ᠪᠠᠶᠠᠯᠢᠭ ᠨᠠᠭᠤᠷᠲᠣ ᠨᠣᠲᠤᠭ   -   ᠠᠶᠠᠯᠠᠯ ᠵᠢᠭᠤᠯᠴᠢᠯᠠᠯ

ᠬᠠᠲᠤᠨ ᠭᠣᠣᠯ᠎ᠤᠨ ᠰᠠᠨ ᠱᠤᠩ ᠬᠦᠩ ᠦᠵᠡᠮᠵᠢ ᠵᠢᠨ ᠣᠷᠣᠨ ᠊ᠤ᠊ ᠮᠦᠽᠧᠢ

ᠨᠡᠶ᠋ᠢᠲᠡᠯᠡᠭᠰᠡᠨ ᠴᠠᠭ᠄   2025-11-28

ᠬᠠᠲᠤᠨ ᠭᠤᠤᠯ᠎ᠤᠨ ᠰᠠᠨ ᠱᠧᠩ ᠬᠥᠩ ᠦᠵᠡᠮᠵᠢ ᠵᠢᠨ ᠣᠷᠣᠨ᠎ᠤ ᠮᠦᠽᠧᠶ᠎ᠨᠢ ᠳ᠋ᠧᠩᠺᠸᠦ ᠰᠢᠶᠠᠨ᠎ᠤ ᠪᠠᠶᠠᠨᠭᠤᠤᠯ ᠪᠠᠯᠭ᠋ᠠᠰᠤᠨ᠎ᠤ ᠬᠠᠲᠤᠨ ᠭᠤᠤᠯ᠎ᠤᠨ ᠬᠤᠶ᠋ᠢᠲᠤ ᠡᠷᠭᠢ᠎ᠳᠤ ᠪᠠᠶ᠋ᠢᠷᠢᠯᠠᠵᠤ᠂ ᠦᠵᠡᠰᠬᠦᠯᠡᠩ ᠰᠠᠶ᠋ᠢᠬᠠᠨ ᠡᠮᠦᠨᠡᠲᠦ ᠨᠠᠭᠤᠷ᠎ᠤᠨ ᠬᠥᠪᠡᠭᠡᠨ᠎ᠳᠤ ᠪᠠᠶ᠋ᠢᠷᠢᠯᠠᠵᠤ ᠪᠠᠶ᠋ᠢᠳᠠᠭ᠃ ᠮᠦᠽᠧᠢ ᠵᠢᠨ ᠲᠣᠭᠤᠷᠢᠭ᠎ᠤᠨ ᠲᠠᠯᠠᠪᠠᠢ 9765 ᠲᠡᠭᠰᠢ ᠳᠥᠷᠪᠡᠯᠵᠢᠨ ᠮᠧᠲᠷ᠂ ᠪᠠᠷᠢᠯᠭ᠎ᠠ ᠵᠢᠨ ᠲᠠᠯᠠᠪᠠᠢ 1360 ᠲᠡᠭᠰᠢ ᠳᠥᠷᠪᠡᠯᠵᠢᠨ ᠮᠧᠲᠷ᠂ ᠳᠡᠯᠭᠡᠨ ᠦᠵᠡᠭᠦᠯᠬᠦ ᠲᠠᠯᠠᠪᠠᠢ 1000 ᠲᠡᠭᠰᠢ ᠳᠥᠷᠪᠡᠯᠵᠢᠨ ᠮᠧᠲᠷ᠂ 2000 ᠲᠦᠮᠡᠨ ᠲᠥᠭᠦᠷᠢᠭ᠎ᠤᠨ ᠪᠡᠯᠡ ᠣᠷᠣᠭᠤᠯᠵᠤ᠂ ᠪᠠᠶᠠᠨᠨᠠᠭᠤᠷ᠎ᠤᠨ ᠭᠠᠵᠠᠷ ᠰᠢᠨᠵᠢᠯᠡᠭᠡᠨ᠎ᠤ ᠴᠡᠴᠡᠷᠯᠢᠭ᠎ᠤᠨ ᠲᠠᠩ ᠴᠣᠭᠴᠠ ᠵᠢᠨ ᠪᠡᠯᠡ ᠣᠷᠣᠭᠤᠯᠤᠯᠲᠠ ᠵᠢᠨ ᠬᠠᠮᠤᠭ᠎ᠤᠨ ᠶᠡᠭᠡ ᠢᠨᠵᠧᠨᠧᠷᠢᠩ ᠪᠣᠯᠤᠨ᠎ᠠ᠂ ᠳ᠋ᠧᠩᠺᠸᠤ ᠰᠢᠶᠠᠨ᠎ᠤ ᠴᠣᠷ᠎ᠤᠨ ᠭᠠᠭᠴᠠ ᠭᠠᠵᠠᠷ ᠰᠢᠨᠵᠢᠯᠡᠭᠡᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠭᠠᠵᠠᠷ ᠰᠢᠨᠵᠢᠯᠡᠭᠡᠨ᠎ᠤ ᠬᠡᠪ ᠳᠠᠭᠤᠷᠢᠶᠠᠯ ᠪᠣᠯᠬᠤ ᠪᠠ ᠳᠡᠯᠭᠡᠨ ᠦᠵᠡᠭᠦᠯᠬᠦ᠂ ᠭᠠᠵᠠᠷ ᠰᠢᠨᠵᠢᠯᠡᠭᠡᠨ᠎ᠤ ᠮᠡᠳᠡᠯᠭᠡ ᠵᠢ ᠤᠬᠠᠭᠤᠯᠬᠤ ᠪᠠ ᠲᠦᠭᠡᠮᠡᠯᠵᠢᠭᠦᠯᠬᠦ ᠶᠡᠷᠦᠩᠬᠡᠶ᠋ᠢᠯᠡᠭᠰᠡᠨ ᠴᠢᠨᠠᠷᠲᠠᠢ ᠭᠠᠵᠠᠷ ᠰᠢᠨᠵᠢᠯᠡᠭᠡᠨ᠎ᠤ ᠮᠦᠽᠧᠢ ᠪᠣᠯᠤᠨ᠎ᠠ᠃ ᠮᠦᠽᠧᠶ ᠦᠰᠦᠭ ᠪᠢᠴᠢᠭ᠂ ᠵᠢᠷᠤᠭ᠂ ᠵᠠᠭᠪᠤᠷ᠂ ᠪᠣᠳᠠᠲᠤ ᠪᠣᠳᠠᠰ᠂ ᠺᠢᠨᠣ᠋ ᠲᠧᠯᠸᠢᠰ ᠵᠢᠴᠢ ᠮᠡᠳᠡᠭᠡ ᠵᠠᠩᠭᠢ ᠵᠢᠨ ᠰᠢᠰᠲ᠋ᠧᠮ ᠵᠡᠷᠭᠡ ᠤᠯᠠᠨ ᠵᠠᠭᠤᠴᠢᠯᠠᠭᠤᠷ᠎ᠤᠨ ᠬᠡᠯᠪᠡᠷᠢ ᠵᠢ ᠠᠰᠢᠭᠯᠠᠨ᠂ ᠦᠵᠡᠮᠵᠢ ᠵᠢᠨ ᠣᠷᠣᠨ᠎ᠤ ᠪᠠᠶ᠋ᠢᠭ᠋ᠠᠯᠢ ᠵᠢᠨ ᠦᠵᠡᠮᠵᠢ᠂ ᠭᠠᠵᠠᠷ ᠰᠢᠨᠵᠢᠯᠡᠭᠡᠨ᠎ᠤ ᠤᠯᠠ ᠮᠥᠷ ᠪᠣᠯᠤᠨ ᠨᠡᠶ᠋ᠢᠭᠡᠮ᠎ᠤᠨ ᠲᠡᠦᠬᠡ ᠰᠣᠶᠣᠯ᠎ᠤᠨ ᠮᠡᠳᠡᠯᠭᠡ ᠵᠢ ᠪᠦᠬᠦ ᠲᠠᠯ᠎ᠠ᠎ᠪᠠᠷ ᠲᠠᠨᠢᠯᠴᠠᠭᠤᠯᠵᠤ᠂ ᠮᠡᠳᠡᠯᠭᠡ ᠵᠢᠨ ᠴᠢᠨᠠᠷᠲᠠᠶ᠂ ᠰᠢᠨᠵᠢᠯᠡᠬᠦ ᠤᠬᠠᠭ᠋ᠠᠨᠴᠢ ᠴᠢᠨᠠᠷ᠂ ᠵᠤᠭ᠎ᠠ ᠴᠡᠩᠭᠡᠯ᠎ᠤᠨ ᠴᠢᠨᠠᠷ᠎ᠢ ᠨᠢᠭᠡ ᠴᠣᠭᠴᠠᠵᠢᠭᠤᠯᠤᠭᠰᠠᠨ ᠵᠢᠭᠤᠯᠴᠢᠯᠠᠯ᠎ᠤᠨ ᠲᠠᠯᠠᠪᠤᠷ ᠪᠣᠯᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠰᠠᠭᠤᠷᠢᠨ ᠭᠠᠵᠠᠷ ᠪᠣᠯᠤᠨ᠎ᠠ᠃

ᠬᠠᠲᠤᠨ ᠭᠤᠤᠯ᠎ᠤᠨ ᠰᠠᠨ ᠱᠧᠩ ᠬᠥᠩ ᠦᠵᠡᠮᠵᠢ ᠵᠢᠨ ᠣᠷᠣᠨ᠎ᠤ ᠮᠦᠽᠧᠶ᠎ᠨᠢ ᠳ᠋ᠧᠩᠺᠸᠤ ᠰᠢᠶᠠᠨ᠎ᠤ ᠬᠢᠯᠢ ᠳᠣᠲᠣᠷᠠᠬᠢ ᠬᠠᠲᠤᠨ ᠭᠤᠤᠯ᠂ ᠡᠯᠡᠰᠦ ᠮᠠᠩᠬ᠎ᠠ᠂ ᠨᠠᠭᠤᠷ ᠴᠥᠭᠦᠷᠥᠮ᠂ ᠠᠭᠤᠯᠠ ᠨᠢᠷᠤᠭᠤ ᠵᠡᠷᠭᠡ ᠭᠠᠵᠠᠷ ᠰᠢᠨᠵᠢᠯᠡᠭᠡᠨ᠎ᠤ ᠣᠨᠴᠠᠯᠢᠭ ᠵᠶ᠋ᠠᠷ ᠭᠤᠤᠯ ᠪᠣᠯᠭ᠋ᠠᠵᠤ᠂ ᠪᠠᠶᠠᠨᠨᠠᠭᠤᠷ᠎ᠤᠨ ᠤᠯᠤᠰ᠎ᠤᠨ ᠭᠠᠵᠠᠷ ᠰᠢᠨᠵᠢᠯᠡᠭᠡᠨ᠎ᠤ ᠴᠡᠴᠡᠷᠯᠢᠭ᠎ᠤᠨ ᠡᠯ᠎ᠡ ᠬᠦᠷᠢᠶᠡᠯᠡᠩ ᠲᠣᠭᠤᠷᠢᠭ᠎ᠤᠨ ᠭᠠᠵᠠᠷ ᠰᠢᠨᠵᠢᠯᠡᠭᠡᠨ᠎ᠤ ᠣᠨᠴᠠᠯᠢᠭ᠎ᠢ ᠨᠥᠯᠥᠭᠡᠯᠡᠨ᠂ ᠬᠠᠲᠤᠨ ᠭᠤᠤᠯ᠎ᠤᠨ ᠪᠥᠬᠦ ᠳᠦᠷᠰᠦ ᠪᠠᠶ᠋ᠢᠳᠠᠯ ᠰᠦᠷ ᠳᠠᠯᠠᠶ᠋ᠢᠴᠠᠲᠠᠶ ᠷᠢᠳᠢ ᠰᠢᠳᠢ ᠵᠢ ᠳᠡᠯᠭᠡᠨ ᠦᠵᠡᠭᠦᠯᠵᠦ᠂ ᠤᠯᠠᠭ᠋ᠠᠨᠪᠤᠬ᠎ᠠ ᠵᠢᠨ ᠡᠯᠡᠰᠦᠨ ᠨᠠᠭᠤᠷ ᠨᠠᠭᠤᠷ᠎ᠤᠨ ᠦᠵᠡᠰᠬᠦᠯᠡᠩᠲᠦ ᠰᠠᠶ᠋ᠢᠬᠠᠨ᠂ ᠪᠠᠶᠠᠨᠮᠠᠨᠳᠤᠬᠤ ᠡᠷᠲᠡᠨ᠎ᠤ ᠠᠮᠢᠳᠤ ᠪᠣᠳᠠᠰ᠎ᠤᠨ ᠨᠢᠭᠤᠴᠠ ᠵᠢ ᠳᠡᠯᠭᠡᠨ ᠦᠵᠡᠭᠦᠯᠵᠦ᠂ ᠪᠠᠶᠠᠨᠨᠠᠭᠤᠷ᠎ᠤᠨ ᠤᠯᠤᠰ᠎ᠤᠨ ᠭᠠᠵᠠᠷ ᠰᠢᠨᠵᠢᠯᠡᠭᠡᠨ᠎ᠤ ᠴᠡᠴᠡᠷᠯᠢᠭ᠎ᠤᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠪᠠᠶ᠋ᠢᠨ᠎ᠠ᠃

ᠦᠵᠡᠭᠦᠯᠦᠯᠭᠡ ᠵᠢᠨ ᠲᠢᠩᠬᠢᠮ᠎ᠳᠤ ᠣᠷᠣᠬᠤ᠎ᠳᠤ ᠡᠩ ᠲᠡᠷᠢᠭᠦᠨ᠎ᠳᠤ ᠳᠠᠷᠠᠭ᠋ᠠᠯᠠᠯ᠎ᠤᠨ ᠲᠢᠩᠬᠢᠮ᠂ ᠶᠡᠷᠦᠩᠬᠡᠶ ᠦᠢ᠍ᠯᠡᠴᠢᠯᠡᠭᠡᠨ᠎ᠤ ᠲᠠᠪᠴᠠᠩ᠂ ᠳᠠᠷᠠᠭ᠎ᠠ᠎ᠨᠢ ᠪᠠᠶᠠᠨᠨᠠᠭᠤᠷ᠎ᠤᠨ ᠤᠯᠤᠰ᠎ᠤᠨ ᠭᠠᠵᠠᠷ ᠰᠢᠨᠵᠢᠯᠡᠭᠡᠨ᠎ᠤ ᠴᠡᠴᠡᠷᠯᠢᠭ᠎ᠤᠨ ᠲᠦᠢ᠍ᠮᠣ ᠪᠠᠶ᠋ᠢᠳᠠᠯ᠂ ᠤᠯᠠᠭ᠋ᠠᠨᠪᠤᠬ᠎ᠠ ᠵᠢᠨ ᠡᠯᠡᠰᠦᠨ ᠨᠠᠭᠤᠷ᠎ᠤᠨ ᠦᠵᠡᠮᠵᠢ᠂ ᠭᠤᠷᠪᠠᠨ ᠱᠧᠩ ᠭᠦᠩ᠎ᠤᠨ ᠦᠵᠡᠮᠵᠢ ᠵᠢᠨ ᠣᠷᠣᠨ᠂ ᠳᠡᠯᠡᠬᠡᠶ ᠵᠢᠨ ᠪᠥᠮᠪᠥᠷᠴᠡᠭ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠮᠡᠳᠡᠯᠭᠡ ᠪᠠ 4D ᠺᠢᠨᠣ᠋ ᠵᠢᠨ ᠣᠷᠳᠣᠨ᠎ᠢ ᠲᠣᠭᠤᠷᠢᠨ ᠦᠵᠡᠵᠦ᠂ ᠦᠵᠡᠭᠴᠢᠳ᠎ᠲᠤ ᠭᠤᠷᠪᠠᠨ ᠱᠧᠩ ᠭᠦᠩ᠎ᠤᠨ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠴᠡ ᠵᠢᠴᠢ ᠭᠠᠵᠠᠷ ᠰᠢᠨᠵᠢᠯᠡᠭᠡᠨ᠎ᠤ ᠣᠨᠴᠠᠯᠢᠭ᠎ᠢ ᠣᠶ᠋ᠢᠯᠠᠭ᠋ᠠᠭᠤᠯᠬᠤ᠎ᠪᠠᠷ ᠪᠠᠷᠠᠬᠤ ᠥᠬᠡᠶ᠂ ᠪᠠᠰᠠ ᠮᠦᠽᠧᠶ ᠵᠢᠨ ᠰᠣᠨᠢᠷᠬᠠᠯᠲᠤ ᠴᠢᠨᠠᠷ ᠪᠠ ᠤᠷᠠᠯᠢᠭ᠎ᠤᠨ ᠴᠢᠨᠠᠷ᠎ᠤᠨ ᠬᠡᠷᠡᠭᠴᠡᠭᠡ ᠵᠢ ᠬᠠᠩᠭ᠋ᠠᠵᠤ ᠳᠡᠶ᠋ᠢᠯᠬᠦ ᠪᠣᠯᠭ᠋ᠠᠪᠠ᠃

ᠬᠠᠲᠤᠨ ᠭᠤᠤᠯ᠎ᠤᠨ ᠰᠠᠨ ᠱᠧᠩ ᠬᠥᠩ ᠦᠵᠡᠮᠵᠢ ᠵᠢᠨ ᠣᠷᠣᠨ᠎ᠤ ᠮᠦᠽᠧᠶ ᠵᠢᠨ ᠨᠡᠭᠡᠭᠡᠯᠲᠡ᠎ᠨᠢ ᠳ᠋ᠧᠩᠺᠸᠤ ᠰᠢᠶᠠᠨ᠎ᠤ ᠰᠣᠶᠣᠯ ᠵᠢᠭᠤᠯᠴᠢᠯᠠᠯ᠎ᠤᠨ ᠨᠡᠷ᠎ᠡ ᠵᠢᠨ ᠬᠠᠭᠤᠳᠠᠰᠤ ᠵᠢ ᠪᠣᠶ ᠪᠣᠯᠭ᠋ᠠᠬᠤ᠎ᠳᠤ ᠰᠢᠨ᠎ᠡ ᠬᠢᠯᠠᠰ ᠴᠡᠭ ᠨᠡᠮᠡᠷᠢᠯᠡᠵᠦ᠂ ᠳ᠋ᠧᠩᠺᠸᠤ ᠰᠢᠶᠠᠨ᠎ᠤ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠰᠤᠷᠭ᠋ᠠᠨ ᠬᠥᠮᠦᠵᠢᠯ᠂ ᠡᠷᠳᠡᠮ ᠰᠢᠨᠵᠢᠯᠡᠭᠡᠨ᠎ᠤ ᠰᠣᠯᠢᠯᠴᠠᠭ᠎ᠠ᠂ ᠵᠤᠭ᠋ᠠᠴᠠᠨ ᠲᠣᠭᠤᠷᠢᠬᠤ ᠵᠢᠴᠢ ᠰᠣᠶᠣᠯ᠎ᠤᠨ ᠠᠮᠢᠳᠤᠷᠠᠯ᠎ᠢ ᠪᠠᠶᠠᠯᠢᠭᠵᠢᠭᠤᠯᠬᠤ ᠰᠢᠨ᠎ᠡ ᠲᠠᠪᠴᠠᠩ ᠪᠣᠯᠵᠣ᠂ 《ᠰᠢᠳᠢᠲᠦ ᠳ᠋ᠧᠩᠺᠸᠤ》 ᠵᠢᠨ ᠳᠦᠷᠢ ᠲᠥᠷᠬᠦ ᠵᠢ ᠳᠡᠯᠭᠡᠨ ᠦᠵᠡᠭᠦᠯᠬᠦ ᠰᠢᠨ᠎ᠡ ᠴᠣᠩᠬᠤ ᠪᠣᠯᠤᠭᠰᠠᠨ ᠪᠠᠶ᠋ᠢᠨ᠎ᠠ᠃

ᠬᠠᠷᠢᠯᠴᠠᠬᠤ ᠤᠲᠠᠰᠤ᠄ 0478 - 4218067

ᠬᠠᠶᠢᠭ᠄ ᠳ᠋ᠧᠩᠺᠧᠦ ᠰᠢᠶᠠᠨ᠎ᠤ ᠪᠠᠶᠠᠨᠭᠤᠣᠯ ᠪᠠᠯᠭ᠋ᠠᠰᠤᠨ᠎ᠤ ᠨᠠᠨ ᠬᠤ᠌ ᠨᠤᠭᠤ ᠭᠠᠵᠠᠷ᠎ᠤᠨ ᠴᠡᠴᠡᠷᠯᠢᠭ

ᠢᠷᠡᠯᠲᠡ᠄ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ