ᠲᠦᠮᠦᠰᠦᠨ᠎ᠤ ᠠᠵᠦ ᠦᠢ᠍ᠯᠡᠰ᠎ᠤᠨ ᠬᠡᠯᠬᠢᠶᠡᠨ᠎ᠤ ᠭᠦᠭᠵᠢᠯᠲᠡ ᠵᠢ ᠠᠬᠢᠭᠤᠯᠬᠤ ᠵᠢᠷᠭᠤᠭ᠋ᠠᠨ ᠵᠦᠢ᠍ᠯ᠎ᠤᠨ ᠲᠦᠷᠦ ᠵᠢᠨ ᠪᠣᠳᠣᠯᠭ᠎ᠠ ᠠᠷᠭ᠎ᠠ ᠬᠡᠮᠵᠢᠶᠡᠨ᠎ᠤ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2024-08-27
ᠡᠯ᠎ᠡ ᠠᠢ᠍ᠢ᠍ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠦᠪᠡᠷᠳᠡᠬᠡᠨ ᠵᠠᠰᠠᠬᠤ ᠤᠷᠤᠨ᠎ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠤᠪᠴᠢᠶ᠎ᠡ᠂ ᠡᠯ᠎ᠡ ᠲᠣᠮᠣ ᠠᠵᠦ ᠠᠬᠤᠢ᠍ᠢ᠍ᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠦᠪᠡᠷᠳᠡᠬᠡᠨ ᠵᠠᠰᠠᠬᠤ ᠤᠷᠤᠨ᠎ᠤ ᠲᠦᠮᠦᠰᠦᠨ᠎ᠤ ᠠᠵᠦ ᠦᠢ᠍ᠯᠡᠰ᠎ᠤᠨ ᠲᠤᠮᠤ ᠤᠷᠤᠨ᠎ᠠᠴᠠ ᠲᠦᠮᠦᠰᠦᠨ᠎ᠤ ᠠᠵᠦ ᠦᠢ᠍ᠯᠡᠰ᠎ᠤᠨ ᠭᠦᠴᠦᠷᠬᠡᠭ ᠤᠷᠤᠨ ᠲᠡᠢ᠍ᠢ᠍ᠰᠢ ᠲᠠᠪᠰᠢᠬᠤ ᠵᠢ ᠠᠬᠢᠭᠤᠯᠬᠤ ᠵᠢᠨ ᠲᠤᠰᠠᠲᠠ᠂ 《ᠵᠠᠭᠤᠨ ᠳ᠋ᠦᠩᠰᠢᠭᠤᠷ ᠲᠡᠰ᠎ᠤᠨ ᠲᠦᠮᠦᠰᠦᠨ᠎ᠤ ᠠᠵᠦ ᠦᠢ᠍ᠯᠡᠰ᠎ᠤᠨ ᠬᠡᠪᠴᠢᠶ᠎ᠡ ᠵᠢ᠎ᠨᠢ ᠦᠷᠬᠡᠳᠬᠡᠨ ᠴᠢᠨᠠᠷ᠎ᠢ᠎ᠨᠢ ᠲᠡᠬᠡᠭᠰᠢᠯᠡᠬᠦᠯᠬᠦ》 ᠬᠠᠷᠠᠯᠲᠠ᠎ᠳᠤ ᠠᠩᠬᠠᠷᠤᠯ ᠵᠶ᠋ᠠᠨ ᠲᠦᠪᠯᠡᠷᠡᠬᠦᠯᠦᠨ᠂ ᠲᠦᠮᠦᠰᠦᠨ᠎ᠤ ᠨᠢᠭᠡᠴᠢ ᠲᠠᠯᠠᠪᠠᠢ ᠵᠢᠨ ᠤᠨᠠᠯᠲᠠ ᠬᠠᠷᠢᠴᠠᠩᠭᠤᠢ ᠲᠤᠤᠷ᠎ᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠬᠤ ᠴᠢᠳᠠᠪᠤᠷᠢ ᠲᠤᠷᠤᠢ᠂ ᠠᠵᠦ ᠠᠬᠤᠢ᠍ᠢ᠍ᠯᠠᠯ᠎ᠤᠨ ᠪᠡᠯᠡ ᠲᠣᠬᠢᠷᠠᠭᠤᠯᠬᠤ᠎ᠳᠤ ᠭᠦᠴᠢᠷᠳᠡᠢ᠂ ᠤᠳᠤᠬᠢᠴᠢᠯᠬᠠᠰᠠᠨ ᠬᠠᠳᠠᠭ᠋ᠠᠯᠠᠬᠤ ᠪᠡᠯᠡᠳᠬᠡᠮᠵᠢ ᠵᠢᠨ ᠲᠤᠭ᠎ᠠ ᠬᠡᠮᠵᠢᠶ᠎ᠡ ᠭᠦᠷᠦᠯᠴᠡᠬᠦ ᠦᠭᠡᠢ ᠪᠠ ᠨᠡᠷᠡᠲᠦ ᠲᠡᠮᠳᠡᠭ᠎ᠤᠨ ᠨᠦᠯᠦᠬᠡᠯᠡᠬᠦ ᠭᠦᠴᠦᠨ ᠠᠨᠠᠢ ᠵᠡᠷᠭᠡ ᠠᠰᠠᠭᠤᠳᠠᠯ᠎ᠳᠤ ᠬᠠᠨᠳᠤᠭᠤᠯᠵᠦ᠂ ᠲᠦᠮᠦᠰᠦᠨ᠎ᠤ ᠠᠵᠦ ᠦᠢ᠍ᠯᠡᠰ᠎ᠤᠨ ᠬᠡᠯᠬᠢᠶᠡᠨ᠎ᠤ ᠭᠦᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ ᠶᠤᠰᠤᠭ᠋ᠠᠷ᠂ 《ᠲᠦᠮᠦᠰᠦᠨ᠎ᠤ ᠠᠵᠦ ᠦᠢ᠍ᠯᠡᠰ᠎ᠤᠨ ᠴᠢᠨᠠᠷ ᠰᠠᠢ᠍ᠢ᠍ᠳᠠᠢ ᠭᠦᠭᠵᠢᠯᠲᠡ ᠵᠢ ᠠᠬᠢᠭᠤᠯᠬᠤ ᠲᠤᠬᠠᠢ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠬᠦᠯᠬᠦ ᠰᠠᠨᠠᠯ》 (ᠦᠪᠦᠷ ᠵᠠᠰᠠᠭ ᠠᠯᠪᠠᠨ ᠲᠠᠷᠬᠠᠭ᠋ᠠᠨᠨᠰᠠᠨ [2020] 35 ᠳ᠋ᠤᠭ᠋ᠠᠷ ᠲᠤᠭ᠋ᠠᠳᠤ)᠎ᠤᠨ ᠬᠤᠯᠪᠤᠨᠨᠳᠠᠯ ᠪᠦᠭᠦᠢ ᠱᠠᠭ᠋ᠠᠷᠳᠠᠯᠭ᠎ᠠ᠎ᠲᠠᠢ ᠤᠶᠠᠯᠳᠤᠭᠤᠯᠵᠦ᠂ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠦᠪᠰᠢᠶᠡᠷᠡᠭᠦᠯᠦᠬᠡᠳ᠂ ᠡᠳᠦᠭᠡ ᠲᠦᠮᠦᠰᠦᠨ᠎ᠤ ᠠᠵᠦ ᠦᠢ᠍ᠯᠡᠰ᠎ᠤᠨ ᠬᠡᠯᠬᠢᠶᠡᠨ᠎ᠤ ᠭᠦᠭᠵᠢᠯᠲᠡ ᠵᠢ ᠠᠬᠢᠭᠤᠯᠬᠤ ᠵᠢᠷᠭᠤᠭ᠋ᠠᠨ ᠵᠦᠢ᠍ᠯ᠎ᠤᠨ ᠲᠦᠷᠦ ᠵᠢᠨ ᠪᠣᠳᠣᠯᠭ᠎ᠠ ᠠᠷᠭ᠎ᠠ ᠬᠡᠮᠵᠢᠶᠡᠨ᠎ᠤ ᠲᠤᠬᠠᠢ ᠲᠤᠤᠷᠠᠬᠢ ᠮᠡᠲᠦ ᠮᠡᠳᠡᠭᠳᠡᠶ᠎ᠡ᠃
ᠨᠢᠭᠡ᠂ ᠦᠷ᠎ᠡ ᠵᠢᠨ ᠲᠥᠮᠥᠰᠥ ᠦᠷᠡᠵᠢᠬᠦᠯᠵᠦ ᠪᠤᠶ᠋ᠢᠵᠢᠭᠤᠯᠬᠤ ᠠᠵᠦ ᠦᠢ᠍ᠯᠡᠰ᠎ᠤᠨ ᠭᠦᠴᠦᠷᠬᠡᠭᠵᠢᠬᠦᠳᠤ ᠲᠡᠮᠵᠢᠯᠭᠡ ᠦᠵᠡᠬᠦᠯᠬᠦ ᠬᠡᠷᠡᠭᠳᠡᠢ
ᠦᠷ᠎ᠡ ᠪᠦᠢ᠍ᠵᠢᠭᠤᠯᠬᠤ ᠲᠠᠯ᠎ᠠ᠎ᠪᠠᠷ᠎ᠬᠢ ᠰᠢᠨ᠎ᠡ ᠡᠭᠦᠳᠦᠯᠲᠡ ᠵᠢ ᠲᠡᠮᠵᠢᠵᠦ᠂ ᠲᠦᠮᠦᠰᠦᠨ᠎ᠤ ᠦᠷ᠎ᠡ ᠵᠢᠨ ᠦᠢ᠍ᠯᠡᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠬᠤᠯᠠ ᠶᠡᠭᠡ ᠵᠢᠱ᠌ᠢᠶ᠎ᠡ ᠦᠵᠡᠭᠦᠯᠬᠦ ᠢᠨᠵᠧᠨᠧᠷᠢᠩ᠎ᠢ ᠬᠡᠷᠡᠭᠵᠢᠭᠦᠯᠦᠨ᠂ ᠲᠦᠮᠦᠰᠦᠨ᠎ᠤ ᠦᠷ᠎ᠡ ᠪᠤᠶ᠋ᠢᠵᠢᠭᠤᠯᠬᠤ ᠲᠠᠯ᠎ᠠ᠎ᠪᠠᠷ ᠬᠤᠯᠪᠤᠭ᠋ᠠᠯᠠᠨ ᠪᠣᠭᠤᠮᠲᠠ ᠰᠢᠪᠲᠤᠯᠬᠤ᠎ᠳᠤ ᠳᠡᠮᠵᠢᠯᠭᠡ ᠦᠵᠡᠭᠦᠯᠵᠦ᠂ ᠬᠤᠯᠪᠤᠭ᠋ᠠᠯᠠᠨ ᠪᠤᠭᠤᠮᠲᠠ ᠰᠢᠪᠳᠤᠯᠬᠤ ᠲᠦᠰᠦᠯ ᠲᠤᠨᠨᠳᠠᠭ᠋ᠠᠨ᠂ ᠦᠪᠡᠷᠳᠡᠬᠡᠨ ᠵᠠᠰᠠᠬᠤ ᠤᠷᠤᠨ᠎ᠤ ᠲᠦᠮᠦᠰᠦᠨ᠎ᠤ ᠦᠷ᠎ᠡ ᠪᠦᠢ᠍ᠵᠢᠭᠤᠯᠬᠤ ᠲᠠᠯ᠎ᠠ᠎ᠪᠠᠷ ᠬᠤᠯᠪᠤᠭ᠋ᠠᠯᠠᠨ ᠪᠣᠭᠤᠮᠲᠠ ᠰᠢᠪᠲᠤᠯᠬᠤ ᠪᠦᠯᠭᠦᠮ ᠭᠠᠷᠭ᠋ᠠᠵᠦ᠂ ᠲᠡᠷᠢᠭᠦᠨ ᠰᠢᠨᠵᠢᠯᠡᠬᠦ ᠤᠬᠠᠭ᠋ᠠᠨᠲᠠᠨ᠎ᠢ ᠰᠢᠯᠢᠨ ᠰᠣᠩᠭᠤᠵᠤ᠂ ᠥᠨᠳᠥᠷ ᠪᠦᠳᠦᠮᠵᠢᠳᠡᠢᠲᠠᠢᠪᠠᠷ ᠦᠷ᠎ᠡ ᠪᠤᠶ᠋ᠢᠵᠢᠭᠤᠯᠬᠤ ᠲᠤᠨᠨᠳᠠᠯᠴᠠᠭ᠎ᠠ ᠵᠢ ᠪᠠᠶ᠋ᠢᠭᠤᠯᠤᠨ ᠪᠦᠷᠢᠨᠰᠢᠭᠦᠯᠵᠦ᠂ ᠭᠠᠩ᠎ᠢ ᠳᠠᠭ᠋ᠠᠭ᠋ᠠᠬᠤ ᠰᠣᠷᠭᠤᠭ ᠢᠳᠡᠭᠡᠨ᠂ ᠡᠳ᠋ᠰᠢᠬᠦᠯᠦᠨ ᠪᠤᠯᠪᠠᠰᠤᠷᠠᠭᠤᠯᠬᠤ᠎ᠳᠤ ᠲᠤᠰᠬᠠᠢ ᠬᠡᠷᠡᠭᠯᠡᠬᠦ ᠰᠢᠯᠢᠳᠡᠭ ᠡᠭᠦᠯᠳᠡᠷ᠎ᠢ ᠪᠦᠢ᠍ᠵᠢᠭᠤᠯᠤᠨᠠ᠃ ᠦᠷ᠎ᠡ ᠵᠢᠨ ᠲᠦᠮᠦᠰᠦ ᠦᠷᠡᠵᠢᠬᠦᠯᠦᠨ ᠪᠦᠢ᠍ᠵᠢᠭᠤᠯᠬᠤ ᠰᠠᠭᠤᠷᠢᠨ ᠭᠠᠵᠠᠷ᠎ᠤᠨ ᠪᠦᠳᠦᠬᠡᠨ ᠪᠠᠢ᠍ᠢ᠍ᠭᠤᠯᠤᠯᠲᠠ ᠵᠢ ᠲᠡᠮᠵᠢᠵᠦ᠂ ᠤᠯᠤᠰ ᠪᠠ ᠦᠪᠡᠷᠳᠡᠬᠡᠨ ᠵᠠᠰᠠᠬᠤ ᠤᠷᠤᠨ᠎ᠤ ᠶᠡᠭᠡ ᠬᠡᠪᠴᠢᠶ᠎ᠡ᠎ᠪᠠᠷ ᠦᠷ᠎ᠡ ᠪᠦᠢ᠍ᠵᠢᠭᠤᠯᠤᠨᠨᠰᠠᠨ ᠰᠢᠶᠡᠨ᠎ᠳᠤ ᠱᠠᠩᠨᠠᠬᠤ ᠪᠡᠯᠡ ᠮᠦᠩᠭᠦ ᠵᠢ ᠨᠢᠬᠡᠳᠦᠯᠳᠡᠢ ᠲᠦᠯᠦᠪᠵᠢᠬᠦᠯᠦᠨ᠂ ᠰᠠᠶ᠋ᠢᠨ ᠦᠷ᠎ᠡ ᠵᠢᠨ ᠲᠥᠮᠥᠰᠥ ᠦᠷᠡᠵᠢᠭᠦᠯᠦᠨ ᠪᠣᠶ᠋ᠢᠵᠢᠭᠤᠯᠬᠤ ᠰᠠᠭᠤᠷᠢᠨ ᠭᠠᠵᠠᠷ᠎ᠤᠨ ᠪᠦᠲᠦᠭᠡᠨ ᠪᠠᠢ᠍ᠢ᠍ᠭᠤᠯᠤᠯᠲᠠ ᠵᠢ ᠲᠡᠮᠵᠢᠵᠦ᠂ ᠬᠠᠭᠤᠷᠠᠢ ᠲᠠᠷᠢᠶᠠᠯᠠᠬᠤ ᠭᠠᠵᠠᠷ᠎ᠲᠤ ᠴᠢᠨᠠᠷ ᠰᠠᠢ᠍ᠢ᠍ᠳᠠᠢ ᠦᠷ᠎ᠡ ᠵᠢᠨ ᠲᠦᠮᠦᠰᠦ ᠲᠠᠷᠢᠬᠤ ᠵᠢ ᠵᠤᠷᠢᠨᠨᠵᠢᠭᠤᠯᠤᠨ᠂ ᠰᠠᠭᠤᠷᠢᠨ ᠭᠠᠵᠠᠷ᠎ᠤᠨ ᠦᠢ᠍ᠯᠡᠴᠢᠯᠡᠬᠦ ᠴᠢᠳᠠᠪᠤᠷᠢ ᠪᠠ ᠬᠢᠷᠢ ᠲᠦᠪᠰᠢᠨ᠎ᠢ᠎ᠨᠢ ᠲᠡᠬᠡᠭᠰᠢᠯᠡᠬᠦᠯᠬᠦ ᠵᠢᠨ ᠬᠠᠮᠳᠤ ᠦᠷ᠎ᠡ ᠵᠢᠨ ᠲᠦᠮᠦᠰᠦᠨ᠎ᠤ ᠶᠠᠰᠤ ᠴᠢᠨᠠᠷ᠎ᠤᠨ ᠬᠡᠷᠡᠴᠢᠯᠡᠭᠡ ᠦᠷᠨᠢᠬᠦᠯᠬᠦ ᠵᠢ ᠲᠡᠮᠵᠢᠵᠦ᠂ ᠦᠷ᠎ᠡ ᠵᠢᠨ ᠲᠦᠮᠦᠰᠦᠨ᠎ᠤ ᠴᠢᠨᠠᠷ᠎ᠢ᠎ᠨᠢ ᠲᠡᠬᠡᠭᠰᠢᠯᠡᠬᠦᠯᠦᠨ᠎ᠡ᠃ ᠪᠡᠶ᠎ᠡ᠎ᠪᠠᠨ ᠳᠠᠭ᠋ᠠᠭ᠋ᠠᠭᠰᠠᠨ ᠮᠡᠳᠡᠯᠭᠡ ᠵᠢᠨ ᠥᠮᠴᠢᠯᠡᠯ᠎ᠤᠨ ᠡᠷᠬᠡ᠎ᠲᠠᠢ ᠦᠷ᠎ᠡ ᠵᠢᠨ ᠲᠦᠮᠦᠰᠦᠨ᠎ᠤ ᠡᠭᠦᠯᠳᠡᠷ ᠲᠡᠯᠬᠡᠷᠡᠬᠦᠯᠬᠦ ᠵᠢ ᠲᠡᠮᠵᠢᠵᠦ᠂ ᠦᠪᠡᠷᠳᠡᠬᠡᠨ ᠵᠠᠰᠠᠬᠤ ᠤᠷᠤᠨ᠎ᠤ ᠪᠡᠶ᠎ᠡ᠎ᠪᠠᠨ ᠳᠠᠭ᠋ᠠᠭ᠋ᠠᠭᠰᠠᠨ ᠮᠡᠳᠡᠯᠭᠡ ᠵᠢᠨ ᠥᠮᠴᠢᠯᠡᠯ᠎ᠤᠨ ᠡᠷᠬᠡ᠎ᠲᠠᠢ ᠡᠭᠦᠯᠳᠡᠷ᠎ᠢ ᠤᠷᠤᠨ᠎ᠤ ᠲᠤᠳᠤᠷ᠎ᠠ ᠵᠢᠯ᠎ᠳᠤ ᠲᠡᠯᠬᠡᠷᠡᠭᠦᠯᠦᠭᠰᠡᠨ ᠲᠠᠯᠠᠪᠠᠢ᠎ᠨᠢ 10 ᠲᠦᠮᠡᠨ ᠮᠦ᠍᠎ᠠᠴᠠ ᠳᠡᠭᠡᠭᠰᠢ ᠪᠠᠢ᠍ᠢ᠍ᠪᠠᠯ᠂ ᠨᠢᠭᠡ ᠯᠡ ᠤᠳᠠᠭ᠎ᠠ᠎ᠳᠤ 500 ᠲᠦᠮᠡᠨ ᠲᠦᠭᠦᠷᠢᠭ ᠱᠠᠩᠨᠠᠨ᠎ᠠ; ᠵᠢᠯ᠎ᠳᠤ ᠲᠡᠯᠬᠡᠷᠡᠭᠦᠯᠦᠭᠰᠡᠨ ᠲᠠᠯᠠᠪᠠᠢ᠎ᠨᠢ 30 ᠲᠦᠮᠡᠨ ᠮᠦ᠍᠎ᠠᠴᠠ ᠳᠡᠭᠡᠭᠰᠢ ᠪᠠᠢ᠍ᠢ᠍ᠪᠠᠯ᠂ ᠨᠢᠭᠡ ᠯᠡ ᠤᠳᠠᠭ᠎ᠠ᠎ᠳᠤ 1000 ᠲᠦᠮᠡᠨ ᠲᠦᠭᠦᠷᠢᠭ ᠱᠠᠩᠨᠠᠨ᠎ᠠ᠃ (ᠬᠠᠷᠢᠭᠤᠴᠠᠯᠭ᠋ᠠᠲᠤ ᠨᠢᠭᠡᠴᠢ᠄ ᠦᠪᠡᠷᠳᠡᠬᠡᠨ ᠵᠠᠰᠠᠬᠤ ᠤᠷᠤᠨ᠎ᠤ ᠲᠠᠷᠢᠶᠠᠯᠠᠩ ᠮᠠᠯ ᠠᠵᠦ ᠠᠬᠤᠢ ᠪᠠ ᠭᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠬᠡᠵᠢᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠤᠰᠤᠭ᠋ᠠᠷ ᠨᠡᠢ᠍ᠢ᠍ᠳᠡᠪᠤᠷᠢᠵᠢᠭᠤᠯᠤᠨᠠ)
ᠬᠤᠶᠠᠷ᠂ ᠨᠢᠭᠡᠴᠢ ᠲᠠᠯᠠᠪᠠᠢ ᠵᠢᠨ ᠤᠨᠠᠯᠲᠠ ᠵᠢ ᠨᠡᠮᠡᠭᠳᠡᠬᠦᠯᠬᠦ ᠢᠨᠵᠧᠨᠧᠷᠢᠩ᠎ᠢ ᠬᠡᠷᠡᠭᠵᠢᠬᠦᠯᠬᠦ᠎ᠳᠤ ᠲᠡᠮᠵᠢᠯᠭᠡ ᠦᠵᠡᠬᠦᠯᠦᠨ᠎ᠡ
ᠲᠥᠮᠥᠰᠥ ᠦᠢ᠍ᠯᠡᠳᠪᠦᠷᠢᠯᠡᠭᠴᠢ᠎ᠳᠤ ᠨᠡᠮᠡᠭᠦᠷᠢ ᠥᠭᠬᠦ ᠪᠣᠳᠣᠯᠭ᠎ᠠ ᠵᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠨᠢ ᠤᠯᠤᠰ᠎ᠤᠨ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠵᠢᠨ ᠬᠡᠪᠴᠢᠶᠡᠨ ᠳᠣᠲᠣᠷ᠎ᠠ᠂ ᠡᠷᠳᠡᠨᠢ ᠰᠢᠰᠢ᠂ ᠰᠢᠷ᠎ᠠ ᠪᠤᠷᠴᠠᠭ ᠦᠢ᠍ᠯᠡᠳᠪᠦᠷᠢᠯᠡᠭᠴᠢ᠎ᠳᠤ ᠭᠦᠷᠳᠡᠬᠡᠬᠦ ᠨᠡᠮᠡᠭᠦᠷᠢ᠎ᠠᠴᠠ ᠬᠡᠰᠡᠭ ᠪᠡᠯᠡ ᠮᠥᠩᠭᠦ ᠲᠣᠬᠢᠷᠠᠭᠤᠯᠵᠤ᠂ ᠲᠥᠮᠥᠰᠥ ᠲᠠᠷᠢᠬ᠍ᠴᠢᠳᠤ ᠨᠡᠮᠡᠭᠦᠷᠢ ᠤᠯᠭᠤᠨ᠎ᠠ᠃ ᠥᠪᠡᠷᠲᠡᠭᠡᠨ ᠵᠠᠰᠠᠬᠤ ᠣᠷᠣᠨ᠎ᠠᠴᠠ ᠲᠦᠮᠦᠰᠦᠨ᠎ᠤ ᠤᠨᠠᠯᠲᠠ ᠵᠢ ᠦᠢ᠍ᠯᠡᠳᠪᠦᠷᠢᠯᠡᠭᠴᠢ᠎ᠳᠤ ᠨᠡᠮᠡᠭᠦᠷᠢ ᠪᠡᠯᠡ ᠮᠥᠩᠭᠦ ᠬᠤᠪᠢᠶᠠᠷᠢᠯᠠᠬᠤ ᠵᠢᠨ ᠯᠠᠪᠯᠠᠬᠤ ᠬᠦᠴᠦᠨ ᠵᠦᠢ᠍ᠯ ᠪᠣᠯᠭ᠋ᠠᠵᠤ᠂ ᠡᠯ᠎ᠡ ᠭᠠᠵᠠᠷ ᠣᠷᠣᠨ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠨᠡᠮᠡᠭᠦᠷᠢ ᠪᠡᠯᠡ ᠮᠥᠩᠭᠦ ᠵᠢ ᠨᠢᠭᠡᠴᠢ ᠲᠠᠯᠠᠪᠠᠢ ᠵᠢᠨ ᠤᠨᠠᠯᠲᠠ᠎ᠪᠠᠨ ᠨᠡᠮᠡᠭᠳᠡᠬᠦᠯᠬᠦ ᠵᠢ ᠲᠡᠮᠵᠢᠬᠦ᠎ᠳᠤ ᠨᠠᠩ ᠢᠯᠡᠭᠦᠤ ᠵᠠᠷᠤᠴᠠᠭᠤᠯᠤᠭᠤᠯᠬᠤ ᠵᠢᠨ ᠬᠠᠮᠲᠤ ᠳᠠᠪᠠᠭᠤᠯᠢᠭ ᠭᠤᠤᠯ ᠭᠠᠷᠤᠯᠲᠠ ᠵᠢᠨ ᠣᠷᠣᠨ ᠲᠡᠢ᠍ᠢ᠍ᠰᠢ ᠲᠥᠪᠯᠡᠷᠡᠭᠦᠯᠦᠨ᠎ᠡ᠃ ᠡᠭᠡᠯᠵᠢᠯᠡᠨ ᠲᠠᠷᠢᠵᠤ ᠭᠤᠣᠷᠰᠣ ᠰᠣᠯᠢᠬᠤ ᠵᠢ ᠳᠡᠮᠵᠢᠵᠦ᠂ 3 ᠵᠢᠯ ᠵᠢᠴᠢ ᠡᠭᠦᠨ᠎ᠠᠴᠠ ᠢᠯᠡᠭᠦᠦ ᠡᠭᠡᠯᠵᠢᠯᠡᠨ ᠲᠠᠷᠢᠬᠤ ᠵᠢ ᠭᠡᠷᠡᠭᠵᠢᠬᠦᠯᠦᠨ᠂ ᠵᠠᠯᠭ᠋ᠠᠭ᠎ᠠ᠎ᠪᠠᠷ ᠳᠠᠷᠢᠬᠤ ᠰᠠᠭ᠋ᠠᠳ ᠲᠤᠳᠬᠠᠷᠢ ᠰᠢᠢ᠍ᠳᠪᠦᠷᠢᠯᠡᠵᠦ᠂ ᠬᠥᠷᠥᠰᠥ ᠰᠢᠷᠣᠢ᠎ᠪᠠᠷ ᠳᠠᠮᠵᠢᠨ ᠬᠠᠯᠳᠠᠪᠤᠷᠢᠯᠠᠬᠤ ᠬᠤᠷᠣᠬᠠᠢ ᠭᠡᠮ᠎ᠤᠨ ᠭᠦᠨᠦᠬᠡᠯᠢ ᠳᠠᠷᠤᠵᠤ ᠪᠠᠭ᠋ᠠᠰᠬᠠᠨ᠂ ᠲᠦᠮᠦᠰᠦᠨ᠎ᠤ ᠴᠢᠨᠠᠷ ᠪᠠ ᠨᠢᠭᠡᠴᠢ ᠲᠠᠯᠠᠪᠠᠢ ᠵᠢᠨ ᠤᠨᠠᠯᠲᠠ ᠵᠢ ᠳᠡᠭᠡᠭᠰᠢᠯᠡᠭᠦᠯᠦᠨ᠎ᠡ᠃ ᠲᠠᠷᠢᠶᠠᠯᠠᠬᠤ ᠭᠠᠵᠠᠷ᠎ᠢ ᠡᠭᠡᠯᠵᠢᠯᠡᠨ ᠲᠠᠷᠢᠬᠤ᠎ᠳᠤ ᠮᠥ᠍ ᠪᠦᠷᠢ᠎ᠳᠤ 150 ᠲᠥᠭᠦᠷᠢᠭ ᠥᠭᠭᠦ ᠤᠯᠤᠰ᠎ᠤᠨ ᠨᠡᠮᠡᠭᠦᠷᠢ ᠵᠢᠨ ᠪᠠᠷᠢᠮᠵᠢᠶ᠎ᠠ᠎ᠪᠠᠷ ᠯᠠᠪᠯᠠᠯᠲᠠ ᠪᠣᠯᠭ᠋ᠠᠵᠤ᠂ ᠤᠯᠠᠭ᠋ᠠᠨᠴᠠᠪ ᠬᠤᠲᠠ ᠵᠡᠷᠭᠡ ᠲᠦᠮᠦᠰᠦᠨ᠎ᠤ ᠳᠠᠪᠠᠭᠤᠯᠢᠭ ᠭᠤᠤᠯ ᠭᠠᠷᠤᠯᠲᠠ ᠵᠢᠨ ᠣᠷᠣᠨ᠎ᠤ ᠡᠭᠡᠯᠵᠢᠯᠡᠨ ᠳᠠᠷᠢᠬᠤ᠎ᠳᠤ ᠨᠡᠮᠡᠭᠦᠷᠢ ᠥᠭᠬᠦ ᠲᠠᠯᠠᠪᠠᠶ ᠵᠢ 100 ᠲᠦᠮᠡᠨ ᠮᠥ᠍᠎ᠠᠴᠠ ᠳᠡᠭᠡᠭᠰᠢ᠎ᠳᠤ ᠲᠣᠭᠲᠠᠪᠤᠷᠢᠵᠢᠭᠤᠯᠤᠨ᠎ᠠ᠃ ᠨᠡᠶ᠋ᠢᠭᠡᠮᠴᠢᠯᠡᠭᠰᠡᠨ ᠦᠢ᠍ᠯᠡᠴᠢᠯᠡᠭᠡ ᠵᠢ ᠳᠡᠮᠵᠢᠵᠦ᠂ ᠵᠢᠵᠢᠭ ᠲᠠᠷᠢᠶᠠᠴᠢᠨ ᠡᠷᠦᠬᠡ ᠵᠢᠨ ᠲᠠᠷᠠᠬᠠᠢ ᠡᠵᠡᠩᠨᠡᠯᠲᠡ ᠵᠢ ᠬᠤᠪᠢᠷᠠᠭᠤᠯᠤᠨ᠂ ᠡᠯ᠎ᠡ ᠲᠥᠷᠥᠯ᠎ᠤᠨ ᠦᠢ᠍ᠯᠡᠴᠢᠯᠡᠭᠡᠨ᠎ᠤ ᠵᠣᠬᠢᠶᠠᠨ ᠪᠠᠶ᠋ᠢᠭᠤᠯᠤᠯᠲᠠ ᠵᠢ ᠬᠥᠲᠥᠯᠥᠨ ᠵᠢᠯᠤᠭᠤᠳᠴᠤ ᠪᠠᠶ᠋ᠢᠭ᠋ᠠᠳ ᠵᠢᠵᠢᠭ ᠲᠠᠷᠢᠶᠠᠴᠢᠨ ᠡᠷᠦᠬᠡ᠎ᠳᠤ ᠲᠦᠮᠦᠰᠦᠨ ᠲᠠᠷᠢᠶ᠎ᠡ ᠵᠢ᠎ᠨᠢ ᠣᠷᠣᠯᠠᠨ ᠬᠠᠭ᠋ᠠᠯᠪᠤᠷᠢᠯᠠᠵᠦ ᠣᠷᠣᠯᠠᠨ ᠳᠠᠷᠢᠬᠤ᠂ ᠣᠷᠣᠯᠠᠨ ᠬᠠᠮᠢᠶᠠᠷᠴᠤ ᠣᠷᠣᠯᠠᠨ ᠬᠤᠷᠢᠶᠠᠬᠤ᠂ ᠪᠦᠬᠦ ᠶᠠᠪᠤᠴᠠ᠎ᠳᠤ ᠨᠠᠶ᠋ᠢᠳᠠᠨ ᠬᠠᠮᠢᠶᠠᠷᠤᠭᠤᠯᠬᠤ ᠵᠡᠷᠭᠡ ᠨᠡᠶ᠋ᠢᠭᠡᠮᠴᠢᠯᠡᠭᠰᠡᠨ ᠦᠢ᠍ᠯᠡᠴᠢᠯᠡᠭᠡ ᠬᠠᠩᠭ᠋ᠠᠨ᠂ ᠰᠢᠨ᠎ᠡ ᠡᠭᠦᠯᠳᠡᠷ᠂ ᠰᠢᠨ᠎ᠡ ᠮᠡᠷᠭᠡᠵᠢᠯ᠎ᠢ ᠲᠥᠪᠯᠡᠷᠡᠭᠦᠯᠦᠨ ᠳᠡᠯᠭᠡᠷᠡᠭᠦᠯᠵᠦ᠂ ᠬᠡᠪᠴᠢᠶᠡᠵᠢᠭᠦᠯᠦᠨ ᠡᠷᠴᠢᠮᠵᠢᠭᠦᠯᠦᠭᠰᠡᠨ ᠡᠵᠡᠩᠨᠡᠯᠲᠡ ᠵᠢ ᠠᠬᠢᠭᠤᠯᠤᠨ᠂ ᠨᠢᠭᠡᠴᠢ ᠲᠠᠯᠠᠪᠠᠢ ᠵᠢᠨ ᠤᠨᠠᠯᠲᠠ ᠵᠢ ᠨᠡᠮᠡᠭᠳᠡᠬᠦᠯᠬᠦ ᠮᠡᠷᠭᠡᠵᠢᠯ᠎ᠤᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠵᠤ᠂ ᠵᠠᠷᠴᠢᠮ ᠳᠡᠭᠡᠷ᠎ᠡ᠎ᠪᠠᠨ ᠦᠢ᠍ᠯᠡᠴᠢᠯᠡᠬᠦ ᠦᠨ᠎ᠡ ᠬᠠᠩᠰᠢ᠎ᠳᠠᠬᠢ ᠡᠳ᠋᠎ᠤᠨ ᠵᠠᠰᠠᠭ᠎ᠤᠨ ᠨᠥᠬᠦᠪᠦᠷᠢ ᠵᠢᠨ ᠡᠵᠡᠯᠡᠬᠦ ᠬᠠᠷᠢᠴᠠᠯ᠎ᠢ 30%᠎ᠠᠴᠠ ᠬᠡᠳᠦᠷᠡᠬᠦᠯᠬᠦ ᠦᠭᠡᠢ ᠪᠠᠢ᠍ᠢ᠍ᠯᠭ᠋ᠠᠨ᠂ ᠨᠢᠭᠡ ᠬᠤᠷᠢᠶᠡᠯᠳᠡ᠎ᠳᠦ ᠲᠠᠷᠢᠮᠠᠯ᠎ᠤᠨ ᠮᠦ᠍ ᠳᠤᠮᠳᠠᠴᠢ ᠵᠢᠨ ᠨᠥᠬᠦᠪᠦᠷᠢ ᠵᠢᠨ ᠶᠡᠷᠦᠩᠬᠡᠢ ᠲᠤᠭ᠎ᠠ ᠵᠢ 100 ᠲᠥᠭᠦᠷᠢᠭ᠎ᠠᠴᠠ ᠬᠡᠳᠦᠷᠡᠬᠦᠯᠬᠦ ᠦᠭᠡᠢ ᠪᠠᠢ᠍ᠢ᠍ᠯᠭ᠋ᠠᠵᠦ᠂ ᠵᠢᠯ᠎ᠤᠨ ᠦᠢ᠍ᠯᠡᠴᠢᠯᠡᠬᠦ ᠲᠠᠯᠠᠪᠠᠶ ᠵᠢ 100 ᠲᠦᠮᠡᠨ ᠮᠦ᠍ ᠤᠳᠠᠭ᠎ᠠ᠎ᠠᠴᠠ ᠲᠤᠤᠷᠠᠳᠠᠭᠤᠯᠬᠤ ᠦᠬᠡᠢ ᠪᠠᠢ᠍ᠢ᠍ᠯᠭ᠋ᠠᠨᠠ᠃ ᠲᠦᠮᠦᠰᠦᠨ᠎ᠤ ᠥᠨᠳᠥᠷ ᠣᠨᠠᠯᠲᠠ᠎ᠲᠤ ᠥᠨᠳᠥᠷ ᠦᠷ᠎ᠡ ᠠᠰᠢᠨᠨᠲᠣ ᠵᠢᠱ᠌ᠢᠶ᠎ᠡ ᠦᠵᠡᠭᠦᠯᠬᠦ ᠤᠷᠤᠨ᠎ᠤ ᠪᠦᠲᠦᠭᠡᠨ ᠪᠠᠶ᠋ᠢᠭᠤᠯᠤᠯᠲᠠ ᠵᠢ ᠳᠡᠮᠵᠢᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠪᠡᠯᠡ ᠮᠥᠩᠭᠦ ᠵᠢ ᠨᠢᠭᠡᠳᠦᠯᠲᠡᠢ ᠲᠥᠯᠥᠪᠯᠡᠨ᠂ ᠲᠦᠮᠦᠰᠦᠨ᠎ᠤ ᠭᠤᠣᠯ ᠭᠠᠷᠤᠯᠲᠠ ᠵᠢᠨ ᠠᠶ᠋ᠢᠮᠠᠭ ᠬᠤᠲᠠ ᠵᠢᠨ ᠭᠤᠣᠯᠳᠠᠯᠭ᠎ᠠ ᠪᠣᠯᠬᠤ ᠬᠤᠰᠢᠭᠤ ᠰᠢᠶᠠᠨ (ᠬᠤᠲᠠ᠂ ᠲᠣᠭᠤᠷᠢᠭ) ᠵᠶ᠋ᠠᠷ ᠭᠤᠤᠯᠯᠠᠵᠦ᠂ ᠴᠢᠨᠠᠷ ᠰᠠᠶ᠋ᠢᠲᠠᠢ ᠪᠦᠬᠡᠳ ᠥᠨᠳᠥᠷ ᠪᠦᠲᠦᠮᠵᠢᠲᠦ ᠲᠠᠷᠢᠵᠦ ᠤᠷᠭᠤᠭᠤᠯᠬᠤ ᠵᠢᠱ᠌ᠢᠶ᠎ᠡ ᠦᠵᠡᠭᠦᠯᠬᠦ ᠤᠷᠤᠨ᠎ᠢ ᠪᠦᠲᠦᠭᠡᠨ ᠪᠠᠶ᠋ᠢᠭᠤᠯᠵᠤ᠂ ᠤᠰᠤ ᠪᠣᠷᠳᠣᠭᠤᠷ᠎ᠢ ᠨᠢᠭᠡ ᠴᠣᠭᠴᠠᠵᠢᠭᠤᠯᠤᠨ ᠬᠡᠷᠡᠭᠯᠡᠬᠦ ᠬᠢᠷᠢ ᠲᠦᠪᠰᠢᠨ᠎ᠢ ᠳᠡᠭᠡᠭᠰᠢᠯᠡᠭᠦᠯᠦᠨ᠂ ᠪᠣᠷᠳᠣᠭᠤᠷ ᠲᠠᠷᠢᠶᠡᠨ ᠡᠮ ᠤᠰᠤ ᠬᠡᠷᠡᠭᠯᠡᠬᠦ ᠵᠢ ᠰᠢᠨᠵᠢᠯᠡᠬᠦ ᠤᠬᠠᠭ᠋ᠠᠨᠴᠢ᠎ᠪᠠᠷ ᠬᠢᠵᠠᠭ᠋ᠠᠷᠯᠠᠵᠤ᠂ ᠬᠠᠭᠤᠷᠠᠢ ᠲᠠᠷᠢᠶᠠᠯᠠᠬᠤ ᠭᠠᠵᠠᠷ᠎ᠲᠤ ᠴᠢᠨᠠᠷ ᠰᠠᠶ᠋ᠢᠲᠠᠢ ᠲᠥᠮᠥᠰᠥ ᠳᠠᠷᠢᠬᠤ ᠵᠢ ᠳᠡᠮᠵᠢᠨ᠂ ᠤᠨᠠᠯᠲᠠ᠎ᠪᠠᠨ ᠨᠡᠮᠡᠭᠳᠡᠭᠦᠯᠦᠨ ᠦᠷ᠎ᠡ ᠠᠰᠢᠭ ᠵᠶ᠋ᠠᠨ ᠲᠡᠬᠡᠭᠰᠢᠯᠡᠬᠦᠯᠬᠦ ᠲᠡᠢ᠍ᠢ᠍ᠰᠢ ᠳᠠᠶ᠋ᠢᠴᠢᠯᠠᠨ᠎ᠠ᠃ ᠡᠳ᠋ᠰᠢᠬᠦᠯᠦᠨ ᠪᠤᠯᠪᠠᠰᠤᠷᠠᠭᠤᠯᠬᠤ ᠵᠠᠬᠢᠶᠠᠯᠠᠭ᠎ᠠ᠎ᠳᠤ ᠨᠡᠮᠡᠭᠦᠷᠢ ᠥᠭᠬᠦ ᠵᠢ ᠳᠡᠮᠵᠢᠵᠦ᠂ ᠥᠪᠡᠷᠲᠡᠭᠡᠨ ᠵᠠᠰᠠᠬᠤ ᠣᠷᠣᠨ᠎ᠤ ᠲᠥᠮᠥᠰᠥ ᠡᠳ᠋ᠰᠢᠬᠦᠯᠦᠨ ᠪᠤᠯᠪᠠᠰᠤᠷᠠᠭᠤᠯᠬᠤ ᠠᠵᠤ ᠠᠬᠤᠶ᠋ᠢᠯᠠᠯ᠎ᠨᠢ ᠣᠷᠣᠨ᠎ᠤ ᠳᠣᠲᠣᠷᠠᠬᠢ ᠲᠠᠷᠢᠮᠠᠯ᠎ᠤᠨ ᠡᠷᠦᠬᠡ᠎ᠯᠦᠭᠡ ᠲᠣᠭᠲᠠᠪᠤᠷᠢᠲᠠᠢ ᠠᠰᠢᠭ ᠲᠤᠰᠠ ᠵᠢᠨ ᠬᠤᠯᠪᠤᠨᠨᠳᠠᠭᠤᠯᠬᠤ ᠲᠣᠭᠲᠠᠴᠠ ᠵᠢ ᠪᠠᠢ᠍ᠢ᠍ᠭᠤᠯᠤᠨᠨᠰᠠᠨ᠂ ᠪᠠᠷᠢᠮᠵᠢᠶᠠᠵᠢᠭᠤᠯᠤᠨ ᠳᠠᠷᠢᠭᠰᠠᠨ ᠮᠥᠷᠲᠡᠭᠡᠨ ᠭᠦᠴᠦ ᠪᠦᠭᠦᠢ ᠵᠠᠬᠢᠶᠠᠯᠠᠭ᠎ᠠ ᠲᠤᠨᠨᠳ᠋ᠬᠠᠰᠠᠨ ᠪᠠᠶ᠋ᠢᠪᠠᠯ᠂ ᠬᠤᠳᠠᠯᠳᠤᠨ ᠠᠪᠬᠤ ᠭᠤᠣᠯ ᠴᠣᠭᠴᠠ᠎ᠳᠤ 20 ᠲᠥᠭᠦᠷᠢᠭ / ᠲᠣᠨ᠎ᠤ ᠨᠡᠮᠡᠭᠦᠷᠢ ᠣᠯᠭᠤᠨ᠎ᠠ᠃ (ᠬᠠᠷᠢᠭᠤᠴᠠᠯᠭ᠋ᠠᠲᠤ ᠨᠢᠭᠡᠴᠢ᠄ ᠦᠪᠡᠷᠳᠡᠬᠡᠨ ᠵᠠᠰᠠᠬᠤ ᠤᠷᠤᠨ᠎ᠤ ᠲᠠᠷᠢᠶᠠᠯᠠᠩ ᠮᠠᠯ ᠠᠵᠦ ᠠᠬᠤᠢ ᠪᠠ ᠭᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ᠂ ᠭᠦᠭᠵᠢᠬᠦᠯᠦᠯᠲᠡ ᠪᠠ ᠦᠭᠡᠷᠡᠴᠢᠯᠡᠯᠲᠡ ᠵᠢᠨ ᠵᠦᠪᠯᠡᠯ᠂ ᠡᠳ᠋᠎ᠤᠨ ᠵᠠᠰᠠᠭ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠤᠰᠤᠭ᠋ᠠᠷ ᠨᠠᠢ᠍ᠢ᠍ᠳᠠᠪᠤᠷᠢᠵᠢᠭᠤᠯᠤᠨ᠎ᠠ)
ᠭᠤᠷᠪᠠ᠂ ᠭᠠᠷᠤᠯᠲᠠ ᠵᠢᠨ ᠣᠷᠣᠨ᠎ᠳᠤ ᠬᠦᠢ᠍ᠳᠡᠨ ᠬᠠᠳᠠᠭ᠋ᠠᠯᠠᠯᠲᠠ᠎ᠪᠠᠷ ᠰᠢᠨ᠎ᠡ ᠰᠤᠷᠭᠤᠭ᠎ᠢ ᠪᠠᠲᠤᠯᠠᠬᠤ ᠣᠳᠣᠬᠢᠴᠢᠯᠠᠭᠰᠠᠨ ᠪᠡᠯᠡᠳᠬᠡᠮᠵᠢ ᠪᠠᠢ᠍ᠢ᠍ᠭᠤᠯᠬᠤ ᠵᠢ ᠲᠡᠳᠬᠦᠨ᠎ᠡ
ᠲᠠᠷᠢᠶᠠᠴᠢᠨ᠎ᠤ ᠬᠤᠷᠰᠢᠶ᠎ᠡ ᠵᠡᠷᠭᠡ ᠰᠢᠨ᠎ᠡ ᠬᠡᠯᠪᠡᠷᠢ ᠵᠢᠨ ᠡᠵᠡᠩᠨᠡᠯᠲᠡ ᠵᠢᠨ ᠭᠤᠤᠯ ᠴᠤᠨᠨᠴᠠ ᠵᠢ ᠭᠦᠳᠦᠯᠦᠨ ᠵᠢᠯᠤᠭᠤᠳᠴᠤ ᠪᠠᠢ᠍ᠢ᠍ᠭ᠋ᠠᠳ ᠲᠦᠮᠦᠰᠦ ᠲᠠᠷᠢᠬᠤ ᠪᠤᠳᠠᠳᠠᠢ ᠬᠡᠷᠡᠭᠴᠡᠭᠡ ᠱᠠᠭ᠋ᠠᠷᠳᠠᠯᠭ᠎ᠠ ᠵᠢ᠎ᠨᠢ ᠦᠨᠳᠦᠰᠦᠯᠡᠵᠦ᠂ ᠰᠠᠯᠬᠢ ᠨᠡᠪᠳᠡᠷᠡᠬᠦᠯᠬᠦ ᠬᠠᠳᠠᠭ᠋ᠠᠯᠠᠯᠲᠠ ᠵᠢᠨ ᠭᠦᠮᠦᠷᠭᠡ᠂ ᠮᠧᠬᠠᠨᠢᠭ ᠭᠦᠢ᠍ᠳᠡᠨ ᠭᠦᠮᠦᠷᠭᠡ᠂ ᠬᠡᠢ ᠠᠭ᠋ᠠᠷ ᠲᠣᠬᠢᠷᠠᠭᠤᠯᠬᠤ ᠬᠠᠳᠠᠭ᠋ᠠᠯᠠᠯᠲᠠ ᠵᠢᠨ ᠭᠦᠮᠦᠷᠭᠡ᠂ ᠤᠷᠢᠳᠴᠢᠯᠠᠨ ᠭᠦᠷᠦᠬᠡᠵᠦ ᠭᠦᠯᠳᠡᠬᠡᠬᠦ ᠵᠢᠴᠢ ᠲᠦᠭᠦᠷ ᠭᠠᠷᠤᠯᠲᠠ ᠵᠢᠨ ᠤᠷᠤᠨ᠎ᠳᠤ ᠬᠦᠢ᠍ᠳᠡᠨ ᠬᠠᠳᠠᠭ᠋ᠠᠯᠠᠯᠲᠠ᠎ᠪᠠᠷ ᠰᠢᠨ᠎ᠡ ᠰᠤᠷᠭᠤᠭ᠎ᠢ ᠪᠠᠲᠤᠯᠠᠬᠤ ᠵᠡᠷᠭᠡ ᠰᠢᠢ᠍ᠳᠪᠦᠷᠢᠯᠡᠬᠦ ᠪᠡᠯᠡᠳᠬᠡᠮᠵᠢ ᠲᠦᠭᠦᠬᠡᠷᠦᠮᠵᠢ ᠵᠢ ᠵᠦᠢ ᠵᠤᠬᠢᠰᠳᠠᠢ ᠪᠠᠢ᠍ᠢ᠍ᠭᠤᠯᠵᠦ᠂ ᠦᠷ᠎ᠡ ᠵᠢᠨ ᠲᠦᠮᠦᠰᠦ ᠪᠠ ᠲᠠᠸᠠᠷ᠎ᠤᠨ ᠲᠦᠮᠦᠰᠦ ᠵᠢ ᠴᠢᠨᠠᠷ ᠰᠠᠢ᠍ᠢ᠍ᠳᠠᠢ ᠬᠠᠳᠠᠭ᠋ᠠᠯᠠᠬᠤ ᠵᠢ᠎ᠨᠢ ᠪᠠᠳᠤᠯᠠᠨ᠎ᠠ᠃ ᠭᠠᠷᠤᠯᠲᠠ ᠵᠢᠨ ᠣᠷᠣᠨ᠎ᠤ ᠲᠠᠷᠢᠮᠠᠯ ᠲᠠᠷᠢᠨᠨᠴᠢᠳ ᠥᠪᠡᠰᠦᠪᠡᠨ ᠬᠡᠷᠡᠭᠯᠡᠬᠦ ᠲᠦᠮᠦᠰᠦᠨ᠎ᠤ ᠬᠦᠢ᠍ᠳᠡᠨ ᠬᠠᠳᠠᠭ᠋ᠠᠯᠠᠯᠲᠠ᠎ᠪᠠᠷ ᠰᠢᠨ᠎ᠡ ᠰᠤᠷᠭᠤᠭ᠎ᠢ ᠪᠠᠲᠤᠯᠠᠬᠤ ᠣᠳᠣᠬᠢᠴᠢᠯᠠᠭᠰᠠᠨ ᠪᠡᠯᠡᠳᠬᠡᠮᠵᠢ ᠵᠢ ᠰᠢᠨ᠎ᠡ᠎ᠪᠠᠷ ᠪᠠᠶ᠋ᠢᠭᠤᠯᠤᠭᠰᠠᠨ ᠪᠠᠶ᠋ᠢᠪᠠᠯ᠂ ᠪᠡᠯᠡᠳᠭᠡᠮᠵᠢᠳᠤ ᠲᠠᠷᠢᠶᠠᠯᠠᠩ᠎ᠤᠨ ᠳᠠᠭ᠋ᠠᠯᠲᠠ ᠪᠡᠯᠡᠳᠬᠡᠮᠵᠢ᠎ᠳᠤ ᠬᠡᠷᠡᠭᠯᠡᠬᠦ ᠭᠠᠵᠠᠷ᠎ᠤᠨ ᠬᠠᠮᠢᠶᠠᠷᠤᠯᠲᠠ᠎ᠪᠠᠷ ᠬᠠᠮᠢᠶᠠᠷᠴᠤ᠂ ᠱᠠᠭ᠋ᠠᠷᠳᠠᠯᠭ᠎ᠠ ᠶᠣᠰᠣᠭ᠋ᠠᠷ ᠪᠦᠷᠢᠳᠬᠡᠨ ᠲᠠᠩᠰᠠᠯᠠᠵᠦ ᠬᠠᠮᠢᠶᠠᠷᠤᠨ᠎ᠠ; ᠡᠵᠡᠩᠨᠡᠯᠲᠡ ᠵᠢᠨ ᠴᠢᠨᠠᠷᠲᠠᠶ ᠲᠦᠮᠦᠰᠦᠨ᠎ᠤ ᠰᠢᠨ᠎ᠡ ᠰᠣᠷᠭᠤᠭ ᠵᠶ᠋ᠠᠷ ᠬᠥᠮᠥᠷᠭᠡᠯᠡᠨ ᠬᠠᠳᠠᠭ᠋ᠠᠯᠠᠬᠤ ᠣᠳᠣᠬᠢᠴᠢᠯᠠᠭᠰᠠᠨ ᠪᠡᠯᠡᠳᠬᠡᠮᠵᠢ ᠵᠢ ᠪᠠᠢ᠍ᠢ᠍ᠭᠤᠯᠤᠨᠨᠰᠠᠨ ᠪᠠᠢ᠍ᠢ᠍ᠪᠠᠯ᠂ ᠡᠩ᠎ᠤᠨ ᠲᠠᠷᠢᠶᠠᠯᠠᠬᠤ ᠭᠠᠵᠠᠷ᠎ᠢ ᠡᠵᠡᠯᠡᠨ ᠬᠡᠷᠡᠭᠯᠡᠭᠰᠡᠨ᠎ᠳᠤᠨᠢ ᠲᠠᠷᠢᠶᠠᠯᠠᠬᠤ ᠭᠠᠵᠠᠷ᠎ᠤᠨ 《ᠨᠡᠮᠡᠭᠳᠡᠯ ᠬᠠᠰᠤᠨᠨᠳᠠᠯᠢ ᠲᠡᠩᠴᠡᠭᠦᠷᠢᠲᠡᠶ ᠪᠠᠶ᠋ᠢᠯᠭ᠋ᠠᠬᠤ》 ᠪᠣᠳᠣᠯᠭ᠎ᠠ ᠵᠢ ᠤᠷᠢᠳ ᠵᠶ᠋ᠠᠷ ᠲᠣᠬᠢᠷᠠᠭᠤᠯᠣᠨ ᠨᠠᠢ᠍ᠢ᠍ᠳᠠᠪᠤᠷᠢᠵᠢᠭᠤᠯᠤᠨ᠎ᠠ᠃ ᠲᠦᠪ᠂ ᠦᠪᠡᠷᠳᠡᠬᠡᠨ ᠵᠠᠰᠠᠬᠤ ᠤᠷᠤᠨ᠎ᠤ ᠡᠳ᠋᠎ᠤᠨ ᠵᠠᠰᠠᠭ᠎ᠤᠨ ᠬᠦᠳᠡᠭᠡ ᠲᠤᠰᠬᠤᠨ᠎ᠢ ᠭᠦᠭᠵᠢᠬᠦᠯᠦᠨ ᠮᠠᠨᠳᠤᠭᠤᠯᠬᠤ ᠵᠢ ᠠᠬᠢᠭᠤᠯᠬᠤ᠎ᠯᠤᠭ᠎ᠠ ᠵᠤᠯᠭ᠋ᠠᠯᠳᠤᠭᠤᠯᠤᠨᠨᠰᠠᠨ ᠨᠦᠭᠦᠪᠦᠷᠢ ᠪᠡᠯᠡ ᠮᠦᠩᠭᠦ ᠵᠢ ᠨᠢᠬᠡᠳᠦᠯᠳᠡᠢ ᠲᠦᠯᠦᠪᠵᠢᠬᠦᠯᠦᠨ ᠠᠰᠢᠨᠨᠯᠠᠵᠦ ᠪᠠᠢ᠍ᠢ᠍ᠭ᠋ᠠᠳ ᠲᠦᠮᠦᠰᠦᠨ᠎ᠤ ᠬᠦᠢ᠍ᠳᠡᠨ ᠬᠠᠳᠠᠭ᠋ᠠᠯᠠᠯᠲᠠ᠎ᠪᠠᠷ ᠰᠢᠨ᠎ᠡ ᠰᠤᠷᠭᠤᠭ᠎ᠢ ᠪᠠᠲᠤᠯᠠᠬᠤ ᠤᠳᠤᠬᠢᠴᠢ ᠪᠡᠯᠡᠳᠬᠡᠮᠵᠢ ᠪᠠᠢ᠍ᠢ᠍ᠭᠤᠯᠬᠤ ᠵᠢ ᠲᠡᠮᠵᠢᠵᠦ᠂ ᠤᠷᠢᠳ ᠵᠶ᠋ᠠᠷ ᠪᠠᠢ᠍ᠢ᠍ᠭᠤᠯᠵᠦ ᠲᠠᠷᠠᠭ᠎ᠠ᠎ᠳᠤᠨᠢ ᠨᠦᠭᠦᠪᠦᠷᠢᠯᠡᠬᠦ ᠠᠷᠭ᠎ᠠ ᠮᠠᠶᠢᠭ᠎ᠢ ᠬᠡᠷᠡᠭᠯᠡᠨ᠂ ᠵᠢᠯ ᠪᠦᠷᠢ ᠲᠠᠷᠢᠶᠠᠴᠢᠨ᠎ᠲᠠᠢ ᠬᠤᠯᠪᠤᠭ᠋ᠠᠯᠠᠵᠦ ᠲᠠᠷᠢᠶᠠᠴᠢᠨ᠎ᠢ ᠲᠠᠢ᠍ᠢ᠍ᠴᠢᠯᠠᠬᠤ ᠴᠢᠳᠠᠪᠤᠷᠢ᠎ᠪᠠᠷ ᠴᠢᠩᠭ᠎ᠠ ᠪᠣᠯᠬᠤᠢ᠍ᠢ᠍ᠴᠠ ᠨᠡᠮᠡᠭᠦᠷᠢ ᠭᠦᠷᠲᠡᠬᠡᠬᠦ ᠰᠢᠯᠢᠳᠡᠭ ᠡᠲᠡᠭᠡᠳ᠎ᠢ ᠰᠤᠩᠭᠤᠨ ᠲᠤᠨᠨᠳᠠᠭ᠋ᠠᠵᠦ᠂ ᠭᠠᠷᠤᠯᠲᠠ ᠵᠢᠨ ᠤᠷᠤᠨ᠎ᠤ ᠲᠠᠷᠢᠮᠠᠯ ᠲᠠᠷᠢᠨᠨᠴᠢᠳ ᠭᠦᠮᠦᠷᠭᠡ ᠵᠢᠨ ᠪᠠᠭᠳᠠᠭ᠋ᠠᠮᠵᠢ᠎ᠨᠢ 2000 ᠲᠣᠨ᠎ᠠᠴᠠ ᠲᠡᠬᠡᠭᠰᠢᠬᠢ ᠬᠦᠢ᠍ᠳᠡᠨ ᠬᠠᠳᠠᠭ᠋ᠠᠯᠠᠯᠲᠠ᠎ᠪᠠᠷ ᠰᠢᠨ᠎ᠡ ᠰᠤᠷᠭᠤᠭ᠎ᠢ ᠪᠠᠲᠤᠯᠠᠬᠤ ᠤᠳᠤᠬᠢᠴᠢᠯᠬᠠᠰᠠᠨ ᠪᠡᠯᠡᠳᠬᠡᠮᠵᠢ ᠵᠢ ᠰᠢᠨ᠎ᠡ᠎ᠪᠠᠷ ᠪᠠᠢ᠍ᠢ᠍ᠭᠤᠯᠤᠨᠨᠰᠠᠨ ᠪᠤᠶᠤ ᠦᠬᠡᠷᠡᠴᠢᠯᠡᠨ ᠪᠠᠢ᠍ᠢ᠍ᠭᠤᠯᠤᠨᠨᠰᠠᠨ (ᠭᠦᠢ᠍ᠳᠡᠨ ᠬᠠᠳᠠᠭ᠋ᠠᠯᠠᠯᠲᠠ ᠵᠢᠨ ᠲᠤᠨᠤᠭ ᠲᠦᠭᠦᠬᠡᠷᠦᠮᠵᠢ ᠤᠨᠨᠰᠠᠷᠬᠠᠰᠠᠨ ᠦᠭᠡᠢ ᠡᠩ᠎ᠤᠨ ᠬᠠᠳᠠᠭ᠋ᠠᠯᠠᠬᠤ ᠭᠦᠮᠦᠷᠭᠡ ᠵᠢ ᠦᠬᠡᠷᠡᠴᠢᠯᠡᠨ ᠰᠢᠨᠡᠳᠬᠡᠬᠦ ᠵᠢ ᠵᠢᠭ᠋ᠠᠨ᠎ᠠ) ᠪᠠᠢ᠍ᠢ᠍ᠪᠠᠯ᠂ ᠪᠦᠳᠦᠬᠡᠨ ᠪᠠᠢ᠍ᠢ᠍ᠭᠤᠯᠤᠯᠲᠠ ᠵᠢᠨ ᠪᠦᠭᠦ ᠦᠢ᠍ᠯᠡᠳᠦᠭᠰᠡᠨ ᠦᠨ᠎ᠡ ᠵᠢᠨ 30%᠂ ᠲᠠᠩ ᠴᠤᠨᠨᠴᠠᠳᠤ ᠪᠡᠯᠡᠳᠬᠡᠮᠵᠢ᠎ᠳᠤ ᠬᠠᠮᠤᠭ᠎ᠤᠨ ᠠᠷᠪᠢᠨ᠎ᠳᠤ᠎ᠪᠠᠨ 100 ᠲᠦᠮᠡᠨ ᠲᠦᠭᠦᠷᠢᠭ᠎ᠤᠨ ᠶᠤᠰᠤᠭ᠋ᠠᠷ ᠨᠡᠮᠡᠭᠦᠷᠢ ᠣᠯᠭᠤᠨ᠎ᠠ᠂ ᠦᠪᠡᠷᠳᠡᠬᠡᠨ ᠵᠠᠰᠠᠬᠤ ᠤᠷᠤᠨ᠎ᠠᠴᠠ ᠨᠡᠮᠡᠭᠦᠷᠢ ᠤᠯᠭᠤᠨᠨᠰᠠᠨ ᠰᠠᠭᠤᠷᠢᠨ ᠳᠡᠭᠡᠷ᠎ᠡ ᠠᠢ᠍ᠢ᠍ᠮᠠᠭ ᠬᠤᠲᠠ ᠪᠠ ᠬᠤᠰᠢᠭᠤ ᠰᠢᠶᠠᠨ (ᠬᠤᠲᠠ᠂ ᠲᠤᠭᠤᠷᠢᠭ)᠎ᠤ ᠡᠳ᠋᠎ᠤᠨ ᠵᠠᠰᠠᠭ᠎ᠠᠴᠠ ᠵᠤᠬᠢᠮᠵᠢᠳᠠᠢ᠎ᠪᠠᠷ ᠲᠠᠬᠢᠵᠦ ᠨᠡᠮᠡᠭᠦᠷᠢ ᠣᠯᠭᠤᠬᠤ ᠵᠢ ᠵᠤᠷᠢᠨᠨᠵᠢᠭᠤᠯᠤᠨ᠎ᠠ᠃ (ᠬᠠᠷᠢᠭᠤᠴᠠᠯᠭ᠋ᠠᠲᠤ ᠨᠢᠭᠡᠴᠢ᠄ ᠦᠪᠡᠷᠳᠡᠬᠡᠨ ᠵᠠᠰᠠᠬᠤ ᠤᠷᠤᠨ᠎ᠤ ᠲᠠᠷᠢᠶᠠᠯᠠᠩ ᠮᠠᠯ ᠠᠵᠦ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ᠂ ᠭᠦᠭᠵᠢᠬᠦᠯᠦᠯᠳᠡ ᠪᠠ ᠦᠬᠡᠷᠡᠴᠢᠯᠡᠯᠲᠡ ᠵᠢᠨ ᠵᠦᠪᠯᠡᠯ᠂ ᠡᠳ᠋᠎ᠤᠨ ᠵᠠᠰᠠᠭ᠎ᠤᠨ ᠲᠢᠩᠬᠢᠮ᠂ ᠪᠠᠢ᠍ᠢ᠍ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠬᠦᠳᠡᠭᠡ ᠲᠤᠰᠬᠤᠨ᠎ᠢ ᠭᠦᠭᠵᠢᠬᠦᠯᠦᠨ ᠮᠠᠨᠳᠤᠭᠤᠯᠬᠤ ᠲᠤᠪᠴᠢᠶ᠎ᠡ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠤᠰᠤᠭ᠋ᠠᠷ ᠨᠡᠢ᠍ᠢ᠍ᠳᠡᠪᠤᠷᠢᠵᠢᠭᠤᠯᠤᠨᠠ)
ᠳᠥᠷᠪᠡ᠂ ᠲᠦᠮᠦᠰᠦᠨ᠎ᠤ ᠨᠡᠷᠡᠲᠦ ᠲᠡᠮᠳᠡᠭ᠎ᠤᠨ ᠨᠦᠯᠦᠬᠡᠯᠡᠬᠦ ᠭᠦᠴᠦᠨ᠎ᠢ ᠨᠡᠮᠡᠭᠳᠡᠬᠦᠯᠦᠨ᠎ᠡ
ᠲᠦᠮᠦᠰᠦᠨ᠎ᠤ ᠠᠵᠦ ᠦᠢ᠍ᠯᠡᠰ᠎ᠤᠨ ᠨᠡᠷᠡᠳᠦ ᠲᠡᠮᠳᠡᠭ᠎ᠢ ᠭᠦᠮᠦᠵᠢᠬᠦᠯᠦᠨ ᠪᠦᠢ᠍ᠵᠢᠭᠤᠯᠬᠤ ᠪᠠ ᠵᠠᠬ᠎ᠠ ᠲᠡᠯᠬᠡᠭᠦᠷ᠎ᠤᠨ ᠡᠵᠡᠩᠨᠡᠯᠲᠡ ᠪᠤᠷᠤᠯᠠᠭᠤᠯᠤᠯᠲᠠ ᠬᠢᠬᠦ ᠵᠢ ᠲᠡᠮᠵᠢᠵᠦ᠂ ᠠᠵᠦ ᠠᠬᠤᠢ᠍ᠢ᠍ᠯᠠᠯ᠎ᠤᠨ ᠪᠦᠳᠦᠬᠡᠭᠳᠡᠬᠦᠨ᠎ᠤ ᠶᠠᠰᠤ ᠴᠢᠨᠠᠷ ᠪᠠ ᠪᠠᠷᠢᠮᠵᠢᠶᠠᠵᠢᠭᠤᠯᠬᠤ ᠬᠢᠷᠢ ᠲᠦᠪᠰᠢᠨ ᠵᠶ᠋ᠠᠨ ᠳᠡᠬᠡᠭᠰᠢᠯᠡᠬᠦᠯᠬᠦ ᠵᠢ᠎ᠨᠢ ᠵᠤᠷᠢᠨᠨᠵᠢᠭᠤᠯᠤᠨ᠂ 《ᠦᠪᠦᠷ ᠮᠤᠩᠭᠤᠯ》 ᠨᠡᠷᠡᠮᠵᠢᠲᠦ ᠲᠡᠮᠳᠡᠭ ᠵᠶ᠋ᠠᠷ ᠬᠦᠲᠦᠯᠦᠨ ᠲᠠᠭ᠋ᠠᠭᠤᠯᠵᠦ ᠪᠠᠢ᠍ᠢ᠍ᠭ᠋ᠠᠳ ᠨᠢᠬᠡᠳᠦᠯᠳᠡᠢ ᠪᠠᠷᠢᠮᠵᠢᠶ᠎ᠡ᠂ ᠨᠢᠬᠡᠳᠦᠯᠳᠡᠢ ᠨᠡᠷᠡᠳᠦ ᠲᠡᠮᠳᠡᠭ᠂ ᠨᠢᠬᠡᠳᠦᠯᠳᠡᠢ ᠪᠣᠭᠤᠳᠠᠯ ᠪᠠᠭᠯᠠᠭ᠎ᠠ᠂ ᠨᠢᠬᠡᠲᠦᠯᠳᠡᠢ ᠰᠤᠷᠲᠠᠯ ᠤᠬᠠᠭᠤᠯᠭ᠎ᠠ᠂ ᠨᠢᠬᠡᠳᠦᠯᠳᠡᠢ ᠡᠵᠡᠩᠨᠡᠯᠲᠡ ᠪᠤᠷᠤᠯᠠᠭᠤᠯᠭ᠎ᠠ᠎ᠪᠠᠷ ᠦᠪᠦᠷ ᠮᠤᠩᠭᠤᠯ᠎ᠤᠨ ᠲᠦᠮᠦᠰᠦᠨ᠎ᠤ ᠤᠷᠤᠨ ᠪᠦᠰᠡ ᠵᠢᠨ ᠨᠡᠷᠡᠲᠦ ᠲᠡᠮᠳᠡᠭ᠎ᠢ ᠴᠤᠨᠨᠴᠠᠯᠠᠨᠠ᠃ 《ᠦᠪᠦᠷ ᠮᠤᠩᠭᠤᠯ》 ᠨᠡᠷᠡᠮᠵᠢᠲᠦ ᠲᠡᠮᠳᠡᠭ᠎ᠤᠨ ᠬᠡᠷᠡᠴᠢᠯᠡᠭᠡ ᠵᠢ ᠠᠬᠢᠭᠤᠯᠵᠦ᠂ 《ᠦᠪᠦᠷ ᠮᠤᠩᠭᠤᠯ》 ᠨᠡᠷᠡᠮᠵᠢᠳᠦ ᠲᠡᠮᠳᠡᠭ᠎ᠤᠨ ᠬᠡᠷᠡᠴᠢᠯᠡᠯᠢ ᠤᠯᠤᠨᠨᠰᠠᠨ ᠠᠵᠦ ᠠᠬᠤᠢ᠍ᠢ᠍ᠯᠠᠯ᠎ᠳᠤ ᠰᠢᠯᠭ᠋ᠠᠨ ᠪᠠᠶ᠋ᠢᠴᠠᠭ᠋ᠠᠵᠦ ᠬᠡᠮᠵᠢᠨ ᠪᠠᠶ᠋ᠢᠴᠠᠭ᠋ᠠᠬᠤ᠂ ᠬᠡᠷᠡᠴᠢᠯᠡᠭᠡ ᠬᠢᠬᠦ ᠵᠡᠷᠭᠡ ᠵᠠᠷᠤᠳᠠᠯ᠎ᠤᠨ ᠲᠠᠯ᠎ᠠ᠎ᠳᠤ 5 ᠲᠦᠮᠡᠨ ᠲᠦᠭᠦᠷᠢᠭ᠎ᠤᠨ ᠨᠡᠮᠡᠭᠦᠷᠢ ᠤᠯᠭᠤᠨ᠎ᠠ᠃ (ᠬᠠᠷᠢᠭᠤᠴᠠᠯᠭ᠋ᠠᠲᠤ ᠨᠢᠭᠡᠴᠢ᠄ ᠦᠪᠡᠷᠳᠡᠭᠡᠨ ᠵᠠᠰᠠᠬᠤ ᠤᠷᠤᠨ᠎ᠤ ᠵᠠᠬ᠎ᠠ ᠲᠡᠯᠬᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠤᠪᠴᠢᠶ᠎ᠡ᠂ ᠡᠳ᠋᠎ᠤᠨ ᠵᠠᠰᠠᠭ᠎ᠤᠨ ᠲᠢᠩᠬᠢᠮ᠂ ᠲᠠᠷᠢᠶᠠᠯᠠᠩ ᠮᠠᠯ ᠠᠵᠦ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ ᠡᠭᠦᠷᠬᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠤᠰᠤᠭ᠋ᠠᠷ ᠨᠠᠢ᠍ᠢ᠍ᠳᠠᠪᠤᠷᠢᠵᠢᠭᠤᠯᠤᠨ᠎ᠠ)
ᠲᠠᠪᠤ᠂ ᠲᠦᠮᠦᠰᠦᠨ᠎ᠤ ᠠᠵᠦ ᠦᠢ᠍ᠯᠡᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠯ᠎ᠢ ᠴᠢᠩᠭ᠋ᠠᠳᠬᠠᠨ᠎ᠠ
ᠲᠦᠮᠦᠰᠦᠨ᠎ᠤ ᠲᠠᠯ᠎ᠠ᠎ᠪᠠᠷ᠎ᠬᠢ ᠡᠳ᠋ᠰᠢᠬᠦᠯᠦᠨ ᠪᠤᠯᠪᠠᠰᠤᠷᠠᠭᠤᠯᠬᠤ ᠪᠦᠳᠦᠬᠡᠭᠳᠡᠬᠦᠨ ᠰᠤᠳᠤᠯᠤᠨ ᠨᠡᠬᠡᠬᠡᠬᠦ ᠵᠢ ᠲᠡᠮᠵᠢᠵᠦ᠂ ᠦᠪᠡᠷᠳᠡᠭᠡᠨ ᠵᠠᠰᠠᠬᠤ ᠣᠷᠣᠨ᠎ᠤ ᠰᠢᠨᠵᠢᠯᠡᠬᠦ ᠣᠬᠠᠭ᠋ᠠᠨ ᠲᠧᠭᠨᠢᠭ ᠮᠡᠷᠭᠡᠵᠢᠯ᠎ᠤᠨ ᠲᠣᠰᠬᠠᠢ ᠪᠡᠯᠡ ᠮᠦᠡᠭᠬᠦ ᠪᠠ ᠰᠢᠨᠵᠢᠯᠡᠬᠦ ᠣᠬᠠᠭ᠋ᠠᠨ ᠲᠧᠭᠨᠢᠭ ᠮᠡᠷᠭᠡᠵᠢᠯ᠎ᠤᠨ ᠰᠠᠭᠤᠷᠢ ᠮᠦᠡᠭᠬᠦ ᠵᠡᠷᠭᠡ᠎ᠳᠤ ᠳᠥᠰᠢᠭᠯᠡᠨ᠂ ᠠᠵᠦ ᠠᠬᠤᠶ᠋ᠢᠯᠠᠯ᠎ᠤᠨ᠎ᠬᠢᠨ᠎ᠤ ᠴᠠᠷᠳᠠᠭᠤᠯ᠎ᠤᠨ ᠰᠤᠩᠭ᠋ᠠᠯ ᠬᠦᠷᠢᠶ᠎ᠡ ᠴᠡᠷᠠᠭ᠎ᠠ ᠵᠡᠷᠭᠡ᠎ᠳᠠᠬᠢ ᠨᠠᠷᠢᠯᠢᠬ ᠭᠦᠨ ᠡᠳ᠋ᠰᠢᠭᠦᠯᠦᠭᠰᠡᠨ ᠪᠦᠳᠦᠭᠡᠭᠳᠡᠬᠦᠨ᠂ ᠳᠦᠮᠦᠰᠣ ᠵᠢ ᠦᠬᠡᠷ ᠬᠤᠨᠢᠨ ᠮᠢᠬ᠎ᠠ ᠪᠠ ᠨᠣᠬᠠᠢ ᠵᠢᠨ ᠬᠤᠰᠢᠭᠤ ᠵᠡᠷᠭᠡ ᠢᠳᠡᠭᠡᠨ᠎ᠲᠠᠢ ᠳᠣᠬᠢᠷᠠᠭᠤᠯᠤᠨ ᠲᠡᠩᠨᠡᠬᠦᠯᠵᠦ ᠤᠷᠢᠳᠴᠢᠯᠡᠨ ᠬᠢᠭᠰᠡᠨ ᠵᠠᠭᠤᠰᠢ᠂ ᠰᠤᠯᠡ ᠢᠳᠡᠭᠡᠨ ᠵᠡᠷᠭᠡ ᠵᠢ ᠰᠣᠳᠣᠯᠥᠨ ᠨᠡᠭᠡᠭᠡᠬᠦ ᠡᠷᠴᠢᠮ ᠵᠶ᠋ᠠᠨ ᠴᠢᠩᠭ᠋ᠠᠷᠡᠭᠤᠯᠬᠤ ᠵᠢ ᠭᠤᠤᠯᠳᠡᠯᠭ᠎ᠠ᠎ᠲᠠᠢ ᠳᠡᠮᠵᠢᠨ᠎ᠠ᠃ ᠬᠤᠷᠢᠶᠠᠬᠤ ᠮᠠᠰᠢᠨ ᠮᠧᠬᠠᠨᠢᠭ ᠪᠠ ᠡᠳ᠋ᠰᠢᠬᠦᠯᠦᠨ ᠪᠤᠯᠪᠠᠰᠤᠷᠠᠭᠤᠯᠬᠤ ᠲᠤᠨᠤᠭ ᠲᠦᠭᠦᠬᠡᠷᠦᠮᠵᠢ ᠵᠢ ᠰᠤᠳᠤᠯᠤᠨ ᠨᠡᠬᠡᠬᠡᠵᠦ ᠬᠡᠷᠡᠭᠯᠡᠬᠦ ᠵᠢ ᠲᠡᠮᠵᠢᠵᠦ᠂ ᠦᠪᠡᠷᠳᠡᠬᠡᠨ ᠵᠠᠰᠠᠬᠤ ᠤᠷᠤᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠬᠡᠵᠢᠯ᠎ᠤᠨ ᠲᠤᠰᠬᠠᠢ ᠪᠡᠯᠡ ᠮᠦᠩᠭᠦ ᠪᠠ ᠰᠢᠨᠵᠢᠯᠡᠬᠦ ᠤᠬᠠᠭ᠋ᠠᠨ ᠲᠧᠭᠨᠢᠭ ᠮᠡᠷᠬᠡᠵᠢᠯ᠎ᠤᠨ ᠰᠠᠭᠤᠷᠢ ᠮᠦᠩᠭᠦᠨ᠎ᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠲᠦᠮᠦᠰᠦ ᠬᠤᠷᠢᠶᠠᠬᠤ ᠮᠠᠰᠢᠨ ᠮᠧᠬᠠᠨᠢᠭ ᠪᠠ ᠡᠳ᠋ᠰᠢᠬᠦᠯᠦᠨ ᠪᠤᠯᠪᠠᠰᠤᠷᠠᠭᠤᠯᠬᠤ ᠲᠤᠨᠤᠭ ᠲᠦᠭᠦᠬᠡᠷᠦᠮᠵᠢ ᠰᠤᠳᠤᠯᠤᠨ ᠨᠡᠬᠡᠬᠡᠬᠦ ᠵᠢ ᠤᠷᠢᠳ ᠵᠶ᠋ᠠᠷ ᠲᠡᠮᠵᠢᠵᠦ᠂ ᠠᠵᠦ ᠠᠬᠤᠶ᠋ᠢᠯᠠᠯ ᠪᠠ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠭᠦᠷᠢᠶᠡᠯᠡᠩ ᠭᠠᠵᠠᠷ᠎ᠤᠨ ᠬᠠᠮᠳᠤᠷᠠᠨ ᠲᠦᠮᠦᠰᠦ ᠬᠤᠷᠢᠶᠠᠬᠤ ᠪᠠ ᠲᠡᠭᠦᠵᠦ ᠣᠭᠤᠳᠠᠯᠠᠬᠤ᠂ ᠨᠠᠷᠢᠯᠢᠬ ᠭᠦᠨ ᠡᠳ᠋ᠰᠢᠬᠦᠯᠦᠨ ᠪᠤᠯᠪᠠᠰᠤᠷᠠᠭᠤᠯᠬᠤ ᠲᠤᠨᠤᠭ ᠲᠦᠭᠦᠬᠡᠷᠦᠮᠵᠢ ᠵᠡᠷᠬᠡ ᠵᠢ ᠰᠤᠳᠤᠯᠤᠨ ᠨᠡᠬᠡᠬᠡᠬᠦ ᠪᠠ ᠬᠡᠷᠡᠭᠯᠡᠬᠦ ᠵᠢ᠎ᠨᠢ ᠲᠡᠮᠵᠢᠨ᠎ᠠ᠃ ᠳᠡᠭᠡᠳᠦ ᠲᠠᠰ ᠳᠠᠪᠬᠤᠷᠭ᠎ᠠ ᠵᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠵᠢ ᠳᠡᠮᠵᠢᠵᠦ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠂ ᠲᠠᠷᠢᠶᠠᠯᠠᠩ᠎ᠳᠤ ᠬᠤᠯᠪᠣᠭᠳᠠᠬᠤ ᠶᠡᠭᠡ ᠳᠡᠭᠡᠳᠦ ᠰᠤᠷᠭ᠋ᠠᠭᠤᠯᠢ᠂ ᠠᠵᠤ ᠠᠬᠤᠶ᠋ᠢᠯᠠᠯ ᠵᠡᠷᠭᠡ ᠵᠢᠨ ᠲᠦᠮᠦᠰᠦᠨ᠎ᠤ ᠪᠥᠬᠦ ᠬᠡᠯᠬᠢᠶ᠎ᠡ ᠵᠢᠨ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠳᠡᠭᠡᠳᠦ ᠲᠠᠰ ᠲᠠᠪᠬᠤᠷᠭ᠎ᠠ ᠵᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠵᠢ ᠳᠡᠮᠵᠢᠨ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠎ᠳᠤ ᠲᠥᠷᠥ ᠵᠢᠨ ᠪᠣᠳᠣᠯᠭ᠎ᠠ᠎ᠪᠠᠷ ᠲᠡᠳᠬᠦᠬᠦ᠂ ᠰᠤᠳᠤᠯᠤᠨ ᠨᠡᠭᠡᠭᠡᠬᠦ ᠨᠥᠬᠦᠴᠡᠯ᠎ᠢ ᠳᠡᠭᠡᠭᠰᠢᠯᠡᠭᠦᠯᠬᠦ ᠵᠡᠷᠭᠡ ᠲᠠᠯ᠎ᠠ᠎ᠳᠤ ᠬᠡᠯᠪᠠᠢ᠍ᠢ᠍ᠯᠳᠡᠲᠠᠢ ᠪᠠᠢ᠍ᠢ᠍ᠯᠭ᠋ᠠᠨᠠ᠃ (ᠬᠠᠷᠢᠭᠤᠴᠠᠯᠭ᠋ᠠᠲᠤ ᠨᠢᠭᠡᠴᠢ᠄ ᠦᠪᠡᠷᠳᠡᠬᠡᠨ ᠵᠠᠰᠠᠬᠤ ᠤᠷᠤᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠬᠡᠵᠢᠯ᠎ᠤᠨ ᠲᠢᠩᠬᠢᠮ᠂ ᠠᠵᠦ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠭᠦᠮᠦᠨ᠎ᠤ ᠭᠦᠴᠦᠨ᠎ᠤ ᠡᠬᠢ ᠪᠠᠶᠠᠯᠢᠭ ᠪᠠ ᠨᠡᠢ᠍ᠢ᠍ᠬᠡᠮ᠎ᠤᠨ ᠪᠠᠳᠤᠯᠠᠭ᠎ᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠲᠠᠷᠢᠶᠠᠯᠠᠩ ᠮᠠᠯ ᠠᠵᠦ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠤᠰᠤᠭ᠋ᠠᠷ ᠨᠠᠢ᠍ᠢ᠍ᠳᠠᠪᠤᠷᠢᠵᠢᠭᠤᠯᠤᠨ᠎ᠠ)
ᠵᠢᠷᠭᠤᠭ᠎ᠠ᠂ ᠪᠦᠭᠦ ᠠᠵᠦ ᠦᠢ᠍ᠯᠡᠰ᠎ᠤᠨ ᠮᠦᠩᠭᠦᠨ ᠭᠦᠢ᠍ᠯᠭᠡᠭᠡᠨ᠎ᠤ ᠲᠡᠮᠵᠢᠯᠭᠡ ᠵᠢ ᠴᠢᠩᠭ᠋ᠠᠷᠠᠭᠤᠯᠤᠨ᠎ᠠ
ᠲᠤᠰᠬᠠᠢ ᠵᠦᠢ᠍ᠯ᠎ᠤᠨ ᠮᠦᠩᠭᠦᠨ ᠭᠦᠢ᠍ᠯᠬᠡᠬᠡᠨ᠎ᠤ ᠨᠡᠷᠡᠳᠬᠦᠨ ᠭᠠᠷᠭ᠋ᠠᠬᠤ ᠵᠢ ᠲᠡᠮᠵᠢᠵᠦ᠂ ᠪᠠᠩᠬᠢ ᠵᠢᠨ ᠦᠢ᠍ᠯᠡᠰ᠎ᠤᠨ ᠮᠦᠩᠭᠦᠨ ᠭᠦᠢ᠍ᠯᠬᠡᠬᠡᠨ᠎ᠤ ᠪᠠᠢ᠍ᠢ᠍ᠭᠤᠯᠤᠮᠵᠢ᠎ᠨᠢ ᠲᠦᠮᠦᠰᠦ ᠵᠢᠴᠢ ᠦᠷ᠎ᠡ ᠵᠢᠨ ᠲᠦᠮᠦᠰᠦ ᠵᠢ ᠦᠢ᠍ᠯᠡᠳᠪᠦᠷᠢᠯᠡᠨ ᠪᠤᠷᠤᠯᠠᠭᠤᠯᠬᠤ ᠦᠶᠡᠯᠡᠯ᠎ᠤᠨ ᠤᠨᠴᠠᠯᠢᠭ᠎ᠢ ᠦᠨᠳᠦᠰᠦᠯᠡᠨ᠂ ᠨᠢᠭᠡ ᠤᠳᠠᠭ᠎ᠠ᠎ᠳᠤ ᠢᠲᠡᠭᠡᠮᠵᠢ ᠣᠯᠭᠤᠬᠤ᠂ ᠠᠪᠤᠨ ᠵᠢᠬᠡᠯᠡᠵᠦ ᠪᠤᠴᠠᠭ᠋ᠠᠬᠤ᠂ ᠡᠷᠭᠢᠯᠳᠦᠭᠦᠯᠦᠨ ᠬᠡᠷᠡᠭᠯᠡᠵᠦ ᠪᠣᠯᠬᠤ ᠢᠲᠡᠭᠡᠮᠵᠢᠲᠦ ᠵᠢᠭᠡᠯᠡᠯᠭᠡ ᠵᠢᠨ ᠨᠡᠷᠡᠳᠬᠦᠨ᠎ᠢ ᠲᠡᠯᠬᠡᠷᠡᠭᠦᠯᠵᠦ᠂ ᠦᠷ᠎ᠡ ᠵᠢᠨ ᠲᠦᠮᠦᠰᠦᠨ᠎ᠤ ᠠᠵᠤ ᠠᠬᠤᠶ᠋ᠢᠯᠠᠯ᠂ ᠲᠠᠷᠢᠮᠠᠯ᠎ᠤᠨ ᠲᠣᠮᠣ ᠡᠷᠦᠬᠡ᠂ ᠨᠠᠷᠢᠯᠢᠬ ᠭᠦᠨ ᠡᠳ᠋ᠰᠢᠬᠦᠯᠦᠨ ᠪᠤᠯᠪᠠᠰᠤᠷᠠᠭᠤᠯᠬᠤ ᠠᠵᠤ ᠠᠬᠤᠶ᠋ᠢᠯᠠᠯ᠎ᠳᠤ ᠢᠲᠡᠭᠡᠮᠵᠢᠲᠦ ᠵᠢᠭᠡᠯᠡᠯᠭᠡ ᠵᠢᠨ ᠳᠡᠮᠵᠢᠯᠭᠡ ᠦᠵᠡᠭᠦᠯᠬᠦ ᠡᠷᠴᠢᠮ ᠵᠶ᠋ᠠᠨ ᠴᠢᠩᠭ᠋ᠠᠷᠠᠭᠤᠯᠬᠤ ᠬᠡᠷᠡᠭᠲᠡᠶ᠃ ᠡᠯ᠎ᠡ ᠭᠠᠵᠠᠷ ᠣᠷᠣᠨ᠎ᠤ᠎ᠬᠢᠨ ᠲᠤᠰᠬᠠᠢ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ ᠵᠢ ᠭᠤᠶᠤᠴᠢᠯᠠᠨ ᠬᠡᠷᠡᠭᠯᠡᠵᠦ ᠪᠠᠢ᠍ᠢ᠍ᠭ᠋ᠠᠳ ᠠᠵᠤ ᠦᠢ᠍ᠯᠡᠰ᠎ᠤᠨ ᠬᠡᠯᠬᠢᠶᠡᠨ᠎ᠤ ᠬᠥᠭᠵᠢᠯᠲᠡ᠎ᠪᠠᠨ ᠠᠬᠢᠭᠤᠯᠬᠤ ᠵᠢ ᠳᠡᠮᠵᠢᠨ᠎ᠡ᠃ ᠪᠡᠯᠡ ᠲᠣᠬᠢᠷᠠᠭᠤᠯᠬᠤ ᠳᠠᠭ᠋ᠠᠭ᠋ᠠᠯᠲᠠ ᠵᠢᠨ ᠪᠠᠶ᠋ᠢᠭᠤᠯᠤᠮᠵᠢ ᠵᠢᠨ ᠢᠲᠡᠭᠡᠮᠵᠢ ᠵᠢ ᠨᠡᠮᠡᠭᠳᠡᠬᠦᠯᠬᠦ ᠵᠢᠨ ᠲᠡᠮᠵᠢᠬᠦ ᠡᠷᠴᠢᠮ᠎ᠢ ᠴᠢᠩᠭ᠋ᠠᠷᠠᠭᠤᠯᠵᠦ᠂ ᠲᠠᠷᠢᠶᠠᠯᠠᠩ ᠮᠠᠯ ᠠᠵᠤ ᠠᠬᠤᠢ ᠵᠢᠨ ᠪᠡᠯᠡ ᠲᠣᠬᠢᠷᠠᠭᠤᠯᠬᠤ ᠳᠠᠭ᠋ᠠᠭ᠋ᠠᠯᠲᠠ ᠵᠢᠨ ᠺᠣᠮᠫᠠᠨᠢ ᠵᠡᠷᠭᠡ ᠵᠠᠰᠠᠭ᠎ᠤᠨ ᠣᠷᠳᠣᠨ᠎ᠤ ᠴᠢᠨᠠᠷᠲᠠᠢ ᠪᠡᠯᠡ ᠲᠣᠬᠢᠷᠠᠭᠤᠯᠬᠤ ᠳᠠᠭ᠋ᠠᠭ᠋ᠠᠯᠲᠠ ᠵᠢᠨ ᠪᠠᠶ᠋ᠢᠭᠤᠯᠤᠮᠵᠢ ᠵᠢᠨ ᠦᠢ᠍ᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠤᠨ᠂ ᠪᠡᠯᠡ ᠲᠣᠬᠢᠷᠠᠭᠤᠯᠬᠤ ᠳᠠᠭ᠋ᠠᠭ᠋ᠠᠯᠲᠠ ᠵᠢᠨ ᠪᠠᠶ᠋ᠢᠭᠤᠯᠤᠮᠵᠢ᠎ᠠᠴᠠ ᠨᠥᠬᠦᠴᠡᠯ᠎ᠳᠤ ᠨᠡᠢ᠍ᠢ᠍ᠴᠡᠭᠰᠡᠨ ᠲᠥᠮᠥᠰᠥ ᠡᠳ᠋ᠰᠢᠬᠦᠯᠦᠨ ᠪᠤᠯᠪᠠᠰᠤᠷᠠᠭᠤᠯᠬᠤ ᠠᠵᠤ ᠠᠬᠤᠶ᠋ᠢᠯᠠᠯ᠎ᠤᠨ ᠰᠢᠨ᠎ᠡ᠎ᠪᠠᠷ ᠪᠠᠢ᠍ᠢ᠍ᠭᠤᠯᠬᠤ ᠪᠠ ᠦᠢ᠍ᠯᠡᠳᠪᠦᠷᠢᠯᠡᠯ ᠵᠶ᠋ᠠᠨ ᠦᠷᠬᠡᠳᠭᠡᠬᠦ᠂ ᠤᠷᠤᠭᠤᠯᠤᠨ ᠠᠪᠴᠢᠷᠬᠠᠰᠠᠨ ᠲᠦᠮᠦᠰᠦᠨ᠎ᠤ ᠲᠡᠷᠢᠭᠦᠨ᠎ᠤ ᠮᠠᠰᠢᠨ ᠮᠧᠬᠠᠨᠢᠭ᠎ᠢ ᠰᠤᠳᠤᠯᠤᠨ ᠨᠡᠬᠡᠬᠡᠬᠦ ᠪᠠ ᠦᠢ᠍ᠯᠡᠳᠪᠦᠷᠢᠯᠡᠬᠦ ᠠᠵᠤ ᠠᠬᠤᠶ᠋ᠢᠯᠠᠯ ᠵᠢᠴᠢ ᠲᠠᠷᠢᠮᠠᠯ᠎ᠤᠨ ᠲᠣᠮᠣ ᠡᠷᠦᠬᠡ᠂ ᠭᠡᠷ ᠪᠦᠯᠢ ᠵᠢᠨ ᠲᠠᠷᠢᠶᠠᠯᠠᠩ᠎ᠤᠨ ᠲᠠᠯᠠᠪᠠᠢ᠂ ᠬᠤᠷᠰᠢᠶ᠎ᠡ ᠵᠡᠷᠭᠡ ᠲᠠᠷᠢᠶᠠᠯᠠᠩ ᠮᠠᠯ ᠠᠵᠤ ᠠᠬᠤᠢ ᠵᠢᠨ ᠰᠢᠨ᠎ᠡ ᠬᠡᠯᠪᠡᠷᠢ ᠵᠢᠨ ᠡᠵᠡᠩᠨᠡᠯᠲᠡ ᠵᠢᠨ ᠭᠤᠣᠯ ᠴᠣᠭᠴᠠ᠎ᠳᠤ ᠵᠢᠭᠡᠯᠡᠯᠭᠡ ᠵᠢᠨ ᠲᠠᠭ᠋ᠠᠭ᠋ᠠᠯᠲᠠ ᠬᠠᠩᠭ᠋ᠠᠬᠤ ᠵᠢ ᠲᠡᠮᠵᠢᠵᠦ᠂ ᠲᠠᠭ᠋ᠠᠭ᠋ᠠᠯᠲᠠ ᠬᠢᠬᠦ ᠵᠠᠷᠤᠳᠠᠯ᠎ᠤᠨ ᠨᠣᠷᠮ᠎ᠠ ᠵᠢ ᠪᠠᠭᠤᠷᠠᠭᠤᠯᠤᠨ᠎ᠠ᠃ ᠡᠭᠦᠨ᠎ᠤ ᠬᠠᠮᠲᠤ᠂ ᠡᠯ᠎ᠡ ᠭᠠᠵᠠᠷ ᠣᠷᠣᠨ᠎ᠤ᠎ᠬᠢᠨ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ᠎ᠪᠠᠷ ᠳᠠᠮᠵᠢᠭᠤᠯᠤᠨ᠂ ᠲᠥᠮᠥᠰᠥ ᠡᠳ᠋ᠰᠢᠬᠦᠯᠦᠨ ᠪᠤᠯᠪᠠᠰᠤᠷᠠᠭᠤᠯᠬᠤ ᠵᠡᠷᠭᠡ ᠠᠵᠤ ᠠᠬᠤᠶ᠋ᠢᠯᠠᠯ᠎ᠢ ᠣᠷᠣᠭᠤᠯᠤᠨ ᠠᠪᠴᠢᠷᠠᠬᠤ ᠵᠢᠨ ᠬᠠᠮᠲᠤ ᠲᠡᠭᠦᠨ᠎ᠳᠤ ᠵᠢᠭᠡᠯᠡᠯᠭᠡ ᠵᠢᠨ ᠲᠠᠭ᠋ᠠᠭ᠋ᠠᠯᠲᠠ ᠬᠠᠩᠭ᠋ᠠᠬᠤ ᠵᠢ ᠵᠣᠷᠢᠬ᠍ᠵᠢᠭᠤᠯᠤᠨ᠎ᠠ᠃ ᠬᠤᠭᠤᠴᠠᠭ᠋ᠠᠲᠤ ᠪᠠᠷᠠᠭ᠎ᠠ ᠵᠢ ᠵᠠᠬ᠎ᠠ᠎ᠳᠤ ᠭᠠᠷᠭ᠋ᠠᠨ ᠠᠷᠠᠯᠵᠢᠶᠠᠯᠠᠬᠤ ᠵᠢ ᠠᠬᠢᠭᠤᠯᠵᠤ᠂ ᠲᠦᠮᠦᠰᠦᠨ᠎ᠤ ᠪᠡᠯᠡᠨ ᠪᠠᠷᠠᠭ᠋ᠠᠨ᠎ᠤ ᠰᠠᠭᠤᠷᠢ ᠨᠥᠬᠦᠴᠡᠯ᠎ᠢ ᠰᠠᠶ᠋ᠢᠵᠢᠷᠠᠭᠤᠯᠤᠨ᠂ ᠶᠠᠰᠤ ᠴᠢᠨᠠᠷ᠎ᠢ ᠰᠢᠯᠭ᠋ᠠᠨ ᠪᠠᠶ᠋ᠢᠴᠠᠭ᠋ᠠᠬᠤ ᠪᠠᠶ᠋ᠢᠭᠤᠯᠤᠮᠵᠢ ᠵᠢ ᠪᠤᠶ᠋ᠢᠵᠢᠭᠤᠯᠵᠤ᠂ ᠪᠡᠯᠡᠨ ᠪᠠᠷᠠᠭ᠋ᠠᠨ᠎ᠤ ᠲᠤᠭ᠎ᠠ ᠪᠠᠷᠢᠮᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠦᠨ᠂ ᠲᠦᠮᠦᠰᠦᠨ᠎ᠤ ᠬᠤᠭᠤᠴᠠᠭ᠋ᠠᠲᠤ ᠪᠠᠷᠠᠭ᠎ᠠ ᠵᠢ ᠵᠠᠬ᠎ᠠ᠎ᠳᠤ ᠭᠠᠷᠭ᠋ᠠᠨ ᠠᠷᠠᠯᠵᠢᠶᠠᠯᠠᠬᠤ ᠵᠢ ᠢᠳᠡᠪᠬᠢᠲᠡᠶ ᠠᠬᠢᠭᠤᠯᠬᠤ ᠬᠡᠷᠡᠭᠲᠡᠶ᠃ (ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ᠂ ᠤᠯᠤᠰ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠤᠪᠴᠢᠶᠡᠨᠤ ᠥᠪᠥᠷ ᠮᠣᠩᠭᠤᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠤᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠥᠪᠥᠷ ᠮᠣᠩᠭᠤᠯ᠎ᠤᠨ ᠬᠤᠪᠢᠶᠠᠷᠢ ᠪᠠᠩᠬᠢ᠂ ᠥᠪᠥᠷ ᠮᠣᠩᠭᠤᠯ᠎ᠤᠨ ᠲᠠᠷᠢᠶᠠᠯᠠᠩ ᠮᠠᠯ ᠠᠵᠤ ᠠᠬᠤᠶ ᠵᠢᠨ ᠪᠠᠯᠠ ᠲᠣᠬᠢᠷᠠᠭᠤᠯᠭ᠎ᠠ ᠵᠢᠨ ᠳᠠᠭ᠋ᠠᠭ᠋ᠠᠯᠲᠠ ᠵᠢᠨ ᠬᠢᠵᠠᠭ᠋ᠠᠷᠲᠤ ᠺᠣᠮᠫᠠᠨᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠨᠠᠶ᠋ᠢᠳᠠᠪᠤᠷᠢᠵᠢᠭᠤᠯᠤᠨ᠎ᠠ)
ᠲᠡᠭᠡᠷ᠎ᠡ ᠲᠤᠷᠠᠳᠤᠨᠨᠰᠠᠨ ᠲᠦᠷᠦ ᠵᠢᠨ ᠪᠣᠳᠣᠯᠭ᠎ᠠ ᠵᠢᠨ ᠬᠡᠷᠡᠭᠵᠢᠬᠦᠯᠬᠦ ᠴᠠᠭ ᠬᠤᠭᠤᠴᠠᠭ᠎ᠠ ᠵᠢ 2023 ᠤᠨ᠎ᠠᠴᠠ 2025 ᠤᠨ ᠬᠡᠮᠡᠨ ᠲᠦᠷ ᠲᠤᠨᠨᠳᠠᠭ᠋ᠠᠵᠦ᠂ ᠬᠡᠷᠡᠭᠵᠢᠬᠦᠯᠦᠯᠲᠡ ᠵᠢᠨ ᠪᠠᠢ᠍ᠢ᠍ᠳᠠᠯ᠎ᠢ ᠦᠨᠳᠦᠰᠦᠯᠡᠵᠦ ᠲᠤᠬᠢᠷᠠᠭᠤᠯᠤᠯᠲᠠ ᠬᠢᠨ᠎ᠡ᠂ ᠦᠪᠡᠷᠳᠡᠬᠡᠨ ᠵᠠᠰᠠᠬᠤ ᠤᠷᠤᠨ᠎ᠤ ᠡᠳ᠋᠎ᠤᠨ ᠵᠠᠰᠠᠭ᠎ᠤᠨ ᠲᠡᠮᠵᠢᠯᠬᠡ ᠵᠢ ᠰᠢᠨ᠎ᠡ᠎ᠪᠠᠷ ᠨᠡᠮᠡᠭᠳᠡᠬᠦᠯᠬᠦ ᠪᠤᠶᠤ ᠲᠡᠭᠦᠨ᠎ᠳᠤ ᠲᠤᠬᠢᠷᠠᠭᠤᠯᠤᠯᠲᠠ ᠬᠢᠬᠦ᠎ᠲᠠᠢ ᠬᠤᠯᠪᠤᠨᠨᠳᠠᠪᠠᠯ᠂ ᠡᠯ᠎ᠡ ᠬᠠᠷᠢᠭᠤᠴᠠᠯᠭ᠋ᠠᠲᠤ ᠰᠠᠯᠠᠭ᠎ᠠ ᠮᠦᠴᠢᠷ ᠨᠢᠭᠡᠴᠢ᠎ᠨᠢ ᠪᠡᠯᠡ ᠮᠦᠩᠭᠦᠨ᠎ᠤ ᠬᠠᠮᠢᠶᠠᠷᠤᠯᠲᠠ ᠪᠠ ᠠᠵᠢᠯ᠎ᠤᠨ ᠦᠷ᠎ᠡ ᠪᠦᠳᠦᠮᠵᠢ ᠵᠢ ᠰᠢᠯᠭ᠋ᠠᠨ ᠬᠢᠨᠠᠬᠤ ᠠᠷᠭ᠎ᠠ᠎ᠳᠤ᠎ᠪᠠᠨ ᠵᠤᠬᠢᠬᠤ ᠲᠤᠬᠢᠷᠠᠭᠤᠯᠤᠯᠲᠠ ᠬᠢᠵᠦ᠂ ᠡᠯ᠎ᠡ ᠵᠦᠢ᠍ᠯ᠎ᠤᠨ ᠲᠦᠷᠦ ᠵᠢᠨ ᠪᠣᠳᠣᠯᠭ᠎ᠠ ᠵᠢ ᠪᠤᠳᠠᠳᠠᠢ᠍ᠢ᠍ᠵᠢᠨ ᠬᠡᠷᠡᠭᠵᠢᠬᠦᠯᠦᠭᠳᠡᠬᠦ ᠵᠢ ᠦᠨᠡᠨ ᠭᠦ᠌ ᠪᠠᠳᠤᠯᠠᠬᠤ ᠬᠡᠷᠡᠭᠳᠡᠢ᠃ ᠡᠯ᠎ᠡ ᠲᠦᠷᠦᠭᠦᠯᠡᠨ ᠬᠢᠬᠦ ᠰᠠᠯᠠᠭ᠎ᠠ ᠮᠦᠴᠢᠷ᠎ᠨᠢ ᠲᠡᠮᠵᠢᠯᠬᠡ ᠵᠢᠨ ᠲᠦᠷᠦ ᠵᠢᠨ ᠪᠣᠳᠣᠯᠭ᠎ᠠ ᠵᠢ ᠬᠡᠷᠡᠭᠵᠢᠬᠦᠯᠦᠭᠰᠡᠨ ᠪᠠᠢ᠍ᠢ᠍ᠳᠠᠯ ᠪᠠ ᠦᠷ᠎ᠡ ᠪᠦᠳᠦᠮᠵᠢ ᠵᠢ ᠴᠠᠭ ᠲᠤᠬᠠᠢᠳᠤᠨᠢ ᠳ᠋ᠦᠩᠨᠡᠵᠦ᠂ ᠪᠠᠢ᠍ᠢ᠍ᠳᠠᠯ ᠵᠶ᠋ᠠᠨ ᠦᠨᠳᠦᠰᠦᠯᠡᠨ ᠲᠦᠷᠦ ᠵᠢᠨ ᠪᠣᠳᠣᠯᠭ᠎ᠠ᠎ᠳᠤ ᠭᠦᠳᠡᠯᠦᠩᠬᠦᠢ ᠲᠤᠬᠢᠷᠠᠭᠤᠯᠤᠯᠲᠠ ᠬᠢᠵᠦ ᠰᠢᠯᠢᠳᠡᠭᠵᠢᠬᠦᠯᠬᠦ ᠲᠤᠨᠨᠳᠠᠴᠠ ᠵᠢ ᠪᠠᠢ᠍ᠢ᠍ᠭᠤᠯᠤᠨ᠂ ᠲᠡᠮᠵᠢᠯᠬᠡ ᠵᠢᠨ ᠠᠷᠭ᠎ᠠ ᠬᠡᠮᠵᠢᠶ᠎ᠡ ᠵᠢᠨ ᠴᠠᠭᠲᠤᠨᠢ ᠲᠣᠬᠢᠷᠠᠭᠤᠯᠵᠦ ᠲᠣᠬᠢᠷᠠᠭᠤᠯᠤᠯᠲᠠ ᠬᠢᠬᠦ ᠬᠡᠷᠡᠭᠳᠡᠢ᠃

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ