ᠪᠦᠬᠦ ᠰᠢᠶᠠᠨ᠎ᠤ ᠤᠢ ᠰᠢᠭᠤᠶ ᠨᠤᠲᠤᠭ ᠪᠡᠯᠴᠢᠭᠡᠷ᠎ᠤᠨ ᠭᠣᠣᠯᠳᠠᠯᠭ᠎ᠠ᠎ᠲᠠᠢ ᠣᠷᠣᠨ᠎ᠳᠤ ᠨᠠᠮᠤᠷ ᠡᠪᠦᠯ᠎ᠤᠨ ᠤᠯᠠᠷᠢᠯ᠎ᠤᠨ ᠭᠠᠯ ᠰᠡᠷᠭᠡᠶ᠋ᠢᠯᠡᠬᠦ ᠴᠢᠩᠭ᠎ᠠ ᠰᠡᠷᠭᠡᠶ᠋ᠢᠯᠡᠯᠲᠡ ᠵᠢ ᠬᠡᠷᠡᠭᠵᠢᠭᠦᠯᠬᠦ ᠲᠤᠬᠠᠶ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠠᠯ
ᠨᠡᠶ᠋ᠢᠲᠡᠯᠡᠭᠰᠡᠨ ᠴᠠᠭ᠄ 2023-09-22
ᠪᠦᠬᠦ ᠰᠢᠶᠠᠨ᠎ᠤ ᠤᠢ ᠰᠢᠭᠤᠶ ᠨᠤᠲᠤᠭ ᠪᠡᠯᠴᠢᠭᠡᠷ᠎ᠤᠨ ᠭᠣᠣᠯᠳᠠᠯᠭ᠎ᠠ᠎ᠲᠠᠢ ᠣᠷᠣᠨ᠎ᠳᠤ ᠨᠠᠮᠤᠷ ᠡᠪᠦᠯ᠎ᠤᠨ ᠤᠯᠠᠷᠢᠯ᠎ᠤᠨ
ᠭᠠᠯ ᠰᠡᠷᠭᠡᠶ᠋ᠢᠯᠡᠬᠦ ᠴᠢᠩᠭ᠎ᠠ ᠰᠡᠷᠭᠡᠶ᠋ᠢᠯᠡᠯᠲᠡ ᠵᠢ ᠬᠡᠷᠡᠭᠵᠢᠭᠦᠯᠬᠦ ᠲᠤᠬᠠᠶ ᠳ᠋ᠸᠩᠺᠸᠦ ᠰᠢᠶᠠᠨ᠎ᠤ ᠠᠷᠠᠳ᠎ᠤᠨ
ᠵᠠᠰᠠᠭ᠎ᠤᠨ ᠣᠷᠳᠣᠨ᠎ᠤ ᠵᠠᠷᠯᠠᠯ
ᠳ᠋ᠸᠩᠺᠸᠦ ᠵᠠᠰᠠᠭ ᠠᠯᠪᠠᠨ ᠦᠰᠦᠭ[2023]32 ᠲᠣᠭ᠋ᠠᠲᠤ
ᠬᠡᠭᠡᠷ᠎ᠡ ᠵᠢᠨ ᠭᠠᠯ᠎ᠤᠨ ᠡᠬᠢ ᠰᠤᠷᠪᠤᠯᠵᠢ ᠵᠢ ᠬᠠᠮᠢᠶᠠᠷᠤᠨ ᠡᠵᠡᠮᠳᠡᠬᠦ ᠵᠢ ᠦᠨᠡᠨᠬᠦ ᠴᠢᠩᠭ᠋ᠠᠳᠬᠠᠬᠤ ᠵᠢᠨ ᠲᠥᠯᠥᠭᠡ᠂ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠤᠨ ᠭᠠᠮᠰᠢᠭ ᠡᠭᠦᠰᠬᠦ ᠵᠢ ᠪᠦᠲᠦᠮᠵᠢᠲᠡᠶ ᠰᠡᠷᠭᠡᠶ᠋ᠢᠯᠡᠨ ᠬᠣᠷᠢᠭᠯᠠᠵᠤ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠪᠠ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠠᠮᠤᠷ ᠲᠦᠪᠰᠢᠨ᠎ᠢ ᠬᠠᠮᠠᠭ᠋ᠠᠯᠠᠵᠤ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠣᠶ ᠰᠢᠭᠤᠶ ᠵᠢᠨ ᠬᠠᠤᠯᠢ》 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠤᠲᠤᠭ ᠪᠡᠯᠴᠢᠭᠡᠷ᠎ᠤᠨ ᠬᠠᠤᠯᠢ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠲᠦᠷᠢᠮ》 ᠵᠡᠷᠭᠡ ᠬᠣᠯᠪᠣᠭᠳᠠᠯ ᠪᠥᠬᠥᠶ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠤᠨ ᠦᠨᠳᠦᠰᠦᠯᠡᠨ᠂ ᠳ᠋ᠸᠩᠺᠸᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠪᠥᠬᠥ ᠰᠢᠶᠠᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠣᠤᠯᠳᠠᠯᠭ᠎ᠠ᠎ᠲᠠᠢ ᠣᠷᠣᠨ ᠪᠦᠰᠡ᠎ᠳᠤ ᠨᠠᠮᠤᠷ ᠡᠪᠦᠯ᠎ᠤᠨ ᠤᠯᠠᠷᠢᠯ᠎ᠤᠨ ᠭᠠᠯ ᠰᠡᠷᠭᠡᠶ᠋ᠢᠯᠡᠬᠦ ᠴᠢᠩᠭ᠎ᠠ ᠰᠡᠷᠭᠡᠶ᠋ᠢᠯᠡᠯᠲᠡ ᠵᠢ ᠬᠡᠷᠡᠭᠵᠢᠭᠦᠯᠬᠦ᠎ᠪᠠᠷ ᠲᠣᠭᠲᠠᠪᠠ᠂ ᠡᠳᠦᠭᠡ ᠬᠣᠯᠪᠣᠭᠳᠠᠯ ᠪᠥᠬᠥᠶ ᠵᠦᠢ᠍ᠯᠡᠰ᠎ᠢ ᠳᠣᠤᠷᠠᠬᠢ ᠮᠡᠲᠦ ᠵᠠᠷᠯᠠᠶ᠎ᠠ᠄
ᠨᠢᠭᠡ᠂ ᠭᠠᠯ ᠰᠡᠷᠭᠡᠶ᠋ᠢᠯᠡᠬᠦ ᠴᠢᠩᠭ᠎ᠠ ᠰᠡᠷᠭᠡᠶ᠋ᠢᠯᠡᠯᠲᠡ ᠵᠢᠨ ᠴᠠᠭ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠲᠦᠷᠢᠮ》᠎ᠤᠨ ᠬᠠᠮᠢᠶ᠎ᠠ ᠪᠥᠬᠥᠶ ᠲᠣᠭᠲᠠᠭ᠋ᠠᠯ᠎ᠢ ᠦᠨᠳᠦᠰᠦᠯᠡᠨ᠂ ᠳ᠋ᠸᠩᠺᠸᠦ ᠰᠢᠶᠠᠨ ᠲᠣᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠪᠠᠶ᠋ᠢᠭ᠋ᠠᠯᠢ ᠵᠢᠨ ᠠᠭᠤᠷ ᠠᠮᠢᠰᠬᠤᠯ᠎ᠤᠨ ᠨᠥᠬᠥᠴᠡᠯ ᠪᠠ ᠭᠠᠯ᠎ᠤᠨ ᠭᠠᠮᠰᠢᠭ ᠡᠭᠦᠰᠬᠦ ᠵᠢᠮ᠎ᠡ ᠶᠣᠰᠣ ᠵᠢ ᠦᠨᠳᠦᠰᠦᠯᠡᠨ᠂ 2023 ᠣᠨ᠎ᠤ 9 ᠳ᠋ᠦᠭᠡᠷ ᠰᠠᠷ᠎ᠠ ᠵᠢᠨ 15᠎ᠤ ᠡᠳᠦᠷ᠎ᠠᠴᠠ 2024 ᠣᠨ᠎ᠤ 3 ᠳ᠋ᠤᠭ᠋ᠠᠷ ᠰᠠᠷ᠎ᠠ ᠵᠢᠨ 15᠎ᠤ ᠡᠳᠦᠷ ᠪᠣᠯᠲᠠᠯ᠎ᠠ ᠪᠥᠬᠥ ᠰᠢᠶᠠᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠣᠤᠯᠳᠠᠯᠭ᠎ᠠ᠎ᠲᠠᠢ ᠣᠷᠣᠨ ᠪᠦᠰᠡ᠎ᠳᠤ ᠨᠠᠮᠤᠷ ᠡᠪᠦᠯ᠎ᠤᠨ ᠤᠯᠠᠷᠢᠯ᠎ᠤᠨ ᠭᠠᠯ ᠰᠡᠷᠭᠡᠶ᠋ᠢᠯᠡᠬᠦ ᠴᠢᠩᠭ᠎ᠠ ᠰᠡᠷᠭᠡᠶ᠋ᠢᠯᠡᠯᠲᠡ ᠵᠢ ᠬᠡᠷᠡᠭᠵᠢᠭᠦᠯᠬᠦ᠎ᠪᠠᠷ ᠲᠣᠭᠲᠠᠪᠠ᠃
ᠬᠣᠶᠠᠷ᠂ ᠳ᠋ᠸᠩᠺᠸᠦ ᠰᠢᠶᠠᠨ᠎ᠤ ᠤᠢ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠴᠢᠩᠭ᠎ᠠ ᠰᠡᠷᠭᠡᠶ᠋ᠢᠯᠡᠯᠲᠡ ᠵᠢᠨ ᠵᠠᠬᠢᠷᠤᠨ ᠬᠠᠮᠢᠶᠠᠷᠬᠤ ᠣᠷᠣᠨ
ᠪᠦᠬᠦ ᠰᠢᠶᠠᠨ᠎ᠤ ᠬᠡᠪᠴᠢᠶᠡᠨ᠎ᠳᠠᠬᠢ ᠣᠢ ᠭᠠᠵᠠᠷ᠂ ᠲᠠᠯ᠎ᠠ ᠨᠤᠲᠤᠭ᠂ ᠣᠶ ᠵᠢᠨ ᠪᠦᠰᠡ ᠵᠢᠴᠢ ᠣᠶ ᠵᠢᠨ ᠵᠠᠬ᠎ᠠ ᠵᠢᠨ 500 ᠮᠧᠲᠷ᠎ᠤᠨ ᠬᠡᠪᠴᠢᠶᠡᠨ᠎ᠳᠠᠬᠢ ᠣᠷᠣᠨ ᠪᠦᠰᠡ᠂ ᠡᠯᠡᠰᠦ ᠵᠢ ᠰᠡᠷᠭᠡᠶ᠋ᠢᠯᠡᠬᠦ ᠣᠶ ᠰᠢᠭᠤᠶ ᠵᠢᠨ ᠬᠠᠮᠢᠶᠠᠷᠤᠯᠲᠠ ᠵᠢᠨ ᠣᠷᠣᠨ᠂ ᠡᠯᠡᠰᠦᠨ ᠴᠦᠯ ᠣᠶ ᠰᠢᠭᠤᠢ ᠵᠢᠨ ᠲᠥᠪ᠎ᠤᠨ ᠬᠠᠮᠢᠶᠠᠷᠤᠯᠲᠠ ᠵᠢᠨ ᠣᠷᠣᠨ᠂ ᠳ᠋ᠸᠩᠺᠸᠦ ᠰᠢᠶᠠᠨ᠎ᠤ ᠨᠤᠭᠤ ᠭᠠᠵᠠᠷ᠎ᠤᠨ ᠴᠡᠴᠡᠷᠯᠢᠭ᠎ᠤᠨ ᠦᠢ᠍ᠯᠡᠴᠢᠯᠡᠭᠡᠨ᠎ᠤ ᠲᠥᠪ᠎ᠤᠨ ᠬᠠᠮᠢᠶᠠᠷᠴᠤ ᠬᠠᠮᠠᠭ᠋ᠠᠯᠠᠬᠤ ᠲᠣᠭᠣᠷᠢᠭ᠂ ᠬᠠᠲᠤᠨᠲᠤᠬᠤᠢ ᠵᠢᠨ ᠤᠯᠤᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠂ ᠭᠣᠣᠯᠳᠠᠯᠭ᠎ᠠ᠎ᠲᠠᠢ ᠠᠮᠢ ᠠᠬᠤᠶ ᠵᠢᠨ ᠢᠨᠵᠧᠨᠧᠷᠢᠩ᠎ᠤᠨ ᠪᠥᠳᠥᠭᠡᠨ ᠪᠠᠶ᠋ᠢᠭᠤᠯᠤᠯᠲᠠ ᠵᠢᠨ ᠣᠷᠣᠨ᠂ G6᠂ G7᠂ 110 ᠤᠯᠤᠰ᠎ᠤᠨ ᠵᠠᠮ᠂ 315 ᠮᠤᠵᠢ ᠵᠢᠨ ᠵᠠᠮ (ᠬᠠᠳᠤᠨ ᠭᠣᠣᠯ ᠳᠠᠭ᠋ᠠᠤ ᠵᠢᠨ ᠵᠠᠰᠠᠮᠠᠯ ᠵᠠᠮ)᠂ ᠡᠯᠡᠰᠦ ᠨᠡᠪᠲᠡᠯᠬᠦ ᠵᠠᠰᠠᠮᠠᠯ ᠵᠠᠮ᠎ᠤᠨ ᠬᠣᠶᠠᠷ ᠬᠠᠵᠠᠭᠤ ᠵᠢᠨ ᠤᠢ ᠵᠢᠨ ᠪᠦᠰᠡ᠂ ᠲᠡᠮᠥᠷ ᠵᠠᠮ ᠳᠠᠭ᠋ᠠᠤ ᠵᠢᠨ ᠬᠣᠶᠠᠷ ᠬᠠᠵᠠᠭᠤ ᠵᠢᠨ 200 ᠮᠧᠲᠷ᠎ᠤᠨ ᠬᠡᠪᠴᠢᠶᠡᠨ ᠳᠣᠲᠣᠷ᠎ᠠ᠂ ᠬᠤᠳᠠ ᠵᠢᠨ ᠲᠡᠬᠦᠷᠭᠡ ᠵᠢᠨ ᠨᠣᠭᠣᠭ᠋ᠠᠷᠠᠭᠤᠯᠤᠯᠲᠠ ᠵᠢᠨ ᠣᠷᠣᠨ᠂ ᠵᠢᠭᠤᠯᠴᠢᠯᠠᠯ᠎ᠤᠨ ᠦᠵᠡᠮᠵᠢ ᠵᠢᠨ ᠣᠷᠣᠨ᠂ ᠪᠥᠬᠥ ᠰᠢᠶᠠᠨ᠎ᠤ ᠬᠡᠪᠴᠢᠶᠡᠨ ᠳᠣᠲᠣᠷᠠᠬᠢ ᠬᠦᠴᠦᠳᠡᠯ ᠥᠭᠡᠷᠡᠴᠢᠯᠡᠬᠦ ᠥᠷᠳᠡᠭᠡ᠂ ᠴᠠᠬᠢᠯᠭ᠋ᠠᠨ ᠬᠦᠷᠭᠡᠬᠦ ᠬᠦᠴᠦᠳᠡᠯ ᠥᠭᠡᠷᠡᠴᠢᠯᠡᠬᠦ ᠱᠤᠭᠤᠮ᠎ᠤᠨ ᠬᠤᠨᠭ᠌ᠬᠢᠯ ᠵᠢᠴᠢ ᠡᠷᠬᠢᠨ ᠲᠣᠭᠣᠷᠢᠨ᠎ᠤ ᠬᠠᠷᠢᠶ᠎ᠠ ᠪᠥᠬᠥᠢ ᠴᠠᠬᠢᠯᠭ᠋ᠠᠨ ᠬᠦᠴᠦᠨ᠎ᠤ ᠪᠡᠯᠡᠳᠬᠡᠮᠵᠢ ᠵᠢᠨ ᠬᠠᠮᠠᠭ᠋ᠠᠯᠠᠯᠲᠠ᠂ ᠵᠠᠬᠢᠷᠤᠨ ᠬᠠᠮᠢᠶᠠᠷᠬᠤ ᠣᠷᠣᠨ᠃
ᠭᠤᠷᠪᠠ᠂ ᠭᠠᠯ ᠰᠡᠷᠭᠡᠶ᠋ᠢᠯᠡᠬᠦ ᠴᠢᠩᠭ᠎ᠠ ᠰᠡᠷᠭᠡᠶ᠋ᠢᠯᠡᠯᠲᠡ ᠵᠢᠨ ᠱᠠᠭ᠋ᠠᠷᠳᠠᠯᠭ᠎ᠠ
(ᠨᠢᠭᠡ) ᠭᠠᠯ ᠰᠡᠷᠭᠡᠶ᠋ᠢᠯᠡᠬᠦ ᠴᠢᠩᠭ᠎ᠠ ᠰᠡᠷᠭᠡᠶ᠋ᠢᠯᠡᠯᠲᠡ ᠵᠢᠨ ᠬᠤᠭᠤᠴᠠᠭ᠋ᠠᠨ᠎ᠳᠤ᠂ ᠭᠠᠯ ᠰᠡᠷᠭᠡᠶ᠋ᠢᠯᠡᠬᠦ ᠴᠢᠩᠭ᠎ᠠ ᠰᠡᠷᠭᠡᠶ᠋ᠢᠯᠡᠯᠲᠡ ᠵᠢᠨ ᠵᠠᠬᠢᠷᠤᠨ ᠬᠠᠮᠢᠶᠠᠷᠬᠤ ᠣᠷᠣᠨ᠎ᠤ ᠳᠣᠲᠣᠷ᠎ᠠ ᠵᠢᠴᠢ ᠵᠠᠬ᠎ᠠ ᠬᠦᠪᠡᠭᠡ ᠵᠢᠨ 500 ᠮᠧᠲᠷ᠎ᠤᠨ ᠳᠣᠲᠣᠷ᠎ᠠ᠂ ᠬᠡᠭᠡᠷ᠎ᠡ ᠭᠠᠳᠠᠨ᠎ᠠ ᠲᠠᠮᠠᠬᠢ ᠲᠠᠲᠠᠬᠤ᠂ ᠠᠳᠠᠷ ᠰᠢᠲᠠᠭ᠋ᠠᠬᠤ᠂ ᠬᠡᠭᠡᠷ᠎ᠡ ᠬᠣᠭᠣᠯᠠᠯᠠᠬᠤ᠂ ᠡᠰᠢ ᠰᠦᠷᠡᠯ ᠰᠢᠲᠠᠭ᠋ᠠᠬᠤ᠂ ᠬᠣᠭ ᠨᠣᠪᠰᠢ ᠰᠢᠲᠠᠭ᠋ᠠᠬᠤ᠂ ᠲᠠᠷᠢᠶᠠᠨ ᠲᠠᠯᠠᠩ ᠰᠢᠲᠠᠭ᠋ᠠᠬᠤ᠂ ᠪᠤᠯᠠᠰᠢᠨ᠎ᠳᠤ ᠭᠠᠷᠴᠤ ᠴᠠᠭ᠋ᠠᠰᠤ ᠰᠢᠲᠠᠭ᠋ᠠᠬᠤ᠂ ᠬᠤᠸᠠᠷ ᠫᠤᠤᠵᠢᠩ ᠲᠠᠯᠪᠢᠬᠤ ᠪᠠ ᠺᠦᠩᠮᠢᠩ ᠳ᠋ᠧᠩ ᠲᠠᠯᠪᠢᠬᠤ ᠵᠢᠴᠢ ᠤᠢ ᠰᠢᠭᠤᠶ ᠨᠤᠲᠤᠭ ᠪᠡᠯᠴᠢᠭᠡᠷ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ᠎ᠳᠤ ᠲᠦᠳᠡᠭ ᠭᠠᠯ᠎ᠤᠨ ᠦᠳᠡᠰᠢᠯᠡᠭᠡ᠂ ᠰᠢᠷᠠᠮᠠᠯ ᠵᠡᠷᠭᠡ ᠬᠡᠭᠡᠷ᠎ᠡ ᠭᠠᠳᠠᠨ᠎ᠠ ᠭᠠᠯ ᠬᠡᠷᠡᠭᠯᠡᠬᠦ ᠠᠯᠢᠪᠠ ᠠᠵᠢᠯᠯᠠᠭ᠎ᠠ ᠡᠷᠬᠢᠯᠡᠬᠥ ᠵᠢ ᠴᠢᠩᠭ᠎ᠠ ᠴᠠᠭ᠋ᠠᠵᠠᠯᠠᠨ᠎ᠠ᠂ ᠭᠠᠯ᠎ᠤᠨ ᠲᠦᠷᠦᠯ ᠪᠠ ᠨᠣᠴᠣᠮᠠᠲᠠᠭ᠋ᠠᠶ ᠳᠡᠯᠪᠡᠷᠡᠮᠡᠲᠡᠭᠡᠶ ᠪᠣᠳᠠᠰ᠎ᠢ ᠰᠢᠭᠤᠶ᠋ᠢᠲᠤ ᠣᠷᠣᠨ᠎ᠳᠤ ᠠᠪᠴᠤ ᠣᠷᠣᠬᠤ ᠵᠢ ᠴᠢᠩᠭ᠎ᠠ ᠴᠠᠭ᠋ᠠᠵᠠᠯᠠᠵᠤ᠂ ᠭᠠᠯ᠎ᠢ ᠰᠡᠷᠭᠡᠶ᠋ᠢᠯᠡᠬᠦ ᠠᠷᠭ᠎ᠠ ᠬᠡᠮᠵᠢᠶ᠎ᠡ ᠠᠪᠤᠭᠰᠠᠨ ᠦᠭᠡᠢ ᠪᠠ ᠭᠠᠯ᠎ᠢ ᠰᠡᠷᠭᠡᠶ᠋ᠢᠯᠡᠬᠦ ᠪᠠᠭ᠋ᠠᠵᠢ ᠬᠡᠷᠡᠭᠰᠡᠯ ᠲᠣᠬᠢᠷᠠᠭᠤᠯᠤᠭᠰᠠᠨ ᠦᠭᠡᠢ ᠲᠡᠷᠭᠡ ᠬᠥᠰᠬᠡ ᠵᠢᠨ ᠴᠢᠩᠭ᠎ᠠ ᠰᠡᠷᠭᠡᠶ᠋ᠢᠯᠡᠯᠲᠡ ᠵᠢᠨ ᠣᠷᠣᠨ᠎ᠳᠤ ᠣᠷᠣᠬᠤ ᠵᠢ ᠴᠢᠩᠭ᠎ᠠ ᠴᠠᠭ᠋ᠠᠵᠠᠯᠠᠵᠤ᠂ ᠵᠢᠯᠣᠭᠣᠴᠢ ᠪᠠ ᠰᠠᠭᠤᠳᠠᠯ᠎ᠤᠨ ᠠᠵᠢᠯᠳᠠᠨ ᠲᠠᠮᠠᠬᠢᠨ ᠤᠲᠤᠭ᠎ᠠ᠂ ᠭᠠᠯ᠎ᠤᠨ ᠲᠦᠷᠦᠯ ᠵᠡᠷᠭᠡ ᠨᠣᠴᠣᠮᠠᠲᠠᠭ᠋ᠠᠶ ᠪᠣᠳᠠᠰ᠎ᠢ ᠳᠤᠷ᠎ᠠ᠎ᠪᠠᠷ ᠵᠶ᠋ᠠᠨ ᠬᠠᠶᠠᠬᠤ ᠵᠢ ᠴᠢᠩᠭ᠎ᠠ ᠴᠠᠭ᠋ᠠᠵᠠᠯᠠᠨ᠎ᠠ; ᠪᠣᠯᠪᠠᠰᠤᠨ ᠵᠶ᠋ᠠᠷ ᠳᠠᠬᠢᠯᠭ᠎ᠠ ᠬᠢᠬᠦ ᠵᠢ ᠶᠡᠬᠡᠪᠡᠷ ᠰᠠᠨᠠᠭ᠋ᠠᠴᠢᠯᠠᠵᠤ᠂ ᠠᠯᠢᠪᠠ ᠭᠠᠯ᠎ᠤᠨ ᠭᠠᠮᠰᠢᠭ᠎ᠤᠨ ᠭᠡᠮ ᠰᠣᠭᠣᠭ᠎ᠢ ᠪᠦᠬᠦ ᠬᠦᠴᠦᠨ ᠵᠶ᠋ᠠᠷ ᠵᠶ᠋ᠠᠨ ᠠᠷᠢᠯᠭ᠋ᠠᠨ᠎ᠠ᠃
(ᠬᠣᠶᠠᠷ) ᠭᠠᠯ ᠰᠡᠷᠭᠡᠶ᠋ᠢᠯᠡᠬᠦ ᠴᠢᠩᠭ᠎ᠠ ᠰᠡᠷᠭᠡᠶ᠋ᠢᠯᠡᠯᠲᠡ ᠵᠢᠨ ᠣᠷᠣᠨ᠎ᠳᠤ ᠪᠠᠢ᠌ᠭ᠎ᠠ ᠦᠢ᠍ᠯᠡᠳᠪᠦᠷᠢᠯᠡᠯ᠂ ᠠᠮᠢᠳᠤᠷᠠᠯ᠎ᠳᠤ ᠡᠷᠬᠡᠪᠰᠢ ᠭᠠᠯ ᠬᠡᠷᠡᠭᠯᠡᠬᠦ ᠬᠡᠷᠡᠭᠲᠡᠶ ᠨᠢᠭᠡᠴᠡ ᠪᠣᠯᠤᠨ ᠬᠤᠪᠢ ᠬᠥᠮᠦᠨ ᠵᠠᠪᠠᠯ ᠰᠢᠶᠠᠨ᠎ᠤ ᠱᠠᠲᠤᠨ᠎ᠤ ᠤᠢ ᠰᠢᠭᠤᠶ ᠡᠪᠡᠰᠦ ᠪᠡᠯᠴᠢᠭᠡᠷ᠎ᠤᠨ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠦᠨ᠂ ᠭᠠᠯ ᠰᠡᠷᠭᠡᠶ᠋ᠢᠯᠡᠬᠦ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠭᠠᠯ ᠤᠨᠲᠠᠷᠠᠭ᠋ᠠᠬᠤ ᠪᠠᠭ᠋ᠠᠵᠢ ᠬᠡᠷᠡᠭᠰᠡᠯ᠎ᠢ ᠤᠷᠢᠳᠴᠢᠯᠠᠨ ᠪᠡᠯᠡᠳᠬᠡᠵᠦ᠂ ᠭᠠᠯ ᠤᠨᠲᠠᠷᠠᠭ᠋ᠠᠬᠤ ᠰᠡᠷᠭᠡᠶ᠋ᠢᠯᠡᠯᠲᠡ ᠵᠢᠨ ᠠᠷᠭ᠎ᠠ ᠬᠡᠮᠵᠢᠶ᠎ᠡ ᠵᠢ ᠰᠠᠶ᠋ᠢᠲᠤᠷ ᠨᠠᠶ᠋ᠢᠳᠠᠪᠤᠷᠢᠵᠢᠭᠤᠯᠬᠤ ᠬᠡᠷᠡᠭᠲᠡᠶ; ᠳᠥᠷᠪᠡᠳᠦᠭᠡᠷ ᠳᠡᠰ᠎ᠠᠴᠠ ᠳᠡᠭᠡᠭᠰᠢᠬᠢ ᠰᠠᠯᠬᠢᠨ᠎ᠤ ᠬᠦᠴᠦᠨ᠎ᠲᠠᠢ ᠴᠠᠭ ᠠᠭᠤᠷ᠎ᠲᠤ ᠣᠶ ᠵᠢᠨ ᠵᠠᠬ᠎ᠠ᠎ᠠᠴᠠ 500 ᠮᠧᠲᠷ᠎ᠤᠨ ᠬᠡᠪᠴᠢᠶᠡᠨ᠎ᠳᠤ ᠬᠡᠭᠡᠷ᠎ᠡ ᠭᠠᠳᠠᠨ᠎ᠠ ᠭᠠᠯ ᠬᠡᠷᠡᠭᠯᠡᠬᠦ ᠵᠢ ᠴᠢᠩᠭ᠎ᠠ ᠴᠠᠭ᠋ᠠᠵᠠᠯᠠᠨ᠎ᠠ᠃ ᠡᠳᠦᠷ ᠲᠤᠳᠦᠮ᠎ᠤᠨ ᠬᠡᠷᠡᠭᠯᠡᠭᠡᠨ᠎ᠤ ᠭᠠᠯᠳᠤ ᠡᠷᠬᠡᠪᠰᠢ ᠭᠠᠯ᠎ᠢ ᠰᠡᠷᠭᠡᠶ᠋ᠢᠯᠡᠬᠦ ᠲᠤᠰᠠᠭ᠋ᠠᠷᠯᠠᠬᠤ ᠪᠦᠰᠡ᠂ ᠦᠨᠡᠰᠦ ᠴᠢᠳᠬᠤᠬᠤ ᠨᠤᠢ᠍ᠭᠡ ᠵᠡᠷᠭᠡ ᠪᠠᠢ᠌ᠬᠤ ᠬᠡᠷᠡᠭᠲᠡᠶ᠂ ᠭᠠᠯ ᠴᠣᠭᠲᠠᠢ ᠦᠯᠡᠳᠡᠭᠰᠡᠨ ᠰᠢᠲᠠᠯᠲᠠ ᠵᠢᠨ ᠪᠣᠳᠠᠰ᠎ᠢ ᠭᠠᠯ᠎ᠢ ᠰᠡᠷᠭᠡᠶ᠋ᠢᠯᠡᠬᠦ ᠲᠤᠰᠠᠭ᠋ᠠᠷᠯᠠᠬᠤ ᠣᠷᠣᠨ᠎ᠤ ᠭᠠᠳᠠᠨ᠎ᠠ ᠠᠰᠬᠠᠬᠤ ᠵᠢ ᠴᠢᠩᠭ᠎ᠠ ᠴᠠᠭ᠋ᠠᠵᠠᠯᠠᠬᠤ ᠬᠡᠷᠡᠭᠲᠡᠶ᠃
(ᠭᠤᠷᠪᠠ) ᠬᠡᠤᠬᠡᠳ ᠪᠠ ᠮᠠᠯ ᠬᠠᠷᠢᠭᠤᠯᠤᠭᠴᠢᠳᠲᠤ ᠬᠢᠬᠦ ᠬᠥᠮᠦᠵᠢᠯ᠎ᠢ ᠴᠢᠩᠭ᠋ᠠᠳᠬᠠᠵᠤ᠂ ᠮᠡᠨᠡᠭ ᠵᠡᠷᠭᠡ ᠣᠨᠴᠣᠭᠣᠶ ᠬᠥᠮᠦᠰ᠎ᠢ ᠬᠢᠨᠠᠨ ᠬᠠᠮᠢᠶᠠᠷᠬᠤ ᠡᠷᠴᠢᠮ ᠵᠶ᠋ᠠᠨ ᠴᠢᠩᠭ᠋ᠠᠷᠠᠭᠤᠯᠵᠤ᠂ ᠭᠠᠯ ᠵᠶ᠋ᠠᠷ ᠨᠠᠭ᠋ᠠᠳᠬᠤ᠂ ᠭᠠᠯ ᠠᠯᠳᠠᠭᠰᠠᠨ᠎ᠠᠴᠠ ᠪᠣᠯᠵᠣ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠤᠨ ᠭᠠᠮᠰᠢᠭ ᠡᠭᠦᠰᠬᠦ ᠵᠢ ᠴᠢᠩᠭ᠎ᠠ ᠰᠡᠷᠭᠡᠶ᠋ᠢᠯᠡᠬᠦ ᠬᠡᠷᠡᠭᠲᠡᠶ᠃
(ᠳᠥᠷᠪᠡ) ᠡᠯ᠎ᠡ ᠰᠤᠮᠤ ᠪᠠᠯᠭ᠋ᠠᠰᠤ᠂ ᠲᠠᠷᠢᠶᠠᠯᠠᠩ᠎ᠤᠨ ᠲᠠᠯᠠᠪᠠᠶ ᠵᠢᠨ ᠺᠣᠮᠫᠠᠨᠢ᠂ ᠡᠯᠡᠰᠦᠨ ᠴᠦᠯ ᠣᠶ ᠰᠢᠭᠤᠢ ᠵᠢᠨ ᠲᠥᠪ᠂ ᠣᠶ ᠰᠢᠭᠤᠶ ᠵᠢᠨ ᠬᠠᠮᠢᠶᠠᠷᠤᠨ ᠬᠠᠮᠠᠭ᠋ᠠᠯᠠᠬᠤ ᠲᠥᠪ ᠵᠢᠴᠢ ᠣᠶ ᠰᠢᠭᠤᠶ ᠨᠤᠲᠤᠭ ᠪᠡᠯᠴᠢᠭᠡᠷ᠎ᠤᠨ ᠰᠡᠷᠭᠡᠶ᠋ᠢᠯᠡᠨ ᠭᠠᠯ ᠤᠨᠲᠠᠷᠠᠭ᠋ᠠᠬᠤ ᠬᠠᠮᠢᠶ᠎ᠠ ᠪᠥᠬᠥᠶ ᠨᠢᠭᠡᠴᠡ᠎ᠨᠦᠭᠦᠳ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠣᠶ ᠰᠢᠭᠤᠶ ᠵᠢᠨ ᠬᠠᠤᠯᠢ》 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠤᠲᠤᠭ ᠪᠡᠯᠴᠢᠭᠡᠷ᠎ᠤᠨ ᠬᠠᠤᠯᠢ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠲᠦᠷᠢᠮ》 ᠵᠡᠷᠭᠡ ᠬᠣᠯᠪᠣᠭᠳᠠᠯ ᠪᠥᠬᠥᠶ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠬᠢᠨᠠᠮᠠᠭ᠋ᠠᠶ ᠲᠤᠭᠤᠰᠢᠯᠠᠭᠤᠯᠤᠨ ᠬᠡᠷᠡᠭᠵᠢᠭᠦᠯᠬᠦ ᠬᠡᠷᠡᠭᠲᠡᠶ᠃ ᠭᠠᠯ ᠰᠡᠷᠭᠡᠶ᠋ᠢᠯᠡᠬᠦ ᠮᠡᠳᠡᠯᠭᠡ ᠵᠢᠨ ᠤᠬᠠᠭᠤᠯᠭ᠎ᠠ ᠬᠥᠮᠦᠵᠢᠯ ᠪᠣᠯᠤᠨ ᠭᠠᠯ ᠲᠦᠢ᠍ᠮᠡᠷ᠎ᠤᠨ ᠪᠠᠶ᠋ᠢᠳᠠᠯ᠎ᠢ ᠬᠢᠨᠠᠨ ᠬᠡᠮᠵᠢᠵᠦ ᠲᠣᠭᠣᠷᠢᠨ ᠪᠠᠶ᠋ᠢᠴᠠᠭ᠋ᠠᠬᠤ ᠡᠷᠴᠢᠮ ᠵᠶ᠋ᠠᠨ ᠦᠨᠡᠨᠬᠦ ᠴᠢᠩᠭ᠋ᠠᠷᠠᠭᠤᠯᠵᠤ᠂ ᠡᠯ᠎ᠡ ᠵᠦᠢ᠍ᠯ᠎ᠤᠨ ᠣᠶ ᠰᠢᠭᠤᠶ ᠨᠤᠲᠤᠭ ᠪᠡᠯᠴᠢᠭᠡᠷ᠎ᠤᠨ ᠰᠡᠷᠭᠡᠶ᠋ᠢᠯᠡᠨ ᠭᠠᠯ ᠤᠨᠲᠠᠷᠠᠭ᠋ᠠᠬᠤ ᠬᠠᠷᠢᠭᠤᠴᠠᠯᠭ᠎ᠠ ᠵᠢᠨ ᠳᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠨ ᠤᠨᠲᠠᠷᠠᠭ᠋ᠠᠬᠤ ᠠᠵᠢᠯ᠎ᠢ 24 ᠴᠠᠭ ᠵᠶ᠋ᠠᠷ ᠤᠳᠤᠷᠢᠳᠤᠯᠭ᠎ᠠ ᠳᠠᠭ᠋ᠠᠭᠤᠯᠤᠨ ᠵᠢᠵᠢᠭᠦᠷᠯᠡᠵᠦ ᠰᠠᠬᠢᠬᠤ ᠳᠦᠷᠢᠮ᠎ᠢ ᠬᠡᠷᠡᠭᠵᠢᠭᠦᠯᠵᠦ᠂ ᠭᠣᠣᠯ ᠤᠳᠤᠷᠢᠳᠤᠯᠭ᠎ᠠ ᠤᠢ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠨ ᠤᠨᠲᠠᠷᠠᠭ᠋ᠠᠬᠤ ᠠᠵᠢᠯ᠎ᠢ ᠪᠡᠶ᠎ᠡ᠎ᠪᠠᠷ ᠵᠶ᠋ᠠᠨ ᠲᠣᠬᠢᠷᠠᠭᠤᠯᠤᠨ ᠪᠠᠶ᠋ᠢᠷᠢᠯᠠᠭᠤᠯᠬᠤ ᠪᠠ ᠪᠠᠶ᠋ᠢᠴᠠᠭ᠋ᠠᠵᠤ ᠨᠠᠶ᠋ᠢᠳᠠᠪᠤᠷᠢᠵᠢᠭᠤᠯᠤᠨ᠂ ᠭᠠᠯ ᠰᠡᠷᠭᠡᠶ᠋ᠢᠯᠡᠨ ᠤᠨᠲᠠᠷᠠᠭ᠋ᠠᠬᠤ ᠬᠥᠳᠡᠯᠦᠯ ᠪᠠᠶ᠋ᠢᠳᠠᠯ᠎ᠢ ᠴᠠᠭ ᠲᠤᠬᠠᠶ᠎ᠳᠤᠨᠢ ᠡᠵᠡᠮᠰᠢᠵᠦ᠂ ᠭᠠᠯ ᠰᠡᠷᠭᠡᠶ᠋ᠢᠯᠡᠨ ᠤᠨᠲᠠᠷᠠᠭ᠋ᠠᠬᠤ ᠠᠵᠢᠯ᠎ᠤᠨ ᠳᠤᠮᠳᠠ ᠭᠠᠷᠤᠭᠰᠠᠨ ᠡᠯ᠎ᠡ ᠵᠦᠢ᠍ᠯ᠎ᠤᠨ ᠠᠰᠠᠭᠤᠳᠠᠯ᠎ᠢ ᠴᠠᠭ ᠲᠤᠬᠠᠶ᠎ᠳᠤᠨᠢ ᠰᠢᠢ᠍ᠳᠪᠦᠷᠢᠯᠡᠵᠦ᠂ ᠬᠡᠷᠪᠡ ᠬᠦᠨᠳᠦ ᠶᠡᠬᠡ ᠭᠠᠯ᠎ᠤᠨ ᠪᠠᠶ᠋ᠢᠳᠠᠯ ᠲᠣᠬᠢᠶᠠᠯᠳᠤᠪᠠᠯ ᠲᠤᠬᠠᠶ ᠵᠢᠨ ᠲᠠᠯᠠᠪᠤᠷ᠎ᠲᠤ ᠪᠡᠶ᠎ᠡ᠎ᠪᠠᠷ ᠵᠶ᠋ᠠᠨ ᠬᠦᠷᠴᠦ ᠭᠠᠯ ᠤᠨᠲᠠᠷᠠᠭ᠋ᠠᠬᠤ ᠵᠢ ᠵᠣᠬᠢᠶᠠᠨ ᠪᠠᠶ᠋ᠢᠭᠤᠯᠤᠨ ᠵᠢᠯᠣᠭᠣᠳᠴᠤ᠂ ᠳ᠋ᠸᠩᠺᠸᠦ ᠰᠢᠶᠠᠨ᠎ᠤ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠶ᠃
(ᠲᠠᠪᠤ) ᠡᠯ᠎ᠡ ᠭᠣᠣᠯᠳᠠᠯᠭ᠎ᠠ᠎ᠲᠠᠢ ᠪᠦᠷᠢᠯᠳᠦᠬᠦᠨ ᠨᠢᠭᠡᠴᠡ᠎ᠨᠦᠭᠦᠳ 《ᠬᠥᠮᠦᠨ ᠵᠶ᠋ᠠᠷ ᠰᠠᠭᠤᠷᠢ ᠪᠣᠯᠭ᠋ᠠᠬᠤ᠂ ᠰᠢᠨᠵᠢᠯᠡᠬᠦ ᠤᠬᠠᠭ᠋ᠠᠨᠴᠢ᠎ᠪᠠᠷ ᠭᠠᠯ ᠰᠡᠷᠭᠡᠶ᠋ᠢᠯᠡᠬᠦ》 ᠵᠠᠷᠴᠢᠮ᠎ᠢ ᠬᠢᠨᠠᠮᠠᠭ᠋ᠠᠶ ᠲᠤᠭᠤᠰᠢᠯᠠᠭᠤᠯᠤᠨ᠂ 《ᠰᠡᠷᠭᠡᠶ᠋ᠢᠯᠡᠬᠦ᠎ᠪᠠᠷ ᠭᠣᠣᠯ ᠪᠣᠯᠭ᠋ᠠᠬᠤ᠂ ᠢᠳᠡᠪᠬᠢᠲᠡᠶ᠎ᠪᠠᠷ ᠤᠰᠠᠳᠬᠠᠬᠤ᠂ ᠰᠡᠷᠭᠡᠶ᠋ᠢᠯᠡᠬᠦ ᠤᠨᠲᠠᠷᠠᠭ᠋ᠠᠬᠤ ᠵᠢ ᠤᠶᠠᠯᠳᠤᠭᠤᠯᠬᠤ》 ᠴᠢᠭᠯᠡᠯᠲᠡ ᠵᠢ ᠪᠠᠷᠢᠮᠲᠠᠯᠠᠨ᠂ ᠭᠠᠯ ᠤᠨᠲᠠᠷᠠᠭ᠋ᠠᠬᠤ ᠭᠣᠣᠯᠯᠠᠭᠴᠢ ᠬᠦᠴᠦᠨ᠎ᠢ ᠭᠠᠯ ᠰᠡᠷᠭᠡᠶ᠋ᠢᠯᠡᠬᠦ ᠨᠢᠭᠡᠳᠦᠭᠡᠷ ᠹᠷᠣᠨᠲ᠎ᠲᠤ ᠪᠠᠶ᠋ᠢᠷᠢᠯᠠᠭᠤᠯᠵᠤ᠂ ᠪᠠᠶ᠋ᠢᠯᠳᠤᠭ᠋ᠠᠨ᠎ᠤ ᠡᠮᠦᠨᠡᠬᠢ ᠪᠠᠶ᠋ᠢᠳᠠᠯ᠎ᠢ ᠴᠠᠭ ᠢᠮᠠᠭᠲᠠ ᠪᠠᠲᠤᠯᠠᠵᠤ᠂ ᠭᠠᠯ ᠤᠨᠲᠠᠷᠠᠭ᠋ᠠᠵᠤ ᠠᠶᠤᠯ᠎ᠠᠴᠠ ᠠᠪᠤᠷᠠᠬᠤ ᠡᠯ᠎ᠡ ᠵᠦᠢ᠍ᠯ᠎ᠤᠨ ᠪᠡᠯᠡᠳᠬᠡᠯ ᠠᠵᠢᠯ᠎ᠢ ᠦᠨᠡᠨᠬᠦ ᠰᠠᠶ᠋ᠢᠲᠤᠷ ᠬᠢᠬᠦ ᠬᠡᠷᠡᠭᠲᠡᠶ᠃
(ᠵᠢᠷᠭᠤᠭ᠎ᠠ) ᠭᠠᠯ ᠰᠡᠷᠭᠡᠶ᠋ᠢᠯᠡᠬᠦ ᠴᠢᠩᠭ᠎ᠠ ᠰᠡᠷᠭᠡᠶ᠋ᠢᠯᠡᠯᠲᠡ ᠵᠢᠨ ᠬᠤᠭᠤᠴᠠᠭ᠋ᠠᠨ᠎ᠳᠤ᠂ ᠲᠣᠭᠲᠠᠭ᠋ᠠᠯ᠎ᠠᠴᠠ ᠵᠥᠷᠢᠴᠡᠨ ᠭᠠᠯ ᠰᠡᠷᠭᠡᠶ᠋ᠢᠯᠡᠬᠦ ᠴᠢᠩᠭ᠎ᠠ ᠰᠡᠷᠭᠡᠶ᠋ᠢᠯᠡᠯᠲᠡ ᠵᠢᠨ ᠬᠠᠮᠢᠶᠠᠷᠤᠯᠲᠠ ᠵᠢᠨ ᠣᠷᠣᠨ᠎ᠳᠤ ᠳᠤᠷ᠎ᠠ᠎ᠪᠠᠷ ᠵᠶ᠋ᠠᠨ ᠣᠷᠣᠵᠤ ᠭᠠᠯ ᠬᠡᠷᠡᠭᠯᠡᠭᠰᠡᠨ᠂ ᠡᠨᠳᠡᠯ᠎ᠠᠴᠠ ᠪᠣᠯᠵᠤ ᠭᠠᠯ ᠭᠠᠷᠤᠭᠰᠠᠨ᠂ ᠵᠣᠷᠢᠭᠤᠳᠠ ᠭᠠᠯ ᠲᠠᠯᠪᠢᠭᠰᠠᠨ᠂ ᠭᠠᠯ ᠰᠡᠷᠭᠡᠶ᠋ᠢᠯᠡᠨ ᠤᠨᠲᠠᠷᠠᠭ᠋ᠠᠬᠤ ᠵᠢᠯᠣᠭᠣᠳᠣᠯᠭ᠎ᠠ ᠵᠢ ᠳᠠᠭ᠋ᠠᠬᠤ ᠦᠭᠡᠶ᠂ ᠭᠠᠯ ᠤᠨᠲᠠᠷᠠᠭ᠋ᠠᠵᠤ ᠠᠶᠤᠯ᠎ᠠᠴᠠ ᠠᠪᠤᠷᠠᠬᠤ ᠵᠢ ᠨᠥᠯᠥᠭᠡᠯᠡᠭᠰᠡᠨ ᠪᠠᠶ᠋ᠢᠪᠠᠯ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠮᠤᠷ᠎ᠢ ᠬᠠᠮᠠᠭ᠋ᠠᠯᠠᠬᠤ ᠠᠵᠢᠯ᠎ᠤᠨ ᠬᠠᠮᠢᠶᠠᠷᠤᠯᠲᠠ ᠵᠢᠨ ᠰᠢᠢ᠍ᠳᠬᠡᠯ᠎ᠤᠨ ᠬᠠᠤᠯᠢ》 《ᠣᠶ ᠰᠢᠭᠤᠶ ᠵᠢᠨ ᠭᠠᠯ ᠰᠡᠷᠭᠡᠶ᠋ᠢᠯᠡᠬᠦ ᠲᠦᠷᠢᠮ》 《ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠲᠦᠷᠢᠮ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠲᠦᠷᠢᠮ》 ᠵᠡᠷᠭᠡ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠤᠨ ᠶᠣᠰᠣᠭ᠋ᠠᠷ᠂ ᠦᠢ᠍ᠯᠡ ᠪᠠᠶ᠋ᠢᠳᠠᠯ᠎ᠤᠨ ᠬᠦᠨᠳᠦ ᠬᠥᠩᠭᠡᠨ᠎ᠢ ᠦᠵᠡᠵᠦ ᠪᠠᠶ᠋ᠢᠭ᠋ᠠᠳ ᠬᠣᠯᠪᠣᠭᠳᠠᠯ ᠪᠥᠬᠥᠶ ᠨᠢᠭᠡᠴᠡ ᠪᠤᠶᠤ ᠬᠤᠪᠢ ᠬᠥᠮᠦᠨ᠎ᠳᠤ ᠵᠠᠰᠠᠭ ᠵᠠᠬᠢᠷᠭ᠋ᠠᠨ᠎ᠤ ᠰᠢᠢ᠍ᠳᠬᠡᠯ ᠥᠭᠴᠦ᠂ ᠶᠠᠯ᠎ᠠ ᠪᠣᠯᠵᠣ ᠪᠦᠷᠢᠯᠳᠦᠭᠰᠡᠨ ᠪᠠᠶ᠋ᠢᠪᠠᠯ ᠬᠠᠤᠯᠢ ᠶᠣᠰᠣᠭ᠋ᠠᠷ ᠡᠷᠡᠭᠦᠤ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
(ᠳᠣᠯᠣᠭ᠎ᠠ) ᠪᠤᠶ ᠪᠦᠬᠦᠢ ᠨᠢᠭᠡᠴᠡ ᠪᠣᠯᠤᠨ ᠬᠤᠪᠢ ᠬᠥᠮᠦᠨ ᠠᠶᠤᠯ ᠦᠭᠡᠶ᠎ᠪᠠᠷ ᠭᠠᠯ ᠬᠡᠷᠡᠭᠯᠡᠬᠦ ᠲᠣᠭᠲᠠᠭ᠋ᠠᠯ᠎ᠢ ᠤᠬᠠᠮᠰᠠᠷ᠎ᠠᠴᠠ᠎ᠪᠠᠨ ᠵᠢᠷᠤᠮᠯᠠᠨ ᠰᠠᠬᠢᠵᠤ᠂ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠤᠨ ᠭᠠᠮᠰᠢᠭ᠎ᠢ ᠣᠯᠵᠤ ᠮᠡᠳᠡᠪᠡᠯ᠂ ᠳᠠᠷᠤᠶ ᠲᠦᠷᠭᠡᠨ ᠣᠶ ᠰᠢᠭᠤᠶ ᠨᠤᠲᠤᠭ ᠪᠡᠯᠴᠢᠭᠡᠷ᠎ᠤᠨ ᠲᠦᠢ᠍ᠮᠡᠷ᠎ᠤᠨ ᠪᠠᠶ᠋ᠢᠳᠠᠯ᠎ᠢ ᠮᠡᠳᠡᠭᠦᠯᠬᠦ ᠤᠲᠠᠰᠤ (12119) ᠤᠷᠤᠭᠤ ᠤᠲᠠᠰᠤᠳᠠᠵᠤ᠂ ᠡᠭᠦᠨ᠎ᠤ ᠬᠠᠮᠲᠤ ᠬᠠᠷᠢᠶ᠎ᠠ ᠭᠠᠵᠠᠷ᠎ᠤᠨ ᠰᠤᠮᠤ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠂ ᠲᠠᠷᠢᠶᠠᠯᠠᠩ᠎ᠤᠨ ᠲᠠᠯᠠᠪᠠᠶ ᠵᠢᠨ ᠺᠣᠮᠫᠠᠨᠢ᠎ᠳᠤ ᠮᠡᠳᠡᠭᠦᠯᠵᠦ᠂ ᠶᠠᠮᠠᠷᠪᠠ ᠨᠢᠭᠡᠴᠡ ᠪᠣᠯᠤᠨ ᠬᠤᠪᠢ ᠬᠥᠮᠦᠨ ᠣᠶ ᠰᠢᠭᠤᠶ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠤᠨ ᠪᠠᠶ᠋ᠢᠳᠠᠯ᠎ᠢ ᠣᠯᠵᠤ ᠮᠡᠳᠡᠪᠡᠯ᠂ ᠴᠠᠭ ᠲᠤᠬᠠᠶ᠎ᠳᠤᠨᠢ ᠰᠢᠶᠠᠨ᠎ᠤ ᠭᠠᠯ ᠰᠡᠷᠭᠡᠶ᠋ᠢᠯᠡᠨ ᠭᠠᠯ ᠤᠨᠲᠠᠷᠠᠭ᠋ᠠᠬᠤ ᠠᠵᠢᠯ᠎ᠤᠨ ᠵᠢᠯᠣᠭᠣᠳᠬᠤ ᠭᠠᠵᠠᠷ᠎ᠤᠨ ᠠᠯᠪᠠᠨ ᠬᠡᠷ᠎ᠲᠤ ᠮᠡᠳᠡᠭᠦᠯᠬᠦ ᠬᠡᠷᠡᠭᠲᠡᠶ (ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠯᠲᠡ ᠵᠢᠨ ᠲᠦᠭᠰᠢᠭᠦᠷᠢ ᠮᠡᠳᠡᠭᠡᠯᠡᠬᠦ ᠤᠲᠠᠰᠤ᠄ 0478 — 4269096)᠂ ᠶᠠᠮᠠᠷᠪᠠ ᠨᠢᠭᠡᠴᠡ ᠪᠣᠯᠤᠨ ᠬᠤᠪᠢ ᠬᠥᠮᠦᠨ ᠲᠦᠭᠰᠢᠭᠦᠷᠢ ᠮᠡᠳᠡᠭᠦᠯᠬᠦ᠎ᠳᠤ ᠨᠥᠬᠥᠴᠡᠯ ᠥᠬᠡᠶ᠎ᠪᠠᠷ ᠲᠥᠬᠥᠮ ᠦᠵᠡᠭᠦᠯᠵᠦ᠂ ᠣᠶ ᠰᠢᠭᠤᠶ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠤᠨ ᠪᠠᠶ᠋ᠢᠳᠠᠯ᠎ᠢ ᠬᠤᠳᠠᠯ ᠵᠶ᠋ᠠᠷ ᠮᠡᠳᠡᠭᠦᠯᠬᠦ ᠪᠠ ᠳᠤᠷ᠎ᠠ᠎ᠪᠠᠷ ᠵᠶ᠋ᠠᠨ ᠮᠡᠳᠡᠭᠦᠯᠬᠦ ᠵᠢ ᠴᠠᠭ᠋ᠠᠵᠠᠯᠠᠵᠤ᠂ ᠲᠡᠷᠡ ᠳᠠᠷᠤᠶᠳᠤᠨᠢ ᠭᠠᠯ ᠭᠠᠷᠤᠭᠰᠠᠨ ᠭᠠᠵᠠᠷ᠎ᠲᠤ ᠬᠦᠷᠴᠦ ᠰᠢᠨᠵᠢᠯᠡᠬᠦ ᠤᠬᠠᠭ᠋ᠠᠨᠴᠢ᠎ᠪᠠᠷ ᠭᠠᠯ ᠤᠨᠲᠠᠷᠠᠭ᠋ᠠᠨᠠ᠃
ᠲᠤᠰ ᠵᠠᠷᠯᠠᠯ᠎ᠢ ᠨᠡᠶ᠋ᠢᠲᠡᠯᠡᠭᠰᠡᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
ᠳ᠋ᠧᠩᠺᠧᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ
2023 ᠣᠨ᠎ᠤ 9 ᠰᠠᠷ᠎ᠠ ᠵᠢᠨ 22᠎ᠤᠨ ᠡᠳᠦᠷ
ᠢᠷᠡᠯᠲᠡ᠄ ᠲᠤᠰ ᠰᠦᠯᠵᠢᠶ᠎ᠡ