ᠳ᠋ᠸᠩᠺᠸᠦ ᠰᠢᠶᠠᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠵᠢᠯᠣᠭᠣᠳᠬᠤ ᠭᠠᠵᠠᠷ᠎ᠤᠨ ᠪᠠᠴᠢᠮ ᠵᠠᠷᠯᠠᠯ (ᠳ᠋ᠸᠩᠺᠸᠦ ᠰᠡᠷᠭᠡᠢ᠌ᠯᠡᠨ ᠵᠢᠯᠣᠭᠣᠳᠬᠤ ᠵᠠᠷᠯᠠᠯ [2022] 49 ᠳ᠋ᠦᠭᠡᠷ ᠲᠣᠭ᠋ᠠᠲᠤ)
ᠨᠡᠶ᠋ᠢᠲᠡᠯᠡᠭᠰᠡᠨ ᠴᠠᠭ᠄ 2022-11-07
ᠣᠳᠣᠬᠠᠨ᠎ᠳᠤ ᠮᠠᠨ᠎ᠤ ᠰᠢᠶᠠᠨ᠎ᠤ ᠡᠷᠬᠢᠨ ᠲᠣᠭᠣᠷᠢᠨ᠎ᠤ ᠬᠢᠵᠢᠭ᠎ᠤᠨ ᠪᠠᠶ᠋ᠢᠳᠠᠯ ᠬᠦᠨᠳᠦ ᠬᠡᠴᠡᠭᠦᠦ ᠪᠥᠭᠡᠳ ᠨᠠᠷᠢᠨ ᠪᠤᠳᠤᠯᠢᠶᠠᠨᠲᠠᠢ ᠪᠠᠶ᠋ᠢᠵᠤ᠂ ᠲᠠᠷᠬᠠᠬᠤ ᠠᠶᠤᠯ ᠲᠦᠭᠰᠢᠭᠦᠷᠢ ᠦᠷᠭᠦᠯᠵᠢᠯᠡᠨ ᠣᠷᠣᠰᠢᠵᠤ ᠪᠠᠶ᠋ᠢᠨ᠎ᠠ᠂ ᠳ᠋ᠸᠩᠺᠸᠤ ᠰᠢᠶᠠᠨ᠎ᠤ ᠥᠷᠭᠡᠨ ᠤᠯᠠᠨ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ᠎ᠤᠨ ᠡᠷᠡᠭᠦᠯ ᠮᠡᠨᠳᠤ ᠵᠢ ᠪᠠᠲᠤᠯᠠᠬᠤ ᠵᠢᠨ ᠲᠥᠯᠥᠭᠡ᠂ ᠣᠨᠴᠠᠭ᠋ᠠᠶ᠋ᠢᠯᠠᠨ ᠳᠣᠣᠷᠠᠬᠢ ᠮᠡᠲᠦ ᠪᠠᠴᠢᠮ ᠵᠠᠷᠯᠠᠪᠠ᠄
1. ᠵᠠᠷᠯᠠᠯ᠎ᠢ ᠨᠡᠶ᠋ᠢᠲᠡᠯᠡᠭᠰᠡᠨ ᠴᠠᠭ᠎ᠠᠴᠠ ᠡᠬᠢᠯᠡᠨ᠂ ᠡᠯ᠎ᠡ ᠲᠦᠷᠦᠯ᠎ᠤᠨ ᠬᠥᠮᠦᠰ ᠵᠠᠷᠴᠢᠮ ᠳᠡᠭᠡᠷ᠎ᠡ᠎ᠪᠠᠨ ᠵᠢᠵᠢᠭ ᠬᠡᠯᠪᠡᠷᠢ ᠵᠢᠨ ᠠᠶᠠᠨᠴᠢᠳ᠎ᠤᠨ ᠲᠡᠭᠡᠭᠡᠪᠦᠷᠢ ᠵᠢᠨ ᠲᠡᠷᠭᠡ᠂ ᠬᠤᠪᠢ ᠵᠢᠨ ᠮᠠᠰᠢᠨ ᠲᠡᠷᠭᠡ ᠵᠡᠷᠭᠡ᠎ᠪᠠᠷ ᠮᠠᠨ᠎ᠤ ᠰᠢᠶᠠᠨ᠎ᠳᠤ ᠣᠷᠣᠵᠤ ᠪᠣᠯᠬᠤ ᠦᠭᠡᠢ᠃ ᠦᠨᠡᠨᠬᠦ ᠣᠷᠣᠬᠤ ᠴᠢᠬᠤᠯᠠᠲᠠᠢ ᠪᠣᠯ᠂ 《7 ᠡᠳᠦᠷ᠎ᠤᠨ ᠲᠥᠪᠯᠡᠷᠡᠭᠦᠯᠦᠨ ᠲᠤᠰᠠᠭ᠋ᠠᠷᠯᠠᠬᠤ ᠠᠨᠠᠭ᠋ᠠᠬᠤ ᠤᠬᠠᠭ᠋ᠠᠨ᠎ᠤ ᠠᠵᠢᠭᠯᠠᠯᠲᠠ + 3 ᠡᠳᠦᠷ᠎ᠤᠨ ᠬᠡᠷ᠎ᠲᠤ᠎ᠪᠠᠨ ᠰᠠᠭᠤᠵᠤ ᠡᠷᠡᠭᠦᠯ ᠮᠡᠨᠳᠦ ᠵᠢᠨ ᠬᠢᠨᠠᠨ ᠬᠡᠮᠵᠢᠯᠲᠡ》 ᠵᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠬᠡᠷᠡᠭᠵᠢᠭᠦᠯᠵᠦ᠂ ᠬᠤᠭᠤᠴᠠᠭ᠋ᠠᠨ᠎ᠳᠤ 《1 ᠡᠳᠦᠷ 1 ᠪᠠᠶ᠋ᠢᠴᠠᠭ᠋ᠠᠯᠲᠠ》 ᠵᠢᠨ ᠪᠥᠭᠡᠮ ᠬᠦᠴᠢᠯ᠎ᠤᠨ ᠪᠠᠶ᠋ᠢᠴᠠᠭ᠋ᠠᠨ ᠬᠡᠮᠵᠢᠯᠲᠡ ᠵᠢ ᠥᠷᠨᠢᠭᠦᠯᠵᠦ᠂ ᠪᠣᠶ ᠪᠥᠬᠥᠶ ᠵᠠᠷᠤᠳᠠᠯ᠎ᠢ ᠥᠪᠡᠷ ᠵᠶ᠋ᠠᠨ ᠰᠢᠢᠳᠪᠦᠷᠢᠯᠡᠨ᠎ᠡ᠃
2. ᠵᠠᠷᠯᠠᠯ᠎ᠤᠨ ᠱᠠᠭ᠋ᠠᠷᠳᠠᠯᠭ᠎ᠠ᠎ᠠᠴᠠ ᠵᠥᠷᠢᠴᠡᠵᠦ᠂ ᠠᠶᠠᠯᠠᠯ ᠵᠶ᠋ᠠᠨ ᠨᠢᠭᠤᠨ ᠳᠠᠯᠳᠠᠯᠠᠭᠰᠠᠨ ᠪᠤᠶᠤ ᠰᠠᠨᠠᠭ᠋ᠠᠴᠢᠯᠠᠭ᠎ᠠ᠎ᠠᠴᠠ᠎ᠪᠠᠨ ᠮᠡᠳᠡᠭᠦᠯᠦᠨ ᠳᠠᠩᠰᠠᠯᠠᠭᠤᠯᠬᠤ ᠦᠭᠡᠢ᠂ ᠮᠡᠳᠡᠭᠡ ᠵᠠᠩᠭᠢ ᠵᠢ ᠦᠨᠡᠨ ᠮᠥᠨ ᠵᠶ᠋ᠠᠷ᠎ᠨᠢ ᠬᠠᠩᠭ᠋ᠠᠬᠤ ᠦᠭᠡᠢ᠂ ᠵᠣᠷᠢᠭᠤᠳᠠ ᠪᠣᠭᠣᠮᠲᠠ ᠰᠢᠪᠲᠤᠯᠤᠭᠰᠠᠨ᠂ ᠲᠣᠭᠣᠷᠢᠨ ᠶᠠᠪᠤᠵᠤ ᠪᠣᠭᠣᠮᠲᠠ᠎ᠠᠴᠠ ᠵᠠᠶ᠋ᠢᠯᠠᠭᠰᠠᠨ᠂ ᠵᠢᠴᠢ ᠶᠠᠪᠠᠭ᠋ᠠᠨ ᠶᠠᠪᠤᠬᠤ᠂ ᠮᠠᠰᠢᠨᠲᠤ ᠪᠤᠰᠤ ᠲᠡᠷᠭᠡ ᠵᠢᠯᠣᠭᠣᠳᠴᠤ ᠮᠠᠨ᠎ᠤ ᠰᠢᠶᠠᠨ᠎ᠳᠤ ᠣᠷᠣᠵᠤ ᠢᠷᠡᠭᠰᠡᠨ ᠬᠥᠮᠦᠰ᠎ᠢ ᠠᠶᠤᠯ ᠲᠦᠭᠰᠢᠭᠦᠷᠢ᠎ᠲᠠᠢ ᠣᠷᠣᠨ᠎ᠤ ᠬᠥᠮᠦᠰ᠎ᠤᠨ ᠶᠣᠰᠣᠭ᠋ᠠᠷ ᠬᠠᠮᠢᠶᠠᠷᠴᠤ᠂ 7 ᠡᠳᠦᠷ ᠲᠥᠪᠯᠡᠷᠡᠭᠦᠯᠦᠨ ᠲᠤᠰᠠᠭ᠋ᠠᠷᠯᠠᠵᠤ᠂ ᠵᠠᠷᠤᠳᠠᠯ᠎ᠢ᠎ᠨᠢ ᠥᠪᠡᠷ ᠵᠶ᠋ᠠᠨ ᠰᠢᠢᠳᠪᠦᠷᠢᠯᠡᠬᠦ ᠵᠢᠨ ᠬᠠᠮᠲᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠠᠴᠠ ᠬᠠᠤᠯᠢ ᠶᠣᠰᠣᠭ᠋ᠠᠷ ᠴᠢᠩᠭ᠎ᠠ ᠴᠣᠬᠢᠯᠲᠠ ᠥᠭᠭᠦᠨ᠎ᠡ᠃ ᠲᠣᠭᠲᠠᠭ᠋ᠠᠯ᠎ᠠᠴᠠ ᠵᠥᠷᠢᠴᠡᠨ ᠰᠢᠶᠠᠨ᠎ᠳᠤ ᠪᠤᠴᠠᠭᠰᠠᠳ᠎ᠢ ᠬᠠᠪᠰᠤᠷᠴᠤ ᠮᠡᠳᠡᠭᠡ ᠵᠠᠩᠭᠢ ᠵᠢ᠎ᠨᠢ ᠨᠢᠭᠤᠨ ᠳᠠᠯᠳᠠᠯᠠᠭᠤᠯᠵᠤ᠂ ᠲᠥᠬᠥᠮ ᠦᠵᠡᠭᠦᠯᠦᠭᠰᠡᠨ ᠡᠲᠡᠭᠡᠳ ᠪᠠᠶ᠋ᠢᠪᠠᠯ᠂ ᠬᠠᠮᠲᠤᠳᠤᠨᠢ ᠰᠢᠳᠬᠡᠨ ᠲᠣᠷᠭ᠋ᠠᠨ᠎ᠠ᠃
3. ᠥᠷᠭᠡᠨ ᠣᠯᠠᠨ ᠠᠷᠠᠳ ᠲᠦᠮᠡᠨ ᠣᠯᠠᠨ ᠵᠶ᠋ᠠᠷ ᠵᠶ᠋ᠠᠨ ᠰᠡᠷᠭᠡᠶ᠋ᠢᠯᠡᠵᠦ ᠣᠯᠠᠨ ᠵᠶ᠋ᠠᠷ ᠵᠶ᠋ᠠᠨ ᠡᠵᠡᠮᠳᠡᠬᠦ ᠦᠵᠡᠯ ᠤᠬᠠᠮᠰᠠᠷ᠎ᠢ ᠪᠠᠲᠤ ᠪᠠᠬᠢ ᠪᠣᠶ ᠪᠣᠯᠭ᠋ᠠᠵᠤ᠂ ᠣᠳᠣᠬᠠᠨ᠎ᠳᠤ ᠭᠠᠳᠠᠨ᠎ᠠ ᠣᠷᠣᠨ᠎ᠳᠤ ᠠᠵᠢᠯᠯᠠᠵᠤ ᠪᠠᠶ᠋ᠢᠭ᠎ᠠ ᠪᠤᠶᠤ ᠵᠢᠭᠤᠯᠴᠢᠯᠠᠨ ᠰᠠᠭᠤᠵᠤ ᠪᠠᠶ᠋ᠢᠭ᠎ᠠ ᠬᠡᠷ᠎ᠤᠨ ᠬᠥᠮᠦᠰ᠂ ᠲᠥᠷᠥᠯ ᠰᠠᠳᠤᠨ᠂ ᠨᠠᠶ᠋ᠢᠵᠠ ᠨᠥᠬᠥᠳ ᠵᠡᠷᠭᠡ᠎ᠳᠤ ᠳᠠᠮᠵᠢᠭᠤᠯᠤᠨ ᠮᠡᠳᠡᠭᠳᠡᠵᠦ᠂ ᠣᠶ᠋ᠢᠷ᠎ᠠ ᠵᠢᠨ ᠬᠤᠭᠤᠴᠠᠭ᠋ᠠᠨ᠎ᠳᠤ ᠰᠢᠶᠠᠨ᠎ᠳᠠᠭᠠᠨ ᠪᠤᠴᠠᠬᠤ ᠴᠢᠬᠤᠯᠠ ᠥᠬᠡᠶ ᠪᠣᠯ ᠪᠤᠴᠠᠬᠤ ᠦᠭᠡᠢ᠂ ᠪᠤᠴᠠᠬᠤ ᠴᠢᠬᠤᠯᠠᠲᠠᠶ ᠬᠥᠮᠦᠰ᠎ᠲᠤ ᠬᠢᠵᠢᠭ ᠰᠡᠷᠭᠡᠶ᠋ᠢᠯᠡᠬᠦ ᠲᠥᠷᠥ ᠵᠢᠨ ᠪᠣᠳᠣᠯᠭ᠎ᠠ ᠵᠢ ᠴᠢᠩᠭ᠎ᠠ ᠬᠡᠷᠡᠭᠵᠢᠭᠦᠯᠵᠦ᠂ ᠨᠡᠶ᠋ᠢᠭᠡᠮ ᠲᠣᠭᠣᠷᠢᠭ᠂ ᠨᠢᠭᠡᠴᠡ ᠵᠡᠷᠭᠡ ᠬᠠᠮᠢᠶ᠎ᠠ ᠪᠥᠬᠥᠶ ᠰᠠᠯᠠᠭ᠎ᠠ ᠮᠥᠴᠢᠷ᠎ᠲᠤ ᠰᠠᠨᠠᠭ᠋ᠠᠴᠢᠯᠠᠭ᠎ᠠ᠎ᠠᠴᠠ᠎ᠪᠠᠨ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ ᠬᠥᠷᠰᠢ ᠵᠡᠷᠭᠡᠯᠡᠳᠡᠭᠡ ᠠᠶ᠋ᠢᠯ ᠰᠠᠭ᠋ᠠᠬᠠᠯᠲᠠ᠂ ᠭᠡᠷ᠎ᠤᠨ ᠣᠢ᠌ᠷ᠎ᠠ ᠬᠠᠪᠢ᠎ᠳᠤ ᠠᠷᠤ ᠥᠪᠥᠷ᠎ᠲᠤ ᠣᠶ᠋ᠢᠷ᠎ᠠ ᠵᠢᠨ ᠬᠤᠭᠤᠴᠠᠭ᠋ᠠᠨ᠎ᠳᠤ ᠰᠢᠶᠠᠨ᠎ᠤ ᠭᠠᠳᠠᠨᠠᠬᠢ ᠬᠥᠮᠦᠰ ᠪᠤᠴᠠᠵᠤ ᠢᠷᠡᠭᠰᠡᠨ ᠪᠤᠶᠤ ᠬᠣᠨᠣᠭᠰᠠᠨ ᠪᠠᠶ᠋ᠢᠪᠠᠯ᠂ ᠲᠡᠷᠡ ᠳᠠᠷᠤᠶᠳᠤᠨᠢ ᠢᠯᠡᠴᠢᠯᠡᠨ ᠮᠡᠳᠡᠭᠦᠯᠦᠨ᠎ᠡ; ᠳᠠᠩᠰᠠᠯᠠᠭᠤᠯᠵᠤ ᠮᠡᠳᠡᠭᠦᠯᠦᠭᠰᠡᠨ ᠥᠬᠡᠶ᠂ ᠵᠦᠶ ᠶᠣᠰᠣᠨ᠎ᠤ ᠰᠢᠯᠲᠠᠭ᠋ᠠᠨ ᠥᠬᠡᠶ᠎ᠪᠠᠷ ᠵᠠᠮ ᠲᠣᠭᠣᠷᠢᠵᠤ ᠶᠠᠪᠤᠭᠰᠠᠨ᠂ ᠲᠥᠷᠥᠯ ᠰᠠᠳᠤᠨ ᠨᠠᠶ᠋ᠢᠵᠠ ᠨᠥᠬᠥᠳ ᠵᠶ᠋ᠠᠷ ᠠᠢ᠌ᠯᠴᠢᠯᠠᠭᠰᠠᠨ ᠬᠥᠮᠦᠰ ᠵᠢᠴᠢ ᠲᠣᠭᠲᠠᠭ᠋ᠠᠯ᠎ᠠᠴᠠ ᠵᠥᠷᠢᠴᠡᠨ ᠠᠶᠠᠨᠴᠢᠳ᠎ᠢ ᠲᠡᠭᠡᠭᠡᠪᠦᠷᠢᠯᠡᠭᠰᠡᠨ ᠰᠦᠯᠵᠢᠶ᠎ᠡ᠎ᠪᠠᠷ ᠪᠣᠯᠵᠣᠭᠰᠠᠨ ᠲᠡᠷᠭᠡ᠂ ᠲᠦᠷᠢᠶᠡᠰᠦᠨ ᠮᠠᠰᠢᠨ ᠲᠡᠷᠭᠡ ᠵᠢ ᠴᠢᠩᠭ᠎ᠠ ᠵᠢᠭᠰᠠᠭ᠋ᠠᠨ ᠪᠠᠶ᠋ᠢᠴᠠᠭ᠋ᠠᠵᠤ᠂ ᠣᠯᠵᠤ ᠮᠡᠳᠡᠪᠡᠯ ᠲᠡᠷᠡ ᠳᠠᠷᠤᠶᠳᠤᠨᠢ ᠢᠯᠡᠴᠢᠯᠡᠨ ᠮᠡᠳᠡᠭᠦᠯᠬᠦ ᠵᠢᠨ ᠬᠠᠮᠲᠤ ᠲᠤᠬᠠᠶ ᠵᠢᠨ ᠭᠠᠵᠠᠷ᠎ᠲᠤᠨᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ ᠬᠡᠷᠡᠭᠲᠡᠶ᠃
4. ᠪᠥᠬᠥ ᠰᠢᠶᠠᠨ᠎ᠤ 《ᠬᠣᠶᠠᠷ ᠥᠷᠲᠡᠭᠡ》᠂ ᠡᠯ᠎ᠡ ᠵᠠᠰᠠᠮᠠᠯ ᠵᠠᠮ᠎ᠤᠨ ᠬᠢᠵᠢᠭ᠎ᠤᠨ ᠪᠠᠶ᠋ᠢᠳᠠᠯ᠎ᠤᠨ ᠦᠢᠯᠡᠴᠢᠯᠡᠭᠡᠨ᠎ᠤ ᠥᠷᠲᠡᠭᠡ᠎ᠨᠦᠭᠦᠳ ᠨᠢᠭᠡᠳᠦᠭᠡᠷ᠎ᠲᠤ ᠨᠠᠶ᠋ᠢᠳᠠᠪᠤᠷᠢᠵᠢᠭᠤᠯᠬᠤ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ 《ᠨᠢᠭᠡ ᠺᠣᠳ᠋ ᠨᠢᠭᠡ ᠺᠠᠷᠲ ᠨᠢᠭᠡ ᠮᠡᠳᠡᠭᠦᠯᠦᠯᠲᠡ》 (ᠡᠷᠡᠭᠦᠯ ᠮᠡᠨᠳᠦ ᠵᠢᠨ ᠺᠣᠳ᠋᠂ ᠠᠶᠠᠯᠠᠯ᠎ᠤᠨ ᠺᠠᠷᠲ᠂ ᠪᠥᠭᠡᠮ ᠬᠦᠴᠢᠯ᠎ᠤᠨ ᠪᠠᠶ᠋ᠢᠴᠠᠭ᠋ᠠᠨ ᠬᠡᠮᠵᠢᠯᠲᠡ ᠵᠢᠨ ᠪᠢᠯᠢᠭ ᠴᠢᠨᠠᠷ᠎ᠤᠨ ᠮᠡᠳᠡᠭᠦᠯᠦᠯᠲᠡ) ᠵᠢ ᠴᠢᠩᠭ᠎ᠠ ᠪᠠᠶ᠋ᠢᠴᠠᠭ᠋ᠠᠨ ᠰᠢᠯᠭ᠋ᠠᠵᠤ᠂ ᠭᠣᠤᠯᠳᠠᠯᠭ᠎ᠠ᠎ᠲᠠᠢ ᠭᠠᠵᠠᠷ ᠣᠷᠣᠨ᠎ᠤ ᠪᠤᠴᠠᠵᠤ ᠢᠷᠡᠭᠰᠡᠳ᠎ᠢ ᠵᠣᠷᠢᠭᠰᠠᠨ ᠰᠤᠮᠤ ᠪᠠᠯᠭ᠋ᠠᠰᠤ (ᠨᠡᠶ᠋ᠢᠭᠡᠮ ᠲᠣᠭᠣᠷᠢᠭ) ᠵᠢᠨ ᠲᠠᠷᠢᠶᠠᠯᠠᠩ᠎ᠤᠨ ᠲᠠᠯᠠᠪᠠᠶ ᠵᠢᠨ ᠺᠣᠮᠫᠠᠨᠢ᠎ᠯᠤᠭ᠎ᠠ ᠨᠡᠪᠲᠡᠷᠡᠯᠴᠡᠨ ᠵᠣᠯᠭ᠋ᠠᠭᠤᠯᠬᠤ ᠵᠢ ᠰᠠᠶ᠋ᠢᠲᠤᠷ ᠬᠢᠵᠦ᠂ 《ᠴᠡᠭ᠎ᠠᠴᠠ ᠴᠡᠭ᠎ᠲᠤ ᠬᠥᠷᠬᠥ》 《ᠭᠠᠷ᠎ᠠᠴᠠ ᠭᠠᠷ᠎ᠲᠤ ᠳᠠᠮᠵᠢᠭᠤᠯᠬᠤ》 ᠪᠢᠲᠡᠭᠦᠦ ᠴᠠᠭ᠋ᠠᠷᠢᠭ ᠵᠶ᠋ᠠᠷ ᠲᠤᠰᠴᠤ ᠠᠪᠴᠢᠷᠠᠬᠤ ᠵᠢ ᠦᠨᠡᠨᠬᠦ ᠪᠠᠲᠤᠯᠠᠬᠤ ᠬᠡᠷᠡᠭᠲᠡᠶ᠃ ᠬᠠᠮᠢᠶᠠᠷᠤᠯᠲᠠ᠎ᠠᠴᠠ ᠭᠣᠭᠣᠵᠢᠭᠳᠠᠵᠤ ᠡᠵᠡᠮᠳᠡᠯ ᠵᠶ᠋ᠠᠨ ᠠᠯᠳᠠᠭᠰᠠᠨ ᠪᠠᠶ᠋ᠢᠪᠠᠯ᠂ ᠬᠣᠯᠪᠣᠭᠳᠠᠯ ᠪᠦᠬᠦᠢ ᠬᠥᠮᠦᠰ᠎ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃
5. ᠡᠯ᠎ᠡ ᠰᠤᠮᠤ ᠪᠠᠯᠭ᠋ᠠᠰᠤ᠂ ᠲᠠᠷᠢᠶᠠᠯᠠᠩ᠎ᠤᠨ ᠲᠠᠯᠠᠪᠠᠶ ᠵᠢᠨ ᠺᠣᠮᠫᠠᠨᠢ ᠪᠣᠯᠤᠨ ᠠᠵᠢᠯ ᠲᠥᠷᠥᠯ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ 《ᠪᠠᠷᠠᠭ᠋ᠠᠨ᠎ᠤ ᠲᠡᠭᠡᠭᠡᠪᠦᠷᠢ ᠵᠢᠨ ᠵᠢᠯᠣᠭᠣᠴᠢ ᠪᠠ ᠠᠶᠠᠨᠴᠢᠳ᠎ᠤᠨ ᠬᠠᠮᠢᠶᠠᠷᠤᠯᠲᠠ ᠦᠢᠯᠡᠴᠢᠯᠡᠭᠡ ᠵᠢ ᠰᠠᠶ᠋ᠢᠲᠤᠷ ᠬᠢᠬᠦ ᠲᠤᠬᠠᠶ ᠪᠠᠶᠠᠨᠨᠠᠭᠤᠷ ᠬᠣᠲᠠ ᠵᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠵᠢᠯᠣᠭᠣᠳᠬᠤ ᠭᠠᠵᠠᠷ᠎ᠤᠨ ᠵᠠᠷᠯᠠᠯ》᠎ᠢ ᠴᠢᠩᠭ᠎ᠠ ᠨᠠᠶ᠋ᠢᠳᠠᠪᠤᠷᠢᠵᠢᠭᠤᠯᠤᠨ (ᠪᠠᠶᠠᠨᠨᠠᠭᠤᠷ ᠬᠣᠲᠠ ᠵᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠵᠢᠯᠣᠭᠣᠳᠬᠤ ᠭᠠᠵᠠᠷ᠎ᠤᠨ ᠵᠠᠷᠯᠠᠯ [2022] 67 ᠳ᠋ᠤᠭ᠋ᠠᠷ ᠲᠣᠭ᠋ᠠᠲᠤ)᠎ᠢ ᠴᠢᠩᠭ᠎ᠠ ᠨᠠᠶ᠋ᠢᠳᠠᠪᠤᠷᠢᠵᠢᠭᠤᠯᠵᠤ᠂ ᠮᠡᠳᠡᠭᠦᠯᠦᠨ ᠳᠠᠩᠰᠠᠯᠠᠭᠤᠯᠤᠭᠰᠠᠨ ᠪᠠᠷᠠᠭ᠋ᠠᠨ᠎ᠤ ᠲᠡᠭᠡᠭᠡᠪᠦᠷᠢ ᠵᠢᠨ ᠲᠡᠷᠭᠡᠨ᠎ᠤ ᠠᠵᠢᠯᠲᠠᠨ᠎ᠤ 《ᠨᠢᠭᠡ ᠺᠣᠳ᠋ ᠨᠢᠭᠡ ᠺᠠᠷᠲ ᠨᠢᠭᠡ ᠮᠡᠳᠡᠭᠦᠯᠦᠯᠲᠡ》 ᠵᠢ ᠨᠠᠷᠢᠨ ᠬᠢᠨᠠᠮᠠᠭ᠋ᠠᠶ ᠬᠢᠨᠠᠨ ᠬᠠᠷᠭᠤᠭᠤᠯᠵᠤ᠂ 《ᠬᠡᠨ ᠬᠢᠨᠠᠨ ᠵᠥᠪᠰᠢᠶᠡᠷᠡᠭᠰᠡᠨ ᠪᠣᠯ ᠬᠡᠨ ᠬᠠᠷᠢᠭᠤᠴᠠᠵᠤ ᠬᠡᠨ ᠬᠢᠨᠠᠨ ᠬᠠᠮᠢᠶᠠᠷᠬᠤ》 ᠵᠢ ᠬᠡᠷᠡᠭᠵᠢᠭᠦᠯᠵᠦ᠂ ᠱᠠᠭ᠋ᠠᠷᠳᠠᠯᠭ᠎ᠠ᠎ᠳᠤ ᠥᠯᠥ ᠨᠡᠶ᠋ᠢᠴᠡᠬᠦ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢ ᠭᠥᠯᠢᠶᠡᠨ ᠠᠪᠴᠤ ᠪᠣᠯᠬᠤ ᠥᠬᠡᠶ᠂ ᠮᠠᠨ᠎ᠤ ᠰᠢᠶᠠᠨ᠎ᠳᠤ ᠣᠷᠣᠬᠤ ᠵᠢ ᠵᠥᠪᠰᠢᠶᠡᠷᠡᠭᠰᠡᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ᠎ᠳᠤ ᠪᠥᠬᠥ ᠶᠠᠪᠤᠴᠠ ᠵᠢᠨ ᠬᠢᠨᠠᠯᠲᠠ ᠬᠠᠮᠢᠶᠠᠷᠤᠯᠲᠠ ᠵᠢ ᠬᠡᠷᠡᠭᠵᠢᠭᠦᠯᠵᠦ᠂ ᠬᠠᠮᠢᠶ᠎ᠠ ᠪᠥᠬᠥᠶ ᠠᠵᠤ ᠠᠬᠤᠶ᠋ᠢᠯᠠᠯ᠂ ᠪᠠᠷᠠᠭ᠋ᠠᠨ᠎ᠤ ᠡᠵᠡᠨ᠎ᠢ ᠰᠢᠮᠳᠠᠭᠤᠯᠵᠤ ᠪᠠᠶ᠋ᠢᠭ᠋ᠠᠳ ᠪᠢᠲᠡᠭᠦᠦ ᠴᠠᠭ᠋ᠠᠷᠢᠭ᠎ᠤᠨ ᠬᠠᠮᠢᠶᠠᠷᠤᠯᠲᠠ ᠵᠢᠨ ᠡᠯ᠎ᠡ ᠵᠦᠢᠯ᠎ᠤᠨ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠵᠤ᠂ ᠬᠠᠮᠢᠶᠠᠷᠤᠯᠲᠠ᠎ᠠᠴᠠ ᠭᠣᠭᠣᠵᠢᠭᠳᠠᠵᠤ ᠬᠠᠮᠢᠶᠠᠷᠤᠯᠲᠠ᠎ᠪᠠᠨ ᠠᠯᠳᠠᠭᠰᠠᠨ᠎ᠠᠴᠠ ᠪᠣᠯᠵᠣ ᠬᠢᠵᠢᠭ ᠳᠡᠯᠭᠡᠷᠡᠬᠦ ᠲᠦᠭᠰᠢᠭᠦᠷᠢ ᠵᠢ ᠪᠣᠶ ᠪᠣᠯᠭ᠋ᠠᠭᠰᠠᠨ ᠠᠵᠢᠯ ᠲᠥᠷᠥᠯ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠬᠠᠮᠢᠶ᠎ᠠ ᠪᠥᠬᠥᠶ ᠠᠵᠤ ᠠᠬᠤᠶ᠋ᠢᠯᠠᠯ᠎ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ ᠵᠠᠮ ᠲᠡᠭᠡᠭᠡᠪᠦᠷᠢ ᠵᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠳ ᠬᠠᠤᠯᠢ ᠬᠡᠷᠡᠭᠵᠢᠭᠦᠯᠬᠦ ᠪᠠᠶ᠋ᠢᠴᠠᠭ᠋ᠠᠯᠲᠠ ᠵᠢᠨ ᠡᠷᠴᠢᠮ ᠵᠶ᠋ᠡᠨ ᠨᠡᠮᠡᠭᠳᠡᠭᠦᠯᠵᠦ᠂ ᠡᠯ᠎ᠡ ᠲᠦᠷᠦᠯ᠎ᠤᠨ ᠪᠠᠷᠠᠭ᠎ᠠ ᠵᠢᠨ ᠲᠡᠭᠡᠭᠡᠪᠦᠷᠢ ᠵᠢᠨ ᠲᠡᠷᠭᠡ ᠬᠥᠰᠬᠡ ᠵᠢᠨ ᠮᠠᠨ᠎ᠤ ᠰᠢᠶᠠᠨ᠎ᠤ ᠬᠢᠯᠢ ᠳᠣᠲᠣᠷ᠎ᠠ ᠳᠤᠷ᠎ᠠ᠎ᠪᠠᠷ ᠵᠶ᠋ᠠᠨ ᠵᠣᠭᠰᠣᠵᠤ ᠪᠣᠯᠬᠤ ᠦᠭᠡᠢ᠎ᠳᠤ ᠬᠢᠨᠠᠯᠲᠠ ᠲᠠᠯᠪᠢᠬᠤ ᠬᠡᠷᠡᠭᠲᠡᠶ᠃
6. ᠬᠤᠳᠠᠯᠳᠤᠭ᠋ᠠᠨ᠎ᠤ ᠲᠠᠯᠠᠪᠤᠷ᠂ ᠬᠡᠲᠦ ᠳᠡᠯᠭᠡᠭᠦᠷ᠂ ᠵᠣᠴᠢᠳ ᠪᠠᠭᠤᠳᠠᠯ᠂ ᠪᠠᠷᠢᠯᠭ᠎ᠠ ᠵᠢᠨ ᠠᠵᠢᠯ᠎ᠤᠨ ᠭᠠᠵᠠᠷ ᠵᠡᠷᠭᠡ ᠡᠯ᠎ᠡ ᠲᠥᠷᠥᠯ᠎ᠤᠨ ᠣᠯᠠᠨ ᠨᠡᠶ᠋ᠢᠲᠡ ᠵᠢᠨ ᠲᠠᠯᠠᠪᠤᠷ᠎ᠲᠤ ᠠᠮᠠᠪᠴᠢ ᠵᠡᠭᠦᠬᠦ᠂ ᠳᠤᠯᠠᠭ᠋ᠠᠨ᠎ᠢ ᠬᠡᠮᠵᠢᠬᠦ᠂ 《ᠲᠠᠯᠠᠪᠤᠷ ᠭᠠᠵᠠᠷ᠎ᠤᠨ ᠺᠣᠳ᠋》᠎ᠢ ᠰᠢᠷᠪᠢᠬᠦ ᠵᠢᠷᠤᠮᠵᠢᠯ᠎ᠢ ᠴᠢᠩᠭ᠎ᠠ ᠨᠠᠶ᠋ᠢᠳᠠᠪᠤᠷᠢᠵᠢᠭᠤᠯᠤᠨ ᠵᠢᠷᠤᠮᠵᠢᠭᠤᠯᠵᠤ᠂ ᠡᠷᠡᠭᠦᠯ ᠮᠡᠨᠳᠦ ᠵᠢᠨ ᠺᠣᠳ᠋᠂ ᠠᠶᠠᠯᠠᠯ᠎ᠤᠨ ᠺᠣᠳ᠋᠂ 72 ᠴᠠᠭ᠎ᠤᠨ ᠪᠥᠭᠡᠮ ᠬᠦᠴᠢᠯ᠎ᠤᠨ ᠪᠠᠶ᠋ᠢᠴᠠᠭ᠋ᠠᠨ ᠬᠡᠮᠵᠢᠯᠲᠡ ᠵᠢᠨ ᠪᠢᠯᠢᠭ ᠴᠢᠨᠠᠷ᠎ᠤᠨ ᠭᠡᠷᠡᠴᠢ ᠵᠢ ᠪᠠᠶ᠋ᠢᠴᠠᠭ᠋ᠠᠨ ᠰᠢᠯᠭ᠋ᠠᠬᠤ ᠬᠡᠷᠡᠭᠲᠡᠶ᠃ ᠭᠣᠤᠯᠳᠠᠯᠭ᠎ᠠ᠎ᠲᠠᠢ ᠲᠠᠯᠠᠪᠤᠷ ᠭᠠᠵᠠᠷ᠎ᠤᠨ ᠳᠣᠲᠣᠷᠠᠬᠢ ᠬᠥᠮᠦᠨ ᠠᠮᠠ ᠵᠢᠨ ᠴᠤᠪᠤᠷᠠᠯ᠎ᠤᠨ ᠨᠢᠭᠲᠠᠴᠠ ᠵᠢ ᠴᠢᠩᠭ᠎ᠠ ᠬᠢᠵᠠᠭ᠋ᠠᠷᠯᠠᠵᠤ᠂ 《ᠤᠷᠤᠰᠬᠠᠯ᠎ᠢ ᠬᠢᠵᠠᠭ᠋ᠠᠷᠯᠠᠬᠤ᠂ ᠣᠷᠭᠢᠯ ᠦᠶ᠎ᠡ ᠵᠢ ᠵᠥᠷᠢᠭᠦᠯᠬᠦ》 ᠬᠠᠮᠢᠶᠠᠷᠤᠯᠲᠠ ᠵᠢ ᠬᠡᠷᠡᠭᠵᠢᠭᠦᠯᠦᠨ᠂ 《2 ᠮᠧᠲᠷ᠎ᠤᠨ ᠱᠤᠭᠤᠮ》 ᠭᠠᠷᠭ᠋ᠠᠵᠤ᠂ ᠰᠦᠯᠵᠢᠶᠡᠨ ᠳᠡᠭᠡᠷ᠎ᠡ ᠤᠷᠢᠳᠴᠢᠯᠠᠨ ᠪᠣᠯᠵᠣᠬᠤ᠂ ᠤᠷᠢᠳᠴᠢᠯᠠᠨ ᠵᠠᠬᠢᠶᠠᠯᠠᠬᠤ ᠦᠢᠯᠡᠴᠢᠯᠡᠭᠡ ᠵᠢ ᠰᠠᠨᠠᠭ᠋ᠠᠴᠢᠯᠠᠵᠤ᠂ ᠬᠥᠮᠦᠨ ᠬᠠᠷ᠎ᠠ ᠠᠮᠠᠷᠬᠠᠨ ᠴᠤᠭᠯᠠᠷᠠᠬᠤ ᠣᠷᠣᠨ ᠪᠦᠰᠡ ᠵᠢ ᠬᠥᠲᠥᠯᠥᠨ ᠵᠢᠯᠣᠭᠣᠳᠬᠤ ᠵᠢ ᠴᠢᠩᠭ᠋ᠠᠳᠬᠠᠨ᠎ᠠ᠃ ᠬᠣᠯᠪᠣᠭᠳᠠᠯ ᠪᠥᠬᠥᠶ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠡᠯ᠎ᠡ ᠲᠥᠷᠥᠯ᠎ᠤᠨ ᠡᠵᠡᠩᠨᠡᠯᠲᠡ ᠵᠢᠨ ᠭᠠᠵᠠᠷ ᠲᠠᠯᠠᠪᠤᠷ᠎ᠤᠨ ᠪᠠᠶ᠋ᠢᠩᠭᠤᠵᠢᠭᠰᠠᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠵᠦ ᠪᠠᠶ᠋ᠢᠭ᠎ᠠ ᠪᠠᠶ᠋ᠢᠳᠠᠯ᠎ᠢ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ ᠳᠡᠭᠡᠷ᠎ᠡ ᠳᠤᠷᠠᠳᠤᠭᠰᠠᠨ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠭᠰᠠᠨ ᠥᠬᠡᠶ ᠪᠤᠶᠤ ᠨᠠᠶ᠋ᠢᠳᠠᠪᠤᠷᠢᠵᠢᠭᠤᠯᠤᠭᠰᠠᠨ᠎ᠨᠢ ᠬᠦᠴᠦᠨ ᠥᠬᠡᠶ ᠵᠢ᠎ᠨᠢ ᠪᠦᠬᠦᠨ᠎ᠢ ᠬᠠᠭ᠋ᠠᠵᠤ ᠵᠣᠭᠰᠣᠭ᠋ᠠᠬᠤ ᠬᠡᠷᠡᠭᠲᠡᠶ᠃
ᠲᠤᠰ ᠵᠠᠷᠯᠠᠯ᠎ᠤᠨ ᠠᠷᠭ᠎ᠠ ᠬᠡᠮᠵᠢᠶ᠎ᠡ ᠵᠢ ᠬᠢᠵᠢᠭ᠎ᠤᠨ ᠪᠠᠶ᠋ᠢᠳᠠᠯ ᠪᠠ ᠬᠢᠵᠢᠭ᠎ᠢ ᠰᠡᠷᠭᠡᠶ᠋ᠢᠯᠡᠬᠦ ᠠᠵᠢᠯ᠎ᠤᠨ ᠱᠠᠭ᠋ᠠᠷᠳᠠᠯᠭ᠎ᠠ ᠵᠢ ᠦᠨᠳᠦᠰᠦᠯᠡᠨ ᠬᠥᠳᠡᠯᠦᠩᠭᠦᠶ᠎ᠪᠠᠷ ᠲᠣᠬᠢᠷᠠᠭᠤᠯᠤᠨ᠎ᠠ᠃ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠣᠶ᠋ᠢᠯᠠᠭ᠋ᠠᠵᠤ᠂ ᠳᠡᠮᠵᠢᠵᠦ᠂ ᠢᠳᠡᠪᠬᠢᠲᠡᠶ ᠬᠠᠮᠵᠢᠯᠴᠠᠭᠰᠠᠨ᠎ᠳᠤ ᠴᠢᠨᠢ ᠴᠢᠩ ᠰᠡᠳᠬᠢᠯ᠎ᠠᠴᠠ᠎ᠪᠠᠨ ᠲᠠᠯᠠᠷᠬᠠᠵᠤ ᠪᠠᠶ᠋ᠢᠨ᠎ᠠ!
ᠳ᠋ᠸᠩᠺᠸᠤ ᠰᠢᠶᠠᠨ᠎ᠤ ᠰᠢᠨ᠎ᠡ ᠬᠡᠯᠪᠡᠷᠢ ᠵᠢᠨ ᠲᠢᠲᠢᠮᠯᠢᠭ ᠸᠢᠷᠦ᠋ᠰ᠎ᠤᠨ ᠬᠠᠯᠳᠠᠪᠤᠷᠢᠯᠠᠯ᠎ᠤᠨ
ᠠᠭᠤᠰᠬᠢᠨ ᠦᠷᠪᠢᠰᠦᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠵᠢᠯᠣᠭᠣᠳᠬᠤ ᠭᠠᠵᠠᠷ
2022 ᠣᠨ᠎ᠤ 11 ᠰᠠᠷ᠎ᠠ ᠵᠢᠨ 7᠎ᠤ ᠡᠳᠦᠷ
ᠢᠷᠡᠯᠲᠡ᠄ ᠲᠤᠰ ᠰᠦᠯᠵᠢᠶ᠎ᠡ