ᠠᠢ᠍ᠢ᠍ᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠶᠡᠷᠦᠩᠬᠡᠢ ᠲᠥᠯᠥᠪᠵᠢᠭᠦᠯᠭᠡ ᠵᠢᠨ ᠬᠢᠨᠠᠨ ᠪᠠᠶ᠋ᠢᠴᠠᠭ᠋ᠠᠯᠭ᠋ᠠᠵᠤ ᠮᠡᠳᠡᠭᠦᠯᠦᠨ ᠵᠥᠪᠰᠢᠶᠡᠷᠡᠭᠦᠯᠬᠦ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2024-08-27
ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠤᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠎ᠳᠤ᠄
ᠡᠳᠦᠭᠡ 《ᠠᠢ᠍ᠢ᠍ᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠶᠡᠷᠦᠩᠬᠡᠢ ᠲᠥᠯᠥᠪᠵᠢᠭᠦᠯᠭᠡ ᠵᠢᠨ ᠬᠢᠨᠠᠨ ᠪᠠᠶ᠋ᠢᠴᠠᠭ᠋ᠠᠯᠭ᠋ᠠᠵᠤ ᠮᠡᠳᠡᠭᠦᠯᠦᠨ ᠵᠥᠪᠰᠢᠶᠡᠷᠡᠭᠦᠯᠬᠦ ᠠᠷᠭ᠎ᠠ》 ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠶ ᠲᠤᠭᠤᠰᠢᠯᠠᠭᠤᠯᠤᠨ ᠨᠡᠢ᠍ᠢ᠍ᠳᠠᠪᠤᠷᠢᠵᠢᠭᠤᠯᠲᠤᠭ᠋ᠠᠢ᠃
ᠠᠢ᠍ᠢ᠍ᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠶᠡᠷᠦᠩᠬᠡᠢ ᠲᠥᠯᠥᠪᠵᠢᠭᠦᠯᠭᠡ ᠵᠢᠨ ᠬᠢᠨᠠᠨ ᠪᠠᠶ᠋ᠢᠴᠠᠭ᠋ᠠᠯᠭ᠋ᠠᠵᠤ ᠮᠡᠳᠡᠭᠦᠯᠦᠨ ᠵᠥᠪᠰᠢᠶᠡᠷᠡᠭᠦᠯᠬᠦ ᠠᠷᠭ᠎ᠠ
ᠨᠢᠭᠡᠳᠦᠭᠡᠷ ᠵᠦᠢ᠍ᠯ ᠠᠢ᠍ᠢ᠍ᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠶᠡᠷᠦᠩᠬᠡᠢ ᠲᠥᠯᠥᠪᠵᠢᠭᠦᠯᠭᠡ ᠵᠢᠨ ᠬᠢᠨᠠᠨ ᠪᠠᠢ᠍ᠢ᠍ᠴᠠᠭ᠋ᠠᠬᠤ᠂ ᠮᠡᠳᠡᠭᠦᠯᠦᠨ ᠵᠥᠪᠰᠢᠶᠡᠷᠡᠭᠦᠯᠬᠦ ᠪᠠ ᠵᠠᠰᠠᠪᠤᠷᠢ ᠣᠷᠣᠭᠤᠯᠬᠤ ᠠᠵᠢᠯ᠎ᠢ ᠵᠢᠷᠤᠮᠵᠢᠭᠤᠯᠬᠤ ᠵᠢᠨ ᠲᠤᠰᠠᠳᠠ᠂ 《ᠪᠦᠭᠦᠳᠡ ᠨᠡᠢ᠍ᠢ᠍ᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠰᠢᠷᠣᠢ ᠵᠢᠨ ᠬᠠᠮᠢᠶᠠᠷᠤᠯᠲᠠ ᠵᠢᠨ ᠬᠠᠥᠯᠢ》 《ᠪᠦᠭᠦᠳᠡ ᠨᠡᠢ᠍ᠢ᠍ᠷᠠᠮᠳᠠᠬᠤ ᠳᠤᠮᠳᠠᠳᠤ ᠠᠷᠠᠳ ᠤᠯᠤᠰ᠎ᠤᠨ ᠬᠤᠲᠠ ᠬᠥᠳᠡᠭᠡ ᠵᠢᠨ ᠲᠥᠯᠥᠪᠵᠢᠭᠦᠯᠭᠡ ᠵᠢᠨ ᠬᠠᠥᠯᠢ》 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈ᠪᠦᠭᠦᠳᠡ ᠨᠡᠢ᠍ᠢ᠍ᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠰᠢᠷᠣᠢ ᠵᠢᠨ ᠬᠠᠮᠢᠶᠠᠷᠤᠯᠲᠠ ᠵᠢᠨ ᠬᠠᠥᠯᠢ〉 ᠵᠢ ᠬᠡᠷᠡᠭᠵᠢᠭᠦᠯᠬᠦ ᠠᠷᠭ᠎ᠠ》 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠲᠠ ᠬᠥᠳᠡᠭᠡ ᠵᠢᠨ ᠲᠥᠯᠥᠪᠵᠢᠭᠦᠯᠭᠡ ᠵᠢᠨ ᠳᠦᠷᠢᠮ》 《ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠲᠥᠯᠥᠪᠵᠢᠭᠦᠯᠭᠡ ᠵᠢᠨ ᠲᠣᠭᠲᠠᠯᠴᠠᠭ᠎ᠠ ᠵᠢ ᠪᠠᠢ᠍ᠢ᠍ᠭᠤᠯᠬᠤ ᠵᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠬᠦ ᠲᠤᠬᠠᠢ ᠨᠠᠮ᠎ᠤᠨ ᠲᠥᠪ ᠬᠤᠷᠢᠶ᠎ᠠ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠠᠨᠠᠯ᠎ᠤᠳ》 《ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠲᠥᠯᠥᠪᠵᠢᠭᠦᠯᠭᠡ ᠳᠤᠮᠳᠠ ᠭᠤᠷᠪᠠᠨ ᠵᠤᠷᠪᠤᠰ ᠡᠵᠡᠮᠰᠢᠯ ᠱᠤᠭᠤᠮ᠎ᠢ ᠨᠢᠭᠡᠳᠦᠯᠲᠡᠢ ᠲᠥᠯᠥᠪᠯᠡᠨ ᠢᠯᠭ᠋ᠠᠨ ᠲᠣᠭᠲᠠᠭ᠋ᠠᠵᠤ ᠨᠡᠢ᠍ᠢ᠍ᠳᠠᠪᠤᠷᠢᠵᠢᠭᠤᠯᠬᠤ ᠲᠤᠬᠠᠢ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠵᠢᠯᠣᠭᠤᠳᠬᠤ ᠰᠠᠨᠠᠯ》 ᠵᠡᠷᠭᠡ ᠬᠠᠥᠯᠢ ᠴᠠᠭ᠋ᠠᠵᠠ᠂ ᠬᠠᠥᠯᠢ ᠲᠣᠭᠲᠠᠭ᠋ᠠᠯ ᠪᠠ ᠪᠢᠴᠢᠭ ᠮᠠᠲ᠋ᠧᠷᠢᠶᠠᠯ᠎ᠤᠨ ᠬᠤᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ᠂ ᠲᠣᠰ ᠠᠷᠭ᠎ᠠ ᠵᠢ ᠲᠣᠭᠲᠠᠭ᠋ᠠᠪᠠ᠃
ᠬᠤᠶᠠᠳᠤᠭ᠋ᠠᠷ ᠵᠦᠢ᠍ᠯ ᠲᠥᠷᠥ ᠵᠢᠨ ᠶᠠᠪᠤᠳᠠᠯ᠎ᠤᠨ ᠬᠤᠷᠢᠶᠠᠨ᠎ᠳᠤ ᠵᠥᠪᠰᠢᠶᠡᠷᠡᠭᠦᠯᠬᠦ᠎ᠪᠠᠷ ᠮᠡᠳᠡᠭᠦᠯᠬᠦ ᠬᠤᠲᠠ ᠵᠢᠨ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠶᠡᠷᠦᠩᠬᠡᠢ ᠲᠥᠯᠥᠪᠵᠢᠭᠦᠯᠭᠡ ᠪᠠ ᠥᠪᠡᠷᠲᠡᠭᠡᠨ ᠵᠠᠰᠠᠬᠤ ᠣᠷᠣᠨ᠎ᠳᠤ ᠵᠥᠪᠰᠢᠶᠡᠷᠡᠭᠦᠯᠬᠦ᠎ᠪᠠᠷ ᠮᠡᠳᠡᠭᠦᠯᠬᠦ ᠠᠢ᠍ᠢ᠍ᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠶᠡᠷᠦᠩᠬᠡᠢ ᠲᠥᠯᠥᠪᠵᠢᠭᠦᠯᠭᠡ ᠵᠢ ᠬᠢᠨᠠᠨ ᠪᠠᠶ᠋ᠢᠴᠠᠭ᠋ᠠᠯᠭ᠋ᠠᠬᠤ᠂ ᠮᠡᠳᠡᠭᠦᠯᠦᠨ ᠵᠥᠪᠰᠢᠶᠡᠷᠡᠭᠦᠯᠬᠦ ᠪᠠ ᠵᠠᠰᠠᠪᠤᠷᠢ ᠣᠷᠣᠭᠤᠯᠬᠤ᠎ᠳᠤ ᠲᠣᠰ ᠠᠷᠭ᠎ᠠ ᠵᠢ ᠬᠡᠷᠡᠭᠯᠡᠨ᠎ᠡ᠃
ᠭᠤᠷᠪᠠᠳᠤᠭ᠋ᠠᠷ ᠵᠦᠢ᠍ᠯ ᠡᠯ᠎ᠡ ᠠᠢ᠍ᠢ᠍ᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠨᠢ ᠠᠢ᠍ᠢ᠍ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠂ ᠲᠤᠰᠬᠠᠢ ᠮᠡᠷᠭᠡᠵᠢᠯᠲᠡᠨ ᠡᠷᠳᠡᠮᠲᠡᠨ ᠪᠠ ᠣᠯᠠᠨ ᠨᠡᠢ᠍ᠢ᠍ᠲᠡ ᠵᠢᠨ ᠲᠥᠯᠥᠭᠡᠯᠡᠭᠴᠢ᠎ᠪᠠᠷ ᠪᠦᠷᠢᠯᠳᠦᠭᠰᠡᠨ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠲᠥᠯᠥᠪᠵᠢᠭᠦᠯᠭᠡ ᠵᠢᠨ ᠵᠥᠪᠯᠡᠯ᠎ᠢ ᠪᠠᠢ᠍ᠢ᠍ᠭᠤᠯᠵᠤ᠂ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠶᠡᠷᠦᠩᠬᠡᠢ ᠲᠥᠯᠥᠪᠵᠢᠭᠦᠯᠭᠡ᠂ ᠲᠤᠰᠬᠠᠢ ᠲᠥᠯᠥᠪᠵᠢᠭᠦᠯᠭᠡ᠂ ᠨᠠᠷᠢᠨ ᠲᠣᠳᠣᠷᠬᠠᠢ ᠲᠥᠯᠥᠪᠵᠢᠭᠦᠯᠭᠡ ᠵᠡᠷᠭᠡ ᠵᠢᠨ ᠨᠡᠢ᠍ᠢ᠍ᠷᠠᠭᠤᠯᠤᠨ ᠵᠣᠬᠢᠶᠠᠵᠤ ᠬᠡᠷᠡᠭᠵᠢᠭᠦᠯᠦᠨ ᠬᠠᠮᠢᠶᠠᠷᠬᠤ ᠠᠵᠢᠯ᠎ᠢ ᠵᠣᠬᠢᠶᠠᠨ ᠪᠠᠢ᠍ᠢ᠍ᠭᠤᠯᠵᠤ ᠤᠳᠤᠷᠢᠳᠬᠤ ᠪᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠵᠢ ᠬᠠᠷᠢᠭᠤᠴᠠᠬᠤ ᠬᠡᠷᠡᠭᠲᠡᠢ᠃
ᠳᠥᠷᠪᠡᠳᠦᠭᠡᠷ ᠵᠦᠢ᠍ᠯ ᠠᠢ᠍ᠢ᠍ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠬᠠᠥᠯᠢ ᠶᠣᠰᠣᠭ᠋ᠠᠷ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠶᠡᠷᠦᠩᠬᠡᠢ ᠲᠥᠯᠥᠪᠵᠢᠭᠦᠯᠭᠡ ᠵᠢ ᠨᠡᠢ᠍ᠢ᠍ᠷᠠᠭᠤᠯᠤᠨ ᠵᠣᠬᠢᠶᠠᠬᠤ ᠬᠡᠷᠡᠭᠲᠡᠢ᠃ ᠲᠥᠯᠥᠪᠵᠢᠭᠦᠯᠭᠡ ᠵᠢᠨ ᠡᠬᠡ ᠨᠣᠣᠷᠠᠭ ᠪᠦᠷᠢᠯᠳᠦᠭᠰᠡᠨ᠎ᠤ ᠳᠠᠷᠠᠭ᠎ᠠ᠂ ᠣᠯᠠᠨ ᠵᠦᠢ᠍ᠯ᠎ᠤᠨ ᠠᠷᠭ᠎ᠠ ᠬᠡᠯᠪᠡᠷᠢ᠎ᠪᠠᠷ ᠲᠤᠰᠬᠠᠢ ᠮᠡᠷᠭᠡᠵᠢᠯᠲᠡᠨ᠂ ᠰᠠᠯᠠᠭ᠎ᠠ ᠮᠥᠴᠢᠷ ᠪᠤᠶᠤ ᠨᠢᠭᠡᠴᠢ᠂ ᠨᠡᠢ᠍ᠢ᠍ᠭᠡᠮ ᠨᠡᠢ᠍ᠢ᠍ᠲᠡ᠎ᠠᠴᠠ ᠰᠠᠨᠠᠯ ᠬᠤᠷᠢᠶᠠᠬᠤ ᠵᠢᠨ ᠬᠠᠮᠲᠤ ᠬᠠᠥᠯᠢ ᠶᠣᠰᠣᠭ᠋ᠠᠷ ᠲᠥᠯᠥᠪᠵᠢᠭᠦᠯᠭᠡ ᠵᠢᠨ ᠡᠬᠡ ᠨᠣᠣᠷᠠᠭ ᠵᠶ᠋ᠠᠨ ᠵᠠᠷᠯᠠᠨ ᠨᠡᠶ᠋ᠢᠲᠡᠯᠡᠬᠦ ᠬᠡᠷᠡᠭᠲᠡᠢ᠃ ᠵᠠᠷᠯᠠᠨ ᠨᠡᠶ᠋ᠢᠲᠡᠯᠡᠬᠦ ᠬᠤᠭᠤᠴᠠᠭ᠎ᠠ ᠵᠢ 30 ᠡᠳᠦᠷ᠎ᠠᠴᠠ ᠳᠤᠲᠠᠭᠤ ᠪᠠᠶ᠋ᠢᠯᠭ᠋ᠠᠵᠤ ᠪᠣᠯᠬᠤ ᠦᠭᠡᠢ᠃
ᠲᠠᠪᠤᠳᠤᠭ᠋ᠠᠷ ᠵᠦᠢ᠍ᠯ ᠠᠢ᠍ᠢ᠍ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈ᠪᠦᠭᠦᠳᠡ ᠨᠡᠢ᠍ᠢ᠍ᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠰᠢᠷᠣᠢ ᠵᠢᠨ ᠬᠠᠮᠢᠶᠠᠷᠤᠯᠲᠠ ᠵᠢᠨ ᠬᠠᠥᠯᠢ〉 ᠵᠢ ᠬᠡᠷᠡᠭᠵᠢᠭᠦᠯᠬᠦ ᠠᠷᠭ᠎ᠠ》 ᠵᠢᠨ ᠲᠣᠭᠲᠠᠭ᠋ᠠᠯ ᠶᠣᠰᠣᠭ᠋ᠠᠷ᠂ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠶᠡᠷᠦᠩᠬᠡᠢ ᠲᠥᠯᠥᠪᠵᠢᠭᠦᠯᠭᠡ ᠵᠢᠨ ᠡᠬᠡ ᠨᠣᠣᠷᠠᠭ ᠵᠶ᠋ᠠᠨ ᠠᠳᠠᠯᠢ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠢ᠍ᠢ᠍ᠩᠭᠤ ᠵᠢᠨ ᠬᠤᠷᠢᠶᠠᠨ᠎ᠳᠤ ᠬᠢᠨᠠᠨ ᠵᠥᠪᠯᠡᠭᠦᠯᠬᠦ᠎ᠪᠠᠷ ᠳᠡᠪᠰᠢᠭᠦᠯᠬᠦ ᠬᠡᠷᠡᠭᠲᠡᠢ᠃
ᠵᠢᠷᠭᠤᠳᠤᠭ᠋ᠠᠷ ᠵᠦᠢ᠍ᠯ ᠠᠢ᠍ᠢ᠍ᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠶᠡᠷᠥᠩᠬᠡᠢ ᠲᠥᠯᠥᠪᠵᠢᠭᠦᠯᠭᠡ ᠵᠢ ᠳᠡᠭᠡᠭᠰᠢ ᠮᠡᠳᠡᠭᠦᠯᠦᠨ ᠵᠥᠪᠰᠢᠶᠡᠷᠡᠭᠦᠯᠬᠦ᠎ᠠᠴᠠ ᠡᠮᠦᠨ᠎ᠡ᠂ ᠠᠢ᠍ᠢ᠍ᠮᠠᠭ ᠬᠤᠲᠠ ᠵᠢᠨ ᠪᠠᠢ᠍ᠢ᠍ᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ᠎ᠨᠢ ᠥᠪᠡᠷᠲᠡᠭᠡᠨ ᠵᠠᠰᠠᠬᠤ ᠣᠷᠣᠨ᠎ᠤ ᠪᠠᠢ᠍ᠢ᠍ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠳᠤ ᠮᠡᠳᠡᠭᠦᠯᠵᠦ ᠮᠡᠷᠭᠡᠵᠢᠯ᠎ᠤᠨ ᠬᠢᠨᠠᠨ ᠪᠠᠢ᠍ᠢ᠍ᠴᠠᠭ᠋ᠠᠯᠲᠠ ᠬᠢᠯᠭᠡᠬᠦ ᠬᠡᠷᠡᠭᠲᠡᠢ᠃ ᠮᠡᠷᠭᠡᠵᠢᠯ᠎ᠤᠨ ᠬᠢᠨᠠᠨ ᠪᠠᠢ᠍ᠢ᠍ᠴᠠᠭ᠋ᠠᠯᠲᠠ ᠵᠢᠨ ᠠᠭᠤᠯᠭ᠎ᠠ᠎ᠳᠤ ᠭᠤᠣᠯᠳᠠᠭᠤ᠄
(ᠨᠢᠭᠡ) ᠦᠷ᠎ᠡ ᠪᠦᠲᠦᠭᠡᠯ᠎ᠤᠨ ᠪᠦᠷᠢᠨ ᠪᠦᠲᠦᠨ ᠴᠢᠨᠠᠷ᠎ᠤᠨ ᠬᠢᠨᠠᠨ ᠪᠠᠢ᠍ᠢ᠍ᠴᠠᠭ᠋ᠠᠯᠲᠠ᠃ ᠭᠤᠣᠯᠳᠠᠭᠤ ᠲᠥᠯᠥᠪᠵᠢᠭᠦᠯᠭᠡ ᠵᠢᠨ ᠲᠣᠪᠬᠢᠮᠠᠯ᠂ ᠲᠥᠯᠥᠪᠵᠢᠭᠦᠯᠭᠡ ᠵᠢᠨ ᠲᠣᠳᠣᠷᠬᠠᠢ᠍ᠢ᠍ᠯᠠᠯᠲᠠ᠂ ᠬᠤᠯᠪᠣᠭᠳᠠᠯ ᠪᠦᠬᠦᠢ ᠮᠠᠲ᠋ᠧᠷᠢᠶᠠᠯ (ᠲᠣᠰ ᠭᠠᠵᠠᠷ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠢ᠍ᠢ᠍ᠩᠭᠤ ᠵᠢᠨ ᠬᠤᠷᠢᠶᠠᠨ᠎ᠤ ᠬᠢᠨᠠᠨ ᠵᠥᠪᠯᠡᠭᠰᠡᠨ ᠰᠠᠨᠠᠯ᠂ ᠨᠡᠢ᠍ᠢ᠍ᠭᠡᠮ᠎ᠤᠨ ᠠᠯᠪᠠᠨ ᠵᠠᠷᠯᠠᠯ ᠵᠡᠷᠭᠡ ᠪᠠᠭᠲᠠᠨ᠎ᠠ)᠂ ᠲᠤᠰᠬᠠᠢ ᠰᠡᠳᠦᠪᠲᠦ ᠰᠤᠳᠤᠯᠭ᠋ᠠᠨ᠎ᠤ ᠮᠡᠳᠡᠭᠦᠯᠦᠯᠲᠡ᠂ ᠲᠥᠯᠥᠪᠵᠢᠭᠦᠯᠭᠡ ᠵᠢᠨ ᠣᠷᠴᠢᠨ ᠲᠣᠭᠤᠷᠢᠨ᠎ᠤ ᠨᠥᠯᠥᠭᠡᠯᠡᠯ᠎ᠤᠨ ᠦᠨᠡᠯᠡᠯᠲᠡ᠂ ᠠᠮᠠᠯᠠᠯᠲᠠ ᠵᠢᠨ ᠵᠦᠢ᠍ᠯᠡᠰ ᠵᠶ᠋ᠠᠨ ᠨᠠᠶ᠋ᠢᠳᠠᠪᠤᠷᠢᠵᠢᠭᠤᠯᠤᠭᠰᠠᠨ ᠮᠡᠳᠡᠭᠦᠯᠦᠯᠲᠡ᠂ ᠲᠥᠯᠥᠪᠵᠢᠭᠦᠯᠭᠡ ᠵᠢᠨ ᠦᠷ᠎ᠡ ᠪᠦᠲᠦᠭᠡᠯ᠎ᠤᠨ ᠲᠤᠭ᠎ᠠ ᠪᠠᠷᠢᠮᠲᠠ ᠵᠢᠨ ᠬᠥᠮᠥᠷᠭᠡ ᠵᠢᠴᠢ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠲᠥᠯᠥᠪᠵᠢᠭᠦᠯᠭᠡ ᠵᠢᠨ 《ᠨᠢᠭᠡᠨ ᠪᠦᠲᠦᠨ ᠲᠥᠯᠥᠪᠯᠡᠭᠡᠨ᠎ᠤ ᠵᠢᠷᠤᠭ》᠎ᠢ ᠬᠡᠷᠡᠭᠵᠢᠭᠦᠯᠬᠦ ᠪᠠ ᠡᠭᠦᠨ᠎ᠳᠤ ᠬᠢᠨᠠᠯᠲᠠ ᠲᠠᠯᠪᠢᠬᠤ ᠮᠡᠳᠡᠭᠡ ᠵᠠᠩᠬᠢ ᠵᠢᠨ ᠰᠢᠰᠲ᠋ᠧᠮ᠎ᠤᠨ ᠪᠦᠲᠦᠭᠡᠨ ᠪᠠᠢ᠍ᠢ᠍ᠭᠤᠯᠤᠯᠲᠠ ᠵᠢᠨ ᠦᠷ᠎ᠡ ᠪᠦᠲᠦᠭᠡᠯ᠎ᠤᠨ ᠮᠡᠳᠡᠭᠦᠯᠦᠯᠲᠡ ᠵᠡᠷᠭᠡ ᠠᠭᠤᠯᠭ᠎ᠠ ᠵᠢᠨ ᠪᠦᠷᠢᠨ ᠪᠦᠲᠦᠨ ᠴᠢᠨᠠᠷ᠎ᠲᠤ ᠬᠢᠨᠠᠨ ᠪᠠᠢ᠍ᠢ᠍ᠴᠠᠭ᠋ᠠᠯᠲᠠ ᠬᠢᠨ᠎ᠡ᠃
(ᠬᠤᠶᠠᠷ) ᠦᠷ᠎ᠡ ᠪᠦᠲᠦᠭᠡᠯ᠎ᠤᠨ ᠵᠦᠢ ᠶᠣᠰᠤᠴᠢ ᠴᠢᠨᠠᠷ᠎ᠤᠨ ᠬᠢᠨᠠᠨ ᠪᠠᠢ᠍ᠢ᠍ᠴᠠᠭ᠋ᠠᠯᠲᠠ᠃ ᠭᠤᠣᠯᠳᠠᠭᠤ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠨᠡᠭᠡᠭᠡᠨ ᠠᠰᠢᠬᠯᠠᠵᠤ ᠬᠠᠮᠠᠭ᠋ᠠᠯᠠᠬᠤ ᠬᠠᠷᠠᠯᠲᠠ᠂ ᠬᠢᠵᠠᠭ᠋ᠠᠷᠯᠠᠬᠤ ᠴᠢᠨᠠᠷᠲᠠᠢ ᠭᠦᠢ᠍ᠴᠡᠳᠭᠡᠯ ᠲᠣᠭ᠋ᠠᠨ᠎ᠤ ᠨᠡᠢ᠍ᠢ᠍ᠳᠠᠪᠤᠷᠢᠵᠢᠭᠤᠯᠤᠯᠲᠠ ᠵᠢᠴᠢ ᠵᠠᠳᠠᠯᠤᠯᠲᠠ᠂ ᠭᠤᠣᠯ ᠴᠣᠭᠴᠠᠲᠤ ᠴᠢᠳᠠᠮᠵᠢ ᠵᠢᠨ ᠣᠷᠣᠨ᠎ᠤ ᠨᠡᠢ᠍ᠢ᠍ᠳᠠᠪᠤᠷᠢᠵᠢᠭᠤᠯᠤᠯᠲᠠ ᠬᠢᠭᠡᠳ ᠰᠢᠯᠢᠳᠡᠭᠵᠢᠭᠦᠯᠦᠯᠲᠡ ᠵᠡᠷᠭᠡ᠂ ᠠᠮᠢ ᠠᠬᠤᠢ᠂ ᠬᠤᠲᠠ ᠪᠠᠯᠭ᠋ᠠᠰᠤ ᠵᠢᠴᠢ ᠮᠠᠯ ᠲᠠᠷᠢᠶᠠᠯᠠᠩ᠎ᠤᠨ ᠰᠢᠰᠲ᠋ᠧᠮ᠎ᠤᠨ ᠪᠠᠢ᠍ᠢ᠍ᠷᠢᠰᠢᠯ᠂ ᠬᠤᠲᠠ ᠪᠠᠯᠭ᠋ᠠᠰᠤ (ᠲᠣᠰᠬᠤᠨ ᠪᠠᠯᠭ᠋ᠠᠰᠤ) ᠵᠢᠨ ᠲᠣᠭᠲᠠᠯᠴᠠᠭ᠋ᠠᠨ᠎ᠤ ᠪᠠᠶ᠋ᠢᠷᠢᠰᠢᠭᠤᠯᠤᠯᠲᠠ᠂ ᠣᠷᠣᠨ ᠪᠦᠰᠡ ᠵᠢ ᠵᠣᠬᠢᠴᠠᠭᠤᠯᠬᠤ ᠭᠤᠣᠯᠳᠠᠯᠭ᠋ᠠᠲᠤ ᠭᠠᠵᠠᠷ ᠣᠷᠣᠨ᠎ᠤ ᠣᠷᠣᠨ ᠵᠠᠢ ᠵᠢᠨ ᠪᠦᠲᠦᠴᠡ᠂ ᠬᠥᠳᠡᠭᠡ ᠲᠣᠰᠬᠤᠨ᠎ᠤ ᠣᠷᠣᠨ ᠵᠠᠢ ᠵᠢᠨ ᠪᠠᠶ᠋ᠢᠷᠢᠰᠢᠭᠤᠯᠤᠯᠲᠠ ᠵᠡᠷᠭᠡ᠂ ᠪᠠᠢ᠍ᠢ᠍ᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠲᠣᠭᠲᠠᠯᠴᠠᠭ᠎ᠠ ᠪᠠ ᠲᠡᠦᠬᠡ ᠰᠣᠶᠣᠯ᠎ᠤᠨ ᠬᠠᠮᠠᠭ᠋ᠠᠯᠠᠯᠲᠠ ᠵᠢᠨ ᠲᠣᠭᠲᠠᠯᠴᠠᠭ᠎ᠠ ᠵᠢᠴᠢ ᠣᠷᠣᠨ ᠵᠠᠢ ᠵᠢᠨ ᠬᠠᠮᠢᠶᠠᠷᠴᠤ ᠡᠵᠡᠮᠳᠡᠬᠦ ᠱᠠᠭ᠋ᠠᠷᠳᠠᠯᠭ᠎ᠠ᠂ ᠬᠤᠲᠠ (ᠰᠢᠶᠠᠨ) ᠵᠢᠨ ᠬᠡᠪᠴᠢᠶᠡᠨ᠎ᠤ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠲᠥᠯᠥᠪᠵᠢᠭᠦᠯᠭᠡ ᠵᠢᠨ ᠣᠷᠣᠨ᠎ᠤ ᠬᠤᠪᠢᠶᠠᠷᠢᠯᠠᠯ ᠪᠠ ᠬᠡᠷᠡᠭᠯᠡᠭᠡ ᠵᠢ ᠬᠠᠮᠢᠶᠠᠷᠤᠨ ᠵᠠᠬᠢᠷᠬᠤ ᠳᠦᠷᠢᠮ᠂ ᠴᠢᠬᠤᠯᠠ ᠶᠡᠭᠡ ᠰᠠᠭᠤᠷᠢ ᠪᠡᠯᠡᠳᠭᠡᠮᠵᠢ ᠵᠢᠨ ᠲᠣᠣᠷ᠎ᠤᠨ ᠪᠠᠶ᠋ᠢᠷᠢᠰᠢᠭᠤᠯᠤᠯᠲᠠ᠂ ᠬᠤᠲᠠ ᠬᠥᠳᠡᠭᠡ ᠵᠢᠨ ᠣᠯᠠᠨ ᠨᠡᠢ᠍ᠢ᠍ᠲᠡ ᠵᠢᠨ ᠦᠢ᠍ᠯᠡᠴᠢᠯᠡᠭᠡᠨ᠎ᠤ ᠪᠡᠯᠡᠳᠭᠡᠮᠵᠢ ᠵᠢᠨ ᠪᠠᠶ᠋ᠢᠷᠢᠰᠢᠭᠤᠯᠤᠯᠲᠠ ᠪᠠ ᠳᠦᠬᠦᠷᠵᠢᠭᠦᠯᠬᠦ ᠱᠠᠭ᠋ᠠᠷᠳᠠᠯᠭ᠎ᠠ᠂ ᠬᠤᠲᠠ ᠪᠠᠯᠭ᠋ᠠᠰᠤᠨ᠎ᠤ ᠨᠡᠭᠡᠭᠡᠨ ᠬᠥᠭᠵᠢᠭᠦᠯᠬᠦ ᠵᠠᠭ᠋ᠠᠭ᠎ᠤᠨ ᠳᠣᠲᠣᠷᠠᠬᠢ᠂ ᠬᠤᠲᠠ ᠵᠢᠨ ᠪᠦᠲᠦᠴᠡ ᠵᠢᠨ ᠴᠢᠨᠠᠷᠲᠠᠢ ᠵᠦᠯᠭᠡ ᠭᠠᠵᠠᠷ᠂ ᠤᠰᠤᠨ ᠴᠣᠭᠴᠠ ᠵᠡᠷᠭᠡ ᠵᠠᠳᠠᠭ᠋ᠠᠢ ᠣᠷᠣᠨ ᠵᠠᠢ ᠵᠢᠨ ᠡᠵᠡᠮᠰᠢᠯ᠎ᠤᠨ ᠬᠡᠪᠴᠢᠶ᠎ᠡ ᠪᠠ ᠲᠡᠩᠴᠡᠭᠦᠷᠢᠲᠡᠢ᠎ᠪᠠᠷ ᠲᠠᠷᠬᠠᠭ᠋ᠠᠬᠤ ᠱᠠᠭ᠋ᠠᠷᠳᠠᠯᠭ᠎ᠠ᠂ ᠬᠤᠷ᠎ᠠ ᠤᠰᠤ ᠵᠢ ᠪᠦᠲᠦᠮᠵᠢᠲᠡᠢ ᠠᠰᠢᠬᠯᠠᠬᠤ ᠬᠤᠲᠠ ᠵᠢᠨ ᠪᠦᠲᠦᠭᠡᠨ ᠪᠠᠢ᠍ᠢ᠍ᠭᠤᠯᠤᠯᠲᠠ ᠵᠢᠨ ᠲᠥᠯᠥᠪᠵᠢᠭᠦᠯᠭᠡ ᠵᠢᠨ ᠡᠵᠡᠮᠰᠢᠯ᠎ᠤᠨ ᠱᠠᠭ᠋ᠠᠷᠳᠠᠯᠭ᠎ᠠ᠂ ᠡᠯ᠎ᠡ ᠲᠥᠷᠥᠯ᠎ᠤᠨ ᠲᠡᠦᠬᠡ ᠰᠣᠶᠣᠯ᠎ᠤᠨ ᠦᠯᠡᠳᠡᠭᠳᠡᠯ᠎ᠤᠨ ᠬᠠᠮᠠᠭ᠋ᠠᠯᠠᠯᠲᠠ ᠵᠢᠨ ᠬᠡᠪᠴᠢᠶ᠎ᠡ ᠪᠠ ᠱᠠᠭ᠋ᠠᠷᠳᠠᠯᠭ᠎ᠠ᠂ ᠰᠠᠯᠬᠢ ᠨᠡᠪᠲᠡᠷᠡᠭᠦᠯᠬᠦ ᠬᠤᠩᠬᠢᠯ ᠵᠠᠮ᠎ᠤᠨ ᠪᠠᠢ᠍ᠢ᠍ᠷᠢᠰᠢᠯ ᠪᠠ ᠡᠵᠡᠮᠰᠢᠯ᠎ᠤᠨ ᠱᠠᠭ᠋ᠠᠷᠳᠠᠯᠭ᠎ᠠ᠂ ᠬᠤᠲᠠ ᠪᠠᠯᠭ᠋ᠠᠰᠤ ᠵᠢ ᠨᠡᠭᠡᠭᠡᠨ ᠬᠥᠭᠵᠢᠭᠦᠯᠬᠦ ᠬᠦᠴᠦᠯᠡᠴᠡ ᠵᠢᠨ ᠣᠷᠣᠨ᠎ᠤ ᠬᠤᠪᠢᠶᠠᠷᠢᠯᠠᠯ ᠵᠢᠴᠢ ᠪᠠᠭᠲᠠᠭ᠋ᠠᠮᠵᠢ ᠵᠢᠨ ᠨᠣᠷᠮ᠎ᠠ᠂ ᠨᠢᠭᠲᠠᠴᠠ ᠵᠡᠷᠭᠡ ᠡᠵᠡᠮᠰᠢᠯ᠎ᠤᠨ ᠭᠦᠢ᠍ᠴᠡᠳᠭᠡᠯ ᠲᠤᠭ᠎ᠠ᠂ ᠥᠨᠳᠥᠷ᠎ᠤᠨ ᠬᠡᠮᠵᠢᠶ᠎ᠡ᠂ ᠳᠦᠷᠰᠦ ᠲᠥᠯᠥᠪ ᠵᠡᠷᠭᠡ ᠣᠷᠣᠨ ᠵᠠᠢ ᠵᠢᠨ ᠳᠦᠷᠰᠦ ᠪᠠᠶ᠋ᠢᠳᠠᠯ᠎ᠢ ᠡᠵᠡᠮᠰᠢᠬᠦ ᠱᠠᠭ᠋ᠠᠷᠳᠠᠯᠭ᠎ᠠ᠂ ᠲᠥᠪ ᠪᠣᠯᠬᠤ ᠬᠤᠲᠠ ᠲᠣᠭᠤᠷᠢᠭ (ᠲᠡᠭᠦᠷᠭᠡ ᠪᠠᠯᠭ᠋ᠠᠰᠤ) ᠬᠤᠲᠠ (ᠬᠤᠲᠠ ᠪᠠᠯᠭ᠋ᠠᠰᠤ) ᠵᠢᠨ ᠴᠢᠳᠠᠮᠵᠢ ᠵᠢᠨ ᠪᠠᠶ᠋ᠢᠷᠢᠰᠢᠭᠤᠯᠤᠯᠲᠠ ᠪᠠ ᠬᠡᠷᠡᠭᠯᠡᠬᠦ ᠭᠠᠵᠠᠷ᠎ᠤᠨ ᠪᠦᠲᠦᠴᠡ ᠵᠡᠷᠭᠡ᠂ ᠲᠥᠯᠥᠪᠵᠢᠭᠦᠯᠭᠡ ᠵᠢᠨ ᠬᠡᠷᠡᠭᠵᠢᠭᠦᠯᠬᠦ ᠵᠢ ᠪᠠᠲᠤᠯᠠᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ᠂ ᠳᠡᠭᠡᠳᠦ ᠱᠠᠲᠤᠨ᠎ᠤ ᠲᠥᠯᠥᠪᠵᠢᠭᠦᠯᠭᠡ ᠵᠢ ᠨᠡᠢ᠍ᠢ᠍ᠳᠠᠪᠤᠷᠢᠵᠢᠭᠤᠯᠤᠭᠰᠠᠨ ᠪᠠᠢ᠍ᠢ᠍ᠳᠠᠯ ᠵᠢᠴᠢ ᠳᠣᠣᠷᠠᠳᠤ ᠱᠠᠲᠤᠨ᠎ᠤ ᠲᠥᠯᠥᠪᠵᠢᠭᠦᠯᠭᠡ ᠵᠢ ᠵᠢᠯᠣᠭᠤᠳᠬᠤ ᠪᠠ ᠬᠢᠵᠠᠭ᠋ᠠᠷᠯᠠᠬᠤ ᠴᠢᠨᠠᠷᠲᠠᠢ ᠱᠠᠭ᠋ᠠᠷᠳᠠᠯᠭ᠎ᠠ ᠵᠡᠷᠭᠡ ᠲᠠᠯ᠎ᠠ ᠵᠢᠨ ᠦᠷ᠎ᠡ ᠪᠦᠲᠦᠭᠡᠯ᠎ᠤᠨ ᠵᠦᠢ ᠶᠣᠰᠤᠴᠢ ᠴᠢᠨᠠᠷ᠎ᠲᠤ ᠬᠢᠨᠠᠨ ᠪᠠᠢ᠍ᠢ᠍ᠴᠠᠭ᠋ᠠᠯᠲᠠ ᠬᠢᠨ᠎ᠡ᠃
ᠥᠪᠡᠷᠲᠡᠭᠡᠨ ᠵᠠᠰᠠᠬᠤ ᠣᠷᠣᠨ᠎ᠤ ᠪᠠᠢ᠍ᠢ᠍ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠨᠢ ᠬᠤᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠵᠦ ᠬᠢᠨᠠᠨ ᠪᠠᠢ᠍ᠢ᠍ᠴᠠᠭ᠋ᠠᠬᠤ ᠠᠭᠤᠯᠭ᠎ᠠ ᠵᠢ ᠨᠠᠷᠢᠯᠢᠬ᠍ᠵᠢᠭᠤᠯᠤᠨ ᠲᠡᠭᠦᠯᠳᠡᠷᠵᠢᠭᠦᠯᠵᠦ ᠪᠣᠯᠣᠨ᠎ᠠ᠃
ᠳᠣᠯᠣᠳᠤᠭ᠋ᠠᠷ ᠵᠦᠢ᠍ᠯ ᠠᠢ᠍ᠢ᠍ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠥᠪᠡᠷᠲᠡᠭᠡᠨ ᠵᠠᠰᠠᠬᠤ ᠣᠷᠣᠨ᠎ᠤ ᠪᠠᠢ᠍ᠢ᠍ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠮᠡᠷᠭᠡᠵᠢᠯ᠎ᠤᠨ ᠬᠢᠨᠠᠨ ᠪᠠᠢ᠍ᠢ᠍ᠴᠠᠭ᠋ᠠᠯᠲᠠ ᠵᠢᠨ ᠰᠠᠨᠠᠯ᠎ᠢ ᠦᠨᠳᠦᠰᠦᠯᠡᠨ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠶᠡᠷᠦᠩᠬᠡᠢ ᠲᠥᠯᠥᠪᠵᠢᠭᠦᠯᠭᠡ᠎ᠳᠤ ᠵᠠᠰᠠᠪᠤᠷᠢ ᠣᠷᠣᠭᠤᠯᠤᠭᠰᠠᠨ᠎ᠤ ᠳᠠᠷᠠᠭ᠎ᠠ᠂ ᠠᠢ᠍ᠢ᠍ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠱᠠᠲᠤ ᠳᠠᠷᠠᠭ᠋ᠠᠯᠠᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ᠎ᠡ᠃
ᠨᠠᠢ᠍ᠮᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠠᠢ᠍ᠢ᠍ᠮᠠᠭ ᠬᠤᠲᠠ ᠵᠢᠨ ᠵᠢᠭ᠋ᠠᠪᠤᠷᠢ ᠠᠪᠤᠯᠲᠠ ᠵᠢ ᠣᠯᠣᠭᠰᠠᠨ᠎ᠤ ᠳᠠᠷᠠᠭ᠎ᠠ ᠥᠪᠡᠷᠲᠡᠭᠡᠨ ᠵᠠᠰᠠᠬᠤ ᠣᠷᠣᠨ᠎ᠤ ᠪᠠᠢ᠍ᠢ᠍ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠳᠤ ᠰᠢᠯᠵᠢᠭᠦᠯᠦᠨ ᠰᠢᠢ᠍ᠳᠪᠦᠷᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠪᠠᠢ᠍ᠢ᠍ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠨᠢ ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠵᠢᠨ ᠰᠠᠨᠠᠯ᠎ᠢ ᠬᠤᠷᠢᠶᠠᠵᠤ ᠬᠤᠷᠢᠶᠠᠩᠭᠤᠢ᠍ᠯᠠᠬᠤ ᠵᠢᠨ ᠬᠠᠮᠲᠤ ᠬᠤᠯᠪᠣᠭᠳᠠᠯ ᠪᠦᠬᠦᠢ ᠰᠠᠨᠠᠯ᠎ᠢ ᠴᠠᠭ ᠲᠤᠬᠠᠢᠳᠤᠨᠢ ᠠᠢ᠍ᠢ᠍ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ ᠬᠠᠷᠢᠭᠤ ᠲᠤᠰᠬᠠᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ᠎ᠨᠢ 15 ᠠᠵᠢᠯᠯᠠᠬᠤ ᠡᠳᠦᠷ᠎ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠪᠠᠢ᠍ᠢ᠍ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠳᠤ ᠪᠢᠴᠢᠭ᠎ᠤᠨ ᠬᠡᠯᠪᠡᠷᠢ᠎ᠪᠠᠷ ᠬᠠᠷᠢᠭᠤ ᠰᠠᠨᠠᠯ ᠥᠭᠬᠦ ᠬᠡᠷᠡᠭᠲᠡᠢ᠃
ᠠᠢ᠍ᠢ᠍ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠵᠢᠨ ᠬᠠᠷᠢᠭᠤ ᠲᠤᠰᠬᠠᠭᠰᠠᠨ ᠰᠠᠨᠠᠯ᠎ᠢ ᠦᠨᠳᠦᠰᠦᠯᠡᠨ᠂ ᠲᠣᠰ ᠱᠠᠲᠤᠨ᠎ᠤ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠶᠡᠷᠦᠩᠬᠡᠢ ᠲᠥᠯᠥᠪᠵᠢᠭᠦᠯᠭᠡ᠎ᠳᠤ᠎ᠪᠠᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠵᠢᠨ ᠬᠠᠮᠲᠤ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠢ ᠵᠢᠯᠣᠭᠤᠳᠴᠦ ᠪᠠᠶ᠋ᠢᠭ᠋ᠠᠳ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠶᠡᠷᠦᠩᠬᠡᠢ ᠲᠥᠯᠥᠪᠵᠢᠭᠦᠯᠭᠡ ᠵᠢ᠎ᠨᠢ ᠵᠠᠰᠠᠵᠤ ᠲᠡᠭᠦᠯᠳᠡᠷᠵᠢᠭᠦᠯᠦᠭᠰᠡᠨ᠎ᠤ ᠳᠠᠷᠠᠭ᠎ᠠ᠂ ᠲᠥᠯᠥᠪᠵᠢᠭᠦᠯᠭᠡ ᠵᠢᠨ ᠦᠷ᠎ᠡ ᠪᠦᠲᠦᠭᠡᠯ ᠵᠶ᠋ᠠᠨ ᠥᠪᠡᠷᠲᠡᠭᠡᠨ ᠵᠠᠰᠠᠬᠤ ᠣᠷᠣᠨ᠎ᠤ ᠪᠠᠢ᠍ᠢ᠍ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠳᠤ ᠮᠡᠳᠡᠭᠦᠯᠦᠨ᠎ᠡ᠃
ᠶᠢᠰᠦᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠪᠠᠢ᠍ᠢ᠍ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠨᠢ ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠵᠢᠴᠢ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢ᠍ᠢ᠍ᠭᠤᠯᠵᠤ᠂ ᠠᠢ᠍ᠢ᠍ᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠶᠡᠷᠦᠩᠬᠡᠢ ᠲᠥᠯᠥᠪᠵᠢᠭᠦᠯᠭᠡ ᠵᠢᠨ ᠦᠷ᠎ᠡ ᠪᠦᠲᠦᠭᠡᠯ᠎ᠳᠤ ᠬᠠᠮᠲᠤᠷᠠᠭᠰᠠᠨ ᠬᠢᠨᠠᠨ ᠪᠠᠢ᠍ᠢ᠍ᠴᠠᠭ᠋ᠠᠯᠲᠠ ᠬᠢᠵᠦ᠂ ᠬᠢᠨᠠᠨ ᠪᠠᠶ᠋ᠢᠴᠠᠭ᠋ᠠᠯᠲᠠ᠎ᠪᠠᠷ ᠪᠠᠲᠤᠯᠠᠭᠳᠠᠭᠰᠠᠨ᠎ᠨᠢ ᠥᠪᠡᠷᠲᠡᠭᠡᠨ ᠵᠠᠰᠠᠬᠤ ᠣᠷᠣᠨ᠎ᠤ ᠪᠠᠢ᠍ᠢ᠍ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠠᠴᠠ ᠰᠠᠨᠠᠯ ᠳᠤᠷᠠᠳᠴᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ᠎ᠡ᠂ ᠡᠭᠦᠨ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠥᠪᠰᠢᠶᠡᠷᠡᠬᠦ ᠡᠷᠬᠡ ᠵᠢᠨ ᠬᠢᠵᠠᠭ᠋ᠠᠷᠲᠤ ᠪᠠᠭᠲᠠᠬᠤ ᠵᠢ᠎ᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠵᠥᠪᠰᠢᠶᠡᠷᠡᠭᠦᠯᠬᠦ᠎ᠪᠠᠷ ᠳᠡᠪᠰᠢᠭᠦᠯᠦᠨ᠎ᠡ; ᠲᠥᠷᠥ ᠵᠢᠨ ᠶᠠᠪᠤᠳᠠᠯ᠎ᠤᠨ ᠬᠤᠷᠢᠶᠠᠨ᠎ᠤ ᠵᠥᠪᠰᠢᠶᠡᠷᠡᠬᠦ ᠡᠷᠬᠡ ᠵᠢᠨ ᠬᠢᠵᠠᠭ᠋ᠠᠷᠲᠤ ᠪᠠᠭᠲᠠᠬᠤ ᠵᠢ᠎ᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠲᠥᠷᠥ ᠵᠢᠨ ᠶᠠᠪᠤᠳᠠᠯ᠎ᠤᠨ ᠬᠤᠷᠢᠶᠠᠨ᠎ᠳᠤ ᠮᠡᠳᠡᠭᠦᠯᠦᠨ ᠵᠥᠪᠰᠢᠶᠡᠷᠡᠭᠦᠯᠬᠦ᠎ᠪᠠᠷ ᠳᠡᠪᠰᠢᠭᠦᠯᠦᠨ᠎ᠡ᠃ ᠬᠢᠨᠠᠨ ᠪᠠᠢ᠍ᠢ᠍ᠴᠠᠭ᠋ᠠᠯᠲᠠ᠎ᠪᠠᠷ ᠦᠯᠦ ᠪᠠᠲᠤᠯᠠᠭᠳᠠᠭᠰᠠᠨ᠎ᠨᠢ ᠬᠤᠯᠪᠣᠭᠳᠠᠯ ᠪᠦᠬᠦᠢ ᠬᠢᠨᠠᠨ ᠪᠠᠶ᠋ᠢᠴᠠᠭ᠋ᠠᠭᠰᠠᠨ ᠰᠠᠨᠠᠯ ᠵᠶ᠋ᠠᠨ ᠴᠠᠭ ᠲᠤᠬᠠᠢᠳᠤᠨᠢ ᠠᠢ᠍ᠢ᠍ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ ᠬᠠᠷᠢᠭᠤ ᠲᠤᠰᠬᠠᠵᠤ᠂ ᠵᠠᠰᠠᠪᠤᠷᠢ ᠣᠷᠣᠭᠤᠯᠵᠤ ᠲᠡᠭᠦᠯᠳᠡᠷᠵᠢᠭᠦᠯᠦᠭᠰᠡᠨ᠎ᠤ ᠳᠠᠷᠠᠭ᠎ᠠ ᠬᠠᠮᠲᠤᠷᠠᠨ ᠬᠢᠨᠠᠨ ᠪᠠᠶ᠋ᠢᠴᠠᠭ᠋ᠠᠬᠤ ᠳᠡᠰ ᠳᠠᠷᠠᠭ᠋ᠠᠯᠠᠯ᠎ᠢ ᠳᠠᠬᠢᠨᠲᠠ ᠭᠦᠢ᠍ᠴᠡᠳᠬᠡᠨ᠎ᠡ᠃
ᠠᠷᠪᠠᠳᠤᠭ᠋ᠠᠷ ᠵᠦᠢ᠍ᠯ ᠠᠢ᠍ᠢ᠍ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠬᠠᠥᠯᠢ ᠶᠣᠰᠣᠭ᠋ᠠᠷ ᠵᠥᠪᠰᠢᠶᠡᠷᠡᠭᠦᠯᠦᠭᠰᠡᠨ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠶᠡᠷᠦᠩᠬᠡᠢ ᠲᠥᠯᠥᠪᠵᠢᠭᠦᠯᠭᠡ ᠵᠢᠨ ᠦᠷ᠎ᠡ ᠪᠦᠲᠦᠭᠡᠯ᠎ᠢ ᠲᠣᠰ ᠭᠠᠵᠠᠷ ᠣᠷᠣᠨ᠎ᠤ᠎ᠪᠠᠨ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠲᠥᠯᠥᠪᠵᠢᠭᠦᠯᠭᠡ ᠵᠢᠨ 《ᠨᠢᠭᠡᠨ ᠪᠦᠲᠦᠨ ᠲᠥᠯᠥᠪᠯᠡᠭᠡᠨ᠎ᠤ ᠵᠢᠷᠤᠭ》᠎ᠢ ᠬᠡᠷᠡᠭᠵᠢᠭᠦᠯᠬᠦ ᠪᠠ ᠡᠭᠦᠨ᠎ᠳᠤ ᠬᠢᠨᠠᠯᠲᠠ ᠲᠠᠯᠪᠢᠬᠤ ᠮᠡᠳᠡᠭᠡ ᠵᠠᠩᠬᠢ ᠵᠢᠨ ᠰᠢᠰᠲ᠋ᠧᠮ᠎ᠳᠤ᠎ᠪᠠᠨ ᠣᠷᠣᠭᠤᠯᠬᠤ ᠵᠢᠨ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠲᠥᠯᠥᠪᠵᠢᠭᠦᠯᠭᠡ ᠵᠢᠨ 《ᠨᠢᠭᠡᠨ ᠪᠦᠲᠦᠨ ᠲᠥᠯᠥᠪᠯᠡᠭᠡᠨ᠎ᠤ ᠵᠢᠷᠤᠭ》᠎ᠢ ᠬᠡᠷᠡᠭᠵᠢᠭᠦᠯᠬᠦ ᠪᠠ ᠡᠭᠦᠨ᠎ᠳᠤ ᠬᠢᠨᠠᠯᠲᠠ ᠲᠠᠯᠪᠢᠬᠤ ᠮᠡᠳᠡᠭᠡ ᠵᠠᠩᠬᠢ ᠵᠢᠨ ᠰᠢᠰᠲ᠋ᠧᠮ᠎ᠳᠤ ᠱᠠᠲᠤ ᠳᠠᠷᠠᠭ᠋ᠠᠯᠠᠨ ᠬᠤᠷᠢᠶᠠᠩᠭᠤᠶ᠋ᠢᠯᠠᠵᠤ ᠡᠮᠬᠢᠳᠭᠡᠨ ᠣᠷᠣᠭᠤᠯᠬᠤ ᠬᠡᠷᠡᠭᠲᠡᠢ᠃
ᠠᠢ᠍ᠢ᠍ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠬᠠᠥᠯᠢ ᠶᠣᠰᠣᠭ᠋ᠠᠷ ᠵᠥᠪᠰᠢᠶᠡᠷᠡᠭᠦᠯᠦᠭᠰᠡᠨ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠶᠡᠷᠦᠩᠬᠡᠢ ᠲᠥᠯᠥᠪᠵᠢᠭᠦᠯᠭᠡ ᠵᠢᠨ ᠦᠷ᠎ᠡ ᠪᠦᠲᠦᠭᠡᠯ᠎ᠢ ᠴᠠᠭ ᠲᠤᠬᠠᠢᠳᠤᠨᠢ ᠨᠡᠢ᠍ᠢ᠍ᠲᠡᠯᠡᠬᠦ ᠬᠡᠷᠡᠭᠲᠡᠢ᠃ ᠬᠠᠥᠯᠢ ᠴᠠᠭ᠋ᠠᠵᠠ ᠬᠠᠥᠯᠢ ᠲᠣᠭᠲᠠᠭ᠋ᠠᠯ᠎ᠳᠤ ᠢᠯᠡ ᠨᠡᠢ᠍ᠢ᠍ᠲᠡᠯᠡᠵᠦ ᠪᠣᠯᠬᠤ ᠦᠭᠡᠢ ᠬᠡᠮᠡᠨ ᠲᠣᠭᠲᠠᠭ᠋ᠠᠭᠰᠠᠨ ᠠᠭᠤᠯᠭ᠎ᠠ ᠡᠭᠦᠨ᠎ᠳᠤ ᠪᠠᠭᠲᠠᠬᠤ ᠦᠭᠡᠢ᠃
ᠠᠷᠪᠠᠨ ᠨᠢᠭᠡᠳᠦᠭᠡᠷ ᠵᠦᠢ᠍ᠯ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠶᠡᠷᠦᠩᠬᠡᠢ ᠲᠥᠯᠥᠪᠵᠢᠭᠦᠯᠭᠡ ᠵᠢ ᠵᠥᠪᠰᠢᠶᠡᠷᠡᠭᠦᠯᠦᠮᠡᠭᠴᠡ ᠡᠷᠬᠡᠪᠰᠢ ᠴᠢᠩᠭ᠎ᠠ ᠬᠡᠷᠡᠭᠵᠢᠭᠦᠯᠬᠦ ᠬᠡᠷᠡᠭᠲᠡᠢ᠂ ᠳᠤᠷ᠎ᠠ᠎ᠪᠠᠷ ᠵᠠᠰᠠᠪᠤᠷᠢ ᠣᠷᠣᠭᠤᠯᠬᠤ᠂ ᠲᠣᠭᠲᠠᠭ᠋ᠠᠯ᠎ᠠᠴᠠ ᠵᠥᠷᠢᠴᠡᠵᠦ ᠬᠤᠪᠢᠷᠠᠭ᠋ᠠᠬᠤ ᠪᠦᠷ ᠪᠣᠯᠬᠤ ᠦᠭᠡᠢ᠃ ᠳᠣᠣᠷᠠᠳᠤ ᠱᠠᠲᠤᠨ᠎ᠤ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠶᠡᠷᠦᠩᠬᠡᠢ ᠲᠥᠯᠥᠪᠵᠢᠭᠦᠯᠭᠡ᠎ᠨᠢ ᠳᠡᠭᠡᠳᠦ ᠱᠠᠲᠤᠨ᠎ᠤ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠶᠡᠷᠦᠩᠬᠡᠢ ᠲᠥᠯᠥᠪᠵᠢᠭᠦᠯᠭᠡ ᠵᠢ ᠳᠠᠭ᠋ᠠᠵᠤ᠂ ᠬᠠᠮᠢᠶ᠎ᠠ ᠪᠦᠬᠦᠢ ᠲᠤᠰᠬᠠᠢ ᠲᠥᠯᠥᠪᠵᠢᠭᠦᠯᠭᠡ᠂ ᠨᠠᠷᠢᠨ ᠲᠣᠳᠣᠷᠬᠠᠢ ᠲᠥᠯᠥᠪᠵᠢᠭᠦᠯᠭᠡ᠎ᠨᠢ ᠶᠡᠷᠦᠩᠬᠡᠢ ᠲᠥᠯᠥᠪᠵᠢᠭᠦᠯᠭᠡ ᠵᠢ ᠳᠠᠭ᠋ᠠᠬᠤ ᠬᠡᠷᠡᠭᠲᠡᠢ; ᠤᠷᠢᠳ ᠵᠶ᠋ᠠᠷ ᠲᠥᠯᠥᠪᠵᠢᠭᠦᠯᠦᠨ ᠳᠠᠷᠠᠭ᠎ᠠ᠎ᠳᠤ᠎ᠨᠢ ᠬᠡᠷᠡᠭᠵᠢᠭᠦᠯᠬᠦ ᠵᠢ ᠪᠠᠷᠢᠮᠲᠠᠯᠠᠵᠤ᠂ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠶᠡᠷᠦᠩᠬᠡᠢ ᠲᠥᠯᠥᠪᠵᠢᠭᠦᠯᠭᠡ ᠵᠢ ᠵᠥᠷᠢᠴᠡᠵᠦ ᠡᠯ᠎ᠡ ᠲᠥᠷᠥᠯ᠎ᠤᠨ ᠨᠡᠭᠡᠭᠡᠨ ᠠᠰᠢᠭᠯᠠᠵᠤ ᠪᠦᠲᠦᠭᠡᠨ ᠪᠠᠢ᠍ᠢ᠍ᠭᠤᠯᠬᠤ ᠠᠵᠢᠯᠯᠠᠭ᠎ᠠ ᠬᠢᠵᠦ ᠪᠣᠯᠬᠤ ᠦᠭᠡᠢ; 《ᠣᠯᠠᠨ ᠲᠥᠯᠥᠪᠵᠢᠭᠦᠯᠭᠡ ᠵᠢ ᠨᠢᠭᠡ ᠪᠣᠯᠭ᠋ᠠᠬᠤ》 ᠵᠢ ᠪᠠᠷᠢᠮᠲᠠᠯᠠᠵᠤ᠂ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠶᠡᠷᠦᠩᠬᠡᠢ ᠲᠥᠯᠥᠪᠵᠢᠭᠦᠯᠭᠡ ᠵᠢᠨ ᠲᠣᠭᠲᠠᠯᠴᠠᠭ᠎ᠠ᠎ᠠᠴᠠ ᠭᠠᠳᠠᠨ᠎ᠠ ᠪᠤᠰᠤᠳ ᠣᠷᠣᠨ ᠵᠠᠢ ᠵᠢᠨ ᠲᠥᠯᠥᠪᠵᠢᠭᠦᠯᠭᠡ ᠲᠣᠬᠢᠷᠠᠭᠤᠯᠵᠤ ᠪᠣᠯᠬᠤ ᠦᠭᠡᠢ᠃
ᠠᠢ᠍ᠢ᠍ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ 《ᠨᠢᠭᠡ ᠵᠢᠯ᠎ᠳᠤ ᠨᠢᠭᠡ ᠤᠳᠠᠭ᠎ᠠ ᠬᠠᠮ ᠰᠢᠨᠵᠢᠯᠡᠭᠡ ᠵᠠᠳᠠᠯᠤᠯᠲᠠ ᠬᠢᠬᠦ᠂ ᠲᠠᠪᠤᠨ ᠵᠢᠯ᠎ᠳᠤ ᠨᠢᠭᠡ ᠤᠳᠠᠭ᠎ᠠ ᠦᠨᠡᠯᠡᠨ ᠵᠢᠱ᠌ᠢᠬᠦ》 ᠱᠠᠭ᠋ᠠᠷᠳᠠᠯᠭ᠎ᠠ ᠶᠣᠰᠣᠭ᠋ᠠᠷ᠂ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠶᠡᠷᠦᠩᠬᠡᠢ ᠲᠥᠯᠥᠪᠵᠢᠭᠦᠯᠭᠡ ᠵᠢᠨ ᠬᠡᠷᠡᠭᠵᠢᠭᠦᠯᠦᠭᠰᠡᠨ ᠦᠷ᠎ᠡ ᠳ᠋ᠦᠩ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠵᠠᠳᠠᠯᠤᠯᠲᠠ ᠪᠠ ᠦᠨᠡᠯᠡᠯᠲᠡ ᠬᠢᠬᠦ ᠬᠡᠷᠡᠭᠲᠡᠢ᠃ ᠲᠥᠯᠥᠪᠵᠢᠭᠦᠯᠭᠡ ᠵᠢᠨ ᠬᠠᠮ ᠰᠢᠨᠵᠢᠯᠡᠭᠡ ᠵᠠᠳᠠᠯᠤᠯᠲᠠ ᠦᠨᠡᠯᠡᠯᠲᠡ ᠵᠢᠨ ᠦᠷ᠎ᠡ ᠳ᠋ᠦᠩ᠎ᠢ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠶᠡᠷᠦᠩᠬᠡᠢ ᠲᠥᠯᠥᠪᠵᠢᠭᠦᠯᠭᠡ ᠵᠢ ᠨᠡᠢ᠍ᠢ᠍ᠷᠠᠭᠤᠯᠤᠨ ᠵᠣᠬᠢᠶᠠᠬᠤ᠂ ᠬᠢᠨᠠᠨ ᠵᠥᠪᠰᠢᠶᠡᠷᠡᠬᠦ᠂ ᠵᠠᠰᠠᠪᠤᠷᠢ ᠣᠷᠣᠭᠤᠯᠬᠤ ᠪᠠ ᠬᠢᠨᠠᠨ ᠪᠣᠳᠣᠯᠲᠠ᠂ ᠬᠠᠥᠯᠢ ᠬᠡᠷᠡᠭᠵᠢᠭᠦᠯᠦᠯᠲᠡ᠂ ᠪᠠᠢ᠍ᠢ᠍ᠭ᠋ᠠᠯᠢ ᠵᠢᠨ ᠡᠬᠢ ᠪᠠᠶᠠᠯᠢᠭ᠎ᠤᠨ ᠰᠢᠮᠳᠠᠭᠤᠯᠤᠨ ᠪᠠᠢ᠍ᠢ᠍ᠴᠠᠭ᠋ᠠᠬᠤ ᠵᠢᠨ ᠴᠢᠬᠤᠯᠠ ᠯᠠᠪᠯᠠᠯᠲᠠ ᠪᠣᠯᠭ᠋ᠠᠬᠤ ᠵᠢᠨ ᠬᠠᠮᠲᠤ ᠳᠡᠭᠡᠳᠦ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠳᠣᠣᠷᠠᠳᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠥᠯᠥᠪᠵᠢᠭᠦᠯᠭᠡ ᠵᠢ ᠬᠡᠷᠡᠭᠵᠢᠭᠦᠯᠵᠦ ᠪᠠᠢ᠍ᠢ᠍ᠭ᠎ᠠ ᠪᠠᠢ᠍ᠢ᠍ᠳᠠᠯ᠎ᠳᠤ ᠬᠢᠨᠠᠯᠲᠠ ᠲᠠᠯᠪᠢᠵᠤ ᠰᠢᠯᠭ᠋ᠠᠨ ᠬᠢᠨᠠᠬᠤ ᠠᠭᠤᠯᠭ᠎ᠠ ᠪᠣᠯᠭ᠋ᠠᠨ᠎ᠠ᠃
ᠠᠷᠪᠠᠨ ᠬᠤᠶᠠᠳᠤᠭ᠋ᠠᠷ ᠵᠦᠢ᠍ᠯ ᠳᠣᠣᠷᠠᠬᠢ ᠪᠠᠢ᠍ᠢ᠍ᠳᠠᠯ᠎ᠠᠴᠠ ᠨᠢᠭᠡ᠎ᠨᠢ ᠪᠠᠶ᠋ᠢᠪᠠᠯ᠂ ᠠᠢ᠍ᠢ᠍ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠲᠣᠭᠲᠠᠭᠰᠠᠨ ᠡᠷᠬᠡ ᠵᠢᠨ ᠬᠢᠵᠠᠭ᠋ᠠᠷᠯᠠᠯ ᠪᠠ ᠳᠡᠰ ᠳᠠᠷᠠᠭ᠋ᠠᠯᠠᠯ ᠶᠣᠰᠣᠭ᠋ᠠᠷ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠶᠡᠷᠦᠩᠬᠡᠢ ᠲᠥᠯᠥᠪᠵᠢᠭᠦᠯᠭᠡ᠎ᠳᠤ ᠵᠠᠰᠠᠪᠤᠷᠢ ᠣᠷᠣᠭᠤᠯᠵᠤ ᠪᠣᠯᠣᠨ᠎ᠠ᠄
(ᠨᠢᠭᠡ) ᠤᠯᠤᠰ ᠪᠤᠶᠤ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠭᠡ ᠪᠠᠢ᠍ᠢ᠍ᠯᠳᠤᠬᠤ ᠪᠣᠳᠣᠯᠭ᠎ᠠ ᠵᠢᠨ ᠬᠡᠷᠡᠭᠵᠢᠭᠦᠯᠦᠯᠲᠡ᠂ ᠴᠢᠬᠤᠯᠠ ᠶᠡᠭᠡ ᠲᠥᠷᠥ ᠵᠢᠨ ᠪᠣᠳᠣᠯᠭ᠎ᠠ ᠵᠢᠨ ᠲᠣᠬᠢᠷᠠᠭᠤᠯᠤᠯᠲᠠ᠂ ᠠᠵᠤ ᠠᠬᠤᠢ ᠨᠡᠢ᠍ᠢ᠍ᠭᠡᠮ᠎ᠤᠨ ᠬᠥᠭᠵᠢᠯᠲᠡ ᠵᠢᠨ ᠨᠦᠭᠦᠴᠡᠯ᠎ᠳᠤ ᠴᠢᠬᠤᠯᠠ ᠶᠡᠭᠡ ᠬᠤᠪᠢᠷᠠᠯᠲᠠ ᠭᠠᠷᠤᠭᠰᠠᠨ;
(ᠬᠤᠶᠠᠷ) ᠲᠥᠷᠥ ᠵᠢᠨ ᠶᠠᠪᠤᠳᠠᠯ᠎ᠤᠨ ᠬᠤᠷᠢᠶ᠎ᠠ ᠴᠢᠬᠤᠯᠠ ᠶᠡᠭᠡ ᠪᠦᠲᠦᠭᠡᠨ ᠪᠠᠢ᠍ᠢ᠍ᠭᠤᠯᠤᠯᠲᠠ ᠵᠢᠨ ᠢᠨᠵᠧᠨᠧᠷᠢᠩ᠎ᠢ ᠵᠥᠪᠰᠢᠶᠡᠷᠡᠭᠰᠡᠨ᠎ᠠᠴᠠ ᠲᠥᠯᠥᠪᠵᠢᠭᠦᠯᠭᠡ᠎ᠳᠤ ᠦᠨᠡᠨ ᠬᠦ᠌ ᠵᠠᠰᠠᠪᠤᠷᠢ ᠣᠷᠣᠭᠤᠯᠬᠤ ᠴᠢᠬᠤᠯᠠᠲᠠᠢ ᠪᠣᠯᠣᠭᠰᠠᠨ;
(ᠭᠤᠷᠪᠠ) ᠳᠡᠭᠡᠳᠦ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠲᠥᠯᠥᠪᠵᠢᠭᠦᠯᠭᠡ ᠬᠤᠪᠢᠷᠠᠯᠲᠠ ᠭᠠᠷᠴᠤ᠂ ᠲᠥᠯᠥᠪᠵᠢᠭᠦᠯᠭᠡ᠎ᠳᠤ ᠵᠠᠰᠠᠪᠤᠷᠢ ᠣᠷᠣᠭᠤᠯᠬᠤ ᠱᠠᠭ᠋ᠠᠷᠳᠠᠯᠭ᠎ᠠ ᠳᠤᠷᠠᠳᠤᠭᠰᠠᠨ;
(ᠳᠥᠷᠪᠡ) ᠵᠠᠰᠠᠭ ᠵᠠᠬᠢᠷᠭ᠋ᠠᠨ᠎ᠤ ᠣᠷᠣᠨ᠎ᠤ ᠬᠤᠪᠢᠶᠠᠷᠢᠯᠠᠯ᠎ᠢ ᠲᠣᠬᠢᠷᠠᠭᠤᠯᠤᠭᠰᠠᠨ᠎ᠠᠴᠠ ᠲᠥᠯᠥᠪᠵᠢᠭᠦᠯᠭᠡ᠎ᠳᠤ ᠦᠨᠡᠨ ᠬᠦ᠌ ᠵᠠᠰᠠᠪᠤᠷᠢ ᠣᠷᠣᠭᠤᠯᠬᠤ ᠴᠢᠬᠤᠯᠠᠲᠠᠢ ᠪᠣᠯᠣᠭᠰᠠᠨ;
(ᠲᠠᠪᠤ) ᠲᠥᠯᠥᠪᠵᠢᠭᠦᠯᠭᠡ ᠵᠢᠨ ᠬᠠᠮ ᠰᠢᠨᠵᠢᠯᠡᠭᠡ ᠵᠠᠳᠠᠯᠤᠯᠲᠠ ᠬᠢᠵᠦ ᠦᠨᠡᠯᠡᠨ ᠵᠢᠱ᠌ᠢᠭᠡᠳ ᠲᠥᠯᠥᠪᠵᠢᠭᠦᠯᠭᠡ᠎ᠳᠤ ᠦᠨᠡᠨ ᠬᠦ᠌ ᠵᠠᠰᠠᠪᠤᠷᠢ ᠣᠷᠣᠭᠤᠯᠬᠤ ᠴᠢᠬᠤᠯᠠᠲᠠᠢ ᠪᠣᠯᠣᠭᠰᠠᠨ;
(ᠵᠢᠷᠭᠤᠭ᠎ᠠ) ᠲᠥᠯᠥᠪᠵᠢᠭᠦᠯᠭᠡ ᠵᠢ ᠬᠢᠨᠠᠨ ᠵᠥᠪᠰᠢᠶᠡᠷᠡᠭᠰᠡᠨ ᠪᠠᠢ᠍ᠢ᠍ᠭᠤᠯᠭ᠎ᠠ ᠵᠢᠨ ᠦᠵᠡᠬᠦ᠎ᠪᠠᠷ ᠲᠥᠯᠥᠪᠵᠢᠭᠦᠯᠭᠡ᠎ᠳᠤ ᠵᠠᠰᠠᠪᠤᠷᠢ ᠣᠷᠣᠭᠤᠯᠬᠤ ᠴᠢᠬᠤᠯᠠᠲᠠᠢ ᠪᠤᠰᠤᠳ ᠪᠠᠢ᠍ᠢ᠍ᠳᠠᠯ;
(ᠳᠣᠯᠤᠭ᠎ᠠ) ᠬᠠᠥᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠥᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠪᠠᠢ᠍ᠢ᠍ᠳᠠᠯ᠃
ᠳᠡᠭᠡᠷᠡᠬᠢ ᠪᠠᠢ᠍ᠢ᠍ᠳᠠᠯ᠎ᠳᠤ ᠨᠡᠶ᠋ᠢᠴᠡᠵᠦ ᠲᠥᠯᠥᠪᠵᠢᠭᠦᠯᠭᠡ᠎ᠳᠤ ᠦᠨᠡᠨ ᠬᠦ᠌ ᠵᠠᠰᠠᠪᠤᠷᠢ ᠣᠷᠣᠭᠤᠯᠬᠤ ᠴᠢᠬᠤᠯᠠᠲᠠᠢ ᠪᠣᠯ ᠤᠤᠯ᠎ᠤᠨ ᠵᠥᠪᠰᠢᠶᠡᠷᠡᠭᠰᠡᠨ ᠪᠠᠢ᠍ᠢ᠍ᠭᠤᠯᠭ᠎ᠠ᠎ᠪᠠᠷ ᠵᠥᠪᠰᠢᠶᠡᠷᠡᠭᠦᠯᠦᠭᠰᠡᠨ᠎ᠤ ᠳᠠᠷᠠᠭ᠎ᠠ ᠬᠠᠥᠯᠢ᠎ᠪᠠᠷ ᠲᠣᠭᠲᠠᠭ᠋ᠠᠭᠰᠠᠨ ᠵᠢᠷᠤᠮ ᠵᠶ᠋ᠠᠷ ᠵᠠᠰᠠᠪᠤᠷᠢ ᠣᠷᠣᠭᠤᠯᠬᠤ ᠬᠡᠷᠡᠭᠲᠡᠢ᠃
ᠠᠷᠪᠠᠨ ᠭᠤᠷᠪᠠᠳᠤᠭ᠋ᠠᠷ ᠵᠦᠢ᠍ᠯ ᠳᠣᠣᠷᠠᠬᠢ ᠪᠠᠢ᠍ᠢ᠍ᠳᠠᠯ᠎ᠠᠴᠠ ᠨᠢᠭᠡ᠎ᠨᠢ ᠪᠠᠶ᠋ᠢᠪᠠᠯ᠂ ᠠᠢ᠍ᠢ᠍ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠲᠣᠭᠲᠠᠭᠰᠠᠨ ᠡᠷᠬᠡ ᠵᠢᠨ ᠬᠢᠵᠠᠭ᠋ᠠᠷᠯᠠᠯ ᠪᠠ ᠳᠡᠰ ᠳᠠᠷᠠᠭ᠋ᠠᠯᠠᠯ ᠵᠶ᠋ᠠᠷ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠶᠡᠷᠦᠩᠬᠡᠢ ᠲᠥᠯᠥᠪᠵᠢᠭᠦᠯᠭᠡ᠎ᠳᠤ ᠬᠡᠰᠡᠭ ᠲᠠᠯ᠎ᠠ ᠵᠢᠨ ᠵᠠᠰᠠᠪᠤᠷᠢ ᠣᠷᠣᠭᠤᠯᠵᠤ ᠪᠣᠯᠣᠨ᠎ᠠ᠄
(ᠨᠢᠭᠡ) ᠲᠥᠷᠥ ᠵᠢᠨ ᠶᠠᠪᠤᠳᠠᠯ᠎ᠤᠨ ᠬᠤᠷᠢᠶ᠎ᠠ᠎ᠪᠠᠷ ᠵᠥᠪᠰᠢᠶᠡᠷᠡᠭᠦᠯᠦᠭᠰᠡᠨ ᠲᠣᠮᠣ ᠬᠡᠯᠪᠡᠷᠢ ᠵᠢᠨ ᠡᠨᠧᠷᠭᠢ᠂ ᠵᠠᠮ ᠬᠠᠷᠢᠯᠴᠠᠭ᠎ᠠ᠂ ᠤᠰᠤᠨ ᠠᠰᠢᠬᠯᠠᠯᠲᠠ ᠵᠡᠷᠭᠡ ᠰᠠᠭᠤᠷᠢ ᠪᠡᠯᠡᠳᠭᠡᠮᠵᠢ ᠵᠢᠨ ᠪᠦᠲᠦᠭᠡᠨ ᠪᠠᠢ᠍ᠢ᠍ᠭᠤᠯᠤᠯᠲᠠ᠎ᠳᠤ ᠬᠡᠷᠡᠭᠯᠡᠬᠦ ᠭᠠᠵᠠᠷ ᠪᠠᠶ᠋ᠢᠵᠤ ᠲᠥᠯᠥᠪᠵᠢᠭᠦᠯᠭᠡ᠎ᠳᠤ ᠬᠡᠰᠡᠭ ᠲᠠᠯ᠎ᠠ ᠵᠢᠨ ᠵᠠᠰᠠᠪᠤᠷᠢ ᠣᠷᠣᠭᠤᠯᠬᠤ ᠴᠢᠬᠤᠯᠠᠲᠠᠢ ᠪᠣᠯ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠵᠥᠪᠰᠢᠶᠡᠷᠡᠭᠰᠡᠨ ᠪᠢᠴᠢᠭ ᠮᠠᠲ᠋ᠧᠷᠢᠶᠠᠯ᠎ᠢ ᠦᠨᠳᠦᠰᠦᠯᠡᠨ ᠲᠥᠯᠥᠪᠵᠢᠭᠦᠯᠭᠡ᠎ᠳᠤ ᠬᠡᠰᠡᠭ ᠲᠠᠯ᠎ᠠ ᠵᠢᠨ ᠵᠠᠰᠠᠪᠤᠷᠢ ᠣᠷᠣᠭᠤᠯᠤᠨ᠎ᠠ;
(ᠬᠤᠶᠠᠷ) ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠰᠡᠨ ᠡᠨᠧᠷᠭᠢ᠂ ᠵᠠᠮ ᠬᠠᠷᠢᠯᠴᠠᠭ᠎ᠠ᠂ ᠤᠰᠤᠨ ᠠᠰᠢᠬᠯᠠᠯᠲᠠ ᠵᠡᠷᠭᠡ ᠰᠠᠭᠤᠷᠢ ᠪᠡᠯᠡᠳᠭᠡᠮᠵᠢ ᠵᠢᠨ ᠪᠦᠲᠦᠭᠡᠨ ᠪᠠᠢ᠍ᠢ᠍ᠭᠤᠯᠤᠯᠲᠠ᠎ᠳᠤ ᠬᠡᠷᠡᠭᠯᠡᠬᠦ ᠭᠠᠵᠠᠷ ᠪᠠᠶ᠋ᠢᠵᠤ᠂ ᠶᠡᠷᠦᠩᠬᠡᠢ ᠲᠥᠯᠥᠪᠵᠢᠭᠦᠯᠭᠡ᠎ᠳᠤ ᠬᠡᠰᠡᠭ ᠲᠠᠯ᠎ᠠ ᠵᠢᠨ ᠵᠠᠰᠠᠪᠤᠷᠢ ᠣᠷᠣᠭᠤᠯᠬᠤ ᠴᠢᠬᠤᠯᠠᠲᠠᠢ ᠪᠣᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠥᠪᠰᠢᠶᠡᠷᠡᠬᠦ ᠡᠷᠬᠡ ᠵᠢᠨ ᠬᠢᠵᠠᠭ᠋ᠠᠷᠲᠤ ᠪᠠᠶ᠋ᠢᠪᠠᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠥᠪᠰᠢᠶᠡᠷᠡᠭᠰᠡᠨ ᠪᠢᠴᠢᠭ ᠮᠠᠲ᠋ᠧᠷᠢᠶᠠᠯ᠎ᠢ ᠦᠨᠳᠦᠰᠦᠯᠡᠨ ᠲᠥᠯᠥᠪᠵᠢᠭᠦᠯᠭᠡ᠎ᠳᠤ ᠬᠡᠰᠡᠭ ᠲᠠᠯ᠎ᠠ ᠵᠢᠨ ᠵᠠᠰᠠᠪᠤᠷᠢ ᠣᠷᠣᠭᠤᠯᠤᠨ᠎ᠠ᠃
ᠠᠷᠪᠠᠨ ᠳᠥᠷᠪᠡᠳᠦᠭᠡᠷ ᠵᠦᠢ᠍ᠯ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠶᠡᠷᠦᠩᠬᠡᠢ ᠲᠥᠯᠥᠪᠵᠢᠭᠦᠯᠭᠡ᠎ᠳᠤ ᠵᠠᠰᠠᠪᠤᠷᠢ ᠣᠷᠣᠭᠤᠯᠬᠤ ᠪᠤᠶᠤ ᠬᠡᠰᠡᠭ ᠲᠠᠯ᠎ᠠ ᠵᠢᠨ ᠵᠠᠰᠠᠪᠤᠷᠢ ᠣᠷᠣᠭᠤᠯᠬᠤ᠎ᠳᠤ ᠳᠣᠣᠷᠠᠬᠢ ᠳᠡᠰ ᠳᠠᠷᠠᠭ᠋ᠠᠯᠠᠯ ᠵᠶ᠋ᠠᠷ ᠶᠠᠪᠤᠭᠤᠯᠤᠨ᠎ᠠ᠄
(ᠨᠢᠭᠡ) ᠲᠥᠯᠥᠪᠵᠢᠭᠦᠯᠭᠡ᠎ᠳᠤ ᠵᠠᠰᠠᠪᠤᠷᠢ ᠣᠷᠣᠭᠤᠯᠬᠤ᠎ᠪᠠᠷ ᠵᠢᠱ᠌ᠢᠵᠦ ᠪᠠᠶ᠋ᠢᠭ᠎ᠠ ᠪᠣᠯ ᠠᠢ᠍ᠢ᠍ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠲᠥᠯᠥᠪᠵᠢᠭᠦᠯᠭᠡ᠎ᠳᠤ ᠵᠠᠰᠠᠪᠤᠷᠢ ᠣᠷᠣᠭᠤᠯᠬᠤ ᠵᠢᠨ ᠤᠴᠢᠷ ᠰᠢᠯᠲᠠᠭ᠋ᠠᠨ ᠵᠢᠴᠢ ᠴᠢᠬᠤᠯᠠ ᠪᠦᠬᠦᠢ ᠴᠢᠨᠠᠷ᠎ᠤᠨ ᠲᠤᠬᠠᠢ ᠵᠢᠭ᠋ᠠᠪᠤᠷᠢ ᠠᠪᠤᠯᠲᠠ ᠵᠢ ᠮᠡᠳᠡᠭᠦᠯᠬᠦ ᠵᠢᠨ ᠬᠠᠮᠲᠤ ᠵᠠᠰᠠᠪᠤᠷᠢ ᠣᠷᠣᠭᠤᠯᠬᠤ ᠪᠣᠳᠠᠲᠠᠢ ᠲᠥᠰᠥᠯ ᠵᠶ᠋ᠠᠨ ᠳᠠᠭ᠋ᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠠᠢ᠍ᠢ᠍ᠮᠠᠭ ᠬᠤᠲᠠ ᠵᠢᠨ ᠵᠢᠭ᠋ᠠᠪᠤᠷᠢ ᠠᠪᠤᠯᠲᠠ ᠵᠢ ᠲᠣᠰᠣᠭᠰᠠᠨ᠎ᠤ ᠳᠠᠷᠠᠭ᠎ᠠ ᠥᠪᠡᠷᠲᠡᠭᠡᠨ ᠵᠠᠰᠠᠬᠤ ᠣᠷᠣᠨ᠎ᠤ ᠪᠠᠢ᠍ᠢ᠍ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠳᠤ ᠰᠢᠯᠵᠢᠭᠦᠯᠵᠦ ᠰᠤᠳᠤᠯᠤᠭᠤᠯᠤᠨ ᠰᠢᠢ᠍ᠳᠪᠦᠷᠢᠯᠡᠭᠦᠯᠦᠨ᠎ᠡ᠃
(ᠬᠤᠶᠠᠷ) ᠥᠪᠡᠷᠲᠡᠭᠡᠨ ᠵᠠᠰᠠᠬᠤ ᠣᠷᠣᠨ᠎ᠤ ᠪᠠᠢ᠍ᠢ᠍ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠨᠢ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢ᠍ᠢ᠍ᠭᠤᠯᠵᠤ ᠪᠠᠶ᠋ᠢᠭ᠋ᠠᠳ ᠲᠥᠯᠥᠪᠵᠢᠭᠦᠯᠭᠡ᠎ᠳᠤ ᠵᠠᠰᠠᠪᠤᠷᠢ ᠣᠷᠣᠭᠤᠯᠬᠤ ᠲᠥᠰᠥᠯ᠎ᠳᠤ ᠨᠤᠲᠠᠯᠠᠯᠲᠠ ᠬᠢᠵᠦ᠂ ᠨᠤᠲᠠᠯᠠᠭᠤᠯᠤᠭ᠋ᠠᠳ ᠲᠥᠯᠥᠪᠵᠢᠭᠦᠯᠭᠡ᠎ᠳᠤ ᠵᠠᠰᠠᠪᠤᠷᠢ ᠣᠷᠣᠭᠤᠯᠬᠤ ᠨᠦᠭᠦᠴᠡᠯ᠎ᠳᠤ ᠨᠡᠶ᠋ᠢᠴᠡᠪᠡᠯ᠂ ᠠᠢ᠍ᠢ᠍ᠮᠠᠭ ᠬᠤᠲᠠ᠎ᠳᠤ ᠲᠥᠯᠥᠪᠵᠢᠭᠦᠯᠭᠡ᠎ᠳᠤ ᠵᠠᠰᠠᠪᠤᠷᠢ ᠣᠷᠣᠭᠤᠯᠬᠤ ᠠᠵᠢᠯ ᠥᠷᠨᠢᠭᠦᠯᠬᠦ ᠬᠠᠷᠢᠭᠤ ᠵᠠᠬᠢᠳᠠᠯ ᠶᠠᠪᠤᠭᠤᠯᠤᠨ᠎ᠠ; ᠨᠦᠭᠦᠴᠡᠯ᠎ᠳᠤ ᠨᠡᠢ᠍ᠢ᠍ᠴᠡᠬᠦ ᠦᠭᠡᠢ ᠪᠣᠯ᠂ ᠬᠠᠷᠢᠭᠤ ᠵᠠᠬᠢᠳᠠᠯ ᠶᠠᠪᠤᠭᠤᠯᠤᠨ ᠤᠴᠢᠷ ᠰᠢᠯᠲᠠᠭ᠋ᠠᠨ ᠵᠶ᠋ᠠᠨ ᠲᠣᠳᠣᠷᠬᠠᠢ᠍ᠢ᠍ᠯᠠᠨᠠ᠃ ᠬᠠᠷᠢᠭᠤ ᠵᠠᠬᠢᠳᠠᠯ᠎ᠢ ᠬᠠᠮᠲᠤᠳᠤᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠳᠤ ᠬᠠᠭᠤᠯᠤᠨ ᠢᠯᠡᠭᠡᠨ᠎ᠡ᠃
(ᠭᠤᠷᠪᠠ) ᠠᠢ᠍ᠢ᠍ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠥᠪᠡᠷᠲᠡᠭᠡᠨ ᠵᠠᠰᠠᠬᠤ ᠣᠷᠣᠨ᠎ᠤ ᠪᠠᠢ᠍ᠢ᠍ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠬᠠᠷᠢᠭᠤ ᠵᠠᠬᠢᠳᠠᠯ᠎ᠤᠨ ᠱᠠᠭ᠋ᠠᠷᠳᠠᠯᠭ᠎ᠠ ᠶᠣᠰᠣᠭ᠋ᠠᠷ᠂ ᠲᠥᠯᠥᠪᠵᠢᠭᠦᠯᠭᠡ ᠵᠢᠨ ᠬᠠᠮ ᠰᠢᠨᠵᠢᠯᠡᠭᠡ ᠵᠠᠳᠠᠯᠤᠯᠲᠠ ᠬᠢᠵᠦ ᠦᠨᠡᠯᠡᠨ ᠵᠢᠱ᠌ᠢᠭᠰᠡᠨ ᠳ᠋ᠦᠩᠨᠡᠯᠲᠡ ᠵᠢ ᠦᠨᠳᠦᠰᠦᠯᠡᠨ ᠲᠥᠯᠥᠪᠵᠢᠭᠦᠯᠭᠡ᠎ᠳᠤ ᠵᠠᠰᠠᠪᠤᠷᠢ ᠣᠷᠣᠭᠤᠯᠬᠤ ᠲᠥᠰᠥᠯ᠎ᠢ ᠨᠡᠢ᠍ᠢ᠍ᠷᠠᠭᠤᠯᠤᠨ ᠵᠣᠬᠢᠶᠠᠬᠤ ᠵᠢᠨ ᠬᠠᠮᠲᠤ ᠲᠣᠰ ᠠᠷᠭ᠎ᠠ ᠵᠢᠨ ᠳᠥᠷᠪᠡᠳᠦᠭᠡᠷ ᠵᠦᠢ᠍ᠯ᠎ᠠᠴᠠ ᠠᠷᠪᠠᠨ ᠨᠢᠭᠡᠳᠦᠭᠡᠷ ᠵᠦᠢ᠍ᠯ ᠬᠦᠷᠲᠡᠯᠡᠬᠢ ᠲᠣᠭᠲᠠᠭ᠋ᠠᠯ ᠵᠶ᠋ᠠᠷ ᠭᠦᠢ᠍ᠴᠡᠳᠭᠡᠨ᠎ᠡ᠃
(ᠳᠥᠷᠪᠡ) ᠲᠥᠷᠥ ᠵᠢᠨ ᠶᠠᠪᠤᠳᠠᠯ᠎ᠤᠨ ᠬᠤᠷᠢᠶ᠎ᠠ᠎ᠠᠴᠠ ᠵᠥᠪᠰᠢᠶᠡᠷᠡᠭᠰᠡᠨ ᠲᠣᠮᠣ ᠬᠡᠯᠪᠡᠷᠢ ᠵᠢᠨ ᠡᠨᠧᠷᠭᠢ᠂ ᠵᠠᠮ ᠬᠠᠷᠢᠯᠴᠠᠭ᠎ᠠ᠂ ᠤᠰᠤᠨ ᠠᠰᠢᠬᠯᠠᠯᠲᠠ ᠵᠡᠷᠭᠡ ᠰᠠᠭᠤᠷᠢ ᠪᠡᠯᠡᠳᠭᠡᠮᠵᠢ ᠵᠢᠨ ᠪᠦᠲᠦᠭᠡᠨ ᠪᠠᠢ᠍ᠢ᠍ᠭᠤᠯᠤᠯᠲᠠ᠎ᠳᠤ ᠬᠡᠷᠡᠭᠯᠡᠬᠦ ᠭᠠᠵᠠᠷ ᠪᠤᠶᠤ ᠥᠪᠡᠷᠲᠡᠭᠡᠨ ᠵᠠᠰᠠᠬᠤ ᠣᠷᠣᠨ᠎ᠤ ᠵᠥᠪᠰᠢᠶᠡᠷᠡᠭᠰᠡᠨ ᠡᠨᠧᠷᠭᠢ᠂ ᠵᠠᠮ ᠬᠠᠷᠢᠯᠴᠠᠭ᠎ᠠ᠂ ᠤᠰᠤᠨ ᠠᠰᠢᠬᠯᠠᠯᠲᠠ ᠵᠡᠷᠭᠡ ᠰᠠᠭᠤᠷᠢ ᠪᠡᠯᠡᠳᠭᠡᠮᠵᠢ ᠵᠢᠨ ᠪᠦᠲᠦᠭᠡᠨ ᠪᠠᠢ᠍ᠢ᠍ᠭᠤᠯᠤᠯᠲᠠ ᠵᠢᠨ ᠬᠡᠷᠡᠭᠯᠡᠬᠦ ᠭᠠᠵᠠᠷ᠎ᠲᠤ ᠪᠠᠭᠲᠠᠭᠰᠠᠨ᠎ᠠᠴᠠ ᠪᠣᠯᠵᠤ ᠲᠥᠯᠥᠪᠵᠢᠭᠦᠯᠭᠡ᠎ᠳᠤ ᠬᠡᠰᠡᠭ ᠲᠠᠯ᠎ᠠ ᠵᠢᠨ ᠵᠠᠰᠠᠪᠤᠷᠢ ᠣᠷᠣᠭᠤᠯᠬᠤ ᠴᠢᠬᠤᠯᠠᠲᠠᠢ ᠪᠣᠯ᠂ ᠠᠢ᠍ᠢ᠍ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠲᠥᠷᠥ ᠵᠢᠨ ᠶᠠᠪᠤᠳᠠᠯ᠎ᠤᠨ ᠬᠤᠷᠢᠶ᠎ᠠ ᠪᠤᠶᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠪᠠ ᠲᠤᠯᠭ᠋ᠠᠭᠤᠷᠢᠯᠠᠬᠤ ᠴᠢᠨᠠᠷᠲᠠᠢ ᠪᠢᠴᠢᠭ ᠮᠠᠲ᠋ᠧᠷᠢᠶᠠᠯ ᠵᠡᠷᠭᠡ ᠵᠢ ᠦᠨᠳᠦᠰᠦᠯᠡᠵᠦ᠂ ᠲᠥᠯᠥᠪᠵᠢᠭᠦᠯᠭᠡ᠎ᠳᠤ ᠬᠡᠰᠡᠭ ᠲᠠᠯ᠎ᠠ ᠵᠢᠨ ᠵᠠᠰᠠᠪᠤᠷᠢ ᠣᠷᠣᠭᠤᠯᠬᠤ ᠲᠥᠰᠥᠯ (ᠭᠠᠵᠠᠷ ᠰᠢᠷᠣᠢ ᠵᠢᠨ ᠬᠡᠷᠡᠭᠴᠡᠭᠡ ᠵᠢ ᠲᠣᠬᠢᠷᠠᠭᠤᠯᠬᠤ ᠲᠥᠰᠥᠯ)᠎ᠢ ᠨᠡᠢ᠍ᠢ᠍ᠷᠠᠭᠤᠯᠤᠨ ᠵᠣᠬᠢᠶᠠᠵᠤ᠂ ᠠᠢ᠍ᠢ᠍ᠮᠠᠭ ᠬᠤᠲᠠ ᠵᠢᠨ ᠪᠠᠢ᠍ᠢ᠍ᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ᠎ᠪᠠᠷ ᠠᠩᠬ᠎ᠠ ᠬᠢᠨᠠᠭᠤᠯᠤᠭᠰᠠᠨᠤ ᠳᠠᠷᠠᠭ᠎ᠠ ᠥᠪᠡᠷᠲᠡᠭᠡᠨ ᠵᠠᠰᠠᠬᠤ ᠣᠷᠣᠨ᠎ᠤ ᠪᠠᠢ᠍ᠢ᠍ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠳᠤ ᠮᠡᠳᠡᠭᠦᠯᠦᠨ᠎ᠡ; ᠥᠪᠡᠷᠲᠡᠭᠡᠨ ᠵᠠᠰᠠᠬᠤ ᠣᠷᠣᠨ᠎ᠤ ᠪᠠᠢ᠍ᠢ᠍ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠨᠢ ᠲᠥᠯᠥᠪᠵᠢᠭᠦᠯᠭᠡ᠎ᠳᠤ ᠬᠡᠰᠡᠭ ᠲᠠᠯ᠎ᠠ ᠵᠢᠨ ᠵᠠᠰᠠᠪᠤᠷᠢ ᠣᠷᠣᠭᠤᠯᠬᠤ ᠲᠥᠰᠥᠯ (ᠭᠠᠵᠠᠷ ᠰᠢᠷᠣᠢ ᠵᠢᠨ ᠬᠡᠷᠡᠭᠴᠡᠭᠡ ᠵᠢ ᠲᠣᠬᠢᠷᠠᠭᠤᠯᠬᠤ ᠲᠥᠰᠥᠯ)᠎ᠳᠤ ᠮᠡᠷᠭᠡᠵᠢᠯ᠎ᠤᠨ ᠬᠢᠨᠠᠨ ᠪᠠᠢ᠍ᠢ᠍ᠴᠠᠭ᠋ᠠᠯᠲᠠ ᠬᠢᠬᠦ ᠵᠢᠨ ᠬᠠᠮᠲᠤ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢ᠍ᠢ᠍ᠭᠤᠯᠵᠤ ᠨᠤᠲᠠᠯᠠᠯᠲᠠ ᠬᠢᠨ᠎ᠡ; ᠬᠢᠨᠠᠨ ᠪᠠᠢ᠍ᠢ᠍ᠴᠠᠭ᠋ᠠᠯᠲᠠ ᠨᠤᠲᠠᠯᠠᠯᠲᠠ᠎ᠪᠠᠷ ᠪᠠᠲᠤᠯᠠᠭᠳᠠᠭᠰᠠᠨ ᠲᠥᠯᠥᠪᠵᠢᠭᠦᠯᠭᠡ᠎ᠳᠤ ᠬᠡᠰᠡᠭ ᠲᠠᠯ᠎ᠠ ᠵᠢᠨ ᠵᠠᠰᠠᠪᠤᠷᠢ ᠣᠷᠣᠭᠤᠯᠬᠤ ᠲᠥᠰᠥᠯ (ᠭᠠᠵᠠᠷ ᠰᠢᠷᠣᠢ ᠵᠢᠨ ᠬᠡᠷᠡᠭᠴᠡᠭᠡ ᠵᠢ ᠲᠣᠬᠢᠷᠠᠭᠤᠯᠬᠤ ᠲᠥᠰᠥᠯ) ᠪᠣᠯᠣᠨ ᠮᠡᠳᠡᠭᠦᠯᠦᠨ ᠵᠥᠪᠰᠢᠶᠡᠷᠡᠭᠦᠯᠬᠦ ᠲᠥᠷᠥᠯ ᠵᠦᠢ᠍ᠯ᠎ᠤᠨ ᠪᠦᠲᠦᠭᠡᠨ ᠪᠠᠢ᠍ᠢ᠍ᠭᠤᠯᠤᠯᠲᠠ᠎ᠳᠤ ᠬᠡᠷᠡᠭᠯᠡᠬᠦ ᠭᠠᠵᠠᠷ᠎ᠤᠨ ᠮᠠᠲ᠋ᠧᠷᠢᠶᠠᠯ᠎ᠲᠠᠢ ᠬᠠᠮᠲᠤ ᠮᠡᠳᠡᠭᠦᠯᠦᠨ ᠵᠥᠪᠰᠢᠶᠡᠷᠡᠭᠦᠯᠵᠦ᠂ ᠲᠥᠷᠥᠯ ᠵᠦᠢ᠍ᠯ᠎ᠳᠤ ᠬᠡᠷᠡᠭᠯᠡᠬᠦ ᠭᠠᠵᠠᠷ᠎ᠤᠨ ᠬᠢᠨᠠᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ᠎ᠢ ᠣᠯᠣᠭᠰᠠᠨ᠎ᠤ ᠳᠠᠷᠠᠭ᠎ᠠ᠂ ᠠᠢ᠍ᠢ᠍ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠲᠥᠷᠥᠯ ᠵᠦᠢ᠍ᠯ᠎ᠳᠤ ᠬᠡᠷᠡᠭᠯᠡᠬᠦ ᠭᠠᠵᠠᠷ᠎ᠤᠨ ᠪᠠᠶ᠋ᠢᠷᠢᠰᠢᠭᠤᠯᠤᠯᠲᠠ ᠵᠢᠴᠢ ᠬᠡᠪᠴᠢᠶ᠎ᠡ ᠵᠢ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠲᠥᠯᠥᠪᠵᠢᠭᠦᠯᠭᠡ ᠵᠢᠨ 《ᠨᠢᠭᠡ ᠪᠦᠲᠦᠨ ᠲᠥᠯᠥᠪᠯᠡᠭᠡᠨ᠎ᠤ ᠵᠢᠷᠤᠭ》᠎ᠤᠨ ᠬᠡᠷᠡᠭᠵᠢᠭᠦᠯᠬᠦ ᠪᠠ ᠡᠭᠦᠨ᠎ᠳᠤ ᠬᠢᠨᠠᠯᠲᠠ ᠲᠠᠯᠪᠢᠬᠤ ᠮᠡᠳᠡᠭᠡ ᠵᠠᠩᠬᠢ ᠵᠢᠨ ᠰᠢᠰᠲ᠋ᠧᠮ᠎ᠳᠤ ᠳᠠᠪᠬᠤᠴᠠᠭᠤᠯᠤᠨ ᠨᠡᠮᠡᠵᠦ ᠣᠷᠣᠭᠤᠯᠬᠤ ᠵᠢᠨ ᠬᠠᠮᠲᠤ ᠲᠣᠰ ᠠᠷᠭ᠎ᠠ ᠵᠢᠨ ᠠᠷᠪᠠᠨ ᠨᠢᠭᠡᠳᠦᠭᠡᠷ ᠵᠦᠢ᠍ᠯ᠎ᠤᠨ ᠲᠣᠭᠲᠠᠭ᠋ᠠᠯ ᠶᠣᠰᠣᠭ᠋ᠠᠷ ᠭᠦᠢ᠍ᠴᠡᠳᠭᠡᠨ᠎ᠡ᠃
ᠠᠷᠪᠠᠨ ᠲᠠᠪᠤᠳᠤᠭ᠋ᠠᠷ ᠵᠦᠢ᠍ᠯ ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠢ ᠬᠠᠥᠯᠢ ᠶᠣᠰᠣᠭ᠋ᠠᠷ ᠬᠤᠪᠢᠶᠠᠷᠢᠯᠠᠨ ᠲᠣᠭᠲᠠᠭ᠋ᠠᠭᠰᠠᠨ᠎ᠤ ᠳᠠᠷᠠᠭ᠎ᠠ᠂ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠳᠤᠷ᠎ᠠ᠎ᠪᠠᠷ ᠡᠵᠡᠯᠡᠨ ᠬᠡᠷᠡᠭᠯᠡᠬᠦ ᠪᠤᠶᠤ ᠲᠡᠭᠦᠨ᠎ᠤ ᠬᠡᠷᠡᠭᠴᠡᠭᠡ ᠵᠢ ᠬᠤᠪᠢᠷᠠᠭᠤᠯᠵᠤ ᠪᠣᠯᠬᠤ ᠦᠭᠡᠢ᠃ ᠤᠯᠤᠰ᠎ᠤᠨ ᠡᠨᠧᠷᠭᠢ᠂ ᠵᠠᠮ ᠬᠠᠷᠢᠯᠴᠠᠭ᠎ᠠ᠂ ᠤᠰᠤᠨ ᠠᠰᠢᠬᠯᠠᠯᠲᠠ᠂ ᠴᠡᠷᠢᠭ᠎ᠤᠨ ᠶᠠᠪᠤᠳᠠᠯ᠎ᠤᠨ ᠪᠡᠯᠡᠳᠭᠡᠮᠵᠢ ᠵᠡᠷᠭᠡ ᠭᠤᠣᠯᠳᠠᠯᠭ᠋ᠠᠲᠤ ᠪᠦᠲᠦᠭᠡᠨ ᠪᠠᠢ᠍ᠢ᠍ᠭᠤᠯᠤᠯᠲᠠ ᠵᠢᠨ ᠲᠥᠷᠥᠯ ᠵᠦᠢ᠍ᠯ ᠭᠠᠵᠠᠷ ᠰᠣᠩᠭᠤᠬᠤ᠎ᠳᠤ ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠠᠴᠠ ᠵᠠᠶ᠋ᠢᠯᠠᠬᠤ᠎ᠳᠤ ᠦᠨᠡᠨ ᠬᠦ᠌ ᠪᠡᠷᠬᠡ᠎ᠲᠠᠢ ᠪᠠᠶ᠋ᠢᠵᠤ᠂ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠬᠤᠪᠢᠷᠠᠭ᠋ᠠᠨ ᠬᠡᠷᠡᠭᠯᠡᠬᠦ ᠪᠤᠶᠤ ᠭᠠᠵᠠᠷ ᠰᠢᠷᠣᠢ ᠲᠠᠲᠠᠪᠤᠷᠢᠯᠠᠨ ᠠᠪᠬᠤ᠎ᠲᠠᠢ ᠬᠤᠯᠪᠣᠭᠳᠠᠪᠠᠯ᠂ ᠡᠷᠬᠡᠪᠰᠢ ᠲᠥᠷᠥ ᠵᠢᠨ ᠶᠠᠪᠤᠳᠠᠯ᠎ᠤᠨ ᠬᠤᠷᠢᠶ᠎ᠠ᠎ᠪᠠᠷ ᠵᠥᠪᠰᠢᠶᠡᠷᠡᠭᠦᠯᠬᠦ ᠬᠡᠷᠡᠭᠲᠡᠢ᠃
ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠢᠯᠭ᠋ᠠᠨ ᠲᠣᠭᠲᠠᠭ᠋ᠠᠮᠠᠭᠴᠠ᠂ ᠵᠥᠪᠰᠢᠶᠡᠷᠡᠯ᠎ᠢ ᠳᠠᠮᠵᠢᠬᠤ ᠦᠭᠡᠢ ᠪᠣᠯ᠂ ᠳᠤᠷ᠎ᠠ᠎ᠪᠠᠷ ᠲᠣᠬᠢᠷᠠᠭᠤᠯᠬᠤ ᠵᠢ ᠴᠠᠭ᠋ᠠᠵᠠᠯᠠᠨ᠎ᠠ᠃ ᠡᠬᠢ ᠪᠠᠶᠠᠯᠢᠭ ᠣᠷᠴᠢᠨ ᠲᠣᠭᠤᠷᠢᠨ᠎ᠤ ᠳᠠᠭ᠋ᠠᠭ᠋ᠠᠬᠤ ᠴᠢᠳᠠᠪᠤᠷᠢ ᠵᠢ ᠬᠢᠨᠠᠨ ᠰᠢᠨᠵᠢᠭᠰᠡᠨ᠂ ᠠᠮᠢ ᠠᠬᠤᠢ ᠵᠢᠨ ᠬᠠᠮᠠᠭ᠋ᠠᠯᠠᠯᠲᠠ ᠵᠢᠨ ᠴᠢᠬᠤᠯᠠ ᠴᠢᠨᠠᠷ᠎ᠲᠤ ᠦᠨᠡᠯᠡᠯᠲᠡ ᠬᠢᠭᠰᠡᠨ ᠪᠠ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠲᠥᠯᠥᠪᠵᠢᠭᠦᠯᠭᠡ ᠵᠢᠨ 《ᠲᠠᠪᠤᠨ ᠵᠢᠯ᠎ᠳᠤ ᠨᠢᠭᠡ ᠤᠳᠠᠭ᠎ᠠ ᠦᠨᠡᠯᠡᠨ ᠵᠢᠱ᠌ᠢᠬᠦ》 ᠵᠢ ᠬᠡᠷᠡᠭᠵᠢᠭᠦᠯᠦᠭᠰᠡᠨ ᠪᠠᠢ᠍ᠢ᠍ᠳᠠᠯ᠎ᠢ ᠦᠨᠳᠦᠰᠦᠯᠡᠵᠦ᠂ ᠠᠢ᠍ᠢ᠍ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠬᠡᠰᠡᠭ ᠲᠠᠯ᠎ᠠ᠎ᠳᠤ ᠵᠠᠰᠠᠪᠤᠷᠢ ᠣᠷᠣᠭᠤᠯᠬᠤ ᠲᠥᠰᠥᠯ᠎ᠢ ᠨᠡᠢ᠍ᠢ᠍ᠷᠠᠭᠤᠯᠤᠨ ᠵᠣᠬᠢᠶᠠᠵᠤ᠂ ᠱᠠᠲᠤ ᠳᠠᠷᠠᠭ᠋ᠠᠯᠠᠨ ᠥᠪᠡᠷᠲᠡᠭᠡᠨ ᠵᠠᠰᠠᠬᠤ ᠊ᠣᠷᠣᠨᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠬᠢᠨᠠᠨ ᠪᠠᠢ᠍ᠢ᠍ᠴᠠᠭ᠋ᠠᠯᠭ᠋ᠠᠵᠤ ᠵᠥᠪᠰᠢᠶᠡᠷᠡᠭᠦᠯᠦᠭᠰᠡᠨ᠎ᠤ ᠳᠠᠷᠠᠭ᠎ᠠ᠂ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠲᠥᠯᠥᠪᠵᠢᠭᠦᠯᠭᠡ ᠵᠢᠨ ᠵᠠᠰᠠᠪᠤᠷᠢ ᠣᠷᠣᠭᠤᠯᠬᠤ ᠲᠥᠰᠥᠯ᠎ᠳᠤ ᠣᠷᠣᠭᠤᠯᠤᠨ ᠲᠥᠷᠥ ᠵᠢᠨ ᠶᠠᠪᠤᠳᠠᠯ᠎ᠤᠨ ᠬᠤᠷᠢᠶᠠᠨ᠎ᠳᠤ ᠵᠥᠪᠰᠢᠶᠡᠷᠡᠭᠦᠯᠬᠦ᠎ᠪᠠᠷ ᠮᠡᠳᠡᠭᠦᠯᠦᠨ᠎ᠡ᠃ ᠪᠠᠢ᠍ᠢ᠍ᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠵᠠᠭ᠋ᠠᠭ ᠬᠢᠵᠠᠭ᠋ᠠᠷᠲᠤ ᠲᠣᠬᠢᠷᠠᠭᠤᠯᠤᠯᠲᠠ ᠭᠠᠷᠤᠭᠰᠠᠨ ᠪᠣᠯ᠂ ᠥᠪᠡᠷᠲᠡᠭᠡᠨ ᠵᠠᠰᠠᠬᠤ ᠣᠷᠣᠨ᠎ᠤ ᠪᠠᠢ᠍ᠢ᠍ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠨᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ᠎ᠢ ᠦᠨᠳᠦᠰᠦᠯᠡᠨ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠳᠤ ᠬᠠᠷᠠᠭ᠋ᠠᠯᠵᠠᠭᠰᠠᠨ ᠲᠣᠬᠢᠷᠠᠭᠤᠯᠤᠯᠲᠠ ᠬᠢᠵᠦ᠂ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠲᠥᠯᠥᠪᠵᠢᠭᠦᠯᠭᠡ ᠵᠢᠨ 《ᠨᠢᠭᠡᠨ ᠪᠦᠲᠦᠨ ᠲᠥᠯᠥᠪᠯᠡᠭᠡᠨ᠎ᠤ ᠵᠢᠷᠤᠭ》᠎ᠢ ᠰᠢᠨᠡᠳᠭᠡᠨ᠎ᠡ᠃
ᠬᠤᠲᠠ ᠪᠠᠯᠭ᠋ᠠᠰᠤᠨ᠎ᠤ ᠨᠡᠭᠡᠭᠡᠨ ᠬᠥᠭᠵᠢᠭᠦᠯᠬᠦ ᠵᠠᠭ᠋ᠠᠭ ᠬᠢᠵᠠᠭ᠋ᠠᠷ᠎ᠢ ᠬᠤᠪᠢᠶᠠᠷᠢᠯᠠᠨ ᠲᠣᠭᠲᠠᠭ᠋ᠠᠮᠠᠭᠴᠠ᠂ ᠵᠠᠷᠴᠢᠮ ᠳᠡᠭᠡᠷ᠎ᠡ᠎ᠪᠠᠨ ᠲᠣᠬᠢᠷᠠᠭᠤᠯᠤᠯᠲᠠ ᠬᠢᠵᠦ ᠪᠣᠯᠬᠤ ᠦᠭᠡᠢ᠃ ᠤᠯᠤᠰ᠎ᠤᠨ ᠴᠢᠬᠤᠯᠠ ᠶᠡᠭᠡ ᠪᠠᠢ᠍ᠢ᠍ᠯᠳᠤᠬᠤ ᠪᠣᠳᠣᠯᠭ᠎ᠠ ᠵᠢᠨ ᠲᠣᠬᠢᠷᠠᠭᠤᠯᠤᠯᠲᠠ᠂ ᠤᠯᠤᠰ᠎ᠤᠨ ᠴᠢᠬᠤᠯᠠ ᠶᠡᠭᠡ ᠲᠥᠷᠥᠯ ᠵᠦᠢ᠍ᠯ᠎ᠤᠨ ᠪᠦᠲᠦᠭᠡᠨ ᠪᠠᠢ᠍ᠢ᠍ᠭᠤᠯᠤᠯᠲᠠ᠂ ᠵᠠᠰᠠᠭ ᠵᠠᠬᠢᠷᠭ᠋ᠠᠨ᠎ᠤ ᠣᠷᠣᠨ᠎ᠤ ᠬᠤᠪᠢᠶᠠᠷᠢᠯᠠᠯ᠎ᠤᠨ ᠲᠣᠬᠢᠷᠠᠭᠤᠯᠤᠯᠲᠠ ᠵᠡᠷᠭᠡ᠎ᠠᠴᠠ ᠪᠣᠯᠵᠤ ᠦᠨᠡᠨ ᠬᠦ᠌ ᠲᠣᠬᠢᠷᠠᠭᠤᠯᠬᠤ ᠴᠢᠬᠤᠯᠠᠲᠠᠢ ᠪᠣᠯ᠂ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠶᠡᠷᠦᠩᠬᠡᠢ ᠲᠥᠯᠥᠪᠵᠢᠭᠦᠯᠭᠡ ᠵᠢᠨ ᠵᠠᠰᠠᠪᠤᠷᠢ ᠣᠷᠣᠭᠤᠯᠬᠤ ᠳᠡᠰ ᠳᠠᠷᠠᠭ᠋ᠠᠯᠠᠯ ᠵᠶ᠋ᠠᠷ ᠭᠦᠢ᠍ᠴᠡᠳᠭᠡᠨ᠎ᠡ᠃
ᠬᠠᠥᠯᠢ ᠴᠠᠭ᠋ᠠᠵᠠ᠂ ᠬᠠᠥᠯᠢ ᠲᠣᠭᠲᠠᠭ᠋ᠠᠯ᠎ᠳᠤ 《ᠭᠤᠷᠪᠠᠨ ᠵᠤᠷᠪᠤᠰ ᠡᠵᠡᠮᠰᠢᠯ᠎ᠤᠨ ᠱᠤᠭᠤᠮ》᠎ᠳᠤ ᠵᠠᠰᠠᠪᠤᠷᠢ ᠣᠷᠤᠭᠤᠯᠬᠤ᠎ᠳᠤ ᠲᠣᠭᠲᠠᠭ᠋ᠠᠯ ᠭᠠᠷᠭ᠋ᠠᠭᠰᠠᠨ ᠪᠣᠯ᠂ ᠲᠡᠷᠡ ᠬᠦ᠌ ᠲᠣᠭᠲᠠᠭ᠋ᠠᠯ ᠵᠶ᠋ᠠᠷ ᠬᠡᠷᠡᠭᠵᠢᠭᠦᠯᠦᠨ᠎ᠡ᠃
ᠠᠷᠪᠠᠨ ᠵᠢᠷᠭᠤᠳᠤᠭ᠋ᠠᠷ ᠵᠦᠢ᠍ᠯ ᠬᠤᠲᠠ ᠵᠢᠨ ᠬᠠᠷᠢᠶ᠎ᠠ ᠣᠷᠣᠨ᠎ᠤ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠶᠡᠷᠦᠩᠬᠡᠢ ᠲᠥᠯᠥᠪᠵᠢᠭᠦᠯᠭᠡ᠂ ᠨᠡᠭᠡᠭᠡᠯᠲᠡ ᠵᠢᠨ ᠲᠣᠭᠤᠷᠢᠭ᠎ᠤᠨ ᠶᠡᠷᠦᠩᠬᠡᠢ ᠲᠥᠯᠥᠪᠵᠢᠭᠦᠯᠭᠡ ᠵᠢ ᠨᠡᠢ᠍ᠢ᠍ᠷᠠᠭᠤᠯᠤᠨ ᠵᠣᠬᠢᠶᠠᠬᠤ᠎ᠳᠤ᠂ ᠲᠣᠰ ᠠᠷᠭ᠎ᠠ᠎ᠳᠠᠬᠢ ᠬᠤᠰᠢᠭᠤ ᠰᠢᠶᠠᠨ (ᠬᠤᠲᠠ᠂ ᠲᠣᠭᠤᠷᠢᠭ)᠎ᠤ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠶᠡᠷᠦᠩᠬᠡᠢ ᠲᠥᠯᠥᠪᠵᠢᠭᠦᠯᠭᠡ ᠵᠢᠨ ᠬᠠᠮᠢᠶ᠎ᠠ ᠪᠦᠬᠦᠢ ᠲᠣᠭᠲᠠᠭ᠋ᠠᠯ ᠵᠶ᠋ᠠᠷ ᠯᠠᠪᠯᠠᠯᠲᠠ ᠪᠣᠯᠭ᠋ᠠᠨ ᠭᠦᠢ᠍ᠴᠡᠳᠭᠡᠨ᠎ᠡ᠃
ᠠᠷᠪᠠᠨ ᠳᠣᠯᠣᠳᠤᠭ᠋ᠠᠷ ᠵᠦᠢ᠍ᠯ ᠠᠢ᠍ᠢ᠍ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠲᠣᠰ ᠠᠷᠭ᠎ᠠ᠎ᠪᠠᠷ ᠯᠠᠪᠯᠠᠯᠲᠠ ᠪᠣᠯᠭ᠋ᠠᠵᠤ᠂ ᠰᠤᠮᠤ ᠰᠢᠶᠠᠩ ᠪᠠᠯᠭ᠋ᠠᠰᠤ ᠵᠢᠨ ᠤᠯᠤᠰ᠎ᠤᠨ ᠨᠤᠲᠤᠭ ᠳᠡᠪᠢᠰᠭᠡᠷ᠎ᠤᠨ ᠣᠷᠣᠨ ᠵᠠᠢ ᠵᠢᠨ ᠶᠡᠷᠦᠩᠬᠡᠢ ᠲᠥᠯᠥᠪᠵᠢᠭᠦᠯᠭᠡ ᠵᠢᠨ ᠬᠢᠨᠠᠨ ᠪᠠᠢ᠍ᠢ᠍ᠴᠠᠭ᠋ᠠᠬᠤ᠂ ᠮᠡᠳᠡᠭᠦᠯᠦᠨ ᠵᠥᠪᠰᠢᠶᠡᠷᠡᠭᠦᠯᠬᠦ ᠪᠠ ᠵᠠᠰᠠᠪᠤᠷᠢ ᠣᠷᠣᠭᠤᠯᠬᠤ ᠠᠵᠢᠯ᠎ᠢ ᠨᠠᠷᠢᠨ ᠬᠢᠨᠠᠮᠠᠭ᠋ᠠᠢ ᠰᠠᠢ᠍ᠢ᠍ᠲᠤᠷ ᠬᠢᠬᠦ ᠬᠡᠷᠡᠭᠲᠡᠢ᠃
ᠠᠷᠪᠠᠨ ᠨᠠᠢ᠍ᠮᠠᠳᠤᠭ᠋ᠠᠷ ᠵᠦᠢ᠍ᠯ ᠲᠣᠰ ᠠᠷᠭ᠎ᠠ ᠵᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ 《ᠭᠠᠵᠠᠷ ᠰᠢᠷᠣᠢ ᠵᠢᠨ ᠠᠰᠢᠬᠯᠠᠯᠲᠠ ᠵᠢᠨ ᠶᠡᠷᠦᠩᠬᠡᠢ ᠲᠥᠯᠥᠪᠵᠢᠭᠦᠯᠭᠡ ᠵᠢᠨ ᠬᠢᠨᠠᠨ ᠪᠠᠶ᠋ᠢᠴᠠᠭ᠋ᠠᠯᠭ᠋ᠠᠵᠤ ᠮᠡᠳᠡᠭᠦᠯᠦᠨ ᠵᠥᠪᠰᠢᠶᠡᠷᠡᠭᠦᠯᠬᠦ ᠲᠣᠭᠲᠠᠭ᠋ᠠᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2009] 65 ᠳ᠋ᠤᠭ᠋ᠠᠷ ᠲᠣᠭ᠋ᠠᠲᠤ)᠂ 《ᠬᠤᠲᠠ ᠵᠢᠨ ᠶᠡᠷᠦᠩᠬᠡᠢ ᠲᠥᠯᠥᠪᠵᠢᠭᠦᠯᠭᠡ᠎ᠳᠤ ᠵᠠᠰᠠᠪᠤᠷᠢ ᠣᠷᠣᠭᠤᠯᠬᠤ ᠠᠵᠢᠯ᠎ᠤᠨ ᠳᠦᠷᠢᠮ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2017] 85 ᠳ᠋ᠤᠭ᠋ᠠᠷ ᠲᠣᠭ᠋ᠠᠲᠤ)᠎ᠢ ᠬᠠᠮᠲᠤᠳᠤᠨᠢ ᠬᠦᠴᠦᠨ ᠦᠭᠡᠢ ᠪᠣᠯᠭ᠋ᠠᠨ᠎ᠠ᠃

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ