ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ᠎ᠤᠨ 《ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠬᠢᠭᠡᠳ ᠪᠠᠶᠠᠨᠨᠠᠭᠤᠷ ᠬᠤᠲᠠ ᠵᠢᠨ ᠠᠵᠢᠯᠴᠢᠨ᠎ᠤ ᠶᠡᠷᠦᠩᠬᠡᠢ ᠡᠪᠯᠡᠯ᠎ᠤᠨ ᠬᠠᠮᠲᠤᠷᠠᠭᠰᠠᠨ ᠬᠤᠷᠠᠯ᠎ᠤᠨ ᠠᠵᠢᠯ᠎ᠤᠨ ᠳᠦᠷᠢᠮ》᠎ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2024-07-17
ᠡᠯ᠎ᠡ ᠬᠤᠰᠢᠭᠤ ᠰᠢᠶᠠᠨ ᠲᠣᠭᠤᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠪᠠᠶᠠᠨᠨᠠᠭᠤᠷ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠤᠷᠢᠭ᠎ᠤᠨ ᠬᠠᠮᠢᠶᠠᠷᠤᠯᠲᠠ ᠵᠢᠨ ᠵᠥᠪᠯᠡᠯ᠂ ᠭᠠᠭᠴᠠᠮᠣᠳᠣ ᠪᠣᠭᠤᠮᠲᠠ ᠵᠢᠨ ᠬᠠᠮᠢᠶᠠᠷᠤᠯᠲᠠ ᠵᠢᠨ ᠵᠥᠪᠯᠡᠯ᠂ ᠪᠠᠶᠠᠨᠨᠠᠭᠤᠷ᠎ᠤᠨ ᠤᠯᠤᠰ᠎ᠤᠨ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠲᠣᠭᠤᠷᠢᠭ᠎ᠤᠨ ᠬᠠᠮᠢᠶᠠᠷᠤᠯᠲᠠ (ᠪᠡᠯᠡᠳᠬᠡᠭᠰᠡᠨ) ᠵᠢᠨ ᠵᠥᠪᠯᠡᠯ᠂ ᠬᠤᠳᠠ ᠵᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠳᠠ᠎ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ᠎ᠳᠤ᠄
《ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠬᠢᠭᠡᠳ ᠪᠠᠶᠠᠨᠨᠠᠭᠤᠷ ᠬᠤᠲᠠ ᠵᠢᠨ ᠠᠵᠢᠯᠴᠢᠨ᠎ᠤ ᠶᠡᠷᠦᠩᠬᠡᠢ ᠡᠪᠯᠡᠯ᠎ᠤᠨ ᠬᠠᠮᠲᠤᠷᠠᠭᠰᠠᠨ ᠬᠤᠷᠠᠯ᠎ᠤᠨ ᠠᠵᠢᠯ᠎ᠤᠨ ᠳᠦᠷᠢᠮ》᠎ᠢ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠲᠤᠭ᠋ᠠᠢ᠃
ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ
2024 ᠣᠨ᠎ᠤ 3 ᠰᠠᠷ᠎ᠠ ᠵᠢᠨ 26᠎ᠤ ᠡᠳᠦᠷ
(ᠲᠣᠰ ᠮᠠᠲ᠋ᠧᠷᠢᠶᠠᠯ᠎ᠢ ᠢᠯᠡ᠎ᠪᠠᠷ ᠨᠡᠶ᠋ᠢᠲᠡᠯᠡᠪᠡ)
ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠬᠢᠭᠡᠳ ᠪᠠᠶᠠᠨᠨᠠᠭᠤᠷ ᠬᠤᠲᠠ ᠵᠢᠨ ᠠᠵᠢᠯᠴᠢᠨ᠎ᠤ ᠶᠡᠷᠦᠩᠬᠡᠢ ᠡᠪᠯᠡᠯ᠎ᠤᠨ ᠬᠠᠮᠲᠤᠷᠠᠭᠰᠠᠨ ᠬᠤᠷᠠᠯᠳᠤᠭ᠋ᠠᠨ᠎ᠤ ᠠᠵᠢᠯ᠎ᠤᠨ ᠳᠦᠷᠢᠮ
ᠨᠢᠭᠡᠳᠦᠭᠡᠷ ᠵᠦᠢ᠍ᠯ ᠠᠷᠠᠳ᠎ᠤᠨ ᠵᠠᠰᠠᠭ᠎ᠤᠨ ᠣᠷᠳᠣᠨ ᠬᠢᠭᠡᠳ ᠠᠳᠠᠯᠢ ᠱᠠᠲᠤᠨ᠎ᠤ ᠠᠵᠢᠯᠴᠢᠨ᠎ᠤ ᠡᠪᠯᠡᠯ᠎ᠤᠨ ᠬᠠᠮᠲᠤᠷᠠᠭᠰᠠᠨ ᠬᠤᠷᠠᠯ᠎ᠤᠨ ᠳᠦᠷᠢᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠵᠢᠨ ᠲᠤᠰᠠᠳᠠ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠬᠠᠮᠲᠤᠷᠠᠭᠰᠠᠨ ᠬᠤᠷᠠᠯ᠎ᠤᠨ ᠠᠵᠢᠯ᠎ᠤᠨ ᠳᠦᠷᠢᠮ》᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠲᠤᠰ ᠳᠦᠷᠢᠮ᠎ᠢ ᠲᠣᠭᠲᠠᠭ᠋ᠠᠪᠠ᠃
ᠬᠤᠶᠠᠳᠤᠭ᠋ᠠᠷ ᠵᠦᠢ᠍ᠯ ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠬᠢᠭᠡᠳ ᠪᠠᠶᠠᠨᠨᠠᠭᠤᠷ ᠬᠤᠲᠠ ᠵᠢᠨ ᠠᠵᠢᠯᠴᠢᠨ᠎ᠤ ᠶᠡᠷᠦᠩᠬᠡᠢ ᠡᠪᠯᠡᠯ᠎ᠤᠨ ᠬᠠᠮᠲᠤᠷᠠᠭᠰᠠᠨ ᠬᠤᠷᠠᠯ (ᠳᠣᠷᠣᠭᠰᠢ ᠬᠠᠮᠲᠤᠷᠠᠭᠰᠠᠨ ᠬᠤᠷᠠᠯ ᠭᠡᠵᠦ ᠲᠣᠪᠴᠢᠯᠠᠨ᠎ᠠ)᠎ᠨᠢ ᠰᠢ᠎ᠵᠢᠨ᠎ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠤ᠂ ᠰᠢ᠎ᠵᠢᠨ᠎ᠫᠢᠩ ᠶᠡᠷᠦᠩᠬᠡᠢ ᠱᠦᠵᠢ ᠵᠢᠨ ᠠᠵᠢᠯᠴᠢᠨ ᠠᠩᠭᠢ ᠪᠣᠯᠣᠨ ᠠᠵᠢᠯᠴᠢᠨ᠎ᠤ ᠡᠪᠯᠡᠯ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠪᠦᠬᠦ ᠰᠡᠳᠬᠢᠯ ᠪᠦᠬᠦ ᠵᠣᠷᠢᠭ ᠵᠶ᠋ᠠᠷ ᠵᠶ᠋ᠠᠨ ᠠᠵᠢᠯᠴᠢᠨ ᠠᠩᠭᠢ᠎ᠳᠤ ᠲᠦᠰᠢᠭᠯᠡᠬᠦ ᠦᠨᠳᠦᠰᠦᠨ ᠴᠢᠭᠯᠡᠯᠲᠡ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠤᠣᠯ ᠰᠢᠵᠢᠮ ᠪᠣᠯᠭ᠋ᠠᠵᠤ᠂ ᠠᠵᠢᠯᠴᠢᠨ᠎ᠤ ᠡᠪᠯᠡᠯ᠎ᠤᠨ ᠵᠣᠬᠢᠶᠠᠨ ᠪᠠᠶ᠋ᠢᠭᠤᠯᠤᠯᠲᠠ ᠵᠢᠨ ᠬᠥᠭᠦᠷᠭᠡ ᠬᠤᠯᠪᠣᠭ᠋ᠠᠰᠤ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠠᠵᠢᠯᠲᠠᠨ ᠠᠵᠢᠯᠴᠢᠨ᠎ᠤ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠬᠠᠮᠠᠭ᠋ᠠᠯᠠᠵᠤ᠂ ᠡᠶ᠎ᠡ ᠵᠣᠬᠢᠴᠠᠯ᠎ᠲᠠᠢ ᠬᠥᠳᠡᠯᠮᠦᠷᠢ ᠵᠢᠨ ᠬᠠᠷᠢᠴᠠᠭ᠎ᠠ ᠵᠢ ᠪᠠᠶ᠋ᠢᠭᠤᠯᠵᠤ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠲᠦᠯᠬᠢᠨ ᠠᠬᠢᠭᠤᠯᠤᠨ᠎ᠠ᠃
ᠭᠤᠷᠪᠠᠳᠤᠭ᠋ᠠᠷ ᠵᠦᠢ᠍ᠯ ᠬᠠᠮᠲᠤᠷᠠᠭᠰᠠᠨ ᠬᠤᠷᠠᠯᠳᠤᠭ᠋ᠠᠨ᠎ᠤ ᠭᠤᠣᠯ ᠡᠭᠦᠷᠭᠡ ᠪᠣᠯ ᠠᠷᠠᠳ᠎ᠤᠨ ᠵᠠᠰᠠᠭ᠎ᠤᠨ ᠣᠷᠳᠣᠨ ᠪᠣᠯᠣᠨ ᠬᠤᠳᠠ ᠵᠢᠨ ᠠᠵᠢᠯᠴᠢᠨ᠎ᠤ ᠶᠡᠷᠦᠩᠬᠡᠢ ᠡᠪᠯᠡᠯ ᠪᠠᠶ᠋ᠢᠳᠠᠯ ᠵᠶ᠋ᠠᠨ ᠬᠠᠷᠢᠯᠴᠠᠨ ᠨᠡᠪᠲᠡᠷᠡᠯᠴᠡᠵᠦ᠂ ᠣᠷᠣᠨ ᠨᠤᠲᠤᠭ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ᠂ ᠠᠵᠢᠯᠴᠢᠨ ᠠᠩᠭᠢ ᠪᠣᠯᠣᠨ ᠠᠵᠢᠯᠴᠢᠨ᠎ᠤ ᠡᠪᠯᠡᠯ᠎ᠤᠨ ᠠᠵᠢᠯ ᠵᠡᠷᠭᠡ ᠲᠠᠯ᠎ᠠ᠎ᠳᠤ ᠬᠤᠯᠪᠣᠭᠳᠠᠬᠤ ᠴᠢᠬᠤᠯᠠ ᠶᠡᠭᠡ ᠠᠰᠠᠭᠤᠳᠠᠯ᠎ᠢ ᠬᠠᠮᠲᠤ᠎ᠪᠠᠷ ᠰᠤᠳᠤᠯᠵᠤ᠂ ᠵᠥᠪᠳᠡᠯᠴᠡᠨ ᠰᠢᠢ᠍ᠳᠪᠦᠷᠢᠯᠡᠬᠦ ᠶᠠᠪᠤᠳᠠᠯ ᠪᠣᠯᠣᠨ᠎ᠠ᠃ ᠡᠭᠦᠨ᠎ᠳᠤ ᠭᠤᠣᠯᠳᠠᠭᠤ ᠳᠣᠣᠷᠠᠬᠢ ᠠᠭᠤᠯᠭ᠎ᠠ᠎ᠨᠤᠭᠤᠳ ᠪᠠᠭᠲᠠᠨ᠎ᠠ᠄
(ᠨᠢᠭᠡ) ᠳᠡᠭᠡᠷ᠎ᠡ ᠤᠳᠠᠭ᠋ᠠᠨ᠎ᠤ ᠬᠠᠮᠲᠤᠷᠠᠭᠰᠠᠨ ᠬᠤᠷᠠᠯ᠎ᠤᠨ ᠵᠥᠪᠯᠡᠬᠦ ᠰᠡᠳᠦᠪ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠨᠠᠪᠲᠠᠷᠡᠭᠦᠯᠵᠦ᠂ ᠨᠠᠶ᠋ᠢᠳᠠᠪᠤᠷᠢᠵᠢᠭᠤᠯᠤᠭ᠋ᠠᠳᠤᠢ ᠵᠦᠢ᠍ᠯᠡᠰ᠎ᠲᠤ ᠲᠣᠳᠣᠷᠬᠠᠶ᠋ᠢᠯᠠᠯᠲᠠ ᠬᠢᠬᠦ ᠵᠢᠨ ᠬᠠᠮᠲᠤ ᠰᠠᠨᠠᠯ ᠵᠶ᠋ᠠᠨ ᠳᠤᠷᠠᠳᠴᠤ᠂ ᠪᠡᠶᠡᠯᠡᠭᠦᠯᠬᠦ ᠴᠠᠭ᠎ᠤᠨ ᠬᠢᠵᠠᠭ᠋ᠠᠷ᠎ᠢ ᠲᠣᠳᠣᠷᠬᠠᠶ᠋ᠢᠯᠠᠨ᠎ᠠ᠃
(ᠬᠤᠶᠠᠷ) ᠤᠯᠤᠰ ᠠᠷᠠᠳ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠲᠥᠯᠦᠪᠵᠢᠭᠦᠯᠭᠡ᠂ ᠵᠠᠰᠠᠭ᠎ᠤᠨ ᠣᠷᠳᠣᠨ᠎ᠤ ᠠᠵᠢᠯ᠎ᠤᠨ ᠳᠤᠮᠳᠠᠬᠢ ᠠᠵᠢᠯᠲᠠᠨ ᠠᠵᠢᠯᠴᠢᠨ᠎ᠤ ᠠᠰᠢᠭ ᠲᠤᠰᠠ᠎ᠳᠤ ᠬᠤᠯᠪᠣᠭᠳᠠᠭᠰᠠᠨ ᠬᠤᠯᠪᠣᠭᠳᠠᠯ ᠪᠦᠬᠦᠢ ᠲᠦᠷᠦ ᠵᠢᠨ ᠪᠣᠳᠣᠯᠭ᠎ᠠ ᠠᠷᠭ᠎ᠠ ᠬᠡᠮᠵᠢᠶ᠎ᠡ ᠵᠢᠨ ᠪᠠᠶ᠋ᠢᠳᠠᠯ᠎ᠢ ᠵᠠᠷᠯᠠᠨ ᠮᠡᠳᠡᠭᠳᠡᠨ᠎ᠡ; ᠠᠵᠢᠯᠴᠢᠨ᠎ᠤ ᠡᠪᠯᠡᠯ᠎ᠤᠨ ᠭᠤᠣᠯᠳᠠᠯᠭ᠎ᠠ ᠵᠢᠨ ᠲᠣᠭᠤᠷᠢᠨ᠎ᠳᠤ᠂ ᠶᠡᠭᠡ ᠲᠠᠯ᠎ᠠ᠎ᠳᠤ ᠦᠢ᠍ᠯᠡᠴᠢᠯᠡᠵᠦ᠂ ᠠᠵᠢᠯᠲᠠᠨ ᠠᠵᠢᠯᠴᠢᠨ᠎ᠳᠤ ᠦᠢ᠍ᠯᠡᠴᠢᠯᠡᠭᠰᠡᠨ ᠴᠢᠬᠤᠯᠠ ᠠᠷᠭ᠎ᠠ ᠬᠡᠮᠵᠢᠶ᠎ᠡ ᠵᠡᠷᠭᠡ ᠪᠠᠶ᠋ᠢᠳᠠᠯ᠎ᠢ ᠵᠠᠷᠯᠠᠨ ᠮᠡᠳᠡᠭᠳᠡᠨ᠎ᠡ᠃
(ᠭᠤᠷᠪᠠ) ᠥᠷᠭᠡᠨ ᠣᠯᠠᠨ ᠠᠵᠢᠯᠲᠠᠨ ᠠᠵᠢᠯᠴᠢᠨ᠎ᠢ ᠵᠣᠬᠢᠶᠠᠨ ᠪᠠᠶ᠋ᠢᠭᠤᠯᠤᠨ ᠳᠠᠶ᠋ᠢᠴᠢᠯᠠᠵᠤ ᠪᠠᠶ᠋ᠢᠭ᠋ᠠᠳ ᠰᠢ᠎ᠵᠢᠨ᠎ᠫᠢᠩ ᠶᠡᠷᠦᠩᠬᠡᠢ ᠱᠦᠵᠢ ᠵᠢᠨ ᠥᠪᠥᠷ ᠮᠣᠩᠭᠤᠯ᠎ᠳᠤ ᠲᠤᠰᠢᠶᠠᠭᠰᠠᠨ ᠲᠠᠪᠤᠨ ᠶᠡᠭᠡ ᠡᠭᠦᠷᠭᠡ ᠵᠢ ᠰᠠᠶ᠋ᠢᠲᠤᠷ ᠪᠡᠶᠡᠯᠡᠭᠦᠯᠬᠦ ᠪᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠥᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠬᠤᠶᠠᠷ ᠶᠡᠭᠡ ᠶᠠᠪᠤᠳᠠᠯ᠎ᠢ ᠰᠠᠶ᠋ᠢᠲᠤᠷ ᠪᠡᠶᠡᠯᠡᠭᠦᠯᠬᠦ᠂ ᠥᠪᠥᠷ ᠮᠣᠩᠭᠤᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠲᠦᠯᠬᠢᠨ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠳᠤᠮᠳᠠ ᠭᠠᠪᠢᠶ᠎ᠠ ᠪᠠᠶ᠋ᠢᠭᠤᠯᠤᠨ ᠦᠢ᠍ᠯᠡᠰ ᠪᠦᠲᠦᠭᠡᠬᠦ ᠵᠡᠷᠭᠡ ᠲᠠᠯ᠎ᠠ ᠵᠢᠨ ᠬᠤᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠪᠠ ᠳᠦᠷᠢᠮ᠎ᠤᠨ ᠪᠠᠲᠤᠯᠠᠭ᠎ᠠ ᠵᠢ ᠰᠤᠳᠤᠯᠤᠨ ᠵᠣᠬᠢᠶᠠᠨ ᠪᠠᠶ᠋ᠢᠭᠤᠯᠤᠨ᠎ᠠ; ᠡᠶ᠎ᠡ ᠵᠣᠬᠢᠴᠠᠯ᠎ᠲᠠᠢ ᠬᠥᠳᠡᠯᠮᠦᠷᠢ ᠵᠢᠨ ᠬᠠᠷᠢᠴᠠᠭ᠎ᠠ ᠵᠢ ᠪᠠᠶ᠋ᠢᠭᠤᠯᠬᠤ ᠶᠡᠷᠦᠩᠬᠡᠢ ᠪᠠᠶ᠋ᠢᠷᠢᠯᠠᠭᠤᠯᠤᠯᠲᠠ ᠪᠠ ᠪᠣᠳᠠᠲᠠᠢ ᠠᠷᠭ᠎ᠠ ᠬᠡᠮᠵᠢᠶ᠎ᠡ ᠵᠢ ᠰᠤᠳᠤᠯᠤᠨ᠎ᠠ᠃
(ᠳᠥᠷᠪᠡ) ᠠᠵᠢᠯᠲᠠᠨ ᠠᠵᠢᠯᠴᠢᠨ ᠣᠯᠠᠨ ᠲᠦᠮᠡᠨ᠎ᠤ ᠠᠮᠢ ᠪᠡᠶ᠎ᠡ ᠵᠢᠨ ᠠᠰᠢᠭ ᠲᠤᠰᠠ᠎ᠳᠤ ᠬᠤᠯᠪᠣᠭᠳᠠᠭᠰᠠᠨ ᠴᠢᠬᠤᠯᠠ ᠠᠰᠠᠭᠤᠳᠠᠯ᠂ ᠠᠵᠢᠯᠲᠠᠨ ᠠᠵᠢᠯᠴᠢᠨ ᠣᠯᠠᠨ ᠲᠦᠮᠡᠨ᠎ᠤ ᠬᠠᠯᠠᠮᠵᠢᠯᠠᠨ ᠠᠩᠬᠠᠷᠴᠤ ᠪᠠᠶ᠋ᠢᠭ᠎ᠠ ᠪᠠᠴᠢᠮ ᠪᠡᠷᠬᠡ ᠵᠣᠪᠠᠵᠤ ᠪᠠᠶ᠋ᠢᠭ᠎ᠠ ᠠᠰᠠᠭᠤᠳᠠᠯ ᠵᠡᠷᠭᠡ ᠵᠢ ᠰᠤᠳᠤᠯᠤᠨ ᠰᠢᠢ᠍ᠳᠪᠦᠷᠢᠯᠡᠨ᠎ᠡ; ᠰᠢᠨ᠎ᠡ ᠠᠵᠢᠯ ᠣᠯᠭᠤᠯᠲᠠ ᠵᠢᠨ ᠬᠡᠯᠪᠡᠷᠢ ᠵᠢᠨ ᠬᠥᠳᠡᠯᠮᠦᠷᠢᠴᠢᠳ᠎ᠤᠨ ᠡᠷᠬᠡ ᠠᠰᠢᠭ᠎ᠢ ᠪᠠᠲᠤᠯᠠᠬᠤ ᠵᠡᠷᠭᠡ ᠰᠢᠨ᠎ᠡ ᠠᠰᠠᠭᠤᠳᠠᠯ ᠰᠢᠨ᠎ᠡ ᠰᠡᠳᠦᠪ᠎ᠢ ᠰᠤᠳᠤᠯᠤᠨ ᠰᠢᠢ᠍ᠳᠪᠦᠷᠢᠯᠡᠨ᠎ᠡ᠃
(ᠲᠠᠪᠤ) ᠠᠵᠢᠯᠴᠢᠨ᠎ᠤ ᠡᠪᠯᠡᠯ᠎ᠤᠨ ᠲᠣᠰ ᠪᠡᠶ᠎ᠡ ᠵᠢᠨ ᠥᠭᠡᠷᠡᠴᠢᠯᠡᠯᠲᠡ ᠪᠠ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠬᠤ ᠶᠠᠪᠤᠴᠠ᠎ᠳᠤ ᠵᠠᠰᠠᠭ᠎ᠤᠨ ᠣᠷᠳᠣᠨ᠎ᠤ ᠳᠡᠮᠵᠢᠯᠭᠡ ᠵᠢ ᠱᠠᠭ᠋ᠠᠷᠳᠠᠬᠤ ᠬᠠᠮᠢᠶ᠎ᠠ ᠪᠦᠬᠦᠢ ᠠᠰᠠᠭᠤᠳᠠᠯ᠎ᠢ ᠰᠤᠳᠤᠯᠤᠨ᠎ᠠ᠃ (ᠵᠢᠷᠭᠤᠭ᠎ᠠ) ᠬᠠᠮᠲᠤᠷᠠᠭᠰᠠᠨ ᠬᠤᠷᠠᠯᠳᠤᠭ᠋ᠠᠨ ᠵᠶ᠋ᠠᠷ ᠰᠤᠳᠤᠯᠤᠨ ᠰᠢᠢ᠍ᠳᠪᠦᠷᠢᠯᠡᠬᠦ ᠴᠢᠬᠤᠯᠠᠲᠠᠢ ᠪᠤᠰᠤᠳ ᠠᠰᠠᠭᠤᠳᠠᠯ᠎ᠤᠳ᠃
ᠳᠥᠷᠪᠡᠳᠦᠭᠡᠷ ᠵᠦᠢ᠍ᠯ ᠬᠠᠮᠲᠤᠷᠠᠭᠰᠠᠨ ᠬᠤᠷᠠᠯᠳᠤᠭ᠋ᠠᠨ᠎ᠢ ᠬᠤᠲᠠ ᠵᠢᠨ ᠠᠵᠢᠯᠴᠢᠨ᠎ᠤ ᠶᠡᠷᠦᠩᠬᠡᠢ ᠡᠪᠯᠡᠯ᠎ᠠᠴᠠ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ ᠳᠡᠪᠰᠢᠭᠦᠯᠵᠦ ᠬᠠᠮᠲᠤ᠎ᠪᠠᠷ ᠵᠣᠬᠢᠶᠠᠨ ᠪᠠᠶ᠋ᠢᠭᠤᠯᠵᠤ ᠬᠤᠷᠠᠯᠳᠤᠭᠤᠯᠤᠨ᠎ᠠ᠃ ᠠᠵᠢᠯᠴᠢᠨ᠎ᠤ ᠡᠪᠯᠡᠯ᠎ᠤᠨ ᠠᠵᠢᠯ᠎ᠲᠠᠢ ᠬᠠᠷᠢᠯᠴᠠᠬᠤ ᠬᠤᠳᠠ ᠵᠢᠨ ᠳᠡᠳ᠋ ᠳᠠᠷᠤᠭ᠎ᠠ᠂ ᠬᠤᠳᠠ ᠵᠢᠨ ᠠᠵᠢᠯᠴᠢᠨ᠎ᠤ ᠶᠡᠷᠦᠩᠬᠡᠢ ᠡᠪᠯᠡᠯ᠎ᠤᠨ ᠲᠡᠷᠢᠭᠦᠯᠡᠭᠴᠢ᠎ᠨᠢ ᠶᠡᠷᠦᠩᠬᠡᠢ ᠬᠤᠷᠠᠯᠳᠤᠭᠤᠯᠤᠭᠴᠢ ᠪᠣᠯᠵᠤ᠂ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠵᠢᠯᠴᠢᠨ᠎ᠤ ᠡᠪᠯᠡᠯ᠎ᠤᠨ ᠠᠵᠢᠯ᠎ᠲᠠᠢ ᠬᠠᠷᠢᠯᠴᠠᠬᠤ ᠳᠡᠳ᠋ ᠨᠠᠷᠢᠨ ᠪᠢᠴᠢᠭ᠎ᠤᠨ ᠳᠠᠷᠤᠭ᠎ᠠ᠂ ᠬᠤᠳᠠ ᠵᠢᠨ ᠠᠵᠢᠯᠴᠢᠨ᠎ᠤ ᠶᠡᠷᠦᠩᠬᠡᠢ ᠡᠪᠯᠡᠯ᠎ᠤᠨ ᠪᠠᠶ᠋ᠢᠩᠭᠤ ᠵᠢᠨ ᠠᠵᠢᠯ᠎ᠢ ᠬᠠᠷᠢᠭᠤᠴᠠᠬᠤ ᠳᠡᠳ᠋ ᠲᠡᠷᠢᠭᠦᠯᠡᠭᠴᠢ᠎ᠨᠢ ᠬᠤᠷᠠᠯᠳᠤᠭᠤᠯᠤᠭᠴᠢ ᠪᠣᠯᠣᠨ᠎ᠠ᠃ ᠣᠨᠴᠠᠭ᠋ᠠᠶ ᠴᠢᠬᠤᠯᠠ ᠶᠡᠭᠡ ᠠᠰᠠᠭᠤᠳᠠᠯ ᠲᠣᠬᠢᠶᠠᠯᠳᠤᠪᠠᠯ᠂ ᠬᠡᠷᠡᠭᠴᠡᠭᠡ᠎ᠪᠠᠨ ᠦᠨᠳᠦᠰᠦᠯᠡᠨ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠭᠤᠣᠯ ᠤᠳᠤᠷᠢᠳᠬᠤ ᠨᠥᠬᠦᠳ᠎ᠢ ᠤᠷᠢᠵᠤ ᠬᠤᠷᠠᠯ᠎ᠳᠤ ᠣᠷᠣᠯᠴᠠᠭᠤᠯᠬᠤ ᠵᠢᠨ ᠬᠠᠮᠲᠤ ᠬᠤᠷᠠᠯ᠎ᠢ ᠡᠷᠬᠢᠯᠡᠬᠦᠯᠵᠦ ᠪᠣᠯᠣᠨ᠎ᠠ᠃ ᠬᠠᠮᠲᠤᠷᠠᠭᠰᠠᠨ ᠬᠤᠷᠠᠯᠳᠤᠭ᠋ᠠᠨ᠎ᠢ ᠵᠠᠷᠴᠢᠮ ᠳᠡᠭᠡᠷ᠎ᠡ᠎ᠪᠠᠨ ᠵᠢᠯ ᠪᠦᠷᠢ ᠨᠢᠭᠡ ᠤᠳᠠᠭ᠎ᠠ ᠬᠤᠷᠠᠯᠳᠤᠭᠤᠯᠤᠨ᠎ᠠ᠂ ᠬᠡᠷᠪᠡ ᠣᠨᠴᠠᠭ᠋ᠠᠶ ᠪᠠᠶ᠋ᠢᠳᠠᠯ ᠪᠤᠶᠤ ᠴᠢᠬᠤᠯᠠ ᠶᠡᠭᠡ ᠠᠰᠠᠭᠤᠳᠠᠯ ᠲᠣᠬᠢᠶᠠᠯᠳᠤᠪᠠᠯ᠂ ᠵᠥᠪᠳᠡᠯᠴᠡᠭᠰᠡᠨ᠎ᠤ ᠲᠠᠷᠠᠭ᠎ᠠ ᠬᠡᠵᠢᠶ᠎ᠡ ᠴᠦ᠍ ᠭᠡᠰᠡᠨ ᠬᠤᠷᠠᠯᠳᠤᠭᠤᠯᠵᠤ ᠪᠣᠯᠣᠨ᠎ᠠ᠃
ᠲᠠᠪᠤᠳᠤᠭ᠋ᠠᠷ ᠵᠦᠢ᠍ᠯ ᠬᠠᠮᠲᠤᠷᠠᠭᠰᠠᠨ ᠬᠤᠷᠠᠯᠳᠤᠭ᠋ᠠᠨ᠎ᠳᠤ ᠣᠷᠣᠯᠴᠠᠭᠰᠠᠨ ᠪᠠ ᠰᠤᠯᠠ ᠣᠷᠣᠯᠴᠠᠭᠰᠠᠳ᠎ᠲᠤ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠲᠠᠯ᠎ᠠ᠎ᠳᠤ ᠶᠡᠷᠦ᠎ᠳᠡᠭᠡᠨ᠄ ᠠᠵᠢᠯᠴᠢᠨ᠎ᠤ ᠡᠪᠯᠡᠯ᠎ᠤᠨ ᠠᠵᠢᠯ᠎ᠲᠠᠢ ᠬᠠᠷᠢᠯᠴᠠᠬᠤ ᠳᠡᠳ᠋ ᠬᠤᠳᠠ ᠵᠢᠨ ᠳᠠᠷᠤᠭ᠎ᠠ᠂ ᠵᠥᠪᠯᠡᠬᠦ ᠰᠡᠳᠦᠪ᠎ᠤᠨ ᠠᠭᠤᠯᠭ᠎ᠠ᠎ᠲᠠᠢ ᠬᠤᠯᠪᠣᠭᠳᠠᠬᠤ ᠪᠤᠰᠤᠳ ᠳᠡᠳ᠋ ᠬᠤᠳᠠ ᠵᠢᠨ ᠳᠠᠷᠤᠭ᠎ᠠ᠂ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠬᠤᠯᠪᠣᠭᠳᠠᠯ ᠪᠦᠬᠦᠢ ᠳᠡᠳ᠋ ᠨᠠᠷᠢᠨ ᠪᠢᠴᠢᠭ᠎ᠤᠨ ᠳᠠᠷᠤᠭ᠎ᠠ (ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ᠎ᠤᠨ ᠬᠤᠯᠪᠣᠭᠳᠠᠯ ᠪᠦᠬᠦᠢ ᠳᠡᠳ᠋ ᠡᠷᠬᠢᠯᠡᠭᠴᠢ)᠂ ᠬᠤᠳᠠ ᠵᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠨᠢᠭᠡᠴᠢ ᠵᠢᠨ ᠬᠠᠷᠢᠭᠤᠴᠠᠯᠭ᠋ᠠᠲᠠᠨ; ᠬᠤᠲᠠ ᠵᠢᠨ ᠠᠵᠢᠯᠴᠢᠨ᠎ᠤ ᠶᠡᠷᠦᠩᠬᠡᠢ ᠡᠪᠯᠡᠯ᠎ᠤᠨ ᠲᠠᠯ᠎ᠠ᠎ᠳᠤ ᠶᠡᠷᠦ᠎ᠳᠡᠭᠡᠨ᠄ ᠬᠤᠲᠠ ᠵᠢᠨ ᠠᠵᠢᠯᠴᠢᠨ᠎ᠤ ᠶᠡᠷᠦᠩᠬᠡᠢ ᠡᠪᠯᠡᠯ᠎ᠤᠨ ᠤᠳᠤᠷᠢᠳᠬᠤ ᠪᠠᠭ᠎ᠤᠨ ᠪᠦᠷᠢᠯᠳᠦᠭᠦᠨ ᠵᠢᠴᠢ ᠬᠤᠯᠪᠣᠭᠳᠠᠯ ᠪᠦᠬᠦᠢ ᠡᠷᠬᠡ ᠲᠤᠰᠢᠶᠠᠯᠲᠤ ᠰᠠᠯᠠᠭ᠎ᠠ ᠮᠥᠴᠢᠷ ᠪᠠᠭᠲᠠᠨ᠎ᠠ᠃ ᠬᠠᠮᠲᠤᠷᠠᠭᠰᠠᠨ ᠬᠤᠷᠠᠯᠳᠤᠭ᠋ᠠᠨ᠎ᠳᠤ ᠦᠨᠳᠦᠰᠦᠨ ᠱᠠᠲᠤᠨ᠎ᠤ ᠨᠠᠮ ᠵᠠᠰᠠᠭ᠎ᠤᠨ ᠺᠠᠳ᠋ᠷ᠂ ᠠᠵᠢᠯᠲᠠᠨ ᠠᠵᠢᠯᠴᠢᠨ᠎ᠤ ᠲᠥᠯᠥᠭᠡᠯᠡᠭᠴᠢ᠂ ᠬᠥᠳᠡᠯᠮᠦᠷᠢ ᠵᠢᠨ ᠵᠢᠱ᠌ᠢᠶᠡᠴᠢ ᠵᠢᠨ ᠲᠡᠷᠢᠭᠦᠨ᠎ᠤ ᠲᠥᠯᠥᠭᠡᠯᠡᠭᠴᠢ ᠪᠠ ᠦᠨᠳᠦᠰᠦᠨ ᠱᠠᠲᠤᠨ᠎ᠤ ᠠᠵᠢᠯᠴᠢᠨ᠎ᠤ ᠡᠪᠯᠡᠯ᠎ᠤᠨ ᠠᠵᠢᠯᠲᠠᠨ ᠵᠡᠷᠭᠡ ᠵᠢ ᠤᠷᠢᠨ ᠣᠷᠣᠯᠴᠠᠭᠤᠯᠵᠤ ᠪᠣᠯᠣᠨ᠎ᠠ᠃
ᠵᠢᠷᠭᠤᠳᠤᠭ᠋ᠠᠷ ᠵᠦᠢ᠍ᠯ ᠬᠠᠮᠲᠤᠷᠠᠭᠰᠠᠨ ᠬᠤᠷᠠᠯᠳᠤᠭ᠋ᠠᠨ᠎ᠤ ᠵᠥᠪᠯᠡᠬᠦ ᠰᠡᠳᠦᠪ᠎ᠢ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠪᠠ ᠬᠤᠲᠠ ᠵᠢᠨ ᠠᠵᠢᠯᠴᠢᠨ᠎ᠤ ᠶᠡᠷᠦᠩᠬᠡᠢ ᠡᠪᠯᠡᠯ᠎ᠠᠴᠠ ᠵᠥᠪᠳᠡᠯᠴᠡᠨ ᠲᠣᠭᠲᠠᠭ᠋ᠠᠨ᠎ᠠ᠃ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠳᠤᠷᠠᠳᠤᠭᠰᠠᠨ ᠵᠥᠪᠯᠡᠬᠦ ᠰᠡᠳᠦᠪ᠎ᠢ ᠬᠤᠯᠪᠣᠭᠳᠠᠯ ᠪᠦᠬᠦᠢ ᠡᠭᠦᠷᠭᠡ ᠴᠢᠳᠠᠪᠤᠷᠢ ᠵᠢ ᠡᠭᠦᠷᠭᠡᠯᠡᠵᠦ ᠪᠠᠶ᠋ᠢᠭ᠎ᠠ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠠᠴᠠ ᠳᠤᠷᠠᠳᠤᠭᠰᠠᠨ᠎ᠤ ᠳᠠᠷᠠᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ᠎ᠲᠤ ᠮᠡᠳᠡᠭᠦᠯᠵᠦ ᠬᠤᠷᠢᠶᠠᠩᠭᠤᠶ᠋ᠢᠯᠠᠭᠤᠯᠤᠨᠠ; ᠬᠤᠳᠠ ᠵᠢᠨ ᠠᠵᠢᠯᠴᠢᠨ᠎ᠤ ᠶᠡᠷᠦᠩᠬᠡᠢ ᠡᠪᠯᠡᠯ᠎ᠤᠨ ᠳᠤᠷᠠᠳᠤᠭᠰᠠᠨ ᠵᠥᠪᠯᠡᠬᠦ ᠰᠡᠳᠦᠪ᠎ᠢ ᠬᠤᠳᠠ ᠵᠢᠨ ᠠᠵᠢᠯᠴᠢᠨ᠎ᠤ ᠶᠡᠷᠦᠩᠬᠡᠢ ᠡᠪᠯᠡᠯ᠎ᠤᠨ ᠠᠯᠪᠠᠨ ᠭᠡᠷ᠎ᠠᠴᠠ ᠬᠠᠷᠢᠭᠤᠴᠠᠨ ᠴᠤᠭᠯᠠᠭᠤᠯᠤᠨ᠎ᠠ᠃ ᠡᠩ᠎ᠤᠨ ᠪᠠᠶ᠋ᠢᠳᠠᠯ᠎ᠳᠤ ᠬᠠᠮᠲᠤᠷᠠᠭᠰᠠᠨ ᠬᠤᠷᠠᠯ ᠬᠤᠷᠠᠯᠳᠤᠬᠤ᠎ᠠᠴᠠ ᠡᠮᠦᠨ᠎ᠡ 2 ᠰᠠᠷ᠎ᠠ ᠵᠢᠨ ᠳᠣᠲᠣᠷ᠎ᠠ ᠵᠥᠪᠯᠡᠬᠦ ᠰᠡᠳᠦᠪ ᠡᠯᠰᠡᠬᠦ ᠠᠵᠢᠯ᠎ᠢ ᠡᠬᠢᠯᠡᠭᠦᠯᠦᠨ᠎ᠡ᠃ ᠬᠤᠶᠠᠷ ᠲᠠᠯ᠎ᠠ᠎ᠪᠠᠷ ᠵᠶ᠋ᠠᠨ ᠬᠠᠮᠲᠤᠷᠠᠨ ᠳᠤᠷᠠᠳᠤᠭᠰᠠᠨ ᠵᠥᠪᠯᠡᠬᠦ ᠰᠡᠳᠦᠪ᠎ᠢ ᠪᠣᠯ ᠭᠤᠣᠯ ᠠᠵᠢᠯ᠎ᠢ ᠡᠭᠦᠷᠭᠡᠯᠡᠵᠦ ᠪᠠᠶ᠋ᠢᠭ᠎ᠠ ᠨᠢᠭᠡ ᠲᠠᠯ᠎ᠠ᠎ᠨᠢ ᠳᠤᠷᠠᠳᠬᠤ ᠵᠢᠷᠤᠮ᠎ᠢ ᠭᠦᠢ᠍ᠴᠡᠳᠬᠡᠨ᠎ᠡ᠃ ᠬᠠᠮᠲᠤᠷᠠᠭᠰᠠᠨ ᠬᠤᠷᠠᠯᠳᠤᠭ᠋ᠠᠨ᠎ᠤ ᠵᠥᠪᠯᠡᠬᠦ ᠰᠡᠳᠦᠪ᠎ᠢ ᠭᠦᠨᠵᠡᠭᠡᠢ ᠪᠠᠶ᠋ᠢᠴᠠᠭ᠋ᠠᠨ ᠰᠤᠳᠤᠯᠤᠯᠲᠠ ᠬᠢᠬᠦ᠂ ᠥᠷᠭᠡᠨ ᠵᠶ᠋ᠠᠷ ᠨᠤᠲᠠᠯᠠᠬᠤ᠂ ᠨᠠᠷᠢᠨ ᠨᠢᠮᠪᠠᠢ ᠰᠢᠯᠢᠨ ᠰᠣᠩᠭᠤᠭᠰᠠᠨ ᠰᠠᠭᠤᠷᠢᠨ ᠳᠡᠭᠡᠷ᠎ᠡ ᠳᠤᠷᠠᠳᠬᠤ ᠬᠡᠷᠡᠭᠲᠡᠢ᠃ ᠬᠤᠷᠠᠯ᠎ᠠᠴᠠ ᠡᠮᠦᠨᠡᠬᠢ ᠵᠣᠬᠢᠴᠠᠭᠤᠯᠭ᠎ᠠ ᠵᠢ ᠴᠢᠩᠭ᠋ᠠᠳᠬᠠᠵᠤ᠂ ᠵᠥᠪᠯᠡᠬᠦ ᠰᠡᠳᠦᠪ᠎ᠤᠨ ᠰᠠᠨᠠᠯ ᠬᠤᠷᠢᠶᠠᠬᠤ ᠵᠡᠷᠭᠡ ᠤᠷᠢᠳᠠᠴᠢ ᠠᠵᠢᠯ᠎ᠢ ᠰᠠᠶ᠋ᠢᠲᠤᠷ ᠬᠢᠵᠦ᠂ ᠬᠤᠷᠠᠯ᠎ᠤᠨ ᠡᠴᠦᠰ᠎ᠲᠡᠭᠡᠨ ᠰᠠᠨᠠᠯ ᠨᠢᠭᠡᠳᠬᠦ᠂ ᠰᠢᠢ᠍ᠳᠪᠦᠷᠢ ᠭᠠᠷᠭ᠋ᠠᠬᠤ᠎ᠳᠤ ᠨᠥᠬᠦᠴᠡᠯ ᠪᠦᠷᠢᠯᠳᠦᠭᠦᠯᠵᠦ ᠥᠭᠭᠦᠨ᠎ᠡ᠃
ᠳᠣᠯᠣᠳᠤᠭ᠋ᠠᠷ ᠵᠦᠢ᠍ᠯ ᠬᠠᠮᠲᠤᠷᠠᠭᠰᠠᠨ ᠬᠤᠷᠠᠯᠳᠤᠭ᠋ᠠᠨ᠎ᠤ ᠬᠤᠷᠠᠯ᠎ᠤᠨ ᠶᠠᠪᠤᠳᠠᠯ᠎ᠤᠨ ᠪᠡᠯᠡᠳᠬᠡᠯ ᠠᠵᠢᠯ᠎ᠢ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ ᠪᠣᠯᠣᠨ ᠬᠤᠳᠠ ᠵᠢᠨ ᠠᠵᠢᠯᠴᠢᠨ᠎ᠤ ᠶᠡᠷᠦᠩᠬᠡᠢ ᠡᠪᠯᠡᠯ ᠬᠠᠮᠲᠤ᠎ᠪᠠᠷ ᠡᠭᠦᠷᠭᠡᠯᠡᠵᠦ᠂ ᠪᠣᠳᠠᠲᠠᠢ ᠪᠡᠯᠡᠳᠬᠡᠯ ᠠᠵᠢᠯ᠎ᠢ ᠬᠤᠳᠠ ᠵᠢᠨ ᠠᠵᠢᠯᠴᠢᠨ᠎ᠤ ᠶᠡᠷᠦᠩᠬᠡᠢ ᠡᠪᠯᠡᠯ᠎ᠤᠨ ᠠᠯᠪᠠᠨ ᠭᠡᠷ ᠬᠠᠷᠢᠭᠤᠴᠠᠨ᠎ᠠ᠃ ᠬᠤᠷᠠᠯ᠎ᠠᠴᠠ ᠮᠡᠳᠡᠭᠳᠡᠯ᠎ᠢ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ᠎ᠠᠴᠠ ᠬᠠᠷᠢᠭᠤᠴᠠᠨ ᠳᠠᠷᠤᠮᠠᠯᠯᠠᠨ ᠲᠠᠷᠬᠠᠭ᠋ᠠᠬᠤ ᠵᠢᠨ ᠬᠠᠮᠲᠤ ᠵᠠᠰᠠᠭ᠎ᠤᠨ ᠣᠷᠳᠣᠨ᠎ᠤ ᠲᠠᠯ᠎ᠠ ᠵᠢᠨ ᠬᠤᠷᠠᠯ᠎ᠳᠤ ᠣᠷᠣᠯᠴᠠᠭᠰᠠᠳ᠎ᠢ ᠵᠣᠬᠢᠴᠠᠭᠤᠯᠤᠨ᠎ᠠ᠃
ᠨᠠᠢ᠍ᠮᠠᠳᠤᠭ᠋ᠠᠷ ᠵᠦᠢ᠍ᠯ ᠬᠠᠮᠲᠤᠷᠠᠭᠰᠠᠨ ᠬᠤᠷᠠᠯᠳᠤᠭ᠋ᠠᠨ᠎ᠢ ᠵᠠᠷᠴᠢᠮ ᠳᠡᠭᠡᠷ᠎ᠡ᠎ᠪᠠᠨ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠣᠷᠣᠯᠴᠠᠵᠤ ᠤᠳᠤᠷᠢᠳᠤᠯᠭ᠎ᠠ᠎ᠠᠴᠠ ᠡᠷᠬᠢᠯᠡᠨ᠎ᠡ᠃ ᠵᠥᠪᠯᠡᠬᠦ ᠵᠦᠢ᠍ᠯ᠎ᠳᠤ᠄ ᠳᠡᠭᠡᠷ᠎ᠡ ᠤᠳᠠᠭ᠎ᠠ ᠵᠢᠨ ᠬᠠᠮᠲᠤᠷᠠᠭᠰᠠᠨ ᠬᠤᠷᠠᠯ᠎ᠤᠨ ᠵᠥᠪᠯᠡᠨ ᠲᠣᠭᠲᠠᠭ᠋ᠠᠭᠰᠠᠨ ᠵᠦᠢ᠍ᠯᠡᠰ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠮᠡᠳᠡᠭᠳᠡᠵᠦ᠂ ᠲᠤᠰ ᠤᠳᠠᠭ᠎ᠠ ᠵᠢᠨ ᠬᠠᠮᠲᠤᠷᠠᠭᠰᠠᠨ ᠬᠤᠷᠠᠯ᠎ᠤᠨ ᠵᠥᠪᠯᠡᠬᠦ ᠰᠡᠳᠦᠪ᠎ᠤᠨ ᠪᠤᠢ ᠪᠣᠯᠤᠭᠰᠠᠨ ᠪᠠᠶ᠋ᠢᠳᠠᠯ ᠵᠢᠴᠢ ᠭᠤᠣᠯ ᠠᠭᠤᠯᠭ᠎ᠠ ᠵᠢ ᠮᠡᠳᠡᠭᠳᠡᠵᠦ᠂ ᠲᠤᠰ ᠤᠳᠠᠭ᠎ᠠ ᠵᠢᠨ ᠬᠠᠮᠲᠤᠷᠠᠭᠰᠠᠨ ᠬᠤᠷᠠᠯ᠎ᠤᠨ ᠬᠤᠯᠪᠣᠭᠳᠠᠯ ᠪᠦᠬᠦᠢ ᠵᠦᠢ᠍ᠯᠡᠰ᠎ᠢ ᠰᠤᠳᠤᠯᠤᠨ ᠶᠠᠷᠢᠯᠴᠠᠬᠤ ᠵᠢᠨ ᠬᠠᠮᠲᠤ ᠵᠥᠪᠳᠡᠯᠴᠡᠨ ᠲᠣᠭᠲᠠᠭ᠋ᠠᠵᠤ᠂ ᠲᠤᠰ ᠤᠳᠠᠭ᠎ᠠ ᠵᠢᠨ ᠬᠠᠮᠲᠤᠷᠠᠭᠰᠠᠨ ᠬᠤᠷᠠᠯ᠎ᠤᠨ ᠵᠥᠪᠯᠡᠨ ᠲᠣᠭᠲᠠᠭ᠋ᠠᠭᠰᠠᠨ ᠵᠦᠢ᠍ᠯᠡᠰ᠎ᠢ ᠨᠠᠶ᠋ᠢᠳᠠᠪᠤᠷᠢᠵᠢᠭᠤᠯᠬᠤ ᠲᠠᠯ᠎ᠠ᠎ᠪᠠᠷ ᠪᠠᠶ᠋ᠢᠷᠢᠯᠠᠭᠤᠯᠤᠯᠲᠠ ᠬᠢᠨ᠎ᠡ᠃
ᠶᠢᠰᠦᠳᠦᠭᠡᠷ ᠵᠦᠢ᠍ᠯ ᠬᠠᠮᠲᠤᠷᠠᠭᠰᠠᠨ ᠬᠤᠷᠠᠯᠳᠤᠭ᠋ᠠᠨ ᠵᠶ᠋ᠠᠷ ᠵᠥᠪᠯᠡᠨ ᠲᠣᠭᠲᠠᠭ᠋ᠠᠭᠰᠠᠨ ᠵᠦᠢ᠍ᠯᠡᠰ᠎ᠢ ᠬᠤᠷᠠᠯ᠎ᠤᠨ ᠲᠣᠪᠴᠢ ᠲᠡᠮᠳᠡᠭᠯᠡᠯ ᠪᠣᠯᠭ᠋ᠠᠵᠤ᠂ ᠬᠤᠲᠠ ᠵᠢᠨ ᠠᠵᠢᠯᠴᠢᠨ᠎ᠤ ᠶᠡᠷᠦᠩᠬᠡᠢ ᠡᠪᠯᠡᠯ᠎ᠤᠨ ᠠᠯᠪᠠᠨ ᠭᠡᠷ᠎ᠠᠴᠠ ᠬᠠᠷᠢᠭᠤᠴᠠᠨ ᠲᠤᠭᠤᠷᠪᠢᠵᠤ᠂ ᠵᠢᠷᠤᠮ ᠶᠣᠰᠣᠭ᠋ᠠᠷ ᠬᠤᠲᠠ ᠵᠢᠨ ᠠᠵᠢᠯᠴᠢᠨ᠎ᠤ ᠶᠡᠷᠦᠩᠬᠡᠢ ᠡᠪᠯᠡᠯ ᠪᠠ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠬᠢᠨᠠᠨ ᠲᠣᠭᠲᠠᠭ᠋ᠠᠯᠭ᠋ᠠᠭᠰᠠᠨ᠎ᠤ ᠳᠠᠷᠠᠭ᠎ᠠ᠂ ᠬᠠᠮᠲᠤᠷᠠᠭᠰᠠᠨ ᠬᠤᠷᠠᠯᠳᠤᠭ᠋ᠠᠨ᠎ᠤ ᠲᠣᠪᠴᠢ ᠲᠡᠮᠳᠡᠭᠯᠡᠯ᠎ᠤᠨ ᠬᠡᠯᠪᠡᠷᠢ᠎ᠪᠠᠷ ᠳᠠᠷᠤᠮᠠᠯᠯᠠᠨ ᠲᠠᠷᠬᠠᠭ᠋ᠠᠨ᠎ᠠ᠃
ᠠᠷᠪᠠᠳᠤᠭ᠋ᠠᠷ ᠵᠦᠢ᠍ᠯ ᠬᠠᠮᠲᠤᠷᠠᠭᠰᠠᠨ ᠬᠤᠷᠠᠯᠳᠤᠭ᠋ᠠᠨ᠎ᠤ ᠤᠬᠠᠭᠤᠯᠭ᠎ᠠ ᠮᠡᠳᠡᠭᠡᠯᠡᠯ᠎ᠢ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ ᠪᠣᠯᠣᠨ ᠬᠤᠳᠠ ᠵᠢᠨ ᠠᠵᠢᠯᠴᠢᠨ᠎ᠤ ᠶᠡᠷᠦᠩᠬᠡᠢ ᠡᠪᠯᠡᠯ ᠬᠠᠮᠲᠤ᠎ᠪᠠᠷ ᠬᠠᠷᠢᠭᠤᠴᠠᠵᠤ᠂ ᠡᠶ᠎ᠡ ᠵᠣᠬᠢᠴᠠᠯ᠎ᠲᠠᠢ ᠬᠥᠳᠡᠯᠮᠦᠷᠢ ᠵᠢᠨ ᠬᠠᠷᠢᠴᠠᠭ᠎ᠠ ᠵᠢ ᠪᠠᠶ᠋ᠢᠭᠤᠯᠬᠤ᠂ ᠠᠵᠢᠯ ᠦᠢ᠍ᠯᠡᠰ᠎ᠤᠨ ᠬᠥᠭᠵᠢᠯᠲᠡ ᠵᠢ ᠠᠬᠢᠭᠤᠯᠬᠤ᠎ᠳᠤ ᠰᠠᠶ᠋ᠢᠨ ᠰᠠᠶ᠋ᠢᠬᠠᠨ ᠨᠡᠶ᠋ᠢᠭᠡᠮ᠎ᠤᠨ ᠠᠭᠤᠷ ᠠᠮᠢᠰᠬᠤᠯ᠎ᠢ ᠪᠤᠢ ᠪᠣᠯᠭ᠋ᠠᠨ᠎ᠠ᠃
ᠠᠷᠪᠠᠨ ᠨᠢᠭᠡᠳᠦᠭᠡᠷ ᠵᠦᠢ᠍ᠯ ᠬᠠᠮᠲᠤᠷᠠᠭᠰᠠᠨ ᠬᠤᠷᠠᠯ᠎ᠤᠨ ᠵᠥᠪᠯᠡᠨ ᠲᠣᠭᠲᠠᠭ᠋ᠠᠭᠰᠠᠨ ᠵᠦᠢ᠍ᠯᠡᠰ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠤᠨ ᠨᠠᠷᠢᠨ ᠬᠠᠭᠤᠳᠠᠰᠤ ᠵᠢ ᠪᠠᠶ᠋ᠢᠭᠤᠯᠵᠤ᠂ ᠬᠠᠷᠢᠭᠤᠴᠠᠯᠭ᠋ᠠᠲᠤ ᠨᠢᠭᠡᠴᠡ᠂ ᠬᠠᠷᠢᠭᠤᠴᠠᠯᠭ᠋ᠠᠲᠤ ᠬᠥᠮᠥᠨ ᠪᠠ ᠪᠡᠶᠡᠯᠡᠭᠦᠯᠬᠦ ᠴᠠᠭ᠎ᠤᠨ ᠬᠢᠵᠠᠭ᠋ᠠᠷ᠎ᠢ ᠲᠣᠳᠣᠷᠬᠠᠶ᠋ᠢᠯᠠᠵᠤ᠂ ᠬᠤᠲᠠ ᠵᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ᠎ᠠᠴᠠ ᠲᠣᠰ ᠲᠣᠰ᠎ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠵᠢᠨ ᠶᠣᠰᠣᠭ᠋ᠠᠷ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠬᠤ ᠬᠡᠷᠡᠭᠲᠡᠢ᠃
ᠠᠷᠪᠠᠨ ᠬᠤᠶᠠᠳᠤᠭ᠋ᠠᠷ ᠵᠦᠢ᠍ᠯ ᠡᠯ᠎ᠡ ᠬᠤᠰᠢᠭᠤ ᠰᠢᠶᠠᠨ ᠲᠣᠭᠤᠷᠢᠭ᠎ᠨᠢ ᠲᠣᠰ ᠳᠦᠷᠢᠮ ᠵᠶ᠋ᠠᠷ ᠯᠠᠪᠯᠠᠯᠲᠠ ᠪᠣᠯᠭ᠋ᠠᠵᠤ᠂ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠠᠳᠠᠯᠢ ᠱᠠᠲᠤᠨ᠎ᠤ ᠠᠵᠢᠯᠴᠢᠨ᠎ᠤ ᠡᠪᠯᠡᠯ᠎ᠤᠨ ᠬᠠᠮᠲᠤᠷᠠᠭᠰᠠᠨ ᠬᠤᠷᠠᠯ᠎ᠤᠨ ᠳᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠬᠠᠮᠲᠤᠷᠠᠭᠰᠠᠨ ᠬᠤᠷᠠᠯ᠎ᠤᠨ ᠳᠦᠷᠢᠮ᠎ᠢ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠶᠠᠪᠤᠳᠠᠯ᠎ᠢ ᠡᠯ᠎ᠡ ᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠲᠣᠬᠢᠷᠠᠭᠤᠯᠤᠯᠲᠠ ᠪᠠ ᠠᠵᠢᠯᠴᠢᠨ᠎ᠤ ᠡᠪᠯᠡᠯ᠎ᠤᠨ ᠠᠵᠢᠯ᠎ᠤᠨ ᠰᠢᠯᠭ᠋ᠠᠨ ᠬᠢᠨᠠᠬᠤ ᠠᠭᠤᠯᠭ᠎ᠠ᠎ᠳᠤ ᠣᠷᠣᠭᠤᠯᠤᠨ᠎ᠠ᠃
ᠠᠷᠪᠠᠨ ᠭᠤᠷᠪᠠᠳᠤᠭ᠋ᠠᠷ ᠵᠦᠢ᠍ᠯ ᠲᠤᠰ ᠳᠦᠷᠢᠮ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ 《〈ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠬᠢᠭᠡᠳ ᠪᠠᠶᠠᠨᠨᠠᠭᠤᠷ ᠬᠤᠲᠠ ᠵᠢᠨ ᠠᠵᠢᠯᠴᠢᠨ᠎ᠤ ᠶᠡᠷᠦᠩᠬᠡᠢ ᠡᠪᠯᠡᠯ᠎ᠤᠨ ᠬᠠᠮᠲᠤᠷᠠᠭᠰᠠᠨ ᠬᠤᠷᠠᠯ᠎ᠤᠨ ᠳᠦᠷᠢᠮ᠎ᠤᠨ ᠲᠣᠭᠲᠠᠭ᠋ᠠᠯ᠎ᠤᠳ〉᠎ᠢ ᠳᠠᠷᠤᠮᠠᠯᠯᠠᠨ ᠶᠠᠪᠤᠭᠤᠯᠬᠤ ᠲᠤᠬᠠᠢ ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ᠎ᠤᠨ ᠮᠡᠳᠡᠭᠳᠡᠯ》 (ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ᠎ᠤᠨ ᠠᠯᠪᠠᠨ ᠭᠡᠷ᠎ᠤᠨ [2020] 138 ᠳ᠋ᠤᠭ᠋ᠠᠷ ᠲᠣᠭ᠋ᠠᠲᠤ)᠎ᠢ ᠬᠠᠮᠲᠤᠳᠤᠨᠢ ᠬᠦᠴᠦᠨ ᠦᠭᠡᠢ ᠪᠣᠯᠭ᠋ᠠᠨ᠎ᠠ᠃
ᠢᠷᠡᠯᠲᠡ᠄ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠮᠣᠩᠭᠣᠯ ᠰᠦᠯᠵᠢᠶ᠎ᠡ