ᠠᠯᠪᠠᠨ ᠮᠠᠳᠡᠭᠡ 2024  -   ᠵᠠᠰᠠᠭ᠎ᠤᠨ ᠤᠷᠳᠥᠨ᠎ᠤ ᠠᠯᠪᠠᠨ ᠮᠠᠳᠡᠭᠡ

ᠥᠪᠥᠷ ᠵᠠᠰᠠᠭ ᠠᠯᠪᠠᠨ ᠲᠠᠷᠬᠠᠭ᠋ᠠᠭᠰᠠᠨ [2023] 10 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠢ ᠬᠦᠴᠦᠨ ᠥᠬᠡᠶ ᠪᠣᠯᠭ᠋ᠠᠬᠤ ᠲᠤᠬᠠᠢ ᠮᠡᠳᠡᠭᠳᠡᠯ

ᠨᠡᠶ᠋ᠢᠲᠡᠯᠡᠭᠰᠡᠨ ᠴᠠᠭ᠄   2024-08-27

ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
       ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠦᠪᠰᠢᠶᠡᠷᠡᠬᠦᠯᠦᠬᠡᠳ᠂ 《〈ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠬᠥᠲᠥᠴᠢ ᠠᠵᠤ ᠠᠬᠤᠶ᠋ᠢᠯᠠᠯ (ᠦᠬᠡᠷ ᠬᠤᠨᠢ ᠢᠮᠠᠭ᠎ᠠ)᠎ᠤᠨ ᠲᠤᠰᠠᠯᠠᠮᠵᠢ ᠵᠢᠨ ᠪᠠᠳᠤᠯᠠᠭ᠋ᠠᠳᠤ ᠵᠢᠭᠡᠯᠡᠯᠭᠡ ᠵᠢ ᠬᠥᠲᠥᠯᠥᠨ ᠵᠢᠯᠣᠭᠤᠳᠬᠤ ᠪᠡᠯᠡ ᠮᠦᠩᠭᠦᠨ᠎ᠤ ᠬᠠᠮᠢᠶᠠᠷᠤᠯᠲᠠ ᠵᠢᠨ ᠬᠡᠷᠡᠭᠵᠢᠭᠦᠯᠬᠦ ᠲᠥᠰᠦᠯ〉᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥ ᠪᠥ᠋ᠷ ᠵᠠᠰᠠᠭ ᠠᠯᠪᠠᠨ ᠲᠠᠷᠬᠠᠭ᠋ᠠᠭᠰᠠᠨ [2023] 10 ᠳ᠋ᠤᠭ᠋ᠠᠷ ᠲᠣᠭ᠋ᠠᠲᠤ)᠎ᠢ ᠬᠦᠴᠦᠨ ᠥᠬᠡᠶ ᠪᠣᠯᠭ᠋ᠠᠬᠤ᠎ᠪᠠᠷ ᠲᠤᠨᠨᠳᠠᠪᠠ᠂ ᠲᠣᠰ ᠮᠡᠳᠡᠭᠳᠡᠯ᠎ᠢ ᠳᠠᠷᠤᠮᠠᠯᠯᠠᠨ ᠶᠠᠪᠤᠭᠤᠯᠤᠬᠰᠠᠨ ᠡᠳᠦᠷ᠎ᠠᠴᠠ ᠡᠬᠢᠯᠡᠨ ᠬᠡᠷᠡᠭᠵᠢᠬᠦᠯᠦᠨ᠎ᠡ᠃ ᠬᠤᠢ᠍ᠢ᠍ᠨᠠᠬᠢ ᠬᠤᠯᠪᠣᠭᠳᠠᠯ ᠪᠦᠬᠦᠢ ᠵᠦᠢ᠍ᠯᠡᠰ᠎ᠢ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠨ᠎ᠡ᠃
   

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ