ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ ᠪᠠᠶᠠᠨᠨᠠᠭᠤᠷ ᠬᠣᠲᠠ ᠵᠢᠨ ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯ᠎ᠤᠨ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2023-10-11
ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ ᠤᠨ ᠣᠷᠳᠣᠨ᠂ ᠪᠠᠶᠠᠨᠨᠠᠭᠤᠷ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂ ᠭᠠᠭᠴᠠᠮᠣᠳᠣ ᠪᠣᠭᠣᠮᠲᠠ ᠵᠢᠨ ᠬᠠᠮᠢᠶᠠᠷᠤᠯᠲᠠ ᠵᠢᠨ ᠵᠥᠪᠯᠡᠯ᠂ ᠪᠠᠶᠠᠨᠨᠠᠭᠤᠷ᠎ᠤᠨ ᠤᠯᠤᠰ᠎ᠤᠨ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠤᠨ ᠵᠢᠱ᠌ᠢᠶ᠎ᠡ ᠦᠵᠡᠭᠦᠯᠬᠦ ᠲᠣᠭᠣᠷᠢᠭ᠎ᠤᠨ ᠬᠠᠮᠢᠶᠠᠷᠤᠯᠲᠠ (ᠪᠡᠯᠡᠳᠬᠡᠭᠰᠡᠨ) ᠺᠣᠮᠢᠰ᠎ᠤᠨ ᠠᠯᠪᠠᠨ ᠭᠡᠷ᠂ ᠬᠤᠳᠠ ᠵᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠳᠠ᠎ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠡ᠎ᠳᠤ᠄
《ᠪᠠᠶᠠᠨᠨᠠᠭᠤᠷ ᠬᠣᠲᠠ ᠵᠢᠨ ᠰᠢᠨ᠎ᠡ ᠪᠣᠬᠢᠷᠲᠤᠯ ᠪᠣᠳᠠᠰ᠎ᠢ ᠵᠠᠰᠠᠬᠤ ᠠᠵᠢᠯ᠎ᠤᠨ ᠲᠥᠰᠥᠯ》᠎ᠢ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠲᠤᠤᠱᠯᠠᠭᠤᠯᠤᠨ ᠨᠠᠢ᠌ᠳᠠᠪᠤᠷᠢᠵᠢᠭᠤᠯᠬᠤ ᠵᠢ ᠰᠠᠢ᠌ᠲᠤᠷ ᠠᠳᠬᠤᠲᠤᠭ᠋ᠠᠢ᠃
ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ
2023 ᠣᠨ᠎ᠤ 8 ᠰᠠᠷ᠎ᠠ ᠵᠢᠨ 7᠎ᠤ ᠡᠳᠦᠷ
(ᠲᠣᠰ ᠮᠠᠲ᠋ᠧᠷᠢᠶᠠᠯ᠎ᠢ ᠢᠯᠡ᠎ᠪᠠᠷ ᠨᠡᠢ᠌ᠲᠡᠯᠡᠪᠡ)
ᠪᠠᠶᠠᠨᠨᠠᠭᠤᠷ ᠬᠣᠲᠠ ᠵᠢᠨ ᠰᠢᠨ᠎ᠡ ᠪᠣᠬᠢᠷᠲᠤᠯ ᠪᠣᠳᠠᠰ᠎ᠢ ᠵᠠᠰᠠᠬᠤ ᠠᠵᠢᠯ᠎ᠤᠨ ᠲᠥᠰᠥᠯ
《ᠰᠢᠨ᠎ᠡ ᠪᠣᠬᠢᠷᠲᠤᠯ ᠪᠣᠳᠠᠰ᠎ᠢ ᠵᠠᠰᠠᠬᠤ ᠠᠵᠢᠯᠯᠠᠭ᠎ᠠ ᠵᠢᠨ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠎ᠤᠨ ᠮᠡᠳᠡᠭᠳᠡᠯ》 (ᠲᠥᠷᠥ ᠠᠯᠪᠠᠨ ᠲᠠᠷᠬᠠᠭ᠋ᠠᠭᠰᠠᠨ [2022] 15 ᠳ᠋ᠤᠭ᠋ᠠᠷ ᠲᠣᠭ᠋ᠠᠲᠤ) ᠪᠠ 《ᠥᠪᠡᠷᠲᠡᠭᠡᠨ ᠵᠠᠰᠠᠬᠤ ᠣᠷᠣᠨ᠎ᠤ ᠰᠢᠨ᠎ᠡ ᠪᠣᠬᠢᠷᠲᠤᠯ ᠪᠣᠳᠠᠰ᠎ᠢ ᠵᠠᠰᠠᠬᠤ ᠠᠵᠢᠯ᠎ᠤᠨ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2023] 22 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠵᠢ ᠲᠤᠤᠱᠯᠠᠭᠤᠯᠤᠨ ᠨᠠᠢ᠌ᠳᠠᠪᠤᠷᠢᠵᠢᠭᠤᠯᠬᠤ ᠵᠢᠨ ᠲᠤᠰᠠᠳᠠ᠂ ᠪᠥᠬᠥ ᠬᠣᠲᠠ ᠵᠢᠨ ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠠᠮᠤᠷ ᠲᠦᠪᠰᠢᠨ ᠪᠠ ᠠᠷᠠᠳ ᠲᠦᠮᠡᠨ᠎ᠤ ᠡᠷᠡᠭᠦᠯ ᠮᠡᠨᠳᠦ ᠵᠢ ᠪᠠᠲᠤᠯᠠᠨ᠂ ᠨᠠᠩ ᠥᠨᠳᠥᠷ ᠪᠠᠷᠢᠮᠵᠢᠶ᠎ᠠ᠎ᠪᠠᠷ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠭᠦᠨᠵᠡᠭᠡᠢ ᠰᠠᠢ᠌ᠲᠤᠷ ᠬᠢᠵᠦ᠂ ᠪᠠᠶᠠᠨᠨᠠᠭᠤᠷ ᠬᠣᠲᠠ ᠵᠢᠨ ᠪᠣᠳᠠᠲᠠᠢ᠎ᠲᠠᠢ ᠤᠶᠠᠯᠳᠤᠭᠤᠯᠤᠨ᠂ ᠲᠣᠰ ᠲᠥᠰᠥᠯ᠎ᠢ ᠲᠣᠭᠲᠠᠭ᠋ᠠᠪᠠ᠃
ᠨᠢᠭᠡ᠂ ᠭᠣᠣᠯ ᠬᠠᠷᠠᠯᠲᠠ
2023 ᠣᠨ ᠪᠣᠯᠬᠤ᠎ᠳᠤ᠂ ᠪᠥᠬᠥ ᠬᠣᠲᠠ ᠵᠢᠨ ᠬᠢᠮᠢ ᠵᠢᠨ ᠪᠣᠳᠠᠰ᠎ᠤᠨ ᠣᠷᠴᠢᠨ ᠲᠣᠭᠣᠷᠢᠨ᠎ᠤ ᠮᠡᠳᠡᠭᠡ ᠵᠠᠩᠭᠢ ᠵᠢᠨ ᠪᠠᠢ᠌ᠴᠠᠭ᠋ᠠᠯᠲᠠ ᠵᠢ ᠪᠡᠶᠡᠯᠡᠭᠦᠯᠵᠦ᠂ ᠰᠢᠨ᠎ᠡ ᠪᠣᠬᠢᠷᠲᠤᠯ ᠪᠣᠳᠠᠰ᠎ᠤᠨ ᠦᠢ᠍ᠯᠡᠳᠪᠦᠷᠢᠯᠡᠯ᠂ ᠬᠡᠷᠡᠭᠯᠡᠯᠲᠡ᠂ ᠭᠠᠳᠠᠭᠰᠢᠯᠠᠭᠤᠯᠤᠯᠲᠠ ᠵᠢ ᠭᠣᠣᠯᠳᠠᠯᠭ᠎ᠠ᠎ᠲᠠᠢ ᠬᠠᠮᠢᠶᠠᠷᠤᠨ ᠡᠵᠡᠮᠳᠡᠵᠦ ᠪᠠᠢ᠌ᠭ᠎ᠠ ᠪᠠᠢ᠌ᠳᠠᠯ᠎ᠢ ᠦᠨᠳᠦᠰᠦᠨ᠎ᠳᠡᠭᠡᠨ ᠲᠣᠳᠣᠷᠬᠠᠢ ᠣᠢ᠌ᠯᠠᠭ᠋ᠠᠵᠤ᠂ ᠭᠣᠣᠯᠳᠠᠯᠭ᠎ᠠ᠎ᠲᠠᠢ ᠣᠷᠣᠨ ᠪᠦᠰᠡ᠂ ᠭᠣᠣᠯᠳᠠᠯᠭ᠎ᠠ᠎ᠲᠠᠢ ᠠᠵᠢᠯ ᠲᠥᠷᠥᠯ᠂ ᠭᠣᠣᠯᠳᠠᠯᠭ᠎ᠠ᠎ᠲᠠᠢ ᠠᠵᠤ ᠠᠬᠤᠢ᠌ᠯᠠᠯ᠎ᠢ ᠬᠠᠮᠢᠶᠠᠷᠤᠨ ᠡᠵᠡᠮᠳᠡᠬᠦ ᠵᠢ ᠲᠣᠳᠣᠷᠬᠠᠢ ᠪᠣᠯᠭ᠋ᠠᠨ᠎ᠠ᠃ 2025 ᠣᠨ ᠪᠣᠯᠬᠤ᠎ᠳᠤ᠂ ᠠᠩᠬᠠᠷᠤᠯ ᠶᠡᠬᠡᠲᠡᠢ᠂ ᠥᠨᠳᠥᠷ ᠤᠨᠠᠯᠲᠠ᠎ᠲᠠᠢ (ᠬᠡᠷᠡᠭᠯᠡᠬᠦ) ᠬᠢᠮᠢ ᠵᠢᠨ ᠪᠣᠳᠠᠰ᠎ᠤᠨ ᠣᠷᠴᠢᠨ ᠠᠬᠤᠢ ᠵᠢᠨ ᠲᠦᠭᠰᠢᠭᠦᠷᠢ ᠵᠢ ᠰᠢᠭᠰᠢᠨ ᠪᠠᠢ᠌ᠴᠠᠭ᠋ᠠᠬᠤ ᠵᠢᠴᠢ ᠨᠢᠭᠡ ᠪᠦᠯᠦᠭ ᠬᠢᠮᠢ ᠵᠢᠨ ᠪᠣᠳᠠᠰ᠎ᠤᠨ ᠣᠷᠴᠢᠨ ᠠᠬᠤᠢ ᠵᠢᠨ ᠲᠦᠭᠰᠢᠭᠦᠷᠢ ᠵᠢ ᠦᠨᠡᠯᠡᠨ ᠵᠢᠱ᠌ᠢᠬᠦ ᠵᠢ ᠪᠡᠶᠡᠯᠡᠭᠦᠯᠵᠦ᠂ ᠭᠣᠣᠯᠳᠠᠯᠭ᠎ᠠ᠎ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ᠎ᠲᠤ ᠴᠠᠭ᠋ᠠᠵᠠᠯᠠᠬᠤ᠂ ᠬᠢᠵᠠᠭ᠋ᠠᠷᠯᠠᠬᠤ᠂ ᠭᠠᠳᠠᠭᠰᠢᠯᠠᠭᠤᠯᠬᠤ ᠵᠢ ᠬᠢᠵᠠᠭ᠋ᠠᠷᠯᠠᠬᠤ ᠵᠡᠷᠭᠡ ᠣᠷᠴᠢᠨ ᠠᠬᠤᠢ ᠵᠢᠨ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠬᠡᠷᠡᠭᠵᠢᠭᠦᠯᠦᠨ᠎ᠡ; ᠬᠣᠣᠷ ᠬᠥᠨᠥᠭᠡᠯ᠎ᠲᠠᠢ ᠬᠢᠮᠢ ᠵᠢᠨ ᠪᠣᠳᠠᠰ᠎ᠤᠨ ᠣᠷᠴᠢᠨ ᠠᠬᠤᠢ ᠵᠢᠨ ᠠᠶᠤᠯ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠰᠢᠰᠲ᠋ᠧᠮ᠎ᠢ ᠠᠯᠬᠤᠮ ᠠᠯᠬᠤᠮ ᠵᠶ᠋ᠠᠷ ᠲᠡᠭᠦᠯᠳᠡᠷᠵᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠲᠤᠯᠭ᠋ᠠᠭᠤᠷᠢᠯᠠᠬᠤ᠂ ᠰᠠᠭᠤᠷᠢ ᠴᠢᠳᠠᠪᠤᠷᠢ ᠵᠢᠨ ᠪᠠᠢ᠌ᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠰᠢᠨ᠎ᠡ ᠪᠣᠬᠢᠷᠲᠤᠯ ᠪᠣᠳᠠᠰ᠎ᠢ ᠪᠠᠢ᠌ᠴᠠᠭ᠋ᠠᠬᠤ᠂ ᠬᠢᠨᠠᠨ ᠬᠡᠮᠵᠢᠬᠦ᠂ ᠰᠢᠭᠰᠢᠨ ᠪᠠᠢ᠌ᠴᠠᠭ᠋ᠠᠬᠤ᠂ ᠦᠨᠡᠯᠡᠨ ᠵᠢᠱ᠌ᠢᠬᠦ᠂ ᠬᠠᠮᠢᠶᠠᠷᠤᠨ ᠡᠵᠡᠮᠳᠡᠬᠦ᠂ ᠵᠠᠰᠠᠬᠤ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠪᠡ᠃
ᠬᠣᠶᠠᠷ᠂ ᠠᠵᠢᠯ᠎ᠤᠨ ᠠᠷᠭ᠎ᠠ ᠬᠡᠮᠵᠢᠶ᠎ᠡ
(ᠨᠢᠭᠡ) ᠰᠢᠨ᠎ᠡ ᠪᠣᠬᠢᠷᠲᠤᠯ ᠪᠣᠳᠠᠰ᠎ᠢ ᠪᠠᠢ᠌ᠴᠠᠭ᠋ᠠᠵᠤ ᠬᠢᠨᠠᠨ ᠬᠡᠮᠵᠢᠬᠦ ᠪᠠ ᠣᠷᠴᠢᠨ ᠲᠣᠭᠣᠷᠢᠨ᠎ᠤ ᠲᠦᠭᠰᠢᠭᠦᠷᠢ ᠵᠢ ᠦᠨᠡᠯᠡᠨ ᠵᠢᠱ᠌ᠢᠬᠦ ᠵᠢ ᠥᠷᠨᠢᠭᠦᠯᠦᠨ᠎ᠡ᠃
1. ᠤᠯᠤᠰ ᠤᠨ ᠠᠵᠢᠯ ᠤᠨ ᠪᠠᠢ᠌ᠷᠢᠯᠠᠭᠤᠯᠤᠯᠲᠠ ᠵᠢ ᠨᠠᠢ᠌ᠳᠠᠪᠤᠷᠢᠵᠢᠭᠤᠯᠵᠤ᠂ ᠣᠷᠴᠢᠨ ᠲᠣᠭᠣᠷᠢᠨ ᠤ ᠮᠡᠳᠡᠭᠡ ᠵᠠᠩᠭᠢ ᠵᠢᠨ ᠪᠠᠢ᠌ᠴᠠᠭ᠋ᠠᠯᠲᠠ ᠵᠢ ᠥᠷᠨᠢᠭᠦᠯᠦᠨ᠎ᠡ᠃ ᠤᠯᠤᠰ ᠪᠣᠯᠣᠨ ᠥᠪᠡᠷᠲᠡᠭᠡᠨ ᠵᠠᠰᠠᠬᠤ ᠣᠷᠣᠨ᠎ᠤ ᠬᠢᠮᠢ ᠵᠢᠨ ᠪᠣᠳᠠᠰ᠎ᠤᠨ ᠣᠷᠴᠢᠨ ᠲᠣᠭᠣᠷᠢᠨ᠎ᠤ ᠦᠨᠳᠦᠰᠦᠨ ᠮᠡᠳᠡᠭᠡ ᠵᠠᠩᠭᠢ ᠵᠢᠨ ᠪᠠᠢ᠌ᠴᠠᠭ᠋ᠠᠯᠲᠠ ᠵᠢᠨ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ᠂ ᠭᠣᠣᠯᠳᠠᠯᠭ᠎ᠠ᠎ᠲᠠᠢ ᠠᠵᠢᠯ ᠲᠥᠷᠥᠯ᠎ᠤᠨ ᠭᠣᠣᠯᠳᠠᠯᠭ᠎ᠠ᠎ᠲᠠᠢ ᠬᠢᠮᠢ ᠵᠢᠨ ᠪᠣᠳᠠᠰ᠎ᠤᠨ ᠦᠢ᠍ᠯᠡᠳᠪᠦᠷᠢᠯᠡᠯ᠎ᠳᠤ ᠬᠡᠷᠡᠭᠯᠡᠬᠦ ᠲᠥᠷᠥᠯ ᠵᠦᠢ᠍ᠯ᠂ ᠲᠣᠭ᠎ᠠ ᠬᠡᠮᠵᠢᠶ᠎ᠡ᠂ ᠬᠡᠷᠡᠭᠴᠡᠭᠡ ᠵᠡᠷᠭᠡ ᠮᠡᠳᠡᠭᠡ ᠵᠠᠩᠭᠢ ᠵᠢᠨ ᠪᠠᠢ᠌ᠴᠠᠭ᠋ᠠᠯᠲᠠ ᠵᠢ ᠱᠠᠲᠤ ᠬᠤᠪᠢᠶᠠᠨ ᠥᠷᠨᠢᠭᠦᠯᠦᠨ᠎ᠡ᠃ ᠪᠠᠢ᠌ᠴᠠᠭ᠋ᠠᠯᠲᠠ ᠵᠢᠨ ᠦᠷ᠎ᠡ ᠳ᠋ᠦᠩ᠎ᠢ ᠦᠨᠳᠦᠰᠦᠯᠡᠨ᠂ ᠤᠯᠤᠰ᠎ᠤᠨ ᠣᠷᠴᠢᠨ ᠲᠣᠭᠣᠷᠢᠨ᠎ᠤ ᠲᠦᠭᠰᠢᠭᠦᠷᠢ ᠵᠢ ᠤᠷᠢᠳᠠᠪᠠᠷ ᠦᠨᠡᠯᠡᠨ ᠵᠢᠱ᠌ᠢᠬᠦ ᠲᠥᠯᠥᠪᠯᠡᠭᠡ᠎ᠳᠤ ᠵᠢᠭᠰᠠᠭ᠋ᠠᠨ ᠣᠷᠣᠭᠤᠯᠤᠭᠰᠠᠨ ᠬᠢᠮᠢ ᠵᠢᠨ ᠪᠣᠳᠠᠰ᠎ᠲᠤ᠂ ᠬᠣᠯᠪᠣᠭᠳᠠᠯ ᠪᠦᠬᠦᠢ ᠦᠢ᠍ᠯᠡᠳᠪᠦᠷᠢᠯᠡᠬᠦ᠂ ᠡᠳ᠋ᠰᠢᠭᠦᠯᠦᠨ ᠬᠡᠷᠡᠭᠯᠡᠬᠦ᠂ ᠣᠷᠴᠢᠨ ᠲᠣᠭᠣᠷᠢᠨ᠎ᠤ ᠭᠠᠳᠠᠭᠰᠢᠯᠠᠭᠤᠯᠤᠯᠲᠠ ᠵᠢᠨ ᠲᠣᠭ᠎ᠠ ᠬᠡᠮᠵᠢᠶ᠎ᠡ ᠵᠢᠴᠢ ᠠᠷᠭ᠎ᠠ ᠵᠠᠮ᠂ ᠬᠣᠣᠷ ᠬᠥᠨᠥᠭᠡᠯ᠎ᠤᠨ ᠣᠨᠴᠠᠯᠢᠭ ᠰᠢᠨᠵᠢ᠂ ᠪᠣᠬᠢᠷᠲᠤᠯ ᠪᠣᠳᠠᠰ ᠭᠠᠳᠠᠭᠰᠢᠯᠠᠭᠤᠯᠬᠤ ᠠᠵᠤ ᠠᠬᠤᠢ᠌ᠯᠠᠯ᠎ᠤᠨ ᠲᠠᠷᠬᠠᠯᠲᠠ ᠵᠢᠨ ᠪᠠᠢ᠌ᠳᠠᠯ ᠵᠡᠷᠭᠡ ᠨᠠᠷᠢᠨ ᠲᠣᠳᠣᠷᠬᠠᠢ ᠮᠡᠳᠡᠭᠡ ᠵᠠᠩᠭᠢ ᠵᠢᠨ ᠪᠠᠢ᠌ᠴᠠᠭ᠋ᠠᠯᠲᠠ ᠵᠢ ᠤᠯᠠᠮ ᠨᠢᠭᠡ ᠠᠯᠬᠤᠮ ᠥᠷᠨᠢᠭᠦᠯᠦᠨ᠎ᠡ᠃ 2023 ᠣᠨ᠎ᠤ ᠵᠢᠯ᠎ᠤᠨ ᠰᠡᠭᠦᠯᠴᠢ᠎ᠠᠴᠠ ᠡᠮᠦᠨ᠎ᠡ᠂ ᠠᠩᠬᠠᠨ᠎ᠤ ᠡᠭᠡᠯᠵᠢ ᠵᠢᠨ ᠬᠢᠮᠢ ᠵᠢᠨ ᠪᠣᠳᠠᠰ᠎ᠤᠨ ᠦᠨᠳᠦᠰᠦᠨ ᠮᠡᠳᠡᠭᠡ ᠵᠠᠩᠭᠢ ᠵᠢᠨ ᠪᠠᠢ᠌ᠴᠠᠭ᠋ᠠᠯᠲᠠ ᠵᠢ ᠳᠠᠭᠤᠰᠬᠠᠨ᠎ᠠ; ᠠᠮᠢ ᠠᠬᠤᠢ ᠵᠢᠨ ᠣᠷᠴᠢᠨ ᠨᠥᠬᠥᠴᠡᠯ᠎ᠤᠨ ᠶᠠᠮᠤᠨ᠂ ᠤᠯᠤᠰ᠎ᠤᠨ ᠡᠪᠡᠳᠴᠢᠨ ᠡᠮᠭᠡᠭ᠎ᠢ ᠰᠡᠷᠭᠡᠢ᠌ᠯᠡᠨ ᠬᠢᠵᠠᠭ᠋ᠠᠷᠯᠠᠬᠤ ᠲᠣᠪᠴᠢᠶ᠎ᠠ ᠵᠢᠨ ᠳᠠᠷᠤᠮᠠᠯᠯᠠᠨ ᠲᠠᠷᠬᠠᠭ᠋ᠠᠭᠰᠠᠨ 《ᠠᠩᠬᠠᠨ᠎ᠤ ᠪᠦᠯᠦᠭ ᠬᠢᠮᠢ ᠵᠢᠨ ᠪᠣᠳᠠᠰ᠎ᠤᠨ ᠣᠷᠴᠢᠨ ᠠᠬᠤᠢ ᠵᠢᠨ ᠠᠶᠤᠯ ᠲᠦᠭᠰᠢᠭᠦᠷᠢ ᠵᠢ ᠤᠷᠢᠳ ᠵᠶ᠋ᠠᠷ ᠦᠨᠡᠯᠡᠨ ᠵᠢᠱ᠌ᠢᠬᠦ ᠲᠥᠯᠥᠪᠯᠡᠭᠡ》᠎ᠳᠤ ᠵᠢᠭᠰᠠᠭ᠋ᠠᠭᠳᠠᠭᠰᠠᠨ 20 ᠵᠦᠢ᠍ᠯ᠎ᠤᠨ ᠬᠢᠮᠢ ᠵᠢᠨ ᠪᠣᠳᠠᠰ᠎ᠲᠤ ᠤᠯᠤᠰ᠎ᠤᠨ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ ᠨᠠᠷᠢᠨ ᠲᠣᠳᠣᠷᠬᠠᠢ ᠮᠡᠳᠡᠭᠡ ᠵᠠᠩᠭᠢ ᠵᠢᠨ ᠪᠠᠢ᠌ᠴᠠᠭ᠋ᠠᠯᠲᠠ ᠵᠢ ᠪᠡᠶᠡᠯᠡᠭᠦᠯᠵᠦ᠂ ᠪᠥᠬᠥ ᠬᠣᠲᠠ ᠵᠢᠨ ᠭᠣᠣᠯᠳᠠᠯᠭ᠎ᠠ᠎ᠲᠠᠢ ᠠᠵᠢᠯ ᠲᠥᠷᠥᠯ᠎ᠤᠨ ᠬᠣᠣᠷᠲᠠᠢ ᠬᠥᠨᠥᠭᠡᠯ᠎ᠲᠠᠢ ᠬᠢᠮᠢ ᠵᠢᠨ ᠪᠣᠳᠠᠰ᠎ᠤᠨ ᠦᠨᠳᠦᠰᠦᠨ ᠮᠡᠳᠡᠭᠡ ᠵᠠᠩᠭᠢ ᠵᠢᠨ ᠳ᠋ᠠᠢ᠌ᠲ᠋ᠠ ᠬᠥᠮᠥᠷᠭᠡ ᠵᠢ ᠪᠠᠢ᠌ᠭᠤᠯᠤᠨ᠎ᠠ᠃ (ᠬᠣᠲᠠ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ ᠬᠠᠷᠢᠭᠤᠴᠠᠵᠤ᠂ ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ ᠬᠠᠷᠢᠭᠤᠴᠠᠨ ᠨᠠᠢ᠌ᠳᠠᠪᠤᠷᠢᠵᠢᠭᠤᠯᠤᠨ᠎ᠠ᠃ ᠳᠣᠷᠣᠭᠰᠢ ᠪᠥᠬᠥᠨ᠎ᠢ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ ᠠᠴᠠ ᠬᠠᠷᠢᠭᠤᠴᠠᠨ ᠨᠠᠢ᠌ᠳᠠᠪᠤᠷᠢᠵᠢᠭᠤᠯᠬᠤ ᠬᠡᠷᠡᠭᠲᠡᠢ᠂ ᠳᠠᠭᠢᠵᠤ ᠵᠢᠭᠰᠠᠭ᠋ᠠᠬᠤ ᠦᠭᠡᠢ)
2. ᠣᠷᠴᠢᠨ ᠲᠣᠭᠣᠷᠢᠨ ᠤ ᠬᠢᠨᠠᠨ ᠬᠡᠮᠵᠢᠬᠦ ᠰᠢᠰᠲ᠋ᠧᠮᠵᠢ ᠵᠢ ᠪᠦᠷᠢᠨᠰᠢᠭᠦᠯᠵᠦ᠂ ᠣᠷᠴᠢᠨ ᠲᠣᠭᠣᠷᠢᠨ ᠤ ᠪᠠᠢ᠌ᠴᠠᠭ᠋ᠠᠯᠲᠠ ᠬᠢᠨᠠᠨ ᠬᠡᠮᠵᠢᠯᠲᠡ ᠵᠢ ᠥᠷᠨᠢᠭᠦᠯᠦᠨ᠎ᠡ᠃ ᠪᠦᠬᠦ ᠬᠣᠲᠠ ᠵᠢᠨ ᠰᠢᠨ᠎ᠡ ᠪᠣᠬᠢᠷᠲᠤᠯ ᠪᠣᠳᠠᠰ᠎ᠤᠨ ᠣᠷᠴᠢᠨ ᠲᠣᠭᠣᠷᠢᠨ᠎ᠢ ᠪᠠᠢ᠌ᠴᠠᠭ᠋ᠠᠵᠤ ᠬᠢᠨᠠᠨ ᠬᠡᠮᠵᠢᠬᠦ ᠲᠥᠰᠥᠯ᠎ᠢ ᠨᠠᠢ᠌ᠷᠠᠭᠤᠯᠤᠨ ᠵᠣᠬᠢᠶᠠᠵᠤ᠂ ᠣᠳᠣ ᠪᠠᠢ᠌ᠭ᠎ᠠ ᠠᠮᠢ ᠠᠬᠤᠢ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠰᠦᠯᠵᠢᠶ᠎ᠡ ᠵᠢ ᠬᠠᠲᠤᠨ ᠭᠣᠣᠯ᠎ᠤᠨ ᠰᠠᠪᠠ ᠭᠠᠵᠠᠷ᠂ ᠤᠯᠠᠭ᠋ᠠᠨᠰᠤᠬᠠᠢ᠂ ᠲᠥᠪᠯᠡᠷᠡᠩᠭᠦᠢ ᠮᠠᠶᠢᠭ᠎ᠤᠨ ᠤᠤᠭᠤᠬᠤ ᠤᠰᠤᠨ᠎ᠤ ᠡᠬᠢ ᠰᠤᠷᠪᠤᠯᠵᠢ ᠵᠢᠨ ᠭᠠᠵᠠᠷ᠂ ᠨᠡᠢ᠌ᠲᠡᠯᠢᠭ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ ᠵᠡᠷᠭᠡ ᠭᠣᠣᠯᠳᠠᠯᠭ᠎ᠠ᠎ᠲᠠᠢ ᠣᠷᠣᠨ ᠪᠦᠰᠡ᠂ ᠬᠢᠮᠢ ᠵᠢᠨ ᠠᠵᠤ ᠦᠢ᠍ᠯᠡᠳᠪᠦᠷᠢ᠂ ᠡᠮ ᠡᠮᠨᠡᠯᠭᠡ ᠵᠡᠷᠭᠡ ᠭᠣᠣᠯᠳᠠᠯᠭ᠎ᠠ᠎ᠲᠠᠢ ᠠᠵᠢᠯ ᠲᠥᠷᠥᠯ᠂ ᠪᠣᠬᠢᠷ ᠤᠰᠤ ᠵᠢ ᠰᠢᠢ᠍ᠳᠪᠦᠷᠢᠯᠡᠬᠦ᠂ ᠬᠣᠭ ᠨᠣᠪᠰᠢ ᠵᠢ ᠰᠢᠲᠠᠭ᠋ᠠᠬᠤ᠂ ᠠᠶᠤᠯᠲᠠᠢ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠵᠦ ᠠᠰᠢᠭᠯᠠᠬᠤ ᠵᠡᠷᠭᠡ ᠭᠣᠣᠯᠳᠠᠯᠭ᠎ᠠ᠎ᠲᠠᠢ ᠠᠵᠤ ᠠᠬᠤᠢ᠌ᠯᠠᠯ᠎ᠳᠤ ᠰᠢᠨ᠎ᠡ ᠪᠣᠬᠢᠷᠲᠤᠯ ᠪᠣᠳᠠᠰ᠎ᠤᠨ ᠣᠷᠴᠢᠨ ᠲᠣᠭᠣᠷᠢᠨ᠎ᠢ ᠪᠠᠢ᠌ᠴᠠᠭ᠋ᠠᠵᠤ ᠬᠢᠨᠠᠨ ᠬᠡᠮᠵᠢᠬᠦ ᠲᠤᠷᠰᠢᠯᠲᠠ ᠵᠢᠨ ᠴᠢᠭ᠋᠎ᠢ ᠥᠷᠨᠢᠭᠦᠯᠵᠦ᠂ ᠰᠢᠨ᠎ᠡ ᠪᠣᠬᠢᠷᠲᠤᠯ ᠪᠣᠳᠠᠰ᠎ᠤᠨ ᠣᠷᠴᠢᠨ ᠲᠣᠭᠣᠷᠢᠨ᠎ᠢ ᠪᠠᠢ᠌ᠴᠠᠭ᠋ᠠᠵᠤ ᠬᠢᠨᠠᠨ ᠬᠡᠮᠵᠢᠬᠦ ᠰᠢᠰᠲ᠋ᠧᠮᠵᠢ ᠵᠢ ᠠᠯᠬᠤᠮ ᠠᠯᠬᠤᠮ ᠵᠶ᠋ᠠᠷ ᠪᠠᠢ᠌ᠭᠤᠯᠤᠨ᠎ᠠ᠃ (ᠬᠣᠲᠠ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ ᠬᠠᠷᠢᠭᠤᠴᠠᠨ᠎ᠠ)
3. ᠭᠣᠣᠯᠳᠠᠯᠭ᠎ᠠ᠎ᠲᠠᠢ ᠬᠢᠮᠢ ᠵᠢᠨ ᠪᠣᠳᠠᠰ᠎ᠲᠤ ᠴᠢᠭᠯᠡᠭᠦᠯᠦᠨ᠂ ᠣᠷᠴᠢᠨ ᠲᠣᠭᠣᠷᠢᠨ᠎ᠤ ᠲᠦᠭᠰᠢᠭᠦᠷᠢ ᠵᠢᠨ ᠦᠨᠡᠯᠡᠨ ᠵᠢᠱ᠌ᠢᠯᠲᠡ ᠵᠢ ᠬᠡᠷᠡᠭᠵᠢᠭᠦᠯᠦᠨ᠎ᠡ᠃ ᠤᠯᠤᠰ᠎ᠤᠨ ᠬᠢᠮᠢ ᠵᠢᠨ ᠪᠣᠳᠠᠰ᠎ᠤᠨ ᠣᠷᠴᠢᠨ ᠲᠣᠭᠣᠷᠢᠨ᠎ᠤ ᠠᠶᠤᠯ ᠲᠦᠭᠰᠢᠭᠦᠷᠢ ᠵᠢ ᠤᠷᠢᠳᠠᠪᠠᠷ ᠦᠨᠡᠯᠡᠨ ᠵᠢᠱ᠌ᠢᠬᠦ ᠲᠥᠯᠥᠪᠯᠡᠭᠡ ᠶᠣᠰᠣᠭ᠋ᠠᠷ᠂ ᠪᠥᠬᠥ ᠬᠣᠲᠠ ᠵᠢᠨ ᠠᠵᠤ ᠦᠢ᠍ᠯᠡᠰ᠎ᠤᠨ ᠪᠦᠲᠦᠴᠡ ᠵᠢᠨ ᠣᠨᠴᠠᠯᠢᠭ᠎ᠲᠠᠢ ᠤᠶᠠᠯᠳᠤᠭᠤᠯᠤᠨ᠂ ᠥᠨᠳᠥᠷ ᠠᠩᠬᠠᠷᠤᠯ᠎ᠲᠠᠢ᠂ ᠥᠨᠳᠥᠷ ᠤᠨᠠᠯᠲᠠ᠎ᠲᠠᠢ (ᠬᠡᠷᠡᠭᠯᠡᠬᠦ) ᠬᠡᠮᠵᠢᠶ᠎ᠡ᠂ ᠥᠨᠳᠥᠷ ᠣᠷᠴᠢᠨ ᠲᠣᠭᠣᠷᠢᠨ᠎ᠢ ᠪᠠᠢ᠌ᠴᠠᠭ᠋ᠠᠨ ᠭᠠᠷᠭ᠋ᠠᠬᠤ ᠨᠣᠷᠮ᠎ᠠ᠂ ᠲᠠᠷᠠᠬᠠᠢ ᠬᠡᠯᠪᠡᠷᠢ ᠵᠢᠨ ᠬᠡᠷᠡᠭᠴᠡᠭᠡ᠎ᠲᠠᠢ ᠬᠢᠮᠢ ᠵᠢᠨ ᠪᠣᠳᠠᠰ ᠵᠶ᠋ᠠᠷ ᠭᠣᠣᠯᠳᠠᠯᠭ᠎ᠠ ᠪᠣᠯᠭ᠋ᠠᠵᠤ᠂ ᠣᠷᠴᠢᠨ ᠲᠣᠭᠣᠷᠢᠨ ᠬᠢᠭᠡᠳ ᠡᠷᠡᠭᠦᠯ ᠮᠡᠨᠳᠦ ᠵᠢᠨ ᠬᠣᠣᠷ ᠬᠥᠨᠥᠭᠡᠯ᠎ᠢ ᠰᠢᠯᠭ᠋ᠠᠨ ᠪᠠᠢ᠌ᠴᠠᠭ᠋ᠠᠬᠤ ᠪᠠ ᠠᠶᠤᠯ ᠲᠦᠭᠰᠢᠭᠦᠷᠢ ᠵᠢ ᠰᠢᠭᠰᠢᠨ ᠪᠠᠢ᠌ᠴᠠᠭ᠋ᠠᠬᠤ ᠵᠢ ᠥᠷᠨᠢᠭᠦᠯᠵᠦ᠂ ᠪᠥᠬᠥ ᠬᠣᠲᠠ ᠵᠢᠨ ᠠᠮᠢ ᠠᠬᠤᠢ ᠵᠢᠨ ᠣᠷᠴᠢᠨ ᠲᠣᠭᠣᠷᠢᠨ ᠪᠠ ᠠᠷᠠᠳ ᠣᠯᠠᠨ᠎ᠤ ᠪᠡᠶ᠎ᠡ ᠮᠠᠬᠠᠪᠤᠳ᠎ᠤᠨ ᠡᠷᠡᠭᠦᠯ ᠮᠡᠨᠳᠦ᠎ᠳᠤ ᠬᠣᠣᠷ ᠬᠥᠨᠥᠭᠡᠯ᠎ᠲᠠᠢ᠂ ᠨᠡᠯᠢᠶᠡᠳ ᠥᠨᠳᠥᠷ ᠣᠷᠴᠢᠨ ᠲᠣᠭᠣᠷᠢᠨ᠎ᠤ ᠠᠶᠤᠯ ᠲᠦᠭᠰᠢᠭᠦᠷᠢ᠎ᠲᠠᠢ ᠬᠣᠣᠷᠲᠠᠢ ᠬᠥᠨᠥᠭᠡᠯ᠎ᠲᠠᠢ ᠬᠢᠮᠢ ᠵᠢᠨ ᠪᠣᠳᠠᠰ᠎ᠢ ᠦᠨᠡᠯᠡᠨ ᠵᠢᠱ᠌ᠢᠵᠦ ᠢᠯᠭ᠋ᠠᠨ ᠲᠠᠨᠢᠨ᠎ᠠ᠃ (ᠬᠣᠲᠠ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠵᠡᠷᠭᠡ ᠰᠠᠯᠠᠭ᠎ᠠ ᠮᠥᠴᠢᠷ ᠨᠢᠭᠡᠴᠡ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
4. ᠰᠢᠨ᠎ᠡ ᠪᠣᠬᠢᠷᠲᠤᠯ ᠪᠣᠳᠠᠰ᠎ᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠵᠤ᠂ ᠭᠣᠣᠯᠳᠠᠯᠭ᠎ᠠ᠎ᠲᠠᠢ ᠬᠠᠮᠢᠶᠠᠷᠤᠨ ᠡᠵᠡᠮᠳᠡᠵᠦ ᠨᠥᠬᠥᠪᠦᠷᠢᠯᠡᠬᠦ ᠨᠠᠷᠢᠨ ᠬᠠᠭᠤᠳᠠᠰᠤ ᠵᠢ ᠲᠣᠭᠲᠠᠭ᠋ᠠᠨ᠎ᠠ᠃ ᠬᠢᠮᠢ ᠵᠢᠨ ᠪᠣᠳᠠᠰ ᠵᠢᠴᠢ ᠨᠢᠶᠠᠨ ᠳᠠᠷᠤᠭᠴᠢ᠂ ᠪᠢᠴᠢᠯ ᠰᠦᠯᠢᠶᠥᠦ ᠵᠡᠷᠭᠡ ᠭᠣᠣᠯᠳᠠᠯᠭ᠎ᠠ᠎ᠲᠠᠢ ᠰᠢᠨ᠎ᠡ ᠪᠣᠬᠢᠷᠲᠤᠯ ᠪᠣᠳᠠᠰ᠎ᠢ ᠤᠷᠢᠳᠠᠪᠠᠷ ᠡᠵᠡᠮᠳᠡᠬᠦ ᠣᠷᠴᠢᠨ ᠲᠣᠭᠣᠷᠢᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ 《ᠨᠢᠭᠡ ᠵᠦᠢ᠍ᠯ᠎ᠤᠨ ᠦᠢ᠍ᠯᠡᠳᠬᠦᠨ᠎ᠳᠤ ᠨᠢᠭᠡ ᠲᠥᠷᠥ ᠵᠢᠨ ᠪᠣᠳᠣᠯᠭ᠎ᠠ》 ᠵᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠨ᠎ᠠ᠃ ᠤᠯᠤᠰ ᠠᠴᠠ ᠨᠡᠢ᠌ᠲᠡᠯᠡᠭᠰᠡᠨ 《ᠭᠣᠣᠯᠳᠠᠯᠭ᠎ᠠ᠎ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ᠎ᠤᠨ ᠨᠠᠷᠢᠨ ᠲᠠᠩᠰᠠ》 ᠵᠢ ᠴᠢᠩᠭ᠎ᠠ ᠨᠠᠢ᠌ᠳᠠᠪᠤᠷᠢᠵᠢᠭᠤᠯᠵᠤ᠂ ᠭᠣᠣᠯᠳᠠᠯᠭ᠎ᠠ᠎ᠲᠠᠢ ᠬᠠᠮᠢᠶᠠᠷᠤᠨ ᠡᠵᠡᠮᠳᠡᠬᠦ ᠨᠠᠷᠢᠨ ᠲᠠᠩᠰᠠᠨ᠎ᠳᠤ ᠵᠢᠭᠰᠠᠭ᠋ᠠᠨ ᠣᠷᠣᠭᠤᠯᠤᠭᠰᠠᠨ ᠰᠢᠨ᠎ᠡ ᠪᠣᠬᠢᠷᠲᠤᠯ ᠪᠣᠳᠠᠰ᠎ᠲᠤ ᠴᠠᠭ᠋ᠠᠵᠠᠯᠠᠬᠤ᠂ ᠬᠢᠵᠠᠭ᠋ᠠᠷᠯᠠᠬᠤ᠂ ᠭᠠᠳᠠᠭᠰᠢᠯᠠᠭᠤᠯᠬᠤ ᠵᠢ ᠬᠢᠵᠠᠭ᠋ᠠᠷᠯᠠᠬᠤ ᠵᠡᠷᠭᠡ ᠣᠷᠴᠢᠨ ᠲᠣᠭᠣᠷᠢᠨ᠎ᠤ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠬᠡᠷᠡᠭᠵᠢᠭᠦᠯᠦᠨ᠎ᠡ᠃ ᠬᠢᠮᠢ ᠵᠢᠨ ᠪᠣᠳᠠᠰ᠎ᠤᠨ ᠣᠷᠴᠢᠨ ᠲᠣᠭᠣᠷᠢᠨ᠎ᠤ ᠮᠡᠳᠡᠭᠡ ᠵᠠᠩᠭᠢ ᠵᠢᠨ ᠪᠠᠢ᠌ᠴᠠᠭ᠋ᠠᠯᠲᠠ ᠵᠢᠨ ᠪᠠᠢ᠌ᠳᠠᠯ᠎ᠢ ᠦᠨᠳᠦᠰᠦᠯᠡᠨ᠂ ᠪᠥᠬᠥ ᠬᠣᠲᠠ ᠵᠢᠨ ᠭᠣᠣᠯᠳᠠᠯᠭ᠎ᠠ᠎ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ᠎ᠤᠨ ᠨᠥᠬᠥᠪᠦᠷᠢ ᠲᠣᠳᠣᠷᠬᠠᠢ ᠬᠠᠭᠤᠳᠠᠰᠤ ᠪᠠ ᠬᠠᠮᠢᠶᠠᠷᠤᠨ ᠡᠵᠡᠮᠳᠡᠬᠦ ᠲᠥᠰᠥᠯ᠎ᠢ ᠬᠥᠳᠡᠯᠦᠩᠭᠦᠢ᠎ᠪᠠᠷ ᠲᠣᠭᠲᠠᠭ᠋ᠠᠨ᠎ᠠ᠃ (ᠬᠣᠲᠠ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ ᠲᠦᠷᠦᠭᠦᠯᠡᠵᠦ᠂ ᠬᠣᠲᠠ ᠵᠢᠨ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠤᠷᠠᠳ ᠪᠣᠭᠣᠮᠲᠠ ᠵᠡᠷᠭᠡ ᠰᠠᠯᠠᠭ᠎ᠠ ᠮᠥᠴᠢᠷ ᠨᠢᠭᠡᠴᠡ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠬᠣᠶᠠᠷ) ᠡᠬᠢ ᠡᠭᠦᠰᠦᠯ᠎ᠠᠴᠠ᠎ᠨᠢ ᠬᠠᠮᠢᠶᠠᠷᠤᠨ ᠡᠵᠡᠮᠳᠡᠬᠦ ᠵᠢ ᠴᠢᠩᠳᠠᠯᠠᠵᠤ᠂ ᠰᠢᠨ᠎ᠡ ᠪᠣᠬᠢᠷᠲᠤᠯ ᠪᠣᠳᠠᠰ ᠡᠭᠦᠰᠬᠦ ᠵᠢ ᠰᠡᠷᠭᠡᠢ᠌ᠯᠡᠨ᠎ᠡ᠃
1. ᠰᠢᠨ᠎ᠡ ᠬᠢᠮᠢ ᠵᠢᠨ ᠪᠣᠳᠠᠰ᠎ᠤᠨ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠳᠡᠩᠰᠡᠯᠡᠨ ᠲᠡᠮᠳᠡᠭᠯᠡᠬᠦ ᠳᠦᠷᠢᠮ᠎ᠢ ᠨᠠᠢ᠌ᠳᠠᠪᠤᠷᠢᠵᠢᠭᠤᠯᠤᠨ᠎ᠠ᠃ 《ᠰᠢᠨ᠎ᠡ ᠬᠢᠮᠢ ᠵᠢᠨ ᠪᠣᠳᠠᠰ᠎ᠤᠨ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠳᠡᠩᠰᠡᠯᠡᠨ ᠲᠡᠮᠳᠡᠭᠯᠡᠬᠦ ᠠᠷᠭ᠎ᠠ》 ᠵᠢ ᠴᠢᠩᠭ᠎ᠠ ᠬᠡᠷᠡᠭᠵᠢᠭᠦᠯᠵᠦ᠂ ᠰᠢᠨ᠎ᠡ ᠬᠢᠮᠢ ᠵᠢᠨ ᠪᠣᠳᠠᠰ᠎ᠢ ᠰᠤᠳᠤᠯᠬᠤ᠂ ᠦᠢ᠍ᠯᠡᠳᠪᠦᠷᠢᠯᠡᠬᠦ᠂ ᠭᠠᠳᠠᠭ᠋ᠠᠳᠤ ᠠᠴᠠ ᠣᠷᠣᠭᠤᠯᠬᠤ ᠪᠠ ᠡᠳ᠋ᠰᠢᠭᠦᠯᠦᠨ ᠬᠡᠷᠡᠭᠯᠡᠬᠦ ᠵᠢ ᠡᠷᠭᠢᠯᠡᠵᠦ ᠪᠠᠢ᠌ᠭ᠎ᠠ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠡ ᠵᠢ ᠰᠢᠮᠳᠠᠭᠤᠯᠵᠤ ᠪᠠᠢ᠌ᠭ᠋ᠠᠳ ᠰᠢᠨ᠎ᠡ ᠬᠢᠮᠢ ᠵᠢᠨ ᠪᠣᠳᠠᠰ᠎ᠤᠨ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠳᠡᠩᠰᠡᠯᠡᠨ ᠲᠡᠮᠳᠡᠭᠯᠡᠬᠦ ᠵᠢ ᠰᠠᠨᠠᠭ᠋ᠠᠴᠢᠯᠠᠭ᠎ᠠ ᠠᠴᠠ᠎ᠪᠠᠨ ᠥᠷᠨᠢᠭᠦᠯᠵᠦ᠂ ᠰᠢᠨ᠎ᠡ ᠬᠢᠮᠢ ᠵᠢᠨ ᠪᠣᠳᠠᠰ᠎ᠤᠨ ᠣᠷᠴᠢᠨ ᠲᠣᠭᠣᠷᠢᠨ᠎ᠤ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠨ᠎ᠠ᠃ 《ᠬᠣᠶᠠᠷ᠎ᠢ ᠲᠣᠬᠢᠶᠠᠯᠳᠤᠯ ᠵᠶ᠋ᠠᠷ ᠬᠢᠬᠦ᠂ ᠨᠢᠭᠡ ᠵᠢ ᠢᠯᠡ ᠪᠣᠯᠭ᠋ᠠᠬᠤ》 ᠵᠠᠷᠴᠢᠮ ᠶᠣᠰᠣᠭ᠋ᠠᠷ᠂ ᠰᠢᠨ᠎ᠡ ᠬᠢᠮᠢ ᠵᠢᠨ ᠪᠣᠳᠠᠰ᠎ᠤᠨ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠵᠦᠢ᠍ᠯᠡᠰ᠎ᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠣᠨ᠎ᠤ ᠠᠵᠢᠯ᠎ᠤᠨ ᠲᠥᠯᠥᠪᠯᠡᠭᠡ᠎ᠳᠤ ᠣᠷᠣᠭᠤᠯᠵᠤ᠂ ᠰᠢᠨ᠎ᠡ ᠬᠢᠮᠢ ᠵᠢᠨ ᠪᠣᠳᠠᠰ᠎ᠤᠨ ᠦᠢ᠍ᠯᠡᠳᠪᠦᠷᠢᠯᠡᠭᠴᠢᠳ᠂ ᠭᠠᠳᠠᠭ᠋ᠠᠳᠤ ᠠᠴᠠ ᠣᠷᠣᠭᠰᠠᠳ ᠪᠠ ᠡᠳ᠋ᠰᠢᠭᠦᠯᠦᠨ ᠬᠡᠷᠡᠭᠯᠡᠭᠴᠢᠳ᠎ᠲᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠡᠷᠴᠢᠮ ᠵᠶ᠋ᠡᠨ ᠴᠢᠩᠭ᠋ᠠᠷᠠᠭᠤᠯᠵᠤ᠂ ᠰᠢᠨ᠎ᠡ ᠬᠢᠮᠢ ᠵᠢᠨ ᠪᠣᠳᠠᠰ᠎ᠤᠨ ᠣᠷᠴᠢᠨ ᠲᠣᠭᠣᠷᠢᠨ᠎ᠳᠤ ᠬᠣᠯᠪᠣᠭᠳᠠᠬᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠭᠦᠨ᠎ᠡ᠃ (ᠬᠣᠲᠠ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ ᠬᠠᠷᠢᠭᠤᠴᠠᠨ᠎ᠠ)
2. ᠰᠢᠭᠰᠢᠭᠳᠡᠭᠦᠯᠵᠦ ᠬᠡᠷᠡᠭᠯᠡᠬᠦ ᠵᠢ ᠬᠢᠵᠠᠭ᠋ᠠᠷᠯᠠᠬᠤ ᠠᠷᠭ᠎ᠠ ᠬᠡᠮᠵᠢᠶ᠎ᠡ ᠵᠢᠴᠢ ᠠᠭᠤᠯᠤᠭᠳᠠᠴᠠ ᠵᠢ ᠡᠵᠡᠮᠳᠡᠬᠦ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠤᠨ᠎ᠠ᠃ ᠤᠯᠤᠰ᠎ᠤᠨ ᠠᠵᠤ ᠦᠢ᠍ᠯᠡᠰ᠎ᠤᠨ ᠪᠦᠲᠦᠴᠡ ᠵᠢᠨ ᠲᠣᠬᠢᠷᠠᠭᠤᠯᠤᠯᠲᠠ ᠵᠢᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ᠂ 《ᠠᠵᠤ ᠦᠢ᠍ᠯᠡᠰ᠎ᠤᠨ ᠪᠦᠲᠦᠴᠡ ᠵᠢᠨ ᠲᠣᠬᠢᠷᠠᠭᠤᠯᠤᠯᠲᠠ ᠵᠢᠨ ᠵᠢᠯᠤᠭᠣᠳᠬᠤ ᠭᠠᠷᠴᠠᠭ》᠎ᠲᠤ ᠣᠷᠣᠭᠤᠯᠵᠤ ᠰᠢᠭᠰᠢᠭᠳᠡᠭᠦᠯᠬᠦ ᠲᠥᠷᠥᠯ᠎ᠳᠤ ᠣᠷᠣᠭᠤᠯᠤᠭᠰᠠᠨ ᠠᠵᠤ ᠦᠢ᠍ᠯᠡᠳᠪᠦᠷᠢ ᠵᠢᠨ ᠬᠢᠮᠢ ᠵᠢᠨ ᠪᠣᠳᠠᠰ᠂ ᠲᠠᠷᠢᠶᠠᠨ ᠡᠮ᠂ ᠮᠠᠯ᠎ᠤᠨ ᠡᠮ᠂ ᠭᠣᠶᠣᠯᠠᠯ᠎ᠤᠨ ᠡᠳ᠋ ᠵᠡᠷᠭᠡ᠎ᠳᠤ᠂ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠡ ᠵᠢ ᠴᠠᠭ ᠲᠤᠬᠠᠢᠳᠤᠨᠢ ᠰᠢᠮᠳᠠᠭᠤᠯᠵᠤ ᠪᠠᠢ᠌ᠭ᠋ᠠᠳ ᠬᠦᠴᠦᠲᠡᠢ ᠠᠷᠭ᠎ᠠ ᠬᠡᠮᠵᠢᠶ᠎ᠡ ᠠᠪᠴᠤ ᠪᠠᠢ᠌ᠭ᠋ᠠᠳ ᠬᠤᠭᠤᠴᠠᠭ᠎ᠠ ᠬᠢᠵᠠᠭ᠋ᠠᠷᠯᠠᠨ ᠰᠢᠭᠰᠢᠭᠳᠡᠭᠦᠯᠵᠦ᠂ ᠲᠣᠭᠲᠠᠭᠰᠠᠨ ᠬᠤᠭᠤᠴᠠᠭ᠋ᠠᠨ᠎ᠳᠤ᠎ᠨᠢ ᠰᠢᠭᠰᠢᠭᠳᠡᠭᠦᠯᠦᠭᠰᠡᠨ ᠦᠭᠡᠢ ᠪᠠᠢ᠌ᠪᠠᠯ᠂ ᠲᠡᠭᠦᠨ᠎ᠤ ᠦᠢ᠍ᠯᠡᠳᠬᠦᠨ᠎ᠤ ᠳᠠᠩᠰᠠᠯᠠᠯᠲᠠ ᠪᠤᠶᠤ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠢ ᠬᠢᠨᠠᠨ ᠣᠯᠭᠣᠬᠤ ᠵᠢ ᠬᠠᠤᠯᠢ ᠶᠣᠰᠣᠭ᠋ᠠᠷ ᠵᠣᠭᠰᠣᠭ᠋ᠠᠨ᠎ᠠ᠃ ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ ᠬᠠᠮᠢᠶᠠᠷᠤᠯᠲᠠ ᠵᠢ ᠴᠢᠩᠭ᠋ᠠᠳᠬᠠᠵᠤ᠂ ᠰᠢᠨ᠎ᠡ ᠪᠣᠬᠢᠷᠲᠤᠯ ᠪᠣᠳᠠᠰ᠎ᠲᠤ ᠬᠣᠯᠪᠣᠭᠳᠠᠬᠤ ᠪᠦᠲᠦᠭᠡᠨ ᠪᠠᠢ᠌ᠭᠤᠯᠤᠯᠲᠠ ᠵᠢᠨ ᠵᠦᠢ᠍ᠯᠡᠰ᠎ᠤᠨ ᠣᠷᠣᠬᠤ ᠵᠥᠪᠰᠢᠶᠡᠷᠡᠯ᠎ᠤᠨ ᠬᠠᠮᠢᠶᠠᠷᠤᠯᠲᠠ ᠵᠢ ᠴᠢᠩᠳᠠᠯᠠᠨ᠎ᠠ᠃ ᠭᠠᠳᠠᠭ᠋ᠠᠳᠤ ᠠᠴᠠ ᠣᠷᠣᠭᠤᠯᠬᠤ (ᠭᠠᠳᠠᠭ᠋ᠠᠳᠤ᠎ᠳᠤ ᠭᠠᠷᠭ᠋ᠠᠬᠤ) ᠵᠢ ᠴᠠᠭ᠋ᠠᠵᠠᠯᠠᠬᠤ ᠪᠠᠷᠠᠭ᠋ᠠᠨ᠎ᠤ ᠭᠠᠷᠴᠠᠭ ᠪᠠ 《 ᠳᠤᠮᠳᠠᠳᠤ ᠤᠯᠤᠰ ᠤᠨ ᠴᠢᠩᠭ᠎ᠠ ᠬᠢᠵᠠᠭ᠋ᠠᠷᠯᠠᠵᠤ ᠪᠠᠢ᠌ᠭ᠎ᠠ ᠬᠣᠣᠷᠲᠠᠢ ᠬᠢᠮᠢ ᠵᠢᠨ ᠪᠣᠳᠠᠰ ᠤᠨ ᠨᠡᠷᠡᠰ ᠤᠨ ᠵᠢᠭᠰᠠᠭ᠋ᠠᠯᠲᠠ》 ᠵᠢᠨ ᠬᠠᠮᠢᠶᠠᠷᠤᠯᠲᠠ ᠵᠢᠨ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠭᠠᠳᠠᠭ᠋ᠠᠳᠤ ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠵᠢ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠨ᠎ᠠ᠃ ᠨᠢᠭᠡᠨᠲᠡ ᠰᠢᠭᠰᠢᠭᠳᠡᠭᠦᠯᠦᠭᠰᠡᠨ ᠤᠳᠠᠭ᠋ᠠᠨ ᠳᠠᠭ᠋ᠠᠭ᠋ᠠᠮᠠᠭ᠋ᠠᠢ ᠴᠢᠨᠠᠷᠲᠠᠢ ᠣᠷᠭ᠋ᠠᠨᠢᠭ ᠪᠣᠬᠢᠷᠲᠤᠯ ᠪᠣᠳᠠᠰ ᠵᠡᠷᠭᠡ ᠰᠢᠨ᠎ᠡ ᠪᠣᠬᠢᠷᠲᠤᠯ ᠪᠣᠳᠠᠰ᠎ᠢ ᠬᠠᠤᠯᠢ ᠪᠤᠰᠤ᠎ᠪᠠᠷ ᠦᠢ᠍ᠯᠡᠳᠪᠦᠷᠢᠯᠡᠬᠦ ᠪᠠ ᠡᠳ᠋ᠰᠢᠭᠦᠯᠦᠨ ᠬᠡᠷᠡᠭᠯᠡᠬᠦ᠎ᠳᠤ ᠴᠢᠩᠭ᠎ᠠ ᠴᠣᠬᠢᠯᠲᠠ ᠥᠭᠴᠦ᠂ ᠰᠢᠨ᠎ᠡ᠎ᠪᠠᠷ ᠨᠡᠮᠡᠭᠰᠡᠨ ᠤᠳᠠᠭ᠋ᠠᠨ ᠳᠠᠭ᠋ᠠᠭ᠋ᠠᠮᠠᠭ᠋ᠠᠢ ᠴᠢᠨᠠᠷᠲᠠᠢ ᠣᠷᠭ᠋ᠠᠨᠢᠭ ᠪᠣᠬᠢᠷᠲᠤᠯ ᠪᠣᠳᠠᠰ᠎ᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠲᠤᠤᠱᠯᠠᠭᠤᠯᠤᠨ ᠨᠠᠢ᠌ᠳᠠᠪᠤᠷᠢᠵᠢᠭᠤᠯᠤᠨ᠎ᠠ᠃ ᠲᠣᠭᠯᠠᠭ᠋ᠠᠮ᠎ᠤᠨ ᠵᠦᠢ᠍ᠯ᠂ ᠰᠣᠷᠣᠭᠴᠢ ᠵᠢᠨ ᠬᠡᠷᠡᠭᠯᠡᠭᠡᠨ᠎ᠤ ᠵᠦᠢ᠍ᠯ ᠵᠡᠷᠭᠡ ᠬᠠᠮᠢᠶ᠎ᠠ ᠪᠦᠬᠦᠢ ᠦᠢ᠍ᠯᠡᠳᠬᠦᠨ᠎ᠤ ᠰᠢᠨ᠎ᠡ ᠪᠣᠬᠢᠷᠲᠤᠯ ᠪᠣᠳᠠᠰ᠎ᠤᠨ ᠠᠭᠤᠯᠤᠭᠳᠠᠴᠠ ᠵᠢ ᠡᠵᠡᠮᠳᠡᠬᠦ ᠠᠯᠪᠠᠳᠠᠯᠭ᠎ᠠ ᠵᠢᠨ ᠴᠢᠨᠠᠷᠲᠠᠢ ᠤᠯᠤᠰ᠎ᠤᠨ ᠪᠠᠷᠢᠮᠵᠢᠶ᠎ᠠ ᠵᠢ ᠭᠣᠣᠯᠳᠠᠯᠭ᠎ᠠ᠎ᠲᠠᠢ ᠬᠠᠮᠢᠶᠠᠷᠤᠨ ᠡᠵᠡᠮᠳᠡᠵᠦ᠂ ᠦᠢ᠍ᠯᠡᠳᠬᠦᠨ᠎ᠤ ᠬᠡᠷᠡᠭᠯᠡᠭᠡᠨ᠎ᠤ ᠶᠠᠪᠤᠴᠠ᠎ᠳᠤ ᠪᠣᠶ ᠪᠣᠯᠭ᠋ᠠᠭᠰᠠᠨ ᠰᠢᠨ᠎ᠡ ᠪᠣᠬᠢᠷᠲᠤᠯ ᠪᠣᠳᠠᠰ᠎ᠤᠨ ᠣᠷᠴᠢᠨ ᠲᠣᠭᠣᠷᠢᠨ᠎ᠤ ᠭᠠᠳᠠᠭᠰᠢᠯᠠᠭᠤᠯᠤᠯᠲᠠ ᠵᠢ ᠪᠠᠭ᠋ᠠᠰᠬᠠᠬᠤ᠎ᠳᠤ ᠪᠥᠬᠥ ᠲᠠᠯ᠎ᠠ᠎ᠪᠠᠷ ᠬᠢᠨᠠᠯᠲᠠ ᠲᠠᠯᠪᠢᠨ᠎ᠠ᠃ (ᠬᠣᠲᠠ ᠵᠢᠨ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠣᠪᠴᠢᠶ᠎ᠠ᠂ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠤᠷᠠᠳ ᠪᠣᠭᠣᠮᠲᠠ ᠵᠡᠷᠭᠡ ᠰᠠᠯᠠᠭ᠎ᠠ ᠮᠥᠴᠢᠷ ᠨᠢᠭᠡᠴᠡ᠎ᠨᠦᠭᠦᠳ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠭᠤᠷᠪᠠ) ᠶᠠᠪᠤᠴᠠ ᠵᠢᠨ ᠡᠵᠡᠮᠳᠡᠯ᠎ᠢ ᠴᠢᠩᠭ᠋ᠠᠷᠠᠭᠤᠯᠵᠤ᠂ ᠰᠢᠨ᠎ᠡ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ ᠵᠢ ᠪᠠᠭ᠋ᠠᠰᠬᠠᠨ᠎ᠠ᠃
1. ᠠᠷᠢᠭᠤᠨ ᠴᠡᠪᠡᠷ ᠦᠢ᠍ᠯᠡᠳᠪᠦᠷᠢᠯᠡᠯ᠎ᠢ ᠴᠢᠩᠭ᠋ᠠᠳᠬᠠᠵᠤ᠂ ᠪᠣᠬᠢᠷᠲᠤᠯ ᠦᠭᠡᠢ ᠦᠢ᠍ᠯᠡᠳᠬᠦ ᠪᠠᠷᠢᠮᠵᠢᠶ᠎ᠠ ᠵᠢᠨ ᠰᠢᠰᠲ᠋ᠧᠮᠵᠢ ᠵᠢ ᠲᠡᠭᠦᠯᠳᠡᠷᠵᠢᠭᠦᠯᠦᠨ᠎ᠡ᠃ ᠬᠣᠣᠷᠲᠠᠢ ᠬᠥᠨᠥᠭᠡᠯ᠎ᠲᠠᠢ ᠬᠢᠮᠢ ᠵᠢᠨ ᠪᠣᠳᠠᠰ᠎ᠢ ᠬᠡᠷᠡᠭᠯᠡᠨ ᠦᠢ᠍ᠯᠡᠳᠪᠦᠷᠢᠯᠡᠬᠦ ᠪᠤᠶᠤ ᠦᠢ᠍ᠯᠡᠳᠪᠦᠷᠢᠯᠡᠬᠦ ᠶᠠᠪᠤᠴᠠ᠎ᠳᠤ ᠬᠣᠣᠷᠲᠠᠢ ᠬᠥᠨᠥᠭᠡᠯ᠎ᠲᠠᠢ ᠬᠢᠮᠢ ᠵᠢᠨ ᠪᠣᠳᠠᠰ᠎ᠢ ᠭᠠᠳᠠᠭᠰᠢᠯᠠᠭᠤᠯᠬᠤ ᠠᠵᠤ ᠠᠬᠤᠢ᠌ᠯᠠᠯ᠎ᠳᠤ ᠠᠯᠪᠠᠳᠠᠯᠭ᠎ᠠ ᠵᠢᠨ ᠴᠢᠨᠠᠷᠲᠠᠢ ᠠᠷᠢᠭᠤᠨ ᠴᠡᠪᠡᠷ ᠦᠢ᠍ᠯᠡᠳᠪᠦᠷᠢᠯᠡᠯ᠎ᠤᠨ ᠬᠢᠨᠠᠨ ᠬᠠᠷᠭᠤᠭᠤᠯᠤᠯᠲᠠ ᠵᠢ ᠬᠠᠤᠯᠢ ᠶᠣᠰᠣᠭ᠋ᠠᠷ ᠬᠡᠷᠡᠭᠵᠢᠭᠦᠯᠵᠦ᠂ ᠠᠵᠤ ᠠᠬᠤᠢ᠌ᠯᠠᠯ᠎ᠢ ᠰᠢᠪᠠᠳᠠᠨ ᠲᠦᠭᠦᠬᠡᠢ ᠮᠠᠲ᠋ᠧᠷᠢᠶᠠᠯ ᠲᠤᠰᠠᠯᠠᠬᠤ ᠮᠠᠲ᠋ᠧᠷᠢᠶᠠᠯ᠎ᠢ ᠬᠣᠣᠷ ᠦᠭᠡᠢ᠍ᠢ᠍ᠵᠢᠬᠦᠯᠦᠨ ᠣᠷᠣᠯᠠᠭᠤᠯᠬᠤ᠂ ᠦᠢ᠍ᠯᠡᠳᠪᠦᠷᠢᠯᠡᠯ᠎ᠤᠨ ᠤᠷᠠᠯᠠᠯ᠎ᠢ ᠬᠣᠣᠷ ᠦᠭᠡᠢ᠍ᠢ᠍ᠵᠢᠬᠦᠯᠦᠨ ᠰᠢᠯᠢᠳᠡᠭᠵᠢᠭᠦᠯᠬᠦ ᠵᠡᠷᠭᠡ ᠠᠷᠭ᠎ᠠ ᠬᠡᠮᠵᠢᠶ᠎ᠡ ᠵᠢ ᠬᠡᠷᠡᠭᠵᠢᠭᠦᠯᠵᠦ᠂ ᠠᠷᠢᠭᠤᠨ ᠴᠡᠪᠡᠷ ᠦᠢ᠍ᠯᠡᠳᠪᠦᠷᠢᠯᠡᠯ᠎ᠤᠨ ᠥᠭᠡᠷᠡᠴᠢᠯᠡᠯᠲᠡ ᠵᠢ ᠪᠦᠬᠦ ᠬᠦᠴᠦᠨ ᠵᠶ᠋ᠡᠷ ᠲᠦᠯᠬᠢᠨ ᠠᠬᠢᠭᠤᠯᠤᠨ᠎ᠠ᠃ ᠠᠵᠤ ᠠᠬᠤᠢ᠌ᠯᠠᠯ᠎ᠨᠢ ᠣᠯᠠᠨ ᠨᠡᠶ᠋ᠢᠲᠡ᠎ᠳᠤ ᠮᠡᠳᠡᠭᠦᠯᠬᠦ᠎ᠳᠤ ᠲᠥᠬᠥᠮ ᠦᠵᠡᠭᠦᠯᠬᠦ ᠠᠷᠭ᠎ᠠ ᠮᠠᠶᠢᠭ᠎ᠢ ᠠᠪᠴᠤ ᠪᠠᠢ᠌ᠭ᠋ᠠᠳ ᠬᠣᠣᠷ ᠬᠥᠨᠥᠭᠡᠯ᠎ᠲᠠᠢ ᠲᠦᠭᠦᠬᠡᠢ ᠮᠠᠲ᠋ᠧᠷᠢᠶᠠᠯ᠎ᠢ ᠬᠡᠷᠡᠭᠯᠡᠭᠰᠡᠨ ᠪᠠᠢ᠌ᠳᠠᠯ ᠵᠢᠴᠢ ᠬᠣᠣᠷ ᠬᠥᠨᠥᠭᠡᠯ᠎ᠲᠠᠢ ᠬᠢᠮᠢ ᠵᠢᠨ ᠪᠣᠳᠠᠰ᠎ᠢ ᠭᠠᠳᠠᠭᠰᠢᠯᠠᠭᠤᠯᠤᠭᠰᠠᠨ ᠨᠡᠷᠡᠢ᠌ᠳᠦᠯ᠂ ᠥᠳᠬᠡᠴᠡ ᠪᠣᠯᠣᠨ ᠲᠣᠭ᠎ᠠ ᠬᠡᠮᠵᠢᠶ᠎ᠡ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠵᠢ ᠨᠡᠢ᠌ᠲᠡᠯᠡᠬᠦ ᠬᠡᠷᠡᠭᠲᠡᠢ᠃ ᠤᠯᠤᠰ ᠠᠴᠠ ᠬᠣᠣᠷ ᠬᠥᠨᠥᠭᠡᠯ᠎ᠲᠠᠢ ᠬᠢᠮᠢ ᠵᠢᠨ ᠪᠣᠳᠠᠰ᠎ᠢ ᠣᠷᠣᠯᠠᠭᠤᠯᠬᠤ ᠪᠠ ᠭᠠᠳᠠᠭᠰᠢᠯᠠᠭᠤᠯᠬᠤ ᠵᠢ ᠡᠵᠡᠮᠳᠡᠬᠦ ᠱᠠᠭ᠋ᠠᠷᠳᠠᠯᠭ᠎ᠠ ᠵᠢ ᠪᠣᠬᠢᠷᠲᠤᠯ ᠦᠭᠡᠢ ᠦᠢ᠍ᠯᠡᠳᠬᠦᠨ᠂ ᠪᠣᠬᠢᠷᠲᠤᠯ ᠦᠭᠡᠢ ᠬᠦᠷᠢᠶᠡᠯᠡᠩ ᠲᠣᠭᠣᠷᠢᠭ᠂ ᠪᠣᠬᠢᠷᠲᠤᠯ ᠦᠭᠡᠢ ᠦᠢ᠍ᠯᠡᠳᠪᠦᠷᠢ ᠪᠠ ᠪᠣᠬᠢᠷᠲᠤᠯ ᠦᠭᠡᠢ ᠬᠠᠩᠭ᠋ᠠᠯᠭ᠎ᠠ ᠵᠢᠨ ᠬᠡᠯᠬᠢᠶ᠎ᠡ ᠵᠡᠷᠭᠡ ᠪᠣᠬᠢᠷᠲᠤᠯ ᠦᠭᠡᠢ ᠦᠢ᠍ᠯᠡᠳᠬᠦ ᠪᠠᠷᠢᠮᠵᠢᠶ᠎ᠠ ᠵᠢᠨ ᠰᠢᠰᠲ᠋ᠧᠮᠵᠢ᠎ᠳᠤ ᠣᠷᠣᠭᠤᠯᠬᠤ ᠵᠡᠷᠭᠡ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠤᠨ᠎ᠠ᠃ (ᠬᠣᠲᠠ ᠵᠢᠨ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠣᠪᠴᠢᠶ᠎ᠠ᠂ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ᠂ ᠣᠷᠣᠨ ᠰᠠᠭᠤᠴᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠡ᠎ᠨᠦᠭᠦᠳ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
2. ᠨᠢᠶᠠᠨ ᠳᠠᠷᠤᠭᠴᠢ ᠵᠢᠨ ᠲᠥᠷᠥᠯ᠎ᠤᠨ ᠡᠮ᠎ᠤᠨ ᠵᠦᠢ᠍ᠯ᠎ᠤᠨ ᠬᠡᠷᠡᠭᠯᠡᠯᠲᠡ ᠬᠠᠮᠢᠶᠠᠷᠤᠯᠲᠠ ᠵᠢ ᠵᠢᠷᠤᠮᠵᠢᠭᠤᠯᠵᠤ᠂ ᠲᠣᠭ᠎ᠠ ᠬᠡᠮᠵᠢᠶ᠎ᠡ ᠵᠢ ᠪᠠᠭ᠋ᠠᠰᠬᠠᠬᠤ ᠠᠵᠢᠯᠯᠠᠭ᠎ᠠ ᠵᠢ ᠥᠷᠨᠢᠭᠦᠯᠦᠨ᠎ᠡ᠃ ᠪᠠᠺᠲ᠋ᠧᠷᠢ ᠳᠠᠷᠤᠬᠤ ᠡᠮ᠎ᠢ ᠡᠮᠴᠢᠯᠡᠭᠡᠨ᠎ᠳᠤ ᠬᠡᠷᠡᠭᠯᠡᠬᠦ ᠬᠠᠮᠢᠶᠠᠷᠤᠯᠲᠠ ᠵᠢ ᠴᠢᠩᠭ᠋ᠠᠳᠬᠠᠵᠤ᠂ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠤᠨ ᠵᠣᠷ ᠵᠶ᠋ᠠᠷ ᠵᠶ᠋ᠠᠨ ᠵᠣᠷ᠎ᠤᠨ ᠡᠮ᠎ᠤᠨ ᠲᠥᠷᠥᠯ᠎ᠤᠨ ᠪᠠᠺᠲ᠋ᠧᠷᠢ ᠳᠠᠷᠤᠬᠤ ᠡᠮ᠎ᠢ ᠪᠣᠷᠣᠯᠠᠭᠤᠯᠬᠤ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠬᠤ ᠬᠡᠷᠡᠭᠲᠡᠢ᠃ ᠮᠠᠯ᠎ᠳᠤ ᠬᠡᠷᠡᠭᠯᠡᠬᠦ ᠪᠠᠺᠲ᠋ᠧᠷᠢ ᠡᠰᠡᠷᠭᠦᠴᠡᠬᠦ ᠡᠮ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠮᠠᠯ᠎ᠳᠤ ᠬᠡᠷᠡᠭᠯᠡᠬᠦ ᠪᠠᠺᠲ᠋ᠧᠷᠢ ᠳᠠᠷᠤᠬᠤ ᠡᠮ᠎ᠤᠨ ᠬᠡᠷᠡᠭᠯᠡᠯᠲᠡ ᠵᠢᠨ ᠬᠡᠮᠵᠢᠶ᠎ᠡ ᠵᠢ ᠪᠠᠭ᠋ᠠᠰᠬᠠᠬᠤ ᠠᠵᠢᠯᠯᠠᠭ᠎ᠠ ᠵᠢ ᠬᠡᠷᠡᠭᠵᠢᠭᠦᠯᠵᠦ᠂ ᠮᠢᠬ᠎ᠠ ᠥᠨᠳᠡᠭᠡ ᠰᠦ ᠵᠢᠨ ᠭᠣᠣᠯ ᠪᠣᠯᠬᠤ ᠮᠠᠯ ᠵᠢᠭᠦᠷᠲᠡᠨ᠎ᠤ ᠡᠭᠦᠯᠳᠡᠷ᠎ᠢ ᠦᠢ᠍ᠯᠡᠳᠪᠦᠷᠢᠯᠡᠬᠦ᠎ᠪᠠᠷ ᠭᠣᠣᠯᠳᠠᠯᠭ᠎ᠠ ᠪᠣᠯᠭ᠋ᠠᠨ᠂ ᠮᠠᠯ᠎ᠤᠨ ᠡᠮ᠎ᠤᠨ ᠬᠡᠷᠡᠭᠯᠡᠯᠲᠡ ᠵᠢᠨ ᠲᠡᠮᠳᠡᠭᠯᠡᠯ᠂ ᠮᠠᠯ᠎ᠳᠤ ᠬᠡᠷᠡᠭᠯᠡᠬᠦ ᠵᠣᠷ᠎ᠤᠨ ᠡᠮ ᠪᠠ ᠮᠠᠯ᠎ᠤᠨ ᠡᠮ᠎ᠤᠨ ᠡᠮ᠎ᠢ ᠵᠣᠭᠰᠤᠭ᠋ᠠᠬᠤ ᠬᠤᠭᠤᠴᠠᠭ᠋ᠠᠨ᠎ᠤ ᠬᠠᠮᠢᠶᠠᠷᠤᠯᠲᠠ ᠵᠢᠨ ᠳᠦᠷᠢᠮ᠎ᠢ ᠴᠢᠩᠭ᠎ᠠ ᠬᠡᠷᠡᠭᠵᠢᠭᠦᠯᠵᠦ᠂ ᠲᠡᠵᠢᠭᠡᠨ ᠦᠷᠡᠵᠢᠭᠦᠯᠬᠦ ᠲᠠᠯᠠᠪᠠᠶ ᠵᠢᠨ ᠡᠮ ᠬᠡᠷᠡᠭᠯᠡᠬᠦ ᠦᠢᠯᠡ ᠠᠵᠢᠯᠯᠠᠭ᠎ᠠ ᠵᠢ ᠵᠢᠷᠤᠮᠵᠢᠭᠤᠯᠤᠨ᠂ ᠠᠮᠢᠲᠠᠨ᠎ᠤ ᠠᠰᠢᠭ ᠰᠢᠮ᠎ᠡ ᠵᠢᠨ ᠨᠢᠭᠡᠴᠡ ᠵᠢᠨ ᠮᠠᠯ᠎ᠳᠤ ᠬᠡᠷᠡᠭᠯᠡᠬᠦ ᠪᠠᠺᠲ᠋ᠧᠷᠢ ᠳᠠᠷᠤᠬᠤ ᠡᠮ᠎ᠢ ᠦᠢ᠍ᠯᠡᠳᠪᠦᠷᠢᠯᠡᠵᠦ ᠬᠡᠷᠡᠭᠯᠡᠬᠦ᠎ᠨᠢ ᠪᠠᠭᠤᠷᠠᠬᠤ ᠬᠠᠨᠳᠤᠰᠢ᠎ᠲᠠᠢ ᠪᠠᠢ᠌ᠬᠤ ᠵᠢ ᠪᠠᠲᠤᠯᠠᠵᠤ᠂ ᠮᠠᠯ ᠵᠢᠭᠦᠷᠲᠡᠨ᠎ᠤ ᠠᠰᠢᠭ ᠰᠢᠮ᠎ᠡ ᠵᠢᠨ ᠮᠠᠯ᠎ᠳᠤ ᠬᠡᠷᠡᠭᠯᠡᠬᠦ ᠪᠠᠺᠲ᠋ᠧᠷᠢ ᠳᠠᠷᠤᠬᠤ ᠡᠮ᠎ᠤᠨ ᠦᠯᠡᠳᠡᠭᠳᠡᠯ᠎ᠤᠨ ᠬᠡᠮᠵᠢᠶ᠎ᠡ ᠵᠢ ᠪᠠᠭᠤᠷᠠᠭᠤᠯᠤᠨ᠎ᠠ᠃2025 ᠣᠨ ᠪᠣᠯᠬᠤ᠎ᠳᠤ᠂ 50% ᠠᠴᠠ ᠳᠡᠭᠡᠭᠰᠢᠬᠢ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ᠎ᠳᠤ ᠲᠡᠵᠢᠭᠡᠨ ᠦᠷᠡᠵᠢᠭᠦᠯᠬᠦ ᠵᠢᠨ ᠡᠰᠡᠷᠭᠦᠴᠡᠯ᠎ᠢ ᠪᠠᠭ᠋ᠠᠰᠬᠠᠬᠤ ᠠᠵᠢᠯᠯᠠᠭ᠎ᠠ ᠵᠢ ᠬᠡᠷᠡᠭᠵᠢᠭᠦᠯᠦᠨ᠎ᠡ᠃ (ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠡ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
3. ᠲᠠᠷᠢᠶᠠᠨ ᠡᠮ᠎ᠤᠨ ᠬᠡᠷᠡᠭᠯᠡᠯᠲᠡ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠲᠠᠷᠢᠶᠠᠨ ᠡᠮ᠎ᠤᠨ ᠪᠣᠭᠣᠳᠠᠯ ᠪᠠᠭᠯᠠᠭ᠎ᠠ ᠵᠢᠨ ᠬᠠᠶᠠᠭᠳᠠᠮᠠᠯ ᠪᠣᠳᠠᠰ᠎ᠢ ᠡᠭᠡᠭᠦᠯᠦᠨ ᠬᠤᠷᠢᠶᠠᠬᠤ ᠰᠢᠰᠲ᠋ᠧᠮᠵᠢ ᠵᠢ ᠪᠦᠷᠢᠨᠰᠢᠭᠦᠯᠦᠨ᠎ᠡ; ᠡᠮ᠎ᠢ ᠬᠢᠵᠠᠭ᠋ᠠᠷᠯᠠᠨ ᠬᠥᠨᠥᠭᠡᠯ᠎ᠢ ᠪᠠᠭ᠋ᠠᠰᠬᠠᠬᠤ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠥᠨᠳᠥᠷ ᠦᠷ᠎ᠡ ᠠᠰᠢᠭᠲᠠᠢ ᠪᠥᠭᠡᠳ ᠠᠶᠤᠯ ᠲᠦᠭᠰᠢᠭᠦᠷᠢ ᠪᠠᠭᠠᠲᠠᠢ ᠲᠠᠷᠢᠶᠠᠨ ᠡᠮ᠎ᠢ ᠬᠥᠭᠵᠢᠭᠦᠯᠬᠦ ᠵᠢ ᠵᠣᠷᠢᠭᠵᠢᠭᠤᠯᠵᠤ᠂ ᠥᠨᠳᠥᠷ ᠦᠷ᠎ᠡ ᠠᠰᠢᠭᠲᠠᠢ ᠤᠷᠭᠤᠮᠠᠯ᠎ᠢ ᠬᠠᠮᠠᠭ᠋ᠠᠯᠠᠬᠤ ᠮᠧᠬᠠᠨᠢᠭ᠎ᠢ ᠳᠡᠯᠭᠡᠷᠡᠭᠦᠯᠵᠦ᠂ ᠨᠢᠭᠡᠳᠦᠯᠲᠡᠢ ᠰᠡᠷᠭᠡᠢ᠌ᠯᠡᠨ ᠨᠣᠶᠠᠷᠬᠠᠬᠤ ᠪᠠ ᠪᠣᠬᠢᠷᠲᠤᠯ ᠦᠭᠡᠢ ᠰᠡᠷᠭᠡᠢ᠌ᠯᠡᠨ ᠡᠵᠡᠮᠳᠡᠬᠦ ᠵᠢ ᠠᠭᠤᠰᠤᠯᠴᠠᠭᠤᠯᠬᠤ ᠵᠢ ᠲᠦᠯᠬᠢᠨ ᠠᠬᠢᠭᠤᠯᠵᠤ᠂ ᠲᠠᠷᠢᠮᠠᠯ᠎ᠤᠨ ᠡᠪᠡᠳᠴᠢᠨ ᠬᠣᠷᠣᠬᠠᠢ ᠵᠢᠨ ᠬᠥᠨᠥᠭᠡᠯ᠎ᠢ ᠰᠡᠷᠭᠡᠢ᠌ᠯᠡᠨ ᠡᠵᠡᠮᠳᠡᠬᠦ ᠵᠣᠬᠢᠶᠠᠨ ᠪᠠᠢ᠌ᠭᠤᠯᠤᠯᠴᠠᠭᠰᠠᠨ ᠬᠡᠮᠵᠢᠶ᠎ᠡ ᠪᠠ ᠰᠢᠨᠵᠢᠯᠡᠬᠦ ᠤᠬᠠᠭ᠋ᠠᠨᠴᠢᠯᠠᠭᠰᠠᠨ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠲᠠᠷᠢᠶᠠᠨ ᠡᠮ᠎ᠢ ᠬᠡᠷᠡᠭᠯᠡᠬᠦ ᠡᠷᠴᠢᠮ᠎ᠢ ᠪᠠᠭᠤᠷᠠᠭᠤᠯᠤᠨ᠎ᠠ᠃ ᠲᠤᠬᠠᠢ ᠵᠢᠨ ᠭᠠᠵᠠᠷ ᠣᠷᠣᠨ᠎ᠤ ᠪᠠᠢ᠌ᠳᠠᠯᠳᠤᠨᠢ ᠲᠣᠬᠢᠷᠠᠭᠤᠯᠤᠨ ᠠᠮᠢ ᠠᠬᠤᠢ ᠵᠢ ᠲᠣᠬᠢᠷᠠᠭᠤᠯᠤᠨ ᠡᠵᠡᠮᠳᠡᠬᠦ᠂ ᠡᠭᠡᠯᠢᠯᠡᠭᠡ ᠵᠢ ᠠᠷᠭ᠋ᠠᠳᠠᠨ ᠡᠰᠡᠷᠭᠦᠴᠡᠬᠦ᠂ ᠠᠮᠢᠳᠤ ᠪᠣᠳᠠᠰ ᠵᠶ᠋ᠠᠷ ᠰᠡᠷᠭᠡᠢ᠌ᠯᠡᠨ ᠵᠠᠰᠠᠬᠤ᠂ ᠹᠢᠽᠢᠺ ᠬᠢᠮᠢ ᠵᠢᠨ ᠠᠷᠭ᠋ᠠᠳᠠᠨ ᠡᠵᠡᠮᠳᠡᠬᠦ᠂ ᠰᠢᠨᠵᠢᠯᠡᠬᠦ ᠤᠬᠠᠭ᠋ᠠᠨᠴᠢ᠎ᠪᠠᠷ ᠡᠮ ᠬᠡᠷᠡᠭᠯᠡᠬᠦ ᠵᠡᠷᠭᠡ ᠪᠣᠬᠢᠷᠲᠤᠯ ᠦᠭᠡᠢ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ ᠵᠢ ᠲᠥᠪᠯᠡᠷᠡᠭᠦᠯᠦᠨ ᠳᠡᠯᠭᠡᠷᠡᠭᠦᠯᠵᠦ᠂ ᠬᠢᠮᠢ ᠵᠢᠨ ᠲᠠᠷᠢᠶᠠᠨ ᠡᠮ᠎ᠢ ᠬᠡᠷᠡᠭᠯᠡᠬᠦ ᠤᠳᠠᠭ᠎ᠠ ᠪᠠ ᠬᠡᠷᠡᠭᠯᠡᠬᠦ ᠬᠡᠮᠵᠢᠶ᠎ᠡ ᠵᠢ ᠪᠠᠭ᠋ᠠᠰᠬᠠᠨ᠎ᠠ᠃ ᠲᠠᠷᠢᠶᠠᠨ ᠡᠮ᠎ᠤᠨ ᠪᠣᠭᠣᠳᠠᠯ ᠪᠠᠭᠯᠠᠭ᠎ᠠ ᠵᠢᠨ ᠬᠠᠶᠠᠭᠳᠠᠮᠠᠯ ᠪᠣᠳᠠᠰ᠎ᠢ ᠡᠭᠡᠭᠦᠯᠦᠨ ᠬᠤᠷᠢᠶᠠᠬᠤ ᠵᠢ ᠦᠷᠭᠦᠯᠵᠢᠯᠡᠨ ᠠᠬᠢᠭᠤᠯᠵᠤ᠂ ᠲᠠᠷᠢᠶᠠᠨ ᠡᠮ᠎ᠤᠨ ᠦᠢ᠍ᠯᠡᠳᠪᠦᠷᠢᠯᠡᠯ᠎ᠤᠨ ᠭᠣᠭᠴᠣᠭ᠎ᠠ᠎ᠳᠤ ᠡᠭᠡᠭᠦᠯᠦᠨ ᠬᠤᠷᠢᠶᠠᠬᠤ᠎ᠳᠤ ᠲᠥᠬᠥᠮ ᠶᠡᠬᠡ ᠪᠠᠭᠲᠠᠭ᠋ᠠᠮᠵᠢᠲᠠᠢ ᠪᠣᠭᠣᠳᠠᠯ ᠪᠠᠭᠯᠠᠭ᠎ᠠ ᠵᠢ ᠬᠡᠷᠡᠭᠯᠡᠬᠦ ᠵᠢ ᠵᠣᠷᠢᠭᠵᠢᠭᠤᠯᠤᠨ᠂ ᠲᠠᠷᠢᠶᠠᠨ ᠡᠮ᠎ᠤᠨ ᠦᠢ᠍ᠯᠡᠳᠪᠦᠷᠢᠯᠡᠭᠴᠢᠳ᠂ ᠡᠵᠡᠩᠨᠡᠭᠴᠢᠳ᠎ᠢ ᠰᠢᠮᠳᠠᠭᠤᠯᠵᠤ ᠪᠠᠢ᠌ᠭ᠋ᠠᠳ ᠲᠠᠷᠢᠶᠠᠨ ᠡᠮ᠎ᠤᠨ ᠪᠣᠭᠣᠳᠠᠯ ᠪᠠᠭᠯᠠᠭ᠎ᠠ ᠵᠢᠨ ᠬᠠᠶᠠᠭᠳᠠᠮᠠᠯ ᠪᠣᠳᠠᠰ᠎ᠢ ᠡᠭᠡᠭᠦᠯᠦᠨ ᠬᠤᠷᠢᠶᠠᠬᠤ ᠡᠭᠦᠷᠭᠡ ᠵᠢ ᠭᠦᠢ᠍ᠴᠡᠳᠬᠡᠭᠦᠯᠵᠦ᠂ ᠲᠠᠷᠢᠶᠠᠨ ᠡᠮ᠎ᠤᠨ ᠪᠣᠭᠣᠳᠠᠯ ᠪᠠᠭᠯᠠᠭ᠎ᠠ ᠵᠢᠨ ᠬᠠᠶᠠᠭᠳᠠᠮᠠᠯ ᠪᠣᠳᠠᠰ᠎ᠢ ᠡᠭᠡᠭᠦᠯᠦᠨ ᠬᠤᠷᠢᠶᠠᠵᠤ ᠰᠢᠢ᠍ᠳᠪᠦᠷᠢᠯᠡᠬᠦ ᠵᠢ ᠴᠢᠩᠭ᠋ᠠᠷᠠᠭᠤᠯᠤᠨ᠎ᠠ᠃ 2025 ᠣᠨ ᠪᠣᠯᠬᠤ᠎ᠳᠤ᠂ ᠲᠠᠷᠢᠶᠠᠨ ᠡᠮ᠎ᠤᠨ ᠪᠣᠭᠣᠳᠠᠯ᠎ᠤᠨ ᠬᠠᠶᠠᠭᠳᠠᠮᠠᠯ ᠪᠣᠳᠠᠰ᠎ᠢ ᠡᠭᠡᠭᠦᠯᠦᠨ ᠬᠤᠷᠢᠶᠠᠬᠤ ᠨᠣᠷᠮ᠎ᠠ ᠵᠢ 80% ᠠᠴᠠ ᠳᠡᠭᠡᠭᠰᠢ᠎ᠳᠤ ᠬᠦᠷᠦᠭᠦᠯᠦᠨ᠎ᠡ᠃ (ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ᠂ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠡ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠳᠥᠷᠪᠡ) ᠡᠴᠦᠰ᠎ᠤᠨ ᠵᠠᠰᠠᠯᠲᠠ ᠵᠢ ᠭᠦᠨᠵᠡᠭᠡᠢ᠌ᠷᠡᠭᠦᠯᠵᠦ᠂ ᠰᠢᠨ᠎ᠡ ᠪᠣᠬᠢᠷᠲᠤᠯ ᠪᠣᠳᠠᠰ᠎ᠤᠨ ᠣᠷᠴᠢᠨ ᠲᠣᠭᠣᠷᠢᠨ᠎ᠤ ᠲᠦᠭᠰᠢᠭᠦᠷᠢ ᠵᠢ ᠪᠠᠭ᠋ᠠᠰᠬᠠᠨ᠎ᠠ᠃
1. ᠰᠢᠨ᠎ᠡ ᠪᠣᠬᠢᠷᠲᠤᠯ ᠪᠣᠳᠠᠰ᠎ᠤᠨ ᠣᠯᠠᠨ ᠣᠷᠴᠢᠨ ᠲᠣᠭᠣᠷᠢᠨ᠎ᠤ ᠣᠷᠴᠢᠨ ᠲᠣᠭᠣᠷᠢᠨ᠎ᠢ ᠬᠠᠮᠵᠢᠯᠴᠠᠨ ᠵᠠᠰᠠᠬᠤ ᠵᠢ ᠴᠢᠩᠭ᠋ᠠᠳᠬᠠᠨ᠎ᠠ᠃ 《ᠰᠢᠨ᠎ᠡ ᠪᠣᠬᠢᠷᠲᠤᠯ ᠪᠣᠳᠠᠰ᠎ᠢ ᠭᠣᠣᠯᠳᠠᠯᠭ᠎ᠠ᠎ᠲᠠᠢ ᠬᠠᠮᠢᠶᠠᠷᠤᠨ ᠡᠵᠡᠮᠳᠡᠬᠦ ᠨᠠᠷᠢᠨ ᠲᠠᠩᠰᠠ》᠎ᠳᠤ ᠵᠢᠭᠰᠠᠭ᠋ᠠᠭᠰᠠᠨ ᠬᠢᠮᠢ ᠵᠢᠨ ᠪᠣᠳᠠᠰ᠎ᠢ ᠦᠢ᠍ᠯᠡᠳᠪᠦᠷᠢᠯᠡᠬᠦ᠂ ᠪᠣᠯᠪᠠᠰᠤᠷᠠᠭᠤᠯᠬᠤ᠂ ᠬᠡᠷᠡᠭᠯᠡᠬᠦ ᠪᠤᠶᠤ ᠭᠠᠳᠠᠭᠰᠢᠯᠠᠭᠤᠯᠬᠤ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠡ ᠵᠢ ᠭᠣᠣᠯᠳᠠᠯᠭ᠎ᠠ᠎ᠲᠠᠢ ᠪᠣᠬᠢᠷᠲᠤᠯ ᠭᠠᠳᠠᠭᠰᠢᠯᠠᠭᠤᠯᠬᠤ ᠨᠢᠭᠡᠴᠡ᠎ᠳᠤ ᠣᠷᠣᠭᠤᠯᠬᠤ ᠬᠡᠷᠡᠭᠲᠡᠢ᠃ ᠰᠢᠨ᠎ᠡ ᠪᠣᠬᠢᠷᠲᠤᠯ ᠪᠣᠳᠠᠰ ᠭᠠᠳᠠᠭᠰᠢᠯᠠᠭᠤᠯᠬᠤ ᠵᠢ ᠭᠣᠣᠯᠳᠠᠯᠭ᠎ᠠ᠎ᠲᠠᠢ ᠬᠠᠮᠢᠶᠠᠷᠤᠨ ᠡᠵᠡᠮᠳᠡᠵᠦ ᠪᠠᠢ᠌ᠭ᠎ᠠ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠡ ᠵᠢ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠬᠠᠮᠢᠶᠠᠷᠤᠯᠲᠠ᠎ᠳᠤ ᠣᠷᠣᠭᠤᠯᠵᠤ᠂ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠢ ᠬᠠᠤᠯᠢ ᠶᠣᠰᠣᠭ᠋ᠠᠷ ᠭᠤᠶᠤᠴᠢᠯᠠᠨ ᠠᠪᠬᠤ ᠪᠤᠶᠤ ᠪᠣᠬᠢᠷᠲᠤᠯ ᠭᠠᠳᠠᠭᠰᠢᠯᠠᠭᠤᠯᠬᠤ ᠳᠠᠩᠰᠠᠯᠠᠯᠲᠠ ᠵᠢᠨ ᠬᠦᠰᠦᠨᠦᠭᠲᠦ ᠵᠢ ᠲᠠᠭᠯᠠᠵᠤ᠂ ᠬᠡᠷᠡᠭᠵᠢᠭᠦᠯᠵᠦ ᠪᠠᠢ᠌ᠭ᠎ᠠ ᠪᠣᠬᠢᠷᠲᠤᠯ᠎ᠢ ᠬᠢᠵᠠᠭ᠋ᠠᠷᠯᠠᠬᠤ ᠪᠠᠷᠢᠮᠵᠢᠶ᠎ᠠ ᠵᠢᠨ ᠱᠠᠭ᠋ᠠᠷᠳᠠᠯᠭ᠎ᠠ ᠵᠢᠴᠢ ᠠᠪᠴᠤ ᠪᠠᠢ᠌ᠭ᠎ᠠ ᠪᠣᠬᠢᠷᠲᠤᠯ᠎ᠢ ᠬᠢᠵᠠᠭ᠋ᠠᠷᠯᠠᠬᠤ ᠠᠷᠭ᠎ᠠ ᠬᠡᠮᠵᠢᠶ᠎ᠡ ᠵᠢ ᠲᠣᠳᠣᠷᠬᠠᠢ ᠲᠡᠮᠳᠡᠭᠯᠡᠵᠦ᠂ ᠭᠠᠳᠠᠭᠰᠢᠯᠠᠭᠤᠯᠬᠤ (ᠪᠣᠬᠢᠷᠲᠤᠭᠤᠯᠬᠤ) ᠠᠮᠠᠰᠠᠷ ᠵᠢᠴᠢ ᠡᠷᠬᠢᠨ ᠲᠣᠭᠣᠷᠢᠨ᠎ᠤ ᠣᠷᠴᠢᠨ ᠲᠣᠭᠣᠷᠢᠨ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢ ᠥᠷᠨᠢᠭᠦᠯᠵᠦ᠂ ᠣᠷᠴᠢᠨ ᠲᠣᠭᠣᠷᠢᠨ᠎ᠤ ᠲᠦᠭᠰᠢᠭᠦᠷᠢ ᠵᠢ ᠦᠨᠡᠯᠡᠨ ᠵᠢᠱ᠌ᠢᠵᠦ᠂ ᠣᠷᠴᠢᠨ ᠲᠣᠭᠣᠷᠢᠨ᠎ᠤ ᠠᠮᠤᠷ ᠲᠦᠪᠰᠢᠨ᠎ᠤ ᠳᠠᠯᠳᠠ ᠬᠡᠮ᠎ᠢ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠵᠤ᠂ ᠰᠢᠨ᠎ᠡ ᠪᠣᠬᠢᠷᠲᠤᠯ ᠪᠣᠳᠠᠰ᠎ᠤᠨ ᠮᠡᠳᠡᠭᠡ ᠵᠠᠩᠭᠢ ᠵᠢ ᠬᠠᠤᠯᠢ ᠶᠣᠰᠣᠭ᠋ᠠᠷ ᠢᠯᠡ ᠪᠣᠯᠭ᠋ᠠᠵᠤ᠂ ᠠᠷᠭ᠎ᠠ ᠬᠡᠮᠵᠢᠶ᠎ᠡ ᠠᠪᠴᠤ ᠪᠠᠢ᠌ᠭ᠋ᠠᠳ ᠣᠷᠴᠢᠨ ᠲᠣᠭᠣᠷᠢᠨ᠎ᠤ ᠲᠦᠭᠰᠢᠭᠦᠷᠢ ᠵᠢ ᠰᠡᠷᠭᠡᠢ᠌ᠯᠡᠬᠦ ᠬᠡᠷᠡᠭᠲᠡᠢ᠃ ᠬᠥᠷᠥᠰᠥ ᠰᠢᠷᠣᠢ ᠵᠢᠨ ᠪᠣᠬᠢᠷᠲᠤᠯ᠎ᠢ ᠭᠣᠣᠯᠳᠠᠯᠭ᠎ᠠ᠎ᠲᠠᠢ ᠬᠢᠨᠠᠨ ᠬᠠᠮᠢᠶᠠᠷᠬᠤ ᠨᠢᠭᠡᠴᠡ᠎ᠨᠦᠭᠦᠳ ᠬᠣᠣᠷᠲᠠᠢ ᠬᠥᠨᠥᠭᠡᠯᠲᠡᠢ ᠪᠣᠳᠠᠰ᠎ᠢ ᠭᠠᠳᠠᠭᠰᠢᠯᠠᠭᠤᠯᠬᠤ ᠵᠢ ᠴᠢᠩᠭ᠎ᠠ ᠬᠢᠵᠠᠭ᠋ᠠᠷᠯᠠᠵᠤ᠂ ᠬᠥᠷᠥᠰᠥ ᠰᠢᠷᠣᠢ ᠵᠢᠨ ᠪᠣᠬᠢᠷᠲᠤᠯ᠎ᠤᠨ ᠳᠠᠯᠳᠠ ᠬᠡᠮ᠎ᠢ ᠵᠢᠭᠰᠠᠭ᠋ᠠᠨ ᠪᠠᠢ᠌ᠴᠠᠭ᠋ᠠᠬᠤ ᠳᠦᠷᠢᠮ᠎ᠢ ᠪᠠᠢ᠌ᠭᠤᠯᠵᠤ᠂ ᠬᠣᠣᠷᠲᠠᠢ ᠬᠥᠨᠥᠭᠡᠯᠲᠡᠢ ᠪᠣᠳᠠᠰ᠎ᠤᠨ ᠨᠡᠪᠴᠢᠬᠦ᠂ ᠠᠯᠳᠠᠭᠳᠠᠬᠤ᠂ ᠬᠡᠢ᠌ᠰᠦᠨ ᠰᠠᠷᠨᠢᠬᠤ ᠵᠢ ᠰᠡᠷᠭᠡᠢ᠌ᠯᠡᠬᠦ ᠬᠡᠷᠡᠭᠲᠡᠢ᠃ ᠬᠣᠣᠷ ᠬᠥᠨᠥᠭᠡᠯ᠎ᠲᠠᠢ ᠠᠭ᠋ᠠᠷ ᠮᠠᠨᠳᠠᠯ᠎ᠤᠨ ᠪᠣᠬᠢᠷᠲᠤᠯ ᠪᠣᠳᠠᠰ᠂ ᠤᠰᠤ ᠪᠣᠬᠢᠷᠲᠤᠭᠤᠯᠬᠤ ᠪᠣᠳᠠᠰ᠎ᠤᠨ ᠣᠷᠴᠢᠨ ᠠᠬᠤᠢ ᠵᠢ ᠵᠠᠰᠠᠬᠤ ᠠᠵᠢᠯ᠎ᠢ ᠦᠨᠡᠨ ᠬᠦ᠌ ᠴᠢᠩᠭ᠋ᠠᠳᠬᠠᠵᠤ᠂ ᠪᠣᠬᠢᠷᠲᠤᠯ᠎ᠢ ᠬᠢᠵᠠᠭ᠋ᠠᠷᠯᠠᠬᠤ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠤᠨ᠎ᠠ᠃ (ᠬᠣᠲᠠ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ ᠬᠠᠷᠢᠭᠤᠴᠠᠨ᠎ᠠ)
2. ᠣᠨᠴᠠ ᠲᠣᠭᠲᠠᠭᠰᠠᠨ ᠰᠢᠨ᠎ᠡ ᠪᠣᠬᠢᠷᠲᠤᠯ ᠪᠣᠳᠠᠰ ᠠᠭᠤᠯᠤᠭᠰᠠᠨ ᠬᠠᠶᠠᠭᠳᠠᠮᠠᠯ ᠪᠣᠳᠠᠰ᠎ᠢ ᠴᠤᠭᠯᠠᠭᠤᠯᠤᠨ ᠠᠰᠢᠭᠯᠠᠵᠤ ᠰᠢᠢ᠍ᠳᠪᠦᠷᠢᠯᠡᠬᠦ ᠵᠢ ᠴᠢᠩᠭ᠋ᠠᠷᠠᠭᠤᠯᠤᠨ᠎ᠠ᠃ ᠬᠠᠶᠠᠭᠳᠠᠮᠠᠯ ᠡᠮ᠎ᠤᠨ ᠵᠦᠢ᠍ᠯ᠂ ᠬᠠᠶᠠᠭᠳᠠᠮᠠᠯ ᠲᠠᠷᠢᠶᠠᠨ ᠡᠮ ᠵᠢᠴᠢ ᠨᠢᠶᠠᠨ ᠳᠠᠷᠤᠭᠴᠢ ᠵᠢ ᠦᠢ᠍ᠯᠡᠳᠪᠦᠷᠢᠯᠡᠬᠦ ᠶᠠᠪᠤᠴᠠ᠎ᠳᠤ ᠡᠭᠦᠰᠦᠭᠰᠡᠨ ᠬᠠᠶᠠᠭᠳᠠᠮᠠᠯ ᠡᠬᠡ ᠰᠢᠩᠭᠡᠨ᠂ ᠬᠠᠶᠠᠭᠳᠠᠮᠠᠯ ᠤᠷᠪᠠᠯ᠎ᠤᠨ ᠰᠠᠭᠤᠷᠢ ᠪᠠ ᠬᠠᠶᠠᠭᠳᠠᠮᠠᠯ ᠬᠥᠮᠥᠵᠢᠭᠦᠯᠦᠭᠴᠢ ᠵᠡᠷᠭᠡ ᠬᠠᠶᠠᠭᠳᠠᠮᠠᠯ ᠪᠣᠳᠠᠰ᠎ᠢ ᠴᠤᠭᠯᠠᠭᠤᠯᠤᠨ ᠠᠰᠢᠭᠯᠠᠵᠤ ᠰᠢᠢ᠍ᠳᠪᠦᠷᠢᠯᠡᠬᠦ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠤᠨ᠎ᠠ᠃ ᠮᠠᠨ᠎ᠤ ᠬᠣᠲᠠ ᠵᠢᠨ ᠣᠲᠣ ᠵᠢᠨ ᠪᠠᠢ᠌ᠭ᠎ᠠ ᠱᠦᠢ᠍ᠨᠢ ᠵᠢᠨ ᠤᠭᠤᠷᠬᠠᠶ ᠵᠡᠷᠭᠡ ᠰᠢᠲᠠᠭ᠋ᠠᠵᠤ ᠰᠢᠢ᠍ᠳᠪᠦᠷᠢᠯᠡᠬᠦ ᠪᠡᠯᠡᠳᠬᠡᠮᠵᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠬᠠᠶᠠᠭᠳᠠᠮᠠᠯ ᠡᠮ᠎ᠤᠨ ᠵᠦᠢ᠍ᠯ᠂ ᠬᠠᠶᠠᠭᠳᠠᠮᠠᠯ ᠲᠠᠷᠢᠶᠠᠨ ᠡᠮ᠎ᠢ ᠬᠠᠮᠵᠢᠯᠴᠠᠨ ᠰᠢᠢ᠍ᠳᠪᠦᠷᠢᠯᠡᠬᠦ ᠡᠷᠴᠢᠮ ᠵᠶ᠋ᠡᠨ ᠴᠢᠩᠭ᠋ᠠᠷᠠᠭᠤᠯᠤᠨ᠎ᠠ᠃ (ᠬᠣᠲᠠ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠡ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
3. ᠰᠢᠨ᠎ᠡ ᠪᠣᠬᠢᠷᠲᠤᠯ ᠪᠣᠳᠠᠰ᠎ᠢ ᠵᠠᠰᠠᠬᠤ ᠲᠤᠷᠰᠢᠯᠲᠠ ᠵᠢᠨ ᠴᠢᠭ᠋᠎ᠤᠨ ᠢᠨᠵᠧᠨᠧᠷᠢᠩ᠎ᠢ ᠥᠷᠨᠢᠭᠦᠯᠵᠦ᠂ ᠪᠣᠬᠢᠷᠲᠤᠯ᠎ᠢ ᠵᠠᠰᠠᠬᠤ ᠵᠢ ᠠᠬᠢᠭᠤᠯᠤᠨ᠎ᠠ᠃ ᠰᠢᠨ᠎ᠡ ᠪᠣᠬᠢᠷᠲᠤᠯ ᠪᠣᠳᠠᠰ᠎ᠤᠨ ᠣᠷᠴᠢᠨ ᠲᠣᠭᠣᠷᠢᠨ᠎ᠢ ᠪᠠᠢ᠌ᠴᠠᠭ᠋ᠠᠵᠤ ᠬᠢᠨᠠᠨ ᠬᠡᠮᠵᠢᠬᠦ ᠲᠤᠷᠰᠢᠯᠲᠠ ᠵᠢᠨ ᠦᠷ᠎ᠡ ᠳ᠋ᠦᠩ᠎ᠢ ᠦᠨᠳᠦᠰᠦᠯᠡᠨ᠂ ᠬᠢᠮᠢ ᠵᠢᠨ ᠠᠵᠤ ᠦᠢ᠍ᠯᠡᠳᠪᠦᠷᠢ᠂ ᠡᠮ ᠡᠮᠨᠡᠯᠭᠡ ᠵᠡᠷᠭᠡ ᠠᠵᠢᠯ ᠲᠥᠷᠥᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠭᠣᠣᠯᠳᠠᠯᠭ᠎ᠠ᠎ᠲᠠᠢ ᠠᠵᠤ ᠠᠬᠤᠢ᠌ᠯᠠᠯ᠎ᠢ ᠰᠣᠩᠭᠣᠨ ᠰᠢᠨ᠎ᠡ ᠪᠣᠬᠢᠷᠲᠤᠯ ᠪᠣᠳᠠᠰ᠎ᠢ ᠵᠠᠰᠠᠬᠤ ᠲᠤᠷᠰᠢᠯᠲᠠ ᠵᠢᠨ ᠢᠨᠵᠧᠨᠧᠷᠢᠩ᠎ᠢ ᠥᠷᠨᠢᠭᠦᠯᠦᠨ᠎ᠡ᠃ ᠤᠯᠤᠰ᠎ᠤᠨ ᠬᠣᠣᠷ ᠬᠥᠨᠥᠭᠡᠯ᠎ᠲᠠᠢ ᠬᠢᠮᠢ ᠵᠢᠨ ᠪᠣᠳᠠᠰ᠎ᠢ ᠪᠣᠬᠢᠷᠲᠤᠯ ᠦᠭᠡᠢ᠎ᠪᠠᠷ ᠣᠷᠣᠯᠠᠭᠤᠯᠬᠤ᠂ ᠰᠢᠨ᠎ᠡ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ ᠵᠢ ᠪᠠᠭ᠋ᠠᠰᠬᠠᠬᠤ ᠵᠢᠴᠢ ᠪᠣᠬᠢᠷ ᠤᠰᠤ ᠪᠤᠵᠠᠷ ᠰᠢᠪᠠᠷ᠂ ᠬᠠᠶᠠᠭᠳᠠᠮᠠᠯ ᠰᠢᠩᠭᠡᠨ ᠬᠠᠶᠠᠭᠳᠠᠮᠠᠯ ᠰᠢᠭ᠋ᠠᠷᠤ᠎ᠳᠠᠬᠢ ᠰᠢᠨ᠎ᠡ ᠪᠣᠬᠢᠷᠲᠤᠯ ᠪᠣᠳᠠᠰ᠎ᠢ ᠵᠠᠰᠠᠬᠤ ᠵᠢᠱ᠌ᠢᠶ᠎ᠡ ᠦᠵᠡᠭᠦᠯᠬᠦ ᠮᠡᠷᠭᠡᠵᠢᠯ᠎ᠢ ᠳᠡᠯᠭᠡᠷᠡᠭᠦᠯᠦᠨ ᠬᠡᠷᠡᠭᠯᠡᠵᠦ᠂ ᠨᠥᠬᠥᠴᠡᠯ᠎ᠲᠠᠢ ᠠᠵᠤ ᠠᠬᠤᠢ᠌ᠯᠠᠯ᠎ᠤᠨ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ ᠵᠢ ᠵᠣᠷᠢᠭᠵᠢᠭᠤᠯᠵᠤ᠂ ᠰᠢᠨ᠎ᠡ ᠪᠣᠬᠢᠷᠲᠤᠯ ᠪᠣᠳᠠᠰ ᠤᠨ ᠪᠤᠢ ᠪᠣᠯᠬᠤ ᠪᠠ ᠭᠠᠳᠠᠭᠰᠢᠯᠠᠭᠤᠯᠬᠤ ᠵᠢ ᠪᠠᠭ᠋ᠠᠰᠬᠠᠨ᠎ᠠ᠃ (ᠬᠣᠲᠠ ᠵᠢᠨ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠣᠪᠴᠢᠶ᠎ᠠ᠂ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠡ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠲᠠᠪᠤ) ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠰᠢᠨ᠎ᠡ ᠪᠣᠬᠢᠷᠲᠤᠯ ᠪᠣᠳᠠᠰ᠎ᠢ ᠵᠠᠰᠠᠬᠤ ᠰᠠᠭᠤᠷᠢ ᠵᠢ ᠪᠡᠬᠢᠵᠢᠭᠦᠯᠦᠨ᠎ᠡ᠃
1. ᠰᠢᠨ᠎ᠡ ᠪᠣᠬᠢᠷᠲᠤᠯ ᠪᠣᠳᠠᠰ᠎ᠤᠨ ᠮᠡᠷᠭᠡᠵᠢᠯ᠎ᠤᠨ ᠰᠤᠳᠤᠯᠭ᠋ᠠᠨ᠎ᠢ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠪᠠ ᠬᠣᠲᠠ ᠵᠢᠨ ᠭᠣᠣᠯᠳᠠᠯᠭ᠎ᠠ᠎ᠲᠠᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ᠎ᠢ ᠤᠯᠠᠷᠢᠭᠤᠯᠬᠤ ᠲᠥᠯᠥᠪᠯᠡᠭᠡ᠎ᠳᠤ ᠲᠦᠰᠢᠭᠯᠡᠨ᠂ ᠰᠢᠨ᠎ᠡ ᠪᠣᠬᠢᠷᠲᠤᠯ ᠪᠣᠳᠠᠰ᠎ᠢ ᠵᠠᠰᠠᠬᠤ ᠮᠡᠷᠭᠡᠵᠢᠯ᠎ᠤᠨ ᠰᠤᠳᠤᠯᠭ᠋ᠠᠨ᠎ᠢ ᠥᠷᠨᠢᠭᠦᠯᠵᠦ᠂ ᠬᠣᠣᠷ ᠬᠥᠨᠥᠭᠡᠯ᠎ᠲᠠᠢ ᠰᠢᠨ᠎ᠡ ᠪᠣᠬᠢᠷᠲᠤᠯ ᠪᠣᠳᠠᠰ᠎ᠢ ᠬᠢᠨᠠᠨ ᠰᠢᠨᠵᠢᠵᠦ ᠵᠠᠳᠠᠯᠬᠤ᠂ ᠲᠦᠭᠰᠢᠭᠦᠷᠢ ᠵᠢ ᠦᠨᠡᠯᠡᠨ ᠵᠢᠱ᠌ᠢᠬᠦ᠂ ᠭᠠᠳᠠᠭᠰᠢᠯᠠᠭᠤᠯᠤᠯᠲᠠ ᠵᠢᠨ ᠢᠷᠡᠯᠲᠡ ᠵᠢ ᠡᠷᠢᠬᠦ᠂ ᠪᠦᠲᠦᠮᠵᠢᠲᠡᠶ ᠠᠷᠢᠯᠭ᠋ᠠᠬᠤ ᠵᠡᠷᠭᠡ ᠮᠡᠷᠭᠡᠵᠢᠯ᠎ᠤᠨ ᠰᠤᠳᠤᠯᠤᠨ ᠨᠡᠭᠡᠭᠡᠬᠦ ᠪᠠ ᠦᠨᠡᠯᠡᠬᠦ ᠵᠢ ᠳᠡᠮᠵᠢᠵᠦ᠂ ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠲᠤᠯᠭ᠋ᠠᠭᠤᠷᠢᠯᠠᠬᠤ ᠡᠷᠴᠢᠮ᠎ᠢ ᠴᠢᠩᠭ᠋ᠠᠷᠠᠭᠤᠯᠤᠨ᠎ᠠ᠃ (ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠵᠡᠷᠭᠡ ᠰᠠᠯᠠᠭ᠎ᠠ ᠮᠥᠴᠢᠷ ᠨᠢᠭᠡᠴᠡ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
2. ᠰᠢᠨ᠎ᠡ ᠪᠣᠬᠢᠷᠲᠤᠯ ᠪᠣᠳᠠᠰ᠎ᠢ ᠵᠠᠰᠠᠬᠤ ᠰᠠᠭᠤᠷᠢ ᠪᠠᠲᠤᠯᠠᠭ᠎ᠠ ᠵᠢᠨ ᠴᠢᠳᠠᠪᠤᠷᠢ ᠵᠢᠨ ᠪᠠᠢ᠌ᠭᠤᠯᠤᠯᠲᠠ ᠵᠢ ᠳᠡᠭᠡᠭᠰᠢᠯᠡᠭᠦᠯᠦᠨ᠎ᠡ᠃ ᠰᠢᠨ᠎ᠡ ᠪᠣᠬᠢᠷᠲᠤᠯ ᠪᠣᠳᠠᠰ᠎ᠢ ᠵᠠᠰᠠᠬᠤ᠎ᠳᠤ ᠬᠢᠨᠠᠯᠲᠠ ᠲᠠᠯᠪᠢᠬᠤ᠂ ᠬᠠᠤᠯᠢ ᠬᠡᠷᠡᠭᠵᠢᠭᠦᠯᠬᠦ᠂ ᠬᠢᠨᠠᠨ ᠬᠡᠮᠵᠢᠬᠦ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠰᠢᠨ᠎ᠡ ᠪᠣᠬᠢᠷᠲᠤᠯ ᠪᠣᠳᠠᠰ᠎ᠤᠨ ᠣᠷᠴᠢᠨ ᠲᠣᠭᠣᠷᠢᠨ᠎ᠢ ᠬᠢᠨᠠᠨ ᠬᠡᠮᠵᠢᠬᠦ ᠬᠢᠷᠢ ᠬᠡᠮ ᠪᠠ ᠲᠥᠬᠦᠭᠡᠷᠦᠮᠵᠢ ᠵᠢᠨ ᠪᠠᠢ᠌ᠭᠤᠯᠤᠯᠲᠠ ᠵᠢ ᠲᠡᠭᠦᠯᠳᠡᠷᠵᠢᠭᠦᠯᠵᠦ᠂ ᠰᠢᠨ᠎ᠡ ᠪᠣᠬᠢᠷᠲᠤᠯ ᠪᠣᠳᠠᠰ᠎ᠢ ᠨᠡᠢ᠌ᠭᠡᠮᠴᠢᠯᠡᠨ ᠬᠢᠨᠠᠨ ᠬᠡᠮᠵᠢᠬᠦ ᠵᠢ ᠵᠣᠷᠢᠭᠵᠢᠭᠤᠯᠵᠤ᠂ ᠬᠠᠮᠢᠶ᠎ᠠ ᠪᠦᠬᠦᠢ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠪᠠ ᠲᠤᠰᠬᠠᠢ ᠪᠣᠯᠪᠠᠰᠤᠷᠠᠯ᠎ᠢ ᠥᠷᠨᠢᠭᠦᠯᠵᠦ᠂ ᠪᠦᠬᠦ ᠬᠤᠲᠠ ᠵᠢᠨ ᠰᠢᠨ᠎ᠡ ᠪᠣᠬᠢᠷᠲᠤᠯ ᠪᠣᠳᠠᠰ᠎ᠤᠨ ᠣᠷᠴᠢᠨ ᠲᠣᠭᠣᠷᠢᠨ᠎ᠢ ᠬᠢᠨᠠᠨ ᠬᠡᠮᠵᠢᠬᠦ ᠪᠠ ᠬᠢᠮᠢ ᠵᠢᠨ ᠪᠣᠳᠠᠰ᠎ᠤᠨ ᠣᠷᠴᠢᠨ ᠲᠣᠭᠣᠷᠢᠨ᠎ᠤ ᠠᠶᠤᠯ ᠲᠦᠭᠰᠢᠭᠦᠷᠢ ᠵᠢ ᠦᠨᠡᠯᠡᠨ ᠵᠢᠱ᠌ᠢᠬᠦ ᠮᠡᠷᠭᠡᠵᠢᠯ᠎ᠤᠨ ᠲᠤᠯᠭ᠋ᠠᠭᠤᠷᠢᠯᠠᠨ ᠪᠠᠲᠤᠯᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃ ᠰᠢᠨ᠎ᠡ ᠪᠣᠬᠢᠷᠲᠤᠯ ᠪᠣᠳᠠᠰ᠎ᠢ ᠵᠠᠰᠠᠬᠤ ᠮᠡᠳᠡᠭᠡ ᠵᠠᠩᠭᠢᠵᠢᠯᠲᠠ ᠵᠢᠨ ᠬᠢᠷᠢ ᠲᠦᠪᠰᠢᠨ᠎ᠢ ᠴᠢᠩᠭ᠋ᠠᠳᠬᠠᠨ᠎ᠠ᠃ ᠰᠢᠨ᠎ᠡ ᠪᠣᠬᠢᠷᠲᠤᠯ ᠪᠣᠳᠠᠰ᠎ᠢ ᠵᠠᠰᠠᠬᠤ ᠲᠤᠰᠬᠠᠢ ᠮᠡᠷᠭᠡᠵᠢᠯᠲᠡᠨ᠎ᠤ ᠬᠥᠮᠥᠷᠭᠡ ᠵᠢ ᠪᠠᠢ᠌ᠭᠤᠯᠵᠤ᠂ ᠰᠢᠨ᠎ᠡ ᠪᠣᠬᠢᠷᠲᠤᠯ ᠪᠣᠳᠠᠰ᠎ᠢ ᠵᠠᠰᠠᠬᠤ ᠮᠡᠷᠭᠡᠵᠢᠯ᠎ᠤᠨ ᠲᠤᠯᠭ᠋ᠠᠭᠤᠷᠢᠯᠠᠯ᠎ᠢ ᠴᠢᠩᠭ᠋ᠠᠳᠬᠠᠨ᠎ᠠ᠃ (ᠬᠣᠲᠠ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠵᠡᠷᠭᠡ ᠰᠠᠯᠠᠭ᠎ᠠ ᠮᠥᠴᠢᠷ ᠨᠢᠭᠡᠴᠡ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
ᠭᠤᠷᠪᠠ᠂ ᠪᠠᠲᠤᠯᠠᠭ᠎ᠠ ᠵᠢᠨ ᠠᠷᠭ᠎ᠠ ᠬᠡᠮᠵᠢᠶ᠎ᠡ
(ᠨᠢᠭᠡ) ᠰᠠᠯᠠᠭ᠎ᠠ ᠮᠥᠴᠢᠷ᠎ᠤᠨ ᠬᠠᠮᠵᠢᠯᠴᠠᠭ᠎ᠠ ᠵᠢ ᠴᠢᠩᠭ᠋ᠠᠳᠬᠠᠨ᠎ᠠ᠃ ᠬᠣᠲᠠ ᠵᠢᠨ ᠱᠠᠲᠤᠨ᠎ᠤ ᠶᠡᠷᠦᠩᠬᠡᠢ ᠬᠠᠷᠢᠭᠤᠴᠠᠯᠭ᠎ᠠ ᠵᠢ ᠬᠠᠷᠢᠭᠤᠴᠠᠬᠤ᠂ ᠬᠣᠰᠢᠭᠤ ᠰᠢᠶᠠᠨ ᠲᠣᠭᠣᠷᠢᠭ ᠤᠨ ᠪᠣᠳᠠᠲᠠᠢ ᠨᠠᠢ᠌ᠳᠠᠪᠤᠷᠢᠵᠢᠭᠤᠯᠬᠤ ᠵᠠᠷᠴᠢᠮ ᠶᠣᠰᠣᠭ᠋ᠠᠷ᠂ ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯ ᠤᠨ ᠲᠣᠭᠲᠠᠴᠠ ᠵᠢ ᠲᠡᠭᠦᠯᠳᠡᠷᠵᠢᠭᠦᠯᠵᠦ᠂ ᠰᠢᠨ᠎ᠡ ᠪᠣᠬᠢᠷᠲᠤᠯ ᠪᠣᠳᠠᠰ᠎ᠢ ᠵᠠᠰᠠᠬᠤ ᠬᠠᠷᠢᠶ᠎ᠠ ᠭᠠᠵᠠᠷ᠎ᠤᠨ ᠬᠠᠷᠢᠭᠤᠴᠠᠯᠭ᠎ᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠤᠨ᠎ᠠ᠃ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠲᠦᠷᠦᠭᠦᠯᠡᠨ ᠶᠡᠷᠦᠩᠬᠡᠢ ᠠᠵᠢᠯ᠎ᠢ ᠠᠳᠬᠤᠬᠤ ᠦᠢ᠍ᠯᠡᠳᠦᠯ ᠵᠶ᠋ᠡᠨ ᠦᠨᠡᠨᠬᠦ ᠪᠠᠳᠠᠷᠠᠭᠤᠯᠵᠤ᠂ ᠬᠥᠭᠵᠢᠭᠦᠯᠦᠯᠲᠡ ᠥᠭᠡᠷᠡᠴᠢᠯᠡᠯᠲᠡ᠂ ᠰᠢᠨᠵᠢᠯᠡᠬᠦ ᠤᠬᠠᠭ᠋ᠠᠨ ᠮᠡᠷᠭᠡᠵᠢᠯ᠂ ᠠᠵᠤ ᠦᠢ᠍ᠯᠡᠳᠪᠦᠷᠢ ᠪᠣᠯᠣᠨ ᠮᠡᠳᠡᠭᠡ ᠵᠠᠩᠭᠢᠵᠢᠯᠲᠠ᠂ ᠡᠳ᠋᠎ᠤᠨ ᠵᠠᠰᠠᠭ᠂ ᠣᠷᠣᠨ ᠰᠠᠭᠤᠴᠠ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠂ ᠲᠠᠷᠢᠶᠠᠯᠠᠩ ᠮᠠᠯ ᠠᠵᠤ ᠠᠬᠤᠢ᠂ ᠡᠷᠡᠭᠦᠯ ᠬᠠᠮᠠᠭ᠋ᠠᠯᠠᠯ ᠡᠷᠡᠭᠦᠯ ᠮᠡᠨᠳᠤ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠭᠠᠢ᠌ᠯᠢ ᠵᠢᠨ ᠶᠠᠪᠤᠳᠠᠯ᠂ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ᠂ ᠪᠣᠭᠣᠮᠲᠠ ᠵᠡᠷᠭᠡ ᠰᠠᠯᠠᠭ᠎ᠠ ᠮᠥᠴᠢᠷ ᠨᠢᠭᠡᠴᠡ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠵᠣᠬᠢᠶᠠᠨ ᠪᠠᠢ᠌ᠭᠤᠯᠤᠨ ᠵᠥᠪᠳᠡᠯᠴᠡᠵᠦ᠂ ᠪᠦᠬᠦ ᠬᠤᠳᠠ ᠵᠢᠨ ᠰᠢᠨ᠎ᠡ ᠪᠣᠬᠢᠷᠲᠤᠯ ᠪᠣᠳᠠᠰ᠎ᠢ ᠵᠠᠰᠠᠬᠤ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠵᠢᠯ᠎ᠤᠨ ᠳᠤᠮᠳᠠ ᠲᠤᠯᠭ᠋ᠠᠷᠠᠭᠰᠠᠨ ᠬᠦᠴᠢᠷᠳᠡᠯ ᠪᠣᠯᠣᠨ ᠠᠰᠠᠭᠤᠳᠠᠯ᠎ᠢ ᠰᠤᠳᠤᠯᠤᠨ ᠰᠢᠢ᠍ᠳᠪᠦᠷᠢᠯᠡᠬᠦ ᠬᠡᠷᠡᠭᠲᠡᠢ᠃ ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠲᠣᠰ ᠭᠠᠵᠠᠷ ᠣᠷᠣᠨ᠎ᠤ᠎ᠪᠠᠨ ᠰᠢᠨ᠎ᠡ ᠪᠣᠬᠢᠷᠲᠤᠯ ᠪᠣᠳᠠᠰ᠎ᠢ ᠵᠠᠰᠠᠬᠤ ᠵᠢᠨ ᠬᠡᠷᠡᠭᠵᠢᠭᠦᠯᠬᠦ ᠲᠥᠰᠥᠯ᠎ᠢ ᠲᠣᠭᠲᠠᠭ᠋ᠠᠨ ᠨᠡᠢ᠌ᠲᠡᠯᠡᠵᠦ᠂ ᠬᠠᠷᠠᠯᠲᠠ ᠵᠢᠨ ᠡᠭᠦᠷᠭᠡ ᠵᠢ ᠨᠠᠷᠢᠯᠢᠭᠵᠢᠭᠤᠯᠤᠨ ᠵᠠᠳᠠᠯᠵᠤ᠂ ᠰᠠᠯᠠᠭ᠎ᠠ ᠮᠥᠴᠢᠷ᠎ᠤᠨ ᠠᠵᠢᠯ᠎ᠤᠨ ᠬᠤᠪᠢᠶᠠᠷᠢᠯᠠᠯ᠎ᠢ ᠲᠣᠳᠣᠷᠬᠠᠢ᠌ᠯᠠᠨ᠂ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠰᠠᠢ᠌ᠲᠤᠷ ᠠᠳᠬᠤᠬᠤ ᠬᠡᠷᠡᠭᠲᠡᠢ᠃ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ᠎ᠨᠦᠭᠦᠳ ᠬᠠᠮᠲᠤᠷᠠᠨ ᠪᠠᠢ᠌ᠴᠠᠭ᠋ᠠᠯᠲᠠ ᠬᠢᠵᠦ ᠬᠠᠤᠯᠢ ᠬᠡᠷᠡᠭᠵᠢᠭᠦᠯᠬᠦ ᠵᠢ ᠥᠷᠨᠢᠭᠦᠯᠵᠦ᠂ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠵᠢ ᠪᠡᠶᠡᠯᠡᠭᠦᠯᠦᠨ᠂ ᠰᠢᠨ᠎ᠡ ᠪᠣᠬᠢᠷᠲᠤᠯ ᠪᠣᠳᠠᠰ᠎ᠢ ᠵᠠᠰᠠᠬᠤ ᠡᠯ᠎ᠡ ᠵᠦᠢ᠍ᠯ᠎ᠤᠨ ᠠᠵᠢᠯ᠎ᠢ ᠬᠦᠴᠦ᠎ᠪᠠᠨ ᠬᠠᠮᠲᠤᠳᠬᠠᠨ ᠰᠠᠢ᠌ᠲᠤᠷ ᠬᠢᠵᠦ᠂ 2025 ᠣᠨ᠎ᠳᠤ ᠲᠣᠰ ᠲᠥᠰᠥᠯ᠎ᠢ ᠬᠡᠷᠡᠭᠵᠢᠭᠦᠯᠦᠭᠰᠡᠨ ᠪᠠᠢ᠌ᠳᠠᠯ᠎ᠳᠤ ᠪᠥᠬᠥ ᠲᠠᠯ᠎ᠠ ᠵᠢᠨ ᠦᠨᠡᠯᠡᠨ ᠵᠢᠱ᠌ᠢᠯᠲᠡ ᠬᠢᠬᠦ ᠬᠡᠷᠡᠭᠲᠡᠢ᠃ (ᠬᠣᠲᠠ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ ᠲᠦᠷᠦᠭᠦᠯᠡᠵᠦ᠂ ᠬᠣᠲᠠ ᠵᠢᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠬᠣᠶᠠᠷ) ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠵᠢ ᠴᠢᠩᠭ᠋ᠠᠳᠬᠠᠨ᠎ᠠ᠃ ᠠᠵᠤ ᠠᠬᠤᠢ᠌ᠯᠠᠯ᠎ᠤᠨ ᠭᠣᠣᠯ ᠴᠣᠭᠴᠠ ᠵᠢᠨ ᠬᠠᠷᠢᠭᠤᠴᠠᠯᠭ᠎ᠠ᠎ᠪᠠᠨ ᠨᠠᠢ᠌ᠳᠠᠪᠤᠷᠢᠵᠢᠭᠤᠯᠬᠤ ᠵᠢ ᠰᠢᠮᠳᠠᠭᠤᠯᠵᠤ᠂ ᠰᠢᠨ᠎ᠡ ᠪᠣᠬᠢᠷᠲᠤᠯ ᠪᠣᠳᠠᠰ᠎ᠢ ᠵᠠᠰᠠᠬᠤ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠤᠨ᠎ᠠ᠃ ᠡᠯ᠎ᠡ ᠰᠠᠯᠠᠭ᠎ᠠ ᠮᠥᠴᠢᠷ ᠨᠢᠭᠡᠴᠡ᠎ᠨᠦᠭᠦᠳ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠵᠢ ᠮᠡᠳᠡᠭᠡᠯᠡᠬᠦ ᠲᠣᠭᠲᠠᠴᠠ ᠵᠢ ᠪᠠᠢ᠌ᠭᠤᠯᠵᠤ᠂ ᠮᠡᠳᠡᠭᠡ ᠵᠠᠩᠭᠢ ᠵᠢ ᠬᠠᠷᠢᠯᠴᠠᠨ ᠨᠡᠪᠲᠡᠷᠡᠯᠴᠡᠵᠦ ᠬᠠᠮᠲᠤ᠎ᠪᠠᠷ ᠭᠥᠷᠳᠡᠬᠦ ᠵᠢ ᠴᠢᠩᠭ᠋ᠠᠷᠠᠭᠤᠯᠤᠨ᠂ ᠰᠢᠨ᠎ᠡ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ ᠵᠢ ᠭᠣᠣᠯᠳᠠᠯᠭ᠎ᠠ᠎ᠲᠠᠢ ᠬᠠᠮᠢᠶᠠᠷᠤᠨ ᠡᠵᠡᠮᠳᠡᠬᠦ ᠵᠢᠨ ᠬᠠᠤᠯᠢ ᠬᠡᠷᠡᠭᠵᠢᠭᠦᠯᠵᠦ ᠬᠢᠨᠠᠨ ᠬᠡᠮᠵᠢᠬᠦ ᠪᠠ ᠭᠣᠣᠯᠳᠠᠯᠭ᠎ᠠ᠎ᠲᠠᠢ ᠣᠷᠣᠨ ᠪᠦᠰᠡ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢ ᠴᠢᠩᠭ᠋ᠠᠳᠬᠠᠬᠤ ᠬᠡᠷᠡᠭᠲᠡᠢ᠃ ᠭᠣᠣᠯᠳᠠᠯᠭ᠎ᠠ᠎ᠲᠠᠢ ᠬᠠᠮᠢᠶᠠᠷᠤᠨ ᠡᠵᠡᠮᠳᠡᠬᠦ᠎ᠳᠤ ᠬᠣᠯᠪᠣᠭᠳᠠᠭᠰᠠᠨ ᠰᠢᠨ᠎ᠡ ᠪᠣᠬᠢᠷᠲᠤᠯ ᠪᠣᠳᠠᠰ᠎ᠤᠨ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠡ᠎ᠳᠤ ᠬᠠᠤᠯᠢ ᠶᠣᠰᠣᠭ᠋ᠠᠷ ᠲᠤᠬᠠᠢ ᠵᠢᠨ ᠲᠠᠯᠠᠪᠤᠷ᠎ᠤᠨ ᠪᠠᠢ᠌ᠴᠠᠭ᠋ᠠᠯᠲᠠ ᠬᠢᠵᠦ᠂ ᠣᠷᠴᠢᠨ ᠲᠣᠭᠣᠷᠢᠨ᠎ᠤ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠲᠣᠭᠲᠠᠭ᠋ᠠᠯ ᠶᠣᠰᠣᠭ᠋ᠠᠷ ᠨᠠᠢ᠌ᠳᠠᠪᠤᠷᠢᠵᠢᠭᠤᠯᠤᠭᠰᠠᠨ ᠦᠭᠡᠢ ᠠᠵᠤ ᠠᠬᠤᠢ᠌ᠯᠠᠯ᠎ᠳᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠡᠷᠴᠢᠮ ᠵᠶ᠋ᠡᠨ ᠴᠢᠩᠭ᠋ᠠᠷᠠᠭᠤᠯᠤᠨ᠎ᠠ᠃ ᠬᠣᠣᠷᠲᠠᠢ ᠬᠥᠨᠥᠭᠡᠯ᠎ᠲᠠᠢ ᠬᠢᠮᠢ ᠵᠢᠨ ᠪᠣᠳᠠᠰ ᠵᠢᠴᠢ ᠲᠡᠭᠦᠨ ᠲᠠᠢ ᠬᠣᠯᠪᠣᠭᠳᠠᠬᠤ ᠪᠦᠲᠦᠭᠡᠭᠳᠡᠬᠦᠨ ᠢ ᠦᠢ᠍ᠯᠡᠳᠪᠦᠷᠢᠯᠡᠬᠦ᠂ ᠡᠳ᠋ᠰᠢᠭᠦᠯᠤ᠋ ᠊ᠨ ᠬᠡᠷᠡᠭᠯᠡᠬᠦ᠂ ᠭᠠᠳᠠᠭ᠋ᠠᠳᠤ ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠵᠢ ᠴᠠᠭ᠋ᠠᠵᠠᠯᠠᠬᠤ ᠪᠤᠶᠤ ᠬᠢᠵᠠᠭ᠋ᠠᠷᠯᠠᠬᠤ ᠳᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠵᠢ ᠴᠢᠩᠭ᠋ᠠᠳᠬᠠᠨ᠎ᠠ᠃ (ᠬᠣᠲᠠ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠤᠷᠠᠳ ᠪᠣᠭᠣᠮᠲᠠ ᠵᠡᠷᠭᠡ ᠰᠠᠯᠠᠭ᠎ᠠ ᠮᠥᠴᠢᠷ ᠨᠢᠭᠡᠴᠡ᠎ᠨᠦᠭᠦᠳ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠭᠤᠷᠪᠠ) ᠪᠡᠯᠡ ᠮᠥᠩᠭᠥ ᠵᠢᠨ ᠣᠷᠣᠭᠤᠯᠤᠯᠲᠠ ᠵᠢ ᠨᠡᠮᠡᠭᠳᠡᠭᠦᠯᠦᠨ᠎ᠡ᠃ ᠬᠣᠲᠠ ᠵᠢᠨ ᠡᠳ᠋᠎ᠤᠨ ᠵᠠᠰᠠᠭ᠎ᠤᠨ ᠲᠣᠪᠴᠢᠶ᠎ᠠ ᠪᠣᠯᠣᠨ ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠡᠳ᠋᠎ᠤᠨ ᠵᠠᠰᠠᠭ᠎ᠤᠨ ᠪᠡᠯᠡ ᠮᠥᠩᠭᠥ ᠵᠢ ᠨᠢᠭᠡᠳᠦᠯᠲᠡᠢ ᠲᠥᠯᠥᠪᠯᠡᠨ᠂ ᠰᠢᠨ᠎ᠡ ᠪᠣᠬᠢᠷᠲᠤᠯ ᠪᠣᠳᠠᠰ᠎ᠢ ᠵᠠᠰᠠᠬᠤ ᠵᠠᠷᠤᠳᠠᠯ᠎ᠤᠨ ᠪᠠᠲᠤᠯᠠᠭ᠎ᠠ ᠵᠢ ᠴᠢᠩᠭ᠋ᠠᠳᠬᠠᠵᠤ᠂ ᠰᠢᠨ᠎ᠡ ᠪᠣᠬᠢᠷᠲᠤᠯ ᠪᠣᠳᠠᠰ᠎ᠢ ᠪᠠᠢ᠌ᠴᠠᠭ᠋ᠠᠵᠤ ᠬᠢᠨᠠᠨ ᠬᠡᠮᠵᠢᠬᠦ᠂ ᠰᠢᠭᠰᠢᠨ ᠪᠠᠢ᠌ᠴᠠᠭ᠋ᠠᠵᠤ ᠦᠨᠡᠯᠡᠨ ᠵᠢᠱ᠌ᠢᠬᠦ᠂ ᠲᠤᠷᠰᠢᠯᠲᠠ ᠵᠢᠨ ᠴᠢᠭ᠋᠎ᠤᠨ ᠵᠢᠱ᠌ᠢᠶ᠎ᠡ ᠦᠵᠡᠭᠦᠯᠬᠦ᠂ ᠬᠠᠮᠢᠶᠠᠷᠤᠨ ᠡᠵᠡᠮᠳᠡᠵᠦ ᠵᠠᠰᠠᠬᠤ ᠵᠡᠷᠭᠡ ᠠᠵᠢᠯ ᠥᠷᠨᠢᠭᠦᠯᠬᠦ ᠵᠢ ᠳᠡᠮᠵᠢᠵᠦ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠲᠤᠰᠬᠠᠢ ᠵᠦᠢ᠍ᠯ᠎ᠤᠨ ᠪᠡᠯᠡ ᠮᠥᠩᠭᠥ᠂ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠣᠷᠣᠭᠤᠯᠤᠯᠲᠠ᠎ᠪᠠᠷ ᠬᠥᠲᠥᠯᠥᠨ ᠳᠠᠭ᠋ᠠᠭᠤᠯᠤᠭᠰᠠᠨ ᠣᠯᠠᠨ ᠡᠰᠢᠵᠢᠭᠰᠡᠨ ᠪᠡᠯᠡ ᠮᠥᠩᠭᠥ ᠵᠢᠨ ᠪᠠᠲᠤᠯᠠᠭ᠎ᠠ ᠵᠢᠨ ᠳᠦᠷᠢᠮ᠎ᠢ ᠪᠠᠶ᠋ᠢᠭᠤᠯᠬᠤ ᠬᠡᠷᠡᠭᠲᠡᠢ᠃ ᠪᠡᠯᠡ ᠣᠷᠣᠭᠤᠯᠤᠯᠲᠠ ᠵᠢᠨ ᠠᠷᠭ᠎ᠠ ᠵᠠᠮ᠎ᠢ ᠥᠷᠭᠡᠳᠬᠡᠵᠦ᠂ ᠨᠠᠩ ᠣᠯᠠᠨ ᠨᠡᠢ᠌ᠭᠡᠮ᠂ ᠮᠥᠩᠭᠥᠨ ᠭᠦᠢ᠍ᠯᠭᠡᠭᠡᠨ᠎ᠤ ᠬᠥᠷᠥᠩᠭᠡ ᠵᠢᠨ ᠰᠢᠨ᠎ᠡ ᠪᠣᠬᠢᠷᠲᠤᠯ ᠪᠣᠳᠠᠰ᠎ᠢ ᠵᠠᠰᠠᠬᠤ ᠬᠦᠷᠢᠶᠡᠨ᠎ᠳᠤ ᠣᠷᠣᠬᠤ ᠵᠢ ᠬᠥᠲᠥᠯᠥᠨ ᠵᠢᠯᠤᠭᠣᠳᠴᠤ ᠵᠣᠷᠢᠭᠵᠢᠭᠤᠯᠤᠨ᠎ᠠ᠃ ᠰᠢᠨ᠎ᠡ ᠪᠣᠬᠢᠷᠲᠤᠯ ᠪᠣᠳᠠᠰ᠎ᠢ ᠵᠠᠰᠠᠬᠤ᠎ᠳᠤ ᠲᠣᠭᠲᠠᠭ᠋ᠠᠯ ᠶᠣᠰᠣᠭ᠋ᠠᠷ ᠭᠠᠢ᠌ᠯᠢ ᠲᠠᠲᠠᠪᠤᠷᠢ ᠵᠢᠨ ᠬᠠᠷᠠᠭ᠋ᠠᠯᠵᠠᠯᠲᠤ ᠲᠦᠷᠦ ᠵᠢᠨ ᠪᠣᠳᠣᠯᠭ᠎ᠠ ᠵᠢ ᠬᠦᠷᠳᠡᠨ᠎ᠠ᠃ (ᠬᠣᠲᠠ ᠵᠢᠨ ᠡᠳ᠋᠎ᠤᠨ ᠵᠠᠰᠠᠭ᠎ᠤᠨ ᠲᠣᠪᠴᠢᠶ᠎ᠠ᠂ ᠪᠠᠶᠠᠨᠨᠠᠭᠤᠷ ᠬᠣᠲᠠ ᠵᠢᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ᠂ ᠪᠠᠶᠠᠨᠨᠠᠭᠤᠷ᠎ᠤᠨ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠡ᠎ᠨᠦᠭᠦᠳ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠳᠥᠷᠪᠡ) ᠤᠬᠠᠭᠤᠯᠵᠤ ᠬᠥᠲᠥᠯᠥᠨ ᠵᠢᠯᠤᠭᠣᠳᠬᠤ ᠵᠢ ᠴᠢᠩᠭ᠋ᠠᠳᠬᠠᠨ᠎ᠠ᠃ ᠬᠠᠤᠯᠢ ᠴᠠᠭ᠋ᠠᠵᠠ ᠬᠠᠤᠯᠢ ᠲᠣᠭᠲᠠᠭ᠋ᠠᠯ ᠲᠦᠷᠦ ᠵᠢᠨ ᠪᠣᠳᠣᠯᠭ᠎ᠠ ᠵᠢ ᠤᠬᠠᠭᠤᠯᠤᠨ ᠲᠠᠢ᠌ᠯᠪᠤᠷᠢᠯᠠᠬᠤ ᠵᠢ ᠴᠢᠩᠭ᠋ᠠᠳᠬᠠᠨ᠎ᠠ᠃ ᠰᠢᠨ᠎ᠡ ᠪᠣᠬᠢᠷᠲᠤᠯ ᠪᠣᠳᠠᠰ᠎ᠢ ᠵᠠᠰᠠᠬᠤ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ᠎ᠢ ᠥᠷᠭᠡᠨ ᠵᠶ᠋ᠡᠷ ᠥᠷᠨᠢᠭᠦᠯᠵᠦ᠂ ᠰᠢᠨ᠎ᠡ ᠪᠣᠬᠢᠷᠲᠤᠯ ᠪᠣᠳᠠᠰ᠎ᠤᠨ ᠣᠷᠴᠢᠨ ᠲᠣᠭᠣᠷᠢᠨ ᠪᠠ ᠡᠷᠡᠭᠦᠯ ᠮᠡᠨᠳᠦ ᠵᠢᠨ ᠬᠣᠣᠷ ᠬᠥᠨᠥᠭᠡᠯ᠎ᠤᠨ ᠲᠤᠬᠠᠢ ᠣᠯᠠᠨ ᠨᠡᠶ᠋ᠢᠲᠡ ᠵᠢᠨ ᠰᠢᠨᠵᠢᠯᠡᠬᠦ ᠤᠬᠠᠭ᠋ᠠᠨᠴᠢ ᠲᠠᠨᠢᠯᠲᠠ ᠵᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠣᠬᠢᠷᠲᠤᠯ ᠦᠭᠡᠢ ᠬᠡᠷᠡᠭᠯᠡᠭᠡᠨ᠎ᠤ ᠣᠨᠣᠯᠵᠢᠬᠤᠨ᠎ᠢ ᠴᠢᠩᠭ᠋ᠠᠷᠠᠭᠤᠯᠤᠨ᠎ᠠ᠃ ᠤᠯᠠᠨ ᠨᠡᠶ᠋ᠢᠲᠡ ᠵᠢᠨ ᠤᠯᠠᠨ ᠵᠦᠢ᠍ᠯ᠎ᠤᠨ ᠠᠷᠭ᠎ᠠ ᠵᠠᠮ ᠵᠶ᠋ᠠᠷ ᠳᠠᠮᠵᠢᠭᠤᠯᠤᠨ ᠰᠢᠨ᠎ᠡ ᠪᠣᠬᠢᠷᠲᠤᠯ ᠪᠣᠳᠠᠰ᠎ᠤᠨ ᠣᠷᠴᠢᠨ ᠠᠬᠤᠢ᠎ᠳᠤ ᠬᠣᠯᠪᠣᠭᠳᠠᠭᠰᠠᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠢᠯᠡᠴᠢᠯᠡᠨ ᠮᠡᠳᠡᠭᠦᠯᠬᠦ ᠵᠢ ᠵᠣᠷᠢᠭᠵᠢᠭᠤᠯᠵᠤ᠂ ᠨᠡᠢ᠌ᠭᠡᠮ᠎ᠤᠨ ᠶᠠᠷᠢᠶ᠎ᠠ ᠬᠡᠯᠡᠯᠴᠡᠭᠡᠨ᠎ᠤ ᠬᠢᠨᠠᠯᠲᠠ ᠲᠠᠯᠪᠢᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠃ ᠬᠢᠮᠢ ᠵᠢᠨ ᠪᠣᠳᠠᠰ᠎ᠤᠨ ᠣᠷᠴᠢᠨ ᠲᠣᠭᠣᠷᠢᠨ᠎ᠤ ᠣᠯᠠᠨ ᠤᠯᠤᠰ᠎ᠤᠨ ᠨᠡᠶ᠋ᠢᠲᠡ ᠵᠢᠨ ᠭᠡᠷ᠎ᠡ ᠵᠢ ᠭᠦᠢ᠍ᠴᠡᠳᠬᠡᠬᠦ ᠠᠵᠢᠯᠯᠠᠭ᠎ᠠ ᠪᠠ ᠤᠬᠠᠭᠤᠯᠭ᠎ᠠ ᠵᠢᠨ ᠠᠵᠢᠯᠯᠠᠭ᠎ᠠ᠎ᠳᠤ ᠢᠳᠡᠪᠬᠢᠲᠡᠢ ᠣᠷᠣᠯᠴᠠᠵᠤ᠂ ᠪᠠᠶᠠᠨᠨᠠᠭᠤᠷ ᠬᠣᠲᠠ ᠵᠢᠨ ᠣᠷᠣᠨ ᠨᠤᠲᠤᠭ᠎ᠤᠨ ᠭᠡᠷ᠎ᠡ ᠵᠢ ᠭᠦᠢ᠍ᠴᠡᠳᠬᠡᠬᠦ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠃ (ᠬᠣᠲᠠ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ ᠲᠦᠷᠦᠭᠦᠯᠡᠵᠦ᠂ ᠬᠣᠲᠠ ᠵᠢᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
ᠢᠷᠡᠯᠲᠡ᠄ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠮᠣᠩᠭᠣᠯ ᠰᠦᠯᠵᠢᠶ᠎ᠡ