ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠠᠮᠢᠶᠠᠷᠤᠯᠲᠠ ᠵᠢᠨ ᠠᠷᠭ᠎ᠠ
ᠨᠡᠶ᠋ᠢᠲᠡᠯᠡᠭᠰᠡᠨ ᠴᠠᠭ᠄ 2024-10-11
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢ᠍ᠯ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠳᠠᠬᠢ ᠬᠠᠮᠢᠶᠠᠷᠤᠯᠲᠠ᠎ᠪᠠᠨ ᠴᠢᠩᠭ᠋ᠠᠳᠬᠠᠨ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠠᠬᠢᠭᠤᠯᠵᠤ᠂ ᠬᠠᠤᠯᠢ᠎ᠪᠠᠷ ᠵᠠᠰᠠᠭᠰᠠᠨ ᠵᠠᠰᠠᠭ᠎ᠤᠨ ᠣᠷᠳᠣᠨ᠎ᠢ ᠪᠠᠶ᠋ᠢᠭᠤᠯᠬᠤ ᠵᠢᠨ ᠲᠤᠰᠠᠳᠠ᠂ ᠤᠯᠤᠰ᠎ᠤᠨ ᠬᠤᠯᠪᠣᠭᠳᠠᠯ ᠪᠥᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠲᠥᠷᠥ ᠵᠢᠨ ᠶᠠᠪᠤᠳᠠᠯ᠎ᠤᠨ ᠬᠤᠷᠢᠶᠠᠨ᠎ᠤ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠤᠲᠠᠲᠠᠢ᠎ᠲᠠᠢ ᠤᠶᠠᠯᠳᠤᠭᠤᠯᠵᠤ᠂ ᠲᠤᠰ ᠠᠷᠭ᠎ᠠ ᠵᠢ ᠲᠣᠭᠲᠠᠭ᠋ᠠᠪᠠ᠃
ᠬᠤᠶᠠᠳᠤᠭ᠋ᠠᠷ ᠵᠦᠢ᠍ᠯ ᠲᠤᠰ ᠠᠷᠭ᠎ᠠ᠎ᠳᠤ ᠬᠡᠯᠡᠵᠦ ᠪᠠᠶ᠋ᠢᠭ᠎ᠠ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ ᠭᠡᠳᠡᠭ᠎ᠨᠢ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠪᠤᠶᠤ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠠᠴᠠ ᠡᠷᠬᠡ ᠣᠯᠭᠤᠭᠰᠠᠨ ᠣᠯᠠᠨ ᠨᠡᠶ᠋ᠢᠲᠡ ᠵᠢᠨ ᠬᠡᠷᠡᠭ ᠶᠠᠪᠤᠳᠠᠯ᠎ᠢ ᠬᠠᠮᠢᠶᠠᠷᠬᠤ ᠡᠭᠦᠷᠭᠡ ᠴᠢᠳᠠᠪᠤᠷᠢ᠎ᠲᠠᠢ ᠵᠣᠬᠢᠶᠠᠨ ᠪᠠᠶ᠋ᠢᠭᠤᠯᠤᠯᠲᠠ᠎ᠠᠴᠠ ᠬᠠᠤᠯᠢ᠎ᠪᠠᠷ ᠲᠣᠭᠲᠠᠭ᠋ᠠᠭᠰᠠᠨ ᠡᠷᠬᠡ ᠲᠤᠰᠢᠶᠠᠯ᠎ᠤᠨ ᠵᠶ᠋ᠠᠨ ᠬᠡᠪᠴᠢᠶᠡᠨ ᠳᠣᠲᠣᠷ᠎ᠠ ᠬᠠᠤᠯᠢ᠎ᠪᠠᠷ ᠲᠣᠭᠲᠠᠭ᠋ᠠᠭᠰᠠᠨ ᠲᠡᠰ ᠲᠠᠷᠠᠭ᠋ᠠᠯᠠᠯ ᠶᠣᠰᠣᠭ᠋ᠠᠷ ᠲᠣᠭᠲᠠᠭ᠋ᠠᠭᠰᠠᠨ᠂ ᠠᠷᠠᠳ ᠢᠷᠭᠡᠨ᠂ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ ᠵᠢᠨ ᠡᠷᠬᠡ᠂ ᠡᠭᠦᠷᠭᠡ᠎ᠳᠤ ᠬᠤᠯᠪᠣᠭᠳᠠᠭᠰᠠᠨ᠂ ᠲᠦᠭᠡᠮᠡᠯ ᠬᠢᠵᠠᠭ᠋ᠠᠷᠯᠠᠬᠤ ᠬᠦᠴᠦᠨ᠎ᠲᠠᠢ ᠪᠥᠭᠡᠳ ᠵᠣᠬᠢᠬᠤ ᠬᠤᠭᠤᠴᠠᠭ᠋ᠠᠨ᠎ᠳᠤ ᠳᠠᠬᠢᠨ ᠳᠠᠪᠲᠠᠨ ᠬᠡᠷᠡᠭᠯᠡᠭᠳᠡᠬᠦ ᠵᠠᠰᠠᠭ᠎ᠤᠨ ᠣᠷᠳᠣᠨ᠎ᠤ ᠳᠦᠷᠢᠮ ᠲᠣᠭᠲᠠᠭ᠋ᠠᠯ᠎ᠠᠴᠠ ᠭᠠᠳᠠᠨᠠᠬᠢ ᠵᠠᠰᠠᠭ ᠵᠠᠬᠢᠷᠭ᠋ᠠᠨ᠎ᠤ ᠪᠢᠴᠢᠭ ᠮᠠᠲ᠋ᠧᠷᠢᠶᠠᠯ᠎ᠢ ᠵᠢᠭ᠋ᠠᠵᠤ ᠪᠠᠶ᠋ᠢᠨ᠎ᠠ᠃
ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠳᠤ ᠵᠠᠰᠠᠭ᠎ᠤᠨ ᠣᠷᠳᠣᠨ᠎ᠤ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ ᠪᠠ ᠰᠠᠯᠠᠭ᠎ᠠ ᠮᠥᠴᠢᠷ᠎ᠤᠨ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ ᠪᠠᠭᠲᠠᠨ᠎ᠠ᠃
ᠭᠤᠷᠪᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠤᠭᠤᠷᠪᠢᠬᠤ᠂ ᠬᠠᠤᠯᠢ ᠶᠣᠰᠣᠴᠢ ᠴᠢᠨᠠᠷ᠎ᠢ᠎ᠨᠢ ᠬᠢᠨᠠᠨ ᠬᠠᠷᠭᠤᠭᠤᠯᠬᠤ᠂ ᠬᠠᠮᠲᠤ᠎ᠪᠠᠷ ᠶᠠᠷᠢᠯᠴᠠᠬᠤ᠂ ᠨᠡᠶ᠋ᠢᠲᠡᠯᠡᠬᠦ᠂ ᠪᠦᠷᠢᠳᠬᠡᠨ ᠳᠠᠩᠰᠠᠯᠠᠬᠤ᠂ ᠬᠢᠨᠠᠯᠲᠠ ᠲᠠᠯᠪᠢᠬᠤ ᠵᠢᠴᠢ ᠢᠯᠭ᠋ᠠᠷᠠᠭᠤᠯᠤᠨ ᠴᠡᠪᠡᠷᠯᠡᠬᠦ ᠵᠡᠷᠭᠡ ᠠᠵᠢᠯᠯᠠᠭ᠎ᠠ᠎ᠳᠤ ᠲᠤᠰ ᠠᠷᠭ᠎ᠠ ᠵᠢ ᠲᠣᠬᠢᠷᠠᠭᠤᠯᠤᠨ ᠬᠡᠷᠡᠭᠯᠡᠨ᠎ᠡ᠃
ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠳᠣᠲᠣᠭ᠋ᠠᠳᠤ ᠵᠢᠨ ᠬᠠᠮᠢᠶᠠᠷᠤᠯᠲᠠ ᠵᠢᠨ ᠵᠢᠷᠤᠮᠵᠢᠯ᠂ ᠪᠠᠶ᠋ᠢᠭᠤᠯᠤᠮᠵᠢ ᠣᠷᠣᠨ ᠲᠤᠭ᠎ᠠ᠂ ᠬᠤᠷᠠᠯ᠎ᠤᠨ ᠲᠣᠪᠴᠢ᠂ ᠠᠵᠢᠯ᠎ᠤᠨ ᠲᠥᠰᠦᠯ᠂ ᠵᠢᠭ᠋ᠠᠪᠤᠷᠢ ᠠᠪᠬᠤ ᠮᠡᠳᠡᠭᠦᠯᠦᠯᠲᠡ᠂ ᠬᠥᠬᠢᠭᠦᠯᠦᠨ ᠰᠠᠶ᠋ᠢᠰᠢᠶᠠᠵᠤ ᠱᠠᠩᠨᠠᠨ ᠲᠣᠷᠭ᠋ᠠᠬᠤ᠂ ᠠᠵᠢᠯᠲᠠᠨ᠎ᠤ ᠶᠠᠪᠤᠳᠠᠯ᠎ᠤᠨ ᠲᠣᠮᠢᠯᠠᠵᠤ ᠪᠠᠭᠤᠯᠭ᠋ᠠᠬᠤ ᠵᠡᠷᠭᠡ ᠪᠢᠴᠢᠭ ᠮᠠᠲ᠋ᠧᠷᠢᠶᠠᠯ᠎ᠳᠤ ᠲᠣᠰ ᠠᠷᠭ᠎ᠠ ᠳᠣᠭᠢᠷᠠᠬᠤ ᠥᠬᠡᠶ᠃
ᠳᠥᠷᠪᠡᠳᠦᠭᠡᠷ ᠵᠦᠢ᠍ᠯ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠠᠮᠢᠶᠠᠷᠤᠯᠲᠠ ᠵᠢᠨ ᠠᠵᠢᠯ᠎ᠳᠤ ᠳᠣᠤᠷᠠᠬᠢ ᠵᠠᠷᠴᠢᠮ᠎ᠢ ᠵᠢᠷᠤᠮᠯᠠᠬᠤ ᠬᠡᠷᠡᠭᠲᠡᠶ᠄
(ᠨᠢᠭᠡ) ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ᠎ᠠ;
(ᠬᠤᠶᠠᠷ) ᠨᠡᠶ᠋ᠢᠭᠡᠮ ᠵᠢᠷᠤᠮ᠎ᠤᠨ ᠭᠤᠣᠯᠯᠠᠬᠤ ᠦᠷᠳᠡᠭ᠎ᠤᠨ ᠦᠵᠡᠯᠲᠡ ᠵᠢ ᠦᠢ᠍ᠯᠡᠳᠦᠯᠭᠡᠵᠢᠭᠦᠯᠦᠨ᠎ᠡ;
(ᠭᠤᠷᠪᠠ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠲᠣᠭᠲᠠᠭ᠋ᠠᠯ ᠳᠦᠷᠢᠮ᠎ᠢ ᠲᠤᠭᠤᠰᠢᠯᠠᠭᠤᠯᠤᠨ ᠬᠡᠷᠡᠭᠵᠢᠭᠦᠯᠬᠦ ᠵᠢ ᠪᠠᠲᠤᠯᠠᠨ᠎ᠠ;
(ᠳᠥᠷᠪᠡ) ᠠᠷᠠᠳ ᠢᠷᠭᠡᠨ᠂ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠨ᠎ᠠ;
(ᠲᠠᠪᠤ) ᠴᠣᠮᠬᠠᠳᠬᠠᠬᠤ᠂ ᠬᠦᠴᠦᠨ ᠴᠢᠳᠠᠪᠤᠷᠢ ᠪᠠ ᠡᠷᠬᠡ ᠬᠠᠷᠢᠭᠤᠴᠠᠯᠭ᠎ᠠ ᠵᠢ ᠨᠢᠭᠡᠳᠬᠡᠨ᠎ᠡ᠃
ᠲᠠᠪᠤᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠲᠤᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠠᠮᠢᠶᠠᠷᠤᠯᠲᠠ ᠵᠢᠨ ᠠᠵᠢᠯ᠎ᠢ ᠤᠳᠤᠷᠢᠳᠤᠨ᠎ᠠ᠃
ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠳᠤᠷᠢᠳᠤᠯᠭ᠎ᠠ ᠵᠢᠨ ᠵᠶ᠋ᠠᠨ ᠳᠣᠣᠷ᠎ᠠ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠪᠦᠷᠢᠳᠬᠡᠨ ᠳᠠᠩᠰᠠᠯᠠᠵᠤ ᠬᠢᠨᠠᠨ ᠪᠠᠶ᠋ᠢᠴᠠᠭ᠋ᠠᠬᠤ ᠪᠠ ᠬᠢᠨᠠᠯᠲᠠ ᠲᠠᠯᠪᠢᠵᠤ ᠪᠠᠶ᠋ᠢᠴᠠᠭ᠋ᠠᠬᠤ ᠵᠡᠷᠭᠡ ᠠᠵᠢᠯ᠎ᠢ ᠪᠣᠳᠠᠲᠠᠶ ᠳᠠᠭ᠋ᠠᠭ᠋ᠠᠨ ᠡᠭᠦᠷᠭᠡᠯᠡᠨ᠎ᠡ᠃ ᠳᠡᠭᠡᠳᠦ ᠱᠠᠲᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠲᠤᠤᠷᠠᠳᠤ ᠱᠠᠲᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷᠲᠠᠬᠢ ᠠᠵᠢᠯ᠎ᠤᠨ ᠵᠢᠯᠣᠭᠤᠳᠤᠯᠭ᠎ᠠ᠎ᠪᠠᠨ ᠴᠢᠩᠭ᠋ᠠᠳᠬᠠᠬᠤ ᠬᠡᠷᠡᠭᠲᠡᠢ᠃
ᠵᠢᠷᠭᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠪᠥᠬᠦ ᠣᠷᠣᠨ᠎ᠤ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠪᠦᠷᠢᠳᠬᠡᠨ ᠳᠠᠩᠰᠠᠯᠠᠬᠤ ᠨᠢᠭᠡᠳᠦᠯᠲᠡᠶ ᠬᠠᠮᠢᠶᠠᠷᠤᠯᠲᠠ ᠵᠢᠨ ᠰᠢᠰᠲ᠋ᠧᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠪᠦᠷᠢᠳᠬᠡᠨ ᠲᠠᠩᠰᠠᠯᠠᠵᠤ ᠬᠢᠨᠠᠨ ᠪᠠᠶ᠋ᠢᠴᠠᠭ᠋ᠠᠬᠤ ᠬᠦᠴᠦᠨ ᠴᠢᠳᠠᠪᠤᠷᠢ᠎ᠪᠠᠨ ᠳᠡᠭᠡᠭᠰᠢᠯᠡᠭᠦᠯᠬᠦ ᠬᠡᠷᠡᠭᠲᠡᠶ᠃
ᠬᠤᠶᠠᠳᠤᠭ᠋ᠠᠷ ᠪᠦᠯᠦᠭ ᠲᠤᠭᠤᠷᠪᠢᠬᠤ
ᠳᠣᠯᠣᠳᠤᠭ᠋ᠠᠷ ᠵᠦᠢ᠍ᠯ ᠳᠣᠣᠷ᠎ᠠ ᠵᠢᠭᠰᠠᠭ᠋ᠠᠭᠰᠠᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠪᠤᠶᠤ ᠵᠣᠬᠢᠶᠠᠨ ᠪᠠᠶ᠋ᠢᠭᠤᠯᠤᠯᠲᠠ᠎ᠨᠢ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭ᠋ᠠᠵᠤ ᠪᠣᠯᠤᠨ᠎ᠠ᠄
(ᠨᠢᠭᠡ) ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ;
(ᠬᠤᠶᠠᠷ) ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠶᠣᠰᠣᠭ᠋ᠠᠷ ᠪᠠᠶ᠋ᠢᠭᠤᠯᠤᠭᠰᠠᠨ ᠲᠣᠮᠢᠯᠠᠭᠰᠠᠨ ᠪᠠᠢ᠍ᠭᠤᠯᠭ᠎ᠠ;
(ᠭᠤᠷᠪᠠ) ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ;
(ᠲᠦᠷᠪᠡ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠠᠴᠠ ᠡᠷᠬᠡ ᠣᠯᠭᠤᠭᠰᠠᠨ ᠤᠯᠠᠨ ᠨᠡᠶ᠋ᠢᠲᠡ ᠵᠢᠨ ᠬᠡᠷᠡᠭ ᠶᠠᠪᠤᠳᠠᠯ᠎ᠢ ᠬᠠᠮᠢᠶᠠᠷᠬᠤ ᠡᠭᠦᠷᠭᠡ ᠴᠢᠳᠠᠪᠤᠷᠢ᠎ᠲᠠᠢ ᠵᠣᠬᠢᠶᠠᠨ ᠪᠠᠶ᠋ᠢᠭᠤᠯᠤᠯᠲᠠ᠃
ᠲᠦᠷ ᠴᠠᠭ᠎ᠤᠨ ᠪᠠᠶ᠋ᠢᠭᠤᠯᠤᠮᠵᠢ᠂ ᠬᠡᠷᠡᠭ ᠵᠥᠪᠯᠡᠵᠦ ᠵᠣᠬᠢᠴᠠᠭᠤᠯᠬᠤ ᠪᠠᠶ᠋ᠢᠭᠤᠯᠤᠮᠵᠢ᠂ ᠰᠠᠯᠠᠭ᠎ᠠ ᠮᠥᠴᠢᠷ᠎ᠤᠨ ᠲᠣᠮᠢᠯᠠᠭᠰᠠᠨ ᠪᠠᠶ᠋ᠢᠭᠤᠯᠤᠮᠵᠢ᠂ ᠰᠠᠯᠠᠭ᠎ᠠ ᠮᠥᠴᠢᠷ᠎ᠤᠨ ᠳᠣᠲᠣᠭ᠋ᠠᠳᠤ᠎ᠳᠤ᠎ᠪᠠᠨ ᠪᠠᠶ᠋ᠢᠭᠤᠯᠤᠭᠰᠠᠨ ᠪᠠᠶ᠋ᠢᠭᠤᠯᠤᠮᠵᠢ ᠵᠢᠴᠢ ᠡᠮᠦᠨᠡᠬᠢ ᠵᠤᠷᠪᠤᠰ᠎ᠲᠤ ᠲᠣᠭᠲᠠᠭ᠋ᠠᠭᠰᠠᠨ᠎ᠠᠴᠠ ᠭᠠᠳᠠᠨᠠᠬᠢ ᠪᠤᠰᠤᠳ ᠪᠠᠶ᠋ᠢᠭᠤᠯᠭ᠎ᠠ ᠪᠠ ᠵᠣᠬᠢᠶᠠᠨ ᠪᠠᠶ᠋ᠢᠭᠤᠯᠤᠯᠲᠠ᠎ᠨᠤᠭᠤᠳ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠣᠭᠲᠠᠭ᠋ᠠᠵᠤ ᠪᠣᠯᠬᠤ ᠥᠬᠡᠶ᠃
ᠨᠠᠢ᠍ᠮᠠᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠵᠠᠰᠠᠭ᠎ᠤᠨ ᠣᠷᠳᠣᠨ᠎ᠤ ᠫᠤᠷᠲ᠋ᠧᠯ ᠰᠦᠯᠵᠢᠶ᠎ᠡ᠎ᠪᠠᠷ ᠳᠠᠮᠵᠢᠭᠤᠯᠤᠨ ᠲᠣᠰ ᠱᠠᠲᠤᠨ᠎ᠤ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭ᠋ᠠᠬᠤ ᠭᠤᠤᠯ ᠴᠣᠭᠴᠠ ᠵᠢ ᠨᠡᠶ᠋ᠢᠭᠡᠮ᠎ᠳᠤ ᠢᠯᠡ ᠨᠡᠶ᠋ᠢᠲᠡᠯᠡᠬᠦ ᠵᠢᠨ ᠬᠠᠮᠲᠤ ᠬᠥᠳᠡᠯᠦᠩᠭᠦᠶ ᠬᠠᠮᠢᠶᠠᠷᠤᠯᠲᠠ ᠵᠢ ᠬᠡᠷᠡᠭᠵᠢᠭᠦᠯᠬᠦ ᠬᠡᠷᠡᠭᠲᠡᠶ᠃
ᠶᠢᠰᠦᠳᠦᠭᠡᠷ ᠵᠦᠢ᠍ᠯ ᠵᠠᠰᠠᠭ᠎ᠤᠨ ᠣᠷᠳᠣᠨ᠎ᠤ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠨᠢᠭᠡ ᠪᠤᠶᠤ ᠬᠡᠳᠦᠨ ᠰᠠᠯᠠᠭ᠎ᠠ ᠮᠥᠴᠢᠷ᠎ᠠᠴᠠ ᠬᠠᠷᠢᠭᠤᠴᠠᠨ ᠲᠤᠭᠤᠷᠪᠢᠵᠤ ᠪᠣᠯᠤᠨ᠎ᠠ᠃
ᠰᠠᠯᠠᠭ᠎ᠠ ᠮᠥᠴᠢᠷ᠎ᠤᠨ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠨᠢ ᠬᠤᠶᠠᠷ᠎ᠠᠴᠠ ᠳᠡᠭᠡᠭᠰᠢᠬᠢ ᠰᠠᠯᠠᠭ᠎ᠠ ᠮᠥᠴᠢᠷ᠎ᠤᠨ ᠡᠭᠦᠷᠭᠡ ᠴᠢᠳᠠᠪᠤᠷᠢ᠎ᠳᠤ ᠬᠤᠯᠪᠣᠭᠳᠠᠭᠰᠠᠨ ᠪᠠᠶ᠋ᠢᠪᠠᠯ ᠬᠤᠯᠪᠣᠭ᠋ᠠᠯᠠᠨ ᠲᠤᠭᠤᠷᠪᠢᠬᠤ ᠬᠡᠷᠡᠭᠲᠡᠶ᠃
ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠨᠢ ᠲᠤᠰᠬᠠᠶ ᠮᠡᠷᠭᠡᠵᠢᠯ᠎ᠤᠨ ᠴᠢᠨᠠᠷ ᠵᠶ᠋ᠠᠷ ᠴᠢᠩᠭ᠎ᠠ ᠪᠤᠶᠤ ᠬᠤᠯᠪᠣᠭᠳᠠᠬᠤ ᠬᠡᠪᠴᠢᠶ᠎ᠡ᠎ᠪᠠᠷ ᠥᠷᠭᠡᠨ᠂ ᠨᠡᠯᠢᠶᠡᠳ ᠬᠦᠴᠢᠷᠲᠡᠶ ᠪᠠᠶ᠋ᠢᠪᠠᠯ᠂ ᠲᠤᠭᠤᠷᠪᠢᠬᠤ ᠨᠢᠭᠡᠴᠢ᠎ᠨᠢ ᠲᠤᠰᠬᠠᠶ ᠮᠡᠷᠭᠡᠵᠢᠯᠲᠡᠨ ᠡᠷᠳᠡᠮᠲᠡᠨ᠂ ᠬᠠᠤᠯᠢ ᠴᠠᠭ᠋ᠠᠵᠠ ᠵᠢᠨ ᠵᠥᠪᠯᠡᠭᠴᠢ ᠵᠢ ᠤᠷᠢᠵᠤ ᠲᠤᠭᠤᠷᠪᠢᠬᠤ᠎ᠳᠤ ᠣᠷᠣᠯᠴᠠᠭᠤᠯᠬᠤ ᠪᠤᠶᠤ ᠬᠠᠮᠢᠶ᠎ᠠ ᠪᠥᠬᠦᠶ ᠵᠣᠬᠢᠶᠠᠨ ᠪᠠᠶ᠋ᠢᠭᠤᠯᠤᠯᠲᠠ᠂ ᠲᠤᠰᠬᠠᠶ ᠮᠡᠷᠭᠡᠵᠢᠯᠲᠡᠨ᠎ᠳᠤ ᠨᠠᠶ᠋ᠢᠳᠠᠵᠤ ᠲᠤᠭᠤᠷᠪᠢᠨ ᠪᠢᠴᠢᠭᠦᠯᠵᠦ ᠪᠣᠯᠤᠨ᠎ᠠ᠃
ᠠᠷᠪᠠᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠤᠭᠤᠷᠪᠢᠬᠤ᠎ᠳᠤ ᠲᠡᠭᠦᠨ᠎ᠤ ᠴᠢᠬᠤᠯᠠ ᠴᠢᠨᠠᠷ᠂ ᠬᠠᠤᠯᠢ ᠶᠣᠰᠤᠴᠢ ᠴᠢᠨᠠᠷ᠂ ᠵᠦᠢ ᠵᠤᠬᠢᠰᠲᠤ ᠴᠢᠨᠠᠷ᠎ᠲᠤ ᠨᠤᠲᠠᠯᠠᠯᠲᠠ ᠬᠢᠵᠦ᠂ ᠰᠢᠢ᠍ᠳᠪᠦᠷᠢᠯᠡᠬᠦ ᠴᠢᠬᠤᠯᠠᠲᠠᠢ ᠠᠰᠠᠭᠤᠳᠠᠯ ᠪᠠ ᠲᠣᠭᠲᠠᠭ᠋ᠠᠬᠤ᠎ᠪᠠᠷ ᠪᠠᠶ᠋ᠢᠭ᠎ᠠ ᠭᠤᠣᠯ ᠲᠥᠷᠢᠮ᠂ ᠭᠤᠣᠯ ᠠᠷᠭ᠎ᠠ ᠬᠡᠮᠵᠢᠶ᠎ᠡ ᠵᠢᠴᠢ ᠵᠢᠱ᠌ᠢᠭᠰᠡᠨ ᠦᠷ᠎ᠡ ᠳ᠋ᠦᠩ᠎ᠳᠤ ᠦᠨᠡᠯᠡᠨ ᠵᠢᠱ᠌ᠢᠯᠲᠡ ᠬᠢᠬᠦ ᠬᠡᠷᠡᠭᠲᠡᠶ᠃
ᠠᠷᠪᠠᠨ ᠨᠢᠭᠡᠳᠦᠭᠡᠷ ᠵᠦᠢ᠍ᠯ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠤᠭᠤᠷᠪᠢᠬᠤ᠎ᠳᠤ᠂ ᠴᠢᠬᠤᠯᠠ ᠶᠡᠭᠡ ᠣᠯᠠᠨ ᠨᠡᠶ᠋ᠢᠲᠡ ᠵᠢᠨ ᠠᠰᠢᠭ ᠲᠤᠰᠠ ᠪᠤᠶᠤ ᠨᠡᠶ᠋ᠢᠭᠡᠮ ᠨᠡᠶ᠋ᠢᠲᠡ ᠵᠢᠨ ᠠᠮᠢ ᠪᠡᠶ᠎ᠡ ᠵᠢᠨ ᠠᠰᠢᠭ ᠲᠤᠰᠠ᠎ᠳᠤ ᠬᠤᠯᠪᠣᠭᠳᠠᠵᠤ᠂ ᠨᠡᠶ᠋ᠢᠭᠡᠮ᠎ᠤᠨ ᠲᠣᠭᠲᠠᠭᠤᠨ᠂ ᠣᠯᠠᠨ ᠨᠡᠶ᠋ᠢᠲᠡ ᠵᠢᠨ ᠠᠮᠤᠷ ᠲᠦᠪᠰᠢᠨ᠎ᠤ ᠲᠦᠭᠰᠢᠭᠦᠷᠢ ᠵᠢ ᠡᠭᠦᠰᠭᠡᠵᠦ ᠮᠡᠳᠡᠬᠦ᠎ᠳᠤ ᠭᠦᠷᠪᠡᠯ᠂ ᠲᠦᠭᠰᠢᠭᠦᠷᠢ ᠵᠢᠨ ᠦᠨᠡᠯᠡᠨ ᠵᠢᠱ᠌ᠢᠯᠲᠡ ᠬᠢᠬᠦ ᠬᠡᠷᠡᠭᠲᠡᠶ᠃
ᠠᠷᠪᠠᠨ ᠬᠤᠶᠠᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠤᠭᠤᠷᠪᠢᠬᠤ᠎ᠳᠤ᠂ ᠵᠠᠬ᠎ᠠ ᠳᠡᠯᠭᠡᠭᠦᠷ᠎ᠲᠤ ᠵᠥᠪᠰᠢᠶᠡᠷᠡᠨ ᠣᠷᠣᠭᠤᠯᠬᠤ ᠪᠠ ᠪᠤᠴᠠᠭ᠋ᠠᠨ ᠭᠠᠷᠭ᠋ᠠᠬᠤ᠂ ᠠᠵᠤ ᠦᠢ᠍ᠯᠡᠰ᠎ᠤᠨ ᠬᠥᠭᠵᠢᠯᠲᠡ᠂ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ᠂ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠂ ᠡᠵᠡᠩᠨᠡᠯᠲᠡ ᠵᠢᠨ ᠠᠵᠢᠯᠯᠠᠭ᠋ᠠᠨ᠎ᠤ ᠵᠢᠷᠤᠮᠵᠢᠯ᠂ ᠬᠢᠷᠢ ᠴᠢᠳᠠᠮᠵᠢ ᠵᠢᠨ ᠪᠠᠷᠢᠮᠵᠢᠶ᠎ᠠ ᠵᠡᠷᠭᠡ ᠵᠠᠬ᠎ᠠ ᠳᠡᠯᠭᠡᠭᠦᠷ᠎ᠤᠨ ᠭᠤᠣᠯ ᠴᠣᠭᠴᠠ ᠵᠢᠨ ᠠᠵᠤ ᠠᠬᠤᠶ ᠵᠢᠨ ᠠᠵᠢᠯᠯᠠᠭ᠎ᠠ᠎ᠳᠤ ᠬᠤᠯᠪᠣᠭᠳᠠᠭᠰᠠᠨ ᠪᠠᠶ᠋ᠢᠪᠠᠯ ᠭᠤᠣᠯᠴᠢ ᠦᠷᠢᠰᠦᠯᠳᠦᠬᠡᠨᠤ ᠬᠢᠨᠠᠨ ᠪᠠᠶ᠋ᠢᠴᠠᠭ᠋ᠠᠯᠲᠠ ᠬᠢᠬᠦ ᠬᠡᠷᠡᠭᠲᠡᠶ᠃
ᠠᠷᠪᠠᠨ ᠭᠤᠷᠪᠠᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠤᠭᠤᠷᠪᠢᠬᠤ᠎ᠳᠤ ᠠᠷᠠᠳ ᠢᠷᠭᠡᠨ᠂ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ ᠵᠢᠨ ᠰᠠᠨᠠᠯ᠎ᠢ ᠥᠷᠭᠡᠨ ᠵᠶ᠋ᠠᠷ ᠬᠤᠷᠢᠶᠠᠬᠤ ᠬᠡᠷᠡᠭᠲᠡᠶ᠂ ᠬᠠᠤᠯᠢ ᠶᠣᠰᠣᠭ᠋ᠠᠷ ᠨᠢᠭᠤᠴᠠ ᠵᠢ ᠬᠠᠮᠠᠭ᠋ᠠᠯᠠᠬᠤ ᠴᠢᠬᠤᠯᠠᠲᠠᠢ᠎ᠨᠢ ᠡᠭᠦᠨ᠎ᠳᠤ ᠪᠠᠭᠲᠠᠬᠤ ᠥᠭᠡᠢ᠃
ᠰᠠᠨᠠᠯ ᠬᠤᠷᠢᠶᠠᠬᠤ᠎ᠳᠤ᠎ᠪᠠᠨ ᠨᠡᠶ᠋ᠢᠭᠡᠮ ᠨᠡᠶ᠋ᠢᠲᠡ᠎ᠳᠤ ᠲᠦᠰᠦᠯ᠎ᠢ ᠢᠯᠡ ᠨᠡᠶ᠋ᠢᠲᠡᠯᠡᠬᠦ᠂ ᠪᠢᠴᠢᠭ᠎ᠤᠨ ᠬᠡᠯᠪᠡᠷᠢ᠎ᠪᠠᠷ ᠰᠠᠨᠠᠯ ᠬᠤᠷᠢᠶᠠᠬᠤ᠂ ᠠᠰᠠᠭᠤᠯᠲᠠ ᠵᠢᠨ ᠬᠠᠭᠤᠳᠠᠰᠤ᠎ᠪᠠᠷ ᠪᠠᠶ᠋ᠢᠴᠠᠭ᠋ᠠᠬᠤ᠂ ᠰᠠᠭᠤᠳᠠᠯ᠎ᠤᠨ ᠬᠤᠷᠠᠯ᠂ ᠭᠡᠷᠡᠴᠢᠯᠡᠭᠡ ᠰᠣᠨᠣᠰᠬᠤ ᠬᠤᠷᠠᠯ ᠬᠢᠬᠦ ᠪᠠ ᠲᠤᠬᠠᠶ ᠵᠢᠨ ᠭᠠᠵᠠᠷ᠎ᠲᠤᠨᠢ ᠬᠥᠷᠴᠦ ᠰᠤᠷᠪᠤᠯᠵᠢᠯᠠᠬᠤ ᠵᠡᠷᠭᠡ ᠬᠡᠯᠪᠡᠷᠢ ᠵᠢ ᠠᠪᠴᠤ ᠪᠣᠯᠤᠨ᠎ᠠ᠃
ᠨᠡᠶ᠋ᠢᠭᠡᠮ ᠨᠡᠶ᠋ᠢᠲᠡ᠎ᠳᠤ ᠲᠦᠰᠦᠯ ᠵᠶ᠋ᠠᠨ ᠢᠯᠡ ᠨᠡᠶ᠋ᠢᠲᠡᠯᠡᠬᠦ᠎ᠳᠤ᠎ᠪᠠᠨ ᠵᠠᠰᠠᠭ᠎ᠤᠨ ᠣᠷᠳᠣᠨ᠎ᠤ ᠰᠦᠯᠵᠢᠶᠡᠨ ᠦᠷᠳᠡᠭᠡ᠎ᠪᠠᠷ ᠪᠤᠶᠤ ᠤᠯᠠᠨ ᠨᠡᠶ᠋ᠢᠲᠡ ᠵᠢᠨ ᠦᠢ᠍ᠯᠠᠭ᠋ᠠᠨ ᠮᠡᠳᠡᠬᠦ᠎ᠳᠤ ᠠᠰᠢᠭᠲᠠᠶ ᠪᠤᠰᠤᠳ ᠠᠷᠭ᠎ᠠ ᠮᠠᠶᠢᠭ ᠵᠶ᠋ᠠᠷ ᠢᠯᠡ ᠨᠡᠶ᠋ᠢᠲᠡᠯᠡᠬᠦ ᠬᠡᠷᠡᠭᠲᠡᠶ᠂ ᠰᠠᠨᠠᠯ ᠬᠤᠷᠢᠶᠠᠬᠤ ᠬᠤᠭᠤᠴᠠᠭ᠎ᠠ ᠵᠢ ᠠᠷᠪᠠᠨ ᠲᠠᠪᠤᠨ ᠡᠳᠦᠷ᠎ᠠᠴᠠ ᠳᠤᠲᠠᠭᠤ ᠪᠠᠶ᠋ᠢᠯᠭ᠋ᠠᠵᠤ ᠪᠣᠯᠬᠤ ᠦᠭᠡᠢ᠃ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠠᠰᠲᠠᠭ᠋ᠠᠨ ᠲᠣᠭᠲᠠᠭ᠋ᠠᠯ᠎ᠲᠠᠢ ᠪᠠᠶ᠋ᠢᠪᠠᠯ᠂ ᠲᠡᠷᠡ ᠬᠦ᠌ ᠲᠣᠭᠲᠠᠭ᠋ᠠᠯ᠎ᠢ ᠵᠢᠷᠤᠮᠯᠠᠨ᠎ᠠ᠃
ᠠᠷᠪᠠᠨ ᠳᠥᠷᠪᠡᠳᠦᠭᠡᠷ ᠵᠦᠢ᠍ᠯ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠤᠭᠤᠷᠪᠢᠬᠤ᠎ᠳᠤ᠂ ᠬᠠᠮᠢᠶ᠎ᠠ ᠪᠥᠬᠦᠢ ᠰᠠᠯᠠᠭ᠎ᠠ ᠮᠥᠴᠢᠷ᠎ᠤᠨ ᠡᠭᠦᠷᠭᠡ ᠴᠢᠳᠠᠪᠤᠷᠢ᠎ᠳᠤ ᠬᠤᠯᠪᠣᠭᠳᠠᠭᠰᠠᠨ ᠪᠠᠢ᠍ᠢ᠍ᠪᠠᠯ᠂ ᠬᠠᠮᠢᠶ᠎ᠠ ᠪᠥᠬᠦᠢ ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠬᠤ ᠵᠢᠨ ᠬᠠᠮᠲᠤ ᠵᠥᠪᠳᠡᠯᠴᠡᠨ ᠰᠠᠨᠠᠯ ᠨᠢᠭᠡᠳᠬᠦ ᠬᠡᠷᠡᠭᠲᠡᠶ᠃ ᠵᠥᠪᠳᠡᠯᠴᠡᠭᠡᠳ ᠰᠠᠨᠠᠯ ᠨᠢᠭᠡᠳᠴᠦ ᠴᠢᠳ᠋ᠬᠠᠰᠠᠨ ᠦᠭᠡᠢ ᠪᠠᠢ᠍ᠢ᠍ᠪᠠᠯ ᠰᠢᠢ᠍ᠳᠪᠦᠷᠢᠯᠡᠬᠦ ᠡᠷᠬᠡ᠎ᠲᠠᠢ ᠠᠷᠠᠳ᠎ᠤᠨ ᠵᠠᠰᠠᠭ᠎ᠤᠨ ᠣᠷᠳᠣᠨ᠎ᠳᠤ ᠳᠡᠪᠰᠢᠭᠦᠯᠦᠨ ᠮᠡᠳᠡᠭᠦᠯᠵᠦ ᠲᠣᠭᠲᠠᠭ᠋ᠠᠯᠭ᠋ᠠᠨ᠎ᠠ᠃
ᠠᠷᠪᠠᠨ ᠲᠠᠪᠤᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠤᠭᠤᠷᠪᠢᠬᠤ᠎ᠳᠤ᠂ ᠣᠨᠴᠠ ᠲᠣᠭᠲᠠᠭᠰᠠᠨ ᠬᠦᠮᠦᠰ᠎ᠤᠨ ᠠᠰᠢᠭ ᠲᠤᠰᠠ᠎ᠳᠤ ᠬᠤᠯᠪᠣᠭᠳᠠᠭᠰᠠᠨ ᠪᠠᠶ᠋ᠢᠪᠠᠯ᠂ ᠲᠤᠭᠤᠷᠪᠢᠬᠤ ᠨᠢᠭᠡᠴᠢ᠎ᠨᠢ ᠬᠠᠮᠢᠶ᠎ᠠ ᠪᠥᠬᠦᠶ ᠠᠵᠢᠯ ᠲᠥᠷᠥᠯ᠎ᠤᠨ ᠨᠡᠶ᠋ᠢᠭᠡᠮᠯᠢᠭ ᠬᠤᠳᠠᠯᠳᠤᠭ᠋ᠠᠴᠢᠳ᠎ᠤᠨ ᠡᠪᠯᠡᠯ ᠵᠡᠷᠭᠡ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠰᠠᠨᠠᠯ ᠪᠠ ᠰᠠᠨᠠᠭᠤᠯᠭ᠎ᠠ ᠵᠢ ᠭᠦᠢ᠍ᠴᠡᠳ ᠬᠦᠯᠢᠶᠡᠨ ᠠᠪᠴᠤ ᠰᠣᠨᠣᠰᠬᠤ ᠬᠡᠷᠡᠭᠲᠡᠶ᠃
ᠠᠷᠪᠠᠨ ᠵᠢᠷᠭᠤᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠤᠭᠤᠷᠪᠢᠬᠤ᠎ᠳᠤ ᠲᠤᠰᠬᠠᠶ ᠮᠡᠷᠭᠡᠵᠢᠯ᠎ᠤᠨ ᠴᠢᠨᠠᠷ ᠵᠶ᠋ᠠᠷ ᠴᠢᠩᠭ᠎ᠠ ᠪᠤᠶᠤ ᠬᠤᠯᠪᠣᠭᠳᠠᠬᠤ ᠬᠡᠪᠴᠢᠶ᠎ᠡ᠎ᠪᠠᠷ ᠥᠷᠭᠡᠨ᠂ ᠨᠡᠯᠢᠶᠡᠳ ᠬᠦᠴᠢᠷᠲᠡᠶ ᠪᠠᠶ᠋ᠢᠪᠠᠯ᠂ ᠬᠠᠮᠢᠶ᠎ᠠ ᠪᠥᠬᠦᠶ ᠬᠦᠷᠢᠶᠡᠨ᠎ᠤ ᠲᠤᠰᠬᠠᠶ ᠮᠡᠷᠭᠡᠵᠢᠯᠲᠡᠳ᠎ᠢ ᠵᠣᠬᠢᠶᠠᠨ ᠪᠠᠢ᠍ᠢ᠍ᠭᠤᠯᠵᠤ ᠨᠤᠲᠠᠯᠠᠯᠲᠠ ᠬᠢᠯᠭᠡᠬᠦ ᠬᠡᠷᠡᠭᠲᠡᠶ᠃ ᠨᠤᠲᠠᠯᠠᠯᠲᠠ ᠵᠢᠨ ᠦᠷ᠎ᠡ ᠳ᠋ᠦᠩ᠎ᠢ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠤᠭᠤᠷᠪᠢᠭᠰᠠᠨ ᠲᠣᠳᠣᠷᠬᠠᠶ᠋ᠢᠯᠠᠯᠲᠠ᠎ᠳᠤ᠎ᠪᠠᠨ ᠲᠤᠳᠤᠷᠬᠠᠢ᠍ᠢ᠍ᠯᠠᠨ ᠲᠡᠮᠳᠡᠭᠯᠡᠬᠦ ᠬᠡᠷᠡᠭᠲᠡᠶ᠃
ᠠᠷᠪᠠᠨ ᠳᠣᠯᠣᠳᠤᠭ᠋ᠠᠷ ᠵᠦᠢ᠍ᠯ ᠳᠣᠤᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠤᠭᠤᠷᠪᠢᠬᠤ᠎ᠳᠤ᠎ᠪᠠᠨ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠬᠤ ᠬᠡᠷᠡᠭᠲᠡᠶ᠄
(ᠨᠢᠭᠡ) ᠠᠷᠠᠳ ᠢᠷᠭᠡᠨ᠂ ᠬᠠᠤᠯᠢ ᠵᠢᠨ ᠡᠷᠬᠡᠲᠡᠨ ᠪᠠ ᠪᠤᠰᠤᠳ ᠵᠣᠬᠢᠶᠠᠨ ᠪᠠᠶ᠋ᠢᠭᠤᠯᠤᠯᠲᠠ ᠵᠢᠨ ᠠᠮᠢ ᠪᠡᠶ᠎ᠡ ᠵᠢᠨ ᠠᠰᠢᠭ ᠲᠤᠰᠠ᠎ᠳᠤ ᠨᠡᠯᠢᠶᠡᠳ ᠶᠡᠭᠡ ᠨᠥᠯᠥᠭᠡ᠎ᠲᠠᠢ ᠪᠤᠶᠤ ᠰᠠᠨᠠᠯ᠎ᠨᠢ ᠬᠡᠴᠡᠭᠦᠦ ᠶᠡᠭᠡ ᠵᠥᠷᠢᠯᠳᠦᠭᠡᠨ᠎ᠲᠠᠢ ᠪᠠᠶ᠋ᠢᠬᠤ;
(ᠬᠤᠶᠠᠷ) ᠲᠤᠭᠤᠷᠪᠢᠬᠤ ᠨᠢᠭᠡᠴᠢ᠎ᠨᠢ ᠦᠨᠡᠨ ᠬᠦ᠌ ᠴᠢᠬᠤᠯᠠᠲᠠᠢ ᠭᠡᠵᠦ ᠦᠵᠡᠭᠰᠡᠨ;
(ᠭᠤᠷᠪᠠ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠣᠭᠲᠠᠭ᠋ᠠᠯ ᠳᠦᠷᠢᠮ᠎ᠳᠤ ᠲᠣᠭᠲᠠᠭ᠋ᠠᠭᠰᠠᠨ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠬᠤ ᠴᠢᠬᠤᠯᠠᠲᠠᠢ ᠪᠤᠰᠤᠳ ᠪᠠᠶ᠋ᠢᠳᠠᠯ᠃
ᠠᠷᠪᠠᠨ ᠨᠠᠢ᠍ᠮᠠᠳᠤᠭ᠋ᠠᠷ ᠵᠦᠢ᠍ᠯ ᠲᠤᠭᠤᠷᠪᠢᠬᠤ ᠨᠢᠭᠡᠴᠢ ᠭᠡᠷᠡᠴᠢᠯᠡᠭᠡ ᠰᠣᠨᠣᠰᠬᠤ ᠬᠤᠷᠠᠯ᠎ᠢ ᠬᠤᠷᠠᠯᠳᠤᠭᠤᠯᠬᠤ᠎ᠳᠤ᠎ᠪᠠᠨ ᠳᠣᠣᠷᠠᠬᠢ ᠳᠡᠰ ᠳᠠᠷᠠᠭ᠋ᠠᠯᠠᠯ᠎ᠤᠨ ᠶᠣᠰᠣᠭ᠋ᠠᠷ ᠵᠣᠬᠢᠶᠠᠨ ᠪᠠᠶ᠋ᠢᠭᠤᠯᠬᠤ ᠬᠡᠷᠡᠭᠲᠡᠶ᠄
(ᠨᠢᠭᠡ) ᠭᠡᠷᠡᠴᠢᠯᠡᠭᠡ ᠰᠣᠨᠣᠰᠬᠤ ᠬᠤᠷᠠᠯ᠎ᠢ ᠬᠤᠷᠠᠯᠳᠤᠭᠤᠯᠬᠤ᠎ᠠᠴᠠ ᠡᠮᠦᠨ᠎ᠡ ᠲᠤᠯᠤᠭ᠋ᠠᠨ ᠠᠵᠢᠯᠯᠠᠬᠤ ᠡᠳᠦᠷ᠎ᠲᠤ᠂ ᠭᠡᠷᠡᠴᠢᠯᠡᠭᠡ ᠰᠣᠨᠣᠰᠬᠤ ᠴᠠᠭ᠂ ᠭᠠᠵᠠᠷ᠂ ᠠᠭᠤᠯᠭ᠎ᠠ ᠵᠢ ᠢᠯᠡ ᠨᠡᠶ᠋ᠢᠲᠡᠯᠡᠨ᠎ᠡ;
(ᠬᠤᠶᠠᠷ) ᠢᠯᠡ ᠪᠠᠶ᠋ᠢᠯᠭ᠋ᠠᠬᠤ᠂ ᠲᠥᠪ ᠭᠤᠣᠯᠴᠢ᠂ ᠲᠥᠪ ᠴᠢᠭᠡᠴᠢ ᠪᠠᠶ᠋ᠢᠬᠤ ᠵᠠᠷᠴᠢᠮ ᠶᠣᠰᠣᠭ᠋ᠠᠷ ᠭᠡᠷᠡᠴᠢᠯᠡᠭᠡ ᠰᠣᠨᠣᠰᠬᠤ᠎ᠳᠤ ᠣᠷᠣᠯᠴᠠᠭᠰᠠᠳ᠎ᠢ ᠲᠣᠭᠲᠠᠭ᠋ᠠᠨ᠎ᠠ᠂ ᠭᠡᠷᠡᠴᠢᠯᠡᠭᠡ ᠰᠣᠨᠣᠰᠬᠤ᠎ᠳᠤ ᠣᠷᠣᠯᠴᠠᠭᠰᠠᠳ᠎ᠲᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠬᠠᠷᠢᠴᠠᠩᠭᠤᠶ ᠬᠥᠮᠦᠨ᠂ ᠠᠰᠢᠭ ᠬᠤᠣᠷ᠎ᠤᠨ ᠬᠠᠷᠢᠴᠠᠭ᠎ᠠ᠎ᠲᠠᠢ ᠬᠥᠮᠦᠨ᠂ ᠬᠠᠮᠢᠶ᠎ᠠ ᠪᠥᠬᠦᠢ ᠬᠦᠷᠢᠶᠡᠨ᠎ᠤ ᠲᠤᠰᠬᠠᠶ ᠮᠡᠷᠭᠡᠵᠢᠯᠲᠡᠨ ᠡᠷᠳᠡᠮᠲᠡᠨ ᠵᠢᠴᠢ ᠲᠤᠭᠤᠷᠪᠢᠬᠤ ᠨᠢᠭᠡᠴᠢ᠎ᠠᠴᠠ ᠣᠷᠣᠯᠴᠠᠬᠤ ᠴᠢᠬᠤᠯᠠᠲᠠᠢ ᠭᠡᠵᠦ ᠦᠵᠡᠭᠰᠡᠨ ᠪᠤᠰᠤᠳ ᠵᠣᠬᠢᠶᠠᠨ ᠪᠠᠶ᠋ᠢᠭᠤᠯᠤᠯᠲᠠ ᠵᠢᠨ ᠲᠥᠯᠥᠭᠡᠯᠡᠭᠴᠢ ᠪᠠ ᠠᠷᠠᠳ ᠢᠷᠭᠡᠨ᠎ᠢ ᠪᠠᠭᠲᠠᠭ᠋ᠠᠬᠤ ᠬᠡᠷᠡᠭᠲᠡᠶ;
(ᠭᠤᠷᠪᠠ) ᠭᠡᠷᠡᠴᠢᠯᠡᠭᠡ ᠰᠣᠨᠣᠰᠬᠤ ᠬᠤᠷᠠᠯ ᠬᠢᠬᠦ ᠦᠶ᠎ᠡ᠎ᠳᠤ᠂ ᠲᠤᠭᠤᠷᠪᠢᠬᠤ ᠨᠢᠭᠡᠴᠢ᠎ᠨᠢ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠲᠦᠰᠦᠯ᠎ᠤᠨ ᠲᠤᠬᠠᠶ ᠲᠣᠳᠣᠷᠬᠠᠶ᠋ᠢᠯᠠᠯᠲᠠ ᠬᠢᠵᠦ᠂ ᠭᠡᠷᠡᠴᠢᠯᠡᠭᠡ ᠰᠣᠨᠣᠰᠬᠤ᠎ᠳᠤ ᠣᠷᠣᠯᠴᠠᠭᠰᠠᠳ ᠰᠠᠨᠠᠯ ᠪᠠ ᠰᠠᠨᠠᠭᠤᠯᠭ᠎ᠠ ᠳᠤᠷᠠᠳᠴᠤ ᠪᠣᠯᠤᠨ᠎ᠠ;
(ᠲᠦᠷᠪᠡ) ᠭᠡᠷᠡᠴᠢᠯᠡᠭᠡ ᠰᠣᠨᠣᠰᠬᠤ ᠬᠤᠷᠠᠯ᠎ᠳᠤ ᠲᠡᠮᠳᠡᠭᠯᠡᠯ ᠬᠢᠬᠦ ᠬᠡᠷᠡᠭᠲᠡᠶ᠂ ᠭᠡᠷᠡᠴᠢᠯᠡᠭᠡ ᠰᠤᠨᠤᠰᠬᠤ ᠬᠤᠷᠠᠯ᠎ᠤᠨ ᠲᠡᠮᠳᠡᠭᠯᠡᠯ᠎ᠢ ᠭᠡᠷᠡᠴᠢᠯᠡᠭᠡ ᠰᠣᠨᠣᠰᠬᠤ᠎ᠳᠤ ᠣᠷᠣᠯᠴᠠᠭᠰᠠᠳ᠎ᠲᠤ ᠲᠤᠰᠢᠶᠠᠵᠤ ᠲᠠᠰᠢᠶ᠎ᠡ ᠪᠤᠷᠤᠭᠤ ᠵᠦᠢ᠍ᠯ ᠦᠭᠡᠢ ᠵᠢ ᠨᠤᠲᠠᠯᠠᠭᠤᠯᠤᠭᠰᠠᠨ᠎ᠤ ᠲᠠᠷᠠᠭ᠎ᠠ ᠭᠠᠷᠤᠨ ᠦᠰᠦᠭ ᠵᠢᠷᠤᠭᠤᠯᠬᠤ ᠪᠤᠶᠤ ᠲᠠᠮᠠᠭ᠎ᠠ ᠳᠠᠷᠤᠭᠤᠯᠬᠤ ᠬᠡᠷᠡᠭᠲᠡᠶ᠃
ᠲᠤᠭᠤᠷᠪᠢᠬᠤ ᠨᠢᠭᠡᠴᠢ᠎ᠨᠢ ᠭᠡᠷᠡᠴᠢᠯᠡᠭᠡ ᠰᠣᠨᠣᠰᠬᠤ᠎ᠳᠤ ᠣᠷᠣᠯᠴᠠᠭᠰᠠᠳ᠎ᠤᠨ ᠳᠤᠷᠠᠳᠤᠭᠰᠠᠨ ᠵᠦᠢ ᠵᠣᠬᠢᠰᠲᠠᠶ ᠰᠠᠨᠠᠯ ᠪᠠ ᠰᠠᠨᠠᠭᠤᠯᠭ᠎ᠠ ᠵᠢ ᠬᠥᠯᠢᠶᠡᠨ ᠠᠪᠬᠤ ᠵᠢᠨ ᠬᠠᠮᠲᠤ ᠭᠡᠷᠡᠴᠢᠯᠡᠭᠡ ᠰᠣᠨᠣᠰᠬᠤ᠎ᠳᠤ ᠣᠷᠣᠯᠴᠠᠭᠰᠠᠳ᠎ᠲᠤ ᠰᠠᠨᠠᠯ᠎ᠢ ᠬᠥᠯᠢᠶᠡᠨ ᠠᠪᠤᠭᠰᠠᠨ ᠪᠠᠶ᠋ᠢᠳᠠᠯ ᠵᠶ᠋ᠠᠨ ᠬᠠᠷᠢᠭᠤ ᠲᠤᠰᠬᠠᠬᠤ ᠬᠡᠷᠡᠭᠲᠡᠶ᠃
ᠠᠷᠪᠠ ᠶᠢᠰᠦᠳᠦᠭᠡᠷ ᠵᠦᠢ᠍ᠯ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠳᠤ ᠳᠣᠤᠷᠠᠬᠢ ᠵᠦᠢ᠍ᠯᠡᠰ᠎ᠢ ᠲᠣᠭᠲᠠᠭ᠋ᠠᠵᠤ ᠪᠣᠯᠬᠤ ᠥᠬᠡᠶ᠄
(ᠨᠢᠭᠡ) ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠦᠨᠳᠦᠰᠦᠯᠡᠯ ᠦᠭᠡᠢ᠎ᠪᠠᠷ ᠲᠤᠰ ᠨᠢᠭᠡᠴᠢ ᠵᠢᠨ ᠵᠶ᠋ᠠᠨ ᠵᠠᠰᠠᠭ ᠵᠠᠬᠢᠷᠭ᠋ᠠᠨ᠎ᠤ ᠡᠷᠬᠡ ᠵᠢᠨ ᠵᠦᠢ᠍ᠯᠡᠰ᠎ᠢ ᠨᠡᠮᠡᠭᠳᠡᠭᠦᠯᠬᠦ ᠪᠤᠶᠤ ᠬᠠᠤᠯᠢ᠎ᠪᠠᠷ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ᠎ᠪᠠᠨ ᠪᠠᠭ᠋ᠠᠰᠬᠠᠬᠤ;
(ᠬᠤᠶᠠᠷ) ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠦᠨᠳᠦᠰᠦᠯᠡᠯ ᠦᠭᠡᠢ᠎ᠪᠠᠷ ᠠᠷᠠᠳ ᠢᠷᠭᠡᠨ᠂ ᠬᠠᠤᠯᠢ ᠵᠢᠨ ᠡᠷᠬᠡᠲᠡᠨ ᠪᠠ ᠪᠤᠰᠤᠳ ᠵᠣᠬᠢᠶᠠᠨ ᠪᠠᠶ᠋ᠢᠭᠤᠯᠤᠯᠲᠠ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠰᠤᠵᠤ ᠬᠤᠬᠢᠷᠠᠭᠤᠯᠬᠤ ᠪᠤᠶᠤ ᠲᠡᠳᠡᠨᠡᠷ᠎ᠤᠨ ᠡᠭᠦᠷᠭᠡ ᠵᠢ ᠨᠡᠮᠡᠭᠳᠡᠭᠦᠯᠬᠦ;
(ᠭᠤᠷᠪᠠ) ᠵᠠᠰᠠᠭ ᠵᠠᠬᠢᠷᠭ᠋ᠠᠨ᠎ᠤ ᠵᠥᠪᠰᠢᠶᠡᠷᠡᠯ᠂ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ᠂ ᠵᠠᠰᠠᠭ ᠵᠠᠬᠢᠷᠭ᠋ᠠᠨ᠎ᠤ ᠠᠯᠪᠠᠳᠠᠯᠭ᠎ᠠ ᠵᠡᠷᠭᠡ ᠵᠦᠢ᠍ᠯᠡᠰ᠎ᠢ ᠲᠣᠭᠲᠠᠭ᠋ᠠᠵᠤ᠂ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠢ ᠭᠦᠢ᠍ᠴᠡᠳᠬᠡᠬᠦ ᠨᠥᠬᠦᠴᠡᠯ᠎ᠢ ᠨᠡᠮᠡᠭᠳᠡᠭᠦᠯᠬᠦ;
(ᠲᠦᠷᠪᠡ) ᠭᠡᠷᠡᠴᠢᠯᠡᠭᠡ ᠵᠢᠨ ᠵᠦᠢ᠍ᠯᠡᠰ᠎ᠢ ᠲᠣᠭᠲᠠᠭ᠋ᠠᠬᠤ;
(ᠲᠠᠪᠤ) ᠭᠤᠣᠯᠴᠢ᠎ᠪᠠᠷ ᠥᠷᠢᠰᠥᠯᠳᠦᠬᠦ ᠵᠢ ᠭᠠᠳᠠᠭᠤᠷᠴᠢᠯᠠᠬᠤ ᠪᠤᠶᠤ ᠬᠢᠵᠠᠭ᠋ᠠᠷᠯᠠᠬᠤ᠂ ᠵᠠᠬ᠎ᠠ ᠳᠡᠯᠭᠡᠭᠦᠷ᠎ᠤᠨ ᠭᠤᠣᠯ ᠴᠣᠭᠴᠠ ᠵᠢᠨ ᠬᠡᠪ᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠠᠵᠢᠯᠯᠠᠭ᠎ᠠ᠎ᠳᠤ ᠭᠠᠷ ᠲᠦᠷᠦᠭᠦ ᠪᠤᠶᠤ ᠲᠡᠭᠦᠨ᠎ᠢ ᠨᠥᠯᠥᠭᠡᠯᠡᠬᠦ ᠵᠢ ᠪᠠᠭᠲᠠᠭ᠋ᠠᠭᠰᠠᠨ ᠠᠷᠭ᠎ᠠ ᠬᠡᠮᠵᠢᠶ᠎ᠡ ᠵᠢ ᠬᠠᠤᠯᠢ᠎ᠠᠴᠠ ᠵᠥᠷᠢᠴᠡᠨ ᠲᠣᠭᠲᠠᠭ᠋ᠠᠬᠤ;
(ᠵᠢᠷᠭᠤᠭ᠎ᠠ) ᠵᠠᠬ᠎ᠠ ᠳᠡᠯᠭᠡᠭᠦᠷ᠎ᠠᠴᠠ ᠲᠣᠬᠢᠷᠠᠭᠤᠯᠬᠤ᠂ ᠠᠵᠤ ᠠᠬᠤᠶ᠋ᠢᠯᠠᠯ ᠪᠠ ᠨᠡᠶ᠋ᠢᠭᠡᠮ ᠥᠪᠡᠷ᠎ᠢ᠎ᠪᠠᠨ ᠱᠠᠭ᠋ᠠᠷᠳᠠᠬᠤ᠂ ᠠᠷᠠᠳ ᠢᠷᠭᠡᠨ ᠥᠪᠡᠷ᠎ᠢ᠎ᠪᠠᠨ ᠬᠠᠮᠢᠶᠠᠷᠬᠤ ᠶᠣᠰᠣᠲᠠᠶ ᠵᠦᠢ᠍ᠯᠡᠰ᠎ᠢ ᠡᠷᠬᠡ ᠲᠤᠰᠢᠶᠠᠯ᠎ᠠᠴᠠ᠎ᠪᠠᠨ ᠲᠠᠪᠠᠭᠤᠯᠵᠦ ᠲᠣᠭᠲᠠᠭ᠋ᠠᠬᠤ;
(ᠳᠣᠯᠤᠭ᠎ᠠ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠣᠭᠲᠠᠭ᠋ᠠᠯ ᠳᠦᠷᠢᠮ ᠵᠢᠴᠢ ᠳᠡᠭᠡᠳᠦ ᠱᠠᠲᠤᠨ᠎ᠤ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠳᠤ ᠲᠣᠭᠲᠠᠭ᠋ᠠᠬᠤ ᠶᠣᠰᠣᠲᠠᠢ ᠪᠤᠰᠤᠳ ᠵᠦᠢ᠍ᠯᠡᠰ᠃
ᠭᠤᠷᠪᠠᠳᠤᠭ᠋ᠠᠷ ᠪᠦᠯᠦᠭ ᠬᠠᠤᠯᠢ ᠶᠣᠰᠣᠴᠢ ᠴᠢᠨᠠᠷ᠎ᠤᠨ ᠬᠢᠨᠠᠨ ᠬᠠᠷᠭᠤᠭᠤᠯᠤᠯᠲᠠ
ᠬᠤᠷᠢᠳᠤᠭ᠋ᠠᠷ ᠵᠦᠢ᠍ᠯ ᠵᠠᠰᠠᠭ᠎ᠤᠨ ᠣᠷᠳᠣᠨ᠎ᠤ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠪᠣᠯ ᠲᠤᠭᠤᠷᠪᠢᠭᠰᠠᠨ ᠨᠢᠭᠡᠴᠢ ᠵᠢᠨ ᠬᠠᠤᠯᠢ ᠲᠥᠷᠢᠮ᠎ᠤᠨ ᠪᠠᠶ᠋ᠢᠭᠤᠯᠤᠮᠵᠢ᠎ᠠᠴᠠ ᠬᠠᠤᠯᠢ ᠶᠣᠰᠣᠴᠢ ᠴᠢᠨᠠᠷ᠎ᠢ᠎ᠨᠢ ᠬᠢᠨᠠᠨ ᠬᠠᠷᠭᠤᠭᠤᠯᠤᠭᠰᠠᠨ᠎ᠤ ᠳᠠᠷᠠᠭ᠎ᠠ᠂ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠬᠢᠨᠠᠨ ᠬᠠᠷᠭᠤᠭᠤᠯᠬᠤ ᠰᠠᠯᠠᠭ᠎ᠠ ᠮᠥᠴᠢᠷ ᠪᠤᠶᠤ ᠪᠠᠶ᠋ᠢᠭᠤᠯᠤᠮᠵᠢ᠎ᠳᠤ ᠮᠡᠳᠡᠭᠦᠯᠵᠦ ᠬᠠᠤᠯᠢ ᠶᠣᠰᠣᠴᠢ ᠴᠢᠨᠠᠷ᠎ᠤᠨ ᠬᠢᠨᠠᠨ ᠬᠠᠷᠭᠤᠭᠤᠯᠤᠯᠲᠠ ᠬᠢᠯᠭᠡᠬᠦ ᠬᠡᠷᠡᠭᠲᠡᠶ᠃
ᠰᠤᠮᠤ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠨᠢ ᠬᠢᠨᠠᠨ ᠬᠠᠷᠭᠤᠭᠤᠯᠬᠤ ᠪᠠᠶ᠋ᠢᠭᠤᠯᠤᠮᠵᠢ ᠪᠤᠶᠤ ᠬᠢᠨᠠᠨ ᠬᠠᠷᠭᠤᠭᠤᠯᠬᠤ ᠠᠵᠢᠯᠲᠠᠨ᠎ᠢ ᠲᠣᠳᠣᠷᠬᠠᠶ᠋ᠢᠯᠠᠭᠰᠠᠨ ᠥᠬᠡᠶ ᠪᠣᠯ᠂ ᠬᠤᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠬᠢᠨᠠᠨ ᠬᠠᠷᠭᠤᠭᠤᠯᠬᠤ ᠰᠠᠯᠠᠭ᠎ᠠ ᠮᠥᠴᠢᠷ ᠪᠤᠶᠤ ᠪᠠᠶ᠋ᠢᠭᠤᠯᠤᠮᠵᠢ᠎ᠪᠠᠷ ᠬᠠᠤᠯᠢ ᠶᠣᠰᠣᠴᠢ ᠴᠢᠨᠠᠷ᠎ᠤᠨ ᠬᠢᠨᠠᠨ ᠬᠠᠷᠭᠤᠭᠤᠯᠤᠯᠲᠠ ᠬᠢᠯᠭᠡᠨ᠎ᠡ᠃
ᠰᠠᠯᠠᠭ᠎ᠠ ᠮᠥᠴᠢᠷ᠎ᠤᠨ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠪᠣᠯ ᠲᠤᠰ ᠨᠢᠭᠡᠴᠢ ᠵᠢᠨ ᠵᠶ᠋ᠠᠨ ᠬᠠᠤᠯᠢ ᠲᠥᠷᠢᠮ᠎ᠤᠨ ᠪᠠᠶ᠋ᠢᠭᠤᠯᠤᠮᠵᠢ᠎ᠪᠠᠷ ᠬᠠᠤᠯᠢ ᠶᠣᠰᠣᠴᠢ ᠴᠢᠨᠠᠷ᠎ᠤᠨ ᠬᠢᠨᠠᠨ ᠬᠠᠷᠭᠤᠭᠤᠯᠤᠯᠲᠠ ᠬᠢᠯᠭᠡᠬᠦ ᠬᠡᠷᠡᠭᠲᠡᠶ᠃
ᠬᠤᠷᠢᠨ ᠨᠢᠭᠡᠳᠦᠭᠡᠷ ᠵᠦᠢ᠍ᠯ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠳᠤ ᠬᠠᠤᠯᠢ ᠶᠣᠰᠣᠴᠢ ᠴᠢᠨᠠᠷ᠎ᠤᠨ ᠬᠢᠨᠠᠨ ᠬᠠᠷᠭᠤᠭᠤᠯᠤᠯᠲᠠ ᠬᠢᠯᠬᠡᠭᠦᠳᠤᠪᠠᠨ᠂ ᠳᠣᠤᠷᠠᠬᠢ ᠮᠠᠲ᠋ᠧᠷᠢᠶᠠᠯ᠎ᠤᠳ᠎ᠢ ᠬᠠᠩᠭ᠋ᠠᠬᠤ ᠬᠡᠷᠡᠭᠲᠡᠶ᠄
(ᠨᠢᠭᠡ) ᠲᠦᠰᠦᠯ᠎ᠤᠨ ᠬᠢᠨᠠᠭᠤᠯᠬᠤ ᠨᠤᠤᠷᠠᠭ᠂ ᠲᠤᠭᠤᠷᠪᠢᠭᠰᠠᠨ ᠲᠣᠳᠣᠷᠬᠠᠶ᠋ᠢᠯᠠᠯᠲᠠ ᠪᠠ ᠲᠣᠭᠲᠠᠭ᠋ᠠᠭᠰᠠᠨ ᠦᠨᠳᠦᠰᠦᠯᠡᠯ;
(ᠬᠤᠶᠠᠷ) ᠰᠠᠨᠠᠯ ᠬᠤᠷᠢᠶᠠᠭᠰᠠᠨ ᠵᠢᠴᠢ ᠰᠠᠨᠠᠯ᠎ᠢ ᠬᠦᠯᠢᠶᠡᠨ ᠠᠪᠤᠭᠰᠠᠨ ᠪᠠᠶ᠋ᠢᠳᠠᠯ;
(ᠭᠤᠷᠪᠠ) ᠲᠦᠭᠰᠢᠭᠦᠷᠢ ᠵᠢ ᠦᠨᠡᠯᠡᠨ ᠵᠢᠱ᠌ᠢᠭᠰᠡᠨ᠂ ᠭᠤᠣᠯᠴᠢ᠎ᠪᠠᠷ ᠥᠷᠢᠰᠥᠯᠳᠦᠬᠦ ᠵᠢ ᠬᠢᠨᠠᠨ ᠪᠠᠢ᠍ᠢ᠍ᠴᠠᠭ᠋ᠠᠭᠰᠠᠨ᠂ ᠲᠤᠰᠬᠠᠶ ᠮᠡᠷᠭᠡᠵᠢᠯᠲᠡᠨ ᠵᠶ᠋ᠠᠷ ᠨᠣᠲᠠᠯᠠᠭᠤᠯᠤᠭᠰᠠᠨ᠂ ᠭᠡᠷᠡᠴᠢᠯᠡᠭᠡ ᠰᠣᠨᠣᠰᠤᠭᠰᠠᠨ ᠪᠠᠢ᠍ᠢ᠍ᠬᠤ ᠪᠦᠭᠡᠳ ᠬᠠᠮᠢᠶ᠎ᠠ ᠪᠦᠬᠦᠢ ᠮᠠᠲ᠋ᠧᠷᠢᠶᠠᠯ ᠵᠶ᠋ᠠᠨ ᠬᠠᠩᠭ᠋ᠠᠬᠤ ᠬᠡᠷᠡᠭᠲᠡᠶ᠃
ᠬᠤᠷᠢᠨ ᠬᠤᠶᠠᠳᠤᠭ᠋ᠠᠷ ᠵᠦᠢ᠍ᠯ ᠬᠠᠤᠯᠢ ᠶᠣᠰᠣᠴᠢ ᠴᠢᠨᠠᠷ᠎ᠤᠨ ᠬᠢᠨᠠᠨ ᠬᠠᠷᠭᠤᠭᠤᠯᠤᠯᠲᠠ ᠵᠢᠨ ᠠᠭᠤᠯᠭ᠎ᠠ᠎ᠳᠤ ᠳᠣᠣᠷᠠᠬᠢ ᠵᠦᠢ᠍ᠯᠡᠰ ᠪᠠᠭᠲᠠᠨ᠎ᠠ᠄
(ᠨᠢᠭᠡ) ᠲᠣᠭᠲᠠᠭ᠋ᠠᠭᠰᠠᠨ ᠪᠠᠶ᠋ᠢᠭᠤᠯᠭ᠎ᠠ ᠵᠢᠨ ᠬᠠᠤᠯᠢ᠎ᠪᠠᠷ ᠲᠣᠭᠲᠠᠭ᠋ᠠᠭᠰᠠᠨ ᠡᠷᠬᠡ ᠲᠤᠰᠢᠶᠠᠯ᠎ᠠᠴᠠ᠎ᠨᠢ ᠳᠠᠪᠠᠭᠰᠠᠨ ᠡᠰᠡᠬᠦ;
(ᠬᠤᠶᠠᠷ) ᠲᠣᠭᠲᠠᠭ᠋ᠠᠭᠰᠠᠨ ᠠᠭᠤᠯᠭ᠎ᠠ᠎ᠨᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠣᠭᠲᠠᠭ᠋ᠠᠯ ᠳᠦᠷᠢᠮ ᠵᠢᠴᠢ ᠳᠡᠭᠡᠳᠦ ᠱᠠᠲᠤᠨ᠎ᠤ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠤᠯᠪᠣᠭᠳᠠᠯ ᠪᠥᠬᠦᠢ ᠲᠣᠭᠲᠠᠭ᠋ᠠᠯ᠎ᠳᠤ ᠨᠡᠶ᠋ᠢᠴᠡᠬᠦ ᠡᠰᠡᠬᠦ;
(ᠭᠤᠷᠪᠠ) ᠲᠣᠭᠲᠠᠭ᠋ᠠᠭᠰᠠᠨ ᠶᠠᠪᠤᠴᠠ᠎ᠨᠢ ᠬᠠᠤᠯᠢ᠎ᠪᠠᠷ ᠲᠣᠭᠲᠠᠭ᠋ᠠᠭᠰᠠᠨ ᠲᠡᠰ ᠲᠠᠷᠠᠭ᠋ᠠᠯᠠᠯ᠎ᠳᠤ ᠨᠡᠶ᠋ᠢᠴᠡᠬᠦ ᠡᠰᠡᠬᠦ;
(ᠲᠦᠷᠪᠡ) ᠪᠢᠴᠢᠭ ᠮᠠᠲ᠋ᠧᠷᠢᠶᠠᠯ᠎ᠤᠨ ᠬᠡᠯᠪᠡᠷᠢ᠎ᠨᠢ ᠬᠤᠯᠪᠣᠭᠳᠠᠯ ᠪᠦᠬᠦᠢ ᠲᠣᠭᠲᠠᠭ᠋ᠠᠯ᠎ᠳᠤ ᠨᠡᠶ᠋ᠢᠴᠡᠬᠦ ᠡᠰᠡᠬᠦ;
(ᠲᠠᠪᠤ) ᠬᠠᠤᠯᠢ ᠶᠣᠰᠣᠭ᠋ᠠᠷ ᠬᠢᠨᠠᠨ ᠬᠠᠷᠭᠤᠭᠤᠯᠬᠤ ᠴᠢᠬᠤᠯᠠᠲᠠᠶ ᠪᠤᠰᠤᠳ ᠠᠭᠤᠯᠭ᠎ᠠ᠃
ᠬᠤᠷᠢᠨ ᠭᠤᠷᠪᠠᠳᠤᠭ᠋ᠠᠷ ᠵᠦᠢ᠍ᠯ ᠬᠠᠤᠯᠢ ᠶᠣᠰᠣᠴᠢ ᠴᠢᠨᠠᠷ᠎ᠤᠨ ᠬᠢᠨᠠᠨ ᠬᠠᠷᠭᠤᠭᠤᠯᠤᠯᠲᠠ᠎ᠨᠢ ᠡᠩ᠎ᠤᠨ ᠪᠠᠶ᠋ᠢᠳᠠᠯ᠎ᠳᠤ ᠪᠢᠴᠢᠭ᠎ᠤᠨ ᠬᠡᠯᠪᠡᠷᠢ᠎ᠪᠠᠷ ᠬᠢᠨᠠᠨ ᠬᠠᠷᠭᠤᠭᠤᠯᠬᠤ ᠠᠷᠭ᠎ᠠ ᠮᠠᠶᠢᠭ᠎ᠢ ᠬᠡᠷᠡᠭᠯᠡᠨ᠎ᠡ᠃ ᠨᠥᠯᠥᠭᠡᠯᠡᠬᠦ ᠬᠡᠪᠴᠢᠶ᠎ᠡ᠎ᠪᠠᠷ ᠥᠷᠭᠡᠨ᠂ ᠪᠠᠶ᠋ᠢᠳᠠᠯ᠎ᠨᠢ ᠪᠤᠳᠤᠯᠢᠶᠠᠨᠲᠠᠶ᠂ ᠨᠡᠶ᠋ᠢᠭᠡᠮ᠎ᠤᠨ ᠠᠩᠬᠠᠷᠤᠯ᠎ᠤᠨ ᠬᠡᠮᠵᠢᠶ᠎ᠡ᠎ᠪᠠᠷ ᠥᠨᠳᠥᠷ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠳᠤ ᠬᠦᠴᠢᠷ ᠲᠦᠪᠡᠭᠲᠡᠶ ᠬᠠᠤᠯᠢ ᠴᠠᠭ᠋ᠠᠵᠠ ᠵᠢᠨ ᠠᠰᠠᠭᠤᠳᠠᠯ ᠲᠣᠬᠢᠶᠠᠯᠳᠤᠪᠠᠯ᠂ ᠪᠢᠴᠢᠭ᠎ᠤᠨ ᠬᠡᠯᠪᠡᠷᠢ᠎ᠪᠠᠷ ᠰᠠᠨᠠᠯ ᠬᠤᠷᠢᠶᠠᠭᠰᠠᠨ ᠰᠠᠭᠤᠷᠢᠨ ᠳᠡᠭᠡᠷ᠎ᠡ᠂ ᠰᠠᠭᠤᠳᠠᠯ᠎ᠤᠨ ᠬᠤᠷᠠᠯ᠂ ᠨᠤᠲᠠᠯᠠᠯᠲᠠ ᠵᠢᠨ ᠬᠤᠷᠠᠯ ᠬᠤᠷᠠᠯᠳᠤᠭᠤᠯᠬᠤ ᠵᠡᠷᠭᠡ ᠠᠷᠭ᠎ᠠ ᠮᠠᠶᠢᠭ ᠵᠶ᠋ᠠᠷ ᠬᠤᠯᠪᠣᠭᠳᠠᠯ ᠪᠦᠬᠦᠢ ᠲᠠᠯ᠎ᠠ ᠵᠢᠨ᠎ᠬᠢᠨ᠎ᠤ ᠰᠠᠨᠠᠯ᠎ᠢ ᠰᠣᠨᠣᠰᠴᠤ ᠪᠣᠯᠤᠨ᠎ᠠ᠃
ᠬᠤᠷᠢᠨ ᠳᠥᠷᠪᠡᠳᠦᠭᠡᠷ ᠵᠦᠢ᠍ᠯ ᠬᠠᠤᠯᠢ ᠶᠣᠰᠣᠴᠢ ᠴᠢᠨᠠᠷ᠎ᠤᠨ ᠬᠢᠨᠠᠨ ᠬᠠᠷᠭᠤᠭᠤᠯᠤᠯᠲᠠ ᠬᠢᠬᠦ᠎ᠳᠤ ᠪᠢᠴᠢᠭ᠎ᠤᠨ ᠬᠡᠯᠪᠡᠷᠢ᠎ᠪᠠᠷ ᠬᠢᠨᠠᠨ ᠬᠠᠷᠭᠤᠭᠤᠯᠤᠭᠰᠠᠨ ᠰᠠᠨᠠᠯ ᠭᠠᠷᠭ᠋ᠠᠬᠤ ᠬᠡᠷᠡᠭᠲᠡᠶ᠃ ᠭᠡᠨᠡᠳᠲᠡ ᠵᠢᠨ ᠬᠡᠷᠡᠭ᠎ᠢ ᠤᠷᠢᠳᠴᠢᠯᠠᠨ ᠰᠡᠷᠭᠡᠶ᠋ᠢᠯᠡᠬᠦ᠂ ᠠᠷᠭ᠋ᠠᠴᠠᠭ᠋ᠠᠬᠤ ᠪᠠ ᠰᠢᠢ᠍ᠳᠪᠦᠷᠢᠯᠡᠬᠦ᠂ ᠡᠰᠡᠬᠦᠯ᠎ᠡ ᠳᠡᠭᠡᠳᠦ ᠱᠠᠲᠤᠨ᠎ᠤ ᠪᠠᠶ᠋ᠢᠭᠤᠯᠭ᠎ᠠ ᠵᠢᠨ ᠪᠠᠴᠢᠮ ᠵᠠᠷᠯᠢᠭ ᠪᠠ ᠲᠣᠭᠲᠠᠭ᠋ᠠᠯ᠎ᠢ ᠬᠡᠷᠡᠭᠵᠢᠭᠦᠯᠬᠦ᠎ᠠᠴᠠ ᠪᠣᠯᠵᠤ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠡᠷᠡ ᠳᠠᠷᠤᠶᠳᠤᠨᠢ ᠲᠣᠭᠲᠠᠭ᠋ᠠᠨ ᠬᠡᠷᠡᠭᠵᠢᠭᠦᠯᠬᠦ ᠴᠢᠬᠤᠯᠠᠲᠠᠶ ᠵᠡᠷᠭᠡ ᠪᠠᠶ᠋ᠢᠳᠠᠯ᠎ᠠᠴᠠ ᠭᠠᠳᠠᠨ᠎ᠠ᠂ ᠬᠢᠨᠠᠨ ᠬᠠᠷᠭᠤᠭᠤᠯᠬᠤ ᠴᠠᠭ ᠬᠤᠭᠤᠴᠠᠭ᠎ᠠ ᠵᠢ ᠡᠩ᠎ᠤᠨ ᠪᠠᠶ᠋ᠢᠳᠠᠯ᠎ᠳᠤ ᠲᠠᠪᠤᠨ ᠠᠵᠢᠯᠯᠠᠬᠤ ᠡᠳᠦᠷ᠎ᠠᠴᠠ ᠳᠤᠲᠠᠭᠤ ᠪᠠᠶ᠋ᠢᠯᠭ᠋ᠠᠵᠤ ᠪᠣᠯᠬᠤ ᠦᠭᠡᠢ᠂ ᠬᠠᠮᠤᠭ᠎ᠤᠨ ᠤᠷᠳᠤ᠎ᠳᠤ᠎ᠪᠠᠨ ᠠᠷᠪᠠᠨ ᠲᠠᠪᠤᠨ ᠠᠵᠢᠯᠯᠠᠬᠤ ᠡᠳᠦᠷ᠎ᠠᠴᠠ ᠬᠡᠲᠦᠷᠡᠭᠦᠯᠵᠦ ᠪᠣᠯᠬᠤ ᠦᠭᠡᠢ᠃ ᠬᠢᠨᠠᠨ ᠬᠠᠷᠭᠤᠭᠤᠯᠬᠤ ᠶᠠᠪᠤᠴᠠ᠎ᠳᠠᠬᠢ ᠰᠠᠨᠠᠯ ᠬᠤᠷᠢᠶᠠᠬᠤ᠂ ᠲᠤᠰᠬᠠᠶ ᠮᠡᠷᠭᠡᠵᠢᠯᠲᠡᠨ ᠨᠤᠲᠠᠯᠠᠯᠲᠠ ᠬᠢᠬᠦ ᠵᠡᠷᠭᠡ ᠴᠠᠭ ᠬᠤᠭᠤᠴᠠᠭ᠎ᠠ ᠵᠢ ᠡᠭᠦᠨ᠎ᠳᠤ ᠪᠤᠳᠤᠵᠤ ᠣᠷᠣᠭᠤᠯᠬᠤ ᠥᠬᠡᠶ᠃
ᠬᠤᠷᠢᠨ ᠲᠠᠪᠤᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠳᠤ ᠬᠠᠤᠯᠢ ᠶᠣᠰᠣᠴᠢ ᠴᠢᠨᠠᠷ᠎ᠤᠨ ᠬᠢᠨᠠᠨ ᠬᠠᠷᠭᠤᠭᠤᠯᠤᠯᠲᠠ ᠬᠢᠭᠰᠡᠨ ᠥᠭᠡᠢ ᠪᠤᠶᠤ ᠬᠢᠨᠠᠨ ᠬᠠᠷᠭᠤᠭᠤᠯᠤᠭ᠋ᠠᠳ ᠬᠠᠤᠯᠢ ᠶᠤᠰᠤᠨ᠎ᠳᠤ ᠥᠯᠥ ᠨᠡᠶ᠋ᠢᠴᠡᠪᠡᠯ᠂ ᠬᠠᠮᠲᠤ᠎ᠪᠠᠷ ᠶᠠᠷᠢᠯᠴᠠᠭᠤᠯᠬᠤ᠎ᠪᠠᠷ ᠳᠡᠪᠰᠢᠭᠦᠯᠵᠦ ᠪᠣᠯᠬᠤ ᠥᠭᠡᠢ᠃
ᠬᠤᠷᠢᠨ ᠵᠢᠷᠭᠤᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠬᠠᠮᠲᠤ᠎ᠪᠠᠷ ᠶᠠᠷᠢᠯᠴᠠᠭᠰᠠᠨ᠎ᠤ ᠳᠠᠷᠠᠭ᠎ᠠ ᠠᠭᠤᠯᠭ᠎ᠠ᠎ᠳᠤᠨᠢ ᠨᠡᠯᠢᠶᠡᠳ ᠶᠡᠭᠡ ᠬᠤᠪᠢᠷᠠᠯᠲᠠ᠎ᠲᠠᠢ ᠪᠠᠶ᠋ᠢᠪᠠᠯ᠂ ᠳᠠᠬᠢᠨᠲᠠ ᠬᠠᠤᠯᠢ ᠶᠣᠰᠣᠴᠢ ᠴᠢᠨᠠᠷ᠎ᠤᠨ ᠬᠢᠨᠠᠨ ᠬᠠᠷᠭᠤᠭᠤᠯᠤᠯᠲᠠ ᠬᠢᠬᠦ ᠬᠡᠷᠡᠭᠲᠡᠶ᠃
ᠳᠥᠷᠪᠡᠳᠦᠭᠡᠷ ᠪᠦᠯᠦᠭ ᠬᠠᠮᠲᠤ᠎ᠪᠠᠷ ᠶᠠᠷᠢᠯᠴᠠᠬᠤ ᠪᠠ ᠢᠯᠡ ᠨᠡᠶ᠋ᠢᠲᠡᠯᠡᠬᠦ
ᠬᠤᠷᠢᠨ ᠳᠣᠯᠣᠳᠤᠭ᠋ᠠᠷ ᠵᠦᠢ᠍ᠯ ᠵᠠᠰᠠᠭ᠎ᠤᠨ ᠣᠷᠳᠣᠨ᠎ᠤ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠵᠠᠰᠠᠭ᠎ᠤᠨ ᠣᠷᠳᠣᠨ᠎ᠤ ᠪᠠᠶ᠋ᠢᠩᠭᠤ ᠵᠢᠨ ᠬᠤᠷᠠᠯ ᠵᠶ᠋ᠠᠷ ᠶᠠᠷᠢᠯᠴᠠᠨ ᠲᠣᠭᠲᠠᠭ᠋ᠠᠬᠤ ᠬᠡᠷᠡᠭᠲᠡᠶ; ᠰᠠᠯᠠᠭ᠎ᠠ ᠮᠥᠴᠢᠷ᠎ᠤᠨ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠰᠠᠯᠠᠭ᠎ᠠ ᠮᠥᠴᠢᠷ᠎ᠤᠨ ᠠᠯᠪᠠᠨ ᠠᠵᠢᠯ᠎ᠤᠨ ᠬᠤᠷᠠᠯ ᠵᠶ᠋ᠠᠷ ᠶᠠᠷᠢᠯᠴᠠᠨ ᠲᠣᠭᠲᠠᠭ᠋ᠠᠬᠤ ᠬᠡᠷᠡᠭᠲᠡᠶ᠃
ᠬᠤᠷᠢᠨ ᠨᠠᠢ᠍ᠮᠠᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠬᠠᠮᠲᠤ᠎ᠪᠠᠷ ᠶᠠᠷᠢᠯᠴᠠᠨ ᠲᠣᠭᠲᠠᠭ᠋ᠠᠭᠰᠠᠨ᠎ᠤ ᠲᠠᠷᠠᠭ᠎ᠠ᠂ ᠲᠣᠭᠲᠠᠭ᠋ᠠᠭᠰᠠᠨ ᠪᠠᠶ᠋ᠢᠭᠤᠯᠭ᠎ᠠ ᠵᠢᠨ ᠭᠤᠣᠯ ᠬᠠᠷᠢᠭᠤᠴᠠᠯᠭ᠋ᠠᠲᠠᠨ ᠪᠤᠶᠤ ᠲᠡᠭᠦᠨ᠎ᠤ ᠬᠠᠤᠯᠢ ᠶᠣᠰᠣᠭ᠋ᠠᠷ ᠡᠷᠬᠡ ᠣᠯᠭᠤᠭᠰᠠᠨ ᠬᠠᠷᠢᠭᠤᠴᠠᠯᠭ᠋ᠠᠲᠠᠨ᠎ᠠᠴᠠ ᠭᠠᠷᠤᠨ ᠥᠰᠥᠭ ᠵᠢᠷᠤᠵᠤ ᠶᠠᠪᠤᠭᠤᠯᠤᠨ᠎ᠠ᠃
ᠬᠤᠷᠢ ᠶᠢᠰᠦᠳᠦᠭᠡᠷ ᠵᠦᠢ᠍ᠯ ᠲᠣᠭᠲᠠᠭ᠋ᠠᠬᠤ ᠪᠠᠶ᠋ᠢᠭᠤᠯᠭ᠎ᠠ᠎ᠨᠢ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠨᠢᠭᠡᠳᠦᠯᠲᠡᠶ ᠳᠡᠩᠰᠡᠯᠡᠨ ᠲᠡᠮᠳᠡᠭᠯᠡᠬᠦ᠂ ᠨᠢᠭᠡᠳᠦᠯᠲᠡᠶ ᠨᠤᠮᠧᠷ ᠬᠠᠳᠠᠬᠤ ᠪᠠ ᠨᠢᠭᠡᠳᠦᠯᠲᠡᠶ ᠳᠠᠷᠤᠮᠠᠯᠯᠠᠨ ᠶᠠᠪᠤᠭᠤᠯᠬᠤ ᠵᠢ ᠬᠡᠷᠡᠭᠵᠢᠭᠦᠯᠬᠦ ᠬᠡᠷᠡᠭᠲᠡᠶ᠃ ᠬᠤᠯᠪᠣᠭ᠋ᠠᠯᠠᠨ ᠲᠣᠭᠲᠠᠭ᠋ᠠᠭᠰᠠᠨ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠭᠤᠣᠯᠴᠢᠯᠠᠨ ᠡᠷᠭᠢᠯᠡᠬᠦ ᠪᠠᠶ᠋ᠢᠭᠤᠯᠭ᠎ᠠ᠎ᠠᠴᠠ ᠨᠤᠮᠧᠷ ᠬᠠᠳᠠᠨ᠎ᠠ᠃
ᠭᠤᠴᠢᠳᠤᠭ᠋ᠠᠷ ᠵᠦᠢ᠍ᠯ ᠲᠣᠭᠲᠠᠭ᠋ᠠᠬᠤ ᠪᠠᠶ᠋ᠢᠭᠤᠯᠭ᠎ᠠ᠎ᠨᠢ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠭᠠᠷᠤᠨ ᠥᠰᠥᠭ ᠵᠢᠷᠤᠵᠤ ᠶᠠᠪᠤᠭᠤᠯᠤᠭᠰᠠᠨ ᠡᠳᠦᠷ᠎ᠠᠴᠠ ᠡᠬᠢᠯᠡᠨ ᠬᠤᠷᠢᠨ ᠠᠵᠢᠯᠯᠠᠬᠤ ᠡᠳᠦᠷ᠎ᠤᠨ ᠳᠣᠲᠣᠷ᠎ᠠ ᠵᠠᠰᠠᠭ᠎ᠤᠨ ᠣᠷᠳᠣᠨ᠎ᠤ ᠠᠯᠪᠠᠨ ᠮᠡᠳᠡᠭᠡ᠂ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠪᠤᠶᠤ ᠪᠤᠰᠤᠳ ᠢᠨᠲ᠋ᠧᠷ ᠰᠦᠯᠵᠢᠶᠡᠨ᠎ᠤ ᠵᠠᠰᠠᠭ᠎ᠤᠨ ᠶᠠᠪᠤᠳᠠᠯ᠎ᠤᠨ ᠵᠠᠭᠤᠴᠢᠯᠠᠭᠤᠷ᠂ ᠰᠣᠨᠢᠨ ᠮᠡᠳᠡᠭᠡ ᠨᠡᠶ᠋ᠢᠲᠡᠯᠡᠬᠦ ᠬᠤᠷᠠᠯ ᠵᠢᠴᠢ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ ᠵᠡᠷᠭᠡ ᠠᠷᠭ᠎ᠠ ᠵᠠᠮ ᠵᠶ᠋ᠠᠷ ᠳᠠᠮᠵᠢᠭᠤᠯᠤᠨ ᠢᠯᠡ ᠨᠡᠶ᠋ᠢᠲᠡᠯᠡᠬᠦ ᠬᠡᠷᠡᠭᠲᠡᠶ᠃
ᠢᠯᠡ ᠨᠡᠶ᠋ᠢᠲᠡᠯᠡᠭᠰᠡᠨ ᠥᠬᠡᠶ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ ᠵᠶ᠋ᠠᠷ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠦᠨᠳᠦᠰᠦᠯᠡᠯ ᠪᠣᠯᠭ᠋ᠠᠵᠤ ᠪᠣᠯᠬᠤ ᠥᠬᠡᠶ᠂ ᠬᠠᠤᠯᠢ ᠶᠣᠰᠣᠭ᠋ᠠᠷ ᠨᠢᠭᠤᠴᠠ ᠵᠢ ᠬᠠᠮᠠᠭ᠋ᠠᠯᠠᠬᠤ ᠴᠢᠬᠤᠯᠠᠲᠠᠶ᠎ᠨᠢ ᠡᠭᠦᠨ᠎ᠳᠤ ᠪᠠᠭᠲᠠᠬᠤ ᠥᠬᠡᠶ᠃
ᠭᠤᠴᠢᠨ ᠨᠢᠭᠡᠳᠦᠭᠡᠷ ᠵᠦᠢ᠍ᠯ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠬᠠᠤᠯᠢ᠎ᠪᠠᠷ ᠲᠣᠭᠲᠠᠭ᠋ᠠᠭᠰᠠᠨ ᠵᠢᠷᠤᠮ ᠶᠣᠰᠣᠭ᠋ᠠᠷ ᠲᠣᠭᠲᠠᠭ᠋ᠠᠬᠤ ᠬᠡᠷᠡᠭᠲᠡᠶ᠃ ᠭᠡᠨᠡᠳᠲᠡ ᠵᠢᠨ ᠬᠡᠷᠡᠭ᠎ᠢ ᠤᠷᠢᠳᠴᠢᠯᠠᠨ ᠰᠡᠷᠭᠡᠶ᠋ᠢᠯᠡᠬᠦ᠂ ᠠᠷᠭ᠋ᠠᠴᠠᠭ᠋ᠠᠬᠤ ᠪᠠ ᠰᠢᠢ᠍ᠳᠪᠦᠷᠢᠯᠡᠬᠦ᠂ ᠡᠰᠡᠬᠦᠯ᠎ᠡ ᠳᠡᠭᠡᠳᠦ ᠱᠠᠲᠤᠨ᠎ᠤ ᠪᠠᠶ᠋ᠢᠭᠤᠯᠭ᠎ᠠ ᠵᠢᠨ ᠪᠠᠴᠢᠮ ᠵᠠᠷᠯᠢᠭ ᠪᠠ ᠲᠣᠭᠲᠠᠭ᠋ᠠᠯ᠎ᠢ ᠬᠡᠷᠡᠭᠵᠢᠭᠦᠯᠬᠦ᠎ᠠᠴᠠ ᠪᠤᠯᠵᠤ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠡᠷᠡ ᠳᠠᠷᠤᠶᠳᠤᠨᠢ ᠨᠡᠶ᠋ᠢᠲᠡᠯᠡᠨ ᠬᠡᠷᠡᠭᠵᠢᠭᠦᠯᠬᠦ ᠴᠢᠬᠤᠯᠠᠲᠠᠶ ᠪᠠᠶ᠋ᠢᠪᠠᠯ᠂ ᠲᠤᠨᠨᠳᠠᠭ᠋ᠠᠨᠨᠰᠠᠨ ᠪᠠᠶ᠋ᠢᠭᠤᠯᠭ᠎ᠠ ᠵᠢᠨ ᠭᠤᠣᠯ ᠬᠠᠷᠢᠭᠤᠴᠠᠯᠭ᠋ᠠᠲᠠᠨ ᠵᠶ᠋ᠠᠷ ᠵᠥᠪᠰᠢᠶᠡᠷᠡᠭᠦᠯᠦᠭᠡᠳ᠂ ᠬᠠᠤᠯᠢ ᠶᠣᠰᠣᠴᠢ ᠴᠢᠨᠠᠷ᠎ᠤᠨ ᠬᠢᠨᠠᠨ ᠬᠠᠷᠭᠤᠭᠤᠯᠤᠯᠲᠠ ᠬᠢᠬᠦ ᠪᠠ ᠬᠠᠮᠲᠤ᠎ᠪᠠᠷ ᠶᠠᠷᠢᠯᠴᠠᠬᠤ᠎ᠠᠴᠠ ᠪᠤᠰᠤᠳ ᠳᠡᠰ ᠳᠠᠷᠠᠭ᠋ᠠᠯᠠᠯ᠎ᠢ᠎ᠨᠢ ᠳᠥᠭᠦᠮᠴᠢᠯᠡᠵᠦ ᠪᠣᠯᠤᠨ᠎ᠠ᠃
ᠭᠤᠴᠢᠨ ᠬᠤᠶᠠᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠲᠠᠶ᠋ᠢᠯᠪᠤᠷᠢᠯᠠᠬᠤ ᠡᠷᠬᠡ᠎ᠨᠢ ᠲᠣᠭᠲᠠᠭ᠋ᠠᠭᠰᠠᠨ ᠪᠠᠶ᠋ᠢᠭᠤᠯᠭ᠎ᠠ᠎ᠳᠤ ᠬᠠᠷᠢᠶᠠᠯᠠᠭᠳᠠᠨ᠎ᠠ᠃ ᠲᠣᠭᠲᠠᠭ᠋ᠠᠭᠰᠠᠨ ᠪᠠᠶ᠋ᠢᠭᠤᠯᠭ᠎ᠠ ᠪᠤᠶᠤ ᠲᠤᠭᠤᠷᠪᠢᠭᠰᠠᠨ ᠨᠢᠭᠡᠴᠢ᠎ᠠᠴᠠ ᠲᠠᠶ᠋ᠢᠯᠪᠤᠷᠢᠯᠠᠯᠲᠠ ᠵᠢᠨ ᠲᠥᠰᠦᠯ᠎ᠢ ᠲᠤᠭᠤᠷᠪᠢᠨ ᠲᠣᠭᠲᠠᠭ᠋ᠠᠬᠤ᠎ᠳᠤ᠎ᠪᠠᠨ᠂ ᠬᠠᠤᠯᠢ ᠶᠣᠰᠣᠴᠢ ᠴᠢᠨᠠᠷ᠎ᠢ ᠬᠢᠨᠠᠨ ᠬᠠᠷᠭᠤᠭᠤᠯᠤᠭᠰᠠᠨ᠎ᠤ ᠳᠠᠷᠠᠭ᠎ᠠ᠂ ᠲᠣᠰ ᠠᠷᠭ᠎ᠠ᠎ᠳᠠᠬᠢ ᠲᠣᠭᠲᠠᠭ᠋ᠠᠯ ᠶᠣᠰᠣᠭ᠋ᠠᠷ ᠢᠯᠡ ᠨᠡᠶ᠋ᠢᠲᠡᠯᠡᠨ᠎ᠡ᠃ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠲᠠᠶ᠋ᠢᠯᠪᠤᠷᠢᠯᠠᠯᠲᠠ᠎ᠨᠢ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠲᠠᠢ ᠠᠳᠠᠯᠢᠬᠠᠨ ᠬᠦᠴᠦᠨ᠎ᠲᠠᠢ᠃
ᠲᠠᠪᠤᠳᠤᠭ᠋ᠠᠷ ᠪᠦᠯᠦᠭ ᠪᠦᠷᠢᠳᠭᠡᠨ ᠳᠠᠩᠰᠠᠯᠠᠭᠤᠯᠬᠤ ᠪᠠ ᠬᠢᠨᠠᠯᠲᠠ ᠲᠠᠯᠪᠢᠬᠤ
ᠭᠤᠴᠢᠨ ᠭᠤᠷᠪᠠᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠭᠰᠡᠨ ᠡᠳᠦᠷ᠎ᠠᠴᠠ ᠡᠬᠢᠯᠡᠨ ᠭᠤᠴᠢᠨ ᠡᠳᠦᠷ᠎ᠤᠨ ᠳᠣᠲᠣᠷ᠎ᠠ᠂ ᠲᠣᠭᠲᠠᠭ᠋ᠠᠭᠰᠠᠨ ᠪᠠᠶ᠋ᠢᠭᠤᠯᠭ᠎ᠠ᠎ᠠᠴᠠ ᠳᠣᠣᠷᠠᠬᠢ ᠲᠣᠭᠲᠠᠭ᠋ᠠᠯ ᠶᠣᠰᠣᠭ᠋ᠠᠷ ᠪᠦᠷᠢᠳᠭᠡᠨ ᠳᠠᠩᠰᠠᠯᠠᠭᠤᠯᠬᠤ ᠬᠡᠷᠡᠭᠲᠡᠶ᠄
(ᠨᠢᠭᠡ) ᠵᠠᠰᠠᠭ᠎ᠤᠨ ᠣᠷᠳᠣᠨ᠎ᠤ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠬᠦᠷᠭᠡᠵᠦ ᠪᠦᠷᠢᠳᠬᠡᠨ ᠳᠠᠩᠰᠠᠯᠠᠭᠤᠯᠤᠨ᠎ᠠ;
(ᠬᠤᠶᠠᠷ) ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠶᠣᠰᠣᠭ᠋ᠠᠷ ᠪᠠᠶ᠋ᠢᠭᠤᠯᠤᠭᠰᠠᠨ ᠲᠣᠮᠢᠯᠠᠭᠰᠠᠨ ᠪᠠᠶ᠋ᠢᠭᠤᠯᠭ᠎ᠠ ᠵᠢᠨ ᠲᠣᠭᠲᠠᠭ᠋ᠠᠭᠰᠠᠨ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠣᠰ ᠲᠣᠮᠢᠯᠠᠭᠰᠠᠨ ᠪᠠᠶ᠋ᠢᠭᠤᠯᠭ᠎ᠠ ᠵᠢ ᠪᠠᠶ᠋ᠢᠭᠤᠯᠤᠭᠰᠠᠨ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠬᠦᠷᠭᠡᠵᠦ ᠪᠦᠷᠢᠳᠭᠡᠨ ᠳᠠᠩᠰᠠᠯᠠᠭᠤᠯᠤᠨ᠎ᠠ;
(ᠭᠤᠷᠪᠠ) ᠰᠠᠯᠠᠭ᠎ᠠ ᠮᠥᠴᠢᠷ᠎ᠤᠨ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠬᠦᠷᠭᠡᠵᠦ ᠪᠦᠷᠢᠳᠭᠡᠨ ᠳᠠᠩᠰᠠᠯᠠᠭᠤᠯᠤᠨ᠎ᠠ;
(ᠲᠥᠷᠪᠡ) ᠤᠯᠤᠰ᠎ᠠᠴᠠ ᠡᠭᠴᠡ ᠬᠠᠮᠢᠶᠠᠷᠤᠯᠲᠠ ᠵᠢ ᠬᠡᠷᠡᠭᠵᠢᠭᠦᠯᠵᠦ ᠪᠠᠶ᠋ᠢᠭ᠎ᠠ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠳᠡᠭᠡᠷ᠎ᠡ ᠨᠢᠭᠡ ᠱᠠᠲᠤᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠬᠦᠷᠭᠡᠵᠦ ᠪᠦᠷᠢᠳᠭᠡᠨ ᠳᠠᠩᠰᠠᠯᠠᠭᠤᠯᠬᠤ ᠵᠢᠨ ᠬᠠᠮᠲᠤ ᠲᠣᠭᠲᠠᠭ᠋ᠠᠭᠰᠠᠨ ᠪᠠᠶ᠋ᠢᠭᠤᠯᠭ᠎ᠠ ᠵᠢᠨ ᠪᠠᠶ᠋ᠢᠭ᠎ᠠ ᠭᠠᠵᠠᠷ᠎ᠤᠨ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠬᠠᠭᠤᠯᠤᠨ ᠬᠦᠷᠭᠡᠨ᠎ᠡ᠃
ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠠᠳᠠᠯᠢ ᠱᠠᠲᠤᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠳᠤ ᠮᠡᠳᠡᠭᠦᠯᠦᠨ ᠬᠦᠷᠭᠡᠵᠦ ᠪᠦᠷᠢᠳᠭᠡᠨ ᠳᠠᠩᠰᠠᠯᠠᠭᠤᠯᠬᠤ᠎ᠳᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠤ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠪᠦᠷᠢᠳᠭᠡᠨ ᠳᠠᠩᠰᠠᠯᠠᠭᠤᠯᠬᠤ ᠲᠤᠬᠠᠶ ᠬᠤᠯᠪᠣᠭᠳᠠᠯ ᠪᠥᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
ᠭᠤᠴᠢᠨ ᠳᠥᠷᠪᠡᠳᠦᠭᠡᠷ ᠵᠦᠢ᠍ᠯ ᠲᠣᠭᠲᠠᠭ᠋ᠠᠭᠰᠠᠨ ᠪᠠᠶ᠋ᠢᠭᠤᠯᠭ᠎ᠠ᠎ᠨᠢ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠪᠦᠷᠢᠳᠭᠡᠨ ᠳᠠᠩᠰᠠᠯᠠᠭᠤᠯᠬᠤ ᠮᠡᠳᠡᠭᠦᠯᠦᠯᠲᠡ᠂ ᠵᠢᠩᠬᠢᠨᠢ ᠪᠢᠴᠢᠭ ᠬᠠᠷ᠎ᠠ᠂ ᠲᠤᠭᠤᠷᠪᠢᠭᠰᠠᠨ ᠲᠣᠳᠣᠷᠬᠠᠶ᠋ᠢᠯᠠᠯᠲᠠ᠂ ᠦᠨᠳᠦᠰᠦᠯᠡᠯ᠂ ᠰᠠᠨᠠᠯ ᠬᠤᠷᠢᠶᠠᠭᠰᠠᠨ ᠬᠠᠮᠢᠶ᠎ᠠ ᠪᠥᠬᠦᠶ ᠮᠠᠲ᠋ᠧᠷᠢᠶᠠᠯ᠂ ᠬᠠᠤᠯᠢ ᠶᠣᠰᠣᠴᠢ ᠴᠢᠨᠠᠷ᠎ᠢ ᠬᠢᠨᠠᠨ ᠬᠠᠷᠭᠤᠭᠤᠯᠤᠭᠰᠠᠨ ᠰᠠᠨᠠᠯ ᠵᠡᠷᠭᠡ ᠪᠦᠷᠢᠳᠭᠡᠨ ᠳᠠᠩᠰᠠᠯᠠᠭᠤᠯᠬᠤ ᠮᠠᠲ᠋ᠧᠷᠢᠶᠠᠯ᠎ᠤᠨ ᠡᠯᠧᠺᠲᠷᠣᠨ ᠪᠢᠴᠢᠭ ᠬᠠᠷ᠎ᠠ ᠵᠢ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠪᠦᠷᠢᠳᠭᠡᠨ ᠳᠠᠩᠰᠠᠯᠠᠭᠤᠯᠬᠤ ᠬᠠᠮᠢᠶᠠᠷᠤᠯᠲᠠ ᠵᠢᠨ ᠰᠢᠰᠲ᠋ᠧᠮ ᠵᠶ᠋ᠠᠷ ᠳᠠᠮᠵᠢᠭᠤᠯᠤᠨ ᠮᠡᠳᠡᠭᠦᠯᠬᠦ ᠬᠡᠷᠡᠭᠲᠡᠶ᠃
ᠭᠤᠴᠢᠨ ᠲᠠᠪᠤᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠤᠭᠤᠷᠪᠢᠭᠰᠠᠨ ᠲᠣᠳᠣᠷᠬᠠᠶ᠋ᠢᠯᠠᠯᠲᠠ᠎ᠳᠤ ᠳᠣᠤᠷᠠᠬᠢ ᠠᠭᠤᠯᠭ᠎ᠠ ᠵᠢ ᠪᠠᠭᠲᠠᠭ᠋ᠠᠬᠤ ᠬᠡᠷᠡᠭᠲᠡᠶ᠄
(ᠨᠢᠭᠡ) ᠲᠣᠭᠲᠠᠭ᠋ᠠᠭᠰᠠᠨ ᠵᠣᠷᠢᠯᠭ᠎ᠠ᠂ ᠴᠢᠬᠤᠯᠠ ᠴᠢᠨᠠᠷ᠂ ᠪᠣᠯᠣᠮᠵᠢᠲᠤ ᠴᠢᠨᠠᠷ;
(ᠬᠤᠶᠠᠷ) ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠣᠭᠲᠠᠭ᠋ᠠᠭᠰᠠᠨ ᠭᠤᠣᠯ ᠦᠨᠳᠦᠰᠦᠯᠡᠯ;
(ᠭᠤᠷᠪᠠ) ᠲᠤᠭᠤᠷᠪᠢᠭᠰᠠᠨ ᠶᠠᠪᠤᠴᠠ᠂ ᠰᠠᠨᠠᠯ ᠬᠤᠷᠢᠶᠠᠭᠰᠠᠨ ᠪᠠᠶ᠋ᠢᠳᠠᠯ᠂ ᠬᠠᠮᠲᠤ᠎ᠪᠠᠷ ᠶᠠᠷᠢᠯᠴᠠᠨ ᠲᠣᠭᠲᠠᠭ᠋ᠠᠭᠰᠠᠨ ᠪᠠᠶ᠋ᠢᠳᠠᠯ;
(ᠳᠥᠷᠪᠡ) ᠰᠢᠢ᠍ᠳᠪᠦᠷᠢᠯᠡᠭᠰᠡᠨ ᠭᠤᠣᠯ ᠠᠰᠠᠭᠤᠳᠠᠯ᠂ ᠲᠣᠭᠲᠠᠭ᠋ᠠᠭᠰᠠᠨ ᠭᠤᠣᠯ ᠳᠦᠷᠢᠮ ᠪᠠ ᠠᠷᠭ᠎ᠠ ᠬᠡᠮᠵᠢᠶ᠎ᠡ;
(ᠲᠠᠪᠤ) ᠲᠣᠳᠣᠷᠬᠠᠶ᠋ᠢᠯᠠᠬᠤ ᠴᠢᠬᠤᠯᠠᠲᠠᠶ ᠪᠤᠰᠤᠳ ᠠᠰᠠᠭᠤᠳᠠᠯ᠃
ᠭᠤᠴᠢᠨ ᠵᠢᠷᠭᠤᠳᠤᠭ᠋ᠠᠷ ᠵᠦᠢ᠍ᠯ ᠲᠣᠭᠲᠠᠭ᠋ᠠᠭᠰᠠᠨ ᠪᠠᠶ᠋ᠢᠭᠤᠯᠭ᠎ᠠ᠎ᠨᠢ ᠵᠢᠯ ᠪᠦᠷᠢ ᠵᠢᠨ ᠨᠢᠭᠡᠳᠦᠭᠡᠷ ᠰᠠᠷ᠎ᠠ ᠵᠢᠨ ᠰᠡᠭᠦᠯᠴᠢ᠎ᠠᠴᠠ ᠡᠮᠦᠨ᠎ᠡ᠂ ᠳᠡᠭᠡᠷ᠎ᠡ ᠨᠢᠭᠡ ᠵᠢᠯ᠎ᠤᠨ ᠲᠣᠭᠲᠠᠭ᠋ᠠᠭᠰᠠᠨ᠂ ᠵᠠᠰᠠᠪᠤᠷᠢ ᠣᠷᠣᠭᠤᠯᠤᠭᠰᠠᠨ᠂ ᠬᠦᠴᠦᠨ ᠥᠬᠡᠶ ᠪᠣᠯᠭ᠋ᠠᠭᠰᠠᠨ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠭᠠᠷᠴᠠᠭ᠎ᠢ ᠮᠡᠳᠡᠭᠦᠯᠦᠨ ᠭᠦᠷᠬᠡᠵᠦ ᠪᠦᠷᠢᠳᠭᠡᠨ ᠳᠠᠩᠰᠠᠯᠠᠭᠤᠯᠬᠤ ᠬᠡᠷᠡᠭᠲᠡᠶ᠃
ᠭᠤᠴᠢᠨ ᠳᠣᠯᠣᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ (ᠳᠣᠷᠣᠭᠰᠢ ᠪᠦᠷᠢᠳᠭᠡᠨ ᠳᠠᠩᠰᠠᠯᠠᠵᠤ ᠬᠢᠨᠠᠨ ᠪᠠᠶ᠋ᠢᠴᠠᠭ᠋ᠠᠬᠤ ᠰᠠᠯᠠᠭ᠎ᠠ ᠮᠥᠴᠢᠷ ᠭᠡᠵᠦ ᠶᠡᠷᠦᠩᠬᠡᠶ᠋ᠢᠯᠡᠨ ᠨᠡᠷᠡᠶ᠋ᠢᠳᠦᠨ᠎ᠡ)᠎ᠨᠢ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠪᠦᠷᠢᠳᠭᠡᠨ ᠲᠠᠩᠰᠠᠯᠠᠵᠤ ᠬᠢᠨᠠᠨ ᠪᠠᠶ᠋ᠢᠴᠠᠭ᠋ᠠᠬᠤ ᠠᠵᠢᠯ᠎ᠢ ᠬᠠᠷᠢᠭᠤᠴᠠᠵᠤ᠂ ᠮᠡᠳᠡᠭᠦᠯᠦᠨ ᠬᠦᠷᠭᠡᠵᠦ ᠪᠦᠷᠢᠳᠭᠡᠨ ᠳᠠᠩᠰᠠᠯᠠᠭᠤᠯᠤᠭᠰᠠᠨ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠳᠣᠣᠷᠠᠬᠢ ᠵᠦᠢ᠍ᠯᠡᠰ᠎ᠤᠨ ᠲᠤᠬᠠᠶ ᠬᠢᠨᠠᠨ ᠪᠠᠶ᠋ᠢᠴᠠᠭ᠋ᠠᠯᠲᠠ ᠬᠢᠨ᠎ᠡ᠄
(ᠨᠢᠭᠡ) ᠲᠣᠭᠲᠠᠭ᠋ᠠᠭᠰᠠᠨ ᠪᠠᠶ᠋ᠢᠭᠤᠯᠭ᠎ᠠ ᠵᠢᠨ ᠬᠠᠤᠯᠢ᠎ᠪᠠᠷ ᠲᠣᠭᠲᠠᠭ᠋ᠠᠭᠰᠠᠨ ᠡᠷᠬᠡ ᠲᠤᠰᠢᠶᠠᠯ᠎ᠠᠴᠠ ᠳᠠᠪᠠᠭᠰᠠᠨ ᠡᠰᠡᠬᠦ;
(ᠬᠤᠶᠠᠷ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠣᠭᠲᠠᠭ᠋ᠠᠯ ᠳᠦᠷᠢᠮ ᠵᠢᠴᠢ ᠳᠡᠭᠡᠳᠦ ᠱᠠᠲᠤᠨ᠎ᠤ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠯᠤᠭ᠎ᠠ ᠬᠠᠷᠢᠯᠴᠠᠨ ᠬᠠᠷᠰᠢᠯᠳᠤᠭᠰᠠᠨ ᠡᠰᠡᠬᠦ;
(ᠭᠤᠷᠪᠠ) ᠲᠤᠰ ᠠᠷᠭ᠎ᠠ᠎ᠳᠤ ᠲᠣᠭᠲᠠᠭ᠋ᠠᠭᠰᠠᠨ ᠲᠣᠭᠲᠠᠭ᠋ᠠᠬᠤ ᠳᠡᠰ ᠳᠠᠷᠠᠭ᠋ᠠᠯᠠᠯ᠎ᠢ ᠵᠥᠷᠢᠴᠡᠭᠰᠡᠨ ᠡᠰᠡᠬᠦ;
(ᠲᠦᠷᠪᠡ) ᠬᠢᠨᠠᠨ ᠪᠠᠶ᠋ᠢᠴᠠᠭ᠋ᠠᠬᠤ ᠴᠢᠬᠤᠯᠠᠲᠠᠶ ᠪᠤᠰᠤᠳ ᠵᠦᠢ᠍ᠯᠡᠰ᠃
ᠭᠤᠴᠢᠨ ᠨᠠᠢ᠍ᠮᠠᠳᠤᠭ᠋ᠠᠷ ᠵᠦᠢ᠍ᠯ ᠪᠦᠷᠢᠳᠭᠡᠨ ᠳᠠᠩᠰᠠᠯᠠᠵᠤ ᠬᠢᠨᠠᠨ ᠪᠠᠶ᠋ᠢᠴᠠᠭ᠋ᠠᠬᠤ ᠰᠠᠯᠠᠭ᠎ᠠ ᠮᠥᠴᠢᠷ᠎ᠨᠢ ᠪᠦᠷᠢᠳᠭᠡᠨ ᠳᠠᠩᠰᠠᠯᠠᠭᠤᠯᠬᠤ᠎ᠪᠠᠷ ᠮᠡᠳᠡᠭᠦᠯᠦᠨ ᠬᠦᠷᠭᠡᠭᠰᠡᠨ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠤᠰᠴᠤ ᠣᠯᠣᠭᠰᠠᠨ᠎ᠠᠴᠠ ᠲᠠᠪᠤᠨ ᠠᠵᠢᠯᠯᠠᠬᠤ ᠡᠳᠦᠷ᠎ᠤᠨ ᠳᠣᠲᠣᠷ᠎ᠠ ᠪᠦᠷᠢᠳᠬᠡᠨ ᠳᠠᠩᠰᠠᠯᠠᠵᠦ ᠲᠡᠮᠳᠡᠭᠯᠡᠬᠦ ᠬᠡᠷᠡᠭᠲᠡᠶ᠃
ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠳᠤ ᠬᠠᠷᠢᠶᠠᠯᠠᠭᠳᠠᠬᠤ ᠥᠬᠡᠶ᠂ ᠡᠰᠡᠬᠦᠯ᠎ᠡ ᠲᠣᠰ ᠠᠷᠭ᠎ᠠ ᠵᠢᠨ ᠭᠤᠴᠢᠨ ᠭᠤᠷᠪᠠᠳᠤᠭ᠋ᠠᠷ ᠵᠦᠢ᠍ᠯ᠎ᠤᠨ ᠲᠣᠭᠲᠠᠭ᠋ᠠᠯ᠎ᠳᠤ ᠨᠡᠶ᠋ᠢᠴᠡᠬᠦ ᠥᠬᠡᠶ ᠪᠠᠢ᠍ᠢ᠍ᠪᠠᠯ᠂ ᠮᠠᠲ᠋ᠧᠷᠢᠶᠠᠯ᠎ᠢ ᠪᠤᠴᠠᠭ᠋ᠠᠬᠤ ᠵᠢᠨ ᠬᠠᠮᠲᠤ ᠤᠴᠢᠷ ᠰᠢᠯᠲᠠᠭ᠋ᠠᠨ ᠵᠶ᠋ᠠᠨ ᠲᠣᠳᠣᠷᠬᠠᠶ᠋ᠢᠯᠠᠬᠤ ᠬᠡᠷᠡᠭᠲᠡᠶ᠃
ᠲᠣᠰ ᠠᠷᠭ᠎ᠠ ᠵᠢᠨ ᠭᠤᠴᠢᠨ ᠳᠥᠷᠪᠡᠳᠦᠭᠡᠷ ᠵᠦᠢ᠍ᠯ᠂ ᠭᠤᠴᠢᠨ ᠲᠠᠪᠤᠳᠤᠭ᠋ᠠᠷ ᠵᠦᠢ᠍ᠯ᠎ᠤᠨ ᠲᠣᠭᠲᠠᠭ᠋ᠠᠯ᠎ᠳᠤ ᠨᠡᠶ᠋ᠢᠴᠡᠬᠦ ᠥᠬᠡᠶ ᠪᠠᠢ᠍ᠢ᠍ᠪᠠᠯ᠂ ᠲᠣᠭᠲᠠᠭ᠋ᠠᠭᠰᠠᠨ ᠪᠠᠶ᠋ᠢᠭᠤᠯᠭ᠎ᠠ᠎ᠳᠤ ᠲᠠᠪᠤᠨ ᠠᠵᠢᠯᠯᠠᠬᠤ ᠡᠳᠦᠷ᠎ᠤᠨ ᠳᠣᠲᠣᠷ᠎ᠠ ᠮᠠᠲ᠋ᠧᠷᠢᠶᠠᠯ ᠵᠶ᠋ᠠᠨ ᠨᠦᠬᠦᠪᠦᠷᠢᠯᠡᠵᠦ ᠵᠠᠯᠠᠷᠠᠭᠤᠯᠬᠤ ᠵᠢ ᠮᠡᠳᠡᠭᠳᠡᠵᠦ᠂ ᠨᠦᠬᠦᠪᠦᠷᠢᠯᠡᠵᠦ ᠵᠠᠯᠠᠷᠠᠭᠤᠯᠤᠭᠰᠠᠨ᠎ᠤ ᠳᠠᠷᠠᠭ᠎ᠠ ᠮᠥᠨ ᠬᠦ᠌ ᠲᠣᠭᠲᠠᠭ᠋ᠠᠯ᠎ᠳᠤ ᠨᠡᠶ᠋ᠢᠴᠡᠬᠦ ᠥᠬᠡᠶ ᠪᠤᠶᠤ ᠬᠤᠭᠤᠴᠠᠭ᠎ᠠ ᠬᠡᠲᠦᠷᠡᠬᠡᠳ ᠨᠦᠬᠦᠪᠦᠷᠢᠯᠡᠵᠦ ᠵᠠᠯᠠᠷᠠᠭᠤᠯᠤᠭᠰᠠᠨ ᠥᠬᠡᠶ ᠪᠣᠯ᠂ ᠪᠦᠷᠢᠳᠭᠡᠨ ᠳᠠᠩᠰᠠᠯᠠᠭᠤᠯᠤᠭᠰᠠᠨ ᠥᠬᠡᠶ᠎ᠪᠠᠷ ᠦᠵᠡᠨ᠎ᠡ᠃
ᠭᠤᠴᠢ ᠶᠢᠰᠦᠳᠦᠭᠡᠷ ᠵᠦᠢ᠍ᠯ ᠪᠦᠷᠢᠳᠭᠡᠨ ᠳᠡᠩᠰᠡᠯᠡᠵᠦ ᠬᠢᠨᠠᠨ ᠪᠠᠶ᠋ᠢᠴᠠᠭ᠋ᠠᠬᠤ ᠰᠠᠯᠠᠭ᠎ᠠ ᠮᠥᠴᠢᠷ᠎ᠨᠢ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠬᠢᠨᠠᠨ ᠪᠠᠶ᠋ᠢᠴᠠᠭ᠋ᠠᠬᠤ᠎ᠳᠤ᠎ᠪᠠᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ᠎ᠠᠴᠠ ᠰᠠᠨᠠᠯ ᠳᠤᠷᠠᠳᠬᠤ ᠴᠢᠬᠤᠯᠠᠲᠠᠶ ᠭᠡᠵᠦ ᠦᠵᠡᠪᠡᠯ᠂ ᠬᠤᠯᠪᠣᠭᠳᠠᠯ ᠪᠥᠬᠦᠶ ᠰᠠᠯᠠᠭ᠎ᠠ ᠮᠥᠴᠢᠷ᠎ᠨᠢ ᠲᠣᠭᠲᠠᠭᠰᠠᠨ ᠬᠤᠭᠤᠴᠠᠭ᠋ᠠᠨ ᠳᠣᠲᠣᠷ᠎ᠠ ᠬᠠᠷᠢᠭᠤ ᠥᠭᠬᠦ ᠬᠡᠷᠡᠭᠲᠡᠶ; ᠲᠣᠭᠲᠠᠭ᠋ᠠᠭᠰᠠᠨ ᠪᠠᠶ᠋ᠢᠭᠤᠯᠭ᠎ᠠ᠎ᠪᠠᠷ ᠪᠠᠶ᠋ᠢᠳᠠᠯ᠎ᠢ ᠨᠥᠬᠦᠪᠥᠷᠢᠯᠡᠨ ᠲᠤᠳᠤᠷᠬᠠᠢ᠍ᠢ᠍ᠯᠠᠭᠤᠯᠬᠤ ᠴᠢᠬᠤᠯᠠᠲᠠᠶ ᠪᠣᠯ᠂ ᠲᠣᠭᠲᠠᠭ᠋ᠠᠭᠰᠠᠨ ᠪᠠᠶ᠋ᠢᠭᠤᠯᠭ᠎ᠠ᠎ᠨᠢ ᠲᠣᠭᠲᠠᠭᠰᠠᠨ ᠬᠤᠭᠤᠴᠠᠭ᠋ᠠᠨ ᠳᠣᠲᠣᠷ᠎ᠠ ᠲᠤᠳᠤᠷᠬᠠᠢ᠍ᠢ᠍ᠯᠠᠯᠲᠠ ᠬᠢᠬᠦ ᠬᠡᠷᠡᠭᠲᠡᠶ᠃
ᠳᠥᠴᠢᠳᠦᠭᠡᠷ ᠵᠦᠢ᠍ᠯ ᠪᠦᠷᠢᠳᠭᠡᠨ ᠳᠠᠩᠰᠠᠯᠠᠵᠤ ᠬᠢᠨᠠᠨ ᠪᠠᠶ᠋ᠢᠴᠠᠭ᠋ᠠᠬᠤ ᠰᠠᠯᠠᠭ᠎ᠠ ᠮᠥᠴᠢᠷ᠎ᠨᠢ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠬᠢᠨᠠᠨ ᠪᠠᠶ᠋ᠢᠴᠠᠭ᠋ᠠᠬᠤ᠎ᠳᠤ᠎ᠪᠠᠨ ᠣᠯᠵᠤ ᠮᠡᠳᠡᠭᠰᠡᠨ ᠠᠰᠠᠭᠤᠳᠠᠯ᠎ᠢ ᠳᠣᠣᠷᠠᠬᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠨ᠎ᠡ᠄
(ᠨᠢᠭᠡ) ᠲᠣᠭᠲᠠᠭ᠋ᠠᠭᠰᠠᠨ ᠪᠠᠶ᠋ᠢᠭᠤᠯᠭ᠎ᠠ ᠵᠢᠨ ᠬᠠᠤᠯᠢ᠎ᠪᠠᠷ ᠲᠣᠭᠲᠠᠭ᠋ᠠᠭᠰᠠᠨ ᠡᠷᠬᠡ ᠲᠤᠰᠢᠶᠠᠯ᠎ᠠᠴᠠ᠎ᠨᠢ ᠳᠠᠪᠠᠭᠰᠠᠨ ᠪᠤᠶᠤ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠣᠭᠲᠠᠭ᠋ᠠᠯ ᠳᠦᠷᠢᠮ᠂ ᠳᠡᠭᠡᠳᠦ ᠱᠠᠲᠤᠨ᠎ᠤ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠯᠤᠭ᠎ᠠ ᠬᠠᠷᠢᠯᠴᠠᠨ ᠬᠠᠷᠰᠢᠯᠳᠤᠭᠰᠠᠨ ᠪᠠᠶ᠋ᠢᠪᠠᠯ᠂ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠬᠢᠨᠠᠨ ᠪᠠᠶ᠋ᠢᠴᠠᠭ᠋ᠠᠵᠤ ᠬᠢᠨᠠᠯᠲᠠ ᠲᠠᠯᠪᠢᠭᠰᠠᠨ ᠮᠡᠳᠡᠭᠳᠡᠯ᠎ᠤᠨ ᠪᠢᠴᠢᠭ ᠲᠣᠭᠲᠠᠭ᠋ᠠᠨ ᠪᠠᠭᠤᠯᠭ᠋ᠠᠵᠤ ᠵᠠᠷᠯᠢᠭᠳᠠᠨ ᠵᠠᠯᠠᠷᠠᠭᠤᠯᠤᠭᠤᠯᠤᠨ᠎ᠠ;
(ᠬᠤᠶᠠᠷ) ᠲᠣᠰ ᠠᠷᠭ᠎ᠠ᠎ᠳᠤ ᠲᠣᠭᠲᠠᠭ᠋ᠠᠭᠰᠠᠨ ᠲᠣᠭᠲᠠᠭ᠋ᠠᠬᠤ ᠳᠡᠰ ᠳᠠᠷᠠᠭ᠋ᠠᠯᠠᠯ᠎ᠠᠴᠠ ᠵᠥᠷᠢᠴᠡᠭᠰᠡᠨ ᠪᠠᠶ᠋ᠢᠪᠠᠯ᠂ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠬᠢᠨᠠᠨ ᠪᠠᠶ᠋ᠢᠴᠠᠭ᠋ᠠᠵᠤ ᠬᠢᠨᠠᠯᠲᠠ ᠲᠠᠯᠪᠢᠭᠰᠠᠨ ᠮᠡᠳᠡᠭᠳᠡᠯ᠎ᠤᠨ ᠪᠢᠴᠢᠭ ᠲᠣᠭᠲᠠᠭ᠋ᠠᠨ ᠪᠠᠭᠤᠯᠭ᠋ᠠᠵᠤ ᠵᠠᠷᠯᠢᠭᠳᠠᠵᠤ ᠪᠠᠢ᠍ᠢ᠍ᠭ᠋ᠠᠳ ᠳᠡᠰ ᠳᠠᠷᠠᠭ᠋ᠠᠯᠠᠯ᠎ᠢ ᠨᠦᠬᠦᠪᠦᠷᠢᠯᠡᠵᠦ ᠵᠠᠯᠠᠷᠠᠭᠤᠯᠤᠭᠰᠠᠨ᠎ᠤ ᠳᠠᠷᠠᠭ᠎ᠠ ᠳᠠᠭᠢᠵᠤ ᠨᠡᠢ᠍ᠢ᠍ᠲᠡᠯᠡᠨᠡ;
(ᠭᠤᠷᠪᠠ) ᠲᠣᠭᠲᠠᠭ᠋ᠠᠭᠰᠠᠨ ᠦᠨᠳᠦᠰᠦᠯᠡᠯ᠎ᠨᠢ ᠬᠤᠭᠤᠷᠤ ᠬᠤᠭᠤᠷᠣᠨᠳᠣ᠎ᠪᠠᠨ ᠬᠠᠷᠢᠯᠴᠠᠨ ᠵᠦᠷᠢᠴᠡᠯᠳᠦᠵᠦ᠂ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠰᠢᠢ᠍ᠳᠪᠦᠷᠢᠯᠡᠬᠦ ᠡᠷᠬᠡ ᠦᠭᠡᠢ ᠵᠢ᠎ᠨᠢ ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠰᠢᠢ᠍ᠳᠪᠦᠷᠢᠯᠡᠭᠦᠯᠦᠨ᠎ᠡ;
(ᠲᠥᠷᠪᠡ) ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠨ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠨᠢ ᠬᠤᠭᠤᠷᠣᠨᠳᠣ᠎ᠪᠠᠨ ᠮᠥᠷᠭᠦᠯᠳᠦᠭᠡᠨ᠎ᠲᠠᠢ ᠪᠣᠯ ᠵᠣᠬᠢᠴᠠᠭᠤᠯᠵᠤ᠂ ᠵᠣᠬᠢᠴᠠᠭᠤᠯᠤᠭ᠋ᠠᠳ ᠰᠠᠨᠠᠯ ᠨᠢᠭᠡᠳᠴᠦ ᠳᠡᠶ᠋ᠢᠯᠬᠦ ᠦᠭᠡᠢ ᠪᠠᠶ᠋ᠢᠪᠠᠯ᠂ ᠰᠢᠢ᠍ᠳᠪᠦᠷᠢᠯᠡᠬᠦ ᠰᠠᠨᠠᠯ ᠳᠤᠷᠠᠳᠴᠤ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠰᠢᠢ᠍ᠳᠪᠦᠷᠢᠯᠡᠭᠦᠯᠦᠨ᠎ᠡ᠃
ᠳᠥᠴᠢᠨ ᠨᠢᠭᠡᠳᠦᠭᠡᠷ ᠵᠦᠢ᠍ᠯ ᠲᠣᠭᠲᠠᠭ᠋ᠠᠭᠰᠠᠨ ᠪᠠᠶ᠋ᠢᠭᠤᠯᠭ᠎ᠠ᠎ᠨᠢ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠬᠢᠨᠠᠨ ᠪᠠᠶ᠋ᠢᠴᠠᠭ᠋ᠠᠵᠤ ᠬᠢᠨᠠᠯᠲᠠ ᠲᠠᠯᠪᠢᠭᠰᠠᠨ ᠮᠡᠳᠡᠭᠳᠡᠯ᠎ᠤᠨ ᠪᠢᠴᠢᠭ᠎ᠢ ᠣᠯᠤᠭᠰᠠᠨ ᠡᠳᠦᠷ᠎ᠠᠴᠠ ᠡᠬᠢᠯᠡᠨ ᠵᠢᠷᠠᠨ ᠡᠳᠦᠷ᠎ᠤᠨ ᠳᠣᠲᠣᠷ᠎ᠠ᠂ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠳᠤ ᠵᠠᠰᠠᠪᠤᠷᠢ ᠣᠷᠣᠭᠤᠯᠬᠤ ᠪᠤᠶᠤ ᠬᠦᠴᠦᠨ ᠥᠭᠡᠢ ᠪᠣᠯᠭ᠋ᠠᠬᠤ ᠵᠢᠨ ᠬᠠᠮᠲᠤ ᠵᠠᠰᠠᠪᠤᠷᠢ ᠣᠷᠣᠭᠤᠯᠬᠤ ᠪᠤᠶᠤ ᠬᠦᠴᠦᠨ ᠥᠭᠡᠢ ᠪᠣᠯᠭ᠋ᠠᠬᠤ ᠲᠣᠭᠲᠠᠭ᠋ᠠᠯ ᠭᠠᠷᠭ᠋ᠠᠭᠰᠠᠨ ᠡᠳᠦᠷ᠎ᠠᠴᠠ ᠡᠬᠢᠯᠡᠨ ᠲᠤᠯᠤᠭ᠋ᠠᠨ ᠠᠵᠢᠯᠯᠠᠬᠤ ᠡᠳᠦᠷ᠎ᠤᠨ ᠳᠣᠲᠣᠷ᠎ᠠ ᠪᠦᠷᠢᠳᠭᠡᠨ ᠳᠠᠩᠰᠠᠯᠠᠵᠤ ᠬᠢᠨᠠᠨ ᠪᠠᠶ᠋ᠢᠴᠠᠭ᠋ᠠᠬᠤ ᠰᠠᠯᠠᠭ᠎ᠠ ᠮᠥᠴᠢᠷ᠎ᠲᠤ ᠰᠢᠢ᠍ᠳᠪᠦᠷᠢᠯᠡᠭᠰᠡᠨ ᠦᠷ᠎ᠡ ᠳ᠋ᠦᠩ ᠵᠶ᠋ᠠᠨ ᠪᠢᠴᠢᠭ᠎ᠤᠨ ᠬᠡᠯᠪᠡᠷᠢ᠎ᠪᠠᠷ ᠬᠠᠷᠢᠭᠤ ᠲᠤᠰᠬᠠᠬᠤ ᠬᠡᠷᠡᠭᠲᠡᠶ᠃ ᠵᠦᠢ ᠶᠣᠰᠣᠨ᠎ᠤ ᠤᠴᠢᠷ ᠰᠢᠯᠲᠠᠭ᠋ᠠᠨ ᠦᠭᠡᠢ᠎ᠪᠠᠷ ᠬᠠᠷᠢᠭᠤ ᠥᠭᠬᠦ ᠦᠭᠡᠢ ᠪᠤᠶᠤ ᠭᠦᠢ᠍ᠴᠡᠳᠬᠡᠬᠦ ᠵᠢ ᠲᠡᠪᠴᠢᠪᠡᠯ᠂ ᠪᠦᠷᠢᠳᠭᠡᠨ ᠳᠠᠩᠰᠠᠯᠠᠵᠤ ᠬᠢᠨᠠᠨ ᠪᠠᠶ᠋ᠢᠴᠠᠭ᠋ᠠᠬᠤ ᠰᠠᠯᠠᠭ᠎ᠠ ᠮᠥᠴᠢᠷ᠎ᠨᠢ ᠳᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠳᠤᠰ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠬᠦᠴᠦᠨ ᠦᠭᠡᠢ ᠪᠣᠯᠭ᠋ᠠᠬᠤ᠎ᠪᠠᠷ ᠳᠡᠪᠰᠢᠭᠦᠯᠬᠦ ᠬᠡᠷᠡᠭᠲᠡᠶ᠃
ᠳᠥᠴᠢᠨ ᠬᠤᠶᠠᠳᠤᠭ᠋ᠠᠷ ᠵᠦᠢ᠍ᠯ ᠪᠦᠷᠢᠳᠭᠡᠨ ᠳᠠᠩᠰᠠᠯᠠᠵᠤ ᠬᠢᠨᠠᠨ ᠪᠠᠶ᠋ᠢᠴᠠᠭ᠋ᠠᠬᠤ ᠰᠠᠯᠠᠭ᠎ᠠ ᠮᠥᠴᠢᠷ᠎ᠨᠢ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠪᠦᠷᠢᠳᠬᠡᠨ ᠳᠠᠩᠰᠠᠯᠠᠵᠤ ᠲᠡᠮᠳᠡᠭᠯᠡᠭᠰᠡᠨ ᠡᠳᠦᠷ᠎ᠠᠴᠠ ᠡᠬᠢᠯᠡᠨ ᠭᠤᠴᠢᠨ ᠡᠳᠦᠷ᠎ᠤᠨ ᠳᠣᠲᠣᠷ᠎ᠠ ᠬᠢᠨᠠᠨ ᠪᠠᠶ᠋ᠢᠴᠠᠭ᠋ᠠᠵᠤ ᠳᠠᠭᠤᠰᠬᠠᠬᠤ ᠬᠡᠷᠡᠭᠲᠡᠶ᠃ ᠲᠤᠰᠬᠠᠶ ᠮᠡᠷᠭᠡᠵᠢᠯ᠎ᠤᠨ ᠴᠢᠨᠠᠷ ᠵᠶ᠋ᠠᠷ ᠴᠢᠩᠭ᠎ᠠ ᠪᠤᠶᠤ ᠬᠤᠯᠪᠣᠭᠳᠠᠬᠤ ᠬᠡᠪᠴᠢᠶ᠎ᠡ᠎ᠪᠠᠷ ᠥᠷᠭᠡᠨ᠂ ᠨᠡᠯᠢᠶᠡᠳ ᠬᠦᠴᠢᠷᠲᠡᠶ ᠪᠠᠢ᠍ᠢ᠍ᠬᠤ ᠵᠢ᠎ᠨᠢ᠂ ᠪᠦᠷᠢᠳᠭᠡᠨ ᠲᠠᠩᠰᠠᠯᠠᠵᠤ ᠬᠢᠨᠠᠨ ᠪᠠᠶ᠋ᠢᠴᠠᠭ᠋ᠠᠬᠤ ᠰᠠᠯᠠᠭ᠎ᠠ ᠮᠥᠴᠢᠷ᠎ᠤᠨ ᠭᠤᠣᠯ ᠬᠠᠷᠢᠭᠤᠴᠠᠯᠭ᠋ᠠᠲᠠᠨ ᠵᠶ᠋ᠠᠷ ᠵᠥᠪᠰᠢᠶᠡᠷᠡᠭᠦᠯᠦᠭᠡᠳ ᠬᠢᠨᠠᠨ ᠪᠠᠶ᠋ᠢᠴᠠᠭ᠋ᠠᠬᠤ ᠬᠤᠭᠤᠴᠠᠭ᠎ᠠ ᠵᠢ᠎ᠨᠢ ᠤᠷᠲᠤᠳᠬᠠᠵᠤ ᠪᠣᠯᠤᠨ᠎ᠠ᠂ ᠭᠡᠪᠡᠴᠦ ᠤᠷᠲᠤᠳᠬᠠᠬᠤ ᠬᠤᠭᠤᠴᠠᠭ᠎ᠠ ᠵᠢ ᠠᠷᠪᠠᠨ ᠲᠠᠪᠤᠨ ᠡᠳᠦᠷ᠎ᠠᠴᠠ ᠬᠡᠲᠦᠷᠡᠭᠦᠯᠵᠦ ᠪᠣᠯᠬᠤ ᠦᠭᠡᠢ᠃
ᠳᠥᠴᠢᠨ ᠭᠤᠷᠪᠠᠳᠤᠭ᠋ᠠᠷ ᠵᠦᠢ᠍ᠯ ᠠᠷᠠᠳ ᠢᠷᠭᠡᠨ᠂ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ᠎ᠨᠢ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠳᠤ ᠣᠨᠳᠣᠣ ᠰᠠᠨᠠᠯ᠎ᠲᠠᠢ ᠪᠠᠶ᠋ᠢᠪᠠᠯ᠂ ᠲᠤᠰ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠪᠦᠷᠢᠳᠭᠡᠨ ᠳᠠᠩᠰᠠᠯᠠᠵᠤ ᠬᠢᠨᠠᠨ ᠪᠠᠢ᠍ᠢ᠍ᠴᠠᠭ᠋ᠠᠭᠰᠠᠨ ᠰᠠᠯᠠᠭ᠎ᠠ ᠮᠥᠴᠢᠷ᠎ᠲᠤ ᠣᠨᠳᠣᠣ ᠰᠠᠨᠠᠯ᠎ᠤᠨ ᠬᠢᠨᠠᠨ ᠪᠠᠶ᠋ᠢᠴᠠᠭ᠋ᠠᠯᠲᠠ ᠬᠢᠯᠭᠡᠬᠦ᠎ᠪᠠᠷ ᠭᠤᠶᠤᠴᠢᠯᠠᠵᠤ ᠪᠣᠯᠤᠨ᠎ᠠ; ᠤᠯᠤᠰ᠎ᠠᠴᠠ ᠡᠭᠴᠡ ᠬᠠᠮᠢᠶᠠᠷᠤᠯᠲᠠ ᠬᠢᠵᠦ ᠪᠠᠢ᠍ᠢ᠍ᠭ᠎ᠠ ᠰᠠᠯᠠᠭ᠎ᠠ ᠮᠥᠴᠢᠷ᠎ᠤᠨ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠳᠤ ᠣᠨᠳᠣᠣ ᠰᠠᠨᠠᠯ᠎ᠲᠠᠢ ᠪᠠᠢ᠍ᠢ᠍ᠪᠠᠯ᠂ ᠲᠣᠭᠲᠠᠭ᠋ᠠᠭᠰᠠᠨ ᠪᠠᠶ᠋ᠢᠭᠤᠯᠭ᠎ᠠ ᠵᠢᠨ ᠳᠡᠭᠡᠷ᠎ᠡ ᠨᠢᠭᠡ ᠱᠠᠲᠤᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠭᠤᠶᠤᠴᠢᠯᠠᠨ᠎ᠠ᠃
ᠳᠥᠴᠢᠨ ᠳᠥᠷᠪᠡᠳᠦᠭᠡᠷ ᠵᠦᠢ᠍ᠯ ᠪᠦᠷᠢᠳᠭᠡᠨ ᠳᠠᠩᠰᠠᠯᠠᠵᠤ ᠬᠢᠨᠠᠨ ᠪᠠᠶ᠋ᠢᠴᠠᠭ᠋ᠠᠬᠤ ᠰᠠᠯᠠᠭ᠎ᠠ ᠮᠥᠴᠢᠷ᠎ᠨᠢ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠣᠨᠳᠣᠣ ᠰᠠᠨᠠᠯ᠎ᠤᠨ ᠬᠢᠨᠠᠨ ᠪᠠᠶ᠋ᠢᠴᠠᠭ᠋ᠠᠯᠲᠠ ᠬᠢᠯᠭᠡᠬᠦ ᠭᠤᠶᠤᠴᠢᠯᠠᠯ᠎ᠢ ᠬᠥᠯᠢᠶᠡᠨ ᠠᠪᠤᠭᠰᠠᠨ ᠡᠳᠦᠷ᠎ᠠᠴᠠ ᠡᠬᠢᠯᠡᠨ ᠲᠠᠪᠤᠨ ᠠᠵᠢᠯᠯᠠᠬᠤ ᠡᠳᠦᠷ᠎ᠤᠨ ᠳᠣᠲᠣᠷ᠎ᠠ ᠬᠡᠯᠪᠡᠷᠢ ᠵᠢᠨ ᠬᠢᠨᠠᠨ ᠪᠠᠶ᠋ᠢᠴᠠᠭ᠋ᠠᠯᠲᠠ ᠬᠢᠵᠦ᠂ ᠪᠦᠷᠢᠳᠭᠡᠨ ᠳᠠᠩᠰᠠᠯᠠᠵᠤ ᠬᠢᠨᠠᠯᠲᠠ ᠲᠠᠯᠪᠢᠬᠤ ᠬᠡᠪᠴᠢᠶᠡᠨ᠎ᠳᠤ ᠬᠠᠷᠢᠶᠠᠯᠠᠭᠳᠠᠬᠤ ᠵᠢ᠎ᠨᠢ ᠬᠥᠯᠢᠶᠡᠨ ᠠᠪᠴᠤ ᠰᠢᠢ᠍ᠳᠪᠦᠷᠢᠯᠡᠬᠦ ᠵᠢᠨ ᠬᠠᠮᠲᠤ ᠵᠢᠷᠠᠨ ᠡᠳᠦᠷ᠎ᠤᠨ ᠳᠣᠲᠣᠷ᠎ᠠ ᠬᠢᠨᠠᠨ ᠪᠠᠶ᠋ᠢᠴᠠᠭ᠋ᠠᠵᠤ ᠳᠠᠭᠤᠰᠬᠠᠬᠤ ᠬᠡᠷᠡᠭᠲᠡᠶ᠃
ᠳᠥᠴᠢᠨ ᠲᠠᠪᠤᠳᠤᠭ᠋ᠠᠷ ᠵᠦᠢ᠍ᠯ ᠣᠨᠳᠣᠣ ᠰᠠᠨᠠᠯ᠎ᠤᠨ ᠬᠢᠨᠠᠨ ᠪᠠᠶ᠋ᠢᠴᠠᠭ᠋ᠠᠯᠲᠠ ᠬᠢᠯᠭᠡᠬᠦ ᠭᠤᠶᠤᠴᠢᠯᠠᠯ᠎ᠳᠤ ᠳᠣᠣᠷ᠎ᠠ ᠵᠢᠭᠰᠠᠭ᠋ᠠᠭᠰᠠᠨ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠬᠦᠯᠢᠶᠡᠨ ᠠᠪᠴᠤ ᠰᠢᠢ᠍ᠳᠪᠦᠷᠢᠯᠡᠬᠦ ᠦᠭᠡᠢ᠄
(ᠨᠢᠭᠡ) ᠣᠨᠳᠣᠣ ᠰᠠᠨᠠᠯ᠎ᠤᠨ ᠬᠢᠨᠠᠨ ᠪᠠᠶ᠋ᠢᠴᠠᠭ᠋ᠠᠯᠲᠠ ᠬᠢᠯᠭᠡᠬᠦ ᠴᠢᠭᠯᠡᠭᠳᠡᠬᠦᠨ ᠡᠲᠡᠬᠡᠳ᠎ᠨᠢ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠳᠤ ᠬᠠᠷᠢᠶᠠᠯᠠᠭᠳᠠᠬᠤ ᠥᠭᠡᠢ;
(ᠬᠤᠶᠠᠷ) ᠭᠤᠶᠤᠴᠢᠯᠠᠭᠴᠢ᠎ᠨᠢ ᠠᠳᠠᠯᠢ ᠨᠢᠭᠡᠨ ᠠᠭᠤᠯᠭ᠎ᠠ ᠵᠢᠨ ᠲᠣᠬᠠᠢ ᠨᠢᠭᠡᠨᠲᠡ ᠬᠢᠨᠠᠨ ᠪᠠᠶ᠋ᠢᠴᠠᠭ᠋ᠠᠬᠤ ᠡᠷᠬᠡ᠎ᠲᠠᠢ ᠪᠤᠰᠤᠳ ᠪᠠᠶ᠋ᠢᠭᠤᠯᠭ᠎ᠠ᠎ᠳᠤ ᠬᠠᠤᠯᠢ ᠶᠣᠰᠣᠭ᠋ᠠᠷ ᠬᠢᠨᠠᠨ ᠪᠠᠶ᠋ᠢᠴᠠᠭ᠋ᠠᠯᠭ᠋ᠠᠬᠤ ᠭᠤᠶᠤᠴᠢᠯᠠᠯ ᠳᠤᠷᠠᠳᠤᠭᠰᠠᠨ;
(ᠭᠤᠷᠪᠠ) ᠪᠦᠷᠢᠳᠭᠡᠨ ᠲᠠᠩᠰᠠᠯᠠᠵᠤ ᠬᠢᠨᠠᠨ ᠪᠠᠶ᠋ᠢᠴᠠᠭ᠋ᠠᠬᠤ ᠰᠠᠯᠠᠭ᠎ᠠ ᠮᠥᠴᠢᠷ᠎ᠠᠴᠠ ᠠᠳᠠᠯᠢ ᠨᠢᠭᠡᠨ ᠠᠭᠤᠯᠭ᠎ᠠ ᠵᠢᠨ ᠲᠣᠬᠠᠢ ᠬᠢᠨᠠᠨ ᠪᠠᠶ᠋ᠢᠴᠠᠭ᠋ᠠᠯᠭ᠋ᠠᠬᠤ ᠭᠤᠶᠤᠴᠢᠯᠠᠯ᠎ᠢ ᠨᠢᠭᠡᠨᠲᠡ ᠰᠢᠢ᠍ᠳᠪᠦᠷᠢᠯᠡᠭᠰᠡᠨ;
(ᠲᠦᠷᠪᠡ) ᠬᠦᠴᠦᠨ᠎ᠲᠠᠢ ᠪᠣᠯᠤᠭᠰᠠᠨ ᠠᠷᠠᠳ᠎ᠤᠨ ᠰᠢᠭᠦᠬᠦ ᠬᠤᠷᠢᠶᠠᠨ᠎ᠤ ᠲᠠᠰᠤᠯᠤᠨ ᠲᠣᠭᠲᠠᠭ᠋ᠠᠯᠲᠠ ᠵᠢᠨ ᠪᠢᠴᠢᠭ ᠬᠠᠷ᠎ᠠ᠂ ᠵᠠᠰᠠᠭ ᠵᠠᠬᠢᠷᠭ᠋ᠠᠨ᠎ᠤ ᠳᠠᠬᠢᠨ ᠵᠦᠪᠯᠡᠬᠦ ᠲᠣᠭᠲᠠᠭ᠋ᠠᠯ᠎ᠤᠨ ᠪᠢᠴᠢᠭ ᠬᠠᠷ᠎ᠠ᠎ᠳᠤ ᠬᠢᠨᠠᠨ ᠪᠠᠶ᠋ᠢᠴᠠᠭ᠋ᠠᠯᠭ᠋ᠠᠬᠤ᠎ᠪᠠᠷ ᠭᠤᠶᠤᠴᠢᠯᠠᠭᠰᠠᠨ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠠᠤᠯᠢ ᠶᠣᠰᠣᠴᠢ ᠴᠢᠨᠠᠷ᠎ᠢ ᠨᠢᠭᠡᠨᠲᠡ ᠮᠠᠭ᠋ᠠᠳᠯᠠᠨ ᠲᠣᠭᠲᠠᠭ᠋ᠠᠭᠰᠠᠨ;
(ᠲᠠᠪᠤ) ᠬᠠᠤᠯᠢ ᠶᠣᠰᠣᠭ᠋ᠠᠷ ᠦᠯᠦ ᠬᠦᠯᠢᠶᠡᠨ ᠠᠪᠴᠤ ᠰᠢᠢ᠍ᠳᠪᠦᠷᠢᠯᠡᠬᠦ ᠪᠤᠰᠤᠳ ᠪᠠᠶ᠋ᠢᠳᠠᠯ᠃
ᠳᠥᠴᠢᠨ ᠵᠢᠷᠭᠤᠳᠤᠭ᠋ᠠᠷ ᠵᠦᠢ᠍ᠯ ᠪᠦᠷᠢᠳᠭᠡᠨ ᠳᠡᠩᠰᠡᠯᠡᠵᠦ ᠬᠢᠨᠠᠨ ᠪᠠᠶ᠋ᠢᠴᠠᠭ᠋ᠠᠬᠤ ᠰᠠᠯᠠᠭ᠎ᠠ ᠮᠥᠴᠢᠷ᠎ᠨᠢ ᠲᠣᠰ ᠠᠷᠭ᠎ᠠ ᠵᠢᠨ ᠲᠣᠭᠲᠠᠭ᠋ᠠᠯ ᠶᠣᠰᠣᠭ᠋ᠠᠷ᠂ ᠣᠨᠳᠣᠤ ᠰᠠᠨᠠᠯ᠎ᠤᠨ ᠬᠢᠨᠠᠨ ᠪᠠᠶ᠋ᠢᠴᠠᠭ᠋ᠠᠯᠲᠠ ᠬᠢᠯᠭᠡᠬᠦ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠬᠢᠨᠠᠨ ᠪᠠᠶ᠋ᠢᠴᠠᠭ᠋ᠠᠬᠤ ᠵᠢᠨ ᠬᠠᠮᠲᠤ᠂ ᠬᠢᠨᠠᠨ ᠪᠠᠶ᠋ᠢᠴᠠᠭ᠋ᠠᠭᠰᠠᠨ ᠦᠷ᠎ᠡ ᠳ᠋ᠦᠩ ᠵᠶ᠋ᠠᠨ ᠭᠤᠶᠤᠴᠢᠯᠠᠭᠴᠢ᠎ᠳᠤ ᠪᠢᠴᠢᠭ᠎ᠤᠨ ᠬᠡᠯᠪᠡᠷᠢ᠎ᠪᠠᠷ ᠮᠡᠳᠡᠭᠳᠡᠵᠦ ᠤᠴᠢᠷ ᠰᠢᠯᠲᠠᠭ᠋ᠠᠨ ᠵᠶ᠋ᠠᠨ ᠲᠣᠳᠣᠷᠬᠠᠶ᠋ᠢᠯᠠᠬᠤ ᠬᠡᠷᠡᠭᠲᠡᠶ᠃
ᠳᠥᠴᠢᠨ ᠳᠣᠯᠣᠳᠤᠭ᠋ᠠᠷ ᠵᠦᠢ᠍ᠯ ᠪᠦᠷᠢᠳᠭᠡᠨ ᠳᠠᠩᠰᠠᠯᠠᠵᠤ ᠬᠢᠨᠠᠨ ᠪᠠᠶ᠋ᠢᠴᠠᠭ᠋ᠠᠬᠤ ᠰᠠᠯᠠᠭ᠎ᠠ ᠮᠥᠴᠢᠷ᠎ᠨᠢ ᠣᠨᠳᠣᠣ ᠰᠠᠨᠠᠯ᠎ᠤᠨ ᠬᠢᠨᠠᠨ ᠪᠠᠶ᠋ᠢᠴᠠᠭ᠋ᠠᠯᠲᠠ ᠬᠢᠬᠦ᠎ᠳᠤ᠎ᠪᠠᠨ᠂ ᠲᠣᠭᠲᠠᠭ᠋ᠠᠬᠰᠠᠨ ᠪᠠᠶ᠋ᠢᠭᠤᠯᠭ᠎ᠠ᠎ᠪᠠᠷ ᠲᠣᠳᠣᠷᠬᠠᠶ᠋ᠢᠯᠠᠯᠲᠠ ᠬᠢᠯᠭᠡᠬᠦ ᠵᠢᠨ ᠬᠠᠮᠲᠤ ᠬᠠᠮᠢᠶ᠎ᠠ ᠪᠦᠬᠦᠢ ᠮᠠᠲ᠋ᠧᠷᠢᠶᠠᠯ᠎ᠢ ᠬᠠᠩᠭ᠋ᠠᠯᠭ᠋ᠠᠬᠤ᠎ᠪᠠᠷ ᠱᠠᠭ᠋ᠠᠷᠳᠠᠵᠤ ᠪᠣᠯᠤᠨ᠎ᠠ᠃ ᠲᠣᠭᠲᠠᠭ᠋ᠠᠬᠰᠠᠨ ᠪᠠᠶ᠋ᠢᠭᠤᠯᠭ᠎ᠠ᠎ᠨᠢ ᠮᠡᠳᠡᠭᠳᠡᠯ᠎ᠢ ᠣᠯᠤᠭᠰᠠᠨ ᠡᠳᠦᠷ᠎ᠠᠴᠠ ᠡᠬᠢᠯᠡᠨ ᠲᠤᠯᠤᠭ᠋ᠠᠨ ᠠᠵᠢᠯᠯᠠᠬᠤ ᠡᠳᠦᠷ᠎ᠤᠨ ᠳᠣᠲᠣᠷ᠎ᠠ ᠪᠢᠴᠢᠭ᠎ᠤᠨ ᠬᠡᠯᠪᠡᠷᠢ᠎ᠪᠠᠷ ᠬᠠᠷᠢᠭᠤ ᠥᠭᠬᠦ ᠵᠢᠨ ᠬᠠᠮᠲᠤ ᠬᠠᠮᠢᠶ᠎ᠠ ᠪᠥᠬᠦᠶ ᠬᠢᠨᠠᠨ ᠪᠠᠶ᠋ᠢᠴᠠᠭ᠋ᠠᠬᠤ ᠠᠵᠢᠯ᠎ᠢ ᠬᠠᠮᠵᠢᠯᠴᠠᠨ ᠰᠠᠶ᠋ᠢᠲᠤᠷ ᠬᠢᠬᠦ ᠬᠡᠷᠡᠭᠲᠡᠶ᠃
ᠪᠦᠷᠢᠳᠭᠡᠨ ᠳᠠᠩᠰᠠᠯᠠᠵᠤ ᠬᠢᠨᠠᠨ ᠪᠠᠶ᠋ᠢᠴᠠᠭ᠋ᠠᠬᠤ ᠰᠠᠯᠠᠭ᠎ᠠ ᠮᠥᠴᠢᠷ᠎ᠨᠢ ᠲᠣᠭᠲᠠᠭ᠋ᠠᠬᠰᠠᠨ ᠪᠠᠶ᠋ᠢᠭᠤᠯᠭ᠎ᠠ᠎ᠪᠠᠷ ᠲᠣᠳᠣᠷᠬᠠᠶ᠋ᠢᠯᠠᠯᠲᠠ ᠬᠢᠯᠭᠡᠬᠦ ᠵᠢᠨ ᠬᠠᠮᠲᠤ ᠬᠠᠮᠢᠶ᠎ᠠ ᠪᠦᠬᠦᠢ ᠮᠠᠲ᠋ᠧᠷᠢᠶᠠᠯ᠎ᠢ ᠬᠠᠩᠭ᠋ᠠᠯᠭ᠋ᠠᠬᠤ᠎ᠪᠠᠷ ᠱᠠᠭ᠋ᠠᠷᠳᠠᠭᠰᠠᠨ ᠪᠠᠶ᠋ᠢᠪᠠᠯ᠂ ᠬᠡᠷᠡᠭᠰᠡᠬᠦ ᠴᠠᠭ᠎ᠢ᠎ᠨᠢ ᠣᠨᠳᠣᠣ ᠰᠠᠨᠠᠯ᠎ᠢ ᠬᠢᠨᠠᠨ ᠪᠠᠶ᠋ᠢᠴᠠᠭ᠋ᠠᠬᠤ ᠬᠤᠭᠤᠴᠠᠭ᠋ᠠᠨ᠎ᠳᠤ ᠪᠤᠳᠤᠵᠤ ᠣᠷᠣᠭᠤᠯᠬᠤ ᠦᠭᠡᠢ᠃
ᠵᠢᠷᠭᠤᠳᠤᠭ᠋ᠠᠷ ᠪᠦᠯᠦᠭ ᠢᠯᠭ᠋ᠠᠷᠠᠭᠤᠯᠤᠨ ᠴᠡᠪᠡᠷᠯᠡᠬᠦ
ᠳᠥᠴᠢᠨ ᠨᠠᠢ᠍ᠮᠠᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠦᠴᠦᠨ᠎ᠲᠠᠢ ᠬᠤᠭᠤᠴᠠᠭ᠎ᠠ ᠵᠢ ᠲᠣᠳᠣᠷᠬᠠᠶ᠋ᠢᠯᠠᠵᠤ᠂ ᠬᠦᠴᠦᠨ᠎ᠲᠠᠢ ᠬᠤᠭᠤᠴᠠᠭ᠎ᠠ ᠵᠢ ᠬᠡᠷᠡᠭᠵᠢᠭᠦᠯᠦᠭᠰᠡᠨ ᠡᠳᠦᠷ᠎ᠠᠴᠠ ᠡᠬᠢᠯᠡᠨ ᠪᠤᠳᠤᠬᠤ ᠬᠡᠷᠡᠭᠲᠡᠶ᠃ ᠬᠦᠴᠦᠨ᠎ᠲᠠᠢ ᠬᠤᠭᠤᠴᠠᠭ᠎ᠠ᠎ᠨᠢ ᠭᠦᠢ᠍ᠴᠡᠵᠦ ᠤᠷᠲᠤᠳᠬᠠᠬᠤ ᠵᠢ ᠲᠣᠳᠣᠷᠬᠠᠶ᠋ᠢᠯᠠᠭᠰᠠᠨ ᠥᠬᠡᠶ ᠪᠣᠯ᠂ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠨᠢ ᠠᠶᠠᠨᠳᠠᠭ᠋ᠠᠨ ᠬᠦᠴᠦᠨ ᠥᠬᠡᠶ ᠪᠣᠯᠤᠨ᠎ᠠ᠃
ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠦᠴᠦᠨ᠎ᠲᠠᠢ ᠬᠤᠭᠤᠴᠠᠭ᠎ᠠ ᠵᠢ ᠲᠠᠪᠤᠨ ᠵᠢᠯ᠎ᠠᠴᠠ ᠬᠡᠲᠦᠷᠡᠭᠦᠯᠬᠦ ᠥᠭᠡᠢ᠃ ᠨᠡᠷᠡᠶ᠋ᠢᠳᠦᠯ᠎ᠢ᠎ᠨᠢ ᠲᠦᠷ ᠬᠡᠷᠡᠭᠵᠢᠭᠦᠯᠬᠦ᠂ ᠲᠤᠷᠰᠢᠨ ᠬᠡᠷᠡᠭᠵᠢᠭᠦᠯᠬᠦ᠎ᠪᠠᠷ ᠲᠠᠯᠪᠢᠭᠰᠠᠨ ᠪᠠᠶ᠋ᠢᠪᠠᠯ᠂ ᠬᠦᠴᠦᠨ᠎ᠲᠠᠢ ᠬᠤᠭᠤᠴᠠᠭ᠎ᠠ ᠵᠢ᠎ᠨᠢ ᠬᠤᠶᠠᠷ ᠵᠢᠯ᠎ᠠᠴᠠ ᠬᠡᠲᠦᠷᠡᠭᠦᠯᠬᠦ ᠦᠭᠡᠢ᠃
ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠬᠦᠴᠦᠨ ᠥᠬᠡᠶ ᠪᠣᠯᠭ᠋ᠠᠬᠤ ᠪᠤᠶᠤ ᠶᠠᠮᠠᠷ ᠨᠢᠭᠡᠨ ᠲᠦᠷᠢᠮ᠎ᠤᠨ ᠬᠡᠷᠡᠭᠵᠢᠭᠦᠯᠦᠯᠲᠡ ᠵᠢ ᠵᠣᠭᠰᠣᠭ᠋ᠠᠬᠤ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠳᠤ ᠲᠣᠰ ᠵᠦᠢ᠍ᠯ᠎ᠤᠨ ᠨᠢᠭᠡᠳᠦᠭᠡᠷ ᠵᠣᠷᠪᠤᠰ᠂ ᠬᠤᠶᠠᠳᠤᠭ᠋ᠠᠷ ᠵᠣᠷᠪᠤᠰ᠎ᠤᠨ ᠲᠣᠭᠲᠠᠭ᠋ᠠᠯ ᠲᠣᠬᠢᠷᠠᠬᠤ ᠦᠭᠡᠢ᠃
ᠳᠥᠴᠢ ᠶᠢᠰᠦᠳᠦᠭᠡᠷ ᠵᠦᠢ᠍ᠯ ᠲᠣᠭᠲᠠᠭ᠋ᠠᠭᠰᠠᠨ ᠪᠠᠢ᠍ᠢ᠍ᠭᠤᠯᠭ᠎ᠠ᠎ᠨᠢ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠦᠴᠦᠨ᠎ᠲᠠᠢ ᠬᠤᠭᠤᠴᠠᠭ᠎ᠠ ᠭᠦᠢ᠍ᠴᠡᠬᠦ᠎ᠠᠴᠠ ᠡᠮᠦᠨᠡᠬᠢ ᠵᠢᠷᠭᠤᠭ᠋ᠠᠨ ᠰᠠᠷ᠎ᠠ ᠵᠢᠨ ᠳᠣᠲᠣᠷ᠎ᠠ ᠲᠡᠭᠦᠨ᠎ᠳᠤ ᠦᠨᠡᠯᠡᠨ ᠵᠢᠱ᠌ᠢᠯᠲᠡ ᠬᠢᠵᠦ᠂ ᠦᠨᠡᠨ ᠬᠦ᠌ ᠤᠷᠲᠤᠳᠬᠠᠬᠤ ᠴᠢᠬᠤᠯᠠᠲᠠᠢ ᠪᠣᠯ ᠳᠠᠬᠢᠨ ᠨᠡᠶ᠋ᠢᠲᠡᠯᠡᠵᠦ ᠬᠡᠷᠡᠭᠵᠢᠭᠦᠯᠦᠨ᠂ ᠬᠦᠴᠦᠨ᠎ᠲᠠᠢ ᠬᠤᠭᠤᠴᠠᠭ᠎ᠠ ᠵᠢ ᠨᠡᠶ᠋ᠢᠲᠡᠯᠡᠭᠰᠡᠨ ᠡᠳᠦᠷ᠎ᠠᠴᠠ ᠡᠬᠢᠯᠡᠨ ᠳᠠᠬᠢᠵᠤ ᠰᠢᠨ᠎ᠡ᠎ᠪᠠᠷ ᠪᠤᠳᠤᠬᠤ ᠬᠡᠷᠡᠭᠲᠡᠶ᠃
ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠨᠡᠷᠡᠶ᠋ᠢᠳᠦᠯ᠎ᠢ ᠲᠦᠷ ᠬᠡᠷᠡᠭᠵᠢᠭᠦᠯᠬᠦ᠂ ᠲᠤᠷᠰᠢᠨ ᠬᠡᠷᠡᠭᠵᠢᠭᠦᠯᠬᠦ᠎ᠪᠠᠷ ᠲᠠᠯᠪᠢᠭᠰᠠᠨ ᠪᠠᠶ᠋ᠢᠪᠠᠯ᠂ ᠬᠦᠴᠦᠨ᠎ᠲᠠᠢ ᠬᠤᠭᠤᠴᠠᠭ᠎ᠠ ᠵᠢ᠎ᠨᠢ ᠤᠷᠲᠤᠳᠬᠠᠵᠤ ᠪᠣᠯᠬᠤ ᠥᠬᠡᠶ᠃
ᠲᠠᠪᠢᠳᠤᠭ᠋ᠠᠷ ᠵᠦᠢ᠍ᠯ ᠲᠣᠭᠲᠠᠭ᠋ᠠᠭᠰᠠᠨ ᠪᠠᠢ᠍ᠢ᠍ᠭᠤᠯᠭ᠎ᠠ᠎ᠨᠢ ᠬᠤᠶᠠᠷ ᠵᠢᠯ ᠪᠦᠷᠢ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠪᠥᠬᠦ ᠲᠠᠯ᠎ᠠ᠎ᠪᠠᠷ ᠢᠯᠭ᠋ᠠᠷᠠᠭᠤᠯᠤᠨ ᠴᠡᠪᠡᠷᠯᠡᠬᠦ ᠬᠡᠷᠡᠭᠲᠡᠶ᠃ ᠵᠠᠰᠠᠭ᠎ᠤᠨ ᠣᠷᠳᠣᠨ᠎ᠤ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠢᠯᠭ᠋ᠠᠷᠠᠭᠤᠯᠤᠨ ᠴᠡᠪᠡᠷᠯᠡᠬᠦ ᠠᠵᠢᠯ᠎ᠢ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠵᠢᠯᠯᠠᠬᠤ ᠪᠠᠶ᠋ᠢᠭᠤᠯᠤᠮᠵᠢ᠎ᠠᠴᠠ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠰᠠᠯᠠᠭ᠎ᠠ ᠮᠥᠴᠢᠷ᠎ᠤᠨ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠢᠯᠭ᠋ᠠᠷᠠᠭᠤᠯᠤᠨ ᠴᠡᠪᠡᠷᠯᠡᠬᠦ ᠠᠵᠢᠯ᠎ᠢ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃
ᠲᠠᠪᠢᠨ ᠨᠢᠭᠡᠳᠦᠭᠡᠷ ᠵᠦᠢ᠍ᠯ ᠲᠣᠭᠲᠠᠭ᠋ᠠᠭᠰᠠᠨ ᠪᠠᠢ᠍ᠢ᠍ᠭᠤᠯᠭ᠎ᠠ᠎ᠨᠢ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠢᠯᠭ᠋ᠠᠷᠠᠭᠤᠯᠤᠨ ᠴᠡᠪᠡᠷᠯᠡᠵᠦ ᠳᠠᠭᠤᠰᠤᠭᠰᠠᠨ᠎ᠤ ᠲᠠᠷᠠᠭ᠎ᠠ᠂ ᠭᠤᠴᠢᠨ ᠡᠳᠦᠷ᠎ᠤᠨ ᠳᠣᠲᠣᠷ᠎ᠠ ᠦᠷᠭᠦᠯᠵᠢᠯᠡᠨ ᠬᠦᠴᠦᠨ᠎ᠲᠠᠢ ᠪᠠᠶ᠋ᠢᠬᠤ᠂ ᠬᠦᠴᠦᠨ ᠥᠭᠡᠢ ᠪᠣᠯᠭ᠋ᠠᠭᠰᠠᠨ ᠪᠠ ᠬᠦᠴᠦᠨ ᠥᠭᠡᠢ ᠪᠣᠯᠤᠭᠰᠠᠨ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠭᠠᠷᠴᠠᠭ᠎ᠢ ᠨᠡᠢ᠍ᠢ᠍ᠭᠡᠮ᠎ᠳᠤ ᠢᠯᠡ ᠨᠡᠶ᠋ᠢᠲᠡᠯᠡᠬᠦ ᠵᠢᠨ ᠬᠠᠮᠲᠤ ᠲᠤᠰ ᠠᠷᠭ᠎ᠠ ᠵᠢᠨ ᠭᠤᠴᠢᠨ ᠭᠤᠷᠪᠠᠳᠤᠭ᠋ᠠᠷ ᠵᠦᠢ᠍ᠯ᠎ᠤᠨ ᠲᠣᠭᠲᠠᠭ᠋ᠠᠯ ᠶᠣᠰᠣᠭ᠋ᠠᠷ ᠮᠡᠳᠡᠭᠦᠯᠵᠦ ᠪᠦᠷᠢᠳᠭᠡᠨ ᠳᠠᠩᠰᠠᠯᠠᠭᠤᠯᠬᠤ ᠬᠡᠷᠡᠭᠲᠡᠶ᠃
ᠦᠷᠭᠦᠯᠵᠢᠯᠡᠨ ᠬᠦᠴᠦᠨ᠎ᠲᠠᠢ ᠪᠠᠶ᠋ᠢᠬᠤ ᠭᠠᠷᠴᠠᠭ᠎ᠲᠤ ᠵᠢᠭᠰᠠᠭ᠋ᠠᠨ ᠣᠷᠣᠭᠤᠯᠤᠭᠰᠠᠨ ᠥᠬᠡᠶ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠦᠨᠳᠦᠰᠦᠯᠡᠯ ᠪᠣᠯᠭ᠋ᠠᠵᠤ ᠪᠣᠯᠬᠤ ᠥᠬᠡᠶ᠃
ᠲᠠᠪᠢᠨ ᠬᠤᠶᠠᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠲᠤᠰ ᠠᠷᠭ᠎ᠠ᠎ᠳᠤ ᠲᠣᠭᠲᠠᠭ᠋ᠠᠭᠰᠠᠨ ᠪᠦᠷᠢᠳᠭᠡᠨ ᠳᠠᠩᠰᠠᠯᠠᠵᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠵᠢᠨ ᠶᠣᠰᠣᠭ᠋ᠠᠷ᠂ ᠵᠠᠰᠠᠭ᠎ᠤᠨ ᠣᠷᠳᠣᠨ᠎ᠤ ᠰᠦᠯᠵᠢᠶᠡᠨ ᠦᠷᠳᠡᠭᠡ ᠪᠤᠶᠤ ᠵᠠᠰᠠᠭ᠎ᠤᠨ ᠣᠷᠳᠣᠨ᠎ᠤ ᠠᠯᠪᠠᠨ ᠮᠡᠳᠡᠭᠡ᠎ᠪᠠᠷ ᠳᠠᠮᠵᠢᠭᠤᠯᠤᠨ᠂ ᠪᠦᠷᠢᠳᠬᠡᠨ ᠳᠠᠩᠰᠠᠯᠠᠵᠤ ᠲᠡᠮᠳᠡᠭᠯᠡᠭᠰᠡᠨ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠭᠠᠷᠴᠠᠭ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠨᠡᠢ᠍ᠢ᠍ᠭᠡᠮ᠎ᠳᠤ ᠢᠯᠡ ᠨᠡᠶ᠋ᠢᠲᠡᠯᠡᠬᠦ ᠬᠡᠷᠡᠭᠲᠡᠶ᠃
ᠲᠠᠪᠢᠨ ᠭᠤᠷᠪᠠᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠨᠢ ᠣᠲᠣ ᠵᠢᠨ ᠬᠡᠷᠡᠭᠵᠢᠭᠦᠯᠵᠦ ᠪᠠᠶ᠋ᠢᠭ᠎ᠠ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠣᠭᠲᠠᠭ᠋ᠠᠯ ᠳᠦᠷᠢᠮ ᠵᠢᠴᠢ ᠳᠡᠭᠡᠳᠦ ᠱᠠᠲᠤᠨ᠎ᠤ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠯᠤᠭ᠎ᠠ ᠬᠠᠷᠢᠯᠴᠠᠨ ᠬᠠᠷᠰᠢᠯᠳᠤᠭᠰᠠᠨ᠂ ᠡᠰᠡᠬᠦᠯ᠎ᠡ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠡᠷᠡᠭᠴᠡᠭᠡ᠎ᠳᠤ ᠵᠣᠬᠢᠴᠠᠬᠤ ᠥᠬᠡᠶ ᠪᠠᠶ᠋ᠢᠪᠠᠯ᠂ ᠲᠣᠭᠲᠠᠭ᠋ᠠᠭᠰᠠᠨ ᠪᠠᠶ᠋ᠢᠭᠤᠯᠭ᠎ᠠ᠎ᠨᠢ ᠴᠠᠭ ᠲᠤᠬᠠᠶ᠎ᠳᠤᠨᠢ ᠵᠠᠰᠠᠪᠤᠷᠢ ᠣᠷᠣᠭᠤᠯᠬᠤ ᠪᠤᠶᠤ ᠬᠦᠴᠦᠨ ᠥᠬᠡᠶ ᠪᠣᠯᠭ᠋ᠠᠬᠤ ᠬᠡᠷᠡᠭᠲᠡᠶ᠃
ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠵᠠᠰᠠᠪᠤᠷᠢ ᠣᠷᠣᠭᠤᠯᠬᠤ᠂ ᠬᠦᠴᠦᠨ ᠥᠭᠡᠢ ᠪᠣᠯᠭ᠋ᠠᠬᠤ ᠳᠡᠰ ᠳᠠᠷᠠᠭ᠋ᠠᠯᠠᠯ᠎ᠳᠤ ᠲᠤᠰ ᠠᠷᠭ᠎ᠠ ᠵᠢ ᠲᠣᠬᠢᠷᠠᠭᠤᠯᠤᠨ ᠬᠡᠷᠡᠭᠯᠡᠨ᠎ᠡ᠃
ᠳᠣᠯᠣᠳᠤᠭ᠋ᠠᠷ ᠪᠦᠯᠦᠭ ᠬᠠᠤᠯᠢ ᠴᠠᠭ᠋ᠠᠵᠠ ᠵᠢᠨ ᠬᠠᠷᠢᠭᠤᠴᠠᠯᠭ᠎ᠠ
ᠲᠠᠪᠢᠨ ᠳᠥᠷᠪᠡᠳᠦᠭᠡᠷ ᠵᠦᠢ᠍ᠯ ᠲᠤᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠭᠰᠡᠨ ᠥᠢ᠍ᠯᠡ ᠠᠵᠢᠯᠯᠠᠭ᠎ᠠ᠎ᠳᠤ ᠬᠤᠯᠪᠣᠭᠳᠠᠯ ᠪᠥᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠨᠢᠭᠡᠨᠲᠡ ᠪᠣᠳᠠᠲᠠᠶ ᠰᠢᠢ᠍ᠳᠬᠡᠨ ᠲᠣᠷᠭ᠋ᠠᠬᠤ ᠲᠣᠭᠲᠠᠭ᠋ᠠᠯ ᠭᠠᠷᠭ᠋ᠠᠭᠰᠠᠨ ᠪᠣᠯ ᠲᠡᠷᠡ ᠬᠦ᠌ ᠲᠣᠭᠲᠠᠭ᠋ᠠᠯ ᠵᠶ᠋ᠠᠷ ᠬᠡᠷᠡᠭᠵᠢᠭᠦᠯᠦᠨ᠎ᠡ᠃
ᠲᠠᠪᠢᠨ ᠲᠠᠪᠤᠳᠤᠭ᠋ᠠᠷ ᠵᠦᠢ᠍ᠯ ᠲᠤᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠵᠦ᠂ ᠵᠠᠰᠠᠭ ᠵᠠᠬᠢᠷᠭ᠋ᠠᠨ᠎ᠤ ᠪᠠᠢ᠍ᠢ᠍ᠭᠤᠯᠭ᠎ᠠ ᠪᠠ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠠᠴᠠ ᠡᠷᠬᠡ ᠣᠯᠭᠤᠭᠰᠠᠨ ᠤᠯᠠᠨ ᠨᠡᠶ᠋ᠢᠲᠡ ᠵᠢᠨ ᠠᠵᠢᠯ ᠶᠠᠪᠤᠳᠠᠯ᠎ᠢ ᠬᠠᠮᠢᠶᠠᠷᠬᠤ ᠡᠭᠦᠷᠭᠡ ᠴᠢᠳᠠᠪᠤᠷᠢ᠎ᠲᠠᠢ ᠵᠣᠬᠢᠶᠠᠨ ᠪᠠᠶ᠋ᠢᠭᠤᠯᠤᠯᠲᠠ᠎ᠳᠤ ᠳᠣᠣᠷᠠᠬᠢ ᠥᠢ᠍ᠯᠡ ᠠᠵᠢᠯᠯᠠᠭ᠎ᠠ ᠵᠢᠨ ᠨᠢᠭᠡ᠎ᠨᠢ ᠪᠠᠶ᠋ᠢᠪᠠᠯ᠂ ᠡᠷᠬᠡᠲᠦ ᠪᠠᠢ᠍ᠢ᠍ᠭᠤᠯᠭ᠎ᠠ᠎ᠠᠴᠠ ᠵᠠᠷᠯᠢᠭᠳᠠᠨ ᠵᠠᠯᠠᠷᠠᠭᠤᠯᠤᠭᠤᠯᠵᠤ᠂ ᠳᠣᠩᠭᠤᠳᠬᠤ ᠪᠤᠶᠤ ᠨᠡᠪᠲᠡᠷᠡᠭᠦᠯᠦᠨ ᠮᠡᠳᠡᠭᠡᠯᠡᠵᠦ ᠰᠢᠭᠦᠮᠵᠢᠯᠡᠨ᠂ ᠰᠢᠭᠤᠳ ᠬᠠᠷᠢᠭᠤᠴᠠᠵᠤ ᠪᠠᠶ᠋ᠢᠭ᠎ᠠ ᠭᠤᠤᠯᠴᠢᠯᠠᠨ ᠬᠠᠮᠢᠶᠠᠷᠬᠤ ᠠᠵᠢᠯᠲᠠᠨ ᠪᠠ ᠪᠤᠰᠤᠳ ᠰᠢᠭᠤᠳ ᠬᠠᠷᠢᠭᠤᠴᠠᠯᠭ᠎ᠠ᠎ᠲᠠᠢ ᠬᠥᠮᠦᠰ᠎ᠲᠤ ᠬᠠᠤᠯᠢ ᠶᠣᠰᠣᠭ᠋ᠠᠷ ᠰᠢᠢ᠍ᠳᠬᠡᠯ ᠥᠭᠭᠦᠨ᠎ᠡ᠄
(ᠨᠢᠭᠡ) ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠣᠭᠲᠠᠭ᠋ᠠᠯ ᠶᠣᠰᠣᠭ᠋ᠠᠷ ᠲᠣᠭᠲᠠᠭ᠋ᠠᠭᠰᠠᠨ ᠥᠭᠡᠢ;
(ᠬᠤᠶᠠᠷ) ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠣᠭᠲᠠᠭ᠋ᠠᠯ ᠶᠣᠰᠣᠭ᠋ᠠᠷ ᠨᠡᠶ᠋ᠢᠲᠡᠯᠡᠭᠰᠡᠨ ᠥᠭᠡᠢ;
(ᠭᠤᠷᠪᠠ) ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠪᠦᠷᠢᠳᠭᠡᠨ ᠳᠠᠩᠰᠠᠯᠠᠭᠤᠯᠬᠤ᠎ᠪᠠᠷ ᠮᠡᠳᠡᠭᠦᠯᠦᠨ ᠬᠦᠷᠭᠡᠬᠦ ᠥᠭᠡᠢ ᠪᠤᠶᠤ ᠲᠣᠭᠲᠠᠭ᠋ᠠᠯ ᠶᠣᠰᠣᠭ᠋ᠠᠷ ᠮᠡᠳᠡᠭᠦᠯᠦᠨ ᠬᠦᠷᠭᠡᠭᠰᠡᠨ ᠥᠭᠡᠢ;
(ᠲᠥᠷᠪᠡ) ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠪᠦᠷᠢᠳᠬᠡᠨ ᠳᠠᠩᠰᠠᠯᠠᠵᠦ ᠬᠢᠨᠠᠨ ᠪᠠᠶ᠋ᠢᠴᠠᠭ᠋ᠠᠵᠤ ᠬᠢᠨᠠᠯᠲᠠ ᠲᠠᠯᠪᠢᠭᠰᠠᠨ ᠮᠡᠳᠡᠭᠳᠡᠯ᠎ᠤᠨ ᠪᠢᠴᠢᠭ᠎ᠤᠨ ᠰᠠᠨᠠᠯ᠎ᠳᠤ ᠵᠦᠢ ᠶᠣᠰᠣᠨ᠎ᠤ ᠤᠴᠢᠷ ᠰᠢᠯᠲᠠᠭ᠋ᠠᠨ ᠥᠭᠡᠢ᠎ᠪᠠᠷ ᠬᠠᠷᠢᠭᠤ ᠥᠭᠬᠦ ᠥᠭᠡᠢ ᠪᠤᠶᠤ ᠬᠡᠷᠡᠭᠵᠢᠭᠦᠯᠬᠦ ᠵᠢ ᠲᠡᠪᠴᠢᠭᠰᠡᠨ;
(ᠲᠠᠪᠤ) ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠣᠭᠲᠠᠭ᠋ᠠᠯ ᠶᠣᠰᠣᠭ᠋ᠠᠷ ᠢᠯᠭ᠋ᠠᠷᠠᠭᠤᠯᠤᠨ ᠴᠡᠪᠡᠷᠯᠡᠭᠰᠡᠨ ᠥᠭᠡᠢ᠃
ᠲᠠᠪᠢᠨ ᠵᠢᠷᠭᠤᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠠᠮᠢᠶᠠᠷᠤᠯᠲᠠ ᠵᠢᠨ ᠠᠵᠢᠯ᠎ᠤᠨ ᠳᠤᠮᠳᠠ ᠠᠯᠪᠠᠨ ᠲᠤᠰᠢᠶᠠᠯ᠎ᠳᠤ ᠠᠯᠮᠠᠶ᠋ᠢᠷᠠᠨ ᠣᠰᠣᠯᠳᠤᠬᠤ᠂ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠭᠰᠡᠨ᠂ ᠬᠤᠪᠢ ᠵᠢᠨ ᠨᠠᠶ᠋ᠢᠷ ᠲᠠᠯ᠎ᠠ ᠬᠠᠷᠠᠵᠥ ᠬᠠᠤᠯᠢ ᠶᠣᠰᠣ ᠵᠢ ᠵᠥᠷᠢᠴᠡᠭᠰᠡᠨ ᠪᠠᠶ᠋ᠢᠪᠠᠯ᠂ ᠰᠢᠭᠤᠳ ᠬᠠᠷᠢᠭᠤᠴᠠᠵᠤ ᠪᠠᠶ᠋ᠢᠭ᠎ᠠ ᠭᠤᠤᠯᠴᠢᠯᠠᠨ ᠬᠠᠮᠢᠶᠠᠷᠬᠤ ᠠᠵᠢᠯᠲᠠᠨ ᠪᠠ ᠪᠤᠰᠤᠳ ᠰᠢᠭᠤᠳ ᠬᠠᠷᠢᠭᠤᠴᠠᠯᠭ᠎ᠠ᠎ᠲᠠᠢ ᠬᠥᠮᠦᠰ᠎ᠲᠤ ᠬᠠᠤᠯᠢ ᠶᠣᠰᠣᠭ᠋ᠠᠷ ᠰᠢᠢ᠍ᠳᠬᠡᠯ ᠥᠭᠭᠦᠨ᠎ᠡ; ᠶᠠᠯᠠᠳᠤ ᠬᠦᠷᠦᠭᠰᠡᠨ ᠪᠠᠶ᠋ᠢᠪᠠᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠨᠠᠢ᠍ᠮᠠᠳᠤᠭ᠋ᠠᠷ ᠪᠦᠯᠦᠭ ᠳᠠᠭ᠋ᠠᠯᠳᠤᠭᠤᠯᠤᠯ ᠲᠦᠷᠢᠮ
ᠲᠠᠪᠢᠨ ᠳᠣᠯᠣᠳᠤᠭ᠋ᠠᠷ ᠵᠦᠢ᠍ᠯ ᠲᠣᠰ ᠠᠷᠭ᠎ᠠ ᠵᠢ 2023 ᠣᠨ᠎ᠤ 12 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 2013 ᠣᠨ᠎ᠤ 1 ᠳ᠋ᠤᠭᠡᠷ ᠰᠠᠷ᠎ᠠ ᠵᠢᠨ 11᠎ᠤ ᠡᠳᠦᠷ ᠨᠡᠶ᠋ᠢᠲᠡᠯᠡᠭᠰᠡᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠣᠭᠲᠠᠭ᠋ᠠᠬᠤ ᠪᠠ ᠪᠦᠷᠢᠳᠭᠡᠨ ᠳᠠᠩᠰᠠᠯᠠᠵᠤ ᠬᠢᠨᠠᠯᠲᠠ ᠲᠠᠯᠪᠢᠬᠤ ᠠᠷᠭ᠎ᠠ》 (ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ 191 ᠳ᠋ᠤᠭᠡᠷ ᠲᠣᠭ᠋ᠠᠲᠤ) ᠵᠢ ᠬᠠᠮᠲᠤᠳᠤᠨᠢ ᠬᠦᠴᠦᠨ ᠥᠭᠡᠢ ᠪᠣᠯᠭ᠋ᠠᠨ᠎ᠠ᠃
ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ