ᠠᠯᠪᠠᠨ ᠮᠠᠳᠡᠭᠡ 2023  -   ᠵᠠᠰᠠᠭ᠎ᠤᠨ ᠤᠷᠳᠥᠨ᠎ᠤ ᠠᠯᠪᠠᠨ ᠮᠠᠳᠡᠭᠡ

ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ 《ᠪᠠᠶᠠᠨᠨᠠᠭᠤᠷ ᠬᠤᠲᠠ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠵᠣᠬᠢᠴᠠᠭᠤᠯᠤᠨ ᠬᠢᠨᠠᠯᠲᠠ ᠲᠠᠯᠪᠢᠬᠤ ᠬᠡᠷᠡᠭᠵᠢᠭᠦᠯᠬᠦ ᠨᠠᠷᠢᠨ ᠳᠦᠷᠢᠮ》᠎ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ

ᠨᠡᠶ᠋ᠢᠲᠡᠯᠡᠭᠰᠡᠨ ᠴᠠᠭ᠄   2023-10-11

ᠡᠯ᠎ᠡ ᠬᠤᠰᠢᠭᠤ ᠰᠢᠶᠠᠨ ᠲᠣᠭᠤᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠪᠠᠶᠠᠨᠨᠠᠭᠤᠷ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠤᠷᠢᠭ᠎ᠤᠨ ᠬᠠᠮᠢᠶᠠᠷᠤᠯᠲᠠ ᠵᠢᠨ ᠵᠥᠪᠯᠡᠯ᠂ ᠭᠠᠭᠴᠠᠮᠣᠳᠣ ᠬᠢᠯᠢ ᠵᠢᠨ ᠪᠣᠭᠤᠮᠲᠠ ᠵᠢᠨ ᠬᠠᠮᠢᠶᠠᠷᠤᠯᠲᠠ ᠵᠢᠨ ᠵᠥᠪᠯᠡᠯ᠂ ᠪᠠᠶᠠᠨᠨᠠᠭᠤᠷ᠎ᠤᠨ ᠤᠯᠤᠰ᠎ᠤᠨ ᠲᠠᠷᠢᠶᠠᠯᠠᠩ᠎ᠤᠨ ᠳᠡᠭᠡᠳᠦ ᠵᠡᠷᠭᠡ ᠵᠢᠨ ᠲᠣᠭᠤᠷᠢᠭ᠎ᠤᠨ ᠬᠠᠮᠢᠶᠠᠷᠤᠯᠲᠠ (ᠪᠡᠯᠡᠳᠬᠡᠬᠦ) ᠵᠢᠨ ᠵᠥᠪᠯᠡᠯ᠎ᠤᠨ ᠠᠯᠪᠠᠨ ᠬᠡᠷ᠂ ᠬᠤᠲᠠ ᠵᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠲᠠ᠎ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ᠎ᠳᠤ᠄
      《ᠪᠠᠶᠠᠨᠨᠠᠭᠤᠷ ᠬᠤᠲᠠ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠵᠣᠬᠢᠴᠠᠭᠤᠯᠤᠨ ᠬᠢᠨᠠᠯᠲᠠ ᠲᠠᠯᠪᠢᠬᠤ ᠬᠡᠷᠡᠭᠵᠢᠭᠦᠯᠬᠦ ᠨᠠᠷᠢᠨ ᠲᠦᠷᠢᠮ》᠎ᠢ ᠨᠢᠭᠡᠨᠲᠡ ᠬᠤᠲᠠ ᠵᠢᠨ ᠵᠠᠰᠠᠭ᠎ᠤᠨ ᠣᠷᠳᠣᠨ᠎ᠤ 2023 ᠣᠨ᠎ᠤ 7 ᠳ᠋ᠤᠭ᠋ᠠᠷ ᠤᠳᠠᠭ᠎ᠠ ᠵᠢᠨ ᠪᠠᠶ᠋ᠢᠩᠭᠤ ᠵᠢᠨ ᠬᠤᠷᠠᠯ ᠵᠶ᠋ᠠᠷ ᠶᠠᠷᠢᠯᠴᠠᠨ ᠪᠠᠲᠤᠯᠠᠵᠤ᠂ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠲᠤᠤᠱᠯᠠᠭᠤᠯᠤᠨ ᠨᠠᠶ᠋ᠢᠳᠠᠪᠤᠷᠢᠵᠢᠭᠤᠯᠬᠤ ᠵᠢ ᠬᠢᠨᠠᠮᠠᠭ᠋ᠠᠶ ᠰᠠᠶ᠋ᠢᠲᠤᠷ ᠠᠳᠬᠤᠲᠤᠭ᠋ᠠᠶ᠃
                                    ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ
                                             2023 ᠣᠨ᠎ᠤ 6 ᠰᠠᠷ᠎ᠠ ᠵᠢᠨ 28᠎ᠤ ᠡᠳᠦᠷ
(ᠲᠤᠰ ᠵᠦᠢ᠍ᠯ᠎ᠢ ᠢᠯᠡ᠎ᠪᠠᠷ ᠨᠡᠶ᠋ᠢᠲᠡᠯᠡᠵᠡᠢ᠃)
   
      ᠪᠠᠶᠠᠨᠨᠠᠭᠤᠷ ᠬᠤᠲᠠ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠵᠣᠬᠢᠴᠠᠭᠤᠯᠤᠨ ᠬᠢᠨᠠᠯᠲᠠ ᠲᠠᠯᠪᠢᠬᠤ ᠬᠡᠷᠡᠭᠵᠢᠭᠦᠯᠬᠦ ᠨᠠᠷᠢᠨ ᠳᠦᠷᠢᠮ
      ᠨᠢᠭᠡᠳᠦᠭᠡᠷ ᠪᠦᠯᠦᠭ ᠶᠡᠷᠦᠩᠬᠡᠢ ᠳᠦᠷᠢᠮ
      ᠨᠢᠭᠡᠳᠦᠭᠡᠷ ᠵᠦᠢ᠍ᠯ ᠬᠤᠲᠠ ᠰᠢᠶᠠᠨ ᠰᠢᠶᠠᠩ᠎ᠤᠨ ᠭᠤᠷᠪᠠᠨ ᠱᠠᠲᠤ ᠵᠢ ᠪᠦᠬᠦᠨ᠎ᠢ ᠬᠠᠮᠤᠷᠤᠭᠰᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠢᠨ ᠵᠣᠬᠢᠴᠠᠭᠤᠯᠤᠨ ᠬᠢᠨᠠᠯᠲᠠ ᠲᠠᠯᠪᠢᠬᠤ ᠠᠵᠢᠯ᠎ᠤᠨ ᠰᠢᠰᠲ᠋ᠧᠮᠵᠢ ᠵᠢ ᠪᠠᠶ᠋ᠢᠭᠤᠯᠤᠨ ᠪᠦᠷᠢᠨᠰᠢᠭᠦᠯᠵᠦ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠢᠨ ᠬᠢᠨᠠᠯᠲᠠ ᠲᠠᠯᠪᠢᠬᠤ ᠲᠣᠭᠲᠠᠴᠠ ᠪᠠ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠂ ᠬᠠᠤᠯᠢ ᠵᠢ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠵᠶ᠋ᠠᠷ ᠬᠡᠷᠡᠭᠵᠢᠭᠦᠯᠬᠦ ᠵᠢ ᠠᠬᠢᠭᠤᠯᠵᠤ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ ᠵᠢᠨ ᠲᠤᠰᠠᠳᠠ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠢᠨ ᠬᠢᠨᠠᠯᠲᠠ ᠲᠠᠯᠪᠢᠬᠤ ᠳᠦᠷᠢᠮ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠱᠠᠲᠤᠨ᠎ᠤ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠳᠦᠷᠢᠮ》 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠵᠢᠨ ᠳᠦᠷᠢᠮ᠎ᠤᠨ ᠲᠣᠭᠲᠠᠭ᠋ᠠᠯ》 ᠵᠡᠷᠭᠡ ᠲᠣᠭᠲᠠᠭ᠋ᠠᠯ᠎ᠢ ᠦᠨᠳᠦᠰᠦᠯᠡᠨ᠂ ᠲᠤᠰ ᠬᠤᠲᠠ ᠵᠢᠨ ᠪᠣᠳᠠᠲᠠᠢ᠎ᠲᠠᠢ᠎ᠪᠠᠨ ᠤᠶᠠᠯᠳᠤᠭᠤᠯᠵᠤ᠂ ᠲᠤᠰ ᠬᠡᠷᠡᠭᠵᠢᠭᠦᠯᠬᠦ ᠨᠠᠷᠢᠨ ᠳᠦᠷᠢᠮ᠎ᠢ ᠲᠣᠭᠲᠠᠭ᠋ᠠᠪᠠ᠃
      ᠬᠣᠶᠠᠳᠤᠭ᠋ᠠᠷ ᠵᠦᠢ᠍ᠯ ᠬᠣᠲᠠ᠂ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠎ᠨᠢ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠵᠣᠬᠢᠴᠠᠭᠤᠯᠤᠨ ᠬᠢᠨᠠᠯᠲᠠ ᠲᠠᠯᠪᠢᠬᠤ ᠠᠵᠢᠯ᠎ᠢ ᠨᠢᠭᠡᠳᠦᠯᠲᠡᠶ ᠤᠳᠤᠷᠢᠳᠤᠨ᠎ᠠ᠃
      ᠬᠤᠲᠠ᠂ ᠬᠤᠰᠢᠭᠤ ᠰᠢᠶᠠᠨ ᠲᠣᠭᠤᠷᠢᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠣᠯ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠵᠣᠬᠢᠴᠠᠭᠤᠯᠤᠨ ᠬᠢᠨᠠᠯᠲᠠ ᠲᠠᠯᠪᠢᠬᠤ ᠪᠠᠶ᠋ᠢᠭᠤᠯᠤᠮᠵᠢ ᠪᠠᠶ᠋ᠢᠵᠤ᠂ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠵᠣᠬᠢᠴᠠᠭᠤᠯᠤᠨ ᠬᠢᠨᠠᠯᠲᠠ ᠲᠠᠯᠪᠢᠬᠤ ᠠᠵᠢᠯ᠎ᠢ ᠪᠣᠳᠠᠲᠠᠶ ᠬᠠᠷᠢᠭᠤᠴᠠᠬᠤ ᠵᠢᠨ ᠬᠠᠮᠲᠤ ᠳᠡᠭᠡᠳᠦ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠲᠤᠬᠠᠶ᠋ᠢᠯᠠᠭᠰᠠᠨ ᠠᠵᠢᠯ᠎ᠤᠨ ᠵᠢᠯᠣᠭᠤᠳᠣᠯᠭ᠎ᠠ ᠵᠢ ᠬᠦᠯᠢᠶᠡᠨ᠎ᠡ᠃
      ᠬᠣᠲᠠ᠂ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷ᠎ᠠ ᠪᠠᠶ᠋ᠢᠭᠤᠯᠤᠭᠰᠠᠨ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠬᠠᠷᠢᠶᠠᠯᠠᠭᠳᠠᠬᠤ ᠦᠭᠡᠶ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠎ᠳᠤ ᠬᠠᠤᠯᠢ ᠶᠣᠰᠣᠭ᠋ᠠᠷ ᠬᠢᠨᠠᠯᠲᠠ ᠲᠠᠯᠪᠢᠬᠤ ᠬᠡᠷᠡᠭᠲᠡᠶ᠃
      ᠬᠣᠲᠠ᠂ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠬᠠᠷᠢᠶ᠎ᠠ ᠪᠦᠬᠦᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ ᠬᠠᠤᠯᠢ ᠳᠦᠷᠢᠮ᠎ᠤᠨ ᠠᠵᠢᠯ᠎ᠤᠨ ᠪᠠᠶ᠋ᠢᠭᠤᠯᠤᠮᠵᠢ ᠪᠣᠯ ᠲᠤᠰ ᠰᠠᠯᠠᠭ᠎ᠠ ᠮᠥᠴᠢᠷ᠎ᠤᠨ ᠵᠶ᠋ᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ ᠪᠣᠯᠬᠣᠷ᠂ ᠲᠤᠰ ᠰᠠᠯᠠᠭ᠎ᠠ ᠮᠥᠴᠢᠷ᠎ᠤᠨ ᠵᠶ᠋ᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠠᠵᠢᠯ᠎ᠢ ᠪᠣᠳᠠᠲᠠᠶ ᠬᠠᠷᠢᠭᠤᠴᠠᠬᠤ ᠵᠢᠨ ᠬᠠᠮᠲᠤ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠲᠤᠬᠠᠶ᠋ᠢᠯᠠᠭᠰᠠᠨ ᠠᠵᠢᠯ᠎ᠤᠨ ᠵᠢᠯᠣᠭᠣᠳᠣᠯᠭ᠎ᠠ ᠵᠢ ᠬᠦᠯᠢᠶᠡᠬᠦ ᠬᠡᠷᠡᠭᠲᠡᠶ᠃
      ᠬᠤᠲᠠ᠂ ᠬᠤᠰᠢᠭᠤ ᠰᠢᠶᠠᠨ ᠲᠣᠭᠤᠷᠢᠭ᠎ᠨᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ ᠨᠠᠶ᠋ᠢᠳᠠᠯᠭ᠎ᠠ᠎ᠪᠠᠷ ᠬᠠᠤᠯᠢ ᠬᠡᠷᠡᠭᠵᠢᠭᠦᠯᠬᠦ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠤᠮᠵᠢ᠎ᠨᠢ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠣᠬᠢᠴᠠᠩᠭᠤᠶ ᠪᠦᠬᠦᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ ᠲᠤᠬᠠᠶ᠋ᠢᠯᠠᠭᠰᠠᠨ ᠠᠵᠢᠯ᠎ᠤᠨ ᠵᠢᠯᠣᠭᠤᠳᠣᠯᠭ᠎ᠠ ᠪᠠ ᠬᠢᠨᠠᠯᠲᠠ ᠵᠢ ᠬᠦᠯᠢᠶᠡᠬᠦ ᠬᠡᠷᠡᠭᠲᠡᠶ; ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ ᠪᠠ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠨᠢ ᠬᠤᠰᠢᠭᠤ ᠰᠢᠶᠠᠨ ᠲᠣᠭᠤᠷᠢᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠵᠣᠬᠢᠴᠠᠩᠭᠤᠶ ᠪᠦᠬᠦᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ ᠲᠤᠬᠠᠶ᠋ᠢᠯᠠᠭᠰᠠᠨ ᠠᠵᠢᠯ᠎ᠤᠨ ᠵᠢᠯᠣᠭᠤᠳᠣᠯᠭ᠎ᠠ ᠪᠠ ᠬᠢᠨᠠᠯᠲᠠ ᠵᠢ ᠬᠦᠯᠢᠶᠡᠬᠦ ᠬᠡᠷᠡᠭᠲᠡᠶ᠃
      ᠭᠤᠷᠪᠠᠳᠤᠭ᠋ᠠᠷ ᠵᠦᠢ᠍ᠯ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠪᠦᠬᠦ ᠬᠤᠲᠠ ᠵᠢᠨ ᠨᠢᠭᠡᠳᠦᠯᠲᠡᠶ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠶ᠋ᠢᠯᠡᠭᠰᠡᠨ ᠬᠠᠮᠢᠶᠠᠷᠤᠯᠲᠠ ᠵᠢᠨ ᠬᠢᠨᠠᠯᠲᠠ ᠲᠠᠯᠪᠢᠬᠤ ᠮᠡᠳᠡᠭᠡ ᠵᠠᠩᠭᠢ ᠵᠢᠨ ᠰᠢᠰᠲ᠋ᠧᠮ᠎ᠢ ᠪᠠᠶ᠋ᠢᠭᠤᠯᠬᠤ ᠵᠢᠨ ᠬᠠᠮᠲᠤ ᠬᠠᠮᠢᠶᠠᠷᠬᠤ ᠵᠢ ᠬᠠᠷᠢᠭᠤᠴᠠᠨ᠎ᠠ᠃ ᠡᠯ᠎ᠡ ᠱᠠᠲᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠳ ᠵᠣᠯᠭ᠋ᠠᠭᠤᠯᠤᠨ ᠬᠡᠷᠡᠭᠯᠡᠵᠦ᠂ ᠬᠠᠤᠯᠢ ᠬᠡᠷᠡᠭᠵᠢᠭᠦᠯᠬᠦ ᠵᠢ ᠢᠯᠡ ᠪᠣᠯᠭ᠋ᠠᠬᠤ ᠪᠠ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠵᠢ ᠠᠬᠢᠭᠤᠯᠵᠤ᠂ ᠰᠦᠯᠵᠢᠶᠡᠨ ᠳᠡᠭᠡᠷ᠎ᠡ ᠬᠡᠷᠡᠭ ᠰᠢᠢ᠍ᠳᠪᠦᠷᠢᠯᠡᠬᠦ ᠪᠠ ᠰᠦᠯᠵᠢᠶᠡᠨ ᠳᠡᠭᠡᠷ᠎ᠡ ᠬᠢᠨᠠᠯᠲᠠ ᠲᠠᠯᠪᠢᠬᠤ ᠵᠢ ᠲᠡᠭᠦᠯᠳᠡᠷᠵᠢᠭᠦᠯᠦᠨ᠎ᠡ᠃
      ᠬᠤᠲᠠ᠂ ᠬᠤᠰᠢᠭᠤ ᠰᠢᠶᠠᠨ ᠲᠣᠭᠤᠷᠢᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠪᠥᠬᠦ ᠬᠤᠲᠠ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠶᠡᠷᠦᠩᠬᠡᠶ᠋ᠢᠯᠡᠭᠰᠡᠨ ᠬᠠᠮᠢᠶᠠᠷᠤᠯᠲᠠ ᠵᠢᠨ ᠬᠢᠨᠠᠯᠲᠠ ᠲᠠᠯᠪᠢᠬᠤ ᠮᠡᠳᠡᠭᠡ ᠵᠠᠩᠭᠢ ᠵᠢᠨ ᠰᠢᠰᠲ᠋ᠧᠮ᠎ᠢ ᠬᠡᠷᠡᠭᠯᠡᠵᠦ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠵᠦᠢ᠍ᠯᠡᠰ᠎ᠲᠤ ᠬᠥᠳᠡᠯᠦᠩᠭᠦᠶ ᠬᠢᠨᠠᠯᠲᠠ ᠬᠠᠮᠢᠶᠠᠷᠤᠯᠲᠠ ᠵᠢ ᠬᠡᠷᠡᠭᠵᠢᠭᠦᠯᠬᠦ ᠬᠡᠷᠡᠭᠲᠡᠶ᠃
      ᠬᠣᠶᠠᠳᠤᠭ᠋ᠠᠷ ᠪᠦᠯᠦᠭ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠵᠣᠬᠢᠴᠠᠭᠤᠯᠬᠤ
      ᠳᠥᠷᠪᠡᠳᠦᠭᠡᠷ ᠵᠦᠢ᠍ᠯ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠵᠣᠬᠢᠴᠠᠭᠤᠯᠬᠤ ᠵᠦᠢ᠍ᠯ᠎ᠳᠤ ᠭᠣᠤᠯᠳᠠᠭᠤ᠄
      (ᠨᠢᠭᠡ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠠᠪᠤᠴᠠ᠎ᠳᠠᠬᠢ ᠲᠦᠭᠡᠮᠡᠯ ᠴᠢᠨᠠᠷ᠎ᠤᠨ ᠴᠢᠬᠤᠯᠠ ᠴᠢᠨᠠᠷ᠎ᠤᠨ ᠠᠰᠠᠭᠤᠳᠠᠯ᠎ᠢ ᠵᠣᠬᠢᠴᠠᠭᠤᠯᠤᠨ᠎ᠠ;
      (ᠬᠤᠶᠠᠷ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠵᠣᠬᠢᠴᠠᠭᠤᠯᠤᠨ ᠵᠣᠯᠭ᠋ᠠᠭᠤᠯᠬᠤ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ ᠬᠤᠭᠤᠷᠣᠨᠳᠣᠬᠢ ᠬᠠᠮᠵᠢᠯᠴᠠᠭ᠎ᠠ ᠬᠠᠮᠵᠢᠯᠴᠠᠭ᠎ᠠ ᠵᠢ ᠠᠬᠢᠭᠤᠯᠤᠨ᠎ᠠ᠃
      (ᠭᠤᠷᠪᠠ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠢ ᠵᠣᠬᠢᠴᠠᠭᠤᠯᠵᠤ ᠪᠠᠶ᠋ᠢᠭ᠋ᠠᠳ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠯᠠᠭ᠎ᠠ ᠵᠢᠨ ᠳᠤᠮᠳᠠ ᠡᠭᠦᠰᠦᠭᠰᠡᠨ ᠮᠠᠷᠭᠤᠯᠳᠤᠭ᠋ᠠᠨ᠃
      (ᠲᠦᠷᠪᠡ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠢ ᠬᠠᠤᠯᠢ ᠲᠣᠭᠲᠠᠭ᠋ᠠᠬᠤ᠂ ᠡᠷᠡᠭᠦᠦ ᠵᠢᠨ ᠬᠠᠤᠯᠢ ᠴᠠᠭ᠋ᠠᠵᠠ᠂ ᠬᠠᠤᠯᠢ ᠲᠦᠭᠡᠮᠡᠯᠵᠢᠭᠦᠯᠬᠦ ᠵᠡᠷᠭᠡ ᠠᠵᠢᠯ᠎ᠲᠠᠢ ᠵᠣᠯᠭ᠋ᠠᠭᠤᠯᠤᠨ ᠬᠠᠮᠵᠢᠯᠴᠠᠬᠤ ᠵᠢ ᠠᠬᠢᠭᠤᠯᠤᠨ᠎ᠠ;
      (ᠲᠠᠪᠤ) ᠬᠠᠤᠯᠢ ᠶᠣᠰᠣᠭ᠋ᠠᠷ ᠵᠣᠬᠢᠴᠠᠭᠤᠯᠬᠤ ᠴᠢᠬᠤᠯᠠ᠎ᠲᠠᠢ ᠪᠤᠰᠤᠳ ᠵᠦᠢ᠍ᠯ᠎ᠤᠳ᠃
      ᠲᠠᠪᠤᠳᠤᠭ᠋ᠠᠷ ᠵᠦᠢ᠍ᠯ ᠬᠤᠲᠠ᠂ ᠬᠤᠰᠢᠭᠤ ᠰᠢᠶᠠᠨ ᠲᠣᠭᠤᠷᠢᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠵᠣᠬᠢᠴᠠᠭᠤᠯᠤᠨ ᠬᠠᠮᠵᠢᠯᠴᠠᠬᠤ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ ᠬᠤᠭᠤᠷᠣᠨᠳᠣᠬᠢ ᠬᠠᠮᠵᠢᠯᠴᠠᠭ᠎ᠠ᠎ᠪᠠᠨ ᠴᠢᠩᠭ᠋ᠠᠳᠬᠠᠨ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠵᠣᠬᠢᠴᠠᠭᠤᠯᠬᠤ ᠠᠵᠢᠯ᠎ᠤᠨ ᠳᠤᠮᠳᠠᠬᠢ ᠬᠤᠯᠪᠣᠭᠳᠠᠯ ᠪᠥᠬᠦᠶ ᠪᠠᠶ᠋ᠢᠳᠠᠯ ᠵᠶ᠋ᠠᠨ ᠲᠣᠭᠲᠠᠮᠠᠯ ᠬᠤᠭᠤᠴᠠᠭ᠎ᠠ᠎ᠲᠠᠢ᠎ᠪᠠᠷ ᠵᠠᠷᠯᠠᠨ ᠮᠡᠳᠡᠭᠳᠡᠵᠦ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠠᠪᠤᠴᠠ᠎ᠳᠠᠬᠢ ᠲᠦᠭᠡᠮᠡᠯ ᠴᠢᠨᠠᠷᠲᠠᠶ ᠴᠢᠬᠤᠯᠠ ᠴᠢᠨᠠᠷᠲᠠᠶ ᠠᠰᠠᠭᠤᠳᠠᠯ᠎ᠢ ᠴᠠᠭ ᠲᠤᠬᠠᠶ᠎ᠳᠤ᠎ᠨᠢ ᠵᠣᠬᠢᠶᠠᠨ ᠪᠠᠶ᠋ᠢᠭᠤᠯᠤᠨ ᠰᠤᠳᠤᠯᠬᠤ ᠪᠠ ᠵᠣᠬᠢᠴᠠᠭᠤᠯᠤᠨ ᠰᠢᠢ᠍ᠳᠪᠦᠷᠢᠯᠡᠬᠦ ᠬᠡᠷᠡᠭᠲᠡᠶ᠃
      ᠵᠢᠷᠭᠤᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ ᠬᠣᠭᠣᠷᠣᠨᠳᠣ᠎ᠪᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠯᠠᠭ᠎ᠠ ᠵᠢᠨ ᠳᠤᠮᠳᠠ ᠮᠠᠷᠭᠤᠭ᠋ᠠᠨ ᠭᠠᠷᠪᠠᠯ᠂ ᠬᠠᠤᠯᠢ ᠶᠣᠰᠣᠭ᠋ᠠᠷ ᠰᠠᠨᠠᠭ᠋ᠠᠴᠢᠯᠠᠭ᠎ᠠ᠎ᠠᠴᠠ᠎ᠪᠠᠨ ᠵᠥᠪᠳᠡᠯᠴᠡᠨ  ᠰᠢᠢ᠍ᠳᠪᠦᠷᠢᠯᠡᠬᠦ ᠬᠡᠷᠡᠭᠲᠡᠶ᠃ ᠵᠥᠪᠳᠡᠯᠴᠡᠭᠡᠳ ᠪᠦᠲᠦᠬᠦ ᠦᠭᠡᠶ ᠪᠣᠯ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠬᠠᠷᠢᠭᠤᠴᠠᠨ ᠵᠣᠬᠢᠴᠠᠭᠤᠯᠤᠨ᠎ᠠ; ᠵᠣᠬᠢᠴᠠᠭᠤᠯᠬᠤ᠎ᠳᠤ ᠰᠠᠨᠠᠯ ᠨᠢᠭᠡᠳᠴᠦ ᠴᠢᠳᠠᠬᠤ ᠦᠭᠡᠶ ᠪᠣᠯ ᠬᠠᠷᠢᠭᠤᠴᠠᠨ ᠵᠣᠬᠢᠴᠠᠭᠤᠯᠤᠭᠰᠠᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠰᠠᠨᠠᠯ ᠵᠶ᠋ᠠᠨ ᠳᠤᠷᠠᠳᠴᠤ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠲᠣᠭᠲᠠᠭ᠋ᠠᠯᠭ᠋ᠠᠨ᠎ᠠ; ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠲᠣᠭᠲᠠᠭ᠋ᠠᠬᠤ ᠡᠷᠬᠡ ᠦᠭᠡᠶ ᠪᠣᠯ᠂ ᠲᠣᠭᠲᠠᠭ᠋ᠠᠬᠤ ᠡᠷᠬᠡ᠎ᠲᠠᠢ ᠪᠠᠶ᠋ᠢᠭᠤᠯᠤᠯᠭ᠎ᠠ᠎ᠳᠤ ᠮᠡᠳᠡᠭᠦᠯᠦᠨ  ᠰᠢᠢ᠍ᠳᠪᠦᠷᠢᠯᠡᠭᠦᠯᠬᠦ ᠬᠡᠷᠡᠭᠲᠡᠶ᠃
      ᠳᠣᠯᠣᠳᠤᠭ᠋ᠠᠷ ᠵᠦᠢ᠍ᠯ ᠬᠤᠲᠠ᠂ ᠬᠤᠰᠢᠭᠤ ᠰᠢᠶᠠᠨ ᠲᠣᠭᠤᠷᠢᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠣᠯᠤᠨ ᠬᠠᠷᠢᠶ᠎ᠠ ᠪᠦᠬᠦᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠳ ᠬᠠᠤᠯᠢ ᠲᠣᠭᠲᠠᠭ᠋ᠠᠬᠤ᠂ ᠬᠢᠨᠠᠨ ᠪᠠᠶ᠋ᠢᠴᠠᠭ᠋ᠠᠬᠤ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠂ ᠪᠠᠶ᠋ᠢᠴᠠᠭ᠋ᠠᠬᠤ ᠪᠠᠶ᠋ᠢᠭᠤᠯᠭ᠎ᠠ᠎ᠯᠤᠭ᠎ᠠ ᠠᠵᠢᠯ ᠵᠶ᠋ᠠᠨ ᠵᠣᠯᠭ᠋ᠠᠭᠤᠯᠬᠤ ᠵᠢ ᠴᠢᠩᠭ᠋ᠠᠳᠬᠠᠵᠤ᠂ ᠠᠰᠠᠭᠤᠳᠠᠯ᠎ᠢ ᠲᠤᠰᠬᠠᠬᠤ᠂ ᠬᠡᠷᠡᠭ᠎ᠢ ᠰᠢᠯᠵᠢᠭᠦᠯᠦᠨ ᠬᠦᠷᠭᠡᠬᠦ᠂ ᠮᠡᠳᠡᠭᠡ ᠵᠠᠩᠭᠢ ᠵᠢ ᠰᠣᠯᠢᠯᠴᠠᠬᠤ ᠵᠡᠷᠭᠡ ᠠᠵᠢᠯ᠎ᠤᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠ ᠬᠠᠮᠢᠶ᠎ᠠ ᠪᠦᠬᠦᠢ ᠠᠵᠢᠯ᠎ᠤᠨ ᠬᠠᠮᠵᠢᠯᠴᠠᠭ᠎ᠠ ᠵᠢ ᠴᠢᠩᠭ᠋ᠠᠳᠬᠠᠬᠤ ᠬᠡᠷᠡᠭᠲᠡᠶ᠃
      ᠭᠤᠷᠪᠠᠳᠣᠭ᠋ᠠᠷ ᠪᠦᠯᠦᠭ ᠵᠠᠰᠠᠭ ᠵᠠᠬᠢᠷᠭ᠋ᠠᠨ᠎ᠤ ᠬᠠᠣᠯᠢ ᠬᠡᠷᠡᠭᠵᠢᠬᠦᠯᠦᠯᠳᠡ᠎ᠳᠤ ᠬᠢᠨᠠᠯᠳᠠ ᠲᠠᠯᠪᠢᠬᠤ
      ᠨᠠᠢ᠍ᠮᠠᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠭᠣᠤᠯ ᠠᠭᠤᠯᠭ᠎ᠠ᠄
      (ᠨᠢᠭᠡ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ ᠬᠤᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠬᠡᠷᠡᠭᠵᠢᠭᠦᠯᠦᠭᠰᠡᠨ ᠪᠠᠶ᠋ᠢᠳᠠᠯ᠎ᠢ ᠪᠠᠶ᠋ᠢᠴᠠᠭ᠋ᠠᠨ᠎ᠠ;
      (ᠬᠤᠶᠠᠷ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠢᠯᠡ ᠨᠡᠶ᠋ᠢᠲᠡᠯᠡᠬᠦ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠦᠬᠦ ᠶᠠᠪᠤᠴᠠ ᠵᠢ ᠲᠡᠮᠳᠡᠭᠯᠡᠬᠦ᠂ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭ᠋ᠠᠯ᠎ᠤᠨ ᠬᠠᠤᠯᠢ ᠳᠦᠷᠢᠮ᠎ᠤᠨ ᠬᠢᠨᠠᠨ ᠬᠠᠷᠭᠤᠭᠤᠯᠬᠤ ᠳᠦᠷᠢᠮ᠎ᠢ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠎ᠳᠤ ᠬᠢᠨᠠᠯᠲᠠ ᠲᠠᠯᠪᠢᠨ᠎ᠠ;
      (ᠭᠤᠷᠪᠠ ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠵᠢᠨ ᠳᠦᠷᠢᠮ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠪᠠᠶ᠋ᠢᠴᠠᠭ᠋ᠠᠨ᠎ᠠ᠂ ᠡᠭᠦᠨ᠎ᠳᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠷᠬᠡ ᠲᠤᠰᠢᠶᠠᠯ᠎ᠤᠨ ᠵᠦᠢ᠍ᠯᠡᠰ (ᠡᠷᠬᠡ ᠬᠠᠷᠢᠭᠤᠴᠠᠯᠭ᠎ᠠ ᠵᠢᠨ ᠨᠠᠷᠢᠨ ᠬᠠᠭᠤᠳᠠᠰᠤ ᠪᠠᠭᠲᠠᠨ᠎ᠠ)  ᠨᠠᠶ᠋ᠢᠷᠠᠭᠤᠯᠤᠨ ᠵᠣᠬᠢᠶᠠᠵᠤ ᠲᠣᠬᠢᠷᠠᠭᠤᠯᠤᠯᠲᠠ ᠬᠢᠬᠦ ᠵᠢ ᠢᠯᠡ ᠪᠣᠯᠭ᠋ᠠᠭᠰᠠᠨ᠂ ᠬᠦᠨᠳᠦ ᠶᠡᠭᠡ ᠵᠠᠰᠠᠭ ᠵᠠᠬᠢᠷᠭ᠋ᠠᠨ᠎ᠤ ᠰᠢᠳᠭᠡᠯ ᠲᠣᠷᠭ᠋ᠠᠭᠤᠯᠢ ᠵᠢ ᠳᠠᠩᠰᠠᠯᠠᠭᠰᠠᠨ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠭᠰᠡᠨ ᠬᠡᠷᠡᠭ᠎ᠤᠨ ᠵᠢᠱ᠌ᠢᠶ᠎ᠡ ᠵᠢᠨ ᠵᠢᠯᠣᠭᠤᠳᠬᠤ ᠳᠦᠷᠢᠮ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠠᠮᠢᠶ᠎ᠠ ᠪᠦᠬᠦᠢ ᠳᠦᠷᠢᠮ᠎ᠢ ᠲᠣᠭᠲᠠᠭ᠋ᠠᠭᠰᠠᠨ ᠵᠢᠴᠢ ᠨᠠᠶ᠋ᠢᠳᠠᠪᠤᠷᠢᠵᠢᠭᠤᠯᠤᠭᠰᠠᠨ ᠵᠡᠷᠭᠡ ᠪᠠᠶ᠋ᠢᠳᠠᠯ;
      (ᠲᠦᠷᠪᠡ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠤᠣᠯ ᠴᠣᠭᠴᠠ ᠵᠢᠨ ᠬᠠᠤᠯᠢ ᠶᠣᠰᠣᠴᠢ ᠴᠢᠨᠠᠷ᠎ᠢ ᠬᠢᠨᠠᠨ ᠪᠠᠶ᠋ᠢᠴᠠᠭ᠋ᠠᠵᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠡᠶᠡᠴᠢ ᠴᠣᠭᠴᠠ ᠵᠢ ᠢᠯᠭ᠋ᠠᠷᠠᠭᠤᠯᠬᠤ ᠪᠠ ᠨᠤᠲᠠᠯᠠᠬᠤ ᠠᠵᠢᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠦᠨ᠎ᠡ;
      (ᠲᠠᠪᠤ ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠬᠢᠨᠠᠨ ᠬᠠᠮᠢᠶᠠᠷᠤᠨ᠎ᠠ ᠃ ᠠᠵᠢᠯᠲᠠᠨ᠎ᠤ ᠬᠢᠷᠢ ᠬᠡᠮ᠎ᠤᠨ ᠭᠡᠷᠡᠴᠢᠯᠡᠯ ᠪᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠨᠡᠮᠯᠡᠯ;
      (ᠵᠢᠷᠭᠤᠭ᠎ᠠ) ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠠᠤᠯᠢ ᠶᠣᠰᠣᠴᠢ ᠴᠢᠨᠠᠷ ᠪᠠ ᠲᠣᠬᠢᠷᠠᠮᠵᠢᠲᠠᠶ ᠴᠢᠨᠠᠷ᠎ᠢ ᠬᠢᠨᠠᠨ ᠪᠠᠶ᠋ᠢᠴᠠᠭ᠋ᠠᠨ᠎ᠠ;
      (ᠳᠤᠯᠤᠭ᠎ᠠ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠵᠤ᠂ ᠵᠢᠯᠣᠭᠤᠳᠴᠤ᠂ ᠣᠷᠣᠯᠴᠠᠵᠤ᠂ ᠵᠠᠰᠠᠭ ᠵᠠᠬᠢᠷᠭ᠋ᠠᠨ᠎ᠤ ᠪᠣᠳᠠᠲᠠᠶ ᠦᠢ᠍ᠯᠡ ᠠᠵᠢᠯᠯᠠᠭ᠎ᠠ ᠵᠢᠨ ᠬᠠᠤᠯᠢ ᠶᠣᠰᠣᠴᠢ ᠴᠢᠨᠠᠷ ᠪᠠ ᠲᠣᠬᠢᠷᠠᠮᠵᠢᠲᠤ ᠴᠢᠨᠠᠷ᠎ᠢ ᠬᠢᠨᠠᠨ ᠪᠠᠶ᠋ᠢᠴᠠᠭ᠋ᠠᠨ᠎ᠠ; ᠬᠠᠤᠯᠢ ᠵᠢ ᠵᠥᠷᠢᠴᠡᠭᠰᠡᠨ᠂ ᠵᠣᠬᠢᠰ ᠦᠭᠡᠶ ᠵᠠᠰᠠᠭ ᠵᠠᠬᠢᠷᠭ᠋ᠠᠨ᠎ᠤ ᠦᠢ᠍ᠯᠡ ᠠᠵᠢᠯᠯᠠᠭ᠎ᠠ ᠵᠢ ᠬᠤᠷᠢᠭᠯᠠᠨ ᠵᠣᠭᠰᠣᠭ᠋ᠠᠬᠤ ᠪᠠ ᠵᠠᠯᠠᠷᠠᠭᠤᠯᠤᠨ᠎ᠠ᠃
      (ᠨᠠᠢ᠍ᠮᠠ) ᠵᠠᠰᠠᠭ ᠵᠠᠬᠢᠷᠭ᠋ᠠᠨ᠎ᠤ ᠬᠠᠦᠯᠢ ᠭᠡᠷᠡᠭᠵᠢᠬᠦᠯᠬᠦ ᠰᠠᠯᠠᠭ᠎ᠠ ᠮᠦᠴᠢᠷ᠎ᠤᠨ ᠵᠠᠰᠠᠭ ᠵᠠᠬᠢᠷᠭ᠋ᠠᠨ᠎ᠤ ᠰᠢᠳᠭᠡᠯ ᠲᠣᠷᠭ᠋ᠠᠭᠤᠯᠢ ᠵᠢᠨ ᠲᠠᠰᠣᠯᠥᠯᠳᠡ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢ ᠲᠣᠬᠢᠷᠡᠭᠤᠯᠥᠨ ᠨᠡᠶ᠋ᠢᠳᠡᠯᠡᠭᠰᠡᠨ ᠪᠠ ᠭᠡᠷᠡᠭᠵᠢᠬᠦᠯᠦᠭᠰᠡᠨ ᠪᠠᠶ᠋ᠢᠳᠡᠯ᠎ᠳᠤ ᠬᠢᠨᠡᠯᠳᠡ ᠳᠡᠯᠪᠢᠬᠤ ᠭᠡᠷᠡᠭᠳᠡᠢ;
      (ᠶᠢᠰᠦ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ ᠪᠠᠭᠲᠠᠭ᠋ᠠᠮᠵᠢᠲᠠᠶ ᠬᠢᠨᠠᠭᠤᠷ ᠪᠣᠯᠭᠤᠮᠵᠢᠲᠠᠶ ᠬᠠᠤᠯᠢ ᠬᠡᠷᠡᠭᠵᠢᠭᠦᠯᠬᠦ ᠠᠵᠢᠯ᠎ᠤᠨ ᠪᠠᠶ᠋ᠢᠳᠠᠯ᠎ᠢ ᠪᠠᠶ᠋ᠢᠴᠠᠭ᠋ᠠᠨ᠎ᠠ᠂ ᠡᠭᠦᠨ᠎ᠳᠤ 《ᠳᠥᠷᠪᠡᠨ ᠨᠠᠷᠢᠨ ᠲᠠᠩᠰᠠ》 ᠲᠤᠬᠠᠶ᠋ᠢᠯᠠᠪᠠᠯ ᠰᠢᠳᠬᠡᠨ ᠲᠣᠷᠭ᠋ᠠᠬᠤ ᠥᠬᠡᠶ᠂ ᠬᠥᠩᠭᠡᠨ ᠵᠶ᠋ᠠᠷ ᠰᠢᠳᠬᠡᠨ ᠲᠣᠷᠭ᠋ᠠᠬᠤ ᠵᠦᠢ᠍ᠯᠡᠰ᠂ ᠬᠥᠩᠭᠡᠨ ᠵᠶ᠋ᠠᠷ ᠰᠢᠳᠬᠡᠨ ᠲᠣᠷᠭ᠋ᠠᠬᠤ ᠵᠦᠢ᠍ᠯᠡᠰ ᠪᠠ ᠵᠠᠰᠠᠭ ᠵᠠᠬᠢᠷᠭ᠋ᠠᠨ᠎ᠤ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠵᠢ ᠬᠡᠷᠡᠭᠵᠢᠭᠦᠯᠬᠦ ᠥᠬᠡᠶ ᠵᠦᠢ᠍ᠯᠡᠰ᠎ᠤᠨ ᠨᠠᠷᠢᠨ ᠲᠠᠩᠰᠠ ᠵᠢ ᠨᠠᠶ᠋ᠢᠷᠠᠭᠤᠯᠤᠨ ᠵᠣᠬᠢᠶᠠᠭᠰᠠᠨ ᠪᠠ ᠨᠡᠶ᠋ᠢᠲᠡᠯᠡᠨ ᠬᠡᠷᠡᠭᠵᠢᠭᠦᠯᠦᠭᠰᠡᠨ ᠪᠠᠶ᠋ᠢᠳᠠᠯ; ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ 《ᠳᠥᠷᠪᠡᠨ ᠨᠠᠷᠢᠨ ᠲᠠᠩᠰᠠ》 ᠵᠢ 《ᠬᠠᠤᠯᠢ᠎ᠪᠠᠷ ᠵᠠᠰᠠᠬᠤ ᠪᠠᠶᠠᠨᠨᠠᠭᠤᠷ᠎ᠤᠨ ᠤᠶᠤᠨᠴᠢᠯᠠᠭᠰᠠᠨ ᠨᠢᠭᠡ ᠴᠣᠭᠴᠠᠵᠢᠭᠰᠠᠨ ᠲᠠᠪᠴᠠᠩ》᠎ᠳᠤ ᠣᠷᠣᠭᠤᠯᠤᠭᠰᠠᠨ ᠪᠠᠶ᠋ᠢᠳᠠᠯ;
      (ᠠᠷᠪᠠ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ 《ᠬᠤᠶᠠᠷ᠎ᠢ ᠲᠣᠬᠢᠶᠠᠯᠳᠤᠯ ᠵᠶ᠋ᠠᠷ ᠬᠢᠬᠦ᠂ ᠨᠢᠭᠡ ᠵᠢ ᠢᠯᠡ ᠪᠣᠯᠭ᠋ᠠᠬᠤ》 ᠬᠢᠨᠠᠯᠲᠠ ᠬᠠᠮᠢᠶᠠᠷᠤᠯᠲᠠ᠂ ᠰᠠᠯᠠᠭ᠎ᠠ ᠮᠥᠴᠢᠷ ᠠᠯᠤᠰᠯᠠᠨ ᠬᠠᠮᠲᠤᠷᠠᠨ ᠬᠠᠤᠯᠢ ᠬᠡᠷᠡᠭᠵᠢᠭᠦᠯᠬᠦ᠂ ᠭᠤᠤᠯᠳᠠᠯᠭ᠎ᠠ᠎ᠲᠠᠢ ᠠᠵᠢᠯ ᠲᠥᠷᠥᠯ ᠪᠠ ᠰᠢᠨ᠎ᠡ᠎ᠪᠠᠷ ᠬᠥᠭᠵᠢᠭᠰᠡᠨ ᠬᠦᠷᠢᠶᠡᠨ᠎ᠳᠤ ᠴᠢᠭᠯᠡᠭᠦᠯᠦᠨ ᠭᠤᠤᠯᠳᠠᠯᠭ᠎ᠠ᠎ᠲᠠᠢ ᠬᠢᠨᠠᠯᠲᠠ ᠬᠠᠮᠢᠶᠠᠷᠤᠯᠲᠠ ᠵᠢᠨ ᠵᠦᠢ᠍ᠯᠡᠰ᠎ᠤᠨ ᠨᠠᠷᠢᠨ ᠬᠠᠭᠤᠳᠠᠰᠤ ᠵᠢ ᠲᠣᠭᠲᠠᠭ᠋ᠠᠭᠰᠠᠨ ᠵᠡᠷᠭᠡ ᠪᠠᠶ᠋ᠢᠳᠠᠯ᠎ᠢ ᠪᠠᠶ᠋ᠢᠴᠠᠭ᠋ᠠᠨ᠎ᠠ; ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠰᠤᠭᠤᠴᠢᠨ ᠪᠠᠶ᠋ᠢᠴᠠᠭ᠋ᠠᠬᠤ ᠵᠦᠢ᠍ᠯᠡᠰ᠎ᠤᠨ ᠨᠠᠷᠢᠨ ᠬᠠᠭᠤᠳᠠᠰᠤ ᠵᠢ 《ᠬᠠᠤᠯᠢ᠎ᠪᠠᠷ ᠵᠠᠰᠠᠬᠤ ᠪᠠᠶᠠᠨᠨᠠᠭᠤᠷ᠎ᠤᠨ ᠤᠶᠤᠨᠴᠢᠯᠠᠭᠰᠠᠨ ᠨᠢᠭᠡ ᠴᠣᠭᠴᠠᠵᠢᠭᠰᠠᠨ ᠲᠠᠪᠴᠠᠩ》᠎ᠳᠤ ᠣᠷᠣᠭᠤᠯᠤᠭᠰᠠᠨ ᠪᠠᠶ᠋ᠢᠳᠠᠯ;
      (ᠠᠷᠪᠠᠨ ᠨᠢᠭᠡ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠨᠠᠶ᠋ᠢᠳᠠᠭᠰᠠᠨ ᠪᠠᠶ᠋ᠢᠳᠠᠯ᠎ᠢ ᠪᠠᠶ᠋ᠢᠴᠠᠭ᠋ᠠᠨ᠎ᠠ᠂ ᠡᠭᠦᠨ᠎ᠳᠤ ᠨᠠᠶ᠋ᠢᠳᠠᠯᠭ᠎ᠠ ᠬᠦᠯᠢᠶᠡᠭᠰᠡᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠂ ᠨᠠᠶ᠋ᠢᠳᠠᠯᠭ᠎ᠠ ᠬᠦᠯᠢᠶᠡᠭᠰᠡᠨ ᠵᠣᠬᠢᠶᠠᠨ ᠪᠠᠶ᠋ᠢᠭᠤᠯᠤᠯᠲᠠ ᠵᠢᠨ ᠨᠠᠶ᠋ᠢᠳᠠᠯᠭ᠎ᠠ ᠵᠢᠨ ᠨᠠᠶ᠋ᠢᠳᠠᠯᠭ᠎ᠠ ᠵᠢᠨ ᠪᠢᠴᠢᠭ ᠵᠢᠴᠢ ᠨᠠᠶ᠋ᠢᠳᠠᠯᠭ᠎ᠠ ᠵᠢᠨ ᠪᠢᠴᠢᠭ᠎ᠲᠤ ᠭᠠᠷ᠎ᠤᠨ ᠦᠰᠦᠭ ᠵᠢᠷᠤᠵᠤ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠳᠠᠩᠰᠠᠯᠠᠭᠤᠯᠵᠤ ᠪᠠᠶ᠋ᠢᠭ᠎ᠠ ᠪᠠᠶ᠋ᠢᠳᠠᠯ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠦᠢ᠍ᠯᠡᠰ᠎ᠤᠨ ᠨᠠᠷᠢᠨ ᠬᠠᠭᠤᠳᠠᠰᠤ ᠵᠢ ᠨᠠᠶ᠋ᠢᠷᠠᠭᠤᠯᠤᠨ ᠵᠣᠬᠢᠶᠠᠭᠰᠠᠨ ᠪᠠ ᠨᠡᠶ᠋ᠢᠲᠡᠯᠡᠭᠰᠡᠨ ᠪᠠᠶ᠋ᠢᠳᠠᠯ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠳᠤ ᠨᠠᠶ᠋ᠢᠳᠠᠵᠤ ᠨᠠᠶ᠋ᠢᠳᠠᠯᠭ᠎ᠠ ᠬᠦᠯᠢᠶᠡᠭᠰᠡᠨ ᠵᠣᠬᠢᠶᠠᠨ ᠪᠠᠶ᠋ᠢᠭᠤᠯᠤᠯᠲᠠ ᠵᠢᠨ ᠬᠢᠨᠠᠯᠲᠠ ᠬᠢᠭᠡᠳ ᠵᠢᠯᠣᠭᠤᠳᠤᠯᠭ᠎ᠠ᠂ ᠲᠣᠭᠲᠠᠭ᠋ᠠᠯ᠎ᠠᠴᠠ ᠵᠥᠷᠢᠴᠡᠨ ᠡᠷᠬᠡ ᠮᠡᠳᠡᠯ᠎ᠠᠴᠠ᠎ᠪᠠᠨ ᠬᠡᠲᠦᠷᠡᠭᠦᠯᠦᠨ ᠨᠠᠶ᠋ᠢᠳᠠᠵᠤ ᠬᠠᠤᠯᠢ ᠬᠡᠷᠡᠭᠵᠢᠭᠦᠯᠬᠦ ᠵᠢ ᠬᠡᠷᠡᠭᠵᠢᠭᠦᠯᠵᠦ ᠪᠠᠶ᠋ᠢᠭ᠎ᠠ ᠵᠡᠷᠭᠡ ᠪᠠᠶ᠋ᠢᠳᠠᠯ;
      (ᠠᠷᠪᠠᠨ ᠬᠣᠶᠠᠷ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠮᠡᠳᠡᠭᠡ ᠵᠠᠩᠭᠢᠵᠢᠯᠲᠠ ᠵᠢᠨ ᠪᠠᠶ᠋ᠢᠭᠤᠯᠤᠯᠲᠠ ᠵᠢᠴᠢ ᠬᠡᠷᠡᠭᠯᠡᠭᠡᠨ᠎ᠤ ᠪᠠᠶ᠋ᠢᠳᠠᠯ᠎ᠢ ᠪᠠᠶ᠋ᠢᠴᠠᠭ᠋ᠠᠵᠤ᠂ ᠡᠭᠦᠨ᠎ᠳᠤ 《ᠬᠠᠤᠯᠢ᠎ᠪᠠᠷ ᠵᠠᠰᠠᠬᠤ ᠪᠠᠶᠠᠨᠨᠠᠭᠤᠷ᠎ᠤᠨ ᠣᠶᠤᠨᠴᠢᠯᠠᠭᠰᠠᠨ ᠨᠢᠭᠡ ᠴᠣᠭᠴᠠᠵᠢᠭᠰᠠᠨ ᠲᠠᠪᠴᠠᠩ》᠎ᠤᠨ ᠬᠡᠷᠡᠭᠯᠡᠯᠲᠡ᠂ ᠬᠠᠤᠯᠢ ᠶᠣᠰᠣᠭ᠋ᠠᠷ ᠢᠯᠡ ᠪᠣᠯᠭ᠋ᠠᠬᠤ ᠶᠣᠰᠣᠲᠠᠶ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠮᠡᠳᠡᠭᠡ ᠵᠠᠩᠭᠢ᠂ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠬᠡᠷᠡᠭ᠎ᠢ ᠣᠷᠣᠭᠤᠯᠬᠤ ᠲᠠᠪᠴᠠᠩ᠎ᠳᠤ ᠴᠤᠭᠯᠠᠭᠤᠯᠤᠨ ᠵᠠᠷᠯᠠᠨ ᠨᠡᠶ᠋ᠢᠲᠡᠯᠡᠭᠰᠡᠨ᠂ ᠰᠢᠯᠵᠢᠮᠡᠯ ᠬᠠᠤᠯᠢ ᠬᠡᠷᠡᠭᠵᠢᠭᠦᠯᠬᠦ ᠦᠵᠦᠭᠦᠷ᠎ᠤᠨ ᠬᠡᠷᠡᠭᠯᠡᠯᠲᠡ ᠵᠡᠷᠭᠡ ᠪᠠᠶ᠋ᠢᠳᠠᠯ ᠪᠠᠭᠲᠠᠨ᠎ᠠ;
      (ᠠᠷᠪᠠᠨ ᠭᠤᠷᠪᠠ) ᠨᠢᠭᠡᠨᠲᠡ ᠡᠷᠬᠡ ᠣᠯᠭᠤᠭᠰᠠᠨ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ ᠪᠠ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠦᠢ᠍ᠯᠡᠰ᠎ᠢ ᠬᠡᠷᠡᠭᠵᠢᠭᠦᠯᠦᠭᠰᠡᠨ ᠪᠠᠶ᠋ᠢᠳᠠᠯ᠎ᠢ ᠪᠠᠶ᠋ᠢᠴᠠᠭ᠋ᠠᠨ᠎ᠠ᠂ ᠡᠭᠦᠨ᠎ᠳᠤ ᠬᠤᠰᠢᠭᠤ ᠰᠢᠶᠠᠨ ᠲᠣᠭᠤᠷᠢᠭ᠎ᠤᠨ ᠬᠠᠮᠢᠶ᠎ᠠ ᠪᠥᠬᠦᠶ ᠲᠤᠬᠠᠶ᠋ᠢᠯᠠᠭᠰᠠᠨ ᠠᠵᠢᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ ᠪᠠ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠢ ᠵᠢᠯᠣᠭᠤᠳᠬᠤ ᠪᠠ ᠬᠢᠨᠠᠯᠲᠠ ᠲᠠᠯᠪᠢᠬᠤ᠂ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ ᠪᠠ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠦᠢ᠍ᠯᠡᠰ᠎ᠤᠨ ᠨᠠᠷᠢᠨ ᠲᠠᠩᠰᠠ ᠵᠢ ᠨᠡᠶ᠋ᠢᠲᠡᠯᠡᠭᠰᠡᠨ ᠵᠢᠴᠢ ᠬᠡᠷᠡᠭᠵᠢᠭᠦᠯᠦᠭᠰᠡᠨ ᠪᠠᠶ᠋ᠢᠳᠠᠯ᠎ᠢ ᠪᠠᠭᠲᠠᠭ᠋ᠠᠨ᠎ᠠ;
      (ᠠᠷᠪᠠᠨ ᠳᠥᠷᠪᠡᠳᠦᠭᠡᠷ) ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠬᠠᠷᠢᠴᠠᠩᠭᠤᠶ ᠬᠥᠮᠦᠨ᠎ᠤ ᠢᠯᠡᠴᠢᠯᠡᠨ ᠮᠡᠳᠡᠭᠦᠯᠬᠦ᠂ ᠵᠡᠭ᠋ᠠᠯᠳᠦᠬᠤ ᠵᠢ ᠬᠦᠯᠢᠶᠡᠨ ᠠᠪᠴᠤ  ᠰᠢᠢ᠍ᠳᠪᠦᠷᠢᠯᠡᠬᠦ;
      (ᠠᠷᠪᠠᠨ ᠲᠠᠪᠤ) ᠬᠠᠤᠯᠢ ᠶᠣᠰᠣᠭ᠋ᠠᠷ ᠭᠦᠢ᠍ᠴᠡᠳᠬᠡᠬᠦ ᠬᠡᠷᠡᠭᠲᠡᠶ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠪᠤᠰᠤᠳ ᠵᠦᠢ᠍ᠯ᠎ᠤᠳ᠃
      ᠶᠢᠰᠦᠳᠦᠭᠡᠷ ᠵᠦᠢ᠍ᠯ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠢᠨ ᠬᠢᠨᠠᠯᠲᠠ ᠲᠠᠯᠪᠢᠯᠲᠠ ᠵᠢᠨ ᠬᠡᠯᠪᠡᠷᠢ ᠮᠠᠶ᠋ᠢᠭ᠎ᠲᠤ ᠭᠣᠤᠯᠳᠠᠭᠤ᠄
      (ᠨᠢᠭᠡ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠭᠰᠡᠨ ᠪᠠᠶ᠋ᠢᠳᠠᠯ᠎ᠤᠨ ᠡᠳᠦᠷ ᠲᠤᠲᠤᠮ᠎ᠤᠨ ᠬᠢᠨᠠᠯᠲᠠ ᠲᠠᠯᠪᠢᠵᠤ ᠪᠠᠶ᠋ᠢᠴᠠᠭ᠋ᠠᠨ᠎ᠠ;
      (ᠬᠤᠶᠠᠷ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠭᠰᠡᠨ ᠬᠡᠷᠡᠭ᠎ᠤᠨ ᠡᠪᠬᠡᠮᠡᠯ᠎ᠢ ᠦᠨᠡᠯᠡᠨ ᠪᠠᠶ᠋ᠢᠴᠠᠭ᠋ᠠᠬᠤ;
      (ᠭᠤᠷᠪᠠ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠦᠨᠡᠯᠡᠨ ᠶᠠᠷᠢᠯᠴᠠᠬᠤ;
      (ᠲᠦᠷᠪᠡ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ᠎ᠳᠤ ᠲᠤᠰᠬᠠᠢ ᠵᠦᠢ᠍ᠯ᠎ᠤᠨ ᠬᠢᠨᠠᠯᠲᠠ ᠲᠠᠯᠪᠢᠬᠤ;
      (ᠲᠠᠪᠤ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠣᠨᠴᠠᠭ᠋ᠠᠢ ᠬᠡᠷᠡᠭ᠎ᠲᠤ ᠬᠢᠨᠠᠯᠲᠠ ᠲᠠᠯᠪᠢᠬᠤ;
      (ᠵᠢᠷᠭᠤᠭ᠎ᠠ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠬᠢᠨᠠᠯᠲᠠ ᠲᠠᠯᠪᠢᠬᠤ ᠠᠷᠭ᠎ᠠ ᠬᠡᠯᠪᠡᠷᠢ᠃
      ᠠᠷᠪᠠᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠢᠨ ᠬᠢᠨᠠᠯᠲᠠ ᠲᠠᠯᠪᠢᠬᠤ ᠪᠠᠶ᠋ᠢᠭᠤᠯᠤᠮᠵᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠢᠨ ᠬᠢᠨᠠᠯᠲᠠ ᠲᠠᠯᠪᠢᠬᠤ ᠵᠢ ᠬᠡᠷᠡᠭᠵᠢᠭᠦᠯᠬᠦ  ᠦᠶ᠎ᠡ᠎ᠳᠤ᠂ ᠳᠣᠤᠷᠠᠬᠢ ᠮᠡᠲᠦ ᠠᠷᠭ᠎ᠠ ᠮᠠᠶᠢᠭ᠎ᠢ ᠠᠪᠴᠤ ᠪᠠᠶ᠋ᠢᠴᠠᠭ᠋ᠠᠨ ᠭᠡᠷᠡᠴᠢ ᠣᠯᠵᠤ ᠪᠣᠯᠤᠨ᠎ᠠ᠄
      (ᠨᠢᠭᠡ) ᠬᠢᠨᠠᠯᠲᠠ ᠲᠠᠯᠪᠢᠭᠳᠠᠭᠰᠠᠨ ᠨᠢᠭᠡᠴᠡ ᠵᠢ ᠬᠤᠯᠪᠣᠭᠳᠠᠯ ᠪᠦᠬᠦᠢ ᠬᠠᠤᠯᠢ ᠬᠡᠷᠡᠭᠵᠢᠭᠦᠯᠦᠭᠰᠡᠨ ᠪᠠᠶ᠋ᠢᠳᠠᠯ ᠵᠶ᠋ᠠᠨ ᠮᠡᠳᠡᠭᠦᠯᠬᠦ᠎ᠪᠠᠷ ᠱᠠᠭ᠋ᠠᠷᠳᠠᠨ᠎ᠠ;
      (ᠬᠤᠶᠠᠷ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠂ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠬᠠᠷᠢᠴᠠᠩᠭᠤᠶ ᠬᠥᠮᠦᠨ ᠪᠠ ᠪᠤᠰᠤᠳ ᠬᠠᠮᠢᠶ᠎ᠠ ᠪᠦᠬᠦᠢ ᠬᠥᠮᠦᠰ᠎ᠢ ᠯᠠᠪᠯᠠᠨ ᠠᠰᠠᠭᠤᠬᠤ;
      (ᠭᠤᠷᠪᠠ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠭᠰᠡᠨ ᠬᠡᠷᠡᠭ᠎ᠤᠨ ᠡᠪᠬᠡᠮᠡᠯ᠂ ᠦᠵᠡᠵᠦ ᠰᠣᠨᠣᠰᠬᠤ ᠮᠠᠲ᠋ᠧᠷᠢᠶᠠᠯ᠂  ᠡᠯᠧᠺᠲᠷᠣᠨ ᠲᠤᠭ᠎ᠠ ᠪᠠᠷᠢᠮᠲᠠ ᠵᠢᠴᠢ ᠪᠤᠰᠤᠳ ᠬᠤᠯᠪᠣᠭᠳᠠᠯ ᠪᠥᠬᠦᠶ ᠮᠠᠲ᠋ᠧᠷᠢᠶᠠᠯ᠎ᠢ ᠰᠢᠯᠵᠢᠭᠦᠯᠦᠨ ᠦᠵᠡᠬᠦ ᠬᠡᠷᠡᠭᠲᠡᠢ᠃
      (ᠲᠦᠷᠪᠡ) ᠴᠢᠬᠤᠯᠠ ᠪᠦᠬᠦᠢ ᠳᠠᠭᠤ ᠰᠢᠩᠭᠡᠭᠡᠯᠲᠡ᠂ ᠳᠦᠷᠰᠦ ᠰᠢᠩᠭᠡᠭᠡᠯᠲᠡ ᠵᠡᠷᠭᠡ ᠠᠷᠭ᠎ᠠ ᠮᠠᠶᠢᠭ ᠵᠶ᠋ᠠᠷ ᠭᠡᠷᠡᠴᠢ ᠪᠠᠷᠢᠮᠲᠠ ᠵᠢ ᠴᠤᠭᠯᠠᠭᠤᠯᠵᠤ᠂ ᠪᠦᠲᠦᠨ ᠪᠠᠶ᠋ᠢᠯᠭ᠋ᠠᠨ᠎ᠠ;
      (ᠲᠠᠪᠤ) ᠬᠠᠤᠯᠢ᠎ᠳᠤ ᠳᠣᠭᠲᠠᠭ᠋ᠠᠭᠰᠠᠨ ᠨᠦᠬᠦᠴᠡᠯ᠎ᠳᠤ ᠨᠡᠶ᠋ᠢᠴᠡᠭᠰᠡᠨ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ᠎ᠳᠤ ᠨᠠᠶ᠋ᠢᠳᠠᠵᠤ ᠰᠢᠯᠭ᠋ᠠᠨ ᠳᠣᠭᠲᠠᠭ᠋ᠠᠬᠤ᠂ ᠦᠨᠡᠯᠡᠨ ᠵᠢᠱ᠌ᠢᠬᠦ᠂ ᠪᠠᠶ᠋ᠢᠴᠠᠭ᠋ᠠᠨ ᠰᠢᠯᠭ᠋ᠠᠬᠤ᠂ ᠬᠠᠶ᠋ᠢᠨ ᠰᠢᠯᠭ᠋ᠠᠬᠤ
      (ᠵᠢᠷᠭᠤᠭ᠎ᠠ) ᠭᠡᠷᠡᠴᠢᠯᠡᠭᠡ ᠰᠣᠨᠣᠰᠬᠤ ᠬᠤᠷᠠᠯ᠂ ᠲᠤᠰᠬᠠᠶ ᠮᠡᠷᠭᠡᠵᠢᠯᠲᠡᠨ᠎ᠤ ᠨᠤᠲᠠᠯᠠᠯᠲᠠ ᠵᠢᠨ ᠬᠤᠷᠠᠯ᠎ᠢ ᠵᠣᠬᠢᠶᠠᠨ ᠪᠠᠶ᠋ᠢᠭᠤᠯᠵᠤ ᠬᠤᠷᠠᠯᠳᠤᠭᠤᠯᠤᠨ᠎ᠠ;
      (ᠳᠤᠯᠤᠭ᠎ᠠ) ᠬᠠᠤᠯᠢ ᠶᠣᠰᠣᠭ᠋ᠠᠷ ᠠᠪᠴᠤ ᠪᠣᠯᠬᠤ ᠪᠤᠰᠤᠳ ᠬᠢᠨᠠᠯᠲᠠ ᠲᠠᠯᠪᠢᠬᠤ ᠠᠷᠭ᠎ᠠ ᠬᠡᠮᠵᠢᠶ᠎ᠡ᠃
      ᠬᠢᠨᠠᠯᠲᠠ ᠲᠠᠯᠪᠢᠭᠳᠠᠭᠰᠠᠨ ᠨᠢᠭᠡᠴᠡ ᠵᠢᠴᠢ ᠠᠵᠢᠯᠲᠠᠳ ᠪᠠᠶ᠋ᠢᠴᠠᠭ᠋ᠠᠯᠲᠠ ᠬᠢᠬᠦ᠎ᠳᠤ ᠬᠠᠮᠵᠢᠯᠴᠠᠨ᠂ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠬᠦᠯᠢᠶᠡᠵᠦ᠂ ᠪᠠᠶ᠋ᠢᠳᠠᠯ ᠵᠶ᠋ᠠᠨ ᠦᠨᠡᠨ ᠪᠣᠳᠠᠲᠠᠶ᠎ᠪᠠᠷ ᠲᠤᠰᠬᠠᠵᠤ᠂ ᠲᠡᠪᠴᠢᠬᠦ᠂ ᠬᠠᠷᠰᠢᠯᠠᠵᠤ ᠪᠣᠯᠬᠤ ᠦᠭᠡᠶ᠃
      ᠠᠷᠪᠠᠨ ᠨᠢᠭᠡᠳᠦᠭᠡᠷ ᠵᠦᠢ᠍ᠯ ᠬᠤᠲᠠ᠂ ᠬᠤᠰᠢᠭᠤ ᠰᠢᠶᠠᠨ ᠲᠣᠭᠤᠷᠢᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠲᠤᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠭᠰᠡᠨ ᠪᠠᠶ᠋ᠢᠳᠠᠯ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠵᠣᠬᠢᠶᠠᠨ ᠪᠠᠶ᠋ᠢᠭᠤᠯᠵᠤ᠂ ᠬᠠᠤᠯᠢ᠎ᠠᠴᠠ ᠵᠥᠷᠢᠴᠡᠭᠰᠡᠨ ᠪᠤᠶᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠭᠰᠡᠨ ᠵᠤᠬᠢᠰ ᠦᠭᠡᠢ ᠦᠢ᠍ᠯᠡ ᠠᠵᠢᠯᠯᠠᠭ᠎ᠠ ᠵᠢ ᠴᠠᠭ ᠲᠤᠬᠠᠶ᠎ᠳᠤ᠎ᠨᠢ ᠵᠠᠯᠠᠷᠠᠭᠤᠯᠵᠤ᠂ ᠪᠠᠶ᠋ᠢᠴᠠᠭ᠋ᠠᠬᠤ ᠶᠠᠪᠤᠴᠠ᠎ᠳᠤ ᠣᠯᠵᠤ ᠮᠡᠳᠡᠭᠰᠡᠨ ᠴᠢᠬᠤᠯᠠ ᠶᠡᠭᠡ ᠠᠰᠠᠭᠤᠳᠠᠯ᠎ᠢ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠠ ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠶ᠃
      ᠬᠣᠲᠠ᠂ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠬᠠᠷᠢᠶ᠎ᠠ ᠪᠦᠬᠦᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠨᠢ ᠲᠤᠰ ᠰᠠᠯᠠᠭ᠎ᠠ ᠮᠥᠴᠢᠷ ᠵᠢᠴᠢ ᠳᠣᠤᠷᠠᠳᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠷᠢᠶ᠎ᠠ ᠪᠦᠬᠦᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠭᠰᠡᠨ ᠪᠠᠶ᠋ᠢᠳᠠᠯ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠬᠢᠨᠠᠯᠲᠠ ᠲᠠᠯᠪᠢᠨ ᠪᠠᠶ᠋ᠢᠴᠠᠭ᠋ᠠᠯᠲᠠ ᠬᠢᠵᠦ᠂ ᠬᠠᠤᠯᠢ᠎ᠠᠴᠠ ᠵᠥᠷᠢᠴᠡᠭᠰᠡᠨ ᠪᠤᠶᠤ ᠵᠣᠬᠢᠰ ᠦᠭᠡᠶ ᠵᠠᠰᠠᠭ ᠵᠠᠬᠢᠷᠭ᠋ᠠᠨ᠎ᠤ ᠦᠢ᠍ᠯᠡ ᠠᠵᠢᠯᠯᠠᠭ᠎ᠠ ᠵᠢ ᠴᠠᠭ ᠲᠤᠬᠠᠶ᠎ᠳᠤᠨᠢ ᠵᠠᠯᠠᠷᠠᠭᠤᠯᠵᠤ᠂ ᠪᠠᠶ᠋ᠢᠴᠠᠭ᠋ᠠᠯᠲᠠ ᠵᠢᠨ ᠳᠤᠮᠳᠠ ᠣᠯᠵᠤ ᠮᠡᠳᠡᠭᠰᠡᠨ ᠴᠢᠬᠤᠯᠠ ᠶᠡᠬᠡ ᠠᠰᠠᠭᠤᠳᠠᠯ᠎ᠢ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠣᠯᠤᠨ ᠳᠡᠭᠡᠷ᠎ᠡ ᠨᠢᠭᠡ ᠱᠠᠲᠤᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠶ᠃
      ᠬᠠᠤᠯᠢ ᠬᠡᠷᠡᠭᠵᠢᠭᠦᠯᠵᠦ ᠪᠠᠶ᠋ᠢᠭ᠎ᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠲᠤ ᠨᠠᠶ᠋ᠢᠳᠠᠵᠤ᠂ ᠬᠠᠤᠯᠢ ᠬᠡᠷᠡᠭᠵᠢᠭᠦᠯᠬᠦ ᠪᠠᠶ᠋ᠢᠭᠤᠯᠤᠮᠵᠢ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠬᠢᠨᠠᠯᠲᠠ ᠲᠠᠯᠪᠢᠨ ᠪᠠᠶ᠋ᠢᠴᠠᠭ᠋ᠠᠯᠲᠠ ᠬᠢᠵᠦ᠂ ᠨᠠᠶ᠋ᠢᠳᠠᠭᠰᠠᠨ ᠬᠠᠤᠯᠢ ᠬᠡᠷᠡᠭᠵᠢᠭᠦᠯᠬᠦ ᠪᠠᠶ᠋ᠢᠭᠤᠯᠤᠮᠵᠢ ᠵᠢᠨ ᠬᠠᠤᠯᠢ᠎ᠠᠴᠠ ᠵᠥᠷᠢᠴᠡᠭᠰᠡᠨ ᠪᠤᠶᠤ ᠵᠦᠢ ᠵᠣᠬᠢᠰ ᠦᠭᠡᠶ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠵᠦ ᠪᠠᠶ᠋ᠢᠭ᠎ᠠ ᠦᠢ᠍ᠯᠡ ᠠᠵᠢᠯᠯᠠᠭ᠎ᠠ ᠵᠢ ᠴᠠᠭ ᠲᠤᠬᠠᠶ᠎ᠳᠤᠨᠢ ᠵᠠᠯᠠᠷᠠᠭᠤᠯᠬᠤ ᠬᠡᠷᠡᠭᠲᠡᠶ᠃
      ᠠᠷᠪᠠᠨ ᠬᠤᠶᠠᠳᠤᠭ᠋ᠠᠷ ᠵᠦᠢ᠍ᠯ ᠬᠤᠲᠠ᠂ ᠬᠤᠰᠢᠭᠤ ᠰᠢᠶᠠᠨ ᠲᠣᠭᠤᠷᠢᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠭᠰᠡᠨ ᠬᠡᠷᠡᠭ᠎ᠤᠨ ᠡᠪᠬᠡᠮᠡᠯ᠎ᠢ ᠦᠨᠡᠯᠡᠨ ᠪᠠᠶ᠋ᠢᠴᠠᠭ᠋ᠠᠬᠤ ᠲᠦᠷᠢᠮ᠎ᠢ ᠨᠠᠶ᠋ᠢᠳᠠᠪᠤᠷᠢᠵᠢᠭᠤᠯᠵᠤ᠂ ᠳᠡᠭᠡᠳᠦ ᠱᠠᠲᠤᠨ᠎ᠠᠴᠠ ᠳᠣᠤᠷᠠᠳᠤ ᠱᠠᠲᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠭᠰᠡᠨ ᠬᠡᠷᠡᠭ᠎ᠤᠨ ᠡᠪᠬᠡᠮᠡᠯ᠎ᠢ ᠨᠢᠭᠡ ᠵᠢᠯ᠎ᠳᠤ ᠨᠢᠭᠡ ᠦᠨᠡᠯᠡᠨ ᠪᠠᠶ᠋ᠢᠴᠠᠭ᠋ᠠᠬᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠥᠪᠡᠰᠦᠪᠡᠨ ᠪᠠᠶ᠋ᠢᠴᠠᠭ᠋ᠠᠬᠤ ᠵᠢ ᠪᠠᠶ᠋ᠢᠩᠭᠤᠵᠢᠭᠤᠯᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠵᠦ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠭᠰᠡᠨ ᠬᠡᠷᠡᠭ᠎ᠤᠨ ᠡᠪᠬᠡᠮᠡᠯ᠎ᠢ ᠦᠨᠡᠯᠡᠨ ᠪᠠᠶ᠋ᠢᠴᠠᠭ᠋ᠠᠭᠰᠠᠨ ᠦᠷ᠎ᠡ ᠳ᠋ᠦᠩ᠎ᠢ ᠣᠨ᠎ᠤ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠦᠨᠡᠯᠡᠨ ᠶᠠᠷᠢᠯᠴᠠᠵᠤ ᠰᠢᠯᠭ᠋ᠠᠨ ᠬᠢᠨᠠᠬᠤ ᠬᠡᠪᠴᠢᠶᠡᠨ᠎ᠳᠤ ᠣᠷᠣᠭᠤᠯᠬᠤ ᠬᠡᠷᠡᠭᠲᠡᠶ᠃
      ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠪᠤᠶᠤ ᠵᠠᠰᠠᠭ ᠵᠠᠬᠢᠷᠭ᠋ᠠᠨ᠎ᠤ ᠵᠠᠷᠭᠤ ᠵᠢᠨ ᠪᠤᠷᠤᠭᠤ ᠵᠢ ᠵᠠᠯᠠᠷᠠᠭᠤᠯᠤᠭᠰᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠭᠰᠡᠨ ᠳᠠᠩᠰᠠ ᠡᠪᠬᠡᠮᠡᠯ᠎ᠢ ᠦᠨᠡᠯᠡᠨ ᠪᠠᠶ᠋ᠢᠴᠠᠭ᠋ᠠᠬᠤ ᠬᠡᠪᠴᠢᠶᠡᠨ᠎ᠳᠤ ᠣᠷᠣᠭᠤᠯᠵᠤ᠂ ᠬᠠᠤᠯᠢ᠎ᠠᠴᠠ ᠵᠥᠷᠢᠴᠡᠭᠰᠡᠨ ᠪᠠ ᠵᠦᠢ ᠵᠣᠬᠢᠰ ᠦᠭᠡᠶ ᠵᠠᠰᠠᠭ ᠵᠠᠬᠢᠷᠭ᠋ᠠᠨ᠎ᠤ ᠦᠢ᠍ᠯᠡ ᠠᠵᠢᠯᠯᠠᠭ᠎ᠠ ᠵᠢ ᠵᠠᠯᠠᠷᠠᠭᠤᠯᠬᠤ ᠡᠷᠴᠢᠮ ᠵᠶ᠋ᠠᠨ ᠨᠡᠮᠡᠭᠳᠡᠭᠦᠯᠬᠦ ᠬᠡᠷᠡᠭᠲᠡᠶ᠃
      ᠠᠵᠤ ᠠᠬᠤᠶ᠋ᠢᠯᠠᠯ᠎ᠳᠤ ᠬᠤᠯᠪᠣᠭᠳᠠᠭᠰᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠭᠰᠡᠨ ᠳᠠᠩᠰᠠ ᠡᠪᠬᠡᠮᠡᠯ᠎ᠢ ᠦᠨᠡᠯᠡᠨ ᠪᠠᠶ᠋ᠢᠴᠠᠭ᠋ᠠᠬᠤ ᠵᠢ ᠭᠤᠣᠯᠳᠠᠯᠭ᠎ᠠ᠎ᠲᠠᠢ ᠴᠢᠩᠭ᠋ᠠᠳᠬᠠᠵᠤ᠂ ᠠᠵᠤ ᠠᠬᠤᠶ᠋ᠢᠯᠠᠯ᠎ᠳᠤ ᠬᠤᠯᠪᠣᠭᠳᠠᠭᠰᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠢ᠍ᠯᠡ ᠠᠵᠢᠯᠯᠠᠭ᠎ᠠ ᠵᠢ ᠵᠢᠷᠤᠮᠵᠢᠭᠤᠯᠤᠨ᠎ᠠ᠃
      ᠠᠷᠪᠠᠨ ᠭᠤᠷᠪᠠᠳᠤᠭ᠋ᠠᠷ ᠵᠦᠢ᠍ᠯ ᠬᠣᠲᠠ᠂ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠲᠤᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ᠎ᠳᠠᠬᠢ ᠬᠠᠷᠢᠭᠤᠴᠠᠯᠭ᠎ᠠ ᠵᠢᠨ ᠳᠦᠷᠢᠮ᠎ᠤᠨ ᠠᠵᠢᠯ᠎ᠢ ᠤᠳᠤᠷᠢᠳᠤᠨ᠎ᠠ᠃
      ᠬᠣᠲᠠ᠂ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ᠎ᠳᠠᠬᠢ ᠬᠠᠷᠢᠭᠤᠴᠠᠯᠭ᠎ᠠ ᠵᠢᠨ ᠳᠦᠷᠢᠮ᠎ᠢ ᠨᠠᠶ᠋ᠢᠳᠠᠪᠤᠷᠢᠵᠢᠭᠤᠯᠬᠤ ᠪᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ᠎ᠳᠠᠬᠢ ᠦᠨᠡᠯᠡᠨ ᠶᠠᠷᠢᠯᠴᠠᠵᠤ ᠬᠢᠨᠠᠨ ᠰᠢᠯᠭ᠋ᠠᠬᠤ ᠠᠵᠢᠯ᠎ᠤᠨ ᠬᠡᠷᠡᠭᠵᠢᠭᠦᠯᠦᠯᠲᠡ ᠵᠢ ᠵᠢᠯᠣᠭᠣᠳᠬᠤ ᠪᠠ ᠬᠢᠨᠠᠯᠲᠠ ᠲᠠᠯᠪᠢᠬᠤ ᠵᠢ ᠬᠠᠷᠢᠭᠤᠴᠠᠬᠤ ᠬᠡᠷᠡᠭᠲᠡᠶ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠦᠨᠡᠯᠡᠨ ᠶᠠᠷᠢᠯᠴᠠᠵᠤ ᠬᠢᠨᠠᠨ ᠰᠢᠯᠭ᠋ᠠᠬᠤ ᠵᠢ ᠢᠯᠡ᠂ ᠡᠷᠬᠡ ᠲᠡᠭᠰᠢ᠂ ᠲᠥᠪ ᠭᠣᠤᠯᠴᠢ᠎ᠪᠠᠷ ᠬᠢᠬᠦ ᠵᠢᠨ ᠬᠠᠮᠲᠤ᠂ ᠣᠯᠠᠨ ᠨᠡᠶ᠋ᠢᠲᠡ ᠵᠢᠨ ᠰᠠᠨᠠᠯ᠎ᠢ ᠰᠣᠨᠣᠰᠬᠤ ᠬᠡᠷᠡᠭᠲᠡᠶ᠃ ᠦᠨᠡᠯᠡᠨ ᠶᠠᠷᠢᠯᠴᠠᠵᠤ ᠬᠢᠨᠠᠨ ᠰᠢᠯᠭ᠋ᠠᠬᠤ ᠵᠢ ᠠᠳᠠᠯᠢ ᠱᠠᠲᠤᠨ᠎ᠤ ᠵᠠᠰᠠᠭ᠎ᠤᠨ ᠣᠷᠳᠣᠨ᠎ᠤ ᠬᠢᠨᠠᠨ ᠰᠢᠯᠭ᠋ᠠᠬᠤ ᠭᠦᠢ᠍ᠴᠡᠳᠬᠡᠬᠦ ᠲᠣᠭ᠎ᠠ ᠵᠢᠨ ᠰᠢᠰᠲ᠋ᠧᠮᠵᠢ᠎ᠳᠤ ᠣᠷᠣᠭᠤᠯᠬᠤ ᠬᠡᠷᠡᠭᠲᠡᠶ᠃ ᠦᠨᠡᠯᠡᠨ ᠶᠠᠷᠢᠯᠴᠠᠵᠤ ᠬᠢᠨᠠᠨ ᠰᠢᠯᠭ᠋ᠠᠭᠰᠠᠨ ᠦᠷ᠎ᠡ ᠳ᠋ᠦᠩ ᠵᠶ᠋ᠠᠨ ᠨᠡᠶ᠋ᠢᠭᠡᠮ᠎ᠳᠤ ᠨᠡᠶ᠋ᠢᠲᠡᠯᠡᠬᠦ ᠬᠡᠷᠡᠭᠲᠡᠶ᠃
      ᠠᠷᠪᠠᠨ ᠳᠥᠷᠪᠡᠳᠦᠭᠡᠷ ᠵᠦᠢ᠍ᠯ ᠬᠣᠲᠠ᠂ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠢᠳᠡᠭᠡᠨ ᠪᠠ ᠡᠮ᠎ᠤᠨ ᠵᠦᠢ᠍ᠯ᠂ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠂ ᠪᠠᠶ᠋ᠢᠭ᠋ᠠᠯᠢ ᠵᠢᠨ ᠡᠬᠢ ᠪᠠᠶᠠᠯᠢᠭ᠂ ᠠᠮᠢ ᠠᠬᠤᠶ ᠵᠢᠨ ᠣᠷᠴᠢᠨ ᠲᠣᠭᠣᠷᠢᠨ᠂ ᠠᠶᠤᠯ ᠦᠭᠡᠶ ᠦᠢ᠍ᠯᠡᠳᠪᠦᠷᠢᠯᠡᠯ᠂ ᠬᠥᠳᠡᠯᠮᠦᠷᠢ ᠪᠠᠲᠤᠯᠠᠭ᠎ᠠ᠂ ᠬᠣᠲᠠ ᠵᠢᠨ ᠬᠠᠮᠢᠶᠠᠷᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡᠨ᠂ ᠬᠥᠮᠦᠵᠢᠯ ᠪᠣᠯᠪᠠᠰᠤᠷᠠᠭᠤᠯᠤᠯ ᠵᠡᠷᠭᠡ ᠣᠯᠠᠨ ᠲᠦᠮᠡᠨ᠎ᠤ ᠲᠤᠰ ᠪᠡᠶ᠎ᠡ ᠵᠢᠨ ᠠᠰᠢᠭ ᠲᠤᠰᠠ᠎ᠳᠤ ᠬᠣᠯᠪᠣᠭᠳᠠᠬᠤ ᠭᠣᠤᠯᠳᠠᠯᠭ᠎ᠠ᠎ᠲᠠᠢ ᠬᠦᠷᠢᠶᠡᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠎ᠤᠨ ᠲᠣᠭᠣᠷᠢᠨ᠎ᠳᠤ ᠲᠤᠰᠬᠠᠶ ᠵᠦᠢ᠍ᠯ᠎ᠤᠨ ᠬᠢᠨᠠᠯᠲᠠ ᠲᠠᠯᠪᠢᠬᠤ ᠬᠡᠷᠡᠭᠲᠡᠶ᠃
      ᠠᠷᠪᠠᠨ ᠲᠠᠪᠤᠳᠤᠭ᠋ᠠᠷ ᠵᠦᠢ᠍ᠯ ᠬᠤᠲᠠ᠂ ᠬᠤᠰᠢᠭᠤ ᠰᠢᠶᠠᠨ ᠲᠣᠭᠤᠷᠢᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠣᠯᠠᠨ ᠲᠦᠮᠡᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠠᠵᠢᠯ᠎ᠳᠤ ᠣᠷᠣᠯᠴᠠᠬᠤ ᠠᠷᠭ᠎ᠠ ᠵᠠᠮ ᠪᠠ ᠠᠷᠭ᠎ᠠ ᠵᠠᠮ᠎ᠢ ᠰᠠᠭ᠋ᠠᠳ ᠦᠭᠡᠢ ᠨᠡᠪᠲᠡᠷᠡᠭᠦᠯᠵᠦ᠂ ᠵᠠᠭ᠋ᠠᠯᠳᠤᠬᠤ ᠪᠠ ᠢᠯᠡᠴᠢᠯᠡᠨ ᠮᠡᠳᠡᠭᠦᠯᠬᠦ ᠵᠢ ᠰᠢᠢ᠍ᠳᠪᠦᠷᠢᠯᠡᠬᠦ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠶ᠃
      ᠪᠥᠬᠦ ᠬᠤᠲᠠ ᠵᠢᠨ ᠡᠯ᠎ᠡ ᠱᠠᠲᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠳ ᠡᠯ᠎ᠡ ᠭᠠᠵᠠᠷ᠎ᠤᠨ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠪᠤᠶᠤ ᠲᠣᠰ ᠰᠠᠯᠠᠭ᠎ᠠ ᠮᠥᠴᠢᠷ᠎ᠤᠨ ᠠᠯᠪᠠᠨ᠎ᠤ ᠰᠦᠯᠵᠢᠶᠡᠨ ᠳᠡᠭᠡᠷ᠎ᠡ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠠᠭ᠋ᠠᠯᠳᠤᠯᠭ᠎ᠠ ᠵᠢᠨ ᠤᠲᠠᠰᠤ᠂  ᠡᠯᠧᠺᠲᠷᠣᠨ ᠰᠢᠤᠳᠠᠨ᠎ᠤ ᠬᠠᠶ᠋ᠢᠷᠴᠠᠭ᠎ᠢ ᠢᠯᠡ ᠪᠣᠯᠭ᠋ᠠᠵᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠠᠭ᠋ᠠᠯᠳᠤᠯᠭ᠎ᠠ ᠵᠢ ᠴᠠᠭ ᠲᠤᠬᠠᠶ᠎ᠳᠤᠨᠢ ᠰᠢᠢ᠍ᠳᠪᠦᠷᠢᠯᠡᠬᠦ ᠬᠡᠷᠡᠭᠲᠡᠶ᠃
      ᠠᠷᠪᠠᠨ ᠵᠢᠷᠭᠤᠳᠤᠭ᠋ᠠᠷ ᠵᠦᠢ᠍ᠯ ᠬᠤᠲᠠ᠂ ᠬᠤᠰᠢᠭᠤ ᠰᠢᠶᠠᠨ ᠲᠣᠭᠤᠷᠢᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠲᠤᠬᠠᠶ ᠵᠢᠨ ᠲᠠᠯᠠᠪᠤᠷ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠠᠵᠢᠯᠯᠠᠭ᠎ᠠ ᠵᠢ ᠬᠡᠷᠡᠭᠵᠢᠭᠦᠯᠬᠦ᠎ᠳᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠬᠢᠨᠠᠯᠲᠠ ᠲᠠᠯᠪᠢᠬᠤ ᠠᠵᠢᠯᠲᠠᠨ ᠬᠤᠶᠠᠷ᠎ᠠᠴᠠ ᠳᠤᠲᠠᠭᠤ ᠪᠠᠶ᠋ᠢᠵᠤ ᠪᠣᠯᠬᠤ ᠦᠭᠡᠶ ᠪᠥᠭᠡᠳ ᠬᠠᠤᠯᠢ ᠬᠡᠷᠡᠭᠵᠢᠭᠦᠯᠦᠯᠲᠡ ᠵᠢᠨ ᠬᠢᠨᠠᠯᠲᠠ ᠲᠠᠯᠪᠢᠬᠤ ᠬᠦᠴᠦᠨ ᠪᠦᠬᠦᠢ ᠦᠨᠡᠮᠯᠡᠯ ᠵᠶ᠋ᠠᠨ ᠭᠠᠷᠭ᠋ᠠᠵᠤ ᠦᠵᠡᠭᠦᠯᠬᠦ ᠬᠡᠷᠡᠭᠲᠡᠶ᠃
      ᠠᠷᠪᠠᠨ ᠳᠣᠯᠣᠳᠤᠭ᠋ᠠᠷ ᠵᠦᠢ᠍ᠯ ᠬᠤᠲᠠ᠂ ᠬᠤᠰᠢᠭᠤ ᠰᠢᠶᠠᠨ ᠲᠣᠭᠤᠷᠢᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠣᠨᠴᠠ ᠤᠷᠢᠭᠰᠠᠨ ᠬᠢᠨᠠᠯᠲᠠ ᠲᠠᠯᠪᠢᠭᠴᠢ ᠵᠢ ᠤᠷᠢᠵᠤ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠬᠢᠨᠠᠨ ᠣᠯᠭᠤᠭᠰᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠣᠨᠴᠠ ᠤᠷᠢᠭᠰᠠᠨ ᠬᠢᠨᠠᠯᠲᠠ ᠲᠠᠯᠪᠢᠭᠴᠢ ᠵᠢᠨ ᠦᠨᠡᠮᠯᠡᠯ ᠵᠶ᠋ᠠᠨ ᠠᠪᠴᠤ᠂ ᠲᠡᠭᠦᠨ᠎ᠤ ᠤᠷᠢᠨ ᠲᠣᠮᠢᠯᠠᠭᠰᠠᠨ ᠵᠠᠰᠠᠭ ᠵᠠᠬᠢᠷᠭ᠋ᠠᠨ᠎ᠤ ᠣᠷᠣᠨ᠎ᠤ ᠳᠣᠲᠣᠷ᠎ᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ᠎ᠳᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ᠎ᠪᠠᠨ ᠬᠠᠤᠯᠢ ᠶᠣᠰᠣᠭ᠋ᠠᠷ ᠭᠦᠢ᠍ᠴᠡᠳᠬᠡᠨ᠎ᠡ᠃
      ᠠᠷᠪᠠᠨ ᠨᠠᠢ᠍ᠮᠠᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠳᠠᠢ ᠪᠢᠴᠢᠭ ᠮᠠᠲ᠋ᠧᠷᠢᠶᠠᠯ᠎ᠢ ᠪᠦᠷᠢᠳᠭᠡᠨ ᠳᠠᠩᠰᠠᠯᠠᠵᠤ ᠬᠢᠨᠠᠨ ᠪᠠᠶ᠋ᠢᠴᠠᠭ᠋ᠠᠬᠤ ᠪᠠ ᠬᠦᠨᠳᠦ ᠶᠡᠭᠡ ᠵᠠᠰᠠᠭ ᠵᠠᠬᠢᠷᠭ᠋ᠠᠨ᠎ᠤ ᠰᠢᠳᠭᠡᠯ ᠲᠣᠷᠭ᠋ᠠᠭᠤᠯᠢ ᠵᠢᠨ ᠪᠦᠷᠢᠳᠭᠡᠨ ᠲᠠᠩᠰᠠᠯᠠᠬᠤ ᠵᠢᠨ ᠵᠢᠯᠤᠭᠤᠳᠤᠯᠭ᠎ᠠ ᠬᠢᠭᠡᠳ ᠬᠢᠨᠠᠯᠲᠠ ᠲᠠᠯᠪᠢᠯᠲᠠ ᠵᠢ ᠴᠢᠩᠭ᠋ᠠᠳᠬᠠᠵᠤ᠂ ᠬᠠᠮᠢᠶᠠᠷᠤᠯᠲᠠ ᠵᠢᠨ ᠳᠦᠷᠢᠮᠵᠢᠯᠲᠡ ᠵᠢᠷᠤᠮᠵᠢᠯᠲᠠ ᠵᠢ ᠠᠬᠢᠭᠤᠯᠬᠤ ᠬᠡᠷᠡᠭᠲᠡᠢ᠃ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠳᠡᠩᠰᠡᠯᠡᠵᠦ ᠬᠢᠨᠠᠨ ᠪᠠᠶ᠋ᠢᠴᠠᠭ᠋ᠠᠬᠤ ᠪᠠ ᠬᠦᠨᠳᠦ ᠶᠡᠭᠡ ᠵᠠᠰᠠᠭ ᠵᠠᠬᠢᠷᠭ᠋ᠠᠨ᠎ᠤ ᠰᠢᠳᠬᠡᠯ ᠲᠣᠷᠭ᠋ᠠᠭᠤᠯᠢ ᠵᠢᠨ ᠪᠦᠷᠢᠳᠬᠡᠨ ᠳᠠᠩᠰᠠᠯᠠᠬᠤ ᠲᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ 《ᠬᠠᠤᠯᠢ᠎ᠪᠠᠷ ᠵᠠᠰᠠᠬᠤ ᠪᠠᠶᠠᠨᠨᠠᠭᠤᠷ᠎ᠤᠨ ᠣᠶᠤᠨᠴᠢᠯᠠᠭᠰᠠᠨ ᠨᠢᠭᠡ ᠴᠣᠭᠴᠠᠵᠢᠭᠰᠠᠨ ᠲᠠᠪᠴᠠᠩ》 ᠵᠶ᠋ᠠᠷ ᠳᠠᠮᠵᠢᠭᠤᠯᠤᠨ ᠪᠦᠷᠢᠳᠬᠡᠨ ᠳᠠᠩᠰᠠᠯᠠᠭᠤᠯᠤᠨ᠎ᠠ᠃
      ᠠᠷᠪᠠ ᠶᠢᠰᠦᠳᠦᠭᠡᠷ ᠵᠦᠢ᠍ᠯ ᠪᠠᠭᠲᠠᠭ᠋ᠠᠮᠵᠢᠲᠤ ᠪᠥᠭᠡᠳ ᠬᠢᠨᠠᠭᠤᠷ ᠪᠣᠯᠭᠤᠮᠵᠢᠲᠠᠶ ᠪᠥᠭᠡᠳ ᠤᠶᠠᠨ ᠬᠠᠳᠠᠨ ᠴᠢᠨᠠᠷᠲᠠᠶ ᠬᠠᠤᠯᠢ ᠬᠡᠷᠡᠭᠵᠢᠭᠦᠯᠬᠦ ᠠᠵᠢᠯ᠎ᠢ ᠬᠡᠷᠡᠭᠵᠢᠭᠦᠯᠵᠦ᠂ ᠵᠠᠰᠠᠭ ᠵᠠᠬᠢᠷᠭ᠋ᠠᠨ᠎ᠤ ᠰᠢᠳᠭᠡᠯ ᠲᠣᠷᠭ᠋ᠠᠭᠤᠯᠢ ᠵᠢᠨ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢᠨ ᠲᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠤᠨ᠂ ᠵᠠᠰᠠᠭ ᠵᠠᠬᠢᠷᠭ᠋ᠠᠨ᠎ᠤ ᠰᠢᠳᠭᠡᠯ ᠲᠣᠷᠭ᠋ᠠᠭᠤᠯᠢ ᠵᠢᠨ ᠲᠠᠰᠤᠯᠤᠯᠲᠠ ᠵᠢᠨ ᠡᠷᠬᠡ ᠵᠢ ᠵᠢᠷᠤᠮᠵᠢᠭᠤᠯᠬᠤ ᠬᠡᠷᠡᠭᠲᠡᠶ᠃
      ᠬᠤᠲᠠ ᠵᠢᠨ ᠲᠣᠰ ᠱᠠᠲᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠠᠭᠲᠠᠭ᠋ᠠᠮᠵᠢᠲᠠᠶ ᠬᠢᠨᠠᠭᠤᠷ ᠪᠣᠯᠭᠤᠮᠵᠢᠲᠠᠶ ᠬᠠᠤᠯᠢ ᠬᠡᠷᠡᠭᠵᠢᠭᠦᠯᠬᠦ ᠬᠤᠯᠪᠣᠭᠳᠠᠯ ᠪᠥᠬᠦᠶ ᠱᠠᠭ᠋ᠠᠷᠳᠠᠯᠭ᠎ᠠ ᠶᠣᠰᠣᠭ᠋ᠠᠷ᠂ ᠬᠠᠤᠯᠢ ᠴᠠᠭ᠋ᠠᠵᠠ ᠬᠠᠤᠯᠢ ᠲᠣᠭᠲᠠᠭ᠋ᠠᠯ ᠲᠦᠷᠢᠮ ᠲᠣᠭᠲᠠᠭ᠋ᠠᠯ᠎ᠳᠤ ᠨᠡᠶ᠋ᠢᠴᠡᠭᠰᠡᠨ ᠤᠷᠢᠲᠠᠯ ᠳᠣᠤᠷ᠎ᠠ᠂ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢ ᠬᠡᠷᠡᠭᠵᠢᠭᠦᠯᠬᠦ 《ᠰᠢᠢ᠍ᠳᠭᠡᠯ ᠥᠭᠬᠦ ᠥᠬᠡᠶ ᠵᠦᠢ᠍ᠯᠡᠰ᠎ᠤᠨ ᠨᠠᠷᠢᠨ ᠲᠠᠩᠰᠠ》᠂ 《ᠬᠥᠩᠭᠡᠨ ᠵᠶ᠋ᠠᠷ ᠰᠢᠢ᠍ᠳᠭᠡᠯ ᠥᠭᠬᠦ ᠵᠦᠢ᠍ᠯᠡᠰ᠎ᠤᠨ ᠨᠠᠷᠢᠨ ᠲᠠᠩᠰᠠ》 ᠪᠠ 《ᠬᠦᠩᠭᠡᠷᠡᠭᠦᠯᠦᠨ ᠰᠢᠢ᠍ᠳᠭᠡᠬᠦ ᠵᠦᠢ᠍ᠯᠡᠰ᠎ᠤᠨ ᠨᠠᠷᠢᠨ ᠲᠠᠩᠰᠠ》 ᠲᠣᠭᠲᠠᠭ᠋ᠠᠪᠠ; ᠵᠠᠰᠠᠭ ᠵᠠᠬᠢᠷᠭ᠋ᠠᠨ᠎ᠤ ᠠᠯᠪᠠᠳᠠᠯᠭ᠎ᠠ᠎ᠳᠤ ᠴᠢᠭᠯᠡᠭᠦᠯᠦᠨ 《ᠵᠠᠰᠠᠭ ᠵᠠᠬᠢᠷᠭ᠋ᠠᠨ᠎ᠤ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠵᠢ ᠬᠡᠷᠡᠭᠵᠢᠭᠦᠯᠬᠦ ᠥᠬᠡᠶ ᠵᠦᠢ᠍ᠯᠡᠰ᠎ᠤᠨ ᠨᠠᠷᠢᠨ ᠲᠠᠩᠰᠠ》 ᠵᠢ ᠲᠣᠭᠲᠠᠭ᠋ᠠᠬᠤ ᠵᠢᠨ ᠬᠠᠮᠲᠤ ᠨᠡᠶ᠋ᠢᠭᠡᠮ᠎ᠳᠤ ᠨᠡᠶ᠋ᠢᠲᠡᠯᠡᠨ᠎ᠡ᠃
      ᠬᠣᠷᠢᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ  ᠦᠶ᠎ᠡ᠎ᠳᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠳ᠎ᠤᠨ ᠱᠠᠮᠰᠢᠵᠤ ᠬᠡᠭᠡᠯᠢ ᠢᠳᠡᠵᠦ ᠬᠠᠬᠤᠤᠯᠢ ᠲᠦᠯᠬᠢᠭᠰᠡᠨ᠂ ᠬᠠᠷᠢᠭᠤᠴᠠᠯᠭ᠎ᠠ᠎ᠪᠠᠨ ᠠᠯᠳᠠᠵᠤ ᠲᠤᠰᠢᠶᠠᠯ ᠵᠶ᠋ᠠᠨ ᠭᠤᠲᠤᠭ᠋ᠠᠭᠰᠠᠨ ᠵᠡᠷᠭᠡ ᠡᠷᠬᠡ ᠲᠤᠰᠢᠶᠠᠯ ᠵᠶ᠋ᠠᠨ ᠠᠰᠢᠭᠯᠠᠨ ᠶᠠᠯ᠎ᠠ ᠬᠢᠭᠰᠡᠨ ᠰᠡᠵᠢᠭᠯᠡᠯᠲᠡᠶ ᠠᠰᠠᠭᠤᠳᠠᠯ᠎ᠤᠨ ᠰᠦᠪᠡᠭᠴᠢ ᠵᠢ ᠣᠯᠵᠤ ᠮᠡᠳᠡᠪᠡᠯ᠂ ᠬᠢᠨᠠᠨ ᠪᠠᠶ᠋ᠢᠴᠠᠭ᠋ᠠᠬᠤ ᠪᠠᠶ᠋ᠢᠭᠤᠯᠤᠯᠭ᠎ᠠ᠎ᠳᠤ ᠰᠢᠯᠵᠢᠭᠦᠯᠦᠨ ᠬᠦᠷᠭᠡᠵᠦ᠂ ᠬᠢᠨᠠᠨ ᠪᠠᠶ᠋ᠢᠴᠠᠭ᠋ᠠᠬᠤ ᠪᠠᠶ᠋ᠢᠭᠤᠯᠤᠯᠭ᠎ᠠ ᠬᠠᠤᠯᠢ ᠶᠣᠰᠣᠭ᠋ᠠᠷ ᠪᠠᠶ᠋ᠢᠴᠠᠭ᠋ᠠᠨ  ᠰᠢᠢ᠍ᠳᠪᠦᠷᠢᠯᠡᠬᠦ ᠬᠡᠷᠡᠭᠲᠡᠶ᠃
      ᠬᠠᠤᠯᠢ ᠶᠣᠰᠣᠭ᠋ᠠᠷ ᠬᠣᠯᠪᠣᠭᠳᠠᠯ ᠪᠦᠬᠦᠢ ᠪᠠᠶ᠋ᠢᠭᠤᠯᠤᠯᠭ᠎ᠠ᠎ᠪᠠᠷ  ᠰᠢᠢ᠍ᠳᠪᠦᠷᠢᠯᠡᠭᠦᠯᠬᠦ ᠬᠡᠷᠡᠭᠲᠡᠶ ᠵᠦᠢ᠍ᠯ᠎ᠢ ᠪᠣᠯ ᠬᠣᠯᠪᠣᠭᠳᠠᠯ ᠪᠦᠬᠦᠢ ᠪᠠᠶ᠋ᠢᠭᠤᠯᠤᠯᠭ᠎ᠠ᠎ᠳᠤ ᠰᠢᠯᠵᠢᠭᠦᠯᠦᠨ ᠬᠦᠷᠭᠡᠵᠦ ᠰᠢᠢ᠍ᠳᠪᠦᠷᠢᠯᠡᠭᠦᠯᠬᠦ ᠬᠡᠷᠡᠭᠲᠡᠶ ᠬᠣᠯᠪᠣᠭᠳᠠᠯ ᠪᠦᠬᠦᠢ ᠪᠠᠶ᠋ᠢᠭᠤᠯᠤᠯᠭ᠎ᠠ  ᠰᠢᠢ᠍ᠳᠪᠦᠷᠢᠯᠡᠭᠰᠡᠨ᠎ᠤ ᠳᠠᠷᠠᠭ᠎ᠠ᠂ ᠰᠢᠢ᠍ᠳᠪᠦᠷᠢᠯᠡᠭᠰᠡᠨ ᠪᠠᠶ᠋ᠢᠳᠠᠯ ᠵᠶ᠋ᠠᠨ  ᠰᠢᠢ᠍ᠳᠪᠦᠷᠢᠯᠡᠬᠦ ᠲᠣᠭᠲᠠᠭ᠋ᠠᠯ ᠭᠠᠷᠭ᠋ᠠᠭᠰᠠᠨ ᠡᠳᠦᠷ᠎ᠠᠴᠠ ᠡᠬᠢᠯᠡᠨ ᠬᠣᠷᠢᠨ ᠡᠳᠦᠷ᠎ᠤᠨ ᠳᠣᠲᠣᠷ᠎ᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ᠎ᠳᠤ ᠪᠢᠴᠢᠭ ᠵᠶ᠋ᠠᠷ ᠮᠡᠳᠡᠭᠳᠡᠬᠦ ᠬᠡᠷᠡᠭᠲᠡᠶ᠃
      ᠬᠤᠷᠢᠨ ᠨᠢᠭᠡᠳᠦᠭᠡᠷ ᠵᠦᠢ᠍ᠯ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ᠎ᠨᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠠᠵᠢᠯ᠎ᠤᠨ ᠳᠤᠮᠳᠠᠬᠢ ᠬᠤᠯᠪᠣᠭᠳᠠᠯ ᠪᠦᠬᠦᠢ ᠪᠠᠶ᠋ᠢᠳᠠᠯ᠎ᠢ ᠨᠡᠪᠳᠡᠷᠡᠭᠦᠯᠦᠨ ᠮᠡᠳᠡᠭᠡᠯᠡᠵᠦ ᠪᠣᠯᠤᠨ᠎ᠠ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠠᠰᠠᠭᠤᠳᠠᠯ ᠲᠣᠪᠤᠶ᠋ᠢᠮ᠎ᠠ᠂ ᠴᠢᠬᠤᠯᠠ ᠶᠡᠭᠡ ᠨᠥᠯᠥᠭᠡ ᠦᠵᠡᠭᠦᠯᠦᠭᠰᠡᠨ᠎ᠢ ᠣᠯᠵᠤ ᠮᠡᠳᠡᠪᠡᠯ᠂ ᠬᠤᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠎ᠲᠠᠢ ᠪᠣᠯᠵᠣᠨ ᠶᠠᠷᠢᠯᠴᠠᠵᠤ ᠪᠣᠯᠤᠨ᠎ᠠ᠃
ᠬᠣᠷᠢᠨ ᠬᠣᠶᠠᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠪᠠᠶ᠋ᠢᠭᠤᠯᠤᠮᠵᠢ᠎ᠨᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ ᠶᠠᠪᠤᠴᠠ᠎ᠳᠤ ᠬᠠᠤᠯᠢ᠎ᠠᠴᠠ ᠵᠥᠷᠢᠴᠡᠭᠰᠡᠨ ᠪᠤᠶᠤ ᠵᠦᠢ ᠵᠣᠬᠢᠰ ᠦᠭᠡᠶ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠭᠰᠡᠨ ᠦᠢ᠍ᠯᠡ ᠠᠵᠢᠯᠯᠠᠭ᠎ᠠ ᠵᠢ ᠣᠯᠵᠤ ᠮᠡᠳᠡᠪᠡᠯ᠂ ᠬᠣᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠲᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠪᠢᠴᠢᠭ ᠬᠠᠷ᠎ᠠ ᠶᠠᠪᠤᠭᠤᠯᠵᠤ᠂ ᠬᠣᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠨᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠪᠢᠴᠢᠭ ᠬᠠᠷ᠎ᠠ ᠵᠢ ᠣᠯᠵᠤ ᠠᠪᠤᠭᠰᠠᠨ ᠡᠳᠦᠷ᠎ᠠᠴᠠ ᠡᠬᠢᠯᠡᠨ ᠭᠤᠴᠢᠨ ᠡᠳᠦᠷ᠎ᠤᠨ ᠳᠣᠲᠣᠷ᠎ᠠ  ᠰᠢᠢ᠍ᠳᠪᠦᠷᠢᠯᠡᠭᠰᠡᠨ ᠦᠷ᠎ᠡ ᠳ᠋ᠦᠩ ᠵᠶ᠋ᠠᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠪᠢᠴᠢᠭ ᠵᠶ᠋ᠠᠷ ᠮᠡᠳᠡᠭᠦᠯᠬᠦ ᠬᠡᠷᠡᠭᠲᠡᠶ᠃
      ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠨᠢ ᠲᠣᠭᠲᠠᠭᠰᠠᠨ ᠴᠠᠭ᠎ᠤᠨ ᠳᠣᠲᠣᠷ᠎ᠠ  ᠰᠢᠢ᠍ᠳᠪᠦᠷᠢᠯᠡᠯᠲᠡ ᠬᠢᠭᠰᠡᠨ ᠦᠭᠡᠶ ᠪᠣᠯ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠪᠢᠴᠢᠭ ᠬᠠᠷ᠎ᠠ ᠬᠢᠵᠦ ᠥᠭᠭᠦᠭᠰᠡᠨ ᠬᠢᠨᠠᠯᠲᠠ ᠲᠠᠯᠪᠢᠯᠲᠠ ᠵᠢᠨ ᠪᠠᠶ᠋ᠢᠭᠤᠯᠤᠮᠵᠢ᠎ᠠᠴᠠ ᠬᠠᠤᠯᠢ᠎ᠠᠴᠠ ᠵᠥᠷᠢᠴᠡᠭᠰᠡᠨ ᠪᠤᠶᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠭᠰᠡᠨ ᠵᠣᠬᠢᠰ ᠦᠭᠡᠶ ᠦᠢ᠍ᠯᠡ ᠠᠵᠢᠯᠯᠠᠭ᠎ᠠ ᠵᠢᠨ ᠰᠢᠨᠵᠢ ᠴᠢᠨᠠᠷ᠂ ᠬᠡᠮᠵᠢᠶ᠎ᠡ ᠵᠡᠷᠭᠡ ᠪᠠᠶ᠋ᠢᠳᠠᠯ᠎ᠢ᠎ᠨᠢ ᠦᠨᠳᠦᠰᠦᠯᠡᠨ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠳᠦᠷᠢᠮ》᠎ᠤᠨ ᠬᠣᠷᠢ ᠶᠢᠰᠦᠳᠦᠭᠡᠷ ᠵᠦᠢ᠍ᠯ᠎ᠤᠨ ᠲᠣᠭᠲᠠᠭ᠋ᠠᠯ ᠶᠣᠰᠣᠭ᠋ᠠᠷ  ᠰᠢᠢ᠍ᠳᠪᠦᠷᠢᠯᠡᠬᠦ ᠬᠡᠷᠡᠭᠲᠡᠶ᠃
      ᠬᠤᠷᠢᠨ ᠭᠤᠷᠪᠠᠳᠤᠭ᠋ᠠᠷ ᠵᠦᠢ᠍ᠯ ᠬᠤᠰᠢᠭᠤ ᠰᠢᠶᠠᠨ ᠲᠣᠭᠤᠷᠢᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠲᠣᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠬᠦᠴᠦᠨ᠎ᠢ ᠨᠢᠭᠡᠳᠦᠯᠲᠡᠶ ᠲᠥᠯᠥᠪᠯᠡᠨ᠂ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ ᠪᠠ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ ᠵᠢᠴᠢ ᠬᠤᠰᠢᠭᠤ ᠰᠢᠶᠠᠨ ᠲᠣᠭᠤᠷᠢᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠬᠠᠷᠢᠶ᠎ᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠠᠴᠠ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ ᠪᠠ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠳᠤ ᠲᠤᠬᠠᠶ᠋ᠢᠯᠠᠭᠰᠠᠨ ᠠᠵᠢᠯ᠎ᠤᠨ ᠵᠢᠯᠣᠭᠤᠳᠣᠯᠭ᠎ᠠ ᠪᠠ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠡᠰᠡᠬᠦ᠎ᠳᠤ ᠬᠠᠤᠯᠢ ᠶᠣᠰᠣᠭ᠋ᠠᠷ ᠬᠢᠨᠠᠯᠲᠠ ᠲᠠᠯᠪᠢᠬᠤ ᠬᠡᠷᠡᠭᠲᠡᠶ᠃
      ᠬᠠᠤᠯᠢ ᠴᠠᠭ᠋ᠠᠵᠠ ᠵᠢᠨ ᠭᠠᠵᠠᠷ᠎ᠨᠢ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ ᠪᠣᠯᠤᠨ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠤᠮᠵᠢ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠢ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ ᠪᠣᠯᠤᠨ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠩᠨᠡᠭᠡ᠎ᠳᠤ ᠲᠣᠮᠢᠯᠠᠨ ᠰᠠᠭᠤᠯᠭ᠋ᠠᠵᠤ᠂ ᠡᠳᠦᠷ ᠲᠤᠲᠤᠮ᠎ᠤᠨ ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯ ᠥᠷᠨᠢᠭᠦᠯᠬᠦ ᠬᠡᠷᠡᠭᠲᠡᠶ᠃
      ᠬᠠᠤᠯᠢ ᠴᠠᠭ᠋ᠠᠵᠠ ᠵᠢᠨ ᠰᠠᠯᠪᠣᠷᠢ᠎ᠨᠢ ᠬᠠᠤᠯᠢ᠎ᠠᠴᠠ ᠵᠥᠷᠢᠴᠡᠭᠰᠡᠨ ᠪᠤᠶᠤ ᠵᠣᠬᠢᠰ ᠦᠭᠡᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠢ᠍ᠯᠡ ᠠᠵᠢᠯᠯᠠᠭ᠎ᠠ᠎ᠲᠠᠢ ᠪᠠᠶ᠋ᠢᠬᠤ ᠵᠢ ᠣᠯᠵᠤ ᠮᠡᠳᠡᠪᠡᠯ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠪᠢᠴᠢᠭ ᠬᠠᠷ᠎ᠠ ᠭᠠᠷᠭ᠋ᠠᠵᠤ ᠥᠭᠬᠦ ᠴᠢᠬᠤᠯᠠᠲᠠᠢ ᠪᠠᠶ᠋ᠢᠪᠠᠯ᠂ ᠬᠤᠰᠢᠭᠤ ᠰᠢᠶᠠᠨ ᠲᠣᠭᠤᠷᠢᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠳᠡᠪᠰᠢᠭᠦᠯᠦᠨ ᠰᠢᠢ᠍ᠳᠪᠦᠷᠢᠯᠡᠭᠦᠯᠬᠦ ᠬᠡᠷᠡᠭᠲᠡᠢ᠃
      ᠬᠤᠷᠢᠨ ᠳᠥᠷᠪᠡᠳᠦᠭᠡᠷ ᠵᠦᠢ᠍ᠯ ᠬᠤᠲᠠ᠂ ᠬᠤᠰᠢᠭᠤ ᠰᠢᠶᠠᠨ ᠲᠣᠭᠤᠷᠢᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠬᠢᠭᠡᠳ ᠲᠣᠰ ᠱᠠᠲᠤᠨ᠎ᠤ ᠨᠠᠮ᠎ᠤᠨ ᠬᠤᠷᠢᠶ᠎ᠠ ᠵᠢᠨ ᠤᠯᠤᠰ ᠲᠥᠷᠥ ᠬᠠᠤᠯᠢ ᠴᠠᠭ᠋ᠠᠵᠠ ᠵᠢᠨ ᠬᠤᠷᠢᠶ᠎ᠠ ᠵᠢᠨ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ᠂ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠬᠢᠨᠠᠨ ᠪᠠᠶ᠋ᠢᠴᠠᠭ᠋ᠠᠬᠤ ᠵᠥᠪᠯᠡᠯ᠎ᠤᠨ ᠰᠠᠬᠢᠯᠭ᠎ᠠ ᠪᠠᠲᠤ ᠬᠡᠷᠡᠭᠵᠢᠭᠦᠯᠬᠦ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ᠂ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠠᠤᠯᠢ ᠴᠠᠭ᠋ᠠᠵᠠ ᠵᠢᠨ ᠬᠢᠨᠠᠯᠲᠠ᠂ ᠤᠯᠤᠰ ᠲᠥᠷᠥ ᠵᠢᠨ ᠵᠥᠪᠯᠡᠯᠭᠡᠨ᠎ᠤ ᠠᠷᠠᠳᠴᠢᠯᠠᠭᠰᠠᠨ ᠬᠢᠨᠠᠯᠲᠠ᠂ ᠵᠠᠰᠠᠭ᠎ᠤᠨ ᠣᠷᠳᠣᠨ᠎ᠤ ᠰᠢᠮᠳᠠᠭᠤᠯᠤᠨ ᠪᠠᠶ᠋ᠢᠴᠠᠭ᠋ᠠᠵᠤ ᠬᠢᠨᠠᠯᠲᠠ ᠲᠠᠯᠪᠢᠬᠤ᠂ ᠪᠠᠶ᠋ᠢᠴᠠᠭ᠋ᠠᠬᠤ ᠬᠠᠤᠯᠢ ᠴᠠᠭ᠋ᠠᠵᠠ ᠵᠢᠨ ᠬᠢᠨᠠᠯᠲᠠ ᠲᠠᠯᠪᠢᠬᠤ᠂ ᠬᠢᠨᠠᠨ ᠪᠤᠳᠤᠵᠤ ᠬᠢᠨᠠᠯᠲᠠ ᠲᠠᠯᠪᠢᠬᠤ ᠵᠢᠴᠢ ᠨᠡᠶ᠋ᠢᠭᠡᠮ᠎ᠤᠨ ᠬᠢᠨᠠᠯᠲᠠ ᠵᠢ ᠣᠷᠭ᠋ᠠᠨᠢᠭ ᠵᠶ᠋ᠠᠷ ᠨᠡᠪᠲᠡᠷᠡᠯᠴᠡᠭᠦᠯᠬᠦ᠂ ᠬᠠᠷᠢᠯᠴᠠᠨ ᠵᠣᠬᠢᠴᠠᠭᠤᠯᠬᠤ ᠵᠢ ᠠᠬᠢᠭᠤᠯᠵᠤ᠂ ᠬᠠᠤᠯᠢ᠎ᠪᠠᠷ ᠵᠠᠰᠠᠬᠤ ᠶᠡᠭᠡ ᠬᠢᠨᠠᠯᠲᠠ ᠲᠠᠯᠪᠢᠬᠤ ᠠᠵᠢᠯ᠎ᠤᠨ ᠪᠠᠶ᠋ᠢᠷᠢᠰᠢᠯ᠎ᠢ ᠪᠠᠶ᠋ᠢᠭᠤᠯᠬᠤ ᠬᠡᠷᠡᠭᠲᠡᠶ᠃
      ᠬᠤᠷᠢᠨ ᠲᠠᠪᠤᠳᠣᠭ᠋ᠠᠷ ᠵᠦᠢ᠍ᠯ ᠵᠠᠰᠠᠭ ᠵᠠᠬᠢᠷᠭ᠋ᠠᠨ᠎ᠤ ᠬᠠᠦᠯᠢ ᠭᠡᠷᠡᠭᠵᠢᠬᠦᠯᠬᠦ ᠰᠠᠯᠠᠭ᠎ᠠ ᠮᠦᠴᠢᠷ᠎ᠨᠢ ᠲᠣᠰ ᠰᠠᠯᠠᠭ᠎ᠠ ᠮᠦᠴᠢᠷ ᠲᠣᠰ ᠰᠢᠰᠲ᠋ᠧᠮ᠎ᠤᠨ ᠲᠣᠳᠣᠭ᠋ᠠᠳᠣ ᠵᠢᠨ ᠬᠢᠨᠡᠯᠳᠡ ᠳᠡᠯᠪᠢᠬᠤ ᠲᠣᠠᠠᠳᠡᠴᠠ ᠵᠢ ᠪᠠᠶ᠋ᠢᠭᠤᠯᠥᠨ ᠳᠡᠬᠦᠯᠳᠡᠷᠵᠢᠬᠦᠯᠵᠦ᠂ ᠲᠣᠳᠣᠭ᠋ᠠᠳᠣ ᠵᠢᠨ ᠬᠢᠨᠡᠯᠳᠡ ᠳᠡᠯᠪᠢᠬᠤ ᠪᠠᠶ᠋ᠢᠭᠤᠯᠥᠮᠵᠢ ᠪᠠ ᠬᠢᠨᠡᠯᠳᠡ ᠳᠡᠯᠪᠢᠬᠤ ᠠᠵᠢᠯᠳᠡᠨ᠎ᠢ ᠲᠣᠳᠣᠷᠬᠠᠶ᠋ᠢᠯᠠᠨ᠂ ᠵᠠᠰᠠᠭ ᠵᠠᠬᠢᠷᠭ᠋ᠠᠨ᠎ᠤ ᠬᠠᠦᠯᠢ ᠭᠡᠷᠡᠭᠵᠢᠬᠦᠯᠬᠦ ᠠᠵᠢᠯᠳᠡᠨ᠎ᠤ ᠬᠠᠮᠢᠶᠡᠷᠦᠯᠳᠡ᠂ ᠵᠠᠰᠠᠭ ᠵᠠᠬᠢᠷᠭ᠋ᠠᠨ᠎ᠤ ᠬᠠᠦᠯᠢ ᠭᠡᠷᠡᠭᠵᠢᠬᠦᠯᠬᠦ ᠢᠯᠡ ᠨᠡᠶ᠋ᠢᠳᠡᠯᠡᠬᠦ᠂ ᠵᠠᠰᠠᠭ ᠵᠠᠬᠢᠷᠭ᠋ᠠᠨ᠎ᠤ ᠬᠠᠦᠯᠢ ᠭᠡᠷᠡᠭᠵᠢᠬᠦᠯᠬᠦ ᠪᠦᠬᠦ ᠶᠠᠪᠤᠴᠠ ᠵᠢ ᠳᠡᠮᠳᠡᠭᠯᠡᠬᠦ᠂ ᠴᠢᠬᠤᠯᠡ ᠶᠡᠭᠡ ᠬᠠᠦᠯᠢ ᠭᠡᠷᠡᠭᠵᠢᠬᠦᠯᠬᠦ ᠲᠣᠠᠠᠳᠠᠭ᠋ᠠᠯ᠎ᠢ ᠬᠠᠦᠯᠢ ᠳᠦᠷᠢᠮ ᠵᠶ᠋ᠠᠷ ᠬᠢᠨᠡᠨ ᠬᠠᠷᠭᠤᠭᠤᠯᠬᠤ᠂ ᠵᠠᠰᠠᠭ ᠵᠠᠬᠢᠷᠭ᠋ᠠᠨ᠎ᠤ ᠬᠠᠦᠯᠢ ᠭᠡᠷᠡᠭᠵᠢᠬᠦᠯᠥᠭᠰᠡᠨ ᠭᠡᠷᠡᠭ᠎ᠤᠨ ᠡᠪᠭᠡᠮᠡᠯ᠎ᠢ ᠦᠨᠡᠯᠡᠨ ᠪᠠᠶ᠋ᠢᠴᠠᠭ᠋ᠠᠬᠤ᠂ ᠬᠠᠷᠢᠭᠤᠴᠠᠯᠭ᠎ᠠ ᠨᠡᠭᠡᠮᠵᠢᠯᠡᠬᠦ ᠵᠡᠷᠭᠡ ᠳᠥᠷᠢᠮ᠎ᠢ ᠨᠡᠶ᠋ᠢᠳᠡᠪᠦᠷᠢᠵᠢᠭᠤᠯᠥᠨ᠎ᠠ᠃
      ᠬᠣᠷᠢᠨ ᠵᠢᠷᠭᠤᠳᠤᠭ᠋ᠠᠷ ᠵᠦᠢ᠍ᠯ ᠬᠠᠤᠯᠢ ᠶᠣᠰᠣᠭ᠋ᠠᠷ ᠨᠠᠶ᠋ᠢᠳᠠᠵᠤ ᠬᠠᠤᠯᠢ ᠬᠡᠷᠡᠭᠵᠢᠭᠦᠯᠬᠦ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠨᠢ ᠬᠠᠤᠯᠢ ᠬᠡᠷᠡᠭᠵᠢᠭᠦᠯᠬᠦ ᠠᠵᠢᠯᠯᠠᠭ᠎ᠠ ᠵᠢᠨ ᠳᠤᠮᠳᠠ ᠵᠣᠬᠢᠴᠠᠩᠭᠤᠶ ᠪᠦᠬᠦᠢ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠤᠮᠵᠢ᠎ᠠᠴᠠ  ᠰᠢᠢ᠍ᠳᠪᠦᠷᠢᠯᠡᠬᠦ ᠬᠡᠷᠡᠭᠲᠡᠶ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠣᠯᠵᠤ ᠮᠡᠳᠡᠪᠡᠯ᠂ ᠴᠠᠭ ᠲᠤᠬᠠᠶ᠎ᠳᠤᠨᠢ ᠮᠡᠳᠡᠭᠳᠡᠬᠦ ᠪᠤᠶᠤ ᠰᠢᠯᠵᠢᠭᠦᠯᠦᠨ ᠬᠦᠷᠭᠡᠬᠦ ᠬᠡᠷᠡᠭᠲᠡᠶ᠃ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠤᠮᠵᠢ ᠬᠠᠤᠯᠢ ᠬᠡᠷᠡᠭᠵᠢᠭᠦᠯᠬᠦ ᠠᠵᠢᠯᠯᠠᠭ᠎ᠠ ᠳᠤᠮᠳᠠ᠎ᠪᠠᠨ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ  ᠰᠢᠢ᠍ᠳᠪᠦᠷᠢᠯᠡᠬᠦ ᠬᠡᠷᠡᠭᠲᠡᠶ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠣᠯᠵᠤ ᠮᠡᠳᠡᠪᠡᠯ᠂ ᠴᠠᠭ ᠲᠤᠬᠠᠶ᠎ᠳᠤᠨᠢ ᠮᠡᠳᠡᠭᠳᠡᠬᠦ ᠪᠤᠶᠤ ᠰᠢᠯᠵᠢᠭᠦᠯᠦᠨ ᠬᠦᠷᠭᠡᠬᠦ ᠬᠡᠷᠡᠭᠲᠡᠶ᠃
      ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠠᠳᠠᠯᠢ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠣᠯᠤᠨ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠤᠮᠵᠢ ᠵᠢᠨ ᠬᠡᠷᠡᠭ᠎ᠢ ᠰᠢᠯᠵᠢᠭᠦᠯᠦᠨ ᠬᠦᠷᠭᠡᠬᠦ ᠪᠠ ᠪᠠᠶ᠋ᠢᠴᠠᠭ᠋ᠠᠨ  ᠰᠢᠢ᠍ᠳᠪᠦᠷᠢᠯᠡᠬᠦ ᠶᠠᠪᠤᠴᠠ᠎ᠳᠤ ᠵᠣᠯᠭ᠋ᠠᠭᠤᠯᠤᠨ ᠬᠠᠮᠵᠢᠯᠴᠠᠬᠤ ᠪᠠᠶ᠋ᠢᠳᠠᠯ᠎ᠳᠤ ᠵᠣᠬᠢᠴᠠᠭᠤᠯᠤᠨ ᠬᠢᠨᠠᠯᠲᠠ ᠲᠠᠯᠪᠢᠬᠤ᠎ᠪᠠᠨ ᠴᠢᠩᠭ᠋ᠠᠳᠬᠠᠬᠤ ᠬᠡᠷᠡᠭᠲᠡᠶ᠃
      ᠳᠥᠷᠪᠡᠳᠦᠭᠡᠷ ᠪᠦᠯᠦᠭ ᠳᠠᠭ᠋ᠠᠯᠳᠤᠭᠤᠯᠤᠯ ᠳᠦᠷᠢᠮ
      ᠬᠣᠷᠢᠨ ᠳᠣᠯᠣᠳᠤᠭ᠋ᠠᠷ ᠵᠦᠢ᠍ᠯ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠢᠨ ᠬᠢᠨᠠᠯᠲᠠ ᠲᠠᠯᠪᠢᠬᠤ ᠠᠵᠢᠯᠲᠠᠳ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠢᠨ ᠬᠢᠨᠠᠯᠲᠠ ᠲᠠᠯᠪᠢᠬᠤ ᠳᠦᠷᠢᠮ》᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠲᠤᠰ ᠳᠦᠷᠢᠮ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ  ᠰᠢᠢ᠍ᠳᠪᠦᠷᠢᠯᠡᠨ᠎ᠡ᠃
      ᠬᠣᠷᠢᠨ ᠨᠠᠢ᠍ᠮᠠᠳᠤᠭ᠋ᠠᠷ ᠵᠦᠢ᠍ᠯ ᠲᠤᠰ ᠨᠠᠷᠢᠨ ᠳᠦᠷᠢᠮ᠎ᠢ ᠨᠡᠶ᠋ᠢᠲᠡᠯᠡᠭᠰᠡᠨ ᠡᠳᠦᠷ᠎ᠠᠴᠠ ᠡᠬᠢᠯᠡᠨ 30 ᠡᠳᠦᠷ᠎ᠤᠨ ᠳᠠᠷᠠᠭ᠎ᠠ ᠬᠡᠷᠡᠭᠵᠢᠭᠦᠯᠦᠨ᠎ᠡ᠂ ᠬᠦᠴᠦᠨ᠎ᠲᠠᠢ ᠬᠤᠭᠤᠴᠠᠭ᠎ᠠ᠎ᠨᠢ 5 ᠵᠢᠯ ᠪᠣᠯᠤᠨ᠎ᠠ᠃
       

ᠢᠷᠡᠯᠲᠡ᠄ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠮᠣᠩᠭᠣᠯ ᠰᠦᠯᠵᠢᠶ᠎ᠡ