ᠠᠯᠪᠠᠨ ᠮᠠᠳᠡᠭᠡ 2024  -   ᠵᠠᠰᠠᠭ᠎ᠤᠨ ᠤᠷᠳᠥᠨ᠎ᠤ ᠠᠯᠪᠠᠨ ᠮᠠᠳᠡᠭᠡ

ᠥᠪᠡᠷᠲᠡᠭᠡᠨ ᠵᠠᠰᠠᠬᠤ ᠣᠷᠣᠨ᠎ᠤ ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ ᠵᠢᠨ ᠠᠵᠢᠯ᠎ᠤᠨ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ

ᠨᠡᠶ᠋ᠢᠲᠡᠯᠡᠭᠰᠡᠨ ᠴᠠᠭ᠄   2024-02-01

ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
       ᠡᠳᠦᠭᠡ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ ᠵᠢᠨ ᠠᠵᠢᠯ᠎ᠤᠨ ᠲᠥᠰᠥᠯ》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠶ ᠲᠤᠭᠤᠰᠢᠯᠠᠭᠤᠯᠤᠨ ᠨᠡᠢ᠍ᠢ᠍ᠳᠠᠪᠤᠷᠢᠵᠢᠭᠤᠯᠲᠤᠭ᠋ᠠᠢ᠃
    ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ
    ᠪᠣᠬᠢᠷᠲᠤᠯ ᠪᠣᠳᠠᠰ᠎ᠤᠨ ᠵᠠᠰᠠᠯᠲᠠ ᠵᠢᠨ ᠠᠵᠢᠯ᠎ᠤᠨ ᠲᠥᠰᠥᠯ
       《ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ ᠵᠢᠨ ᠠᠵᠢᠯᠯᠠᠭ᠋ᠠᠨ᠎ᠤ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠮᠡᠳᠡᠭᠳᠡᠯ》 (ᠲᠥ᠋ᠷᠥ ᠠᠯᠪᠠᠨ ᠲᠠᠷᠬᠠᠭ᠋ᠠᠭᠰᠠᠨ [2022] 15 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠡᠢ᠍ᠢ᠍ᠳᠠᠪᠤᠷᠢᠵᠢᠭᠤᠯᠵᠤ᠂ ᠪᠥᠬᠦ ᠣᠷᠣᠨ᠎ᠤ ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ ᠵᠢᠨ ᠠᠵᠢᠯ᠎ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ᠎ᠤ ᠠᠮᠤᠷ ᠲᠦᠪᠰᠢᠨ ᠪᠠ ᠠᠷᠠᠳ ᠲᠦᠮᠡᠨ᠎ᠤ ᠡᠷᠡᠭᠦᠯ ᠮᠡᠨᠳᠦ ᠵᠢ ᠪᠠᠲᠤᠯᠠᠵᠤ᠂ ᠪᠣᠬᠢᠷᠲᠤᠯ᠎ᠢ ᠰᠡᠷᠭᠡᠢ᠍ᠢ᠍ᠯᠡᠨ ᠵᠠᠰᠠᠬᠤ ᠰᠢᠪᠲᠤᠯᠤᠯᠲᠠ ᠵᠢᠨ ᠳᠠᠢ᠍ᠢ᠍ᠯᠠᠯᠳᠤᠭ᠋ᠠᠨ᠎ᠢ ᠨᠡᠩ ᠥᠨᠳᠥᠷ ᠪᠠᠷᠢᠮᠵᠢᠶ᠎ᠠ᠎ᠪᠠᠷ ᠭᠦᠨᠵᠡᠭᠡᠢ ᠰᠠᠢ᠍ᠢ᠍ᠲᠤᠷ ᠪᠡᠶᠡᠯᠡᠭᠦᠯᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ᠂ ᠲᠣᠰ ᠲᠥᠰᠥᠯ᠎ᠢ ᠲᠣᠭᠲᠠᠭ᠋ᠠᠪᠠ᠃
       ᠨᠢᠭᠡ᠂ ᠭᠤᠣᠯ ᠬᠠᠷᠠᠯᠲᠠ
      2023 ᠣᠨ ᠪᠣᠯᠬᠤ᠎ᠳᠤ᠂ ᠪᠥᠬᠦ ᠣᠷᠣᠨ᠎ᠤ ᠬᠢᠮᠢ ᠵᠢᠨ ᠪᠣᠳᠠᠰ᠎ᠤᠨ ᠣᠷᠴᠢᠨ ᠲᠣᠭᠤᠷᠢᠨ᠎ᠤ ᠮᠡᠳᠡᠭᠡ ᠵᠠᠩᠬᠢ ᠵᠢᠨ ᠪᠠᠢ᠍ᠢ᠍ᠴᠠᠭ᠋ᠠᠯᠲᠠ ᠵᠢ ᠪᠡᠶᠡᠯᠡᠭᠦᠯᠵᠦ᠂ ᠭᠤᠣᠯᠳᠠᠯᠭ᠎ᠠ᠎ᠲᠠᠢ ᠬᠠᠮᠢᠶᠠᠷᠤᠨ ᠡᠵᠡᠮᠳᠡᠵᠦ ᠪᠠᠢ᠍ᠢ᠍ᠭ᠎ᠠ ᠰᠢᠨ᠎ᠡ ᠪᠣᠬᠢᠷᠲᠤᠯ ᠪᠣᠳᠠᠰ᠎ᠤᠨ ᠦᠢ᠍ᠯᠡᠳᠪᠦᠷᠢᠯᠡᠯ᠂ ᠬᠡᠷᠡᠭᠯᠡᠯᠲᠡ᠂ ᠭᠠᠳᠠᠭᠰᠢᠯᠠᠭᠤᠯᠤᠯᠲᠠ ᠵᠢᠨ ᠪᠠᠢ᠍ᠢ᠍ᠳᠠᠯ᠎ᠢ ᠦᠨᠳᠦᠰᠦᠨ᠎ᠳᠤ᠎ᠪᠠᠨ ᠣᠶ᠋ᠢᠯᠠᠭ᠋ᠠᠨ ᠲᠣᠳᠣᠯᠠᠵᠤ᠂ ᠬᠠᠮᠢᠶᠠᠷᠤᠨ ᠡᠵᠡᠮᠳᠡᠬᠦ ᠭᠤᠣᠯᠳᠠᠯᠭ᠎ᠠ᠎ᠲᠠᠢ ᠣᠷᠣᠨ ᠪᠦᠰᠡ᠂ ᠭᠤᠣᠯᠳᠠᠯᠭ᠎ᠠ᠎ᠲᠠᠢ ᠠᠵᠢᠯ ᠲᠥᠷᠥᠯ᠂ ᠭᠤᠣᠯᠳᠠᠯᠭ᠎ᠠ᠎ᠲᠠᠢ ᠠᠵᠤ ᠠᠬᠤᠢ᠍ᠢ᠍ᠯᠠᠯ᠎ᠢ ᠲᠣᠳᠣᠷᠬᠠᠢ ᠲᠣᠭᠲᠠᠭ᠋ᠠᠨ᠎ᠠ᠃ 2025 ᠣᠨ ᠪᠣᠯᠬᠤ᠎ᠳᠤ᠂ ᠠᠩᠬᠠᠷᠤᠯ᠎ᠳᠤ ᠶᠡᠬᠡᠳᠡ ᠬᠥᠷᠥᠭᠰᠡᠨ᠂ ᠦᠢ᠍ᠯᠡᠳᠪᠦᠷᠢᠯᠡᠬᠦ (ᠬᠡᠷᠡᠭᠯᠡᠭᠡ) ᠬᠡᠮᠵᠢᠶ᠎ᠡ ᠶᠡᠬᠡᠲᠡᠢ ᠬᠢᠮᠢ ᠵᠢᠨ ᠪᠣᠳᠠᠰ᠎ᠤᠨ ᠣᠷᠴᠢᠨ ᠲᠣᠭᠤᠷᠢᠨ᠎ᠤ ᠲᠦᠭᠰᠢᠭᠦᠷᠢ ᠵᠢᠨ ᠰᠢᠭᠰᠢᠨ ᠪᠠᠢ᠍ᠢ᠍ᠴᠠᠭ᠋ᠠᠯᠲᠠ ᠵᠢᠴᠢ ᠨᠢᠭᠡ ᠪᠦᠯᠦᠭ ᠬᠢᠮᠢ ᠵᠢᠨ ᠪᠣᠳᠠᠰ᠎ᠤᠨ ᠣᠷᠴᠢᠨ ᠲᠣᠭᠤᠷᠢᠨ᠎ᠤ ᠲᠦᠭᠰᠢᠭᠦᠷᠢ ᠵᠢᠨ ᠦᠨᠡᠯᠡᠨ ᠵᠢᠱ᠌ᠢᠯᠲᠡ ᠵᠢ ᠪᠡᠶᠡᠯᠡᠭᠦᠯᠵᠦ᠂ ᠭᠤᠣᠯᠳᠠᠯᠭ᠎ᠠ᠎ᠲᠠᠢ ᠬᠠᠮᠢᠶᠠᠷᠤᠨ ᠡᠵᠡᠮᠳᠡᠵᠦ ᠪᠠᠶ᠋ᠢᠭ᠎ᠠ ᠰᠢᠨ᠎ᠡ ᠪᠣᠬᠢᠷᠲᠤᠯ ᠪᠣᠳᠠᠰ᠎ᠢ ᠴᠠᠭ᠋ᠠᠵᠠᠯᠠᠬᠤ᠂ ᠬᠢᠵᠠᠭ᠋ᠠᠷᠯᠠᠬᠤ᠂ ᠭᠠᠳᠠᠭᠰᠢᠯᠠᠭᠤᠯᠤᠯᠲᠠ ᠵᠢ ᠬᠢᠵᠠᠭ᠋ᠠᠷᠯᠠᠬᠤ ᠵᠡᠷᠭᠡ ᠣᠷᠴᠢᠨ ᠲᠣᠭᠤᠷᠢᠨ᠎ᠤ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠬᠡᠷᠡᠭᠵᠢᠭᠦᠯᠦᠨ᠎ᠡ; ᠬᠤᠣᠷ ᠬᠥᠨᠥᠭᠡᠯ᠎ᠲᠠᠢ ᠬᠢᠮᠢ ᠵᠢᠨ ᠪᠣᠳᠠᠰ᠎ᠤᠨ ᠣᠷᠴᠢᠨ ᠲᠣᠭᠤᠷᠢᠨ᠎ᠤ ᠲᠦᠭᠰᠢᠭᠦᠷᠢ ᠵᠢ ᠰᠡᠷᠭᠡᠢ᠍ᠢ᠍ᠯᠡᠨ ᠡᠵᠡᠮᠳᠡᠬᠦ ᠲᠣᠭᠲᠠᠯᠴᠠᠭ᠎ᠠ ᠵᠢ ᠠᠯᠬᠤᠮ ᠠᠯᠬᠤᠮ ᠵᠶ᠋ᠠᠷ ᠲᠡᠭᠦᠯᠳᠡᠷᠵᠢᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠯ᠂ ᠰᠠᠭᠤᠷᠢ ᠴᠢᠳᠠᠪᠤᠷᠢ ᠵᠢᠨ ᠪᠠᠢ᠍ᠢ᠍ᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠰᠢᠨ᠎ᠡ ᠪᠣᠬᠢᠷᠲᠤᠯ ᠪᠣᠳᠠᠰ᠎ᠢ ᠪᠠᠶ᠋ᠢᠴᠠᠭ᠋ᠠᠬᠤ᠂ ᠬᠢᠨᠠᠨ ᠬᠡᠮᠵᠢᠬᠦ᠂ ᠰᠢᠭᠰᠢᠨ ᠪᠠᠶ᠋ᠢᠴᠠᠭ᠋ᠠᠬᠤ᠂ ᠦᠨᠡᠯᠡᠨ ᠵᠢᠱ᠌ᠢᠬᠦ᠂ ᠬᠠᠮᠢᠶᠠᠷᠤᠨ ᠡᠵᠡᠮᠳᠡᠬᠦ᠂ ᠵᠠᠰᠠᠯᠲᠠ ᠬᠢᠬᠦ ᠴᠢᠳᠠᠪᠤᠷᠢ ᠵᠢ ᠪᠥᠬᠦ ᠲᠠᠯ᠎ᠠ᠎ᠪᠠᠷ ᠳᠡᠭᠡᠭᠰᠢᠯᠡᠭᠦᠯᠦᠨ᠎ᠡ᠃
       ᠬᠤᠶᠠᠷ᠂ ᠠᠵᠢᠯᠯᠠᠬᠤ ᠠᠷᠭ᠎ᠠ ᠠᠪᠴᠠᠯ
       (ᠨᠢᠭᠡ) ᠰᠢᠨ᠎ᠡ ᠪᠣᠬᠢᠷᠲᠤᠯ ᠪᠣᠳᠠᠰ᠎ᠤᠨ ᠪᠠᠶ᠋ᠢᠴᠠᠭ᠋ᠠᠯᠲᠠ ᠬᠢᠨᠠᠨ ᠬᠡᠮᠵᠢᠯᠲᠡ ᠪᠠ ᠣᠷᠴᠢᠨ ᠲᠣᠭᠤᠷᠢᠨ᠎ᠤ ᠲᠦᠭᠰᠢᠭᠦᠷᠢ ᠵᠢᠨ ᠦᠨᠡᠯᠡᠨ ᠵᠢᠱ᠌ᠢᠯᠲᠠ ᠵᠢ ᠥᠷᠨᠢᠭᠦᠯᠦᠨ᠎ᠡ᠃
      1. ᠤᠯᠤᠰ᠎ᠤᠨ ᠠᠵᠢᠯ᠎ᠤᠨ ᠪᠠᠢ᠍ᠢ᠍ᠷᠢᠯᠠᠭᠤᠯᠤᠯᠲᠠ ᠵᠢ ᠨᠡᠢ᠍ᠢ᠍ᠳᠠᠪᠤᠷᠢᠵᠢᠭᠤᠯᠵᠤ᠂ ᠣᠷᠴᠢᠨ ᠲᠣᠭᠤᠷᠢᠨ᠎ᠤ ᠮᠡᠳᠡᠭᠡ ᠵᠠᠩᠬᠢ ᠵᠢᠨ ᠪᠠᠢ᠍ᠢ᠍ᠴᠠᠭ᠋ᠠᠯᠲᠠ ᠵᠢ ᠥᠷᠨᠢᠭᠦᠯᠦᠨ᠎ᠡ᠃ ᠤᠯᠤᠰ᠎ᠤᠨ ᠬᠢᠮᠢ ᠵᠢᠨ ᠪᠣᠳᠠᠰ᠎ᠤᠨ ᠣᠷᠴᠢᠨ ᠲᠣᠭᠤᠷᠢᠨ᠎ᠤ ᠦᠨᠳᠦᠰᠦᠨ ᠮᠡᠳᠡᠭᠡ ᠵᠠᠩᠬᠢ ᠵᠢᠨ ᠪᠠᠢ᠍ᠢ᠍ᠴᠠᠭ᠋ᠠᠯᠲᠠ ᠵᠢᠨ ᠱᠠᠭ᠋ᠠᠷᠳᠠᠯᠭ᠎ᠠ ᠶᠣᠰᠣᠭ᠋ᠠᠷ᠂ ᠭᠤᠣᠯᠳᠠᠯᠭ᠎ᠠ᠎ᠲᠠᠢ ᠠᠵᠢᠯ ᠲᠥᠷᠥᠯ᠎ᠳᠠᠬᠢ ᠭᠤᠣᠯᠳᠠᠯᠭ᠎ᠠ᠎ᠲᠠᠢ ᠬᠢᠮᠢ ᠵᠢᠨ ᠪᠣᠳᠠᠰ᠎ᠤᠨ ᠦᠢ᠍ᠯᠡᠳᠪᠦᠷᠢᠯᠡᠯ ᠬᠡᠷᠡᠭᠯᠡᠭᠡᠨ᠎ᠤ ᠲᠥᠷᠥᠯ ᠵᠦᠢ᠍ᠯ᠂ ᠲᠤᠭ᠎ᠠ ᠬᠡᠮᠵᠢᠶ᠎ᠡ᠂ ᠬᠡᠷᠡᠭᠴᠡᠭᠡ ᠵᠡᠷᠭᠡ ᠮᠡᠳᠡᠭᠡ ᠵᠠᠩᠬᠢ ᠵᠢᠨ ᠪᠠᠢ᠍ᠢ᠍ᠴᠠᠭ᠋ᠠᠯᠲᠠ ᠵᠢ ᠱᠠᠲᠤ ᠬᠤᠪᠢᠶᠠᠨ ᠥᠷᠨᠢᠭᠦᠯᠦᠨ᠎ᠡ᠃ ᠪᠠᠢ᠍ᠢ᠍ᠴᠠᠭ᠋ᠠᠯᠲᠠ ᠬᠢᠭᠰᠡᠨ ᠦᠷ᠎ᠡ ᠳ᠋ᠦᠩ᠎ᠢ ᠦᠨᠳᠦᠰᠦᠯᠡᠨ᠂ ᠤᠯᠤᠰ᠎ᠤᠨ ᠣᠷᠴᠢᠨ ᠲᠣᠭᠤᠷᠢᠨ᠎ᠤ ᠲᠦᠭᠰᠢᠭᠦᠷᠢ ᠵᠢ ᠤᠷᠢᠳ ᠵᠶ᠋ᠠᠷ ᠦᠨᠡᠯᠡᠨ ᠵᠢᠱ᠌ᠢᠬᠦ ᠲᠥᠯᠥᠪᠯᠡᠭᠡ᠎ᠳᠤ ᠵᠢᠭᠰᠠᠭ᠋ᠠᠭᠳᠠᠭᠰᠠᠨ ᠬᠢᠮᠢ ᠵᠢᠨ ᠪᠣᠳᠠᠰ᠎ᠲᠤ ᠬᠤᠯᠪᠣᠭᠳᠠᠯ ᠪᠦᠬᠦᠢ ᠦᠢ᠍ᠯᠡᠳᠪᠦᠷᠢᠯᠡᠬᠦ᠂ ᠡᠳ᠋ᠰᠢᠭᠦᠯᠦᠨ ᠪᠣᠯᠪᠠᠰᠤᠷᠠᠭᠤᠯᠵᠤ ᠬᠡᠷᠡᠭᠯᠡᠬᠦ᠂ ᠣᠷᠴᠢᠨ ᠲᠣᠭᠤᠷᠢᠨ᠎ᠳᠤ ᠭᠠᠳᠠᠭᠰᠢᠯᠠᠭᠤᠯᠬᠤ ᠲᠤᠭ᠎ᠠ ᠬᠡᠮᠵᠢᠶ᠎ᠡ ᠵᠢᠴᠢ ᠠᠷᠭ᠎ᠠ ᠵᠠᠮ᠂ ᠬᠤᠣᠷ ᠬᠥᠨᠥᠭᠡᠯ᠎ᠤᠨ ᠣᠨᠴᠠᠭ᠋ᠠᠢ ᠰᠢᠨᠵᠢ᠂ ᠪᠣᠬᠢᠷᠲᠤᠯ ᠪᠣᠳᠠᠰ ᠭᠠᠳᠠᠭᠰᠢᠯᠠᠭᠤᠯᠬᠤ ᠠᠵᠤ ᠠᠬᠤᠢ᠍ᠢ᠍ᠯᠠᠯ᠎ᠤᠨ ᠲᠠᠷᠬᠠᠯᠲᠠ ᠵᠢᠨ ᠪᠠᠢ᠍ᠢ᠍ᠳᠠᠯ ᠵᠡᠷᠭᠡ ᠨᠠᠷᠢᠨ ᠲᠣᠳᠣᠷᠬᠠᠢ ᠮᠡᠳᠡᠭᠡ ᠵᠠᠩᠬᠢ ᠵᠢᠨ ᠪᠠᠢ᠍ᠢ᠍ᠴᠠᠭ᠋ᠠᠯᠲᠠ ᠵᠢ ᠤᠯᠠᠮ ᠨᠢᠭᠡ ᠠᠯᠬᠤᠮ ᠥᠷᠨᠢᠭᠦᠯᠦᠨ᠎ᠡ᠃ 2023 ᠣᠨ᠎ᠤ ᠡᠴᠦᠰ᠎ᠠᠴᠠ ᠡᠮᠦᠨ᠎ᠡ᠂ ᠬᠢᠮᠢ ᠵᠢᠨ ᠪᠣᠳᠠᠰ᠎ᠤᠨ ᠦᠨᠳᠦᠰᠦᠨ ᠮᠡᠳᠡᠭᠡ ᠵᠠᠩᠬᠢ ᠵᠢᠨ ᠲᠡᠷᠢᠭᠦᠨ ᠡᠭᠡᠯᠵᠢ ᠵᠢᠨ ᠪᠠᠢ᠍ᠢ᠍ᠴᠠᠭ᠋ᠠᠯᠲᠠ ᠵᠢ ᠪᠡᠶᠡᠯᠡᠭᠦᠯᠦᠨ᠎ᠡ; ᠠᠮᠢ ᠠᠬᠤᠢ ᠣᠷᠴᠢᠨ ᠲᠣᠭᠤᠷᠢᠨ᠎ᠤ ᠶᠠᠮᠤᠨ᠂ ᠤᠯᠤᠰ᠎ᠤᠨ ᠡᠪᠡᠳᠴᠢᠨ ᠡᠮᠬᠡᠭ᠎ᠢ ᠰᠡᠷᠭᠡᠢ᠍ᠢ᠍ᠯᠡᠨ ᠡᠵᠡᠮᠳᠡᠬᠦ ᠲᠣᠪᠴᠢᠶᠠᠨ᠎ᠤ ᠳᠠᠷᠤᠮᠠᠯᠯᠠᠨ ᠲᠠᠷᠬᠠᠭ᠋ᠠᠭᠰᠠᠨ 《ᠨᠢᠭᠡᠳᠦᠭᠡᠷ ᠪᠦᠯᠦᠭ ᠬᠢᠮᠢ ᠵᠢᠨ ᠪᠣᠳᠠᠰ᠎ᠤᠨ ᠣᠷᠴᠢᠨ ᠲᠣᠭᠤᠷᠢᠨ᠎ᠤ ᠲᠦᠭᠰᠢᠭᠦᠷᠢ ᠵᠢ ᠤᠷᠢᠳ ᠵᠶ᠋ᠠᠷ ᠦᠨᠡᠯᠡᠨ ᠵᠢᠱ᠌ᠢᠬᠦ ᠲᠥᠯᠥᠪᠯᠡᠭᠡ》᠎ᠳᠤ ᠵᠢᠭᠰᠠᠭ᠋ᠠᠭᠳᠠᠭᠰᠠᠨ 20 ᠵᠦᠢ᠍ᠯ᠎ᠤᠨ ᠬᠢᠮᠢ ᠵᠢᠨ ᠪᠣᠳᠠᠰ᠎ᠲᠤ ᠤᠯᠤᠰ᠎ᠤᠨ ᠬᠤᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ ᠨᠠᠷᠢᠨ ᠲᠣᠳᠣᠷᠬᠠᠢ ᠮᠡᠳᠡᠭᠡ ᠵᠠᠩᠬᠢ ᠵᠢᠨ ᠪᠠᠢ᠍ᠢ᠍ᠴᠠᠭ᠋ᠠᠯᠲᠠ ᠵᠢ ᠪᠡᠶᠡᠯᠡᠭᠦᠯᠵᠦ᠂ ᠪᠥᠬᠦ ᠣᠷᠣᠨ᠎ᠤ ᠭᠤᠣᠯᠳᠠᠯᠭ᠎ᠠ᠎ᠲᠠᠢ ᠠᠵᠢᠯ ᠲᠥᠷᠥᠯ᠎ᠳᠠᠬᠢ ᠬᠤᠣᠷ ᠬᠥᠨᠥᠭᠡᠯ᠎ᠲᠠᠢ ᠬᠢᠮᠢ ᠵᠢᠨ ᠪᠣᠳᠠᠰ᠎ᠤᠨ ᠦᠨᠳᠦᠰᠦᠨ ᠮᠡᠳᠡᠭᠡ ᠵᠠᠩᠬᠢ ᠵᠢᠨ ᠳ᠋ᠠᠶ᠋ᠢᠲ᠋ᠠ ᠬᠥᠮᠥᠷᠭᠡ ᠵᠢ ᠪᠠᠢ᠍ᠢ᠍ᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠤᠷᠢᠨ᠎ᠤ ᠲᠢᠩᠬᠢᠮ ᠬᠠᠷᠢᠭᠤᠴᠠᠵᠤ᠂ ᠡᠯ᠎ᠡ ᠠᠢ᠍ᠢ᠍ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠬᠠᠷᠢᠭᠤᠴᠠᠨ ᠨᠠᠶ᠋ᠢᠳᠠᠪᠤᠷᠢᠵᠢᠭᠤᠯᠤᠨ᠎ᠠ᠃ ᠳᠣᠷᠣᠭᠰᠢ ᠪᠦᠷ ᠡᠯ᠎ᠡ ᠠᠢ᠍ᠢ᠍ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠬᠠᠷᠢᠭᠤᠴᠠᠨ ᠨᠠᠶ᠋ᠢᠳᠠᠪᠤᠷᠢᠵᠢᠭᠤᠯᠬᠤ ᠴᠢᠬᠤᠯᠠᠲᠠᠢ ᠪᠣᠯᠬᠤᠷ ᠳᠠᠬᠢᠨ ᠵᠢᠭᠰᠠᠭ᠋ᠠᠬᠤ ᠦᠭᠡᠢ)
      2. ᠣᠷᠴᠢᠨ ᠲᠣᠭᠤᠷᠢᠨ᠎ᠤ ᠬᠢᠨᠠᠨ ᠬᠡᠮᠵᠢᠯᠲᠡ ᠵᠢᠨ ᠲᠣᠭᠲᠠᠯᠴᠠᠭ᠎ᠠ ᠵᠢ ᠪᠦᠷᠢᠨᠰᠢᠭᠦᠯᠵᠦ᠂ ᠣᠷᠴᠢᠨ ᠲᠣᠭᠤᠷᠢᠨ᠎ᠤ ᠪᠠᠢ᠍ᠢ᠍ᠴᠠᠭ᠋ᠠᠯᠲᠠ ᠬᠢᠨᠠᠨ ᠬᠡᠮᠵᠢᠯᠲᠡ ᠵᠢ ᠥᠷᠨᠢᠭᠦᠯᠦᠨ᠎ᠡ᠃ ᠪᠥᠬᠦ ᠣᠷᠣᠨ᠎ᠤ ᠰᠢᠨ᠎ᠡ ᠪᠣᠬᠢᠷᠲᠤᠯ ᠪᠣᠳᠠᠰ᠎ᠤᠨ ᠣᠷᠴᠢᠨ ᠲᠣᠭᠤᠷᠢᠨ᠎ᠤ ᠪᠠᠢ᠍ᠢ᠍ᠴᠠᠭ᠋ᠠᠯᠲᠠ ᠬᠢᠨᠠᠨ ᠬᠡᠮᠵᠢᠯᠲᠡ ᠵᠢᠨ ᠲᠥᠰᠥᠯ᠎ᠢ ᠨᠡᠢ᠍ᠢ᠍ᠷᠠᠭᠤᠯᠤᠨ ᠵᠣᠬᠢᠶᠠᠵᠤ᠂ ᠣᠳᠣ ᠪᠠᠢ᠍ᠢ᠍ᠭ᠎ᠠ ᠠᠮᠢ ᠠᠬᠤᠢ ᠣᠷᠴᠢᠨ ᠲᠣᠭᠤᠷᠢᠨ᠎ᠤ ᠬᠢᠨᠠᠨ ᠬᠡᠮᠵᠢᠬᠦ ᠲᠣᠣᠷ ᠰᠦᠯᠵᠢᠶ᠎ᠡ ᠵᠢ ᠭᠦᠢ᠍ᠴᠡᠳ ᠠᠰᠢᠬᠯᠠᠵᠤ᠂ ᠬᠠᠳᠤᠨ ᠭᠤᠣᠯ᠎ᠤᠨ ᠰᠠᠪᠠ ᠭᠠᠵᠠᠷ᠂ 《ᠬᠦᠯᠦᠨ ᠨᠠᠭᠤᠷ ᠳᠠᠭ᠎ᠠ ᠵᠢᠨ ᠨᠠᠭᠤᠷ ᠤᠯᠠᠭ᠋ᠠᠨᠰᠤᠬᠠᠢ ᠨᠠᠭᠤᠷ》᠂ ᠲᠥᠪᠯᠡᠷᠡᠭᠰᠡᠨ ᠮᠠᠶᠢᠭ᠎ᠤᠨ ᠤᠤᠭᠤᠬᠤ ᠤᠰᠤᠨ᠎ᠤ ᠡᠬᠢ ᠰᠤᠷᠪᠤᠯᠵᠢ ᠵᠢᠨ ᠭᠠᠵᠠᠷ᠂ ᠨᠡᠢ᠍ᠢ᠍ᠲᠡᠯᠢᠭ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ ᠵᠡᠷᠭᠡ ᠭᠤᠣᠯᠳᠠᠯᠭ᠎ᠠ᠎ᠲᠠᠢ ᠣᠷᠣᠨ ᠪᠦᠰᠡ᠂ ᠬᠢᠮᠢ ᠵᠢᠨ ᠠᠵᠤ ᠦᠢ᠍ᠯᠡᠳᠪᠦᠷᠢ᠂ ᠡᠮ ᠡᠮᠨᠡᠯᠭᠡ ᠵᠡᠷᠭᠡ ᠭᠤᠣᠯᠳᠠᠯᠭ᠎ᠠ᠎ᠲᠠᠢ ᠠᠵᠢᠯ ᠲᠥᠷᠥᠯ᠂ ᠪᠤᠵᠠᠷ ᠤᠰᠤ ᠵᠢ ᠰᠢᠢ᠍ᠳᠪᠦᠷᠢᠯᠡᠬᠦ᠂ ᠬᠤᠭ ᠨᠣᠪᠰᠢ ᠵᠢ ᠰᠢᠲᠠᠭ᠋ᠠᠬᠤ᠂ ᠠᠶᠤᠯ᠎ᠲᠠᠢ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠨ ᠠᠰᠢᠬᠯᠠᠬᠤ ᠵᠡᠷᠭᠡ ᠭᠤᠣᠯᠳᠠᠯᠭ᠎ᠠ᠎ᠲᠠᠢ ᠠᠵᠤ ᠠᠬᠤᠢ᠍ᠢ᠍ᠯᠠᠯ᠎ᠳᠤ ᠰᠢᠨ᠎ᠡ ᠪᠣᠬᠢᠷᠲᠤᠯ ᠪᠣᠳᠠᠰ᠎ᠤᠨ ᠣᠷᠴᠢᠨ ᠲᠣᠭᠤᠷᠢᠨ᠎ᠤ ᠪᠠᠢ᠍ᠢ᠍ᠴᠠᠭ᠋ᠠᠯᠲᠠ ᠬᠢᠨᠠᠨ ᠬᠡᠮᠵᠢᠯᠲᠡ ᠵᠢᠨ ᠲᠤᠷᠰᠢᠯᠲᠠ ᠥᠷᠨᠢᠭᠦᠯᠵᠦ᠂ ᠰᠢᠨ᠎ᠡ ᠪᠣᠬᠢᠷᠲᠤᠯ ᠪᠣᠳᠠᠰ᠎ᠤᠨ ᠣᠷᠴᠢᠨ ᠲᠣᠭᠤᠷᠢᠨ᠎ᠤ ᠪᠠᠢ᠍ᠢ᠍ᠴᠠᠭ᠋ᠠᠯᠲᠠ ᠬᠢᠨᠠᠨ ᠬᠡᠮᠵᠢᠯᠲᠡ ᠵᠢᠨ ᠲᠣᠭᠲᠠᠯᠴᠠᠭ᠎ᠠ ᠵᠢ ᠠᠯᠬᠤᠮ ᠠᠯᠬᠤᠮ ᠵᠶ᠋ᠠᠷ ᠪᠠᠢ᠍ᠢ᠍ᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠤᠷᠢᠨ᠎ᠤ ᠲᠢᠩᠬᠢᠮ ᠬᠠᠷᠢᠭᠤᠴᠠᠨ᠎ᠠ)
      3. ᠭᠤᠣᠯᠳᠠᠯᠭ᠎ᠠ᠎ᠲᠠᠢ ᠬᠢᠮᠢ ᠵᠢᠨ ᠪᠣᠳᠠᠰ᠎ᠲᠤ ᠴᠢᠭᠯᠡᠭᠦᠯᠦᠨ᠂ ᠣᠷᠴᠢᠨ ᠲᠣᠭᠤᠷᠢᠨ᠎ᠤ ᠲᠦᠭᠰᠢᠭᠦᠷᠢ ᠵᠢᠨ ᠦᠨᠡᠯᠡᠨ ᠵᠢᠱ᠌ᠢᠯᠲᠡ ᠵᠢ ᠬᠡᠷᠡᠭᠵᠢᠭᠦᠯᠦᠨ᠎ᠡ᠃ ᠤᠯᠤᠰ᠎ᠤᠨ ᠬᠢᠮᠢ ᠵᠢᠨ ᠪᠣᠳᠠᠰ᠎ᠤᠨ ᠣᠷᠴᠢᠨ ᠲᠣᠭᠤᠷᠢᠨ᠎ᠤ ᠲᠦᠭᠰᠢᠭᠦᠷᠢ ᠵᠢ ᠤᠷᠢᠳ ᠵᠶ᠋ᠠᠷ ᠦᠨᠡᠯᠡᠨ ᠵᠢᠱ᠌ᠢᠬᠦ ᠲᠥᠯᠥᠪᠯᠡᠭᠡ ᠶᠣᠰᠣᠭ᠋ᠠᠷ᠂ ᠪᠥᠬᠦ ᠣᠷᠣᠨ᠎ᠤ ᠠᠵᠤ ᠦᠢ᠍ᠯᠡᠰ᠎ᠤᠨ ᠪᠦᠲᠦᠴᠡ ᠵᠢᠨ ᠣᠨᠴᠠᠯᠢᠭ᠎ᠲᠠᠢ ᠤᠶᠠᠯᠳᠤᠭᠤᠯᠤᠨ᠂ ᠠᠩᠬᠠᠷᠤᠯ᠎ᠳᠤ ᠶᠡᠬᠡᠳᠡ ᠬᠥᠷᠥᠭᠰᠡᠨ᠂ ᠦᠢ᠍ᠯᠡᠳᠪᠦᠷᠢᠯᠡᠬᠦ (ᠬᠡᠷᠡᠭᠯᠡᠭᠡ) ᠬᠡᠮᠵᠢᠶ᠎ᠡ ᠶᠡᠬᠡᠲᠡᠢ᠂ ᠣᠷᠴᠢᠨ ᠲᠣᠭᠤᠷᠢᠨ᠎ᠤ ᠪᠠᠢ᠍ᠢ᠍ᠴᠠᠭ᠋ᠠᠨ ᠭᠠᠷᠭ᠋ᠠᠬᠤ ᠲᠣᠬᠢᠶᠠᠯᠳᠤᠮᠵᠢ ᠥᠨᠳᠥᠷ᠂ ᠲᠠᠷᠠᠬᠠᠢ ᠮᠠᠶᠢᠭ᠎ᠤᠨ ᠬᠡᠷᠡᠭᠴᠡᠭᠡ᠎ᠲᠠᠢ ᠬᠢᠮᠢ ᠵᠢᠨ ᠪᠣᠳᠠᠰ ᠵᠶ᠋ᠠᠷ ᠭᠤᠣᠯᠳᠠᠯᠭ᠎ᠠ ᠪᠣᠯᠭ᠋ᠠᠵᠤ᠂ ᠣᠷᠴᠢᠨ ᠲᠣᠭᠤᠷᠢᠨ ᠬᠢᠭᠡᠳ ᠡᠷᠡᠭᠦᠯ ᠮᠡᠨᠳᠦ ᠵᠢᠨ ᠬᠤᠣᠷ ᠬᠥᠨᠥᠭᠡᠯ᠎ᠤᠨ ᠲᠤᠷᠰᠢᠯᠲᠠ ᠪᠠ ᠲᠦᠭᠰᠢᠭᠦᠷᠢ ᠵᠢᠨ ᠰᠢᠭᠰᠢᠨ ᠪᠠᠢ᠍ᠢ᠍ᠴᠠᠭ᠋ᠠᠯᠲᠠ ᠵᠢ ᠥᠷᠨᠢᠭᠦᠯᠵᠦ᠂ ᠪᠥᠬᠦ ᠣᠷᠣᠨ᠎ᠤ ᠠᠮᠢ ᠠᠬᠤᠢ ᠣᠷᠴᠢᠨ ᠲᠣᠭᠤᠷᠢᠨ ᠪᠠ ᠠᠷᠠᠳ ᠲᠦᠮᠡᠨ᠎ᠤ ᠪᠡᠶ᠎ᠡ ᠮᠠᠬᠠᠪᠤᠳ᠎ᠤᠨ ᠡᠷᠡᠭᠦᠯ ᠴᠢᠭᠢᠷᠠᠭ᠎ᠢ ᠬᠤᠬᠢᠷᠠᠭᠤᠯᠬᠤ᠂ ᠣᠷᠴᠢᠨ ᠲᠣᠭᠤᠷᠢᠨ᠎ᠤ ᠲᠦᠭᠰᠢᠭᠦᠷᠢ᠎ᠪᠠᠷ ᠨᠡᠯᠢᠶᠡᠳ ᠶᠡᠭᠡ ᠬᠤᠣᠷ ᠬᠥᠨᠥᠭᠡᠯᠳᠦ ᠬᠢᠮᠢ ᠵᠢᠨ ᠪᠣᠳᠠᠰ᠎ᠢ ᠦᠨᠡᠯᠡᠨ ᠵᠢᠱ᠌ᠢᠵᠦ ᠢᠯᠭ᠋ᠠᠨ ᠭᠠᠷᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠤᠷᠢᠨ᠎ᠤ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
      4. ᠰᠢᠨ᠎ᠡ ᠪᠣᠬᠢᠷᠲᠤᠯ ᠪᠣᠳᠠᠰ᠎ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠨᠡᠢ᠍ᠢ᠍ᠳᠠᠪᠤᠷᠢᠵᠢᠭᠤᠯᠵᠤ᠂ ᠭᠤᠣᠯᠳᠠᠯᠭ᠎ᠠ᠎ᠲᠠᠢ ᠬᠠᠮᠢᠶᠠᠷᠤᠨ ᠡᠵᠡᠮᠳᠡᠬᠦ ᠨᠥᠬᠦᠪᠦᠷᠢ ᠲᠣᠳᠣᠷᠬᠠᠢ ᠬᠠᠭᠤᠳᠠᠰᠤ ᠵᠢ ᠲᠣᠭᠲᠠᠭ᠋ᠠᠨ᠎ᠠ᠃ ᠤᠷᠢᠳ ᠵᠶ᠋ᠠᠷ ᠡᠵᠡᠮᠳᠡᠵᠦ ᠪᠦᠬᠦᠢ ᠬᠢᠮᠢ ᠵᠢᠨ ᠪᠣᠳᠠᠰ ᠵᠢᠴᠢ ᠨᠢᠶᠠᠨ ᠳᠠᠷᠤᠭᠴᠢ᠂ ᠪᠢᠴᠢᠯ ᠰᠦᠯᠢᠶᠣᠣ ᠵᠡᠷᠭᠡ ᠭᠤᠣᠯᠳᠠᠯᠭ᠎ᠠ᠎ᠲᠠᠢ ᠰᠢᠨ᠎ᠡ ᠪᠣᠬᠢᠷᠲᠤᠯ ᠪᠣᠳᠠᠰ᠎ᠲᠠᠬᠢ ᠣᠷᠴᠢᠨ ᠲᠣᠭᠤᠷᠢᠨ᠎ᠤ ᠬᠢᠨᠠᠨ ᠬᠠᠮᠢᠶᠠᠷᠤᠯᠲᠠ᠎ᠪᠠᠨ ᠴᠢᠩᠭ᠋ᠠᠳᠬᠠᠵᠤ᠂ 《ᠨᠢᠭᠡ ᠪᠣᠳᠠᠰ᠎ᠲᠤ ᠨᠢᠭᠡ ᠠᠷᠭ᠎ᠠ ᠪᠣᠳᠣᠯᠭ᠎ᠠ》 ᠵᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠨᠡᠢ᠍ᠢ᠍ᠳᠠᠪᠤᠷᠢᠵᠢᠭᠤᠯᠤᠨ᠎ᠠ᠃ ᠤᠯᠤᠰ᠎ᠠᠴᠠ ᠨᠡᠢ᠍ᠢ᠍ᠲᠡᠯᠡᠭᠰᠡᠨ 《ᠭᠤᠣᠯᠳᠠᠯᠭ᠎ᠠ᠎ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ᠎ᠤᠨ ᠲᠣᠳᠣᠷᠬᠠᠢ ᠬᠠᠭᠤᠳᠠᠰᠤ》 ᠵᠢ ᠴᠢᠩᠭ᠎ᠠ ᠨᠡᠢ᠍ᠢ᠍ᠳᠠᠪᠤᠷᠢᠵᠢᠭᠤᠯᠵᠤ᠂ ᠭᠤᠣᠯᠳᠠᠯᠭ᠎ᠠ᠎ᠲᠠᠢ ᠬᠠᠮᠢᠶᠠᠷᠤᠨ ᠡᠵᠡᠮᠳᠡᠬᠦ ᠲᠣᠳᠣᠷᠬᠠᠢ ᠬᠠᠭᠤᠳᠠᠰᠤᠨ᠎ᠳᠤ ᠵᠢᠭᠰᠠᠭ᠋ᠠᠭᠳᠠᠭᠰᠠᠨ ᠰᠢᠨ᠎ᠡ ᠪᠣᠬᠢᠷᠲᠤᠯ ᠪᠣᠳᠠᠰ᠎ᠲᠤ ᠴᠠᠭ᠋ᠠᠵᠠᠯᠠᠬᠤ᠂ ᠬᠢᠵᠠᠭ᠋ᠠᠷᠯᠠᠬᠤ᠂ ᠭᠠᠳᠠᠭᠰᠢᠯᠠᠭᠤᠯᠤᠯᠲᠠ ᠵᠢ ᠬᠢᠵᠠᠭ᠋ᠠᠷᠯᠠᠬᠤ ᠵᠡᠷᠭᠡ ᠣᠷᠴᠢᠨ ᠲᠣᠭᠤᠷᠢᠨ᠎ᠤ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠬᠡᠷᠡᠭᠵᠢᠭᠦᠯᠦᠨ᠎ᠡ᠃ ᠬᠢᠮᠢ ᠵᠢᠨ ᠪᠣᠳᠠᠰ᠎ᠤᠨ ᠣᠷᠴᠢᠨ ᠲᠣᠭᠤᠷᠢᠨ᠎ᠤ ᠮᠡᠳᠡᠭᠡ ᠵᠠᠩᠬᠢ ᠵᠢᠨ ᠪᠠᠢ᠍ᠢ᠍ᠴᠠᠭ᠋ᠠᠯᠲᠠ ᠵᠢᠨ ᠪᠠᠢ᠍ᠢ᠍ᠳᠠᠯ᠎ᠢ ᠦᠨᠳᠦᠰᠦᠯᠡᠨ᠂ ᠪᠥᠬᠦ ᠣᠷᠣᠨ᠎ᠤ ᠭᠤᠣᠯᠳᠠᠯᠭ᠎ᠠ᠎ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ᠎ᠤᠨ ᠨᠥᠬᠦᠪᠦᠷᠢ ᠲᠣᠳᠣᠷᠬᠠᠢ ᠬᠠᠭᠤᠳᠠᠰᠤ ᠪᠣᠯᠣᠨ ᠬᠠᠮᠢᠶᠠᠷᠤᠨ ᠡᠵᠡᠮᠳᠡᠬᠦ ᠲᠥᠰᠥᠯ᠎ᠢ ᠬᠥᠳᠡᠯᠦᠩᠭᠦᠢ᠎ᠪᠠᠷ ᠲᠣᠭᠲᠠᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠤᠷᠢᠨ᠎ᠤ ᠲᠢᠩᠬᠢᠮ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
       (ᠬᠤᠶᠠᠷ) ᠡᠬᠢ ᠡᠭᠦᠰᠦᠯ᠎ᠠᠴᠠ᠎ᠨᠢ ᠬᠠᠮᠢᠶᠠᠷᠤᠨ ᠡᠵᠡᠮᠳᠡᠬᠦ ᠵᠢ ᠴᠢᠩᠳᠠᠯᠠᠵᠤ᠂ ᠰᠢᠨ᠎ᠡ ᠪᠣᠬᠢᠷᠲᠤᠯ ᠪᠣᠳᠠᠰ ᠡᠭᠦᠰᠬᠦ ᠵᠢ ᠰᠡᠷᠡᠮᠵᠢᠯᠡᠨ ᠰᠡᠷᠭᠡᠢ᠍ᠢ᠍ᠯᠡᠨ᠎ᠡ᠃
      1. ᠰᠢᠨ᠎ᠡ ᠬᠢᠮᠢ ᠵᠢᠨ ᠪᠣᠳᠠᠰ᠎ᠤᠨ ᠣᠷᠴᠢᠨ ᠲᠣᠭᠤᠷᠢᠨ᠎ᠤ ᠬᠠᠮᠢᠶᠠᠷᠤᠯᠲᠠ ᠵᠢᠨ ᠪᠦᠷᠢᠳᠭᠡᠨ ᠳᠠᠩᠰᠠᠯᠠᠬᠤ ᠳᠦᠷᠢᠮ᠎ᠢ ᠨᠡᠢ᠍ᠢ᠍ᠳᠠᠪᠤᠷᠢᠵᠢᠭᠤᠯᠤᠨ᠎ᠠ᠃ 《ᠰᠢᠨ᠎ᠡ ᠬᠢᠮᠢ ᠵᠢᠨ ᠪᠣᠳᠠᠰ᠎ᠤᠨ ᠣᠷᠴᠢᠨ ᠲᠣᠭᠤᠷᠢᠨ᠎ᠤ ᠬᠠᠮᠢᠶᠠᠷᠤᠯᠲᠠ ᠵᠢᠨ ᠪᠦᠷᠢᠳᠭᠡᠨ ᠳᠠᠩᠰᠠᠯᠠᠬᠤ ᠠᠷᠭ᠎ᠠ》 ᠵᠢ ᠴᠢᠩᠭ᠎ᠠ ᠬᠡᠷᠡᠭᠵᠢᠭᠦᠯᠵᠦ᠂ ᠰᠢᠨ᠎ᠡ ᠬᠢᠮᠢ ᠵᠢᠨ ᠪᠣᠳᠠᠰ᠎ᠢ ᠰᠤᠳᠤᠯᠬᠤ᠂ ᠦᠢ᠍ᠯᠡᠳᠪᠦᠷᠢᠯᠡᠬᠦ᠂ ᠭᠠᠳᠠᠭ᠋ᠠᠳᠤ᠎ᠠᠴᠠ ᠣᠷᠣᠭᠤᠯᠬᠤ ᠪᠠ ᠡᠳ᠋ᠰᠢᠭᠦᠯᠦᠨ ᠪᠣᠯᠪᠠᠰᠤᠷᠠᠭᠤᠯᠵᠤ ᠬᠡᠷᠡᠭᠯᠡᠬᠦ ᠠᠵᠤ ᠠᠬᠤᠢ᠍ᠢ᠍ᠯᠠᠯ ᠠᠵᠢᠯ ᠦᠢ᠍ᠯᠡᠰ᠎ᠤᠨ ᠨᠢᠭᠡᠴᠢ ᠵᠢ ᠰᠢᠮᠳᠠᠭᠤᠯᠵᠤ ᠪᠠᠶ᠋ᠢᠭ᠋ᠠᠳ ᠰᠠᠨᠠᠭ᠋ᠠᠴᠢᠯᠠᠭ᠎ᠠ᠎ᠠᠴᠠ᠎ᠪᠠᠨ ᠰᠢᠨ᠎ᠡ ᠬᠢᠮᠢ ᠵᠢᠨ ᠪᠣᠳᠠᠰ᠎ᠤᠨ ᠣᠷᠴᠢᠨ ᠲᠣᠭᠤᠷᠢᠨ᠎ᠤ ᠬᠠᠮᠢᠶᠠᠷᠤᠯᠲᠠ ᠵᠢᠨ ᠪᠦᠷᠢᠳᠭᠡᠨ ᠳᠠᠩᠰᠠᠯᠠᠯᠲᠠ ᠵᠢ ᠥᠷᠨᠢᠭᠦᠯᠵᠤ᠂ ᠰᠢᠨ᠎ᠡ ᠬᠢᠮᠢ ᠵᠢᠨ ᠪᠣᠳᠠᠰ᠎ᠤᠨ ᠣᠷᠴᠢᠨ ᠲᠣᠭᠤᠷᠢᠨ᠎ᠤ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠭᠤᠣᠯ ᠴᠣᠭᠴᠠ ᠵᠢᠨ ᠬᠠᠷᠢᠭᠤᠴᠠᠯᠭ᠎ᠠ᠎ᠪᠠᠨ ᠨᠡᠢ᠍ᠢ᠍ᠳᠠᠪᠤᠷᠢᠵᠢᠭᠤᠯᠤᠨ᠎ᠠ᠃ 《ᠬᠤᠶᠠᠷ᠎ᠢ ᠰᠤᠭᠤᠴᠢᠨ᠂ ᠨᠢᠭᠡ ᠵᠢ ᠢᠯᠡ ᠪᠣᠯᠭ᠋ᠠᠬᠤ》 ᠵᠠᠷᠴᠢᠮ ᠶᠣᠰᠣᠭ᠋ᠠᠷ᠂ ᠰᠢᠨ᠎ᠡ ᠬᠢᠮᠢ ᠵᠢᠨ ᠪᠣᠳᠠᠰ᠎ᠤᠨ ᠣᠷᠴᠢᠨ ᠲᠣᠭᠤᠷᠢᠨ᠎ᠤ ᠬᠠᠮᠢᠶᠠᠷᠤᠯᠲᠠ ᠵᠢᠨ ᠵᠦᠢ᠍ᠯᠡᠰ᠎ᠢ ᠣᠷᠴᠢᠨ ᠲᠣᠭᠤᠷᠢᠨ᠎ᠤ ᠬᠠᠥᠯᠢ ᠬᠡᠷᠡᠭᠵᠢᠭᠦᠯᠬᠦ ᠣᠨ᠎ᠤ ᠠᠵᠢᠯ᠎ᠤᠨ ᠲᠥᠯᠥᠪᠯᠡᠭᠡ᠎ᠳᠤ ᠣᠷᠣᠭᠤᠯᠤᠨ᠂ ᠰᠢᠨ᠎ᠡ ᠬᠢᠮᠢ ᠵᠢᠨ ᠪᠣᠳᠠᠰ᠎ᠤᠨ ᠦᠢ᠍ᠯᠡᠳᠪᠦᠷᠢᠯᠡᠭᠴᠢ᠂ ᠭᠠᠳᠠᠭ᠋ᠠᠳᠤ᠎ᠠᠴᠠ ᠣᠷᠣᠭᠤᠯᠤᠭᠴᠢ ᠪᠠ ᠡᠳ᠋ᠰᠢᠭᠦᠯᠦᠨ ᠪᠣᠯᠪᠠᠰᠤᠷᠠᠭᠤᠯᠵᠤ ᠬᠡᠷᠡᠭᠯᠡᠭᠴᠢᠳ᠎ᠲᠤ ᠬᠢᠨᠠᠯᠲᠠ ᠲᠠᠯᠪᠢᠵᠤ ᠬᠠᠥᠯᠢ ᠬᠡᠷᠡᠭᠵᠢᠭᠦᠯᠬᠦ ᠡᠷᠴᠢᠮ ᠵᠶ᠋ᠠᠨ ᠴᠢᠩᠭ᠋ᠠᠷᠠᠭᠤᠯᠵᠤ᠂ ᠰᠢᠨ᠎ᠡ ᠬᠢᠮᠢ ᠵᠢᠨ ᠪᠣᠳᠠᠰ᠎ᠲᠤ ᠬᠤᠯᠪᠣᠭᠳᠠᠬᠤ ᠣᠷᠴᠢᠨ ᠲᠣᠭᠤᠷᠢᠨ᠎ᠤ ᠬᠠᠥᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠭᠦᠨ᠎ᠡ᠃ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠤᠷᠢᠨ᠎ᠤ ᠲᠢᠩᠬᠢᠮ ᠬᠠᠷᠢᠭᠤᠴᠠᠨ᠎ᠠ)
      2. ᠰᠢᠭᠰᠢᠨ ᠬᠢᠵᠠᠭ᠋ᠠᠷᠯᠠᠬᠤ ᠠᠷᠭ᠎ᠠ ᠬᠡᠮᠵᠢᠶ᠎ᠡ ᠵᠢᠴᠢ ᠠᠭᠤᠯᠤᠭᠳᠠᠴᠠ ᠵᠢ ᠬᠢᠵᠠᠭ᠋ᠠᠷᠯᠠᠬᠤ ᠱᠠᠭ᠋ᠠᠷᠳᠠᠯᠭ᠎ᠠ ᠵᠢ ᠴᠢᠩᠭ᠎ᠠ ᠨᠡᠢ᠍ᠢ᠍ᠳᠠᠪᠤᠷᠢᠵᠢᠭᠤᠯᠤᠨ᠎ᠠ᠃ ᠤᠯᠤᠰ᠎ᠤᠨ ᠠᠵᠤ ᠦᠢ᠍ᠯᠡᠰ᠎ᠤᠨ ᠪᠦᠲᠦᠴᠡ ᠵᠢᠨ ᠲᠣᠬᠢᠷᠠᠭᠤᠯᠤᠯᠲᠠ ᠵᠢᠨ ᠱᠠᠭ᠋ᠠᠷᠳᠠᠯᠭ᠎ᠠ ᠵᠢ ᠨᠡᠢ᠍ᠢ᠍ᠳᠠᠪᠤᠷᠢᠵᠢᠭᠤᠯᠵᠤ᠂ 《ᠠᠵᠤ ᠦᠢ᠍ᠯᠡᠰ᠎ᠤᠨ ᠪᠦᠲᠦᠴᠡ ᠵᠢᠨ ᠲᠣᠬᠢᠷᠠᠭᠤᠯᠤᠯᠲᠠ ᠵᠢᠨ ᠵᠢᠯᠣᠭᠤᠳᠬᠤ ᠭᠠᠷᠴᠠᠭ》᠎ᠲᠤ ᠣᠷᠣᠭᠤᠯᠤᠭᠰᠠᠨ ᠰᠢᠭᠰᠢᠭᠳᠡᠭᠦᠯᠬᠦ ᠲᠥᠷᠥᠯ᠎ᠤᠨ ᠠᠵᠤ ᠦᠢ᠍ᠯᠡᠳᠪᠦᠷᠢ ᠵᠢᠨ ᠬᠢᠮᠢ ᠵᠢᠨ ᠪᠣᠳᠠᠰ᠂ ᠲᠠᠷᠢᠶᠠᠨ ᠡᠮ᠂ ᠮᠠᠯ᠎ᠤᠨ ᠡᠮ᠂ ᠵᠠᠰᠠᠯ ᠴᠢᠮᠡᠭᠯᠡᠯ᠎ᠤᠨ ᠡᠳ᠋ ᠵᠡᠷᠭᠡ ᠵᠢ ᠪᠣᠯ᠂ ᠠᠵᠤ ᠠᠬᠤᠢ᠍ᠢ᠍ᠯᠠᠯ ᠠᠵᠢᠯ ᠦᠢ᠍ᠯᠡᠰ᠎ᠤᠨ ᠨᠢᠭᠡᠴᠢ ᠵᠢ ᠴᠠᠭ ᠲᠤᠬᠠᠢ᠎ᠳᠤ᠎ᠨᠢ ᠰᠢᠮᠳᠠᠭᠤᠯᠤᠨ ᠬᠦᠴᠦᠲᠡᠢ ᠠᠷᠭ᠎ᠠ ᠬᠡᠮᠵᠢᠶ᠎ᠡ ᠠᠪᠴᠤ ᠬᠤᠭᠤᠴᠠᠭ᠎ᠠ ᠬᠢᠵᠠᠭ᠋ᠠᠷᠯᠠᠨ ᠰᠢᠭᠰᠢᠭᠳᠡᠭᠦᠯᠦᠨ᠎ᠡ᠂ ᠬᠤᠭᠤᠴᠠᠭ᠎ᠠ ᠶᠣᠰᠣᠭ᠋ᠠᠷ ᠰᠢᠭᠰᠢᠭᠳᠡᠭᠦᠯᠦᠭᠰᠡᠨ ᠦᠭᠡᠢ ᠪᠣᠯ᠂ ᠲᠡᠭᠦᠨ᠎ᠤ ᠦᠢ᠍ᠯᠡᠳᠭᠦᠨ᠎ᠤ ᠪᠦᠷᠢᠳᠭᠡᠨ ᠳᠠᠩᠰᠠᠯᠠᠯᠲᠠ ᠪᠤᠶᠤ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠢ᠎ᠨᠢ ᠬᠠᠷᠭᠤᠭᠤᠯᠤᠨ ᠲᠠᠷᠬᠠᠭ᠋ᠠᠬᠤ᠎ᠪᠠᠨ ᠬᠠᠥᠯᠢ ᠶᠣᠰᠣᠭ᠋ᠠᠷ ᠵᠣᠭᠰᠣᠭ᠋ᠠᠨ᠎ᠠ᠃ ᠣᠷᠴᠢᠨ ᠲᠣᠭᠤᠷᠢᠨ᠎ᠤ ᠨᠥᠯᠥᠭᠡᠯᠡᠯ᠎ᠳᠤ ᠦᠨᠡᠯᠡᠯᠲᠡ ᠬᠢᠬᠦ ᠬᠠᠮᠢᠶᠠᠷᠤᠯᠲᠠ᠎ᠪᠠᠨ ᠴᠢᠩᠭ᠋ᠠᠳᠬᠠᠵᠤ᠂ ᠰᠢᠨ᠎ᠡ ᠪᠣᠬᠢᠷᠲᠤᠯ ᠪᠣᠳᠠᠰ᠎ᠲᠤ ᠬᠤᠯᠪᠣᠭᠳᠠᠬᠤ ᠪᠦᠲᠦᠭᠡᠨ ᠪᠠᠢ᠍ᠢ᠍ᠭᠤᠯᠤᠯᠲᠠ ᠵᠢᠨ ᠲᠥᠷᠥᠯ ᠵᠦᠢ᠍ᠯ᠎ᠳᠤ ᠵᠥᠪᠰᠢᠶᠡᠷᠡᠨ ᠣᠷᠣᠭᠤᠯᠬᠤ ᠬᠠᠮᠢᠶᠠᠷᠤᠯᠲᠠ᠎ᠪᠠᠨ ᠴᠢᠩᠳᠡᠯᠡᠨ᠎ᠡ᠃ ᠭᠠᠳᠠᠭ᠋ᠠᠳᠤ᠎ᠠᠴᠠ ᠣᠷᠣᠭᠤᠯᠬᠤ (ᠭᠠᠳᠠᠭ᠋ᠠᠳᠤ᠎ᠳᠤ ᠭᠠᠷᠭ᠋ᠠᠬᠤ) ᠵᠢ ᠴᠠᠭ᠋ᠠᠵᠠᠯᠠᠬᠤ ᠡᠳ᠋ ᠪᠠᠷᠠᠭ᠎ᠠ ᠵᠢᠨ ᠭᠠᠷᠴᠠᠭ ᠪᠣᠯᠣᠨ 《ᠳᠤᠮᠳᠠᠳᠤ ᠤᠯᠤᠰ᠎ᠤᠨ ᠴᠢᠩᠭ᠎ᠠ ᠬᠢᠵᠠᠭ᠋ᠠᠷᠯᠠᠵᠤ ᠪᠠᠢ᠍ᠢ᠍ᠭ᠎ᠠ ᠬᠤᠣᠷ᠎ᠲᠠᠢ ᠬᠢᠮᠢ ᠵᠢᠨ ᠪᠣᠳᠠᠰ᠎ᠤᠨ ᠨᠡᠷ᠎ᠡ ᠵᠢᠨ ᠵᠢᠭᠰᠠᠭ᠋ᠠᠯᠲᠠ》 ᠵᠢᠨ ᠬᠠᠮᠢᠶᠠᠷᠤᠯᠲᠠ ᠵᠢᠨ ᠱᠠᠭ᠋ᠠᠷᠳᠠᠯᠭ᠎ᠠ ᠵᠢ ᠴᠢᠩᠭ᠎ᠠ ᠨᠡᠢ᠍ᠢ᠍ᠳᠠᠪᠤᠷᠢᠵᠢᠭᠤᠯᠵᠤ᠂ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠵᠢ ᠬᠠᠮᠢᠶᠠᠷᠤᠨ ᠡᠵᠡᠮᠳᠡᠬᠦ᠎ᠪᠠᠨ ᠴᠢᠩᠭ᠋ᠠᠳᠬᠠᠨ᠎ᠠ᠃ ᠨᠢᠭᠡᠨᠲᠡ ᠰᠢᠭᠰᠢᠭᠳᠡᠭᠦᠯᠦᠭᠰᠡᠨ ᠳᠠᠭ᠋ᠠᠭ᠋ᠠᠮᠠᠭ᠋ᠠᠢ ᠴᠢᠨᠠᠷᠲᠠᠢ ᠣᠷᠭ᠋ᠠᠨᠢᠭ ᠪᠣᠬᠢᠷᠲᠤᠯ ᠪᠣᠳᠠᠰ ᠵᠡᠷᠭᠡ ᠰᠢᠨ᠎ᠡ ᠪᠣᠬᠢᠷᠲᠤᠯ ᠪᠣᠳᠠᠰ᠎ᠢ ᠬᠠᠥᠯᠢ ᠪᠤᠰᠤ᠎ᠪᠠᠷ ᠦᠢ᠍ᠯᠡᠳᠪᠦᠷᠢᠯᠡᠬᠦ ᠪᠠ ᠡᠳ᠋ᠰᠢᠭᠦᠯᠦᠨ ᠪᠣᠯᠪᠠᠰᠤᠷᠠᠭᠤᠯᠵᠤ ᠬᠡᠷᠡᠭᠯᠡᠬᠦ᠎ᠳᠤ ᠴᠢᠩᠭ᠎ᠠ ᠴᠣᠬᠢᠯᠲᠠ ᠥᠭᠴᠦ᠂ ᠰᠢᠨ᠎ᠡ᠎ᠪᠠᠷ ᠵᠢᠭᠰᠠᠭ᠋ᠠᠭᠳᠠᠭᠰᠠᠨ ᠳᠠᠭ᠋ᠠᠭ᠋ᠠᠮᠠᠭ᠋ᠠᠢ ᠴᠢᠨᠠᠷᠲᠠᠢ ᠣᠷᠭ᠋ᠠᠨᠢᠭ ᠪᠣᠬᠢᠷᠲᠤᠯ ᠪᠣᠳᠠᠰ᠎ᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠲᠤᠭᠤᠰᠢᠯᠠᠭᠤᠯᠤᠨ ᠨᠡᠢ᠍ᠢ᠍ᠳᠠᠪᠤᠷᠢᠵᠢᠭᠤᠯᠤᠨ᠎ᠠ᠃ ᠨᠠᠭ᠋ᠠᠳᠤᠮ᠎ᠤᠨ ᠵᠦᠢ᠍ᠯ᠂ ᠰᠣᠷᠣᠭᠴᠢ ᠵᠢᠨ ᠬᠡᠷᠡᠭᠰᠡᠯ ᠵᠡᠷᠭᠡ ᠬᠠᠮᠢᠶ᠎ᠠ ᠪᠦᠬᠦᠢ ᠦᠢ᠍ᠯᠡᠳᠭᠦᠨ᠎ᠤ ᠭᠤᠣᠯᠳᠠᠯᠭ᠎ᠠ᠎ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ᠎ᠤᠨ ᠠᠭᠤᠯᠤᠭᠳᠠᠴᠠ ᠵᠢ ᠬᠢᠵᠠᠭ᠋ᠠᠷᠯᠠᠬᠤ ᠠᠯᠪᠠᠳᠠᠯᠭ᠎ᠠ ᠵᠢᠨ ᠴᠢᠨᠠᠷ᠎ᠲᠠᠢ ᠤᠯᠤᠰ᠎ᠤᠨ ᠪᠠᠷᠢᠮᠵᠢᠶ᠎ᠠ ᠵᠢ ᠨᠡᠢ᠍ᠢ᠍ᠳᠠᠪᠤᠷᠢᠵᠢᠭᠤᠯᠬᠤ᠎ᠳᠤ ᠪᠥᠬᠦ ᠲᠠᠯ᠎ᠠ᠎ᠪᠠᠷ ᠬᠢᠨᠠᠯᠲᠠ ᠲᠠᠯᠪᠢᠵᠤ᠂ ᠦᠢ᠍ᠯᠡᠳᠭᠦᠨ᠎ᠤ ᠬᠡᠷᠡᠭᠯᠡᠭᠡᠨ᠎ᠤ ᠶᠠᠪᠤᠴᠠ᠎ᠳᠤ ᠪᠣᠢ ᠪᠣᠯᠭ᠋ᠠᠭᠰᠠᠨ ᠰᠢᠨ᠎ᠡ ᠪᠣᠬᠢᠷᠲᠤᠯ ᠪᠣᠳᠠᠰ᠎ᠢ ᠣᠷᠴᠢᠨ ᠲᠣᠭᠤᠷᠢᠨ᠎ᠳᠤ ᠭᠠᠳᠠᠭᠰᠢᠯᠠᠭᠤᠯᠬᠤ᠎ᠪᠠᠨ ᠪᠠᠭ᠋ᠠᠰᠬᠠᠨ᠎ᠠ᠃ (ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠠᠮᠢ ᠠᠬᠤᠢ ᠣᠷᠴᠢᠨ ᠲᠣᠭᠤᠷᠢᠨ᠎ᠤ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
       (ᠭᠤᠷᠪᠠ) ᠶᠠᠪᠤᠴᠠ ᠵᠢᠨ ᠡᠵᠡᠮᠰᠢᠯ᠎ᠢ ᠴᠢᠩᠭ᠋ᠠᠷᠠᠭᠤᠯᠵᠤ᠂ ᠰᠢᠨ᠎ᠡ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ ᠵᠢ ᠪᠠᠭ᠋ᠠᠰᠬᠠᠨ᠎ᠠ᠃
      1. ᠴᠡᠪᠡᠷ ᠦᠢ᠍ᠯᠡᠳᠪᠦᠷᠢᠯᠡᠯ᠎ᠢ ᠴᠢᠩᠭ᠋ᠠᠳᠬᠠᠵᠤ᠂ ᠪᠣᠬᠢᠷᠲᠤᠯ ᠦᠭᠡᠢ᠎ᠪᠠᠷ ᠦᠢ᠍ᠯᠡᠳᠬᠦ ᠪᠠᠷᠢᠮᠵᠢᠶ᠎ᠠ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠦᠨ᠎ᠡ᠃ ᠬᠤᠣᠷ ᠬᠥᠨᠥᠭᠡᠯ᠎ᠲᠠᠢ ᠬᠢᠮᠢ ᠵᠢᠨ ᠪᠣᠳᠠᠰ᠎ᠢ ᠬᠡᠷᠡᠭᠯᠡᠵᠦ ᠦᠢ᠍ᠯᠡᠳᠪᠦᠷᠢᠯᠡᠬᠦ ᠪᠤᠶᠤ ᠦᠢ᠍ᠯᠡᠳᠪᠦᠷᠢᠯᠡᠬᠦ ᠶᠠᠪᠤᠴᠠ᠎ᠳᠤ ᠬᠤᠣᠷ ᠬᠥᠨᠥᠭᠡᠯ᠎ᠲᠠᠢ ᠬᠢᠮᠢ ᠵᠢᠨ ᠪᠣᠳᠠᠰ ᠭᠠᠳᠠᠭᠰᠢᠯᠠᠭᠤᠯᠬᠤ ᠠᠵᠤ ᠠᠬᠤᠢ᠍ᠢ᠍ᠯᠠᠯ᠎ᠳᠤ ᠴᠡᠪᠡᠷ ᠦᠢ᠍ᠯᠡᠳᠪᠦᠷᠢᠯᠡᠯ᠎ᠤᠨ ᠠᠯᠪᠠᠳᠠᠯᠭ᠎ᠠ ᠵᠢᠨ ᠴᠢᠨᠠᠷᠲᠠᠢ ᠬᠢᠨᠠᠨ ᠬᠠᠷᠭᠤᠭᠤᠯᠤᠯᠲᠠ ᠵᠢ ᠬᠠᠥᠯᠢ ᠶᠣᠰᠣᠭ᠋ᠠᠷ ᠬᠡᠷᠡᠭᠵᠢᠭᠦᠯᠵᠦ᠂ ᠠᠵᠤ ᠠᠬᠤᠢ᠍ᠢ᠍ᠯᠠᠯ᠎ᠢ ᠰᠢᠮᠳᠠᠭᠤᠯᠤᠨ ᠲᠦᠭᠦᠬᠡᠢ ᠲᠤᠰᠠᠯᠠᠬᠤ ᠮᠠᠲ᠋ᠧᠷᠢᠶᠠᠯ᠎ᠢ ᠬᠥᠨᠥᠭᠡᠯ ᠦᠭᠡᠢ᠎ᠪᠠᠷ ᠣᠷᠣᠯᠠᠭᠤᠯᠬᠤ᠂ ᠦᠢ᠍ᠯᠡᠳᠪᠦᠷᠢᠯᠡᠬᠦ ᠤᠷ᠎ᠠ ᠮᠡᠷᠭᠡᠰᠢᠯ᠎ᠢ ᠬᠥᠨᠥᠭᠡᠯ ᠦᠭᠡᠢ ᠪᠣᠯᠭ᠋ᠠᠨ ᠰᠢᠯᠢᠳᠡᠭᠵᠢᠭᠦᠯᠬᠦ ᠵᠡᠷᠭᠡ ᠠᠷᠭ᠎ᠠ ᠬᠡᠮᠵᠢᠶ᠎ᠡ ᠬᠡᠷᠡᠭᠵᠢᠭᠦᠯᠤᠨ᠂ ᠴᠡᠪᠡᠷ ᠦᠢ᠍ᠯᠡᠳᠪᠦᠷᠢᠯᠡᠯ᠎ᠤᠨ ᠥᠭᠡᠷᠡᠴᠢᠯᠡᠨ ᠰᠢᠨᠡᠳᠬᠡᠬᠦ ᠵᠢ ᠪᠥᠬᠦ ᠬᠦᠴᠦᠨ ᠵᠶ᠋ᠠᠷ ᠵᠶ᠋ᠠᠨ ᠠᠬᠢᠭᠤᠯᠤᠨ᠎ᠠ᠃ ᠠᠵᠤ ᠠᠬᠤᠢ᠍ᠢ᠍ᠯᠠᠯ᠎ᠨᠢ ᠬᠤᠣᠷ ᠬᠥᠨᠥᠭᠡᠯ᠎ᠲᠠᠢ ᠲᠦᠭᠦᠬᠡᠢ ᠲᠤᠰᠠᠯᠠᠬᠤ ᠮᠠᠲ᠋ᠧᠷᠢᠶᠠᠯ ᠬᠡᠷᠡᠭᠯᠡᠵᠦ ᠪᠠᠢ᠍ᠢ᠍ᠭ᠎ᠠ ᠪᠠᠢ᠍ᠢ᠍ᠳᠠᠯ ᠵᠢᠴᠢ ᠭᠠᠳᠠᠭᠰᠢᠯᠠᠭᠤᠯᠵᠤ ᠪᠠᠢ᠍ᠢ᠍ᠭ᠎ᠠ ᠬᠤᠣᠷ ᠬᠥᠨᠥᠭᠡᠯ᠎ᠲᠠᠢ ᠬᠢᠮᠢ ᠵᠢᠨ ᠪᠣᠳᠠᠰ᠎ᠤᠨ ᠨᠡᠷᠡᠢ᠍ᠢ᠍ᠳᠦᠯ᠂ ᠥᠳᠭᠡᠴᠡ ᠪᠣᠯᠣᠨ ᠲᠤᠭ᠎ᠠ ᠬᠡᠮᠵᠢᠶ᠎ᠡ ᠵᠡᠷᠭᠡ ᠬᠠᠮᠢᠶ᠎ᠠ ᠪᠦᠬᠦᠢ ᠮᠡᠳᠡᠭᠡ ᠵᠠᠩᠬᠢ ᠵᠢ ᠣᠯᠠᠨ ᠨᠡᠢ᠍ᠢ᠍ᠲᠡ ᠵᠢᠨ ᠣᠶ᠋ᠢᠯᠠᠭ᠋ᠠᠵᠤ ᠮᠡᠳᠡᠬᠦ᠎ᠳᠤ ᠬᠢᠯᠪᠠᠷᠬᠠᠨ ᠠᠷᠭ᠎ᠠ ᠬᠡᠯᠪᠡᠷᠢ᠎ᠪᠠᠷ ᠨᠡᠢ᠍ᠢ᠍ᠲᠡᠯᠡᠬᠦ ᠬᠡᠷᠡᠭᠲᠡᠢ᠃ ᠬᠤᠣᠷ ᠬᠥᠨᠥᠭᠡᠯ᠎ᠲᠠᠢ ᠬᠢᠮᠢ ᠵᠢᠨ ᠪᠣᠳᠠᠰ᠎ᠢ ᠣᠷᠣᠯᠠᠭᠤᠯᠬᠤ ᠪᠠ ᠭᠠᠳᠠᠭᠰᠢᠯᠠᠭᠤᠯᠬᠤ ᠡᠵᠡᠮᠰᠢᠯ᠎ᠤᠨ ᠱᠠᠭ᠋ᠠᠷᠳᠠᠯᠭ᠎ᠠ ᠵᠢ ᠪᠣᠬᠢᠷᠲᠤᠯ ᠦᠭᠡᠢ ᠦᠢ᠍ᠯᠡᠳᠭᠦᠨ᠂ ᠪᠣᠬᠢᠷᠲᠤᠯ ᠦᠭᠡᠢ ᠬᠦᠷᠢᠶᠡᠯᠡᠩ ᠲᠣᠭᠤᠷᠢᠭ᠂ ᠪᠣᠬᠢᠷᠲᠤᠯ ᠦᠭᠡᠢ ᠠᠵᠤ ᠦᠢ᠍ᠯᠡᠳᠪᠦᠷᠢ ᠪᠣᠯᠣᠨ ᠪᠣᠬᠢᠷᠲᠤᠯ ᠦᠭᠡᠢ ᠬᠠᠩᠭ᠋ᠠᠯᠭ᠎ᠠ ᠵᠢᠨ ᠬᠡᠯᠬᠢᠶ᠎ᠡ ᠵᠡᠷᠭᠡ ᠪᠣᠬᠢᠷᠲᠤᠯ ᠦᠭᠡᠢ᠎ᠪᠠᠷ ᠦᠢ᠍ᠯᠡᠳᠬᠦ ᠪᠠᠷᠢᠮᠵᠢᠶ᠎ᠠ ᠵᠢᠨ ᠲᠣᠭᠲᠠᠯᠴᠠᠭ᠎ᠠ᠎ᠳᠤ ᠣᠷᠣᠭᠤᠯᠬᠤ ᠵᠡᠷᠭᠡ ᠤᠯᠤᠰ᠎ᠤᠨ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠵᠢ ᠨᠡᠢ᠍ᠢ᠍ᠳᠠᠪᠤᠷᠢᠵᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠠᠮᠢ ᠠᠬᠤᠢ ᠣᠷᠴᠢᠨ ᠲᠣᠭᠤᠷᠢᠨ᠎ᠤ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠍ᠢ᠍ᠭᠤᠯᠤᠯᠲᠠ ᠵᠢᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
      2. ᠨᠢᠶᠠᠨ ᠳᠠᠷᠤᠭᠴᠢ ᠵᠢᠨ ᠲᠥᠷᠥᠯ᠎ᠤᠨ ᠡᠮ᠎ᠤᠨ ᠵᠦᠢ᠍ᠯ᠎ᠢ ᠬᠡᠷᠡᠭᠯᠡᠬᠦ ᠬᠠᠮᠢᠶᠠᠷᠤᠯᠲᠠ ᠵᠢ ᠵᠢᠷᠤᠮᠵᠢᠭᠤᠯᠵᠤ᠂ ᠬᠡᠮᠵᠢᠶ᠎ᠡ ᠵᠢ ᠪᠠᠭ᠋ᠠᠰᠬᠠᠬᠤ ᠠᠵᠢᠯᠯᠠᠭ᠋ᠠᠨ᠎ᠢ ᠥᠷᠨᠢᠭᠦᠯᠦᠨ᠎ᠡ᠃ ᠪᠠᠺᠲ᠋ᠧᠷᠢ ᠳᠠᠷᠤᠬᠤ ᠡᠮ᠎ᠢ ᠡᠮᠴᠢᠯᠡᠭᠡᠨ᠎ᠳᠤ ᠬᠡᠷᠡᠭᠯᠡᠬᠦ ᠬᠠᠮᠢᠶᠠᠷᠤᠯᠲᠠ ᠵᠢ ᠴᠢᠩᠭ᠋ᠠᠳᠬᠠᠵᠤ᠂ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠤᠨ ᠵᠣᠷ ᠵᠶ᠋ᠠᠷ ᠵᠶ᠋ᠠᠨ ᠵᠣᠷ᠎ᠤᠨ ᠡᠮ᠎ᠤᠨ ᠲᠥᠷᠥᠯ᠎ᠤᠨ ᠪᠠᠺᠲ᠋ᠧᠷᠢ ᠳᠠᠷᠤᠬᠤ ᠡᠮ᠎ᠢ ᠪᠣᠷᠣᠯᠠᠭᠤᠯᠬᠤ ᠱᠠᠭ᠋ᠠᠷᠳᠠᠯᠭ᠎ᠠ ᠵᠢ ᠴᠢᠩᠭ᠎ᠠ ᠨᠡᠢ᠍ᠢ᠍ᠳᠠᠪᠤᠷᠢᠵᠢᠭᠤᠯᠤᠨ᠎ᠠ᠃ ᠮᠠᠯ᠎ᠳᠤ ᠬᠡᠷᠡᠭᠯᠡᠬᠦ ᠪᠠᠺᠲ᠋ᠧᠷᠢ ᠳᠠᠷᠤᠬᠤ ᠡᠮ᠎ᠳᠠᠬᠢ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠮᠠᠯ᠎ᠳᠤ ᠬᠡᠷᠡᠭᠯᠡᠬᠦ ᠪᠠᠺᠲ᠋ᠧᠷᠢ ᠳᠠᠷᠤᠬᠤ ᠡᠮ᠎ᠤᠨ ᠬᠡᠷᠡᠭᠯᠡᠬᠦ ᠬᠡᠮᠵᠢᠶ᠎ᠡ ᠵᠢ ᠪᠠᠭ᠋ᠠᠰᠬᠠᠬᠤ ᠠᠵᠢᠯᠯᠠᠭ᠋ᠠᠨ᠎ᠢ ᠬᠡᠷᠡᠭᠵᠢᠭᠦᠯᠵᠦ᠂ ᠮᠢᠬ᠎ᠠ ᠥᠨᠳᠡᠭᠡ ᠰᠦᠨ ᠭᠠᠷᠤᠯᠲᠠ᠎ᠲᠠᠢ ᠭᠤᠣᠯ ᠪᠣᠯᠬᠤ ᠮᠠᠯ ᠵᠢᠭᠦᠷᠲᠡᠨ᠎ᠤ ᠲᠥᠷᠥᠯ ᠵᠦᠢ᠍ᠯ ᠵᠶ᠋ᠠᠷ ᠭᠤᠣᠯᠳᠠᠯᠭ᠎ᠠ ᠪᠣᠯᠭ᠋ᠠᠵᠤ᠂ ᠮᠠᠯ᠎ᠤᠨ ᠡᠮ᠎ᠢ ᠬᠡᠷᠡᠭᠯᠡᠭᠰᠡᠨ ᠲᠡᠮᠳᠡᠭᠯᠡᠯ᠂ ᠮᠠᠯ᠎ᠳᠤ ᠬᠡᠷᠡᠭᠯᠡᠬᠦ ᠵᠣᠷ᠎ᠤᠨ ᠡᠮ ᠪᠣᠯᠣᠨ ᠮᠠᠯ᠎ᠤᠨ ᠡᠮ᠎ᠤᠨ ᠡᠮ ᠵᠣᠭᠰᠣᠬᠤ ᠬᠤᠭᠤᠴᠠᠭ᠋ᠠᠨ᠎ᠤ ᠬᠠᠮᠢᠶᠠᠷᠤᠯᠲᠠ ᠵᠢᠨ ᠳᠦᠷᠢᠮ᠎ᠢ ᠴᠢᠩᠭ᠎ᠠ ᠬᠡᠷᠡᠭᠵᠢᠭᠦᠯᠵᠦ᠂ ᠲᠡᠵᠢᠭᠡᠨ ᠦᠷᠡᠵᠢᠭᠦᠯᠬᠦ ᠲᠠᠯᠠᠪᠠᠢ ᠵᠢᠨ ᠡᠮ ᠬᠡᠷᠡᠭᠯᠡᠬᠦ ᠠᠵᠢᠯᠯᠠᠭ᠎ᠠ ᠵᠢ ᠵᠢᠷᠤᠮᠵᠢᠭᠤᠯᠤᠨ᠂ ᠠᠮᠢᠳᠠᠨ᠎ᠤ ᠠᠰᠢᠭ ᠰᠢᠮ᠎ᠡ ᠵᠢᠨ ᠨᠢᠭᠡᠴᠢ ᠭᠠᠷᠤᠯᠲᠠ᠎ᠳᠤ ᠮᠠᠯ᠎ᠳᠤ ᠬᠡᠷᠡᠭᠯᠡᠬᠦ ᠪᠠᠺᠲ᠋ᠧᠷᠢ ᠳᠠᠷᠤᠬᠤ ᠡᠮ ᠬᠡᠷᠡᠭᠯᠡᠬᠦ ᠵᠢ ᠳᠣᠷᠣᠭᠰᠢᠯᠠᠬᠤ ᠬᠠᠨᠳᠤᠰᠢ᠎ᠲᠠᠢ ᠪᠠᠶ᠋ᠢᠯᠭ᠋ᠠᠬᠤ ᠵᠢ ᠪᠠᠷᠢᠮᠲᠠᠯᠠᠵᠤ᠂ ᠮᠠᠯ ᠵᠢᠭᠦᠷᠲᠡᠨ᠎ᠤ ᠠᠰᠢᠭ ᠰᠢᠮ᠎ᠡ᠎ᠳᠠᠬᠢ ᠮᠠᠯ᠎ᠳᠤ ᠬᠡᠷᠡᠭᠯᠡᠬᠦ ᠪᠠᠺᠲ᠋ᠧᠷᠢ ᠳᠠᠷᠤᠬᠤ ᠡᠮ᠎ᠤᠨ ᠦᠯᠡᠳᠡᠭᠳᠡᠯ᠎ᠤᠨ ᠬᠡᠮᠵᠢᠶ᠎ᠡ ᠵᠢ ᠪᠠᠭᠤᠷᠠᠭᠤᠯᠤᠨ᠎ᠠ᠃ 2025 ᠣᠨ ᠪᠣᠯᠬᠤ᠎ᠳᠤ᠂ 50%᠎ᠠᠴᠠ ᠳᠡᠭᠡᠭᠰᠢᠬᠢ ᠲᠣᠭ᠋ᠠᠨ᠎ᠤ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠠᠯᠠᠪᠠᠢ᠎ᠳᠤ ᠲᠡᠵᠢᠭᠡᠨ ᠦᠷᠡᠵᠢᠭᠦᠯᠬᠦ ᠵᠢᠨ ᠪᠠᠺᠲ᠋ᠧᠷᠢ ᠳᠠᠷᠤᠬᠤ ᠡᠮ ᠬᠡᠷᠡᠭᠯᠡᠬᠦ ᠬᠡᠮᠵᠢᠶ᠎ᠡ ᠵᠢ ᠪᠠᠭ᠋ᠠᠰᠬᠠᠬᠤ ᠠᠵᠢᠯᠯᠠᠭ᠋ᠠᠨ᠎ᠢ ᠬᠡᠷᠡᠭᠵᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
      3. ᠲᠠᠷᠢᠶᠠᠨ ᠡᠮ᠎ᠤᠨ ᠬᠡᠷᠡᠭᠯᠡᠯᠲᠡ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠲᠠᠷᠢᠶᠠᠨ ᠡᠮ᠎ᠤᠨ ᠪᠣᠭᠤᠳᠠᠯ ᠪᠠᠭᠯᠠᠭ᠎ᠠ ᠵᠢᠨ ᠬᠠᠶᠠᠭᠳᠠᠮᠠᠯ ᠪᠣᠳᠠᠰ᠎ᠤᠨ ᠡᠭᠡᠭᠦᠯᠦᠨ ᠬᠤᠷᠢᠶᠠᠬᠤ ᠲᠣᠭᠲᠠᠯᠴᠠᠭ᠎ᠠ ᠵᠢ ᠪᠦᠷᠢᠨᠰᠢᠭᠦᠯᠦᠨ᠎ᠡ᠃ ᠡᠮ ᠬᠡᠷᠡᠭᠯᠡᠬᠦ ᠵᠢ ᠬᠢᠵᠠᠭ᠋ᠠᠷᠯᠠᠵᠤ ᠬᠥᠨᠥᠭᠡᠯ᠎ᠢ ᠪᠠᠭ᠋ᠠᠰᠬᠠᠬᠤ ᠠᠵᠢᠯᠯᠠᠭ᠋ᠠᠨ᠎ᠢ ᠦᠷᠭᠦᠯᠵᠢᠯᠡᠨ ᠥᠷᠨᠢᠭᠦᠯᠵᠦ᠂ ᠥᠨᠳᠥᠷ ᠪᠦᠲᠦᠮᠵᠢᠲᠡᠢ ᠳᠣᠣᠷ᠎ᠠ ᠲᠦᠭᠰᠢᠭᠦᠷᠢᠲᠦ ᠲᠠᠷᠢᠶᠠᠨ ᠡᠮ ᠦᠢ᠍ᠯᠡᠳᠦᠨ ᠬᠥᠭᠵᠢᠭᠦᠯᠬᠦ ᠵᠢ ᠵᠣᠷᠢᠬ᠍ᠵᠢᠭᠤᠯᠵᠤ᠂ ᠥᠨᠳᠥᠷ ᠪᠦᠲᠦᠮᠵᠢᠲᠦ ᠤᠷᠭᠤᠮᠠᠯ᠎ᠤᠨ ᠬᠠᠮᠠᠭ᠋ᠠᠯᠠᠯ᠎ᠤᠨ ᠮᠧᠬᠠᠨᠢᠭ᠎ᠢ ᠳᠡᠯᠭᠡᠷᠡᠭᠦᠯᠦᠨ᠂ ᠨᠢᠭᠡᠳᠦᠯᠲᠡᠢ ᠰᠡᠷᠭᠡᠢ᠍ᠢ᠍ᠯᠡᠵᠦ ᠨᠢᠭᠡᠳᠦᠯᠲᠡᠢ ᠵᠠᠰᠠᠬᠤ ᠵᠢ ᠪᠣᠬᠢᠷᠲᠤᠯ ᠦᠭᠡᠢ᠎ᠪᠠᠷ ᠰᠡᠷᠭᠡᠢ᠍ᠢ᠍ᠯᠡᠨ ᠡᠵᠡᠮᠳᠡᠬᠦ᠎ᠯᠦᠭᠡ ᠠᠭᠤᠰᠤᠯᠴᠠᠭᠤᠯᠬᠤ ᠵᠢ ᠠᠬᠢᠭᠤᠯᠵᠤ᠂ ᠲᠠᠷᠢᠮᠠᠯ᠎ᠤᠨ ᠡᠪᠡᠳᠴᠢᠨ ᠬᠤᠷᠣᠬᠠᠢ ᠵᠢᠨ ᠬᠥᠨᠥᠭᠡᠯ᠎ᠢ ᠰᠡᠷᠭᠡᠢ᠍ᠢ᠍ᠯᠡᠵᠦ ᠡᠵᠡᠮᠳᠡᠬᠦ ᠵᠣᠬᠢᠶᠠᠨ ᠪᠠᠶ᠋ᠢᠭᠤᠯᠤᠯᠴᠠᠭᠰᠠᠨ ᠬᠡᠮᠵᠢᠶ᠎ᠡ ᠪᠠ ᠰᠢᠨᠵᠢᠯᠡᠬᠦ ᠤᠬᠠᠭ᠋ᠠᠨᠴᠢᠯᠠᠭᠰᠠᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠲᠠᠷᠢᠶᠠᠨ ᠡᠮ ᠬᠡᠷᠡᠭᠯᠡᠬᠦ ᠡᠷᠴᠢᠮ᠎ᠢ ᠰᠤᠯᠠᠷᠠᠭᠤᠯᠤᠨ᠎ᠠ᠃ ᠲᠤᠬᠠᠢ ᠵᠢᠨ ᠭᠠᠵᠠᠷ᠎ᠲᠤ᠎ᠨᠢ ᠲᠣᠬᠢᠷᠠᠭᠤᠯᠤᠨ ᠠᠮᠢ ᠠᠬᠤᠢ᠎ᠪᠠᠷ ᠲᠣᠬᠢᠷᠠᠭᠤᠯᠤᠨ ᠡᠵᠡᠮᠳᠡᠬᠦ᠂ ᠡᠭᠡᠯᠢᠯᠡᠭᠡ ᠵᠢᠨ ᠪᠠᠺᠲ᠋ᠧᠷᠢ ᠳᠠᠷᠤᠬᠤ ᠵᠢ ᠥᠳᠥᠭᠡᠬᠦ᠂ ᠠᠮᠢᠳᠤ ᠪᠣᠳᠠᠰ ᠵᠶ᠋ᠠᠷ ᠰᠡᠷᠭᠡᠢ᠍ᠢ᠍ᠯᠡᠨ ᠵᠠᠰᠠᠬᠤ᠂ ᠹᠢᠽᠢᠺ ᠬᠢᠮᠢ᠎ᠪᠠᠷ ᠥᠳᠥᠭᠡᠨ ᠡᠵᠡᠮᠳᠡᠬᠦ᠂ ᠰᠢᠨᠵᠢᠯᠡᠬᠦ ᠤᠬᠠᠭ᠋ᠠᠨᠴᠢ᠎ᠪᠠᠷ ᠡᠮ ᠬᠡᠷᠡᠭᠯᠡᠬᠦ ᠵᠡᠷᠭᠡ ᠪᠣᠬᠢᠷᠲᠤᠯ ᠦᠭᠡᠢ ᠰᠡᠷᠭᠡᠢ᠍ᠢ᠍ᠯᠡᠨ ᠡᠵᠡᠮᠳᠡᠬᠦ ᠠᠷᠭ᠎ᠠ ᠬᠡᠮᠵᠢᠶ᠎ᠡ ᠵᠢ ᠡᠮᠬᠢᠳᠭᠡᠨ ᠳᠡᠯᠭᠡᠷᠡᠭᠦᠯᠵᠦ᠂ ᠬᠢᠮᠢ ᠵᠢᠨ ᠲᠠᠷᠢᠶᠠᠨ ᠡᠮ᠎ᠢ ᠬᠡᠷᠡᠭᠯᠡᠬᠦ ᠤᠳᠠᠭ᠎ᠠ ᠪᠠ ᠬᠡᠷᠡᠭᠯᠡᠬᠦ ᠬᠡᠮᠵᠢᠶ᠎ᠡ ᠵᠢ ᠪᠠᠭ᠋ᠠᠰᠬᠠᠨ᠎ᠠ᠃ ᠲᠠᠷᠢᠶᠠᠨ ᠡᠮ᠎ᠤᠨ ᠪᠣᠭᠤᠳᠠᠯ ᠪᠠᠭᠯᠠᠭ᠋ᠠᠨ᠎ᠤ ᠬᠠᠶᠠᠭᠳᠠᠮᠠᠯ ᠪᠣᠳᠠᠰ᠎ᠢ ᠡᠭᠡᠭᠦᠯᠦᠨ ᠬᠤᠷᠢᠶᠠᠬᠤ ᠵᠢ ᠦᠷᠭᠦᠯᠵᠢᠯᠡᠨ ᠠᠬᠢᠭᠤᠯᠵᠤ᠂ ᠲᠠᠷᠢᠶᠠᠨ ᠡᠮ᠎ᠤᠨ ᠦᠢ᠍ᠯᠡᠳᠪᠦᠷᠢᠯᠡᠬᠦ ᠭᠤᠭᠴᠤᠭ᠎ᠠ᠎ᠳᠤ ᠡᠭᠡᠭᠦᠯᠦᠨ ᠬᠤᠷᠢᠶᠠᠬᠤ᠎ᠳᠤ ᠳᠥᠭᠦᠮ ᠪᠦᠬᠦᠢ ᠪᠠᠭᠲᠠᠭ᠋ᠠᠮᠵᠢ ᠶᠡᠬᠡᠲᠡᠢ ᠪᠣᠭᠤᠳᠠᠯ ᠪᠠᠭᠯᠠᠭ᠎ᠠ ᠬᠡᠷᠡᠭᠯᠡᠬᠦ ᠵᠢ ᠵᠣᠷᠢᠬ᠍ᠵᠢᠭᠤᠯᠵᠤ᠂ ᠲᠠᠷᠢᠶᠠᠨ ᠡᠮ᠎ᠤᠨ ᠦᠢ᠍ᠯᠡᠳᠪᠦᠷᠢᠯᠡᠭᠴᠢ᠂ ᠡᠵᠡᠩᠨᠡᠭᠴᠢ ᠵᠢ ᠲᠠᠷᠢᠶᠠᠨ ᠡᠮ᠎ᠤᠨ ᠪᠣᠭᠤᠳᠠᠯ ᠪᠠᠭᠯᠠᠭ᠎ᠠ ᠵᠢᠨ ᠬᠠᠶᠠᠭᠳᠠᠮᠠᠯ ᠪᠣᠳᠠᠰ᠎ᠢ ᠡᠭᠡᠭᠦᠯᠦᠨ ᠬᠤᠷᠢᠶᠠᠬᠤ ᠡᠭᠦᠷᠭᠡ᠎ᠪᠠᠨ ᠪᠡᠶᠡᠯᠡᠭᠦᠯᠬᠦ ᠲᠠᠯ᠎ᠠ᠎ᠪᠠᠷ ᠰᠢᠮᠳᠠᠭᠤᠯᠤᠨ᠂ ᠲᠠᠷᠢᠶᠠᠨ ᠡᠮ᠎ᠤᠨ ᠪᠣᠭᠤᠳᠠᠯ ᠪᠠᠭᠯᠠᠭ᠎ᠠ ᠵᠢᠨ ᠬᠠᠶᠠᠭᠳᠠᠮᠠᠯ ᠪᠣᠳᠠᠰ᠎ᠢ ᠡᠭᠡᠭᠦᠯᠦᠨ ᠬᠤᠷᠢᠶᠠᠵᠤ ᠰᠢᠢ᠍ᠳᠪᠦᠷᠢᠯᠡᠬᠦ ᠠᠵᠢᠯ᠎ᠢ ᠴᠢᠩᠭ᠋ᠠᠳᠬᠠᠨ᠎ᠠ᠃ 2025 ᠣᠨ ᠪᠣᠯᠬᠤ᠎ᠳᠤ ᠲᠠᠷᠢᠶᠠᠨ ᠡᠮ᠎ᠤᠨ ᠬᠠᠶᠠᠭᠳᠠᠮᠠᠯ ᠪᠣᠳᠠᠰ᠎ᠢ ᠡᠭᠡᠭᠦᠯᠦᠨ ᠬᠤᠷᠢᠶᠠᠬᠤ ᠨᠣᠷᠮ᠎ᠠ ᠵᠢ 80%᠎ᠠᠴᠠ ᠳᠡᠭᠡᠭᠰᠢ᠎ᠳᠤ ᠬᠦᠷᠭᠡᠨ᠎ᠡ᠃ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠤᠷᠢᠨ᠎ᠤ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
       (ᠳᠥᠷᠪᠡ) ᠦᠵᠦᠭᠦᠷ᠎ᠤᠨ ᠵᠠᠰᠠᠯᠲᠠ ᠵᠢ ᠭᠦᠨᠵᠡᠭᠡᠢ᠍ᠢ᠍ᠷᠡᠭᠦᠯᠵᠦ᠂ ᠰᠢᠨ᠎ᠡ ᠪᠣᠬᠢᠷᠲᠤᠯ ᠪᠣᠳᠠᠰ᠎ᠤᠨ ᠣᠷᠴᠢᠨ ᠲᠣᠭᠤᠷᠢᠨ᠎ᠤ ᠲᠦᠭᠰᠢᠭᠦᠷᠢ ᠵᠢ ᠪᠠᠭᠤᠷᠠᠭᠤᠯᠤᠨ᠎ᠠ᠃
      1. ᠰᠢᠨ᠎ᠡ ᠪᠣᠬᠢᠷᠲᠤᠯ ᠪᠣᠳᠠᠰ᠎ᠢ ᠣᠯᠠᠨ ᠣᠷᠴᠢᠨ ᠲᠣᠭᠤᠷᠢᠨ᠎ᠤ ᠵᠠᠭᠤᠴᠢ᠎ᠪᠠᠷ ᠬᠠᠮᠵᠢᠯᠴᠠᠨ ᠵᠠᠰᠠᠬᠤ ᠵᠢ ᠴᠢᠩᠭ᠋ᠠᠳᠬᠠᠨ᠎ᠠ᠃ 《ᠭᠤᠣᠯᠳᠠᠯᠭ᠎ᠠ᠎ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ᠎ᠤᠨ ᠲᠣᠳᠣᠷᠬᠠᠢ ᠬᠠᠭᠤᠳᠠᠰᠤ》᠎ᠳᠤ ᠵᠢᠭᠰᠠᠭ᠋ᠠᠭᠰᠠᠨ ᠬᠢᠮᠢ ᠵᠢᠨ ᠪᠣᠳᠠᠰ᠎ᠢ ᠦᠢ᠍ᠯᠡᠳᠪᠦᠷᠢᠯᠡᠬᠦ᠂ ᠡᠳ᠋ᠰᠢᠭᠦᠯᠦᠨ ᠪᠣᠯᠪᠠᠰᠤᠷᠠᠭᠤᠯᠬᠤ᠂ ᠬᠡᠷᠡᠭᠯᠡᠬᠦ ᠪᠤᠶᠤ ᠭᠠᠳᠠᠭᠰᠢᠯᠠᠭᠤᠯᠬᠤ ᠠᠵᠤ ᠠᠬᠤᠢ᠍ᠢ᠍ᠯᠠᠯ ᠠᠵᠢᠯ ᠦᠢ᠍ᠯᠡᠰ᠎ᠤᠨ ᠨᠢᠭᠡᠴᠢ ᠵᠢ ᠪᠣᠯ ᠭᠤᠣᠯᠳᠠᠯᠭ᠎ᠠ᠎ᠲᠠᠢ ᠪᠣᠬᠢᠷᠲᠤᠯ ᠭᠠᠳᠠᠭᠰᠢᠯᠠᠭᠤᠯᠬᠤ ᠨᠢᠭᠡᠴᠢ᠎ᠳᠤ ᠣᠷᠣᠭᠤᠯᠬᠤ ᠬᠡᠷᠡᠭᠲᠡᠢ᠃ ᠭᠤᠣᠯᠳᠠᠯᠭ᠎ᠠ᠎ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ᠎ᠢ ᠭᠠᠳᠠᠭᠰᠢᠯᠠᠭᠤᠯᠬᠤ ᠠᠵᠤ ᠠᠬᠤᠢ᠍ᠢ᠍ᠯᠠᠯ ᠠᠵᠢᠯ ᠦᠢ᠍ᠯᠡᠰ᠎ᠤᠨ ᠨᠢᠭᠡᠴᠢ ᠵᠢ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠬᠠᠮᠢᠶᠠᠷᠤᠯᠲᠠ᠎ᠳᠤ ᠣᠷᠣᠭᠤᠯᠵᠤ᠂ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠢ ᠬᠠᠥᠯᠢ ᠶᠣᠰᠣᠭ᠋ᠠᠷ ᠭᠤᠶᠤᠴᠢᠯᠠᠨ ᠠᠪᠬᠤ ᠪᠤᠶᠤ ᠪᠣᠬᠢᠷᠲᠤᠯ ᠭᠠᠳᠠᠭᠰᠢᠯᠠᠭᠤᠯᠬᠤ ᠳᠠᠩᠰᠠᠯᠠᠯᠲᠠ ᠵᠢᠨ ᠬᠦᠰᠦᠨᠦᠭᠲᠦ ᠵᠢ ᠲᠠᠭᠯᠠᠵᠤ᠂ ᠬᠡᠷᠡᠭᠵᠢᠭᠦᠯᠵᠦ ᠪᠠᠢ᠍ᠢ᠍ᠭ᠎ᠠ ᠪᠣᠬᠢᠷᠲᠤᠯ᠎ᠢ ᠬᠢᠵᠠᠭ᠋ᠠᠷᠯᠠᠬᠤ ᠪᠠᠷᠢᠮᠵᠢᠶ᠎ᠠ ᠱᠠᠭ᠋ᠠᠷᠳᠠᠯᠭ᠎ᠠ ᠵᠢᠴᠢ ᠠᠪᠴᠤ ᠪᠠᠶ᠋ᠢᠭ᠎ᠠ ᠪᠣᠬᠢᠷᠲᠤᠯ᠎ᠢ ᠬᠢᠵᠠᠭ᠋ᠠᠷᠯᠠᠬᠤ ᠠᠷᠭ᠎ᠠ ᠬᠡᠮᠵᠢᠶ᠎ᠡ ᠵᠢ ᠲᠣᠳᠣᠷᠬᠠᠢ ᠲᠡᠮᠳᠡᠭᠯᠡᠵᠦ᠂ ᠭᠠᠳᠠᠭᠰᠢᠯᠠᠭᠤᠯᠬᠤ (ᠪᠣᠬᠢᠷᠲᠤᠯ ᠪᠣᠳᠠᠰ ᠭᠠᠳᠠᠭᠰᠢᠯᠠᠭᠤᠯᠬᠤ) ᠠᠮᠠᠰᠠᠷ ᠵᠢᠴᠢ ᠡᠷᠭᠢᠨ ᠲᠣᠭᠤᠷᠢᠨ᠎ᠤ ᠣᠷᠴᠢᠨ ᠠᠬᠤᠢ᠎ᠳᠤ ᠣᠷᠴᠢᠨ ᠲᠣᠭᠤᠷᠢᠨ᠎ᠤ ᠬᠢᠨᠠᠨ ᠰᠢᠨᠵᠢᠯᠲᠡ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠵᠦ᠂ ᠣᠷᠴᠢᠨ ᠲᠣᠭᠤᠷᠢᠨ᠎ᠤ ᠲᠦᠭᠰᠢᠭᠦᠷᠢ ᠵᠢ ᠦᠨᠡᠯᠡᠨ ᠵᠢᠱ᠌ᠢᠵᠦ᠂ ᠣᠷᠴᠢᠨ ᠲᠣᠭᠤᠷᠢᠨ᠎ᠤ ᠠᠮᠤᠷ ᠲᠦᠪᠰᠢᠨ᠎ᠤ ᠭᠡᠮ ᠰᠣᠭᠤᠭ᠎ᠢ ᠵᠢᠭᠰᠠᠭ᠋ᠠᠨ ᠪᠠᠢ᠍ᠢ᠍ᠴᠠᠭ᠋ᠠᠵᠤ ᠴᠡᠭᠴᠡᠯᠡᠨ ᠵᠠᠰᠠᠵᠤ᠂ ᠰᠢᠨ᠎ᠡ ᠪᠣᠬᠢᠷᠲᠤᠯ ᠪᠣᠳᠠᠰ᠎ᠤᠨ ᠮᠡᠳᠡᠭᠡ ᠵᠠᠩᠬᠢ ᠵᠢ ᠬᠠᠥᠯᠢ ᠶᠣᠰᠣᠭ᠋ᠠᠷ ᠢᠯᠡ ᠪᠣᠯᠭ᠋ᠠᠵᠤ᠂ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠣᠷᠴᠢᠨ ᠲᠣᠭᠤᠷᠢᠨ᠎ᠤ ᠲᠦᠭᠰᠢᠭᠦᠷᠢ ᠵᠢ ᠰᠡᠷᠭᠡᠢ᠍ᠢ᠍ᠯᠡᠬᠦ ᠬᠡᠷᠡᠭᠲᠡᠢ᠃ ᠬᠥᠷᠥᠰᠥ ᠰᠢᠷᠣᠢ ᠵᠢᠨ ᠪᠣᠬᠢᠷᠲᠤᠯ᠎ᠢ ᠭᠤᠣᠯᠳᠠᠯᠭ᠎ᠠ᠎ᠲᠠᠢ ᠬᠢᠨᠠᠨ ᠬᠠᠮᠢᠶᠠᠷᠬᠤ ᠨᠢᠭᠡᠴᠢ᠎ᠨᠢ ᠬᠤᠣᠷ ᠬᠥᠨᠥᠭᠡᠯ᠎ᠲᠠᠢ ᠪᠣᠳᠠᠰ᠎ᠤᠨ ᠭᠠᠳᠠᠭᠰᠢᠯᠠᠭᠤᠯᠤᠯᠲᠠ ᠵᠢ ᠴᠢᠩᠭ᠎ᠠ ᠬᠢᠵᠠᠭ᠋ᠠᠷᠯᠠᠵᠤ᠂ ᠬᠥᠷᠥᠰᠥ ᠰᠢᠷᠣᠢ ᠵᠢᠨ ᠪᠣᠬᠢᠷᠲᠤᠯ᠎ᠤᠨ ᠭᠡᠮ ᠰᠣᠭᠤᠭ᠎ᠢ ᠵᠢᠭᠰᠠᠭ᠋ᠠᠨ ᠪᠠᠢ᠍ᠢ᠍ᠴᠠᠭ᠋ᠠᠬᠤ ᠳᠦᠷᠢᠮ᠎ᠢ ᠪᠠᠶ᠋ᠢᠭᠤᠯᠤᠨ᠂ ᠬᠤᠣᠷ ᠬᠥᠨᠥᠭᠡᠯ᠎ᠲᠠᠢ ᠪᠣᠳᠠᠰ᠎ᠤᠨ ᠨᠡᠪᠴᠢᠬᠦ᠂ ᠤᠷᠤᠰᠬᠤ᠂ ᠰᠠᠷᠨᠢᠬᠤ᠎ᠠᠴᠠ ᠰᠡᠷᠭᠡᠶ᠋ᠢᠯᠡᠬᠦ ᠬᠡᠷᠡᠭᠲᠡᠢ᠃ ᠬᠤᠣᠷ ᠬᠥᠨᠥᠭᠡᠯ᠎ᠲᠠᠢ ᠠᠭ᠋ᠠᠷ ᠮᠠᠨᠳᠠᠯ᠎ᠤᠨ ᠪᠣᠬᠢᠷᠲᠤᠯ ᠪᠣᠳᠠᠰ᠂ ᠤᠰᠤᠨ᠎ᠤ ᠪᠣᠬᠢᠷᠲᠤᠯ ᠪᠣᠳᠠᠰ᠎ᠤᠨ ᠣᠷᠴᠢᠨ ᠲᠣᠭᠤᠷᠢᠨ᠎ᠤ ᠵᠠᠰᠠᠯᠲᠠ ᠵᠢ ᠦᠨᠡᠨ ᠬᠦ᠌ ᠴᠢᠩᠭ᠋ᠠᠳᠬᠠᠵᠤ᠂ ᠬᠠᠮᠢᠶ᠎ᠠ ᠪᠦᠬᠦᠢ ᠪᠣᠬᠢᠷᠲᠤᠯ᠎ᠢ ᠬᠢᠵᠠᠭ᠋ᠠᠷᠯᠠᠬᠤ ᠱᠠᠭ᠋ᠠᠷᠳᠠᠯᠭ᠎ᠠ ᠵᠢ ᠨᠡᠢ᠍ᠢ᠍ᠳᠠᠪᠤᠷᠢᠵᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠤᠷᠢᠨ᠎ᠤ ᠲᠢᠩᠬᠢᠮ ᠬᠠᠷᠢᠭᠤᠴᠠᠨ᠎ᠠ)
      2. ᠣᠨᠴᠠ ᠲᠣᠭᠲᠠᠭᠰᠠᠨ ᠰᠢᠨ᠎ᠡ ᠪᠣᠬᠢᠷᠲᠤᠯ ᠪᠣᠳᠠᠰ᠎ᠢ ᠠᠭᠤᠯᠬᠤ ᠬᠠᠶᠠᠭᠳᠠᠮᠠᠯ ᠪᠣᠳᠠᠰ᠎ᠢ ᠴᠤᠭᠯᠠᠭᠤᠯᠤᠨ ᠠᠰᠢᠬᠯᠠᠵᠤ ᠰᠢᠢ᠍ᠳᠪᠦᠷᠢᠯᠡᠬᠦ ᠵᠢ ᠴᠢᠩᠭ᠋ᠠᠷᠠᠭᠤᠯᠤᠨ᠎ᠠ᠃ ᠬᠠᠶᠠᠭᠳᠠᠮᠠᠯ ᠡᠮ᠎ᠤᠨ ᠵᠦᠢ᠍ᠯ᠂ ᠬᠠᠶᠠᠭᠳᠠᠮᠠᠯ ᠲᠠᠷᠢᠶᠠᠨ ᠡᠮ ᠵᠢᠴᠢ ᠨᠢᠶᠠᠨ ᠳᠠᠷᠤᠭᠴᠢ ᠵᠢ ᠦᠢ᠍ᠯᠡᠳᠪᠦᠷᠢᠯᠡᠬᠦ ᠶᠠᠪᠤᠴᠠ᠎ᠳᠤ ᠡᠭᠦᠰᠦᠭᠰᠡᠨ ᠬᠠᠶᠠᠭᠳᠠᠮᠠᠯ ᠡᠬᠡ ᠰᠢᠩᠭᠡᠨ᠂ ᠬᠠᠶᠠᠭᠳᠠᠮᠠᠯ ᠤᠷᠪᠠᠯ᠎ᠤᠨ ᠪᠦᠯᠦᠭ ᠪᠠ ᠬᠠᠶᠠᠭᠳᠠᠮᠠᠯ ᠬᠥᠮᠥᠵᠢᠭᠦᠯᠦᠭᠴᠢ ᠵᠡᠷᠭᠡ ᠬᠠᠶᠠᠭᠳᠠᠮᠠᠯ ᠪᠣᠳᠠᠰ᠎ᠢ ᠴᠤᠭᠯᠠᠭᠤᠯᠤᠨ ᠠᠰᠢᠬᠯᠠᠵᠤ ᠰᠢᠢ᠍ᠳᠪᠦᠷᠢᠯᠡᠬᠦ ᠱᠠᠭ᠋ᠠᠷᠳᠠᠯᠭ᠎ᠠ ᠵᠢ ᠴᠢᠩᠭ᠎ᠠ ᠨᠡᠢ᠍ᠢ᠍ᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠣᠳᠣ ᠪᠠᠢ᠍ᠢ᠍ᠭ᠎ᠠ ᠱᠦᠢ᠍ᠨᠢ ᠵᠢᠨ ᠤᠭᠤᠷᠭ᠋ᠠᠢ ᠵᠡᠷᠭᠡ ᠰᠢᠲᠠᠭ᠋ᠠᠵᠤ ᠰᠢᠢ᠍ᠳᠪᠦᠷᠢᠯᠡᠬᠦ ᠪᠡᠯᠡᠳᠭᠡᠮᠵᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠬᠠᠶᠠᠭᠳᠠᠮᠠᠯ ᠡᠮ᠎ᠤᠨ ᠵᠦᠢ᠍ᠯ᠂ ᠬᠠᠶᠠᠭᠳᠠᠮᠠᠯ ᠲᠠᠷᠢᠶᠠᠨ ᠡᠮ᠎ᠢ ᠬᠠᠮᠵᠢᠯᠴᠠᠨ ᠰᠢᠢ᠍ᠳᠪᠦᠷᠢᠯᠡᠬᠦ ᠡᠷᠴᠢᠮ ᠵᠶ᠋ᠠᠨ ᠴᠢᠩᠭ᠋ᠠᠷᠠᠭᠤᠯᠵᠤ᠂ ᠬᠥᠬᠡᠬᠤᠲᠠ ᠪᠠᠶᠠᠨᠨᠠᠭᠤᠷ ᠬᠤᠲᠠ ᠵᠢᠨ ᠨᠢᠶᠠᠨ ᠳᠠᠷᠤᠭᠴᠢ ᠪᠠᠺᠲ᠋ᠧᠷᠢ ᠵᠢᠨ ᠰᠢᠭ᠋ᠠᠷᠤ ᠵᠢ ᠬᠤᠣᠷ ᠦᠭᠡᠶ᠋ᠢᠳᠡᠭᠦᠯᠦᠨ ᠶᠡᠷᠥᠩᠬᠡᠢ᠍ᠢ᠍ᠯᠡᠨ ᠠᠰᠢᠬᠯᠠᠬᠤ ᠢᠨᠵᠧᠨᠧᠷᠢᠩ᠎ᠢ ᠶᠡᠭᠡ᠎ᠪᠠᠷ ᠳᠡᠯᠭᠡᠷᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠤᠷᠢᠨ᠎ᠤ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
      3. ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ ᠵᠢᠨ ᠲᠤᠷᠰᠢᠯᠲᠠ ᠵᠢᠨ ᠴᠡᠭ᠎ᠤᠨ ᠢᠨᠵᠧᠨᠧᠷᠢᠩ᠎ᠢ ᠥᠷᠨᠢᠭᠦᠯᠵᠦ᠂ ᠪᠣᠬᠢᠷᠲᠤᠯ᠎ᠢ ᠵᠠᠰᠠᠬᠤ ᠵᠢ ᠠᠬᠢᠭᠤᠯᠤᠨ᠎ᠠ᠃ ᠰᠢᠨ᠎ᠡ ᠪᠣᠬᠢᠷᠲᠤᠯ ᠪᠣᠳᠠᠰ᠎ᠤᠨ ᠣᠷᠴᠢᠨ ᠲᠣᠭᠤᠷᠢᠨ᠎ᠤ ᠪᠠᠢ᠍ᠢ᠍ᠴᠠᠭ᠋ᠠᠯᠲᠠ ᠬᠢᠨᠠᠨ ᠬᠡᠮᠵᠢᠯᠲᠡ ᠵᠢᠨ ᠲᠤᠷᠰᠢᠯᠲᠠ ᠵᠢᠨ ᠴᠡᠭ᠎ᠤᠨ ᠦᠷ᠎ᠡ ᠳ᠋ᠦᠩ᠎ᠢ ᠦᠨᠳᠦᠰᠦᠯᠡᠨ᠂ ᠬᠢᠮᠢ ᠵᠢᠨ ᠠᠵᠤ ᠦᠢ᠍ᠯᠡᠳᠪᠦᠷᠢ᠂ ᠡᠮ ᠡᠮᠨᠡᠯᠭᠡ ᠵᠡᠷᠭᠡ ᠠᠵᠢᠯ ᠲᠥᠷᠥᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠭᠤᠣᠯᠳᠠᠯᠭ᠎ᠠ᠎ᠲᠠᠢ ᠠᠵᠤ ᠠᠬᠤᠢ᠍ᠢ᠍ᠯᠠᠯ᠎ᠢ ᠰᠣᠩᠭᠤᠨ ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ ᠵᠢᠨ ᠲᠤᠷᠰᠢᠯᠲᠠ ᠵᠢᠨ ᠴᠡᠭ᠎ᠤᠨ ᠢᠨᠵᠧᠨᠧᠷᠢᠩ᠎ᠢ ᠥᠷᠨᠢᠭᠦᠯᠦᠨ᠎ᠡ᠃ ᠤᠯᠤᠰ᠎ᠤᠨ ᠬᠤᠣᠷ ᠬᠥᠨᠥᠭᠡᠯ᠎ᠲᠠᠢ ᠬᠢᠮᠢ ᠵᠢᠨ ᠪᠣᠳᠠᠰ᠎ᠢ ᠪᠣᠬᠢᠷᠲᠤᠯ ᠦᠭᠡᠢ᠎ᠪᠠᠷ ᠣᠷᠣᠯᠠᠭᠤᠯᠬᠤ᠂ ᠰᠢᠨ᠎ᠡ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ ᠵᠢ ᠪᠠᠭ᠋ᠠᠰᠬᠠᠬᠤ ᠵᠢᠴᠢ ᠪᠣᠬᠢᠷ ᠤᠰᠤ ᠪᠤᠵᠠᠷ ᠰᠢᠪᠠᠷ᠂ ᠬᠠᠶᠠᠭᠳᠠᠮᠠᠯ ᠰᠢᠩᠭᠡᠨ ᠬᠠᠶᠠᠭᠳᠠᠮᠠᠯ ᠰᠢᠭ᠋ᠠᠷᠤ ᠵᠢᠨ ᠳᠤᠮᠳᠠᠬᠢ ᠰᠢᠨ᠎ᠡ ᠪᠣᠬᠢᠷᠲᠤᠯ ᠪᠣᠳᠠᠰ᠎ᠢ ᠵᠠᠰᠠᠬᠤ ᠵᠢᠱ᠌ᠢᠶ᠎ᠡ ᠦᠵᠡᠭᠦᠯᠬᠦ ᠮᠡᠷᠭᠡᠵᠢᠯ᠎ᠢ ᠳᠡᠯᠭᠡᠷᠡᠭᠦᠯᠦᠨ ᠬᠡᠷᠡᠭᠯᠡᠵᠦ᠂ ᠨᠦᠭᠦᠴᠡᠯ᠎ᠲᠠᠢ ᠠᠵᠤ ᠠᠬᠤᠢ᠍ᠢ᠍ᠯᠠᠯ᠎ᠤᠨ ᠤᠷᠢᠳ ᠵᠶ᠋ᠠᠷ ᠬᠡᠷᠡᠭᠵᠢᠭᠦᠯᠵᠦ ᠤᠷᠢᠳ ᠵᠶ᠋ᠠᠷ ᠲᠤᠷᠰᠢᠬᠤ ᠵᠢ ᠵᠣᠷᠢᠬ᠍ᠵᠢᠭᠤᠯᠵᠤ᠂ ᠰᠢᠨ᠎ᠡ ᠪᠣᠬᠢᠷᠲᠤᠯ ᠪᠣᠳᠠᠰ ᠡᠭᠦᠰᠭᠡᠬᠦ ᠪᠠ ᠭᠠᠳᠠᠭᠰᠢᠯᠠᠭᠤᠯᠬᠤ ᠵᠢ ᠪᠠᠭ᠋ᠠᠰᠬᠠᠨ᠎ᠠ᠃ (ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠬᠢᠴᠢᠯᠠᠯᠲᠠ ᠵᠢᠨ ᠲᠢᠩᠬᠢᠮ᠂ ᠠᠮᠢ ᠠᠬᠤᠢ ᠣᠷᠴᠢᠨ ᠲᠣᠭᠤᠷᠢᠨ᠎ᠤ ᠲᠢᠩᠬᠢᠮ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
       (ᠲᠠᠪᠤ) ᠴᠢᠳᠠᠪᠤᠷᠢ ᠵᠢᠨ ᠪᠠᠢ᠍ᠢ᠍ᠭᠤᠯᠤᠯᠲᠠ ᠵᠢ ᠴᠢᠩᠭ᠋ᠠᠳᠬᠠᠵᠤ᠂ ᠰᠢᠨ᠎ᠡ ᠪᠣᠬᠢᠷᠲᠤᠯ ᠪᠣᠳᠠᠰ᠎ᠢ ᠵᠠᠰᠠᠬᠤ ᠰᠠᠭᠤᠷᠢ᠎ᠪᠠᠨ ᠪᠠᠬᠢᠵᠢᠭᠦᠯᠦᠨ᠎ᠡ᠃
      1. ᠰᠢᠨ᠎ᠡ ᠪᠣᠬᠢᠷᠲᠤᠯ ᠪᠣᠳᠠᠰ᠎ᠤᠨ ᠮᠡᠷᠭᠡᠵᠢᠯ᠎ᠤᠨ ᠰᠤᠳᠤᠯᠭ᠋ᠠᠨ᠎ᠢ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠭᠤᠣᠯᠳᠠᠯᠭ᠎ᠠ᠎ᠲᠠᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ᠎ᠢ ᠤᠯᠠᠷᠢᠭᠤᠯᠬᠤ ᠲᠥᠯᠥᠪᠯᠡᠭᠡ᠎ᠳᠤ ᠲᠦᠰᠢᠭᠯᠡᠨ᠂ ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ ᠵᠢᠨ ᠮᠡᠷᠭᠡᠵᠢᠯ᠎ᠤᠨ ᠰᠤᠳᠤᠯᠭ᠋ᠠᠨ᠎ᠢ ᠥᠷᠨᠢᠭᠦᠯᠵᠦ᠂ ᠬᠤᠣᠷ ᠬᠥᠨᠥᠭᠡᠯ᠎ᠲᠠᠢ ᠰᠢᠨ᠎ᠡ ᠪᠣᠬᠢᠷᠲᠤᠯ ᠪᠣᠳᠠᠰ᠎ᠢ ᠬᠢᠨᠠᠨ ᠬᠡᠮᠵᠢᠵᠦ ᠵᠠᠳᠠᠯᠬᠤ᠂ ᠲᠦᠭᠰᠢᠭᠦᠷᠢ ᠵᠢ ᠦᠨᠡᠯᠡᠨ ᠵᠢᠱ᠌ᠢᠬᠦ᠂ ᠭᠠᠳᠠᠭᠰᠢᠯᠠᠭᠤᠯᠤᠯᠲᠠ ᠵᠢᠨ ᠤᠭ ᠦᠨᠳᠦᠰᠦ ᠵᠢ᠎ᠨᠢ ᠡᠷᠢᠬᠦ᠂ ᠪᠦᠲᠦᠮᠵᠢᠲᠡᠢ ᠠᠷᠢᠯᠭ᠋ᠠᠬᠤ ᠵᠡᠷᠭᠡ ᠮᠡᠷᠭᠡᠵᠢᠯ᠎ᠢ ᠰᠤᠳᠤᠯᠤᠨ ᠨᠡᠭᠡᠭᠡᠬᠦ ᠬᠢᠭᠡᠳ ᠦᠨᠡᠯᠡᠬᠦ᠎ᠳᠤ ᠳᠡᠮᠵᠢᠯᠭᠡ ᠦᠵᠡᠭᠦᠯᠦᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠬᠤ ᠬᠦᠴᠦᠯᠡᠴᠡ ᠵᠢ ᠨᠡᠮᠡᠭᠳᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠠᠮᠢ ᠠᠬᠤᠢ ᠣᠷᠴᠢᠨ ᠲᠣᠭᠤᠷᠢᠨ᠎ᠤ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
      2. ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ ᠵᠢᠨ ᠰᠠᠭᠤᠷᠢ ᠵᠢ ᠪᠠᠲᠤᠯᠠᠬᠤ ᠴᠢᠳᠠᠪᠤᠷᠢ ᠵᠢᠨ ᠪᠠᠢ᠍ᠢ᠍ᠭᠤᠯᠤᠯᠲᠠ ᠵᠢ ᠳᠡᠭᠡᠭᠰᠢᠯᠡᠭᠦᠯᠦᠨ᠎ᠡ᠃ ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ᠎ᠳᠤ ᠬᠢᠨᠠᠯᠲᠠ ᠲᠠᠯᠪᠢᠬᠤ᠂ ᠬᠠᠥᠯᠢ ᠬᠡᠷᠡᠭᠵᠢᠭᠦᠯᠬᠦ᠂ ᠬᠢᠨᠠᠨ ᠬᠡᠮᠵᠢᠬᠦ ᠴᠢᠳᠠᠪᠤᠷᠢ ᠵᠢᠨ ᠪᠠᠢ᠍ᠢ᠍ᠭᠤᠯᠤᠯᠲᠠ ᠵᠢ ᠴᠢᠩᠭ᠋ᠠᠳᠬᠠᠵᠤ᠂ ᠰᠢᠨ᠎ᠡ ᠪᠣᠬᠢᠷᠲᠤᠯ ᠪᠣᠳᠠᠰ᠎ᠤᠨ ᠣᠷᠴᠢᠨ ᠲᠣᠭᠤᠷᠢᠨ᠎ᠤ ᠬᠢᠨᠠᠨ ᠬᠡᠮᠵᠢᠯᠲᠡ ᠵᠢᠨ ᠬᠢᠷᠢ ᠭᠡᠮ ᠪᠣᠯᠣᠨ ᠲᠥᠬᠦᠭᠡᠷᠦᠮᠵᠢ ᠵᠢᠨ ᠪᠠᠢ᠍ᠢ᠍ᠭᠤᠯᠤᠯᠲᠠ ᠵᠢ ᠲᠡᠭᠦᠯᠳᠡᠷᠵᠢᠭᠦᠯᠵᠦ᠂ ᠰᠢᠨ᠎ᠡ ᠪᠣᠬᠢᠷᠲᠤᠯ ᠪᠣᠳᠠᠰ᠎ᠤᠨ ᠨᠡᠢ᠍ᠢ᠍ᠭᠡᠮᠴᠢᠯᠡᠭᠰᠡᠨ ᠬᠢᠨᠠᠨ ᠬᠡᠮᠵᠢᠯᠲᠡ ᠵᠢ ᠵᠣᠷᠢᠬ᠍ᠵᠢᠭᠤᠯᠵᠤ᠂ ᠬᠠᠮᠢᠶ᠎ᠠ ᠪᠦᠬᠦᠢ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠢ᠍ᠢ᠍ᠭᠤᠯᠤᠯᠲᠠ ᠪᠠ ᠲᠤᠰᠬᠠᠢ ᠵᠦᠢ᠍ᠯ᠎ᠤᠨ ᠪᠣᠯᠪᠠᠰᠤᠷᠠᠯ᠎ᠢ ᠥᠷᠨᠢᠭᠦᠯᠵᠦ᠂ ᠪᠥᠬᠦ ᠣᠷᠣᠨ᠎ᠤ ᠰᠢᠨ᠎ᠡ ᠪᠣᠬᠢᠷᠲᠤᠯ ᠪᠣᠳᠠᠰ᠎ᠤᠨ ᠣᠷᠴᠢᠨ ᠲᠣᠭᠤᠷᠢᠨ᠎ᠤ ᠬᠢᠨᠠᠨ ᠬᠡᠮᠵᠢᠯᠲᠡ ᠬᠢᠬᠦ ᠪᠠ ᠬᠢᠮᠢ ᠵᠢᠨ ᠪᠣᠳᠠᠰ᠎ᠤᠨ ᠣᠷᠴᠢᠨ ᠲᠣᠭᠤᠷᠢᠨ᠎ᠤ ᠲᠦᠭᠰᠢᠭᠦᠷᠢ ᠵᠢᠨ ᠦᠨᠡᠯᠡᠨ ᠵᠢᠱ᠌ᠢᠯᠲᠡ ᠵᠢᠨ ᠮᠡᠷᠭᠡᠵᠢᠯ᠎ᠤᠨ ᠲᠤᠯᠭ᠋ᠠᠭᠤᠷᠢᠯᠠᠨ ᠪᠠᠲᠤᠯᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃ ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ ᠵᠢᠨ ᠮᠡᠳᠡᠭᠡ ᠵᠠᠩᠭᠢᠴᠢᠯᠠᠯᠲᠠ ᠵᠢᠨ ᠬᠢᠷᠢ ᠲᠦᠪᠰᠢᠨ᠎ᠢ ᠴᠢᠩᠭ᠋ᠠᠷᠠᠭᠤᠯᠵᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠪᠣᠬᠢᠷᠲᠤᠯ ᠪᠣᠳᠠᠰ᠎ᠤᠨ ᠣᠷᠴᠢᠨ ᠲᠣᠭᠤᠷᠢᠨ᠎ᠤ ᠬᠠᠮᠢᠶᠠᠷᠤᠯᠲᠠ ᠵᠢᠨ ᠮᠡᠳᠡᠭᠡ ᠵᠠᠩᠬᠢ ᠵᠢᠨ ᠰᠢᠰᠲ᠋ᠧᠮ᠎ᠢ ᠲᠡᠭᠦᠯᠳᠡᠷᠵᠢᠭᠦᠯᠦᠨ᠎ᠡ᠃ ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ ᠵᠢᠨ ᠲᠤᠰᠬᠠᠢ ᠮᠡᠷᠭᠡᠵᠢᠯᠲᠡᠨ᠎ᠤ ᠬᠥᠮᠥᠷᠭᠡ ᠵᠢ ᠪᠠᠢ᠍ᠢ᠍ᠭᠤᠯᠵᠤ᠂ ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ ᠵᠢᠨ ᠮᠡᠷᠭᠡᠵᠢᠯ᠎ᠤᠨ ᠲᠤᠯᠭ᠋ᠠᠭᠤᠷᠢᠯᠠᠯ᠎ᠢ ᠴᠢᠩᠭ᠋ᠠᠷᠠᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠤᠷᠢᠨ᠎ᠤ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
       ᠭᠤᠷᠪᠠ᠂ ᠪᠠᠲᠤᠯᠠᠭ᠎ᠠ ᠵᠢᠨ ᠠᠷᠭ᠎ᠠ ᠬᠡᠮᠵᠢᠶ᠎ᠡ
       (ᠨᠢᠭᠡ) ᠰᠠᠯᠠᠭ᠎ᠠ ᠮᠥᠴᠢᠷ᠎ᠤᠨ ᠬᠠᠮᠵᠢᠯᠴᠠᠭ᠎ᠠ ᠵᠢ ᠴᠢᠩᠭ᠋ᠠᠳᠬᠠᠨ᠎ᠠ᠃ ᠥᠪᠡᠷᠲᠡᠭᠡᠨ ᠵᠠᠰᠠᠬᠤ ᠣᠷᠣᠨ ᠶᠡᠷᠦᠩᠬᠡᠢ ᠬᠠᠷᠢᠭᠤᠴᠠᠯᠭ᠎ᠠ ᠵᠢ ᠡᠭᠦᠷᠬᠡᠯᠡᠵᠦ᠂ ᠠᠢ᠍ᠢ᠍ᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ) ᠪᠣᠳᠠᠲᠠᠢ ᠨᠡᠢ᠍ᠢ᠍ᠳᠠᠪᠤᠷᠢᠵᠢᠭᠤᠯᠬᠤ ᠵᠠᠷᠴᠢᠮ ᠶᠣᠰᠣᠭ᠋ᠠᠷ᠂ ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ ᠵᠢᠨ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠵᠦ᠂ ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ ᠵᠢᠨ ᠬᠠᠷᠢᠶᠠᠲᠤ ᠭᠠᠵᠠᠷ᠎ᠤᠨ ᠬᠠᠷᠢᠭᠤᠴᠠᠯᠭ᠎ᠠ ᠵᠢ ᠪᠥᠬᠦ ᠲᠠᠯ᠎ᠠ᠎ᠪᠠᠷ ᠨᠡᠢ᠍ᠢ᠍ᠳᠠᠪᠤᠷᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠤᠷᠢᠨ᠎ᠤ ᠲᠢᠩᠬᠢᠮ᠎ᠨᠢ ᠲᠦᠷᠦᠭᠦᠯᠡᠨ ᠬᠠᠷᠢᠭᠤᠴᠠᠵᠤ ᠶᠡᠷᠦᠩᠬᠡᠢ᠍ᠢ᠍ᠯᠡᠨ ᠠᠳᠬᠤᠬᠤ ᠦᠢ᠍ᠯᠡᠳᠦᠯ᠎ᠢ ᠦᠨᠡᠨ ᠬᠦ᠌ ᠪᠠᠳᠠᠷᠠᠭᠤᠯᠵᠤ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ᠂ ᠡᠳ᠋᠎ᠤᠨ ᠵᠠᠰᠠᠭ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠍ᠢ᠍ᠭᠤᠯᠤᠯᠲᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ᠂ ᠭᠠᠢ᠍ᠢ᠍ᠯᠢ ᠵᠢᠨ ᠶᠠᠪᠤᠳᠠᠯ᠂ ᠪᠠᠩᠬᠢ ᠪᠠ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ᠂ ᠪᠣᠭᠤᠮᠲᠠ ᠵᠡᠷᠭᠡ ᠰᠠᠯᠠᠭ᠎ᠠ ᠮᠥᠴᠢᠷ ᠨᠢᠭᠡᠴᠢ ᠵᠢ ᠲᠣᠭᠲᠠᠭᠰᠠᠨ ᠬᠤᠭᠤᠴᠠᠭ᠎ᠠ᠎ᠲᠠᠢ᠎ᠪᠠᠷ ᠵᠣᠬᠢᠶᠠᠨ ᠪᠠᠢ᠍ᠢ᠍ᠭᠤᠯᠵᠤ ᠵᠥᠪᠳᠡᠯᠴᠡᠨ᠂ ᠪᠥᠬᠦ ᠣᠷᠣᠨ᠎ᠤ ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ ᠵᠢᠨ ᠠᠵᠢᠯ᠎ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠠᠵᠢᠯ᠎ᠤᠨ ᠳᠤᠮᠳᠠ ᠲᠤᠯᠭ᠋ᠠᠷᠠᠭᠰᠠᠨ ᠬᠦᠴᠢᠷ ᠪᠡᠷᠬᠡᠰᠢᠶᠡᠯ ᠪᠣᠯᠣᠨ ᠠᠰᠠᠭᠤᠳᠠᠯ᠎ᠢ ᠰᠤᠳᠤᠯᠤᠨ ᠰᠢᠢ᠍ᠳᠪᠦᠷᠢᠯᠡᠬᠦ ᠬᠡᠷᠡᠭᠲᠡᠢ᠃ ᠡᠯ᠎ᠡ ᠠᠢ᠍ᠢ᠍ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ 2023 ᠣᠨ᠎ᠤ 6 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠲᠣᠰ ᠭᠠᠵᠠᠷ ᠣᠷᠣᠨ᠎ᠤ᠎ᠪᠠᠨ ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ ᠵᠢᠨ ᠬᠡᠷᠡᠭᠵᠢᠭᠦᠯᠬᠦ ᠲᠥᠰᠥᠯ᠎ᠢ ᠲᠣᠭᠲᠠᠭ᠋ᠠᠨ ᠨᠡᠢ᠍ᠢ᠍ᠲᠡᠯᠡᠵᠦ᠂ ᠬᠠᠷᠠᠯᠲᠠ ᠡᠭᠦᠷᠭᠡ ᠵᠢ ᠨᠠᠷᠢᠯᠢᠬ᠍ᠵᠢᠭᠤᠯᠤᠨ ᠵᠠᠳᠠᠯᠵᠤ᠂ ᠰᠠᠯᠠᠭ᠎ᠠ ᠮᠥᠴᠢᠷ᠎ᠤᠨ ᠠᠵᠢᠯ᠎ᠤᠨ ᠬᠤᠪᠢᠶᠠᠷᠢᠯᠠᠯ᠎ᠢ ᠲᠣᠳᠣᠷᠬᠠᠶ᠋ᠢᠯᠠᠨ᠂ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠰᠠᠢ᠍ᠢ᠍ᠲᠤᠷ ᠠᠳᠬᠤᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠎ᠨᠢ ᠬᠤᠯᠪᠣᠭ᠋ᠠᠯᠠᠨ ᠪᠠᠢ᠍ᠢ᠍ᠴᠠᠭ᠋ᠠᠵᠤ ᠬᠠᠥᠯᠢ ᠬᠡᠷᠡᠭᠵᠢᠭᠦᠯᠬᠦ ᠵᠢ ᠥᠷᠨᠢᠭᠦᠯᠵᠦ᠂ ᠮᠡᠳᠡᠭᠡ ᠵᠠᠩᠬᠢ ᠵᠢ ᠬᠠᠮᠲᠤ᠎ᠪᠠᠷ ᠬᠦᠷᠲᠡᠬᠦ ᠵᠢ ᠪᠡᠶᠡᠯᠡᠭᠦᠯᠵᠦ᠂ ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ ᠵᠢᠨ ᠡᠯ᠎ᠡ ᠵᠦᠢ᠍ᠯ᠎ᠤᠨ ᠠᠵᠢᠯ᠎ᠢ ᠬᠦᠴᠦ᠎ᠪᠠᠨ ᠬᠠᠮᠲᠤᠳᠬᠠᠨ ᠰᠠᠢ᠍ᠢ᠍ᠲᠤᠷ ᠬᠢᠵᠦ᠂ 2025 ᠣᠨ᠎ᠳᠤ ᠲᠣᠰ ᠲᠥᠰᠥᠯ᠎ᠢ ᠬᠡᠷᠡᠭᠵᠢᠭᠦᠯᠦᠭᠰᠡᠨ ᠪᠠᠢ᠍ᠢ᠍ᠳᠠᠯ᠎ᠳᠤ ᠪᠥᠬᠦ ᠲᠠᠯ᠎ᠠ ᠵᠢᠨ ᠦᠨᠡᠯᠡᠨ ᠵᠢᠱ᠌ᠢᠯᠲᠡ ᠬᠢᠬᠦ ᠬᠡᠷᠡᠭᠲᠡᠢ᠃ ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ ᠵᠢᠨ ᠳᠤᠮᠳᠠ ᠣᠷᠣᠰᠢᠵᠤ ᠪᠠᠢ᠍ᠢ᠍ᠭ᠎ᠠ ᠠᠮᠢ ᠠᠬᠤᠢ ᠣᠷᠴᠢᠨ ᠲᠣᠭᠤᠷᠢᠨ᠎ᠤ ᠲᠣᠪᠦᠢ᠍ᠮ᠎ᠠ ᠠᠰᠠᠭᠤᠳᠠᠯ᠎ᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠢ᠍ᠢ᠍ᠴᠠᠭ᠋ᠠᠯᠲᠠ᠎ᠳᠤ ᠣᠷᠣᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠤᠷᠢᠨ᠎ᠤ ᠲᠢᠩᠬᠢᠮ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
       (ᠬᠤᠶᠠᠷ) ᠬᠢᠨᠠᠨ ᠬᠠᠮᠢᠶᠠᠷᠴᠤ ᠬᠠᠥᠯᠢ ᠬᠡᠷᠡᠭᠵᠢᠭᠦᠯᠬᠦ ᠵᠢ ᠴᠢᠩᠭ᠋ᠠᠳᠬᠠᠨ᠎ᠠ᠃ ᠠᠵᠤ ᠠᠬᠤᠢ᠍ᠢ᠍ᠯᠠᠯ᠎ᠤᠨ ᠭᠤᠣᠯ ᠴᠣᠭᠴᠠ ᠵᠢᠨ ᠬᠠᠷᠢᠭᠤᠴᠠᠯᠭ᠎ᠠ᠎ᠪᠠᠨ ᠨᠡᠢ᠍ᠢ᠍ᠳᠠᠪᠤᠷᠢᠵᠢᠭᠤᠯᠬᠤ ᠵᠢ ᠰᠢᠮᠳᠠᠭᠤᠯᠤᠨ᠂ ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ ᠵᠢᠨ ᠱᠠᠭ᠋ᠠᠷᠳᠠᠯᠭ᠎ᠠ ᠵᠢ ᠴᠢᠩᠭ᠎ᠠ ᠨᠡᠢ᠍ᠢ᠍ᠳᠠᠪᠤᠷᠢᠵᠢᠭᠤᠯᠤᠨ᠎ᠠ᠃ ᠡᠯ᠎ᠡ ᠰᠠᠯᠠᠭ᠎ᠠ ᠮᠥᠴᠢᠷ ᠨᠢᠭᠡᠴᠢ᠎ᠨᠢ ᠬᠢᠨᠠᠨ ᠬᠠᠮᠢᠶᠠᠷᠴᠤ ᠬᠠᠥᠯᠢ ᠬᠡᠷᠡᠭᠵᠢᠭᠦᠯᠬᠦ ᠮᠡᠳᠡᠭᠡ ᠵᠠᠩᠬᠢ ᠵᠢᠨ ᠨᠡᠪᠲᠡᠷᠡᠭᠦᠯᠦᠨ ᠮᠡᠳᠡᠭᠡᠯᠡᠬᠦ ᠲᠣᠭᠲᠠᠴᠠ ᠵᠢ ᠪᠠᠢ᠍ᠢ᠍ᠭᠤᠯᠵᠤ᠂ ᠮᠡᠳᠡᠭᠡ ᠵᠠᠩᠬᠢ ᠵᠢᠨ ᠬᠠᠷᠢᠯᠴᠠᠨ ᠨᠡᠪᠲᠡᠷᠡᠯᠴᠡᠵᠦ ᠬᠠᠮᠲᠤ᠎ᠪᠠᠷ ᠬᠦᠷᠲᠡᠬᠦ ᠵᠢ ᠴᠢᠩᠭ᠋ᠠᠷᠠᠭᠤᠯᠵᠤ᠂ ᠭᠤᠣᠯᠳᠠᠯᠭ᠎ᠠ᠎ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ ᠵᠢᠨ ᠬᠠᠤᠯᠢ ᠬᠡᠷᠡᠭᠵᠢᠭᠦᠯᠬᠦ ᠬᠢᠨᠡᠨ ᠬᠡᠮᠵᠢᠯᠲᠡ ᠪᠣᠯᠣᠨ ᠭᠤᠣᠯᠳᠠᠯᠭ᠎ᠠ᠎ᠲᠠᠢ ᠣᠷᠣᠨ ᠪᠦᠰᠡ ᠵᠢᠨ ᠣᠷᠴᠢᠨ ᠲᠣᠭᠤᠷᠢᠨ᠎ᠤ ᠬᠢᠨᠠᠨ ᠬᠡᠮᠵᠢᠯᠲᠡ ᠵᠢ ᠴᠢᠩᠭ᠋ᠠᠳᠬᠠᠬᠤ ᠬᠡᠷᠡᠭᠲᠡᠢ᠃ ᠭᠤᠣᠯᠳᠠᠯᠭ᠎ᠠ᠎ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ᠎ᠲᠤ ᠬᠤᠯᠪᠣᠭᠳᠠᠬᠤ ᠠᠵᠤ ᠠᠬᠤᠢ᠍ᠢ᠍ᠯᠠᠯ ᠠᠵᠢᠯ ᠦᠢ᠍ᠯᠡᠰ᠎ᠤᠨ ᠨᠢᠭᠡᠴᠢ᠎ᠳᠤ ᠬᠠᠤᠯᠢ ᠶᠣᠰᠣᠭ᠋ᠠᠷ ᠲᠤᠬᠠᠢ ᠵᠢᠨ ᠲᠠᠯᠠᠪᠤᠷ᠎ᠤᠨ ᠪᠠᠢ᠍ᠢ᠍ᠴᠠᠭ᠋ᠠᠯᠲᠠ ᠵᠢ ᠥᠷᠨᠢᠭᠦᠯᠵᠦ᠂ ᠣᠷᠴᠢᠨ ᠲᠣᠭᠤᠷᠢᠨ᠎ᠤ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠲᠣᠭᠲᠠᠭ᠋ᠠᠯ ᠶᠣᠰᠣᠭ᠋ᠠᠷ ᠨᠡᠢ᠍ᠢ᠍ᠳᠠᠪᠤᠷᠢᠵᠢᠭᠤᠯᠤᠭᠰᠠᠨ ᠦᠭᠡᠢ ᠠᠵᠤ ᠠᠬᠤᠢ᠍ᠢ᠍ᠯᠠᠯ᠎ᠳᠤ ᠬᠢᠨᠠᠯᠲᠠ ᠲᠠᠯᠪᠢᠵᠤ ᠬᠠᠥᠯᠢ ᠬᠡᠷᠡᠭᠵᠢᠭᠦᠯᠬᠦ ᠡᠷᠴᠢᠮ ᠵᠶ᠋ᠠᠨ ᠴᠢᠩᠭ᠋ᠠᠷᠠᠭᠤᠯᠤᠨ᠎ᠠ᠃ ᠴᠠᠭ᠋ᠠᠵᠠᠯᠠᠬᠤ ᠪᠤᠶᠤ ᠬᠢᠵᠠᠭ᠋ᠠᠷᠯᠠᠬᠤ ᠲᠥᠷᠥᠯ᠎ᠤᠨ ᠬᠤᠣᠷ ᠬᠥᠨᠥᠭᠡᠯ᠎ᠲᠠᠢ ᠬᠢᠮᠢ ᠵᠢᠨ ᠪᠣᠳᠠᠰ ᠵᠢᠴᠢ ᠬᠠᠮᠢᠶ᠎ᠠ ᠪᠦᠬᠦᠢ ᠦᠢ᠍ᠯᠡᠳᠭᠦᠨ᠎ᠢ ᠦᠢ᠍ᠯᠡᠳᠪᠦᠷᠢᠯᠡᠬᠦ᠂ ᠡᠳ᠋ᠰᠢᠭᠦᠯᠦᠨ ᠪᠣᠯᠪᠠᠰᠤᠷᠠᠭᠤᠯᠵᠤ ᠬᠡᠷᠡᠭᠯᠡᠬᠦ᠂ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ᠎ᠳᠤ ᠬᠢᠨᠠᠯᠲᠠ ᠲᠠᠯᠪᠢᠵᠤ ᠬᠠᠥᠯᠢ ᠬᠡᠷᠡᠭᠵᠢᠭᠦᠯᠬᠦ ᠵᠢ ᠴᠢᠩᠭ᠋ᠠᠳᠬᠠᠨ᠎ᠠ᠃ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠤᠷᠢᠨ᠎ᠤ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
       (ᠭᠤᠷᠪᠠ) ᠪᠡᠯᠡ ᠮᠥᠩᠭᠦᠨ᠎ᠤ ᠣᠷᠤᠭᠤᠯᠤᠯᠲᠠ ᠵᠢ ᠨᠡᠮᠡᠭᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠪᠠ ᠡᠯ᠎ᠡ ᠠᠢ᠍ᠢ᠍ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠡᠳ᠋᠎ᠤᠨ ᠵᠠᠰᠠᠭ᠎ᠤᠨ ᠪᠡᠯᠡ ᠮᠥᠩᠭᠦ ᠵᠢ ᠨᠢᠭᠡᠳᠦᠯᠲᠡᠢ ᠲᠥᠯᠥᠪᠯᠡᠵᠦ᠂ ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ ᠵᠢᠨ ᠵᠠᠷᠤᠳᠠᠯ᠎ᠤᠨ ᠪᠠᠲᠤᠯᠠᠭ᠎ᠠ ᠵᠢ ᠴᠢᠩᠭ᠋ᠠᠳᠬᠠᠵᠤ᠂ ᠰᠢᠨ᠎ᠡ ᠪᠣᠬᠢᠷᠲᠤᠯ ᠪᠣᠳᠠᠰ᠎ᠤᠨ ᠪᠠᠶ᠋ᠢᠴᠠᠭ᠋ᠠᠵᠤ ᠬᠢᠨᠠᠨ ᠬᠡᠮᠵᠢᠬᠦ᠂ ᠰᠢᠭᠰᠢᠨ ᠪᠠᠢ᠍ᠢ᠍ᠴᠠᠭ᠋ᠠᠵᠤ ᠦᠨᠡᠯᠡᠨ ᠵᠢᠱ᠌ᠢᠬᠦ᠂ ᠲᠤᠷᠰᠢᠯᠲᠠ ᠵᠢᠨ ᠴᠡᠭ ᠪᠠᠢ᠍ᠢ᠍ᠭᠤᠯᠵᠤ ᠵᠢᠱ᠌ᠢᠶ᠎ᠡ ᠦᠵᠡᠭᠦᠯᠬᠦ᠂ ᠬᠠᠮᠢᠶᠠᠷᠤᠨ ᠡᠵᠡᠮᠳᠡᠵᠦ ᠵᠠᠰᠠᠬᠤ ᠵᠡᠷᠭᠡ ᠠᠵᠢᠯ ᠥᠷᠨᠢᠭᠦᠯᠬᠦ ᠵᠢ ᠳᠡᠮᠵᠢᠵᠦ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠲᠤᠰᠬᠠᠢ ᠵᠦᠢ᠍ᠯ᠎ᠤᠨ ᠪᠡᠯᠡ ᠮᠥᠩᠭᠦ᠂ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠣᠷᠤᠭᠤᠯᠤᠯᠲᠠ᠎ᠪᠠᠷ ᠬᠦᠲᠦᠯᠦᠮᠵᠢ ᠪᠣᠯᠭ᠋ᠠᠭᠰᠠᠨ ᠣᠯᠠᠨ ᠡᠰᠢᠵᠢᠭᠰᠡᠨ ᠪᠡᠯᠡ ᠮᠥᠩᠭᠦᠨ᠎ᠤ ᠪᠠᠲᠤᠯᠠᠭ᠎ᠠ ᠵᠢᠨ ᠳᠦᠷᠢᠮ᠎ᠢ ᠪᠠᠶ᠋ᠢᠭᠤᠯᠬᠤ ᠬᠡᠷᠡᠭᠲᠡᠢ᠃ ᠪᠡᠯᠡ ᠮᠥᠩᠭᠦᠨ᠎ᠤ ᠣᠷᠤᠭᠤᠯᠤᠯᠲᠠ ᠵᠢᠨ ᠠᠷᠭ᠎ᠠ ᠵᠠᠮ᠎ᠢ ᠥᠷᠭᠡᠳᠬᠡᠵᠦ᠂ ᠨᠡᠩ ᠣᠯᠠᠨ ᠨᠡᠢ᠍ᠢ᠍ᠭᠡᠮ᠂ ᠮᠥᠩᠭᠦᠨ ᠭᠦᠢ᠍ᠯᠭᠡᠭᠡᠨ᠎ᠤ ᠬᠥᠷᠥᠩᠭᠡ ᠵᠢ ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ ᠵᠢᠨ ᠬᠦᠷᠢᠶᠡᠨ᠎ᠳᠤ ᠣᠷᠣᠭᠤᠯᠬᠤ᠎ᠪᠠᠷ ᠵᠢᠯᠣᠭᠤᠳᠬᠤ ᠪᠠ ᠵᠣᠷᠢᠬ᠍ᠵᠢᠭᠤᠯᠤᠨ᠎ᠠ᠃ ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ᠎ᠨᠢ ᠲᠣᠭᠲᠠᠭ᠋ᠠᠯ ᠶᠣᠰᠣᠭ᠋ᠠᠷ ᠭᠠᠢ᠍ᠢ᠍ᠯᠢ ᠲᠠᠲᠠᠪᠤᠷᠢ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠬᠦᠷᠲᠡᠨ᠎ᠡ᠃ (ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠥᠪᠥᠷ ᠮᠣᠩᠭᠤᠯ᠎ᠤᠨ ᠭᠠᠢ᠍ᠢ᠍ᠯᠢ ᠵᠢᠨ ᠶᠠᠪᠤᠳᠠᠯ᠎ᠤᠨ ᠲᠣᠪᠴᠢᠶ᠎ᠠ᠂ ᠥᠪᠥᠷ ᠮᠣᠩᠭᠤᠯ᠎ᠤᠨ ᠪᠠᠩᠬᠢ ᠪᠠ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
       (ᠳᠥᠷᠪᠡ) ᠤᠬᠠᠭᠤᠯᠤᠨ ᠵᠢᠯᠣᠭᠤᠳᠬᠤ ᠵᠢ ᠴᠢᠩᠭ᠋ᠠᠳᠬᠠᠨ᠎ᠠ᠃ ᠬᠠᠥᠯᠢ ᠴᠠᠭ᠋ᠠᠵᠠ ᠬᠠᠤᠯᠢ ᠲᠣᠭᠲᠠᠭ᠋ᠠᠯ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠢ᠍ᠢ᠍ᠯᠪᠤᠷᠢᠯᠠᠬᠤ ᠵᠢ ᠴᠢᠩᠭ᠋ᠠᠳᠬᠠᠨ᠎ᠠ᠃ ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠬᠠᠭᠤᠯᠭ᠎ᠠ ᠬᠥᠮᠥᠵᠢᠯ᠎ᠢ ᠥᠷᠭᠡᠨ ᠵᠶ᠋ᠠᠷ ᠥᠷᠨᠢᠭᠦᠯᠵᠦ᠂ ᠣᠯᠠᠨ ᠨᠡᠢ᠍ᠢ᠍ᠲᠡ ᠵᠢᠨ ᠰᠢᠨ᠎ᠡ ᠪᠣᠬᠢᠷᠲᠤᠯ ᠪᠣᠳᠠᠰ᠎ᠤᠨ ᠣᠷᠴᠢᠨ ᠲᠣᠭᠤᠷᠢᠨ᠎ᠢ ᠮᠠᠭᠤᠳᠠᠭᠤᠯᠬᠤ ᠪᠠ ᠡᠷᠡᠭᠦᠯ ᠮᠡᠨᠳᠦ ᠵᠢ ᠬᠤᠬᠢᠷᠠᠭᠤᠯᠬᠤ ᠲᠤᠬᠠᠢ ᠰᠢᠨᠵᠢᠯᠡᠬᠦ ᠤᠬᠠᠭ᠋ᠠᠨᠴᠢ ᠲᠠᠨᠢᠯᠲᠠ ᠵᠢ᠎ᠨᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠣᠬᠢᠷᠲᠤᠯ ᠦᠭᠡᠢ ᠬᠡᠷᠡᠭᠯᠡᠭᠡᠨ᠎ᠤ ᠣᠨᠣᠯᠵᠢᠬᠤᠨ᠎ᠢ᠎ᠨᠢ ᠴᠢᠩᠭ᠋ᠠᠷᠠᠭᠤᠯᠤᠨ᠎ᠠ᠃ ᠣᠯᠠᠨ ᠨᠡᠢ᠍ᠢ᠍ᠲᠡ ᠵᠢᠨ ᠣᠯᠠᠨ ᠵᠦᠢ᠍ᠯ᠎ᠤᠨ ᠠᠷᠭ᠎ᠠ ᠵᠠᠮ ᠵᠶ᠋ᠠᠷ ᠳᠠᠮᠵᠢᠭᠤᠯᠤᠨ ᠰᠢᠨ᠎ᠡ ᠪᠣᠬᠢᠷᠲᠤᠯ ᠪᠣᠳᠠᠰ᠎ᠲᠤ ᠬᠤᠯᠪᠣᠭᠳᠠᠬᠤ ᠣᠷᠴᠢᠨ ᠲᠣᠭᠤᠷᠢᠨ᠎ᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠢᠯᠡᠴᠢᠯᠡᠨ ᠮᠡᠳᠡᠭᠦᠯᠬᠦ ᠵᠢ᠎ᠨᠢ ᠵᠣᠷᠢᠬ᠍ᠵᠢᠭᠤᠯᠵᠤ᠂ ᠨᠡᠢ᠍ᠢ᠍ᠭᠡᠮ᠎ᠤᠨ ᠶᠠᠷᠢᠶ᠎ᠠ ᠬᠡᠯᠡᠯᠴᠡᠭᠡᠨ᠎ᠤ ᠬᠢᠨᠠᠯᠲᠠ ᠲᠠᠯᠪᠢᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠃ ᠬᠢᠮᠢ ᠵᠢᠨ ᠪᠣᠳᠠᠰ᠎ᠤᠨ ᠣᠷᠴᠢᠨ ᠲᠣᠭᠤᠷᠢᠨ᠎ᠤ ᠣᠯᠠᠨ ᠤᠯᠤᠰ᠎ᠤᠨ ᠨᠡᠢ᠍ᠢ᠍ᠲᠡ ᠵᠢᠨ ᠭᠡᠷ᠎ᠡ ᠭᠦᠢ᠍ᠴᠡᠳᠭᠡᠬᠦ ᠠᠵᠢᠯᠯᠠᠭ᠎ᠠ ᠪᠠ ᠤᠬᠠᠭᠤᠯᠬᠤ ᠠᠵᠢᠯᠯᠠᠭ᠎ᠠ᠎ᠳᠤ ᠢᠳᠡᠪᠬᠢᠲᠡᠢ ᠣᠷᠣᠯᠴᠠᠨ᠂ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠭᠡᠷ᠎ᠡ ᠭᠦᠢ᠍ᠴᠠᠳᠭᠡᠬᠦ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠤᠷᠢᠨ᠎ᠤ ᠲᠢᠩᠬᠢᠮ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
   

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ