ᠳ᠋ᠸᠩᠺᠸᠤ ᠰᠢᠶᠠᠨ᠎ᠤ ᠵᠠᠮ ᠲᠡᠭᠡᠭᠡᠪᠦᠷᠢ ᠵᠢᠨ ᠬᠠᠤᠯᠢ ᠬᠡᠷᠡᠭᠵᠢᠭᠦᠯᠬᠦ ᠬᠦᠷᠢᠶᠡᠨ᠎ᠳᠠᠬᠢ ᠲᠣᠪᠣᠶ᠋ᠢᠮ᠎ᠠ ᠠᠰᠠᠭᠤᠳᠠᠯ᠎ᠢ ᠲᠤᠰᠬᠠᠶ ᠴᠡᠭᠴᠡᠯᠡᠨ ᠵᠠᠰᠠᠬᠤ ᠠᠯᠪᠠᠨ ᠵᠠᠷ
ᠨᠡᠶ᠋ᠢᠲᠡᠯᠡᠭᠰᠡᠨ ᠴᠠᠭ᠄ 2023-03-24
ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠪᠦᠬᠦ ᠰᠢᠶᠠᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠬᠠᠤᠯᠢ ᠬᠡᠷᠡᠭᠵᠢᠭᠦᠯᠬᠦ ᠬᠦᠷᠢᠶᠡᠨ᠎ᠳᠠᠬᠢ ᠲᠣᠪᠣᠶ᠋ᠢᠮ᠎ᠠ ᠠᠰᠠᠭᠤᠳᠠᠯ᠎ᠢ ᠪᠦᠲᠦᠮᠵᠢᠲᠡᠶ ᠴᠡᠭᠴᠡᠯᠡᠨ ᠵᠠᠰᠠᠵᠤ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠠᠬᠢᠭᠤᠯᠵᠤ᠂ ᠨᠡᠶ᠋ᠢᠭᠡᠮ᠎ᠤᠨ ᠲᠥᠪ ᠭᠣᠣᠯᠴᠢ ᠰᠢᠳᠤᠷᠭᠤ ᠶᠣᠰᠣ ᠵᠢ ᠦᠨᠡᠨᠬᠦ ᠪᠠᠲᠤᠯᠠᠨ ᠠᠬᠢᠭᠤᠯᠵᠤ᠂ ᠲᠥᠪ᠎ᠤᠨ ᠪᠦᠬᠦ ᠲᠠᠯ᠎ᠠ᠎ᠪᠠᠷ ᠬᠠᠤᠯᠢ ᠶᠣᠰᠣᠭ᠋ᠠᠷ ᠤᠯᠤᠰ ᠵᠶ᠋ᠠᠨ ᠵᠠᠰᠠᠬᠤ ᠵᠥᠪᠯᠡᠯ᠎ᠤᠨ ᠠᠯᠪᠠᠨ ᠭᠡᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠦᠬᠦ ᠲᠠᠯ᠎ᠠ᠎ᠪᠠᠷ ᠬᠠᠤᠯᠢ ᠶᠣᠰᠣᠭ᠋ᠠᠷ ᠣᠷᠣᠨ ᠵᠶ᠋ᠠᠨ ᠵᠠᠰᠠᠬᠤ ᠵᠥᠪᠯᠡᠯ᠎ᠤᠨ ᠠᠯᠪᠠᠨ ᠭᠡᠷ ᠪᠣᠯᠤᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠶᠠᠨᠨᠠᠭᠤᠷ ᠬᠣᠲᠠ ᠵᠢᠨ ᠨᠠᠮ᠎ᠤᠨ ᠬᠣᠷᠢᠶ᠎ᠠ ᠵᠢᠨ ᠪᠦᠬᠦ ᠲᠠᠯ᠎ᠠ᠎ᠪᠠᠷ ᠬᠠᠤᠯᠢ ᠶᠣᠰᠣᠭ᠋ᠠᠷ ᠬᠣᠲᠠ᠎ᠪᠠᠨ ᠵᠠᠰᠠᠬᠤ ᠵᠥᠪᠯᠡᠯ᠎ᠤᠨ ᠠᠯᠪᠠᠨ ᠭᠡᠷ᠎ᠤᠨ ᠲᠤᠰᠬᠠᠶ ᠴᠡᠭᠴᠡᠯᠡᠨ ᠵᠠᠰᠠᠬᠤ ᠠᠵᠢᠯ᠎ᠤᠨ ᠪᠠᠶ᠋ᠢᠷᠢᠯᠠᠭᠤᠯᠤᠯᠲᠠ ᠵᠢᠨ ᠱᠠᠭ᠋ᠠᠷᠳᠠᠯᠭ᠎ᠠ᠎ᠪᠠᠷ ᠳ᠋ᠸᠩᠺᠸᠤ ᠰᠢᠶᠠᠨ᠎ᠤ ᠵᠠᠮ ᠲᠡᠭᠡᠭᠡᠪᠦᠷᠢ ᠵᠢᠨ ᠲᠣᠪᠴᠢᠶ᠎ᠠ 2023 ᠣᠨ᠎ᠤ 3 ᠰᠠᠷ᠎ᠠ᠎ᠠᠴᠠ ᠡᠬᠢᠯᠡᠨ᠂ ᠪᠦᠬᠦ ᠰᠢᠶᠠᠨ᠎ᠳᠤ ᠵᠠᠮ ᠲᠡᠭᠡᠭᠡᠪᠦᠷᠢ ᠵᠢᠨ ᠬᠠᠤᠯᠢ ᠬᠡᠷᠡᠭᠵᠢᠭᠦᠯᠬᠦ ᠬᠦᠷᠢᠶᠡᠨ᠎ᠳᠠᠬᠢ ᠳᠤᠪᠤᠢ᠍ᠢ᠍ᠮ᠎ᠠ ᠠᠰᠠᠭᠤᠳᠠᠯ᠎ᠢ ᠲᠤᠰᠬᠠᠢ ᠴᠡᠭᠴᠡᠯᠡᠨ ᠵᠠᠰᠠᠬᠤ ᠠᠵᠢᠯ᠎ᠢ ᠲᠥᠪᠯᠡᠷᠡᠭᠦᠯᠦᠨ ᠥᠷᠨᠢᠭᠦᠯᠬᠦ᠎ᠪᠠᠷ ᠲᠣᠭᠲᠠᠪᠠ᠃ ᠡᠳᠦᠭᠡ ᠲᠤᠰᠬᠠᠶ ᠴᠡᠭᠴᠡᠯᠡᠨ ᠵᠠᠰᠠᠬᠤ ᠭᠣᠤᠯᠳᠠᠯᠭ᠎ᠠ᠎ᠲᠠᠢ ᠠᠭᠤᠯᠭ᠎ᠠ ᠵᠢ ᠨᠡᠶ᠋ᠢᠭᠡᠮ᠎ᠳᠤ ᠨᠡᠶ᠋ᠢᠲᠡᠯᠡᠶ᠎ᠡ᠂ ᠥᠷᠭᠡᠨ ᠣᠯᠠᠨ ᠠᠷᠠᠳ ᠲᠦᠮᠡᠨ᠎ᠠᠴᠠ ᠲᠤᠰᠬᠠᠶ ᠴᠡᠭᠴᠡᠯᠡᠨ ᠵᠠᠰᠠᠬᠤ ᠠᠵᠢᠯ᠎ᠳᠤ ᠬᠢᠨᠠᠯᠲᠠ ᠲᠠᠯᠪᠢᠬᠤ ᠵᠢᠨ ᠬᠠᠮᠲᠤ ᠬᠠᠮᠢᠶ᠎ᠠ ᠪᠥᠬᠥᠶ ᠰᠦᠪᠡᠭᠴᠢ ᠵᠢ ᠦᠨᠡᠨ ᠪᠣᠳᠠᠲᠠᠶ᠎ᠪᠠᠷ ᠬᠠᠩᠭ᠋ᠠᠬᠤ ᠵᠢ ᠬᠦᠰᠡᠵᠦ ᠪᠠᠶ᠋ᠢᠨ᠎ᠠ᠃
ᠨᠢᠭᠡ᠂ ᠲᠤᠰᠬᠠᠶ ᠴᠡᠭᠴᠡᠯᠡᠨ ᠵᠠᠰᠠᠬᠤ ᠭᠣᠤᠯᠳᠠᠯᠭ᠎ᠠ᠎ᠲᠠᠢ ᠠᠭᠤᠯᠭ᠎ᠠ
1. ᠠᠰᠢᠭ ᠬᠥᠭᠡᠭᠡᠴᠡᠯᠳᠦᠬᠦ ᠬᠠᠤᠯᠢ ᠵᠢ ᠬᠡᠷᠡᠭᠵᠢᠭᠦᠯᠬᠦ ᠠᠰᠠᠭᠤᠳᠠᠯ
2. ᠬᠠᠤᠯᠢ ᠵᠢ ᠬᠡᠷᠡᠭᠵᠢᠭᠦᠯᠬᠦ᠎ᠳᠡᠭᠡᠨ ᠵᠢᠷᠤᠮᠵᠢᠭᠤᠨ ᠪᠤᠰᠤ ᠪᠠᠶ᠋ᠢᠬᠤ ᠠᠰᠠᠭᠤᠳᠠᠯ
3. ᠬᠠᠤᠯᠢ ᠬᠡᠷᠡᠭᠵᠢᠭᠦᠯᠬᠦ ᠠᠷᠭ᠎ᠠ ᠮᠠᠶᠢᠭ᠎ᠤᠨ ᠲᠥᠬᠥᠮ ᠬᠥᠰᠢᠭᠦᠷᠡᠭᠰᠡᠨ ᠠᠰᠠᠭᠤᠳᠠᠯ
4. ᠬᠠᠤᠯᠢ ᠬᠡᠷᠡᠭᠵᠢᠭᠦᠯᠬᠦ᠎ᠳᠡᠭᠡᠨ ᠪᠦᠳᠦᠭᠦᠯᠢᠭ ᠪᠠᠶ᠋ᠢᠬᠤ ᠠᠰᠠᠭᠤᠳᠠᠯ
5. ᠬᠠᠤᠯᠢ ᠬᠡᠷᠡᠭᠵᠢᠭᠦᠯᠬᠦ᠎ᠳᠡᠭᠡᠨ 《ᠲᠦᠷᠢᠶᠡᠰᠦ ᠬᠠᠢ᠌ᠬᠤ》 ᠠᠰᠠᠭᠤᠳᠠᠯ ᠵᠡᠷᠭᠡ᠃
ᠬᠣᠶᠠᠷ᠂ ᠣᠯᠠᠨ ᠲᠦᠮᠡᠨ᠎ᠤ ᠢᠯᠡᠴᠢᠯᠡᠨ ᠮᠡᠳᠡᠭᠦᠯᠦᠯᠲᠡ ᠵᠢ ᠬᠦᠯᠢᠶᠡᠨ ᠠᠪᠴᠤ ᠰᠢᠢ᠍ᠳᠪᠦᠷᠢᠯᠡᠬᠦ ᠠᠷᠭ᠎ᠠ ᠬᠡᠯᠪᠡᠷᠢ
1. ᠢᠯᠡᠴᠢᠯᠡᠨ ᠮᠡᠳᠡᠭᠦᠯᠬᠦ ᠵᠢ ᠬᠦᠯᠢᠶᠡᠨ ᠠᠪᠴᠤ ᠰᠢᠢ᠍ᠳᠪᠦᠷᠢᠯᠡᠬᠦ ᠤᠲᠠᠰᠤ᠄ 0478 —4231500
2. ᠢᠯᠡᠴᠢᠯᠡᠨ ᠮᠡᠳᠡᠭᠦᠯᠬᠦ ᠵᠢ ᠬᠦᠯᠢᠶᠡᠨ ᠠᠪᠴᠤ ᠰᠢᠢ᠍ᠳᠪᠦᠷᠢᠯᠡᠬᠦ ᠢᠮᠧᠯ᠄ dkxjtj@126.com
3. ᠵᠠᠬᠢᠳᠠᠯ ᠰᠤᠷᠪᠤᠯᠵᠢᠯᠠᠭ᠎ᠠ ᠵᠢᠨ ᠬᠠᠶᠢᠭ᠄ ᠪᠠᠶᠠᠨᠭᠣᠤᠯ ᠪᠠᠯᠭ᠋ᠠᠰᠤᠨ᠎ᠤ ᠲᠤᠸᠠᠨ ᠵᠢᠶᠧ ᠵᠠᠮ᠎ᠤᠨ 5 ᠳ᠋ᠤᠭ᠋ᠠᠷ ᠨᠣᠮᠧᠷ (ᠳ᠋ᠸᠩᠺᠸᠦ ᠰᠢᠶᠠᠨ᠎ᠤ ᠵᠠᠮ ᠲᠡᠭᠡᠭᠡᠪᠦᠷᠢ ᠵᠢᠨ ᠲᠣᠪᠴᠢᠶ᠎ᠠ)᠂ ᠰᠢᠤᠳᠠᠨ ᠳ᠋ᠤᠭ᠋ᠠᠷ᠄ 015200
4. ᠬᠦᠯᠢᠶᠡᠨ ᠠᠪᠴᠤ ᠰᠢᠢ᠍ᠳᠪᠦᠷᠢᠯᠡᠬᠦ ᠴᠠᠭ᠄ ᠬᠠᠤᠯᠢ᠎ᠪᠠᠷ ᠲᠣᠭᠲᠠᠭ᠋ᠠᠭᠰᠠᠨ ᠠᠵᠢᠯ᠎ᠤᠨ ᠡᠳᠦᠷ 9:00-12:00᠂ 15:00-18:00᠂ ᠬᠦᠯᠢᠶᠡᠨ ᠠᠪᠴᠤ ᠰᠢᠢ᠍ᠳᠪᠦᠷᠢᠯᠡᠬᠦ ᠵᠠᠬᠢᠳᠠᠯ ᠤᠲᠠᠰᠤᠨ᠎ᠤ ᠳᠠᠭᠤᠰᠬᠤ ᠡᠳᠦᠷ ᠬᠤᠭᠤᠴᠠᠭ᠎ᠠ᠄ 2023 ᠣᠨ᠎ᠤ 10 ᠰᠠᠷ᠎ᠠ ᠵᠢᠨ 31᠎ᠤ ᠡᠳᠦᠷ᠃
5. ᠬᠦᠯᠢᠶᠡᠨ ᠠᠪᠴᠤ ᠰᠢᠢ᠍ᠳᠪᠦᠷᠢᠯᠡᠬᠦ ᠬᠡᠪᠴᠢᠶ᠎ᠡ᠄ ᠭᠣᠣᠯᠳᠠᠭᠤ ᠪᠦᠬᠦ ᠰᠢᠶᠠᠨ᠎ᠤ ᠵᠠᠮ ᠲᠡᠭᠡᠭᠡᠪᠦᠷᠢ ᠵᠢᠨ ᠬᠠᠤᠯᠢ ᠬᠡᠷᠡᠭᠵᠢᠭᠦᠯᠬᠦ ᠬᠦᠷᠢᠶᠡᠨ᠎ᠳᠠᠬᠢ ᠳᠤᠪᠤᠢ᠍ᠢ᠍ᠮ᠎ᠠ ᠠᠰᠠᠭᠤᠳᠠᠯ᠎ᠢ ᠲᠤᠰᠬᠠᠭᠰᠠᠨ ᠤᠲᠠᠰᠤ ᠵᠠᠬᠢᠳᠠᠯ᠎ᠢ ᠬᠦᠯᠢᠶᠡᠨ ᠠᠪᠴᠤ ᠰᠢᠢ᠍ᠳᠪᠦᠷᠢᠯᠡᠨ᠎ᠡ᠃ ᠬᠦᠯᠢᠶᠡᠨ ᠠᠪᠴᠤ ᠰᠢᠢ᠍ᠳᠪᠦᠷᠢᠯᠡᠬᠦ ᠬᠡᠪᠴᠢᠶᠡᠨ᠎ᠳᠤ ᠪᠠᠭᠲᠠᠬᠤ ᠦᠭᠡᠢ ᠪᠤᠰᠤᠳ ᠠᠰᠠᠭᠤᠳᠠᠯ᠎ᠢ ᠲᠣᠭᠲᠠᠭ᠋ᠠᠯ ᠶᠣᠰᠣᠭ᠋ᠠᠷ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠲᠤᠰᠢᠶᠠᠨ ᠥᠭᠴᠦ ᠰᠢᠢ᠍ᠳᠪᠦᠷᠢᠯᠡᠭᠦᠯᠦᠨ᠎ᠡ᠃
ᠲᠤᠰᠬᠠᠶ ᠴᠡᠭᠴᠡᠯᠡᠨ ᠵᠠᠰᠠᠬᠤ ᠠᠵᠢᠯ᠎ᠢ ᠶᠡᠬᠡ᠎ᠪᠠᠷ ᠳᠡᠮᠵᠢᠭᠰᠡᠨ᠎ᠳᠤ ᠴᠢᠨᠢ ᠲᠠᠯᠠᠷᠬᠠᠵᠤ ᠪᠠᠶ᠋ᠢᠨ᠎ᠠ!
ᠳ᠋ᠸᠩᠺᠸᠦ ᠰᠢᠶᠠᠨ᠎ᠤ ᠵᠠᠮ ᠲᠡᠭᠡᠭᠡᠪᠦᠷᠢ ᠵᠢᠨ ᠲᠣᠪᠴᠢᠶ᠎ᠠ
2023 ᠣᠨ᠎ᠤ 3 ᠰᠠᠷ᠎ᠠ ᠵᠢᠨ 20᠎ᠤ ᠡᠳᠦᠷ
ᠢᠷᠡᠯᠲᠡ᠄ ᠲᠤᠰ ᠰᠦᠯᠵᠢᠶ᠎ᠡ