ᠲᠠᠸᠠᠷ ᠬᠡᠳᠦ ᠪᠣᠭᠤᠳᠠᠯᠯᠠᠵᠦ ᠪᠠᠭᠯᠠᠬᠤ᠎ᠳᠤ ᠵᠠᠰᠠᠯᠲᠠ ᠬᠢᠬᠦ ᠵᠢ ᠤᠯᠠᠮ ᠨᠢᠭᠡ ᠠᠯᠬᠤᠮ ᠴᠢᠩᠭ᠋ᠠᠳᠬᠠᠬᠤ ᠠᠷᠭ᠎ᠠ ᠬᠡᠮᠵᠢᠶ᠎ᠡ᠎ᠨᠦᠭᠦᠳ᠎ᠤᠨ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2024-08-27
ᠡᠯ᠎ᠡ ᠠᠢ᠍ᠢ᠍ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠍ᠢ᠍ᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
《ᠲᠠᠸᠠᠷ ᠬᠡᠲᠦ ᠪᠣᠭᠤᠳᠠᠯᠯᠠᠵᠦ ᠪᠠᠭᠯᠠᠬᠤ᠎ᠳᠤ ᠵᠠᠰᠠᠯᠲᠠ ᠬᠢᠬᠦ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠮᠡᠳᠡᠭᠳᠡᠯ》 (ᠲᠥ᠋ᠷᠥ ᠠᠯᠪᠠᠨ ᠲᠠᠷᠬᠠᠭ᠋ᠠᠭᠰᠠᠨ [2022] 29 ᠳ᠋ᠤᠭᠡᠷ ᠲᠣᠭ᠋ᠠᠲᠤ)᠎ᠤᠨ ᠵᠣᠷᠢᠭ ᠰᠠᠨᠠᠭ᠎ᠠ ᠵᠢ ᠲᠣᠭᠤᠰᠢᠯᠠᠭᠤᠯᠤᠨ ᠨᠠᠢ᠍ᠢ᠍ᠳᠠᠪᠤᠷᠢᠵᠢᠭᠤᠯᠵᠤ᠂ ᠪᠦᠬᠦ ᠣᠷᠣᠨ᠎ᠤ ᠲᠠᠸᠠᠷ ᠬᠡᠲᠦ ᠪᠣᠭᠤᠳᠠᠯᠯᠠᠵᠦ ᠪᠠᠭᠯᠠᠬᠤ᠎ᠳᠤ ᠵᠠᠰᠠᠯᠲᠠ ᠬᠢᠬᠦ ᠵᠢ ᠤᠯᠠᠮ ᠨᠢᠭᠡ ᠠᠯᠬᠤᠮ ᠴᠢᠩᠭ᠋ᠠᠳᠬᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠵᠢ ᠳᠣᠣᠷᠠᠬᠢ ᠮᠡᠲᠦ ᠮᠡᠳᠡᠭᠳᠡᠪᠡ᠃
ᠨᠢᠭᠡ᠂ ᠲᠠᠸᠠᠷ ᠬᠡᠲᠦ ᠪᠣᠭᠤᠳᠠᠯᠯᠠᠵᠦ ᠪᠠᠭᠯᠠᠬᠤ ᠪᠦᠬᠦ ᠬᠡᠯᠬᠢᠶᠠᠨᠤ ᠵᠠᠰᠠᠯᠳᠡ ᠵᠢ ᠴᠢᠩᠭ᠋ᠠᠳᠬᠠᠨ᠎ᠠ
(ᠨᠢᠭᠡ) ᠪᠣᠭᠤᠳᠠᠯᠯᠠᠵᠦ ᠪᠠᠭᠯᠠᠬᠤ ᠬᠦᠷᠢᠶ᠎ᠡ ᠴᠠᠷᠠᠭ᠋ᠠᠨ᠎ᠳᠠᠬᠢ ᠮᠡᠷᠭᠡᠵᠢᠯ᠎ᠤᠨ ᠰᠢᠨ᠎ᠡ ᠡᠭᠦᠳᠦᠯᠲᠡ ᠵᠢ ᠴᠢᠩᠭ᠋ᠠᠳᠬᠠᠨ᠎ᠠ᠃ ᠪᠦᠬᠦ ᠣᠷᠣᠨ᠎ᠤ ᠪᠣᠭᠤᠳᠠᠯ ᠪᠠᠭᠯᠠᠭ᠎ᠠ ᠦᠢ᠍ᠯᠡᠳᠪᠦᠷᠢᠯᠡᠬᠦ ᠠᠵᠤ ᠠᠬᠤᠢ᠍ᠢ᠍ᠯᠠᠯ᠎ᠤᠨ ᠰᠠᠭᠤᠷᠢ ᠲᠤᠭ᠎ᠠ ᠵᠢ ᠲᠣᠳᠣᠷᠬᠠᠢ ᠦᠢ᠍ᠯᠡᠭ᠋ᠠᠭᠰᠠᠨ ᠰᠠᠭᠤᠷᠢᠨ ᠳᠡᠭᠡᠷ᠎ᠡ᠂ ᠪᠣᠭᠤᠳᠠᠯ ᠪᠠᠭᠯᠠᠭ᠎ᠠ ᠦᠢ᠍ᠯᠡᠳᠪᠦᠷᠢᠯᠡᠬᠦ ᠠᠵᠤ ᠠᠬᠤᠢ᠍ᠢ᠍ᠯᠠᠯ᠎ᠤᠨ ᠠᠵᠢᠯ ᠲᠥᠷᠥᠯ᠎ᠤᠨ ᠲᠣᠳᠣᠭ᠋ᠠᠳᠣ᠎ᠬᠢ ᠵᠢᠷᠤᠭ ᠲᠦᠯᠦᠪᠯᠡᠭᠡ᠎ᠨᠢ ᠵᠦᠢ ᠵᠣᠬᠢᠰᠲᠠᠢ᠂ ᠮᠠᠲ᠋ᠧᠷᠢᠶᠠᠯ ᠬᠡᠷᠡᠭᠯᠡᠬᠦ᠎ᠨᠢ ᠠᠷᠪᠢᠲᠠᠢ᠂ ᠡᠭᠡᠬᠦᠯᠦᠨ ᠬᠤᠷᠢᠶᠠᠬᠤ᠎ᠳᠤ ᠳᠥᠭᠦᠮ᠂ ᠬᠢᠮᠳᠠ ᠳᠣᠬᠢᠯᠢᠬ ᠪᠠᠢ᠍ᠢ᠍ᠬᠤ ᠲᠠᠯ᠎ᠠ᠎ᠪᠠᠷ᠎ᠬᠢ ᠵᠢᠱ᠌ᠢᠶ᠎ᠡ ᠦᠵᠡᠭᠦᠯᠬᠦ ᠴᠢᠨᠡᠷ ᠪᠠ ᠬᠦᠲᠦᠯᠦᠨ ᠵᠢᠯᠣᠭᠤᠳᠬᠤ ᠴᠢᠨᠠᠷᠲᠠᠢ ᠲᠥᠰᠥᠯ᠎ᠢ ᠦᠨᠳᠣᠰᠣᠯᠡᠵᠣ ᠪᠣᠭᠤᠳᠠᠯ ᠪᠠᠭᠯᠠᠭ᠎ᠠ ᠵᠢᠨ ᠪᠦᠲᠦᠭᠡᠭᠳᠡᠬᠦᠨ ᠦᠢ᠍ᠯᠡᠳᠪᠦᠷᠢᠯᠡᠬᠦ᠂ ᠪᠣᠭᠤᠳᠠᠯᠯᠠᠵᠦ ᠪᠠᠭᠯᠠᠬᠤ ᠮᠠᠲ᠋ᠧᠷᠢᠶᠠᠯ ᠵᠢᠴᠢ ᠦᠢ᠍ᠯᠡᠳᠪᠦᠷᠢᠯᠡᠯ᠎ᠤᠨ ᠲᠦᠬᠦᠭᠡᠷᠦᠮᠵᠢ ᠰᠤᠳᠤᠯᠤᠨ ᠨᠡᠭᠡᠭᠡᠬᠦ ᠵᠢ᠎ᠨᠢ ᠠᠬᠢᠭᠤᠯᠤᠨ᠎ᠠ᠃ ᠪᠣᠭᠤᠳᠠᠯ ᠪᠠᠭᠯᠠᠭ᠎ᠠ ᠦᠢ᠍ᠯᠡᠳᠪᠦᠷᠢᠯᠡᠬᠦ ᠠᠵᠤ ᠠᠬᠤᠢ᠍ᠢ᠍ᠯᠠᠯ᠎ᠢ ᠬᠦᠲᠦᠯᠦᠨ ᠵᠢᠯᠣᠭᠤᠳᠴᠤ ᠪᠠᠢ᠍ᠢ᠍ᠭ᠋ᠠᠳ ᠦᠢ᠍ᠯᠡᠳᠪᠦᠷᠢᠯᠡᠬᠦ ᠦᠵᠣᠭᠦᠷ᠎ᠠᠴᠠ ᠳᠥᠭᠦᠮ ᠪᠤᠷᠤᠭᠵᠢᠭᠤᠨ ᠪᠣᠭᠤᠳᠠᠯ ᠪᠠᠭᠯᠠᠭ᠎ᠠ ᠵᠢ ᠳᠡᠯᠭᠡᠷᠡᠭᠦᠯᠵᠦ᠂ ᠠᠷᠪᠢᠯᠠᠨ ᠭᠠᠮᠨᠠᠬᠤ ᠣᠨᠣᠯᠵᠢᠬᠤᠨ᠎ᠢ ᠡᠬᠢ ᠢᠷᠡᠯᠲᠡ᠎ᠠᠴᠠ᠎ᠨᠢ ᠦᠢ᠍ᠯᠡᠳᠦᠯᠭᠡᠵᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠯ᠎ᠡ ᠠᠢ᠍ᠢ᠍ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠤᠰᠤᠭ᠋ᠠᠷ ᠬᠠᠷᠢᠭᠤᠴᠠᠨ᠎ᠠ)
(ᠬᠤᠶᠠᠷ) ᠲᠠᠸᠠᠷ ᠦᠢ᠍ᠯᠡᠳᠪᠦᠷᠢᠯᠡᠬᠦ ᠭᠤᠭᠴᠤᠭ᠋ᠠᠨ᠎ᠳᠤ ᠬᠡᠲᠦ ᠪᠣᠭᠤᠳᠠᠯᠯᠠᠵᠦ ᠪᠠᠭᠯᠠᠬᠤ ᠵᠢ ᠰᠡᠷᠭᠡᠢ᠍ᠢ᠍ᠯᠡᠨᠡ᠃ ᠲᠠᠸᠠᠷ ᠬᠡᠲᠦ ᠪᠣᠭᠤᠳᠠᠯᠯᠠᠵᠦ ᠪᠠᠭᠯᠠᠬᠤ ᠵᠢ ᠬᠢᠵᠠᠭ᠋ᠠᠷᠯᠠᠬᠤ ᠠᠯᠪᠠᠳᠠᠯᠭ᠎ᠠ ᠵᠢᠨ ᠴᠢᠨᠠᠷᠲᠠᠢ ᠪᠠᠷᠢᠮᠵᠢᠶ᠎ᠠ ᠵᠢ ᠤᠬᠠᠭᠤᠯᠤᠨ ᠲᠤᠭᠤᠰᠢᠯᠠᠭᠤᠯᠬᠤ ᠠᠵᠢᠯ᠎ᠢ ᠴᠢᠩᠭ᠋ᠠᠳᠬᠠᠵᠤ᠂ ᠬᠠᠤᠯᠢ ᠬᠡᠷᠡᠭᠵᠢᠭᠦᠯᠦᠯᠲᠡ ᠬᠢᠨᠠᠯᠲᠠ ᠬᠠᠮᠢᠶᠠᠷᠤᠯᠲᠠ ᠵᠢᠨ ᠡᠷᠴᠢᠮ ᠵᠶ᠋ᠠᠨ ᠴᠢᠩᠭ᠋ᠠᠷᠠᠭᠤᠯᠵᠤ᠂ ᠲᠠᠸᠠᠷ ᠦᠢ᠍ᠯᠡᠳᠪᠦᠷᠢᠯᠡᠬᠦ ᠠᠵᠤ ᠠᠬᠤᠢ᠍ᠢ᠍ᠯᠠᠯ᠎ᠢ ᠰᠢᠮᠳᠠᠭᠤᠯᠤᠨ ᠵᠢᠯᠣᠭᠤᠳᠴᠤ ᠪᠠᠢ᠍ᠢ᠍ᠭ᠋ᠠᠳ ᠬᠡᠲᠦ ᠪᠤᠭᠤᠳᠠᠯᠯᠠᠵᠦ ᠪᠠᠭᠯᠠᠬᠤ ᠵᠢᠨ ᠠᠯᠪᠠᠳᠠᠯᠭ᠎ᠠ ᠵᠢᠨ ᠴᠢᠨᠠᠷᠲᠠᠢ ᠪᠠᠷᠢᠮᠵᠢᠶ᠎ᠠ ᠵᠢ ᠴᠢᠩᠭ᠎ᠠ ᠬᠡᠷᠡᠭᠵᠢᠭᠦᠯᠦᠨ᠎ᠡ᠃ ᠲᠠᠸᠠᠷ᠎ᠤᠨ ᠪᠣᠭᠤᠳᠠᠯ ᠪᠠᠭᠯᠠᠭ᠎ᠠ ᠵᠢᠷᠤᠵᠤ ᠲᠥᠯᠥᠪᠯᠡᠬᠦ᠂ ᠦᠢ᠍ᠯᠡᠳᠬᠦ ᠪᠠ ᠬᠡᠷᠡᠭᠯᠡᠬᠦ ᠵᠡᠷᠭᠡ ᠲᠠᠯ᠎ᠠ᠎ᠪᠠᠷ᠎ᠬᠢ ᠮᠡᠳᠡᠭᠡ ᠵᠠᠩᠭᠢ ᠵᠢᠨ ᠲᠡᠮᠳᠡᠭᠯᠡᠯ᠎ᠤᠨ ᠳᠠᠩᠰᠠ ᠡᠪᠬᠡᠮᠡᠯ᠎ᠢ ᠪᠠᠢ᠍ᠢ᠍ᠭᠤᠯᠵᠤ᠂ ᠲᠠᠸᠠᠷ ᠦᠢ᠍ᠯᠡᠳᠪᠦᠷᠢᠯᠡᠬᠦ ᠠᠵᠤ ᠠᠬᠤᠢ᠍ᠢ᠍ᠯᠠᠯ᠎ᠢ ᠬᠦᠲᠦᠯᠦᠨ ᠵᠢᠯᠣᠭᠤᠳᠴᠤ ᠪᠠᠢ᠍ᠢ᠍ᠭ᠋ᠠᠳ ᠳᠥᠭᠦᠮ ᠪᠤᠷᠤᠭᠵᠢᠭᠤᠨ ᠪᠦᠭᠡᠳ ᠪᠣᠬᠢᠷᠲᠤᠯ ᠦᠭᠡᠢ ᠪᠣᠭᠤᠳᠠᠯ ᠪᠠᠭᠯᠠᠭ᠎ᠠ ᠵᠢ ᠬᠡᠷᠡᠭᠯᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠯ᠎ᠡ ᠠᠢ᠍ᠢ᠍ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠤᠰᠤᠭ᠋ᠠᠷ ᠬᠠᠷᠢᠭᠤᠴᠠᠨ᠎ᠠ) ᠲᠠᠸᠠᠷ ᠦᠢ᠍ᠯᠡᠳᠪᠦᠷᠢᠯᠡᠬᠦ ᠠᠵᠤ ᠠᠬᠤᠢ᠍ᠢ᠍ᠯᠠᠯ᠎ᠢ ᠰᠢᠮᠳᠠᠭᠤᠯᠵᠤ ᠪᠠᠢ᠍ᠢ᠍ᠭ᠋ᠠᠳ ᠪᠠᠷᠢᠮᠵᠢᠶᠠᠵᠢᠭᠤᠯᠤᠯᠲᠠ ᠵᠢᠨ ᠬᠠᠤᠯᠢ ᠵᠢ ᠴᠢᠩᠭ᠎ᠠ ᠬᠡᠷᠡᠭᠵᠢᠭᠦᠯᠵᠦ᠂ ᠲᠡᠳᠡᠨ᠎ᠤ ᠭᠦᠢ᠍ᠴᠡᠳᠬᠡᠨ ᠬᠡᠷᠡᠭᠵᠢᠬᠦᠯᠵᠦ ᠪᠠᠢ᠍ᠢ᠍ᠭ᠎ᠠ ᠪᠣᠭᠤᠳᠠᠯ ᠪᠠᠭᠯᠠᠭ᠎ᠠ᠎ᠲᠠᠢ ᠬᠤᠯᠪᠤᠨᠨᠳᠠᠬᠤ ᠠᠯᠪᠠᠳᠠᠯᠭ᠎ᠠ ᠵᠢᠨ ᠴᠢᠨᠠᠷᠲᠠᠢ ᠪᠠᠷᠢᠮᠵᠢᠶ᠎ᠠ᠂ ᠲᠠᠨᠢᠯᠴᠠᠭᠤᠯᠬᠤ ᠴᠢᠨᠠᠷᠲᠠᠢ ᠪᠠᠷᠢᠮᠵᠢᠶ᠎ᠠ᠂ ᠪᠦᠯᠬᠦᠮ ᠨᠡᠢ᠍ᠢ᠍ᠲᠡ ᠵᠢᠨ ᠪᠠᠷᠢᠮᠵᠢᠶ᠎ᠠ ᠪᠣᠶᠣ ᠠᠵᠤ ᠠᠬᠤᠢ᠍ᠢ᠍ᠯᠠᠯ᠎ᠤᠨ ᠪᠠᠷᠢᠮᠵᠢᠶᠠᠨ᠎ᠤ ᠳ᠋ᠤᠭ᠋ᠠᠷᠯᠠᠯ ᠪᠠ ᠨᠡᠷᠡᠢ᠍ᠢ᠍ᠳᠦᠯᠢᠨᠢ ᠬᠠᠤᠯᠢ ᠶᠣᠰᠤᠭ᠋ᠠᠷ ᠢᠯᠡ ᠪᠣᠯᠭ᠋ᠠᠵᠤ᠂ ᠱᠠᠭ᠋ᠠᠷᠳᠠᠯᠭ᠎ᠠ ᠶᠣᠰᠤᠭ᠋ᠠᠷ ᠢᠯᠡ ᠪᠣᠯᠭ᠋ᠠᠭᠰᠠᠨ ᠦᠭᠡᠢ ᠪᠣᠶᠣ ᠪᠦᠲᠦᠭᠡᠭᠳᠡᠭᠦᠨ᠎ᠨᠢ ᠪᠠᠷᠢᠮᠵᠢᠶ᠎ᠠ ᠱᠠᠭ᠋ᠠᠷᠳᠠᠯᠭ᠎ᠠ᠎ᠳᠤ ᠥᠯᠥ ᠨᠡᠢ᠍ᠢ᠍ᠴᠡᠭᠰᠡᠨ ᠠᠵᠤ ᠠᠬᠤᠢ᠍ᠢ᠍ᠯᠠᠯ᠎ᠠᠴᠠ ᠬᠠᠤᠯᠢ ᠶᠤᠰᠤᠭ᠋ᠠᠷ ᠬᠠᠷᠢᠭᠤᠴᠠᠯᠭ᠎ᠠ ᠨᠡᠬᠡᠮᠵᠢᠯᠡᠨ᠎ᠡ᠃ (ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠯ᠎ᠡ ᠠᠢ᠍ᠢ᠍ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠤᠰᠤᠭ᠋ᠠᠷ ᠬᠠᠷᠢᠭᠤᠴᠠᠨ᠎ᠠ) ᠡᠮᠴᠢᠯᠡᠭᠡᠨ᠎ᠤ ᠪᠠᠢ᠍ᠢ᠍ᠭᠤᠯᠤᠮᠵᠢ᠂ ᠡᠮ᠎ᠤᠨ ᠵᠦᠢ᠍ᠯ ᠦᠢ᠍ᠯᠡᠳᠪᠦᠷᠢᠯᠡᠬᠦ ᠠᠵᠤ ᠠᠬᠤᠢ᠍ᠢ᠍ᠯᠠᠯ᠎ᠳᠠᠬᠢ ᠲᠠᠸᠠᠷ ᠬᠡᠲᠦ ᠪᠣᠭᠤᠳᠠᠯᠯᠠᠵᠦ ᠪᠠᠭᠯᠠᠬᠤ ᠵᠢ ᠬᠢᠵᠠᠭ᠋ᠠᠷᠯᠠᠬᠤ ᠠᠯᠪᠠᠳᠠᠯᠭ᠎ᠠ ᠵᠢᠨ ᠴᠢᠨᠠᠷᠲᠠᠢ ᠪᠠᠷᠢᠮᠵᠢᠶ᠎ᠠ ᠵᠢᠨ ᠤᠬᠠᠭᠤᠯᠤᠨ ᠲᠤᠭᠤᠰᠢᠯᠠᠭᠤᠯᠬᠤ ᠠᠵᠢᠯ᠎ᠢ ᠴᠢᠩᠭ᠋ᠠᠳᠬᠠᠵᠤ᠂ ᠡᠮᠴᠢᠯᠡᠭᠡᠨ᠎ᠤ ᠪᠠᠢ᠍ᠢ᠍ᠭᠤᠯᠤᠮᠵᠢ ᠵᠢ ᠵᠣᠬᠢᠶᠠᠨ ᠪᠠᠢ᠍ᠢ᠍ᠭᠤᠯᠵᠤ ᠪᠠᠢ᠍ᠢ᠍ᠭ᠋ᠠᠳ ᠡᠭᠦᠳᠡᠨ ᠡᠮᠨᠡᠯᠭᠡ᠂ ᠡᠮᠨᠡᠯᠭᠡ᠎ᠳᠤ ᠰᠠᠭᠤᠬᠤ ᠪᠠ ᠤᠵᠢᠭ ᠡᠪᠡᠳᠴᠢᠨ ᠵᠡᠷᠭᠡ ᠠᠳᠠᠯᠢ ᠪᠣᠰᠤ ᠠᠬᠤᠢ ᠪᠠᠢ᠍ᠢ᠍ᠳᠠᠯ ᠪᠠ ᠲᠥᠷᠥᠯ ᠬᠡᠯᠪᠡᠷᠢ᠎ᠳᠤ ᠬᠠᠨᠳᠤᠭᠤᠯᠤᠨ ᠪᠣᠳᠠᠳᠠᠢ᠎ᠳᠤ ᠨᠡᠢ᠍ᠢ᠍ᠴᠡᠭᠰᠡᠨ ᠡᠮ᠎ᠤᠨ ᠵᠦᠢ᠍ᠯ᠎ᠤᠨ ᠪᠣᠭᠤᠳᠠᠯ ᠪᠠᠭᠯᠠᠭ᠎ᠠ ᠵᠢᠨ ᠬᠡᠪ ᠪᠠᠷᠢᠮᠵᠢᠶᠡᠨ᠎ᠤ ᠱᠠᠭ᠋ᠠᠷᠳᠠᠯᠭ᠎ᠠ ᠵᠢ ᠳᠤᠷᠠᠳᠤᠨ ᠭᠠᠷᠭ᠋ᠠᠵᠤ᠂ ᠡᠮ᠎ᠤᠨ ᠵᠦᠢ᠍ᠯ ᠦᠢ᠍ᠯᠡᠳᠪᠦᠷᠢᠯᠡᠬᠦ ᠠᠵᠤ ᠠᠬᠤᠢ᠍ᠢ᠍ᠯᠠᠯ᠎ᠢ ᠬᠦᠲᠦᠯᠦᠨ ᠵᠢᠯᠣᠭᠤᠳᠴᠤ ᠪᠠᠢ᠍ᠢ᠍ᠭ᠋ᠠᠳ ᠡᠮ᠎ᠤᠨ ᠵᠦᠢ᠍ᠯ᠎ᠤᠨ ᠪᠣᠭᠤᠳᠠᠯ ᠪᠠᠭᠯᠠᠭ᠎ᠠ ᠵᠢᠨ ᠬᠡᠪ ᠪᠠᠷᠢᠮᠵᠢᠶ᠎ᠠ ᠵᠢ ᠰᠢᠯᠢᠳᠡᠭᠵᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠪᠠ ᠡᠷᠡᠭᠦᠯ ᠮᠡᠨᠳᠦ ᠵᠢᠨ ᠵᠦᠪᠯᠡᠯ᠂ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠯ᠎ᠡ ᠠᠢ᠍ᠢ᠍ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠤᠰᠤᠭ᠋ᠠᠷ ᠬᠠᠷᠢᠭᠤᠴᠠᠨ᠎ᠠ)
(ᠭᠤᠷᠪᠠ) ᠬᠡᠲᠦ ᠪᠤᠭᠤᠳᠠᠯᠯᠠᠵᠦ ᠪᠠᠭᠯᠬᠠᠰᠠᠨ ᠲᠠᠸᠠᠷ᠎ᠢ ᠪᠣᠷᠣᠯᠠᠭᠤᠯᠤᠨ ᠬᠤᠳᠠᠯᠳᠤᠬᠤ᠎ᠠᠴᠠ ᠵᠠᠶ᠋ᠢᠯᠠᠰᠬᠢᠨᠠ᠃ ᠪᠣᠷᠣᠯᠠᠭᠤᠯᠤᠨ ᠬᠤᠳᠠᠯᠳᠤᠬᠤ ᠭᠤᠭᠴᠤᠭ᠋ᠠᠨᠳᠠᠬᠢ ᠲᠠᠸᠠᠷ ᠬᠡᠲᠦ ᠪᠤᠭᠤᠳᠠᠯᠯᠠᠵᠦ ᠪᠠᠭᠯᠠᠬᠤ ᠦᠢ᠍ᠯᠡ ᠵᠢ ᠬᠢᠨᠠᠨ ᠪᠠᠢ᠍ᠢ᠍ᠴᠠᠭ᠋ᠠᠬᠤ᠎ᠪᠠᠨ ᠴᠢᠩᠭ᠋ᠠᠳᠬᠠᠵᠤ᠂ ᠬᠡᠲᠦ ᠪᠤᠭᠤᠳᠠᠯᠯᠠᠵᠦ ᠪᠠᠭᠯᠬᠠᠰᠠᠨ ᠲᠠᠸᠠᠷ᠎ᠢ ᠬᠠᠤᠯᠢ᠎ᠠᠴᠠ ᠵᠦᠷᠢᠴᠡᠨ ᠪᠣᠷᠤᠯᠠᠭᠤᠯᠵᠤ ᠬᠤᠳᠠᠯᠳᠤᠭᠰᠠᠨ ᠦᠢ᠍ᠯᠡ ᠠᠵᠢᠯᠯᠠᠭ᠎ᠠ ᠵᠢ ᠬᠠᠤᠯᠢ ᠲᠣᠭᠲᠠᠭ᠋ᠠᠯ ᠶᠣᠰᠤᠭ᠋ᠠᠷ ᠰᠢᠢ᠍ᠳᠭᠡᠵᠦ ᠲᠣᠷᠭ᠋ᠠᠨ᠎ᠠ᠃ ᠲᠠᠸᠠᠷ ᠪᠤᠷᠤᠯᠠᠭᠤᠯᠤᠨᠨᠴᠢ ᠬᠢᠭᠡᠳ ᠲᠠᠸᠠᠷ ᠦᠢ᠍ᠯᠡᠳᠪᠦᠷᠢᠯᠡᠬᠦ ᠠᠵᠤ ᠠᠬᠤᠢ᠍ᠢ᠍ᠯᠠᠯ᠎ᠤᠨ ᠳᠡᠭᠡᠲᠦ ᠳᠣᠣᠷᠠᠲᠤ ᠬᠡᠯᠬᠢᠶ᠎ᠡ᠎ᠪᠠᠷ ᠵᠶ᠋ᠠᠨ ᠬᠠᠮᠵᠢᠯᠴᠠᠨ ᠪᠠᠢ᠍ᠢ᠍ᠵᠦ ᠪᠣᠬᠢᠷᠳᠤᠯ ᠦᠭᠡᠢ᠂ ᠳᠥᠭᠦᠮ ᠪᠣᠷᠤᠭᠵᠢᠭᠤᠨ ᠵᠶ᠋ᠠᠷ ᠪᠣᠭᠤᠳᠠᠯᠯᠠᠵᠦ ᠪᠠᠭᠯᠠᠬᠤ ᠱᠠᠭ᠋ᠠᠷᠳᠠᠯᠭ᠎ᠠ ᠵᠢ ᠨᠠᠢ᠍ᠢ᠍ᠳᠠᠪᠤᠷᠢᠵᠢᠭᠤᠯᠬᠤ᠎ᠳᠤᠨᠢ ᠵᠤᠷᠢᠨᠨᠵᠢᠭᠤᠯᠤᠯ ᠦᠵᠡᠬᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠯ᠎ᠡ ᠠᠢ᠍ᠢ᠍ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠤᠰᠤᠭ᠋ᠠᠷ ᠬᠠᠷᠢᠭᠤᠴᠠᠨ᠎ᠠ) ᠡᠯᠧᠺᠲᠷᠤᠨ ᠬᠤᠳᠠᠯᠳᠤᠭ᠋ᠠᠨ᠎ᠤ ᠠᠵᠤ ᠠᠬᠤᠢ᠍ᠢ᠍ᠯᠠᠯ᠎ᠢ ᠰᠢᠮᠳᠠᠭᠤᠯᠵᠤ ᠪᠠᠢ᠍ᠢ᠍ᠭ᠋ᠠᠳ ᠡᠵᠡᠩᠨᠡᠭᠴᠢᠳ᠎ᠲᠤ ᠲᠠᠸᠠᠷ ᠬᠡᠲᠦ ᠪᠣᠭᠤᠳᠠᠯᠯᠠᠵᠦ ᠪᠠᠭᠯᠠᠬᠤ ᠵᠢ ᠬᠢᠵᠠᠭ᠋ᠠᠷᠯᠠᠬᠤ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠪᠠᠷᠢᠮᠵᠢᠶ᠎ᠠ ᠵᠢ ᠤᠯᠠᠮ ᠨᠢᠭᠡ ᠠᠯᠬᠤᠮ ᠤᠬᠠᠭᠤᠯᠵᠤ᠂ ᠰᠦᠯᠵᠢᠶᠡᠨ᠎ᠳᠠᠬᠢ ᠪᠠ ᠰᠦᠯᠵᠢᠶᠡᠨ᠎ᠠᠴᠠ ᠭᠠᠳᠠᠭᠤᠷᠬᠢ ᠱᠠᠭ᠋ᠠᠷᠳᠠᠯᠭ᠎ᠠ ᠨᠢᠭᠡᠲᠦᠯᠲᠡᠢ ᠪᠠᠢ᠍ᠢ᠍ᠬᠤ ᠵᠢ ᠠᠬᠢᠭᠤᠯᠤᠨ ᠪᠡᠶᠡᠯᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠡᠯ᠎ᠡ ᠠᠢ᠍ᠢ᠍ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠤᠰᠤᠭ᠋ᠠᠷ ᠬᠠᠷᠢᠭᠤᠴᠠᠨ᠎ᠠ) ᠮᠧᠢ ᠲᠤᠸᠠᠨ ᠵᠡᠷᠭᠡ ᠭᠠᠳᠠᠭᠰᠢ᠎ᠪᠠᠨ ᠬᠤᠳᠠᠯᠳᠣᠬᠤ ᠲᠠᠪᠴᠠᠩ᠎ᠢ ᠰᠢᠮᠳᠠᠭᠤᠯᠵᠤ ᠪᠠᠢ᠍ᠢ᠍ᠭ᠋ᠠᠳ ᠲᠠᠪᠴᠠᠩ᠎ᠤᠨ ᠳᠦᠷᠢᠮ ᠵᠶ᠋ᠠᠨ ᠳᠡᠭᠦᠯᠳᠡᠷᠵᠢᠭᠦᠯᠣᠨ᠂ 《ᠬᠤᠭᠤᠯᠠᠨ᠎ᠤ ᠰᠠᠪᠠ ᠬᠡᠷᠡᠭᠰᠡᠯ ᠦᠯᠦ ᠬᠡᠷᠡᠭᠰᠡᠬᠦ》 ᠰᠤᠩᠭᠤᠯᠲᠠ ᠵᠢ ᠲᠤᠭᠢᠷᠠᠭᠤᠯᠤᠨ ᠨᠡᠭᠡᠭᠡᠨ᠎ᠡ᠃ (ᠦᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠭᠢᠮ ᠬᠠᠷᠢᠭᠤᠴᠠᠨ᠎ᠠ) ᠢᠳᠡᠭᠡᠨ ᠤᠮᠳᠠᠭ᠋ᠠᠨ ᠡᠵᠡᠩᠨᠡᠭᠴᠢᠳ᠎ᠢ ᠰᠢᠮᠳᠠᠭᠤᠯᠤᠨ ᠵᠢᠯᠤᠭᠤᠳᠴᠤ ᠪᠠᠢ᠍ᠢ᠍ᠭ᠋ᠠᠳ ᠭᠠᠳᠠᠭᠰᠢ᠎ᠪᠠᠨ ᠬᠤᠳᠠᠯᠳᠣᠬᠤ ᠪᠣᠭᠤᠳᠠᠯ ᠪᠠᠭᠯᠠᠭ᠎ᠠ ᠵᠢᠨ ᠲᠦᠷᠦᠯ ᠬᠡᠯᠪᠡᠷᠢ ᠵᠢ᠎ᠨᠢ ᠲᠣᠳᠣᠷᠬᠠᠢ ᠲᠣᠭᠲᠠᠭ᠋ᠠᠯᠭ᠋ᠠᠬᠤ ᠵᠢᠨ ᠬᠠᠮᠲᠤ ᠬᠠᠤᠯᠢ ᠶᠣᠰᠤᠭ᠋ᠠᠷ ᠦᠨ᠎ᠡ ᠬᠠᠩᠰᠢ ᠵᠢ᠎ᠨᠢ ᠢᠯᠡ ᠬᠠᠳᠠᠭᠤᠯᠤᠨᠠ᠃ (ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠯ᠎ᠡ ᠠᠢ᠍ᠢ᠍ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ ᠣᠷᠳᠣᠨ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠤᠰᠤᠭ᠋ᠠᠷ ᠬᠠᠷᠢᠭᠤᠴᠠᠨ᠎ᠠ)
(ᠳᠥᠷᠪᠡ) ᠲᠠᠸᠠᠷ᠎ᠢ ᠲᠤᠰᠢᠶᠠᠨ ᠥᠭᠬᠦ ᠭᠤᠭᠴᠤᠭ᠋ᠠᠨᠳᠠᠬᠢ ᠪᠣᠭᠤᠳᠠᠯ ᠪᠠᠭᠯᠠᠭ᠎ᠠ ᠵᠢᠨ ᠬᠡᠮᠵᠢᠶ᠎ᠡ ᠵᠢ ᠪᠠᠭ᠋ᠠᠰᠬᠠᠬᠤ᠎ᠪᠠᠨ ᠠᠬᠢᠭᠤᠯᠤᠨ᠎ᠠ᠃ ᠢᠯᠡᠭᠡᠨ ᠬᠦᠷᠭᠡᠬᠦ ᠠᠵᠤ ᠠᠬᠤᠢ᠍ᠢ᠍ᠯᠠᠯ᠎ᠢ ᠰᠢᠮᠳᠠᠭᠤᠯᠤᠨ ᠵᠢᠯᠣᠭᠤᠳᠴᠤ ᠪᠠᠢ᠍ᠢ᠍ᠭ᠋ᠠᠳ ᠲᠦᠷᠭᠡᠨ ᠢᠯᠡᠭᠡᠯᠲᠡ ᠵᠢᠨ ᠪᠣᠭᠤᠳᠠᠯ ᠪᠠᠭᠯᠠᠭ᠎ᠠ ᠵᠢᠨ ᠠᠵᠢᠯᠯᠠᠭ᠋ᠠᠨ᠎ᠤ ᠵᠢᠷᠤᠮᠵᠢᠯ᠎ᠢ᠎ᠨᠢ ᠪᠠᠢ᠍ᠢ᠍ᠭᠤᠯᠤᠨ ᠪᠦᠷᠢᠨᠰᠢᠭᠦᠯᠵᠦ᠂ ᠠᠵᠢᠯ ᠡᠷᠬᠢᠯᠡᠭᠰᠡᠳ᠎ᠲᠤ ᠪᠣᠭᠤᠳᠠᠯᠯᠠᠵᠦ ᠪᠠᠭᠯᠠᠬᠤ ᠲᠠᠯ᠎ᠠ᠎ᠪᠠᠷ᠎ᠬᠢ ᠵᠢᠷᠣᠮᠵᠢᠭᠤᠨ ᠪᠣᠯᠪᠠᠰᠤᠷᠠᠯ ᠬᠦᠷᠲᠡᠭᠡᠬᠦ᠎ᠪᠠᠨ ᠴᠢᠩᠭ᠋ᠠᠳᠬᠠᠨ᠎ᠠ᠃ ᠢᠯᠡᠭᠡᠨ ᠬᠦᠷᠭᠡᠬᠦ ᠠᠵᠤ ᠠᠬᠤᠢ᠍ᠢ᠍ᠯᠠᠯ᠎ᠤᠨ ᠰᠢᠤᠲᠠᠨᠤ ᠵᠦᠢ᠍ᠯ ᠲᠥᠷᠭᠡᠨ ᠢᠯᠡᠭᠡᠯᠲᠡ ᠵᠢᠨ ᠵᠦᠢ᠍ᠯ᠎ᠤᠨ ᠪᠣᠭᠤᠳᠠᠯ ᠪᠠᠭᠯᠠᠭ᠎ᠠ ᠵᠢᠨ ᠠᠵᠢᠯᠯᠠᠭ᠋ᠠᠨ᠎ᠤ ᠵᠢᠷᠤᠮᠵᠢᠯ᠎ᠢ ᠪᠦᠷᠢᠳᠭᠡᠨ ᠳᠠᠩᠰᠠᠯᠠᠵᠣ ᠬᠠᠮᠢᠶᠠᠷᠬᠤ ᠠᠵᠢᠯ᠎ᠢ ᠦᠷᠨᠢᠭᠦᠯᠦᠨ᠎ᠡ᠃ ᠢᠯᠡᠭᠡᠨ ᠬᠦᠷᠭᠡᠬᠦ ᠠᠵᠤ ᠠᠬᠤᠢ᠍ᠢ᠍ᠯᠠᠯ᠎ᠤᠨ ᠤᠷᠴᠢᠯᠳᠤᠭᠤᠯᠤᠨ ᠬᠡᠷᠡᠭᠯᠡᠵᠦ ᠪᠣᠯᠬᠤ᠂ ᠡᠭᠡᠭᠦᠯᠦᠨ ᠬᠤᠷᠢᠶᠠᠬᠤ᠎ᠳᠤ ᠳᠥᠭᠦᠮ᠂ ᠵᠠᠳᠠᠷᠠᠮᠠᠬᠠᠢ ᠣᠷᠣᠯᠠᠬᠤ ᠪᠣᠭᠤᠳᠠᠯ ᠪᠠᠭᠯᠠᠭ᠎ᠠ ᠵᠢᠨ ᠪᠦᠲᠦᠭᠡᠭᠳᠡᠭᠦᠨ ᠬᠡᠷᠡᠭᠯᠡᠬᠦ ᠵᠢ᠎ᠨᠢ ᠵᠣᠷᠢᠬ᠍ᠵᠢᠭᠤᠯᠵᠤ᠂ ᠬᠦᠨᠳᠦᠴᠡ ᠪᠠᠭ᠋ᠠᠲᠠᠢ ᠳᠠᠭ᠋ᠠᠭ᠋ᠠᠴᠠ ᠶᠡᠬᠡᠲᠡᠢ ᠲᠥᠷᠭᠡᠨ ᠢᠯᠡᠭᠡᠯᠲᠡ ᠵᠢᠨ ᠪᠣᠭᠤᠳᠠᠯ ᠪᠠᠭᠯᠠᠭ᠋ᠠᠲᠤ ᠴᠠᠭ᠋ᠠᠰᠤᠨ ᠬᠠᠢ᠍ᠢ᠍ᠷᠴᠠᠭ᠂ ᠴᠠᠪᠠᠤ ᠦᠭᠡᠢ ᠴᠠᠭ᠋ᠠᠰᠤᠨ ᠬᠠᠢ᠍ᠢ᠍ᠷᠴᠠᠭᠢ ᠳᠡᠯᠭᠡᠷᠡᠭᠦᠯᠬᠦ ᠡᠷᠴᠢᠮ ᠵᠶ᠋ᠠᠨ ᠴᠢᠩᠭ᠋ᠠᠷᠠᠭᠤᠯᠵᠤ᠂ ᠰᠦᠯᠢᠶᠥᠦ ᠴᠢᠭᠵᠢᠶᠡᠰᠦ ᠵᠢᠨ ᠵᠦᠢ᠍ᠯ᠎ᠢ ᠬᠡᠷᠡᠭᠯᠡᠬᠦ ᠵᠢ᠎ᠨᠢ ᠪᠠᠭ᠋ᠠᠰᠬᠠᠨ᠎ᠠ᠃ (ᠦᠪᠦᠷ ᠮᠣᠩᠭᠤᠯ᠎ᠤᠨ ᠰᠢᠤᠲᠠᠨᠤ ᠬᠠᠮᠢᠶᠠᠷᠤᠯᠲᠠ ᠵᠢᠨ ᠲᠣᠪᠴᠢᠶ᠎ᠠ᠂ ᠡᠯ᠎ᠡ ᠠᠢ᠍ᠢ᠍ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠤᠰᠤᠭ᠋ᠠᠷ ᠬᠠᠷᠢᠭᠤᠴᠠᠨ᠎ᠠ) ᠲᠥᠷᠭᠡᠨ ᠢᠯᠡᠭᠡᠯᠲᠡ ᠵᠢᠨ ᠪᠣᠭᠤᠳᠠᠯ ᠪᠠᠭᠯᠠᠭ᠎ᠠ ᠵᠢᠨ ᠪᠣᠬᠢᠷᠳᠤᠯ ᠦᠭᠡᠢ ᠪᠦᠲᠦᠭᠡᠭᠳᠡᠬᠦᠨ᠎ᠤ ᠭᠡᠷᠡᠴᠢᠯᠡᠭᠡ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠠᠵᠢᠯ ᠲᠥᠷᠥᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠵᠢᠯᠴᠠᠨ ᠲᠥᠷᠭᠡᠨ ᠢᠯᠡᠭᠡᠯᠲᠡ ᠵᠢᠨ ᠪᠣᠭᠤᠳᠠᠯ ᠪᠠᠭᠯᠠᠭ᠎ᠠ ᠵᠢᠨ ᠪᠣᠬᠢᠷᠳᠤᠯ ᠦᠭᠡᠢ ᠪᠦᠲᠦᠭᠡᠭᠳᠡᠭᠦᠨ᠎ᠤ ᠭᠡᠷᠡᠴᠢᠯᠡᠭᠡ ᠬᠢᠬᠦ ᠵᠢ ᠠᠬᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠬᠠᠷᠢᠭᠤᠴᠠᠨ᠎ᠠ) ᠢᠯᠡᠭᠡᠨ ᠬᠦᠷᠭᠡᠬᠦ ᠠᠵᠤ ᠠᠬᠤᠢ᠍ᠢ᠍ᠯᠠᠯ᠎ᠢ ᠵᠣᠷᠢᠬ᠍ᠵᠢᠭᠤᠯᠵᠤ ᠪᠠᠢ᠍ᠢ᠍ᠭ᠋ᠠᠳ ᠪᠣᠬᠢᠷᠳᠤᠯ ᠦᠭᠡᠢ ᠭᠡᠷᠡᠴᠢᠯᠡᠭᠡ᠎ᠪᠠᠷ ᠪᠠᠲᠤᠯᠠᠭᠳᠠᠭᠰᠠᠨ ᠲᠦᠷᠭᠡᠨ ᠢᠯᠡᠭᠡᠯᠲᠡ ᠵᠢᠨ ᠪᠣᠭᠤᠳᠠᠯ ᠪᠠᠭᠯᠠᠭ᠎ᠠ ᠵᠢᠨ ᠪᠦᠲᠦᠭᠡᠭᠳᠡᠭᠦᠨ᠎ᠢ ᠤᠷᠢᠳ ᠵᠶ᠋ᠠᠷ ᠬᠤᠳᠠᠯᠳᠤᠨ ᠠᠪᠴᠤ ᠬᠡᠷᠡᠭᠯᠡᠭᠦᠯᠦᠨ᠎ᠡ᠃ (ᠦᠪᠦᠷ ᠮᠣᠩᠭᠤᠯ᠎ᠤᠨ ᠰᠢᠦᠳᠠᠨ᠎ᠤ ᠬᠠᠮᠢᠶᠠᠷᠤᠯᠲᠠ ᠵᠢᠨ ᠲᠣᠪᠴᠢᠶ᠎ᠠ ᠬᠠᠷᠢᠭᠤᠴᠠᠨ᠎ᠠ) ᠡᠯᠧᠺᠲᠷᠦᠨ ᠬᠤᠳᠠᠯᠳᠤᠭ᠋ᠠᠨ᠎ᠤ ᠲᠠᠪᠴᠠᠩᠲᠤ ᠠᠵᠤ ᠠᠬᠤᠢ᠍ᠢ᠍ᠯᠠᠯ᠎ᠢ ᠦᠷᠭᠦᠯᠵᠢᠯᠡᠨ ᠬᠦᠲᠦᠯᠦᠨ ᠵᠢᠯᠤᠭᠤᠳᠴᠤ ᠪᠠᠢ᠍ᠢ᠍ᠭ᠋ᠠᠳ ᠪᠣᠭᠤᠳᠠᠯᠯᠠᠵᠦ ᠪᠠᠭᠯᠠᠬᠤ ᠭᠤᠭᠴᠤᠭ᠋ᠠᠨ᠎ᠳᠤ ᠪᠠᠷᠢᠮᠵᠢᠶᠠᠵᠢᠭᠤᠯᠤᠨ ᠠᠵᠢᠯᠯᠠᠭᠤᠯᠵᠤ᠂ ᠬᠤᠪᠠᠨᠴᠢᠷ ᠲᠠᠢ᠍ᠫ ᠬᠡᠷᠩᠯᠡᠭᠦ ᠵᠢ ᠪᠠᠭ᠋ᠠᠰᠬᠠᠵᠣ᠂ ᠬᠠᠭ᠋ᠠᠷᠠᠵᠦ ᠬᠡᠮᠬᠡᠷᠡᠬᠦ ᠵᠦᠢ᠍ᠯ᠎ᠠᠴᠠ ᠪᠤᠰᠤᠳ᠎ᠢ ᠳᠠᠬᠢᠵᠤ ᠬᠤᠶᠠᠳᠠᠬᠢ ᠤᠳᠠᠭ᠎ᠠ ᠪᠣᠭᠤᠳᠠᠯᠯᠠᠨ ᠪᠠᠭᠯᠠᠬᠤ ᠦᠭᠡᠢ ᠪᠣᠯᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠬᠠᠷᠢᠭᠤᠴᠠᠨ᠎ᠠ) ᠡᠯᠧᠺᠲᠷᠦᠨ ᠬᠤᠳᠠᠯᠳᠤᠭ᠋ᠠᠨ᠎ᠤ ᠠᠵᠤ ᠠᠬᠤᠢ᠍ᠢ᠍ᠯᠠᠯ ᠬᠢᠭᠡᠳ ᠢᠯᠡᠭᠡᠨ ᠬᠦᠷᠭᠡᠬᠦ᠂ ᠦᠢ᠍ᠯᠡᠳᠪᠦᠷᠢᠯᠡᠬᠦ ᠠᠵᠤ ᠠᠬᠤᠢ᠍ᠢ᠍ᠯᠠᠯ ᠵᠡᠷᠭᠡ ᠵᠢᠨ ᠳᠡᠭᠡᠲᠦ ᠳᠣᠣᠷᠠᠳᠤ ᠬᠡᠯᠬᠢᠶ᠎ᠡ᠎ᠪᠠᠷ ᠵᠶ᠋ᠠᠨ ᠬᠠᠮᠵᠢᠯᠴᠠᠬᠤ ᠵᠢ ᠦᠷᠭᠦᠯᠵᠢᠯᠡᠨ ᠠᠬᠢᠭᠤᠯᠵᠤ᠂ ᠪᠦᠲᠦᠭᠡᠭᠳᠡᠬᠦᠨ᠎ᠤ ᠪᠣᠭᠤᠳᠠᠯ ᠪᠠᠭᠯᠠᠭ᠎ᠠ᠂ ᠪᠣᠷᠤᠯᠠᠭᠤᠯᠤᠯᠲᠠ ᠵᠢᠨ ᠪᠣᠭᠤᠳᠠᠯ ᠪᠠᠭᠯᠠᠭ᠎ᠠ ᠪᠠ ᠲᠥᠷᠭᠡᠨ ᠢᠯᠡᠭᠡᠯᠲᠡ ᠵᠢᠨ ᠪᠣᠭᠤᠳᠠᠯ ᠪᠠᠭᠯᠠᠭ᠎ᠠ ᠵᠢ ᠨᠢᠭᠡ ᠴᠣᠭᠴᠠᠵᠢᠭᠤᠯᠬᠤ ᠵᠢ ᠠᠬᠢᠭᠤᠯᠤᠨ᠂ ᠡᠯᠧᠺᠲᠷᠦᠨ ᠬᠤᠳᠠᠯᠳᠤᠭ᠋ᠠᠨ᠎ᠤ ᠲᠥᠷᠭᠡᠨ ᠢᠯᠡᠭᠡᠯᠲᠡ ᠵᠢᠨ ᠵᠦᠢ᠍ᠯ᠎ᠢ ᠤᠤᠯ ᠪᠣᠭᠤᠳᠠᠯ ᠪᠠᠭᠯᠠᠭᠠᠪᠠᠷᠨᠢ ᠰᠢᠭᠤᠳ ᠶᠠᠪᠤᠭᠤᠯᠬᠤ᠂ ᠳᠡᠭᠡᠲᠦ ᠬᠡᠯᠬᠢᠶ᠎ᠡ ᠲᠠᠢ᠍ᠢ᠍ᠰᠢ᠎ᠪᠠᠨ ᠤᠷᠢᠳᠠᠴᠢ ᠪᠣᠭᠤᠳᠠᠯᠯᠠᠵᠦ ᠪᠠᠭᠯᠠᠬᠤ ᠦᠢ᠍ᠯᠡᠴᠢᠯᠡᠭᠡᠨ ᠬᠠᠩᠭ᠋ᠠᠬᠤ ᠵᠡᠷᠭᠡ ᠠᠷᠭ᠎ᠠ ᠮᠠᠶᠢᠭ᠎ᠢ ᠳᠡᠯᠭᠡᠷᠡᠭᠦᠯᠣᠨᠡ᠃ ᠢᠯᠡᠭᠡᠨ ᠬᠦᠷᠭᠡᠬᠦ ᠠᠵᠤ ᠠᠬᠤᠢ᠍ᠢ᠍ᠯᠠᠯ ᠬᠢᠭᠡᠳ ᠡᠯᠧᠺᠲᠷᠦᠨ ᠬᠤᠳᠠᠯᠳᠤᠭ᠋ᠠᠨ᠎ᠤ ᠲᠠᠪᠴᠠᠩ᠎ᠤᠨ ᠬᠠᠮᠵᠢᠯᠴᠠᠭ᠎ᠠ ᠵᠢ ᠵᠣᠷᠢᠬ᠍ᠵᠢᠭᠤᠯᠤᠨ᠂ ᠬᠡᠷᠡᠭᠯᠡᠭᠴᠢᠳ᠎ᠲᠤ ᠪᠣᠬᠢᠷᠳᠣᠯ ᠦᠭᠡᠢ ᠪᠣᠭᠤᠳᠠᠯ ᠪᠠᠭᠯᠠᠭ᠋ᠠᠲᠤ ᠪᠦᠲᠦᠭᠡᠭᠳᠡᠬᠦᠨ᠎ᠤ ᠰᠤᠩᠭᠤᠯᠲᠠ ᠵᠢ ᠴᠣᠨᠨᠭ᠋ᠠᠷ ᠬᠠᠩᠭ᠋ᠠᠬᠤ ᠵᠢᠨ ᠬᠠᠮᠲᠤ᠂ ᠨᠡᠢ᠍ᠢ᠍ᠲᠡ ᠬᠤᠪᠢ᠎ᠪᠠᠷ ᠤᠷᠮᠠᠰᠢᠭᠤᠯᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠬᠦᠲᠦᠯᠦᠨ ᠵᠢᠯᠤᠭᠤᠳᠴᠤ ᠬᠡᠷᠡᠭᠯᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠥᠪᠥᠷ ᠮᠣᠩᠭᠤᠯ᠎ᠤᠨ ᠰᠢᠤᠲᠠᠨᠤ ᠶᠠᠪᠤᠳᠠᠯ᠎ᠤᠨ ᠬᠠᠮᠢᠶᠠᠷᠤᠯᠲᠠ ᠵᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠤᠰᠤᠭ᠋ᠠᠷ ᠬᠠᠷᠢᠭᠤᠴᠠᠨ᠎ᠠ)
(ᠲᠠᠪᠤ) ᠪᠣᠭᠤᠳᠠᠯ ᠪᠠᠭᠯᠠᠭ᠎ᠠ ᠵᠢᠨ ᠬᠠᠶᠠᠭᠳᠠᠮᠠᠯ ᠪᠣᠳᠠᠰ᠎ᠢ ᠡᠭᠡᠭᠦᠯᠦᠨ ᠬᠤᠷᠢᠶᠠᠬᠤ ᠪᠠ ᠰᠢᠢ᠍ᠳᠪᠦᠷᠢᠯᠡᠬᠦ ᠵᠢ ᠴᠢᠩᠭ᠋ᠠᠳᠬᠠᠨ᠎ᠠ᠃ ᠵᠠᠬ᠎ᠠ ᠲᠡᠯᠬᠡᠭᠦᠷᠴᠢᠯᠡᠭᠰᠡᠨ ᠬᠤᠳᠠᠯᠳᠤᠭ᠋ᠠᠴᠢᠨ ᠤᠷᠢᠬᠤ ᠵᠡᠷᠭᠡ ᠠᠷᠭ᠎ᠠ ᠮᠠᠶᠢᠭ ᠵᠶ᠋ᠠᠷ ᠲᠤᠰᠬᠠᠢ᠍ᠢ᠍ᠵᠢᠭᠰᠠᠨ ᠡᠭᠡᠭᠦᠯᠦᠨ ᠬᠤᠷᠢᠶᠠᠬᠤ ᠠᠵᠤ ᠠᠬᠤᠢ᠍ᠢ᠍ᠯᠠᠯᠤᠳᠢ ᠲᠠᠲᠠᠨ ᠣᠷᠣᠭᠤᠯᠬᠤ ᠵᠢ ᠵᠣᠷᠢᠬ᠍ᠵᠢᠭᠤᠯᠵᠤ᠂ ᠬᠤᠲᠠ ᠵᠢᠨ ᠨᠢᠭᠡ ᠮᠦᠴᠡ ᠵᠢᠨ ᠬᠡᠪᠴᠢᠶᠡᠨ᠎ᠳᠤ ᠭᠦᠢ᠍ᠴᠡᠳᠭᠡᠬᠦ ᠠᠷᠠᠳ᠎ᠲᠤ ᠳᠥᠭᠦᠮ ᠦᠵᠡᠭᠦᠯᠬᠦ ᠠᠵᠤ ᠠᠮᠢᠳᠤᠷᠠᠯ᠎ᠤᠨ ᠲᠣᠭᠤᠷᠢᠭ᠎ᠤᠨ ᠲᠤᠷᠰᠢᠯᠲᠠ ᠵᠢᠨ ᠴᠡᠭ᠎ᠤᠨ ᠪᠦᠲᠦᠭᠡᠨ ᠪᠠᠢ᠍ᠢ᠍ᠭᠤᠯᠤᠯᠲᠠ᠎ᠲᠠᠢ ᠤᠶᠠᠯᠳᠤᠭᠤᠯᠤᠨ᠂ ᠳᠠᠬᠢᠯᠲᠠ ᠡᠬᠢ ᠪᠠᠶᠠᠯᠢᠭ᠎ᠢ ᠡᠭᠡᠭᠦᠯᠦᠨ ᠬᠤᠷᠢᠶᠠᠬᠤ ᠴᠡᠭ᠎ᠤᠨ ᠨᠡᠢ᠍ᠢ᠍ᠭᠡᠮ ᠲᠣᠭᠤᠷᠢᠭ᠎ᠲᠤ ᠣᠷᠣᠵᠤ ᠪᠣᠭᠤᠳᠠᠯ ᠪᠠᠭᠯᠠᠭ᠎ᠠ ᠵᠢᠨ ᠬᠠᠶᠠᠭᠳᠠᠮᠠᠯ ᠪᠣᠳᠠᠰ᠎ᠤᠳ᠎ᠢ ᠡᠭᠡᠭᠦᠯᠦᠨ ᠬᠤᠷᠢᠶᠠᠬᠤ ᠵᠢ ᠵᠣᠷᠢᠬ᠍ᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠳᠠᠬᠢᠯᠳᠠ ᠡᠬᠢ ᠪᠠᠶᠠᠯᠢᠭ᠎ᠢ ᠡᠭᠡᠭᠦᠯᠦᠨ ᠬᠤᠷᠢᠶᠠᠬᠤ ᠭᠤᠣᠯᠳᠠᠯᠭ᠎ᠠ ᠪᠣᠯᠬᠤ ᠬᠠᠷᠢᠯᠴᠠᠬᠤ ᠠᠵᠤ ᠠᠬᠤᠢ᠍ᠢ᠍ᠯᠠᠯ᠎ᠲᠠᠢ ᠨᠡᠪᠲᠡᠷᠡᠯᠴᠡᠬᠦ ᠲᠣᠭᠲᠠᠴᠠ ᠵᠢ ᠪᠠᠢ᠍ᠢ᠍ᠭᠤᠯᠵᠤ᠂ ᠠᠵᠢᠯ ᠲᠥᠷᠥᠯ᠎ᠤᠨ ᠣᠳᠣᠬᠢ ᠪᠠᠢ᠍ᠢ᠍ᠳᠠᠯ᠎ᠢ ᠮᠥᠷᠳᠡᠨ ᠵᠠᠳᠠᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠡᠯ᠎ᠡ ᠠᠢ᠍ᠢ᠍ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠤᠰᠤᠭ᠋ᠠᠷ ᠬᠠᠷᠢᠭᠤᠴᠠᠨ᠎ᠠ) ᠠᠮᠢᠳᠤᠷᠠᠯ᠎ᠤᠨ ᠬᠤᠭ ᠨᠣᠪᠰᠢ ᠵᠢᠨ ᠲᠥᠷᠥᠯ ᠬᠤᠪᠢᠶᠠᠬᠤ ᠠᠵᠢᠯ᠎ᠢ ᠠᠬᠢᠭᠤᠯᠤᠨ᠂ ᠠᠮᠢᠳᠤᠷᠠᠯ᠎ᠤᠨ ᠬᠤᠭ ᠨᠣᠪᠰᠢ ᠵᠢ ᠴᠡᠪᠡᠷᠯᠡᠨ ᠵᠦᠭᠡᠭᠡᠪᠦᠷᠢᠯᠡᠬᠦ ᠲᠣᠭᠲᠠᠯᠴᠠᠭ᠎ᠠ ᠵᠢ ᠪᠦᠷᠢᠨᠰᠢᠭᠦᠯᠵᠦ᠂ ᠠᠮᠢᠳᠤᠷᠠᠯ᠎ᠤᠨ ᠬᠤᠭ ᠨᠣᠪᠰᠢ ᠵᠢᠨ ᠡᠬᠢ ᠢᠷᠡᠯᠲᠡ᠎ᠠᠴᠠ᠎ᠨᠢ ᠲᠥᠷᠥᠯ ᠬᠤᠪᠢᠶᠠᠬᠤᠯᠤᠭᠠ ᠲᠣᠬᠢᠷᠠᠯᠴᠠᠭᠰᠠᠨ ᠲᠥᠷᠥᠯ ᠬᠤᠪᠢᠶᠠᠨ ᠴᠤᠭᠯᠠᠭᠤᠯᠬᠤ ᠪᠡᠯᠡᠳᠭᠡᠮᠵᠢ ᠪᠠ ᠲᠥᠷᠥᠯ ᠬᠤᠪᠢᠶᠠᠨ ᠵᠦᠭᠡᠭᠡᠪᠦᠷᠢᠯᠡᠬᠦ ᠲᠥᠭᠦᠭᠡᠷᠦᠮᠵᠢ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠠᠶᠠᠭᠳᠠᠮᠠᠯ ᠪᠣᠭᠤᠳᠠᠯᠯᠠᠵᠦ ᠪᠠᠭᠯᠬᠠᠰᠠᠨ ᠪᠣᠳᠠᠰ᠎ᠢ ᠡᠭᠡᠭᠦᠯᠦᠨ ᠬᠤᠷᠢᠶᠠᠵᠤ ᠴᠡᠪᠡᠷᠯᠡᠨ ᠵᠦᠭᠡᠭᠡᠪᠦᠷᠢᠯᠡᠬᠦ ᠬᠢᠷᠢ ᠲᠦᠪᠰᠢᠨ᠎ᠢ ᠳᠡᠭᠡᠭᠰᠢᠯᠡᠭᠦᠯᠣᠨ᠎ᠡ᠃ (ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠍ᠢ᠍ᠭᠤᠯᠤᠯᠲᠠ ᠵᠢᠨ ᠲᠢᠩᠬᠢᠮ᠂ ᠡᠯ᠎ᠡ ᠠᠢ᠍ᠢ᠍ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠤᠰᠤᠭ᠋ᠠᠷ ᠬᠠᠷᠢᠭᠤᠴᠠᠨ᠎ᠠ)
ᠬᠤᠶᠠᠷ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠡᠷᠴᠢᠮ ᠵᠶ᠋ᠠᠨ ᠴᠢᠩᠭ᠋ᠠᠷᠠᠭᠤᠯᠤᠨ᠎ᠠ
(ᠵᠢᠷᠭᠤᠭ᠎ᠠ) ᠠᠵᠢᠯ ᠲᠦᠷᠦᠯ᠎ᠤᠨ ᠬᠠᠮᠢᠶᠠᠷᠤᠯᠲᠠ᠎ᠪᠠᠨ ᠴᠢᠩᠭ᠋ᠠᠳᠬᠠᠨ᠎ᠠ᠃ ᠲᠠᠸᠠᠷ ᠦᠢ᠍ᠯᠡᠳᠪᠦᠷᠢᠯᠡᠬᠦ᠂ ᠪᠣᠷᠣᠯᠠᠭᠤᠯᠬᠤ᠂ ᠲᠤᠰᠢᠶᠠᠨ ᠥᠭᠬᠦ ᠵᠡᠷᠭᠡ ᠭᠤᠭᠴᠤᠭ᠋ᠠᠨᠳᠠᠬᠢ ᠡᠵᠡᠩᠨᠡᠭᠴᠢ ᠵᠢ ᠰᠢᠮᠳᠠᠭᠤᠯᠵᠤ ᠪᠠᠢ᠍ᠢ᠍ᠭ᠋ᠠᠳ ᠬᠡᠳᠤ ᠪᠣᠭᠤᠳᠠᠯᠯᠠᠵᠦ ᠪᠠᠭᠯᠠᠬᠤ ᠵᠢ ᠬᠢᠵᠠᠭ᠋ᠠᠷᠯᠠᠬᠤ ᠲᠥᠷᠥ ᠵᠢᠨ ᠪᠣᠳᠣᠯᠭ᠎ᠠ ᠵᠢ ᠨᠠᠢ᠍ᠢ᠍ᠳᠠᠪᠤᠷᠢᠵᠢᠭᠤᠯᠬᠤ ᠬᠡᠷᠡᠭᠲᠡᠢ᠃ ᠲᠦᠷᠭᠡᠨ ᠢᠯᠡᠭᠡᠯᠲᠡ ᠵᠢᠨ ᠡᠯ᠎ᠡ ᠭᠤᠭᠴᠤᠭ᠋ᠠᠨᠳᠠᠬᠢ ᠬᠡᠲᠦ ᠪᠣᠭᠤᠳᠠᠯᠯᠠᠵᠦ ᠪᠠᠭᠯᠠᠬᠤ ᠵᠢ ᠬᠢᠵᠠᠭ᠋ᠠᠷᠯᠠᠬᠤ ᠬᠠᠤᠯᠢ ᠬᠡᠷᠡᠭᠵᠢᠭᠦᠯᠦᠯᠲᠡ ᠵᠢᠨ ᠪᠠᠢ᠍ᠢ᠍ᠴᠠᠭ᠋ᠠᠯᠲᠠ ᠵᠢᠨ ᠡᠷᠴᠢᠮ ᠵᠶ᠋ᠠᠨ ᠴᠢᠩᠭ᠋ᠠᠷᠠᠭᠤᠯᠤᠨ᠂ ᠬᠦᠨᠳᠦ ᠲᠡᠮᠦᠷᠯᠢᠭ ᠪᠠ ᠣᠨᠴᠠᠭ᠋ᠠᠢ ᠪᠣᠳᠠᠰ᠎ᠤᠨ ᠪᠠᠷᠢᠮᠵᠢᠶ᠎ᠠ᠎ᠠᠴᠠ ᠬᠡᠲᠦᠷᠡᠭᠰᠡᠨ ᠪᠤᠭᠤᠳᠠᠯᠯᠠᠵᠦ ᠪᠠᠭᠯᠠᠬᠤ ᠤᠭᠤᠲᠠ᠂ ᠬᠡᠲᠦ ᠪᠣᠭᠤᠳᠠᠯᠯᠠᠵᠦ ᠪᠠᠭᠯᠠᠬᠤ ᠪᠠ ᠲᠠᠪᠠ᠎ᠪᠠᠷ ᠪᠣᠭᠤᠳᠠᠯᠯᠠᠵᠦ ᠪᠠᠭᠯᠠᠬᠤ ᠬᠤᠶᠠᠷ ᠲᠤᠰᠬᠠᠢ ᠵᠠᠰᠠᠯᠲᠠ ᠵᠢ ᠦᠷᠭᠦᠯᠵᠢᠯᠡᠨ ᠥᠷᠨᠢᠭᠦᠯᠦᠨ᠎ᠡ᠃ ᠢᠯᠡᠭᠡᠨ ᠬᠦᠷᠭᠡᠬᠦ ᠠᠵᠤ ᠠᠬᠤᠢ᠍ᠢ᠍ᠯᠠᠯᠤᠳᠢ ᠰᠢᠮᠳᠠᠭᠤᠯᠵᠤ ᠪᠠᠢ᠍ᠢ᠍ᠭ᠋ᠠᠳ ᠵᠦᠪᠯᠡᠯᠴᠡᠭᠡᠷ ᠲᠤᠨᠨᠳ᠋ᠬᠠᠰᠠᠨ ᠬᠡᠷᠡᠭᠯᠡᠭᠴᠢ᠎ᠳᠤ ᠥᠪᠡᠰᠦᠪᠡᠨ ᠪᠣᠭᠤᠳᠠᠯ ᠪᠠᠭᠯᠠᠭ᠎ᠠ ᠪᠡᠯᠡᠳᠭᠡᠬᠦ ᠵᠢ ᠪᠢᠴᠢᠭ ᠵᠶ᠋ᠠᠷ ᠮᠡᠳᠡᠭᠳᠡᠬᠦ ᠡᠭᠦᠷᠭᠡ ᠵᠢ᠎ᠨᠢ ᠭᠦᠢ᠍ᠴᠡᠳᠭᠡᠯᠭᠡᠵᠦ᠂ ᠪᠣᠭᠤᠳᠠᠯ ᠪᠠᠭᠯᠠᠭ᠎ᠠ ᠵᠢᠨ ᠬᠡᠮᠵᠢᠶ᠎ᠡ ᠵᠢ᠎ᠨᠢ ᠪᠠᠭ᠋ᠠᠰᠬᠠᠬᠤ᠂ ᠪᠠᠷᠢᠮᠵᠢᠶᠠᠵᠢᠭᠤᠯᠬᠤ᠂ ᠤᠷᠴᠢᠯᠳᠤᠭᠤᠯᠬᠤ ᠵᠡᠷᠭᠡ ᠱᠠᠭ᠋ᠠᠷᠳᠠᠯᠭ᠎ᠠ ᠵᠢ ᠢᠯᠡᠭᠡᠯᠲᠡ ᠵᠢᠨ ᠵᠦᠢ᠍ᠯ᠎ᠢ ᠬᠦᠯᠢᠶᠡᠨ ᠠᠪᠬᠤ ᠦᠢ᠍ᠯᠡᠴᠢᠯᠡᠭᠡᠨ᠎ᠤ ᠵᠦᠪᠯᠡᠯᠴᠡᠭᠡᠷ᠎ᠲᠤ᠎ᠪᠠᠨ ᠣᠷᠤᠭᠤᠯᠬᠤ ᠵᠢ ᠠᠬᠢᠭᠤᠯᠤᠨ᠎ᠠ᠃ ᠡᠯᠧᠺᠲᠷᠦᠨ ᠬᠤᠳᠠᠯᠳᠤᠭ᠋ᠠᠨ᠎ᠤ ᠠᠵᠤ ᠠᠬᠤᠢ᠍ᠢ᠍ᠯᠠᠯᠤᠳᠢ ᠰᠢᠮᠳᠠᠭᠤᠯᠵᠤ ᠪᠠᠢ᠍ᠢ᠍ᠭ᠋ᠠᠳ ᠳᠠᠬᠢᠨ ᠳᠠᠪᠲᠠᠨ ᠬᠡᠷᠡᠭᠯᠡᠵᠦ ᠪᠣᠯᠬᠤ᠂ ᠡᠭᠡᠭᠦᠯᠦᠨ ᠬᠤᠷᠢᠶᠠᠵᠤ ᠠᠰᠢᠬᠯᠠᠬᠤ᠎ᠳᠤ ᠠᠮᠠᠷᠬᠠᠨ ᠪᠣᠭᠤᠳᠠᠯ ᠪᠠᠭᠯᠠᠭ᠎ᠠ ᠵᠢ ᠡᠩ ᠲᠡᠷᠢᠭᠦᠨ᠎ᠳᠤ ᠬᠡᠷᠡᠭᠯᠡᠭᠦᠯᠦᠨ᠂ ᠬᠦᠢ᠍ᠲᠡᠨ ᠬᠡᠯᠬᠢᠶᠡᠨ᠎ᠳᠤ ᠣᠷᠴᠢᠯᠳᠤᠭᠤᠯᠤᠨ ᠬᠡᠷᠡᠭᠯᠡᠵᠦ ᠪᠣᠯᠬᠤ ᠪᠣᠬᠢᠷᠳᠤᠯ ᠦᠭᠡᠢ ᠳᠠᠮᠵᠢᠭᠤᠯᠬᠤ ᠬᠠᠢ᠍ᠢ᠍ᠷᠴᠠᠭᠢ ᠬᠡᠷᠡᠭᠯᠡᠭᠦᠯᠦᠨ᠎ᠡ᠃ ᠤᠯᠤᠰ᠎ᠤᠨ ᠬᠡᠳᠦ ᠪᠣᠭᠤᠳᠠᠯᠯᠠᠵᠦ ᠪᠠᠭᠯᠠᠬᠤ ᠵᠢ ᠬᠢᠵᠠᠭ᠋ᠠᠷᠯᠠᠬᠤ ᠲᠥᠷᠥ ᠵᠢᠨ ᠪᠣᠳᠣᠯᠭ᠎ᠠ ᠵᠢ ᠨᠠᠢ᠍ᠢ᠍ᠳᠠᠪᠤᠷᠢᠵᠢᠭᠤᠯᠵᠤ᠂ ᠤᠬᠠᠭᠤᠯᠭ᠎ᠠ ᠬᠢᠵᠦ ᠪᠤᠯᠪᠠᠰᠤᠷᠠᠯ ᠭᠦᠷᠳᠡᠬᠡᠬᠦ ᠡᠷᠴᠢᠮ ᠵᠶ᠋ᠠᠨ ᠴᠢᠩᠭ᠋ᠠᠷᠠᠭᠤᠯᠤᠨ᠂ ᠠᠵᠤ ᠠᠬᠤᠢ᠍ᠢ᠍ᠯᠠᠯᠤᠳᠢ ᠪᠣᠭᠤᠳᠠᠯ ᠪᠠᠭᠯᠠᠭ᠎ᠠ ᠵᠢᠨ ᠡᠵᠡᠯᠡᠭᠦᠨ ᠬᠦᠨᠳᠦᠴᠡ ᠵᠢ ᠪᠠᠭᠤᠷᠠᠭᠤᠯᠵᠤ᠂ ᠪᠤᠭᠤᠳᠠᠯᠯᠠᠵᠦ ᠪᠠᠭᠯᠠᠬᠤ ᠦᠪᠡᠷ᠎ᠤᠨ ᠦᠷᠲᠡᠭ ᠵᠶ᠋ᠠᠨ ᠠᠷᠪᠢᠯᠠᠭᠤᠯᠬᠤ᠎ᠪᠠᠷ ᠬᠦᠲᠦᠯᠦᠨ ᠵᠢᠯᠤᠭᠤᠳᠴᠤ᠂ ᠤᠯᠤᠰ᠎ᠤᠨ ᠬᠡᠲᠦ ᠪᠣᠭᠤᠳᠠᠯᠯᠠᠵᠦ ᠪᠠᠭᠯᠠᠬᠤ ᠵᠢ ᠬᠢᠵᠠᠭ᠋ᠠᠷᠯᠠᠬᠤ ᠲᠥᠷᠥ ᠵᠢᠨ ᠪᠣᠳᠣᠯᠭ᠎ᠠ ᠵᠢ ᠦᠯᠦ ᠨᠠᠢ᠍ᠢ᠍ᠳᠠᠪᠤᠷᠢᠵᠢᠭᠤᠯᠤᠭᠰᠠᠨ ᠠᠵᠤ ᠠᠬᠤᠢ᠍ᠢ᠍ᠯᠠᠯ᠎ᠳᠤ ᠬᠠᠨᠳᠤᠭᠤᠯᠤᠨ ᠰᠠᠨᠠᠭᠤᠯᠤᠮᠵᠢ ᠥᠭᠬᠦ᠂ ᠰᠡᠷᠡᠮᠵᠢᠯᠡᠭᠦᠯᠭᠦ᠂ ᠪᠣᠯᠵᠣᠨ ᠬᠡᠯᠡᠯᠴᠡᠬᠦ ᠵᠡᠷᠭᠡ ᠵᠠᠰᠠᠭ ᠵᠠᠬᠢᠷᠭ᠋ᠠᠨ᠎ᠤ ᠵᠢᠯᠣᠭᠤᠳᠬᠤ ᠲᠣᠭᠲᠠᠴᠠ ᠵᠢ ᠠᠯᠬᠤᠮ ᠠᠯᠬᠤᠮ ᠵᠶ᠋ᠠᠷ ᠪᠠᠢ᠍ᠢ᠍ᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠤᠯ᠎ᠤᠨ ᠰᠢᠤᠲᠠᠨᠤ ᠬᠠᠮᠢᠶᠠᠷᠤᠯᠲᠠ ᠵᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠤᠰᠤᠭ᠋ᠠᠷ ᠬᠠᠷᠢᠭᠤᠴᠠᠨ᠎ᠠ) ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠭᠤᠣᠯ ᠴᠣᠭᠴᠠ ᠵᠢ ᠬᠦᠲᠦᠯᠦᠨ ᠵᠢᠯᠣᠭᠤᠳᠴᠤ ᠪᠠᠢ᠍ᠢ᠍ᠭ᠋ᠠᠳ ᠲᠠᠸᠠᠷ ᠬᠡᠲᠦ ᠪᠣᠭᠤᠳᠠᠯᠯᠠᠵᠦ ᠪᠠᠭᠯᠠᠬᠤ ᠵᠢ ᠬᠢᠵᠠᠭ᠋ᠠᠷᠯᠠᠬᠤ ᠱᠠᠭ᠋ᠠᠷᠳᠠᠯᠭ᠎ᠠ ᠵᠢ ᠨᠠᠢ᠍ᠢ᠍ᠳᠠᠪᠤᠷᠢᠵᠢᠭᠤᠯᠤᠨ᠂ ᠬᠠᠮᠢᠶ᠎ᠠ ᠪᠦᠬᠦᠢ ᠪᠠᠷᠢᠮᠵᠢᠶ᠎ᠠ ᠵᠢ ᠤᠬᠠᠭᠤᠯᠬᠤ ᠡᠷᠴᠢᠮ ᠵᠶ᠋ᠠᠨ ᠴᠢᠩᠭ᠋ᠠᠷᠠᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ ᠬᠠᠷᠢᠭᠤᠴᠠᠨ᠎ᠠ)
(ᠳᠣᠯᠤᠭ᠎ᠠ) ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ᠎ᠪᠠᠨ ᠴᠢᠩᠭ᠋ᠠᠷᠠᠭᠤᠯᠤᠨ᠎ᠠ᠃ ᠦᠨᠳᠦᠰᠦᠨ ᠱᠠᠲᠤᠨ᠎ᠤ ᠬᠠᠤᠯᠢ ᠬᠡᠷᠡᠭᠵᠢᠭᠦᠯᠦᠭᠴᠢᠳ᠎ᠲᠤ ᠲᠠᠸᠠᠷ ᠬᠡᠲᠦ ᠪᠣᠭᠤᠳᠠᠯᠯᠠᠵᠦ ᠪᠠᠭᠯᠠᠬᠤ ᠵᠢ ᠬᠢᠵᠠᠭ᠋ᠠᠷᠯᠠᠬᠤ ᠠᠯᠪᠠᠳᠠᠯᠭ᠎ᠠ ᠵᠢᠨ ᠴᠢᠨᠠᠷᠲᠠᠢ ᠤᠯᠤᠰ᠎ᠤᠨ ᠪᠠᠷᠢᠮᠵᠢᠶᠠᠨ᠎ᠤ ᠪᠣᠯᠪᠠᠰᠤᠷᠠᠯ ᠬᠦᠷᠲᠡᠭᠡᠬᠦ᠎ᠪᠠᠨ ᠴᠢᠩᠭ᠋ᠠᠷᠠᠭᠤᠯᠵᠤ᠂ ᠬᠠᠤᠯᠢ ᠬᠡᠷᠡᠭᠵᠢᠭᠦᠯᠬᠦ ᠴᠢᠳᠠᠪᠤᠷᠢ ᠵᠢ᠎ᠨᠢ ᠳᠡᠭᠡᠭᠰᠢᠯᠡᠭᠦᠯᠦᠨ᠎ᠡ᠃ ᠬᠡᠲᠦ ᠪᠣᠭᠤᠳᠠᠯᠯᠠᠵᠦ ᠪᠠᠭᠯᠬᠠᠰᠠᠨᠢ ᠰᠤᠭᠤᠴᠢᠨ ᠪᠠᠢ᠍ᠢ᠍ᠴᠠᠭ᠋ᠠᠵᠤ ᠰᠢᠯᠭ᠋ᠠᠨ ᠪᠠᠢ᠍ᠢ᠍ᠴᠠᠭ᠋ᠠᠬᠤ᠎ᠪᠠᠨ ᠴᠢᠩᠭ᠋ᠠᠳᠬᠠᠵᠤ᠂ ᠶᠧᠪᠡᠩ ᠵᠡᠷᠭᠡ ᠪᠡᠯᠡᠭ ᠰᠡᠯᠲᠡ ᠦᠢ᠍ᠯᠡᠳᠪᠦᠷᠢᠯᠡᠨ ᠪᠤᠷᠤᠯᠠᠭᠤᠯᠬᠤ ᠠᠵᠤ ᠠᠬᠤᠢ᠍ᠢ᠍ᠯᠠᠯ᠎ᠤᠨ ᠪᠠᠷᠢᠮᠵᠢᠶ᠎ᠠ ᠵᠢ ᠬᠡᠷᠡᠭᠵᠢᠭᠦᠯᠦᠭᠰᠡᠨ ᠪᠠᠢ᠍ᠢ᠍ᠳᠠᠯ᠎ᠳᠤ ᠰᠤᠭᠤᠴᠢᠨ ᠪᠠᠢ᠍ᠢ᠍ᠴᠠᠭ᠋ᠠᠯᠲᠠ ᠬᠢᠵᠦ᠂ ᠬᠠᠤᠯᠢ ᠬᠡᠷᠡᠭᠵᠢᠭᠦᠯᠵᠦ ᠪᠠᠢ᠍ᠢ᠍ᠴᠠᠭ᠋ᠠᠨ ᠰᠢᠢ᠍ᠳᠪᠦᠷᠢᠯᠡᠬᠦ ᠡᠷᠴᠢᠮ ᠵᠶ᠋ᠠᠨ ᠴᠢᠩᠭ᠋ᠠᠷᠠᠭᠤᠯᠤᠨ᠎ᠠ᠃ ᠴᠢᠬᠤᠯᠠ ᠴᠠᠭ ᠤᠯᠠᠷᠢᠯ᠂ ᠭᠤᠣᠯᠳᠠᠯᠭ᠎ᠠ ᠪᠣᠯᠬᠤ ᠠᠵᠢᠯ ᠲᠥᠷᠥᠯ ᠪᠠ ᠴᠢᠬᠤᠯᠠ ᠪᠦᠬᠦᠢ ᠦᠢ᠍ᠯᠡᠳᠪᠦᠷᠢᠯᠡᠨ ᠡᠵᠡᠩᠨᠡᠬᠦ ᠠᠵᠤ ᠠᠬᠤᠢ᠍ᠢ᠍ᠯᠠᠯᠤᠳᠲᠤ ᠴᠢᠭᠯᠡᠭᠦᠯᠦᠨ᠂ ᠶᠧᠪᠡᠩ᠂ ᠽᠦᠩᠽᠢ᠂ ᠴᠠᠢ᠂ ᠡᠷᠡᠭᠦᠯᠵᠢᠯ᠎ᠤᠨ ᠢᠳᠡᠭᠡᠨ᠎ᠤ ᠵᠦᠢ᠍ᠯᠡᠰ᠂ ᠵᠠᠰᠠᠯ ᠴᠢᠮᠡᠭᠯᠡᠯ᠎ᠤᠨ ᠡᠳ᠋ ᠵᠡᠷᠭᠡ ᠭᠤᠣᠯ ᠪᠣᠯᠬᠤ ᠲᠠᠸᠠᠷ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠬᠡᠲᠦ ᠪᠤᠭᠤᠳᠠᠯᠯᠠᠵᠦ ᠪᠠᠭᠯᠬᠠᠰᠠᠨ ᠲᠠᠸᠠᠷ᠎ᠢ ᠦᠢ᠍ᠯᠡᠣᠡᠪᠣᠷᠢᠯᠡᠵᠣ ᠪᠤᠷᠤᠯᠠᠭᠤᠯᠤᠭᠰᠠᠨ ᠬᠠᠤᠯᠢ᠎ᠠᠴᠠ ᠵᠦᠷᠢᠴᠡᠭᠰᠡᠨ ᠦᠢ᠍ᠯᠡ ᠠᠵᠢᠯᠯᠠᠭ᠎ᠠ ᠵᠢ ᠬᠠᠤᠯᠢ ᠶᠣᠰᠤᠭ᠋ᠠᠷ ᠴᠢᠩᠭ᠎ᠠ ᠪᠠᠢ᠍ᠢ᠍ᠴᠠᠭ᠋ᠠᠨ ᠰᠢᠢ᠍ᠳᠪᠦᠷᠢᠯᠡᠵᠦ᠂ ᠬᠡᠯᠬᠢᠶᠡᠰᠦᠲᠦ ᠴᠢᠨᠠᠷᠲᠠᠢ᠂ ᠳᠠᠯᠳᠠ ᠴᠢᠨᠠᠷᠲᠠᠢ ᠬᠡᠷᠡᠭ᠎ᠤᠳ᠎ᠢ ᠭᠦᠨ ᠠᠭᠤᠳᠠᠯᠵᠤ ᠨᠠᠷᠢᠨ ᠪᠠᠢ᠍ᠢ᠍ᠴᠠᠭ᠋ᠠᠬᠤ ᠬᠡᠷᠡᠭᠲᠡᠢ᠃ ᠬᠤᠨᠤᠭ ᠪᠠᠭᠤᠳᠠᠯ᠂ ᠬᠤᠭᠤᠯᠠᠨ ᠭᠡᠷ ᠵᠡᠷᠭᠡ ᠵᠢᠨ ᠳᠡᠭᠡᠲᠦ ᠳᠡᠰ᠎ᠤᠨ ᠵᠠᠬᠢᠶᠠᠯᠠᠭᠰᠠᠨ ᠪᠡᠯᠡᠭ ᠰᠡᠯᠲᠡ ᠬᠠᠩᠭ᠋ᠠᠬᠤ ᠶᠠᠪᠤᠴᠠ᠎ᠳᠠᠬᠢ ᠬᠡᠳᠦ ᠪᠣᠭᠤᠳᠠᠯᠯᠠᠵᠦ ᠪᠠᠭᠯᠠᠬᠤ ᠦᠢ᠍ᠯᠡ ᠠᠵᠢᠯᠯᠠᠭ᠎ᠠ ᠵᠢᠴᠢ ᠰᠣᠶᠣᠯ᠎ᠤᠨ ᠡᠭᠦᠳᠦᠨ ᠪᠦᠳᠦᠬᠡᠯᠬᠡ ᠵᠢᠨ ᠨᠡᠷ᠎ᠡ᠎ᠪᠠᠷ ᠲᠠᠸᠠᠷ ᠬᠡᠳᠦ ᠪᠣᠭᠤᠳᠠᠯᠯᠠᠵᠦ ᠪᠠᠭᠯᠠᠬᠤ ᠦᠢ᠍ᠯᠡ ᠠᠵᠢᠯᠯᠠᠭ᠎ᠠ ᠵᠢ ᠬᠠᠤᠯᠢ ᠶᠣᠰᠤᠭ᠋ᠠᠷ ᠴᠢᠩᠭ᠎ᠠ ᠪᠠᠢ᠍ᠢ᠍ᠴᠠᠭ᠋ᠠᠨ ᠰᠢᠢ᠍ᠳᠪᠦᠷᠢᠯᠡᠨ᠎ᠡ᠃ ᠡᠯᠧᠺᠲᠷᠦᠨ ᠬᠤᠳᠠᠯᠳᠤᠭ᠋ᠠᠨ᠎ᠤ ᠲᠠᠪᠴᠠᠩᠲᠤ ᠠᠵᠤ ᠠᠬᠤᠢ᠍ᠢ᠍ᠯᠠᠯ᠎ᠤᠨ ᠭᠤᠣᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠢ᠍ᠢ᠍ᠵᠢᠭᠤᠯᠤᠨ ᠴᠢᠩᠭ᠋ᠠᠳᠬᠠᠵᠤ᠂ ᠲᠡᠳᠡᠨ᠎ᠢ ᠰᠢᠮᠳᠠᠭᠤᠯᠵᠤ ᠪᠠᠢ᠍ᠢ᠍ᠭ᠋ᠠᠳ ᠲᠠᠪᠴᠠᠩ᠎ᠳᠠᠬᠢ ᠡᠵᠡᠩᠨᠡᠭᠴᠢ ᠵᠢᠨ ᠭᠤᠣᠯ ᠴᠣᠭᠴᠠᠲᠤ ᠬᠢᠷᠢ ᠬᠡᠮ ᠪᠠ ᠲᠠᠸᠠᠷ᠎ᠤᠨ ᠮᠡᠳᠡᠭᠡ ᠵᠠᠩᠭᠢ ᠵᠢᠨ ᠬᠢᠨᠠᠨ ᠬᠠᠷᠭᠤᠭᠤᠯᠤᠯᠲᠠ᠎ᠪᠠᠨ ᠴᠢᠩᠭ᠋ᠠᠳᠬᠠᠯᠭ᠋ᠠᠬᠤ ᠵᠢᠨ ᠬᠠᠮᠲᠤ ᠬᠢᠨᠠᠯᠲᠠ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠬᠦ᠎ᠳᠤ ᠢᠳᠡᠪᠬᠢᠲᠡᠢ ᠬᠠᠮᠵᠢᠯᠴᠠᠭᠤᠯᠣᠨᠡ᠃ ᠰᠦᠯᠵᠢᠶᠡᠨ᠎ᠳᠠᠬᠢ ᠪᠠ ᠰᠦᠯᠵᠢᠶᠡᠨ᠎ᠠᠴᠠ ᠭᠠᠳᠠᠭᠤᠷᠬᠢ ᠵᠢ ᠨᠢᠭᠡ ᠴᠤᠭᠴᠠᠵᠢᠭᠤᠯᠤᠨ ᠬᠢᠨᠠᠨ ᠬᠠᠮᠢᠶᠠᠷᠬᠤ ᠵᠢ ᠪᠠᠷᠢᠮᠲᠠᠯᠠᠨ᠂ ᠡᠯᠧᠺᠲᠷᠦᠨ ᠬᠤᠳᠠᠯᠳᠤᠭ᠋ᠠᠨ᠎ᠤ ᠠᠷᠭ᠎ᠠ ᠵᠠᠮ ᠵᠶ᠋ᠠᠷ ᠬᠡᠳᠤ ᠪᠣᠭᠤᠳᠠᠯᠯᠠᠵᠦ ᠪᠠᠭᠯᠬᠠᠰᠠᠨ ᠲᠠᠧᠠᠷ ᠪᠤᠷᠤᠯᠠᠭᠤᠯᠬᠤ ᠲᠠᠯ᠎ᠠ᠎ᠪᠠᠷ᠎ᠬᠢ ᠪᠠᠢ᠍ᠢ᠍ᠩᠭᠤᠵᠢᠭᠤᠯᠤᠭᠰᠠᠨ ᠬᠢᠨᠠᠯᠳᠠ ᠬᠠᠮᠢᠶᠠᠷᠤᠯᠳᠠ ᠵᠢᠨ ᠬᠠᠤᠯᠢ ᠭᠡᠷᠡᠭᠵᠢᠬᠦᠯᠬᠦ ᠲᠤᠭᠳᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠰᠦᠯᠵᠢᠶᠠᠨ᠎ᠳᠤ ᠬᠡᠳᠤ ᠪᠤᠭᠤᠳᠠᠯᠯᠠᠵᠦ ᠪᠠᠭᠯᠬᠠᠰᠠᠨ ᠲᠠᠧᠠᠷ ᠪᠤᠷᠤᠯᠠᠭᠤᠯᠤᠨ ᠬᠤᠳᠠᠯᠳᠤᠵᠤ ᠪᠠᠢ᠍ᠢ᠍ᠭ᠎ᠠ ᠬᠠᠤᠯᠢ᠎ᠠᠴᠠ ᠵᠦᠷᠢᠴᠡᠭᠰᠡᠨ ᠦᠢ᠍ᠯᠡ ᠠᠵᠢᠯᠯᠠᠭ᠎ᠠ ᠵᠢ ᠬᠠᠤᠯᠢ ᠶᠣᠰᠤᠭ᠋ᠠᠷ ᠪᠠᠢ᠍ᠢ᠍ᠴᠠᠭ᠋ᠠᠨ ᠰᠢᠢ᠍ᠳᠪᠦᠷᠢᠯᠡᠨ᠎ᠡ᠃ ᠬᠡᠷᠡᠭᠯᠡᠭᠴᠢᠳ᠎ᠤᠨ ᠵᠠᠭ᠋ᠠᠯᠳᠤᠬᠤ ᠵᠠᠮ ᠮᠦᠷ᠎ᠢ ᠰᠢᠯᠣᠭᠤᠣᠡᠬᠠᠨ᠂ ᠰᠦᠯᠵᠢᠶᠡᠨ᠎ᠳᠠᠬᠢ ᠪᠠ ᠰᠦᠯᠵᠢᠶᠡᠨ᠎ᠤ ᠭᠠᠳᠠᠭᠤᠷᠬᠢ ᠡᠯ᠎ᠡ ᠲᠥᠷᠥᠯ᠎ᠤᠨ ᠰᠦᠪᠡᠭᠴᠢ ᠵᠢ ᠭᠦᠢ᠍ᠴᠡᠳ ᠠᠭᠤᠳᠠᠯᠵᠤ᠂ ᠬᠡᠷᠡᠭᠯᠡᠭᠴᠢᠳ᠎ᠤᠨ ᠲᠤᠰᠬᠠᠯ ᠶᠡᠭᠡ ᠪᠠᠢ᠍ᠢ᠍ᠭ᠎ᠠ ᠲᠤᠪᠤᠢ᠍ᠮᠠ ᠠᠰᠠᠭᠤᠳᠠᠯ᠎ᠤᠳ᠎ᠢ ᠬᠠᠤᠯᠢ ᠶᠣᠰᠣᠭ᠋ᠠᠷ ᠴᠢᠩᠭ᠎ᠠ ᠪᠠᠢ᠍ᠢ᠍ᠴᠠᠭ᠋ᠠᠨ ᠰᠢᠢ᠍ᠳᠪᠦᠷᠢᠯᠡᠨ᠎ᠡ᠃ ᠠᠵᠤ ᠠᠬᠤᠢ᠍ᠢ᠍ᠯᠠᠯ᠎ᠤᠨ ᠪᠣᠭᠤᠳᠠᠯ ᠪᠠᠭᠯᠠᠭ᠎ᠠ ᠵᠢᠨ ᠬᠤᠯᠪᠣᠭᠳᠠᠯ ᠪᠦᠬᠦᠢ ᠪᠠᠷᠢᠮᠵᠢᠶ᠎ᠠ ᠵᠢ ᠢᠯᠡ᠎ᠪᠠᠷ ᠬᠡᠷᠡᠭᠵᠢᠭᠦᠯᠦᠭᠰᠡᠨ ᠪᠠᠢ᠍ᠢ᠍ᠳᠠᠯ᠎ᠳᠤ ᠬᠠᠤᠯᠢ ᠬᠡᠷᠡᠭᠵᠢᠭᠦᠯᠦᠯᠲᠡ ᠵᠢᠨ ᠪᠠᠢ᠍ᠢ᠍ᠴᠠᠭ᠋ᠠᠯᠲᠠ ᠬᠢᠬᠦ ᠵᠢ ᠴᠢᠩᠭ᠋ᠠᠳᠬᠠᠨ᠎ᠠ᠃ ᠴᠠᠭᠲᠤᠨᠢ ᠲᠣᠬᠢᠷᠠᠭᠤᠯᠵᠤ ᠡᠰᠡᠷᠭᠦ ᠲᠠᠯ᠎ᠠ ᠵᠢᠨ ᠬᠡᠷᠡᠭ᠎ᠤᠨ ᠵᠢᠱ᠌ᠢᠶ᠎ᠡ ᠵᠢ ᠨᠡᠢ᠍ᠢ᠍ᠭᠡᠮ᠎ᠳᠤ ᠢᠯᠡᠷᠡᠭᠦᠯᠦᠨ ᠨᠡᠢ᠍ᠢ᠍ᠲᠡᠯᠡᠨᠡ᠃ (ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ ᠰᠠᠯᠠᠭ᠎ᠠ ᠮᠦᠴᠢᠷ ᠨᠢᠭᠡᠴᠢ᠂ ᠡᠯ᠎ᠡ ᠠᠢ᠍ᠢ᠍ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠤᠰᠤᠭ᠋ᠠᠷ ᠬᠠᠷᠢᠭᠤᠴᠠᠨ᠎ᠠ) ᠡᠯ᠎ᠡ ᠠᠢ᠍ᠢ᠍ᠮᠠᠭ ᠬᠤᠲᠠ ᠵᠢ ᠵᠢᠯᠤᠭᠤᠳᠴᠤ ᠪᠠᠢ᠍ᠢ᠍ᠭ᠋ᠠᠳ ᠲᠠᠸᠠᠷ ᠬᠡᠲᠦ ᠪᠣᠭᠤᠳᠠᠯᠯᠠᠵᠦ ᠪᠠᠭᠯᠠᠬᠤ ᠵᠢ ᠬᠢᠵᠠᠭ᠋ᠠᠷᠯᠠᠬᠤ ᠠᠯᠪᠠᠳᠠᠯᠭ᠎ᠠ ᠵᠢᠨ ᠴᠢᠨᠠᠷᠲᠠᠢ ᠪᠠᠷᠢᠮᠵᠢᠶ᠎ᠠ ᠵᠢ ᠲᠤᠭᠤᠰᠢᠯᠠᠭᠤᠯᠤᠨ ᠨᠠᠢ᠍ᠢ᠍ᠳᠠᠪᠤᠷᠢᠵᠢᠭᠤᠯᠬᠤ ᠠᠵᠢᠯ᠎ᠢ ᠴᠢᠩᠭ᠋ᠠᠳᠬᠠᠯᠭ᠋ᠠᠵᠦ᠂ ᠱᠠᠩᠨᠠᠵᠤ ᠵᠠᠯᠬᠠᠭ᠋ᠠᠬᠤ ᠠᠷᠭ᠎ᠠ ᠬᠡᠮᠵᠢᠶ᠎ᠡ ᠵᠢ ᠰᠣᠳᠣᠯᠣᠨ ᠲᠣᠭᠲᠠᠭ᠋ᠠᠵᠤ᠂ ᠠᠰᠠᠭᠤᠳᠠᠯ ᠵᠶ᠋ᠠᠨ ᠴᠡᠭᠴᠡᠯᠡᠨ ᠵᠠᠯᠠᠷᠠᠭᠤᠯᠬᠤ ᠵᠢ ᠰᠢᠮᠳᠠᠭᠤᠯᠵᠤ᠂ ᠲᠡᠷᠢᠭᠦᠨ᠎ᠤ᠎ᠬᠢ ᠵᠢ᠎ᠨᠢ ᠨᠡᠪᠲᠡᠷᠡᠭᠦᠯᠦᠨ ᠰᠠᠢ᠍ᠢ᠍ᠰᠢᠶᠠᠨᠡ᠃ (ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠬᠠᠷᠢᠭᠤᠴᠠᠨ᠎ᠠ) ᠡᠯ᠎ᠡ ᠠᠢ᠍ᠢ᠍ᠮᠠᠭ ᠬᠤᠲᠠ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠨᠢᠭᠡᠴᠢ ᠵᠢᠨ ᠲᠠᠸᠠᠷ ᠬᠡᠲᠦ ᠪᠣᠭᠤᠳᠠᠯᠯᠠᠵᠦ ᠪᠠᠭᠯᠠᠬᠤ᠎ᠳᠤ ᠵᠠᠰᠠᠯᠲᠠ ᠬᠢᠵᠦ ᠪᠠᠢ᠍ᠢ᠍ᠭ᠎ᠠ ᠠᠵᠢᠯ᠎ᠤᠨ ᠠᠬᠢᠴᠠ᠎ᠳᠤ ᠲᠣᠭᠳᠠᠮᠠᠯ ᠬᠤᠭᠤᠴᠠᠭ᠎ᠠ᠎ᠲᠠᠢ᠎ᠪᠠᠷ ᠲᠤᠬᠢᠷᠠᠭᠤᠯᠤᠯᠲᠠ ᠪᠠ ᠳ᠋ᠦᠩᠨᠡᠯᠲᠡ ᠬᠢᠵᠦ᠂ ᠤᠯᠤᠰ᠎ᠤᠨ ᠨᠢᠭᠡᠳᠦᠯᠲᠡᠢ ᠪᠠᠢ᠍ᠢ᠍ᠷᠢᠯᠠᠭᠤᠯᠤᠯᠲᠠ ᠵᠢ ᠦᠨᠳᠦᠰᠦᠯᠡᠨ ᠨᠡᠢ᠍ᠢ᠍ᠭᠡᠮ᠎ᠤᠨ ᠬᠠᠨᠣᠮᠵᠢ ᠵᠢᠨ ᠬᠡᠮᠵᠢᠶᠠᠨ᠎ᠤ ᠪᠠᠢ᠍ᠢ᠍ᠴᠠᠭ᠋ᠠᠯᠳᠡ ᠵᠢ ᠵᠣᠬᠢᠶᠠᠨ ᠪᠠᠢ᠍ᠢ᠍ᠭᠤᠯᠵᠣ ᠦᠷᠨᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠬᠦᠭᠵᠢᠭᠦᠯᠦᠯᠲᠡ ᠪᠠ ᠥᠭᠡᠷᠡᠴᠢᠯᠡᠯᠲᠡ ᠵᠢᠨ ᠵᠦᠪᠯᠡᠯ᠎ᠠᠴᠠ ᠬᠠᠷᠢᠭᠤᠴᠠᠨ᠎ᠠ) ᠲᠥᠷᠭᠡᠨ ᠢᠯᠡᠭᠡᠯᠲᠡ ᠵᠢᠨ ᠬᠡᠲᠦ ᠪᠣᠭᠤᠳᠠᠯᠯᠠᠵᠦ ᠪᠠᠭᠯᠠᠬᠤ ᠵᠢᠨ ᠬᠠᠤᠯᠢ ᠬᠡᠷᠡᠭᠵᠢᠭᠦᠯᠬᠦ ᠪᠠᠢ᠍ᠢ᠍ᠴᠠᠭ᠋ᠠᠯᠲᠠ ᠵᠢ ᠪᠠᠢ᠍ᠢ᠍ᠩᠭᠤᠵᠢᠭᠰᠠᠨ ᠪᠠᠢ᠍ᠢ᠍ᠴᠠᠭ᠋ᠠᠯᠲᠠ ᠵᠢᠨ ᠠᠭᠤᠯᠭ᠎ᠠ᠎ᠳᠤ ᠣᠷᠤᠭᠤᠯᠤᠨ᠂ 《ᠬᠤᠶᠠᠷ᠎ᠢ ᠰᠤᠭᠤᠴᠢᠬᠤ᠂ ᠨᠢᠭᠡ ᠵᠢ ᠢᠯᠡ ᠪᠠᠢ᠍ᠢ᠍ᠯᠭ᠋ᠠᠬᠤ》 ᠵᠠᠷᠴᠢᠮ ᠶᠣᠰᠤᠭ᠋ᠠᠷ᠂ ᠢᠯᠡᠭᠡᠨ ᠬᠦᠷᠭᠡᠬᠦ ᠠᠵᠤ ᠠᠬᠤᠢ᠍ᠢ᠍ᠯᠠᠯ ᠪᠦᠭᠦᠨ᠎ᠳᠤ ᠣᠨ᠎ᠤ ᠦᠪᠡᠷ᠎ᠢ᠎ᠪᠠᠨ ᠪᠠᠢ᠍ᠢ᠍ᠴᠠᠭ᠋ᠠᠬᠤ ᠪᠠ ᠰᠤᠭᠤᠴᠢᠨ ᠪᠠᠢ᠍ᠢ᠍ᠴᠠᠭ᠋ᠠᠬᠤ ᠠᠵᠢᠯ᠎ᠢ ᠬᠠᠮᠤᠷᠤᠭᠤᠯᠤᠨ ᠪᠡᠶᠡᠯᠡᠬᠦᠯᠵᠦ᠂ ᠲᠥᠷᠭᠡᠨ ᠢᠯᠡᠭᠡᠯᠲᠡ ᠵᠢᠨ ᠪᠣᠭᠤᠳᠠᠯ ᠪᠠᠭᠯᠠᠭ᠎ᠠ᠎ᠳᠤ ᠬᠤᠯᠪᠣᠭᠳᠠᠭᠰᠠᠨ ᠡᠯ᠎ᠡ ᠲᠥᠷᠥᠯ᠎ᠤᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠴᠢᠩᠭ᠎ᠠ ᠪᠠᠢ᠍ᠢ᠍ᠴᠠᠭ᠋ᠠᠨ ᠰᠢᠢ᠍ᠳᠪᠦᠷᠢᠯᠡᠨ᠎ᠡ᠃ (ᠥ ᠪᠥ᠋ᠷ ᠮᠣᠩᠭᠤᠯ᠎ᠤᠨ ᠰᠢᠤᠲᠠᠨᠤ ᠬᠠᠮᠢᠶᠠᠷᠤᠯᠲᠠ ᠵᠢᠨ ᠲᠣᠪᠴᠢᠶ᠎ᠠ᠂ ᠡᠯ᠎ᠡ ᠠᠢ᠍ᠢ᠍ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠤᠰᠤᠭ᠋ᠠᠷ ᠬᠠᠷᠢᠭᠤᠴᠠᠨ᠎ᠠ)
ᠭᠤᠷᠪᠠ᠂ ᠲᠣᠯᠭ᠋ᠠᠭᠤᠷᠢᠯᠠᠵᠣ ᠪᠠᠳᠣᠯᠠᠬᠤ ᠲᠣᠭᠲᠠᠯᠴᠠᠭ᠎ᠠ ᠵᠢ ᠲᠡᠭᠦᠯᠳᠡᠷᠵᠢᠭᠦᠯᠦᠨ᠎ᠡ
(ᠨᠠᠢ᠍ᠮᠠ) ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠤᠨ ᠲᠤᠭᠤᠰᠢᠯᠠᠭᠤᠯᠬᠤ ᠠᠵᠢᠯ᠎ᠢ ᠴᠢᠩᠭ᠋ᠠᠳᠬᠠᠨ᠎ᠠ᠃ 《ᠬᠡᠨ ᠬᠠᠤᠯᠢ ᠬᠡᠷᠡᠭᠵᠢᠭᠦᠯᠪᠡᠯ ᠲᠡᠷᠡ ᠬᠠᠤᠯᠢ ᠴᠠᠭ᠋ᠠᠵᠠ ᠵᠢᠨ ᠮᠡᠳᠡᠯᠭᠡ ᠵᠢ ᠲᠦᠭᠡᠮᠡᠯᠵᠢᠭᠦᠯᠬᠦ》 ᠬᠠᠤᠯᠢ ᠲᠦᠭᠡᠮᠡᠯᠵᠢᠭᠦᠯᠬᠦ ᠬᠠᠷᠢᠭᠤᠴᠠᠯᠭ᠋ᠠᠲᠤ ᠳᠦᠷᠢᠮ᠎ᠤᠨ ᠱᠠᠭ᠋ᠠᠷᠳᠠᠯᠭ᠎ᠠ ᠶᠣᠰᠤᠭ᠋ᠠᠷ᠂ 《ᠪᠥᠭᠦᠳᠡ ᠨᠠᠢ᠍ᠢ᠍ᠷᠠᠮᠳᠠᠬᠤ ᠳᠤᠮᠳᠠᠲᠤ ᠠᠷᠠᠳ ᠤᠯᠤᠰ᠎ᠤᠨ ᠣᠷᠴᠢᠯ ᠠᠵᠤ ᠠᠬᠤᠢ ᠵᠢ ᠠᠬᠢᠭᠤᠯᠬᠤ ᠬᠠᠤᠯᠢ》 《ᠪᠥᠬᠦᠳᠡ ᠨᠠᠢ᠍ᠢ᠍ᠷᠠᠮᠳᠠᠬᠤ ᠳᠤᠮᠳᠠᠲᠤ ᠠᠷᠠᠳ ᠤᠯᠤᠰ᠎ᠤᠨ ᠬᠠᠲᠠᠭᠤ ᠪᠡᠶᠡᠲᠦ ᠬᠠᠶᠠᠭᠳᠠᠮᠠᠯ ᠪᠤᠳᠠᠰ ᠣᠷᠴᠢᠨ ᠲᠣᠭᠤᠷᠢᠨ᠎ᠢ ᠪᠣᠬᠢᠷᠳᠤᠭᠤᠯᠬᠤ ᠵᠢ ᠰᠡᠷᠭᠡᠢ᠍ᠢ᠍ᠯᠡᠨ ᠵᠠᠰᠠᠬᠤ ᠬᠠᠤᠯᠢ》 《ᠪᠦᠬᠦᠳᠡ ᠨᠠᠢ᠍ᠢ᠍ᠷᠠᠮᠳᠠᠬᠤ ᠳᠤᠮᠳᠠᠳᠤ ᠠᠷᠠᠳ ᠤᠯᠤᠰ᠎ᠤᠨ ᠬᠡᠷᠡᠭᠯᠡᠭᠴᠢᠳ᠎ᠤᠨ ᠡᠷᠬᠡ ᠠᠰᠢᠭ᠎ᠢ ᠬᠠᠮᠠᠭ᠋ᠠᠯᠠᠬᠤ ᠬᠠᠤᠯᠢ》 《ᠪᠥᠭᠦᠳᠡ ᠨᠠᠢ᠍ᠢ᠍ᠷᠠᠮᠳᠠᠬᠤ ᠳᠤᠮᠳᠠᠲᠤ ᠠᠷᠠᠳ ᠤᠯᠤᠰ᠎ᠤᠨ ᠪᠠᠷᠢᠮᠵᠢᠶᠠᠵᠢᠭᠤᠯᠤᠯᠲᠠ ᠵᠢᠨ ᠬᠠᠤᠯᠢ》 《ᠪᠦᠭᠦᠳᠡ ᠨᠠᠢ᠍ᠢ᠍ᠷᠠᠮᠳᠠᠬᠤ ᠳᠤᠮᠳᠠᠲᠤ ᠠᠷᠠᠳ ᠤᠯᠤᠰ᠎ᠤᠨ ᠦᠨ᠎ᠡ ᠬᠠᠩᠰᠢ ᠵᠢᠨ ᠬᠠᠤᠯᠢ》 《ᠲᠦᠷᠭᠡᠨ ᠢᠯᠡᠭᠡᠯᠲᠡ ᠵᠢᠨ ᠲᠦᠷ ᠬᠡᠷᠡᠭᠵᠢᠭᠦᠯᠬᠦ ᠳᠦᠷᠢᠮ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠤᠨ ᠲᠤᠭᠤᠰᠢᠯᠠᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠵᠠᠬ᠎ᠠ ᠳᠡᠯᠭᠡᠭᠦᠷ᠎ᠤᠨ ᠭᠤᠣᠯ ᠴᠣᠭᠴᠠ ᠵᠢᠨ᠎ᠬᠢᠨ᠎ᠤ ᠬᠡᠲᠦ ᠪᠣᠭᠤᠳᠠᠯᠯᠠᠵᠦ ᠪᠠᠭᠯᠠᠬᠤ ᠵᠢ ᠬᠢᠵᠠᠭ᠋ᠠᠷᠯᠠᠬᠤ ᠲᠣᠬᠠᠢ ᠬᠠᠤᠯᠢ ᠴᠠᠭ᠋ᠠᠵᠠ ᠵᠢᠨ ᠤᠬᠠᠮᠰᠠᠷ᠂ ᠨᠡᠢ᠍ᠢ᠍ᠭᠡᠮ ᠨᠡᠢ᠍ᠢ᠍ᠲᠡ ᠵᠢᠨ᠎ᠬᠢᠨ᠎ᠤ ᠡᠷᠬᠡ ᠠᠰᠢᠭ ᠵᠶ᠋ᠠᠨ ᠬᠠᠮᠠᠭ᠋ᠠᠯᠠᠬᠤ ᠤᠬᠠᠮᠰᠠᠷ᠎ᠢ᠎ᠨᠢ ᠳᠡᠭᠡᠭᠰᠢᠯᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠬᠦᠭᠵᠢᠭᠦᠯᠦᠯᠲᠡ ᠪᠠ ᠥᠭᠡᠷᠡᠴᠢᠯᠡᠯᠲᠡ ᠵᠢᠨ ᠵᠦᠪᠯᠡᠯ᠂ ᠬᠠᠤᠯᠢ ᠴᠠᠭ᠋ᠠᠵᠠ ᠵᠢᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠤᠯ᠎ᠤᠨ ᠰᠢᠤᠲᠠᠨᠤ ᠬᠠᠮᠢᠶᠠᠷᠤᠯᠲᠠ ᠵᠢᠨ ᠲᠣᠪᠴᠢᠶ᠎ᠠ ᠵᠡᠷᠭᠡ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠤᠰᠤᠭ᠋ᠠᠷ ᠬᠠᠷᠢᠭᠤᠴᠠᠨ᠎ᠠ)
(ᠶᠢᠰᠦ) ᠬᠠᠮᠢᠶ᠎ᠠ ᠪᠦᠬᠦᠢ ᠪᠠᠷᠢᠮᠵᠢᠶ᠎ᠠ ᠵᠢ ᠴᠢᠩᠭ᠎ᠠ ᠬᠡᠷᠡᠭᠵᠢᠭᠦᠯᠦᠨ᠎ᠡ᠃ ᠤᠯᠤᠰ᠎ᠤᠨ ᠢᠳᠡᠰᠢᠨ ᠲᠠᠷᠢᠶᠠᠯᠠᠩ᠎ᠤᠨ ᠪᠦᠲᠦᠭᠡᠭᠳᠡᠭᠦᠨ᠎ᠤ ᠲᠥᠷᠭᠡᠨ ᠢᠯᠡᠭᠡᠯᠲᠡ᠂ ᠡᠯᠧᠺᠲᠷᠦᠨ ᠬᠤᠳᠠᠯᠳᠤᠭ᠋ᠠᠨ᠎ᠤ ᠶᠠᠪᠤᠳᠠᠯ᠂ ᠢᠳᠡᠭᠡᠨ᠎ᠤ ᠵᠦᠢ᠍ᠯ ᠪᠠ ᠵᠠᠰᠠᠯ ᠴᠢᠮᠡᠭᠯᠡᠯ᠎ᠤᠨ ᠡᠳ᠋ ᠵᠡᠷᠭᠡ ᠵᠢᠨ ᠬᠡᠲᠦ ᠪᠣᠭᠤᠳᠠᠯᠯᠠᠵᠦ ᠪᠠᠭᠯᠠᠬᠤ ᠵᠢ ᠬᠢᠵᠠᠭ᠋ᠠᠷᠯᠠᠬᠤ ᠠᠯᠪᠠᠳᠠᠯᠭ᠎ᠠ ᠵᠢᠨ ᠴᠢᠨᠠᠷᠲᠠᠢ ᠪᠠᠷᠢᠮᠵᠢᠶ᠎ᠠ᠂ ᠲᠠᠸᠠᠷ ᠬᠡᠲᠦ ᠪᠣᠭᠤᠳᠠᠯᠯᠠᠵᠦ ᠪᠠᠭᠯᠠᠬᠤ ᠵᠢ ᠬᠢᠵᠠᠭ᠋ᠠᠷᠯᠠᠬᠤ ᠨᠡᠪᠳᠡᠷᠬᠡᠢ ᠳᠥᠷᠢᠮ᠎ᠤᠨ ᠪᠠᠷᠢᠮᠵᠢᠶ᠎ᠠ ᠵᠢ ᠲᠣᠭᠲᠠᠭ᠋ᠠᠭᠰᠠᠨ (ᠵᠠᠰᠠᠪᠤᠷᠢ ᠣᠷᠤᠭᠤᠯᠤᠭᠰᠠᠨ) ᠪᠠᠢ᠍ᠢ᠍ᠳᠠᠯ᠎ᠢ ᠦᠨᠳᠦᠰᠦᠯᠡᠨ᠂ ᠡᠯ᠎ᠡ ᠬᠠᠮᠢᠶ᠎ᠠ ᠪᠦᠬᠦᠢ ᠪᠠᠷᠢᠮᠵᠢᠶ᠎ᠠ ᠵᠢ ᠲᠤᠭᠤᠰᠢᠯᠠᠭᠤᠯᠤᠨ ᠬᠡᠷᠡᠭᠵᠢᠭᠦᠯᠬᠦ᠎ᠪᠠᠨ ᠴᠢᠩᠭ᠋ᠠᠳᠬᠠᠬᠤ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠥᠪᠥᠷ ᠮᠣᠩᠭᠤᠯ᠎ᠤᠨ ᠰᠢᠤᠲᠠᠨᠤ ᠬᠠᠮᠢᠶᠠᠷᠤᠯᠲᠠ ᠵᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠤᠰᠤᠭ᠋ᠠᠷ ᠬᠠᠷᠢᠭᠤᠴᠠᠨ᠎ᠠ)
(ᠠᠷᠪᠠ) ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠴᠢᠩᠭ᠋ᠠᠷᠠᠭᠤᠯᠤᠨ᠎ᠠ᠃ ᠣᠨ᠎ᠤ ᠲᠥᠰᠥᠪ ᠲᠣᠬᠢᠷᠠᠭᠤᠯᠤᠨ ᠲᠠᠸᠠᠷ ᠬᠡᠲᠦ ᠪᠣᠭᠤᠳᠠᠯᠯᠠᠵᠦ ᠪᠠᠭᠯᠠᠬᠤ᠂ ᠲᠦᠷᠭᠡᠨ ᠢᠯᠡᠭᠡᠯᠲᠡ ᠵᠢᠨ ᠬᠡᠲᠦ ᠪᠣᠭᠤᠳᠠᠯᠯᠠᠵᠦ ᠪᠠᠭᠯᠠᠬᠤ ᠵᠢᠨ ᠬᠠᠤᠯᠢ ᠬᠡᠷᠡᠭᠵᠢᠭᠦᠯᠦᠯᠲᠡ ᠵᠢᠨ ᠪᠠᠢ᠍ᠢ᠍ᠴᠠᠭ᠋ᠠᠬᠤ ᠠᠵᠢᠯ᠎ᠢ ᠤᠷᠤᠭᠰᠢᠲᠠᠢ ᠡᠮᠬᠢ ᠵᠢᠷᠤᠮ᠎ᠲᠠᠢ᠎ᠪᠠᠷ ᠦᠷᠨᠢᠭᠦᠯᠭᠦ ᠵᠢ ᠪᠠᠲᠤᠯᠠᠬᠤ᠎ᠳᠤ ᠬᠡᠷᠡᠭᠯᠡᠨ᠎ᠡ᠃ (ᠡᠯ᠎ᠡ ᠠᠢ᠍ᠢ᠍ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠤᠰᠤᠭ᠋ᠠᠷ ᠬᠠᠷᠢᠭᠤᠴᠠᠨ᠎ᠠ) ᠡᠯ᠎ᠡ ᠠᠢ᠍ᠢ᠍ᠮᠠᠭ ᠬᠤᠲᠠ ᠵᠢ ᠵᠢᠭ᠋ᠠᠨ ᠵᠢᠯᠣᠭᠤᠳᠴᠤ ᠪᠠᠢ᠍ᠢ᠍ᠭ᠋ᠠᠳ ᠬᠠᠶᠠᠭᠳᠠᠮᠠᠯ ᠪᠣᠭᠤᠳᠠᠯ ᠪᠠᠭᠯᠠᠭ᠎ᠠ ᠵᠢᠨ ᠪᠤᠳᠠᠰ᠎ᠢ ᠡᠬᠢ ᠪᠠᠶᠠᠯᠢᠬ᠍ᠵᠢᠭᠤᠯᠬᠤ ᠪᠠ ᠤᠷᠴᠢᠯᠳᠤᠭᠤᠯᠤᠨ ᠠᠰᠢᠬᠯᠠᠬᠤ ᠲᠥᠷᠥᠯ ᠵᠦᠢ᠍ᠯ᠎ᠤᠨ ᠨᠦᠬᠡᠴᠡ ᠵᠢ ᠴᠢᠩᠭ᠋ᠠᠳᠬᠠᠵᠤ᠂ ᠲᠥᠪ᠎ᠤᠨ ᠲᠥᠰᠦᠪ᠎ᠲᠠᠬᠢ ᠪᠡᠯᠡ ᠮᠦᠩᠭᠦᠨ᠎ᠤ ᠣᠷᠤᠭᠤᠯᠤᠯᠲᠠ ᠬᠢᠬᠦ ᠬᠠᠨᠳᠤᠰᠢ ᠵᠢ ᠦᠨᠳᠦᠰᠦᠯᠡᠨ᠂ ᠳᠡᠮᠵᠢᠯᠭᠡ ᠣᠯᠬᠤ᠎ᠪᠠᠷ ᠢᠳᠡᠪᠬᠢᠲᠡᠢ ᠴᠢᠷᠮᠠᠢ᠍ᠢ᠍ᠨ᠎ᠠ᠃ (ᠥᠪᠡᠷᠲᠡᠭᠡᠨ ᠵᠠᠰᠠᠬᠤ ᠣᠷᠣᠨ᠎ᠤ ᠬᠦᠭᠵᠢᠭᠦᠯᠦᠯᠲᠡ ᠪᠠ ᠥᠭᠡᠷᠡᠴᠢᠯᠡᠯᠲᠡ ᠵᠢᠨ ᠵᠦᠪᠯᠡᠯ ᠬᠠᠷᠢᠭᠤᠴᠠᠨ᠎ᠠ) ᠵᠠᠰᠠᠭ᠎ᠤᠨ ᠣᠷᠳᠣᠨ᠎ᠤ ᠪᠣᠬᠢᠷᠳᠤᠯ ᠦᠭᠡᠢ ᠵᠢᠨ ᠬᠤᠳᠠᠯᠳᠤᠨ ᠠᠪᠬᠤ ᠲᠥᠷᠥ ᠵᠢᠨ ᠪᠣᠳᠣᠯᠭ᠎ᠠ ᠵᠢ ᠨᠠᠢ᠍ᠢ᠍ᠳᠠᠪᠤᠷᠢᠵᠢᠭᠤᠯᠤᠨ᠂ ᠡᠯ᠎ᠡ ᠬᠤᠳᠠᠯᠳᠤᠨ ᠠᠪᠤᠭᠴᠢ 《ᠲᠠᠸᠠᠷ᠎ᠤᠨ ᠪᠣᠭᠤᠳᠠᠯ ᠪᠠᠭᠯᠠᠭ᠎ᠠ ᠵᠢᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠡᠷᠡᠭᠴᠡᠭᠡ ᠱᠠᠭ᠋ᠠᠷᠳᠠᠯᠭ᠎ᠠ ᠵᠢᠨ ᠪᠠᠷᠢᠮᠵᠢᠶ᠎ᠠ (ᠲᠣᠷᠰᠢᠨ ᠬᠡᠷᠡᠭᠵᠢᠭᠦᠯᠬᠦ)》 《ᠲᠥᠷᠭᠡᠨ ᠢᠯᠡᠭᠡᠯᠲᠡ ᠵᠢᠨ ᠪᠣᠭᠤᠳᠠᠯ ᠪᠠᠭᠯᠠᠭ᠎ᠠ ᠵᠢᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠡᠷᠡᠭᠴᠡᠭᠡ ᠱᠠᠭ᠋ᠠᠷᠳᠠᠯᠭ᠎ᠠ ᠵᠢᠨ ᠪᠠᠷᠢᠮᠵᠢᠶ᠎ᠠ (ᠲᠣᠷᠰᠢᠨ ᠬᠡᠷᠡᠭᠵᠢᠭᠦᠯᠬᠦ)》 ᠵᠢ ᠴᠢᠩᠭ᠎ᠠ ᠵᠢᠷᠤᠮᠯᠠᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠵᠢ ᠬᠡᠷᠡᠭᠵᠢᠭᠦᠯᠵᠦ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠵᠢᠨ ᠬᠦᠲᠦᠯᠦᠨ ᠵᠢᠯᠣᠭᠤᠳᠬᠤ ᠦᠢ᠍ᠯᠡᠳᠦᠯ᠎ᠢ᠎ᠨᠢ ᠪᠠᠳᠠᠷᠠᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠵᠡᠷᠭᠡ ᠰᠠᠯᠠᠭ᠎ᠠ ᠮᠦᠴᠢᠷ ᠨᠢᠭᠡᠴᠢ᠎ᠨᠦᠭᠦᠳ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠤᠰᠤᠭ᠋ᠠᠷ ᠬᠠᠷᠢᠭᠤᠴᠠᠨ᠎ᠠ) ᠤᠯᠤᠰ᠎ᠤᠨ ᠭᠤᠣᠯᠳᠠᠯᠭ᠎ᠠ ᠪᠣᠯᠬᠤ ᠰᠣᠳᠣᠯᠣᠨ ᠨᠡᠬᠡᠬᠡᠬᠦ ᠲᠥᠯᠥᠪᠯᠡᠭᠡ ᠵᠢᠨ ᠲᠥᠷᠥᠯ ᠵᠦᠢ᠍ᠯ᠎ᠢ ᠢᠳᠡᠪᠬᠢᠲᠡᠢ ᠭᠤᠶᠤᠴᠢᠯᠠᠨ ᠮᠡᠳᠡᠭᠦᠯᠬᠦ ᠵᠢ ᠵᠣᠬᠢᠶᠠᠨ ᠪᠠᠢ᠍ᠢ᠍ᠭᠤᠯᠵᠤ᠂ ᠲᠥᠷᠭᠡᠨ ᠢᠯᠡᠭᠡᠯᠲᠡ ᠵᠢᠨ ᠪᠣᠭᠤᠳᠠᠯ ᠪᠠᠭᠯᠠᠭ᠎ᠠ ᠵᠢ ᠪᠣᠬᠢᠷᠳᠤᠯ ᠦᠭᠡᠢ᠎ᠪᠠᠷ ᠵᠢᠷᠤᠵᠤ ᠲᠥᠯᠥᠪᠯᠡᠬᠦ ᠪᠠ ᠡᠨᠧᠷᠬᠢ ᠵᠢᠨ ᠬᠤᠷᠤᠨᠨᠳᠠᠯ ᠪᠠᠭ᠎ᠠ ᠣᠶᠤᠨᠯᠢᠭ ᠪᠠᠷᠠᠭ᠋ᠠᠨ᠎ᠤ ᠭᠦᠢ᠍ᠯᠭᠡᠭᠡ᠎ᠪᠠᠷ ᠲᠣᠬᠢᠷᠠᠭᠤᠯᠤᠨ ᠬᠦᠷᠭᠡᠬᠦ ᠵᠡᠷᠭᠡ ᠲᠠᠯ᠎ᠠ ᠵᠢᠨ᠎ᠬᠢ ᠮᠡᠷᠭᠡᠵᠢᠯ᠎ᠤᠨ ᠰᠣᠳᠣᠯᠣᠨ ᠨᠡᠬᠡᠬᠡᠬᠦ ᠠᠵᠢᠯ᠎ᠢ ᠳᠡᠮᠵᠢᠨ᠎ᠡ᠃ (ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠬᠠᠷᠢᠭᠤᠴᠠᠨ᠎ᠠ)
(ᠠᠷᠪᠠᠨ ᠨᠢᠭᠡ) ᠠᠵᠢᠯ ᠲᠥᠷᠥᠯ᠎ᠤᠨ ᠦᠪᠡᠷ᠎ᠢ᠎ᠪᠠᠨ ᠱᠠᠭ᠋ᠠᠷᠳᠠᠬᠤ ᠵᠢ ᠴᠢᠩᠭ᠋ᠠᠳᠬᠠᠨ᠎ᠠ᠃ ᠬᠠᠮᠢᠶ᠎ᠠ ᠪᠦᠬᠦᠢ ᠠᠵᠢᠯ ᠲᠥᠷᠥᠯ᠎ᠤᠨ ᠨᠡᠢ᠍ᠢ᠍ᠭᠡᠮᠯᠢᠭᠢ ᠰᠢᠮᠳᠠᠭᠤᠯᠤᠨ ᠵᠢᠯᠣᠭᠤᠳᠴᠤ ᠪᠠᠢ᠍ᠢ᠍ᠭ᠋ᠠᠳ ᠠᠵᠢᠯ ᠲᠥᠷᠥᠯ᠎ᠳᠤ ᠭᠦᠨᠵᠡᠭᠡᠢ᠍ᠢ᠍ᠷᠡᠬᠦ᠂ ᠠᠵᠤ ᠠᠬᠤᠢ᠍ᠢ᠍ᠯᠠᠯ᠎ᠳᠤ ᠦᠢ᠍ᠯᠡᠴᠢᠯᠡᠬᠦ᠂ ᠨᠡᠢ᠍ᠢ᠍ᠯᠡᠮᠡᠯ ᠬᠦᠴᠦᠨ ᠵᠶ᠋ᠠᠨ ᠨᠢᠭᠲᠠᠷᠠᠭᠤᠯᠬᠤ᠎ᠳᠠᠬᠢ ᠣᠨᠴᠠᠭ᠋ᠠᠢ ᠳᠠᠪᠠᠭᠤᠯᠢᠭ ᠲᠠᠯ᠎ᠠ᠎ᠪᠠᠨ ᠭᠦᠢ᠍ᠴᠡᠳ ᠪᠠᠳᠠᠷᠠᠭᠤᠯᠤᠨ᠂ ᠠᠵᠢᠯ ᠲᠥᠷᠥᠯ᠎ᠤᠨ ᠲᠣᠳᠣᠭ᠋ᠠᠳᠣ᠎ᠬᠢ ᠦᠢ᠍ᠯᠡᠳᠪᠦᠷᠢᠯᠡᠬᠦ᠂ ᠪᠤᠷᠤᠯᠠᠭᠤᠯᠬᠤ ᠵᠡᠷᠭᠡ ᠠᠵᠤ ᠠᠬᠤᠢ᠍ᠢ᠍ᠯᠠᠯ᠎ᠤᠨ ᠲᠠᠸᠠᠷ ᠬᠡᠲᠦ ᠪᠣᠭᠤᠳᠠᠯᠯᠠᠵᠦ ᠪᠠᠭᠯᠠᠬᠤ ᠵᠢ ᠬᠢᠵᠠᠭ᠋ᠠᠷᠯᠠᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠪᠠᠷᠢᠮᠵᠢᠶ᠎ᠠ ᠵᠢᠨ ᠤᠬᠠᠭᠤᠯᠤᠨ ᠲᠤᠭᠤᠰᠢᠯᠠᠭᠤᠯᠬᠤ᠂ ᠪᠣᠯᠪᠠᠰᠤᠷᠠᠯ ᠬᠦᠷᠲᠡᠭᠡᠬᠦ ᠠᠵᠢᠯ᠎ᠢ ᠴᠢᠩᠭ᠋ᠠᠳᠬᠠᠵᠤ᠂ ᠠᠵᠤ ᠠᠬᠤᠢ᠍ᠢ᠍ᠯᠠᠯ᠎ᠢ ᠬᠦᠲᠦᠯᠦᠨ ᠵᠢᠯᠣᠭᠤᠳᠴᠤ ᠪᠠᠢ᠍ᠢ᠍ᠭ᠋ᠠᠳ ᠲᠠᠸᠠᠷ᠎ᠤᠨ ᠳᠥᠭᠦᠮ ᠪᠤᠷᠤᠭᠵᠢᠭᠤᠨ ᠪᠣᠭᠤᠳᠠᠯᠯᠠᠵᠦ ᠪᠠᠭᠯᠠᠬᠤ ᠲᠠᠯ᠎ᠠ᠎ᠪᠠᠷ᠎ᠬᠢ ᠠᠵᠢᠯ ᠲᠥᠷᠥᠯ᠎ᠤᠨ ᠦᠪᠡᠷ᠎ᠢ᠎ᠪᠠᠨ ᠱᠠᠭ᠋ᠠᠷᠳᠠᠬᠤ ᠵᠢᠷᠤᠮᠵᠢᠯ᠎ᠢ ᠠᠯᠬᠤᠮ ᠠᠯᠬᠤᠮ ᠵᠶ᠋ᠠᠷ ᠪᠣᠢ ᠪᠣᠯᠭ᠋ᠠᠨ᠎ᠠ᠃ ᠬᠠᠮᠢᠶ᠎ᠠ ᠪᠦᠬᠦᠢ ᠠᠵᠢᠯ ᠲᠥᠷᠥᠯ᠎ᠤᠨ ᠨᠡᠢ᠍ᠢ᠍ᠭᠡᠮᠯᠢᠭᠨᠢ ᠠᠵᠢᠯ ᠲᠥᠷᠥᠯ᠎ᠤᠨ ᠲᠣᠳᠣᠭ᠋ᠠᠳᠣ᠎ᠬᠢ ᠲᠠᠸᠠᠷ ᠬᠡᠲᠦ ᠪᠣᠭᠤᠳᠠᠯᠯᠠᠵᠦ ᠪᠠᠭᠯᠠᠬᠤ ᠵᠢ ᠬᠢᠵᠠᠭ᠋ᠠᠷᠯᠠᠬᠤ ᠲᠠᠯ᠎ᠠ ᠵᠢᠨ ᠪᠠᠢ᠍ᠢ᠍ᠴᠠᠭ᠋ᠠᠨ ᠰᠣᠳᠣᠯᠣᠯᠲᠠ ᠵᠢ ᠭᠦᠨᠵᠡᠭᠡᠢ ᠦᠷᠨᠢᠭᠦᠯᠵᠦ᠂ ᠬᠠᠮᠢᠶ᠎ᠠ ᠪᠦᠬᠦᠢ ᠪᠠᠢ᠍ᠢ᠍ᠳᠠᠯ᠎ᠢ ᠨᠢᠭᠲᠠ ᠡᠵᠡᠮᠰᠢᠨ᠂ ᠬᠠᠮᠢᠶ᠎ᠠ ᠪᠦᠬᠦᠢ ᠠᠵᠢᠯ ᠲᠥᠷᠥᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠲᠤ ᠴᠠᠭ ᠲᠤᠬᠠᠢᠳᠤᠨᠢ ᠣᠨᠣᠪᠴᠢᠲᠠᠢ᠎ᠪᠠᠷ ᠲᠤᠭ᠎ᠠ ᠪᠠᠷᠢᠮᠲᠠ ᠵᠢᠨ ᠮᠡᠳᠡᠭᠡ ᠵᠠᠩᠭᠢ ᠬᠠᠩᠭ᠋ᠠᠵᠤ᠂ ᠨᠡᠢ᠍ᠢ᠍ᠭᠡᠮ᠎ᠳᠤ ᠲᠠᠸᠠᠷ ᠬᠡᠲᠦ ᠪᠣᠭᠤᠳᠠᠯᠯᠠᠵᠦ ᠪᠠᠭᠯᠠᠬᠤ ᠵᠢ ᠬᠤᠷᠢᠬᠯᠠᠨ ᠵᠤᠭᠰᠤᠭ᠋ᠠᠭᠰᠠᠨ ᠮᠡᠳᠡᠭᠦᠯᠦᠯᠲᠡ ᠵᠢ ᠨᠡᠢ᠍ᠢ᠍ᠲᠡᠯᠡᠨ᠂ ᠠᠵᠢᠯ ᠲᠥᠷᠥᠯ᠎ᠤᠨ ᠬᠦᠷᠢᠶ᠎ᠡ ᠴᠠᠷᠠᠭ᠋ᠠᠨ᠎ᠳᠠᠬᠢ ᠲᠠᠸᠠᠷ ᠬᠡᠲᠦ ᠪᠣᠭᠤᠳᠠᠯᠯᠠᠵᠦ ᠪᠠᠭᠯᠠᠬᠤ᠎ᠪᠠᠨ ᠬᠢᠵᠠᠭ᠋ᠠᠷᠯᠠᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠪᠠᠷᠢᠮᠵᠢᠶ᠎ᠠ ᠵᠢ ᠨᠠᠢ᠍ᠢ᠍ᠳᠠᠪᠤᠷᠢᠵᠢᠭᠤᠯᠤᠭᠰᠠᠨ ᠵᠢᠴᠢ ᠳᠥᠭᠦᠮ ᠪᠤᠷᠤᠭᠵᠢᠭᠤᠨ ᠪᠣᠭᠤᠳᠠᠯ ᠪᠠᠭᠯᠠᠭ᠎ᠠ ᠵᠢ ᠲᠡᠯᠬᠡᠷᠡᠭᠦᠯᠦᠨ ᠬᠡᠷᠡᠭᠯᠡᠭᠰᠡᠨ ᠪᠠᠢ᠍ᠢ᠍ᠳᠠᠯ᠎ᠢ ᠨᠡᠢ᠍ᠢ᠍ᠲᠡᠯᠡᠨᠡ᠃ (ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢᠭᠡᠴᠢ᠂ ᠬᠠᠮᠢᠶ᠎ᠠ ᠪᠦᠬᠦᠢ ᠠᠵᠢᠯ ᠲᠥᠷᠥᠯ᠎ᠤᠨ ᠨᠡᠢ᠍ᠢ᠍ᠭᠡᠮᠯᠢᠭ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠤᠰᠤᠭ᠋ᠠᠷ ᠬᠠᠷᠢᠭᠤᠴᠠᠨ᠎ᠠ)
ᠳᠥᠷᠪᠡ᠂ ᠵᠣᠬᠢᠶᠠᠨ ᠪᠠᠢ᠍ᠢ᠍ᠭᠤᠯᠵᠤ ᠬᠡᠷᠡᠭᠵᠢᠭᠦᠯᠬᠦ᠎ᠪᠠᠨ ᠴᠢᠩᠭ᠋ᠠᠳᠬᠠᠨ᠎ᠠ
(ᠠᠷᠪᠠᠨ ᠬᠤᠶᠠᠷ) ᠵᠣᠬᠢᠶᠠᠨ ᠪᠠᠢ᠍ᠢ᠍ᠭᠤᠯᠵᠤ ᠵᠣᠬᠢᠴᠠᠭᠤᠯᠬᠤ᠎ᠪᠠᠨ ᠴᠢᠩᠭ᠋ᠠᠳᠬᠠᠨ᠎ᠠ᠃ ᠰᠠᠯᠠᠭ᠎ᠠ ᠮᠦᠴᠢᠷ᠎ᠤᠨ ᠬᠤᠭᠤᠷᠤᠨᠳᠤᠬᠢ ᠠᠵᠢᠯ᠎ᠤᠨ ᠬᠠᠮᠵᠢᠯᠴᠠᠭ᠎ᠠ ᠵᠢ ᠴᠢᠩᠭ᠋ᠠᠳᠬᠠᠵᠤ᠂ ᠠᠵᠢᠯ᠎ᠤᠨ ᠵᠦᠪᠳᠡᠯᠴᠡᠬᠦ ᠲᠣᠭᠲᠠᠴᠠ ᠵᠢ ᠪᠠᠢ᠍ᠢ᠍ᠭᠤᠯᠤᠨ᠂ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠤᠰᠤᠭ᠋ᠠᠷ ᠠᠵᠢᠯ᠎ᠤᠨ ᠨᠠᠢ᠍ᠢ᠍ᠳᠠᠪᠤᠷᠢᠵᠢᠭᠤᠯᠤᠯᠲᠠ ᠵᠢ ᠠᠬᠢᠭᠤᠯᠤᠨ᠎ᠠ᠃ ᠲᠠᠸᠠᠷ ᠬᠡᠲᠦ ᠪᠣᠭᠤᠳᠠᠯᠯᠠᠵᠦ ᠪᠠᠭᠯᠠᠬᠤ ᠵᠢ ᠵᠠᠰᠠᠭᠰᠠᠨ ᠠᠵᠢᠯ᠎ᠤᠨ ᠠᠬᠢᠴᠠ᠎ᠪᠠᠨ ᠳ᠋ᠦᠩᠨᠡᠵᠦ᠂ ᠣᠷᠣᠰᠢᠵᠤ ᠪᠠᠢ᠍ᠢ᠍ᠭ᠎ᠠ ᠠᠰᠠᠭᠤᠳᠠᠯ᠎ᠤᠳ᠎ᠲᠤ ᠴᠢᠭᠯᠡᠭᠦᠯᠦᠨ ᠳᠠᠷᠠᠭ᠋ᠠᠴᠢ ᠵᠢᠨ ᠠᠯᠬᠤᠮ᠎ᠤᠨ ᠭᠤᠣᠯᠳᠠᠯᠭ᠎ᠠ ᠪᠣᠯᠬᠤ ᠠᠵᠢᠯ ᠵᠶ᠋ᠠᠨ ᠬᠠᠷᠠᠯᠲᠠ ᠬᠠᠨᠳᠤᠯᠭ᠎ᠠ᠎ᠲᠠᠢ᠎ᠪᠠᠷ ᠰᠤᠳᠤᠯᠤᠨ ᠪᠠᠢ᠍ᠢ᠍ᠷᠢᠯᠠᠭᠤᠯᠵᠤ᠂ ᠴᠢᠬᠤᠯᠠ ᠶᠡᠭᠡ ᠠᠰᠠᠭᠤᠳᠠᠯ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠴᠠᠭ ᠲᠤᠬᠠᠢᠳᠤᠨᠢ ᠮᠡᠳᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠎ᠠᠴᠠ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠤᠰᠤᠭ᠋ᠠᠷ ᠬᠠᠷᠢᠭᠤᠴᠠᠨ᠎ᠠ)
(ᠠᠷᠪᠠᠨ ᠭᠤᠷᠪᠠ) ᠬᠠᠷᠢᠶᠠᠲᠤ ᠭᠠᠵᠠᠷ᠎ᠤᠨ ᠬᠠᠷᠢᠭᠤᠴᠠᠯᠭ᠎ᠠ ᠵᠢ ᠨᠠᠢ᠍ᠢ᠍ᠳᠠᠪᠤᠷᠢᠵᠢᠭᠤᠯᠤᠨ᠎ᠠ᠃ ᠡᠯ᠎ᠡ ᠠᠢ᠍ᠢ᠍ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠲᠣᠰ ᠭᠠᠵᠠᠷ ᠣᠷᠣᠨ᠎ᠤ᠎ᠪᠠᠨ ᠲᠠᠸᠠᠷ ᠬᠡᠲᠦ ᠪᠣᠭᠤᠳᠠᠯᠯᠠᠵᠦ ᠪᠠᠭᠯᠠᠬᠤ᠎ᠳᠤ ᠵᠠᠰᠠᠯᠲᠠ ᠬᠢᠬᠦ ᠠᠵᠢᠯ᠎ᠢ ᠶᠡᠷᠦᠩᠬᠡᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠢ ᠠᠵᠢᠯ᠎ᠤᠨ ᠪᠠᠢ᠍ᠢ᠍ᠷᠢᠯᠠᠭᠤᠯᠤᠯᠲᠠ ᠪᠠ ᠱᠠᠭ᠋ᠠᠷᠳᠠᠯᠭ᠎ᠠ ᠵᠢ ᠦᠨᠳᠦᠰᠦᠯᠡᠨ᠂ ᠵᠣᠬᠢᠶᠠᠨ ᠪᠠᠢ᠍ᠢ᠍ᠭᠤᠯᠵᠤ ᠤᠳᠤᠷᠢᠳᠬᠤ᠎ᠪᠠᠨ ᠴᠢᠩᠭ᠋ᠠᠳᠬᠠᠨ᠂ ᠠᠵᠢᠯ᠎ᠤᠨ ᠲᠣᠭᠲᠠᠴᠠ᠎ᠪᠠᠨ ᠲᠡᠭᠦᠯᠳᠡᠷᠵᠢᠭᠦᠯᠵᠦ᠂ ᠲᠠᠸᠠᠷ ᠬᠡᠲᠦ ᠪᠣᠭᠤᠳᠠᠯᠯᠠᠵᠦ ᠪᠠᠭᠯᠠᠬᠤ᠎ᠳᠤ ᠵᠠᠰᠠᠯᠲᠠ ᠬᠢᠬᠦ ᠠᠷᠭ᠎ᠠ ᠬᠡᠮᠵᠢᠶ᠎ᠡ᠎ᠪᠠᠨ ᠤᠯᠠᠮ ᠨᠢᠭᠡ ᠠᠯᠬᠤᠮ ᠨᠠᠷᠢᠯᠢᠬ᠍ᠵᠢᠭᠤᠯᠤᠨ ᠨᠠᠢ᠍ᠢ᠍ᠳᠠᠪᠤᠷᠢᠵᠢᠭᠤᠯᠤᠨ᠎ᠠ᠃ (ᠡᠯ᠎ᠡ ᠠᠢ᠍ᠢ᠍ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠬᠠᠷᠢᠭᠤᠴᠠᠨ᠎ᠠ)
(ᠠᠷᠪᠠᠨ ᠳᠥᠷᠪᠡ) ᠤᠬᠠᠭᠤᠯᠭ᠎ᠠ ᠬᠦᠮᠦᠵᠢᠯ ᠵᠶ᠋ᠠᠨ ᠴᠢᠩᠭ᠋ᠠᠳᠬᠠᠨ᠎ᠠ᠃ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠠ ᠰᠣᠨᠢᠨ ᠮᠡᠳᠡᠭᠡᠨ᠎ᠤ ᠵᠠᠭᠤᠴᠢᠯᠠᠭᠤᠷ᠎ᠢ ᠵᠢᠯᠣᠭᠤᠳᠴᠤ ᠪᠠᠢ᠍ᠢ᠍ᠭ᠋ᠠᠳ ᠲᠠᠸᠠᠷ ᠬᠡᠲᠦ ᠪᠣᠭᠤᠳᠠᠯᠯᠠᠵᠦ ᠪᠠᠭᠯᠠᠬᠤ ᠵᠢ ᠬᠢᠵᠠᠭ᠋ᠠᠷᠯᠠᠬᠤ ᠪᠠᠷᠢᠮᠵᠢᠶ᠎ᠠ ᠪᠠ ᠲᠥᠷᠥ ᠵᠢᠨ ᠪᠣᠳᠣᠯᠭ᠎ᠠ ᠵᠢ ᠶᠡᠭᠡ᠎ᠪᠠᠷ ᠤᠬᠠᠭᠤᠯᠤᠨ ᠲᠠᠢ᠍ᠢ᠍ᠯᠣᠮᠵᠢ ᠬᠢᠵᠦ᠂ ᠪᠣᠬᠢᠷᠳᠤᠯ ᠦᠭᠡᠢ ᠠᠷᠪᠢᠴᠢ ᠭᠠᠮᠳᠠᠢ ᠠᠮᠢᠳᠤᠷᠠᠯ᠎ᠤᠨ ᠠᠷᠭ᠎ᠠ ᠮᠠᠶᠢᠭ᠎ᠢ ᠰᠠᠨᠠᠭ᠋ᠠᠴᠢᠯᠠᠨ᠎ᠠ᠃ ᠨᠡᠢ᠍ᠢ᠍ᠲᠡᠯᠢᠭ ᠠᠷᠭ᠎ᠠ ᠬᠢᠳᠡᠯ᠂ ᠲᠡᠷᠢᠭᠦᠨ᠎ᠤ ᠨᠢᠭᠡᠴᠢ ᠪᠠ ᠬᠤᠪᠢ ᠬᠥᠮᠥᠨ᠎ᠢ ᠢᠳᠡᠪᠬᠢᠲᠡᠢ ᠮᠡᠳᠡᠭᠡᠯᠡᠵᠦ᠂ ᠬᠠᠤᠯᠢ ᠲᠣᠭᠲᠠᠭ᠋ᠠᠯ᠎ᠠᠴᠠ ᠵᠦᠷᠢᠴᠡᠭᠰᠡᠨ ᠠᠰᠠᠭᠤᠳᠠᠯ᠎ᠤᠳ᠎ᠢ ᠳᠡᠰ ᠳᠠᠷᠠᠭ᠋ᠠᠯᠠᠯ ᠶᠤᠰᠤᠭ᠋ᠠᠷ ᠴᠠᠭᠲᠤᠨᠢ ᠲᠣᠬᠢᠷᠠᠭᠤᠯᠵᠤ ᠢᠯᠡᠷᠡᠭᠦᠯᠦᠨ ᠢᠯᠡᠴᠢᠯᠡᠵᠦ᠂ ᠨᠡᠢ᠍ᠢ᠍ᠭᠡᠮ ᠵᠶ᠋ᠠᠷ ᠵᠶ᠋ᠠᠨ ᠣᠷᠣᠯᠴᠠᠭᠰᠠᠨ ᠰᠠᠢ᠍ᠢ᠍ᠨ ᠰᠠᠢ᠍ᠢ᠍ᠬᠠᠨ ᠣᠷᠴᠢᠨ ᠠᠬᠤᠢ ᠵᠢ ᠪᠣᠢ ᠪᠣᠯᠭ᠋ᠠᠨ᠎ᠠ᠃ ᠡᠯ᠎ᠡ ᠱᠠᠲᠤᠨ᠎ᠤ ᠵᠠᠰᠠᠭ ᠵᠠᠬᠢᠷᠭ᠋ᠠᠨ᠎ᠤ ᠪᠠᠢ᠍ᠢ᠍ᠭᠤᠯᠭ᠎ᠠ᠂ ᠨᠡᠢ᠍ᠢ᠍ᠭᠡᠮ᠎ᠤᠨ ᠪᠦᠯᠬᠦᠮ᠂ ᠠᠵᠢᠯ ᠦᠢ᠍ᠯᠡᠰ᠎ᠤᠨ ᠨᠢᠭᠡᠴᠢ᠂ ᠤᠯᠤᠰ᠎ᠤᠨ ᠦᠮᠴᠢᠯᠡᠯᠲᠦ ᠠᠵᠤ ᠠᠬᠤᠢ᠍ᠢ᠍ᠯᠠᠯ᠎ᠤᠳ ᠲᠦᠷᠦᠭᠦᠯᠡᠨ ᠰᠠᠨᠠᠭ᠋ᠠᠴᠢᠯᠠᠭ᠎ᠠ᠎ᠠᠴᠠ᠎ᠪᠠᠨ ᠬᠡᠲᠦ ᠪᠣᠭᠤᠳᠠᠯᠯᠠᠵᠦ ᠪᠠᠭᠯᠬᠠᠰᠠᠨ ᠲᠠᠸᠠᠷ᠎ᠢ ᠡᠰᠡᠷᠭᠦᠴᠡᠨ ᠬᠤᠷᠢᠬᠯᠠᠬᠤ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠣᠬᠠᠭᠤᠯᠬᠤ ᠬᠡᠯᠲᠡᠰ ᠵᠡᠷᠭᠡ ᠰᠠᠯᠠᠭ᠎ᠠ ᠮᠥᠴᠢᠷ ᠨᠢᠭᠡᠴᠢ᠂ ᠡᠯ᠎ᠡ ᠠᠢ᠍ᠢ᠍ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠤᠰᠤᠭ᠋ᠠᠷ ᠬᠠᠷᠢᠭᠤᠴᠠᠨ᠎ᠠ)

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ