ᠠᠯᠪᠠᠨ ᠮᠠᠳᠡᠭᠡ 2024  -   ᠵᠠᠰᠠᠭ᠎ᠤᠨ ᠤᠷᠳᠥᠨ᠎ᠤ ᠠᠯᠪᠠᠨ ᠮᠠᠳᠡᠭᠡ

ᠲᠠᠲᠠᠪᠤᠷᠢᠯᠠᠬᠤ ᠣᠷᠣᠨ᠎ᠤ ᠬᠡᠰᠡᠭ᠎ᠤᠨ ᠶᠡᠷᠦᠩᠬᠡᠶ᠋ᠢᠯᠡᠭᠰᠡᠨ ᠭᠠᠵᠠᠷ᠎ᠤᠨ ᠦᠨ᠎ᠡ ᠵᠢ ᠨᠡᠶ᠋ᠢᠲᠡᠯᠡᠵᠦ ᠲᠠᠷᠢᠶᠠᠯᠠᠩ᠎ᠳᠤ ᠬᠡᠷᠡᠭᠯᠡᠬᠦ ᠭᠠᠵᠠᠷ᠎ᠠᠴᠠ ᠪᠤᠰᠤᠳ ᠭᠠᠵᠠᠷ ᠰᠢᠷᠣᠶ᠂ ᠬᠥᠬᠡ ᠴᠢᠬᠢ ᠪᠠ ᠭᠠᠵᠠᠷ ᠳᠡᠭᠡᠷᠡᠬᠢ ᠳᠠᠭ᠋ᠠᠯᠲᠠ ᠪᠣᠳᠠᠰ ᠵᠡᠷᠭᠡ ᠵᠢᠨ ᠨᠥᠬᠦᠪᠥᠷᠢ ᠥᠭᠬᠦ ᠪᠠᠷᠢᠮᠵᠢᠶ᠎ᠠ ᠵᠢᠴᠢ ᠭᠠᠵᠠᠷ ᠰᠢᠷᠣᠶ ᠵᠢᠨ ᠨᠥᠬᠦᠪᠥᠷᠢ ᠵᠠᠷᠤᠳᠠᠯ ᠪᠠ ᠲᠥᠪᠬᠢᠨᠡᠭᠦᠯᠬᠦ ᠲᠤᠰᠠᠯᠠᠮᠵᠢ ᠵᠢᠨ ᠵᠠᠷᠤᠳᠠᠯ ᠬᠤᠪᠢᠶᠠᠷᠢᠯᠠᠬᠤ ᠬᠠᠷᠢᠴᠠᠯ᠎ᠢ ᠨᠡᠶ᠋ᠢᠲᠡᠯᠡᠬᠦ ᠲᠤᠬᠠᠶ ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ᠎ᠤᠨ ᠮᠡᠳᠡᠭᠳᠡᠯ

ᠨᠡᠶ᠋ᠢᠲᠡᠯᠡᠭᠰᠡᠨ ᠴᠠᠭ᠄   2024-12-25

ᠡᠯ᠎ᠡ ᠬᠤᠰᠢᠭᠤ ᠰᠢᠶᠠᠨ ᠲᠣᠭᠤᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠪᠠᠶᠠᠨᠨᠠᠭᠤᠷ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠤᠷᠢᠭ᠎ᠤᠨ ᠬᠠᠮᠢᠶᠠᠷᠤᠯᠲᠠ ᠵᠢᠨ ᠵᠥᠪᠯᠡᠯ᠂ ᠬᠤᠲᠠ ᠵᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠤ᠄
     《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠰᠢᠷᠣᠶ ᠵᠢᠨ ᠬᠠᠮᠢᠶᠠᠷᠤᠯᠲᠠ ᠵᠢᠨ ᠬᠠᠤᠯᠢ》 ᠵᠢ ᠭᠦᠨᠵᠡᠭᠡᠶ ᠲᠤᠤᠱᠯᠠᠭᠤᠯᠤᠨ ᠬᠡᠷᠡᠭᠵᠢᠭᠦᠯᠬᠦ ᠵᠢᠨ ᠲᠤᠰᠠᠳᠠ᠂ 《ᠭᠠᠵᠠᠷ ᠰᠢᠷᠣᠶ ᠲᠠᠲᠠᠪᠤᠷᠢᠯᠠᠬᠤ ᠣᠷᠣᠨ᠎ᠤ ᠬᠡᠰᠡᠭ᠎ᠤᠨ ᠶᠡᠷᠦᠩᠬᠡᠶ᠋ᠢᠯᠡᠭᠰᠡᠨ ᠭᠠᠵᠠᠷ᠎ᠤᠨ ᠦᠨ᠎ᠡ ᠵᠢᠨ ᠲᠠᠷᠢᠶᠠᠯᠠᠩ᠎ᠳᠤ ᠬᠡᠷᠡᠭᠯᠡᠬᠦ ᠭᠠᠵᠠᠷ᠎ᠠᠴᠠ ᠭᠠᠳᠠᠨᠠᠬᠢ ᠪᠤᠰᠤᠳ ᠭᠠᠵᠠᠷ ᠰᠢᠷᠣᠶ᠂ ᠬᠥᠬᠡ ᠴᠢᠬᠢ ᠪᠠ ᠭᠠᠵᠠᠷ ᠳᠡᠭᠡᠷᠡᠬᠢ ᠳᠠᠭ᠋ᠠᠯᠲᠠ ᠪᠣᠳᠠᠰ ᠵᠡᠷᠭᠡ ᠨᠥᠬᠦᠪᠥᠷᠢ ᠵᠢᠨ ᠪᠠᠷᠢᠮᠵᠢᠶ᠎ᠠ ᠵᠢᠴᠢ ᠭᠠᠵᠠᠷ ᠰᠢᠷᠣᠶ ᠵᠢᠨ ᠨᠥᠬᠦᠪᠥᠷᠢ ᠵᠠᠷᠤᠳᠠᠯ ᠪᠠ ᠲᠥᠪᠬᠢᠨᠡᠭᠦᠯᠬᠦ ᠲᠤᠰᠠᠯᠠᠮᠵᠢ ᠵᠢᠨ ᠵᠠᠷᠤᠳᠠᠯ᠎ᠢ ᠬᠤᠪᠢᠶᠠᠷᠢᠯᠠᠬᠤ ᠬᠠᠷᠢᠴᠠᠯ᠎ᠢ ᠨᠡᠶ᠋ᠢᠲᠡᠯᠡᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠥᠰᠥᠭ [2020] 77 ᠳ᠋ᠤᠭ᠋ᠠᠷ ᠲᠣᠭ᠋ᠠᠲᠤ)᠂ 《ᠥᠪᠡᠷᠲᠡᠭᠡᠨ ᠵᠠᠰᠠᠬᠤ ᠣᠷᠣᠨ᠎ᠤ ᠰᠢᠨ᠎ᠡ ᠨᠢᠭᠡ ᠡᠭᠡᠯᠵᠢ ᠵᠢᠨ ᠭᠠᠵᠠᠷ ᠰᠢᠷᠣᠶ ᠲᠠᠲᠠᠪᠤᠷᠢᠯᠠᠬᠤ ᠣᠷᠣᠨ᠎ᠤ ᠬᠡᠰᠡᠭ᠎ᠤᠨ ᠶᠡᠷᠦᠩᠬᠡᠶ᠋ᠢᠯᠡᠭᠰᠡᠨ ᠭᠠᠵᠠᠷ᠎ᠤᠨ ᠦᠨ᠎ᠡ᠎ᠳᠤ ᠲᠣᠬᠢᠷᠠᠭᠤᠯᠤᠯᠲᠠ ᠬᠢᠵᠦ ᠰᠢᠨᠡᠳᠬᠡᠭᠰᠡᠨ ᠦᠷ᠎ᠡ ᠪᠦᠲᠦᠭᠡᠯ᠎ᠢ ᠨᠡᠶ᠋ᠢᠲᠡᠯᠡᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2020] 92 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ ᠮᠠᠨ᠎ᠤ ᠬᠤᠲᠠ ᠲᠣᠰ ᠭᠠᠵᠠᠷ ᠣᠷᠣᠨ᠎ᠤ ᠪᠣᠳᠠᠲᠠᠶ᠎ᠲᠠᠢ᠎ᠪᠠᠨ ᠤᠶᠠᠯᠳᠤᠭᠤᠯᠤᠨ᠂ ᠭᠠᠵᠠᠷ ᠲᠠᠲᠠᠪᠤᠷᠢᠯᠠᠬᠤ ᠣᠷᠣᠨ᠎ᠤ ᠬᠡᠰᠡᠭ᠎ᠤᠨ ᠶᠡᠷᠦᠩᠬᠡᠶ᠋ᠢᠯᠡᠭᠰᠡᠨ ᠭᠠᠵᠠᠷ᠎ᠤᠨ ᠦᠨ᠎ᠡ᠎ᠪᠠᠷ ᠲᠠᠷᠢᠶᠠᠯᠠᠩ᠎ᠳᠤ ᠬᠡᠷᠡᠭᠯᠡᠬᠦ ᠭᠠᠵᠠᠷ᠎ᠠᠴᠠ ᠭᠠᠳᠠᠨᠠᠬᠢ ᠪᠤᠰᠤᠳ ᠭᠠᠵᠠᠷ ᠰᠢᠷᠣᠶ᠂ ᠬᠥᠬᠡ ᠴᠢᠬᠢ ᠪᠠ ᠭᠠᠵᠠᠷ ᠳᠡᠭᠡᠷᠡᠬᠢ ᠳᠠᠭ᠋ᠠᠯᠲᠠ ᠪᠣᠳᠠᠰ ᠵᠡᠷᠭᠡ ᠨᠥᠬᠦᠪᠥᠷᠢ ᠵᠢᠨ ᠪᠠᠷᠢᠮᠵᠢᠶ᠎ᠠ ᠵᠢᠴᠢ ᠭᠠᠵᠠᠷ ᠰᠢᠷᠣᠶ ᠵᠢᠨ ᠨᠥᠬᠦᠪᠥᠷᠢ ᠵᠠᠷᠤᠳᠠᠯ ᠪᠠ ᠲᠥᠪᠬᠢᠨᠡᠭᠦᠯᠬᠦ ᠲᠤᠰᠠᠯᠠᠮᠵᠢ ᠵᠢᠨ ᠵᠠᠷᠤᠳᠠᠯ᠎ᠢ ᠬᠤᠪᠢᠶᠠᠷᠢᠯᠠᠬᠤ ᠬᠠᠷᠢᠴᠠᠯ᠎ᠢ ᠲᠣᠭᠲᠠᠭ᠋ᠠᠵᠤ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠦᠷ᠎ᠡ ᠪᠦᠲᠦᠭᠡᠯ ᠵᠶ᠋ᠠᠨ ᠨᠡᠶ᠋ᠢᠲᠡᠯᠡᠬᠦ ᠵᠢᠨ ᠬᠠᠮᠲᠤ ᠳᠣᠤᠷᠠᠬᠢ ᠱᠠᠭ᠋ᠠᠷᠳᠠᠯᠭ᠎ᠠ ᠵᠢ ᠳᠤᠷᠠᠳᠪᠠ᠂ ᠬᠠᠮᠲᠤ᠎ᠳᠤᠨᠢ ᠲᠤᠤᠱᠯᠠᠭᠤᠯᠤᠨ ᠨᠠᠶ᠋ᠢᠳᠠᠪᠤᠷᠢᠵᠢᠭᠤᠯᠲᠤᠭ᠋ᠠᠶ᠃
     ᠨᠢᠭᠡ᠂ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠲᠠᠲᠠᠪᠤᠷᠢᠯᠠᠬᠤ᠎ᠠᠴᠠ ᠪᠤᠰᠤᠳ ᠭᠠᠵᠠᠷ ᠰᠢᠷᠣᠶ ᠵᠢᠨ ᠨᠥᠬᠦᠪᠥᠷᠢ ᠵᠢᠨ ᠪᠠᠷᠢᠮᠵᠢᠶ᠎ᠠ ᠵᠢ ᠨᠡᠶ᠋ᠢᠲᠡᠯᠡᠨ ᠬᠡᠷᠡᠭᠵᠢᠭᠦᠯᠬᠦ ᠵᠢᠨ ᠠᠴᠢ ᠬᠤᠯᠪᠣᠭᠳᠠᠯ᠎ᠢ ᠭᠦᠢ᠍ᠴᠡᠳ ᠲᠠᠨᠢᠬᠤ ᠬᠡᠷᠡᠭᠲᠡᠶ ᠭᠠᠵᠠᠷ ᠲᠠᠲᠠᠪᠤᠷᠢᠯᠠᠬᠤ ᠣᠷᠣᠨ᠎ᠤ ᠬᠡᠰᠡᠭ᠎ᠤᠨ ᠶᠡᠷᠦᠩᠬᠡᠶ᠋ᠢᠯᠡᠭᠰᠡᠨ ᠭᠠᠵᠠᠷ᠎ᠤᠨ ᠦᠨ᠎ᠡ᠎ᠪᠠᠷ ᠲᠠᠷᠢᠶᠠᠯᠠᠩ᠎ᠳᠤ ᠬᠡᠷᠡᠭᠯᠡᠬᠦ ᠭᠠᠵᠠᠷ᠎ᠠᠴᠠ ᠪᠤᠰᠤᠳ ᠭᠠᠵᠠᠷ ᠰᠢᠷᠣᠶ᠂ ᠬᠥᠬᠡ ᠴᠢᠬᠢ ᠪᠠ ᠭᠠᠵᠠᠷ ᠳᠡᠭᠡᠷᠡᠬᠢ ᠳᠠᠭ᠋ᠠᠯᠲᠠ ᠡᠳ᠋ ᠵᠡᠷᠭᠡ ᠵᠢᠨ ᠨᠥᠬᠦᠪᠥᠷᠢᠯᠡᠬᠦ ᠪᠠᠷᠢᠮᠵᠢᠶ᠎ᠠ ᠵᠢᠴᠢ ᠭᠠᠵᠠᠷ ᠰᠢᠷᠣᠶ ᠵᠢᠨ ᠨᠥᠬᠦᠪᠥᠷᠢ ᠵᠠᠷᠤᠳᠠᠯ ᠪᠣᠯᠤᠨ ᠲᠥᠪᠬᠢᠨᠡᠭᠦᠯᠬᠦ ᠲᠤᠰᠠᠯᠠᠮᠵᠢ ᠵᠢᠨ ᠵᠠᠷᠤᠳᠠᠯ᠎ᠢ ᠬᠤᠪᠢᠶᠠᠷᠢᠯᠠᠬᠤ ᠬᠠᠷᠢᠴᠠᠯ᠎ᠢ ᠨᠡᠶ᠋ᠢᠲᠡᠯᠡᠨ ᠬᠡᠷᠡᠭᠵᠢᠭᠦᠯᠬᠦ ᠪᠣᠯ ᠭᠠᠵᠠᠷ ᠲᠠᠲᠠᠪᠤᠷᠢᠯᠠᠭᠰᠠᠨ᠎ᠳᠤ ᠨᠥᠬᠦᠪᠥᠷᠢ ᠥᠭᠴᠦ ᠲᠥᠪᠬᠢᠨᠡᠭᠦᠯᠬᠦ ᠠᠵᠢᠯ᠎ᠢ ᠤᠯᠠᠮ ᠨᠢᠭᠡ ᠠᠯᠬᠤᠮ ᠴᠢᠩᠭ᠋ᠠᠳᠭ᠋ᠠᠵᠤ᠂ ᠭᠠᠵᠠᠷ ᠵᠶ᠋ᠠᠨ ᠲᠠᠲᠠᠪᠤᠷᠢᠯᠠᠭᠤᠯᠤᠭᠰᠠᠨ ᠲᠠᠷᠢᠶᠠᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠨᠢᠭᠡ ᠵᠦᠢ᠍ᠯ᠎ᠤᠨ ᠴᠢᠬᠤᠯᠠ ᠶᠡᠭᠡ ᠠᠷᠭ᠎ᠠ ᠬᠡᠮᠵᠢᠶ᠎ᠡ ᠪᠣᠯᠬᠤ ᠪᠥᠭᠡᠳ ᠨᠡᠶ᠋ᠢᠭᠡᠮ᠎ᠤᠨ ᠡᠶ᠎ᠡ ᠵᠣᠬᠢᠴᠠᠯ᠎ᠲᠠᠢ ᠪᠥᠭᠡᠳ ᠲᠣᠭᠲᠠᠭᠤᠨ ᠪᠠᠶ᠋ᠢᠬᠤ ᠵᠢ ᠬᠠᠮᠠᠭ᠋ᠠᠯᠠᠬᠤ᠂ ᠠᠵᠤ ᠠᠬᠤᠶ ᠨᠡᠶ᠋ᠢᠭᠡᠮ᠎ᠤᠨ ᠲᠣᠭᠲᠠᠭᠤᠨ ᠪᠥᠭᠡᠳ ᠨᠡᠯᠢᠶᠡᠳ ᠲᠦᠷᠭᠡᠨ ᠬᠥᠭᠵᠢᠯᠲᠡ ᠵᠢ ᠪᠠᠲᠤᠯᠠᠬᠤ᠎ᠳᠤ ᠲᠦᠢ᠍ᠯ᠎ᠤᠨ ᠴᠢᠬᠤᠯᠠ ᠠᠴᠢ ᠬᠤᠯᠪᠣᠭᠳᠠᠯ᠎ᠲᠠᠢ ᠶᠤᠮ᠃ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠲᠠᠲᠠᠪᠤᠷᠢᠯᠠᠬᠤ᠎ᠠᠴᠠ ᠪᠤᠰᠤᠳ ᠭᠠᠵᠠᠷ ᠰᠢᠷᠣᠶ ᠵᠢᠨ ᠨᠥᠬᠦᠪᠥᠷᠢ ᠵᠢᠨ ᠪᠠᠷᠢᠮᠵᠢᠶ᠎ᠠ ᠵᠢᠨ ᠴᠢᠬᠤᠯᠠ ᠴᠢᠨᠠᠷ᠎ᠢ ᠭᠦᠢ᠍ᠴᠡᠳ ᠲᠠᠨᠢᠵᠤ᠂ ᠣᠯᠠᠨ ᠵᠦᠢ᠍ᠯ᠎ᠤᠨ ᠬᠡᠯᠪᠡᠷᠢ᠎ᠪᠠᠷ ᠳᠠᠮᠵᠢᠭᠤᠯᠤᠨ ᠨᠥᠬᠦᠪᠥᠷᠢᠯᠡᠨ ᠲᠣᠭᠲᠠᠭ᠋ᠠᠬᠤ ᠪᠠᠷᠢᠮᠵᠢᠶ᠎ᠠ ᠵᠢ ᠲᠣᠭᠲᠠᠭ᠋ᠠᠬᠤ ᠪᠠ ᠬᠡᠷᠡᠭᠵᠢᠭᠦᠯᠬᠦ ᠵᠠᠷᠴᠢᠮ᠂ ᠦᠨᠳᠦᠰᠦᠯᠡᠯ ᠪᠣᠯᠤᠨ ᠬᠤᠯᠪᠣᠭᠳᠠᠯ ᠪᠦᠬᠦᠢ ᠠᠭᠤᠯᠭ᠎ᠠ ᠵᠢ ᠨᠡᠶ᠋ᠢᠭᠡᠮ᠎ᠳᠤ ᠥᠷᠭᠡᠨ ᠵᠶ᠋ᠠᠷ ᠤᠬᠠᠭᠤᠯᠵᠤ᠂ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ᠎ᠤ ᠣᠶ᠋ᠢᠯᠠᠭ᠋ᠠᠯᠲᠠ ᠪᠣᠯᠤᠨ ᠳᠡᠮᠵᠢᠯᠭᠡ ᠵᠢ ᠣᠯᠬᠤ ᠬᠡᠷᠡᠭᠲᠡᠶ᠃
     ᠬᠤᠶᠠᠷ᠂ ᠨᠥᠬᠦᠪᠥᠷᠢᠯᠡᠨ ᠲᠣᠭᠲᠠᠭ᠋ᠠᠬᠤ ᠪᠠᠷᠢᠮᠵᠢᠶ᠎ᠠ ᠵᠢ ᠨᠡᠶ᠋ᠢᠲᠡᠯᠡᠨ ᠬᠡᠷᠡᠭᠵᠢᠭᠦᠯᠬᠦ ᠪᠠ ᠰᠢᠨᠡᠳᠬᠡᠬᠦ ᠠᠵᠢᠯ᠎ᠢ ᠬᠢᠨᠠᠮᠠᠭ᠋ᠠᠶ ᠰᠠᠶ᠋ᠢᠲᠤᠷ ᠬᠢᠬᠦ ᠬᠡᠷᠡᠭᠲᠡᠶ ᠲᠠᠷᠢᠶᠠᠯᠠᠩ᠎ᠳᠤ ᠬᠡᠷᠡᠭᠯᠡᠬᠦ ᠭᠠᠵᠠᠷ᠎ᠠᠴᠠ ᠪᠤᠰᠤᠳ ᠭᠠᠵᠠᠷ ᠰᠢᠷᠣᠶ᠂ ᠬᠥᠬᠡ ᠴᠢᠬᠢ ᠪᠣᠯᠤᠨ ᠭᠠᠵᠠᠷ ᠳᠡᠭᠡᠷᠡᠬᠢ ᠳᠠᠭ᠋ᠠᠯᠲᠠ ᠪᠣᠳᠠᠰ ᠵᠡᠷᠭᠡ ᠨᠥᠬᠦᠪᠥᠷᠢ ᠵᠢᠨ ᠪᠠᠷᠢᠮᠵᠢᠶ᠎ᠠ ᠬᠢᠭᠡᠳ ᠭᠠᠵᠠᠷ ᠰᠢᠷᠣᠶ ᠵᠢᠨ ᠨᠥᠬᠦᠪᠥᠷᠢ ᠵᠠᠷᠤᠳᠠᠯ ᠪᠣᠯᠤᠨ ᠲᠥᠪᠬᠢᠨᠡᠭᠦᠯᠬᠦ ᠲᠤᠰᠠᠯᠠᠮᠵᠢ ᠵᠢᠨ ᠵᠠᠷᠤᠳᠠᠯ᠎ᠢ ᠬᠤᠪᠢᠶᠠᠷᠢᠯᠠᠬᠤ ᠬᠠᠷᠢᠴᠠᠯ᠎ᠢ ᠨᠡᠶ᠋ᠢᠲᠡᠯᠡᠭᠰᠡᠨ᠎ᠤ ᠳᠠᠷᠠᠭ᠎ᠠ᠂ ᠵᠠᠰᠠᠭ᠎ᠤᠨ ᠣᠷᠳᠣᠨ᠎ᠤ ᠡᠭᠦᠳᠡᠨ ᠰᠦᠯᠵᠢᠶᠡᠨ ᠳᠡᠭᠡᠷ᠎ᠡ ᠴᠠᠭ ᠲᠤᠬᠠᠶ᠎ᠳᠤᠨᠢ ᠢᠯᠡ ᠪᠣᠯᠭ᠋ᠠᠬᠤ ᠬᠡᠷᠡᠭᠲᠡᠶ᠃ ᠡᠯ᠎ᠡ ᠬᠤᠰᠢᠭᠤ ᠰᠢᠶᠠᠨ (ᠲᠣᠭᠤᠷᠢᠭ)᠎ᠨᠢ ᠠᠳᠠᠯᠢ ᠭᠠᠵᠠᠷ᠎ᠲᠤ ᠠᠳᠠᠯᠢ ᠦᠨ᠎ᠡ᠎ᠲᠠᠢ ᠪᠠᠶ᠋ᠢᠬᠤ᠂ ᠵᠣᠬᠢᠴᠠᠩᠭᠤᠶ᠎ᠪᠠᠷ ᠲᠡᠩᠴᠡᠭᠦᠷᠢᠲᠡᠶ ᠪᠠᠶ᠋ᠢᠬᠤ᠂ ᠢᠯᠡ ᠲᠣᠳᠣ ᠪᠠᠶ᠋ᠢᠯᠭ᠋ᠠᠬᠤ ᠵᠠᠷᠴᠢᠮ᠎ᠤᠨ ᠶᠣᠰᠣᠭ᠋ᠠᠷ ᠭᠠᠵᠠᠷ ᠲᠠᠲᠠᠪᠤᠷᠢᠯᠠᠭᠰᠠᠨ᠎ᠳᠤ ᠨᠥᠬᠦᠪᠥᠷᠢ ᠥᠭᠬᠦ ᠵᠢ ᠬᠡᠷᠡᠭᠵᠢᠭᠦᠯᠬᠦ ᠬᠡᠷᠡᠭᠲᠡᠶ᠃ ᠨᠥᠬᠦᠪᠥᠷᠢ ᠵᠢᠨ ᠪᠠᠷᠢᠮᠵᠢᠶ᠎ᠠ ᠵᠢ ᠰᠢᠨᠡᠳᠬᠡᠬᠦ ᠳᠦᠷᠢᠮ᠎ᠢ ᠦᠨᠳᠦᠰᠦᠯᠡᠨ᠂ ᠡᠯ᠎ᠡ ᠭᠠᠵᠠᠷ᠎ᠤᠨ᠎ᠬᠢᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠵᠤ᠂ ᠡᠩ᠎ᠤᠨ ᠪᠠᠶ᠋ᠢᠳᠠᠯ ᠳᠣᠤᠷ᠎ᠠ ᠭᠤᠷᠪᠠᠨ ᠵᠢᠯ᠎ᠳᠤ ᠨᠢᠭᠡ ᠤᠳᠠᠭ᠎ᠠ ᠲᠣᠬᠢᠷᠠᠭᠤᠯᠤᠯᠲᠠ ᠬᠢᠬᠦ ᠪᠤᠶᠤ ᠰᠢᠨᠡᠳᠬᠡᠨ ᠨᠡᠶ᠋ᠢᠲᠡᠯᠡᠬᠦ ᠬᠡᠷᠡᠭᠲᠡᠶ᠃
     ᠭᠤᠷᠪᠠ᠂ ᠭᠠᠵᠠᠷ ᠲᠠᠲᠠᠪᠤᠷᠢᠯᠠᠬᠤ ᠣᠷᠣᠨ ᠬᠡᠰᠡᠭ᠎ᠤᠨ ᠶᠡᠷᠦᠩᠬᠡᠶ᠋ᠢᠯᠡᠭᠰᠡᠨ ᠭᠠᠵᠠᠷ᠎ᠤᠨ ᠦᠨ᠎ᠡ ᠵᠢ ᠬᠡᠷᠡᠭᠵᠢᠭᠦᠯᠬᠦ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠬᠤ ᠬᠡᠷᠡᠭᠲᠡᠶ
     ᠭᠠᠵᠠᠷ ᠰᠢᠷᠣᠶ ᠲᠠᠲᠠᠪᠤᠷᠢᠯᠠᠬᠤ᠎ᠳᠤ ᠨᠥᠬᠦᠪᠥᠷᠢ ᠥᠭᠬᠦ ᠠᠵᠢᠯ ᠪᠣᠯ ᠲᠥᠷᠥ ᠵᠢᠨ ᠪᠣᠳᠣᠯᠭ᠎ᠠ ᠵᠢᠨ ᠴᠢᠨᠠᠷ ᠵᠶ᠋ᠠᠷ ᠴᠢᠩᠭ᠎ᠠ ᠪᠣᠯᠬᠤᠷ᠂ ᠡᠯ᠎ᠡ ᠭᠠᠵᠠᠷ᠎ᠤᠨ᠎ᠬᠢᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠡᠯ᠎ᠡ ᠱᠠᠲᠤᠨ᠎ᠤ ᠠᠷᠠᠳ᠎ᠤᠨ ᠶᠠᠪᠤᠳᠠᠯ᠂ ᠡᠳ᠋᠎ᠤᠨ ᠵᠠᠰᠠᠭ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ᠂ ᠪᠠᠶ᠋ᠢᠭ᠋ᠠᠯᠢ ᠵᠢᠨ ᠡᠬᠢ ᠪᠠᠶᠠᠯᠢᠭ᠂ ᠲᠠᠷᠢᠶᠠᠯᠠᠩ ᠬᠥᠳᠡᠭᠡ ᠲᠣᠰᠬᠤᠨ᠂ ᠬᠢᠨᠠᠨ ᠪᠣᠳᠣᠬᠤ ᠵᠡᠷᠭᠡ ᠰᠠᠯᠠᠭ᠎ᠠ ᠮᠥᠴᠢᠷ᠎ᠤᠳ ᠲᠤᠰ ᠲᠤᠰ᠎ᠤᠨ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ᠂ ᠡᠯ᠎ᠡ ᠭᠠᠵᠠᠷ᠎ᠤᠨ ᠠᠵᠢᠯ ᠵᠶ᠋ᠠᠨ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ᠎ᠪᠠᠨ ᠴᠢᠩᠭ᠋ᠠᠳᠬᠠᠨ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠪᠠ ᠭᠠᠵᠠᠷ ᠵᠶ᠋ᠠᠨ ᠲᠠᠲᠠᠪᠤᠷᠢᠯᠠᠭᠤᠯᠤᠭᠰᠠᠨ ᠲᠠᠷᠢᠶᠠᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠲᠤ ᠬᠠᠯᠳᠠᠭᠰᠠᠨ ᠪᠠᠶ᠋ᠢᠳᠠᠯ ᠭᠠᠷᠬᠤ ᠵᠢ ᠰᠡᠷᠭᠡᠶ᠋ᠢᠯᠡᠨ ᠬᠤᠷᠢᠭᠯᠠᠵᠤ᠂ ᠬᠤᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ᠎ᠨᠢ ᠡᠯ᠎ᠡ ᠭᠠᠵᠠᠷ᠎ᠤᠨ ᠠᠵᠢᠯ ᠵᠶ᠋ᠠᠨ ᠶᠠᠪᠤᠭᠳᠠᠭᠤᠯᠵᠤ ᠪᠠᠶ᠋ᠢᠭ᠎ᠠ ᠵᠢᠯᠣᠭᠤᠳᠤᠯᠭ᠎ᠠ᠎ᠪᠠᠨ ᠴᠢᠩᠭ᠋ᠠᠳᠬᠠᠨ᠂ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠮᠡᠳᠡᠭᠦᠯᠦᠨ ᠵᠥᠪᠰᠢᠶᠡᠷᠡᠭᠦᠯᠬᠦ ᠵᠢ ᠴᠢᠩᠭ᠎ᠠ ᠬᠢᠨᠠᠨ ᠬᠠᠷᠭᠤᠭᠤᠯᠬᠤ ᠬᠡᠷᠡᠭᠲᠡᠶ᠃  ᠬᠡᠷᠡᠭᠵᠢᠭᠦᠯᠬᠦ ᠶᠠᠪᠤᠴᠠ᠎ᠳᠤ ᠭᠠᠷᠤᠭᠰᠠᠨ ᠴᠢᠬᠤᠯᠠ ᠶᠡᠭᠡ ᠪᠠᠶ᠋ᠢᠳᠠᠯ ᠪᠣᠯᠤᠨ ᠠᠰᠠᠭᠤᠳᠠᠯ᠎ᠢ ᠴᠠᠭ ᠲᠤᠬᠠᠶ᠎ᠳᠤᠨᠢ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠬᠦ ᠬᠡᠷᠡᠭᠲᠡᠶ᠃
    ᠳᠠᠭ᠋ᠠᠯᠳᠤᠭᠤᠯᠤᠯ᠄ 1᠂ ᠪᠠᠶᠠᠨᠨᠠᠭᠤᠷ ᠬᠤᠲᠠ ᠵᠢᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ ᠪᠠ ᠠᠰᠢᠭᠯᠠᠭ᠋ᠠᠳᠤᠶ ᠭᠠᠵᠠᠷ ᠰᠢᠷᠣᠶ ᠵᠢᠨ ᠲᠥᠷᠥᠯ᠎ᠤᠨ ᠵᠠᠰᠠᠪᠤᠷᠢ ᠣᠷᠣᠭᠤᠯᠬᠤ ᠢᠯᠡᠳᠬᠡᠮᠵᠢ ᠵᠢᠨ ᠬᠦᠰᠦᠨᠦᠭᠲᠦ
     2᠂ ᠪᠠᠶᠠᠨᠨᠠᠭᠤᠷ ᠬᠤᠲᠠ ᠵᠢᠨ ᠬᠥᠬᠡ ᠴᠢᠬᠢ ᠵᠢᠨ ᠨᠥᠬᠦᠪᠥᠷᠢ ᠵᠢᠨ ᠪᠠᠷᠢᠮᠵᠢᠶ᠎ᠠ ᠵᠢᠨ ᠬᠦᠰᠦᠨᠦᠭᠲᠦ
     3᠂ ᠪᠠᠶᠠᠨᠨᠠᠭᠤᠷ ᠬᠤᠲᠠ ᠵᠢᠨ ᠭᠠᠵᠠᠷ ᠳᠡᠭᠡᠷᠡᠬᠢ ᠳᠠᠭ᠋ᠠᠯᠲᠠ ᠪᠣᠳᠠᠰ᠎ᠤᠨ ᠨᠥᠬᠦᠪᠥᠷᠢ ᠵᠢᠨ ᠪᠠᠷᠢᠮᠵᠢᠶ᠎ᠠ ᠵᠢᠨ ᠬᠦᠰᠦᠨᠦᠭᠲᠦ
     4᠂ ᠪᠠᠶᠠᠨᠨᠠᠭᠤᠷ ᠬᠤᠲᠠ ᠵᠢᠨ ᠭᠠᠵᠠᠷ ᠰᠢᠷᠣᠶ ᠵᠢᠨ ᠨᠥᠬᠦᠪᠥᠷᠢ ᠵᠠᠷᠤᠳᠠᠯ ᠪᠠ ᠲᠥᠪᠬᠢᠨᠡᠭᠦᠯᠬᠦ ᠨᠥᠬᠦᠪᠦᠷᠢ ᠵᠢᠨ ᠵᠠᠷᠤᠳᠠᠯ᠎ᠤᠨ ᠬᠠᠷᠢᠴᠠᠯ᠎ᠤᠨ ᠬᠦᠰᠦᠨᠦᠭᠲᠦ
     5᠂ ᠪᠠᠶᠠᠨᠨᠠᠭᠤᠷ ᠬᠤᠲᠠ ᠵᠢᠨ ᠭᠠᠵᠠᠷ ᠱ᠌ᠢᠷᠣᠢ ᠲᠠᠲᠠᠪᠤᠷᠢᠯᠠᠬᠤ ᠣᠷᠣᠨ᠎ᠤ ᠬᠡᠰᠡᠭ᠎ᠤᠨ ᠶᠡᠷᠦᠩᠬᠡᠢ᠍ᠯᠡᠭᠰᠡᠨ ᠭᠠᠵᠠᠷ᠎ᠤᠨ ᠦᠨ᠎ᠡ ᠵᠢᠨ ᠵᠠᠰᠠᠪᠤᠷᠢ ᠵᠢᠨ ᠢᠯᠡᠳᠭᠡᠮᠵᠢ ᠵᠢᠨ ᠨᠠᠷᠢᠯᠢᠭ ᠬᠦᠰᠦᠨᠦᠭᠲᠦ
                ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ
                        2024 ᠣᠨ᠎ᠤ 4 ᠰᠠᠷ᠎ᠠ ᠵᠢᠨ 29᠎ᠤ ᠡᠳᠦᠷ

                (ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠪᠡ)

ᠢᠷᠡᠯᠲᠡ᠄ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠮᠣᠩᠭᠣᠯ ᠰᠦᠯᠵᠢᠶ᠎ᠡ