ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ᠎ᠤᠨ 《ᠪᠠᠶᠠᠨᠨᠠᠭᠤᠷ ᠬᠤᠲᠠ ᠵᠢᠨ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠭᠤᠣᠯᠳᠠᠯᠭ᠎ᠠ᠎ᠲᠠᠢ ᠨᠢᠭᠡᠴᠡ ᠵᠢᠨ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2025-09-05
ᠡᠯ᠎ᠡ ᠬᠤᠰᠢᠭᠤ ᠰᠢᠶᠠᠨ ᠲᠣᠭᠤᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠪᠠᠶᠠᠨᠨᠠᠭᠤᠷ᠎ᠤᠨ ᠤᠯᠤᠰ᠎ᠤᠨ ᠲᠠᠷᠢᠶᠠᠯᠠᠩ᠎ᠤᠨ ᠳᠡᠭᠡᠳᠦ ᠱᠢᠨ᠎ᠡ ᠮᠡᠷᠭᠡᠵᠢᠯ᠎ᠦᠨ ᠠᠵᠤ ᠦᠢᠯᠡᠰ᠎ᠦᠨ ᠵᠢᠱ᠌ᠢᠶ᠎ᠡ ᠦᠵᠡᠭᠦᠯᠬᠦ᠌ ᠲᠣᠭᠤᠷᠢᠭ᠎ᠤᠨ ᠬᠠᠮᠢᠶᠠᠷᠤᠯᠲᠠ ᠵᠢᠨ ᠵᠥᠪᠯᠡᠯ᠂ ᠪᠠᠶᠠᠨᠨᠠᠭᠤᠷ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠤᠷᠢᠭ᠎ᠤᠨ ᠬᠠᠮᠢᠶᠠᠷᠤᠯᠲᠠ ᠵᠢᠨ ᠵᠥᠪᠯᠡᠯ᠂ ᠭᠠᠭᠴᠠᠮᠣᠳᠣ ᠬᠢᠯᠢ ᠵᠢᠨ ᠪᠣᠭᠤᠮᠲᠠ ᠵᠢᠨ ᠬᠠᠮᠢᠶᠠᠷᠤᠯᠲᠠ ᠵᠢᠨ ᠵᠥᠪᠯᠡᠯ᠂ ᠬᠤᠲᠠ ᠵᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠲᠠ᠎ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ᠎ᠳᠤ᠄
《ᠪᠠᠶᠠᠨᠨᠠᠭᠤᠷ ᠬᠤᠲᠠ ᠵᠢᠨ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠭᠤᠣᠯᠳᠠᠯᠭ᠎ᠠ᠎ᠲᠠᠢ ᠨᠢᠭᠡᠴᠡ ᠵᠢᠨ ᠬᠠᠮᠢᠶᠠᠷᠤᠯᠲᠠ ᠵᠢᠨ ᠠᠷᠭ᠎ᠠ》 ᠨᠢᠭᠡᠨᠲᠡ 2025 ᠣᠨ᠎ᠤ ᠨᠠᠢ᠍ᠮᠠᠳᠤᠭᠠᠷ ᠤᠳᠠᠭ᠋ᠠᠨ᠎ᠤ ᠬᠤᠲᠠ ᠵᠢᠨ ᠵᠠᠰᠠᠭ᠎ᠤᠨ ᠣᠷᠳᠣᠨ᠎ᠤ ᠪᠠᠶ᠋ᠢᠩᠭᠤ ᠵᠢᠨ ᠬᠤᠷᠠᠯ ᠵᠶ᠋ᠠᠷ ᠬᠢᠨᠠᠨ ᠵᠥᠪᠯᠡᠵᠦ ᠪᠠᠲᠤᠯᠠᠭ᠋ᠠᠳ᠂ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠵᠢᠷᠤᠮᠯᠠᠨ ᠬᠡᠷᠡᠭᠵᠢᠭᠦᠯᠲᠦᠭᠡᠶ᠃
ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ
2025 ᠣᠨ᠎ᠤ 6 ᠳ᠋ᠤᠭ᠋ᠠᠷ ᠰᠠᠷ᠎ᠠ ᠵᠢᠨ 16᠎ᠤ ᠡᠳᠦᠷ
(ᠲᠤᠰ ᠪᠢᠴᠢᠭ ᠮᠠᠲ᠋ᠧᠷᠢᠶᠠᠯ᠎ᠢ ᠢᠯᠡ ᠨᠡᠢᠲᠡᠯᠡᠪᠡ)
ᠪᠠᠶᠠᠨᠨᠠᠭᠤᠷ ᠬᠤᠲᠠ ᠵᠢᠨ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠭᠤᠣᠯᠳᠠᠯᠭ᠎ᠠ᠎ᠲᠠᠢ ᠨᠢᠭᠡᠴᠡ ᠵᠢᠨ ᠬᠠᠮᠢᠶᠠᠷᠤᠯᠲᠠ ᠵᠢᠨ ᠠᠷᠭ᠎ᠠ
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢ᠍ᠯ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠭᠤᠣᠯᠳᠠᠯᠭ᠎ᠠ᠎ᠲᠠᠢ ᠨᠢᠭᠡᠴᠢ᠎ᠳᠠᠬᠢ ᠴᠠᠭ ᠠᠭᠤᠷ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠭ᠋ᠠᠳᠬᠠᠵᠤ᠂ ᠴᠠᠭ ᠠᠭᠤᠷ᠎ᠤᠨ ᠭᠠᠮᠰᠢᠭ᠎ᠠᠴᠠ ᠪᠣᠯᠤᠭᠰᠠᠨ ᠬᠤᠬᠢᠷᠠᠯ᠎ᠢ ᠰᠡᠷᠭᠡᠶ᠋ᠢᠯᠡᠬᠦ ᠪᠠ ᠬᠥᠩᠭᠡᠷᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠤᠣᠯ ᠰᠢᠵᠢᠮ᠎ᠤᠨ ᠲᠣᠭᠤᠷᠢᠨ᠎ᠳᠤ᠂ ᠠᠷᠠᠳ ᠲᠦᠮᠡᠨ᠎ᠤ ᠠᠮᠢ ᠨᠠᠰᠤ ᠡᠳ᠋ ᠬᠦᠷᠦᠩᠭᠡ ᠵᠢᠨ ᠠᠮᠤᠷ ᠲᠦᠪᠰᠢᠨ᠎ᠢ ᠬᠠᠤᠯᠢ ᠶᠣᠰᠣᠭ᠋ᠠᠷ ᠪᠠᠲᠤᠯᠠᠬᠤ ᠵᠢᠨ ᠲᠤᠰᠠᠳᠠ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠴᠠᠭ ᠠᠭᠤᠷ᠎ᠤᠨ ᠬᠠᠤᠯᠢ》᠂ 《ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠲᠦᠷᠢᠮ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠲᠦᠷᠢᠮ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠨ᠂ ᠲᠣᠰ ᠬᠤᠲᠠ ᠵᠢᠨ ᠪᠣᠳᠠᠲᠠᠶ᠎ᠲᠠᠢ᠎ᠪᠠᠨ ᠤᠶᠠᠯᠳᠤᠭᠤᠯᠵᠤ᠂ ᠲᠣᠰ ᠠᠷᠭ᠎ᠠ ᠵᠢ ᠲᠣᠭᠲᠠᠭ᠋ᠠᠪᠠ᠃
ᠬᠤᠶᠠᠳᠤᠭ᠋ᠠᠷ ᠵᠦᠢ᠍ᠯ ᠪᠠᠶᠠᠨᠨᠠᠭᠤᠷ ᠬᠤᠲᠠ ᠵᠢᠨ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠭᠤᠣᠯᠳᠠᠯᠭ᠎ᠠ᠎ᠲᠠᠢ ᠨᠢᠭᠡᠴᠡ ᠵᠢ ᠲᠣᠭᠲᠠᠭ᠋ᠠᠬᠤ ᠪᠠ ᠬᠢᠨᠠᠯᠲᠠ ᠲᠠᠯᠪᠢᠵᠤ ᠪᠠᠶ᠋ᠢᠴᠠᠭ᠋ᠠᠬᠤ ᠵᠡᠷᠭᠡ ᠴᠠᠭ ᠠᠭᠤᠷ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯᠯᠠᠭ᠎ᠠ᠎ᠳᠤ ᠲᠤᠰ ᠠᠷᠭ᠎ᠠ ᠲᠣᠬᠢᠷᠠᠨ᠎ᠠ᠃
ᠲᠤᠰ ᠠᠷᠭ᠎ᠠ᠎ᠳᠤ ᠬᠡᠯᠡᠵᠦ ᠪᠠᠶ᠋ᠢᠭ᠎ᠠ ᠴᠠᠭ ᠠᠭᠤᠷ᠎ᠤᠨ ᠭᠠᠮᠰᠢᠭ ᠢ ᠰᠡᠷᠭᠡᠶ᠋ᠢᠯᠡᠬᠦ ᠭᠣᠤᠯᠳᠠᠯᠭ᠎ᠠ᠎ᠲᠠᠢ ᠨᠢᠭᠡᠴᠡ (ᠳᠣᠷᠣᠭᠰᠢ ᠭᠣᠤᠯᠳᠠᠯᠭ᠎ᠠ᠎ᠲᠠᠢ ᠨᠢᠭᠡᠴᠡ ᠭᠡᠵᠦ ᠲᠣᠪᠴᠢᠯᠠᠨ᠎ᠠ) ᠭᠡᠳᠡᠭ᠎ᠨᠢ ᠰᠢᠷᠦᠭᠦᠨ ᠪᠣᠷᠣᠭ᠋ᠠᠨ (ᠴᠠᠰᠤ)᠂ ᠥᠨᠳᠥᠷ ᠳᠤᠯᠠᠭ᠋ᠠᠨ᠂ ᠭᠠᠩ ᠬᠠᠭᠰᠠᠷᠠᠭ᠋ᠠᠨ᠂ ᠠᠶᠤᠩᠭ᠎ᠠ ᠴᠠᠬᠢᠯᠭ᠋ᠠᠨ᠂ ᠶᠡᠬᠡ ᠰᠠᠯᠬᠢ᠂ ᠮᠥᠨᠳᠥᠷ᠂ ᠬᠦᠢ᠍ᠲᠡᠨ ᠤᠷᠤᠰᠬᠠᠯ᠂ ᠬᠢᠷᠠᠭᠤ᠂ ᠶᠡᠬᠡ ᠮᠠᠨᠠᠨ᠂ ᠡᠯᠡᠰᠦᠨ ᠰᠢᠭᠤᠷᠭ᠎ᠠ ᠵᠡᠷᠭᠡ ᠭᠠᠮᠰᠢᠭ᠎ᠲᠤ ᠴᠠᠭ ᠠᠭᠤᠷ ᠡᠭᠦᠰᠬᠦ ᠦᠶ᠎ᠡ᠎ᠳᠤ᠂ ᠣᠷᠣᠰᠢᠵᠤ ᠪᠠᠶ᠋ᠢᠭ᠎ᠠ ᠭᠠᠵᠠᠷ ᠵᠦᠢ ᠵᠢᠨ ᠪᠠᠶ᠋ᠢᠷᠢᠯᠠᠯ᠂ ᠭᠠᠵᠠᠷ᠎ᠤᠨ ᠪᠠᠶ᠋ᠢᠴᠠ᠂ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠤ ᠨᠥᠬᠥᠴᠡᠯ ᠪᠣᠯᠤᠨ ᠨᠢᠭᠡᠴᠡ ᠵᠢᠨ ᠴᠢᠬᠤᠯᠠ ᠴᠢᠨᠠᠷ ᠵᠢᠴᠢ ᠲᠡᠭᠦᠨ᠎ᠤ ᠠᠵᠢᠯ᠎ᠤᠨ ᠣᠨᠴᠠᠯᠢᠭ᠎ᠠᠴᠠ ᠪᠣᠯᠵᠤ ᠬᠥᠮᠦᠨ ᠦᠬᠦᠵᠦ ᠰᠢᠷᠬᠠᠲᠤᠬᠤ᠂ ᠡᠳ᠋ ᠬᠥᠷᠥᠩᠭᠡ ᠵᠢ ᠬᠣᠬᠢᠷᠠᠭᠤᠯᠬᠤ ᠪᠤᠶᠤ ᠠᠮᠤᠷ ᠲᠦᠪᠰᠢᠨ᠎ᠤ ᠠᠳᠠᠯ ᠭᠠᠷᠭ᠋ᠠᠭᠰᠠᠨ ᠨᠢᠭᠡᠴᠡ ᠵᠢ ᠵᠢᠭ᠋ᠠᠵᠤ ᠪᠤᠶ᠃
ᠭᠤᠷᠪᠠᠳᠤᠭ᠋ᠠᠷ ᠵᠦᠢ᠍ᠯ ᠬᠣᠲᠠ᠂ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠭᠣᠤᠯᠳᠠᠯᠭ᠎ᠠ᠎ᠲᠠᠢ ᠨᠢᠭᠡᠴᠡ ᠵᠢᠨ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠠᠵᠢᠯ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠠᠵᠢᠯ᠎ᠤᠨ ᠵᠣᠬᠢᠴᠠᠭᠤᠯᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠬᠠᠮᠢᠶ᠎ᠠ ᠪᠦᠬᠦᠢ ᠠᠵᠢᠯ᠎ᠢ ᠲᠤᠰ ᠱᠠᠲᠤᠨ᠎ᠤ ᠤᠯᠤᠰ ᠠᠷᠠᠳ᠎ᠤᠨ ᠠᠵᠤ ᠠᠬᠤᠶ ᠪᠣᠯᠤᠨ ᠨᠡᠶ᠋ᠢᠭᠡᠮ᠎ᠤᠨ ᠬᠥᠭᠵᠢᠯᠲᠡ ᠵᠢᠨ ᠲᠥᠯᠥᠪᠵᠢᠭᠦᠯᠭᠡ᠂ ᠣᠨ᠎ᠤ ᠲᠥᠯᠥᠪᠯᠡᠭᠡ᠎ᠳᠡᠭᠡᠨ ᠣᠷᠣᠭᠤᠯᠬᠤ ᠬᠡᠷᠡᠭᠲᠡᠶ᠃
ᠳᠥᠷᠪᠡᠳᠦᠭᠡᠷ ᠵᠦᠢ᠍ᠯ ᠬᠤᠲᠠ᠂ ᠬᠤᠰᠢᠭᠤ ᠰᠢᠶᠠᠨ ᠲᠣᠭᠤᠷᠢᠭ᠎ᠤᠨ ᠴᠠᠭ ᠠᠭᠤᠷ᠎ᠤᠨ ᠭᠤᠣᠯᠴᠢᠯᠠᠨ ᠬᠠᠮᠢᠶᠠᠷᠬᠤ ᠪᠠᠶ᠋ᠢᠭᠤᠯᠤᠮᠵᠢ᠎ᠨᠢ ᠭᠤᠣᠯᠳᠠᠯᠭ᠎ᠠ᠎ᠲᠠᠢ ᠨᠢᠭᠡᠴᠢ᠎ᠳᠠᠬᠢ ᠵᠢᠯᠣᠭᠤᠳᠤᠯᠭ᠎ᠠ ᠪᠠ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠪᠠᠷᠢᠮᠵᠢᠶ᠎ᠠ ᠪᠠ ᠳᠦᠷᠢᠮ ᠲᠣᠭᠲᠠᠭ᠋ᠠᠯ᠎ᠢ ᠪᠠᠶ᠋ᠢᠭᠤᠯᠤᠨ ᠪᠦᠷᠢᠨᠰᠢᠭᠦᠯᠬᠦ ᠬᠡᠷᠡᠭᠲᠡᠢ᠃
ᠬᠤᠲᠠ᠂ ᠬᠤᠰᠢᠭᠤ ᠰᠢᠶᠠᠨ ᠲᠣᠭᠤᠷᠢᠭ᠎ᠤᠨ ᠬᠥᠭᠵᠢᠭᠦᠯᠦᠯᠲᠡ ᠥᠭᠡᠷᠡᠴᠢᠯᠡᠯᠲᠡ᠂ ᠭᠠᠵᠠᠷ ᠬᠥᠳᠡᠯᠦᠯᠲᠡ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ᠂ ᠰᠤᠷᠭ᠋ᠠᠨ ᠬᠥᠮᠦᠵᠢᠯ᠂ ᠳᠣᠲᠣᠭ᠋ᠠᠳᠤ ᠵᠢ ᠬᠠᠮᠠᠭ᠋ᠠᠯᠠᠬᠤ᠂ ᠪᠠᠶ᠋ᠢᠭ᠋ᠠᠯᠢ ᠵᠢᠨ ᠡᠬᠢ ᠪᠠᠶᠠᠯᠢᠭ᠂ ᠠᠮᠢ ᠠᠬᠤᠶ ᠵᠢᠨ ᠣᠷᠴᠢᠨ ᠲᠣᠭᠤᠷᠢᠨ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠲᠠᠷᠢᠶᠠᠯᠠᠩ ᠮᠠᠯ ᠠᠵᠤ ᠠᠬᠤᠶ᠂ ᠤᠰᠤᠨ ᠠᠰᠢᠭᠯᠠᠯᠲᠠ᠂ ᠬᠤᠳᠠᠯᠳᠤᠭ᠋ᠠᠨ᠎ᠤ ᠶᠠᠪᠤᠳᠠᠯ᠂ ᠰᠣᠶᠣᠯ ᠪᠠ ᠵᠢᠭᠤᠯᠴᠢᠯᠠᠯ᠂ ᠷᠠᠳᠢᠣ᠋ ᠲᠧᠯᠸᠢᠰ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ᠂ ᠣᠶ ᠰᠢᠭᠤᠶ᠂ ᠤᠰᠤᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠪᠠᠶ᠋ᠢᠭᠤᠯᠤᠮᠵᠢ᠂ ᠴᠠᠭ ᠠᠭᠤᠷ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ᠎ᠤᠳ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠵᠢᠨ ᠬᠡᠪᠴᠢᠶᠡᠨ ᠳᠣᠲᠣᠷ᠎ᠠ᠎ᠪᠠᠨ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠠᠵᠢᠯ᠎ᠢ ᠰᠠᠶ᠋ᠢᠲᠤᠷ ᠬᠢᠬᠦ ᠬᠡᠷᠡᠭᠲᠡᠶ᠃
ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ ᠪᠣᠯᠤᠨ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠳ ᠭᠣᠤᠯᠳᠠᠯᠭ᠎ᠠ᠎ᠲᠠᠢ ᠨᠢᠭᠡᠴᠡ ᠵᠢᠨ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠠᠵᠢᠯ᠎ᠢ ᠬᠠᠮᠵᠢᠯᠴᠠᠨ ᠰᠠᠶ᠋ᠢᠲᠤᠷ ᠬᠢᠬᠦ ᠬᠡᠷᠡᠭᠲᠡᠶ᠃
ᠭᠣᠤᠯᠳᠠᠯᠭ᠎ᠠ᠎ᠲᠠᠢ ᠨᠢᠭᠡᠴᠡ᠎ᠨᠦᠭᠦᠳ ᠲᠤᠰ ᠨᠢᠭᠡᠴᠡ ᠵᠢᠨ ᠵᠶ᠋ᠡᠨ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠠᠵᠢᠯ᠎ᠢ ᠰᠠᠶ᠋ᠢᠲᠤᠷ ᠬᠢᠵᠦ᠂ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠭᠣᠤᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠂ ᠴᠠᠭ ᠠᠭᠤᠷ᠎ᠤᠨ ᠭᠣᠤᠯᠴᠢᠯᠠᠨ ᠬᠠᠮᠢᠶᠠᠷᠬᠤ ᠪᠠᠶ᠋ᠢᠭᠤᠯᠤᠮᠵᠢ ᠪᠣᠯᠤᠨ ᠠᠵᠢᠯ ᠲᠥᠷᠥᠯ ᠦ᠋᠊ᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠵᠢᠯᠣᠭᠣᠳᠬᠤ᠂ ᠬᠢᠨᠠᠯᠲᠠ ᠲᠠᠯᠪᠢᠬᠤ ᠪᠠ ᠬᠠᠮᠢᠶᠠᠷᠬᠤ ᠵᠢ ᠬᠦᠯᠢᠶᠡᠬᠦ ᠬᠡᠷᠡᠭᠲᠡᠶ᠃
ᠬᠣᠶᠠᠳᠤᠭ᠋ᠠᠷ ᠪᠦᠯᠦᠭ ᠭᠣᠤᠯᠳᠠᠯᠭ᠎ᠠ᠎ᠲᠠᠢ ᠨᠢᠭᠡᠴᠡ ᠵᠢ ᠲᠣᠭᠲᠠᠭ᠋ᠠᠬᠤ
ᠲᠠᠪᠤᠳᠤᠭ᠋ᠠᠷ ᠵᠦᠢ᠍ᠯ ᠭᠣᠤᠯᠳᠠᠯᠭ᠎ᠠ᠎ᠲᠠᠢ ᠨᠢᠭᠡᠴᠡ ᠵᠢ ᠲᠣᠭᠲᠠᠭ᠋ᠠᠬᠤ᠎ᠳᠤ ᠭᠠᠮᠰᠢᠭ᠎ᠤᠨ ᠨᠥᠯᠥᠭᠡ ᠵᠢ ᠬᠦᠷᠲᠡᠬᠦ ᠪᠣᠯᠣᠯᠴᠠᠭ᠋ᠠᠲᠤ ᠴᠢᠨᠠᠷ᠂ ᠬᠦᠨᠳᠦ ᠨᠣᠴᠢᠲᠠᠶ ᠴᠢᠨᠠᠷ ᠵᠢᠴᠢ ᠨᠢᠭᠡᠴᠡ ᠵᠢᠨ ᠠᠵᠢᠯ᠎ᠤᠨ ᠥᠪᠡᠷᠮᠢᠴᠡ ᠴᠢᠨᠠᠷ ᠵᠶ᠋ᠠᠷ ᠵᠠᠷᠴᠢᠮ ᠪᠣᠯᠭ᠋ᠠᠵᠤ᠂ ᠳᠣᠤᠷᠠᠬᠢ ᠬᠦᠴᠦᠨ ᠵᠦᠢ᠍ᠯ᠎ᠢ ᠶᠡᠷᠦᠩᠬᠡᠶ᠋ᠢᠯᠡᠨ ᠪᠣᠳᠣᠯᠬᠢᠯᠠᠬᠤ ᠬᠡᠷᠡᠭᠲᠡᠶ᠄
(ᠨᠢᠭᠡ) ᠨᠢᠭᠡᠴᠡ ᠵᠢᠨ ᠣᠷᠣᠰᠢᠵᠤ ᠪᠠᠶ᠋ᠢᠭ᠎ᠠ ᠣᠷᠣᠨ ᠪᠦᠰᠡ ᠵᠢᠨ ᠴᠠᠭ ᠠᠭᠤᠷ᠎ᠤᠨ ᠭᠠᠮᠰᠢᠭ᠎ᠤᠨ ᠲᠦᠭᠰᠢᠭᠦᠷᠢ ᠵᠢᠨ ᠵᠡᠷᠭᠡ ᠳᠡᠰ;
(ᠬᠤᠶᠠᠷ) ᠨᠢᠭᠡᠴᠡ ᠵᠢᠨ ᠣᠷᠣᠨ ᠪᠠᠶ᠋ᠢᠷᠢ ᠵᠢᠴᠢ ᠣᠷᠣᠰᠢᠵᠤ ᠪᠠᠶ᠋ᠢᠭ᠎ᠠ ᠣᠷᠣᠨ᠎ᠤ ᠭᠠᠵᠠᠷ᠎ᠤᠨ ᠪᠠᠶ᠋ᠢᠴᠠ᠂ ᠭᠠᠵᠠᠷ ᠰᠢᠨᠵᠢᠯᠡᠭᠡ᠂ ᠭᠠᠵᠠᠷ᠎ᠤᠨ ᠭᠠᠳᠠᠷᠭᠤ᠂ ᠠᠭᠤᠷ ᠠᠮᠢᠰᠬᠤᠯ᠎ᠤᠨ ᠨᠥᠬᠥᠴᠡᠯ ᠵᠡᠷᠭᠡ;
(ᠭᠤᠷᠪᠠ) ᠨᠢᠭᠡᠴᠡ ᠵᠢᠨ ᠰᠢᠨᠵᠢ ᠴᠢᠨᠠᠷ᠂ ᠬᠡᠪᠴᠢᠶ᠎ᠡ᠂ ᠦᠢ᠍ᠯᠡᠳᠪᠦᠷᠢᠯᠡᠯ ᠡᠵᠡᠩᠨᠡᠯᠲᠡ ᠵᠢᠨ ᠣᠨᠴᠠᠯᠢᠭ;
(ᠲᠦᠷᠪᠡ) ᠭᠠᠮᠰᠢᠭ᠎ᠦᠨ ᠴᠢᠨ᠋ᠠᠷ᠎ᠲᠠᠶ ᠴᠠᠭ ᠠᠭᠤᠷ᠎ᠳᠤ ᠤᠴᠠᠷᠠᠬᠤ ᠦᠶᠡᠰ ᠭᠠᠷᠴᠤ ᠮᠡᠳᠡᠬᠦ ᠬᠤᠬᠢᠷᠠᠯ ᠦ᠋᠊ᠨ ᠬᠡᠮᠵᠢᠶ᠎ᠡ᠃
ᠵᠢᠷᠭᠤᠳᠤᠭ᠋ᠠᠷ ᠵᠦᠢ᠍ᠯ ᠭᠣᠤᠯᠳᠠᠯᠭ᠎ᠠ᠎ᠲᠠᠢ ᠨᠢᠭᠡᠴᠡ ᠵᠢᠨ ᠥᠷᠨᠢᠭᠦᠯᠦᠭᠰᠡᠨ ᠪᠠᠶ᠋ᠢᠭ᠋ᠠᠯᠢ ᠵᠢᠨ ᠭᠠᠮᠰᠢᠭ᠎ᠤᠨ ᠲᠦᠭᠰᠢᠭᠦᠷᠢ ᠵᠢ ᠦᠨᠡᠯᠡᠨ ᠵᠢᠱ᠌ᠢᠬᠦ᠎ᠳᠤ ᠴᠠᠭ ᠠᠭᠤᠷ᠎ᠤᠨ ᠭᠠᠮᠰᠢᠭ᠎ᠤᠨ ᠲᠦᠭᠰᠢᠭᠦᠷᠢ ᠵᠢ ᠦᠨᠡᠯᠡᠨ ᠵᠢᠱ᠌ᠢᠬᠦ ᠠᠭᠤᠯᠭ᠎ᠠ ᠵᠢ ᠪᠠᠭᠲᠠᠭ᠋ᠠᠬᠤ ᠬᠡᠷᠡᠭᠲᠡᠶ᠃
ᠳᠣᠯᠣᠳᠤᠭ᠋ᠠᠷ ᠵᠦᠢ᠍ᠯ ᠳᠣᠤᠷᠠᠬᠢ ᠨᠢᠭᠡᠴᠡ ᠵᠢ ᠭᠣᠤᠯᠳᠠᠯᠭ᠎ᠠ᠎ᠲᠠᠢ ᠨᠢᠭᠡᠴᠡ᠎ᠪᠠᠷ ᠲᠣᠭᠲᠠᠭ᠋ᠠᠬᠤ ᠬᠡᠷᠡᠭᠲᠡᠶ᠄
(ᠨᠢᠭᠡ) ᠨᠣᠴᠣᠮᠠᠲᠠᠭ᠋ᠠᠶ ᠳᠡᠯᠪᠡᠷᠡᠮᠡᠲᠡᠭᠡᠶ᠂ ᠬᠣᠤᠷ ᠬᠥᠨᠥᠭᠡᠯ᠎ᠲᠠᠢ ᠬᠢᠮᠢ ᠵᠢᠨ ᠡᠳ᠋᠂ ᠠᠶᠤᠯᠲᠠᠶ ᠬᠢᠮᠢ ᠵᠢᠨ ᠡᠳ᠋᠂ ᠰᠠᠴᠤᠷᠠᠭ ᠴᠢᠨᠠᠷᠲᠠᠶ ᠡᠳ᠋ ᠵᠡᠷᠭᠡ ᠠᠶᠤᠯᠲᠠᠢ ᠡᠳ᠋ ᠦᠢ᠍ᠯᠡᠳᠪᠦᠷᠢᠯᠡᠬᠦ᠂ ᠰᠠᠪᠠᠯᠠᠬᠤ᠂ ᠬᠠᠳᠠᠭ᠋ᠠᠯᠠᠬᠤ᠂ ᠬᠠᠩᠭ᠋ᠠᠬᠤ᠂ ᠠᠴᠢᠶᠠᠯᠠᠵᠤ ᠪᠠᠭᠤᠯᠭ᠋ᠠᠬᠤ᠂ ᠲᠡᠭᠡᠭᠡᠪᠦᠷᠢᠯᠡᠬᠦ ᠪᠤᠶᠤ ᠡᠵᠡᠩᠨᠡᠬᠦ᠂ ᠪᠣᠷᠣᠯᠠᠭᠤᠯᠬᠤ ᠨᠢᠭᠡᠴᠡ;
(ᠬᠤᠶᠠᠷ) ᠰᠤᠷᠭ᠋ᠠᠭᠤᠯᠢ (ᠬᠡᠤᠬᠡᠳ᠎ᠤᠨ ᠴᠡᠴᠡᠷᠯᠢᠭ᠎ᠢ ᠪᠠᠭᠲᠠᠭ᠋ᠠᠨ᠎ᠠ)᠂ ᠡᠮᠨᠡᠯᠭᠡ ᠵᠢᠨ ᠬᠤᠷᠢᠶ᠎ᠠ᠂ ᠪᠡᠶ᠎ᠡ ᠵᠢᠨ ᠲᠠᠮᠢᠷ (ᠲᠠᠯᠠᠪᠠᠢ)ᠡᠯ᠎ᠡ ᠬᠤᠰᠢᠭᠤ ᠰᠢᠶᠠᠨ ᠲᠣᠭᠤᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠨᠢᠰᠬᠡᠯ᠎ᠤᠨ ᠪᠠᠭᠤᠳᠠᠯ᠂ ᠠᠶᠠᠨᠴᠢᠳ᠎ᠤᠨ ᠲᠡᠭᠡᠭᠡᠪᠦᠷᠢ ᠵᠢᠨ ᠲᠡᠷᠭᠡᠨ ᠥᠷᠲᠡᠭᠡ᠂ ᠦᠢ᠍ᠯᠡᠳᠪᠦᠷᠢ ᠠᠭᠤᠷᠬᠠᠶ ᠵᠢᠨ ᠠᠵᠤ ᠠᠬᠤᠶ᠋ᠢᠯᠠᠯ ᠵᠡᠷᠭᠡ ᠬᠥᠮᠦᠨ ᠣᠯᠠᠨ ᠴᠤᠭᠯᠠᠷᠠᠬᠤ ᠭᠠᠵᠠᠷ᠎ᠤᠨ ᠡᠵᠡᠩᠨᠡᠯᠲᠡ ᠬᠠᠮᠢᠶᠠᠷᠤᠯᠲᠠ ᠵᠢᠨ ᠨᠢᠭᠡᠴᠡ;
(ᠭᠤᠷᠪᠠ) ᠴᠢᠬᠤᠯᠠ ᠶᠡᠬᠡ ᠰᠠᠭᠤᠷᠢ ᠲᠥᠬᠥᠭᠡᠷᠦᠮᠵᠢ᠂ ᠲᠣᠮᠣ ᠬᠡᠯᠪᠡᠷᠢ ᠵᠢᠨ ᠪᠠᠷᠢᠯᠭ᠎ᠠ᠂ ᠣᠯᠠᠨ ᠨᠡᠶ᠋ᠢᠲᠡ ᠵᠢᠨ ᠪᠠᠷᠢᠯᠭ᠎ᠠ᠂ ᠠᠵᠤ ᠠᠬᠤᠶ ᠵᠢᠨ ᠨᠡᠭᠡᠭᠡᠯᠲᠡ ᠵᠢᠨ ᠲᠥᠷᠥᠯ ᠵᠦᠢ᠍ᠯ ᠵᠡᠷᠭᠡ ᠨᠢᠭᠡᠨᠲᠡ ᠪᠠᠶ᠋ᠢᠭᠤᠯᠤᠭᠰᠠᠨ ᠪᠤᠶᠤ ᠪᠠᠶ᠋ᠢᠭᠤᠯᠵᠤ ᠪᠠᠶ᠋ᠢᠭ᠎ᠠ ᠪᠠᠷᠢᠯᠭ᠎ᠠ ᠵᠢᠨ ᠥᠮᠴᠢᠲᠡᠨ᠎ᠤ ᠨᠢᠭᠡᠴᠡ;
(ᠲᠦᠷᠪᠡ) ᠴᠠᠬᠢᠯᠭ᠋ᠠᠨ ᠬᠦᠴᠦ᠂ ᠰᠢᠲᠠᠮᠠᠬᠠᠢ ᠬᠡᠢ᠂ ᠤᠰᠤ ᠬᠠᠩᠭ᠋ᠠᠬᠤ᠂ ᠠᠮᠤ ᠪᠤᠳᠠᠭ᠎ᠠ᠂ ᠴᠢᠮᠡᠭᠡ ᠬᠤᠯᠪᠣᠭ᠎ᠠ᠂ ᠷᠠᠳᠢᠣ᠋ ᠲᠧᠯᠸᠢᠰ ᠵᠡᠷᠭᠡ ᠲᠠᠯ᠎ᠠ᠎ᠪᠠᠷ ᠤᠯᠤᠰ᠎ᠤᠨ ᠠᠵᠤ ᠠᠬᠤᠢ ᠠᠷᠠᠳ᠎ᠤᠨ ᠠᠮᠢᠳᠤᠷᠠᠯ᠎ᠳᠤ ᠴᠢᠬᠤᠯᠠ ᠶᠡᠭᠡ ᠨᠥᠯᠥᠭᠡ᠎ᠲᠠᠢ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ;
(ᠲᠠᠪᠤ) ᠵᠢᠭᠤᠯᠴᠢᠯᠠᠯ᠎ᠤᠨ ᠦᠵᠡᠮᠵᠢ ᠵᠢᠨ ᠣᠷᠣᠨ᠂ ᠦᠵᠡᠮᠵᠢ ᠵᠢᠨ ᠣᠷᠣᠨ᠎ᠤ ᠡᠵᠡᠩᠨᠡᠯᠲᠡ ᠬᠠᠮᠢᠶᠠᠷᠤᠯᠲᠠ ᠵᠢᠨ ᠨᠢᠭᠡᠴᠡ᠂ ᠭᠤᠣᠯᠳᠠᠯᠭ᠎ᠠ᠎ᠲᠠᠢ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠨᠢᠭᠡᠴᠡ;
(ᠵᠢᠷᠭᠤᠭ᠎ᠠ) ᠲᠣᠮᠣ ᠬᠡᠯᠪᠡᠷᠢ ᠵᠢᠨ ᠦᠢ᠍ᠯᠡᠳᠪᠦᠷᠢᠯᠡᠯ᠂ ᠲᠣᠮᠣ ᠬᠡᠯᠪᠡᠷᠢ ᠵᠢᠨ ᠦᠢ᠍ᠯᠡᠳᠬᠡᠯ᠎ᠤᠨ ᠦᠢ᠍ᠯᠡᠰ᠂ ᠠᠭᠤᠷᠬᠠᠢ ᠵᠢᠨ ᠦᠢ᠍ᠯᠡᠰ᠎ᠤᠨ ᠨᠢᠭᠡᠴᠢ ᠪᠤᠶᠤ ᠬᠥᠳᠡᠯᠮᠦᠷᠢ ᠨᠢᠭᠲᠠᠷᠠᠭᠰᠠᠨ ᠬᠡᠯᠪᠡᠷᠢ ᠵᠢᠨ ᠠᠵᠤ ᠠᠬᠤᠶ᠋ᠢᠯᠠᠯ;
(ᠳᠤᠯᠤᠭ᠎ᠠ)ᠴᠠᠭ ᠠᠭᠤᠷ᠎ᠤᠨ ᠭᠠᠮᠰᠢᠭ ᠬᠢᠯᠪᠠᠷᠬᠠᠨ ᠭᠠᠷᠤᠭᠰᠠᠨ᠎ᠠᠴᠠ ᠪᠣᠯᠵᠤ ᠠᠮᠤᠷ ᠲᠦᠪᠰᠢᠨ᠎ᠤ ᠡᠨᠳᠡᠯ ᠭᠠᠷᠴᠤ᠂ ᠬᠥᠮᠦᠨ ᠦᠬᠦᠵᠦ ᠰᠢᠷᠬᠠᠲᠤᠭᠰᠠᠨ᠂ ᠡᠳ᠋ ᠬᠥᠷᠥᠩᠭᠡ᠎ᠨᠢ ᠬᠣᠬᠢᠷᠠᠭᠰᠠᠨ ᠪᠤᠰᠤᠳ ᠨᠢᠭᠡᠴᠡ᠃
ᠨᠠᠢ᠍ᠮᠠᠳᠤᠭ᠋ᠠᠷ ᠵᠦᠢ᠍ᠯ ᠬᠣᠲᠠ᠂ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ ᠲᠤᠰ ᠠᠷᠭ᠎ᠠ ᠵᠢᠨ ᠲᠠᠪᠤᠳᠤᠭ᠋ᠠᠷ ᠵᠦᠢ᠍ᠯ᠂ ᠳᠣᠯᠣᠳᠤᠭ᠋ᠠᠷ ᠵᠦᠢ᠍ᠯ᠎ᠦᠨ ᠲᠣᠭᠲᠠᠭ᠋ᠠᠯ ᠢ ᠦᠨᠳᠦᠰᠦᠯᠡᠨ᠂ ᠠᠳᠠᠯᠢ ᠱᠠᠲᠤᠨ᠎ᠤ ᠴᠠᠭ ᠠᠭᠤᠷ᠎ᠤᠨ ᠭᠣᠤᠯᠴᠢᠯᠠᠨ ᠬᠠᠮᠢᠶᠠᠷᠬᠤ ᠪᠠᠶ᠋ᠢᠭᠤᠯᠤᠮᠵᠢ᠎ᠳᠤ ᠭᠣᠤᠯᠳᠠᠯᠭ᠎ᠠ᠎ᠲᠠᠢ ᠨᠢᠭᠡᠴᠡ ᠵᠢᠨ ᠨᠡᠷᠡᠰ᠎ᠤᠨ ᠵᠢᠭᠰᠠᠭ᠋ᠠᠯᠲᠠ ᠵᠢ ᠳᠤᠷᠠᠳᠴᠤ᠂ ᠴᠠᠭ ᠠᠭᠤᠷ᠎ᠤᠨ ᠭᠣᠤᠯᠴᠢᠯᠠᠨ ᠬᠠᠮᠢᠶᠠᠷᠬᠤ ᠪᠠᠶ᠋ᠢᠭᠤᠯᠤᠮᠵᠢ᠎ᠲᠠᠢ ᠬᠠᠮᠲᠤᠷᠠᠨ ᠬᠠᠮᠲᠤ᠎ᠪᠠᠷ ᠲᠣᠭᠲᠠᠭ᠋ᠠᠬᠤ ᠵᠢᠨ ᠬᠠᠮᠲᠤ ᠨᠡᠶ᠋ᠢᠭᠡᠮ᠎ᠳᠤ ᠨᠡᠶ᠋ᠢᠲᠡᠯᠡᠬᠦ ᠬᠡᠷᠡᠭᠲᠡᠶ᠃
ᠭᠣᠤᠯᠳᠠᠯᠭ᠎ᠠ᠎ᠲᠠᠢ ᠨᠢᠭᠡᠴᠡ ᠵᠢᠨ ᠨᠡᠷᠡᠰ᠎ᠤᠨ ᠬᠥᠮᠥᠷᠭᠡ᠎ᠨᠢ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠪᠣᠳᠠᠲᠠᠶ ᠬᠡᠷᠡᠭᠴᠡᠭᠡ᠎ᠪᠠᠨ ᠦᠨᠳᠦᠰᠦᠯᠡᠨ ᠴᠠᠭ ᠲᠤᠬᠠᠶ᠎ᠳᠤᠨᠢ ᠲᠣᠬᠢᠷᠠᠭᠤᠯᠤᠯᠲᠠ ᠬᠢᠵᠦ᠂ ᠬᠥᠳᠡᠯᠦᠩᠭᠦᠶ ᠬᠠᠮᠢᠶᠠᠷᠤᠯᠲᠠ ᠵᠢ ᠬᠡᠷᠡᠭᠵᠢᠭᠦᠯᠦᠨ᠂ ᠠᠳᠠᠭ᠎ᠲᠠᠭᠠᠨ ᠬᠣᠶᠠᠷ ᠵᠢᠯ᠎ᠳᠤ ᠨᠢᠭᠡ ᠤᠳᠠᠭ᠎ᠠ ᠰᠢᠨᠡᠳᠬᠡᠬᠦ ᠬᠡᠷᠡᠭᠲᠡᠶ᠃
ᠶᠢᠰᠦᠳᠦᠭᠡᠷ ᠵᠦᠢ᠍ᠯ ᠲᠣᠰᠣᠨ ᠬᠥᠮᠥᠷᠭᠡ᠂ ᠬᠡᠢ ᠵᠢᠨ ᠬᠥᠮᠥᠷᠭᠡ᠂ ᠰᠤᠮᠤ ᠳᠠᠷᠢ ᠵᠢᠨ ᠬᠥᠮᠥᠷᠭᠡ᠂ ᠠᠶᠤᠯᠲᠠᠢ ᠬᠢᠮᠢ ᠵᠢᠨ ᠪᠣᠳᠠᠰ᠎ᠤᠨ ᠬᠥᠮᠥᠷᠭᠡ᠂ ᠲᠣᠰᠣ ᠨᠡᠮᠡᠬᠦ (ᠬᠡᠢ) ᠥᠷᠲᠡᠭᠡ ᠵᠢᠨ ᠡᠵᠡᠩᠨᠡᠯᠲᠡ ᠬᠠᠮᠢᠶᠠᠷᠤᠯᠲᠠ ᠵᠢᠨ ᠨᠢᠭᠡᠴᠡ ᠪᠣᠯᠤᠨ ᠬᠤᠸᠠᠷ ᠫᠤᠤᠵᠢᠩ᠂ ᠴᠢᠯᠠᠭᠤᠨ ᠲᠣᠰᠣ ᠬᠢᠮᠢ ᠵᠡᠷᠭᠡ ᠨᠣᠴᠣᠮᠠᠲᠠᠭ᠋ᠠᠶ ᠳᠡᠯᠪᠡᠷᠡᠮᠡᠲᠡᠭᠡᠶ ᠪᠣᠳᠠᠰ᠂ ᠦᠢ᠍ᠯᠡᠳᠬᠦᠨ ᠦᠢ᠍ᠯᠡᠳᠪᠦᠷᠢᠯᠡᠬᠦ ᠨᠢᠭᠡᠴᠡ ᠵᠢ ᠴᠠᠭ ᠠᠭᠤᠷ᠎ᠤᠨ ᠭᠣᠤᠯᠴᠢᠯᠠᠨ ᠬᠠᠮᠢᠶᠠᠷᠬᠤ ᠪᠠᠶ᠋ᠢᠭᠤᠯᠤᠮᠵᠢ᠎ᠠᠴᠠ ᠠᠵᠢᠯ ᠲᠥᠷᠥᠯ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠭᠣᠤᠯᠳᠠᠯᠭ᠎ᠠ᠎ᠲᠠᠢ ᠨᠢᠭᠡᠴᠡ ᠵᠢᠨ ᠨᠡᠷᠡᠰ᠎ᠲᠤ ᠰᠢᠭᠤᠳ ᠵᠢᠭᠰᠠᠭ᠋ᠠᠨ ᠣᠷᠣᠭᠤᠯᠬᠤ ᠵᠢᠨ ᠬᠠᠮᠲᠤ ᠨᠡᠶ᠋ᠢᠭᠡᠮ᠎ᠳᠤ ᠨᠡᠶ᠋ᠢᠲᠡᠯᠡᠬᠦ ᠬᠡᠷᠡᠭᠲᠡᠶ᠃
ᠠᠷᠪᠠᠳᠤᠭ᠋ᠠᠷ ᠵᠦᠢ᠍ᠯ ᠭᠤᠤᠯᠳᠠᠯᠭ᠎ᠠ᠎ᠲᠠᠢ ᠨᠢᠭᠡᠴᠡ ᠵᠢᠨ ᠰᠢᠨᠵᠢ ᠴᠢᠨᠠᠷ᠂ ᠬᠡᠪᠴᠢᠶ᠎ᠡ᠂ ᠣᠷᠣᠰᠢᠵᠤ ᠪᠠᠶ᠋ᠢᠭ᠎ᠠ ᠣᠷᠣᠨ ᠪᠠᠶ᠋ᠢᠷᠢ ᠵᠡᠷᠭᠡ᠎ᠳᠤ ᠬᠤᠪᠢᠷᠠᠯᠲᠠ ᠭᠠᠷᠴᠤ᠂ ᠲᠣᠰ ᠠᠷᠭ᠎ᠠ ᠵᠢᠨ ᠲᠠᠪᠤᠳᠤᠭ᠋ᠠᠷ ᠵᠦᠢ᠍ᠯ᠂ ᠳᠣᠯᠣᠳᠤᠭ᠋ᠠᠷ ᠵᠦᠢ᠍ᠯ᠂ ᠶᠢᠰᠦᠳᠦᠭᠡᠷ ᠵᠦᠢ᠍ᠯ᠎ᠤᠨ ᠲᠣᠭᠲᠠᠭ᠋ᠠᠯ᠎ᠳᠤ ᠨᠡᠶ᠋ᠢᠴᠡᠬᠦ ᠥᠬᠡᠶ ᠪᠣᠯ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠴᠠᠭ ᠠᠭᠤᠷ᠎ᠤᠨ ᠭᠤᠤᠯᠴᠢᠯᠠᠨ ᠬᠠᠮᠢᠶᠠᠷᠬᠤ ᠪᠠᠶ᠋ᠢᠭᠤᠯᠤᠮᠵᠢ᠎ᠠᠴᠠ ᠬᠤᠯᠪᠣᠭᠳᠠᠯ ᠪᠥᠬᠦᠶ ᠰᠠᠯᠠᠭ᠎ᠠ ᠮᠥᠴᠢᠷ᠎ᠲᠠᠢ ᠬᠠᠮᠲᠤᠷᠠᠨ ᠬᠢᠨᠠᠨ ᠬᠠᠷᠭᠤᠭᠤᠯᠤᠭᠰᠠᠨ᠎ᠤ ᠳᠠᠷᠠᠭ᠎ᠠ᠂ ᠭᠤᠤᠯᠳᠠᠯᠭ᠎ᠠ᠎ᠲᠠᠢ ᠨᠢᠭᠡᠴᠢ ᠵᠢᠨ ᠨᠡᠷᠡᠰ᠎ᠤᠨ ᠬᠥᠮᠥᠷᠭᠡ᠎ᠠᠴᠠ ᠰᠢᠯᠵᠢᠭᠦᠯᠦᠨ ᠭᠠᠷᠭ᠋ᠠᠬᠤ ᠵᠢᠨ ᠬᠠᠮᠲᠤ ᠨᠡᠶ᠋ᠢᠭᠡᠮ᠎ᠳᠤ ᠢᠯᠡ ᠨᠡᠶ᠋ᠢᠲᠡᠯᠡᠬᠦ ᠬᠡᠷᠡᠭᠲᠡᠶ᠃
ᠠᠷᠪᠠᠨ ᠨᠢᠭᠡᠳᠦᠭᠡᠷ ᠵᠦᠢ᠍ᠯ ᠬᠤᠲᠠ᠂ ᠬᠤᠰᠢᠭᠤ ᠰᠢᠶᠠᠨ ᠲᠣᠭᠤᠷᠢᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ ᠭᠤᠤᠯᠳᠠᠯᠭ᠎ᠠ᠎ᠲᠠᠢ ᠨᠢᠭᠡᠴᠡ ᠵᠢᠨ ᠮᠡᠳᠡᠭᠡ ᠵᠠᠩᠭᠢ ᠵᠢᠨ ᠬᠥᠮᠥᠷᠭᠡ ᠵᠢ ᠪᠠᠶ᠋ᠢᠭᠤᠯᠤᠨ ᠪᠦᠷᠢᠨᠰᠢᠭᠦᠯᠬᠦ ᠵᠢᠨ ᠬᠠᠮᠲᠤ᠂ ᠠᠳᠠᠯᠢ ᠱᠠᠲᠤᠨ᠎ᠤ ᠴᠠᠭ ᠠᠭᠤᠷ᠎ᠤᠨ ᠭᠤᠤᠯᠴᠢᠯᠠᠨ ᠬᠠᠮᠢᠶᠠᠷᠬᠤ ᠪᠠᠶ᠋ᠢᠭᠤᠯᠤᠮᠵᠢ᠎ᠯᠤᠭ᠎ᠠ ᠬᠠᠮᠲᠤ᠎ᠪᠠᠷ ᠡᠳ᠋ᠯᠡᠵᠦ᠂ ᠬᠠᠮᠲᠤ᠎ᠪᠠᠷ ᠬᠡᠷᠡᠭᠯᠡᠬᠦ ᠬᠡᠷᠡᠭᠲᠡᠶ᠂ ᠠᠭᠤᠯᠭ᠎ᠠ᠎ᠳᠤᠨᠢ ᠨᠢᠭᠡᠴᠡ ᠵᠢᠨ ᠨᠡᠷᠡᠶ᠋ᠢᠳᠦᠯ᠂ ᠬᠠᠶᠢᠭ᠂ ᠰᠡᠷᠭᠡᠶ᠋ᠢᠯᠡᠬᠦ ᠴᠢᠬᠤᠯᠠᠲᠠᠶ ᠭᠠᠮᠰᠢᠭ᠎ᠤᠨ ᠲᠥᠷᠥᠯ ᠵᠦᠢ᠍ᠯ᠂ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠬᠠᠷᠢᠭᠤᠴᠠᠯᠭ᠎ᠠ ᠡᠭᠦᠷᠭᠡᠯᠡᠭᠴᠢ᠂ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠬᠠᠷᠢᠯᠴᠠᠬᠤ ᠬᠥᠮᠦᠨ ᠵᠡᠷᠭᠡ ᠵᠢ ᠪᠠᠭᠲᠠᠭ᠋ᠠᠨ᠎ᠠ᠃ ᠮᠡᠳᠡᠭᠡ ᠵᠠᠩᠭᠢ ᠵᠢᠨ ᠬᠥᠮᠥᠷᠭᠡ ᠵᠢᠨ ᠠᠭᠤᠯᠭ᠎ᠠ ᠵᠢ ᠭᠣᠤᠯᠳᠠᠯᠭ᠎ᠠ᠎ᠲᠠᠢ ᠨᠢᠭᠡᠴᠡ ᠵᠢᠨ ᠬᠠᠷᠢᠭᠤ ᠲᠤᠰᠬᠠᠭᠰᠠᠨ ᠮᠡᠳᠡᠭᠡ ᠵᠠᠩᠭᠢ ᠵᠢ ᠦᠨᠳᠦᠰᠦᠯᠡᠨ ᠴᠠᠭ ᠲᠤᠬᠠᠶ᠎ᠳᠤᠨᠢ ᠰᠢᠨᠡᠳᠬᠡᠬᠦ ᠬᠡᠷᠡᠭᠲᠡᠶ᠃
ᠭᠤᠷᠪᠠᠳᠤᠭ᠋ᠠᠷ ᠪᠦᠯᠦᠭ ᠭᠤᠣᠯᠳᠠᠯᠭ᠎ᠠ᠎ᠲᠠᠢ ᠨᠢᠭᠡᠴᠡ ᠵᠢᠨ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ
ᠠᠷᠪᠠᠨ ᠬᠣᠶᠠᠳᠤᠭ᠋ᠠᠷ ᠵᠦᠢ᠍ᠯ ᠭᠣᠤᠯᠳᠠᠯᠭ᠎ᠠ᠎ᠲᠠᠢ ᠨᠢᠭᠡᠴᠡ᠎ᠨᠦᠭᠦᠳ ᠬᠢᠯᠪᠠᠷᠬᠠᠨ ᠨᠥᠯᠥᠭᠡ ᠪᠣᠯᠬᠤ ᠴᠠᠭ ᠠᠭᠤᠷ᠎ᠤᠨ ᠭᠠᠮᠰᠢᠭ᠎ᠤᠨ ᠲᠥᠷᠥᠯ ᠵᠦᠢ᠍ᠯ᠎ᠢ ᠦᠨᠳᠦᠰᠦᠯᠡᠨ᠂ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠠᠵᠢᠯ᠎ᠤᠨ ᠳᠦᠷᠢᠮ᠎ᠢ ᠪᠠᠶ᠋ᠢᠭᠤᠯᠵᠤ᠂ ᠡᠵᠡᠩᠨᠡᠯᠲᠡ ᠵᠢᠨ ᠭᠠᠵᠠᠷ ᠲᠠᠯᠠᠪᠤᠷ᠂ ᠪᠡᠯᠡᠳᠬᠡᠮᠵᠢ ᠲᠥᠬᠥᠭᠡᠷᠦᠮᠵᠢ᠂ ᠦᠢ᠍ᠯᠡᠳᠪᠦᠷᠢᠯᠡᠯ ᠦ᠋᠊ᠨ ᠪᠠᠭ᠋ᠠᠵᠢ ᠬᠡᠷᠡᠭᠰᠡᠯ᠂ ᠮᠧᠬᠠᠨᠢᠭ ᠲᠣᠨᠣᠭᠯᠠᠯ ᠵᠡᠷᠭᠡ ᠵᠢᠨ ᠭᠠᠮᠰᠢᠭ᠎ᠢ ᠰᠡᠷᠭᠡᠶ᠋ᠢᠯᠡᠵᠦ ᠭᠠᠮᠰᠢᠭ᠎ᠲᠠᠢ ᠲᠡᠮᠡᠴᠡᠬᠦ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠶ᠃
ᠭᠣᠤᠯᠳᠠᠯᠭ᠎ᠠ᠎ᠲᠠᠢ ᠨᠢᠭᠡᠴᠡ᠎ᠨᠢ ᠳᠣᠤᠷᠠᠬᠢ ᠮᠡᠲᠦ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠬᠦ ᠬᠡᠷᠡᠭᠲᠡᠶ᠄
(ᠨᠢᠭᠡ) ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠬᠠᠷᠢᠭᠤᠴᠠᠯᠭ᠎ᠠ ᠵᠢᠨ ᠳᠦᠷᠢᠮ᠎ᠢ ᠪᠦᠷᠢᠨᠰᠢᠭᠦᠯᠵᠦ᠂ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠠᠵᠢᠯ᠎ᠤᠨ ᠳᠦᠷᠢᠮ ᠪᠣᠯᠤᠨ ᠠᠵᠢᠯᠯᠠᠬᠤ ᠴᠤᠪᠤᠷᠠᠯ᠂ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠂ ᠬᠥᠮᠦᠵᠢᠯ ᠪᠣᠯᠤᠨ ᠪᠣᠯᠪᠠᠰᠤᠷᠠᠭᠤᠯᠤᠯ᠎ᠤᠨ ᠲᠥᠯᠥᠪᠯᠡᠭᠡ ᠵᠢ ᠵᠣᠬᠢᠶᠠᠨ ᠪᠠᠶ᠋ᠢᠭᠤᠯᠤᠨ ᠲᠣᠭᠲᠠᠭ᠋ᠠᠵᠤ᠂ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠠᠵᠢᠯ᠎ᠢ ᠰᠢᠮᠳᠠᠭᠤᠯᠤᠨ ᠪᠠᠶ᠋ᠢᠴᠠᠭ᠋ᠠᠨ᠎ᠠ᠃
(ᠬᠤᠶᠠᠷ) ᠲᠣᠰ ᠨᠢᠭᠡᠴᠡ ᠵᠢᠨ ᠵᠶ᠋ᠠᠨ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠬᠠᠮᠢᠶᠠᠷᠤᠯᠲᠠ ᠵᠢᠨ ᠰᠠᠯᠠᠭ᠎ᠠ ᠮᠥᠴᠢᠷ ᠪᠠ ᠠᠵᠢᠯᠲᠠᠨ᠎ᠢ ᠲᠣᠭᠲᠠᠭ᠋ᠠᠵᠤ᠂ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠬᠡᠷᠡᠭᠲᠡᠶ᠃
(ᠭᠤᠷᠪᠠ)ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠤᠨ ᠳᠦᠷᠢᠮ ᠲᠣᠭᠲᠠᠭ᠋ᠠᠯ᠎ᠳᠤ ᠲᠣᠭᠲᠠᠭ᠋ᠠᠭᠰᠠᠨ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠪᠤᠰᠤᠳ ᠡᠭᠦᠷᠭᠡ ᠬᠠᠷᠢᠭᠤᠴᠠᠯᠭ᠎ᠠ᠂ ᠠᠷᠪᠠᠨ ᠭᠤᠷᠪᠠᠳᠤᠭ᠋ᠠᠷ ᠵᠣᠷᠪᠣᠰ ᠭᠤᠤᠯᠳᠠᠯᠭ᠎ᠠ᠎ᠲᠠᠢ ᠨᠢᠭᠡᠴᠡ ᠵᠢᠨ ᠭᠤᠤᠯ ᠬᠠᠷᠢᠭᠤᠴᠠᠯᠭ᠋ᠠᠲᠠᠨ ᠪᠣᠯ ᠲᠣᠰ ᠨᠢᠭᠡᠴᠡ ᠵᠢᠨ ᠵᠶ᠋ᠠᠨ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠬᠠᠷᠢᠭᠤᠴᠠᠯᠭ᠎ᠠ ᠡᠭᠦᠷᠭᠡᠯᠡᠭᠴᠢ ᠪᠣᠯᠤᠨ᠎ᠠ᠂ ᠲᠣᠰ ᠨᠢᠭᠡᠴᠡ ᠵᠢᠨ ᠵᠶ᠋ᠠᠨ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠪᠦᠬᠦ ᠲᠠᠯ᠎ᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃
ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠬᠠᠷᠢᠭᠤᠴᠠᠯᠭ᠎ᠠ ᠡᠭᠦᠷᠭᠡᠯᠡᠭᠴᠢ ᠳᠣᠤᠷᠠᠬᠢ ᠮᠡᠲᠦ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠬᠦ ᠬᠡᠷᠡᠭᠲᠡᠶ᠄
(ᠨᠢᠭᠡ)ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠳᠦᠷᠢᠮ᠎ᠢ ᠵᠣᠬᠢᠶᠠᠨ ᠪᠠᠶ᠋ᠢᠭᠤᠯᠤᠨ ᠲᠣᠭᠲᠠᠭ᠋ᠠᠬᠤ ᠵᠢᠨ ᠬᠠᠮᠲᠤ ᠰᠢᠮᠳᠠᠭᠤᠯᠤᠨ ᠬᠡᠷᠡᠭᠵᠢᠭᠦᠯᠦᠨ᠎ᠡ ;
(ᠬᠤᠶᠠᠷ)ᠲᠣᠰ ᠨᠢᠭᠡᠴᠡ ᠵᠢᠨ ᠵᠶ᠋ᠠᠨ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠬᠠᠮᠢᠶ᠎ᠠ ᠪᠦᠬᠦᠢ ᠠᠵᠢᠯ᠎ᠤᠨ ᠴᠢᠬᠤᠯᠠ ᠪᠦᠬᠦᠢ ᠵᠠᠷᠤᠳᠠᠯ᠎ᠢ ᠪᠠᠲᠤᠯᠠᠬᠤ ᠬᠡᠷᠡᠭᠲᠡᠶ;
(ᠭᠤᠷᠪᠠ)ᠭᠠᠮᠰᠢᠭ᠎ᠤᠨ ᠴᠢᠨᠠᠷᠲᠠᠶ ᠴᠠᠭ ᠠᠭᠤᠷ᠎ᠤᠨ ᠨᠥᠯᠥᠭᠡ ᠪᠤᠶᠤ ᠴᠠᠭ ᠠᠭᠤᠷ᠎ᠤᠨ ᠭᠠᠮᠰᠢᠭ ᠡᠭᠦᠰᠬᠦ ᠬᠤᠭᠤᠴᠠᠭ᠋ᠠᠨ᠎ᠳᠤ᠂ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠵᠢᠴᠢ ᠥᠪᠡᠷ᠎ᠢ᠎ᠪᠠᠨ ᠠᠪᠤᠷᠠᠬᠤ ᠬᠠᠷᠢᠯᠴᠠᠨ ᠠᠪᠤᠷᠠᠬᠤ ᠵᠡᠷᠭᠡ ᠠᠵᠢᠯ᠎ᠢ ᠵᠢᠯᠣᠭᠤᠳᠤᠨ ᠥᠷᠨᠢᠭᠦᠯᠦᠨ᠎ᠡ;
(ᠲᠦᠷᠪᠡ)ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠤᠨ ᠳᠦᠷᠢᠮ ᠲᠣᠭᠲᠠᠭ᠋ᠠᠯ᠎ᠳᠤ ᠲᠣᠭᠲᠠᠭ᠋ᠠᠭᠰᠠᠨ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠪᠤᠰᠤᠳ ᠡᠭᠦᠷᠭᠡ ᠬᠠᠷᠢᠭᠤᠴᠠᠯᠭ᠎ᠠ᠃
ᠠᠷᠪᠠᠨ ᠳᠥᠷᠪᠡᠳᠦᠭᠡᠷ ᠵᠦᠢ᠍ᠯ ᠭᠣᠤᠯᠳᠠᠯᠭ᠎ᠠ᠎ᠲᠠᠢ ᠨᠢᠭᠡᠴᠡ᠎ᠨᠦᠭᠦᠳ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠬᠠᠷᠢᠯᠴᠠᠬᠤ ᠬᠥᠮᠦᠨ ᠵᠶ᠋ᠡᠨ ᠲᠣᠭᠲᠠᠭ᠋ᠠᠵᠤ᠂ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠬᠠᠷᠢᠭᠤᠴᠠᠯᠭ᠎ᠠ ᠡᠭᠦᠷᠭᠡᠯᠡᠭᠴᠢ ᠵᠢ ᠬᠠᠪᠰᠤᠷᠤᠨ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠬᠦ ᠵᠢ ᠬᠠᠷᠢᠭᠤᠴᠠᠬᠤ ᠬᠡᠷᠡᠭᠲᠡᠶ᠃ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠨ ᠬᠣᠷᠢᠭᠯᠠᠬᠤ ᠬᠠᠷᠢᠯᠴᠠᠬᠤ ᠬᠥᠮᠦᠰ᠎ᠨᠢ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠨ ᠬᠣᠷᠢᠭᠯᠠᠬᠤ ᠵᠣᠬᠢᠬᠤ ᠴᠢᠳᠠᠪᠤᠷᠢ ᠵᠢ ᠪᠦᠷᠢᠯᠳᠦᠭᠦᠯᠬᠦ ᠬᠡᠷᠡᠭᠲᠡᠶ᠃
ᠠᠷᠪᠠᠨ ᠲᠠᠪᠤᠳᠤᠭ᠋ᠠᠷ ᠵᠦᠢ᠍ᠯ ᠭᠣᠤᠯᠳᠠᠯᠭ᠎ᠠ᠎ᠲᠠᠢ ᠨᠢᠭᠡᠴᠡ᠎ᠨᠦᠭᠦᠳ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠴᠠᠭ ᠠᠭᠤᠷ᠎ᠤᠨ ᠭᠠᠮᠰᠢᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠢ ᠰᠢᠨᠵᠢᠯᠡᠬᠦ ᠤᠬᠠᠭ᠋ᠠᠨᠴᠢ᠎ᠪᠠᠷ ᠨᠠᠶ᠋ᠢᠷᠠᠭᠤᠯᠤᠨ ᠵᠣᠬᠢᠶᠠᠵᠤ᠂ ᠲᠡᠭᠦᠯᠳᠡᠷᠵᠢᠭᠦᠯᠬᠦ ᠪᠤᠶᠤ ᠨᠢᠭᠡᠴᠡ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠶᠡᠷᠦᠩᠬᠡᠶ᠋ᠢᠯᠡᠭᠰᠡᠨ ᠪᠡᠯᠡᠳᠬᠡᠯ ᠲᠥᠰᠦᠯ᠎ᠳᠤ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠠᠭᠤᠯᠭ᠎ᠠ ᠵᠢ ᠪᠠᠭᠲᠠᠭ᠋ᠠᠬᠤ ᠬᠡᠷᠡᠭᠲᠡᠶ᠃
ᠠᠷᠪᠠᠨ ᠵᠢᠷᠭᠤᠳᠤᠭ᠋ᠠᠷ ᠵᠦᠢ᠍ᠯ ᠭᠣᠤᠯᠳᠠᠯᠭ᠎ᠠ᠎ᠲᠠᠢ ᠨᠢᠭᠡᠴᠡ᠎ᠨᠦᠭᠦᠳ ᠲᠤᠰ ᠨᠢᠭᠡᠴᠡ ᠵᠢᠨ ᠵᠶ᠋ᠡᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ ᠲᠧᠯᠸᠢᠰ᠂ ᠷᠠᠳᠢᠣ᠋ ᠨᠡᠪᠲᠡᠷᠡᠭᠦᠯᠭᠡ᠂ ᠳ᠋ᠢᠶᠠᠩᠬᠤᠸᠠ ᠮᠠᠰᠢᠨ᠂ ᠭᠠᠷ ᠤᠲᠠᠰᠤ᠂ ᠳᠦᠷᠰᠦᠲᠦ ᠴᠠᠬᠢᠯᠭ᠋ᠠᠨ ᠮᠠᠰᠢᠨ᠂ ᠺᠣᠮᠫᠢᠦ᠋ᠲ᠋ᠧᠷ ᠪᠤᠶᠤ ᠡᠯᠧᠺᠲᠷᠣᠨ ᠳᠡᠯᠭᠡᠴᠡ ᠵᠡᠷᠭᠡ ᠬᠦᠯᠢᠶᠡᠨ ᠠᠪᠬᠤ ᠦᠵᠦᠭᠦᠷ ᠭᠠᠷᠭ᠋ᠠᠵᠤ᠂ ᠴᠠᠭ ᠠᠭᠤᠷ᠎ᠤᠨ ᠭᠠᠮᠰᠢᠭ᠎ᠢ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠮᠡᠳᠡᠭᠡ ᠵᠠᠩᠭᠢ ᠵᠢ ᠬᠦᠯᠢᠶᠡᠨ ᠠᠪᠬᠤ ᠬᠡᠷᠡᠭᠲᠡᠶ᠃
ᠠᠷᠪᠠᠨ ᠳᠣᠯᠣᠳᠤᠭ᠋ᠠᠷ ᠵᠦᠢ᠍ᠯ ᠭᠣᠤᠯᠳᠠᠯᠭ᠎ᠠ᠎ᠲᠠᠢ ᠨᠢᠭᠡᠴᠡ᠎ᠨᠦᠭᠦᠳ ᠭᠠᠮᠰᠢᠭ᠎ᠲᠤ ᠴᠠᠭ ᠠᠭᠤᠷ᠎ᠤᠨ ᠰᠡᠷᠡᠮᠵᠢ ᠵᠢᠨ ᠳᠣᠬᠢᠶ᠎ᠠ ᠪᠣᠯᠤᠨ ᠴᠠᠭ ᠠᠭᠤᠷ᠎ᠤᠨ ᠭᠠᠮᠰᠢᠭ᠎ᠤᠨ ᠰᠡᠷᠡᠮᠵᠢᠯᠡᠭᠦᠯᠬᠦ ᠳᠣᠬᠢᠶ᠎ᠠ ᠵᠢ ᠬᠦᠯᠢᠶᠡᠨ ᠠᠪᠬᠤ᠎ᠳᠠᠭᠠᠨ᠂ ᠴᠠᠭ ᠲᠤᠬᠠᠶ᠎ᠳᠤᠨᠢ ᠪᠦᠲᠦᠮᠵᠢᠲᠡᠶ ᠠᠷᠭ᠎ᠠ ᠵᠠᠮ ᠵᠶ᠋ᠠᠷ ᠳᠠᠮᠵᠢᠭᠤᠯᠤᠨ ᠨᠢᠭᠡᠴᠡ ᠵᠢᠨ ᠳᠣᠲᠣᠭ᠋ᠠᠳᠤ᠎ᠳᠠᠭᠠᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠤᠯᠠᠮᠵᠢᠯᠠᠵᠤ᠂ ᠳᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠬᠤ ᠠᠵᠢᠯ᠎ᠢ ᠥᠷᠨᠢᠭᠦᠯᠦᠨ᠂ ᠬᠠᠮᠢᠶ᠎ᠠ ᠪᠦᠬᠦᠢ ᠬᠥᠮᠦᠰ᠎ᠢ ᠠᠵᠢᠯ᠎ᠤᠨ ᠪᠠᠶ᠋ᠢᠷᠢ᠎ᠳᠤ ᠲᠣᠬᠢᠷᠠᠭᠤᠯᠵᠤ᠂ ᠪᠡᠯᠡᠳᠬᠡᠯ ᠲᠥᠰᠦᠯ᠎ᠢ ᠦᠨᠳᠦᠰᠦᠯᠡᠨ ᠪᠠᠴᠢᠮ ᠪᠠᠶ᠋ᠢᠳᠠᠯ᠎ᠢ ᠠᠷᠭ᠋ᠠᠴᠠᠬᠤ ᠵᠢᠨ ᠳᠠᠭ᠋ᠠᠬᠤ ᠵᠢ ᠴᠠᠭ ᠲᠤᠬᠠᠶ᠎ᠳᠤᠨᠢ ᠡᠬᠢᠯᠡᠭᠦᠯᠵᠦ᠂ ᠠᠷᠭ᠋ᠠᠴᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃
ᠴᠠᠭ ᠠᠭᠤᠷ᠎ᠤᠨ ᠭᠠᠮᠰᠢᠭ ᠭᠠᠷᠤᠭᠰᠠᠨ ᠪᠤᠶᠤ ᠲᠡᠭᠦᠨ᠎ᠠᠴᠠ ᠪᠣᠯᠤᠭᠰᠠᠨ ᠦᠢ᠍ᠯᠡᠳᠪᠦᠷᠢᠯᠡᠯ ᠦ᠋᠊ᠨ ᠠᠶᠤᠯ ᠦᠭᠡᠶ ᠵᠢᠨ ᠡᠨᠳᠡᠯ᠎ᠢ ᠭᠣᠤᠯᠳᠠᠯᠭ᠎ᠠ᠎ᠲᠠᠢ ᠨᠢᠭᠡᠴᠡ᠎ᠨᠢ ᠰᠠᠭᠤᠭ᠎ᠠ ᠭᠠᠵᠠᠷ᠎ᠤᠨ ᠵᠶ᠋ᠠᠨ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠳᠠᠷᠤᠶ ᠲᠦᠷᠭᠡᠨ ᠮᠡᠳᠡᠭᠦᠯᠬᠦ ᠵᠢᠨ ᠬᠠᠮᠲᠤ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠵᠢᠯᠣᠭᠣᠳᠬᠤ᠂ ᠲᠣᠬᠢᠷᠠᠭᠤᠯᠬᠤ ᠵᠢ ᠳᠠᠭ᠋ᠠᠬᠤ ᠬᠡᠷᠡᠭᠲᠡᠶ᠃
ᠠᠷᠪᠠᠨ ᠨᠠᠢ᠍ᠮᠠᠳᠤᠭ᠋ᠠᠷ ᠵᠦᠢ᠍ᠯ ᠭᠣᠤᠯᠳᠠᠯᠭ᠎ᠠ᠎ᠲᠠᠢ ᠨᠢᠭᠡᠴᠡ᠎ᠨᠦᠭᠦᠳ ᠲᠤᠰ ᠨᠢᠭᠡᠴᠡ ᠵᠢᠨ ᠵᠶ᠋ᠡᠨ ᠣᠨᠴᠠᠯᠢᠭ᠎ᠲᠠᠢ ᠤᠶᠠᠯᠳᠤᠭᠤᠯᠤᠨ ᠲᠣᠭᠲᠠᠮᠠᠯ ᠬᠤᠭᠤᠴᠠᠭ᠎ᠠ᠎ᠲᠠᠢ᠎ᠪᠠᠷ ᠲᠣᠭᠣᠷᠢᠨ ᠪᠠᠶ᠋ᠢᠴᠠᠭ᠋ᠠᠬᠤ ᠬᠡᠷᠡᠭᠲᠡᠶ᠃ ᠲᠣᠭᠲᠠᠮᠠᠯ ᠬᠤᠭᠤᠴᠠᠭ᠎ᠠ᠎ᠲᠠᠢ᠎ᠪᠠᠷ ᠲᠣᠭᠤᠷᠢᠨ ᠪᠠᠶ᠋ᠢᠴᠠᠭ᠋ᠠᠬᠤ᠎ᠳᠤ ᠳᠣᠣᠷᠠᠬᠢ ᠠᠭᠤᠯᠭ᠎ᠠ ᠵᠢ ᠪᠠᠭᠲᠠᠭ᠋ᠠᠬᠤ ᠬᠡᠷᠡᠭᠲᠡᠶ᠄
(ᠨᠢᠭᠡ)ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠭᠤᠣᠯᠳᠠᠯᠭ᠎ᠠ᠎ᠲᠠᠢ ᠣᠷᠣᠨ ᠪᠠᠶ᠋ᠢᠷᠢ ᠵᠢᠨ ᠬᠠᠮᠢᠶᠠᠷᠤᠯᠲᠠ ᠵᠢᠨ ᠪᠠᠶ᠋ᠢᠳᠠᠯ;
(ᠬᠤᠶᠠᠷ) ᠴᠠᠭ ᠠᠭᠤᠷ᠎ᠤᠨ ᠭᠠᠮᠰᠢᠭ᠎ᠤᠨ ᠳᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠤᠭᠰᠠᠨ ᠵᠢᠴᠢ ᠰᠡᠷᠭᠡᠶ᠋ᠢᠯᠡᠬᠦ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ;
(ᠭᠤᠷᠪᠠ) ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠪᠡᠯᠡᠳᠬᠡᠮᠵᠢ ᠲᠥᠬᠦᠭᠡᠷᠦᠮᠵᠢ ᠵᠢᠨ ᠠᠵᠢᠯᠯᠠᠭ᠋ᠠᠨ᠎ᠤ ᠪᠠᠶ᠋ᠢᠳᠠᠯ;
(ᠲᠦᠷᠪᠡ) ᠪᠤᠰᠤᠳ ᠴᠠᠭᠳᠠᠨ ᠪᠠᠶ᠋ᠢᠴᠠᠭ᠋ᠠᠬᠤ ᠴᠢᠬᠤᠯᠠᠲᠠᠢ ᠠᠭᠤᠯᠭ᠎ᠠ᠃
ᠲᠣᠭᠲᠠᠮᠠᠯ ᠬᠤᠭᠤᠴᠠᠭ᠎ᠠ᠎ᠲᠠᠢ᠎ᠪᠠᠷ ᠲᠣᠭᠤᠷᠢᠨ ᠪᠠᠶ᠋ᠢᠴᠠᠭ᠋ᠠᠭᠰᠠᠨ ᠪᠠᠶ᠋ᠢᠳᠠᠯ᠎ᠤᠨ ᠲᠡᠮᠳᠡᠭᠯᠡᠯ ᠬᠢᠬᠦ ᠬᠡᠷᠡᠭᠲᠡᠶ᠃ ᠲᠡᠮᠳᠡᠭᠯᠡᠯ᠎ᠤᠨ ᠠᠭᠤᠯᠭ᠎ᠠ᠎ᠨᠢ ᠲᠣᠭᠤᠷᠢᠨ ᠪᠠᠶ᠋ᠢᠴᠠᠭ᠋ᠠᠬᠤ ᠴᠠᠭ᠂ ᠲᠣᠭᠤᠷᠢᠨ ᠪᠠᠶ᠋ᠢᠴᠠᠭ᠋ᠠᠭᠴᠢ᠂ ᠲᠣᠭᠤᠷᠢᠨ ᠪᠠᠶ᠋ᠢᠴᠠᠭ᠋ᠠᠬᠤ ᠠᠭᠤᠯᠭ᠎ᠠ ᠪᠣᠯᠤᠨ ᠬᠡᠰᠡᠭ᠂ ᠲᠣᠭᠤᠷᠢᠨ ᠪᠠᠶ᠋ᠢᠴᠠᠭ᠋ᠠᠭᠰᠠᠨ ᠦᠷ᠎ᠡ ᠳ᠋ᠦᠩ ᠵᠢᠴᠢ ᠰᠢᠢ᠍ᠳᠪᠦᠷᠢᠯᠡᠭᠰᠡᠨ ᠪᠠᠶ᠋ᠢᠳᠠᠯ ᠵᠡᠷᠭᠡ ᠵᠢ ᠪᠠᠭᠲᠠᠭ᠋ᠠᠵᠤ᠂ ᠲᠣᠭᠤᠷᠢᠨ ᠪᠠᠶ᠋ᠢᠴᠠᠭ᠋ᠠᠭᠰᠠᠨ ᠲᠡᠮᠳᠡᠭᠯᠡᠯ᠎ᠢ ᠲᠣᠭᠤᠷᠢᠨ ᠪᠠᠶ᠋ᠢᠴᠠᠭ᠋ᠠᠬᠤ ᠠᠵᠢᠯᠲᠠᠨ ᠭᠠᠷᠤᠨ ᠦᠰᠦᠭ ᠵᠢᠷᠤᠵᠤ ᠨᠤᠲᠠᠯᠠᠬᠤ ᠬᠡᠷᠡᠭᠲᠡᠶ᠃
ᠠᠷᠪᠠ ᠶᠢᠰᠦᠳᠦᠭᠡᠷ ᠵᠦᠢ᠍ᠯ ᠭᠣᠤᠯᠳᠠᠯᠭ᠎ᠠ᠎ᠲᠠᠢ ᠨᠢᠭᠡᠴᠡ᠎ᠨᠦᠭᠦᠳ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠳᠠᠩᠰᠠ ᠡᠪᠬᠡᠮᠡᠯ᠎ᠢ ᠪᠠᠶ᠋ᠢᠭᠤᠯᠤᠨ ᠪᠦᠷᠢᠨᠰᠢᠭᠦᠯᠬᠦ ᠵᠢᠨ ᠬᠠᠮᠲᠤ ᠨᠢᠭᠡᠳᠦᠯᠲᠡᠶ ᠬᠠᠳᠠᠭ᠋ᠠᠯᠠᠬᠤ ᠬᠡᠷᠡᠭᠲᠡᠶ᠃ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠳᠠᠩᠰᠠ ᠡᠪᠬᠡᠮᠡᠯ᠎ᠳᠤ ᠳᠣᠤᠷᠠᠬᠢ ᠠᠭᠤᠯᠭ᠎ᠠ ᠵᠢ ᠪᠠᠭᠲᠠᠭ᠋ᠠᠬᠤ ᠬᠡᠷᠡᠭᠲᠡᠶ᠄
(ᠨᠢᠭᠡ)ᠨᠢᠭᠡᠴᠡ ᠵᠢᠨ ᠦᠨᠳᠦᠰᠦᠨ ᠪᠠᠶ᠋ᠢᠳᠠᠯ ᠪᠣᠯᠤᠨ ᠠᠮᠠᠷᠬᠠᠨ ᠨᠥᠯᠥᠭᠡᠯᠡᠭᠳᠡᠬᠦ ᠭᠣᠤᠯ ᠪᠣᠯᠬᠤ ᠴᠠᠭ ᠠᠭᠤᠷ᠎ᠤᠨ ᠭᠠᠮᠰᠢᠭ᠎ᠤᠨ ᠲᠥᠷᠥᠯ ᠵᠦᠢ᠍ᠯ᠂ ᠭᠠᠮᠰᠢᠭ᠎ᠤᠨ ᠲᠦᠭᠰᠢᠭᠦᠷᠢ ᠵᠢᠨ ᠴᠢᠭ ᠬᠢᠭᠡᠳ ᠠᠶᠤᠯ᠎ᠤᠨ ᠡᠬᠢ ᠰᠤᠷᠪᠤᠯᠵᠢ ᠵᠢᠨ ᠪᠣᠳᠠᠲᠠᠶ ᠣᠷᠣᠨ ᠪᠠᠶ᠋ᠢᠷᠢ ;
(ᠬᠤᠶᠠᠷ)ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠠᠵᠢᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ ᠵᠢᠴᠢ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠬᠠᠷᠢᠭᠤᠴᠠᠯᠭ᠎ᠠ ᠡᠭᠦᠷᠭᠡᠯᠡᠭᠴᠢ᠂ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠬᠠᠷᠢᠯᠴᠠᠬᠤ ᠬᠥᠮᠦᠨ᠎ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠮᠠᠲ᠋ᠧᠷᠢᠶᠠᠯ᠎ᠢ ᠲᠣᠳᠣᠷᠬᠠᠶ᠋ᠢᠯᠠᠨ᠎ᠠ;
(ᠭᠤᠷᠪᠠ)ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠠᠵᠢᠯ᠎ᠤᠨ ᠳᠦᠷᠢᠮ᠎ᠳᠤ ᠴᠠᠭ ᠠᠭᠤᠷ᠎ᠤᠨ ᠭᠠᠮᠰᠢᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠂ ᠲᠣᠭᠤᠷᠢᠨ ᠪᠠᠶ᠋ᠢᠴᠠᠭ᠋ᠠᠬᠤ ᠠᠷᠭ᠎ᠠ᠂ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ ᠵᠢᠨ ᠲᠥᠯᠥᠪᠯᠡᠭᠡ᠂ ᠵᠢᠵᠢᠭᠦᠷᠯᠡᠬᠦ ᠳᠦᠷᠢᠮ ᠵᠡᠷᠭᠡ ᠵᠢ ᠪᠠᠭᠲᠠᠭ᠋ᠠᠨ᠎ᠠ;
(ᠲᠦᠷᠪᠡ) ᠴᠠᠭ ᠠᠭᠤᠷ᠎ᠤᠨ ᠭᠠᠮᠰᠢᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ ᠪᠠ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠮᠡᠳᠡᠯᠭᠡ ᠵᠢᠨ ᠪᠣᠯᠪᠠᠰᠤᠷᠠᠭᠤᠯᠤᠯ᠎ᠤᠨ ᠲᠡᠮᠳᠡᠭᠯᠡᠯ᠂ ᠲᠣᠭᠲᠠᠮᠠᠯ ᠬᠤᠭᠤᠴᠠᠭ᠎ᠠ᠎ᠲᠠᠢ᠎ᠪᠠᠷ ᠲᠣᠭᠤᠷᠢᠨ ᠪᠠᠶ᠋ᠢᠴᠠᠭ᠋ᠠᠭᠰᠠᠨ ᠲᠡᠮᠳᠡᠭᠯᠡᠯ ᠵᠢᠴᠢ ᠳᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠭᠰᠠᠨ᠂ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠳᠠᠯ᠎ᠤᠨ ᠲᠡᠮᠳᠡᠭᠯᠡᠯ᠂ ᠰᠡᠷᠭᠡᠶ᠋ᠢᠯᠡᠬᠦ ᠪᠡᠯᠡᠳᠬᠡᠮᠵᠢ᠂ ᠲᠣᠨᠣᠭᠯᠠᠯ᠂ ᠪᠠᠭ᠋ᠠᠵᠢ ᠬᠡᠷᠡᠭᠰᠡᠯ ᠵᠡᠷᠭᠡ ᠵᠢ ᠪᠠᠶ᠋ᠢᠴᠠᠭ᠋ᠠᠨ ᠵᠠᠰᠠᠭᠰᠠᠨ ᠲᠡᠮᠳᠡᠭᠯᠡᠯ;
(ᠲᠠᠪᠤ) ᠴᠠᠭ ᠠᠭᠤᠷ᠎ᠤᠨ ᠭᠠᠮᠰᠢᠭ ᠡᠭᠦᠰᠦᠭᠰᠡᠨ ᠵᠢᠴᠢ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠭᠰᠡᠨ ᠪᠠᠶ᠋ᠢᠳᠠᠯ;
(ᠵᠢᠷᠭᠤᠭ᠎ᠠ) ᠳᠠᠩᠰᠠ ᠡᠪᠬᠡᠮᠡᠯ᠎ᠳᠤ ᠣᠷᠣᠭᠤᠯᠬᠤ ᠴᠢᠬᠤᠯᠠᠲᠠᠢ ᠪᠤᠰᠤᠳ ᠠᠲ᠋ᠧᠷᠢᠶᠠᠯ᠃
ᠳᠥᠷᠪᠡᠳᠦᠭᠡᠷ ᠪᠦᠯᠦᠭ ᠦᠢ᠍ᠯᠡᠴᠢᠯᠡᠬᠦ ᠪᠠ ᠬᠢᠨᠠᠯᠲᠠ ᠲᠠᠯᠪᠢᠬᠤ
ᠬᠤᠷᠢᠳᠤᠭ᠋ᠠᠷ ᠵᠦᠢ᠍ᠯ ᠬᠤᠲᠠ᠂ ᠬᠤᠰᠢᠭᠤ ᠰᠢᠶᠠᠨ ᠲᠣᠭᠤᠷᠢᠭ᠎ᠤᠨ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ᠎ᠪᠠᠨ ᠦᠨᠳᠦᠰᠦᠯᠡᠨ ᠭᠤᠣᠯᠳᠠᠯᠭ᠎ᠠ᠎ᠲᠠᠢ ᠨᠢᠭᠡᠴᠡ ᠵᠢᠨ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠮᠡᠳᠡᠯᠭᠡ ᠵᠢᠨ ᠤᠬᠠᠭᠤᠯᠭ᠎ᠠ ᠵᠢ ᠥᠷᠨᠢᠭᠦᠯᠵᠦ᠂ ᠭᠤᠣᠯᠳᠠᠯᠭ᠎ᠠ᠎ᠲᠠᠢ ᠨᠢᠭᠡᠴᠡ ᠵᠢᠨ ᠴᠠᠭ ᠠᠭᠤᠷ᠎ᠤᠨ ᠭᠠᠮᠰᠢᠭ᠎ᠢ ᠠᠷᠭ᠋ᠠᠴᠠᠬᠤ ᠪᠠᠴᠢᠮ ᠪᠠᠶ᠋ᠢᠳᠠᠯ᠎ᠢ ᠠᠷᠭ᠋ᠠᠴᠠᠬᠤ ᠲᠤᠰᠬᠠᠢ ᠵᠦᠢ᠍ᠯ᠎ᠤᠨ ᠪᠡᠯᠡᠳᠬᠡᠯ ᠲᠥᠰᠥᠯ᠎ᠢ ᠨᠠᠶ᠋ᠢᠷᠠᠭᠤᠯᠤᠨ ᠵᠣᠬᠢᠶᠠᠬᠤ (ᠵᠠᠰᠠᠪᠤᠷᠢ ᠣᠷᠣᠭᠤᠯᠬᠤ)᠂ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ᠂ ᠠᠵᠢᠯᠲᠠᠨ᠎ᠤ ᠪᠣᠯᠪᠠᠰᠤᠷᠠᠭᠤᠯᠤᠯ᠂ ᠳᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠬᠤ ᠵᠡᠷᠭᠡ᠎ᠳᠤ ᠬᠢᠨᠠᠯᠲᠠ ᠲᠠᠯᠪᠢᠨ ᠵᠢᠯᠣᠭᠤᠳᠴᠤ᠂ ᠭᠤᠣᠯᠳᠠᠯᠭ᠎ᠠ᠎ᠲᠠᠢ ᠨᠢᠭᠡᠴᠡ ᠵᠢᠨ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠶᠡᠷᠦᠩᠬᠡᠶ᠋ᠢᠯᠡᠭᠰᠡᠨ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠢ᠃
ᠬᠣᠷᠢᠨ ᠨᠢᠭᠡᠳᠦᠭᠡᠷ ᠵᠦᠢ᠍ᠯ ᠬᠠᠮᠢᠶ᠎ᠠ ᠪᠦᠬᠦᠢ ᠰᠠᠯᠠᠭ᠎ᠠ ᠮᠥᠴᠢᠷ᠂ ᠠᠵᠢᠯ ᠲᠥᠷᠥᠯ᠎ᠤᠨ ᠨᠡᠶ᠋ᠢᠭᠡᠮᠯᠢᠭ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠠᠶ᠋ᠢᠭᠤᠯᠤᠮᠵᠢ᠂ ᠴᠠᠭ ᠠᠭᠤᠷ᠎ᠤᠨ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠨᠢᠭᠡᠴᠡ ᠵᠡᠷᠭᠡ ᠵᠢ ᠵᠣᠷᠢᠭᠵᠢᠭᠤᠯᠤᠨ ᠳᠡᠮᠵᠢᠵᠦ ᠭᠣᠤᠯᠳᠠᠯᠭ᠎ᠠ᠎ᠲᠠᠢ ᠨᠢᠭᠡᠴᠡ ᠵᠢᠨ ᠦᠢ᠍ᠯᠡᠳᠪᠦᠷᠢᠯᠡᠯ ᠦ᠋᠊ᠨ ᠠᠵᠢᠯᠯᠠᠭ᠎ᠠ ᠥᠷᠨᠢᠭᠦᠯᠬᠦ᠎ᠨᠢ ᠴᠠᠭ ᠠᠭᠤᠷ᠎ᠤᠨ ᠹᠠᠺᠲ᠋ᠤᠷ᠎ᠤᠨ ᠬᠠᠷᠢᠴᠠᠭᠠᠯᠤᠭᠠ ᠰᠤᠳᠤᠯᠵᠤ᠂ ᠴᠠᠭ ᠠᠭᠤᠷ᠎ᠤᠨ ᠭᠠᠮᠰᠢᠭ ᠢ ᠰᠡᠷᠭᠡᠶ᠋ᠢᠯᠡᠬᠦ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠶ᠃
ᠭᠣᠤᠯᠳᠠᠯᠭ᠎ᠠ᠎ᠲᠠᠢ ᠨᠢᠭᠡᠴᠡ᠎ᠨᠢ ᠡᠵᠡᠩᠨᠡᠯᠲᠡ᠂ ᠦᠢ᠍ᠯᠡᠳᠪᠦᠷᠢᠯᠡᠯ ᠦ᠋᠊ᠨ ᠠᠵᠢᠯᠯᠠᠭ᠎ᠠ ᠵᠢᠨ ᠬᠡᠷᠡᠭᠴᠡᠭᠡ᠎ᠪᠠᠨ ᠦᠨᠳᠦᠰᠦᠯᠡᠨ᠂ ᠥᠪᠡᠷᠮᠢᠴᠡ ᠴᠠᠭ ᠠᠭᠤᠷ᠎ᠤᠨ ᠦᠢ᠍ᠯᠡᠴᠢᠯᠡᠭᠡ ᠲᠣᠭᠲᠠᠭ᠋ᠠᠵᠤ ᠪᠣᠯᠤᠨ᠎ᠠ᠃
ᠬᠤᠷᠢᠨ ᠬᠤᠶᠠᠳᠤᠭ᠋ᠠᠷ ᠵᠦᠢ᠍ᠯ ᠬᠤᠲᠠ᠂ ᠬᠤᠰᠢᠭᠤ ᠰᠢᠶᠠᠨ ᠲᠣᠭᠤᠷᠢᠭ᠎ᠤᠨ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ ᠲᠤᠰ ᠲᠤᠰ᠎ᠤᠨ ᠬᠦᠷᠢᠶ᠎ᠡ ᠴᠠᠷᠠᠭ᠎ᠠ ᠵᠢᠨ ᠵᠶ᠋ᠠᠨ ᠭᠤᠣᠯᠳᠠᠯᠭ᠎ᠠ᠎ᠲᠠᠢ ᠨᠢᠭᠡᠴᠡ ᠵᠢᠨ ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠪᠠᠶ᠋ᠢᠳᠠᠯ᠎ᠳᠤ ᠬᠢᠨᠠᠯᠲᠠ ᠬᠠᠮᠢᠶᠠᠷᠤᠯᠲᠠ ᠵᠢᠨ ᠠᠵᠢᠯ᠎ᠢ ᠰᠠᠶ᠋ᠢᠲᠤᠷ ᠬᠢᠬᠦ ᠬᠡᠷᠡᠭᠲᠡᠢ᠂ ᠬᠢᠨᠠᠯᠲᠠ ᠬᠠᠮᠢᠶᠠᠷᠤᠯᠲᠠ᠎ᠳᠤ ᠳᠣᠣᠷᠠᠬᠢ ᠠᠭᠤᠯᠭ᠎ᠠ ᠵᠢ ᠪᠠᠭᠲᠠᠭ᠋ᠠᠬᠤ ᠬᠡᠷᠡᠭᠲᠡᠢ᠄
(ᠨᠢᠭᠡ) ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠠᠵᠢᠯ᠎ᠤᠨ ᠲᠦᠷᠢᠮ᠎ᠤᠨ ᠪᠠᠶ᠋ᠢᠭᠤᠯᠤᠯᠲᠠ ᠵᠢᠨ ᠪᠠᠶ᠋ᠢᠳᠠᠯ;
(ᠬᠤᠶᠠᠷ) ᠴᠠᠭ ᠠᠭᠤᠷ᠎ᠤᠨ ᠭᠠᠮᠰᠢᠭ᠎ᠢ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠮᠡᠳᠡᠭᠡ ᠵᠠᠩᠭᠢ ᠵᠢ ᠬᠦᠯᠢᠶᠡᠨ ᠠᠪᠬᠤ ᠦᠵᠦᠭᠦᠷ᠎ᠤᠨ ᠪᠦᠲᠦᠭᠡᠨ ᠪᠠᠶ᠋ᠢᠭᠤᠯᠤᠯᠲᠠ ᠪᠠ ᠠᠵᠢᠯᠯᠠᠭ᠋ᠠᠨ᠎ᠤ ᠪᠠᠶ᠋ᠢᠳᠠᠯ;
(ᠭᠤᠷᠪᠠ)ᠴᠠᠭ ᠠᠭᠤᠷ᠎ᠤᠨ ᠭᠠᠮᠰᠢᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠢ ᠲᠣᠭᠲᠠᠭ᠋ᠠᠨ ᠲᠡᠭᠦᠯᠳᠡᠷᠵᠢᠭᠦᠯᠦᠭᠰᠡᠨ ᠵᠢᠴᠢ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ᠂ ᠪᠣᠯᠪᠠᠰᠤᠷᠠᠭᠤᠯᠤᠯ ᠥᠷᠨᠢᠭᠦᠯᠦᠭᠰᠡᠨ ᠪᠠᠶ᠋ᠢᠳᠠᠯ;
(ᠲᠦᠷᠪᠡ)ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠲᠣᠭᠲᠠᠮᠠᠯ ᠬᠤᠭᠤᠴᠠᠭ᠎ᠠ᠎ᠲᠠᠢ᠎ᠪᠠᠷ ᠲᠣᠭᠤᠷᠢᠨ ᠪᠠᠶ᠋ᠢᠴᠠᠭ᠋ᠠᠬᠤ᠂ ᠳᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠬᠤ ᠵᠢᠴᠢ ᠴᠡᠭᠴᠡᠯᠡᠨ ᠰᠠᠶ᠋ᠢᠵᠢᠷᠠᠭᠤᠯᠬᠤ ᠵᠢ ᠥᠷᠨᠢᠭᠦᠯᠦᠭᠰᠡᠨ ᠪᠠᠶ᠋ᠢᠳᠠᠯ;
(ᠲᠠᠪᠤ)ᠠᠶᠤᠩᠭ᠎ᠠ ᠴᠠᠬᠢᠯᠭ᠋ᠠᠨ ᠰᠡᠷᠭᠡᠶ᠋ᠢᠯᠡᠬᠦ ᠲᠤᠨᠤᠭ ᠳᠥᠬᠦᠭᠡᠷᠦᠮᠵᠢ ᠵᠢᠨ ᠪᠠᠶ᠋ᠢᠴᠠᠭ᠋ᠠᠨ ᠰᠢᠨᠵᠢᠯᠳᠡ ᠵᠢᠴᠢ ᠡᠳᠣᠷ ᠳᠣᠳᠣᠮ᠎ᠤᠨ ᠬᠠᠮᠠᠭ᠋ᠠᠯᠬᠠᠥ ᠪᠠᠶ᠋ᠢᠳᠡᠯ;
(ᠵᠢᠷᠭᠤᠭ᠎ᠠ)ᠭᠠᠮᠰᠢᠭ᠎ᠲᠤ ᠴᠠᠭ ᠠᠭᠤᠷ᠎ᠤᠨ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠭᠰᠡᠨ ᠵᠢᠴᠢ ᠭᠠᠮᠰᠢᠭ᠎ᠤᠨ ᠪᠠᠶ᠋ᠢᠳᠠᠯ᠎ᠢ ᠳᠡᠭᠡᠭᠰᠢ ᠮᠡᠳᠡᠭᠦᠯᠦᠭᠰᠡᠨ ᠪᠠᠶ᠋ᠢᠳᠠᠯ;
(ᠳᠤᠯᠤᠭ᠎ᠠ) ᠴᠠᠭ ᠠᠭᠤᠷ᠎ᠤᠨ ᠭᠠᠮᠰᠢᠭ᠎ᠢ ᠰᠡᠷᠭᠡᠶ᠋ᠢᠯᠡᠬᠦ ᠳᠠᠩᠰᠠ ᠡᠪᠬᠡᠮᠡᠯ ᠪᠠᠶ᠋ᠢᠭᠤᠯᠤᠭᠰᠠᠨ ᠪᠠᠶ᠋ᠢᠳᠠᠯ;
(ᠨᠠᠢ᠍ᠮᠠ)ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠳᠦᠷᠢᠮ ᠲᠣᠭᠲᠠᠭ᠋ᠠᠯ᠎ᠳᠤ ᠲᠣᠭᠲᠠᠭ᠋ᠠᠭᠰᠠᠨ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠬᠡᠷᠡᠭᠵᠢᠭᠦᠯᠬᠦ ᠬᠡᠷᠡᠭᠲᠡᠶ ᠪᠤᠰᠤᠳ ᠪᠠᠶ᠋ᠢᠳᠠᠯ᠃
ᠲᠠᠪᠤᠳᠤᠭ᠋ᠠᠷ ᠪᠦᠯᠦᠭ ᠳᠠᠭ᠋ᠠᠯᠳᠤᠭᠤᠯᠤᠯ ᠳᠦᠷᠢᠮ
ᠬᠤᠷᠢᠨ ᠭᠤᠷᠪᠠᠳᠤᠭ᠋ᠠᠷ ᠵᠦᠢ᠍ᠯ ᠲᠤᠰ ᠠᠷᠭ᠎ᠠ ᠵᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
ᠢᠷᠡᠯᠲᠡ᠄ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠮᠣᠩᠭᠣᠯ ᠰᠦᠯᠵᠢᠶ᠎ᠡ