ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶᠠᠨᠨᠠᠭᠤᠷ ᠬᠣᠲᠠ ᠶ᠋ᠢᠨ ᠲᠠᠪᠤᠳᠤᠭᠠᠷ ᠬᠤᠭᠤᠴᠠᠭᠠᠨ ᠤ ᠬᠣᠷᠢᠶ᠎ᠠ ᠶ᠋ᠢᠨ ᠶᠢᠰᠦᠳᠦᠭᠡᠷ ᠪᠦᠭᠦᠳᠡ ᠬᠤᠷᠠᠯ ᠤᠨ ᠠᠯᠪᠠᠨ ᠮᠡᠳᠡᠭᠡ
ᠨᠡᠶ᠋ᠢᠲᠡᠯᠡᠭᠰᠡᠨ ᠴᠠᠭ᠄ 2025-12-26
( 2025 ᠣᠨ ᠤ11 ᠰᠠᠷ᠎ᠠ ᠶ᠋ᠢᠨ 29 ᠦ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶᠠᠨᠨᠠᠭᠤᠷ ᠬᠣᠲᠠ ᠶ᠋ᠢᠨ ᠲᠠᠪᠤᠳᠤᠭᠠᠷ ᠬᠤᠭᠤᠴᠠᠭᠠᠨ ᠤ ᠬᠣᠷᠢᠶ᠎ᠠ ᠶ᠋ᠢᠨ ᠶᠢᠰᠦᠳᠦᠭᠡᠷ ᠪᠦᠭᠦᠳᠡ ᠬᠤᠷᠠᠯ ᠡᠴᠡ ᠪᠠᠲᠤᠯᠠᠪᠠ )
ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶᠠᠨᠨᠠᠭᠤᠷ ᠬᠣᠲᠠ ᠶ᠋ᠢᠨ ᠲᠠᠪᠤᠳᠤᠭᠠᠷ ᠬᠤᠭᠤᠴᠠᠭᠠᠨ ᠤ ᠬᠣᠷᠢᠶ᠎ᠠ ᠶ᠋ᠢᠨ ᠶᠢᠰᠦᠳᠦᠭᠡᠷ ᠪᠦᠭᠦᠳᠡ ᠬᠤᠷᠠᠯ 2025 ᠣᠨ ᠤ 11 ᠰᠠᠷ᠎ᠠ ᠶ᠋ᠢᠨ 29 ᠤ ᠡᠳᠦᠷ ᠯᠢᠨ ᠾᠸ ᠳᠦ ᠬᠤᠷᠠᠯᠳᠤᠪᠠ᠃
ᠡᠨᠡ ᠤᠳᠠᠭᠠᠨ ᠤ ᠪᠦᠭᠦᠳᠡ ᠬᠤᠷᠠᠯ ᠳᠤ ᠬᠣᠲᠠ ᠶ᠋ᠢᠨ ᠨᠠᠮ ᠤᠨ ᠬᠣᠷᠢᠶᠠᠨ ᠤ ᠭᠡᠱᠢᠭᠦᠨ 38 ᠬᠦᠮᠦᠨ ᠣᠷᠣᠯᠴᠠᠪᠠ᠃ ᠬᠣᠲᠠ ᠶ᠋ᠢᠨ ᠬᠣᠯᠪᠣᠭ᠍ᠳᠠᠯ ᠪᠦᠬᠦᠢ ᠤᠳᠤᠷᠢᠳᠭᠤ ᠨᠦᠬᠦᠳ᠂ ᠬᠣᠲᠠ ᠶ᠋ᠢᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠶ᠋ᠢᠨ ᠪᠠᠢᠩᠭᠤ ᠶ᠋ᠢᠨ ᠭᠡᠱᠢᠭᠦᠨ᠂ ᠬᠢᠨᠠᠨ ᠪᠠᠢᠴᠠᠭᠠᠬᠤ ᠵᠥᠪᠯᠡᠯ ᠦᠨ ᠭᠡᠱᠢᠭᠦᠨ ᠪᠣᠯᠣᠨ ᠬᠣᠯᠪᠣᠭ᠍ᠳᠠᠯ ᠪᠦᠬᠦᠢ ᠲᠠᠯᠠᠶ᠋ᠢᠨ ᠬᠠᠷᠢᠭᠤᠴᠠᠯᠭᠠᠲᠠᠨ ᠨᠦᠬᠦᠳ᠂ ᠬᠡᠰᠡᠭ ᠠᠵᠤ ᠠᠬᠤᠢ᠍ᠯᠠᠯᠤᠨ ᠬᠠᠷᠢᠭᠤᠴᠠᠯᠭᠠᠲᠠᠨ᠂ ᠬᠡᠰᠡᠭ ᠬᠣᠲᠠ᠎ᠶ᠋ᠢᠨ ᠲᠠᠪᠤᠳᠤᠭᠠᠷ ᠤᠳᠠᠭᠠᠶ᠋ᠢᠨ ᠨᠠᠮᠤᠨ ᠲᠥᠯᠥᠭᠡᠯᠡᠭ᠌ᠴᠢᠳᠦᠨ ᠶᠡᠬᠡ ᠬᠤᠷᠠᠯᠤᠨ ᠦᠨᠳᠦᠰᠦᠨ ᠱᠠᠲᠤᠨᠤ ᠲᠥᠯᠥᠭᠡᠯᠡᠭ᠌ᠴᠢ ᠬᠤᠷᠠᠯᠳᠤ ᠰᠤᠯᠠ ᠣᠷᠣᠯᠴᠠᠪᠠ᠃
ᠪᠦᠭᠦᠳᠡ ᠬᠤᠷᠠᠯ ᠢ ᠬᠣᠲᠠ ᠶ᠋ᠢᠨ ᠨᠠᠮ ᠤᠨ ᠬᠣᠷᠢᠶᠠᠨ ᠤ ᠪᠠᠢᠩᠭᠤ ᠶ᠋ᠢᠨ ᠬᠣᠷᠢᠶ᠎ᠠ ᠠᠴᠠ ᠡᠷᠬᠢᠯᠡᠪᠡ᠃ ᠬᠣᠲᠠ ᠶ᠋ᠢᠨ ᠨᠠᠮ ᠤᠨ ᠬᠣᠷᠢᠶᠠᠨ ᠤ ᠱᠦᠵᠢ ᠾᠸ ᠸᠸᠢ ᠬᠤᠸᠠ ᠶᠠᠷᠢᠶ᠎ᠠ ᠲᠠᠯᠪᠢᠪᠠ᠃
ᠪᠦᠭᠦᠳᠡ ᠬᠤᠷᠠᠯ ᠠᠴᠠ ᠾᠸ ᠸᠸᠢ ᠬᠤᠸᠠ ᠶ᠋ᠢᠨ ᠬᠣᠲᠠ ᠶ᠋ᠢᠨ ᠨᠠᠮ ᠤᠨ ᠬᠣᠷᠢᠶᠠᠨ ᠤ ᠪᠠᠢᠩᠭᠤ ᠶ᠋ᠢᠨ ᠬᠣᠷᠢᠶᠠᠨ ᠤ ᠨᠠᠢᠳᠠᠯᠭ᠎ᠠ ᠪᠠᠷ ᠬᠢᠭ᠌ᠰᠡᠨ ᠠᠵᠢᠯ ᠤᠨ ᠢᠯᠡᠳᠭᠡᠯ ᠢ ᠰᠣᠨᠣᠰᠣᠨ ᠶᠠᠷᠢᠯᠴᠠᠵᠤ᠂ 《 ᠤᠯᠤᠰ ᠠᠷᠠᠳ ᠤᠨ ᠠᠵᠤ ᠠᠬᠤᠢ ᠪᠣᠯᠣᠨ ᠨᠡᠢᠭᠡᠮ ᠦᠨ ᠬᠦᠭ᠌ᠵᠢᠯᠲᠡ ᠶ᠋ᠢᠨ ᠠᠷᠪᠠᠨ ᠲᠠᠪᠤᠳᠤᠭᠠᠷ ᠲᠠᠪᠤᠨ ᠵᠢᠯ ᠦᠨ ᠲᠥᠯᠥᠪᠵᠢᠭᠦᠯᠭᠡ ᠶ᠋ᠢ ᠲᠣᠭ᠍ᠲᠠᠭᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶᠠᠨᠨᠠᠭᠤᠷ ᠬᠣᠲᠠ ᠶ᠋ᠢᠨ ᠬᠣᠷᠢᠶᠠᠨ ᠤ ᠰᠠᠨᠠᠭᠤᠯᠭ᠎ᠠ 》 ᠶ᠋ᠢ ᠬᠢᠨᠠᠨ ᠶᠠᠷᠢᠯᠴᠠᠵᠤ ᠪᠠᠲᠤᠯᠠᠪᠠ᠃ ᠾᠸ ᠸᠸᠢ ᠬᠤᠸᠠ 《 ᠰᠠᠨᠠᠭᠤᠯᠭ᠎ᠠ ( ᠶᠠᠷᠢᠯᠴᠠᠬᠤ ᠨᠣᠣᠷᠠᠭ) 》 ᠶ᠋ᠢᠨ ᠲᠤᠬᠠᠢ ᠪᠦᠭᠦᠳᠡ ᠬᠤᠷᠠᠯ ᠳᠤ ᠳᠣᠳᠣᠷᠬᠠᠢᠯᠠᠯᠲᠠ ᠬᠢᠪᠡ᠃
ᠪᠦᠭᠦᠳᠡ ᠬᠤᠷᠠᠯ ᠨᠢ ᠬᠣᠲᠠ ᠶ᠋ᠢᠨ ᠨᠠᠮ ᠤᠨ ᠬᠣᠷᠢᠶᠠᠨ ᠤ ᠲᠠᠪᠤᠳᠤᠭᠠᠷ ᠬᠤᠭᠤᠴᠠᠭᠠᠨ ᠤ ᠨᠠᠢ᠍ᠮᠠᠳᠤᠭᠠᠷ ᠪᠦᠭᠦᠳᠡ ᠬᠤᠷᠠᠯ ᠠᠴᠠ ᠨᠠᠭᠠᠱᠢᠬᠢ ᠬᠣᠲᠠ ᠶ᠋ᠢᠨ ᠨᠠᠮ ᠤᠨ ᠬᠣᠷᠢᠶᠠᠨ ᠤ ᠪᠠᠢᠩᠭᠤ ᠶ᠋ᠢᠨ ᠬᠣᠷᠢᠶᠠᠨ ᠤ ᠠᠵᠢᠯ ᠢ ᠭᠦᠢᠴᠡᠳ ᠨᠤᠲᠠᠯᠠᠭ᠍ᠰᠠᠨ ᠪᠦᠭᠡᠳ ᠰᠠᠨᠠᠯ ᠨᠢᠭᠡᠲᠡᠢ ᠦᠵᠡᠬᠦ᠌ ᠳᠡᠭᠡᠨ᠂ ᠬᠣᠲᠠ ᠶ᠋ᠢᠨ ᠨᠠᠮ ᠤᠨ ᠬᠣᠷᠢᠶᠠᠨ ᠤ ᠪᠠᠢᠩᠭᠤ ᠶ᠋ᠢᠨ ᠬᠣᠷᠢᠶ᠎ᠠ ᠨᠠᠮ ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ ᠤ ᠤᠳᠠᠭ᠎ᠠ ᠪᠦᠷᠢ ᠶ᠋ᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶ᠋ᠢ ᠪᠦᠬᠦ᠌ ᠲᠠᠯ᠎ᠠ ᠪᠠᠷ ᠲᠤᠭᠤᠱᠢᠯᠠᠭᠤᠯᠵᠤ᠂ ᠰᠢᠵᠢᠨᠫᠢᠩ ᠶᠡᠷᠦᠩᠬᠡᠢ ᠱᠦᠵᠢ ᠶ᠋ᠢᠨ ᠥᠪᠥᠷ ᠮᠣᠩᠭᠣᠯ ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠮ ᠤᠨ ᠲᠥᠪ ᠬᠣᠷᠢᠶ᠎ᠠ ᠶ᠋ᠢᠨ ᠠᠵᠢᠯ ᠤᠨ ᠱᠠᠭᠠᠷᠳᠠᠯᠭ᠎ᠠ ᠶ᠋ᠢ ᠡᠷᠡᠰ ᠲᠤᠭᠤᠱᠢᠯᠠᠭᠤᠯᠵᠤ᠂ ᠳᠤᠮᠳᠠᠳᠤ ᠶ᠋ᠢᠨ ᠦᠨᠳᠦᠰᠦᠲᠡᠨ ᠦ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ ᠦᠷᠭᠦᠯᠵᠢᠯᠡᠨ ᠪᠠᠲᠤ ᠴᠣᠭ᠍ᠴᠠᠯᠠᠵᠤ᠂ ᠠᠮᠢ ᠠᠬᠤᠢ ᠶ᠋ᠢᠨ ᠣᠷᠴᠢᠨ ᠲᠣᠭᠣᠷᠢᠨ ᠤ ᠬᠠᠮᠠᠭᠠᠯᠠᠯᠲᠠ ᠵᠠᠰᠠᠯᠲᠠ ᠶ᠋ᠢ ᠴᠢᠩᠭᠠᠳᠭᠠᠵᠤ᠂ ᠣᠳᠣ ᠦᠶ᠎ᠡ ᠶ᠋ᠢᠨ ᠦᠨᠳᠦᠷ ᠦᠷ᠎ᠡ ᠠᠱᠢᠭ᠍ᠲᠤ ᠲᠠᠷᠢᠶᠠᠯᠠᠩ ᠢ ᠶᠡᠬᠡᠪᠡᠷ ᠬᠦᠭ᠌ᠵᠢᠭᠦᠯᠵᠦ᠍᠂ ᠠᠵᠤ ᠠᠬᠤᠢ ᠶ᠋ᠢᠨ ᠠᠵᠢᠯᠯᠠᠭᠠᠨ ᠪᠠ ᠠᠵᠤ ᠦᠢᠯᠡᠰ ᠦᠨ ᠬᠦᠭ᠌ᠵᠢᠯᠲᠡ ᠶ᠋ᠢ ᠪᠦᠬᠦ᠌ ᠬᠦᠴᠦᠨ ᠢᠶᠡᠷ ᠢᠶᠡᠨ ᠰᠠᠢᠲᠤᠷ ᠠᠳᠭᠤᠵᠤ᠂ ᠨᠡᠭᠡᠭᠡᠯᠲᠡ ᠬᠢᠵᠦ᠍ ᠬᠠᠮᠲᠤᠷᠠᠯᠴᠠᠬᠤ ᠶ᠋ᠢ ᠬᠦᠴᠦᠯᠡᠨ ᠭᠦᠨᠵᠡᠭᠡᠢᠷᠡᠭᠦᠯᠵᠦ᠍᠂ ᠠᠮᠤᠷ ᠲᠦᠪᠱᠢᠨ ᠲᠣᠭ᠍ᠲᠠᠭᠤᠨ ᠢ ᠬᠦᠴᠦᠲᠡᠢ ᠬᠠᠮᠠᠭᠠᠯᠠᠨ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ ᠨᠡᠮᠡᠭ᠌ᠳᠡᠭᠦᠯᠵᠦ᠍᠂ ᠨᠠᠮ ᠤᠨ ᠪᠠᠢᠭᠤᠯᠤᠯᠲᠠ ᠶ᠋ᠢ ᠪᠦᠬᠦ᠌ ᠲᠠᠯ᠎ᠠ ᠪᠠᠷ ᠴᠢᠩᠭᠠᠳᠭᠠᠨ᠂ ᠪᠦᠬᠦ᠌ ᠬᠣᠲᠠ ᠶ᠋ᠢᠨ ᠡᠯ᠎ᠡ ᠵᠦᠢᠯ ᠦᠨ ᠠᠵᠢᠯ ᠦᠢᠯᠡᠰ ᠦᠨ ᠱᠢᠨ᠎ᠡ ᠠᠬᠢᠴᠠ ᠱᠢᠨ᠎ᠡ ᠦᠷ᠎ᠡ ᠪᠦᠲᠦᠮᠵᠢ ᠣᠯᠬᠤ ᠶ᠋ᠢ ᠲᠦᠯᠬᠢᠨ ᠠᠬᠢᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ ᠦᠨ ᠲᠥᠯᠥᠪᠵᠢᠭᠦᠯᠭᠡ ᠶ᠋ᠢᠨ ᠭᠣᠣᠯ ᠬᠠᠷᠠᠯᠲᠠ ᠡᠭᠦᠷᠭᠡ ᠶ᠋ᠢ ᠤᠳᠠᠯ ᠦᠭᠡᠢ ᠠᠮᠵᠢᠯᠲᠠᠲᠠᠢ ᠪᠡᠶᠡᠯᠡᠭᠦᠯᠬᠦ᠌ ᠪᠣᠯᠣᠨ᠎ᠠ᠃
ᠪᠦᠭᠦᠳᠡ ᠬᠤᠷᠠᠯ ᠠᠴᠠ 《 ᠠᠷᠪᠠᠨ ᠳᠥᠷᠪᠡᠳᠦᠭᠡᠷ ᠲᠠᠪᠤᠨ ᠵᠢᠯ 》 ᠦᠨ ᠲᠥᠯᠥᠪᠵᠢᠭᠦᠯᠭᠡ ᠶ᠋ᠢᠨ ᠬᠤᠭᠤᠴᠠᠭᠠᠨ ᠳᠠᠬᠢ ᠪᠠᠶᠠᠨᠨᠠᠭᠤᠷ ᠤᠨ ᠬᠦᠭ᠌ᠵᠢᠯᠲᠡ ᠶ᠋ᠢᠨ ᠢᠯᠡᠳᠲᠡ ᠠᠮᠵᠢᠯᠲᠠ ᠪᠦᠲᠦᠮᠵᠢ ᠶ᠋ᠢ ᠳᠡᠭᠡᠳᠦ ᠬᠡᠮᠵᠢᠶ᠎ᠡ ᠪᠡᠷ ᠦᠨᠡᠯᠡᠭ᠌ᠰᠡᠨ ᠪᠦᠭᠡᠳ ᠰᠠᠨᠠᠯ ᠨᠢᠭᠡᠲᠡᠢ ᠦᠵᠡᠬᠦ᠌ ᠳᠡᠭᠡᠨ ᠂ 《 ᠠᠷᠪᠠᠨ ᠳᠥᠷᠪᠡᠳᠦᠭᠡᠷ ᠲᠠᠪᠤᠨ ᠵᠢᠯ 》 ᠦᠨ ᠬᠤᠭᠤᠴᠠᠭ᠎ᠠ ᠪᠣᠯ ᠮᠠᠨ ᠤ ᠬᠣᠲᠠ ᠶ᠋ᠢᠨ ᠬᠦᠭ᠌ᠵᠢᠯᠲᠡ ᠶ᠋ᠢᠨ ᠶᠠᠪᠤᠴᠠ ᠳᠠᠬᠢ ᠲᠤᠢ᠍ᠯ ᠤᠨ ᠶᠡᠷᠦ᠍ ᠪᠤᠰᠤ ᠶ᠋ᠢᠨ ᠲᠠᠪᠤᠨ ᠵᠢᠯ ᠪᠣᠯᠤᠨ᠎ᠠ᠂ ᠶᠡᠷᠦᠩᠬᠡᠢ ᠱᠦᠵᠢ ᠰᠢᠵᠢᠨᠫᠢᠩ ᠪᠡᠶ᠎ᠡ ᠪᠡᠷ ᠢᠶᠡᠨ ᠱᠢᠨᠵᠢᠯᠡᠨ ᠪᠠᠢᠴᠠᠭᠠᠵᠤ᠂ ᠪᠠᠶᠠᠨᠨᠠᠭᠤᠷ ᠲᠤ ᠯᠣᠲᠣ ᠶᠡᠬᠡ ᠤᠯᠤᠰ ᠲᠥᠷᠥ᠍ ᠶ᠋ᠢᠨ ᠬᠠᠯᠠᠮᠵᠢᠯᠠᠯ ᠪᠠ ᠡᠷᠬᠢᠮ ᠨᠠᠨᠳᠢᠨ ᠬᠥᠭ᠌ᠵᠢᠯᠲᠡ ᠶ᠋ᠢᠨ ᠠᠵᠠ ᠲᠣᠬᠢᠶᠠᠯ ᠢ ᠠᠪᠴᠢᠷᠠᠵᠤ ᠥᠭ᠌ᠴᠡᠢ᠃ ᠨᠠᠮ ᠤᠨ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶ᠋ᠢᠨ ᠵᠥᠪ ᠣᠨᠣᠪᠴᠢᠲᠠᠢ ᠤᠳᠤᠷᠢᠳᠤᠯᠭ᠎ᠠ ᠳᠣᠣᠷ᠎ᠠ᠂ ᠬᠣᠲᠠ ᠶ᠋ᠢᠨ ᠨᠠᠮ ᠤᠨ ᠬᠣᠷᠢᠶ᠎ᠠ ᠪᠦᠬᠦ᠌ ᠬᠣᠲᠠ ᠶ᠋ᠢᠨ ᠦᠨᠳᠦᠰᠦᠲᠡᠨ ᠨᠦ᠍ᠭᠦᠳ ᠦᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠰᠢᠵᠢᠨᠫᠢᠩ ᠦᠨ ᠱᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤᠨ ᠣᠨᠴᠠᠯᠢᠭ ᠲᠠᠢ ᠨᠡᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠣᠳᠣᠯᠭ᠎ᠠ ᠪᠣᠯᠭᠠᠵᠤ᠂ ᠳᠤᠮᠳᠠᠳᠤ ᠶ᠋ᠢᠨ ᠦᠨᠳᠦᠰᠦᠲᠡᠨ ᠦ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ ᠪᠠᠲᠤ ᠴᠣᠭ᠍ᠴᠠᠯᠠᠬᠤ ᠪᠠᠷ ᠭᠣᠣᠯ ᠱᠢᠵᠢᠮ ᠪᠣᠯᠭᠠᠵᠤ᠂ ᠬᠣᠶᠠᠷ ᠶᠡᠬᠡ ᠶᠠᠪᠤᠳᠠᠯ ᠢ ᠭᠦᠨᠵᠡᠭᠡᠢᠷᠡᠭᠦᠯᠦᠨ ᠪᠣᠳᠠᠲᠠᠢᠵᠢᠭᠤᠯᠵᠤ᠂ 《 ᠵᠢᠷᠭᠤᠭᠠᠨ ᠢᠨᠵᠸᠨ᠋ᠸᠷᠢᠩ 》 ᠢ ᠭᠦᠨᠵᠡᠭᠡᠢᠷᠡᠭᠦᠯᠵᠦ᠍᠂ 《 ᠵᠢᠷᠭᠤᠭᠠᠨ ᠠᠵᠢᠯᠯᠠᠭ᠎ᠠ 》 ᠶ᠋ᠢ ᠠᠬᠢᠭᠤᠯᠵᠤ᠂ 《 ᠲᠠᠪᠤᠨ ᠥᠨᠳᠥᠷ ᠲᠠᠪᠤᠨ ᠲᠣᠭᠣᠷᠢᠭ 》 ᠢ ᠲᠥᠷᠭᠡᠳᠭᠡᠨ ᠪᠠᠢᠭᠤᠯᠵᠤ᠂ ᠡᠯ᠎ᠡ ᠲᠥᠷᠥᠯ ᠦᠨ ᠦᠢᠯᠡᠰ ᠦᠨ ᠬᠦᠭ᠌ᠵᠢᠯᠲᠡ ᠳᠦ ᠴᠣ ᠱᠢᠨ᠎ᠡ ᠬᠠᠭᠤᠳᠠᠰᠤ ᠶ᠋ᠢ ᠰᠡᠬᠦᠭ᠌ᠰᠡᠨ ᠪᠠᠢᠨ᠎ᠠ᠃ ᠡᠳᠡᠭᠡᠷ ᠠᠮᠵᠢᠯᠲᠠ ᠶ᠋ᠢ ᠣᠯᠣᠭ᠍ᠰᠠᠨ ᠤ ᠦᠨᠳᠦᠰᠦ ᠨᠢ ᠰᠢᠵᠢᠨᠫᠢᠩ ᠨᠥᠬᠦᠷ ᠢᠶᠡᠷ ᠭᠣᠣᠯ ᠪᠣᠯᠭᠠᠭ᠍ᠰᠠᠨ ᠨᠠᠮ ᠤᠨ ᠲᠥᠪ ᠬᠣᠷᠢᠶ᠎ᠠ ᠶ᠋ᠢᠨ ᠰᠠᠢᠲᠤᠷ ᠵᠠᠮᠴᠢᠯᠠᠭ᠍ᠰᠠᠨ ᠳᠤ ᠪᠤᠢ᠂ ᠰᠢᠵᠢᠨᠫᠢᠩ ᠦᠨ ᠱᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤᠨ ᠣᠨᠴᠠᠯᠢᠭ ᠲᠠᠢ ᠨᠡᠢᠭᠡᠮ ᠵᠢᠷᠤᠮ ᠤᠨ ᠦᠵᠡᠯ ᠰᠠᠨᠠᠭᠠᠨ ᠤ ᠱᠢᠨᠵᠢᠯᠡᠬᠦ᠌ ᠤᠬᠠᠭᠠᠨᠴᠢ ᠵᠢᠯᠣᠭᠣᠳᠣᠯᠭ᠎ᠠ ᠳᠤ ᠪᠤᠢ᠃ ᠲᠠᠪᠤᠨ ᠵᠢᠯ ᠦᠨ ᠲᠤᠷᠱᠢᠬᠢ ᠦᠢᠯᠡᠳᠦᠯᠭᠡ ᠭᠦᠢᠴᠡᠳ ᠭᠡᠷᠡᠴᠢᠯᠡᠭ᠌ᠰᠡᠨ ᠨᠢ᠂ ᠴᠢᠨᠠᠷ ᠰᠠᠢᠲᠠᠢ ᠬᠦᠭ᠌ᠵᠢᠯᠲᠡ ᠶ᠋ᠢ ᠠᠬᠢᠭᠤᠯᠵᠤ᠂ ᠣᠳᠣᠬᠢᠴᠢᠯᠠᠯᠲᠠ ᠶ᠋ᠢᠨ ᠪᠦᠲᠦᠭᠡᠨ ᠪᠠᠢᠭᠤᠯᠤᠯᠲᠠ ᠶ᠋ᠢ ᠲᠥᠷᠭᠡᠳᠭᠡᠬᠦ᠌ ᠳᠦ ᠵᠠᠪᠠᠯ 《 ᠶᠡᠷᠦᠩᠬᠡᠢ ᠱᠦᠵᠢ ᠮᠠᠨ ᠤ ᠪᠠᠶᠠᠨᠨᠠᠭᠤᠷᠲᠤ ᠢᠷᠡᠭ᠌ᠰᠡᠨ 》 ᠠᠭᠤᠤ ᠶᠡᠬᠡ ᠵᠣᠷᠢᠭ ᠰᠠᠨᠠᠭᠠᠨ ᠤ ᠤᠷᠢᠶᠠᠯᠠᠭ᠎ᠠ ᠶ᠋ᠢ ᠭᠦᠨᠵᠡᠭᠡᠢ ᠣᠢᠯᠠᠭᠠᠵᠤ᠂ ᠶᠡᠷᠦᠩᠬᠡᠢ ᠱᠦᠵᠢ ᠰᠢᠵᠢᠨᠫᠢᠩ ᠦᠨ ᠵᠢᠭᠠᠭ᠍ᠰᠠᠨ ᠴᠢᠭ᠌ᠯᠡᠯ ᠢᠶᠡᠷ ᠡᠷᠡᠰ ᠭᠤᠢ᠍ᠪᠢᠰᠢ ᠦᠭᠡᠢ ᠡᠷᠡᠯᠬᠡᠭ᠌ᠯᠡᠨ ᠤᠷᠤᠭ᠍ᠰᠢᠯᠠᠬᠤ ᠬᠡᠷᠡᠭ᠌ᠲᠡᠢ ; ᠵᠠᠪᠠᠯ ᠥᠨᠳᠥᠷ ᠪᠠᠷᠢᠮᠵᠢᠶᠠᠲᠤ ᠨᠠᠮ ᠤᠨ ᠪᠠᠢᠭᠤᠯᠤᠯᠲᠠ ᠪᠠᠷ ᠡᠯ᠎ᠡ ᠲᠠᠯ᠎ᠠ ᠶ᠋ᠢᠨ ᠣᠶᠣᠨ ᠤᠬᠠᠭᠠᠨ ᠬᠦᠴᠦᠨ ᠴᠢᠳᠠᠯ ᠢ ᠨᠢᠭ᠍ᠲᠠᠷᠠᠭᠤᠯᠵᠤ᠂ ᠪᠦᠯᠬᠦᠮᠳᠡᠨ ᠲᠡᠮᠡᠴᠡᠬᠦ᠌ ᠶᠡᠬᠡ ᠰᠠᠢᠨ ᠪᠠᠢᠳᠠᠯ ᠢ ᠪᠡᠬᠢᠵᠢᠭᠦᠯᠬᠦ᠌ ᠬᠡᠷᠡᠭ᠌ᠲᠡᠢ ; ᠵᠠᠪᠠᠯ ᠠᠵᠠ ᠲᠣᠬᠢᠶᠠᠯ ᠢ ᠠᠮᠵᠢᠵᠤ ᠭᠦᠭ᠌ᠵᠢᠯᠲᠡ ᠪᠡᠨ ᠲᠦᠷᠭᠡᠳᠭᠡᠬᠦ᠌ ᠶᠠᠪᠤᠳᠠᠯ ᠢ ᠪᠠᠶᠠᠨᠨᠠᠭᠤᠷ ᠤᠨ ᠣᠳᠣᠬᠢᠴᠢᠯᠠᠯᠲᠠ ᠲᠡᠢᠰᠢ ᠤᠷᠤᠭ᠍ᠰᠢᠯᠠᠬᠤ ᠬᠠᠲᠠᠭᠤ ᠶᠣᠰᠣ ᠪᠣᠯᠭᠠᠵᠤ᠂ ᠠᠵᠤ ᠠᠬᠤᠢ ᠶ᠋ᠢᠨ ᠶᠠᠰᠤ ᠴᠢᠨᠠᠷ ᠢ ᠪᠦᠲᠦᠮᠵᠢᠲᠡᠢ ᠳᠡᠭᠡᠭ᠌ᠰᠢᠯᠡᠭᠦᠯᠬᠦ᠌ ᠪᠠ ᠲᠣᠭ᠎ᠠ ᠬᠡᠮᠵᠢᠶ᠎ᠡ ᠶ᠋ᠢ ᠵᠣᠬᠢᠰᠲᠠᠢ ᠨᠡᠮᠡᠭ᠌ᠳᠡᠭᠦᠯᠬᠦ᠌ ᠶ᠋ᠢ ᠪᠦᠬᠦ᠌ ᠬᠦᠴᠦᠨ ᠢᠶᠡᠷ ᠢᠶᠡᠨ ᠠᠬᠢᠭᠤᠯᠬᠤ ᠬᠡᠷᠡᠭ᠌ᠲᠡᠢ ; ᠵᠠᠪᠠᠯ ᠥᠭᠡᠷᠡᠴᠢᠯᠡᠯᠲᠡ ᠶ᠋ᠢᠨ ᠠᠷᠭ᠎ᠠ ᠪᠠᠷ ᠬᠦᠴᠢᠷᠳᠡᠯ ᠢ ᠱᠢᠢᠳᠪᠦᠷᠢᠯᠡᠬᠦ᠌᠂ ᠬᠦᠴᠢᠷ ᠠᠰᠠᠭᠤᠳᠠᠯ ᠢ ᠱᠢᠢᠳᠪᠦᠷᠢᠯᠡᠬᠦ᠌ ᠢᠲᠡᠭᠡᠯ ᠵᠣᠷᠢᠭ ᠢᠶᠠᠨ ᠪᠠᠲᠤᠳᠭᠠᠵᠤ᠂ ᠵᠣᠷᠢᠭ᠍ᠲᠠᠢ ᠪᠠᠷ ᠲᠦᠷᠦᠭᠦᠯᠡᠬᠦ᠌᠂ ᠬᠢᠪᠡᠯ ᠳᠠᠷᠤᠢ ᠪᠦᠲᠦᠭᠡᠬᠦ᠌ ᠰᠦᠰᠦ ᠵᠣᠷᠢᠭ ᠢᠶᠠᠨ ᠤᠯᠠᠮ ᠴᠢᠨᠠᠭ᠍ᠰᠢᠳᠠ ᠴᠢᠩᠭᠠᠳᠭᠠᠬᠤ ᠬᠡᠷᠡᠭ᠌ᠲᠡᠢ ; ᠵᠠᠪᠠᠯ ᠣᠯᠠᠨ ᠲᠦᠮᠡᠨ ᠢ ᠭᠦᠢᠴᠡᠳ ᠢᠳᠡᠭᠡᠨ ᠲᠦᠱᠢᠭ᠌ᠯᠡᠵᠦ᠍᠂ ᠬᠠᠮᠲᠤᠪᠡᠷ ᠰᠢᠵᠢᠨᠫᠢᠩ ᠶᠡᠷᠦᠩᠬᠡᠢ ᠱᠦᠵᠢ ᠶ᠋ᠢᠨ ᠴᠢᠩ ᠰᠡᠳᠭᠢᠯ ᠦᠨ ᠨᠠᠢᠳᠠᠯᠭ᠎ᠠ ᠶ᠋ᠢ ᠦᠢᠯᠡᠳᠦᠯᠭᠡ ᠪᠣᠯᠭᠠᠨ ᠬᠤᠪᠢᠷᠠᠭᠤᠯᠵᠤ᠂ ᠪᠣᠳᠠᠳᠤ ᠪᠠᠢᠳᠠᠯ ᠪᠣᠯᠭᠠᠨ ᠬᠤᠪᠢᠷᠠᠭᠤᠯᠬᠤ ᠬᠡᠷᠡᠭ᠌ᠲᠡᠢ᠃ ᠡᠳᠡᠭᠡᠷ ᠲᠤᠷᠱᠢᠯᠭ᠎ᠠ ᠶ᠋ᠢᠨ ᠰᠡᠩᠬᠡᠷᠡᠭᠦᠯᠦᠯ ᠪᠣᠯ ᠲᠣᠢᠯ ᠤᠨ ᠡᠷᠬᠢᠮ ᠨᠠᠨᠳᠢᠨ ᠶᠤᠮ᠂ ᠪᠦᠬᠦ᠌ ᠬᠣᠲᠠ ᠪᠠᠷ ᠢᠶᠠᠨ ᠲᠤᠭᠤᠱᠢᠲᠠᠢ ᠪᠠᠷᠢᠮᠲᠠᠯᠠᠵᠤ᠂ ᠦᠢᠯᠡᠳᠦᠯᠭᠡ ᠶ᠋ᠢᠨ ᠳᠤᠮᠳᠠ ᠲᠠᠰᠤᠷᠠᠯᠲᠠ ᠦᠭᠡᠢ ᠲᠡᠭᠦᠯᠳᠡᠷᠵᠢᠭᠦᠯᠦᠨ ᠪᠠᠳᠠᠷᠠᠭᠤᠯᠬᠤ ᠬᠡᠷᠡᠭ᠌ᠲᠡᠢ᠃
ᠪᠦᠭᠦᠳᠡ ᠬᠤᠷᠠᠯ ᠠᠴᠠ ᠵᠢᠭᠠᠵᠤ ᠭᠠᠷᠭᠠᠬᠤ ᠳᠠᠭᠠᠨ᠂ 《 ᠠᠷᠪᠠᠨ ᠲᠠᠪᠤᠳᠤᠭᠠᠷ ᠲᠠᠪᠤᠨ ᠵᠢᠯ 》 ᠦᠨ ᠲᠥᠯᠥᠪᠵᠢᠭᠦᠯᠭᠡ ᠶ᠋ᠢᠨ ᠬᠤᠭᠤᠴᠠᠭ᠎ᠠ ᠪᠣᠯ ᠶᠡᠷᠦᠩᠬᠡᠢ ᠱᠦᠵᠢ ᠰᠢᠵᠢᠨᠫᠢᠩ ᠦᠨ ᠴᠢᠩ ᠰᠡᠳᠭᠢᠯ ᠦᠨ ᠨᠠᠢᠳᠠᠯᠭ᠎ᠠ ᠶ᠋ᠢ ᠭᠦᠨᠵᠡᠭᠡᠢ ᠦᠢᠯᠡᠳᠦᠯᠭᠡᠵᠢᠭᠦᠯᠵᠦ᠍᠂ ᠠᠵᠤ ᠠᠬᠤᠢ ᠨᠡᠢᠭᠡᠮ ᠦᠨ ᠴᠢᠨᠠᠷ ᠰᠠᠢᠲᠠᠢ ᠬᠦᠭ᠌ᠵᠢᠯᠲᠡ ᠶ᠋ᠢ ᠠᠬᠢᠭᠤᠯᠬᠤ ᠵᠠᠩᠭᠢᠯᠠᠭ᠎ᠠ ᠶ᠋ᠢᠨ ᠬᠤᠭᠤᠴᠠᠭ᠎ᠠ ᠮᠥᠨ᠃ ᠰᠢᠵᠢᠨᠫᠢᠩ ᠶᠡᠷᠦᠩᠬᠡᠢ ᠱᠦᠵᠢ ᠶ᠋ᠢᠨ ᠪᠡᠶ᠎ᠡ ᠪᠡᠷ ᠢᠶᠡᠨ ᠱᠢᠨᠵᠢᠯᠡᠨ ᠪᠠᠢᠴᠠᠭᠠᠭᠠᠳ ᠠᠪᠴᠢᠷᠠᠭ᠍ᠰᠠᠨ ᠲᠡᠦᠬᠡᠲᠦ ᠴᠢᠨᠠᠷᠲᠠᠢ ᠠᠵᠠ ᠲᠣᠬᠢᠶᠠᠯ ᠨᠢ ᠠᠯᠤᠰ ᠬᠡᠲᠦ ᠶ᠋ᠢᠨ ᠨᠥᠯᠥᠭᠡ ᠲᠠᠢ ᠪᠠᠢᠵᠤ᠂ ᠬᠠᠲᠤᠨ ᠭᠣᠣᠯ ᠤᠨ ᠰᠠᠪᠠ ᠭᠠᠵᠠᠷ ᠤᠨ ᠰᠠᠪᠠ ᠭᠠᠵᠠᠷ ᠤᠨ ᠠᠮᠢ ᠠᠬᠤᠢ ᠶ᠋ᠢᠨ ᠬᠠᠮᠠᠭᠠᠯᠠᠯᠲᠠ ᠪᠠ ᠴᠢᠨᠠᠷ ᠰᠠᠢᠲᠠᠢ ᠬᠦᠭ᠌ᠵᠢᠯᠲᠡ᠂ ᠪᠠᠷᠠᠭᠤᠨ ᠬᠡᠰᠡᠭ ᠣᠷᠣᠨ ᠢ ᠶᠡᠬᠡ ᠪᠡᠷ ᠨᠡᠭᠡᠭᠡᠨ ᠬᠦᠭ᠌ᠵᠢᠭᠦᠯᠬᠦ᠌᠂ 《 ᠨᠢᠭᠡ ᠪᠦᠰᠡ ᠨᠢᠭᠡ ᠵᠠᠮ 》 ᠦᠨ ᠪᠦᠲᠦᠭᠡᠨ ᠪᠠᠢᠭᠤᠯᠤᠯᠲᠠ ᠵᠡᠷᠭᠡ ᠤᠯᠤᠰ ᠤᠨ ᠴᠢᠬᠤᠯᠠ ᠶᠡᠬᠡ ᠪᠠᠢᠯᠳᠤᠬᠤ ᠪᠣᠳᠣᠯᠭ᠎ᠠ ᠶ᠋ᠢᠨ ᠠᠵᠠ ᠲᠣᠬᠢᠶᠠᠯ ᠳᠠᠪᠬᠤᠴᠠᠨ ᠢᠯᠡᠷᠡᠵᠦ᠍᠂ ᠲᠥᠷᠥ᠍ ᠶ᠋ᠢᠨ ᠶᠠᠪᠤᠳᠠᠯ ᠤᠨ ᠬᠣᠷᠢᠶᠠᠨ ᠤ 《 ᠥᠪᠥᠷ ᠮᠣᠩᠭᠣᠯ ᠤᠨ ᠴᠢᠨᠠᠷ ᠰᠠᠢᠲᠠᠢ ᠬᠦᠭ᠌ᠵᠢᠯᠲᠡ ᠶ᠋ᠢ ᠠᠬᠢᠭᠤᠯᠵᠤ ᠳᠤᠮᠳᠠᠳᠤ ᠤᠯᠤᠰ ᠤᠨ ᠮᠠᠶᠢᠭ ᠤᠨ ᠣᠳᠣᠬᠢᠴᠢᠯᠠᠯᠲᠠ ᠶ᠋ᠢᠨ ᠱᠢᠨ᠎ᠡ ᠬᠠᠭᠤᠳᠠᠰᠤ ᠶ᠋ᠢ ᠴᠢᠷᠮᠠᠢᠨ ᠪᠢᠴᠢᠭ᠌ᠯᠡᠬᠦ᠌ ᠲᠤᠬᠠᠢ ᠰᠠᠨᠠᠯ 》 ᠨᠢ ᠬᠦᠳᠡᠯᠭᠡᠬᠦ᠌ ᠬᠦᠴᠦᠨ ᠨᠡᠮᠡᠷᠢᠯᠡᠵᠦ᠍ ᠂ ᠨᠠᠮᠤᠨ ᠲᠥᠪ ᠬᠣᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶ᠋ᠢᠨ《 ᠠᠷᠪᠠᠨ ᠲᠠᠪᠤᠳᠤᠭᠠᠷ ᠲᠠᠪᠤᠨ ᠵᠢᠯ 》 ᠦᠨ ᠲᠥᠯᠥᠪᠵᠢᠭᠦᠯᠭᠡ ᠶ᠋ᠢᠨ ᠰᠠᠨᠠᠭᠤᠯᠭ᠎ᠠ ᠨᠢ ᠪᠠᠢᠷᠢᠱᠢᠭᠤᠯᠤᠯᠲᠠ ᠬᠢᠵᠦ᠍ ᠴᠢᠭ᠌ᠯᠡᠯ ᠢ ᠲᠣᠭ᠍ᠲᠠᠭᠠᠨ᠂ 《 ᠥᠪᠥᠷ ᠮᠣᠩᠭᠣᠯ ᠤᠨ ᠪᠠᠷᠠᠭᠤᠨ ᠬᠡᠰᠡᠭ ᠦᠨ ᠭᠠᠵᠠᠷ ᠣᠷᠣᠨ ᠤ ᠴᠢᠨᠠᠷ ᠰᠠᠢᠲᠠᠢ ᠬᠦᠭ᠌ᠵᠢᠯᠲᠡ ᠶ᠋ᠢᠨ ᠠᠷᠭ᠎ᠠ ᠬᠡᠮᠵᠢᠶ᠎ᠡ ᠨᠦ᠍ᠭᠦᠳ 》 ᠲᠦᠷᠭᠡᠰᠦᠨ ᠨᠠᠢᠳᠠᠪᠤᠷᠢᠵᠢᠵᠤ᠂ ᠪᠦᠬᠦᠯᠢ ᠤᠰᠤᠯᠠᠯᠲᠠ ᠶ᠋ᠢᠨ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠢᠭᠤᠯᠤᠯᠲᠠ ᠶ᠋ᠢᠨ ᠲᠤᠷᠱᠢᠯᠲᠠ ᠶ᠋ᠢᠨ ᠴᠡᠭ᠂ ᠤᠯᠠᠭᠠᠨᠪᠤᠬ᠎ᠠ ᠶ᠋ᠢᠨ ᠡᠯᠡᠰᠦᠨ ᠴᠦᠯ ᠦᠨ ᠵᠡᠭᠦᠨ ᠬᠣᠢᠲᠤ ᠬᠡᠰᠡᠭ ᠲᠡᠬᠢ ᠱᠢᠨ᠎ᠡ ᠡᠨ᠋ᠸᠷᠭᠢ ᠶ᠋ᠢᠨ ᠰᠠᠭᠤᠷᠢᠨ ᠭᠠᠵᠠᠷ ᠵᠡᠷᠭᠡ ᠤᠯᠤᠰ ᠤᠨ ᠴᠢᠬᠤᠯᠠ ᠶᠡᠬᠡ ᠢᠨᠵᠸᠨ᠋ᠸᠷᠢᠩ ᠲᠦᠷᠭᠡᠰᠦᠨ ᠬᠡᠷᠡᠭ᠌ᠵᠢᠭᠦᠯᠦᠭ᠌ᠳᠡᠵᠦ᠍᠂ ᠡᠳᠡᠭᠡᠷ ᠨᠢ ᠴᠦᠮ ᠭᠠᠵᠠᠷ ᠣᠷᠣᠨ ᠤ ᠴᠢᠨᠠᠷ ᠰᠠᠢᠲᠠᠢ ᠬᠦᠭ᠌ᠵᠢᠯᠲᠡᠳᠦ ᠰᠠᠢᠨ ᠰᠠᠢᠬᠠᠨ ᠠᠵᠠ ᠲᠣᠬᠢᠶᠠᠯ ᠬᠠᠩᠭᠠᠵᠤ᠂ ᠰᠠᠢᠨ ᠨᠦᠬᠦᠴᠡᠯ ᠢ ᠡᠭᠦᠳᠪᠡ᠃ ᠡᠭᠦᠨ ᠦ ᠬᠠᠮᠲᠤ᠂ ᠮᠠᠨ ᠤ ᠬᠣᠲᠠ ᠶ᠋ᠢᠨ ᠬᠦᠭ᠌ᠵᠢᠯᠲᠡ ᠶ᠋ᠢᠨ ᠲᠡᠩᠴᠡᠭᠦᠷᠢ ᠦᠭᠡᠢ ᠭᠦᠢᠴᠡᠳ ᠦᠭᠡᠢ ᠠᠰᠠᠭᠤᠳᠠᠯ ᠮᠦᠨ ᠬᠦ᠌ ᠳᠣᠪᠣᠢᠮ᠎ᠠ ᠪᠠᠢᠵᠤ᠂ ᠲᠤᠯᠭᠠᠷᠠᠵᠤ ᠪᠠᠢᠭ᠎ᠠ ᠠᠶᠤᠯ ᠲᠦᠭ᠌ᠰᠢᠭᠦᠷᠢ ᠦᠷᠢᠰᠦᠯᠳᠦᠭᠡᠨ ᠢ ᠤᠮᠳᠤᠭᠠᠢᠯᠠᠵᠤ ᠪᠣᠯᠣᠰᠢ ᠦᠭᠡᠢ ᠶᠤᠮ᠃ ᠪᠠᠢᠯᠳᠤᠬᠤ ᠪᠣᠳᠣᠯᠭ᠎ᠠ ᠶ᠋ᠢᠨ ᠲᠣᠭ᠍ᠲᠠᠯ ᠬᠦᠴᠦᠨ ᠢᠶᠡᠨ ᠪᠠᠲᠤᠯᠠᠵᠤ᠂ ᠵᠠᠪᠠᠯ ᠢᠯᠠᠬᠤ ᠢᠲᠡᠭᠡᠯ ᠵᠣᠷᠢᠭ ᠢᠶᠠᠨ ᠨᠡᠮᠡᠭ᠌ᠳᠡᠭᠦᠯᠵᠦ᠍᠂ ᠴᠦᠬᠦᠷᠡᠰᠢ ᠦᠭᠡᠢ ᠴᠢᠷᠮᠠᠢᠵᠤ᠂ ᠦᠷᠭᠦᠯᠵᠢᠯᠡᠨ ᠲᠡᠮᠡᠴᠡᠵᠦ᠍᠂ ᠪᠠᠶᠠᠨᠨᠠᠭᠤᠷ ᠤᠨ ᠣᠳᠣᠬᠢᠴᠢᠯᠠᠯᠲᠠ ᠶ᠋ᠢᠨ ᠪᠦᠲᠦᠭᠡᠨ ᠪᠠᠢᠭᠤᠯᠤᠯᠲᠠ ᠶ᠋ᠢᠨ ᠱᠢᠨ᠎ᠡ ᠬᠠᠭᠤᠳᠠᠰᠤ ᠶ᠋ᠢ ᠰᠠᠢᠲᠤᠷ ᠪᠢᠴᠢᠭ᠌ᠯᠡᠬᠦ᠌ ᠬᠡᠷᠡᠭ᠌ᠲᠡᠢ᠃
ᠪᠦᠭᠦᠳᠡ ᠬᠤᠷᠠᠯ ᠠᠴᠠ ᠴᠢᠬᠤᠯᠠᠴᠢᠯᠠᠬᠤ ᠳᠠᠭᠠᠨ᠂ 《 ᠠᠷᠪᠠᠨ ᠲᠠᠪᠤᠳᠤᠭᠠᠷ ᠲᠠᠪᠤᠨ ᠵᠢᠯ 》 ᠦᠨ ᠲᠥᠯᠥᠪᠵᠢᠭᠦᠯᠭᠡ ᠶ᠋ᠢᠨ ᠬᠤᠭᠤᠴᠠᠭᠠᠨ ᠳᠠᠬᠢ ᠪᠠᠶᠠᠨᠨᠠᠭᠤᠷ ᠤᠨ ᠠᠵᠤ ᠠᠬᠤᠢ ᠨᠡᠢᠭᠡᠮ ᠦᠨ ᠬᠦᠭ᠌ᠵᠢᠯᠲᠡ ᠨᠢ ᠡᠷᠬᠡᠪᠰᠢ ᠮᠠᠷᠺᠰ ᠯᠸᠨᠢᠨ ᠦ ᠦᠵᠡᠯ᠂ ᠮᠠᠤ ᠽᠧ ᠳ᠋ᠦᠩ ᠦᠨ ᠦᠵᠡᠯ ᠰᠠᠨᠠᠭ᠎ᠠ᠂ ᠳ᠋ᠸᠩ ᠱᠢᠶᠣᠣ ᠫᠢᠩ ᠦᠨ ᠣᠨᠣᠯ᠂ 《 ᠭᠤᠷᠪᠠ ᠶ᠋ᠢ ᠲᠥᠯᠥᠭᠡᠯᠡᠬᠦ᠌ 》 ᠴᠢᠬᠤᠯᠠ ᠦᠵᠡᠯ ᠰᠠᠨᠠᠭ᠎ᠠ᠂ ᠱᠢᠨᠵᠢᠯᠡᠬᠦ᠌ ᠤᠬᠠᠭᠠᠨᠴᠢ ᠬᠦᠭ᠌ᠵᠢᠯᠲᠡ ᠶ᠋ᠢᠨ ᠦᠵᠡᠯᠲᠡ ᠶ᠋ᠢ ᠪᠠᠷᠢᠮᠲᠠᠯᠠᠵᠤ᠂ ᠰᠢᠵᠢᠨᠫᠢᠩ ᠦᠨ ᠱᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤᠨ ᠣᠨᠴᠠᠯᠢᠭ ᠲᠠᠢ ᠨᠡᠢᠭᠡᠮ ᠵᠢᠷᠤᠮ ᠤᠨ ᠦᠵᠡᠯ ᠰᠠᠨᠠᠭ᠎ᠠ ᠶ᠋ᠢ ᠪᠦᠬᠦ᠌ ᠲᠠᠯ᠎ᠠ ᠪᠠᠷ ᠲᠤᠭᠤᠱᠢᠯᠠᠭᠤᠯᠵᠤ᠂ ᠰᠢᠵᠢᠨᠫᠢᠩ ᠶᠡᠷᠦᠩᠬᠡᠢ ᠱᠦᠵᠢ ᠶ᠋ᠢᠨ ᠥᠪᠥᠷ ᠮᠣᠩᠭᠣᠯ ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠪᠣᠯᠣᠨ ᠪᠡᠶ᠎ᠡ ᠪᠡᠷ ᠢᠶᠡᠨ ᠱᠢᠨᠵᠢᠯᠡᠨ ᠪᠠᠢᠴᠠᠭᠠᠬᠤ ᠦᠶ᠎ᠡ ᠶ᠋ᠢᠨ ᠴᠢᠩ ᠰᠡᠳᠭᠢᠯ ᠦᠨ ᠨᠠᠢᠳᠠᠯᠭ᠎ᠠ ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ ᠶ᠋ᠢᠨ ᠦᠨᠳᠦᠰᠦᠲᠡᠨ ᠦ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ ᠪᠠᠲᠤ ᠴᠣᠭ᠍ᠴᠠᠯᠠᠬᠤ ᠪᠠᠷ ᠭᠣᠣᠯ ᠱᠢᠵᠢᠮ ᠪᠣᠯᠭᠠᠵᠤ᠂ ᠱᠢᠨ᠎ᠡ ᠬᠦᠭ᠌ᠵᠢᠯᠲᠡ ᠶ᠋ᠢᠨ ᠣᠢᠯᠠᠭᠠᠭ᠍ᠳᠠᠬᠤᠨ ᠢ ᠪᠦᠷᠢᠨ ᠭᠦᠢᠴᠡᠳ ᠣᠨᠣᠪᠴᠢᠲᠠᠢ ᠪᠦᠬᠦ᠌ ᠲᠠᠯ᠎ᠠ ᠪᠠᠷ ᠲᠤᠭᠤᠱᠢᠯᠠᠭᠤᠯᠵᠤ᠂ ᠱᠢᠨ᠎ᠡ ᠬᠦᠭ᠌ᠵᠢᠯᠲᠡ ᠶ᠋ᠢᠨ ᠪᠠᠢᠷᠢᠱᠢᠯ ᠢ ᠪᠠᠢᠭᠤᠯᠬᠤ ᠳᠤ ᠢᠳᠡᠪᠬᠢᠲᠡᠢ ᠪᠡᠷ ᠠᠭᠤᠰᠤᠯᠴᠠᠬᠤ ᠪᠠ ᠦᠢᠯᠡᠴᠢᠯᠡᠵᠦ᠍᠂ ᠲᠣᠭ᠍ᠲᠠᠭᠤᠨ ᠪᠠᠢᠯᠭᠠᠬᠤ ᠶ᠋ᠢᠨ ᠵᠡᠷᠭᠡ ᠳᠦ ᠤᠷᠤᠭ᠍ᠰᠢᠯᠠᠭᠤᠯᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠠᠵᠤ ᠠᠬᠤᠢ ᠶ᠋ᠢᠨ ᠪᠦᠲᠦᠭᠡᠨ ᠪᠠᠢᠭᠤᠯᠤᠯᠲᠠ ᠪᠠᠷ ᠭᠣᠣᠯᠳᠠᠯᠭ᠎ᠠ ᠪᠣᠯᠭᠠᠵᠤ᠂ ᠴᠢᠨᠠᠷ ᠰᠠᠢᠲᠠᠢ ᠬᠦᠭ᠌ᠵᠢᠯᠲᠡ ᠶ᠋ᠢ ᠠᠬᠢᠭᠤᠯᠬᠤ ᠪᠠᠷ ᠭᠣᠣᠯ ᠰᠡᠳᠦᠪ ᠪᠣᠯᠭᠠᠵᠤ᠂ ᠥᠭᠡᠷᠡᠴᠢᠯᠡᠯᠲᠡ ᠬᠢᠵᠦ᠍ ᠱᠢᠨ᠎ᠡ ᠶ᠋ᠢ ᠡᠭᠦᠳᠬᠦ᠌ ᠪᠡᠷ ᠦᠨᠳᠦᠰᠦᠨ ᠬᠦᠳᠡᠯᠭᠡᠬᠦ᠌ ᠬᠦᠴᠦᠨ ᠪᠣᠯᠭᠠᠵᠤ᠂ ᠦᠨᠳᠦᠰᠦᠲᠡᠨ ᠨᠦ᠍ᠭᠦᠳ ᠦᠨ ᠠᠷᠠᠳ ᠲᠦᠮᠡᠨ ᠦ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠰᠠᠢᠨ ᠰᠠᠢᠬᠠᠨ ᠠᠮᠢᠳᠤᠷᠠᠯ ᠤᠨ ᠬᠡᠷᠡᠭ᠌ᠴᠡᠭᠡ ᠶ᠋ᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠵᠤ᠂ ᠪᠦᠬᠦ᠌ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠷ ᠦᠨᠳᠦᠰᠦᠨ ᠪᠠᠲᠤᠯᠠᠭ᠎ᠠ ᠪᠣᠯᠭᠠᠵᠤ᠂ 《 ᠬᠣᠶᠠᠷ ᠬᠠᠯᠬᠠᠪᠴᠢ 》᠂ 《 ᠬᠣᠶᠠᠷ ᠰᠠᠭᠤᠷᠢᠨ ᠭᠠᠵᠠᠷ 》᠂ 《 ᠨᠢᠭᠡ ᠲᠡᠷᠢᠭᠦᠨ ᠪᠣᠭᠣᠮᠲᠠ 》 ᠶ᠋ᠢ ᠪᠦᠲᠦᠭᠡᠨ ᠪᠠᠢᠭᠤᠯᠬᠤ ᠳᠡᠭᠡᠷ᠎ᠡ ᠱᠢᠨ᠎ᠡ ᠵᠢᠳᠬᠦᠯ ᠴᠢᠷᠮᠠᠢᠯᠭ᠎ᠠ ᠭᠠᠷᠭᠠᠬᠤ ᠶ᠋ᠢ ᠪᠠᠷᠢᠮᠲᠠᠯᠠᠵᠤ᠂ ᠥᠨᠳᠥᠷ ᠲᠦᠪᠱᠢᠨ ᠪᠦᠬᠦᠢ ᠠᠮᠢ ᠠᠬᠤᠢ ᠶ᠋ᠢᠨ ᠬᠠᠮᠠᠭᠠᠯᠠᠯᠲᠠ᠂ ᠴᠢᠨᠠᠷ ᠰᠠᠢᠲᠠᠢ ᠠᠵᠤ ᠠᠬᠤᠢ ᠶ᠋ᠢᠨ ᠬᠦᠭ᠌ᠵᠢᠯᠲᠡ᠂ ᠴᠢᠨᠠᠷ ᠰᠠᠢᠲᠠᠢ ᠠᠷᠠᠳ ᠤᠨ ᠠᠮᠢᠳᠤᠷᠠᠯ᠂ ᠥᠨᠳᠥᠷ ᠪᠦᠲᠦᠮᠵᠢᠲᠡᠢ ᠨᠡᠢᠭᠡᠮ ᠦᠨ ᠵᠠᠰᠠᠯᠲᠠ᠂ ᠥᠨᠳᠥᠷ ᠪᠠᠷᠢᠮᠵᠢᠶᠠᠲᠤ ᠨᠠᠮ ᠤᠨ ᠪᠠᠢᠭᠤᠯᠤᠯᠲᠠ ᠶ᠋ᠢ ᠳᠠᠬᠢᠨ ᠱᠢᠨ᠎ᠡ ᠳᠡᠭ᠌ᠳᠡᠷ ᠲᠦ ᠭᠠᠷᠭᠠᠬᠤ ᠶ᠋ᠢ ᠠᠬᠢᠭᠤᠯᠵᠤ᠂ ᠪᠦᠬᠦ᠌ ᠤᠯᠤᠰ ᠪᠦᠬᠦ᠌ ᠣᠷᠣᠨ ᠲᠠᠢ ᠬᠠᠮᠲᠤᠪᠡᠷ ᠨᠡᠢᠭᠡᠮ ᠵᠢᠷᠤᠮ ᠤᠨ ᠣᠳᠣᠬᠢᠴᠢᠯᠠᠯᠲᠠ ᠶ᠋ᠢ ᠦᠨᠳᠦᠰᠦᠨ ᠳᠡᠭᠡᠨ ᠪᠡᠶᠡᠯᠡᠭᠦᠯᠬᠦ᠌ ᠲᠠᠯ᠎ᠠ ᠪᠠᠷ ᠱᠢᠢᠳᠪᠦᠷᠢᠯᠡᠭ᠌ᠴᠢ ᠴᠢᠨᠠᠷᠲᠠᠢ ᠠᠬᠢᠴᠠ ᠲᠠᠢ ᠪᠣᠯᠭᠠᠬᠤ ᠬᠡᠷᠡᠭ᠌ᠲᠡᠢ᠃
ᠪᠦᠭᠦᠳᠡ ᠬᠤᠷᠠᠯ ᠠᠴᠠ ᠵᠢᠭᠠᠵᠤ ᠭᠠᠷᠭᠠᠬᠤ ᠳᠠᠭᠠᠨ᠂ 《 ᠠᠷᠪᠠᠨ ᠲᠠᠪᠤᠳᠤᠭᠠᠷ ᠲᠠᠪᠤᠨ ᠵᠢᠯ 》 ᠦᠨ ᠲᠥᠯᠥᠪᠵᠢᠭᠦᠯᠭᠡ ᠶ᠋ᠢᠨ ᠬᠤᠭᠤᠴᠠᠭᠠᠨ ᠳᠠᠬᠢ ᠭᠠᠵᠠᠷ ᠣᠷᠣᠨ ᠤ ᠠᠵᠤ ᠠᠬᠤᠢ ᠨᠡᠢᠭᠡᠮ ᠦᠨ ᠬᠦᠭ᠌ᠵᠢᠯᠲᠡ ᠶ᠋ᠢ ᠠᠬᠢᠭᠤᠯᠬᠤ ᠳᠤ ᠡᠷᠬᠡᠪᠰᠢ 《 ᠬᠣᠶᠠᠷ ᠢ ᠲᠣᠭ᠍ᠲᠠᠭᠠᠭ᠍ᠰᠠᠨ 》 ᠦ ᠱᠢᠢᠳᠪᠦᠷᠢᠯᠡᠭ᠌ᠴᠢ ᠠᠴᠢ ᠬᠣᠯᠪᠣᠭ᠍ᠳᠠᠯ ᠢ ᠭᠦᠨᠵᠡᠭᠡᠢ ᠣᠢᠯᠠᠭᠠᠵᠤ᠂ 《 ᠳᠥᠷᠪᠡᠨ ᠤᠬᠠᠮᠰᠠᠷ 》 ᠢ ᠴᠢᠩᠭᠠᠳᠭᠠᠵᠤ᠂ 《 ᠳᠥᠷᠪᠡᠨ ᠢᠲᠡᠭᠡᠯ 》 ᠢ ᠪᠠᠲᠤᠳᠭᠠᠵᠤ᠂ 《 ᠬᠣᠶᠠᠷ ᠢ ᠬᠠᠮᠠᠭᠠᠯᠠᠬᠤ 》 ᠶ᠋ᠢ ᠪᠡᠶᠡᠯᠡᠭᠦᠯᠵᠦ᠍᠂ ᠨᠠᠮ ᠤᠨ ᠪᠦᠬᠦ᠌ ᠲᠠᠯ᠎ᠠ ᠶ᠋ᠢᠨ ᠤᠳᠤᠷᠢᠳᠤᠯᠭ᠎ᠠ ᠶ᠋ᠢ ᠪᠠᠷᠢᠮᠲᠠᠯᠠᠵᠤ᠂ ᠠᠷᠠᠳ ᠲᠦᠮᠡᠨ ᠢ ᠳᠡᠭᠡᠳᠦᠯᠡᠬᠦ᠌ ᠶ᠋ᠢ ᠪᠠᠷᠢᠮᠲᠠᠯᠠᠵᠤ᠂ ᠴᠢᠨᠠᠷ ᠰᠠᠢᠲᠠᠢ ᠬᠦᠭ᠌ᠵᠢᠯᠲᠡ ᠶ᠋ᠢ ᠪᠠᠷᠢᠮᠲᠠᠯᠠᠵᠤ᠂ ᠥᠭᠡᠷᠡᠴᠢᠯᠡᠯᠲᠡ ᠶ᠋ᠢ ᠪᠦᠬᠦ᠌ ᠲᠠᠯ᠎ᠠ ᠪᠠᠷ ᠭᠦᠨᠵᠡᠭᠡᠢᠷᠡᠭᠦᠯᠬᠦ᠌ ᠶ᠋ᠢ ᠪᠠᠷᠢᠮᠲᠠᠯᠠᠵᠤ᠂ ᠪᠦᠲᠦᠮᠵᠢᠲᠡᠢ ᠵᠠᠬ᠎ᠠ ᠳᠡᠯᠭᠡᠭᠦᠷ ᠪᠣᠯᠣᠨ ᠴᠢᠷᠮᠠᠢᠯᠲᠠᠲᠠᠢ ᠵᠠᠰᠠᠭ ᠤᠨ ᠣᠷᠳᠣᠨ ᠢ ᠤᠶᠠᠯᠳᠤᠭᠤᠯᠬᠤ ᠶ᠋ᠢ ᠪᠠᠷᠢᠮᠲᠠᠯᠠᠵᠤ᠂ ᠬᠦᠭ᠌ᠵᠢᠯᠲᠡ ᠪᠣᠯᠣᠨ ᠠᠮᠤᠷ ᠲᠦᠪᠱᠢᠨ ᠢ ᠨᠢᠭᠡᠳᠦᠯᠲᠡᠢ ᠲᠥᠯᠥᠪᠵᠢᠭᠦᠯᠬᠦ᠌ ᠶ᠋ᠢ ᠪᠠᠷᠢᠮᠲᠠᠯᠠᠵᠤ᠂ ᠪᠦᠬᠦ᠌ ᠤᠯᠤᠰ ᠪᠦᠬᠦ᠌ ᠣᠷᠣᠨ ᠤ ᠬᠦᠭ᠌ᠵᠢᠯᠲᠡ ᠶ᠋ᠢᠨ ᠶᠡᠬᠡ ᠲᠠᠯ᠎ᠠ ᠳᠤ ᠨᠡᠩ ᠰᠠᠢᠨ ᠦᠢᠯᠡᠴᠢᠯᠡᠬᠦ᠌ ᠳᠤᠮᠳᠠ ᠴᠢᠨᠠᠷ ᠰᠠᠢᠲᠠᠢ ᠬᠦᠭ᠌ᠵᠢᠯᠲᠡ ᠶ᠋ᠢ ᠪᠡᠶᠡᠯᠡᠭᠦᠯᠬᠦ᠌ ᠬᠡᠷᠡᠭ᠌ᠲᠡᠢ᠃
ᠪᠦᠭᠦᠳᠡ ᠬᠤᠷᠠᠯ ᠠᠴᠠ 《 ᠠᠷᠪᠠᠨ ᠲᠠᠪᠤᠳᠤᠭᠠᠷ ᠲᠠᠪᠤᠨ ᠵᠢᠯ 》 ᠦᠨ ᠲᠥᠯᠥᠪᠵᠢᠭᠦᠯᠭᠡ ᠶ᠋ᠢᠨ ᠬᠤᠭᠤᠴᠠᠭᠠᠨ ᠳᠠᠬᠢ ᠪᠠᠶᠠᠨᠨᠠᠭᠤᠷ ᠤᠨ ᠠᠵᠤ ᠠᠬᠤᠢ ᠨᠡᠢᠭᠡᠮ ᠦᠨ ᠬᠦᠭ᠌ᠵᠢᠯᠲᠡ ᠶ᠋ᠢᠨ ᠭᠣᠣᠯ ᠬᠠᠷᠠᠯᠲᠠ ᠶ᠋ᠢ ᠳᠤᠷᠠᠳᠪᠠ᠄ ᠦᠨᠳᠦᠰᠦᠲᠡᠨ ᠦ ᠪᠦᠯᠬᠦᠮᠳᠡᠯ ᠦᠨ ᠰᠠᠭᠤᠷᠢ ᠶ᠋ᠢ ᠤᠯᠠᠮ ᠪᠡᠬᠢᠵᠢᠭᠦᠯᠵᠦ᠍᠂ ᠠᠮᠢ ᠠᠬᠤᠢ ᠶ᠋ᠢᠨ ᠪᠦᠲᠦᠭᠡᠨ ᠪᠠᠢᠭᠤᠯᠤᠯᠲᠠ ᠶ᠋ᠢᠨ ᠦᠷ᠎ᠡ ᠪᠦᠲᠦᠮᠵᠢ ᠶ᠋ᠢ ᠨᠡᠩ ᠢᠯᠡᠷᠬᠡᠢ ᠪᠣᠯᠭᠠᠵᠤ᠂ ᠠᠵᠤ ᠠᠬᠤᠢ ᠶ᠋ᠢᠨ ᠬᠦᠭ᠌ᠵᠢᠯᠲᠡ ᠶ᠋ᠢᠨ ᠬᠠᠨᠳᠤᠰᠢ ᠶ᠋ᠢ ᠨᠡᠩ ᠬᠦᠴᠦᠲᠡᠢ ᠪᠣᠯᠭᠠᠵᠤ᠂ ᠱᠢᠨᠵᠢᠯᠡᠬᠦ᠌ ᠤᠬᠠᠭᠠᠨ ᠮᠡᠷᠭᠡᠵᠢᠯ ᠦᠨ ᠱᠢᠨ᠎ᠡ ᠶ᠋ᠢ ᠡᠭᠦᠳᠬᠦ᠌ ᠲᠤᠯᠭᠠᠭᠤᠷᠢᠯᠠᠯ ᠢ ᠨᠡᠩ ᠬᠦᠴᠦᠲᠡᠢ ᠪᠣᠯᠭᠠᠵᠤ᠂ ᠦᠭᠡᠷᠡᠴᠢᠯᠡᠯᠲᠡ ᠨᠡᠭᠡᠭᠡᠯᠲᠡ ᠶ᠋ᠢᠨ ᠠᠮᠢᠵᠢᠷᠠᠯ ᠤᠨ ᠬᠦᠴᠦᠨ ᠢ ᠨᠡᠩ ᠲᠡᠭᠦᠯᠳᠡᠷ ᠪᠣᠯᠭᠠᠵᠤ᠂ ᠨᠡᠢᠭᠡᠮ ᠦᠨ ᠪᠣᠯᠪᠠᠰᠤᠨ ᠤ ᠬᠡᠪ ᠰᠤᠷᠲᠠᠯ ᠢ ᠨᠡᠩ ᠦᠳᠭᠡᠨ ᠵᠤᠵᠠᠭᠠᠨ ᠪᠣᠯᠭᠠᠵᠤ᠂ ᠠᠷᠠᠳ ᠣᠯᠠᠨ ᠤ ᠠᠮᠢᠳᠤᠷᠠᠯ ᠢ ᠨᠡᠩ ᠰᠠᠢᠨ ᠰᠠᠢᠬᠠᠨ ᠪᠣᠯᠭᠠᠵᠤ᠂ ᠬᠣᠲᠠ ᠶ᠋ᠢᠨ ᠬᠡᠪᠴᠢᠶᠡᠨ ᠳᠡᠬᠢ ᠨᠡᠢᠭᠡᠮ ᠦᠨ ᠵᠠᠰᠠᠯᠲᠠ ᠶ᠋ᠢ ᠨᠡᠩ ᠥᠨᠳᠥᠷ ᠪᠦᠲᠦᠮᠵᠢᠲᠡᠢ ᠪᠣᠯᠭᠠᠵᠤ᠂ ᠠᠮᠢ ᠠᠬᠤᠢ ᠶ᠋ᠢᠨ ᠪᠣᠯᠪᠠᠰᠤᠨ ᠤ ᠪᠠᠢᠭᠤᠯᠤᠯᠲᠠ᠂ ᠣᠳᠣ ᠦᠶ᠎ᠡ ᠶ᠋ᠢᠨ ᠥᠨᠳᠥᠷ ᠦᠷ᠎ᠡ ᠠᠱᠢᠭ᠍ᠲᠤ ᠲᠠᠷᠢᠶᠠᠯᠠᠩ᠂ ᠬᠢᠯᠢ ᠳᠠᠭᠠᠤ ᠨᠡᠭᠡᠭᠡᠨ ᠬᠦᠭ᠌ᠵᠢᠭᠦᠯᠵᠦ᠍ ᠨᠡᠭᠡᠭᠡᠯᠲᠡ ᠬᠢᠬᠦ᠌ᠶ᠋ᠢ ᠪᠦᠬᠦ᠌ ᠣᠷᠣᠨ ᠤ ᠡᠮᠦᠨ᠎ᠡ ᠡᠩᠨᠡᠭᠡᠨ ᠳᠦ ᠣᠷᠣᠭᠣᠯᠬᠣ ᠬᠡᠷᠡᠭ᠌ᠲᠡᠢ᠃ ᠡᠨᠡ ᠬᠦ᠌ ᠰᠠᠭᠤᠷᠢᠨ ᠳᠡᠭᠡᠷ᠎ᠡ ᠳᠠᠬᠢᠭᠠᠳ ᠲᠠᠪᠤᠨ ᠵᠢᠯ ᠲᠡᠮᠡᠴᠡᠵᠦ᠍ ᠂ 2035 ᠣᠨ ᠪᠣᠯᠬᠤ ᠳᠤ ᠪᠦᠬᠦ᠌ ᠬᠣᠲᠠ ᠶ᠋ᠢᠨ ᠶᠡᠷᠦᠩᠬᠡᠢᠯᠡᠭ᠌ᠰᠡᠨ ᠠᠵᠤ ᠠᠬᠤᠢ ᠶ᠋ᠢᠨ ᠪᠣᠳᠠᠳᠤ ᠬᠦᠴᠦᠨ ᠢ ᠶᠡᠬᠡ ᠪᠡᠷ ᠳᠡᠭᠡᠭ᠌ᠰᠢᠯᠡᠭᠦᠯᠵᠦ᠍᠂ ᠬᠠᠮᠲᠤᠪᠡᠷ ᠴᠢᠨᠡᠭᠡᠯᠢᠭ᠌ᠵᠢᠬᠦ᠌ ᠲᠠᠯ᠎ᠠ ᠪᠠᠷ ᠯᠠᠪᠳᠠᠭᠤᠨ ᠪᠠᠲᠤᠲᠠᠢ ᠠᠯᠬᠤᠮ ᠢ ᠠᠯᠬᠤᠵᠤ᠂ ᠪᠦᠬᠦ᠌ ᠤᠯᠤᠰ ᠪᠦᠬᠦ᠌ ᠣᠷᠣᠨ ᠲᠠᠢ ᠵᠡᠷᠭᠡᠪᠡᠷ ᠨᠡᠢᠭᠡᠮ ᠵᠢᠷᠤᠮ ᠤᠨ ᠣᠳᠣᠬᠢᠴᠢᠯᠠᠯᠲᠠ ᠶ᠋ᠢ ᠦᠨᠳᠦᠰᠦᠨ ᠳᠡᠭᠡᠨ ᠪᠡᠶᠡᠯᠡᠭᠦᠯᠬᠦ᠌ ᠬᠡᠷᠡᠭ᠌ᠲᠡᠢ᠃
ᠪᠦᠭᠦᠳᠡ ᠬᠤᠷᠠᠯ ᠠᠴᠠ ᠳᠤᠷᠠᠳᠭᠤ ᠳᠠᠭᠠᠨ᠂ ᠳᠤᠮᠳᠠᠳᠤ ᠶ᠋ᠢᠨ ᠦᠨᠳᠦᠰᠦᠲᠡᠨ ᠦ ᠬᠠᠮᠲᠤ ᠶ᠋ᠢᠨ ᠴᠣᠭ᠍ᠴᠠ ᠶ᠋ᠢᠨ ᠪᠠᠢᠭᠤᠯᠤᠯᠲᠠ ᠶ᠋ᠢ ᠠᠬᠢᠭᠤᠯᠬᠤ ᠬᠡᠷᠡᠭ᠌ᠲᠡᠢ᠃ ᠳᠤᠮᠳᠠᠳᠤ ᠶ᠋ᠢᠨ ᠦᠨᠳᠦᠰᠦᠲᠡᠨ ᠦ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ ᠪᠠᠲᠤ ᠴᠣᠭ᠍ᠴᠠᠯᠠᠬᠤ ᠶᠠᠪᠤᠳᠠᠯ ᠢ ᠢᠮᠠᠭ᠍ᠲᠠ ᠡᠯ᠎ᠡ ᠵᠦᠢᠯ ᠦᠨ ᠠᠵᠢᠯ ᠤᠨ ᠭᠣᠣᠯ ᠱᠢᠵᠢᠮ ᠪᠣᠯᠭᠠᠵᠤ᠂ ᠦᠨᠳᠦᠰᠦᠲᠡᠨ ᠦ ᠪᠦᠯᠬᠦᠮᠳᠡᠯ ᠳᠠᠪᠱᠢᠯᠲᠠ ᠶ᠋ᠢ ᠡᠭᠦᠳᠦᠨ ᠪᠠᠢᠭᠤᠯᠤᠭ᠍ᠰᠠᠨ ᠦᠷ᠎ᠡ ᠪᠦᠲᠦᠭᠡᠯ ᠢ ᠦᠷᠭᠦᠯᠵᠢᠯᠡᠨ ᠪᠡᠬᠢᠵᠢᠭᠦᠯᠵᠦ᠍᠂ ᠱᠢᠨ᠎ᠡ ᠴᠠᠭ ᠦᠶ᠎ᠡ ᠶ᠋ᠢᠨ ᠦᠨᠳᠦᠰᠦᠲᠡᠨ ᠦ ᠪᠦᠯᠬᠦᠮᠳᠡᠯ ᠳᠠᠪᠱᠢᠯᠲᠠ ᠶ᠋ᠢᠨ 《 ᠳᠡᠰ ᠳᠡᠪᠱᠢᠭ᠌ᠰᠡᠨ ᠬᠡᠪ ᠵᠠᠭ᠍ᠪᠤᠷ 》 ᠢ ᠴᠣᠭ᠍ᠴᠠᠯᠠᠬᠤ ᠬᠡᠷᠡᠭ᠌ᠲᠡᠢ᠃ ᠬᠠᠮᠲᠤ ᠶ᠋ᠢᠨ ᠣᠶᠣᠨ ᠰᠠᠨᠠᠭᠠᠨ ᠤ ᠭᠡᠷ ᠣᠷᠣᠨ ᠢ ᠪᠠᠢᠭᠤᠯᠵᠤ᠂ ᠦᠨᠳᠦᠰᠦᠲᠡᠨ ᠨᠦ᠍ᠭᠦᠳ ᠦᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠦᠨᠳᠦᠰᠦᠲᠡᠨ ᠦ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠬᠤ ᠬᠡᠷᠡᠭ᠌ᠲᠡᠢ᠃
ᠪᠦᠭᠦᠳᠡ ᠬᠤᠷᠠᠯ ᠠᠴᠠ ᠳᠤᠷᠠᠳᠭᠤ ᠳᠠᠭᠠᠨ᠂ ᠬᠦᠮᠦᠨ ᠪᠠ ᠪᠠᠢᠭᠠᠯᠢ ᠶ᠋ᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠱᠢᠭ᠍ᠰᠠᠨ ᠦᠵᠡᠰᠭᠦᠯᠡᠩᠲᠦ ᠰᠠᠢᠬᠠᠨ ᠭᠡᠷ ᠣᠷᠣᠨ ᠢ ᠪᠦᠬᠦ᠌ ᠲᠠᠯ᠎ᠠ ᠪᠠᠷ ᠪᠦᠲᠦᠭᠡᠨ ᠪᠠᠢᠭᠤᠯᠬᠤ ᠬᠡᠷᠡᠭ᠌ᠲᠡᠢ᠃ ᠠᠮᠢ ᠠᠬᠤᠢ ᠶ᠋ᠢ ᠲᠡᠷᠢᠭᠦᠨ ᠳᠦ ᠲᠠᠯᠪᠢᠬᠤ᠂ ᠪᠣᠬᠢᠷᠲᠤᠯ ᠦᠭᠡᠢ ᠪᠡᠷ ᠬᠦᠭ᠌ᠵᠢᠭᠦᠯᠬᠦ᠌ ᠶ᠋ᠢ ᠪᠠᠷᠢᠮᠲᠠᠯᠠᠵᠤ᠂ ᠠᠭᠤᠯᠠ ᠤᠰᠤ ᠣᠢ ᠲᠠᠷᠢᠶ᠎ᠠ ᠨᠠᠭᠤᠷ ᠪᠡᠯᠴᠢᠭᠡᠷ ᠡᠯᠡᠰᠦ ᠶ᠋ᠢ ᠨᠢᠭᠡ ᠴᠣᠭ᠍ᠴᠠᠵᠢᠭᠤᠯᠤᠨ ᠬᠠᠮᠠᠭᠠᠯᠠᠬᠤ ᠪᠠ ᠱᠢᠰᠲᠸᠮ ᠲᠠᠢ ᠵᠠᠰᠠᠬᠤ ᠶ᠋ᠢ ᠨᠢᠭᠡᠳᠦᠯᠲᠡᠢ ᠲᠥᠯᠥᠪᠵᠢᠭᠦᠯᠵᠦ᠍᠂ ᠨᠡᠭᠦᠷᠡᠰᠦᠳᠦ᠋ᠭ᠌ᠴᠢ ᠭᠠᠳᠠᠭ᠍ᠰᠢᠯᠠᠭᠤᠯᠬᠤ ᠶ᠋ᠢ ᠪᠠᠭᠠᠰᠭᠠᠬᠤ᠂ ᠪᠣᠬᠢᠷᠲᠣᠯ ᠢ ᠪᠠᠭᠠᠰᠭᠠᠬᠤ᠂ ᠨᠣᠭᠣᠭᠠᠷᠠᠭᠤᠯᠤᠯᠲᠠ ᠶ᠋ᠢ ᠦᠷᠭᠡᠳᠭᠡᠬᠦ᠌᠂ ᠨᠡᠮᠡᠭ᠌ᠳᠡᠯ ᠢ ᠠᠬᠢᠭᠤᠯᠬᠤ ᠶ᠋ᠢ ᠬᠠᠮᠵᠢᠯᠴᠠᠨ ᠠᠬᠢᠭᠤᠯᠵᠤ᠂ ᠤᠯᠤᠰ ᠤᠨ ᠠᠮᠢ ᠠᠬᠤᠢ ᠶ᠋ᠢᠨ ᠪᠣᠯᠪᠠᠰᠤᠨ ᠤ ᠪᠠᠢᠭᠤᠯᠤᠯᠲᠠ ᠶ᠋ᠢᠨ ᠵᠢᠱ᠌ᠢᠶ᠎ᠡ ᠦᠵᠡᠭᠦᠯᠬᠦ ᠬᠣᠲᠠ ᠶ᠋ᠢ ᠢᠳᠡᠪᠬᠢᠲᠡᠢ ᠪᠡᠷ ᠡᠭᠦᠳᠦᠨ ᠪᠠᠢᠭᠤᠯᠵᠤ᠂ ᠮᠠᠨ ᠤ ᠤᠯᠤᠰ ᠤᠨ ᠤᠮᠠᠷᠠᠲᠤ ᠶ᠋ᠢᠨ ᠴᠢᠬᠤᠯᠠ ᠠᠮᠢ ᠠᠬᠤᠢ ᠶ᠋ᠢᠨ ᠠᠮᠤᠷ ᠲᠦᠪᠱᠢᠨ ᠦ ᠬᠠᠯᠬᠠᠪᠴᠢ ᠶ᠋ᠢᠨ ᠡᠪᠳᠡᠷᠡᠰᠢ ᠦᠭᠡᠢ ᠪᠠᠲᠤ ᠪᠡᠬᠢ ᠰᠡᠷᠭᠡᠢᠯᠡᠯᠲᠡ ᠶ᠋ᠢᠨ ᠱᠤᠭᠤᠮ ᠢ ᠪᠤᠢ ᠪᠣᠯᠭᠠᠬᠤ ᠬᠡᠷᠡᠭ᠌ᠲᠡᠢ᠃ ᠬᠠᠲᠤᠨ ᠭᠣᠣᠯ ᠤᠨ ᠲᠣᠬᠣᠢ ᠣᠷᠣᠨ ᠤ ᠪᠣᠭᠣᠮᠲᠠ ᠱᠢᠪᠲᠤᠯᠬᠤ ᠳᠠᠢᠯᠠᠯᠳᠤᠭᠠᠨ ᠤ ᠢᠯᠠᠯᠲᠠ ᠶ᠋ᠢ ᠪᠦᠬᠦ᠌ ᠲᠠᠯ᠎ᠠ ᠪᠠᠷ ᠣᠯᠵᠣ᠂ ᠤᠯᠭᠠᠨᠰᠤᠬᠠᠢ ᠨᠠᠭᠤᠷ ᠤᠨ ᠰᠠᠪᠠ ᠭᠠᠵᠠᠷ ᠤᠨ ᠠᠮᠢ ᠠᠬᠤᠢ ᠶ᠋ᠢᠨ ᠱᠢᠰᠲᠸᠮ ᠦᠨ ᠲᠣᠭ᠍ᠲᠠᠪᠤᠷᠢᠲᠤ ᠴᠢᠨᠠᠷ ᠢ ᠪᠡᠬᠢᠵᠢᠭᠦᠯᠦᠨ ᠳᠡᠭᠡᠭ᠌ᠰᠢᠯᠡᠭᠦᠯᠵᠦ᠍᠂ ᠬᠥᠬᠡ ᠣᠭ᠍ᠲᠣᠷᠭᠣᠢ ᠬᠥᠬᠡᠮᠳᠦᠭ ᠤᠰᠤ ᠴᠡᠪᠡᠷ ᠬᠦᠷᠦᠰᠦ ᠶ᠋ᠢ ᠬᠠᠮᠠᠭᠠᠯᠠᠬᠤ ᠳᠠᠢᠯᠠᠯᠳᠤᠭᠠᠨ ᠢ ᠦᠷᠭᠦᠯᠵᠢᠯᠡᠨ ᠰᠠᠢᠲᠤᠷ ᠬᠢᠵᠦ᠍᠂ ᠪᠣᠬᠢᠷᠲᠤᠯ ᠦᠭᠡᠢ ᠨᠡᠭᠦᠷᠡᠰᠦᠳᠦ᠋ᠭ᠌ᠴᠢ ᠪᠠᠭ᠎ᠠ ᠭᠠᠳᠠᠭ᠍ᠰᠢᠯᠠᠭᠤᠯᠬᠤ ᠬᠦᠭ᠌ᠵᠢᠯᠲᠡ ᠶ᠋ᠢ ᠠᠬᠢᠭᠤᠯᠵᠤ᠂ ᠠᠮᠢ ᠠᠬᠤᠢ ᠶ᠋ᠢᠨ ᠪᠣᠯᠪᠠᠰᠤᠨ ᠤ ᠳᠦᠷᠢᠮ ᠦᠨ ᠱᠢᠰᠲᠸᠮᠵᠢ ᠶ᠋ᠢ ᠪᠦᠷᠢᠨᠱᠢᠭᠦᠯᠬᠦ᠌ ᠬᠡᠷᠡᠭ᠌ᠲᠡᠢ᠃
ᠪᠦᠭᠦᠳᠡ ᠬᠤᠷᠠᠯ ᠠᠴᠠ ᠳᠤᠷᠠᠳᠭᠤ ᠳᠠᠭᠠᠨ᠂ ᠠᠶᠤᠯᠭᠦᠢ ᠶ᠋ᠢᠨ ᠱᠢᠰᠲᠸᠮᠵᠢ ᠪᠠ ᠵᠠᠰᠠᠯᠲᠠ ᠶ᠋ᠢᠨ ᠴᠢᠳᠠᠪᠤᠷᠢ ᠶ᠋ᠢᠨ ᠪᠠᠢᠭᠤᠯᠤᠯᠲᠠ ᠶ᠋ᠢ ᠴᠢᠩᠭᠠᠳᠭᠠᠬᠤ ᠬᠡᠷᠡᠭ᠌ᠲᠡᠢ᠃ ᠶᠡᠷᠦᠩᠬᠡᠢ ᠴᠣᠭ᠍ᠴᠠ ᠶ᠋ᠢᠨ ᠤᠯᠤᠰ ᠤᠨ ᠠᠮᠤᠷ ᠲᠦᠪᠱᠢᠨ ᠦ ᠦᠵᠡᠯᠲᠡ ᠶ᠋ᠢ ᠭᠦᠨᠵᠡᠭᠡᠢ ᠲᠤᠭᠤᠱᠢᠯᠠᠭᠤᠯᠵᠤ᠂ ᠠᠮᠤᠷ ᠲᠦᠪᠱᠢᠨ ᠢ ᠬᠠᠮᠠᠭᠠᠯᠠᠬᠤ ᠪᠠᠢᠭᠤᠯᠤᠯ ᠲᠣᠭ᠍ᠲᠠᠴᠠ ᠶ᠋ᠢ ᠪᠦᠷᠢᠨᠱᠢᠭᠦᠯᠦᠨ᠂ ᠨᠡᠢᠭᠡᠮ ᠦᠨ ᠦᠷᠨᠢᠭᠦᠨ ᠪᠠᠳᠠᠷᠠᠩᠭᠤᠢ ᠪᠥᠭᠡᠳ ᠡᠮᠬᠢ ᠵᠢᠷᠤᠮ ᠲᠠᠢ ᠪᠠᠢᠬᠤ ᠶ᠋ᠢ ᠦᠨᠡᠨ ᠬᠦ᠌ ᠪᠠᠲᠤᠯᠠᠵᠤ᠂ ᠨᠡᠩ ᠥᠨᠳᠥᠷ ᠲᠦᠪᠱᠢᠨ ᠪᠦᠬᠦᠢ ᠠᠮᠤᠷ ᠠᠮᠤᠭᠤᠯᠠᠩ ᠪᠠᠶᠠᠨᠨᠠᠭᠤᠷ ᠢ ᠪᠦᠲᠦᠭᠡᠨ ᠪᠠᠢᠭᠤᠯᠵᠤ᠂ ᠡᠬᠡ ᠤᠯᠤᠰ ᠤᠨ ᠤᠮᠠᠷᠠᠲᠤ ᠶ᠋ᠢᠨ ᠠᠮᠤᠷ ᠲᠦᠪᠱᠢᠨ ᠲᠣᠭ᠍ᠲᠠᠭᠤᠨ ᠤ ᠬᠠᠯᠬᠠᠪᠴᠢ ᠶ᠋ᠢ ᠪᠡᠬᠢᠵᠢᠭᠦᠯᠬᠦ᠌ ᠬᠠᠷᠢᠭᠤᠴᠠᠯᠭ᠎ᠠ ᠶ᠋ᠢ ᠪᠠᠲᠤ ᠡᠭᠦᠷᠭᠡᠯᠡᠬᠦ᠌ ᠬᠡᠷᠡᠭ᠌ᠲᠡᠢ᠃ ᠤᠯᠤᠰ ᠤᠨ ᠠᠮᠤᠷ ᠲᠦᠪᠱᠢᠨ ᠢ ᠡᠷᠡᠰ ᠬᠠᠮᠠᠭᠠᠯᠠᠵᠤ᠂ ᠭᠣᠣᠯᠳᠠᠯᠭ᠎ᠠ ᠲᠠᠢ ᠬᠦᠷᠢᠶᠡᠨ ᠦ ᠠᠶᠤᠯ ᠲᠦᠭ᠌ᠰᠢᠭᠦᠷᠢ ᠶ᠋ᠢ ᠰᠡᠷᠭᠡᠢᠯᠡᠨ ᠡᠵᠡᠮᠳᠡᠬᠦ᠌ ᠶ᠋ᠢ ᠴᠢᠩᠭᠠᠳᠭᠠᠵᠤ᠂ ᠨᠡᠢᠭᠡᠮ ᠦᠨ ᠵᠠᠰᠠᠯᠲᠠ ᠶ᠋ᠢᠨ ᠦᠷ᠎ᠡ ᠪᠦᠲᠦᠮᠵᠢ ᠶ᠋ᠢ ᠳᠡᠭᠡᠭ᠌ᠰᠢᠯᠡᠭᠦᠯᠵᠦ᠍᠂ ᠬᠢᠯᠢ ᠬᠢᠵᠠᠭᠠᠷ ᠣᠷᠣᠨ ᠢ ᠬᠦᠭ᠌ᠵᠢᠭᠦᠯᠦᠨ ᠲᠣᠭ᠍ᠲᠠᠭᠤᠨ ᠪᠠᠢᠯᠭᠠᠵᠤ ᠪᠡᠬᠢᠵᠢᠭᠦᠯᠬᠦ᠌ ᠠᠵᠢᠯ ᠢ ᠭᠦᠨᠵᠡᠭᠡᠢᠷᠡᠭᠦᠯᠬᠦ᠌ ᠬᠡᠷᠡᠭ᠌ᠲᠡᠢ᠃
ᠪᠦᠭᠦᠳᠡ ᠬᠤᠷᠠᠯ ᠠᠴᠠ ᠳᠤᠷᠠᠳᠭᠤ ᠳᠠᠭᠠᠨ᠂ ᠡᠨ᠋ᠸᠷᠬᠢ ᠶ᠋ᠢᠨ ᠰᠤᠷᠪᠤᠯᠵᠢ ᠪᠠ ᠪᠠᠢᠯᠳᠤᠬᠤ ᠪᠣᠳᠣᠯᠭ᠎ᠠ ᠶ᠋ᠢᠨ ᠡᠬᠢ ᠪᠠᠶᠠᠯᠢᠭ ᠢ ᠪᠠᠲᠤᠯᠠᠬᠤ ᠴᠢᠳᠠᠪᠤᠷᠢ ᠶ᠋ᠢ ᠴᠢᠩᠭᠠᠷᠠᠭᠤᠯᠬᠤ ᠬᠡᠷᠡᠭ᠌ᠲᠡᠢ᠃ ᠣᠳᠣ ᠦᠶ᠎ᠡ ᠶ᠋ᠢᠨ ᠡᠨ᠋ᠸᠷᠭᠢ ᠶ᠋ᠢᠨ ᠰᠣᠷᠪᠣᠯᠵᠢ ᠶ᠋ᠢᠨ ᠠᠵᠤ ᠠᠬᠤᠢ ᠶ᠋ᠢ ᠶᠡᠬᠡᠪᠡᠷ ᠬᠦᠭ᠌ᠵᠢᠭᠦᠯᠵᠦ᠍᠂ ᠪᠠᠢᠯᠳᠤᠬᠤ ᠪᠣᠳᠣᠯᠭ᠎ᠠ ᠶ᠋ᠢᠨ ᠴᠢᠨᠠᠷᠲᠠᠢ ᠠᠭᠤᠷᠬᠠᠢ ᠶ᠋ᠢᠨ ᠭᠠᠷᠤᠯᠲᠠ ᠶ᠋ᠢᠨ ᠡᠬᠢ ᠪᠠᠶᠠᠯᠢᠭ ᠢ ᠬᠠᠢᠨ ᠱᠢᠨᠵᠢᠯᠡᠵᠦ᠍ ᠨᠡᠭᠡᠭᠡᠨ ᠠᠱᠢᠭ᠍ᠯᠠᠬᠤ ᠪᠠ ᠨᠥᠭᠡᠴᠡᠯᠡᠬᠦ᠌ ᠠᠵᠢᠯ ᠢ ᠴᠢᠩᠭᠠᠳᠭᠠᠵᠤ᠂ ᠤᠯᠤᠰ ᠤᠨ ᠴᠢᠬᠤᠯᠠ ᠡᠨ᠋ᠸᠷᠭᠢ ᠶ᠋ᠢᠨ ᠰᠤᠷᠪᠤᠯᠵᠢ ᠪᠠ ᠪᠠᠢᠯᠳᠤᠬᠤ ᠪᠣᠳᠣᠯᠭ᠎ᠠ ᠶ᠋ᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠦᠲᠦᠭᠡᠨ ᠪᠠᠢᠭᠤᠯᠬᠤ ᠳᠤ ᠢᠯᠡᠭᠦᠬᠡᠨ ᠵᠢᠳᠬᠦᠯ ᠦᠵᠡᠭᠦᠯᠬᠦ᠌ ᠬᠡᠷᠡᠭ᠌ᠲᠡᠢ᠃ ᠱᠢᠨ᠎ᠡ ᠡᠨ᠋ᠸᠷᠭᠢ ᠶ᠋ᠢᠨ ᠰᠤᠷᠪᠤᠯᠵᠢ ᠶ᠋ᠢ ᠨᠡᠭᠡᠭᠡᠨ ᠠᠱᠢᠭ᠍ᠯᠠᠬᠤ ᠡᠷᠴᠢᠮ ᠢᠶᠡᠨ ᠴᠢᠩᠭᠠᠷᠠᠭᠤᠯᠵᠤ᠂ ᠰᠤᠷᠪᠤᠯᠵᠢ ᠲᠣᠣᠷ ᠠᠴᠢᠶ᠎ᠠ ᠨᠥᠭᠡᠴᠡ ᠶ᠋ᠢᠨ ᠵᠣᠬᠢᠴᠠᠩᠭᠤᠢ ᠬᠦᠭ᠌ᠵᠢᠯᠲᠡ ᠶ᠋ᠢ ᠠᠬᠢᠭᠤᠯᠵᠤ᠂ ᠪᠠᠢᠯᠳᠤᠬᠤ ᠪᠣᠳᠣᠯᠭ᠎ᠠ ᠶ᠋ᠢᠨ ᠡᠬᠢ ᠪᠠᠶᠠᠯᠢᠭ ᠤᠨ ᠦᠢᠯᠡᠳᠪᠦᠷᠢᠯᠡᠬᠦ᠌ ᠴᠢᠳᠠᠪᠤᠷᠢ ᠶ᠋ᠢ ᠲᠣᠭ᠍ᠲᠠᠭᠤᠨ ᠢᠶᠠᠷ ᠦᠷᠭᠡᠳᠭᠡᠬᠦ᠌ ᠬᠡᠷᠡᠭ᠌ᠲᠡᠢ᠃
ᠪᠦᠭᠦᠳᠡ ᠬᠤᠷᠠᠯ ᠠᠴᠠ ᠳᠤᠷᠠᠳᠭᠤ ᠳᠠᠭᠠᠨ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶ᠋ᠢ ᠲᠥᠷᠭᠡᠳᠭᠡᠬᠦ᠌ ᠬᠡᠷᠡᠭ᠌ᠲᠡᠢ᠃ ᠭᠠᠷᠤᠯᠲᠠ ᠦᠢᠯᠡᠳᠪᠦᠷᠢᠯᠡᠯ ᠦᠨ ᠴᠢᠳᠠᠪᠤᠷᠢ᠂ ᠦᠢᠯᠡᠳᠪᠦᠷᠢᠯᠡᠯ ᠠᠮᠢ ᠠᠬᠤᠢ᠂ ᠭᠠᠷᠤᠯᠲᠠ ᠪᠠᠨ ᠨᠡᠮᠡᠭ᠌ᠳᠡᠭᠦᠯᠬᠦ᠌ ᠪᠠ ᠣᠷᠣᠯᠭ᠎ᠠ ᠪᠠᠨ ᠨᠡᠮᠡᠭ᠌ᠳᠡᠭᠦᠯᠬᠦ᠌ ᠶ᠋ᠢ ᠵᠡᠷᠭᠡᠪᠡᠷ ᠠᠳᠭᠤᠬᠤ ᠶ᠋ᠢ ᠪᠠᠷᠢᠮᠲᠠᠯᠠᠵᠤ᠂ ᠣᠳᠣ ᠦᠶ᠎ᠡ ᠶ᠋ᠢᠨ ᠥᠨᠳᠥᠷ ᠦᠷ᠎ᠡ ᠠᠱᠢᠭ᠍ᠲᠤ ᠲᠠᠷᠢᠶᠠᠯᠠᠩ ᠢ ᠶᠡᠬᠡᠪᠡᠷ ᠬᠦᠭ᠌ᠵᠢᠭᠦᠯᠵᠦ᠍᠂ ᠬᠦᠳᠡᠭᠡ ᠲᠣᠰᠭᠤᠨ ᠢ ᠪᠦᠬᠦ᠌ ᠲᠠᠯ᠎ᠠ ᠪᠠᠷ ᠬᠦᠭ᠌ᠵᠢᠭᠦᠯᠦᠨ ᠮᠠᠨᠳᠤᠭᠤᠯᠬᠤ ᠶ᠋ᠢ ᠲᠦᠷᠭᠡᠳᠭᠡᠨ ᠠᠬᠢᠭᠤᠯᠵᠤ᠂ ᠤᠯᠤᠰ ᠤᠨ ᠴᠢᠬᠤᠯᠠ ᠮᠠᠯ ᠲᠠᠷᠢᠶᠠᠯᠠᠩ ᠤᠨ ᠪᠦᠲᠦᠭᠡᠭ᠌ᠳᠡᠬᠦᠨ ᠦ ᠦᠢᠯᠡᠳᠪᠦᠷᠢᠯᠡᠯ ᠦᠨ ᠰᠠᠭᠤᠷᠢᠨ ᠢ ᠪᠦᠲᠦᠭᠡᠨ ᠪᠠᠢᠭᠤᠯᠬᠤ ᠲᠠᠯ᠎ᠠ ᠪᠠᠷ ᠡᠭᠦᠷᠭᠡ ᠬᠠᠷᠢᠭᠤᠴᠠᠯᠭ᠎ᠠ ᠡᠭᠦᠷᠭᠡᠯᠡᠬᠦ᠌ ᠬᠡᠷᠡᠭ᠌ᠲᠡᠢ᠃ ᠲᠠᠷᠢᠶᠠᠯᠠᠩ ᠮᠠᠯ ᠠᠵᠤ ᠠᠬᠤᠢ ᠶ᠋ᠢᠨ ᠶᠡᠷᠦᠩᠬᠡᠢᠯᠡᠭ᠌ᠰᠡᠨ ᠦᠷ᠎ᠡ ᠠᠱᠢᠭ ᠢ ᠳᠡᠭᠡᠭ᠌ᠰᠢᠯᠡᠭᠦᠯᠵᠦ᠍᠂ ᠲᠠᠷᠢᠶᠠᠯᠠᠩ ᠮᠠᠯ ᠠᠵᠤ ᠠᠬᠤᠢ ᠶ᠋ᠢᠨ ᠬᠦᠭ᠌ᠵᠢᠯᠲᠡ ᠶ᠋ᠢᠨ ᠵᠠᠭ᠍ᠪᠤᠷ ᠲᠤ ᠱᠢᠨ᠎ᠡ ᠶ᠋ᠢ ᠡᠭᠦᠳᠴᠦ᠍᠂ ᠮᠠᠯ ᠲᠠᠷᠢᠶᠠᠯᠠᠩ ᠤᠨ ᠪᠦᠲᠦᠭᠡᠭ᠌ᠳᠡᠬᠦᠨ ᠢ ᠦᠢᠯᠡᠳᠪᠦᠷᠢᠯᠡᠵᠦ᠍ ᠡᠳ᠋ᠱᠢᠭᠦᠯᠬᠦ᠌ ᠰᠠᠭᠤᠷᠢᠨ ᠭᠠᠵᠠᠷ ᠢ ᠬᠦᠭ᠌ᠵᠢᠭᠦᠯᠦᠨ ᠪᠤᠵᠠᠭᠠᠢᠷᠠᠭᠤᠯᠵᠤ᠂ ᠣᠷᠣᠱᠢᠨ ᠰᠠᠭᠤᠵᠤ ᠦᠢᠯᠡᠰ ᠡᠷᠬᠢᠯᠡᠬᠦ᠌ᠳᠦ ᠲᠣᠬᠢᠷᠠᠮᠵᠢᠲᠠᠢ ᠦᠵᠡᠰᠭᠦᠯᠡᠩᠲᠦ ᠰᠠᠢᠬᠠᠨ ᠬᠦᠳᠡᠭᠡ ᠲᠣᠰᠭᠤᠨ ᠢ ᠪᠦᠲᠦᠭᠡᠨ ᠪᠠᠢᠭᠤᠯᠵᠤ᠂ ᠲᠠᠷᠢᠶᠠᠯᠠᠩ ᠢ ᠬᠦᠴᠦᠷᠬᠡᠭ᠌ᠵᠢᠭᠦᠯᠦᠨ ᠲᠠᠷᠢᠶᠠᠴᠢᠳ ᠲᠤ ᠠᠱᠢᠭ ᠬᠦᠷᠲᠡᠭᠡᠵᠦ᠍ ᠲᠠᠷᠢᠶᠠᠴᠢᠳ ᠢ ᠪᠠᠶᠠᠵᠢᠭᠤᠯᠬᠤ ᠲᠥᠷᠥ᠍ ᠶ᠋ᠢᠨ ᠪᠣᠳᠣᠯᠭ᠎ᠠ ᠶ᠋ᠢᠨ ᠦᠢᠯᠡᠳᠦᠯ ᠴᠢᠳᠠᠪᠤᠷᠢ ᠶ᠋ᠢ ᠳᠡᠭᠡᠭ᠌ᠰᠢᠯᠡᠭᠦᠯᠬᠦ᠌ ᠬᠡᠷᠡᠭ᠌ᠲᠡᠢ᠃
ᠪᠦᠭᠦᠳᠡ ᠬᠤᠷᠠᠯ ᠠᠴᠠ ᠳᠤᠷᠠᠳᠭᠤ ᠳᠠᠭᠠᠨ᠂ ᠳᠣᠲᠤᠭᠠᠳᠤ ᠭᠠᠳᠠᠭᠠᠳᠤ ᠲᠠᠢ ᠴᠢᠯᠦᠭᠡᠲᠡᠢ ᠶᠠᠪᠤᠯᠴᠠᠬᠤ ᠬᠠᠮᠲᠤᠷᠠᠯᠴᠠᠭ᠎ᠠ ᠶ᠋ᠢ ᠦᠷᠭᠦᠯᠵᠢᠯᠡᠨ ᠦᠷᠭᠡᠳᠭᠡᠬᠦ᠌ ᠬᠡᠷᠡᠭ᠌ᠲᠡᠢ᠃ ᠤᠯᠤᠰ ᠤᠨ ᠪᠠᠷᠠᠭᠠᠨ ᠤ ᠭᠦᠢᠯᠭᠡᠭᠡᠨ ᠦ ᠬᠦᠢᠰᠦ ᠶ᠋ᠢᠨ ᠳᠠᠭᠠᠭᠠᠭ᠍ᠴᠢ ᠬᠣᠲᠠ ᠶ᠋ᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠣᠷᠣᠨ ᠪᠠᠢᠷᠢ ᠶ᠋ᠢᠨ ᠳᠠᠪᠠᠭᠤᠯᠢᠭ ᠢ ᠶᠡᠬᠡᠰᠭᠡᠵᠦ᠍᠂ ᠳᠣᠳᠣᠭᠠᠳᠤ ᠭᠠᠳᠠᠭᠠᠳᠤ ᠠᠷᠠᠯᠵᠢᠶ᠎ᠠ ᠶ᠋ᠢ ᠨᠢᠭᠡ ᠴᠣᠭ᠍ᠴᠠᠵᠢᠭᠤᠯᠤᠨ ᠬᠦᠭ᠌ᠵᠢᠭᠦᠯᠬᠦ᠌ ᠶ᠋ᠢ ᠠᠬᠢᠭᠤᠯᠤᠨ᠂ ᠨᠡᠭᠡᠭᠡᠯᠲᠡᠲᠦ ᠬᠡᠯᠪᠡᠷᠢ ᠶ᠋ᠢᠨ ᠠᠵᠤ ᠠᠬᠤᠢ ᠶ᠋ᠢᠨ ᠬᠦᠭ᠌ᠵᠢᠯᠲᠡ ᠶ᠋ᠢᠨ ᠬᠢᠷᠢ ᠬᠡᠮᠵᠢᠶ᠎ᠡ ᠶ᠋ᠢ ᠳᠡᠭᠡᠭ᠌ᠰᠢᠯᠡᠭᠦᠯᠵᠦ᠍᠂ ᠤᠮᠠᠷᠠᠰᠢ ᠨᠡᠭᠡᠭᠡᠯᠲᠡ ᠬᠢᠬᠦ᠌ ᠬᠦᠭᠦᠷᠭᠡᠨ ᠪᠡᠬᠢᠯᠡᠯᠲᠡ ᠶ᠋ᠢᠨ ᠴᠢᠬᠤᠯᠠ ᠪᠠᠢᠯᠳᠤᠬᠤ ᠪᠣᠳᠣᠯᠭ᠎ᠠ ᠶ᠋ᠢᠨ ᠲᠤᠯᠬᠤ ᠴᠡᠭ ᠢ ᠲᠦᠷᠭᠡᠳᠭᠡᠨ ᠪᠠᠢᠭᠤᠯᠬᠤ ᠬᠡᠷᠡᠭ᠌ᠲᠡᠢ᠃ ᠪᠣᠭᠣᠮᠲᠠ ᠶ᠋ᠢᠨ ᠨᠡᠭᠡᠭᠡᠯᠲᠡ ᠶ᠋ᠢᠨ ᠴᠢᠳᠠᠪᠤᠷᠢ ᠶ᠋ᠢᠨ ᠳᠡᠰ ᠢ ᠳᠡᠭᠡᠭ᠌ᠰᠢᠯᠡᠭᠦᠯᠵᠦ᠍᠂ ᠭᠠᠳᠠᠭᠠᠳᠤ ᠰᠣᠯᠢᠯᠴᠠᠭ᠎ᠠ ᠶ᠋ᠢ ᠦᠷᠭᠡᠳᠭᠡᠵᠦ᠍᠂ ᠳᠣᠳᠣᠭᠠᠳᠤ ᠬᠠᠮᠲᠤᠷᠠᠯᠴᠠᠭ᠎ᠠ ᠪᠠᠨ ᠭᠦᠨᠵᠡᠭᠡᠢᠷᠡᠭᠦᠯᠬᠦ᠌ ᠬᠡᠷᠡᠭ᠌ᠲᠡᠢ᠃
ᠪᠦᠭᠦᠳᠡ ᠬᠤᠷᠠᠯ ᠠᠴᠠ ᠳᠤᠷᠠᠳᠭᠤ ᠳᠠᠭᠠᠨ᠂ ᠣᠷᠣᠨ ᠨᠤᠲᠤᠭ ᠤᠨ ᠣᠨᠴᠠᠯᠢᠭ ᠪᠦᠬᠦᠢ ᠣᠳᠣᠬᠢᠴᠢᠯᠠᠭ᠍ᠰᠠᠨ ᠠᠵᠤ ᠦᠢᠯᠡᠰ ᠦᠨ ᠱᠢᠰᠲᠸᠮᠵᠢ ᠶ᠋ᠢ ᠲᠦᠷᠭᠡᠪᠴᠢᠯᠡᠨ ᠪᠠᠢᠭᠤᠯᠬᠤ ᠬᠡᠷᠡᠭ᠌ᠲᠡᠢ᠃ ᠣᠶᠣᠨᠴᠢᠯᠠᠬᠤ᠂ ᠪᠣᠬᠢᠷᠲᠤᠯ ᠦᠭᠡᠢᠵᠢᠭᠦᠯᠬᠦ᠌᠂ ᠠᠭᠤᠰᠤᠯᠴᠠᠭᠤᠯᠬᠤ ᠴᠢᠭ᠌ᠯᠡᠯ ᠢ ᠪᠠᠷᠢᠮᠲᠠᠯᠠᠵᠤ᠂ ᠮᠢᠩᠭᠠᠨ ᠳ᠋ᠦᠩᠱᠢᠭᠤᠷ ᠲᠥᠭᠦᠷᠢᠭ ᠦᠨ ᠳᠡᠰ ᠦᠨ ᠪᠦᠬᠦ᠌ ᠠᠵᠤ ᠦᠢᠯᠡᠰ ᠦᠨ ᠬᠡᠯᠬᠢᠶ᠎ᠡ᠂ ᠵᠠᠭᠤᠨ ᠳ᠋ᠦᠩᠱᠢᠭᠤᠷ ᠲᠥᠭᠥᠷᠢᠭ ᠦᠨ ᠳᠡᠰ ᠦᠨ ᠬᠡᠪᠴᠢᠶᠡᠵᠢᠯ ᠡᠴᠡ ᠳᠡᠭᠡᠭ᠌ᠰᠢᠬᠢ ᠠᠵᠤ ᠠᠬᠤᠢ᠍ᠯᠠᠯ᠂ ᠳ᠋ᠦᠩᠱᠢᠭᠤᠷ ᠲᠥᠭᠥᠷᠢᠭ ᠦᠨ ᠳᠡᠰ ᠦᠨ ᠳᠤᠮᠳᠠ ᠪᠠᠭ᠎ᠠ ᠠᠵᠤ ᠠᠬᠤᠢ᠍ᠯᠠᠯ ᠢ ᠱᠠᠲᠤᠯᠠᠨ ᠪᠣᠢᠵᠢᠭᠤᠯᠬᠤ ᠢᠨᠵᠸᠨ᠋ᠸᠷᠢᠩ ᠢ ᠬᠡᠷᠡᠭ᠌ᠵᠢᠭᠦᠯᠵᠦ᠍᠂ ᠣᠨᠴᠠᠯᠢᠭ᠍ᠲᠤ ᠲᠤᠯᠭᠠᠭᠤᠷᠢ ᠠᠵᠤ ᠦᠢᠯᠡᠰ ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠬᠦ᠌ ᠬᠡᠷᠡᠭ᠌ᠲᠡᠢ᠃ ᠠᠵᠤ ᠦᠢᠯᠡᠰ ᠦᠨ ᠬᠡᠯᠪᠡᠷᠢ ᠪᠡᠨ ᠬᠤᠪᠢᠷᠠᠭᠤᠯᠤᠨ ᠳᠡᠰ ᠳᠡᠪᠱᠢᠬᠦ᠌ ᠶ᠋ᠢ ᠠᠬᠢᠭᠤᠯᠵᠤ᠂ ᠭᠠᠵᠠᠷ ᠣᠷᠣᠨ ᠤ ᠪᠠᠢᠳᠠᠯ ᠳᠠᠭᠠᠨ ᠲᠣᠬᠢᠷᠠᠭᠤᠯᠤᠨ ᠱᠢᠨ᠎ᠡ ᠴᠢᠨᠠᠷ ᠤᠨ ᠦᠢᠯᠡᠳᠪᠦᠷᠢᠯᠡᠯ ᠦᠨ ᠬᠦᠴᠦᠨ ᠢ ᠬᠦᠭ᠌ᠵᠢᠭᠦᠯᠵᠦ᠍᠂ ᠣᠳᠣᠬᠢᠴᠢᠯᠠᠭ᠍ᠰᠠᠨ ᠰᠠᠭᠤᠷᠢ ᠲᠥᠬᠦᠭᠡᠷᠦᠮᠵᠢ ᠶ᠋ᠢᠨ ᠪᠦᠲᠦᠭᠡᠨ ᠪᠠᠢᠭᠤᠯᠤᠯᠲᠠ ᠶ᠋ᠢ ᠲᠦᠷᠭᠡᠳᠭᠡᠬᠦ᠌ ᠬᠡᠷᠡᠭ᠌ᠲᠡᠢ᠃
ᠪᠦᠭᠦᠳᠡ ᠬᠤᠷᠠᠯ ᠠᠴᠠ ᠳᠤᠷᠠᠳᠭᠤ ᠳᠠᠭᠠᠨ᠂ ᠱᠢᠨ᠎ᠡ ᠶ᠋ᠢ ᠡᠭᠦᠳᠬᠦ᠌ ᠪᠡᠷ ᠬᠦᠳᠡᠯᠭᠡᠭᠦᠷ ᠪᠣᠯᠭᠠᠬᠤ ᠶ᠋ᠢ ᠳᠣᠪᠣᠢᠯᠭᠠᠨ ᠬᠦᠭ᠌ᠵᠢᠯᠲᠡ ᠶ᠋ᠢᠨ ᠦᠷᠢᠰᠦᠯᠳᠦᠬᠦ᠌ ᠬᠦᠴᠦᠨ ᠢ ᠴᠢᠩᠭᠠᠷᠠᠭᠤᠯᠬᠤ ᠬᠡᠷᠡᠭ᠌ᠲᠡᠢ᠃ ᠣᠳᠣᠬᠢᠴᠢᠯᠠᠬᠤ ᠪᠦᠲᠦᠭᠡᠨ ᠪᠠᠢᠭᠤᠯᠤᠯᠲᠠ ᠶ᠋ᠢᠨ ᠪᠦᠬᠦ᠌ ᠲᠠᠯ᠎ᠠ ᠳᠠᠬᠢ ᠱᠢᠨ᠎ᠡ ᠶ᠋ᠢ ᠡᠭᠦᠳᠬᠦ᠌ ᠶ᠋ᠢᠨ ᠭᠣᠣᠯᠯᠠᠬᠤ ᠪᠠᠢᠷᠢ ᠰᠠᠭᠤᠷᠢ ᠶ᠋ᠢ ᠪᠠᠷᠢᠮᠲᠠᠯᠠᠵᠤ᠂ ᠱᠢᠨᠵᠢᠯᠡᠬᠦ᠌ ᠤᠬᠠᠭᠠᠨ ᠮᠡᠷᠭᠡᠵᠢᠯ ᠦᠨ ᠳᠤᠲᠠᠭᠤᠳᠠᠯ ᠢ ᠲᠦᠷᠭᠡᠪᠴᠢᠯᠡᠨ ᠨᠦᠬᠦᠪᠦᠷᠢᠯᠡᠵᠦ᠍᠂ ᠱᠢᠨᠵᠢᠯᠡᠬᠦ᠌ ᠤᠬᠠᠭᠠᠨ ᠮᠡᠷᠭᠡᠵᠢᠯ ᠦᠨ ᠱᠢᠨ᠎ᠡ ᠶ᠋ᠢ ᠡᠭᠦᠳᠬᠦ᠌ ᠪᠡᠷ ᠤᠳᠤᠷᠢᠳᠤᠮᠵᠢ ᠪᠣᠯᠭᠠᠵᠤ᠂ ᠬᠦᠭ᠌ᠵᠢᠯᠲᠡ ᠶ᠋ᠢᠨ ᠱᠢᠨ᠎ᠡ ᠬᠦᠳᠡᠯᠭᠡᠭ᠌ᠴᠢ ᠡᠨ᠋ᠸᠷᠭᠢ ᠶ᠋ᠢᠨ ᠱᠢᠨ᠎ᠡ ᠳᠠᠪᠠᠭᠤᠯᠢᠭ ᠢ ᠲᠠᠰᠤᠷᠠᠯᠲᠠ ᠦᠭᠡᠢ ᠪᠤᠢ ᠪᠣᠯᠭᠠᠬᠤ ᠬᠡᠷᠡᠭ᠌ᠲᠡᠢ᠃ ᠰᠤᠷᠭᠠᠨ ᠬᠦᠮᠦᠵᠢᠯ ᠱᠢᠨᠵᠢᠯᠡᠬᠦ᠌ ᠤᠬᠠᠭᠠᠨ ᠮᠡᠷᠭᠡᠵᠢᠯ ᠦᠨ ᠴᠢᠳᠠᠪᠤᠷᠢᠲᠠᠨ ᠤ ᠬᠦᠭ᠌ᠵᠢᠯᠲᠡ ᠶ᠋ᠢ ᠨᠢᠭᠡ ᠴᠣᠭ᠍ᠴᠠᠵᠢᠭᠤᠯᠤᠨ ᠠᠬᠢᠭᠤᠯᠵᠤ᠂ ᠱᠢᠨᠵᠢᠯᠡᠬᠦ᠌ ᠤᠬᠠᠭᠠᠨ ᠮᠡᠷᠭᠡᠵᠢᠯ ᠦᠨ ᠱᠢᠨ᠎ᠡ ᠶ᠋ᠢ ᠡᠭᠦᠳᠬᠦ᠌ ᠲᠠᠪᠴᠠᠩ ᠢ ᠪᠠᠢᠭᠤᠯᠤᠨ ᠬᠦᠴᠦᠷᠬᠡᠭ᠌ᠵᠢᠭᠦᠯᠵᠦ᠍ ᠰᠠᠢᠲᠤᠷ ᠬᠡᠷᠡᠭ᠌ᠯᠡᠵᠦ᠍᠂ ᠦᠢᠯᠡᠳᠪᠦᠷᠢᠯᠡᠬᠦ᠌ ᠵᠢᠭᠠᠬᠤ ᠰᠤᠳᠤᠯᠬᠤ ᠬᠡᠷᠡᠭ᠌ᠯᠡᠬᠦ᠌ᠶ᠋ᠢ ᠨᠡᠪᠲᠡᠷᠡᠭᠦᠯᠦᠨ ᠵᠣᠯᠭᠠᠭᠤᠯᠬᠤ ᠶ᠋ᠢ ᠠᠬᠢᠭᠤᠯᠬᠤ ᠬᠡᠷᠡᠭ᠌ᠲᠡᠢ᠃
ᠪᠦᠭᠦᠳᠡ ᠬᠤᠷᠠᠯ ᠠᠴᠠ ᠳᠤᠷᠠᠳᠭᠤ ᠳᠠᠭᠠᠨ᠂ ᠪᠦᠬᠦ᠌ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠲᠦ ᠦᠢᠯᠡᠴᠢᠯᠡᠬᠦ᠌ ᠳᠦ ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ ᠬᠡᠷᠡᠭ᠌ᠲᠡᠢ᠃ 《 ᠲᠠᠪᠤ ᠶ᠋ᠢ ᠨᠢᠭᠡᠳᠭᠡᠬᠦ᠌᠂ ᠨᠢᠭᠡ ᠳᠦ ᠨᠡᠭᠡᠭᠡᠯᠲᠡ ᠬᠢᠬᠦ᠌ 》 ᠦᠨᠳᠦᠰᠦᠨ ᠱᠠᠭᠠᠷᠳᠠᠯᠭ᠎ᠠ ᠶ᠋ᠢ ᠪᠦᠬᠦ᠌ ᠲᠠᠯ᠎ᠠ ᠨᠠᠢᠳᠠᠪᠤᠷᠢᠵᠢᠭᠤᠯᠵᠤ᠂ ᠠᠵᠤ ᠦᠢᠯᠡᠰ ᠦᠨ ᠬᠡᠯᠬᠢᠶ᠎ᠡ᠂ ᠱᠢᠨ᠎ᠡ ᠶ᠋ᠢ ᠡᠭᠦᠳᠬᠦ᠌ ᠬᠡᠯᠬᠢᠶ᠎ᠡ᠂ ᠬᠠᠩᠭᠠᠯᠭ᠎ᠠ ᠶ᠋ᠢᠨ ᠬᠡᠯᠬᠢᠶ᠎ᠡ᠂ ᠪᠠᠷᠠᠭᠠᠨ ᠤ ᠭᠦᠢᠯᠭᠡᠭᠡᠨ ᠦ ᠬᠡᠯᠬᠢᠶ᠎ᠡ᠂ ᠦᠷᠲᠡᠭ ᠦᠨ ᠬᠡᠯᠬᠢᠶ᠎ᠡ ᠶ᠋ᠢ ᠤᠯᠤᠰ ᠤᠨ ᠳᠣᠳᠤᠭᠠᠳᠤ ᠶ᠋ᠢᠨ ᠵᠠᠬ᠎ᠠ ᠳᠡᠯᠭᠡᠭᠦᠷ ᠲᠠᠢ ᠪᠦᠬᠦ᠌ ᠲᠠᠯ᠎ᠠ ᠪᠠᠷ ᠵᠣᠯᠭᠠᠭᠤᠯᠬᠤ᠂ ᠭᠦᠨᠵᠡᠭᠡᠢ ᠠᠭᠤᠰᠤᠯᠴᠠᠭᠤᠯᠬᠤ ᠶ᠋ᠢ ᠲᠦᠯᠬᠢᠨ ᠠᠬᠢᠭᠤᠯᠵᠤ᠂ ᠬᠣᠲᠠ ᠶ᠋ᠢᠨ ᠬᠡᠪᠴᠢᠶᠡᠨ ᠦ ᠠᠵᠤ ᠠᠬᠤᠢ ᠶ᠋ᠢᠨ ᠬᠦᠭ᠌ᠵᠢᠯᠲᠡ ᠶ᠋ᠢᠨ ᠤᠶᠠᠨ ᠬᠠᠳᠠᠨ ᠴᠢᠨᠠᠷ ᠪᠠ ᠠᠶᠤᠯ ᠲᠦᠭ᠌ᠰᠢᠭᠦᠷᠢ ᠶ᠋ᠢ ᠡᠰᠡᠷᠭᠦᠴᠡᠬᠦ᠌ ᠴᠢᠳᠠᠪᠤᠷᠢ ᠶ᠋ᠢ ᠳᠡᠭᠡᠭ᠌ᠰᠢᠯᠡᠭᠦᠯᠬᠦ᠌ ᠬᠡᠷᠡᠭ᠌ᠲᠡᠢ᠃ ᠬᠤᠳᠠᠯᠳᠤᠭᠠᠴᠢᠨ ᠤᠷᠢᠵᠤ ᠲᠥᠷᠥᠯ ᠵᠦᠢᠯ ᠢ ᠠᠳᠭᠤᠬᠤ ᠶ᠋ᠢ ᠡᠷᠡᠰ ᠭᠤᠢ᠍ᠪᠢᠰᠢ ᠦᠭᠡᠢ ᠪᠡᠷ ᠶᠡᠬᠡᠪᠡᠷ ᠠᠳᠭᠤᠵᠤ᠂ ᠡᠬᠢ ᠪᠠᠶᠠᠯᠢᠭ ᠤᠨ ᠡᠯᠸᠮᠸᠨ᠋ᠲ ᠦᠨ ᠲᠣᠬᠢᠷᠠᠭᠤᠯᠤᠯᠲᠠ ᠶ᠋ᠢ ᠱᠢᠯᠢᠳᠡᠭ᠌ᠵᠢᠭᠦᠯᠵᠦ᠍᠂ ᠬᠡᠷᠡᠭ᠌ᠯᠡᠭᠡᠨ ᠦ ᠵᠠᠬ᠎ᠠ ᠳᠡᠯᠭᠡᠭᠦᠷ ᠦᠨ ᠠᠮᠢᠵᠢᠷᠠᠯ ᠤᠨ ᠬᠦᠴᠦᠨ ᠢ ᠬᠦᠭ᠌ᠵᠢᠭᠡᠬᠦ᠌ ᠬᠡᠷᠡᠭ᠌ᠲᠡᠢ᠃
ᠪᠦᠭᠦᠳᠡ ᠬᠤᠷᠠᠯ ᠠᠴᠠ ᠳᠤᠷᠠᠳᠭᠤ ᠳᠠᠭᠠᠨ᠂ ᠡᠷᠬᠡ ᠲᠡᠭ᠌ᠰᠢ ᠲᠥᠪ ᠭᠣᠣᠯᠴᠢ ᠨᠡᠩ ᠢᠯᠡᠭᠦᠦ ᠠᠮᠢᠵᠢᠷᠠᠯ ᠤᠨ ᠬᠦᠴᠦᠨ ᠲᠠᠢ ᠵᠠᠬ᠎ᠠ ᠳᠡᠯᠭᠡᠭᠦᠷ ᠦᠨ ᠣᠷᠴᠢᠨ ᠨᠦᠬᠦᠴᠡᠯ ᠢ ᠪᠤᠢ ᠪᠣᠯᠭᠠᠬᠤ ᠬᠡᠷᠡᠭ᠌ᠲᠡᠢ᠃ ᠠᠵᠤ ᠠᠬᠤᠢ ᠶ᠋ᠢᠨ ᠪᠠᠢᠭᠤᠯᠤᠯ ᠤᠨ ᠦᠭᠡᠷᠡᠴᠢᠯᠡᠯᠲᠡ ᠪᠡᠷ ᠬᠦᠲᠦᠯᠦᠮᠵᠢ ᠪᠣᠯᠭᠠᠬᠤ ᠶ᠋ᠢ ᠪᠠᠷᠢᠮᠲᠠᠯᠠᠵᠤ᠂ ᠭᠣᠣᠯᠳᠠᠯᠭ᠎ᠠ ᠲᠠᠢ ᠬᠦᠷᠢᠶᠡᠨ ᠦ ᠦᠭᠡᠷᠡᠴᠢᠯᠡᠯᠲᠡ ᠶ᠋ᠢ ᠭᠦᠨᠵᠡᠭᠡᠢᠷᠡᠭᠦᠯᠵᠦ᠍᠂ ᠡᠬᠢ ᠪᠠᠶᠠᠯᠢᠭ ᠤᠨ ᠲᠣᠬᠢᠷᠠᠭᠤᠯᠤᠯᠲᠠ ᠶ᠋ᠢᠨ ᠠᠱᠢᠭ᠍ᠯᠠᠮᠵᠢ ᠦᠷ᠎ᠡ ᠠᠱᠢᠭ ᠢ ᠳᠡᠭᠡᠭ᠌ᠰᠢᠯᠡᠭᠦᠯᠵᠦ᠍᠂ ᠴᠢᠨᠠᠷ ᠰᠠᠢᠲᠠᠢ ᠬᠦᠭ᠌ᠵᠢᠯᠲᠡ ᠶ᠋ᠢᠨ ᠬᠦᠳᠡᠯᠭᠡᠬᠦ᠌ ᠬᠦᠴᠦᠨ ᠠᠮᠢᠵᠢᠷᠠᠯ ᠤᠨ ᠬᠦᠴᠦᠨ ᠢ ᠦᠷᠭᠦᠯᠵᠢᠯᠡᠨ ᠴᠢᠩᠭᠠᠷᠠᠭᠤᠯᠬᠤ ᠬᠡᠷᠡᠭ᠌ᠲᠡᠢ᠃ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ ᠢ ᠪᠦᠬᠦ᠌ ᠲᠠᠯ᠎ᠠ ᠪᠠᠷ ᠱᠢᠯᠢᠳᠡᠭ᠌ᠵᠢᠭᠦᠯᠵᠦ᠍᠂ ᠡᠵᠡᠩᠨᠡᠯᠲᠡ ᠶ᠋ᠢᠨ ᠭᠣᠣᠯ ᠴᠣᠭ᠍ᠴᠠ ᠶ᠋ᠢᠨ ᠠᠮᠢᠵᠢᠷᠠᠯ ᠤᠨ ᠬᠦᠴᠦᠨ ᠢ ᠨᠡᠮᠡᠭ᠌ᠳᠡᠭᠦᠯᠵᠦ᠍᠂ ᠡᠳ᠋ ᠦᠨ ᠵᠠᠰᠠᠭ ᠮᠦᠩᠭᠦᠨ ᠭᠦᠢᠯᠭᠡᠭᠡᠨ ᠦ ᠬᠦᠷᠢᠶᠡᠨ ᠦ ᠦᠭᠡᠷᠡᠴᠢᠯᠡᠯᠲᠡ ᠶ᠋ᠢ ᠭᠦᠨᠵᠡᠭᠡᠢᠷᠡᠭᠦᠯᠬᠦ᠌ ᠬᠡᠷᠡᠭ᠌ᠲᠡᠢ᠃
ᠪᠦᠭᠦᠳᠡ ᠬᠤᠷᠠᠯ ᠠᠴᠠ ᠳᠤᠷᠠᠳᠭᠤ ᠳᠠᠭᠠᠨ᠂ ᠠᠭᠤᠰᠤᠯᠴᠠᠭᠤᠯᠤᠨ ᠬᠦᠭ᠌ᠵᠢᠭᠦᠯᠬᠦ᠌ ᠠᠵᠤ ᠠᠬᠤᠢ ᠶ᠋ᠢᠨ ᠪᠠᠢᠷᠢᠱᠢᠯ ᠪᠠ ᠣᠷᠣᠨ ᠪᠦᠰᠡ ᠶ᠋ᠢᠨ ᠪᠠᠢᠷᠢᠱᠢᠯ ᠢ ᠲᠦᠷᠭᠡᠪᠴᠢᠯᠡᠨ ᠪᠠᠢᠭᠤᠯᠬᠤ ᠬᠡᠷᠡᠭ᠌ᠲᠡᠢ᠃ ᠡᠬᠢ ᠪᠠᠶᠠᠯᠢᠭ ᠢ ᠱᠢᠯᠢᠳᠡᠭ᠌ᠵᠢᠭᠦᠯᠬᠦ᠌᠂ ᠠᠵᠤ ᠦᠢᠯᠡᠰ ᠢ ᠬᠣᠯᠪᠣᠯᠳᠤᠭᠤᠯᠬᠤ᠂ ᠣᠷᠣᠨ ᠪᠦᠰᠡ ᠶ᠋ᠢ ᠬᠠᠮᠵᠢᠯᠴᠠᠭᠤᠯᠬᠤ ᠶ᠋ᠢ ᠨᠢᠭᠡᠳᠦᠯᠲᠡᠢ ᠲᠦᠯᠦᠪᠵᠢᠭᠦᠯᠵᠦ᠍᠂ ᠭᠠᠵᠠᠷ ᠣᠷᠣᠨ᠂ ᠠᠵᠤ ᠦᠢᠯᠡᠰ ᠦᠨ ᠵᠠᠭᠠᠭ ᠬᠢᠵᠠᠭᠠᠷ ᠢ ᠡᠪᠳᠡᠵᠦ᠍᠂ ᠪᠦᠲᠦᠴᠡ ᠶ᠋ᠢ ᠴᠢᠨᠠᠭ᠍ᠰᠢᠳᠠ ᠱᠢᠯᠢᠳᠡᠭ᠌ᠵᠢᠭᠦᠯᠦᠨ᠂ ᠡᠵᠡᠩᠨᠡᠯᠲᠡ ᠶ᠋ᠢᠨ ᠬᠡᠯᠪᠡᠷᠢ ᠪᠠᠢᠳᠠᠯ ᠢ ᠴᠢᠨᠠᠭ᠍ᠰᠢᠳᠠ ᠱᠢᠨᠡᠴᠢᠯᠡᠵᠦ᠍᠂ ᠠᠮᠢᠵᠢᠷᠠᠯ ᠤᠨ ᠬᠦᠴᠦᠨ ᠢ ᠬᠦᠭ᠌ᠵᠢᠭᠡᠵᠦ᠍᠂ ᠬᠠᠷᠢᠯᠴᠠᠨ ᠠᠭᠤᠰᠤᠯᠴᠠᠵᠤ ᠬᠠᠷᠢᠯᠴᠠᠨ ᠬᠦᠭ᠌ᠵᠢᠬᠦ᠌᠂ ᠵᠣᠬᠢᠴᠠᠩᠭᠤᠢ ᠪᠠᠷ ᠬᠦᠭ᠌ᠵᠢᠬᠦ᠌ ᠱᠢᠨ᠎ᠡ ᠪᠠᠢᠳᠠᠯ ᠱᠢᠨ᠎ᠡ ᠪᠠᠢᠷᠢᠱᠢᠯ ᠢ ᠢᠳᠡᠪᠬᠢᠲᠡᠢ ᠪᠡᠷ ᠪᠤᠢ ᠪᠣᠯᠭᠠᠬᠤ ᠬᠡᠷᠡᠭ᠌ᠲᠡᠢ᠃ ᠭᠤᠷᠪᠠᠨ ᠠᠵᠤ ᠦᠢᠯᠡᠰ ᠦᠨ ᠠᠭᠤᠰᠤᠯᠴᠠᠯ ᠢ ᠭᠦᠨᠵᠡᠭᠡᠢᠷᠡᠭᠦᠯᠬᠦ᠌ ᠬᠡᠷᠡᠭ᠌ᠲᠡᠢ᠃
ᠪᠦᠭᠦᠳᠡ ᠬᠤᠷᠠᠯ ᠠᠴᠠ ᠳᠤᠷᠠᠳᠭᠤ ᠳᠠᠭᠠᠨ᠂ ᠰᠣᠶᠣᠯ ᠢᠶᠠᠷ ᠬᠣᠲᠠ ᠪᠠᠨ ᠬᠦᠴᠦᠷᠬᠡᠭ᠌ᠵᠢᠭᠦᠯᠬᠦ᠌ ᠪᠠᠢᠭᠤᠯᠤᠯᠲᠠ ᠶ᠋ᠢ ᠯᠠᠪᠳᠠᠭᠤᠨ ᠢᠶᠠᠷ ᠲᠦᠯᠬᠢᠨ ᠠᠬᠢᠭᠤᠯᠬᠤ ᠬᠡᠷᠡᠭ᠌ᠲᠡᠢ᠃ ᠪᠣᠷᠣᠲᠣᠬᠣᠢ ᠰᠣᠶᠣᠯ ᠤᠨ ᠠᠭᠤᠯᠤᠭ᠍ᠳᠠᠬᠤᠨ ᠢ ᠭᠦᠨ ᠠᠭᠤᠳᠠᠯᠵᠤ᠂ ᠰᠤᠳᠤᠯᠤᠨ ᠲᠠᠢᠯᠪᠤᠷᠢᠯᠠᠬᠤ᠂ ᠤᠬᠠᠭᠤᠯᠤᠨ ᠳᠡᠯᠭᠡᠷᠡᠭᠦᠯᠬᠦ᠌᠂ ᠰᠣᠳᠣᠨ ᠪᠦᠲᠦᠭᠡᠯ ᠢ ᠵᠣᠬᠢᠶᠠᠨ ᠪᠦᠲᠦᠭᠡᠬᠦ᠌᠂ ᠦᠪ ᠬᠦᠷᠦᠩᠭᠡ ᠶ᠋ᠢ ᠬᠠᠮᠠᠭᠠᠯᠠᠬᠤ᠂ ᠰᠡᠳᠭᠢᠯ ᠢ ᠳᠤᠯᠠᠭᠠᠴᠠᠭᠤᠯᠤᠨ ᠠᠷᠠᠳ ᠲᠤ ᠠᠱᠢᠭ ᠬᠦᠷᠲᠡᠭᠡᠬᠦ᠌᠂ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠵᠡᠷᠭᠡ ᠠᠵᠢᠯ ᠢ ᠰᠠᠢᠲᠤᠷ ᠬᠢᠵᠦ᠍᠂ ᠰᠣᠶᠣᠯ ᠤᠨ ᠬᠦᠴᠦᠨ ᠢᠶᠡᠷ ᠬᠦᠮᠦᠰ ᠦᠨ ᠰᠡᠳᠭᠢᠯ ᠢ ᠨᠢᠭ᠍ᠲᠠᠷᠠᠭᠤᠯᠤᠨ᠂ ᠠᠷᠠᠳ ᠤᠨ ᠰᠡᠳᠭᠢᠯ ᠢ ᠳᠤᠯᠠᠭᠠᠴᠠᠭᠤᠯᠵᠤ᠂ ᠢᠲᠡᠭᠡᠯ ᠵᠣᠷᠢᠭ ᠢ ᠪᠠᠲᠤᠳᠭᠠᠨ᠂ ᠣᠳᠣᠬᠢᠴᠢᠯᠠᠬᠤ ᠪᠦᠲᠦᠭᠡᠨ ᠪᠠᠢᠭᠤᠯᠤᠯᠲᠠ ᠶ᠋ᠢ ᠠᠬᠢᠭᠤᠯᠬᠤᠳᠦ ᠬᠦᠴᠦᠷᠬᠡᠭ ᠶᠡᠬᠡ ᠣᠶᠣᠨ ᠰᠠᠨᠠᠭᠠᠨ ᠤ ᠬᠦᠴᠦᠨ ᠴᠢᠳᠠᠯ ᠢ ᠨᠡᠮᠡᠷᠢᠯᠡᠬᠦ᠌ ᠬᠡᠷᠡᠭ᠌ᠲᠡᠢ᠃ ᠨᠡᠢᠭᠡᠮ ᠵᠢᠷᠤᠮ ᠤᠨ ᠭᠣᠣᠯᠯᠠᠭ᠍ᠴᠢ ᠦᠷᠲᠡᠭ ᠦᠨ ᠦᠵᠡᠯᠲᠡ ᠶ᠋ᠢ ᠭᠦᠨᠵᠡᠭᠡᠢ ᠦᠢᠯᠡᠳᠦᠯᠭᠡᠵᠢᠭᠦᠯᠵᠦ᠍᠂ ᠣᠯᠠᠨ ᠨᠡᠢᠲᠡ ᠶ᠋ᠢᠨ ᠰᠣᠶᠣᠯ ᠤᠨ ᠦᠢᠯᠡᠴᠢᠯᠡᠭᠡᠨ ᠦ ᠬᠠᠩᠭᠠᠯᠭ᠎ᠠ ᠶ᠋ᠢ ᠪᠠᠶᠠᠯᠢᠭ᠍ᠵᠢᠭᠤᠯᠵᠤ᠂ ᠰᠣᠶᠣᠯ ᠤᠨ ᠠᠵᠤ ᠦᠢᠯᠡᠰ ᠢ ᠴᠡᠴᠡᠭ᠌ᠯᠡᠭᠦᠯᠦᠨ ᠬᠦᠭ᠌ᠵᠢᠭᠦᠯᠵᠦ᠍᠂ ᠪᠦᠬᠦ᠌ ᠤᠯᠤᠰ ᠤᠨ ᠪᠣᠯᠪᠠᠰᠤᠨ ᠬᠣᠲᠠ ᠶ᠋ᠢ ᠴᠢᠷᠮᠠᠢᠨ ᠪᠠᠢᠭᠤᠯᠬᠤ ᠬᠡᠷᠡᠭ᠌ᠲᠡᠢ᠃
ᠪᠦᠭᠦᠳᠡ ᠬᠤᠷᠠᠯ ᠠᠴᠠ ᠳᠤᠷᠠᠳᠭᠤ ᠳᠠᠭᠠᠨ᠂ ᠠᠷᠠᠳ ᠣᠯᠠᠨ ᠤ ᠰᠠᠢᠨ ᠰᠠᠢᠬᠠᠨ ᠠᠮᠢᠳᠤᠷᠠᠯ ᠤᠨ ᠬᠡᠷᠡᠭ᠌ᠴᠡᠭᠡ ᠶ᠋ᠢ ᠲᠠᠰᠤᠷᠤᠯᠲᠠ ᠦᠭᠡᠢ ᠬᠠᠩᠭᠠᠬᠤ ᠬᠡᠷᠡᠭ᠌ᠲᠡᠢ᠃ ᠠᠷᠠᠳ ᠲᠦᠮᠡᠨ ᠢᠶᠡᠷ ᠭᠣᠣᠯ ᠪᠣᠯᠭᠠᠬᠤ ᠬᠦᠭ᠌ᠵᠢᠯᠲᠡ ᠶ᠋ᠢᠨ ᠦᠵᠡᠯ ᠰᠠᠨᠠᠭ᠎ᠠ ᠶ᠋ᠢ ᠪᠠᠷᠢᠮᠲᠠᠯᠠᠵᠤ᠂ ᠴᠢᠳᠠᠯ ᠤᠨ ᠬᠢᠷᠢ ᠪᠡᠷ ᠢᠶᠡᠨ ᠴᠢᠷᠮᠠᠢᠵᠤ᠂ ᠴᠢᠳᠠᠯ ᠤᠨ ᠢᠶᠠᠨ ᠬᠢᠷᠢ ᠪᠡᠷ ᠬᠢᠵᠦ᠍᠂ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠦᠲᠦᠭᠡᠨ ᠪᠠᠢᠭᠤᠯᠤᠯᠲᠠ ᠶ᠋ᠢ ᠴᠢᠩᠭᠠᠳᠭᠠᠵᠤ᠂ ᠣᠳᠣᠬᠢᠴᠢᠯᠠᠯᠲᠠ ᠶ᠋ᠢᠨ ᠪᠦᠲᠦᠭᠡᠨ ᠪᠠᠢᠭᠤᠯᠤᠯᠲᠠ ᠶ᠋ᠢᠨ ᠦᠷ᠎ᠡ ᠪᠦᠲᠦᠭᠡᠯ ᠢ ᠦᠨᠳᠦᠰᠦᠲᠡᠨ ᠨᠦ᠍ᠭᠦᠳ ᠦᠨ ᠣᠯᠠᠨ ᠲᠦᠮᠡᠨ ᠳᠦ ᠨᠡᠩ ᠢᠯᠡᠭᠦᠦ ᠨᠡᠩ ᠭᠣᠣᠯᠴᠢ ᠪᠠᠷ ᠬᠦᠷᠲᠡᠭᠡᠵᠦ᠍᠂ ᠬᠠᠮᠲᠤ ᠪᠠᠷ ᠪᠠᠶᠠᠵᠢᠬᠤ ᠶ᠋ᠢ ᠯᠠᠪᠳᠠᠭᠤᠨ ᠪᠠᠲᠤᠲᠠᠢ ᠠᠬᠢᠭᠤᠯᠬᠤ ᠬᠡᠷᠭᠡᠲᠡᠢ᠃ ᠴᠢᠨᠠᠷ ᠰᠠᠢᠲᠠᠢ ᠭᠦᠢᠴᠡᠳ ᠠᠵᠢᠯ ᠣᠯᠭᠣᠯᠲᠠ ᠶ᠋ᠢ ᠪᠠᠲᠤᠯᠠᠵᠤ᠂ ᠰᠤᠷᠭᠠᠨ ᠬᠦᠮᠦᠵᠢᠯ ᠦᠨ ᠬᠦᠴᠦᠷᠬᠡᠭ ᠬᠣᠲᠠ ᠶ᠋ᠢ ᠲᠦᠷᠭᠡᠳᠭᠡᠨ ᠪᠠᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠲᠦᠪᠱᠢᠨ ᠢ ᠳᠡᠭᠡᠭ᠌ᠰᠢᠯᠡᠭᠦᠯᠵᠦ᠍᠂ 《 ᠨᠢᠭᠡ ᠨᠠᠰᠤᠲᠠᠢᠴᠤᠳ ᠪᠠ ᠨᠢᠭᠡ ᠬᠡᠦᠬᠡᠳ》 ᠢ ᠬᠠᠢᠷᠠᠯᠠᠨ ᠬᠠᠯᠠᠮᠵᠢᠯᠠᠵᠤ᠂ ᠣᠯᠠᠨ ᠳᠡᠰ ᠳᠠᠪᠬᠤᠷᠭ᠎ᠠ ᠶ᠋ᠢᠨ ᠨᠡᠢᠭᠡᠮ ᠦᠨ ᠪᠠᠲᠤᠯᠠᠭ᠎ᠠ ᠶ᠋ᠢᠨ ᠱᠢᠰᠲᠸᠮᠵᠢ ᠶ᠋ᠢ ᠪᠦᠷᠢᠨᠱᠢᠭᠦᠯᠬᠦ᠌ ᠬᠡᠷᠡᠭ᠌ᠲᠡᠢ᠃
ᠪᠦᠭᠦᠳᠡ ᠬᠤᠷᠠᠯ ᠠᠴᠠ ᠴᠢᠬᠤᠯᠠᠴᠢᠯᠠᠬᠤ ᠳᠠᠭᠠᠨ᠂ ᠨᠠᠮ ᠤᠨ ᠤᠳᠤᠷᠢᠳᠤᠯᠭ᠎ᠠ ᠪᠠᠷ《 ᠠᠷᠪᠠᠨ ᠲᠠᠪᠤᠳᠤᠭᠠᠷ ᠲᠠᠪᠤᠨ ᠵᠢᠯ 》 ᠦᠨ ᠲᠥᠯᠥᠪᠵᠢᠭᠦᠯᠭᠡ ᠶ᠋ᠢᠨ ᠤᠷᠤᠭ᠍ᠰᠢᠲᠠᠢ ᠬᠡᠷᠡᠭ᠌ᠵᠢᠭᠦᠯᠦᠭ᠌ᠳᠡᠬᠦ᠌ ᠶ᠋ᠢ ᠪᠠᠲᠤᠯᠠᠬᠤ ᠶ᠋ᠢ ᠪᠠᠷᠢᠮᠲᠠᠯᠠᠬᠤ ᠬᠡᠷᠡᠭ᠌ᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠢᠭᠤᠯᠤᠯᠲᠠ ᠶ᠋ᠢᠨ ᠤᠯᠤᠰ ᠲᠥᠷᠥ᠍ ᠶ᠋ᠢᠨ ᠤᠳᠤᠷᠢᠳᠭᠤ ᠬᠦᠴᠦᠨ᠂ ᠦᠵᠡᠯ ᠰᠠᠨᠠᠭᠠᠨ ᠤ ᠬᠦᠲᠦᠯᠦᠨ ᠳᠠᠭᠠᠭᠤᠯᠬᠤ ᠬᠦᠴᠦᠨ᠂ ᠣᠯᠠᠨ ᠲᠦᠮᠡᠨ ᠢ ᠵᠣᠬᠢᠶᠠᠨ ᠪᠠᠢᠭᠤᠯᠬᠤ ᠬᠦᠴᠦᠨ᠂ ᠨᠡᠢᠭᠡᠮ ᠦᠨ ᠤᠷᠢᠶᠠᠯᠠᠬᠤ ᠬᠦᠴᠦᠨ ᠢ ᠪᠦᠬᠦ᠌ ᠲᠠᠯ᠎ᠠ ᠪᠠᠷ ᠴᠢᠩᠭᠠᠳᠭᠠᠵᠤ᠂ ᠥᠨᠳᠥᠷ ᠪᠠᠷᠢᠮᠵᠢᠶᠠᠲᠤ ᠨᠠᠮ ᠤᠨ ᠪᠠᠢᠭᠤᠯᠤᠯᠲᠠ ᠪᠠᠷ ᠴᠢᠨᠠᠷ ᠰᠠᠢᠲᠠᠢ ᠬᠦᠭ᠌ᠵᠢᠯᠲᠡ ᠶ᠋ᠢ ᠬᠦᠲᠦᠯᠦᠨ ᠳᠠᠭᠠᠭᠤᠯᠬᠤ ᠬᠡᠷᠡᠭ᠌ᠲᠡᠢ᠃ ᠨᠠᠮ ᠤᠨ ᠠᠵᠤ ᠠᠬᠤᠢ ᠨᠡᠢᠭᠡᠮ ᠦᠨ ᠬᠦᠭ᠌ᠵᠢᠯᠲᠡ ᠶ᠋ᠢ ᠤᠳᠤᠷᠢᠳᠭᠤ ᠴᠢᠳᠠᠪᠤᠷᠢ ᠪᠣᠯᠣᠨ ᠲᠦᠪᠱᠢᠨ ᠢ ᠳᠡᠭᠡᠭ᠌ᠰᠢᠯᠡᠭᠦᠯᠵᠦ᠍᠂ ᠪᠦᠬᠦ᠌ ᠶᠠᠪᠤᠴᠠ ᠶ᠋ᠢᠨ ᠠᠷᠠᠳ ᠤᠨ ᠠᠷᠠᠳᠴᠢᠯᠠᠯ ᠢ ᠬᠦᠭ᠌ᠵᠢᠭᠦᠯᠵᠦ᠍᠂ ᠺᠠᠳ᠋ᠷ ᠤᠨ ᠡᠩᠨᠡᠭᠡ ᠪᠣᠯᠣᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠢᠭᠤᠯᠤᠯᠲᠠ ᠶ᠋ᠢᠨ ᠴᠣᠭ᠍ᠴᠠᠯᠠᠯᠲᠠ ᠶ᠋ᠢ ᠴᠢᠩᠭᠠᠳᠭᠠᠵᠤ᠂ ᠰᠠᠬᠢᠯᠭ᠎ᠠ ᠪᠠᠲᠤ ᠣᠪᠣᠷ ᠰᠤᠷᠲᠠᠯ ᠤᠨ ᠪᠠᠢᠭᠤᠯᠤᠯᠲᠠ ᠶ᠋ᠢ ᠴᠢᠩᠭᠠᠳᠭᠠᠵᠤ᠂ ᠲᠥᠯᠥᠪᠵᠢᠭᠦᠯᠭᠡ ᠰᠠᠨᠠᠭᠤᠯᠭ᠎ᠠ ᠶ᠋ᠢ ᠨᠠᠢᠳᠠᠪᠤᠷᠢᠵᠢᠭᠤᠯᠬᠤ ᠲᠣᠭ᠍ᠲᠠᠴᠠ ᠶ᠋ᠢ ᠲᠡᠭᠦᠯᠳᠡᠷᠵᠢᠭᠦᠯᠬᠦ᠌ ᠬᠡᠷᠡᠭ᠌ᠲᠡᠢ᠃
ᠪᠦᠭᠦᠳᠡ ᠬᠤᠷᠠᠯ ᠠᠴᠠ ᠴᠢᠬᠤᠯᠠᠴᠢᠯᠠᠬᠤ ᠳᠠᠭᠠᠨ᠂ ᠨᠠᠮ ᠤᠨ ᠬᠣᠷᠢᠳᠤᠭᠠᠷ ᠬᠤᠭᠤᠴᠠᠭᠠᠨ ᠤ ᠲᠦᠪ ᠬᠣᠷᠢᠶᠠᠨ ᠤ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠠᠵᠢᠯ ᠢ ᠴᠢᠬᠤᠯᠠ ᠶᠡᠬᠡ ᠤᠯᠤᠰ ᠲᠥᠷᠥ᠍ ᠶ᠋ᠢᠨ ᠡᠭᠦᠷᠭᠡ ᠪᠣᠯᠭᠠᠵᠤ᠂ ᠭᠦᠨᠵᠡᠭᠡᠢ ᠣᠢᠯᠠᠭᠠᠨ ᠰᠤᠷᠤᠯᠴᠠᠵᠤ᠂ ᠪᠦᠬᠦ᠌ ᠲᠠᠯ᠎ᠠ ᠪᠠᠷ ᠣᠨᠢᠨ ᠳᠡᠭᠡᠷ᠎ᠡ ᠨᠢ ᠶᠠᠷᠢᠵᠤ᠂ ᠪᠤᠳᠠᠲᠠᠢ ᠲᠠᠢ ᠤᠶᠠᠯᠳᠤᠭᠤᠯᠤᠨ ᠠᠵᠢᠯᠯᠠᠵᠤ᠂ ᠨᠠᠮ ᠤᠨ ᠲᠦᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶ᠋ᠢᠨ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠶ᠋ᠢ ᠡᠴᠦᠰ ᠲᠤᠨᠢ ᠲᠤᠯᠲᠠᠯ᠎ᠠ ᠨᠠᠢᠳᠠᠪᠤᠷᠢᠵᠢᠭᠤᠯᠬᠤ ᠶ᠋ᠢ ᠠᠬᠢᠭᠤᠯᠬᠤ ᠬᠡᠷᠡᠭ᠌ᠲᠡᠢ᠃ ᠳᠤᠮᠳᠠᠳᠤ ᠶ᠋ᠢᠨ ᠦᠨᠳᠦᠰᠦᠲᠡᠨ ᠦ ᠬᠠᠮᠲᠤ ᠶ᠋ᠢᠨ ᠴᠣᠭ᠍ᠴᠠ ᠶ᠋ᠢᠨ ᠪᠠᠢᠭᠤᠯᠤᠯᠲᠠ ᠶ᠋ᠢ ᠴᠢᠩᠭᠠᠳᠭᠠᠵᠤ᠂ ᠪᠦᠯᠬᠦᠮᠳᠡᠨ ᠲᠡᠮᠡᠴᠡᠬᠦ᠌ ᠣᠶᠣᠨ ᠰᠠᠨᠠᠭᠠᠨ ᠤ ᠬᠦᠴᠦᠨ ᠢ ᠨᠢᠭ᠍ᠲᠠᠷᠠᠭᠤᠯᠵᠤ᠂ ᠠᠮᠵᠢᠯᠲᠠ ᠪᠦᠲᠦᠭᠡᠯ ᠭᠠᠷᠭᠠᠬᠤ ᠳᠤ ᠪᠢ ᠯᠠᠪᠲᠠᠢ ᠪᠠᠢᠬᠤ ᠡᠭᠦᠷᠭᠡ ᠬᠠᠷᠢᠭᠤᠴᠠᠯᠭ᠎ᠠ ᠶ᠋ᠢ ᠡᠭᠦᠷᠭᠡᠯᠡᠵᠦ᠍᠂ ᠬᠠᠮᠲᠤ ᠪᠠᠷ ᠠᠵᠢᠯᠯᠠᠵᠤ ᠬᠠᠮᠲᠤ ᠪᠠᠷ ᠴᠢᠷᠮᠠᠢᠬᠤ ᠬᠦᠴᠦᠷᠬᠡᠭ ᠶᠡᠬᠡ ᠬᠠᠮᠲᠤᠷᠠᠯ ᠤᠨ ᠬᠦᠴᠦᠨ ᠢ ᠥᠷᠭᠡᠨ ᠢᠶᠡᠷ ᠨᠢᠭ᠍ᠲᠠᠷᠠᠭᠤᠯᠬᠤ ᠬᠡᠷᠡᠭ᠌ᠲᠡᠢ᠃ ᠲᠥᠷᠥᠯ ᠵᠦᠢᠯ ᠢᠶᠡᠷ ᠭᠣᠣᠯ ᠪᠣᠯᠭᠠᠬᠤ ᠣᠢᠯᠠᠭᠠᠭ᠍ᠳᠠᠬᠤᠨ ᠢ ᠪᠠᠲᠤ ᠪᠤᠢ ᠪᠣᠯᠭᠠᠵᠤ᠂ ᠠᠵᠤ ᠦᠢᠯᠡᠰ ᠦᠨ ᠠᠭᠤᠰᠤᠯᠴᠠᠯ ᠤᠨ ᠠᠯᠬᠤᠴᠠ ᠶ᠋ᠢ ᠲᠦᠷᠭᠡᠳᠭᠡᠵᠦ᠍᠂ ᠱᠢᠨᠵᠢᠯᠡᠬᠦ᠌ ᠤᠬᠠᠭᠠᠨ ᠮᠡᠷᠭᠡᠵᠢᠯ ᠦᠨ ᠱᠢᠨ᠎ᠡ ᠶ᠋ᠢ ᠡᠭᠦᠳᠬᠦ᠌ ᠬᠦᠳᠡᠯᠭᠡᠬᠦ᠌ ᠬᠦᠴᠦᠨ ᠢ ᠴᠢᠩᠭᠠᠳᠭᠠᠵᠤ᠂ ᠵᠠᠬ᠎ᠠ ᠳᠡᠯᠭᠡᠭᠦᠷ ᠦᠨ ᠭᠣᠣᠯ ᠴᠣᠭ᠍ᠴᠠ ᠶ᠋ᠢᠨ ᠠᠮᠢᠵᠢᠷᠠᠯ ᠤᠨ ᠬᠦᠴᠦᠨ ᠢ ᠬᠦᠭ᠌ᠵᠢᠭᠡᠵᠦ᠍᠂ ᠴᠢᠨᠠᠷ ᠰᠠᠢᠲᠠᠢ ᠬᠦᠭ᠌ᠵᠢᠯᠲᠡ ᠶ᠋ᠢᠨ ᠱᠢᠨ᠎ᠡ ᠬᠦᠳᠡᠯᠭᠡᠭᠦᠷ ᠢ ᠡᠭᠦᠳᠬᠦ᠌ ᠬᠡᠷᠡᠭ᠌ᠲᠡᠢ᠃ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ᠌ ᠴᠢᠳᠠᠪᠤᠷᠢ ᠪᠠᠨ ᠪᠦᠬᠦ᠌ ᠲᠠᠯ᠎ᠠ ᠪᠠᠷ ᠳᠡᠭᠡᠭ᠌ᠰᠢᠯᠡᠭᠦᠯᠵᠦ᠍᠂ ᠰᠤᠷᠤᠯᠴᠠᠯᠭ᠎ᠠ ᠶ᠋ᠢ ᠶᠡᠬᠡᠪᠡᠷ ᠡᠷᠬᠢᠮᠯᠡᠵᠦ᠍᠂ ᠭᠦᠨᠵᠡᠭᠡᠢ ᠪᠠᠢᠴᠠᠭᠠᠨ ᠰᠤᠳᠤᠯᠤᠯᠲᠠ ᠬᠢᠵᠦ᠍᠂ ᠦᠨᠡᠨ ᠬᠦ᠌ ᠠᠳᠭᠤᠨ ᠪᠤᠳᠠᠲᠠᠢ ᠠᠵᠢᠯᠯᠠᠵᠤ᠂ ᠲᠦᠪ ᠭᠣᠣᠯᠴᠢ ᠠᠷᠢᠭᠤᠨ ᠴᠢᠭᠡᠴᠢ ᠪᠠᠢᠵᠤ᠂ ᠠᠵᠢᠯ ᠬᠢᠵᠦ᠍ ᠦᠢᠯᠡᠰ ᠪᠣᠰᠭᠠᠬᠤ ᠳᠤ ᠰᠠᠢᠨ ᠰᠠᠢᠬᠠᠨ ᠬᠦᠭ᠌ᠵᠢᠯᠲᠡ ᠶ᠋ᠢᠨ ᠣᠷᠴᠢᠨ ᠲᠣᠭᠣᠷᠢᠨ ᠢ ᠪᠤᠢ ᠪᠣᠯᠭᠠᠬᠤ ᠬᠡᠷᠡᠭ᠌ᠲᠡᠢ᠃
ᠪᠦᠭᠦᠳᠡ ᠬᠤᠷᠠᠯ ᠠᠴᠠ ᠴᠢᠬᠤᠯᠠᠴᠢᠯᠠᠬᠤ ᠳᠠᠭᠠᠨ᠂ ᠵᠢᠯ ᠦᠨ ᠡᠬᠢᠨ ᠳᠦ ᠲᠣᠭ᠍ᠲᠠᠭᠠᠭ᠍ᠰᠠᠨ ᠬᠠᠷᠠᠯᠲᠠ ᠡᠭᠦᠷᠭᠡ ᠲᠠᠢ ᠬᠠᠷᠢᠴᠠᠭᠤᠯᠵᠤ᠂ ᠠᠵᠢᠯᠯᠠᠭᠠᠨ ᠢ ᠲᠣᠬᠢᠷᠠᠭᠤᠯᠬᠤ ᠪᠠᠨ ᠴᠢᠩᠭᠠᠳᠭᠠᠵᠤ᠂ ᠪᠦᠬᠦ᠌ ᠲᠠᠯ᠎ᠠ ᠪᠠᠷ ᠪᠠᠢᠴᠠᠭᠠᠨ ᠳᠤᠲᠠᠭᠤ ᠶ᠋ᠢ ᠨᠦᠬᠦᠪᠦᠷᠢᠯᠡᠵᠦ᠍᠂ ᠠᠵᠢᠯ ᠢᠶᠠᠨ ᠬᠦᠴᠦᠯᠡᠨ ᠠᠬᠢᠭᠤᠯᠵᠤ᠂ ᠬᠠᠮᠤᠭ ᠤᠨ ᠶᠡᠬᠡ ᠴᠢᠷᠮᠠᠢᠯᠭ᠎ᠠ ᠪᠠᠷ ᠬᠠᠮᠤᠭ ᠤᠨ ᠰᠠᠢᠨ ᠦᠷ᠎ᠡ ᠳ᠋ᠦᠩ ᠢ ᠲᠡᠮᠡᠴᠡᠨ ᠣᠯᠬᠤ ᠬᠡᠷᠡᠭ᠌ᠲᠡᠢ᠃
ᠪᠦᠭᠦᠳᠡ ᠬᠤᠷᠠᠯ ᠠᠴᠠ 《 ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ 》 ᠪᠣᠯᠣᠨ 《 ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠣᠨ ᠨᠤᠲᠤᠭ ᠤᠨ ᠬᠣᠷᠢᠶ᠎ᠠ ᠶ᠋ᠢᠨ ᠠᠵᠢᠯ ᠤᠨ ᠳᠦᠷᠢᠮ 》 ᠦᠨ ᠬᠣᠯᠪᠣᠭ᠍ᠳᠠᠯ ᠪᠦᠬᠦᠢ ᠲᠣᠭ᠍ᠲᠠᠭᠠᠯ ᠢ ᠦᠨᠳᠦᠰᠦᠯᠡᠵᠦ᠍᠂ ᠪᠣᠣ ᠯᠢᠨ᠂ ᠯᠢ ᠴᠢᠤᠸᠠᠨ ᠰᠦᠸᠸ ᠬᠣᠶᠠᠷ ᠨᠦᠬᠦᠷ ᠪᠠᠶᠠᠨᠨᠠᠭᠤᠷ ᠠᠴᠠ ᠠᠵᠢᠯ ᠱᠢᠯᠵᠢᠭ᠌ᠰᠡᠨ ᠪᠣᠯᠬᠣᠷ᠂ 2 ᠨᠦᠬᠦᠷ ᠦᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶᠠᠨᠨᠠᠭᠤᠷ ᠬᠣᠲᠠ ᠶ᠋ᠢᠨ ᠲᠠᠪᠤᠳᠤᠭᠠᠷ ᠬᠤᠭᠤᠴᠠᠭᠠᠨ ᠤ ᠬᠣᠷᠢᠶ᠎ᠠ ᠶ᠋ᠢᠨ ᠭᠡᠱᠢᠭᠦᠨ ᠦ ᠲᠤᠱᠢᠶᠠᠯ ᠠᠴᠠ ᠪᠠᠨ ᠪᠠᠭᠤᠬᠤ ᠶ᠋ᠢ ᠵᠥᠪᠱᠢᠶᠡᠷᠡᠬᠦ᠌ ᠪᠡᠷ ᠲᠣᠭ᠍ᠲᠠᠪᠠ᠃
ᠪᠦᠭᠦᠳᠡ ᠬᠤᠷᠠᠯ ᠠᠴᠠ ᠤᠷᠢᠶᠠᠯᠠᠬᠤ ᠳᠠᠭᠠᠨ᠂ ᠪᠦᠬᠦ᠌ ᠬᠣᠲᠠ ᠶ᠋ᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠢᠭᠤᠯᠤᠯᠲᠠ ᠪᠣᠯᠣᠨ ᠥᠷᠭᠡᠨ ᠣᠯᠠᠨ ᠨᠠᠮ ᠤᠨ ᠭᠡᠱᠢᠭᠦᠨ ᠺᠠᠳ᠋ᠷ ᠣᠯᠠᠨ ᠲᠦᠮᠡᠨ ᠰᠢᠵᠢᠨᠫᠢᠩ ᠨᠦᠬᠦᠷ ᠢᠶᠡᠷ ᠭᠣᠣᠯ ᠪᠣᠯᠭᠠᠭ᠍ᠰᠠᠨ ᠨᠠᠮ ᠤᠨ ᠲᠦᠪ ᠬᠣᠷᠢᠶᠠᠨ ᠤ ᠲᠣᠭᠣᠷᠢᠨ ᠳᠤ ᠨᠡᠩ ᠨᠢᠭ᠍ᠲᠠᠷᠠᠨ ᠪᠦᠯᠬᠦᠮᠳᠡᠵᠦ᠍᠂ ᠬᠦᠰᠡᠯ ᠨᠠᠢᠳᠠᠯᠭ᠎ᠠ ᠶ᠋ᠢ ᠪᠠᠲᠤ ᠴᠡᠭᠡᠵᠢᠯᠡᠵᠦ᠍᠂ ᠠᠴᠢ ᠳᠤ ᠲᠠᠯᠠᠷᠬᠠᠨ ᠡᠷᠡᠯᠬᠡᠭ᠌ᠯᠡᠨ ᠤᠷᠤᠭ᠍ᠰᠢᠯᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠴᠤᠴᠠᠯᠲᠠ ᠦᠭᠡᠢ ᠤᠷᠤᠭ᠍ᠰᠢᠯᠠᠵᠤ᠂ ᠪᠦᠬᠦ᠌ ᠤᠯᠤᠰ ᠪᠦᠬᠦ᠌ ᠣᠷᠣᠨ ᠲᠠᠢ ᠬᠠᠮᠲᠤᠪᠡᠷ ᠨᠡᠢᠭᠡᠮ ᠵᠢᠷᠤᠮ ᠤᠨ ᠣᠳᠣᠬᠢᠴᠢᠯᠠᠯᠲᠠ ᠶ᠋ᠢ ᠦᠨᠳᠦᠰᠦᠨ ᠳᠡᠭᠡᠨ ᠪᠡᠶᠡᠯᠡᠭᠦᠯᠬᠦ᠌ ᠶ᠋ᠢᠨ ᠲᠥᠯᠥᠭᠡ ᠴᠢᠷᠮᠠᠢᠨ ᠲᠡᠮᠡᠴᠡᠵᠦ᠍᠂ ᠪᠠᠶᠠᠨᠨᠠᠭᠤᠷ ᠤᠨ ᠣᠳᠣᠬᠢᠴᠢᠯᠠᠬᠤ ᠪᠦᠲᠦᠭᠡᠨ ᠪᠠᠢᠭᠤᠯᠤᠯᠲᠠ ᠶ᠋ᠢᠨ ᠱᠢᠨ᠎ᠡ ᠬᠠᠭᠤᠳᠠᠰᠤ ᠶ᠋ᠢ ᠴᠢᠷᠮᠠᠢᠨ ᠪᠢᠴᠢᠭ᠌ᠯᠡᠲᠦᠭᠡᠢ᠃
ᠢᠷᠡᠯᠲᠡ᠄ ᠪᠠᠶᠠᠨᠨᠠᠭᠤᠷ ᠬᠣᠲᠠ᠎ᠶ᠋ᠢᠨ ᠬᠠᠮ ᠵᠠᠭᠤᠴᠢᠯᠠᠭᠤᠷᠤᠨ ᠲᠥᠪ