 ᠵᠢᠯ᠎ᠤᠨ ᠣᠢ᠎ᠳᠤ ᠵᠣᠷᠢᠭᠤᠯᠤᠨ ᠵᠢᠭᠤᠯᠴᠢᠯᠠᠯ᠎ᠤᠨ ᠲᠥᠷᠥᠯ ᠵᠦᠢ᠍ᠯ ᠵᠶ᠋ᠠᠨ ᠬᠠᠷᠢᠯᠴᠠᠨ ᠲᠠᠨᠢᠯᠴᠠᠭᠤᠯᠬᠤ᠎ᠳᠤ ᠪᠡᠯᠡᠳᠬᠡᠯ ᠬᠢᠪᠡ᠃
ᠮᠠᠯᠠᠢ᠌ᠰᠢᠶ᠎ᠠ ᠵᠢᠨ ᠵᠢᠭᠤᠯᠴᠢᠯᠠᠯ᠎ᠤᠨ ᠪᠦᠯᠬᠦᠮ ᠢᠯᠡᠷᠬᠡᠢ᠌ᠯᠡᠬᠦ᠎ᠳᠡᠭᠡᠨ᠂ ᠪᠦᠷᠢᠶ᠎ᠡ ᠮᠠᠩᠬ᠎ᠠ ᠵᠢᠨ ᠦᠵᠡᠮᠵᠢ ᠵᠢᠨ ᠣᠷᠣᠨ ᠪᠣᠯ ᠮᠠᠯᠠᠢ᠌ᠰᠢᠶ᠎ᠠ᠎ᠳᠤ ᠳᠤᠮᠳᠠᠳᠤ ᠤᠯᠤᠰ᠎ᠤᠨ ᠵᠢᠭᠤᠯᠴᠢᠯᠠᠯ᠎ᠢ ᠳᠡᠯᠭᠡᠷᠡᠭᠦᠯᠬᠦ ᠲᠡᠷᠢᠭᠦᠨ ᠰᠣᠩᠭᠣᠯᠲᠠ ᠵᠢᠨ ᠭᠠᠵᠠᠷ᠎ᠤᠨ ᠨᠢᠭᠡ ᠪᠣᠯᠣᠨ᠎ᠠ᠃ ᠬᠣᠢ᠌ᠰᠢᠳᠠ᠂ ᠬᠣᠶᠠᠷ ᠲᠠᠯ᠎ᠠ᠎ᠪᠠᠷ ᠵᠶ᠋ᠠᠨ ᠰᠣᠯᠢᠯᠴᠠᠭ᠎ᠠ ᠬᠠᠮᠲᠤᠷᠠᠯᠴᠠᠭ᠎ᠠ᠎ᠪᠠᠨ ᠤᠯᠠᠮ ᠴᠢᠩᠭ᠋ᠠᠳᠬᠠᠵᠤ᠂ ᠵᠢᠭᠤᠯᠴᠢᠯᠠᠯ᠎ᠤᠨ ᠡᠬᠢ ᠰᠤᠷᠪᠤᠯᠵᠢ᠎ᠪᠠᠨ ᠬᠠᠷᠢᠯᠴᠠᠨ ᠲᠠᠨᠢᠯᠴᠠᠭᠤᠯᠵᠤ᠂ ᠬᠣᠶᠠᠷ ᠭᠠᠵᠠᠷ᠎ᠤᠨ ᠰᠣᠶᠣᠯ ᠵᠢᠭᠤᠯᠴᠢᠯᠠᠯ ᠤᠨ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠤᠨ᠎ᠠ ᠭᠡᠵᠡᠢ᠃



ᠢᠷᠡᠯᠲᠡ᠄ ᠣᠷᠳᠣᠰ ᠬᠤᠲᠠ ᠵᠢᠨ ᠬᠠᠮ ᠵᠠᠭᠤᠴᠢᠯᠠᠭᠤᠷ᠎ᠤᠨ ᠲᠥᠪ