ᠠᠯᠪᠠᠨ ᠮᠠᠳᠡᠭᠡ 2024  -   ᠵᠠᠰᠠᠭ᠎ᠤᠨ ᠤᠷᠳᠥᠨ᠎ᠤ ᠠᠯᠪᠠᠨ ᠮᠠᠳᠡᠭᠡ

ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ 2025 ᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠴᠢᠩᠭ᠎ᠠ ᠰᠡᠷᠭᠡᠶ᠋ᠢᠯᠡᠯᠲᠡ ᠵᠢᠨ ᠵᠠᠷᠯᠢᠭ

ᠨᠡᠶ᠋ᠢᠲᠡᠯᠡᠭᠰᠡᠨ ᠴᠠᠭ᠄   2025-03-27

ᠡᠯ᠎ᠡ ᠬᠤᠰᠢᠭᠤ ᠰᠢᠶᠠᠨ ᠲᠣᠭᠤᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠪᠠᠶᠠᠨᠨᠠᠭᠤᠷ᠎ᠤᠨ ᠤᠯᠤᠰ᠎ᠤᠨ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠲᠣᠭᠤᠷᠢᠭ᠎ᠤᠨ ᠬᠠᠮᠢᠶᠠᠷᠤᠯᠲᠠ ᠵᠢᠨ ᠵᠥᠪᠯᠡᠯ᠂ ᠪᠠᠶᠠᠨᠨᠠᠭᠤᠷ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠤᠷᠢᠭ᠎ᠤᠨ ᠬᠠᠮᠢᠶᠠᠷᠤᠯᠲᠠ ᠵᠢᠨ ᠵᠥᠪᠯᠡᠯ᠂ ᠭᠠᠭᠴᠠᠮᠣᠳᠣ ᠬᠢᠯᠢ ᠵᠢᠨ ᠪᠣᠭᠤᠮᠲᠠ ᠵᠢᠨ ᠬᠠᠮᠢᠶᠠᠷᠤᠯᠲᠠ ᠵᠢᠨ ᠵᠥᠪᠯᠡᠯ᠂ ᠬᠤᠲᠠ ᠵᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠲᠠ᠎ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ᠎ᠳᠤ᠄
      ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠨ ᠤᠨᠲᠠᠷᠠᠭ᠋ᠠᠬᠤ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠵᠤ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ ᠪᠠ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠠᠮᠤᠷ ᠲᠦᠪᠰᠢᠨ᠎ᠢ ᠦᠨᠡᠨᠬᠦ ᠪᠠᠲᠤᠯᠠᠬᠤ ᠵᠢᠨ ᠲᠤᠰᠠᠳᠠ᠂ ᠬᠤᠯᠪᠣᠭᠳᠠᠯ ᠪᠥᠬᠦᠶ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠨ᠂ ᠮᠠᠨ᠎ᠤ ᠬᠤᠲᠠ ᠵᠢᠨ ᠪᠣᠳᠠᠲᠠᠶ᠎ᠲᠠᠢ᠎ᠪᠠᠨ ᠤᠶᠠᠯᠳᠤᠭᠤᠯᠵᠤ᠂ ᠳᠣᠤᠷᠠᠬᠢ ᠮᠡᠲᠦ ᠵᠠᠷᠯᠢᠭ᠎ᠢ ᠨᠡᠶ᠋ᠢᠲᠡᠯᠡᠪᠡ᠄
      ᠨᠢᠭᠡ᠂ ᠭᠠᠯ ᠰᠡᠷᠭᠡᠶ᠋ᠢᠯᠡᠬᠦ ᠬᠤᠭᠤᠴᠠᠭ᠎ᠠ ᠪᠠ ᠴᠢᠩᠭ᠎ᠠ ᠰᠡᠷᠭᠡᠶ᠋ᠢᠯᠡᠯᠲᠡ ᠵᠢᠨ ᠵᠠᠬᠢᠷᠤᠨ ᠬᠠᠮᠢᠶᠠᠷᠬᠤ ᠬᠤᠭᠤᠴᠠᠭ᠎ᠠ
      ᠯᠢᠨ ᠾᠧ ᠲᠣᠭᠤᠷᠢᠭ᠂ ᠬᠠᠩᠭᠢᠨ ᠬᠤᠶ᠋ᠢᠲᠤ ᠬᠤᠰᠢᠭᠤ᠂ ᠦᠶᠤᠸᠠᠨ ᠰᠢᠶᠠᠨ᠂ ᠳ᠋ᠧᠩᠺᠸᠤ ᠰᠢᠶᠠᠨ᠎ᠤ ᠭᠠᠯ ᠰᠡᠷᠭᠡᠶ᠋ᠢᠯᠡᠬᠦ ᠬᠤᠭᠤᠴᠠᠭ᠎ᠠ᠎ᠨᠢ ᠲᠤᠰ ᠵᠢᠯ᠎ᠤᠨ 9 ᠰᠠᠷ᠎ᠠ ᠵᠢᠨ 15᠎ᠤ ᠡᠳᠦᠷ᠎ᠠᠴᠠ ᠳᠠᠷᠠᠭ᠎ᠠ ᠵᠢᠯ᠎ᠤᠨ 5 ᠰᠠᠷ᠎ᠠ ᠵᠢᠨ 15᠎ᠤ ᠡᠳᠦᠷ᠂ ᠤᠷᠠᠳ᠎ᠤᠨ ᠡᠮᠦᠨᠡᠲᠦ ᠬᠤᠰᠢᠭᠤ᠂ ᠤᠷᠠᠳ᠎ᠤᠨ ᠳᠤᠮᠳᠠᠳᠤ ᠬᠤᠰᠢᠭᠤ᠂ ᠤᠷᠠᠳ᠎ᠤᠨ ᠬᠤᠶ᠋ᠢᠲᠤ ᠬᠤᠰᠢᠭᠤᠨ᠎ᠤ ᠭᠠᠯ ᠰᠡᠷᠭᠡᠶ᠋ᠢᠯᠡᠬᠦ ᠬᠤᠭᠤᠴᠠᠭ᠎ᠠ᠎ᠨᠢ ᠲᠤᠰ ᠵᠢᠯ᠎ᠤᠨ 9 ᠰᠠᠷ᠎ᠠ ᠵᠢᠨ 15᠎ᠤ ᠡᠳᠦᠷ᠎ᠠᠴᠠ ᠳᠠᠷᠠᠭ᠎ᠠ ᠵᠢᠯ᠎ᠤᠨ 6 ᠰᠠᠷ᠎ᠠ ᠵᠢᠨ 15᠎ᠤ ᠡᠳᠦᠷ ᠪᠣᠯᠣᠨ᠎ᠠ᠃ ᠪᠥᠬᠦ ᠬᠤᠲᠠ ᠵᠢᠨ ᠭᠠᠯ ᠰᠡᠷᠭᠡᠶ᠋ᠢᠯᠡᠬᠦ ᠴᠢᠩᠭ᠎ᠠ ᠬᠠᠮᠢᠶᠠᠷᠤᠯᠲᠠ ᠵᠢᠨ ᠬᠤᠭᠤᠴᠠᠭ᠎ᠠ ᠪᠣᠯ ᠬᠠᠪᠤᠷ᠎ᠤᠨ ᠤᠯᠠᠷᠢᠯ᠎ᠤᠨ 4 ᠰᠠᠷ᠎ᠠ ᠵᠢᠨ 1᠎ᠤ ᠡᠳᠦᠷ᠎ᠠᠴᠠ 5 ᠰᠠᠷ᠎ᠠ ᠵᠢᠨ 10᠎ᠤ ᠡᠳᠦᠷ᠂ ᠨᠠᠮᠤᠷ᠎ᠤᠨ ᠤᠯᠠᠷᠢᠯ᠎ᠤᠨ 9 ᠰᠠᠷ᠎ᠠ ᠵᠢᠨ 25᠎ᠤ ᠡᠳᠦᠷ᠎ᠠᠴᠠ 10 ᠰᠠᠷ᠎ᠠ ᠵᠢᠨ 25᠎ᠤ ᠡᠳᠦᠷ ᠪᠣᠯᠲᠠᠯ᠎ᠠ ᠶᠠᠪᠤᠭᠳᠠᠨ᠎ᠠ᠃ ᠡᠯ᠎ᠡ ᠬᠤᠰᠢᠭᠤ ᠰᠢᠶᠠᠨ ᠲᠣᠭᠤᠷᠢᠭ᠎ᠨᠢ ᠪᠣᠳᠠᠲᠠᠶ ᠪᠠᠶ᠋ᠢᠳᠠᠯ ᠵᠶ᠋ᠠᠨ ᠦᠨᠳᠦᠰᠦᠯᠡᠨ᠂ ᠤᠷᠢᠳᠴᠢᠯᠠᠨ ᠪᠤᠶᠤ ᠲᠣᠰ ᠭᠠᠵᠠᠷ ᠣᠷᠣᠨ᠎ᠤ ᠴᠢᠩᠭ᠎ᠠ ᠰᠡᠷᠭᠡᠶ᠋ᠢᠯᠡᠯᠲᠡ ᠵᠢᠨ ᠵᠠᠬᠢᠷᠤᠨ ᠬᠠᠮᠢᠶᠠᠷᠬᠤ ᠬᠤᠭᠤᠴᠠᠭ᠎ᠠ ᠵᠢ ᠤᠷᠲᠤᠳᠬᠠᠵᠤ ᠪᠣᠯᠤᠨ᠎ᠠ; ᠵᠠᠬᠢᠷᠤᠨ ᠬᠠᠮᠢᠶᠠᠷᠬᠤ ᠣᠷᠣᠨ ᠪᠦᠰᠡ ᠵᠢ ᠡᠯ᠎ᠡ ᠬᠤᠰᠢᠭᠤ ᠰᠢᠶᠠᠨ ᠲᠣᠭᠤᠷᠢᠭ᠎ᠤᠨ ᠠᠷᠠᠳ᠎ᠤᠨ ᠵᠠᠰᠠᠭ᠎ᠤᠨ ᠣᠷᠳᠣᠨ᠎ᠠᠴᠠ ᠬᠤᠪᠢᠶᠠᠷᠢᠯᠠᠨ ᠲᠣᠭᠲᠠᠭ᠋ᠠᠵᠤ (ᠬᠤᠲᠠ ᠵᠢᠨ ᠱᠠᠲᠤᠨ᠎ᠤ ᠲᠣᠭᠲᠠᠭ᠋ᠠᠭᠰᠠᠨ ᠣᠷᠣᠨ ᠪᠦᠰᠡ ᠵᠢᠨ ᠳᠣᠲᠣᠷ᠎ᠠ ᠵᠣᠬᠢᠰᠲᠠᠶ ᠲᠣᠬᠢᠷᠠᠭᠤᠯᠤᠨ᠎ᠠ)᠂ ᠡᠭᠦᠨ᠎ᠤ ᠬᠠᠮᠲᠤ ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠣᠯᠤᠨ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠨ ᠤᠨᠲᠠᠷᠠᠭ᠋ᠠᠬᠤ ᠠᠵᠢᠯ᠎ᠤᠨ ᠵᠢᠯᠣᠭᠤᠳᠬᠤ ᠭᠠᠵᠠᠷ᠎ᠲᠤ ᠳᠠᠩᠰᠠᠯᠠᠭᠤᠯᠵᠤ᠂ ᠡᠭᠦᠨ᠎ᠤ ᠬᠠᠮᠲᠤ ᠨᠡᠶ᠋ᠢᠭᠡᠮ᠎ᠳᠤ ᠢᠯᠡ ᠪᠣᠯᠭ᠋ᠠᠬᠤ ᠬᠡᠷᠡᠭᠲᠡᠶ᠃
      ᠬᠤᠶᠠᠷ᠂ ᠭᠠᠯ ᠰᠡᠷᠭᠡᠶ᠋ᠢᠯᠡᠬᠦ ᠣᠷᠣᠨ ᠪᠦᠰᠡ
      ᠤᠷᠠᠳ᠎ᠤᠨ ᠲᠠᠯ᠎ᠠ ᠨᠤᠲᠤᠭ᠂ ᠮᠤᠨᠠ ᠠᠭᠤᠯᠠ ᠵᠢᠨ ᠡᠭᠦᠰᠦᠮᠡᠯ ᠣᠶ᠋ᠢᠲᠤ ᠣᠷᠣᠨ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠂ ᠤᠯᠤᠰ᠎ᠤᠨ ᠡᠯᠡᠰᠦᠷᠬᠡᠭᠵᠢᠭᠰᠡᠨ ᠭᠠᠵᠠᠷ ᠰᠢᠷᠣᠶ ᠵᠢ ᠪᠢᠲᠡᠭᠦᠮᠵᠢᠯᠡᠨ ᠬᠠᠮᠠᠭ᠋ᠠᠯᠠᠬᠤ ᠣᠷᠣᠨ᠂ ᠤᠯᠠᠭ᠋ᠠᠨᠪᠤᠬ᠎ᠠ ᠵᠢᠨ ᠡᠯᠡᠰᠦᠨ ᠴᠥᠯ᠎ᠤᠨ ᠠᠮᠢ ᠠᠬᠤᠶ ᠵᠢᠨ ᠵᠠᠰᠠᠯᠲᠠ ᠵᠢᠨ ᠣᠷᠣᠨ᠂ 《ᠭᠤᠷᠪᠠᠨ ᠤᠮᠠᠷᠠᠲᠤ》 ᠵᠢᠨ ᠲᠥᠷᠥᠯ ᠵᠦᠢ᠍ᠯ᠎ᠤᠨ ᠢᠨᠵᠧᠨᠧᠷᠢᠩ᠎ᠢ ᠬᠡᠷᠡᠭᠵᠢᠭᠦᠯᠬᠦ ᠣᠷᠣᠨ ᠪᠠ G6᠂ G7᠂ ᠤᠯᠤᠰ᠎ᠤᠨ ᠵᠠᠮ 110᠂ ᠤᠯᠤᠰ᠎ᠤᠨ ᠵᠠᠮ 242᠂ ᠮᠤᠵᠢ ᠵᠢᠨ ᠵᠠᠮ 212᠂ ᠮᠤᠵᠢ ᠵᠢᠨ ᠵᠠᠮ 215᠂ ᠮᠤᠵᠢ ᠵᠢᠨ ᠵᠠᠮ 315 (ᠬᠠᠲᠤᠨ ᠭᠤᠤᠯ ᠳᠠᠭ᠋ᠠᠤ ᠵᠢᠨ ᠵᠠᠰᠠᠮᠠᠯ ᠵᠠᠮ)᠂ ᠲᠡᠮᠦᠷ ᠵᠠᠮ ᠳᠠᠭ᠋ᠠᠤ ᠵᠢᠨ ᠬᠤᠶᠠᠷ ᠬᠠᠵᠠᠭᠤ ᠵᠢᠨ 200 ᠮᠧᠲᠷ᠎ᠤᠨ ᠬᠡᠪᠴᠢᠶᠡᠨ ᠳᠣᠲᠣᠷ᠎ᠠ; ᠤᠯᠤᠰ᠎ᠤᠨ ᠥᠮᠴᠢᠯᠡᠯᠲᠦ ᠲᠠᠯᠠᠪᠠᠶ ᠬᠦᠷᠢᠶᠡᠯᠡᠩ᠂ ᠬᠤᠲᠠ ᠵᠢᠨ ᠲᠡᠭᠦᠷᠭᠡ ᠵᠢᠨ ᠨᠣᠭᠤᠭ᠋ᠠᠷᠠᠭᠤᠯᠤᠯᠲᠠ ᠵᠢᠨ ᠣᠷᠣᠨ ᠵᠢᠴᠢ ᠡᠯ᠎ᠡ ᠬᠤᠰᠢᠭᠤ ᠰᠢᠶᠠᠨ ᠲᠣᠭᠤᠷᠢᠭ᠎ᠤᠨ ᠬᠤᠪᠢᠶᠠᠷᠢᠯᠠᠨ ᠲᠣᠭᠲᠠᠭ᠋ᠠᠭᠰᠠᠨ ᠬᠠᠮᠢᠶᠠᠷᠤᠨ ᠡᠵᠡᠮᠳᠡᠬᠦ ᠣᠷᠣᠨ ᠪᠣᠯ ᠪᠥᠬᠦ ᠬᠤᠲᠠ ᠵᠢᠨ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠴᠢᠩᠭ᠎ᠠ ᠰᠡᠷᠭᠡᠶ᠋ᠢᠯᠡᠯᠲᠡ ᠵᠢᠨ ᠣᠷᠣᠨ ᠪᠣᠯᠤᠨ᠎ᠠ᠃
      ᠭᠤᠷᠪᠠ᠂ ᠭᠠᠯ ᠰᠡᠷᠭᠡᠶ᠋ᠢᠯᠡᠬᠦ ᠭᠠᠯ ᠤᠨᠲᠠᠷᠠᠭ᠋ᠠᠬᠤ ᠬᠠᠷᠢᠭᠤᠴᠠᠯᠭ᠎ᠠ
      ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠨ ᠤᠨᠲᠠᠷᠠᠭ᠋ᠠᠬᠤ ᠵᠠᠰᠠᠭ ᠵᠠᠬᠢᠷᠭ᠋ᠠᠨ᠎ᠤ ᠳᠠᠷᠤᠭ᠎ᠠ ᠬᠠᠷᠢᠭᠤᠴᠠᠬᠤ ᠳᠦᠷᠢᠮ᠎ᠢ ᠴᠢᠩᠭ᠎ᠠ ᠬᠡᠷᠡᠭᠵᠢᠭᠦᠯᠵᠦ᠂ ᠬᠠᠷᠢᠶ᠎ᠠ ᠭᠠᠵᠠᠷ ᠣᠷᠣᠨ᠂ ᠰᠠᠯᠠᠭ᠎ᠠ ᠮᠥᠴᠢᠷ᠂ ᠨᠢᠭᠡᠴᠡ᠂ ᠬᠤᠪᠢ ᠬᠥᠮᠦᠨ᠎ᠤ 《ᠳᠥᠷᠪᠡᠨ ᠲᠠᠯ᠎ᠠ》 ᠵᠢᠨ ᠬᠠᠷᠢᠭᠤᠴᠠᠯᠭ᠎ᠠ ᠵᠢ ᠱᠠᠲᠤ ᠱᠠᠲᠤ᠎ᠪᠠᠷ ᠪᠣᠳᠠᠲᠠᠶ᠋ᠢᠵᠢᠭᠤᠯᠵᠤ᠂ ᠬᠠᠷᠢᠭᠤᠴᠠᠯᠭ᠎ᠠ ᠵᠢᠨ ᠣᠷᠣᠨ᠎ᠢ ᠬᠤᠪᠢᠶᠠᠷᠢᠯᠠᠨ ᠲᠣᠭᠲᠠᠭ᠋ᠠᠵᠤ᠂ ᠬᠠᠷᠢᠭᠤᠴᠠᠯᠭ᠎ᠠ ᠵᠢᠨ ᠪᠢᠴᠢᠭ ᠲᠣᠭᠲᠠᠵᠤ᠂ ᠲᠣᠤᠷᠵᠢᠭᠤᠯᠤᠭᠰᠠᠨ ᠬᠠᠷᠢᠭᠤᠴᠠᠯᠭ᠎ᠠ ᠵᠢᠨ ᠴᠢᠩᠭ᠎ᠠ ᠰᠢᠰᠲ᠋ᠧᠮᠵᠢ ᠵᠢ ᠪᠠᠶ᠋ᠢᠭᠤᠯᠬᠤ ᠬᠡᠷᠡᠭᠲᠡᠶ᠃ ᠡᠯ᠎ᠡ ᠱᠠᠲᠤᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠨ ᠤᠨᠲᠠᠷᠠᠭ᠋ᠠᠬᠤ ᠠᠵᠢᠯ᠎ᠤᠨ ᠵᠢᠯᠣᠭᠤᠳᠬᠤ ᠭᠠᠵᠠᠷ᠎ᠤᠨ ᠪᠦᠷᠢᠯᠳᠦᠬᠦᠨ ᠨᠢᠭᠡᠴᠡ᠎ᠨᠦᠭᠦᠳ ᠲᠣᠰ ᠲᠣᠰ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠨᠢᠭᠲᠠ ᠬᠠᠮᠵᠢᠯᠴᠠᠨ᠂ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠨ ᠤᠨᠲᠠᠷᠠᠭ᠋ᠠᠬᠤ ᠠᠵᠢᠯ᠎ᠢ ᠬᠦᠴᠦ᠎ᠪᠠᠨ ᠬᠠᠮᠲᠤᠳᠬᠠᠨ ᠰᠠᠶ᠋ᠢᠲᠤᠷ ᠬᠢᠬᠦ ᠬᠡᠷᠡᠭᠲᠡᠶ᠃
      ᠲᠦᠷᠪᠡ᠂ ᠤᠬᠠᠭᠤᠯᠭ᠎ᠠ ᠬᠦᠮᠦᠵᠢᠯ
      ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠳ ᠣᠯᠠᠨ ᠵᠦᠢ᠍ᠯ᠎ᠤᠨ ᠬᠡᠯᠪᠡᠷᠢ ᠵᠢ ᠠᠪᠴᠤ᠂ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠨ ᠤᠨᠲᠠᠷᠠᠭ᠋ᠠᠬᠤ ᠤᠬᠠᠭᠤᠯᠭ᠎ᠠ ᠬᠥᠮᠦᠵᠢᠯ᠎ᠤᠨ ᠠᠵᠢᠯ᠎ᠢ ᠥᠷᠭᠡᠨ ᠵᠶ᠋ᠠᠷ ᠥᠷᠨᠢᠭᠦᠯᠵᠦ᠂ ᠬᠥᠳᠡᠭᠡ ᠲᠣᠰᠬᠤᠨ ᠬᠤᠶᠠᠷ ᠱᠠᠲᠤᠨ᠎ᠤ ᠺᠠᠳ᠋ᠷ᠂ ᠣᠶ ᠰᠢᠭᠤᠶ ᠬᠠᠮᠠᠭ᠋ᠠᠯᠠᠭᠴᠢ ᠵᠢ ᠭᠦᠢ᠍ᠴᠡᠳ ᠳᠠᠶ᠋ᠢᠴᠢᠯᠠᠨ ᠲᠣᠰᠬᠤᠨ ᠡᠷᠦᠬᠡ᠎ᠳᠤ ᠣᠴᠢᠭᠤᠯᠤᠨ ᠥᠷᠭᠡᠨ ᠵᠶ᠋ᠠᠷ ᠤᠬᠠᠭᠤᠯᠵᠤ᠂ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠲᠦᠭᠰᠢᠭᠦᠷᠢ ᠮᠡᠳᠡᠭᠦᠯᠬᠦ ᠤᠲᠠᠰᠤ ᠵᠢ 12119 ᠵᠢ ᠶᠡᠬᠡᠪᠡᠷ ᠳᠡᠯᠭᠡᠷᠡᠭᠦᠯᠵᠦ᠂ ᠣᠯᠠᠨ ᠨᠡᠶ᠋ᠢᠲᠡ ᠵᠢᠨ ᠬᠠᠷᠢᠭᠤᠴᠠᠯᠭ᠋ᠠᠲᠤ ᠤᠬᠠᠮᠰᠠᠷ᠂ ᠠᠮᠤᠷ ᠲᠦᠪᠰᠢᠨ᠎ᠤ ᠤᠬᠠᠮᠰᠠᠷ ᠪᠠ ᠬᠠᠤᠯᠢ᠎ᠪᠠᠷ ᠵᠠᠰᠠᠬᠤ ᠤᠬᠠᠮᠰᠠᠷ᠎ᠢ ᠤᠯᠠᠮ ᠨᠢᠭᠡ ᠠᠯᠬᠤᠮ ᠴᠢᠩᠭ᠋ᠠᠳᠬᠠᠨ᠂ ᠠᠷᠠᠳ ᠣᠯᠠᠨ᠎ᠤ ᠤᠷᠢᠳᠴᠢᠯᠠᠨ ᠰᠡᠷᠭᠡᠶ᠋ᠢᠯᠡᠬᠦ᠂ ᠠᠶᠤᠯ᠎ᠠᠴᠠ ᠵᠠᠶ᠋ᠢᠯᠠᠬᠤ᠂ ᠥᠪᠡᠷ᠎ᠢ᠎ᠪᠠᠨ ᠠᠪᠤᠷᠠᠬᠤ᠂ ᠬᠠᠷᠢᠯᠴᠠᠨ ᠠᠪᠤᠷᠠᠬᠤ ᠪᠠ ᠭᠠᠮᠰᠢᠭ᠎ᠢ ᠪᠠᠭ᠋ᠠᠰᠬᠠᠬᠤ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠶ᠃
      ᠲᠠᠪᠤ᠂ ᠭᠠᠯ᠎ᠤᠨ ᠠᠶᠤᠯ᠎ᠢ ᠰᠡᠷᠭᠡᠶ᠋ᠢᠯᠡᠬᠦ
      ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠬᠡᠷᠡᠭ᠎ᠤᠨ ᠡᠮᠦᠨ᠎ᠡ ᠬᠦᠴᠦᠯᠡᠬᠦ᠎ᠪᠠᠨ ᠴᠢᠩᠭ᠋ᠠᠳᠬᠠᠵᠤ᠂ ᠪᠣᠭᠤᠮᠲᠠ ᠵᠢ ᠤᠷᠤᠭᠰᠢ ᠰᠢᠯᠵᠢᠭᠦᠯᠬᠦ᠂ ᠭᠤᠣᠯᠳᠠᠯᠭ᠎ᠠ ᠵᠢ ᠳᠣᠷᠣᠭᠰᠢ ᠪᠠᠭᠤᠯᠭ᠋ᠠᠬᠤ ᠵᠢ ᠠᠬᠢᠭᠤᠯᠬᠤ ᠬᠡᠷᠡᠭᠲᠡᠢ᠃ ᠲᠤᠰᠠᠭ᠋ᠠᠷᠯᠠᠬᠤ ᠪᠦᠰᠡ ᠵᠢᠨ ᠪᠥᠲᠥᠭᠡᠨ ᠪᠠᠶ᠋ᠢᠭᠤᠯᠤᠯᠲᠠ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠵᠢ ᠬᠢᠨᠠᠨ ᠵᠥᠪᠰᠢᠶᠡᠷᠡᠬᠦ᠂ ᠣᠶ ᠵᠢᠨ ᠬᠤᠷᠮᠣᠶ ᠵᠢᠨ ᠰᠢᠲᠠᠮᠠᠬᠠᠶ ᠪᠣᠳᠠᠰ᠎ᠢ ᠴᠡᠪᠡᠷᠯᠡᠬᠦ᠂ ᠬᠤᠯᠪᠣᠭ᠋ᠠᠯᠠᠨ ᠰᠡᠷᠭᠡᠶ᠋ᠢᠯᠡᠵᠦ ᠬᠤᠯᠪᠣᠭ᠋ᠠᠯᠠᠨ ᠡᠵᠡᠮᠳᠡᠬᠦ ᠵᠡᠷᠭᠡ ᠠᠷᠭ᠎ᠠ ᠬᠡᠮᠵᠢᠶ᠎ᠡ ᠵᠢ ᠴᠢᠩᠭ᠋ᠠᠳᠬᠠᠵᠤ᠂ ᠭᠠᠯ᠎ᠤᠨ ᠭᠠᠮᠰᠢᠭ᠎ᠤᠨ ᠳᠠᠯᠳᠠ ᠬᠡᠮ᠎ᠢ ᠬᠥᠳᠡᠯᠦᠩᠭᠦᠶ᠎ᠪᠠᠷ ᠠᠷᠢᠯᠭ᠋ᠠᠬᠤ ᠠᠵᠢᠯᠯᠠᠭ᠎ᠠ ᠵᠢ ᠪᠠᠶ᠋ᠢᠩᠭᠤᠵᠢᠭᠤᠯᠤᠨ ᠥᠷᠨᠢᠭᠦᠯᠵᠦ᠂ ᠲᠠᠷᠢᠶᠠᠯᠠᠩ᠎ᠤᠨ ᠶᠠᠪᠤᠳᠠᠯ ᠣᠶ ᠰᠢᠭᠤᠶ ᠵᠢᠨ ᠶᠠᠪᠤᠳᠠᠯ᠂ ᠪᠠᠷᠢᠯᠭ᠎ᠠ ᠵᠢᠨ ᠠᠵᠢᠯ᠂ ᠦᠢ᠍ᠯᠡᠳᠪᠦᠷᠢᠯᠡᠯ ᠲᠡᠭᠡᠭᠡᠪᠦᠷᠢ᠂ ᠵᠤᠭ᠋ᠠᠴᠠᠨ ᠨᠠᠭ᠋ᠠᠳᠬᠤ ᠲᠠᠬᠢᠯᠭ᠎ᠠ ᠵᠡᠷᠭᠡ ᠬᠡᠭᠡᠷ᠎ᠡ ᠭᠠᠳᠠᠨ᠎ᠠ ᠭᠠᠯ ᠬᠡᠷᠡᠭᠯᠡᠬᠦ ᠡᠯ᠎ᠡ ᠲᠥᠷᠥᠯ᠎ᠤᠨ  ᠦᠢ᠍ᠯᠡ ᠠᠵᠢᠯᠯᠠᠭ᠎ᠠ ᠵᠢ ᠴᠢᠩᠭ᠎ᠠ ᠬᠠᠮᠢᠶᠠᠷᠴᠤ᠂ 《ᠨᠡᠪᠲᠡᠷᠡᠭᠦᠯᠬᠦ ᠪᠠ ᠬᠤᠷᠢᠭᠯᠠᠬᠤ ᠵᠢ ᠤᠶᠠᠯᠳᠤᠭᠤᠯᠬᠤ》 ᠵᠢ ᠭᠦᠢ᠍ᠴᠡᠳ ᠬᠡᠷᠡᠭᠯᠡᠨ ᠡᠬᠢ ᠡᠭᠦᠰᠦᠯ᠎ᠠᠴᠠ᠎ᠨᠢ ᠬᠠᠮᠢᠶᠠᠷᠤᠨ ᠡᠵᠡᠮᠳᠡᠬᠦ ᠵᠢ ᠰᠠᠶ᠋ᠢᠲᠤᠷ ᠠᠳᠬᠤᠬᠤ ᠬᠡᠷᠡᠭᠲᠡᠶ᠃
      ᠴᠢᠩᠭ᠎ᠠ ᠰᠡᠷᠭᠡᠶ᠋ᠢᠯᠡᠯᠲᠡ ᠵᠢᠨ ᠵᠠᠬᠢᠷᠤᠨ ᠬᠠᠮᠢᠶᠠᠷᠬᠤ ᠬᠤᠭᠤᠴᠠᠭ᠋ᠠᠨ᠎ᠳᠤ᠂ ᠴᠢᠩᠭ᠎ᠠ ᠰᠡᠷᠭᠡᠶ᠋ᠢᠯᠡᠯᠲᠡ ᠵᠢᠨ ᠵᠠᠬᠢᠷᠤᠨ ᠬᠠᠮᠢᠶᠠᠷᠬᠤ ᠣᠷᠣᠨ᠎ᠳᠤ ᠳᠣᠤᠷᠠᠬᠢ ᠮᠡᠲᠦ ᠲᠣᠭᠲᠠᠭ᠋ᠠᠯ᠎ᠢ ᠴᠢᠩᠭ᠎ᠠ ᠬᠡᠷᠡᠭᠵᠢᠭᠦᠯᠬᠦ ᠬᠡᠷᠡᠭᠲᠡᠶ᠄
      (ᠨᠢᠭᠡ) ᠡᠯ᠎ᠡ ᠬᠤᠰᠢᠭᠤ ᠰᠢᠶᠠᠨ ᠲᠣᠭᠤᠷᠢᠭ᠎ᠨᠢ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ᠂ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠪᠠ ᠰᠢᠲᠠᠭ᠋ᠠᠬᠤ ᠵᠢ ᠴᠠᠭ᠋ᠠᠵᠠᠯᠠᠬᠤ ᠣᠷᠣᠨ᠎ᠢ ᠬᠤᠪᠢᠶᠠᠷᠢᠯᠠᠨ ᠲᠣᠭᠲᠠᠭ᠋ᠠᠵᠤ᠂ ᠰᠢᠲᠠᠭ᠋ᠠᠬᠤ ᠵᠢ ᠴᠠᠭ᠋ᠠᠵᠠᠯᠠᠬᠤ ᠣᠷᠣᠨ᠎ᠳᠤ ᠬᠡᠭᠡᠷ᠎ᠡ ᠭᠠᠳᠠᠨ᠎ᠠ ᠭᠠᠯ ᠦᠢ᠍ᠯᠡᠳᠪᠦᠷᠢᠯᠡᠬᠦ᠂ ᠴᠠᠭ᠋ᠠᠰᠤ ᠰᠢᠲᠠᠭ᠋ᠠᠬᠤ᠂ ᠬᠦᠵᠢ ᠠᠰᠠᠭ᠋ᠠᠬᠤ᠂ ᠫᠤᠤᠵᠢᠩ ᠲᠠᠯᠪᠢᠬᠤ᠂ ᠭᠠᠯ ᠲᠠᠯᠪᠢᠵᠤ ᠳᠤᠯᠠᠭ᠋ᠠᠯᠠᠬᠤ᠂ ᠬᠤᠭ ᠨᠣᠪᠰᠢ ᠰᠢᠲᠠᠭ᠋ᠠᠬᠤ᠂ ᠲᠠᠮᠠᠬᠢ ᠲᠠᠲᠠᠬᠤ ᠵᠡᠷᠭᠡ ᠦᠢ᠍ᠯᠡᠳᠪᠦᠷᠢᠯᠡᠯ᠎ᠤᠨ ᠪᠤᠰᠤ ᠭᠠᠯ ᠬᠡᠷᠡᠭᠯᠡᠬᠦ ᠪᠠ ᠠᠲᠠᠷ ᠰᠢᠲᠠᠭ᠋ᠠᠬᠤ᠂ ᠡᠰᠢ ᠰᠦᠷᠡᠯ ᠰᠢᠲᠠᠭ᠋ᠠᠬᠤ ᠵᠡᠷᠭᠡ ᠲᠠᠷᠢᠶᠠᠯᠠᠩ᠎ᠤᠨ ᠶᠠᠪᠤᠳᠠᠯ᠎ᠳᠤ ᠭᠠᠯ ᠬᠡᠷᠡᠭᠯᠡᠬᠦ ᠵᠢ ᠴᠢᠩᠭ᠎ᠠ ᠴᠠᠭ᠋ᠠᠵᠠᠯᠠᠨ᠎ᠠ᠃
      (ᠬᠤᠶᠠᠷ) ᠬᠡᠭᠡᠷ᠎ᠡ ᠭᠠᠳᠠᠨ᠎ᠠ ᠬᠡᠷᠡᠭᠯᠡᠬᠦ᠎ᠳᠤ ᠭᠠᠯ ᠬᠡᠷᠡᠭᠯᠡᠬᠦ ᠵᠢ ᠡᠷᠬᠡᠪᠰᠢ ᠬᠠᠷᠢᠶ᠎ᠠ ᠭᠠᠵᠠᠷ᠎ᠤᠨ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠬᠢᠨᠠᠨ ᠪᠠᠶ᠋ᠢᠴᠠᠭ᠋ᠠᠯᠭ᠋ᠠᠵᠤ ᠵᠥᠪᠰᠢᠶᠡᠷᠡᠭᠦᠯᠦᠭᠡᠳ᠂ ᠵᠢᠭ᠋ᠠᠨ ᠲᠣᠭᠲᠠᠭ᠋ᠠᠭᠰᠠᠨ ᠴᠠᠭ ᠬᠤᠭᠤᠴᠠᠭ᠎ᠠ᠂ ᠭᠠᠵᠠᠷ᠂ ᠬᠠᠷᠢᠭᠤᠴᠠᠯᠭ᠎ᠠ ᠡᠭᠦᠷᠭᠡᠯᠡᠭᠴᠢ ᠵᠢᠨ ᠤᠷᠢᠲᠠᠯ ᠳᠣᠤᠷ᠎ᠠ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠬᠡᠷᠡᠭᠲᠡᠶ᠃
      (ᠭᠤᠷᠪᠠ) ᠵᠠᠬᠢᠷᠤᠨ ᠬᠠᠮᠢᠶᠠᠷᠬᠤ ᠣᠷᠣᠨ᠎ᠳᠤ ᠣᠷᠣᠬᠤ ᠬᠥᠮᠦᠰ ᠪᠠ ᠲᠡᠷᠭᠡ ᠬᠥᠰᠬᠡ᠎ᠳᠤ ᠭᠠᠯ᠎ᠤᠨ ᠲᠥᠷᠥᠯ ᠪᠤᠶᠤ ᠨᠣᠴᠣᠮᠠᠲᠠᠭ᠋ᠠᠶ ᠳᠡᠯᠪᠡᠷᠡᠮᠡᠲᠡᠭᠡᠶ ᠪᠣᠳᠠᠰ ᠠᠪᠴᠤ ᠶᠠᠪᠤᠬᠤ ᠵᠢ ᠴᠢᠩᠭ᠎ᠠ ᠴᠠᠭ᠋ᠠᠵᠠᠯᠠᠬᠤ ᠬᠡᠷᠡᠭᠲᠡᠶ᠂ ᠰᠢᠭᠤᠶ᠋ᠢᠲᠤ ᠣᠷᠣᠨ ᠪᠠ ᠨᠤᠲᠤᠭ ᠪᠡᠯᠴᠢᠭᠡᠷ᠎ᠲᠤ ᠣᠷᠣᠬᠤ ᠬᠥᠮᠦᠰ ᠪᠠ ᠲᠡᠷᠭᠡ ᠬᠥᠰᠬᠡ᠎ᠨᠦᠭᠦᠳ ᠭᠠᠯ ᠰᠡᠷᠭᠡᠶ᠋ᠢᠯᠡᠬᠦ ᠭᠠᠯ ᠤᠨᠲᠠᠷᠠᠭ᠋ᠠᠬᠤ ᠪᠠᠶ᠋ᠢᠴᠠᠭ᠋ᠠᠯᠲᠠ ᠵᠢ ᠬᠦᠯᠢᠶᠡᠬᠦ ᠬᠡᠷᠡᠭᠲᠡᠶ᠃ ᠲᠡᠷᠭᠡ ᠬᠥᠰᠬᠡ᠎ᠨᠦᠭᠦᠳ ᠴᠢᠬᠤᠯᠠᠲᠠᠶ ᠦᠶ᠎ᠡ᠎ᠳᠤ 《ᠭᠠᠯ ᠰᠡᠷᠭᠡᠶ᠋ᠢᠯᠡᠬᠦ ᠮᠠᠯᠠᠭ᠋ᠠᠶ》 ᠵᠡᠷᠭᠡ ᠭᠠᠯ ᠰᠡᠷᠭᠡᠶ᠋ᠢᠯᠡᠬᠦ ᠪᠡᠯᠡᠳᠬᠡᠮᠵᠢ ᠨᠡᠮᠡᠵᠦ ᠤᠭᠰᠠᠷᠠᠨ᠂ ᠪᠤᠬ᠎ᠠ ᠲᠡᠷᠭᠡ᠎ᠪᠠᠷ ᠭᠠᠯ ᠭᠦᠶᠦᠬᠦ᠂ ᠪᠢᠲᠡᠭᠦᠦ ᠸᠠᠭᠤᠨ᠎ᠢ ᠪᠢᠲᠡᠭᠦᠮᠵᠢᠯᠡᠭᠰᠡᠨ ᠭᠠᠯ ᠰᠦᠷᠴᠢᠬᠦ ᠵᠡᠷᠭᠡ ᠭᠠᠯ ᠭᠦᠶᠦᠬᠦ ᠵᠢ ᠰᠡᠷᠭᠡᠶ᠋ᠢᠯᠡᠬᠦ ᠬᠡᠷᠡᠭᠲᠡᠶ᠃ ᠭᠠᠯᠲᠤ ᠲᠡᠷᠭᠡ᠂ ᠮᠠᠰᠢᠨ ᠲᠡᠷᠭᠡᠨ᠎ᠤ ᠵᠢᠯᠣᠭᠣᠴᠢ ᠪᠠ ᠠᠶᠠᠨᠴᠢᠳ ᠲᠡᠷᠭᠡᠨ᠎ᠠᠴᠠ ᠭᠠᠳᠠᠭᠰᠢ ᠭᠠᠯ᠎ᠤᠨ ᠡᠬᠢ ᠠᠪᠴᠤ ᠬᠠᠶᠠᠬᠤ ᠵᠢ ᠴᠢᠩᠭ᠎ᠠ ᠴᠠᠭ᠋ᠠᠵᠠᠯᠠᠬᠤ ᠬᠡᠷᠡᠭᠲᠡᠶ᠃
      (ᠲᠦᠷᠪᠡ) ᠡᠯ᠎ᠡ ᠪᠠᠶ᠋ᠢᠴᠠᠭ᠋ᠠᠬᠤ ᠥᠷᠲᠡᠭᠡ᠂ ᠪᠠᠷᠠᠯᠠᠬᠤ ᠲᠠᠪᠴᠠᠩ᠂ ᠴᠠᠭᠳᠠᠨ ᠲᠣᠭᠤᠷᠢᠵᠤ ᠴᠠᠭᠳᠠᠨ ᠪᠠᠶ᠋ᠢᠴᠠᠭ᠋ᠠᠬᠤ ᠠᠵᠢᠯ᠎ᠤᠨ ᠪᠠᠶ᠋ᠢᠷᠢ ᠵᠡᠷᠭᠡ ᠵᠢᠵᠢᠭᠦᠷᠯᠡᠭᠴᠢ ᠪᠦᠬᠦᠯᠢ ᠡᠳᠦᠷ ᠵᠶ᠋ᠠᠷ ᠵᠢᠵᠢᠭᠦᠷᠯᠡᠨ ᠰᠠᠬᠢᠬᠤ ᠬᠡᠷᠡᠭᠲᠡᠶ᠃ ᠡᠯ᠎ᠡ ᠭᠠᠵᠠᠷ᠎ᠤᠨ᠎ᠬᠢᠨ ᠲᠡᠨᠡᠭ᠂ ᠲᠡᠨᠡᠭ᠂ ᠲᠡᠨᠡᠭ᠂ ᠳᠦᠯᠡᠢ᠂ ᠶᠠᠪᠠ᠂ ᠰᠣᠬᠣᠷ ᠪᠠᠯᠠᠢ》 ᠵᠡᠷᠭᠡ ᠣᠨᠴᠠᠭ᠋ᠠᠢ ᠬᠥᠮᠥᠰ ᠵᠢᠴᠢ ᠨᠠᠰᠤᠨ᠎ᠳᠤ ᠦᠯᠦ  ᠬᠦᠷᠦᠭᠰᠡᠳ᠎ᠢ ᠬᠢᠨᠠᠨ ᠬᠠᠮᠠᠭ᠋ᠠᠯᠠᠬᠤ ᠬᠠᠷᠢᠭᠤᠴᠠᠯᠭ᠎ᠠ ᠵᠢ ᠴᠢᠩᠭ᠋᠎ᠠ ᠨᠠᠶ᠋ᠢᠳᠠᠪᠤᠷᠢᠵᠢᠭᠤᠯᠤᠨ᠎ᠠ᠃ ᠨᠠᠮ᠎ᠤᠨ ᠭᠡᠰᠢᠭᠦᠨ ᠺᠠᠳ᠋ᠷ᠂ ᠠᠯᠪᠠᠨ ᠲᠤᠰᠢᠶᠠᠯᠲᠠᠨ ᠤᠢ ᠰᠢᠭᠤᠢ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠲᠣᠭᠲᠠᠭ᠋ᠠᠯ᠎ᠢ ᠲᠦᠷᠦᠭᠦᠯᠡᠨ ᠵᠢᠷᠤᠮᠯᠠᠵᠤ᠂ ᠤᠢ ᠰᠢᠭᠤᠢ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠬᠠᠷᠢᠭᠤᠴᠠᠯᠭ᠎ᠠ ᠵᠢ ᠤᠬᠠᠮᠰᠠᠷ᠎ᠠᠴᠠ᠎ᠪᠠᠨ ᠭᠦᠢ᠍ᠴᠡᠳᠬᠡᠵᠦ᠂ ᠨᠢᠭᠡᠴᠡ ᠪᠣᠯᠣᠨ ᠬᠤᠪᠢ ᠬᠥᠮᠥᠨ ᠭᠠᠯ ᠰᠡᠷᠭᠡᠶ᠋ᠢᠯᠡᠵᠦ ᠭᠠᠯ ᠤᠨᠲᠠᠷᠠᠭ᠋ᠠᠬᠤ ᠠᠵᠢᠯ᠎ᠳᠤ ᠢᠳᠡᠪᠬᠢᠲᠡᠢ᠎ᠪᠠᠷ ᠳᠥᠭᠦᠮ ᠦᠵᠡᠭᠦᠯᠵᠦ᠂ ᠤᠢ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠤᠨ ᠪᠠᠶ᠋ᠢᠳᠠᠯ᠎ᠢ ᠬᠤᠳᠠᠯ ᠵᠶ᠋ᠠᠷ ᠮᠡᠳᠡᠭᠦᠯᠵᠦ᠂ ᠳᠤᠷ᠎ᠠ᠎ᠪᠠᠷ ᠵᠶ᠋ᠠᠨ ᠮᠡᠳᠡᠭᠦᠯᠬᠦ ᠵᠢ ᠴᠠᠭ᠋ᠠᠵᠠᠯᠠᠬᠤ ᠬᠡᠷᠡᠭᠲᠡᠢ᠃
      ᠵᠢᠷᠭᠤᠭ᠎ᠠ᠂ ᠰᠡᠷᠡᠮᠵᠢᠯᠡᠭᠦᠯᠵᠦ ᠬᠢᠨᠠᠨ ᠬᠡᠮᠵᠢᠬᠦ
      ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠤᠨ ᠠᠶᠤᠯ᠎ᠤᠨ ᠴᠠᠭ ᠠᠭᠤᠷ᠎ᠤᠨ ᠤᠷᠢᠳᠴᠢᠯᠠᠨ ᠮᠡᠳᠡᠭᠡᠯᠡᠬᠦ ᠪᠠ ᠭᠠᠯ᠎ᠤᠨ ᠠᠶᠤᠯ᠎ᠤᠨ ᠲᠦᠭᠰᠢᠭᠦᠷᠢ ᠶᠡᠬᠡᠲᠡᠶ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠴᠠᠭ ᠲᠤᠬᠠᠶ᠎ᠳᠤᠨᠢ ᠨᠡᠶ᠋ᠢᠲᠡᠯᠡᠵᠦ᠂ ᠳᠠᠭ᠋ᠠᠭᠤᠯᠢ ᠣᠳᠣᠨ ᠠᠯᠤᠰ ᠰᠡᠷᠡᠯ᠂ ᠰᠤᠪᠤᠷᠭ᠋ᠠᠨ ᠬᠠᠷᠠᠭᠤᠯ ᠵᠶ᠋ᠠᠷ ᠪᠠᠷᠠᠯᠠᠵᠤ᠂ ᠭᠠᠵᠠᠷ ᠳᠡᠭᠡᠷ᠎ᠡ ᠲᠣᠭᠤᠷᠢᠨ ᠴᠠᠭᠳᠠᠬᠤ᠂ ᠬᠠᠷᠠᠭ᠋ᠠᠨ ᠳᠠᠪᠲᠠᠮᠵᠢ᠎ᠪᠠᠷ ᠬᠢᠨᠠᠨ ᠡᠵᠡᠮᠳᠡᠬᠦ᠂ ᠳ᠋ᠢᠶᠠᠩᠬᠤᠸᠠ᠎ᠪᠠᠷ ᠲᠦᠭᠰᠢᠭᠦᠷᠢ ᠵᠢ ᠬᠢᠨᠠᠨ ᠬᠡᠮᠵᠢᠬᠦ᠂ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠎ᠢ ᠬᠢᠨᠠᠨ ᠬᠡᠮᠵᠢᠬᠦ ᠵᠡᠷᠭᠡ ᠠᠷᠭ᠎ᠠ ᠪᠠᠷᠢᠯ᠎ᠢ ᠶᠡᠷᠦᠩᠬᠡᠶ᠋ᠢᠯᠡᠨ ᠬᠡᠷᠡᠭᠯᠡᠵᠦ᠂ ᠪᠦᠬᠦᠯᠢ ᠡᠳᠦᠷ ᠵᠶ᠋ᠠᠷ ᠬᠢᠯᠢ ᠵᠢᠨ ᠭᠠᠳᠠᠨᠠᠬᠢ ᠭᠠᠯ ᠪᠠ ᠬᠢᠯᠢ ᠵᠢᠨ ᠳᠣᠲᠣᠷᠠᠬᠢ ᠡᠯ᠎ᠡ ᠲᠥᠷᠥᠯ᠎ᠤᠨ ᠭᠠᠯ᠎ᠤᠨ ᠪᠠᠶ᠋ᠢᠳᠠᠯ᠎ᠢ ᠬᠢᠨᠠᠨ ᠬᠡᠮᠵᠢᠵᠦ᠂ ᠠᠶᠤᠯ᠎ᠤᠨ ᠪᠠᠶ᠋ᠢᠳᠠᠯ᠎ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠶᠤᠯ ᠲᠦᠭᠰᠢᠭᠦᠷᠢ᠎ᠠᠴᠠ ᠪᠣᠯᠵᠤ ᠰᠡᠷᠭᠡᠶ᠋ᠢᠯᠡᠬᠦ ᠬᠡᠷᠡᠭᠲᠡᠶ᠃ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ ᠭᠠᠯ᠎ᠤᠨ ᠠᠶᠤᠯ᠎ᠤᠨ ᠪᠠᠶ᠋ᠢᠳᠠᠯ᠎ᠢ ᠵᠥᠪᠳᠡᠯᠴᠡᠨ ᠰᠤᠳᠤᠯᠤᠨ ᠮᠠᠭ᠋ᠠᠳᠯᠠᠬᠤ ᠪᠠ ᠬᠠᠮᠲᠤᠷᠠᠨ ᠵᠢᠵᠢᠭᠦᠷᠯᠡᠵᠦ ᠬᠠᠮᠲᠤᠷᠠᠨ ᠬᠥᠳᠡᠯᠦᠯᠴᠡᠬᠦ᠎ᠪᠠᠨ ᠴᠢᠩᠭ᠋ᠠᠳᠬᠠᠵᠤ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ᠂ ᠮᠡᠳᠡᠭᠡ ᠵᠠᠩᠭᠢ ᠵᠢ ᠬᠠᠮᠲᠤᠪᠠᠷ ᠡᠳ᠋ᠯᠡᠬᠦ᠂ ᠭᠠᠯ᠎ᠤᠨ ᠪᠠᠶ᠋ᠢᠳᠠᠯ᠎ᠢ ᠮᠡᠳᠡᠭᠦᠯᠦᠨ ᠬᠦᠷᠭᠡᠬᠦ᠂ ᠡᠩᠨᠡᠭᠡ ᠵᠢ ᠰᠢᠯᠵᠢᠭᠦᠯᠦᠨ ᠵᠢᠯᠣᠭᠤᠳᠬᠤ᠂ ᠬᠠᠮᠲᠤᠷᠠᠨ ᠦᠢ᠍ᠯᠡᠴᠢᠯᠡᠬᠦ ᠵᠡᠷᠭᠡ ᠠᠵᠢᠯ᠎ᠢ ᠨᠢᠭᠡ ᠴᠣᠭᠴᠠᠵᠢᠭᠤᠯᠤᠨ ᠥᠷᠨᠢᠭᠦᠯᠬᠦ ᠬᠡᠷᠡᠭᠲᠡᠶ᠃
      ᠳᠣᠯᠤᠭ᠎ᠠ᠂ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ
      ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠎ᠤᠳ ᠶᠡᠷᠦᠩᠬᠡᠶ᠋ᠢᠯᠡᠭᠰᠡᠨ ᠵᠢᠵᠢᠭᠦᠷᠯᠡᠬᠦ᠂ ᠭᠠᠯ ᠰᠡᠷᠭᠡᠶ᠋ᠢᠯᠡᠨ ᠤᠨᠲᠠᠷᠠᠭ᠋ᠠᠬᠤ ᠪᠠᠶ᠋ᠢᠭᠤᠯᠤᠮᠵᠢ ᠵᠢᠨ ᠲᠤᠰᠬᠠᠶ ᠮᠡᠷᠭᠡᠵᠢᠯ᠎ᠤᠨ ᠵᠢᠵᠢᠭᠦᠷᠯᠡᠨ ᠰᠠᠬᠢᠬᠤ ᠪᠠ ᠵᠠᠩᠭᠢᠯᠠᠭ᠎ᠠ ᠵᠢᠨ ᠬᠤᠭᠤᠴᠠᠭ᠋ᠠᠨ᠎ᠤ ᠰᠠᠯᠠᠭ᠎ᠠ ᠮᠥᠴᠢᠷ᠎ᠤᠨ ᠬᠠᠮᠲᠤᠷᠠᠨ ᠵᠢᠵᠢᠭᠦᠷᠯᠡᠨ ᠰᠠᠬᠢᠬᠤ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠮᠰᠢᠭ ᠠᠳᠡᠯ᠎ᠤᠨ ᠮᠡᠳᠡᠭᠡ ᠵᠠᠩᠭᠢ ᠵᠢᠨ ᠮᠡᠳᠡᠭᠦᠯᠦᠯᠲᠡ ᠵᠢᠨ ᠵᠢᠷᠤᠮᠵᠢᠯ》 ᠵᠢᠴᠢ ᠬᠠᠮᠢᠶ᠎ᠠ ᠪᠥᠬᠦᠶ ᠲᠣᠭᠲᠠᠭ᠋ᠠᠯ᠎ᠢ ᠴᠢᠩᠭ᠎ᠠ ᠬᠡᠷᠡᠭᠵᠢᠭᠦᠯᠦᠨ᠂ 《ᠭᠠᠯ ᠪᠠᠶ᠋ᠢᠪᠠᠯ ᠵᠠᠪᠠᠯ ᠮᠡᠳᠡᠭᠦᠯᠬᠦ》᠂ 《ᠮᠡᠳᠡᠭᠦᠯᠵᠦ ᠤᠨᠲᠠᠷᠠᠭ᠋ᠠᠬᠤ ᠵᠢ ᠵᠡᠷᠭᠡᠪᠡᠷ ᠶᠠᠪᠤᠭᠳᠠᠭᠤᠯᠬᠤ》 ᠪᠠ ᠭᠤᠤᠯᠳᠠᠯᠭ᠎ᠠ᠎ᠲᠠᠢ ᠴᠠᠭ ᠬᠤᠭᠤᠴᠠᠭ᠎ᠠ ᠵᠢᠨ 《ᠡᠳᠦᠷ᠎ᠤᠨ ᠮᠡᠳᠡᠭᠦᠯᠦᠯᠲᠡ》 《ᠥᠯᠥ ᠮᠡᠳᠡᠭᠦᠯᠬᠦ》 ᠲᠦᠷᠢᠮ᠎ᠢ ᠨᠠᠶ᠋ᠢᠳᠠᠪᠤᠷᠢᠵᠢᠭᠤᠯᠬᠤ ᠬᠡᠷᠡᠭᠲᠡᠶ᠃ ᠭᠠᠯ᠎ᠤᠨ ᠭᠠᠮᠰᠢᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠢ ᠲᠡᠭᠦᠯᠳᠡᠷᠵᠢᠭᠦᠯᠵᠦ᠂ ᠡᠩᠨᠡᠭᠡᠨ᠎ᠤ ᠪᠠᠶ᠋ᠢᠷᠢᠯᠠᠭᠤᠯᠤᠯᠲᠠ ᠵᠢ ᠰᠢᠯᠢᠳᠡᠭᠵᠢᠭᠦᠯᠦᠨ᠂ ᠶᠡᠷᠦᠩᠬᠡᠶ᠋ᠢᠯᠡᠭᠰᠡᠨ ᠪᠠᠲᠤᠯᠠᠭ᠎ᠠ ᠵᠢ ᠴᠢᠩᠭ᠋ᠠᠳᠬᠠᠵᠤ᠂ ᠭᠡᠨᠡᠳᠲᠡ ᠵᠢᠨ ᠭᠠᠯ᠎ᠤᠨ ᠪᠠᠶ᠋ᠢᠳᠠᠯ᠎ᠢ ᠦᠳᠲᠡᠷ ᠲᠦᠷᠭᠡᠨ ᠴᠣᠬᠢᠵᠤ᠂ ᠥᠨᠳᠥᠷ ᠪᠦᠲᠦᠮᠵᠢᠲᠡᠶ᠎ᠪᠠᠷ ᠰᠢᠢ᠍ᠳᠪᠦᠷᠢᠯᠡᠨ᠂ 《ᠡᠷᠲᠡ ᠤᠨᠲᠠᠷᠠᠭ᠋ᠠᠬᠤ᠂ ᠪᠠᠭ᠎ᠠ ᠳᠡᠭᠡᠷ᠎ᠡ᠎ᠨᠢ ᠤᠨᠲᠠᠷᠠᠭ᠋ᠠᠬᠤ᠂ ᠪᠦᠷᠢᠮᠦᠰᠦᠨ ᠤᠨᠲᠠᠷᠠᠭ᠋ᠠᠬᠤ》 ᠵᠢ ᠦᠨᠡᠨᠬᠦ ᠪᠠᠲᠤᠯᠠᠬᠤ ᠬᠡᠷᠡᠭᠲᠡᠶ᠃ ᠬᠠᠷᠢᠶ᠎ᠠ ᠭᠠᠵᠠᠷ᠎ᠲᠤᠨᠢ ᠵᠢᠯᠣᠭᠤᠳᠬᠤ᠂ ᠲᠤᠰᠬᠠᠶ ᠮᠡᠷᠭᠡᠵᠢᠯ ᠵᠶ᠋ᠠᠷ ᠵᠢᠯᠣᠭᠤᠳᠬᠤ᠂ ᠨᠢᠭᠡᠳᠦᠯᠲᠡᠶ ᠵᠢᠯᠣᠭᠤᠳᠬᠤ ᠵᠢ ᠪᠠᠷᠢᠮᠲᠠᠯᠠᠵᠤ᠂ ᠭᠠᠯ ᠲᠦᠢ᠍ᠮᠡᠷ ᠭᠠᠷᠤᠮᠠᠭᠴᠠ ᠣᠯᠠᠨ ᠲᠦᠮᠡᠨ᠎ᠢ ᠲᠠᠷᠬᠠᠭ᠋ᠠᠨ ᠰᠢᠯᠵᠢᠭᠦᠯᠬᠦ ᠠᠵᠢᠯ᠎ᠢ ᠴᠠᠭ ᠲᠤᠬᠠᠶ᠎ᠳᠤᠨᠢ ᠰᠠᠶ᠋ᠢᠲᠤᠷ ᠬᠢᠵᠦ᠂ ᠣᠯᠠᠨ ᠲᠦᠮᠡᠨ᠎ᠢ ᠰᠢᠭᠤᠳ ᠭᠠᠯ ᠤᠨᠲᠠᠷᠠᠭ᠋ᠠᠬᠤ᠎ᠠᠴᠠ ᠡᠷᠡᠰ ᠵᠠᠶ᠋ᠢᠯᠠᠰᠬᠢᠵᠦ᠂ ᠨᠠᠰᠤᠲᠠᠨ᠂ ᠨᠠᠰᠤᠨ᠎ᠳᠤ ᠥᠯᠥ ᠬᠦᠷᠦᠭᠰᠡᠳ᠂ ᠰᠤᠷᠤᠭᠴᠢ ᠵᠡᠷᠭᠡ ᠵᠢᠨ ᠭᠠᠯ ᠤᠨᠲᠠᠷᠠᠭ᠋ᠠᠬᠤ᠎ᠳᠤ ᠣᠷᠣᠯᠴᠠᠬᠤ ᠵᠢ ᠴᠠᠭ᠋ᠠᠵᠠᠯᠠᠵᠤ᠂ ᠬᠥᠮᠦᠨ ᠬᠠᠷ᠎ᠠ ᠥᠭᠦᠵᠦ ᠰᠢᠷᠬᠠᠲᠤᠭᠰᠠᠨ ᠠᠳᠡᠯ ᠪᠠ ᠡᠭᠦᠰᠦᠮᠡᠯ ᠭᠠᠮᠰᠢᠭ ᠡᠭᠦᠰᠬᠦ ᠵᠢ ᠴᠢᠩᠭ᠎ᠠ ᠰᠡᠷᠭᠡᠶ᠋ᠢᠯᠡᠬᠦ ᠬᠡᠷᠡᠭᠲᠡᠶ᠃ ᠭᠠᠯ ᠰᠡᠷᠭᠡᠶ᠋ᠢᠯᠡᠬᠦ ᠭᠠᠯ ᠤᠨᠲᠠᠷᠠᠭ᠋ᠠᠬᠤ ᠰᠠᠭᠤᠷᠢ ᠪᠡᠯᠡᠳᠬᠡᠮᠵᠢ᠂ ᠲᠣᠨᠤᠭ ᠲᠥᠬᠦᠭᠡᠷᠦᠮᠵᠢ ᠡᠳ᠋ ᠪᠣᠳᠠᠰ᠎ᠤᠨ ᠲᠣᠬᠢᠷᠠᠭᠤᠯᠤᠯᠲᠠ ᠵᠢᠴᠢ ᠲᠦᠷᠢᠮ ᠲᠣᠭᠲᠠᠴᠠ ᠵᠢᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠣᠶ ᠰᠢᠭᠤᠶ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠤᠨ ᠪᠠᠶ᠋ᠢᠳᠠᠯ᠎ᠢ ᠪᠠᠴᠢᠮ ᠠᠷᠭ᠋ᠠᠴᠠᠭ᠋ᠠᠨ ᠰᠢᠢ᠍ᠳᠪᠦᠷᠢᠯᠡᠬᠦ ᠶᠡᠷᠦᠩᠬᠡᠶ᠋ᠢᠯᠡᠭᠰᠡᠨ ᠴᠢᠳᠠᠪᠤᠷᠢ ᠪᠠ ᠬᠢᠷᠢ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠦᠨ᠎ᠡ᠃
      ᠨᠠᠢ᠍ᠮᠠ᠂ ᠰᠢᠮᠳᠠᠭᠤᠯᠤᠨ ᠵᠢᠯᠣᠭᠤᠳᠴᠤ ᠬᠠᠷᠢᠭᠤᠴᠠᠯᠭ᠎ᠠ ᠬᠡᠯᠡᠯᠴᠡᠬᠦ
      ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠭᠠᠯ ᠰᠡᠷᠭᠡᠶ᠋ᠢᠯᠡᠨ ᠤᠨᠲᠠᠷᠠᠭ᠋ᠠᠬᠤ ᠬᠢᠨᠠᠨ ᠵᠢᠯᠣᠭᠤᠳᠴᠤ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ ᠪᠠᠶ᠋ᠢᠴᠠᠭ᠋ᠠᠯᠲᠠ ᠵᠢᠨ ᠲᠥᠰᠦᠯ ᠵᠶ᠋ᠠᠨ ᠨᠠᠷᠢᠯᠢᠬ᠍ᠵᠢᠭᠤᠯᠤᠨ᠂ ᠠᠰᠠᠭᠤᠳᠠᠯ᠎ᠤᠨ ᠨᠠᠷᠢᠨ ᠲᠠᠩᠰᠠ ᠵᠢ ᠪᠠᠶ᠋ᠢᠭᠤᠯᠵᠤ᠂ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠤᠨ᠂ ᠴᠢᠬᠤᠯᠠ ᠶᠡᠭᠡ ᠠᠰᠠᠭᠤᠳᠠᠯ᠎ᠤᠨ ᠬᠡᠮ ᠰᠣᠭᠤᠭ᠎ᠢ ᠫᠠᠶ᠋ᠢᠰᠠ ᠡᠯᠭᠦᠨ ᠱᠠᠯᠠᠪᠳᠠᠭᠤᠯᠤᠨ ᠰᠢᠢ᠍ᠳᠪᠦᠷᠢᠯᠡᠵᠦ᠂ ᠦᠷ᠎ᠡ ᠪᠦᠲᠦᠮᠵᠢ ᠵᠢ ᠮᠥᠷᠳᠡᠨ ᠠᠰᠠᠭᠤᠬᠤ ᠬᠡᠷᠡᠭᠲᠡᠶ᠃ ᠲᠣᠭᠲᠠᠭ᠋ᠠᠯ᠎ᠠᠴᠠ ᠵᠥᠷᠢᠴᠡᠨ ᠭᠠᠯ ᠬᠡᠷᠡᠭᠯᠡᠭᠰᠡᠨ ᠦᠢ᠍ᠯᠡ ᠠᠵᠢᠯᠯᠠᠭ᠎ᠠ ᠵᠢ ᠪᠠᠶ᠋ᠢᠴᠠᠭ᠋ᠠᠨ ᠰᠢᠢ᠍ᠳᠪᠦᠷᠢᠯᠡᠬᠦ ᠲᠤᠰᠬᠠᠶ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠭᠠᠯ ᠭᠠᠷᠤᠭᠰᠠᠨ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠬᠦ ᠪᠠ ᠨᠡᠶ᠋ᠢᠲᠡᠯᠢᠭ ᠬᠡᠷᠡᠭ᠎ᠢ ᠢᠯᠡ᠎ᠪᠠᠷ ᠢᠯᠡᠴᠢᠯᠡᠬᠦ ᠡᠷᠴᠢᠮ ᠵᠶ᠋ᠠᠨ ᠴᠢᠩᠭ᠋ᠠᠷᠠᠭᠤᠯᠵᠤ᠂ ᠨᠢᠭᠡ ᠵᠢ ᠪᠠᠶ᠋ᠢᠴᠠᠭ᠋ᠠᠨ ᠰᠢᠢ᠍ᠳᠪᠦᠷᠢᠯᠡᠬᠦ᠂ ᠨᠢᠭᠡ ᠲᠠᠯ᠎ᠠ ᠵᠢ ᠰᠦᠷᠳᠡᠭᠦᠯᠬᠦ᠂ ᠨᠢᠭᠡ ᠬᠡᠰᠡᠭ᠎ᠢ ᠬᠥᠮᠦᠵᠢᠭᠦᠯᠬᠦ ᠦᠢ᠍ᠯᠡᠳᠦᠯ᠎ᠢ ᠪᠠᠳᠠᠷᠠᠭᠤᠯᠬᠤ ᠬᠡᠷᠡᠭᠲᠡᠶ᠃ ᠰᠠᠬᠢᠯᠭ᠎ᠠ ᠪᠠᠲᠤ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠵᠶ᠋ᠠᠨ ᠴᠢᠩᠭ᠋ᠠᠷᠠᠭᠤᠯᠵᠤ᠂ ᠭᠠᠯ ᠰᠡᠷᠭᠡᠶ᠋ᠢᠯᠡᠬᠦ ᠭᠠᠯ ᠤᠨᠲᠠᠷᠠᠭ᠋ᠠᠬᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠭᠰᠠᠨ ᠥᠬᠡᠶ ᠪᠤᠶᠤ ᠨᠠᠶ᠋ᠢᠳᠠᠪᠤᠷᠢᠵᠢᠭᠤᠯᠤᠭᠰᠠᠨ ᠵᠶ᠋ᠠᠷ ᠬᠦᠷᠦᠯᠴᠡᠬᠦ ᠥᠬᠡᠶ᠎ᠠᠴᠠ ᠪᠣᠯᠵᠣ ᠬᠦᠨᠳᠦ ᠶᠡᠭᠡ ᠣᠨᠴᠠ ᠶᠡᠭᠡ ᠭᠠᠯ᠎ᠤᠨ ᠭᠠᠮᠰᠢᠭ ᠪᠤᠶᠤ ᠬᠥᠮᠦᠨ ᠬᠠᠷ᠎ᠠ ᠥᠭᠦᠵᠦ ᠰᠢᠷᠬᠠᠲᠤᠭᠰᠠᠨ ᠠᠳᠡᠯ ᠭᠠᠷᠭ᠋ᠠᠭᠰᠠᠨ ᠣᠷᠣᠨ ᠨᠤᠲᠤᠭ᠂ ᠨᠢᠭᠡᠴᠢ ᠪᠠ ᠬᠠᠷᠢᠭᠤᠴᠠᠯᠭ᠋ᠠᠲᠠᠨ ᠲᠦᠷᠢᠮ ᠲᠣᠭᠲᠠᠭ᠋ᠠᠯ ᠰᠠᠬᠢᠯᠭ᠎ᠠ ᠪᠠᠲᠤ ᠬᠠᠤᠯᠢ ᠴᠠᠭ᠋ᠠᠵᠠ ᠶᠣᠰᠣᠭ᠋ᠠᠷ ᠬᠠᠷᠢᠭᠤᠴᠠᠯᠭ᠎ᠠ ᠵᠢ ᠴᠢᠩᠭ᠎ᠠ ᠨᠡᠬᠡᠮᠵᠢᠯᠡᠬᠦ ᠬᠡᠷᠡᠭᠲᠡᠶ᠃
                                        ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ
                                           2025 ᠣᠨ᠎ᠤ 3 ᠰᠠᠷ᠎ᠠ ᠵᠢᠨ 14᠎ᠤ ᠡᠳᠦᠷ
   

 


 (ᠲᠤᠰ ᠪᠢᠴᠢᠭ ᠮᠠᠲ᠋ᠧᠷᠢᠶᠠᠯ᠎ᠢ ᠢᠯᠡ ᠎ᠪᠠᠷ ᠨᠡᠢ᠌ᠲᠡᠯᠡᠪᠡ)

ᠢᠷᠡᠯᠲᠡ᠄ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠮᠣᠩᠭᠣᠯ ᠰᠦᠯᠵᠢᠶ᠎ᠡ