ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠡᠮᠵᠢᠨ ᠵᠢᠷᠤᠭᠰᠠᠨ ᠦᠷ᠎ᠡ ᠪᠦᠲᠦᠭᠡᠯ᠎ᠤᠨ ᠬᠠᠮᠢᠶᠠᠷᠤᠯᠲᠠ ᠵᠢᠨ ᠬᠡᠷᠡᠭᠵᠢᠭᠦᠯᠬᠦ ᠠᠷᠭ᠎ᠠ
ᠨᠡᠶ᠋ᠢᠲᠡᠯᠡᠭᠰᠡᠨ ᠴᠠᠭ᠄ 2024-09-25
ᠨᠢᠭᠡᠳᠦᠭᠡᠷ ᠵᠦᠢ᠍ᠯ ᠬᠡᠮᠵᠢᠨ ᠵᠢᠷᠤᠭᠰᠠᠨ ᠦᠷ᠎ᠡ ᠪᠦᠲᠦᠭᠡᠯ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠤᠯᠤᠰ᠎ᠤᠨ ᠠᠮᠤᠷ ᠲᠦᠪᠰᠢᠨ᠎ᠢ ᠬᠠᠮᠠᠭ᠋ᠠᠯᠠᠨ᠂ ᠬᠡᠮᠵᠢᠨ ᠵᠢᠷᠤᠭᠰᠠᠨ ᠦᠷ᠎ᠡ ᠪᠦᠲᠦᠭᠡᠯ᠎ᠢ ᠠᠰᠢᠬᠯᠠᠬᠤ ᠪᠠ ᠬᠠᠮᠲᠤ᠎ᠳᠤ᠎ᠪᠠᠨ ᠬᠦᠷᠲᠡᠬᠦ ᠵᠢ ᠠᠬᠢᠭᠤᠯᠵᠤ᠂ ᠠᠵᠤ ᠠᠬᠤᠢ ᠵᠢᠨ ᠪᠦᠲᠦᠭᠡᠨ ᠪᠠᠶ᠋ᠢᠭᠤᠯᠤᠯᠲᠠ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠪᠦᠲᠦᠭᠡᠨ ᠪᠠᠶ᠋ᠢᠭᠤᠯᠤᠯᠲᠠ᠂ ᠨᠡᠶ᠋ᠢᠭᠡᠮ᠎ᠤᠨ ᠬᠥᠭᠵᠢᠯᠲᠡ ᠪᠠ ᠠᠮᠢ ᠠᠬᠤᠢ ᠵᠢᠨ ᠬᠠᠮᠠᠭ᠋ᠠᠯᠠᠯᠲᠠ ᠵᠢᠨ ᠬᠡᠷᠡᠭᠴᠡᠭᠡ ᠵᠢ ᠬᠠᠩᠭ᠋ᠠᠬᠤ ᠵᠢᠨ ᠲᠤᠰᠠᠳᠠ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠡᠮᠵᠢᠨ ᠵᠢᠷᠤᠯᠲᠠ ᠵᠢᠨ ᠬᠠᠥᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠡᠮᠵᠢᠨ ᠵᠢᠷᠤᠭᠰᠠᠨ ᠦᠷ᠎ᠡ ᠪᠦᠲᠦᠭᠡᠯ᠎ᠤᠨ ᠬᠠᠮᠢᠶᠠᠷᠤᠯᠲᠠ ᠵᠢᠨ ᠳᠦᠷᠢᠮ》 ᠵᠡᠷᠭᠡ ᠬᠤᠯᠪᠣᠭᠳᠠᠯ ᠪᠦᠬᠦᠢ ᠬᠠᠤᠯᠢ ᠴᠠᠭ᠋ᠠᠵᠠ᠂ ᠬᠠᠥᠯᠢ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠲᠣᠰ ᠠᠷᠭ᠎ᠠ ᠵᠢ ᠲᠣᠭᠲᠠᠭ᠋ᠠᠪᠠ᠃
ᠬᠤᠶᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠬᠡᠮᠵᠢᠨ ᠵᠢᠷᠤᠭᠰᠠᠨ ᠦᠷ᠎ᠡ ᠪᠦᠲᠦᠭᠡᠯ᠎ᠢ ᠬᠤᠷᠢᠶᠠᠩᠭᠤᠶ᠋ᠢᠯᠠᠨ ᠲᠤᠰᠢᠶᠠᠬᠤ᠂ ᠬᠠᠳᠠᠭ᠋ᠠᠯᠠᠨ ᠬᠠᠮᠢᠶᠠᠷᠬᠤ᠂ ᠬᠠᠩᠭ᠋ᠠᠬᠤ᠂ ᠠᠰᠢᠬᠯᠠᠬᠤ᠂ ᠬᠠᠮᠲᠤ᠎ᠳᠤ᠎ᠪᠠᠨ ᠬᠦᠷᠲᠡᠬᠦ ᠪᠠ ᠴᠢᠬᠤᠯᠠ ᠪᠦᠬᠦᠢ ᠭᠠᠵᠠᠷ ᠵᠦᠢ ᠵᠢᠨ ᠮᠡᠳᠡᠭᠡ ᠵᠠᠩᠬᠢ ᠵᠢᠨ ᠲᠤᠭ᠎ᠠ ᠪᠠᠷᠢᠮᠲᠠ ᠵᠢ ᠬᠢᠨᠠᠨ ᠬᠠᠷᠭᠤᠭᠤᠯᠬᠤ ᠪᠠ ᠨᠡᠶ᠋ᠢᠲᠡᠯᠡᠬᠦ᠎ᠳᠤ ᠲᠣᠰ ᠠᠷᠭ᠎ᠠ ᠵᠢ ᠲᠣᠬᠢᠷᠠᠭᠤᠯᠤᠨ ᠬᠡᠷᠡᠭᠯᠡᠨ᠎ᠡ᠃
ᠭᠤᠷᠪᠠᠳᠤᠭ᠋ᠠᠷ ᠵᠦᠢ᠍ᠯ ᠲᠣᠰ ᠠᠷᠭ᠎ᠠ᠎ᠳᠤ ᠬᠡᠯᠡᠵᠦ ᠪᠠᠶ᠋ᠢᠭ᠎ᠠ ᠬᠡᠮᠵᠢᠨ ᠵᠢᠷᠤᠭᠰᠠᠨ ᠦᠷ᠎ᠡ ᠪᠦᠲᠦᠭᠡᠯ ᠭᠡᠳᠡᠭ᠎ᠨᠢ ᠬᠡᠮᠵᠢᠨ ᠵᠢᠷᠤᠬᠤ᠎ᠪᠠᠷ ᠳᠡᠮᠵᠢᠨ ᠪᠦᠷᠢᠯᠳᠦᠭᠰᠡᠨ ᠲᠤᠭ᠎ᠠ ᠪᠠᠷᠢᠮᠲᠠ᠂ ᠮᠡᠳᠡᠭᠡ ᠵᠠᠩᠬᠢ᠂ ᠵᠢᠷᠤᠭᠲᠤ ᠵᠦᠢ᠍ᠯ ᠵᠢᠴᠢ ᠬᠠᠮᠢᠶ᠎ᠠ ᠪᠦᠬᠦᠢ ᠮᠡᠷᠭᠡᠵᠢᠯ᠎ᠤᠨ ᠮᠠᠲ᠋ᠧᠷᠢᠶᠠᠯ᠎ᠢ ᠵᠢᠭ᠋ᠠᠵᠤ ᠪᠣᠢ᠃ ᠬᠡᠮᠵᠢᠨ ᠵᠢᠷᠤᠭᠰᠠᠨ ᠦᠷ᠎ᠡ ᠪᠦᠲᠦᠭᠡᠯ᠎ᠢ ᠰᠠᠭᠤᠷᠢ ᠬᠡᠮᠵᠢᠨ ᠵᠢᠷᠤᠭᠰᠠᠨ ᠦᠷ᠎ᠡ ᠪᠦᠲᠦᠭᠡᠯ ᠪᠠ ᠰᠠᠭᠤᠷᠢ ᠪᠤᠰᠤ ᠬᠡᠮᠵᠢᠨ ᠵᠢᠷᠤᠭᠰᠠᠨ ᠦᠷ᠎ᠡ ᠪᠦᠲᠦᠭᠡᠯ ᠭᠡᠵᠦ ᠬᠤᠪᠢᠶᠠᠨ᠎ᠠ᠃
ᠲᠣᠰ ᠠᠷᠭ᠎ᠠ᠎ᠳᠤ ᠬᠡᠯᠡᠵᠦ ᠪᠠᠶ᠋ᠢᠭ᠎ᠠ ᠰᠠᠭᠤᠷᠢ ᠬᠡᠮᠵᠢᠨ ᠵᠢᠷᠤᠭᠰᠠᠨ ᠦᠷ᠎ᠡ ᠪᠦᠲᠦᠭᠡᠯ ᠭᠡᠳᠡᠭ᠎ᠨᠢ ᠣᠯᠠᠨ ᠨᠡᠶ᠋ᠢᠲᠡ ᠵᠢᠨ ᠡᠳ᠋᠎ᠤᠨ ᠵᠠᠰᠠᠭ᠎ᠠᠴᠠ ᠪᠡᠯᠡ ᠣᠷᠣᠭᠤᠯᠤᠭᠰᠠᠨ᠎ᠤ ᠬᠠᠮᠲᠤ ᠬᠡᠮᠵᠢᠨ ᠵᠢᠷᠤᠬᠤ ᠠᠵᠢᠯ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ᠎ᠳᠤ ᠪᠦᠷᠢᠯᠳᠦᠭᠰᠡᠨ ᠰᠠᠭᠤᠷᠢᠯᠠᠬᠤ ᠴᠢᠨᠠᠷᠲᠠᠢ᠂ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠬᠡᠮᠵᠢᠨ ᠵᠢᠷᠤᠭᠰᠠᠨ ᠦᠷ᠎ᠡ ᠪᠦᠲᠦᠭᠡᠯ᠎ᠢ ᠵᠢᠭ᠋ᠠᠵᠤ ᠪᠣᠢ᠃ ᠰᠠᠭᠤᠷᠢ ᠬᠡᠮᠵᠢᠨ ᠵᠢᠷᠤᠭᠰᠠᠨ ᠦᠷ᠎ᠡ ᠪᠦᠲᠦᠭᠡᠯ᠎ᠠᠴᠠ ᠪᠤᠰᠤᠳ᠎ᠨᠢ ᠪᠣᠯ ᠰᠠᠭᠤᠷᠢ ᠪᠤᠰᠤ ᠬᠡᠮᠵᠢᠨ ᠵᠢᠷᠤᠭᠰᠠᠨ ᠦᠷ᠎ᠡ ᠪᠦᠲᠦᠭᠡᠯ ᠪᠣᠯᠣᠨ᠎ᠠ᠃
ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠰᠠᠭᠤᠷᠢ ᠬᠡᠮᠵᠢᠨ ᠵᠢᠷᠤᠭᠰᠠᠨ ᠦᠷ᠎ᠡ ᠪᠦᠲᠦᠭᠡᠯ᠎ᠳᠤ ᠪᠠᠭᠲᠠᠬᠤ᠎ᠨᠢ᠄
(ᠨᠢᠭᠡ) ᠥᠪᠡᠷᠲᠡᠭᠡᠨ ᠵᠠᠰᠠᠬᠤ ᠣᠷᠣᠨ᠎ᠠᠴᠠ ᠨᠢᠭᠡᠳᠭᠡᠭᠰᠡᠨ ᠭᠤᠷᠪᠠ᠂ ᠳᠥᠷᠪᠡᠳᠦᠭᠡᠷ ᠳᠡᠰ᠎ᠤᠨ ᠬᠠᠪᠲᠠᠭ᠋ᠠᠢ ᠵᠢᠨ ᠡᠵᠡᠮᠰᠢᠯ᠎ᠤᠨ ᠲᠣᠣᠷ᠂ ᠡᠷᠭᠦᠭᠳᠡᠴᠡ ᠵᠢᠨ ᠡᠵᠡᠮᠰᠢᠯ᠎ᠤᠨ ᠲᠣᠣᠷ ᠪᠠ ᠣᠷᠣᠨ ᠵᠠᠢ ᠵᠢᠨ ᠪᠠᠶ᠋ᠢᠷᠢ ᠲᠣᠭᠲᠠᠭ᠋ᠠᠯᠲᠠ ᠵᠢᠨ ᠲᠣᠣᠷ᠎ᠤᠨ ᠲᠤᠭ᠎ᠠ ᠪᠠᠷᠢᠮᠲᠠ ᠪᠠ ᠮᠠᠲ᠋ᠧᠷᠢᠶᠠᠯ;
(ᠬᠤᠶᠠᠷ) 1᠄ 10000 ᠵᠢᠨ ᠦᠨᠳᠦᠰᠦᠨ ᠬᠠᠷᠢᠴᠠᠭ᠋ᠠᠲᠤ ᠱᠤᠭᠤᠮ ᠵᠶ᠋ᠠᠷ ᠬᠡᠮᠵᠢᠭᠰᠡᠨ ᠭᠠᠵᠠᠷ᠎ᠤᠨ ᠭᠠᠳᠠᠷᠭᠤ ᠵᠢᠨ ᠵᠢᠷᠤᠭ᠂ ᠢᠮᠡᠭᠧ ᠳᠦᠷᠰᠦ ᠵᠢᠨ ᠵᠢᠷᠤᠭ ᠪᠠ ᠲᠣᠭ᠋ᠠᠵᠢᠭᠤᠯᠤᠭᠰᠠᠨ ᠬᠡᠮᠵᠢᠨ ᠵᠢᠷᠤᠭᠰᠠᠨ ᠦᠷ᠎ᠡ ᠪᠦᠲᠦᠭᠡᠯ ᠵᠢᠴᠢ ᠬᠠᠷᠠᠭ᠋ᠠᠯᠵᠠᠭᠰᠠᠨ ᠭᠠᠵᠠᠷ ᠵᠦᠢ ᠵᠢᠨ ᠰᠠᠭᠤᠷᠢ ᠮᠡᠳᠡᠭᠡ ᠵᠠᠩᠬᠢ ᠵᠢᠨ ᠲᠤᠭ᠎ᠠ ᠪᠠᠷᠢᠮᠲᠠ;
(ᠭᠤᠷᠪᠠ) ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠭᠠᠵᠠᠷ ᠵᠦᠢ ᠵᠢᠨ ᠰᠠᠭᠤᠷᠢ ᠮᠡᠳᠡᠭᠡ ᠵᠠᠩᠬᠢ ᠵᠢᠨ ᠰᠢᠰᠲ᠋ᠧᠮ᠎ᠤᠨ ᠲᠤᠭ᠎ᠠ ᠪᠠᠷᠢᠮᠲᠠ᠂ ᠮᠡᠳᠡᠭᠡ ᠵᠠᠩᠬᠢ;
(ᠳᠥᠷᠪᠡ) ᠭᠠᠵᠠᠷ ᠵᠦᠢ ᠵᠢᠨ ᠰᠠᠭᠤᠷᠢ ᠮᠡᠳᠡᠭᠡ ᠵᠠᠩᠬᠢ ᠵᠢ ᠣᠯᠬᠤ ᠠᠭ᠋ᠠᠷ᠎ᠤᠨ ᠭᠡᠷᠡᠯ ᠵᠢᠷᠤᠭ ᠪᠠ ᠠᠯᠤᠰ ᠰᠡᠷᠡᠯ᠎ᠤᠨ ᠲᠤᠭ᠎ᠠ ᠪᠠᠷᠢᠮᠲᠠ᠂ ᠢᠮᠡᠭᠧ ᠳᠦᠷᠰᠦ ᠵᠢᠨ ᠮᠠᠲ᠋ᠧᠷᠢᠶᠠᠯ;
(ᠲᠠᠪᠤ) ᠡᠩ᠎ᠤᠨ ᠭᠠᠵᠠᠷ᠎ᠤᠨ ᠵᠢᠷᠤᠭ ᠪᠠ ᠲᠤᠰᠬᠠᠢ ᠰᠡᠳᠦᠪᠲᠦ ᠭᠠᠵᠠᠷ᠎ᠤᠨ ᠵᠢᠷᠤᠭ᠎ᠢ ᠨᠠᠶ᠋ᠢᠷᠠᠭᠤᠯᠤᠨ ᠵᠣᠬᠢᠶᠠᠬᠤ ᠥᠪᠡᠷᠲᠡᠭᠡᠨ ᠵᠠᠰᠠᠬᠤ ᠣᠷᠣᠨ᠎ᠤ ᠭᠠᠵᠠᠷ ᠵᠦᠢ ᠵᠢᠨ ᠰᠠᠭᠤᠷᠢ ᠡᠬᠡ ᠵᠢᠷᠤᠭ;
(ᠵᠢᠷᠭᠤᠭ᠎ᠠ) ᠲᠥᠷᠥ ᠵᠢᠨ ᠶᠠᠪᠤᠳᠠᠯ᠎ᠤᠨ ᠬᠤᠷᠢᠶᠠᠨ᠎ᠤ ᠬᠡᠮᠵᠢᠨ ᠵᠢᠷᠤᠬᠤ ᠠᠵᠢᠯ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠣᠭᠲᠠᠭ᠋ᠠᠭᠰᠠᠨ ᠪᠤᠰᠤᠳ ᠰᠠᠭᠤᠷᠢ ᠬᠡᠮᠵᠢᠨ ᠵᠢᠷᠤᠭᠰᠠᠨ ᠦᠷ᠎ᠡ ᠪᠦᠲᠦᠭᠡᠯ᠃
ᠠᠶ᠋ᠢᠮᠠᠭ ᠬᠤᠲᠠ ᠵᠢᠨ ᠱᠠᠲᠤᠨ᠎ᠠᠴᠠ ᠳᠣᠷᠤᠭᠰᠢᠬᠢ ᠰᠠᠭᠤᠷᠢ ᠬᠡᠮᠵᠢᠨ ᠵᠢᠷᠤᠭᠰᠠᠨ ᠦᠷ᠎ᠡ ᠪᠦᠲᠦᠭᠡᠯ᠎ᠳᠤ ᠪᠠᠭᠲᠠᠬᠤ᠎ᠨᠢ᠄
(ᠨᠢᠭᠡ) ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠬᠠᠪᠲᠠᠭ᠋ᠠᠢ ᠵᠢᠨ ᠡᠵᠡᠮᠰᠢᠯ᠎ᠤᠨ ᠲᠣᠣᠷ᠂ ᠡᠷᠭᠦᠭᠳᠡᠴᠡ ᠵᠢᠨ ᠡᠵᠡᠮᠰᠢᠯ᠎ᠤᠨ ᠲᠣᠣᠷ ᠪᠠ ᠣᠷᠣᠨ ᠵᠠᠢ ᠵᠢᠨ ᠪᠠᠶ᠋ᠢᠷᠢ ᠲᠣᠭᠲᠠᠭ᠋ᠠᠯᠲᠠ ᠵᠢᠨ ᠲᠣᠣᠷ᠎ᠤᠨ ᠲᠤᠭ᠎ᠠ ᠪᠠᠷᠢᠮᠲᠠ ᠪᠠ ᠮᠠᠲ᠋ᠧᠷᠢᠶᠠᠯ;
(ᠬᠤᠶᠠᠷ) ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ 1᠄ 5000᠂ 1᠄ 2000᠂ 1᠄ 1000 ᠪᠠ 1᠄ 500 ᠵᠢᠨ ᠦᠨᠳᠦᠰᠦᠨ ᠬᠠᠷᠢᠴᠠᠭ᠋ᠠᠲᠤ ᠱᠤᠭᠤᠮ ᠵᠶ᠋ᠠᠷ ᠬᠡᠮᠵᠢᠭᠰᠡᠨ ᠭᠠᠵᠠᠷ᠎ᠤᠨ ᠭᠠᠳᠠᠷᠭᠤ ᠵᠢᠨ ᠵᠢᠷᠤᠭ᠂ ᠢᠮᠡᠭᠧ ᠳᠦᠷᠰᠦ ᠵᠢᠨ ᠵᠢᠷᠤᠭ ᠪᠠ ᠲᠣᠭ᠋ᠠᠵᠢᠭᠤᠯᠤᠭᠰᠠᠨ ᠬᠡᠮᠵᠢᠨ ᠵᠢᠷᠤᠭᠰᠠᠨ ᠦᠷ᠎ᠡ ᠪᠦᠲᠦᠭᠡᠯ ᠵᠢᠴᠢ ᠬᠠᠷᠠᠭ᠋ᠠᠯᠵᠠᠭᠰᠠᠨ ᠭᠠᠵᠠᠷ ᠵᠦᠢ ᠵᠢᠨ ᠰᠠᠭᠤᠷᠢ ᠮᠡᠳᠡᠭᠡ ᠵᠠᠩᠬᠢ ᠵᠢᠨ ᠲᠤᠭ᠎ᠠ ᠪᠠᠷᠢᠮᠲᠠ;
(ᠭᠤᠷᠪᠠ) ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠭᠠᠵᠠᠷ ᠵᠦᠢ ᠵᠢᠨ ᠰᠠᠭᠤᠷᠢ ᠮᠡᠳᠡᠭᠡ ᠵᠠᠩᠬᠢ ᠵᠢᠨ ᠰᠢᠰᠲ᠋ᠧᠮ᠎ᠤᠨ ᠲᠤᠭ᠎ᠠ ᠪᠠᠷᠢᠮᠲᠠ᠂ ᠮᠡᠳᠡᠭᠡ ᠵᠠᠩᠬᠢ;
(ᠳᠥᠷᠪᠡ) ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠮᠵᠢᠨ ᠵᠢᠷᠤᠬᠤ ᠠᠵᠢᠯ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠣᠭᠲᠠᠭ᠋ᠠᠭᠰᠠᠨ ᠪᠤᠰᠤᠳ ᠰᠠᠭᠤᠷᠢ ᠬᠡᠮᠵᠢᠨ ᠵᠢᠷᠤᠭᠰᠠᠨ ᠦᠷ᠎ᠡ ᠪᠦᠲᠦᠭᠡᠯ᠃
ᠳᠥᠷᠪᠡᠳᠦᠭᠡᠷ ᠵᠦᠢ᠍ᠯ ᠬᠡᠮᠵᠢᠨ ᠵᠢᠷᠤᠭᠰᠠᠨ ᠦᠷ᠎ᠡ ᠪᠦᠲᠦᠭᠡᠯ᠎ᠳᠤ ᠦᠨ᠎ᠡ ᠲᠥᠯᠥᠪᠦᠷᠢ ᠦᠭᠡᠢ᠎ᠪᠠᠷ ᠬᠤᠷᠢᠶᠠᠩᠭᠤᠶ᠋ᠢᠯᠠᠨ ᠲᠤᠰᠢᠶᠠᠬᠤ᠂ ᠨᠢᠭᠡᠳᠦᠯᠲᠡᠢ ᠬᠠᠮᠢᠶᠠᠷᠬᠤ᠂ ᠡᠬᠢ ᠪᠠᠶᠠᠯᠢᠭ᠎ᠢ ᠬᠠᠮᠲᠤ᠎ᠳᠤ᠎ᠪᠠᠨ ᠬᠦᠷᠲᠡᠬᠦ᠂ ᠲᠣᠭᠲᠠᠮᠠᠯ ᠬᠤᠭᠤᠴᠠᠭ᠎ᠠ᠎ᠲᠠᠢ᠎ᠪᠠᠷ ᠰᠢᠨᠡᠳᠭᠡᠬᠦ ᠵᠠᠷᠴᠢᠮ᠎ᠢ ᠬᠡᠷᠡᠭᠵᠢᠭᠦᠯᠦᠨ᠎ᠡ᠃
ᠲᠠᠪᠤᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠬᠡᠮᠵᠢᠨ ᠵᠢᠷᠤᠭᠰᠠᠨ ᠦᠷ᠎ᠡ ᠪᠦᠲᠦᠭᠡᠯ᠎ᠤᠨ ᠬᠠᠮᠢᠶᠠᠷᠤᠯᠲᠠ ᠵᠢᠨ ᠠᠵᠢᠯ᠎ᠢ ᠤᠳᠤᠷᠢᠳᠬᠤ ᠪᠠ ᠵᠣᠬᠢᠴᠠᠭᠤᠯᠬᠤ᠎ᠪᠠᠨ ᠴᠢᠩᠭ᠋ᠠᠳᠬᠠᠵᠤ᠂ ᠬᠡᠮᠵᠢᠨ ᠵᠢᠷᠤᠬᠤ ᠭᠠᠵᠠᠷ ᠵᠦᠢ ᠵᠢᠨ ᠮᠡᠳᠡᠭᠡ ᠵᠠᠩᠬᠢ ᠵᠢᠨ ᠡᠬᠢ ᠪᠠᠶᠠᠯᠢᠭ᠎ᠤᠨ ᠬᠠᠮᠲᠤ᠎ᠪᠠᠷ ᠪᠠᠶ᠋ᠢᠭᠤᠯᠵᠤ ᠬᠠᠮᠲᠤ᠎ᠳᠤ᠎ᠪᠠᠨ ᠬᠦᠷᠲᠡᠬᠦ ᠲᠣᠭᠲᠠᠴᠠ ᠵᠢ ᠪᠠᠶ᠋ᠢᠭᠤᠯᠤᠨ᠂ ᠲᠣᠭᠲᠠᠮᠠᠯ ᠬᠤᠭᠤᠴᠠᠭ᠎ᠠ᠎ᠲᠠᠢ᠎ᠪᠠᠷ ᠨᠡᠶ᠋ᠢᠲᠡᠯᠡᠵᠦ᠂ ᠬᠠᠮᠲᠤ᠎ᠳᠤ᠎ᠪᠠᠨ ᠬᠦᠷᠲᠡᠬᠦ ᠭᠠᠷᠴᠠᠭ᠎ᠢ ᠰᠢᠨᠡᠳᠬᠡᠵᠦ᠂ ᠬᠡᠮᠵᠢᠨ ᠵᠢᠷᠤᠬᠤ ᠭᠠᠵᠠᠷ ᠵᠦᠢ ᠵᠢᠨ ᠮᠡᠳᠡᠭᠡ ᠵᠠᠩᠬᠢ ᠵᠢᠨ ᠡᠬᠢ ᠪᠠᠶᠠᠯᠢᠭ᠎ᠢ ᠨᠡᠭᠡᠭᠡᠨ ᠬᠥᠭᠵᠢᠭᠦᠯᠬᠦ ᠪᠠ ᠠᠰᠢᠬᠯᠠᠬᠤ ᠵᠢ ᠠᠬᠢᠭᠤᠯᠵᠤ᠂ ᠬᠡᠮᠵᠢᠨ ᠵᠢᠷᠤᠭᠰᠠᠨ ᠦᠷ᠎ᠡ ᠪᠦᠲᠦᠭᠡᠯ ᠵᠶ᠋ᠠᠨ ᠬᠠᠮᠲᠤ᠎ᠳᠤ᠎ᠪᠠᠨ ᠬᠦᠷᠲᠡᠬᠦ ᠬᠢᠷᠢ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ᠃
ᠵᠢᠷᠭᠤᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠡᠮᠵᠢᠨ ᠵᠢᠷᠤᠬᠤ ᠠᠵᠢᠯ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠡᠮᠵᠢᠨ ᠵᠢᠷᠤᠬᠤ ᠠᠵᠢᠯ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠢᠨ ᠳᠦᠷᠢᠮ᠎ᠢ ᠪᠠᠶ᠋ᠢᠭᠤᠯᠤᠨ ᠪᠦᠷᠢᠨᠰᠢᠭᠦᠯᠵᠦ᠂ ᠪᠠᠶ᠋ᠢᠭ᠋ᠠᠯᠢ ᠵᠢᠨ ᠭᠠᠢ ᠭᠠᠮᠰᠢᠭ ᠵᠡᠷᠭᠡ ᠭᠡᠨᠡᠳᠲᠡ ᠵᠢᠨ ᠬᠡᠷᠡᠭ ᠶᠠᠪᠤᠳᠠᠯ᠎ᠢ ᠠᠷᠭ᠋ᠠᠴᠠᠭ᠋ᠠᠬᠤ᠎ᠳᠤ ᠳᠠᠷᠤᠢ ᠲᠦᠷᠭᠡᠨ᠂ ᠪᠦᠲᠦᠮᠵᠢᠲᠡᠢ ᠬᠡᠮᠵᠢᠨ ᠵᠢᠷᠤᠭᠰᠠᠨ ᠦᠷ᠎ᠡ ᠪᠦᠲᠦᠭᠡᠯ ᠪᠠ ᠮᠡᠷᠭᠡᠵᠢᠯ᠎ᠤᠨ ᠦᠢ᠍ᠯᠡᠴᠢᠯᠡᠭᠡ ᠬᠠᠩᠭ᠋ᠠᠬᠤ ᠬᠡᠷᠡᠭᠲᠡᠢ᠃
ᠳᠣᠯᠣᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠡᠮᠵᠢᠨ ᠵᠢᠷᠤᠬᠤ ᠠᠵᠢᠯ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠬᠡᠮᠵᠢᠨ ᠵᠢᠷᠤᠭᠰᠠᠨ ᠦᠷ᠎ᠡ ᠪᠦᠲᠦᠭᠡᠯ᠎ᠤᠨ ᠠᠵᠢᠯ᠎ᠳᠤ ᠨᠢᠭᠡᠳᠦᠯᠲᠡᠢ ᠬᠢᠨᠠᠯᠲᠠ ᠲᠠᠯᠪᠢᠨ ᠬᠠᠮᠢᠶᠠᠷᠬᠤ ᠵᠢ ᠬᠠᠷᠢᠭᠤᠴᠠᠵᠤ᠂ ᠲᠣᠭᠲᠠᠭᠰᠠᠨ ᠡᠭᠦᠷᠭᠡ ᠬᠠᠷᠢᠭᠤᠴᠠᠯᠭ᠎ᠠ ᠶᠣᠰᠣᠭ᠋ᠠᠷ ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠬᠡᠮᠵᠢᠨ ᠵᠢᠷᠤᠭᠰᠠᠨ ᠦᠷ᠎ᠡ ᠪᠦᠲᠦᠭᠡᠯ᠎ᠢ ᠬᠦᠯᠢᠶᠡᠨ ᠠᠪᠬᠤ᠂ ᠴᠤᠭᠯᠠᠭᠤᠯᠬᠤ᠂ ᠡᠮᠬᠢᠯᠡᠬᠦ᠂ ᠬᠠᠳᠠᠭ᠋ᠠᠯᠠᠨ ᠬᠠᠮᠢᠶᠠᠷᠬᠤ᠂ ᠬᠠᠩᠭ᠋ᠠᠬᠤ᠂ ᠬᠡᠷᠡᠭᠯᠡᠬᠦ ᠪᠠ ᠤᠰᠠᠳᠬᠠᠬᠤ ᠵᠡᠷᠭᠡ ᠠᠵᠢᠯ᠎ᠢ ᠳᠠᠭ᠋ᠠᠭ᠋ᠠᠨ ᠡᠭᠦᠷᠬᠡᠯᠡᠬᠦ ᠬᠡᠷᠡᠭᠲᠡᠢ᠃
ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠷᠠᠳ᠎ᠤᠨ ᠶᠠᠪᠤᠳᠠᠯ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ᠎ᠤ ᠵᠠᠰᠠᠭ ᠵᠠᠬᠢᠷᠭ᠎ᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠂ ᠣᠢ ᠰᠢᠭᠤᠢ ᠪᠠ ᠨᠤᠲᠤᠭ ᠪᠡᠯᠴᠢᠭᠡᠷ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠨᠢ ᠥᠪᠡᠷ ᠥᠪᠡᠷ᠎ᠤᠨ ᠡᠭᠦᠷᠭᠡ ᠬᠠᠷᠢᠭᠤᠴᠠᠯᠭ᠎ᠠ ᠶᠣᠰᠣᠭ᠋ᠠᠷ᠂ ᠲᠣᠰ ᠰᠠᠯᠠᠭ᠎ᠠ ᠮᠥᠴᠢᠷ᠎ᠤᠨ ᠬᠤᠯᠪᠣᠭᠳᠠᠯ ᠪᠦᠬᠦᠢ ᠬᠡᠮᠵᠢᠨ ᠵᠢᠷᠤᠭᠰᠠᠨ ᠦᠷ᠎ᠡ ᠪᠦᠲᠦᠭᠡᠯ᠎ᠤᠨ ᠠᠵᠢᠯ ᠵᠶ᠋ᠠᠨ ᠬᠠᠷᠢᠭᠤᠴᠠᠬᠤ ᠬᠡᠷᠡᠭᠲᠡᠢ᠃
ᠨᠠᠢ᠍ᠮᠠᠳᠤᠭ᠋ᠠᠷ ᠵᠦᠢ᠍ᠯ ᠬᠡᠮᠵᠢᠨ ᠵᠢᠷᠤᠭᠰᠠᠨ ᠦᠷ᠎ᠡ ᠪᠦᠲᠦᠭᠡᠯ᠎ᠢ ᠬᠤᠷᠢᠶᠠᠩᠭᠤᠶ᠋ᠢᠯᠠᠨ ᠲᠤᠰᠢᠶᠠᠬᠤ᠂ ᠬᠠᠳᠠᠭ᠋ᠠᠯᠠᠨ ᠬᠠᠮᠢᠶᠠᠷᠬᠤ᠂ ᠨᠡᠶ᠋ᠢᠲᠡᠯᠡᠬᠦ᠂ ᠠᠰᠢᠬᠯᠠᠬᠤ᠂ ᠤᠰᠠᠳᠬᠠᠬᠤ᠎ᠳᠤ ᠨᠢᠭᠤᠴᠠ ᠵᠢ ᠬᠠᠮᠠᠭ᠋ᠠᠯᠠᠬᠤ ᠬᠤᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠢ ᠵᠢᠷᠤᠮᠯᠠᠵᠤ᠂ ᠴᠢᠬᠤᠯᠠ ᠪᠦᠬᠦᠢ ᠨᠢᠭᠤᠴᠠ ᠵᠢ ᠬᠠᠮᠠᠭ᠋ᠠᠯᠠᠬᠤ ᠠᠷᠭ᠎ᠠ ᠬᠡᠮᠵᠢᠶ᠎ᠡ ᠠᠪᠴᠤ᠂ ᠬᠡᠮᠵᠢᠨ ᠵᠢᠷᠤᠭᠰᠠᠨ ᠦᠷ᠎ᠡ ᠪᠦᠲᠦᠭᠡᠯ᠎ᠤᠨ ᠠᠮᠤᠷ ᠲᠦᠪᠰᠢᠨ᠎ᠢ ᠪᠠᠲᠤᠯᠠᠬᠤ ᠬᠡᠷᠡᠭᠲᠡᠢ᠃
ᠬᠡᠮᠵᠢᠨ ᠵᠢᠷᠤᠭᠰᠠᠨ ᠦᠷ᠎ᠡ ᠪᠦᠲᠦᠭᠡᠯ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠤᠯᠢ ᠶᠣᠰᠣᠭ᠋ᠠᠷ ᠬᠠᠮᠠᠭ᠋ᠠᠯᠠᠨ᠎ᠠ᠂ ᠶᠠᠮᠠᠷᠪᠠ ᠵᠣᠬᠢᠶᠠᠨ ᠪᠠᠶ᠋ᠢᠭᠤᠯᠤᠯᠲᠠ ᠪᠠ ᠬᠤᠪᠢ ᠬᠥᠮᠥᠨ ᠭᠡᠳ ᠬᠡᠮᠵᠢᠨ ᠵᠢᠷᠤᠭᠰᠠᠨ ᠦᠷ᠎ᠡ ᠪᠦᠲᠦᠭᠡᠯ᠎ᠤᠨ ᠡᠷᠬᠡᠲᠦ ᠬᠥᠮᠥᠨ᠎ᠤ ᠬᠠᠥᠯᠢ ᠶᠣᠰᠣᠨ᠎ᠤ ᠡᠷᠬᠡ ᠠᠰᠢᠭ᠎ᠲᠤ ᠬᠠᠯᠳᠠᠵᠤ ᠪᠣᠯᠬᠤ ᠦᠭᠡᠢ᠃
ᠶᠢᠰᠦᠳᠦᠭᠡᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠬᠡᠮᠵᠢᠨ ᠵᠢᠷᠤᠭᠰᠠᠨ ᠦᠷ᠎ᠡ ᠪᠦᠲᠦᠭᠡᠯ᠎ᠤᠨ ᠬᠡᠷᠡᠭᠯᠡᠭᠡᠨ᠎ᠤ ᠤᠬᠠᠭᠤᠯᠭ᠎ᠠ᠎ᠪᠠᠨ ᠴᠢᠩᠭ᠋ᠠᠳᠬᠠᠵᠤ᠂ ᠬᠡᠮᠵᠢᠨ ᠵᠢᠷᠤᠭᠰᠠᠨ ᠦᠷ᠎ᠡ ᠪᠦᠲᠦᠭᠡᠯ᠎ᠤᠨ ᠮᠡᠳᠡᠯᠭᠡ ᠵᠢ ᠲᠦᠭᠡᠮᠡᠯᠵᠢᠭᠦᠯᠦᠨ᠂ ᠬᠡᠮᠵᠢᠨ ᠵᠢᠷᠤᠭᠰᠠᠨ ᠦᠷ᠎ᠡ ᠪᠦᠲᠦᠭᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠵᠦ᠂ ᠬᠡᠮᠵᠢᠨ ᠵᠢᠷᠤᠭᠰᠠᠨ ᠦᠷ᠎ᠡ ᠪᠦᠲᠦᠭᠡᠯ᠎ᠤᠨ ᠨᠡᠶ᠋ᠢᠭᠡᠮᠴᠢᠯᠡᠭᠰᠡᠨ ᠬᠡᠷᠡᠭᠯᠡᠭᠡ ᠵᠢ ᠵᠣᠷᠢᠬ᠍ᠵᠢᠭᠤᠯᠬᠤ ᠬᠡᠷᠡᠭᠲᠡᠢ᠃
ᠠᠷᠪᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠮᠵᠢᠨ ᠵᠢᠷᠤᠬᠤ ᠠᠵᠢᠯ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠪᠥᠬᠦ ᠥᠪᠡᠷᠲᠡᠭᠡᠨ ᠵᠠᠰᠠᠬᠤ ᠣᠷᠣᠨ᠎ᠤ ᠬᠡᠮᠵᠢᠨ ᠵᠢᠷᠤᠭᠰᠠᠨ ᠦᠷ᠎ᠡ ᠪᠦᠲᠦᠭᠡᠯ᠎ᠤᠨ ᠮᠠᠲ᠋ᠧᠷᠢᠶᠠᠯ᠎ᠤᠨ ᠬᠤᠷᠢᠶᠠᠩᠭᠤᠶ᠋ᠢᠯᠠᠨ ᠲᠤᠰᠢᠶᠠᠬᠤ ᠠᠵᠢᠯ᠎ᠢ ᠬᠠᠷᠢᠭᠤᠴᠠᠨ᠎ᠠ᠃
ᠠᠷᠪᠠᠨ ᠨᠢᠭᠡᠳᠦᠭᠡᠷ ᠵᠦᠢ᠍ᠯ ᠡᠳ᠋᠎ᠤᠨ ᠵᠠᠰᠠᠭ᠎ᠤᠨ ᠪᠡᠯᠡ ᠣᠷᠤᠭᠤᠯᠤᠯᠲᠠ ᠵᠢ ᠬᠡᠷᠡᠭᠯᠡᠵᠦ ᠪᠡᠶᠡᠯᠡᠭᠦᠯᠦᠭᠰᠡᠨ ᠬᠡᠮᠵᠢᠨ ᠵᠢᠷᠤᠭᠰᠠᠨ ᠲᠥᠷᠥᠯ ᠵᠦᠢ᠍ᠯ᠎ᠢ ᠪᠣᠯ᠂ ᠬᠡᠮᠵᠢᠨ ᠵᠢᠷᠤᠬᠤ ᠲᠥᠷᠥᠯ ᠵᠦᠢ᠍ᠯ᠎ᠢ ᠳᠠᠭ᠋ᠠᠭ᠋ᠠᠨ ᠡᠭᠦᠷᠭᠡᠯᠡᠭᠰᠡᠨ ᠨᠢᠭᠡᠴᠢ᠎ᠠᠴᠠ ᠬᠡᠮᠵᠢᠨ ᠵᠢᠷᠤᠭᠰᠠᠨ ᠦᠷ᠎ᠡ ᠪᠦᠲᠦᠭᠡᠯ᠎ᠤᠨ ᠮᠠᠲ᠋ᠧᠷᠢᠶᠠᠯ ᠵᠶ᠋ᠠᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠮᠵᠢᠨ ᠵᠢᠷᠤᠬᠤ ᠠᠵᠢᠯ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠬᠤᠷᠢᠶᠠᠩᠭᠤᠶ᠋ᠢᠯᠠᠨ ᠲᠤᠰᠢᠶᠠᠬᠤ ᠬᠡᠷᠡᠭᠲᠡᠢ᠃
ᠪᠤᠰᠤᠳ ᠪᠡᠯᠡ ᠮᠥᠩᠭᠦ ᠵᠢ ᠬᠡᠷᠡᠭᠯᠡᠵᠦ ᠪᠡᠶᠡᠯᠡᠭᠦᠯᠦᠭᠰᠡᠨ ᠬᠡᠮᠵᠢᠨ ᠵᠢᠷᠤᠭᠰᠠᠨ ᠦᠷ᠎ᠡ ᠪᠦᠲᠦᠭᠡᠯ᠎ᠢ ᠪᠣᠯ᠂ ᠬᠡᠮᠵᠢᠨ ᠵᠢᠷᠤᠬᠤ ᠲᠥᠷᠥᠯ ᠵᠦᠢ᠍ᠯ᠎ᠤᠨ ᠪᠡᠯᠡ ᠭᠠᠷᠭ᠋ᠠᠭᠴᠢ᠎ᠠᠴᠠ ᠬᠡᠮᠵᠢᠨ ᠵᠢᠷᠤᠭᠰᠠᠨ ᠦᠷ᠎ᠡ ᠪᠦᠲᠦᠭᠡᠯ᠎ᠤᠨ ᠮᠠᠲ᠋ᠧᠷᠢᠶᠠᠯ ᠵᠶ᠋ᠠᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠮᠵᠢᠨ ᠵᠢᠷᠤᠬᠤ ᠠᠵᠢᠯ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠬᠤᠷᠢᠶᠠᠩᠭᠤᠶ᠋ᠢᠯᠠᠨ ᠲᠤᠰᠢᠶᠠᠬᠤ ᠬᠡᠷᠡᠭᠲᠡᠢ᠃
ᠬᠤᠷᠢᠶᠠᠩᠭᠤᠶ᠋ᠢᠯᠠᠨ ᠲᠤᠰᠢᠶᠠᠬᠤ ᠬᠡᠮᠵᠢᠨ ᠵᠢᠷᠤᠭᠰᠠᠨ ᠦᠷ᠎ᠡ ᠪᠦᠲᠦᠭᠡᠯ᠎ᠤᠨ ᠮᠠᠲ᠋ᠧᠷᠢᠶᠠᠯ᠎ᠨᠢ ᠦᠨᠡᠨ ᠪᠣᠳᠠᠲᠠᠢ᠂ ᠣᠨᠣᠪᠴᠢᠲᠠᠢ᠂ ᠪᠦᠷᠢᠨ ᠭᠦᠢ᠍ᠴᠡᠳ᠂ ᠵᠢᠷᠤᠮᠵᠢᠭᠤᠨ ᠪᠠᠶ᠋ᠢᠬᠤ ᠬᠡᠷᠡᠭᠲᠡᠢ᠃
ᠠᠷᠪᠠᠨ ᠬᠤᠶᠠᠳᠤᠭ᠋ᠠᠷ ᠵᠦᠢ᠍ᠯ ᠬᠡᠮᠵᠢᠨ ᠵᠢᠷᠤᠭᠰᠠᠨ ᠦᠷ᠎ᠡ ᠪᠦᠲᠦᠭᠡᠯ᠎ᠨᠢ ᠰᠠᠭᠤᠷᠢ ᠬᠡᠮᠵᠢᠨ ᠵᠢᠷᠤᠭᠰᠠᠨ ᠦᠷ᠎ᠡ ᠪᠦᠲᠦᠭᠡᠯ᠎ᠳᠤ ᠪᠠᠭᠲᠠᠪᠠᠯ᠂ ᠳᠠᠭ᠋ᠠᠯᠲᠠ ᠳᠡᠪᠲᠡᠷ ᠵᠶ᠋ᠠᠨ ᠬᠤᠷᠢᠶᠠᠩᠭᠤᠶ᠋ᠢᠯᠠᠨ ᠲᠤᠰᠢᠶᠠᠬᠤ ᠬᠡᠷᠡᠭᠲᠡᠢ; ᠰᠠᠭᠤᠷᠢ ᠪᠤᠰᠤ ᠬᠡᠮᠵᠢᠨ ᠵᠢᠷᠤᠭᠰᠠᠨ ᠦᠷ᠎ᠡ ᠪᠦᠲᠦᠭᠡᠯ᠎ᠳᠤ ᠪᠠᠭᠲᠠᠪᠠᠯ᠂ ᠭᠠᠷᠴᠠᠭ ᠵᠶ᠋ᠠᠨ ᠬᠤᠷᠢᠶᠠᠩᠭᠤᠶ᠋ᠢᠯᠠᠨ ᠲᠤᠰᠢᠶᠠᠬᠤ ᠬᠡᠷᠡᠭᠲᠡᠢ᠃ ᠬᠡᠮᠵᠢᠨ ᠵᠢᠷᠤᠭᠰᠠᠨ ᠦᠷ᠎ᠡ ᠪᠦᠲᠦᠭᠡᠯ᠎ᠤᠨ ᠳᠠᠭ᠋ᠠᠯᠲᠠ ᠳᠡᠪᠲᠡᠷ ᠪᠠ ᠭᠠᠷᠴᠠᠭ᠎ᠲᠤ ᠦᠨ᠎ᠡ ᠲᠥᠯᠥᠪᠦᠷᠢ ᠦᠭᠡᠢ᠎ᠪᠠᠷ ᠬᠤᠷᠢᠶᠠᠩᠭᠤᠶ᠋ᠢᠯᠠᠨ ᠲᠤᠰᠢᠶᠠᠬᠤ ᠵᠢ ᠬᠡᠷᠡᠭᠵᠢᠭᠦᠯᠦᠨ᠎ᠡ᠃ ᠬᠡᠮᠵᠢᠨ ᠵᠢᠷᠤᠭᠰᠠᠨ ᠦᠷ᠎ᠡ ᠪᠦᠲᠦᠭᠡᠯ᠎ᠤᠨ ᠳᠠᠭ᠋ᠠᠯᠲᠠ ᠳᠡᠪᠲᠡᠷ ᠪᠠ ᠭᠠᠷᠴᠠᠭ᠎ᠢ ᠬᠦᠯᠢᠶᠡᠨ ᠠᠪᠬᠤ ᠵᠢ ᠬᠠᠷᠢᠭᠤᠴᠠᠵᠤ ᠪᠠᠶ᠋ᠢᠭ᠎ᠠ ᠬᠡᠮᠵᠢᠨ ᠵᠢᠷᠤᠬᠤ ᠠᠵᠢᠯ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠡᠮᠵᠢᠨ ᠵᠢᠷᠤᠭᠰᠠᠨ ᠦᠷ᠎ᠡ ᠪᠦᠲᠦᠭᠡᠯ᠎ᠢ ᠬᠤᠷᠢᠶᠠᠩᠭᠤᠶ᠋ᠢᠯᠠᠨ ᠲᠤᠰᠢᠶᠠᠭᠰᠠᠨ ᠪᠠᠷᠢᠮᠲᠠ ᠲᠡᠮᠳᠡᠭ ᠭᠠᠷᠭ᠋ᠠᠵᠤ ᠥᠭᠬᠦ ᠴᠢᠬᠤᠯᠠᠲᠠᠢ ᠮᠥᠷᠲᠡᠭᠡᠨ ᠬᠤᠷᠢᠶᠠᠩᠭᠤᠶ᠋ᠢᠯᠠᠨ ᠲᠤᠰᠢᠶᠠᠭᠰᠠᠨ ᠬᠡᠮᠵᠢᠨ ᠵᠢᠷᠤᠭᠰᠠᠨ ᠦᠷ᠎ᠡ ᠪᠦᠲᠦᠭᠡᠯ᠎ᠤᠨ ᠳᠠᠭ᠋ᠠᠯᠲᠠ ᠳᠡᠪᠲᠡᠷ ᠪᠤᠶᠤ ᠭᠠᠷᠴᠠᠭ᠎ᠢ ᠲᠣᠰᠣᠭᠰᠠᠨ ᠡᠳᠦᠷ᠎ᠠᠴᠠ ᠡᠬᠢᠯᠡᠵᠦ ᠠᠷᠪᠠᠨ ᠠᠵᠢᠯᠯᠠᠬᠤ ᠡᠳᠦᠷ᠎ᠤᠨ ᠳᠣᠲᠣᠷ᠎ᠠ ᠬᠡᠮᠵᠢᠨ ᠵᠢᠷᠤᠭᠰᠠᠨ ᠦᠷ᠎ᠡ ᠪᠦᠲᠦᠭᠡᠯ᠎ᠤᠨ ᠳᠠᠭ᠋ᠠᠯᠲᠠ ᠳᠡᠪᠲᠡᠷ ᠪᠠ ᠭᠠᠷᠴᠠᠭ᠎ᠢ ᠬᠡᠮᠵᠢᠨ ᠵᠢᠷᠤᠭᠰᠠᠨ ᠦᠷ᠎ᠡ ᠪᠦᠲᠦᠭᠡᠯ᠎ᠢ ᠬᠠᠳᠠᠭ᠋ᠠᠯᠠᠨ ᠬᠠᠮᠢᠶᠠᠷᠬᠤ ᠨᠢᠭᠡᠴᠢ᠎ᠳᠤ ᠰᠢᠯᠵᠢᠭᠦᠯᠦᠨ ᠲᠤᠰᠢᠶᠠᠬᠤ ᠬᠡᠷᠡᠭᠲᠡᠢ᠃
ᠠᠷᠪᠠᠨ ᠭᠤᠷᠪᠠᠳᠤᠭ᠋ᠠᠷ ᠵᠦᠢ᠍ᠯ ᠬᠡᠮᠵᠢᠨ ᠵᠢᠷᠤᠬᠤ ᠲᠥᠷᠥᠯ ᠵᠦᠢ᠍ᠯ᠎ᠤᠨ ᠪᠡᠯᠡ ᠭᠠᠷᠭ᠋ᠠᠭᠴᠢ ᠪᠤᠶᠤ ᠤᠯᠤᠰ᠎ᠠᠴᠠ ᠪᠡᠯᠡ ᠣᠷᠣᠭᠤᠯᠤᠭᠰᠠᠨ ᠬᠡᠮᠵᠢᠨ ᠵᠢᠷᠤᠬᠤ ᠲᠥᠷᠥᠯ ᠵᠦᠢ᠍ᠯ᠎ᠢ ᠳᠠᠭ᠋ᠠᠭ᠋ᠠᠨ ᠡᠭᠦᠷᠬᠡᠯᠡᠵᠦ ᠪᠠᠶ᠋ᠢᠭ᠎ᠠ ᠨᠢᠭᠡᠴᠢ᠎ᠨᠢ ᠬᠡᠮᠵᠢᠨ ᠵᠢᠷᠤᠬᠤ ᠲᠥᠷᠥᠯ ᠵᠦᠢ᠍ᠯ᠎ᠢ ᠰᠢᠯᠭ᠋ᠠᠨ ᠬᠤᠷᠢᠶᠠᠵᠤ ᠠᠪᠤᠭᠰᠠᠨ ᠡᠳᠦᠷ᠎ᠠᠴᠠ ᠡᠬᠢᠯᠡᠵᠦ ᠭᠤᠷᠪᠠᠨ ᠰᠠᠷ᠎ᠠ ᠵᠢᠨ ᠳᠣᠲᠣᠷ᠎ᠠ᠂ ᠬᠡᠮᠵᠢᠨ ᠵᠢᠷᠤᠬᠤ ᠠᠵᠢᠯ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠬᠡᠮᠵᠢᠨ ᠵᠢᠷᠤᠭᠰᠠᠨ ᠦᠷ᠎ᠡ ᠪᠦᠲᠦᠭᠡᠯ᠎ᠤᠨ ᠳᠠᠭ᠋ᠠᠯᠲᠠ ᠳᠡᠪᠲᠡᠷ ᠪᠤᠶᠤ ᠭᠠᠷᠴᠠᠭ᠎ᠢ ᠬᠤᠷᠢᠶᠠᠩᠭᠤᠶ᠋ᠢᠯᠠᠨ ᠲᠤᠰᠢᠶᠠᠬᠤ ᠬᠡᠷᠡᠭᠲᠡᠢ᠃
ᠠᠷᠪᠠᠨ ᠳᠥᠷᠪᠡᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠮᠵᠢᠨ ᠵᠢᠷᠤᠬᠤ ᠠᠵᠢᠯ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠡᠮᠵᠢᠨ ᠵᠢᠷᠤᠭᠰᠠᠨ ᠦᠷ᠎ᠡ ᠪᠦᠲᠦᠭᠡᠯ᠎ᠤᠨ ᠮᠠᠲ᠋ᠧᠷᠢᠶᠠᠯ᠎ᠤᠨ ᠭᠠᠷᠴᠠᠭ᠎ᠢ ᠴᠠᠭ ᠲᠤᠬᠠᠢᠳᠤᠨᠢ ᠨᠠᠶ᠋ᠢᠷᠠᠭᠤᠯᠤᠨ ᠵᠣᠬᠢᠶᠠᠵᠤ᠂ ᠬᠥᠳᠡᠯᠦᠩᠭᠦᠢ᠎ᠪᠠᠷ ᠰᠢᠨᠡᠳᠭᠡᠨ᠂ ᠨᠡᠶ᠋ᠢᠭᠡᠮ᠎ᠳᠤ ᠢᠯᠡ ᠨᠡᠶ᠋ᠢᠲᠡᠯᠡᠬᠦ ᠵᠢ ᠬᠡᠷᠡᠭᠵᠢᠭᠦᠯᠦᠨ᠎ᠡ᠃
ᠠᠷᠪᠠᠨ ᠲᠠᠪᠤᠳᠤᠭ᠋ᠠᠷ ᠵᠦᠢ᠍ᠯ ᠬᠡᠮᠵᠢᠨ ᠵᠢᠷᠤᠭᠰᠠᠨ ᠦᠷ᠎ᠡ ᠪᠦᠲᠦᠭᠡᠯ᠎ᠢ ᠬᠠᠳᠠᠭ᠋ᠠᠯᠠᠨ ᠬᠠᠮᠢᠶᠠᠷᠬᠤ ᠨᠢᠭᠡᠴᠢ᠎ᠨᠢ ᠬᠡᠮᠵᠢᠨ ᠵᠢᠷᠤᠭᠰᠠᠨ ᠦᠷ᠎ᠡ ᠪᠦᠲᠦᠭᠡᠯ᠎ᠤᠨ ᠳᠠᠭ᠋ᠠᠯᠲᠠ ᠳᠡᠪᠲᠡᠷ ᠪᠤᠶᠤ ᠭᠠᠷᠴᠠᠭ᠎ᠢ ᠣᠯᠣᠭᠰᠠᠨ᠎ᠤ ᠳᠠᠷᠠᠭ᠎ᠠ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠳᠠᠩᠰᠠ ᠡᠪᠬᠡᠮᠡᠯ᠎ᠤᠨ ᠬᠠᠤᠯᠢ》 ᠵᠢᠨ ᠲᠣᠭᠲᠠᠭ᠋ᠠᠯ ᠶᠣᠰᠣᠭ᠋ᠠᠷ ᠬᠡᠮᠵᠢᠨ ᠵᠢᠷᠤᠭᠰᠠᠨ ᠦᠷ᠎ᠡ ᠪᠦᠲᠦᠭᠡᠯ᠎ᠤᠨ ᠮᠠᠲ᠋ᠧᠷᠢᠶᠠᠯ᠎ᠤᠨ ᠳᠠᠩᠰᠠ ᠡᠪᠬᠡᠮᠡᠯ ᠪᠠ ᠲᠤᠭ᠎ᠠ ᠪᠠᠷᠢᠮᠲᠠ ᠵᠢᠨ ᠬᠥᠮᠥᠷᠭᠡ ᠵᠢ ᠪᠠᠶ᠋ᠢᠭᠤᠯᠬᠤ ᠬᠡᠷᠡᠭᠲᠡᠢ᠃
ᠠᠷᠪᠠᠨ ᠵᠢᠷᠭᠤᠳᠤᠭ᠋ᠠᠷ ᠵᠦᠢ᠍ᠯ ᠬᠡᠮᠵᠢᠨ ᠵᠢᠷᠤᠭᠰᠠᠨ ᠦᠷ᠎ᠡ ᠪᠦᠲᠦᠭᠡᠯ᠎ᠢ ᠬᠠᠳᠠᠭ᠋ᠠᠯᠠᠨ ᠬᠠᠮᠢᠶᠠᠷᠬᠤ ᠨᠢᠭᠡᠴᠢ᠎ᠨᠢ ᠤᠯᠤᠰ᠎ᠤᠨ ᠨᠢᠭᠤᠴᠠ ᠵᠢ ᠬᠠᠮᠠᠭ᠋ᠠᠯᠠᠬᠤ᠂ ᠭᠠᠯ ᠰᠡᠷᠭᠡᠶ᠋ᠢᠯᠡᠵᠦ ᠤᠨᠲᠠᠷᠠᠭ᠋ᠠᠬᠤ ᠵᠢᠴᠢ ᠳᠠᠩᠰᠠ ᠡᠪᠬᠡᠮᠡᠯ᠎ᠤᠨ ᠬᠠᠮᠢᠶᠠᠷᠤᠯᠲᠠ ᠵᠡᠷᠭᠡ ᠵᠢᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠬᠡᠮᠵᠢᠨ ᠵᠢᠷᠤᠭᠰᠠᠨ ᠦᠷ᠎ᠡ ᠪᠦᠲᠦᠭᠡᠯ᠎ᠤᠨ ᠮᠠᠲ᠋ᠧᠷᠢᠶᠠᠯ᠎ᠤᠨ ᠬᠠᠳᠠᠭ᠋ᠠᠯᠠᠨ ᠬᠠᠮᠢᠶᠠᠷᠬᠤ ᠳᠦᠷᠢᠮ᠎ᠢ ᠪᠠᠶ᠋ᠢᠭᠤᠯᠤᠨ ᠪᠦᠷᠢᠨᠰᠢᠭᠦᠯᠵᠦ᠂ ᠴᠢᠬᠤᠯᠠ ᠪᠦᠬᠦᠢ ᠪᠡᠯᠡᠳᠭᠡᠮᠵᠢ ᠲᠣᠬᠢᠷᠠᠭᠤᠯᠵᠤ᠂ ᠮᠡᠳᠡᠭᠡ ᠵᠠᠩᠭᠢᠴᠢᠯᠠᠯᠲᠠ ᠵᠢᠨ ᠬᠠᠮᠢᠶᠠᠷᠤᠯᠲᠠ ᠵᠢᠨ ᠠᠷᠭ᠎ᠠ ᠪᠠᠷᠢᠯ᠎ᠢ ᠬᠡᠷᠡᠭᠯᠡᠨ᠂ ᠬᠡᠮᠵᠢᠨ ᠵᠢᠷᠤᠭᠰᠠᠨ ᠦᠷ᠎ᠡ ᠪᠦᠲᠦᠭᠡᠯ᠎ᠤᠨ ᠮᠠᠲ᠋ᠧᠷᠢᠶᠠᠯ᠎ᠤᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠵᠢᠨ ᠬᠠᠮᠲᠤ᠂ ᠰᠠᠭᠤᠷᠢ ᠬᠡᠮᠵᠢᠨ ᠵᠢᠷᠤᠭᠰᠠᠨ ᠦᠷ᠎ᠡ ᠪᠦᠲᠦᠭᠡᠯ᠎ᠤᠨ ᠮᠠᠲ᠋ᠧᠷᠢᠶᠠᠯ᠎ᠢ ᠣᠨᠳᠣᠣ ᠭᠠᠵᠠᠷ᠎ᠲᠤ ᠪᠡᠯᠡᠳᠭᠡᠨ ᠨᠦᠬᠡᠴᠡᠯᠡᠵᠦ ᠬᠠᠳᠠᠭ᠋ᠠᠯᠠᠬᠤ ᠳᠦᠷᠢᠮ᠎ᠢ ᠬᠡᠷᠡᠭᠵᠢᠭᠦᠯᠬᠦ ᠬᠡᠷᠡᠭᠲᠡᠢ᠃
ᠬᠡᠮᠵᠢᠨ ᠵᠢᠷᠤᠭᠰᠠᠨ ᠦᠷ᠎ᠡ ᠪᠦᠲᠦᠭᠡᠯ᠎ᠤᠨ ᠬᠠᠳᠠᠭ᠋ᠠᠯᠠᠨ ᠬᠠᠮᠢᠶᠠᠷᠬᠤ ᠨᠢᠭᠡᠴᠢ᠎ᠨᠢ ᠬᠡᠮᠵᠢᠨ ᠵᠢᠷᠤᠭᠰᠠᠨ ᠦᠷ᠎ᠡ ᠪᠦᠲᠦᠭᠡᠯ᠎ᠤᠨ ᠮᠠᠲ᠋ᠧᠷᠢᠶᠠᠯ᠎ᠢ ᠲᠣᠭᠲᠠᠭ᠋ᠠᠯ ᠶᠣᠰᠣᠭ᠋ᠠᠷ ᠬᠠᠳᠠᠭ᠋ᠠᠯᠠᠨ ᠬᠠᠮᠢᠶᠠᠷᠴᠤ᠂ ᠡᠪᠳᠡᠨ ᠰᠦᠢ᠍ᠳᠭᠡᠵᠦ᠂ ᠭᠡᠭᠡᠭᠳᠡᠭᠦᠯᠵᠦ᠂ ᠰᠢᠯᠵᠢᠭᠦᠯᠦᠨ ᠥᠭᠴᠦ ᠪᠣᠯᠬᠤ ᠦᠭᠡᠢ᠃
ᠣᠨᠳᠣᠣ ᠭᠠᠵᠠᠷ᠎ᠲᠤ ᠪᠡᠯᠡᠳᠭᠡᠨ ᠨᠦᠬᠡᠴᠡᠯᠡᠵᠦ ᠬᠠᠳᠠᠭ᠋ᠠᠯᠠᠬᠤ ᠲᠠᠯᠠᠪᠤᠷ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠮᠵᠢᠨ ᠵᠢᠷᠤᠬᠤ ᠠᠵᠢᠯ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠣᠬᠢᠶᠠᠨ ᠪᠠᠶ᠋ᠢᠭᠤᠯᠵᠤ ᠬᠡᠷᠡᠭᠵᠢᠭᠦᠯᠦᠨ᠎ᠡ᠃
ᠠᠷᠪᠠᠨ ᠳᠣᠯᠣᠳᠤᠭ᠋ᠠᠷ ᠵᠦᠢ᠍ᠯ ᠰᠠᠭᠤᠷᠢ ᠬᠡᠮᠵᠢᠨ ᠵᠢᠷᠤᠭᠰᠠᠨ ᠦᠷ᠎ᠡ ᠪᠦᠲᠦᠭᠡᠯ ᠪᠠ ᠡᠳ᠋᠎ᠤᠨ ᠵᠠᠰᠠᠭ᠎ᠠᠴᠠ ᠪᠡᠯᠡ ᠣᠷᠣᠭᠤᠯᠵᠤ ᠪᠡᠶᠡᠯᠡᠭᠦᠯᠦᠭᠰᠡᠨ ᠪᠤᠰᠤᠳ ᠬᠡᠮᠵᠢᠨ ᠵᠢᠷᠤᠭᠰᠠᠨ ᠦᠷ᠎ᠡ ᠪᠦᠲᠦᠭᠡᠯ᠎ᠢ ᠤᠯᠤᠰ᠎ᠤᠨ ᠪᠠᠶ᠋ᠢᠭᠤᠯᠭ᠎ᠠ ᠵᠢᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠪᠠ ᠨᠡᠶ᠋ᠢᠭᠡᠮ ᠨᠡᠶ᠋ᠢᠲᠡ ᠵᠢᠨ ᠠᠰᠠᠷᠠᠮᠵᠢ ᠵᠢᠨ ᠠᠵᠢᠯ ᠦᠢ᠍ᠯᠡᠰ᠎ᠲᠤ ᠬᠡᠷᠡᠭᠯᠡᠬᠦ᠎ᠳᠤ ᠬᠥᠷᠪᠡᠯ ᠲᠥᠯᠥᠪᠦᠷᠢ ᠦᠭᠡᠢ᠎ᠪᠠᠷ ᠬᠠᠩᠭ᠋ᠠᠵᠤ ᠥᠭᠬᠦ ᠬᠡᠷᠡᠭᠲᠡᠢ᠃
ᠡᠮᠦᠨᠡᠬᠢ ᠵᠤᠷᠪᠤᠰ᠎ᠤᠨ ᠲᠣᠭᠲᠠᠭ᠋ᠠᠯ᠎ᠠᠴᠠ ᠭᠠᠳᠠᠨ᠎ᠠ᠂ ᠬᠡᠮᠵᠢᠨ ᠵᠢᠷᠤᠭᠰᠠᠨ ᠦᠷ᠎ᠡ ᠪᠦᠲᠦᠭᠡᠯ᠎ᠳᠤ ᠬᠠᠤᠯᠢ ᠶᠣᠰᠣᠭ᠋ᠠᠷ ᠲᠥᠯᠥᠪᠦᠷᠢ᠎ᠲᠠᠢ᠎ᠪᠠᠷ ᠬᠡᠷᠡᠭᠯᠡᠬᠦ ᠳᠦᠷᠢᠮ᠎ᠢ ᠬᠡᠷᠡᠭᠵᠢᠭᠦᠯᠦᠨ᠎ᠡ᠃ ᠭᠡᠪᠡᠴᠦ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠴᠡᠷᠢᠭ ᠠᠩᠬᠢ᠎ᠨᠢ ᠭᠠᠮᠰᠢᠭ᠎ᠠᠴᠠ ᠰᠡᠷᠭᠡᠶ᠋ᠢᠯᠡᠬᠦ᠂ ᠭᠠᠮᠰᠢᠭ᠎ᠢ ᠪᠠᠭ᠋ᠠᠰᠬᠠᠬᠤ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠡᠷᠭᠡ ᠣᠯᠠᠨ ᠨᠡᠶ᠋ᠢᠲᠡ ᠵᠢᠨ ᠠᠰᠢᠭ ᠲᠤᠰᠠ ᠵᠢᠨ ᠬᠡᠷᠡᠭᠴᠡᠭᠡ᠎ᠠᠴᠠ ᠡᠭᠦᠰᠪᠡᠯ᠂ ᠬᠡᠮᠵᠢᠨ ᠵᠢᠷᠤᠭᠰᠠᠨ ᠦᠷ᠎ᠡ ᠪᠦᠲᠦᠭᠡᠯ᠎ᠢ ᠲᠥᠯᠥᠪᠦᠷᠢ ᠦᠭᠡᠢ᠎ᠪᠠᠷ ᠬᠡᠷᠡᠭᠯᠡᠵᠦ ᠪᠣᠯᠣᠨ᠎ᠠ᠃
ᠬᠡᠮᠵᠢᠨ ᠵᠢᠷᠤᠭᠰᠠᠨ ᠦᠷ᠎ᠡ ᠪᠦᠲᠦᠭᠡᠯ᠎ᠢ ᠬᠠᠤᠯᠢ ᠶᠣᠰᠣᠭ᠋ᠠᠷ ᠲᠥᠯᠥᠪᠦᠷᠢ᠎ᠲᠠᠢ᠎ᠪᠠᠷ ᠬᠡᠷᠡᠭᠯᠡᠭᠰᠡᠨ ᠪᠣᠯ᠂ ᠬᠡᠷᠡᠭᠯᠡᠭᠴᠢ᠎ᠨᠢ ᠬᠡᠮᠵᠢᠨ ᠵᠢᠷᠤᠭᠰᠠᠨ ᠲᠥᠷᠥᠯ ᠵᠦᠢ᠍ᠯ᠎ᠤᠨ ᠪᠡᠯᠡ ᠭᠠᠷᠭ᠋ᠠᠭᠴᠢᠯᠤᠭᠠ ᠪᠢᠴᠢᠭ᠎ᠤᠨ ᠬᠡᠯᠪᠡᠷᠢ ᠵᠢᠨ ᠵᠥᠪᠯᠡᠯᠴᠡᠭᠡᠷ ᠲᠣᠭᠲᠠᠵᠤ᠂ ᠬᠤᠶᠠᠷ ᠲᠠᠯ᠎ᠠ ᠵᠢᠨ ᠡᠷᠬᠡ ᠠᠰᠢᠭ ᠪᠠ ᠡᠭᠦᠷᠭᠡ ᠬᠠᠷᠢᠭᠤᠴᠠᠯᠭ᠎ᠠ᠎ᠪᠠᠨ ᠲᠣᠳᠣᠷᠬᠠᠢ ᠲᠣᠭᠲᠠᠭ᠋ᠠᠬᠤ ᠬᠡᠷᠡᠭᠲᠡᠢ᠃
ᠠᠷᠪᠠᠨ ᠨᠠᠢ᠍ᠮᠠᠳᠤᠭ᠋ᠠᠷ ᠵᠦᠢ᠍ᠯ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ᠎ᠨᠢ ᠤᠯᠤᠰ᠎ᠤᠨ ᠨᠢᠭᠤᠴᠠ᠎ᠳᠤ ᠬᠠᠷᠢᠶᠠᠯᠠᠭᠳᠠᠬᠤ ᠰᠠᠭᠤᠷᠢ ᠬᠡᠮᠵᠢᠨ ᠵᠢᠷᠤᠭᠰᠠᠨ ᠦᠷ᠎ᠡ ᠪᠦᠲᠦᠭᠡᠯ᠎ᠢ ᠠᠰᠢᠬᠯᠠᠬᠤ ᠴᠢᠬᠤᠯᠠᠲᠠᠢ ᠪᠣᠯ᠂ ᠠᠰᠢᠬᠯᠠᠬᠤ ᠵᠣᠷᠢᠯᠭ᠎ᠠ ᠪᠠ ᠬᠡᠪᠴᠢᠶ᠎ᠡ᠎ᠪᠠᠨ ᠲᠣᠳᠣᠷᠬᠠᠢ ᠳᠤᠷᠠᠳᠴᠤ᠂ ᠬᠠᠤᠯᠢ᠎ᠳᠤ ᠲᠣᠭᠲᠠᠭ᠋ᠠᠭᠰᠠᠨ ᠭᠠᠷᠳᠠᠮ᠎ᠢ ᠭᠦᠢ᠍ᠴᠡᠳᠭᠡᠵᠦ᠂ ᠬᠡᠮᠵᠢᠨ ᠵᠢᠷᠤᠭᠰᠠᠨ ᠦᠷ᠎ᠡ ᠪᠦᠲᠦᠭᠡᠯ᠎ᠤᠨ ᠪᠠᠶ᠋ᠢᠭ᠎ᠠ ᠭᠠᠵᠠᠷ᠎ᠤᠨ ᠬᠡᠮᠵᠢᠨ ᠵᠢᠷᠤᠬᠤ ᠠᠵᠢᠯ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠢ᠃ ᠤᠯᠤᠰ᠎ᠤᠨ ᠨᠢᠭᠤᠴᠠ᠎ᠳᠤ ᠬᠠᠷᠢᠶᠠᠯᠠᠭᠳᠠᠬᠤ ᠦᠭᠡᠢ ᠬᠡᠮᠵᠢᠨ ᠵᠢᠷᠤᠭᠰᠠᠨ ᠦᠷ᠎ᠡ ᠪᠦᠲᠦᠭᠡᠯ᠎ᠢ ᠠᠰᠢᠬᠯᠠᠬᠤ᠎ᠳᠤ᠂ ᠬᠡᠮᠵᠢᠨ ᠵᠢᠷᠤᠭᠰᠠᠨ ᠦᠷ᠎ᠡ ᠪᠦᠲᠦᠭᠡᠯ᠎ᠤᠨ ᠥᠮᠴᠢᠯᠡᠭᠴᠢᠯᠦᠭᠡ ᠪᠢᠴᠢᠭ᠎ᠤᠨ ᠬᠡᠯᠪᠡᠷᠢ ᠵᠢᠨ ᠵᠥᠪᠯᠡᠯᠴᠡᠭᠡᠷ ᠲᠣᠭᠲᠠᠵᠤ᠂ ᠬᠤᠶᠠᠷ ᠲᠠᠯ᠎ᠠ ᠵᠢᠨ ᠡᠷᠬᠡ ᠠᠰᠢᠭ ᠪᠠ ᠡᠭᠦᠷᠭᠡ ᠬᠠᠷᠢᠭᠤᠴᠠᠯᠭ᠎ᠠ᠎ᠪᠠᠨ ᠲᠣᠳᠣᠷᠬᠠᠢ ᠲᠣᠭᠲᠠᠭ᠋ᠠᠬᠤ ᠬᠡᠷᠡᠭᠲᠡᠢ᠃
ᠠᠷᠪᠠ ᠶᠢᠰᠦᠳᠦᠭᠡᠷ ᠵᠦᠢ᠍ᠯ ᠤᠯᠤᠰ᠎ᠤᠨ ᠨᠢᠭᠤᠴᠠ᠎ᠳᠤ ᠬᠠᠷᠢᠶᠠᠯᠠᠭᠳᠠᠬᠤ ᠰᠠᠭᠤᠷᠢ ᠬᠡᠮᠵᠢᠨ ᠵᠢᠷᠤᠭᠰᠠᠨ ᠦᠷ᠎ᠡ ᠪᠦᠲᠦᠭᠡᠯ᠎ᠢ ᠠᠰᠢᠬᠯᠠᠬᠤ᠎ᠪᠠᠷ ᠭᠤᠶᠤᠴᠢᠯᠠᠭᠰᠠᠨ ᠪᠣᠯ᠂ ᠬᠡᠮᠵᠢᠨ ᠵᠢᠷᠤᠬᠤ ᠠᠵᠢᠯ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠰᠢᠢ᠍ᠳᠪᠦᠷᠢᠯᠡᠬᠦ᠎ᠪᠠᠷ ᠬᠦᠯᠢᠶᠠᠨ ᠠᠪᠤᠭᠰᠠᠨ ᠡᠳᠦᠷ᠎ᠠᠴᠠ ᠡᠬᠢᠯᠡᠵᠦ ᠠᠷᠪᠠᠨ ᠡᠳᠦᠷ᠎ᠤᠨ ᠳᠣᠲᠣᠷ᠎ᠠ ᠬᠠᠩᠭ᠋ᠠᠬᠤ ᠵᠢ ᠵᠥᠪᠰᠢᠶᠡᠷᠡᠬᠦ ᠡᠰᠡᠬᠦ ᠰᠢᠢ᠍ᠳᠪᠦᠷᠢ ᠭᠠᠷᠭ᠋ᠠᠬᠤ ᠬᠡᠷᠡᠭᠲᠡᠢ᠃ ᠬᠠᠩᠭ᠋ᠠᠬᠤ ᠦᠭᠡᠢ ᠪᠣᠯ᠂ ᠪᠢᠴᠢᠭ᠎ᠤᠨ ᠬᠡᠯᠪᠡᠷᠢ᠎ᠪᠠᠷ ᠮᠡᠳᠡᠭᠳᠡᠬᠦ ᠵᠢᠨ ᠬᠠᠮᠲᠤ ᠰᠢᠯᠲᠠᠭ᠋ᠠᠨ ᠵᠶ᠋ᠠᠨ ᠲᠣᠳᠣᠷᠬᠠᠶ᠋ᠢᠯᠠᠬᠤ ᠬᠡᠷᠡᠭᠲᠡᠢ᠃
ᠬᠡᠮᠵᠢᠨ ᠵᠢᠷᠤᠬᠤ ᠠᠵᠢᠯ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠩᠭ᠋ᠠᠬᠤ ᠵᠢ ᠵᠥᠪᠰᠢᠶᠡᠷᠡᠬᠦ᠎ᠪᠠᠷ ᠲᠣᠭᠲᠠᠭᠰᠠᠨ ᠪᠠᠶ᠋ᠢᠪᠠᠯ᠂ ᠭᠤᠶᠤᠴᠢᠯᠠᠭᠴᠢᠯᠤᠭᠠ ᠨᠢᠭᠤᠴᠠ ᠵᠢ ᠬᠠᠮᠠᠭ᠋ᠠᠯᠠᠬᠤ ᠬᠠᠷᠢᠭᠤᠴᠠᠯᠭ᠎ᠠ ᠵᠢᠨ ᠪᠢᠴᠢᠭ ᠲᠣᠭᠲᠠᠵᠤ᠂ ᠬᠠᠩᠭ᠋ᠠᠬᠤ ᠰᠠᠭᠤᠷᠢ ᠬᠡᠮᠵᠢᠨ ᠵᠢᠷᠤᠭᠰᠠᠨ ᠦᠷ᠎ᠡ ᠪᠦᠲᠦᠭᠡᠯ᠎ᠤᠨ ᠨᠢᠭᠤᠴᠠ ᠵᠢᠨ ᠳᠡᠰ᠂ ᠨᠢᠭᠤᠴᠠ ᠵᠢ ᠬᠠᠮᠠᠭ᠋ᠠᠯᠠᠬᠤ ᠱᠠᠭ᠋ᠠᠷᠳᠠᠯᠭ᠎ᠠ ᠵᠢᠴᠢ ᠵᠣᠬᠢᠶᠠᠯ ᠪᠦᠲᠦᠭᠡᠯ᠎ᠤᠨ ᠡᠷᠬᠡ ᠵᠢ ᠬᠠᠮᠠᠭ᠋ᠠᠯᠠᠬᠤ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠲᠣᠳᠣᠷᠬᠠᠶ᠋ᠢᠯᠠᠬᠤ ᠬᠡᠷᠡᠭᠲᠡᠢ᠃
ᠬᠤᠷᠢᠳᠤᠭ᠋ᠠᠷ ᠵᠦᠢ᠍ᠯ ᠤᠯᠤᠰ᠎ᠤᠨ ᠨᠢᠭᠤᠴᠠ᠎ᠳᠤ ᠬᠤᠯᠪᠣᠭᠳᠠᠬᠤ ᠬᠡᠮᠵᠢᠨ ᠵᠢᠷᠤᠭᠰᠠᠨ ᠦᠷ᠎ᠡ ᠪᠦᠲᠦᠭᠡᠯ᠎ᠢ ᠠᠰᠢᠬᠯᠠᠬᠤ ᠨᠢᠭᠡᠴᠢ᠎ᠨᠢ ᠨᠢᠭᠤᠴᠠ ᠵᠢ ᠬᠠᠮᠠᠭ᠋ᠠᠯᠠᠬᠤ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠢ ᠵᠢᠷᠤᠮᠯᠠᠵᠤ᠂ ᠦᠨᠡᠨ ᠬᠦ᠌ ᠪᠤᠰᠤᠳ ᠨᠢᠭᠡᠴᠢ᠎ᠳᠤ ᠨᠠᠶ᠋ᠢᠳᠠᠵᠤ ᠲᠥᠯᠥᠪᠵᠢᠭᠦᠯᠬᠦ᠂ ᠵᠢᠷᠤᠵᠤ ᠲᠥᠯᠥᠪᠯᠡᠬᠦ᠂ ᠰᠢᠰᠲ᠋ᠧᠮ᠎ᠲᠠᠢ ᠨᠡᠭᠡᠭᠡᠨ ᠠᠰᠢᠬᠯᠠᠬᠤ ᠵᠡᠷᠭᠡ ᠠᠵᠢᠯᠯᠠᠭ᠎ᠠ ᠥᠷᠨᠢᠭᠦᠯᠬᠦ᠎ᠳᠤ ᠬᠥᠷᠪᠡᠯ᠂ ᠨᠢᠭᠤᠴᠠ ᠵᠢ ᠬᠠᠮᠠᠭ᠋ᠠᠯᠠᠬᠤ ᠨᠦᠭᠦᠴᠡᠯ ᠪᠦᠬᠦᠢ ᠨᠢᠭᠡᠴᠢ᠎ᠳᠤ ᠨᠠᠶ᠋ᠢᠳᠠᠬᠤ ᠬᠡᠷᠡᠭᠲᠡᠢ ᠮᠥᠷᠲᠡᠭᠡᠨ ᠨᠠᠶ᠋ᠢᠳᠠᠯᠭ᠎ᠠ ᠬᠦᠯᠢᠶᠡᠭᠰᠡᠨ ᠨᠢᠭᠡᠴᠢ᠎ᠯᠦᠭᠡ ᠨᠢᠭᠤᠴᠠ ᠵᠢ ᠬᠠᠮᠠᠭ᠋ᠠᠯᠠᠬᠤ ᠵᠥᠪᠯᠡᠯᠴᠡᠭᠡᠷ ᠲᠣᠭᠲᠠᠬᠤ ᠬᠡᠷᠡᠭᠲᠡᠢ᠃ ᠲᠥᠷᠥᠯ ᠵᠦᠢ᠍ᠯ᠎ᠢ ᠪᠡᠶᠡᠯᠡᠭᠦᠯᠦᠭᠰᠡᠨ᠎ᠤ ᠳᠠᠷᠠᠭ᠎ᠠ᠂ ᠤᠯᠤᠰ᠎ᠤᠨ ᠨᠢᠭᠤᠴᠠ᠎ᠳᠤ ᠬᠤᠯᠪᠣᠭᠳᠠᠬᠤ ᠬᠡᠮᠵᠢᠨ ᠵᠢᠷᠤᠭᠰᠠᠨ ᠦᠷ᠎ᠡ ᠪᠦᠲᠦᠭᠡᠯ᠎ᠢ ᠴᠠᠭ ᠲᠤᠬᠠᠢᠳᠤᠨᠢ ᠬᠤᠷᠢᠶᠠᠨ ᠠᠪᠴᠢᠷᠠᠬᠤ ᠪᠤᠶᠤ ᠤᠰᠠᠳᠬᠠᠵᠤ᠂ ᠨᠠᠶ᠋ᠢᠳᠠᠯᠭ᠎ᠠ ᠬᠦᠯᠢᠶᠡᠭᠰᠡᠨ ᠨᠢᠭᠡᠴᠢ ᠶᠠᠮᠠᠷᠪᠠ ᠬᠡᠯᠪᠡᠷᠢ᠎ᠪᠠᠷ ᠦᠯᠡᠳᠡᠭᠡᠨ ᠬᠠᠳᠠᠭ᠋ᠠᠯᠠᠬᠤ ᠪᠤᠶᠤ ᠭᠤᠷᠪᠠᠳᠠᠬᠢ ᠡᠲᠡᠭᠡᠳ᠎ᠲᠤ ᠬᠠᠩᠭ᠋ᠠᠵᠤ ᠪᠣᠯᠬᠤ ᠦᠭᠡᠢ᠃
ᠰᠠᠭᠤᠷᠢ ᠪᠤᠰᠤ ᠬᠡᠮᠵᠢᠨ ᠵᠢᠷᠤᠭᠰᠠᠨ ᠦᠷ᠎ᠡ ᠪᠦᠲᠦᠭᠡᠯ᠎ᠤᠨ ᠥᠮᠴᠢᠯᠡᠭᠴᠢ᠎ᠨᠢ ᠨᠢᠭᠤᠴᠠ ᠵᠢ ᠬᠠᠮᠠᠭ᠋ᠠᠯᠠᠬᠤ ᠨᠦᠭᠦᠴᠡᠯ ᠪᠦᠷᠢᠯᠳᠦᠭᠡᠳᠦᠢ ᠨᠢᠭᠡᠴᠢ ᠪᠤᠶᠤ ᠬᠤᠪᠢ ᠬᠥᠮᠥᠨ᠎ᠳᠤ ᠤᠯᠤᠰ᠎ᠤᠨ ᠨᠢᠭᠤᠴᠠ᠎ᠳᠤ ᠬᠤᠯᠪᠣᠭᠳᠠᠬᠤ ᠰᠠᠭᠤᠷᠢ ᠪᠤᠰᠤ ᠬᠡᠮᠵᠢᠨ ᠵᠢᠷᠤᠭᠰᠠᠨ ᠦᠷ᠎ᠡ ᠪᠦᠲᠦᠭᠡᠯ᠎ᠢ ᠬᠠᠩᠭ᠋ᠠᠵᠤ ᠪᠣᠯᠬᠤ ᠦᠭᠡᠢ᠃
ᠬᠤᠷᠢᠨ ᠨᠢᠭᠡᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠮᠵᠢᠨ ᠵᠢᠷᠤᠬᠤ ᠠᠵᠢᠯ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠠᠶ᠋ᠢᠮᠠᠭ᠎ᠤᠨ ᠵᠠᠬᠢᠷᠭ᠎ᠠ᠂ ᠲᠣᠭᠤᠷᠢᠭ ᠪᠠᠶ᠋ᠢᠭᠤᠯᠤᠭᠰᠠᠨ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠬᠡᠮᠵᠢᠨ ᠵᠢᠷᠤᠬᠤ ᠠᠵᠢᠯ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠲᠤᠬᠠᠢ ᠵᠢᠨ ᠭᠠᠵᠠᠷ᠎ᠤᠨ ᠬᠡᠷᠡᠭᠯᠡᠭᠴᠢᠳ᠎ᠤᠨ ᠤᠯᠤᠰ᠎ᠤᠨ ᠨᠢᠭᠤᠴᠠ᠎ᠳᠤ ᠬᠤᠯᠪᠣᠭᠳᠠᠭᠰᠠᠨ ᠬᠡᠮᠵᠢᠨ ᠵᠢᠷᠤᠭᠰᠠᠨ ᠦᠷ᠎ᠡ ᠪᠦᠲᠦᠭᠡᠯ᠎ᠢ ᠠᠪᠴᠤ ᠬᠡᠷᠡᠭᠯᠡᠭᠰᠡᠨ ᠲᠡᠮᠳᠡᠭᠯᠡᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠬᠠᠷᠢᠭᠤ ᠲᠤᠰᠬᠠᠵᠤ᠂ ᠠᠶ᠋ᠢᠮᠠᠭ᠎ᠤᠨ ᠵᠠᠬᠢᠷᠭ᠎ᠠ᠂ ᠲᠣᠭᠤᠷᠢᠭ ᠪᠠᠶ᠋ᠢᠭᠤᠯᠤᠭᠰᠠᠨ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠬᠡᠮᠵᠢᠨ ᠵᠢᠷᠤᠬᠤ ᠠᠵᠢᠯ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠤᠬᠠᠢ ᠵᠢᠨ ᠭᠠᠵᠠᠷ᠎ᠤᠨ ᠬᠡᠷᠡᠭᠯᠡᠭᠴᠢᠳ᠎ᠤᠨ ᠠᠪᠴᠤ ᠬᠡᠷᠡᠭᠯᠡᠭᠰᠡᠨ ᠤᠯᠤᠰ᠎ᠤᠨ ᠨᠢᠭᠤᠴᠠ᠎ᠳᠤ ᠬᠤᠯᠪᠣᠭᠳᠠᠭᠰᠠᠨ ᠰᠠᠭᠤᠷᠢ ᠬᠡᠮᠵᠢᠨ ᠵᠢᠷᠤᠭᠰᠠᠨ ᠦᠷ᠎ᠡ ᠪᠦᠲᠦᠭᠡᠯ᠎ᠳᠠᠬᠢ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠬᠤ ᠬᠡᠷᠡᠭᠲᠡᠢ᠃
ᠬᠤᠷᠢᠨ ᠬᠤᠶᠠᠳᠤᠭ᠋ᠠᠷ ᠵᠦᠢ᠍ᠯ ᠢᠨᠲ᠋ᠧᠷ ᠰᠦᠯᠵᠢᠶ᠎ᠡ ᠵᠢᠴᠢ ᠪᠤᠰᠤᠳ ᠣᠯᠠᠨ ᠨᠡᠶ᠋ᠢᠲᠡ ᠵᠢᠨ ᠮᠡᠳᠡᠭᠡ ᠵᠠᠩᠬᠢ ᠵᠢᠨ ᠲᠣᠣᠷ ᠰᠦᠯᠵᠢᠶ᠎ᠡ ᠪᠤᠶᠤ ᠨᠢᠭᠤᠴᠠ ᠵᠢ ᠬᠠᠮᠠᠭ᠋ᠠᠯᠠᠬᠤ ᠠᠷᠭ᠎ᠠ ᠬᠡᠮᠵᠢᠶ᠎ᠡ ᠠᠪᠤᠭᠰᠠᠨ ᠦᠭᠡᠢ ᠤᠲᠠᠰᠤᠲᠤ ᠪᠠ ᠤᠲᠠᠰᠤ ᠦᠭᠡᠢ ᠴᠢᠮᠡᠭᠡ ᠬᠤᠯᠪᠣᠭ᠋ᠠᠨᠳᠤ ᠤᠯᠤᠰ᠎ᠤᠨ ᠨᠢᠭᠤᠴᠠ᠎ᠳᠤ ᠬᠤᠯᠪᠣᠭᠳᠠᠭᠰᠠᠨ ᠬᠡᠮᠵᠢᠨ ᠵᠢᠷᠤᠭᠰᠠᠨ ᠦᠷ᠎ᠡ ᠪᠦᠲᠦᠭᠡᠯ᠎ᠢ ᠳᠠᠮᠵᠢᠭᠤᠯᠬᠤ ᠵᠢ ᠴᠠᠭ᠋ᠠᠵᠠᠯᠠᠨ᠎ᠠ᠃
ᠬᠤᠷᠢᠨ ᠭᠤᠷᠪᠠᠳᠤᠭ᠋ᠠᠷ ᠵᠦᠢ᠍ᠯ ᠤᠯᠤᠰ᠎ᠤᠨ ᠨᠢᠭᠤᠴᠠ᠎ᠳᠤ ᠬᠤᠯᠪᠣᠭᠳᠠᠭᠰᠠᠨ ᠬᠡᠮᠵᠢᠨ ᠵᠢᠷᠤᠭᠰᠠᠨ ᠦᠷ᠎ᠡ ᠪᠦᠲᠦᠭᠡᠯ᠎ᠢ ᠤᠰᠠᠳᠬᠠᠬᠤ᠎ᠳᠤ᠂ ᠲᠣᠭ᠋ᠠᠯᠠᠨ ᠪᠦᠷᠢᠳᠬᠡᠬᠦ᠂ ᠳᠠᠩᠰᠠᠯᠠᠬᠤ᠂ ᠬᠢᠨᠠᠨ ᠵᠥᠪᠰᠢᠶᠡᠷᠡᠬᠦ ᠭᠠᠷᠳᠠᠮ᠎ᠢ ᠭᠦᠢ᠍ᠴᠡᠳᠭᠡᠬᠦ ᠬᠡᠷᠡᠭᠲᠡᠢ ᠮᠥᠷᠲᠡᠭᠡᠨ ᠨᠢᠭᠤᠴᠠ ᠵᠢ ᠬᠠᠮᠠᠭ᠋ᠠᠯᠠᠬᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠪᠠᠶ᠋ᠢᠭᠤᠯᠤᠭᠰᠠᠨ ᠤᠰᠠᠳᠬᠠᠬᠤ ᠠᠵᠢᠯ᠎ᠤᠨ ᠪᠠᠶ᠋ᠢᠭᠤᠯᠤᠮᠵᠢ ᠪᠤᠶᠤ ᠨᠢᠭᠤᠴᠠ ᠵᠢ ᠬᠠᠮᠠᠭ᠋ᠠᠯᠠᠬᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠵᠢᠭ᠋ᠠᠨ ᠲᠣᠭᠲᠠᠭ᠋ᠠᠭᠰᠠᠨ ᠨᠢᠭᠡᠴᠢ᠎ᠳᠤ ᠬᠦᠷᠭᠡᠨ ᠲᠤᠰᠢᠶᠠᠵᠤ ᠤᠰᠠᠳᠬᠠᠬᠤ ᠬᠡᠷᠡᠭᠲᠡᠢ᠃ ᠦᠨᠡᠨ ᠬᠦ᠌ ᠠᠵᠢᠯ᠎ᠤᠨ ᠬᠡᠷᠡᠭᠴᠡᠭᠡ᠎ᠠᠴᠠ ᠪᠣᠯᠵᠤ᠂ ᠤᠯᠤᠰ᠎ᠤᠨ ᠨᠢᠭᠤᠴᠠ᠎ᠳᠤ ᠬᠤᠯᠪᠣᠭᠳᠠᠭᠰᠠᠨ ᠪᠠᠭ᠎ᠠ ᠬᠡᠮᠵᠢᠶᠡᠨ᠎ᠤ ᠬᠡᠮᠵᠢᠨ ᠵᠢᠷᠤᠭᠰᠠᠨ ᠦᠷ᠎ᠡ ᠪᠦᠲᠦᠭᠡᠯ᠎ᠢ ᠥᠪᠡᠰᠦᠪᠡᠨ ᠤᠰᠠᠳᠬᠠᠬᠤ᠎ᠳᠤ ᠬᠥᠷᠪᠡᠯ᠂ ᠤᠯᠤᠰ᠎ᠤᠨ ᠨᠢᠭᠤᠴᠠ ᠵᠢ ᠬᠠᠮᠠᠭ᠋ᠠᠯᠠᠬᠤ ᠪᠠᠷᠢᠮᠵᠢᠶᠠᠨ᠎ᠳᠤ ᠨᠡᠶ᠋ᠢᠴᠡᠬᠦ ᠤᠰᠠᠳᠬᠠᠬᠤ ᠪᠡᠯᠡᠳᠭᠡᠮᠵᠢ ᠪᠠ ᠠᠷᠭ᠎ᠠ ᠵᠢ ᠬᠡᠷᠡᠭᠯᠡᠬᠦ ᠬᠡᠷᠡᠭᠲᠡᠢ᠃
ᠬᠤᠷᠢᠨ ᠳᠥᠷᠪᠡᠳᠦᠭᠡᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠡᠮᠵᠢᠨ ᠵᠢᠷᠤᠬᠤ ᠠᠵᠢᠯ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠤᠭᠤᠷᠣᠨᠳᠤ᠎ᠪᠠᠨ ᠰᠠᠭᠤᠷᠢ ᠬᠡᠮᠵᠢᠨ ᠵᠢᠷᠤᠭᠰᠠᠨ ᠦᠷ᠎ᠡ ᠪᠦᠲᠦᠭᠡᠯ᠎ᠢ ᠬᠠᠮᠲᠤ᠎ᠳᠤ᠎ᠪᠠᠨ ᠬᠦᠷᠲᠡᠬᠦ ᠪᠠ ᠨᠢᠭᠡᠳᠦᠯᠲᠡᠢ ᠲᠥᠯᠥᠪᠵᠢᠭᠦᠯᠦᠨ ᠠᠰᠢᠬᠯᠠᠬᠤ ᠵᠢ ᠴᠢᠩᠭ᠋ᠠᠳᠬᠠᠬᠤ ᠬᠡᠷᠡᠭᠲᠡᠢ᠃
ᠬᠤᠷᠢᠨ ᠲᠠᠪᠤᠳᠤᠭ᠋ᠠᠷ ᠵᠦᠢ᠍ᠯ ᠡᠳ᠋᠎ᠤᠨ ᠵᠠᠰᠠᠭ᠎ᠤᠨ ᠪᠡᠯᠡ ᠮᠥᠩᠭᠦ ᠵᠢ ᠬᠡᠷᠡᠭᠯᠡᠬᠦ ᠬᠡᠮᠵᠢᠨ ᠵᠢᠷᠤᠬᠤ ᠲᠥᠷᠥᠯ ᠵᠦᠢ᠍ᠯ᠂ ᠬᠡᠮᠵᠢᠨ ᠵᠢᠷᠤᠬᠤ᠎ᠳᠤ ᠬᠤᠯᠪᠣᠭᠳᠠᠭᠰᠠᠨ ᠡᠳ᠋᠎ᠤᠨ ᠵᠠᠰᠠᠭ᠎ᠤᠨ ᠪᠡᠯᠡ ᠮᠥᠩᠭᠦ ᠵᠢ ᠬᠡᠷᠡᠭᠯᠡᠬᠦ ᠪᠤᠰᠤᠳ ᠲᠥᠷᠥᠯ ᠵᠦᠢ᠍ᠯ ᠪᠠ ᠰᠠᠨᠰᠠᠷ ᠠᠶᠠᠯᠠᠯ᠂ ᠠᠭ᠋ᠠᠷ᠎ᠤᠨ ᠠᠯᠤᠰ ᠰᠡᠷᠡᠯ᠎ᠤᠨ ᠢᠮᠡᠭᠧ ᠳᠦᠷᠰᠦ ᠵᠢᠨ ᠲᠤᠭ᠎ᠠ ᠪᠠᠷᠢᠮᠲᠠ ᠵᠢ ᠬᠤᠳᠠᠯᠳᠤᠨ ᠠᠪᠬᠤ ᠲᠥᠷᠥᠯ ᠵᠦᠢ᠍ᠯ᠎ᠳᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ᠎ᠨᠢ ᠰᠡᠳᠦᠪ ᠲᠣᠭᠲᠠᠭ᠋ᠠᠬᠤ ᠵᠢ ᠵᠥᠪᠰᠢᠶᠡᠷᠡᠬᠦ᠎ᠠᠴᠠ ᠡᠮᠦᠨ᠎ᠡ ᠪᠢᠴᠢᠭ᠎ᠤᠨ ᠬᠡᠯᠪᠡᠷᠢ᠎ᠪᠠᠷ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠮᠵᠢᠨ ᠵᠢᠷᠤᠬᠤ ᠠᠵᠢᠯ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠰᠠᠨᠠᠯ ᠬᠤᠷᠢᠶᠠᠬᠤ ᠬᠡᠷᠡᠭᠲᠡᠢ᠃ ᠬᠡᠮᠵᠢᠨ ᠵᠢᠷᠤᠬᠤ ᠠᠵᠢᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠰᠠᠨᠠᠯ ᠬᠤᠷᠢᠶᠠᠬᠤ ᠮᠠᠲ᠋ᠧᠷᠢᠶᠠᠯ᠎ᠢ ᠲᠣᠰᠣᠭᠰᠠᠨ ᠡᠳᠦᠷ᠎ᠠᠴᠠ ᠡᠬᠢᠯᠡᠵᠦ ᠠᠷᠪᠠᠨ ᠡᠳᠦᠷ᠎ᠤᠨ ᠳᠣᠲᠣᠷ᠎ᠠ ᠰᠠᠨᠠᠯ ᠬᠤᠷᠢᠶᠠᠭᠰᠠᠨ ᠰᠠᠯᠠᠭ᠎ᠠ ᠮᠥᠴᠢᠷ᠎ᠲᠤ ᠪᠢᠴᠢᠭ᠎ᠤᠨ ᠬᠡᠯᠪᠡᠷᠢ᠎ᠪᠠᠷ ᠰᠠᠨᠠᠯ ᠵᠶ᠋ᠠᠨ ᠬᠠᠷᠢᠭᠤ ᠲᠤᠰᠬᠠᠬᠤ ᠬᠡᠷᠡᠭᠲᠡᠢ᠃ ᠵᠣᠬᠢᠷᠠᠬᠤ ᠬᠡᠮᠵᠢᠨ ᠵᠢᠷᠤᠭᠰᠠᠨ ᠦᠷ᠎ᠡ ᠪᠦᠲᠦᠭᠡᠯ ᠪᠠᠶ᠋ᠢᠪᠠᠯ᠂ ᠨᠢᠭᠡᠨᠲᠡ ᠪᠠᠶ᠋ᠢᠭ᠎ᠠ ᠬᠡᠮᠵᠢᠨ ᠵᠢᠷᠤᠭᠰᠠᠨ ᠦᠷ᠎ᠡ ᠪᠦᠲᠦᠭᠡᠯ᠎ᠢ ᠭᠦᠢ᠍ᠴᠡᠳ ᠠᠰᠢᠬᠯᠠᠵᠤ᠂ ᠳᠠᠬᠢᠨ ᠳᠠᠪᠲᠠᠨ ᠬᠡᠮᠵᠢᠨ ᠵᠢᠷᠤᠬᠤ᠎ᠠᠴᠠ ᠵᠠᠶ᠋ᠢᠯᠠᠬᠤ ᠬᠡᠷᠡᠭᠲᠡᠢ᠃
ᠬᠤᠷᠢᠨ ᠵᠢᠷᠭᠤᠳᠤᠭ᠋ᠠᠷ ᠵᠦᠢ᠍ᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠡᠮᠵᠢᠨ ᠵᠢᠷᠤᠬᠤ ᠠᠵᠢᠯ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠭᠠᠵᠠᠷ ᠵᠦᠢ ᠵᠢᠨ ᠰᠠᠭᠤᠷᠢ ᠮᠡᠳᠡᠭᠡ ᠵᠠᠩᠬᠢ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠢ ᠪᠦᠲᠦᠭᠡᠨ ᠪᠠᠶ᠋ᠢᠭᠤᠯᠬᠤ ᠪᠠ ᠲᠡᠭᠦᠯᠳᠡᠷᠵᠢᠭᠦᠯᠬᠦ ᠬᠡᠷᠡᠭᠲᠡᠢ᠃ ᠡᠳ᠋᠎ᠤᠨ ᠵᠠᠰᠠᠭ᠎ᠤᠨ ᠪᠡᠯᠡ ᠮᠥᠩᠭᠦ ᠵᠢ ᠬᠡᠷᠡᠭᠯᠡᠵᠦ ᠪᠠᠶ᠋ᠢᠭᠤᠯᠤᠭᠰᠠᠨ ᠪᠤᠰᠤᠳ ᠭᠠᠵᠠᠷ ᠵᠦᠢ ᠵᠢᠨ ᠣᠷᠣᠨ ᠪᠠᠶ᠋ᠢᠷᠢ᠎ᠳᠤ ᠰᠠᠭᠤᠷᠢᠯᠠᠭᠰᠠᠨ ᠮᠡᠳᠡᠭᠡ ᠵᠠᠩᠬᠢ ᠵᠢᠨ ᠰᠢᠰᠲ᠋ᠧᠮ᠎ᠳᠤ᠂ ᠭᠠᠵᠠᠷ ᠵᠦᠢ ᠵᠢᠨ ᠰᠠᠭᠤᠷᠢ ᠮᠡᠳᠡᠭᠡ ᠵᠠᠩᠬᠢ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠢ ᠬᠡᠷᠡᠭᠯᠡᠬᠦ ᠪᠤᠶᠤ ᠭᠠᠵᠠᠷ ᠵᠦᠢ ᠵᠢᠨ ᠰᠠᠭᠤᠷᠢ ᠮᠡᠳᠡᠭᠡ ᠵᠠᠩᠬᠢ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠯᠤᠭ᠎ᠠ ᠬᠠᠷᠢᠯᠴᠠᠨ ᠵᠣᠯᠭ᠋ᠠᠭᠤᠯᠵᠤ᠂ ᠬᠠᠮᠢᠶᠠᠷᠤᠯᠲᠠ ᠵᠢᠨ ᠰᠢᠨᠵᠢᠯᠡᠬᠦ ᠤᠬᠠᠭ᠋ᠠᠨᠴᠢ ᠬᠢᠷᠢ ᠲᠦᠪᠰᠢᠨ᠎ᠢ ᠳᠡᠭᠡᠭᠰᠢᠯᠡᠭᠦᠯᠵᠦ᠂ ᠬᠠᠮᠢᠶᠠᠷᠤᠯᠲᠠ ᠵᠢᠨ ᠥᠪᠡᠷ᠎ᠤᠨ ᠥᠷᠳᠡᠭ᠎ᠢ᠎ᠨᠢ ᠪᠠᠭᠤᠷᠠᠭᠤᠯᠬᠤ ᠬᠡᠷᠡᠭᠲᠡᠢ᠃
ᠭᠠᠵᠠᠷ ᠵᠦᠢ ᠵᠢᠨ ᠰᠠᠭᠤᠷᠢ ᠮᠡᠳᠡᠭᠡ ᠵᠠᠩᠬᠢ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠤᠨ ᠪᠦᠲᠦᠭᠡᠨ ᠪᠠᠶ᠋ᠢᠭᠤᠯᠤᠯᠲᠠ᠎ᠳᠤ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠨᠢᠭᠡᠳᠦᠯᠲᠡᠢ ᠮᠡᠷᠭᠡᠵᠢᠯ᠎ᠤᠨ ᠵᠢᠷᠤᠮᠵᠢᠯ ᠪᠠ ᠲᠤᠭ᠎ᠠ ᠪᠠᠷᠢᠮᠲᠠ ᠵᠢᠨ ᠪᠠᠷᠢᠮᠵᠢᠶ᠎ᠠ ᠵᠢ ᠬᠡᠷᠡᠭᠵᠢᠭᠦᠯᠵᠦ᠂ ᠡᠬᠢ ᠪᠠᠶᠠᠯᠢᠭ᠎ᠤᠨ ᠬᠠᠮᠲᠤ᠎ᠳᠤ᠎ᠪᠠᠨ ᠬᠦᠷᠲᠡᠬᠦ ᠵᠢ ᠬᠡᠷᠡᠭᠵᠢᠭᠦᠯᠦᠨ᠂ ᠡᠯ᠎ᠡ ᠰᠠᠯᠠᠭ᠎ᠠ ᠮᠥᠴᠢᠷ᠎ᠤᠨ ᠬᠠᠩᠭ᠋ᠠᠭᠰᠠᠨ ᠬᠡᠮᠵᠢᠨ ᠵᠢᠷᠤᠭᠰᠠᠨ ᠭᠠᠵᠠᠷ ᠵᠦᠢ ᠵᠢᠨ ᠮᠡᠳᠡᠭᠡ ᠵᠠᠩᠬᠢ ᠵᠢᠨ ᠲᠤᠭ᠎ᠠ ᠪᠠᠷᠢᠮᠲᠠ ᠵᠢᠴᠢ ᠮᠠᠲ᠋ᠧᠷᠢᠶᠠᠯ᠎ᠢ ᠭᠦᠢ᠍ᠴᠡᠳ ᠠᠰᠢᠬᠯᠠᠵᠤ᠂ ᠭᠠᠵᠠᠷ ᠵᠦᠢ ᠵᠢᠨ ᠰᠠᠭᠤᠷᠢ ᠮᠡᠳᠡᠭᠡ ᠵᠠᠩᠬᠢ ᠵᠢᠨ ᠲᠤᠭ᠎ᠠ ᠪᠠᠷᠢᠮᠲᠠ ᠵᠢᠨ ᠬᠥᠮᠥᠷᠭᠡ ᠵᠢᠨ ᠬᠠᠮᠢᠶ᠎ᠠ ᠪᠦᠬᠦᠢ ᠲᠤᠭ᠎ᠠ ᠪᠠᠷᠢᠮᠲᠠ ᠵᠢ ᠴᠠᠭ ᠲᠤᠬᠠᠢᠳᠤᠨᠢ ᠰᠢᠨᠡᠳᠭᠡᠬᠦ ᠪᠠ ᠲᠡᠭᠦᠯᠳᠡᠷᠵᠢᠭᠦᠯᠬᠦ ᠵᠢᠨ ᠬᠠᠮᠲᠤ ᠨᠡᠶ᠋ᠢᠭᠡᠮ᠎ᠳᠤ ᠬᠠᠨᠳᠤᠭᠤᠯᠤᠨ ᠦᠢ᠍ᠯᠡᠴᠢᠯᠡᠭᠡ ᠬᠠᠩᠭ᠋ᠠᠬᠤ ᠬᠡᠷᠡᠭᠲᠡᠢ᠃
ᠬᠤᠷᠢᠨ ᠳᠣᠯᠣᠳᠤᠭ᠋ᠠᠷ ᠵᠦᠢ᠍ᠯ ᠬᠡᠮᠵᠢᠨ ᠵᠢᠷᠤᠬᠤ ᠠᠵᠢᠯ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠪᠠᠷᠢᠮᠵᠢᠶ᠎ᠠ ᠭᠠᠵᠠᠷ᠎ᠤᠨ ᠵᠢᠷᠤᠭ᠎ᠢ ᠨᠡᠶ᠋ᠢᠲᠡᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠰᠣᠯᠢᠯᠴᠠᠭᠰᠠᠨ ᠬᠡᠮᠵᠢᠨ ᠵᠢᠷᠤᠭᠰᠠᠨ ᠦᠷ᠎ᠡ ᠪᠦᠲᠦᠭᠡᠯ᠎ᠢ ᠴᠠᠭ ᠲᠤᠬᠠᠢᠳᠤᠨᠢ ᠰᠢᠢ᠍ᠳᠪᠦᠷᠢᠯᠡᠬᠦ ᠪᠠ ᠡᠮᠬᠢᠯᠡᠨ ᠨᠡᠶ᠋ᠢᠯᠡᠭᠦᠯᠵᠦ᠂ ᠬᠡᠮᠵᠢᠨ ᠵᠢᠷᠤᠭᠰᠠᠨ ᠦᠷ᠎ᠡ ᠪᠦᠲᠦᠭᠡᠯ᠎ᠤᠨ ᠣᠳᠣᠬᠢ ᠪᠠᠶ᠋ᠢᠳᠠᠯ᠎ᠤᠨ ᠴᠢᠨᠠᠷ᠎ᠢ ᠪᠠᠲᠤᠯᠠᠵᠤ᠂ ᠭᠠᠵᠠᠷ ᠵᠦᠢ ᠵᠢᠨ ᠮᠡᠳᠡᠭᠡ ᠵᠠᠩᠬᠢ ᠵᠢᠨ ᠡᠬᠢ ᠪᠠᠶᠠᠯᠢᠭ᠎ᠢ ᠬᠠᠮᠲᠤ᠎ᠪᠠᠷ ᠪᠠᠶ᠋ᠢᠭᠤᠯᠵᠤ ᠬᠠᠮᠲᠤ᠎ᠳᠤ᠎ᠪᠠᠨ ᠬᠦᠷᠲᠡᠬᠦ ᠵᠢ ᠪᠡᠶᠡᠯᠡᠭᠦᠯᠬᠦ ᠬᠡᠷᠡᠭᠲᠡᠢ᠃
ᠬᠤᠷᠢᠨ ᠨᠠᠢ᠍ᠮᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠤᠯᠤᠰ᠎ᠠᠴᠠ ᠬᠢᠨᠠᠨ ᠬᠠᠷᠭᠤᠭᠤᠯᠵᠤ ᠨᠡᠶ᠋ᠢᠲᠡᠯᠡᠭᠰᠡᠨ ᠭᠠᠵᠠᠷ ᠵᠦᠢ ᠵᠢᠨ ᠴᠢᠬᠤᠯᠠ ᠮᠡᠳᠡᠭᠡ ᠵᠠᠩᠬᠢ ᠵᠢᠨ ᠲᠤᠭ᠎ᠠ ᠪᠠᠷᠢᠮᠲᠠ᠎ᠠᠴᠠ ᠪᠤᠰᠤᠳ ᠭᠠᠵᠠᠷ ᠵᠦᠢ ᠵᠢᠨ ᠴᠢᠬᠤᠯᠠ ᠮᠡᠳᠡᠭᠡ ᠵᠠᠩᠬᠢ ᠵᠢᠨ ᠲᠤᠭ᠎ᠠ ᠪᠠᠷᠢᠮᠲᠠ ᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠮᠵᠢᠨ ᠵᠢᠷᠤᠬᠤ ᠠᠵᠢᠯ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠢᠨᠠᠨ ᠬᠠᠷᠭᠤᠭᠤᠯᠬᠤ ᠵᠢᠨ ᠬᠠᠮᠲᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠵᠥᠪᠳᠡᠯᠴᠡᠭᠰᠡᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠵᠥᠪᠰᠢᠶᠡᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠲᠡᠭᠦᠨ᠎ᠤ ᠡᠷᠬᠡ ᠣᠯᠭᠤᠭᠰᠠᠨ ᠰᠠᠯᠠᠭ᠎ᠠ ᠮᠥᠴᠢᠷ᠎ᠠᠴᠠ ᠨᠡᠶ᠋ᠢᠲᠡᠯᠡᠨ᠎ᠡ᠃
ᠶᠠᠮᠠᠷᠪᠠ ᠵᠣᠬᠢᠶᠠᠨ ᠪᠠᠶ᠋ᠢᠭᠤᠯᠤᠯᠲᠠ ᠪᠠ ᠬᠤᠪᠢ ᠬᠥᠮᠥᠨ ᠭᠡᠳ ᠭᠠᠵᠠᠷ ᠵᠦᠢ ᠵᠢᠨ ᠴᠢᠬᠤᠯᠠ ᠮᠡᠳᠡᠭᠡ ᠵᠠᠩᠬᠢ ᠵᠢᠨ ᠲᠤᠭ᠎ᠠ ᠪᠠᠷᠢᠮᠲᠠ ᠵᠢ ᠳᠤᠷ᠎ᠠ᠎ᠪᠠᠷ ᠨᠡᠶ᠋ᠢᠲᠡᠯᠡᠵᠦ ᠪᠣᠯᠬᠤ ᠦᠭᠡᠢ᠃
ᠬᠤᠷᠢ ᠶᠢᠰᠦᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠭᠠᠵᠠᠷ ᠵᠦᠢ ᠵᠢᠨ ᠴᠢᠬᠤᠯᠠ ᠮᠡᠳᠡᠭᠡ ᠵᠠᠩᠬᠢ ᠵᠢᠨ ᠲᠤᠭ᠎ᠠ ᠪᠠᠷᠢᠮᠲᠠ᠎ᠳᠤ ᠪᠠᠭᠲᠠᠬᠤ᠎ᠨᠢ᠄
(ᠨᠢᠭᠡ) ᠵᠠᠰᠠᠭ ᠵᠠᠬᠢᠷᠭ᠋ᠠᠨ᠎ᠤ ᠣᠷᠣᠨ ᠪᠦᠰᠡ ᠵᠢᠨ ᠴᠢᠬᠤᠯᠠ ᠣᠨᠴᠠᠯᠢᠭᠲᠤ ᠴᠡᠭ᠂ ᠭᠠᠵᠠᠷ᠎ᠤᠨ ᠪᠠᠶ᠋ᠢᠴᠠ᠂ ᠭᠠᠵᠠᠷ᠎ᠤᠨ ᠲᠥᠷᠬᠦ ᠵᠢᠨ ᠣᠷᠣᠨ ᠬᠤᠪᠢᠶᠠᠷᠢᠯᠠᠯ᠎ᠤᠨ ᠪᠠᠶ᠋ᠢᠷᠢᠯᠠᠯ;
(ᠬᠤᠶᠠᠷ) ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠂ ᠰᠤᠮᠤ ᠰᠢᠶᠠᠩ ᠪᠠᠯᠭ᠋ᠠᠰᠤᠨ᠎ᠤ ᠵᠠᠰᠠᠭ ᠵᠠᠬᠢᠷᠭ᠋ᠠᠨ᠎ᠤ ᠣᠷᠣᠨ ᠪᠦᠰᠡ ᠵᠢᠨ ᠪᠠᠶ᠋ᠢᠷᠢᠯᠠᠯ᠂ ᠲᠠᠯᠠᠪᠠᠢ;
(ᠭᠤᠷᠪᠠ) 《ᠥᠪᠥᠷ ᠮᠣᠩᠭᠤᠯ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ》᠂ 《ᠪᠥᠬᠦ ᠣᠷᠣᠨ》 ᠵᠡᠷᠭᠡ ᠦᠰᠦᠭ ᠬᠠᠳᠠᠭᠰᠠᠨ ᠬᠡᠮᠵᠢᠨ ᠵᠢᠷᠤᠬᠤ ᠭᠠᠵᠠᠷ ᠵᠦᠢ ᠵᠢᠨ ᠮᠡᠳᠡᠭᠡ ᠵᠠᠩᠬᠢ ᠵᠢᠨ ᠲᠤᠭ᠎ᠠ ᠪᠠᠷᠢᠮᠲᠠ;
(ᠳᠥᠷᠪᠡ) ᠴᠢᠬᠤᠯᠠ ᠪᠠᠶ᠋ᠢᠭ᠋ᠠᠯᠢ ᠪᠠ ᠬᠥᠮᠥᠨ ᠨᠡᠶ᠋ᠢᠭᠡᠮ᠎ᠤᠨ ᠭᠠᠵᠠᠷ ᠵᠦᠢ ᠵᠢᠨ ᠪᠣᠳᠠᠲᠤ ᠴᠣᠭᠴᠠ ᠵᠢᠨ ᠪᠠᠶ᠋ᠢᠭ᠎ᠠ ᠪᠠᠶ᠋ᠢᠷᠢᠯᠠᠯ᠂ ᠡᠷᠭᠦᠭᠳᠡᠴᠡ᠂ ᠭᠦᠨᠴᠡ᠂ ᠲᠠᠯᠠᠪᠠᠢ᠂ ᠲᠤᠭ᠎ᠠ ᠬᠡᠮᠵᠢᠶ᠎ᠡ᠂ ᠤᠷᠳᠤ ᠵᠢᠨ ᠬᠡᠮᠵᠢᠶ᠎ᠡ ᠵᠡᠷᠭᠡ ᠬᠡᠮᠵᠢᠨ ᠵᠢᠷᠤᠬᠤ ᠭᠠᠵᠠᠷ ᠵᠦᠢ ᠵᠢᠨ ᠮᠡᠳᠡᠭᠡ ᠵᠠᠩᠬᠢ ᠵᠢᠨ ᠲᠤᠭ᠎ᠠ ᠪᠠᠷᠢᠮᠲᠠ᠃
ᠡᠮᠦᠨᠡᠬᠢ ᠵᠤᠷᠪᠤᠰ᠎ᠲᠤ ᠲᠣᠭᠲᠠᠭ᠋ᠠᠭᠰᠠᠨ ᠭᠠᠵᠠᠷ ᠵᠦᠢ ᠵᠢᠨ ᠴᠢᠬᠤᠯᠠ ᠮᠡᠳᠡᠭᠡ ᠵᠠᠩᠬᠢ ᠵᠢᠨ ᠲᠤᠭ᠎ᠠ ᠪᠠᠷᠢᠮᠲᠠ᠎ᠨᠢ ᠵᠡᠷᠭᠡ᠎ᠪᠠᠷ ᠤᠯᠤᠰ᠎ᠤᠨ ᠭᠠᠵᠠᠷ ᠵᠦᠢ ᠵᠢᠨ ᠴᠢᠬᠤᠯᠠ ᠮᠡᠳᠡᠭᠡ ᠵᠠᠩᠬᠢ ᠵᠢᠨ ᠲᠤᠭ᠎ᠠ ᠪᠠᠷᠢᠮᠲᠠ᠎ᠳᠤ ᠪᠠᠭᠲᠠᠪᠠᠯ᠂ ᠲᠡᠭᠦᠨ᠎ᠢ ᠬᠢᠨᠠᠨ ᠬᠠᠷᠭᠤᠭᠤᠯᠬᠤ ᠪᠠ ᠨᠡᠶ᠋ᠢᠲᠡᠯᠡᠬᠦ᠎ᠳᠤ ᠤᠯᠤᠰ᠎ᠤᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
ᠭᠤᠴᠢᠳᠤᠭ᠋ᠠᠷ ᠵᠦᠢ᠍ᠯ ᠨᠢᠭᠡᠴᠢ ᠪᠤᠶᠤ ᠬᠤᠪᠢ ᠬᠥᠮᠥᠨ᠎ᠠᠴᠠ ᠥᠪᠡᠷᠲᠡᠭᠡᠨ ᠵᠠᠰᠠᠬᠤ ᠣᠷᠣᠨ᠎ᠤ ᠭᠠᠵᠠᠷ ᠵᠦᠢ ᠵᠢᠨ ᠴᠢᠬᠤᠯᠠ ᠮᠡᠳᠡᠭᠡ ᠵᠠᠩᠬᠢ ᠵᠢᠨ ᠲᠤᠭ᠎ᠠ ᠪᠠᠷᠢᠮᠲᠠ ᠵᠢ ᠨᠡᠶ᠋ᠢᠲᠡᠯᠡᠬᠦ᠎ᠪᠠᠷ ᠰᠠᠨᠠᠭᠤᠯᠬᠤ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠮᠵᠢᠨ ᠵᠢᠷᠤᠬᠤ ᠠᠵᠢᠯ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠪᠢᠴᠢᠭ᠎ᠤᠨ ᠬᠡᠯᠪᠡᠷᠢ᠎ᠪᠠᠷ ᠰᠠᠨᠠᠭᠤᠯᠭ᠎ᠠ ᠳᠤᠷᠠᠳᠬᠤ ᠵᠢᠨ ᠬᠠᠮᠲᠤ᠂ ᠳᠣᠣᠷᠠᠬᠢ ᠮᠠᠲ᠋ᠧᠷᠢᠶᠠᠯ᠎ᠢ ᠲᠤᠰᠢᠶᠠᠬᠤ ᠬᠡᠷᠡᠭᠲᠡᠢ᠄
(ᠨᠢᠭᠡ) ᠨᠢᠭᠡᠴᠢ ᠪᠤᠶᠤ ᠬᠤᠪᠢ ᠬᠥᠮᠥᠨ᠎ᠤ ᠦᠨᠳᠦᠰᠦᠨ ᠪᠠᠶ᠋ᠢᠳᠠᠯ;
(ᠬᠤᠶᠠᠷ) ᠭᠠᠵᠠᠷ ᠵᠦᠢ ᠵᠢᠨ ᠴᠢᠬᠤᠯᠠ ᠮᠡᠳᠡᠭᠡ ᠵᠠᠩᠬᠢ ᠵᠢᠨ ᠲᠤᠭ᠎ᠠ ᠪᠠᠷᠢᠮᠲᠠ ᠵᠢᠨ ᠨᠠᠷᠢᠨ ᠲᠤᠭ᠎ᠠ ᠪᠠᠷᠢᠮᠲᠠ ᠵᠢᠨ ᠦᠷ᠎ᠡ ᠪᠦᠲᠦᠭᠡᠯ᠎ᠤᠨ ᠮᠠᠲ᠋ᠧᠷᠢᠶᠠᠯ ᠵᠢᠴᠢ ᠨᠡᠶ᠋ᠢᠲᠡᠯᠡᠬᠦ ᠴᠢᠬᠤᠯᠠ ᠴᠢᠨᠠᠷ᠎ᠤᠨ ᠲᠣᠳᠣᠷᠬᠠᠶ᠋ᠢᠯᠠᠯᠲᠠ;
(ᠭᠤᠷᠪᠠ) ᠭᠠᠵᠠᠷ ᠵᠦᠢ ᠵᠢᠨ ᠴᠢᠬᠤᠯᠠ ᠮᠡᠳᠡᠭᠡ ᠵᠠᠩᠬᠢ ᠵᠢᠨ ᠲᠤᠭ᠎ᠠ ᠪᠠᠷᠢᠮᠲᠠ ᠵᠢ ᠣᠯᠣᠭᠰᠠᠨ ᠮᠡᠷᠭᠡᠵᠢᠯ᠎ᠤᠨ ᠲᠥᠰᠥᠯ᠂ ᠶᠠᠰᠤ ᠴᠢᠨᠠᠷ᠎ᠤᠨ ᠪᠠᠶ᠋ᠢᠴᠠᠭ᠋ᠠᠯᠲᠠ ᠵᠢᠨ ᠮᠡᠳᠡᠭᠦᠯᠦᠯᠲᠡ ᠵᠢᠴᠢ ᠲᠤᠭ᠎ᠠ ᠪᠠᠷᠢᠮᠲᠠ ᠵᠢ ᠰᠢᠯᠭ᠋ᠠᠨ ᠬᠤᠷᠢᠶᠠᠵᠤ ᠦᠨᠡᠯᠡᠨ ᠵᠢᠱ᠌ᠢᠭᠰᠡᠨ ᠵᠡᠷᠭᠡ ᠬᠤᠯᠪᠣᠭᠳᠠᠯ ᠪᠦᠬᠦᠢ ᠮᠠᠲ᠋ᠧᠷᠢᠶᠠᠯ;
(ᠳᠥᠷᠪᠡ) ᠬᠢᠨᠠᠨ ᠬᠠᠷᠭᠤᠭᠤᠯᠬᠤ᠎ᠳᠤ ᠱᠠᠭ᠋ᠠᠷᠳᠠᠭᠳᠠᠬᠤ ᠪᠤᠰᠤᠳ ᠮᠠᠲ᠋ᠧᠷᠢᠶᠠᠯ᠃
ᠬᠢᠨᠠᠨ ᠬᠠᠷᠭᠤᠭᠤᠯᠬᠤ᠎ᠪᠠᠷ ᠳᠠᠮᠵᠢᠭ᠋ᠠᠳ ᠨᠡᠶ᠋ᠢᠲᠡᠯᠡᠬᠦ ᠴᠢᠬᠤᠯᠠᠲᠠᠢ ᠭᠠᠵᠠᠷ ᠵᠦᠢ ᠵᠢᠨ ᠴᠢᠬᠤᠯᠠ ᠮᠡᠳᠡᠭᠡ ᠵᠠᠩᠬᠢ ᠵᠢᠨ ᠲᠤᠭ᠎ᠠ ᠪᠠᠷᠢᠮᠲᠠ ᠵᠢ᠂ ᠲᠣᠰ ᠠᠷᠭ᠎ᠠ ᠵᠢᠨ ᠬᠤᠷᠢᠨ ᠨᠠᠢ᠍ᠮᠠᠳᠤᠭ᠋ᠠᠷ ᠵᠦᠢ᠍ᠯ᠎ᠤᠨ ᠲᠣᠭᠲᠠᠭ᠋ᠠᠯ ᠶᠣᠰᠣᠭ᠋ᠠᠷ ᠭᠦᠢ᠍ᠴᠡᠳᠭᠡᠬᠦ ᠬᠡᠷᠡᠭᠲᠡᠢ᠃
ᠭᠤᠴᠢᠨ ᠨᠢᠭᠡᠳᠦᠭᠡᠷ ᠵᠦᠢ᠍ᠯ ᠲᠣᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠭᠡᠳ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠡᠮᠵᠢᠨ ᠵᠢᠷᠤᠯᠲᠠ ᠵᠢᠨ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠡᠮᠵᠢᠨ ᠵᠢᠷᠤᠭᠰᠠᠨ ᠦᠷ᠎ᠡ ᠪᠦᠲᠦᠭᠡᠯ᠎ᠤᠨ ᠬᠠᠮᠢᠶᠠᠷᠤᠯᠲᠠ ᠵᠢᠨ ᠳᠦᠷᠢᠮ》 ᠵᠡᠷᠭᠡ ᠬᠤᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠨᠢᠭᠡᠨᠲᠡ ᠪᠣᠳᠠᠲᠠᠢ ᠰᠢᠢ᠍ᠳᠭᠡᠬᠦ ᠲᠣᠭᠲᠠᠭ᠋ᠠᠯ ᠭᠠᠷᠭ᠋ᠠᠭᠰᠠᠨ ᠪᠠᠶ᠋ᠢᠪᠠᠯ᠂ ᠲᠡᠷᠡ ᠬᠦ᠌ ᠲᠣᠭᠲᠠᠭ᠋ᠠᠯ᠎ᠢ ᠵᠢᠷᠤᠮᠯᠠᠨ᠎ᠠ᠃
ᠭᠤᠴᠢᠨ ᠬᠤᠶᠠᠳᠤᠭ᠋ᠠᠷ ᠵᠦᠢ᠍ᠯ ᠬᠡᠮᠵᠢᠨ ᠵᠢᠷᠤᠭᠰᠠᠨ ᠦᠷ᠎ᠡ ᠪᠦᠲᠦᠭᠡᠯ᠎ᠤᠨ ᠬᠠᠮᠢᠶᠠᠷᠤᠯᠲᠠ ᠵᠢᠨ ᠠᠵᠢᠯ᠎ᠳᠤ ᠠᠯᠪᠠᠨ ᠲᠤᠰᠢᠶᠠᠯ᠎ᠳᠤ ᠠᠯᠮᠠᠶ᠋ᠢᠷᠠᠨ ᠣᠰᠣᠯᠳᠠᠬᠤ᠂ ᠡᠷᠬᠡ ᠲᠤᠰᠢᠶᠠᠯ ᠵᠶ᠋ᠠᠨ ᠳᠤᠷ᠎ᠠ᠎ᠪᠠᠷ ᠬᠡᠷᠡᠭᠯᠡᠬᠦ᠂ ᠬᠤᠪᠢ ᠵᠢᠨ ᠨᠠᠶ᠋ᠢᠷ ᠲᠠᠯ᠎ᠠ ᠬᠠᠷᠠᠵᠤ ᠬᠠᠤᠯᠢ ᠶᠣᠰᠣ ᠵᠢ ᠵᠥᠷᠢᠴᠡᠭᠰᠡᠨ ᠪᠠᠶ᠋ᠢᠳᠠᠯ ᠭᠠᠷᠪᠠᠯ᠂ ᠰᠢᠭᠤᠳ ᠬᠠᠷᠢᠭᠤᠴᠠᠵᠤ ᠪᠠᠶ᠋ᠢᠭ᠎ᠠ ᠭᠤᠣᠯᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭ᠋ᠠᠲᠠᠨ᠎ᠳᠤ ᠬᠠᠤᠯᠢ ᠶᠣᠰᠣᠭ᠋ᠠᠷ ᠰᠢᠢ᠍ᠳᠭᠡᠯ ᠥᠭᠭᠦᠨ᠎ᠡ; ᠶᠠᠯᠠᠳᠤ ᠬᠥᠷᠥᠭᠰᠡᠨ ᠪᠠᠶ᠋ᠢᠪᠠᠯ᠂ ᠬᠠᠥᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠭᠤᠴᠢᠨ ᠭᠤᠷᠪᠠᠳᠤᠭ᠋ᠠᠷ ᠵᠦᠢ᠍ᠯ ᠲᠣᠰ ᠠᠷᠭ᠎ᠠ ᠵᠢ 2024 ᠣᠨ᠎ᠤ 1 ᠳ᠋ᠤᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 1990 ᠣᠨ᠎ᠤ 12 ᠳ᠋ᠤᠭ᠋ᠠᠷ ᠰᠠᠷ᠎ᠠ ᠵᠢᠨ 18᠎ᠤ ᠡᠳᠦᠷ᠎ᠤᠨ ᠨᠡᠶ᠋ᠢᠲᠡᠯᠡᠭᠰᠡᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠡᠮᠵᠢᠨ ᠵᠢᠷᠤᠭᠰᠠᠨ ᠦᠷ᠎ᠡ ᠪᠦᠲᠦᠭᠡᠯ᠎ᠤᠨ ᠬᠠᠮᠢᠶᠠᠷᠤᠯᠲᠠ ᠵᠢᠨ ᠬᠡᠷᠡᠭᠵᠢᠭᠦᠯᠬᠦ ᠠᠷᠭ᠎ᠠ》 (ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ 18 ᠳ᠋ᠤᠭ᠋ᠠᠷ ᠲᠣᠭ᠋ᠠᠲᠤ) ᠵᠢ ᠬᠠᠮᠲᠤᠳᠤᠨᠢ ᠬᠦᠴᠦᠨ ᠦᠭᠡᠢ ᠪᠣᠯᠭ᠋ᠠᠨ᠎ᠠ᠃

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ