ᠠᠯᠪᠠᠨ ᠮᠠᠳᠡᠭᠡ 2023  -   ᠵᠠᠰᠠᠭ᠎ᠤᠨ ᠤᠷᠳᠥᠨ᠎ᠤ ᠠᠯᠪᠠᠨ ᠮᠠᠳᠡᠭᠡ

ᠳ᠋ᠸᠩᠺᠸᠤ ᠰᠢᠶᠠᠨ᠎ᠤ ᠡᠳ᠋᠎ᠤᠨ ᠵᠠᠰᠠᠭ᠎ᠤᠨ ᠲᠣᠪᠴᠢᠶᠠᠨ᠎ᠤ ᠭᠣᠣᠯᠴᠢ᠎ᠪᠠᠷ ᠥᠷᠢᠰᠥᠯᠳᠦᠬᠦ ᠵᠢ ᠬᠢᠨᠠᠨ ᠪᠠᠶ᠋ᠢᠴᠠᠭ᠋ᠠᠬᠤ ᠵᠠᠭ᠋ᠠᠯᠳᠤᠬᠤ ᠢᠯᠡᠴᠢᠯᠡᠨ ᠮᠡᠳᠡᠭᠦᠯᠬᠦ ᠵᠢ ᠬᠦᠯᠢᠶᠡᠨ ᠠᠪᠴᠤ ᠰᠢᠢ᠍ᠳᠪᠦᠷᠢᠯᠡᠬᠦ ᠬᠠᠷᠢᠭᠤ ᠥᠭᠬᠦ ᠲᠣᠭᠲᠠᠴᠠ ᠵᠢᠨ ᠲᠤᠬᠠᠶ ᠠᠯᠪᠠᠨ ᠵᠠᠷ

ᠨᠡᠶ᠋ᠢᠲᠡᠯᠡᠭᠰᠡᠨ ᠴᠠᠭ᠄   2023-11-09

      ᠭᠣᠣᠯᠴᠢ᠎ᠪᠠᠷ ᠥᠷᠢᠰᠥᠯᠳᠦᠬᠦ ᠵᠢ ᠬᠢᠨᠠᠨ ᠪᠠᠶ᠋ᠢᠴᠠᠭ᠋ᠠᠬᠤ ᠪᠣᠯ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ᠂ ᠭᠣᠣᠯᠴᠢ᠎ᠪᠠᠷ ᠥᠷᠢᠰᠥᠯᠳᠦᠬᠦ ᠵᠢ ᠬᠠᠮᠠᠭ᠋ᠠᠯᠠᠬᠤ ᠴᠢᠬᠤᠯᠠ ᠲᠦᠷᠢᠮ ᠮᠥᠨ᠃ 《ᠭᠣᠣᠯᠴᠢ᠎ᠪᠠᠷ ᠥᠷᠢᠰᠥᠯᠳᠦᠬᠦ ᠵᠢ ᠬᠢᠨᠠᠨ ᠪᠠᠶ᠋ᠢᠴᠠᠭ᠋ᠠᠬᠤ ᠠᠵᠢᠯ᠎ᠢ ᠤᠯᠠᠮ ᠨᠢᠭᠡ ᠠᠯᠬᠤᠮ ᠳᠥᠯᠭᠢᠨ ᠠᠬᠢᠭᠤᠯᠬᠤ ᠲᠤᠬᠠᠶ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ ᠵᠡᠷᠭᠡ ᠳᠥᠷᠪᠡᠨ ᠰᠠᠯᠠᠭ᠎ᠠ ᠮᠥᠴᠢᠷ᠎ᠤᠨ ᠮᠡᠳᠡᠭᠳᠡᠯ》 (ᠤᠯᠤᠰ ᠵᠠᠬ᠎ᠠ ᠬᠢᠨᠠᠯᠲᠠ ᠬᠠᠮᠢᠶᠠᠷᠤᠯᠲᠠ ᠭᠠᠭᠴᠠᠭ᠋ᠠᠷ ᠡᠵᠡᠮᠰᠢᠯ᠎ᠢ ᠡᠰᠡᠷᠭᠦᠴᠡᠬᠦ [2020] 73 ᠳ᠋ᠤᠭ᠋ᠠᠷ ᠲᠣᠭ᠋ᠠᠲᠤ)᠎ᠤᠨ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠥᠯᠥᠭᠡ᠂ 《ᠳ᠋ᠸᠩᠺᠸᠤ ᠰᠢᠶᠠᠨ᠎ᠤ ᠭᠣᠣᠯᠴᠢ᠎ᠪᠠᠷ ᠥᠷᠢᠰᠥᠯᠳᠦᠬᠦ ᠵᠢ ᠬᠢᠨᠠᠨ ᠪᠠᠶ᠋ᠢᠴᠠᠭ᠋ᠠᠬᠤ ᠵᠠᠭ᠋ᠠᠯᠳᠤᠬᠤ ᠢᠯᠡᠴᠢᠯᠡᠨ ᠮᠡᠳᠡᠭᠦᠯᠬᠦ ᠵᠢ ᠬᠦᠯᠢᠶᠡᠨ ᠠᠪᠴᠤ ᠰᠢᠢ᠍ᠳᠪᠦᠷᠢᠯᠡᠬᠦ ᠬᠠᠷᠢᠭᠤ ᠥᠭᠬᠦ ᠲᠣᠭᠲᠠᠴᠠ》 ᠵᠢ ᠨᠠᠶ᠋ᠢᠳᠠᠪᠤᠷᠢᠵᠢᠭᠤᠯᠬᠤ ᠵᠢ ᠠᠬᠢᠭᠤᠯᠵᠤ᠂ ᠨᠡᠶ᠋ᠢᠭᠡᠮ᠎ᠤᠨ ᠬᠢᠨᠠᠯᠲᠠ ᠲᠠᠯᠪᠢᠬᠤ ᠦᠢ᠍ᠯᠡᠳᠦᠯ᠎ᠢ ᠦᠨᠡᠨᠬᠦ ᠪᠠᠳᠠᠷᠠᠭᠤᠯᠵᠤ᠂ ᠥᠷᠢᠰᠥᠯᠳᠦᠭᠡᠨ᠎ᠢ ᠭᠠᠳᠠᠭᠤᠷᠴᠢᠯᠠᠬᠤ ᠵᠢ ᠪᠦᠲᠦᠮᠵᠢᠲᠡᠢ ᠰᠡᠷᠭᠡᠶ᠋ᠢᠯᠡᠨ ᠬᠢᠵᠠᠭ᠋ᠠᠷᠯᠠᠬᠤ ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠡ ᠵᠢ ᠨᠡᠶ᠋ᠢᠲᠡᠯᠡᠪᠡ᠃ ᠳ᠋ᠸᠩᠺᠸᠦ ᠰᠢᠶᠠᠨ᠎ᠤ ᠡᠳ᠋᠎ᠤᠨ ᠵᠠᠰᠠᠭ᠎ᠤᠨ ᠲᠣᠪᠴᠢᠶ᠎ᠠ ᠵᠢᠨ ᠭᠣᠣᠯᠴᠢ᠎ᠪᠠᠷ ᠥᠷᠢᠰᠥᠯᠳᠦᠬᠦ ᠵᠢ ᠬᠢᠨᠠᠨ ᠪᠠᠶ᠋ᠢᠴᠠᠭ᠋ᠠᠬᠤ ᠵᠠᠭ᠋ᠠᠯᠳᠤᠬᠤ ᠢᠯᠡᠴᠢᠯᠡᠨ ᠮᠡᠳᠡᠭᠦᠯᠬᠦ ᠵᠢ ᠭᠥᠯᠢᠶᠡᠨ ᠠᠪᠴᠤ ᠰᠢᠢ᠍ᠳᠪᠦᠷᠢᠯᠡᠬᠦ ᠬᠣᠯᠪᠣᠭᠳᠠᠯ ᠪᠥᠬᠥᠶ ᠤᠴᠢᠷ ᠶᠠᠪᠤᠳᠠᠯ᠎ᠳᠤ ᠬᠠᠷᠢᠭᠤ ᠥᠭᠬᠦ ᠲᠤᠬᠠᠶ ᠣᠲᠣ ᠳᠣᠤᠷᠠᠬᠢ ᠮᠡᠲᠦ ᠵᠠᠷᠯᠠᠶ᠎ᠠ᠄
      ᠨᠢᠭᠡ᠂ ᠬᠦᠯᠢᠶᠡᠨ ᠠᠪᠴᠤ ᠰᠢᠢ᠍ᠳᠪᠦᠷᠢᠯᠡᠬᠦ ᠬᠦᠷᠢᠶ᠎ᠡ ᠬᠡᠪᠴᠢᠶ᠎ᠡ
      ᠠᠷᠠᠳ ᠢᠷᠭᠡᠨ᠂ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ᠎ᠠᠴᠠ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠵᠠᠬ᠎ᠠ ᠳᠡᠯᠭᠡᠭᠦᠷ᠎ᠲᠤ ᠣᠷᠣᠬᠤ ᠵᠢ ᠵᠥᠪᠰᠢᠶᠡᠷᠡᠬᠦ᠂ ᠠᠵᠤ ᠦᠢ᠍ᠯᠡᠰ᠎ᠤᠨ ᠬᠥᠭᠵᠢᠯᠲᠡ᠂ ᠡᠵᠡᠩᠨᠡᠯᠲᠡ ᠵᠢᠨ ᠦᠢ᠍ᠯᠡ ᠠᠵᠢᠯᠯᠠᠭ᠎ᠠ ᠵᠢᠨ ᠵᠢᠷᠤᠮᠵᠢᠯ᠂ ᠬᠢᠷᠢ ᠬᠡᠮ᠎ᠤᠨ ᠪᠠᠷᠢᠮᠵᠢᠶ᠎ᠠ ᠵᠡᠷᠭᠡ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠠᠵᠤ ᠠᠬᠤᠶ ᠵᠢᠨ ᠠᠵᠢᠯᠯᠠᠭ᠎ᠠ᠎ᠳᠤ ᠬᠣᠯᠪᠣᠭᠳᠠᠭᠰᠠᠨ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ ᠪᠠ ᠪᠤᠰᠤᠳ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢᠨ ᠳᠣᠲᠣᠷ᠎ᠠ᠂ ᠭᠣᠤᠯᠴᠢ ᠥᠷᠢᠰᠥᠯᠳᠦᠭᠡᠨ᠎ᠤ ᠬᠢᠨᠠᠨ ᠪᠠᠶ᠋ᠢᠴᠠᠭ᠋ᠠᠯᠲᠠ ᠬᠢᠭᠰᠡᠨ ᠥᠬᠡᠶ ᠪᠤᠶᠤ ᠬᠢᠨᠠᠨ ᠪᠠᠶ᠋ᠢᠴᠠᠭ᠋ᠠᠬᠤ ᠪᠠᠷᠢᠮᠵᠢᠶ᠎ᠠ᠎ᠠᠴᠠ ᠵᠥᠷᠢᠴᠡᠨ ᠨᠡᠶ᠋ᠢᠲᠡᠯᠡᠭᠰᠡᠨ ᠰᠡᠵᠢᠭᠯᠡᠯᠲᠡᠶ ᠪᠠᠶ᠋ᠢᠳᠠᠯ᠃
      ᠬᠣᠶᠠᠷ᠂ ᠵᠠᠭ᠋ᠠᠯᠳᠤᠵᠤ ᠢᠯᠡᠴᠢᠯᠡᠨ ᠮᠡᠳᠡᠭᠦᠯᠬᠦ ᠠᠵᠢᠯ᠎ᠤᠨ ᠶᠠᠪᠤᠴᠠ
      (ᠨᠢᠭᠡ) ᠬᠥᠯᠢᠶᠡᠨ ᠠᠪᠬᠤ ᠠᠷᠭ᠎ᠠ ᠵᠠᠮ
      ᠢᠯᠡᠴᠢᠯᠡᠨ ᠮᠡᠳᠡᠭᠦᠯᠬᠦ ᠤᠲᠠᠰᠤ᠄ 12345
      ᠵᠠᠬᠢᠳᠠᠯ ᠰᠤᠷᠪᠤᠯᠵᠢᠯᠠᠭ᠎ᠠ ᠵᠢᠨ ᠬᠠᠶᠢᠭ᠄ ᠳ᠋ᠸᠩᠺᠸᠤ ᠰᠢᠶᠠᠨ᠎ᠤ ᠪᠠᠶᠠᠨᠭᠣᠣᠯ ᠪᠠᠯᠭ᠋ᠠᠰᠤᠨ᠎ᠤ ᠲᠤᠸᠠᠨ ᠵᠢᠶᠧ ᠵᠠᠮ᠎ᠤᠨ ᠳ᠋ᠸᠩᠺᠸᠤ ᠰᠢᠶᠠᠨ᠎ᠤ ᠡᠳ᠋᠎ᠤᠨ ᠵᠠᠰᠠᠭ᠎ᠤᠨ ᠲᠣᠪᠴᠢᠶ᠎ᠠ
      (ᠬᠣᠶᠠᠷ) ᠰᠢᠢ᠍ᠳᠪᠦᠷᠢᠯᠡᠬᠦ ᠪᠠ ᠬᠠᠷᠢᠭᠤᠯᠲᠠ
      ᠳ᠋ᠸᠩᠺᠸᠤ ᠰᠢᠶᠠᠨ᠎ᠤ ᠡᠳ᠋᠎ᠤᠨ ᠵᠠᠰᠠᠭ᠎ᠤᠨ ᠲᠣᠪᠴᠢᠶ᠎ᠠ ᠴᠠᠭ ᠲᠤᠬᠠᠢ᠎ᠳᠤᠨᠢ ᠪᠠᠶ᠋ᠢᠴᠠᠭ᠋ᠠᠨ ᠬᠠᠷᠭᠤᠭᠤᠯᠬᠤ ᠵᠢᠨ ᠬᠠᠮᠲᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠬᠦ ᠪᠠ ᠬᠠᠷᠢᠭᠤᠯᠲᠠ ᠥᠭᠭᠦᠨ᠎ᠡ᠃
                             
                                              ᠳ᠋ᠸᠩᠺᠸᠤ ᠰᠢᠶᠠᠨ᠎ᠤ ᠡᠳ᠋᠎ᠤᠨ ᠵᠠᠰᠠᠭ᠎ᠤᠨ ᠲᠣᠪᠴᠢᠶ᠎ᠠ
                                               2023 ᠣᠨ᠎ᠤ 11 ᠰᠠᠷ᠎ᠠ ᠵᠢᠨ 9᠎ᠤ ᠡᠳᠦᠷ
   

ᠢᠷᠡᠯᠲᠡ᠄ ᠲᠤᠰ ᠰᠦᠯᠵᠢᠶ᠎ᠡ