ᠪᠠᠶᠠᠯᠢᠭ ᠨᠠᠭᠤᠷᠲᠣ ᠨᠣᠲᠤᠭ   -   ᠠᠶᠠᠯᠠᠯ ᠵᠢᠭᠤᠯᠴᠢᠯᠠᠯ

ᠦᠪᠦᠷ ᠮᠣᠩᠭᠤᠯ᠎ᠤᠨ ᠴᠡᠷᠢᠭ᠎ᠤᠨ ᠬᠤᠷᠢᠶ᠎ᠠ ᠵᠢᠨ ᠮᠦᠽᠧᠢ

ᠨᠡᠶ᠋ᠢᠲᠡᠯᠡᠭᠰᠡᠨ ᠴᠠᠭ᠄   2025-10-23

ᠪᠢᠩᠲ᠋ᠤᠸᠠᠨ᠎ᠤ ᠬᠤᠪᠢᠰᠬᠠᠯ᠎ᠤᠨ ᠰᠤᠶᠤᠯ ᠵᠤᠭ᠋ᠠᠴᠠᠯ᠎ᠤᠨ ᠦᠵᠡᠮᠵᠢ ᠵᠢᠨ ᠤᠷᠤᠨ ᠳ᠋ᠧᠩᠺᠸᠤ ᠰᠢᠶᠠᠨ᠎ᠤ ᠤᠯᠠᠭ᠋ᠠᠨᠪᠤᠬ᠎ᠠ ᠵᠢᠨ ᠲᠠᠷᠢᠶᠠᠯᠠᠩ᠎ᠤᠨ ᠲᠠᠯᠠᠪᠠᠢ ᠵᠢᠨ ᠬᠡᠰᠡᠭ᠎ᠲᠤ ᠪᠠᠶ᠋ᠢᠷᠢᠯᠠᠵᠤ᠂ ᠤᠤᠯ᠎ᠨᠢ 1969 ᠤᠨ᠎ᠤ ᠡᠬᠢᠨ᠎ᠳᠤ ᠪᠠᠶ᠋ᠢᠭᠤᠯᠤᠭᠳᠠᠭᠰᠠᠨ ᠪᠡᠭᠡᠵᠢᠩ᠎ᠤᠨ ᠴᠡᠷᠢᠭ᠎ᠤᠨ ᠲᠤᠭᠤᠷᠢᠭ᠎ᠤᠨ ᠦᠪᠦᠷ ᠮᠤᠩᠭᠤᠯ᠎ᠤᠨ ᠦᠢ᠍ᠯᠡᠳᠪᠦᠷᠢᠯᠡᠯ ᠪᠦᠳᠦᠭᠡᠨ ᠪᠠᠶ᠋ᠢᠭᠤᠯᠤᠯᠲᠠ ᠵᠢᠨ ᠪᠢᠩᠲ᠋ᠤᠸᠠᠨ᠎ᠤ ᠨᠢᠭᠡᠳᠦᠭᠡᠷ ᠳ᠋ᠢᠸᠢᠽᠢ ᠨᠢᠭᠡᠳᠦᠭᠡᠷ ᠬᠤᠷᠢᠶ᠎ᠠ ᠪᠠᠶ᠋ᠢᠵᠤ᠂ ᠲᠤᠬᠠᠢ ᠵᠢᠨ ᠵᠢᠯ᠎ᠳᠤ ᠮᠠᠤ ᠵᠦᠰᠢ ᠵᠢᠨ 《ᠦᠷᠭᠡᠨ ᠠᠭᠤᠳᠠᠮ ᠤᠷᠤᠨ ᠵᠠᠢ᠂ ᠶᠡᠭᠡ ᠦᠢ᠍ᠯᠡᠰ᠎ᠢ ᠪᠦᠲᠦᠭᠡᠶ᠎ᠡ》 ᠭᠡᠬᠦ ᠤᠷᠢᠶᠠᠯᠠᠭ᠎ᠠ᠎ᠪᠠᠷ ᠪᠡᠭᠡᠵᠢᠩ᠂ ᠱᠠᠩᠬᠠᠢ᠂ ᠲᠢᠶᠠᠨᠵᠢᠨ᠂ ᠵᠧᠵᠢᠶᠠᠩ᠂ ᠾᠧᠪᠸᠢ᠂ ᠱᠠᠨᠳᠦ᠋ᠩ᠂ ᠦᠪᠦᠷ ᠮᠤᠩᠭᠤᠯ ᠵᠡᠷᠭᠡ ᠭᠠᠵᠠᠷ ᠤᠷᠤᠨ᠎ᠤ ᠮᠠᠰᠢ ᠤᠯᠠᠨ ᠰᠡᠭᠡᠭᠡᠳᠡᠨ ᠵᠠᠯᠠᠭᠤᠴᠤᠳ ᠤᠷᠬᠢᠯᠤᠮ᠎ᠠ ᠬᠠᠯᠠᠭᠤᠨ ᠰᠡᠳᠬᠢᠯᠭᠡ ᠪᠠ ᠬᠦᠰᠡᠯ ᠡᠷᠡᠮᠡᠯᠵᠡᠯ ᠵᠶ᠋ᠠᠨ ᠡᠪᠦᠷᠯᠡᠨ ᠡᠨᠡ ᠬᠦ᠌ ᠭᠠᠵᠠᠷ ᠰᠢᠷᠤᠢ᠎ᠳᠤ ᠬᠦᠷᠴᠤ᠂ ᠬᠦᠮᠦᠨ᠎ᠤ ᠲᠤᠭ᠎ᠠ ᠬᠠᠮᠤᠭ ᠤᠯᠠᠨ᠎ᠳᠠᠭᠠᠨ 17.4 ᠲᠦᠮᠡ᠎ᠳᠤ ᠬᠦᠷᠴᠡᠢ᠃

ᠦᠵᠡᠮᠵᠢ ᠵᠢᠨ ᠣᠷᠣᠨ ᠪᠣᠯ ᠪᠦᠬᠦ ᠤᠯᠤᠰ᠎ᠤᠨ ᠴᠣᠷ᠎ᠤᠨ ᠭᠠᠭᠴᠠ ᠤᠤᠯ᠎ᠤᠨ ᠪᠠᠷᠢᠯᠭ᠎ᠠ᠎ᠪᠠᠨ ᠠᠰᠢᠭᠯᠠᠨ ᠪᠠᠶ᠋ᠢᠭᠤᠯᠤᠭᠰᠠᠨ ᠪᠢᠩᠲ᠋ᠤᠸᠠᠨ᠎ᠤ ᠰᠣᠶᠣᠯ ᠵᠢᠭᠤᠯᠴᠢᠯᠠᠯ᠎ᠤᠨ ᠦᠵᠡᠮᠵᠢᠲᠦ ᠣᠷᠣᠨ ᠪᠣᠯᠬᠤ ᠪᠥᠭᠡᠳ ᠮᠥᠨ ᠴᠦ᠍ ᠥᠪᠥᠷ ᠮᠣᠩᠭᠤᠯ᠎ᠤᠨ ᠪᠢᠩᠲ᠋ᠤᠸᠠᠨ᠎ᠤ ᠰᠣᠶᠣᠯ᠎ᠢ ᠳᠡᠯᠭᠡᠨ ᠦᠵᠡᠭᠦᠯᠬᠦ᠎ᠪᠠᠷ ᠭᠤᠣᠯ ᠪᠣᠯᠭ᠋ᠠᠭᠰᠠᠨ ᠠᠩᠬᠠᠳᠠᠭᠴᠢ ᠪᠢᠩᠲ᠋ᠤᠸᠠᠨ᠎ᠤ ᠰᠣᠶᠣᠯ᠎ᠤᠨ ᠦᠵᠡᠮᠵᠢ ᠵᠢᠨ ᠣᠷᠣᠨ ᠪᠣᠯᠣᠨ᠎ᠠ᠃ ᠬᠠᠮᠤᠭ ᠠᠩᠬᠠᠨ᠎ᠤ ᠤᠯᠠᠭ᠋ᠠᠨᠪᠤᠬ᠎ᠠ ᠵᠢᠨ ᠲᠠᠷᠢᠶᠠᠯᠠᠩ᠎ᠤᠨ ᠲᠠᠯᠠᠪᠠᠢ ᠵᠢᠨ ᠤᠯᠠᠨ ᠵᠢᠯ᠎ᠤᠨ ᠤᠯᠠᠨ ᠲᠠᠯ᠎ᠠ᠎ᠠᠴᠠ ᠬᠤᠷᠢᠶᠠᠨ ᠬᠠᠳᠠᠭ᠋ᠠᠯᠠᠭᠰᠠᠨ ᠰᠠᠭᠤᠷᠢᠨ ᠳᠡᠭᠡᠷ᠎ᠡ᠂ ᠰᠡᠭᠦᠯ᠎ᠤᠨ 2015 ᠣᠨ᠎ᠳᠤ᠂ ᠳ᠋ᠧᠩᠺᠸᠤ ᠰᠢᠶᠠᠨ᠎ᠤ ᠵᠠᠰᠠᠭ᠎ᠤᠨ ᠣᠷᠳᠣᠨ ᠵᠶ᠋ᠠᠷ ᠭᠤᠣᠯᠯᠠᠭᠤᠯᠤᠨ ᠪᠦᠬᠦᠯᠢ ᠴᠣᠭᠴᠠ᠎ᠪᠠᠷ᠎ᠨᠢ ᠰᠡᠷᠭᠦᠭᠡᠨ ᠪᠠᠶ᠋ᠢᠭᠤᠯᠵᠤ ᠪᠦᠲᠦᠭᠡᠵᠡᠢ᠃ ᠦᠵᠡᠮᠵᠢ ᠵᠢᠨ ᠣᠷᠣᠨ᠎ᠳᠤ ᠭᠤᠷᠪᠠᠨ ᠳᠠᠪᠬᠤᠷᠭ᠎ᠠ ᠪᠠᠷᠢᠯᠭ᠎ᠠ ᠵᠢᠨ ᠥᠪᠥᠷ ᠮᠣᠩᠭᠤᠯ᠎ᠤᠨ ᠴᠡᠷᠢᠭ᠎ᠤᠨ ᠬᠤᠷᠢᠶᠠᠨ᠎ᠤ ᠮᠦᠽᠧᠶ᠂ ᠴᠡᠷᠢᠭ᠎ᠤᠨ ᠬᠤᠷᠢᠶᠠᠨ᠎ᠤ ᠪᠠᠶ᠋ᠢᠯᠳᠤᠭᠴᠢᠳ᠎ᠤᠨ ᠰᠡᠶ᠋ᠢᠯᠦᠮᠡᠯ᠂ ᠴᠢᠯᠠᠭᠤᠨ ᠬᠥᠪᠦᠮᠡᠯ ᠰᠡᠶ᠋ᠢᠯᠦᠮᠡᠯ᠂ ᠴᠡᠷᠢᠭ᠎ᠤᠨ ᠶᠡᠭᠡ ᠶᠣᠰᠣᠯᠠᠯ᠎ᠤᠨ ᠲᠠᠩᠬᠢᠮ ᠵᠢᠴᠢ ᠡᠷᠬᠢᠨ ᠲᠣᠭᠤᠷᠢᠨ᠎ᠤ ᠪᠠᠷᠢᠯᠭ᠎ᠠ ᠵᠢᠨ ᠬᠡᠳᠦᠨ ᠬᠡᠰᠡᠭ ᠵᠶ᠋ᠠᠷ ᠪᠦᠷᠢᠯᠳᠦᠵᠡᠶ᠃ ᠮᠦᠽᠧᠶ᠎ᠨᠢ ᠣᠷᠣᠰᠢᠯ᠎ᠤᠨ ᠲᠢᠩᠬᠢᠮ᠂ ᠦᠨᠳᠦᠰᠦᠨ ᠳᠡᠯᠭᠡᠨ ᠦᠵᠡᠭᠦᠯᠬᠦ ᠲᠢᠩᠬᠢᠮ ᠭᠡᠬᠦ ᠬᠤᠶᠠᠷ ᠶᠡᠭᠡ ᠬᠡᠰᠡᠭ ᠵᠶ᠋ᠠᠷ ᠪᠦᠷᠢᠯᠳᠦᠵᠦ᠂ ᠪᠢᠴᠢᠭ ᠮᠠᠲ᠋ᠧᠷᠢᠶᠠᠯ ᠵᠠᠬᠢᠳᠠᠯ ᠵᠠᠬᠢᠳᠠᠯ᠎ᠤᠨ ᠮᠠᠲ᠋ᠧᠷᠢᠶᠠᠯ᠂ ᠳᠤᠷᠠᠰᠬᠠᠯ᠎ᠤᠨ ᠵᠢᠷᠤᠭ ᠪᠢᠴᠢᠭ᠎ᠤᠨ ᠵᠢᠷᠤᠭ ᠳᠦᠷᠰᠦ᠂ ᠦᠢ᠍ᠯᠡᠳᠪᠦᠷᠢᠯᠡᠯ ᠠᠮᠢᠳᠤᠷᠠᠯ᠎ᠤᠨ ᠬᠡᠷᠡᠭᠰᠡᠯ᠂ ᠴᠢᠮᠡᠭᠡ ᠬᠤᠯᠪᠣᠭ᠋ᠠᠨ᠎ᠤ ᠡᠮᠴᠢᠯᠡᠭᠡᠨ᠎ᠤ ᠲᠥᠬᠦᠭᠡᠷᠦᠮᠵᠢ ᠵᠡᠷᠭᠡ 1000 ᠭᠠᠷᠤᠢ ᠳᠡᠯᠭᠡᠨ ᠦᠵᠡᠭᠦᠯᠬᠦ ᠵᠦᠢ᠍ᠯᠡᠰ᠎ᠢ ᠬᠤᠷᠢᠶᠠᠨ ᠬᠠᠳᠠᠭ᠋ᠠᠯᠠᠵᠤ ᠪᠠᠶ᠋ᠢᠨ᠎ᠠ᠃ ᠠᠯᠢ ᠣᠯᠠᠨ ᠳᠡᠯᠭᠡᠨ ᠦᠵᠡᠭᠦᠯᠭᠡ ᠵᠢᠨ ᠡᠳ᠋᠎ᠨᠢ ᠪᠣᠳᠠᠲᠤ ᠪᠤᠳᠠᠰ᠂ ᠭᠡᠷᠡᠯ ᠵᠢᠷᠤᠭ᠂ ᠲᠡᠦᠬᠡᠨ ᠮᠠᠲ᠋ᠧᠷᠢᠶᠠᠯ᠂ ᠦᠰᠦᠭ ᠪᠢᠴᠢᠭ᠎ᠢ ᠤᠶᠠᠯᠳᠠᠭᠤᠯᠤᠨ ᠪᠠᠶ᠋ᠢᠵᠤ᠂ ᠴᠡᠷᠢᠭ ᠠᠩᠭᠢ ᠵᠢᠨ ᠪᠠᠶ᠋ᠢᠯᠳᠤᠭᠴᠢ ᠵᠢᠨ ᠠᠲᠠᠷ ᠬᠠᠭ᠋ᠠᠯᠪᠤᠷᠢᠯᠠᠨ ᠬᠢᠯᠢ ᠬᠢᠵᠠᠭ᠋ᠠᠷ᠎ᠢ ᠰᠠᠬᠢᠨ ᠬᠠᠮᠠᠭ᠋ᠠᠯᠠᠵᠤ᠂ ᠠᠲᠠᠷ ᠬᠠᠭ᠋ᠠᠯᠪᠤᠷᠢᠯᠠᠨ᠂ ᠬᠢᠯᠢ ᠬᠢᠵᠠᠭ᠋ᠠᠷ᠎ᠢ ᠰᠠᠬᠢᠨ ᠬᠠᠮᠠᠭ᠋ᠠᠯᠠᠵᠤ᠂ ᠵᠠᠯᠠᠭᠤ ᠨᠠᠰᠤᠨ᠎ᠤ ᠲᠥᠯᠥᠭᠡ ᠴᠢᠷᠮᠠᠶ᠋ᠢᠨ᠂ ᠰᠢᠨᠲᠠᠷᠠᠰᠢ ᠦᠭᠡᠶ ᠵᠣᠷᠢᠭ ᠰᠠᠨᠠᠭ᠎ᠠ ᠵᠢ ᠢᠯᠡᠷᠡᠭᠦᠯᠵᠡᠶ᠃ ᠣᠲᠣ ᠪᠥᠬᠦ ᠤᠯᠤᠰ᠎ᠤᠨ ᠬᠤᠶ᠋ᠢᠴᠢ ᠦᠶ᠎ᠡ᠎ᠪᠠᠨ ᠬᠠᠯᠠᠮᠵᠢᠯᠠᠬᠤ ᠨᠠᠮ᠎ᠤᠨ ᠲᠡᠤᠬᠡ ᠤᠯᠤᠰ᠎ᠤᠨ ᠲᠡᠤᠬᠡ ᠵᠢᠨ ᠬᠥᠮᠦᠵᠢᠯ᠎ᠤᠨ ᠰᠠᠭᠤᠷᠢᠨ ᠭᠠᠵᠠᠷ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠨᠢᠭᠡᠴᠢ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠤᠯᠤᠰ ᠵᠶ᠋ᠠᠨ ᠬᠠᠶ᠋ᠢᠷᠠᠯᠠᠬᠤ ᠦᠵᠡᠯ᠎ᠤᠨ ᠬᠥᠮᠦᠵᠢᠯ᠎ᠤᠨ ᠰᠠᠭᠤᠷᠢᠨ ᠭᠠᠵᠠᠷ ᠪᠣᠯᠤᠨ᠎ᠠ᠃

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ