ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠢ ᠠᠰᠢᠭ᠎ᠤᠨ ᠱᠠᠩᠨᠠᠯ᠎ᠢ ᠲᠣᠭᠲᠠᠭ᠋ᠠᠬᠤ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2024-07-31
ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠡᠳᠦᠭᠡ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠢ ᠠᠰᠢᠭ᠎ᠤᠨ ᠱᠠᠩᠨᠠᠯ᠎ᠢ ᠲᠣᠭᠲᠠᠭ᠋ᠠᠬᠤ ᠠᠷᠭ᠎ᠠ》 ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ ᠬᠢᠨᠠᠮᠠᠭ᠋ᠠᠶ ᠲᠤᠭᠤᠰᠢᠯᠠᠭᠤᠯᠤᠨ ᠨᠡᠢ᠍ᠢ᠍ᠳᠠᠪᠤᠷᠢᠵᠢᠭᠤᠯᠲᠤᠭ᠋ᠠᠢ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ
ᠲᠤᠰᠬᠠᠢ ᠠᠰᠢᠭ᠎ᠤᠨ ᠱᠠᠩᠨᠠᠯ᠎ᠢ ᠲᠣᠭᠲᠠᠭ᠋ᠠᠬᠤ ᠠᠷᠭ᠎ᠠ
ᠨᠢᠭᠡᠳᠦᠭᠡᠷ ᠵᠦᠢ᠍ᠯ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠦᠴᠦᠷᠬᠡᠭ ᠤᠯᠤᠰ᠎ᠤᠨ ᠪᠠᠢ᠍ᠢ᠍ᠯᠳᠤᠬᠤ ᠪᠣᠳᠣᠯᠭ᠎ᠠ ᠵᠢ ᠭᠦᠨᠵᠡᠭᠡᠢ ᠬᠡᠷᠡᠭᠵᠢᠭᠦᠯᠦᠨ᠂ ᠪᠥᠬᠦ ᠠᠷᠠᠳ᠎ᠤᠨ ᠰᠢᠨ᠎ᠡ ᠵᠢ ᠡᠭᠦᠳᠬᠦ ᠦᠵᠡᠯ ᠤᠬᠠᠮᠰᠠᠷ᠎ᠢ ᠴᠢᠩᠭ᠋ᠠᠳᠬᠠᠵᠤ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠴᠢᠨᠠᠷ ᠰᠠᠢ᠍ᠢ᠍ᠲᠠᠢ ᠡᠭᠦᠳᠦᠨ ᠪᠦᠲᠦᠭᠡᠬᠦ᠂ ᠥᠨᠳᠥᠷ ᠬᠢᠷᠢ ᠲᠦᠪᠰᠢᠨ᠎ᠲᠠᠢ᠎ᠪᠠᠷ ᠬᠠᠮᠠᠭ᠋ᠠᠯᠠᠬᠤ ᠪᠠ ᠥᠨᠳᠥᠷ ᠦᠷ᠎ᠡ ᠠᠰᠢᠭᠲᠠᠢᠪᠠᠷ ᠬᠡᠷᠡᠭᠯᠡᠬᠦ ᠵᠢ ᠠᠬᠢᠭᠤᠯᠤᠨ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠦᠴᠦᠷᠬᠡᠭ ᠣᠷᠣᠨ᠎ᠢ ᠲᠦᠷᠭᠡᠪᠴᠢᠯᠡᠨ ᠪᠠᠢ᠍ᠢ᠍ᠭᠤᠯᠬᠤ ᠵᠢᠨ ᠲᠤᠰᠠᠳᠠ᠂ 《ᠪᠦᠭᠦᠳᠡ ᠨᠡᠢ᠍ᠢ᠍ᠷᠠᠮᠳᠠᠬᠤ ᠳᠤᠮᠳᠠᠳᠤ ᠠᠷᠠᠳ ᠤᠯᠤᠰ᠎ᠤᠨ ᠲᠤᠰᠬᠠᠢ ᠠᠰᠢᠭ᠎ᠤᠨ ᠬᠠᠥᠯᠢ》᠂ 《ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ ᠵᠢᠨ ᠬᠥᠲᠥᠯᠪᠦᠷᠢ (2021 — 2035 ᠣᠨ)》 ᠵᠡᠷᠭᠡ ᠬᠠᠤᠯᠢ ᠴᠠᠭ᠋ᠠᠵᠠ᠂ ᠪᠢᠴᠢᠭ ᠮᠠᠲ᠋ᠧᠷᠢᠶᠠᠯ᠎ᠤᠨ ᠬᠤᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ᠂ ᠮᠠᠨ᠎ᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠲᠣᠰ ᠠᠷᠭ᠎ᠠ ᠵᠢ ᠲᠣᠭᠲᠠᠭ᠋ᠠᠪᠠ᠃
ᠬᠤᠶᠠᠳᠤᠭ᠋ᠠᠷ ᠵᠦᠢ᠍ᠯ ᠲᠣᠰ ᠠᠷᠭ᠎ᠠ ᠵᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠢ ᠠᠰᠢᠭ᠎ᠤᠨ ᠱᠠᠩᠨᠠᠯ᠎ᠢ ᠭᠤᠶᠤᠴᠢᠯᠠᠨ ᠮᠡᠳᠡᠭᠦᠯᠬᠦ᠂ ᠲᠠᠨᠢᠯᠴᠠᠭᠤᠯᠬᠤ᠂ ᠬᠢᠨᠠᠨ ᠲᠣᠭᠲᠠᠭ᠋ᠠᠬᠤ᠂ ᠪᠡᠯᠡ ᠮᠥᠩᠭᠦ᠎ᠪᠠᠷ ᠲᠤᠰᠠᠯᠠᠬᠤ ᠪᠠ ᠬᠠᠮᠢᠶᠠᠷᠬᠤ ᠠᠵᠢᠯᠯᠠᠭ᠎ᠠ᠎ᠳᠤ ᠲᠣᠬᠢᠷᠠᠭᠤᠯᠤᠨ ᠬᠡᠷᠡᠭᠯᠡᠨ᠎ᠡ᠃
ᠭᠤᠷᠪᠠᠳᠤᠭ᠋ᠠᠷ ᠵᠦᠢ᠍ᠯ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠢ ᠠᠰᠢᠭ᠎ᠤᠨ ᠱᠠᠩᠨᠠᠯ᠎ᠢ ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠠᠵᠢᠯ᠎ᠤᠨ ᠬᠠᠮᠢᠶᠠᠷᠤᠯᠲᠠ ᠵᠢᠨ ᠪᠠᠢ᠍ᠢ᠍ᠭᠤᠯᠤᠮᠵᠢ᠎ᠠᠴᠠ ᠵᠣᠬᠢᠶᠠᠨ ᠪᠠᠢ᠍ᠢ᠍ᠭᠤᠯᠤᠨ ᠥᠷᠨᠢᠭᠦᠯᠵᠦ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠢ ᠠᠰᠢᠭ᠎ᠤᠨ ᠠᠯᠳᠠᠨ ᠱᠠᠩᠨᠠᠯ᠂ ᠮᠥᠩᠭᠦᠨ ᠱᠠᠩᠨᠠᠯ᠂ ᠰᠢᠯᠢᠳᠡᠭ ᠱᠠᠩᠨᠠᠯ᠎ᠢ ᠲᠣᠬᠢᠷᠠᠭᠤᠯᠤᠨ᠂ ᠡᠭᠦᠳᠦᠯᠲᠡ ᠵᠢᠨ ᠲᠤᠰᠬᠠᠢ ᠠᠰᠢᠭ᠂ ᠬᠡᠷᠡᠭᠯᠡᠭᠡᠨ᠎ᠤ ᠰᠢᠨ᠎ᠡ ᠮᠠᠶᠢᠭ᠎ᠤᠨ ᠲᠤᠰᠬᠠᠢ ᠠᠰᠢᠭ ᠪᠠ ᠭᠠᠳᠠᠷ ᠳᠦᠷᠰᠦ ᠵᠢᠨ ᠵᠢᠷᠤᠭ ᠲᠥᠯᠥᠪᠯᠡᠭᠡᠨ᠎ᠤ ᠲᠤᠰᠬᠠᠢ ᠠᠰᠢᠭ ᠵᠡᠷᠭᠡ ᠲᠤᠰᠬᠠᠢ ᠠᠰᠢᠭ᠎ᠤᠨ ᠳᠤᠮᠳᠠ᠎ᠠᠴᠠ ᠰᠢᠯᠭ᠋ᠠᠷᠠᠭᠤᠯᠵᠤ ᠭᠠᠷᠭ᠋ᠠᠨ᠎ᠠ᠃
ᠳᠥᠷᠪᠡᠳᠦᠭᠡᠷ ᠵᠦᠢ᠍ᠯ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠢ ᠠᠰᠢᠭ᠎ᠤᠨ ᠱᠠᠩᠨᠠᠯ᠎ᠢ ᠰᠢᠯᠭ᠋ᠠᠷᠠᠭᠤᠯᠬᠤ᠎ᠳᠤ ᠢᠯᠡ ᠲᠣᠳᠣ᠂ ᠲᠥᠪ ᠭᠤᠣᠯᠴᠢ᠂ ᠲᠥᠪ ᠴᠢᠭᠡᠴᠢ ᠪᠠᠶ᠋ᠢᠬᠤ ᠪᠠ ᠰᠢᠯᠢᠳᠡᠭ᠎ᠢ᠎ᠨᠢ ᠰᠣᠩᠭᠤᠬᠤ ᠵᠠᠷᠴᠢᠮ᠎ᠢ ᠵᠢᠷᠤᠮᠯᠠᠨ᠎ᠠ᠃
ᠲᠠᠪᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠠᠵᠢᠯ᠎ᠤᠨ ᠬᠠᠮᠢᠶᠠᠷᠤᠯᠲᠠ ᠵᠢᠨ ᠪᠠᠢ᠍ᠢ᠍ᠭᠤᠯᠤᠮᠵᠢ᠎ᠨᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠢ ᠠᠰᠢᠭ᠎ᠤᠨ ᠱᠠᠩᠨᠠᠯ᠎ᠢ ᠬᠢᠨᠠᠨ ᠲᠣᠭᠲᠠᠭ᠋ᠠᠬᠤ ᠵᠥᠪᠯᠡᠯ (ᠳᠣᠷᠣᠭᠰᠢ ᠬᠢᠨᠠᠨ ᠲᠣᠭᠲᠠᠭ᠋ᠠᠬᠤ ᠵᠥᠪᠯᠡᠯ ᠭᠡᠵᠦ ᠲᠣᠪᠴᠢᠯᠠᠨ᠎ᠠ)᠎ᠢ ᠪᠠᠢ᠍ᠢ᠍ᠭᠤᠯᠵᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠢ ᠠᠰᠢᠭ᠎ᠤᠨ ᠱᠠᠩᠨᠠᠯ᠎ᠢ ᠰᠢᠯᠭ᠋ᠠᠷᠠᠭᠤᠯᠬᠤ ᠠᠵᠢᠯ᠎ᠢ ᠬᠠᠷᠢᠭᠤᠴᠠᠭᠤᠯᠵᠤ᠂ ᠪᠦᠷᠢᠯᠳᠦᠭᠦᠨ ᠭᠡᠰᠢᠭᠦᠨ᠎ᠨᠢ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠪᠠ ᠲᠤᠰᠬᠠᠢ ᠮᠡᠷᠭᠡᠵᠢᠯᠲᠡᠨ ᠵᠶ᠋ᠠᠷ ᠪᠦᠷᠢᠯᠳᠦᠵᠦ᠂ ᠬᠤᠭᠤᠴᠠᠭ᠎ᠠ ᠪᠦᠷᠢ ᠵᠢᠨ ᠲᠤᠰᠢᠶᠠᠯ᠎ᠤᠨ ᠬᠤᠭᠤᠴᠠᠭ᠎ᠠ᠎ᠨᠢ 4 ᠵᠢᠯ ᠪᠣᠯᠣᠨ᠎ᠠ᠃
ᠬᠢᠨᠠᠨ ᠲᠣᠭᠲᠠᠭ᠋ᠠᠬᠤ ᠵᠥᠪᠯᠡᠯ᠎ᠤᠨ ᠠᠯᠪᠠᠨ ᠭᠡᠷ᠎ᠢ ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠠᠵᠢᠯ᠎ᠤᠨ ᠬᠠᠮᠢᠶᠠᠷᠤᠯᠲᠠ ᠵᠢᠨ ᠪᠠᠢ᠍ᠢ᠍ᠭᠤᠯᠤᠮᠵᠢᠳᠤ ᠲᠣᠬᠢᠷᠠᠭᠤᠯᠵᠤ᠂ ᠬᠢᠨᠠᠨ ᠲᠣᠭᠲᠠᠭ᠋ᠠᠬᠤ ᠵᠥᠪᠯᠡᠯ᠎ᠤᠨ ᠠᠯᠪᠠᠨ ᠭᠡᠷ᠎ᠨᠢ ᠬᠢᠨᠠᠨ ᠲᠣᠭᠲᠠᠭ᠋ᠠᠬᠤ ᠵᠥᠪᠯᠡᠯ᠎ᠤᠨ ᠪᠣᠳᠠᠲᠠᠢ ᠠᠵᠢᠯ ᠶᠠᠪᠤᠳᠠᠯ ᠡᠷᠬᠢᠯᠡᠬᠦ ᠪᠠᠢ᠍ᠢ᠍ᠭᠤᠯᠤᠮᠵᠢ ᠪᠣᠯᠣᠭᠰᠠᠨ᠎ᠤ ᠬᠤᠪᠢ᠎ᠳᠤ᠂ ᠲᠤᠰᠬᠠᠢ ᠠᠰᠢᠭ᠎ᠤᠨ ᠱᠠᠩᠨᠠᠯ᠎ᠢ ᠰᠢᠯᠭ᠋ᠠᠷᠠᠭᠤᠯᠬᠤ ᠵᠢ ᠵᠣᠬᠢᠶᠠᠨ ᠪᠠᠢ᠍ᠢ᠍ᠭᠤᠯᠬᠤ᠂ ᠵᠣᠬᠢᠴᠠᠭᠤᠯᠬᠤ ᠵᠢᠨ ᠡᠳᠦᠷ ᠲᠤᠲᠤᠮ᠎ᠤᠨ ᠠᠵᠢᠯ᠎ᠢ ᠬᠠᠷᠢᠭᠤᠴᠠᠵᠤ᠂ ᠱᠠᠩᠨᠠᠯ ᠲᠣᠭᠲᠠᠭ᠋ᠠᠬᠤ ᠠᠵᠢᠯ᠎ᠤᠨ ᠲᠥᠰᠥᠯ᠎ᠢ ᠲᠣᠭᠲᠠᠭ᠋ᠠᠨ ᠬᠡᠷᠡᠭᠵᠢᠭᠦᠯᠬᠦ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠢ ᠠᠰᠢᠭ᠎ᠤᠨ ᠱᠠᠩᠨᠠᠯ᠎ᠢ ᠬᠢᠨᠠᠨ ᠲᠣᠭᠲᠠᠭ᠋ᠠᠬᠤ ᠲᠤᠰᠬᠠᠢ ᠮᠡᠷᠭᠡᠵᠢᠯᠲᠡᠨ᠎ᠤ ᠬᠥᠮᠥᠷᠭᠡ ᠵᠢ ᠵᠣᠬᠢᠶᠠᠨ ᠪᠠᠶ᠋ᠢᠭᠤᠯᠬᠤ᠂ ᠲᠤᠰᠬᠠᠢ ᠮᠡᠷᠭᠡᠵᠢᠯᠲᠡᠨ᠎ᠤ ᠬᠥᠮᠥᠷᠭᠡ᠎ᠠᠴᠠ ᠲᠤᠰᠬᠠᠢ ᠮᠡᠷᠭᠡᠵᠢᠯᠲᠡᠨ ᠲᠡᠭᠦᠪᠦᠷᠢᠯᠡᠨ ᠰᠣᠩᠭᠤᠵᠤ ᠲᠤᠰᠬᠠᠢ ᠮᠡᠷᠭᠡᠵᠢᠯᠲᠡᠨ᠎ᠤ ᠳᠤᠭᠤᠢ᠍ᠢ᠍ᠯᠠᠩᠢ ᠪᠠᠢ᠍ᠢ᠍ᠭᠤᠯᠵᠤ ᠬᠢᠨᠠᠨ ᠲᠣᠭᠲᠠᠭ᠋ᠠᠬᠤ ᠠᠵᠢᠯ ᠥᠷᠨᠢᠭᠦᠯᠬᠦ ᠵᠡᠷᠭᠡ ᠵᠢ ᠪᠣᠳᠠᠲᠠᠢ ᠳᠠᠭ᠋ᠠᠭ᠋ᠠᠨ ᠡᠭᠦᠷᠬᠡᠯᠡᠨ᠎ᠡ᠃ ᠲᠤᠰᠬᠠᠢ ᠮᠡᠷᠭᠡᠵᠢᠯᠲᠡᠨ᠎ᠤ ᠬᠥᠮᠥᠷᠭᠡ ᠵᠢᠨ ᠪᠦᠷᠢᠯᠳᠦᠭᠦᠨ ᠭᠡᠰᠢᠭᠦᠨ᠎ᠳᠤ ᠲᠤᠰᠬᠠᠢ ᠠᠰᠢᠭ᠎ᠢ ᠬᠢᠨᠠᠨ ᠪᠠᠢ᠍ᠢ᠍ᠴᠠᠭ᠋ᠠᠭᠴᠢ᠂ ᠮᠡᠷᠭᠡᠵᠢᠯ᠎ᠤᠨ ᠲᠤᠰᠬᠠᠢ ᠮᠡᠷᠭᠡᠵᠢᠯᠲᠡᠨ᠂ ᠠᠵᠤ ᠠᠬᠤᠢ ᠵᠢᠨ ᠲᠤᠰᠬᠠᠢ ᠮᠡᠷᠭᠡᠵᠢᠯᠲᠡᠨ᠂ ᠬᠠᠥᠯᠢ ᠴᠠᠭ᠋ᠠᠵᠠ ᠵᠢᠨ ᠲᠤᠰᠬᠠᠢ ᠮᠡᠷᠭᠡᠵᠢᠯᠲᠡᠨ᠂ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠢᠶᠠᠷᠬᠤ ᠲᠤᠰᠬᠠᠢ ᠮᠡᠷᠭᠡᠵᠢᠯᠲᠡᠨ ᠵᠡᠷᠭᠡ ᠪᠠᠭᠲᠠᠵᠤ᠂ ᠵᠢᠯ ᠪᠦᠷᠢ ᠲᠣᠭᠲᠠᠭᠰᠠᠨ ᠬᠠᠷᠢᠴᠠᠯ ᠵᠶ᠋ᠠᠷ ᠰᠢᠨᠡᠳᠭᠡᠨ᠎ᠡ᠃
ᠵᠢᠷᠭᠤᠳᠤᠭ᠋ᠠᠷ ᠵᠦᠢ᠍ᠯ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠢ ᠠᠰᠢᠭ᠎ᠤᠨ ᠱᠠᠩᠨᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠰᠢᠯᠭ᠋ᠠᠷᠠᠭᠤᠯᠵᠤ᠂ ᠬᠤᠭᠤᠴᠠᠭ᠎ᠠ ᠪᠦᠷᠢ ᠵᠢᠨ ᠣᠯᠭᠤᠬᠤ ᠠᠯᠳᠠᠨ ᠱᠠᠩᠨᠠᠯ᠎ᠢ 5 ᠵᠦᠢ᠍ᠯ᠎ᠠᠴᠠ ᠳᠠᠪᠠᠭᠤᠯᠵᠤ ᠪᠣᠯᠬᠤ ᠦᠭᠡᠢ᠂ ᠡᠭᠦᠨ᠎ᠳᠤ ᠡᠭᠦᠳᠦᠯᠲᠡ ᠵᠢᠨ ᠲᠤᠰᠬᠠᠢ ᠠᠰᠢᠭ᠎ᠢ 80%᠎ᠠᠴᠠ ᠳᠤᠲᠠᠭᠤ ᠪᠠᠢ᠍ᠢ᠍ᠯᠭ᠋ᠠᠵᠤ ᠪᠣᠯᠬᠤ ᠦᠭᠡᠢ; ᠮᠥᠩᠭᠦᠨ ᠱᠠᠩᠨᠠᠯ᠎ᠢ 10 ᠵᠦᠢ᠍ᠯ᠎ᠠᠴᠠ ᠳᠠᠪᠠᠭᠤᠯᠵᠤ ᠪᠣᠯᠬᠤ ᠦᠭᠡᠢ᠂ ᠡᠭᠦᠨ᠎ᠳᠤ ᠡᠭᠦᠳᠦᠯᠲᠡ ᠵᠢᠨ ᠲᠤᠰᠬᠠᠢ ᠠᠰᠢᠭ᠎ᠢ 70%᠎ᠠᠴᠠ ᠳᠤᠲᠠᠭᠤ ᠪᠠᠢ᠍ᠢ᠍ᠯᠭ᠋ᠠᠵᠤ ᠪᠣᠯᠬᠤ ᠦᠭᠡᠢ; ᠰᠢᠯᠢᠳᠡᠭ ᠱᠠᠩᠨᠠᠯ᠎ᠢ 20 ᠵᠦᠢ᠍ᠯ᠎ᠠᠴᠠ ᠳᠠᠪᠠᠭᠤᠯᠵᠤ ᠪᠣᠯᠬᠤ ᠦᠭᠡᠢ᠂ ᠡᠭᠦᠨ᠎ᠳᠤ ᠡᠭᠦᠳᠦᠯᠲᠡ ᠵᠢᠨ ᠲᠤᠰᠬᠠᠢ ᠠᠰᠢᠭ᠎ᠢ 60%᠎ᠠᠴᠠ ᠳᠤᠲᠠᠭᠤ ᠪᠠᠢ᠍ᠢ᠍ᠯᠭ᠋ᠠᠵᠤ ᠪᠣᠯᠬᠤ ᠦᠭᠡᠢ᠃
ᠳᠣᠯᠣᠳᠤᠭ᠋ᠠᠷ ᠵᠦᠢ᠍ᠯ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠢ ᠠᠰᠢᠭ᠎ᠤᠨ ᠱᠠᠩᠨᠠᠯ᠎ᠤᠨ ᠬᠢᠨᠠᠨ ᠲᠣᠭᠲᠠᠭ᠋ᠠᠯᠲᠠ᠎ᠳᠤ ᠣᠷᠣᠯᠴᠠᠬᠤ ᠲᠤᠰᠬᠠᠢ ᠠᠰᠢᠭ᠎ᠨᠢ ᠳᠣᠣᠷᠠᠬᠢ ᠨᠦᠭᠦᠴᠡᠯ᠎ᠢ ᠪᠦᠷᠢᠯᠳᠦᠭᠦᠯᠬᠦ ᠬᠡᠷᠡᠭᠲᠡᠢ᠄
(ᠨᠢᠭᠡ) ᠳᠡᠭᠡᠷ᠎ᠡ ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ᠎ᠠᠴᠠ ᠡᠮᠦᠨ᠎ᠡ᠂ ᠨᠢᠭᠡᠨᠲᠡ ᠤᠯᠤᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠣᠪᠴᠢᠶ᠎ᠠ᠎ᠠᠴᠠ ᠡᠷᠬᠡ ᠣᠯᠭᠤᠭᠰᠠᠨ ᠲᠤᠰᠬᠠᠢ ᠠᠰᠢᠭ (ᠨᠢᠭᠡᠨᠲᠡ ᠨᠢᠭᠤᠴᠠ᠎ᠠᠴᠠ ᠲᠠᠢ᠍ᠢ᠍ᠯᠤᠭᠰᠠᠨ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠲᠤᠰᠬᠠᠢ ᠠᠰᠢᠭ᠎ᠢ ᠪᠠᠭᠲᠠᠭ᠋ᠠᠨ᠎ᠠ)᠎ᠢ ᠬᠦᠷᠲᠡᠭᠰᠡᠨ ᠪᠥᠭᠡᠳ ᠲᠣᠰ ᠲᠤᠰᠬᠠᠢ ᠠᠰᠢᠭ᠎ᠤᠨ ᠡᠷᠬᠡ᠎ᠨᠢ ᠬᠦᠴᠦᠨ᠎ᠲᠠᠢ ᠪᠠᠶ᠋ᠢᠬᠤ ᠪᠥᠭᠡᠳ ᠲᠣᠭᠲᠠᠪᠤᠷᠢᠲᠠᠢ ᠪᠠᠶ᠋ᠢᠬᠤ;
(ᠬᠤᠶᠠᠷ) ᠲᠤᠰᠬᠠᠢ ᠠᠰᠢᠭ᠎ᠤᠨ ᠡᠷᠬᠡᠲᠦ ᠬᠥᠮᠥᠨ ᠪᠣᠯ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠬᠡᠪᠴᠢᠶᠡᠨ᠎ᠳᠠᠬᠢ ᠬᠠᠤᠯᠢ ᠶᠣᠰᠣᠭ᠋ᠠᠷ ᠳᠠᠩᠰᠠᠯᠠᠭᠤᠯᠤᠭᠰᠠᠨ ᠨᠢᠭᠡᠴᠢ ᠪᠤᠶᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠳᠤ ᠪᠠᠢ᠍ᠢ᠍ᠩᠭᠤ ᠰᠠᠭᠤᠭ᠎ᠠ ᠬᠤᠪᠢ ᠬᠥᠮᠥᠨ ᠪᠠᠶ᠋ᠢᠵᠤ᠂ ᠨᠠᠮ᠎ᠤᠨ ᠱᠤᠭᠤᠮ ᠴᠢᠭᠯᠡᠯᠲᠡ ᠲᠥᠷᠥ ᠵᠢᠨ ᠪᠣᠳᠣᠯᠭ᠎ᠠ ᠵᠢ ᠬᠦᠷᠢᠶᠡᠯᠡᠵᠦ᠂ ᠤᠯᠤᠰ᠎ᠤᠨ ᠬᠠᠥᠯᠢ ᠴᠠᠭ᠋ᠠᠵᠠ ᠬᠠᠥᠯᠢ ᠲᠣᠭᠲᠠᠭ᠋ᠠᠯ᠎ᠢ ᠵᠢᠷᠤᠮᠯᠠᠳᠠᠭ ᠪᠠᠶ᠋ᠢᠭ᠎ᠠ;
(ᠭᠤᠷᠪᠠ) ᠪᠦᠭᠦᠳᠡ ᠲᠤᠰᠬᠠᠢ ᠠᠰᠢᠭ᠎ᠤᠨ ᠡᠷᠬᠡᠲᠦ ᠬᠥᠮᠥᠨ ᠭᠤᠶᠤᠴᠢᠯᠠᠨ ᠮᠡᠳᠡᠭᠦᠯᠬᠦ ᠵᠢ ᠵᠥᠪᠰᠢᠶᠡᠷᠡᠬᠦ;
(ᠳᠥᠷᠪᠡ) ᠲᠤᠰᠬᠠᠢ ᠠᠰᠢᠭ᠎ᠤᠨ ᠰᠢᠨ᠎ᠡ ᠵᠢ ᠡᠭᠦᠳᠬᠦ ᠴᠢᠨᠠᠷ ᠵᠶ᠋ᠠᠷ ᠴᠢᠩᠭ᠎ᠠ᠂ ᠮᠡᠷᠭᠡᠵᠢᠯ᠎ᠤᠨ ᠬᠢᠷᠢ ᠲᠦᠪᠰᠢᠨ ᠥᠨᠳᠥᠷ ᠪᠤᠶᠤ ᠵᠢᠷᠤᠵᠤ ᠲᠥᠯᠥᠪᠯᠡᠭᠰᠡᠨ᠎ᠨᠢ ᠭᠤᠴᠣ ᠥᠪᠡᠷᠮᠢᠴᠡ ᠮᠥᠷᠲᠡᠭᠡᠨ ᠬᠡᠷᠡᠭᠵᠢᠭᠦᠯᠦᠭᠰᠡᠨ᠎ᠤ ᠳᠠᠷᠠᠭ᠎ᠠ ᠮᠡᠳᠡᠭᠳᠡᠮ᠎ᠡ ᠠᠵᠤ ᠠᠬᠤᠢ ᠵᠢᠨ ᠦᠷ᠎ᠡ ᠠᠰᠢᠭ᠂ ᠨᠡᠢ᠍ᠢ᠍ᠭᠡᠮ᠎ᠤᠨ ᠦᠷ᠎ᠡ ᠠᠰᠢᠭ ᠪᠤᠶᠤ ᠠᠮᠢ ᠠᠬᠤᠢ ᠵᠢᠨ ᠦᠷ᠎ᠡ ᠠᠰᠢᠭ ᠣᠯᠣᠭᠰᠠᠨ ᠪᠠᠶ᠋ᠢᠬᠤ;
(ᠲᠠᠪᠤ) ᠲᠤᠰᠬᠠᠢ ᠠᠰᠢᠭ ᠵᠢᠴᠢ ᠲᠡᠭᠦᠨ᠎ᠤ ᠪᠦᠲᠦᠭᠡᠭᠳᠡᠭᠦᠨ᠎ᠨᠢ ᠤᠯᠤᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠰ ᠵᠢᠴᠢ ᠣᠷᠴᠢᠨ ᠲᠣᠭᠤᠷᠢᠨ᠎ᠢ ᠬᠠᠮᠠᠭ᠋ᠠᠯᠠᠬᠤ ᠵᠡᠷᠭᠡ ᠲᠥᠷᠥ ᠵᠢᠨ ᠪᠣᠳᠣᠯᠭ᠎ᠠ᠎ᠳᠤ ᠨᠡᠶ᠋ᠢᠴᠡᠭᠰᠡᠨ ᠪᠠᠶ᠋ᠢᠬᠤ;
(ᠵᠢᠷᠭᠤᠭ᠎ᠠ) ᠭᠤᠶᠤᠴᠢᠯᠠᠨ ᠮᠡᠳᠡᠭᠦᠯᠦᠭᠰᠡᠨ ᠲᠤᠰᠬᠠᠢ ᠠᠰᠢᠭ᠎ᠨᠢ ᠡᠭᠦᠳᠦᠯᠲᠡ ᠵᠢᠨ ᠲᠤᠰᠬᠠᠢ ᠠᠰᠢᠭ ᠪᠠᠢ᠍ᠢ᠍ᠪᠠᠯ᠂ ᠰᠢᠯᠢᠳᠡᠭ᠎ᠢ᠎ᠨᠢ ᠰᠣᠩᠭᠤᠵᠤ ᠥᠨᠳᠥᠷ ᠦᠨ᠎ᠡ ᠥᠷᠲᠡᠭᠲᠦ ᠡᠭᠦᠳᠦᠯᠲᠡ ᠵᠢᠨ ᠲᠤᠰᠬᠠᠢ ᠠᠰᠢᠭ᠎ᠢ ᠬᠢᠨᠠᠨ ᠲᠣᠭᠲᠠᠭ᠋ᠠᠯᠲᠠ᠎ᠳᠤ ᠣᠷᠣᠯᠴᠠᠭᠤᠯᠬᠤ᠎ᠪᠠᠷ ᠲᠠᠨᠢᠯᠴᠠᠭᠤᠯᠤᠨ᠎ᠠ;
(ᠳᠣᠯᠤᠭ᠎ᠠ) ᠲᠤᠰᠬᠠᠢ ᠠᠰᠢᠭ᠎ᠲᠤ᠎ᠨᠢ ᠬᠠᠷᠢᠴᠠᠩᠭᠤᠢ ᠲᠡᠭᠦᠯᠳᠡᠷ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ᠎ᠲᠠᠢ ᠪᠠᠶ᠋ᠢᠬᠤ᠃
ᠨᠠᠢ᠍ᠮᠠᠳᠤᠭ᠋ᠠᠷ ᠵᠦᠢ᠍ᠯ ᠳᠣᠣᠷᠠᠬᠢ ᠪᠠᠢ᠍ᠢ᠍ᠳᠠᠯ᠎ᠠᠴᠠ ᠨᠢᠭᠡ᠎ᠨᠢ ᠪᠠᠶ᠋ᠢᠬᠤ ᠲᠤᠰᠬᠠᠢ ᠠᠰᠢᠭ᠎ᠨᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠢ ᠠᠰᠢᠭ᠎ᠤᠨ ᠱᠠᠩᠨᠠᠯ᠎ᠤᠨ ᠬᠢᠨᠠᠨ ᠲᠣᠭᠲᠠᠭ᠋ᠠᠯᠲᠠ᠎ᠳᠤ ᠣᠷᠣᠯᠴᠠᠵᠤ ᠪᠣᠯᠬᠤ ᠦᠭᠡᠢ᠄
(ᠨᠢᠭᠡ) ᠲᠤᠰᠬᠠᠢ ᠠᠰᠢᠭ᠎ᠨᠢ ᠨᠢᠭᠡᠨᠲᠡ ᠳᠤᠮᠳᠠᠳᠤ ᠤᠯᠤᠰ᠎ᠤᠨ ᠲᠤᠰᠬᠠᠢ ᠠᠰᠢᠭ᠎ᠤᠨ ᠱᠠᠩᠨᠠᠯ ᠣᠯᠣᠭᠰᠠᠨ ᠪᠤᠶᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠢ ᠠᠰᠢᠭ᠎ᠤᠨ ᠱᠠᠩᠨᠠᠯ ᠣᠯᠣᠭᠰᠠᠨ;
(ᠬᠤᠶᠠᠷ) ᠲᠤᠰᠬᠠᠢ ᠠᠰᠢᠭ᠎ᠤᠨ ᠲᠥᠷᠥᠯ ᠵᠦᠢ᠍ᠯ᠎ᠨᠢ ᠲᠤᠰᠬᠠᠢ ᠠᠰᠢᠭ᠎ᠤᠨ ᠡᠷᠬᠡ ᠵᠢᠨ ᠬᠠᠷᠢᠶᠠᠨ᠎ᠤ ᠵᠢᠭᠤᠷᠠᠯᠳᠤᠭ᠋ᠠᠨ᠂ ᠲᠤᠰᠬᠠᠢ ᠠᠰᠢᠭ᠎ᠤᠨ ᠡᠷᠬᠡ ᠬᠦᠴᠦᠨ ᠦᠭᠡᠢ ᠵᠢᠨ ᠵᠢᠭᠤᠷᠠᠯᠳᠤᠭ᠋ᠠᠨ᠂ ᠡᠭᠦᠳᠦᠭᠴᠢ ᠪᠤᠶᠤ ᠵᠢᠷᠤᠭ ᠲᠥᠯᠥᠪᠯᠡᠭᠴᠢ ᠵᠢᠨ ᠵᠢᠭᠤᠷᠠᠯᠳᠤᠭ᠋ᠠᠨ᠎ᠲᠠᠢ ᠪᠠᠶ᠋ᠢᠬᠤ;
(ᠭᠤᠷᠪᠠ) ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠲᠤᠰᠬᠠᠢ ᠠᠰᠢᠭ (ᠨᠢᠭᠡᠨᠲᠡ ᠨᠢᠭᠤᠴᠠ᠎ᠠᠴᠠ ᠲᠠᠢ᠍ᠢ᠍ᠯᠤᠭᠰᠠᠨᠠᠴᠠ ᠪᠤᠰᠤᠳ) ᠪᠤᠶᠤ ᠨᠢᠭᠤᠴᠠᠯᠠᠬᠤ ᠲᠤᠰᠬᠠᠢ ᠠᠰᠢᠭ;
(ᠳᠥᠷᠪᠡ) ᠬᠠᠥᠯᠢ ᠴᠠᠭ᠋ᠠᠵᠠ᠂ ᠬᠠᠥᠯᠢ ᠲᠣᠭᠲᠠᠭ᠋ᠠᠯ ᠵᠢᠴᠢ ᠲᠣᠭᠲᠠᠭ᠋ᠠᠯ ᠳᠦᠷᠢᠮ ᠵᠡᠷᠭᠡ᠎ᠳᠤ ᠲᠣᠭᠲᠠᠭ᠋ᠠᠭᠰᠠᠨ ᠮᠡᠳᠡᠭᠦᠯᠬᠦ᠎ᠳᠤ ᠲᠣᠬᠢᠷᠠᠬᠤ ᠦᠭᠡᠢ ᠪᠤᠰᠤᠳ ᠪᠠᠢ᠍ᠢ᠍ᠳᠠᠯ᠃
ᠶᠢᠰᠦᠳᠦᠭᠡᠷ ᠵᠦᠢ᠍ᠯ ᠨᠦᠭᠦᠴᠡᠯ᠎ᠳᠤ ᠨᠡᠶ᠋ᠢᠴᠡᠬᠦ ᠲᠤᠰᠬᠠᠢ ᠠᠰᠢᠭ᠎ᠤᠨ ᠡᠷᠬᠡᠲᠦ ᠬᠥᠮᠥᠨ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠢ ᠠᠰᠢᠭ᠎ᠤᠨ ᠱᠠᠩᠨᠠᠯ᠎ᠤᠨ ᠬᠢᠨᠠᠨ ᠲᠣᠭᠲᠠᠭ᠋ᠠᠯᠲᠠ᠎ᠳᠤ ᠣᠷᠤᠯᠴᠠᠬᠤ᠎ᠪᠠᠷ ᠭᠤᠶᠤᠴᠢᠯᠠᠨ ᠮᠡᠳᠡᠭᠦᠯᠬᠦ᠎ᠳᠤ ᠲᠠᠨᠢᠯᠴᠠᠭᠤᠯᠬᠤ ᠠᠷᠭ᠎ᠠ ᠬᠡᠯᠪᠡᠷᠢ ᠵᠢ ᠬᠡᠷᠡᠭᠯᠡᠵᠦ ᠪᠣᠯᠣᠨ᠎ᠠ᠂ ᠳᠣᠣᠷᠠᠬᠢ ᠨᠢᠭᠡᠴᠢ ᠪᠤᠶᠤ ᠬᠤᠪᠢ ᠬᠥᠮᠥᠨ ᠲᠠᠨᠢᠯᠴᠠᠭᠤᠯᠵᠤ ᠪᠣᠯᠣᠨ᠎ᠠ᠄
(ᠨᠢᠭᠡ) ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠤᠯᠪᠣᠭᠳᠠᠯ ᠪᠦᠬᠦᠢ ᠪᠦᠷᠢᠯᠳᠦᠭᠦᠨ ᠰᠠᠯᠠᠭ᠎ᠠ ᠮᠥᠴᠢᠷ᠂ ᠰᠢᠭᠤᠳ ᠬᠠᠷᠢᠶ᠎ᠠ ᠪᠠᠢ᠍ᠢ᠍ᠭᠤᠯᠤᠮᠵᠢ ᠵᠢᠴᠢ ᠳᠡᠭᠡᠳᠦ ᠰᠤᠷᠭ᠋ᠠᠭᠤᠯᠢ᠂ ᠡᠷᠳᠡᠮ ᠰᠢᠨᠵᠢᠯᠡᠭᠡᠨ᠎ᠤ ᠬᠦᠷᠢᠶᠡᠯᠡᠩ ᠭᠠᠵᠠᠷ;
(ᠬᠤᠶᠠᠷ) ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠠᠺᠠᠳᠧᠮᠢᠴᠢ᠂ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠠᠺᠠᠳᠧᠮᠢᠴᠢ;
(ᠭᠤᠷᠪᠠ) ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭᠲᠡᠢ᠍ᠢ᠍ᠴᠦᠳᠤᠨ ᠬᠤᠯᠪᠣᠭ᠋ᠠᠲᠤ ᠬᠤᠷᠠᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠢ᠍ᠢ᠍ᠭᠡᠮᠯᠢᠭ᠂ ᠵᠡᠮᠳᠡᠭᠴᠦᠳ᠎ᠤᠨ ᠬᠤᠯᠪᠣᠭ᠋ᠠᠲᠤ ᠬᠤᠷᠠᠯ᠂ ᠠᠵᠤ ᠦᠢ᠍ᠯᠡᠳᠪᠦᠷᠢ ᠬᠤᠳᠠᠯᠳᠤᠭ᠋ᠠᠨ᠎ᠤ ᠬᠤᠯᠪᠣᠭ᠋ᠠᠲᠤ ᠬᠤᠷᠠᠯ ᠵᠡᠷᠭᠡ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠣᠯᠡᠨ ᠲᠦᠮᠡᠨ᠎ᠤ ᠪᠦᠯᠬᠦᠮ᠎ᠤᠨ ᠵᠣᠬᠢᠶᠠᠨ ᠪᠠᠢ᠍ᠢ᠍ᠭᠤᠯᠤᠯᠲᠠ;
(ᠳᠥᠷᠪᠡ) ᠡᠯ᠎ᠡ ᠠᠢ᠍ᠢ᠍ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠠᠵᠢᠯ᠎ᠤᠨ ᠬᠠᠮᠢᠶᠠᠷᠤᠯᠲᠠ ᠵᠢᠨ ᠪᠠᠢ᠍ᠢ᠍ᠭᠤᠯᠤᠮᠵᠢ;
(ᠲᠠᠪᠤ) ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠬᠠᠮᠢᠶ᠎ᠠ ᠪᠦᠬᠦᠢ ᠠᠵᠢᠯ ᠲᠥᠷᠥᠯ᠎ᠤᠨ ᠨᠡᠢ᠍ᠢ᠍ᠭᠡᠮᠯᠢᠭ᠂ ᠰᠢᠨᠵᠢᠯᠡᠭᠡᠨ᠎ᠤ ᠨᠡᠢ᠍ᠢ᠍ᠭᠡᠮᠯᠢᠭ᠂ ᠰᠤᠳᠤᠯᠭ᠋ᠠᠨ᠎ᠤ ᠨᠡᠢ᠍ᠢ᠍ᠭᠡᠮᠯᠢᠭ᠃
ᠲᠤᠰᠬᠠᠢ ᠠᠰᠢᠭ᠎ᠤᠨ ᠡᠷᠬᠡᠲᠦ ᠬᠥᠮᠥᠨ᠎ᠨᠢ ᠤᠯᠤᠰ᠎ᠤᠨ᠂ ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠳᠠᠪᠠᠭᠤᠯᠢᠭ ᠵᠢᠱ᠌ᠢᠶᠡᠴᠢ ᠠᠵᠤ ᠠᠬᠤᠢ᠍ᠢ᠍ᠯᠠᠯ ᠪᠤᠶᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠳᠤ ᠪᠠᠢ᠍ᠢ᠍ᠩᠭᠤ ᠰᠠᠭᠤᠭ᠎ᠠ ᠬᠤᠪᠢ ᠬᠥᠮᠥᠨ ᠪᠠᠢ᠍ᠢ᠍ᠪᠠᠯ᠂ ᠥᠪᠡᠷ᠎ᠢ᠎ᠪᠠᠨ ᠲᠠᠨᠢᠯᠴᠠᠭᠤᠯᠬᠤ ᠬᠡᠯᠪᠡᠷᠢ᠎ᠪᠠᠷ ᠬᠢᠨᠠᠨ ᠲᠣᠭᠲᠠᠭ᠋ᠠᠯᠲᠠ᠎ᠳᠤ ᠣᠷᠣᠯᠴᠠᠵᠤ ᠪᠣᠯᠣᠨ᠎ᠠ᠃
ᠠᠷᠪᠠᠳᠤᠭ᠋ᠠᠷ ᠵᠦᠢ᠍ᠯ ᠲᠠᠨᠢᠯᠴᠠᠭᠤᠯᠬᠤ ᠬᠡᠯᠪᠡᠷᠢ᠎ᠪᠠᠷ ᠬᠢᠨᠠᠨ ᠲᠣᠭᠲᠠᠭ᠋ᠠᠯᠲᠠ᠎ᠳᠤ ᠣᠷᠣᠯᠴᠠᠭᠰᠠᠨ ᠪᠣᠯ᠂ ᠲᠠᠨᠢᠯᠴᠠᠭᠤᠯᠤᠭᠰᠠᠨ ᠨᠢᠭᠡᠴᠢ ᠪᠠ ᠬᠤᠪᠢ ᠬᠥᠮᠥᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠢ ᠬᠢᠨᠠᠨ ᠪᠠᠶ᠋ᠢᠴᠠᠭ᠋ᠠᠬᠤ ᠵᠢᠨ ᠬᠠᠮᠲᠤ᠂ ᠲᠤᠬᠠᠢ ᠵᠢᠨ ᠵᠢᠯ᠎ᠤᠨ ᠭᠤᠶᠤᠴᠢᠯᠠᠨ ᠮᠡᠳᠡᠭᠦᠯᠬᠦ ᠠᠯᠪᠠᠨ ᠵᠠᠷᠯᠠᠯ᠎ᠤᠨ ᠱᠠᠭ᠋ᠠᠷᠳᠠᠯᠭ᠎ᠠ ᠵᠢ ᠦᠨᠳᠦᠰᠦᠯᠡᠨ ᠰᠢᠯᠢᠳᠡᠭ᠎ᠢ᠎ᠨᠢ ᠰᠣᠩᠭᠤᠨ ᠬᠢᠨᠠᠨ ᠲᠣᠭᠲᠠᠭ᠋ᠠᠬᠤ ᠵᠥᠪᠯᠡᠯ᠎ᠤᠨ ᠠᠯᠪᠠᠨ ᠭᠡᠷ᠎ᠲᠤ ᠲᠠᠨᠢᠯᠴᠠᠭᠤᠯᠵᠤ ᠭᠤᠶᠤᠴᠢᠯᠠᠨ ᠮᠡᠳᠡᠭᠦᠯᠦᠨ᠎ᠡ᠃ ᠥᠪᠡᠷ᠎ᠢ᠎ᠪᠠᠨ ᠲᠠᠨᠢᠯᠴᠠᠭᠤᠯᠬᠤ ᠬᠡᠯᠪᠡᠷᠢ᠎ᠪᠠᠷ ᠬᠢᠨᠠᠨ ᠲᠣᠭᠲᠠᠭ᠋ᠠᠯᠲᠠ᠎ᠳᠤ ᠣᠷᠣᠯᠴᠠᠬᠤ ᠠᠵᠤ ᠠᠬᠤᠢ᠍ᠢ᠍ᠯᠠᠯ ᠪᠤᠶᠤ ᠬᠤᠪᠢ ᠬᠥᠮᠥᠨ᠎ᠨᠢ ᠬᠢᠨᠠᠨ ᠲᠣᠭᠲᠠᠭ᠋ᠠᠬᠤ ᠵᠥᠪᠯᠡᠯ᠎ᠤᠨ ᠠᠯᠪᠠᠨ ᠭᠡᠷ᠎ᠲᠤ ᠰᠢᠭᠤᠳ ᠭᠤᠶᠤᠴᠢᠯᠠᠨ ᠮᠡᠳᠡᠭᠦᠯᠵᠦ ᠪᠣᠯᠣᠨ᠎ᠠ᠃
ᠠᠷᠪᠠᠨ ᠨᠢᠭᠡᠳᠦᠭᠡᠷ ᠵᠦᠢ᠍ᠯ ᠬᠢᠨᠠᠨ ᠲᠣᠭᠲᠠᠭ᠋ᠠᠬᠤ ᠵᠥᠪᠯᠡᠯ᠎ᠤᠨ ᠠᠯᠪᠠᠨ ᠭᠡᠷ᠎ᠨᠢ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ᠎ᠢ ᠬᠦᠯᠢᠶᠡᠨ ᠠᠪᠴᠦ ᠰᠢᠢ᠍ᠳᠪᠦᠷᠢᠯᠡᠬᠦ ᠵᠢᠨ ᠬᠠᠮᠲᠤ ᠬᠡᠯᠪᠡᠷᠢ ᠵᠢᠨ ᠲᠠᠯ᠎ᠠ ᠵᠢᠨ ᠬᠢᠨᠠᠨ ᠪᠠᠢ᠍ᠢ᠍ᠴᠠᠭ᠋ᠠᠯᠲᠠ ᠬᠢᠵᠦ᠂ ᠨᠦᠭᠦᠴᠡᠯ᠎ᠳᠤ ᠨᠡᠢ᠍ᠢ᠍ᠴᠡᠭᠰᠡᠨᠢᠨᠢ ᠲᠤᠰᠬᠠᠢ ᠠᠰᠢᠭ᠎ᠤᠨ ᠲᠥᠷᠥᠯ ᠬᠡᠯᠪᠡᠷᠢ᠂ ᠮᠡᠷᠭᠡᠵᠢᠯ᠎ᠤᠨ ᠬᠦᠷᠢᠶ᠎ᠡ ᠴᠠᠷᠠᠭ᠎ᠠ ᠵᠡᠷᠭᠡ᠎ᠪᠠᠷ ᠬᠤᠷᠢᠶᠠᠩᠭᠤᠶ᠋ᠢᠯᠠᠵᠤ ᠠᠩᠭᠢᠯᠠᠨ᠎ᠠ᠃ ᠬᠤᠷᠢᠶᠠᠩᠭᠤᠶ᠋ᠢᠯᠠᠵᠤ ᠠᠩᠭᠢᠯᠠᠭᠰᠠᠨ ᠪᠠᠢ᠍ᠢ᠍ᠳᠠᠯ᠎ᠢ ᠦᠨᠳᠦᠰᠦᠯᠡᠨ᠂ ᠵᠣᠬᠢᠴᠠᠩᠭᠤᠢ ᠲᠤᠰᠬᠠᠢ ᠮᠡᠷᠭᠡᠵᠢᠯ᠎ᠤᠨ ᠬᠢᠨᠠᠨ ᠲᠣᠭᠲᠠᠭ᠋ᠠᠬᠤ ᠳᠤᠭᠤᠢ᠍ᠢ᠍ᠯᠠᠩᠢ ᠪᠠᠢ᠍ᠢ᠍ᠭᠤᠯᠵᠤ ᠠᠩᠬᠠᠨ᠎ᠤ ᠬᠢᠨᠠᠨ ᠲᠣᠭᠲᠠᠭ᠋ᠠᠯᠲᠠ ᠬᠢᠨ᠎ᠡ᠃
ᠠᠷᠪᠠᠨ ᠬᠤᠶᠠᠳᠤᠭ᠋ᠠᠷ ᠵᠦᠢ᠍ᠯ ᠬᠢᠨᠠᠨ ᠲᠣᠭᠲᠠᠭ᠋ᠠᠬᠤ ᠵᠥᠪᠯᠡᠯ᠎ᠤᠨ ᠠᠯᠪᠠᠨ ᠭᠡᠷ᠎ᠨᠢ ᠠᠩᠬᠠᠨ᠎ᠤ ᠬᠢᠨᠠᠨ ᠲᠣᠭᠲᠠᠭ᠋ᠠᠯᠲᠠ ᠵᠢᠨ ᠪᠠᠢ᠍ᠢ᠍ᠳᠠᠯ᠎ᠢ ᠦᠨᠳᠦᠰᠦᠯᠡᠨ᠂ ᠵᠢᠱ᠌ᠢᠵᠦ ᠪᠠᠶ᠋ᠢᠭ᠎ᠠ ᠱᠠᠩᠨᠠᠯ ᠬᠦᠷᠲᠡᠭᠡᠬᠦ ᠲᠥᠷᠥᠯ ᠵᠦᠢ᠍ᠯ᠎ᠤᠨ ᠰᠠᠨᠠᠭᠤᠯᠭ᠎ᠠ ᠵᠢᠨ ᠨᠡᠷᠡᠰ ᠵᠢᠴᠢ ᠱᠠᠩᠨᠠᠯ᠎ᠤᠨ ᠵᠡᠷᠭᠡ ᠳᠡᠰ᠎ᠢ ᠳᠤᠷᠠᠳᠴᠤ᠂ ᠬᠢᠨᠠᠨ ᠲᠣᠭᠲᠠᠭ᠋ᠠᠬᠤ ᠵᠥᠪᠯᠡᠯ᠎ᠳᠤ ᠬᠢᠨᠠᠨ ᠲᠣᠭᠲᠠᠭ᠋ᠠᠯᠭ᠋ᠠᠬᠤ᠎ᠪᠠᠷ ᠮᠡᠳᠡᠭᠦᠯᠦᠨ᠎ᠡ᠃
ᠠᠷᠪᠠᠨ ᠭᠤᠷᠪᠠᠳᠤᠭ᠋ᠠᠷ ᠵᠦᠢ᠍ᠯ ᠬᠢᠨᠠᠨ ᠲᠣᠭᠲᠠᠭ᠋ᠠᠬᠤ ᠵᠥᠪᠯᠡᠯ᠎ᠨᠢ ᠪᠦᠭᠦᠳᠡ ᠬᠤᠷᠠᠯ ᠬᠤᠷᠠᠯᠳᠤᠭᠤᠯᠵᠤ᠂ ᠵᠢᠱ᠌ᠢᠵᠦ ᠪᠠᠶ᠋ᠢᠭ᠎ᠠ ᠱᠠᠩᠨᠠᠯ ᠬᠦᠷᠲᠡᠭᠡᠬᠦ ᠲᠥᠷᠥᠯ ᠵᠦᠢ᠍ᠯ᠎ᠤᠨ ᠰᠠᠨᠠᠭᠤᠯᠭ᠎ᠠ ᠵᠢᠨ ᠨᠡᠷᠡᠰ ᠵᠢᠴᠢ ᠱᠠᠩᠨᠠᠯ᠎ᠤᠨ ᠵᠡᠷᠭᠡ ᠳᠡᠰ᠎ᠢ ᠬᠠᠮᠲᠤ᠎ᠪᠠᠷ ᠬᠢᠨᠠᠨ ᠲᠣᠭᠲᠠᠭ᠋ᠠᠵᠤ᠂ ᠵᠢᠱ᠌ᠢᠵᠦ ᠪᠠᠶ᠋ᠢᠭ᠎ᠠ ᠱᠠᠩᠨᠠᠯ ᠬᠦᠷᠲᠡᠭᠡᠬᠦ ᠨᠡᠷᠡᠰ᠎ᠢ ᠲᠣᠭᠲᠠᠭ᠋ᠠᠨ᠎ᠠ᠃
ᠠᠷᠪᠠᠨ ᠳᠥᠷᠪᠡᠳᠦᠭᠡᠷ ᠵᠦᠢ᠍ᠯ ᠬᠢᠨᠠᠨ ᠲᠣᠭᠲᠠᠭ᠋ᠠᠬᠤ ᠵᠥᠪᠯᠡᠯ᠎ᠤᠨ ᠠᠯᠪᠠᠨ ᠭᠡᠷ᠎ᠨᠢ ᠵᠢᠱ᠌ᠢᠵᠦ ᠪᠠᠶ᠋ᠢᠭ᠎ᠠ ᠱᠠᠩᠨᠠᠯ ᠬᠦᠷᠲᠡᠭᠡᠬᠦ ᠨᠡᠷᠡᠰ ᠵᠶ᠋ᠠᠨ ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠠᠵᠢᠯ᠎ᠤᠨ ᠬᠠᠮᠢᠶᠠᠷᠤᠯᠲᠠ ᠵᠢᠨ ᠪᠠᠢ᠍ᠢ᠍ᠭᠤᠯᠤᠮᠵᠢ ᠵᠢᠨ ᠰᠦᠯᠵᠢᠶᠡᠨ ᠥᠷᠳᠡᠭᠡ᠎ᠳᠤ ᠢᠯᠡ ᠵᠠᠷᠯᠠᠵᠤ᠂ ᠢᠯᠡ ᠵᠠᠷᠯᠠᠬᠤ ᠬᠤᠭᠤᠴᠠᠭ᠎ᠠ᠎ᠨᠢ 15 ᠡᠳᠦᠷ ᠪᠣᠯᠣᠨ᠎ᠠ᠃ ᠵᠢᠱ᠌ᠢᠵᠦ ᠪᠠᠶ᠋ᠢᠭ᠎ᠠ ᠱᠠᠩᠨᠠᠯ ᠣᠯᠬᠤ ᠨᠡᠷᠡᠰ᠎ᠲᠤ ᠨᠢᠭᠡᠴᠢ ᠪᠤᠶᠤ ᠬᠤᠪᠢ ᠬᠥᠮᠥᠨ ᠣᠨᠳᠣᠣ ᠰᠠᠨᠠᠯ᠎ᠲᠠᠢ ᠪᠠᠢ᠍ᠢ᠍ᠪᠠᠯ᠂ ᠢᠯᠡ ᠵᠠᠷᠯᠠᠯ᠎ᠤᠨ ᠬᠤᠭᠤᠴᠠᠭ᠋ᠠᠨ᠎ᠳᠤ ᠪᠢᠴᠢᠭ᠎ᠤᠨ ᠬᠡᠯᠪᠡᠷᠢ᠎ᠪᠠᠷ ᠬᠢᠨᠠᠨ ᠲᠣᠭᠲᠠᠭ᠋ᠠᠬᠤ ᠵᠥᠪᠯᠡᠯ᠎ᠤᠨ ᠠᠯᠪᠠᠨ ᠭᠡᠷ᠎ᠲᠤ ᠳᠤᠷᠠᠳᠴᠦ ᠪᠣᠯᠣᠨ᠎ᠠ᠃
ᠠᠷᠪᠠᠨ ᠲᠠᠪᠤᠳᠤᠭ᠋ᠠᠷ ᠵᠦᠢ᠍ᠯ ᠬᠢᠨᠠᠨ ᠲᠣᠭᠲᠠᠭ᠋ᠠᠬᠤ ᠵᠥᠪᠯᠡᠯ᠎ᠤᠨ ᠠᠯᠪᠠᠨ ᠭᠡᠷ᠎ᠨᠢ ᠣᠨᠳᠣᠣ ᠰᠠᠨᠠᠯ᠎ᠢ ᠴᠠᠭ ᠲᠤᠬᠠᠢᠳᠤᠨᠢ ᠬᠠᠷᠭᠤᠭᠤᠯᠤᠨ ᠪᠠᠢ᠍ᠢ᠍ᠴᠠᠭ᠋ᠠᠵᠤ᠂ ᠰᠢᠢ᠍ᠳᠪᠦᠷᠢᠯᠡᠬᠦ ᠰᠠᠨᠠᠭᠤᠯᠭ᠎ᠠ᠎ᠪᠠᠨ ᠳᠤᠷᠠᠳᠬᠤ ᠵᠢᠨ ᠬᠠᠮᠲᠤ ᠬᠢᠨᠠᠨ ᠲᠣᠭᠲᠠᠭ᠋ᠠᠬᠤ ᠵᠥᠪᠯᠡᠯ᠎ᠳᠤ ᠮᠡᠳᠡᠭᠦᠯᠬᠦ ᠬᠡᠷᠡᠭᠲᠡᠢ᠃ ᠬᠢᠨᠠᠨ ᠲᠣᠭᠲᠠᠭ᠋ᠠᠬᠤ ᠵᠥᠪᠯᠡᠯ᠎ᠨᠢ ᠣᠨᠳᠣᠣ ᠰᠠᠨᠠᠯ᠎ᠢ ᠬᠢᠨᠠᠨ ᠬᠠᠷᠭᠤᠭᠤᠯᠤᠭᠰᠠᠨ ᠪᠠᠢ᠍ᠢ᠍ᠳᠠᠯ ᠵᠶ᠋ᠠᠨ ᠦᠨᠳᠦᠰᠦᠯᠡᠨ ᠰᠢᠢ᠍ᠳᠪᠦᠷᠢᠯᠡᠬᠦ ᠰᠢᠢ᠍ᠳᠪᠦᠷᠢ ᠭᠠᠷᠭ᠋ᠠᠨ᠎ᠠ᠃ ᠬᠢᠨᠠᠨ ᠲᠣᠭᠲᠠᠭ᠋ᠠᠬᠤ ᠵᠥᠪᠯᠡᠯ᠎ᠤᠨ ᠠᠯᠪᠠᠨ ᠭᠡᠷ᠎ᠨᠢ 15 ᠡᠳᠦᠷ᠎ᠤᠨ ᠳᠣᠲᠣᠷ᠎ᠠ ᠰᠢᠢ᠍ᠳᠪᠦᠷᠢᠯᠡᠬᠦ ᠰᠢᠢ᠍ᠳᠪᠦᠷᠢ᠎ᠪᠠᠨ ᠣᠨᠳᠣᠣ ᠰᠠᠨᠠᠯ᠎ᠲᠠᠢ ᠲᠠᠯ᠎ᠠ᠂ ᠭᠤᠶᠤᠴᠢᠯᠠᠨ ᠮᠡᠳᠡᠭᠦᠯᠦᠭᠰᠡᠨ ᠲᠠᠯ᠎ᠠ ᠪᠠ ᠲᠠᠨᠢᠯᠴᠠᠭᠤᠯᠤᠭᠰᠠᠨ ᠲᠠᠯ᠎ᠠ᠎ᠳᠤ ᠮᠡᠳᠡᠭᠳᠡᠬᠦ ᠬᠡᠷᠡᠭᠲᠡᠢ᠃
ᠠᠷᠪᠠᠨ ᠵᠢᠷᠭᠤᠳᠤᠭ᠋ᠠᠷ ᠵᠦᠢ᠍ᠯ ᠠᠯᠪᠠᠨ ᠵᠠᠷᠯᠠᠯ ᠨᠡᠶ᠋ᠢᠲᠡᠯᠡᠭᠡᠳ ᠣᠨᠳᠣᠣ ᠰᠠᠨᠠᠯ ᠦᠭᠡᠢ ᠪᠤᠶᠤ ᠣᠨᠳᠣᠣ ᠰᠠᠨᠠᠯ᠎ᠢ ᠰᠢᠢ᠍ᠳᠪᠦᠷᠢᠯᠡᠭᠰᠡᠨ᠎ᠤ ᠳᠠᠷᠠᠭ᠎ᠠ᠂ ᠬᠢᠨᠠᠨ ᠲᠣᠭᠲᠠᠭ᠋ᠠᠬᠤ ᠵᠥᠪᠯᠡᠯ᠎ᠤᠨ ᠠᠯᠪᠠᠨ ᠭᠡᠷ᠎ᠨᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠢ ᠠᠰᠢᠭ᠎ᠤᠨ ᠱᠠᠩᠨᠠᠯ᠎ᠤᠨ ᠵᠢᠱ᠌ᠢᠭᠰᠡᠨ ᠱᠠᠩᠨᠠᠯ ᠣᠯᠬᠤ ᠨᠡᠷᠡᠰ᠎ᠢ ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠠᠵᠢᠯ᠎ᠤᠨ ᠬᠠᠮᠢᠶᠠᠷᠤᠯᠲᠠ ᠵᠢᠨ ᠪᠠᠢ᠍ᠢ᠍ᠭᠤᠯᠤᠮᠵᠢᠳᠤ ᠮᠡᠳᠡᠭᠦᠯᠵᠦ ᠵᠥᠪᠰᠢᠶᠡᠷᠡᠭᠦᠯᠦᠭᠰᠡᠨ᠎ᠤ ᠳᠠᠷᠠᠭ᠎ᠠ ᠨᠡᠢ᠍ᠢ᠍ᠭᠡᠮ᠎ᠳᠤ ᠢᠯᠡ ᠨᠡᠢ᠍ᠢ᠍ᠲᠡᠯᠡᠨᠡ᠃
ᠠᠷᠪᠠᠨ ᠳᠣᠯᠣᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠠᠵᠢᠯ᠎ᠤᠨ ᠬᠠᠮᠢᠶᠠᠷᠤᠯᠲᠠ ᠵᠢᠨ ᠪᠠᠢ᠍ᠢ᠍ᠭᠤᠯᠤᠮᠵᠢ᠎ᠠᠴᠠ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠢ ᠠᠰᠢᠭ᠎ᠤᠨ ᠱᠠᠩᠨᠠᠯ᠎ᠤᠨ ᠦᠨᠡᠮᠯᠡᠯ ᠣᠯᠭᠤᠵᠤ᠂ ᠪᠡᠯᠡ ᠮᠥᠩᠭᠦᠨ᠎ᠤ ᠲᠤᠰᠠᠯᠠᠮᠵᠢ ᠬᠠᠩᠭ᠋ᠠᠨ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠢ ᠠᠰᠢᠭ᠎ᠤᠨ ᠠᠯᠳᠠᠨ ᠱᠠᠩᠨᠠᠯ ᠣᠯᠣᠭᠰᠠᠨ ᠲᠤᠰᠬᠠᠢ ᠠᠰᠢᠭ᠎ᠤᠨ ᠡᠷᠬᠡᠲᠦ ᠬᠥᠮᠥᠨ᠎ᠳᠤ᠂ 30 ᠲᠦᠮᠡᠨ ᠲᠥᠭᠦᠷᠢᠭ᠎ᠤᠨ ᠪᠡᠯᠡ ᠮᠥᠩᠭᠦᠨ᠎ᠤ ᠲᠤᠰᠠᠯᠠᠮᠵᠢ ᠣᠯᠭᠤᠨ᠎ᠠ; ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠢ ᠠᠰᠢᠭ᠎ᠤᠨ ᠮᠥᠩᠭᠦᠨ ᠱᠠᠩᠨᠠᠯ ᠣᠯᠣᠭᠰᠠᠨ ᠲᠤᠰᠬᠠᠢ ᠠᠰᠢᠭ᠎ᠤᠨ ᠡᠷᠬᠡᠲᠦ ᠬᠥᠮᠥᠨ᠎ᠳᠤ᠂ 20 ᠲᠦ᠍ᠮᠡᠨ ᠲᠥᠭᠦᠷᠢᠭ᠎ᠤᠨ ᠪᠡᠯᠡ ᠮᠥᠩᠭᠦᠨ᠎ᠤ ᠲᠤᠰᠠᠯᠠᠮᠵᠢ ᠣᠯᠭᠤᠨ᠎ᠠ; ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠢ ᠠᠰᠢᠭ᠎ᠤᠨ ᠰᠢᠯᠢᠳᠡᠭ ᠱᠠᠩᠨᠠᠯ ᠣᠯᠣᠭᠰᠠᠨ ᠲᠤᠰᠬᠠᠢ ᠠᠰᠢᠭ᠎ᠤᠨ ᠡᠷᠬᠡᠲᠦ ᠬᠥᠮᠥᠨ᠎ᠳᠤ᠂ 10 ᠲᠦᠮᠡᠨ ᠲᠥᠭᠦᠷᠢᠭ᠎ᠤᠨ ᠪᠡᠯᠡ ᠮᠥᠩᠭᠦᠨ᠎ᠤ ᠲᠤᠰᠠᠯᠠᠮᠵᠢ ᠣᠯᠭᠤᠨ᠎ᠠ᠃
ᠠᠷᠪᠠᠨ ᠨᠠᠢ᠍ᠮᠠᠳᠤᠭ᠋ᠠᠷ ᠵᠦᠢ᠍ᠯ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠢ ᠠᠰᠢᠭ᠎ᠤᠨ ᠠᠯᠳᠠᠨ ᠱᠠᠩᠨᠠᠯ᠂ ᠮᠥᠩᠭᠦᠨ ᠱᠠᠩᠨᠠᠯ᠂ ᠰᠢᠯᠢᠳᠡᠭ ᠱᠠᠩᠨᠠᠯ ᠣᠯᠣᠭᠰᠠᠨ ᠲᠤᠰᠬᠠᠢ ᠠᠰᠢᠭ᠎ᠤᠨ ᠡᠷᠬᠡᠲᠦ ᠬᠥᠮᠥᠨ ᠲᠤᠰᠠᠯᠠᠮᠵᠢ ᠵᠢᠨ ᠪᠡᠯᠡ ᠮᠥᠩᠭᠦ ᠵᠢ ᠳᠣᠣᠷᠠᠬᠢ ᠬᠠᠷᠢᠴᠠᠯ ᠵᠶ᠋ᠠᠷ ᠱᠠᠩᠨᠠᠯ ᠣᠯᠣᠭᠰᠠᠨ ᠲᠥᠷᠥᠯ ᠵᠦᠢ᠍ᠯ᠎ᠤᠨ ᠡᠭᠦᠳᠦᠭᠴᠢ ᠪᠤᠶᠤ ᠵᠢᠷᠤᠭ ᠲᠥᠯᠥᠪᠯᠡᠭᠴᠢ ᠵᠢᠴᠢ ᠲᠣᠰ ᠲᠤᠰᠬᠠᠢ ᠠᠰᠢᠭ᠎ᠤᠨ ᠮᠡᠷᠭᠡᠵᠢᠯ᠎ᠢ ᠬᠡᠷᠡᠭᠵᠢᠭᠦᠯᠬᠦ᠎ᠳᠤ ᠪᠣᠳᠠᠲᠤ ᠬᠤᠪᠢ ᠨᠡᠮᠡᠷᠢ ᠦᠵᠡᠭᠦᠯᠦᠭᠰᠡᠨ ᠨᠢᠭᠡᠴᠢ ᠪᠠ ᠬᠤᠪᠢ ᠬᠥᠮᠥᠨ᠎ᠢ ᠲᠤᠰᠠᠯᠠᠬᠤ᠎ᠳᠤ ᠬᠡᠷᠡᠭᠯᠡᠬᠦ ᠬᠡᠷᠡᠭᠲᠡᠢ᠃
(ᠨᠢᠭᠡ) ᠱᠠᠩᠨᠠᠯ ᠣᠯᠣᠭᠰᠠᠨ ᠲᠥᠷᠥᠯ ᠵᠦᠢ᠍ᠯ᠎ᠤᠨ ᠲᠤᠰᠬᠠᠢ ᠠᠰᠢᠭ᠎ᠤᠨ ᠡᠭᠦᠳᠦᠭᠴᠢ ᠪᠤᠶᠤ ᠵᠢᠷᠤᠭ ᠲᠥᠯᠥᠪᠯᠡᠭᠴᠢ ᠵᠢ 50%᠎ᠠᠴᠠ ᠳᠤᠲᠠᠭᠤ ᠦᠭᠡᠢ ᠬᠠᠷᠢᠴᠠᠯ ᠵᠶ᠋ᠠᠷ ᠲᠤᠰᠠᠯᠠᠨ᠎ᠠ᠃
(ᠬᠤᠶᠠᠷ) ᠲᠣᠰ ᠲᠥᠷᠥᠯ ᠵᠦᠢ᠍ᠯ᠎ᠤᠨ ᠲᠤᠰᠬᠠᠢ ᠠᠰᠢᠭ᠎ᠤᠨ ᠮᠡᠷᠭᠡᠵᠢᠯ᠎ᠢ ᠬᠡᠷᠡᠭᠵᠢᠭᠦᠯᠬᠦ᠎ᠳᠤ ᠪᠣᠳᠠᠲᠤ ᠬᠤᠪᠢ ᠨᠡᠮᠡᠷᠢ ᠦᠵᠡᠭᠦᠯᠦᠭᠰᠡᠨ ᠨᠢᠭᠡᠴᠢ ᠪᠠ ᠬᠤᠪᠢ ᠬᠥᠮᠥᠨ᠎ᠢ 20%᠎ᠠᠴᠠ ᠳᠤᠲᠠᠭᠤ ᠦᠭᠡᠢ ᠬᠠᠷᠢᠴᠠᠯ ᠵᠶ᠋ᠠᠷ ᠲᠤᠰᠠᠯᠠᠨ᠎ᠠ᠃
(ᠭᠤᠷᠪᠠ) ᠲᠤᠰᠠᠯᠠᠮᠵᠢ ᠵᠢᠨ ᠪᠤᠰᠤᠳ ᠪᠡᠯᠡ ᠮᠥᠩᠭᠦ ᠵᠢ ᠲᠤᠰᠬᠠᠢ ᠠᠰᠢᠭ᠎ᠤᠨ ᠬᠠᠮᠢᠶ᠎ᠠ ᠪᠦᠬᠦᠢ ᠠᠵᠢᠯ᠎ᠳᠤ ᠵᠠᠷᠤᠴᠠᠭᠤᠯᠤᠨ᠎ᠠ᠃
ᠠᠷᠪᠠ ᠶᠢᠰᠦᠳᠦᠭᠡᠷ ᠵᠦᠢ᠍ᠯ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠢ ᠠᠰᠢᠭ᠎ᠤᠨ ᠱᠠᠩᠨᠠᠯ᠎ᠤᠨ ᠲᠤᠰᠠᠯᠠᠮᠵᠢ ᠵᠢᠨ ᠪᠡᠯᠡ ᠮᠥᠩᠭᠦ ᠵᠢ ᠣᠳᠣ ᠵᠢᠨ ᠪᠠᠢ᠍ᠢ᠍ᠭ᠎ᠠ ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠢᠶ᠎ᠠ ᠪᠦᠬᠦᠢ ᠠᠵᠢᠯ᠎ᠤᠨ ᠵᠠᠷᠤᠳᠠᠯ᠎ᠠᠴᠠ ᠭᠠᠷᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢ᠍ᠢ᠍ᠭᠡᠮ᠎ᠤᠨ ᠬᠥᠭᠵᠢᠯᠲᠡ ᠵᠢᠨ ᠪᠠᠢ᠍ᠢ᠍ᠳᠠᠯ᠎ᠢ ᠦᠨᠳᠦᠰᠦᠯᠡᠨ᠂ ᠲᠤᠰᠠᠯᠠᠮᠵᠢ ᠵᠢᠨ ᠪᠡᠯᠡ ᠮᠥᠩᠭᠦᠨ᠎ᠤ ᠬᠡᠪᠴᠢᠶ᠎ᠡ ᠵᠢᠴᠢ ᠪᠡᠯᠡ ᠮᠥᠩᠭᠦᠨ᠎ᠤ ᠢᠷᠡᠯᠲᠡ ᠠᠷᠭ᠎ᠠ ᠵᠠᠮ᠎ᠢ ᠴᠠᠭᠲᠤᠨᠢ ᠵᠣᠬᠢᠴᠠᠭᠤᠯᠤᠨ ᠲᠣᠬᠢᠷᠠᠭᠤᠯᠤᠯᠲᠠ ᠬᠢᠨ᠎ᠡ᠃
ᠬᠤᠷᠢᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠠᠵᠢᠯ᠎ᠤᠨ ᠬᠠᠮᠢᠶᠠᠷᠤᠯᠲᠠ ᠵᠢᠨ ᠪᠠᠢ᠍ᠢ᠍ᠭᠤᠯᠤᠮᠵᠢ᠎ᠨᠢ ᠬᠠᠮᠢᠶ᠎ᠠ ᠪᠦᠬᠦᠢ ᠤᠬᠠᠭᠤᠯᠭ᠎ᠠ ᠪᠠ ᠰᠣᠯᠢᠯᠴᠠᠭ᠎ᠠ ᠵᠢ ᠢᠳᠡᠪᠬᠢᠲᠡᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢ᠍ᠢ᠍ᠭᠡᠮ᠎ᠤᠨ ᠬᠥᠭᠵᠢᠯᠲᠡ᠎ᠳᠤ ᠦᠵᠡᠭᠦᠯᠬᠦ ᠲᠤᠰᠬᠠᠢ ᠠᠰᠢᠭ᠎ᠤᠨ ᠱᠠᠩᠨᠠᠯ᠎ᠤᠨ ᠢᠳᠡᠪᠬᠢ ᠠᠬᠢᠭᠤᠯᠬᠤ ᠦᠢ᠍ᠯᠡᠳᠦᠯ᠎ᠢ ᠪᠠᠳᠠᠷᠠᠭᠤᠯᠬᠤ ᠬᠡᠷᠡᠭᠲᠡᠢ᠃
ᠬᠤᠷᠢᠨ ᠨᠢᠭᠡᠳᠦᠭᠡᠷ ᠵᠦᠢ᠍ᠯ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠢ ᠠᠰᠢᠭ᠎ᠤᠨ ᠱᠠᠩᠨᠠᠯ᠎ᠢ ᠬᠢᠨᠠᠨ ᠲᠣᠭᠲᠠᠭ᠋ᠠᠬᠤ᠎ᠳᠤ ᠣᠷᠣᠯᠴᠠᠭᠰᠠᠨ ᠬᠥᠮᠥᠨ᠎ᠨᠢ ᠬᠢᠨᠠᠨ ᠲᠣᠭᠲᠠᠭ᠋ᠠᠬᠤ ᠬᠠᠮᠢᠶ᠎ᠠ ᠪᠦᠬᠦᠢ ᠪᠠᠢ᠍ᠢ᠍ᠳᠠᠯ᠎ᠢ ᠵᠠᠳᠠᠷᠠᠭᠤᠯᠵᠤ ᠪᠣᠯᠬᠤ ᠦᠭᠡᠢ᠂ ᠭᠤᠶᠤᠴᠢᠯᠠᠨ ᠮᠡᠳᠡᠭᠦᠯᠦᠭᠰᠡᠨ ᠨᠢᠭᠡᠴᠢ ᠪᠤᠶᠤ ᠬᠤᠪᠢ ᠬᠥᠮᠥᠨ᠎ᠯᠦᠭᠡ ᠠᠰᠢᠭ ᠬᠤᠣᠷ᠎ᠤᠨ ᠬᠠᠷᠢᠴᠠᠭ᠎ᠠ᠎ᠲᠠᠢ ᠪᠣᠯ ᠵᠠᠶ᠋ᠢᠯᠠᠬᠤ ᠬᠡᠷᠡᠭᠲᠡᠢ᠃
ᠬᠤᠷᠢᠨ ᠬᠤᠶᠠᠳᠤᠭ᠋ᠠᠷ ᠵᠦᠢ᠍ᠯ ᠬᠤᠳᠠᠯ ᠬᠡᠯᠡᠵᠦ ᠬᠠᠭᠤᠷᠮᠠᠭ ᠵᠶ᠋ᠠᠷ ᠵᠣᠬᠢᠶᠠᠬᠤ᠂ ᠬᠤᠪᠢ ᠵᠢᠨ ᠨᠡᠢ᠍ᠢ᠍ᠷ ᠲᠠᠯ᠎ᠠ ᠬᠠᠷᠠᠵᠤ ᠬᠠᠥᠯᠢ ᠶᠣᠰᠣ ᠵᠢ ᠵᠥᠷᠢᠴᠡᠬᠦ ᠵᠡᠷᠭᠡ ᠵᠦᠢ ᠶᠣᠰᠣᠨ᠎ᠤ ᠪᠤᠰᠤ ᠠᠷᠭ᠎ᠠ ᠪᠠᠷᠢᠯ ᠵᠶ᠋ᠠᠷ ᠪᠤᠶᠤ ᠥᠷᠥᠭᠡᠯ ᠪᠤᠰᠤᠳ᠎ᠢ ᠬᠠᠮᠵᠢᠵᠤ ᠪᠠᠶ᠋ᠢᠭ᠋ᠠᠳ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠢ ᠠᠰᠢᠭ᠎ᠤᠨ ᠱᠠᠩᠨᠠᠯ᠎ᠢ ᠤᠬᠠᠭ᠋ᠠᠯᠠᠨ ᠣᠯᠣᠭᠴᠢ᠎ᠨᠢ᠂ ᠬᠢᠨᠠᠨ ᠲᠣᠭᠲᠠᠭ᠋ᠠᠬᠤ ᠵᠥᠪᠯᠡᠯ ᠪᠤᠶᠤ ᠲᠤᠰᠬᠠᠢ ᠮᠡᠷᠭᠡᠵᠢᠯᠲᠡᠨ᠎ᠤ ᠬᠢᠨᠠᠨ ᠲᠣᠭᠲᠠᠭ᠋ᠠᠬᠤ ᠳᠤᠭᠤᠢ᠍ᠢ᠍ᠯᠠᠩ᠎ᠤᠨ ᠪᠦᠷᠢᠯᠳᠦᠭᠦᠨ ᠭᠡᠰᠢᠭᠦᠨ ᠪᠠᠢ᠍ᠢ᠍ᠪᠠᠯ᠂ ᠲᠡᠭᠦᠨ᠎ᠤ ᠬᠢᠨᠠᠨ ᠵᠥᠪᠯᠡᠬᠦ ᠪᠤᠶᠤ ᠬᠢᠨᠠᠨ ᠲᠣᠭᠲᠠᠭ᠋ᠠᠬᠤ ᠬᠢᠷᠢ ᠭᠡᠮ᠎ᠢ᠎ᠨᠢ ᠬᠠᠰᠤᠨ᠎ᠠ; ᠲᠠᠨᠢᠯᠴᠠᠭᠤᠯᠤᠭᠰᠠᠨ ᠨᠢᠭᠡᠴᠢ ᠪᠤᠶᠤ ᠲᠠᠨᠢᠯᠴᠠᠭᠤᠯᠤᠭᠰᠠᠨ ᠠᠺᠠᠳᠧᠮᠢᠴᠢ ᠪᠠᠢ᠍ᠢ᠍ᠪᠠᠯ᠂ ᠨᠡᠪᠲᠡᠷᠡᠭᠦᠯᠦᠨ ᠮᠡᠳᠡᠭᠡᠯᠡᠵᠦ᠂ ᠦᠢ᠍ᠯᠡ ᠪᠠᠢ᠍ᠢ᠍ᠳᠠᠯ᠎ᠨᠢ ᠬᠦᠨᠳᠦ ᠨᠣᠴᠢᠲᠠᠢ ᠪᠣᠯ ᠲᠠᠨᠢᠯᠴᠠᠭᠤᠯᠬᠤ ᠬᠢᠷᠢ ᠭᠡᠮ᠎ᠢ᠎ᠨᠢ ᠬᠠᠰᠤᠨ᠎ᠠ; ᠱᠠᠩᠨᠠᠯ ᠣᠯᠣᠭᠴᠢ ᠪᠠᠢ᠍ᠢ᠍ᠪᠠᠯ ᠬᠢᠨᠠᠨ ᠲᠣᠭᠲᠠᠭ᠋ᠠᠬᠤ ᠵᠥᠪᠯᠡᠯ᠎ᠠᠴᠠ ᠱᠠᠩᠨᠠᠯ᠎ᠢ᠎ᠨᠢ ᠬᠦᠴᠦᠨ ᠦᠭᠡᠢ ᠪᠣᠯᠭ᠋ᠠᠵᠤ᠂ ᠦᠨᠡᠮᠯᠡᠯ ᠪᠠ ᠲᠤᠰᠠᠯᠠᠮᠵᠢ ᠵᠢᠨ ᠪᠡᠯᠡ ᠮᠥᠩᠭᠦ ᠵᠢ ᠨᠡᠬᠡᠮᠵᠢᠯᠡᠨ ᠪᠤᠴᠠᠭ᠋ᠠᠵᠤ ᠠᠪᠴᠢᠷᠠᠭ᠋ᠠᠳ ᠨᠡᠢ᠍ᠢ᠍ᠭᠡᠮ᠎ᠤᠨ ᠢᠲᠡᠭᠡᠮᠵᠢ ᠵᠢᠨ ᠳᠠᠩᠰᠠᠨ᠎ᠳᠤ ᠲᠡᠮᠳᠡᠭᠯᠡᠬᠦ ᠵᠢᠨ ᠬᠠᠮᠲᠤ ᠢᠯᠡ ᠨᠡᠢ᠍ᠢ᠍ᠲᠡᠯᠡᠵᠦ᠂ ᠬᠤᠯᠪᠣᠭᠳᠠᠯ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠱᠠᠩᠨᠠᠯ ᠣᠯᠣᠭᠰᠠᠨ᠎ᠠᠴᠠ ᠬᠦᠷᠲᠡᠭᠰᠡᠨ ᠮᠡᠷᠭᠡᠵᠢᠯ᠎ᠤᠨ ᠴᠣᠯᠠ (ᠠᠵᠢᠯ᠎ᠤᠨ ᠪᠠᠢ᠍ᠢ᠍ᠷᠢ᠂ ᠲᠤᠰᠢᠶᠠᠯ) ᠪᠠ ᠰᠢᠯᠭ᠋ᠠᠨ ᠬᠢᠨᠠᠭᠰᠠᠨ ᠦᠷ᠎ᠡ ᠳ᠋ᠦᠩ ᠵᠡᠷᠭᠡ ᠵᠢ᠎ᠨᠢ ᠬᠦᠴᠦᠨ ᠦᠭᠡᠢ ᠪᠣᠯᠭ᠋ᠠᠨ᠎ᠠ᠃ ᠬᠤᠯᠪᠣᠭᠳᠠᠯ ᠪᠦᠬᠦᠢ ᠬᠠᠷᠢᠭᠤᠴᠠᠯᠭ᠋ᠠᠲᠠᠨ᠎ᠢ ᠬᠠᠥᠯᠢ ᠴᠠᠭ᠋ᠠᠵᠠ ᠰᠠᠬᠢᠯᠭ᠎ᠠ ᠪᠠᠲᠤ ᠵᠢᠨ ᠶᠣᠰᠣᠭ᠋ᠠᠷ ᠰᠢᠢ᠍ᠳᠭᠡᠨ ᠰᠢᠢ᠍ᠳᠪᠦᠷᠢᠯᠡᠨ᠎ᠡ; ᠶᠠᠯᠠᠳᠤ ᠬᠥᠷᠥᠭᠰᠡᠨ ᠪᠠᠢ᠍ᠢ᠍ᠪᠠᠯ᠂ ᠬᠠᠥᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠬᠤᠷᠢᠨ ᠭᠤᠷᠪᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠠᠵᠢᠯ᠎ᠤᠨ ᠬᠠᠮᠢᠶᠠᠷᠤᠯᠲᠠ ᠵᠢᠨ ᠪᠠᠢ᠍ᠢ᠍ᠭᠤᠯᠤᠮᠵᠢ᠎ᠨᠢ ᠲᠣᠰ ᠠᠷᠭ᠎ᠠ ᠵᠢ ᠦᠨᠳᠦᠰᠦᠯᠡᠵᠦ ᠬᠡᠷᠡᠭᠵᠢᠭᠦᠯᠬᠦ ᠨᠠᠷᠢᠨ ᠳᠦᠷᠢᠮ᠎ᠢ ᠲᠣᠭᠲᠠᠭ᠋ᠠᠬᠤ ᠬᠡᠷᠡᠭᠲᠡᠢ᠃
ᠬᠤᠷᠢᠨ ᠳᠥᠷᠪᠡᠳᠦᠭᠡᠷ ᠵᠦᠢ᠍ᠯ ᠲᠣᠰ ᠠᠷᠭ᠎ᠠ ᠵᠢ 2023 ᠣᠨ᠎ᠤ 7 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ