ᠠᠯᠪᠠᠨ ᠮᠠᠳᠡᠭᠡ 2023  -   ᠵᠠᠰᠠᠭ᠎ᠤᠨ ᠤᠷᠳᠥᠨ᠎ᠤ ᠠᠯᠪᠠᠨ ᠮᠠᠳᠡᠭᠡ

ᠪᠠᠶᠠᠨᠨᠠᠭᠤᠷ ᠬᠤᠲᠠ ᠵᠢᠨ ᠬᠤᠶᠠᠳᠤᠭ᠋ᠠᠷ ᠳᠡᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠤᠨ ᠨᠠᠷᠢᠨ ᠬᠠᠭᠤᠳᠠᠰᠤ (2022 ᠣᠨ᠎ᠤ ᠬᠡᠪᠯᠡᠯ) ᠵᠢ ᠳᠠᠷᠤᠮᠠᠯᠯᠠᠨ ᠶᠠᠪᠤᠭᠤᠯᠬᠤ ᠲᠤᠬᠠᠢ ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ

ᠨᠡᠶ᠋ᠢᠲᠡᠯᠡᠭᠰᠡᠨ ᠴᠠᠭ᠄   2023-03-24

     ᠪᠠᠶᠠᠨᠨᠠᠭᠤᠷ ᠵᠠᠰᠠᠭ ᠲᠠᠷᠬᠠᠭ᠋ᠠᠭᠰᠠᠨ [2022] 32 ᠳ᠋ᠤᠭ᠋ᠠᠷ ᠲᠣᠭ᠋ᠠᠲᠤ
     ᠡᠯ᠎ᠡ ᠬᠤᠰᠢᠭᠤ ᠰᠢᠶᠠᠨ ᠲᠣᠭᠤᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠬᠤᠲᠠ ᠵᠢᠨ ᠰᠢᠭᠤᠳ ᠬᠠᠷᠢᠶ᠎ᠠ ᠵᠢᠴᠢ ᠬᠤᠲᠠ᠎ᠳᠤ ᠰᠠᠭᠤᠭ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠲᠤ᠄ 《ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠤᠨ ᠲᠣᠳᠣᠷᠬᠠᠢ ᠬᠠᠭᠤᠳᠠᠰᠤ ᠵᠢᠨ ᠬᠠᠮᠢᠶᠠᠷᠤᠯᠲᠠ ᠵᠢ ᠪᠥᠬᠦ ᠲᠠᠯ᠎ᠠ᠎ᠪᠠᠷ ᠬᠡᠷᠡᠭᠵᠢᠭᠦᠯᠬᠦ ᠲᠤᠬᠠᠢ ᠮᠡᠳᠡᠭᠳᠡᠯ》
      (ᠲᠥᠷᠥ ᠠᠯᠪᠠᠨ ᠲᠠᠷᠬᠠᠭ᠋ᠠᠭᠰᠠᠨ [2022] 2 ᠳ᠋ᠤᠭ᠋ᠠᠷ ᠲᠣᠭ᠋ᠠᠲᠤ)᠎ᠢ ᠭᠦᠨᠵᠡᠭᠡᠢ ᠲᠤᠤᠱᠯᠠᠭᠤᠯᠬᠤ ᠵᠢᠨ ᠲᠥᠯᠥᠭᠡ᠂ 《ᠪᠥᠬᠦ ᠣᠷᠣᠨ᠎ᠤ ᠵᠠᠰᠠᠭ ᠵᠠᠬᠢᠷᠭ᠋ᠠᠨ᠎ᠤ ᠵᠦᠢ᠍ᠯᠡᠰ᠎ᠤᠨ ᠨᠠᠷᠢᠨ ᠬᠠᠭᠤᠳᠠᠰᠤ ᠵᠢ ᠨᠠᠶ᠋ᠢᠷᠠᠭᠤᠯᠤᠨ ᠵᠣᠬᠢᠶᠠᠬᠤ ᠠᠵᠢᠯ᠎ᠢ ᠥᠷᠨᠢᠭᠦᠯᠬᠦ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢ ᠵᠢᠨ ᠬᠤᠪᠢᠷᠠᠭᠤᠯᠤᠯᠲᠠ ᠵᠢ ᠠᠬᠢᠭᠤᠯᠬᠤ ᠪᠠ 〈ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ〉 ᠵᠢᠨ ᠥᠭᠡᠷᠡᠴᠢᠯᠡᠯᠲᠡ ᠵᠢᠨ ᠵᠣᠬᠢᠴᠠᠭᠤᠯᠬᠤ ᠳᠤᠭᠤᠶ᠋ᠢᠯᠠᠩ᠎ᠤᠨ ᠮᠡᠳᠡᠭᠳᠡᠯ》 (ᠥᠪᠥᠷ ᠲᠤᠰᠢᠶᠠᠯ ᠰᠢᠯᠵᠢᠭᠦᠯᠬᠦ ᠠᠯᠪᠠᠨ ᠲᠠᠷᠬᠠᠭ᠋ᠠᠭᠰᠠᠨ [2022] 3 ᠳ᠋ᠤᠭ᠋ᠠᠷ ᠲᠣᠭ᠋ᠠᠲᠤ) 《ᠥᠪᠡᠷᠲᠡᠭᠡᠨ ᠵᠠᠰᠠᠬᠤ ᠣᠷᠣᠨ᠎ᠤ ᠭᠤᠷᠪᠠᠨ ᠱᠠᠲᠤᠨ᠎ᠤ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠤᠨ ᠨᠠᠷᠢᠨ ᠬᠠᠭᠤᠳᠠᠰᠤ (2022 ᠣᠨ᠎ᠤ ᠬᠡᠪᠯᠡᠯ) ᠵᠢ ᠳᠠᠷᠤᠮᠠᠯᠯᠠᠨ ᠲᠠᠷᠬᠠᠭ᠋ᠠᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》 (ᠥᠪᠥᠷ ᠵᠠᠰᠠᠭ ᠲᠠᠷᠬᠠᠭ᠋ᠠᠭᠰᠠᠨ [2022] 19 ᠳ᠋ᠦᠭᠡᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠠᠵᠢᠯᠯᠠᠭ᠋ᠠᠨ᠎ᠢ ᠤᠯᠠᠮ ᠨᠢᠭᠡ ᠠᠯᠬᠤᠮ ᠵᠢᠷᠤᠮᠵᠢᠭᠤᠯᠵᠤ᠂ ᠪᠦᠷᠢᠨ ᠪᠦᠲᠦᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠤᠨ ᠨᠠᠷᠢᠨ ᠬᠠᠭᠤᠳᠠᠰᠤ ᠵᠢᠨ ᠰᠢᠰᠲ᠋ᠧᠮᠵᠢ ᠵᠢ ᠪᠠᠶ᠋ᠢᠭᠤᠯᠤᠨ ᠪᠦᠷᠢᠯᠳᠦᠭᠦᠯᠵᠦ᠂ ᠠᠵᠤ ᠠᠬᠤᠶ᠋ᠢᠯᠠᠯ ᠪᠠ ᠣᠯᠠᠨ ᠲᠦᠮᠡᠨ᠎ᠳᠤ ᠨᠠᠩ ᠲᠥᠪ ᠭᠤᠥᠯᠴᠢ ᠥᠨᠳᠥᠷ ᠦᠷ᠎ᠡ ᠪᠦᠲᠦᠮᠵᠢᠲᠡᠶ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠣᠷᠴᠢᠨ ᠲᠣᠭᠤᠷᠢᠨ᠎ᠢ ᠪᠣᠶ ᠪᠣᠯᠭ᠋ᠠᠵᠤ᠂ ᠡᠳᠦᠭᠡ 《ᠪᠠᠶᠠᠨᠨᠠᠭᠤᠷ ᠬᠤᠲᠠ ᠵᠢᠨ ᠬᠤᠶᠠᠳᠤᠭ᠋ᠠᠷ ᠳᠡᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠤᠨ ᠨᠠᠷᠢᠨ ᠬᠠᠭᠤᠳᠠᠰᠤ (2022 ᠣᠨ᠎ᠤ ᠬᠡᠪᠯᠡᠯ)》 ᠵᠢ ᠨᠡᠶ᠋ᠢᠲᠡᠯᠡᠪᠡ᠂ ᠲᠤᠤᠱᠯᠠᠭᠤᠯᠤᠨ ᠨᠠᠶ᠋ᠢᠳᠠᠪᠤᠷᠢᠵᠢᠭᠤᠯᠬᠤ ᠵᠢ ᠬᠢᠨᠠᠮᠠᠭ᠋ᠠᠢ ᠰᠠᠶ᠋ᠢᠲᠤᠷ ᠠᠳᠬᠤᠲᠤᠭ᠋ᠠᠢ᠃
      ᠨᠢᠭᠡ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠳ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠱᠠᠭ᠋ᠠᠷᠳᠠᠯᠭ᠎ᠠ ᠵᠢᠴᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠳᠦᠷᠢᠮ ᠲᠣᠭᠲᠠᠭ᠋ᠠᠯ᠂ ᠪᠠᠶ᠋ᠢᠭᠤᠯᠤᠮᠵᠢ ᠪᠠ ᠡᠭᠦᠷᠭᠡ ᠴᠢᠳᠠᠪᠤᠷᠢ ᠵᠢᠨ ᠲᠣᠬᠢᠷᠠᠭᠤᠯᠤᠯᠲᠠ ᠵᠡᠷᠭᠡ ᠪᠠᠶ᠋ᠢᠳᠠᠯ᠎ᠤᠨ ᠶᠣᠰᠣᠭ᠋ᠠᠷ᠂ 《ᠪᠠᠶᠠᠨᠨᠠᠭᠤᠷ ᠬᠤᠲᠠ ᠵᠢᠨ ᠬᠤᠶᠠᠳᠤᠭ᠋ᠠᠷ ᠳᠡᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠤᠨ ᠨᠠᠷᠢᠨ ᠬᠠᠭᠤᠳᠠᠰᠤ (2022 ᠣᠨ᠎ᠤ ᠬᠡᠪᠯᠡᠯ)》 ᠵᠢ ᠴᠢᠩᠭ᠎ᠠ ᠨᠠᠶ᠋ᠢᠳᠠᠪᠤᠷᠢᠵᠢᠭᠤᠯᠵᠤ᠂ ᠨᠠᠷᠢᠨ ᠬᠠᠭᠤᠳᠠᠰᠤ᠎ᠠᠴᠠ ᠭᠠᠳᠠᠨ᠎ᠠ ᠴᠥᠮ ᠬᠠᠤᠯᠢ᠎ᠠᠴᠠ ᠵᠥᠷᠢᠴᠡᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠢ ᠬᠡᠷᠡᠭᠵᠢᠭᠦᠯᠵᠦ ᠪᠣᠯᠬᠤ ᠦᠭᠡᠢ᠃
     ᠬᠤᠶᠠᠷ᠂ ᠬᠤᠲᠠ ᠵᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ ᠬᠤᠲᠠ ᠵᠢᠨ ᠲᠣᠰ ᠱᠠᠲᠤᠨ᠎ᠤ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠨᠠᠷᠢᠨ ᠲᠠᠩᠰᠠ ᠵᠢ ᠨᠡᠶ᠋ᠢᠲᠡᠯᠡᠵᠦ ᠠᠵᠢᠯᠯᠠᠭᠤᠯᠬᠤ᠎ᠪᠠᠷ ᠴᠢᠬᠤᠯᠠ ᠭᠠᠷᠳᠠᠴᠠ ᠪᠣᠯᠭ᠋ᠠᠵᠤ᠂ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠡᠷᠡᠭᠵᠢᠭᠦᠯᠦᠯᠲᠡ ᠵᠢᠨ ᠵᠢᠷᠤᠮᠵᠢᠯ᠎ᠢ ᠨᠢᠭᠡᠳᠦᠯᠲᠡᠢ ᠪᠣᠯᠭ᠋ᠠᠵᠤ᠂ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠪᠠ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ᠎ᠢ ᠰᠢᠯᠢᠳᠡᠭᠵᠢᠭᠦᠯᠬᠦ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ᠂ ᠲᠣᠰ ᠰᠠᠯᠠᠭ᠎ᠠ ᠮᠥᠴᠢᠷ᠎ᠤᠨ ᠵᠶ᠋ᠠᠨ ᠵᠠᠰᠠᠭ ᠵᠠᠬᠢᠷᠭ᠋ᠠᠨ᠎ᠤ ᠡᠷᠬᠡ ᠵᠢᠨ ᠵᠦᠢ᠍ᠯᠡᠰ᠎ᠢ ᠴᠠᠭ ᠲᠤᠬᠠᠢ᠎ᠳᠤᠨᠢ ᠰᠠᠯᠠᠭ᠎ᠠ ᠮᠥᠴᠢᠷ᠎ᠤᠨ ᠰᠦᠯᠵᠢᠶᠡᠨ ᠳᠡᠭᠡᠷ᠎ᠡ ᠨᠡᠶ᠋ᠢᠲᠡᠯᠡᠵᠦ᠂ ᠬᠡᠷᠡᠭ᠎ᠤᠨ ᠡᠮᠦᠨ᠎ᠡ ᠤᠴᠢᠷ ᠶᠠᠪᠤᠳᠠᠯ᠎ᠤᠨ ᠳᠤᠮᠳᠠ ᠪᠠ ᠬᠡᠷᠡᠭ᠎ᠤᠨ ᠳᠠᠷᠠᠭ᠋ᠠᠬᠢ ᠪᠥᠬᠦ ᠬᠡᠯᠬᠢᠶ᠎ᠡ ᠪᠥᠬᠦ ᠬᠦᠷᠢᠶᠡᠨ᠎ᠳᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ᠃ ᠠᠯᠬᠤᠮ ᠳᠠᠷᠠᠭ᠎ᠠ ᠵᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠠᠰ ᠳᠠᠷᠠᠭ᠋ᠠᠯᠠᠯ᠎ᠢ ᠳᠥᠭᠦᠮᠴᠢᠯᠡᠨ᠂ ᠠᠵᠢᠯ ᠶᠠᠪᠤᠳᠠᠯ ᠭᠦᠢ᠍ᠴᠡᠳᠬᠡᠬᠦ ᠭᠤᠭᠴᠤᠭ᠎ᠠ᠂ ᠮᠠᠲ᠋ᠧᠷᠢᠶᠠᠯ ᠵᠢᠴᠢ ᠴᠠᠭ᠎ᠤᠨ ᠬᠢᠵᠠᠭ᠋ᠠᠷ᠎ᠢ ᠪᠠᠭ᠋ᠠᠰᠬᠠᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠰᠦᠯᠵᠢᠶᠡᠨ ᠳᠡᠭᠡᠷ᠎ᠡ ᠭᠦᠢ᠍ᠴᠡᠳᠬᠡᠬᠦ ᠵᠢ ᠶᠡᠬᠡᠪᠡᠷ ᠲᠦᠯᠬᠢᠨ ᠠᠬᠢᠭᠤᠯᠵᠤ᠂ ᠠᠵᠤ ᠠᠬᠤᠶ᠋ᠢᠯᠠᠯ ᠪᠠ ᠣᠯᠠᠨ ᠲᠦᠮᠡᠨ᠎ᠤ ᠠᠵᠢᠯ ᠶᠠᠪᠤᠳᠠᠯ ᠭᠦᠢ᠍ᠴᠡᠳᠬᠡᠬᠦ᠎ᠳᠤ ᠬᠠᠮᠤᠭ᠎ᠤᠨ ᠶᠡᠭᠡ ᠬᠡᠮᠵᠢᠶ᠎ᠡ᠎ᠪᠠᠷ ᠲᠥᠬᠦᠮ ᠦᠵᠡᠭᠦᠯᠬᠦ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ ᠦᠨᠳᠦᠰᠦᠨ ᠱᠠᠲᠤᠨ᠎ᠤ ᠣᠷᠣᠨ ᠲᠤᠭ᠎ᠠ ᠵᠢ ᠡᠮᠬᠢᠯᠡᠨ ᠳᠢᠭᠯᠡᠬᠦ ᠠᠵᠢᠯ᠎ᠢ ᠵᠢᠯᠤᠭᠤᠳᠬᠤ ᠬᠠᠷᠢᠭᠤᠴᠠᠯᠭ᠎ᠠ ᠵᠢ ᠡᠭᠦᠷᠭᠡᠯᠡᠬᠦ ᠬᠡᠷᠡᠭᠲᠡᠢ᠃
      ᠭᠤᠷᠪᠠ᠂ ᠡᠯ᠎ᠡ ᠬᠤᠰᠢᠭᠤ ᠰᠢᠶᠠᠨ ᠲᠣᠭᠤᠷᠢᠭ᠎ᠨᠢ ᠲᠣᠰ ᠭᠠᠵᠠᠷ ᠣᠷᠣᠨ᠎ᠤ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠤᠨ ᠨᠠᠷᠢᠨ ᠬᠠᠭᠤᠳᠠᠰᠤ ᠵᠢ ᠨᠠᠶ᠋ᠢᠷᠠᠭᠤᠯᠤᠨ ᠵᠣᠬᠢᠶᠠᠵᠤ᠂ ᠠᠳᠠᠯᠢ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠬᠢᠨᠠᠨ ᠲᠣᠭᠲᠠᠭ᠋ᠠᠯᠭ᠋ᠠᠭᠰᠠᠨ᠎ᠤ ᠳᠠᠷᠠᠭ᠎ᠠ ᠨᠡᠶ᠋ᠢᠭᠡᠮ᠎ᠳᠤ ᠨᠡᠶ᠋ᠢᠲᠡᠯᠡᠬᠦ ᠬᠡᠷᠡᠭᠲᠡᠢ᠃
      ᠳᠠᠭ᠋ᠠᠯᠳᠤᠭᠤᠯᠤᠯ᠄ ᠪᠠᠶᠠᠨᠨᠠᠭᠤᠷ ᠬᠤᠲᠠ ᠵᠢᠨ ᠬᠤᠶᠠᠳᠤᠭ᠋ᠠᠷ ᠳᠡᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠤᠨ ᠲᠣᠳᠣᠷᠬᠠᠢ ᠬᠠᠭᠤᠳᠠᠰᠤ (2022 ᠣᠨ᠎ᠤ ᠬᠡᠪᠯᠡᠯ)
      ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ
      2022 ᠣᠨ᠎ᠤ 10 ᠰᠠᠷ᠎ᠠ ᠵᠢᠨ 14᠎ᠤ ᠡᠳᠦᠷ
      (ᠲᠣᠰ ᠮᠠᠲ᠋ᠧᠷᠢᠶᠠᠯ᠎ᠢ ᠢᠯᠡ᠎ᠪᠠᠷ ᠨᠡᠶ᠋ᠢᠲᠡᠯᠡᠨ᠎ᠡ)

ᠢᠷᠡᠯᠲᠡ᠄ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠮᠣᠩᠭᠣᠯ ᠰᠦᠯᠵᠢᠶ᠎ᠡ