ᠠᠯᠪᠠᠨ ᠮᠠᠳᠡᠭᠡ 2023  -   ᠵᠠᠰᠠᠭ᠎ᠤᠨ ᠤᠷᠳᠥᠨ᠎ᠤ ᠠᠯᠪᠠᠨ ᠮᠠᠳᠡᠭᠡ

ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ 《ᠪᠠᠶᠠᠨᠨᠠᠭᠤᠷ ᠬᠣᠲᠠ ᠵᠢᠨ ᠠᠵᠢᠯ ᠦᠢ᠍ᠯᠡᠰ᠎ᠤᠨ ᠨᠢᠭᠡᠴᠡ ᠳᠡᠭᠡᠳᠦ ᠲᠠᠰ ᠳᠠᠪᠬᠤᠷᠭ᠎ᠠ ᠵᠢᠨ ᠴᠢᠳᠠᠪᠤᠷᠢᠲᠠᠨ ᠪᠠ ᠪᠠᠴᠢᠮ ᠱᠠᠭ᠋ᠠᠷᠳᠠᠭᠳᠠᠵᠤ ᠪᠠᠢ᠌ᠭ᠎ᠠ ᠪᠠ ᠳᠤᠲᠠᠭᠳᠠᠵᠤ ᠪᠠᠢ᠌ᠭ᠎ᠠ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠬᠡᠷᠡᠭᠵᠢᠭᠦᠯᠬᠦ ᠨᠠᠷᠢᠨ ᠳᠦᠷᠢᠮ》᠎ᠢ ᠬᠡᠷᠡᠭᠵᠢᠭᠦᠯᠬᠦ ᠲᠤᠬᠠᠢ ᠮᠡᠳᠡᠭᠳᠡᠯ

ᠨᠡᠶ᠋ᠢᠲᠡᠯᠡᠭᠰᠡᠨ ᠴᠠᠭ᠄   2023-07-12

ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠪᠠᠶᠠᠨᠨᠠᠭᠤᠷ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂ ᠭᠠᠭᠴᠠᠮᠣᠳᠣ ᠪᠣᠭᠣᠮᠲᠠ ᠵᠢᠨ ᠬᠠᠮᠢᠶᠠᠷᠤᠯᠲᠠ ᠵᠢᠨ ᠵᠥᠪᠯᠡᠯ᠂ ᠪᠠᠶᠠᠨᠨᠠᠭᠤᠷ᠎ᠤᠨ ᠤᠯᠤᠰ᠎ᠤᠨ ᠲᠠᠷᠢᠶᠠᠯᠠᠩ᠎ᠤᠨ ᠳᠡᠭᠡᠳᠦ ᠵᠡᠷᠭᠡ ᠵᠢᠨ ᠲᠣᠭᠣᠷᠢᠭ᠎ᠤᠨ ᠬᠠᠮᠢᠶᠠᠷᠤᠯᠲᠠ (ᠪᠡᠯᠡᠳᠬᠡᠭᠰᠡᠨ) ᠺᠣᠮᠢᠰ᠎ᠤᠨ ᠠᠯᠪᠠᠨ ᠭᠡᠷ᠂ ᠬᠤᠳᠠ ᠵᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠳᠠ᠎ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠢ᠌ᠯᠠᠯ ᠠᠵᠢᠯ ᠦᠢ᠍ᠯᠡᠰ ᠎ᠤᠨ ᠨᠢᠭᠡᠴᠡ᠎ᠳᠤ᠄
      《ᠪᠠᠶᠠᠨᠨᠠᠭᠤᠷ ᠬᠣᠲᠠ ᠵᠢᠨ ᠠᠵᠢᠯ ᠦᠢ᠍ᠯᠡᠰ᠎ᠤᠨ ᠨᠢᠭᠡᠴᠡ ᠵᠢᠨ ᠳᠡᠭᠡᠳᠦ ᠲᠠᠰ ᠳᠠᠪᠬᠤᠷᠭ᠎ᠠ ᠵᠢᠨ ᠴᠢᠳᠠᠪᠤᠷᠢᠲᠠᠨ ᠪᠠ ᠪᠠᠴᠢᠮ ᠬᠡᠷᠡᠭᠴᠡᠭᠡ᠎ᠲᠠᠢ ᠳᠤᠲᠠᠭᠳᠠᠵᠤ ᠪᠠᠢ᠌ᠭ᠎ᠠ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠬᠡᠷᠡᠭᠵᠢᠭᠦᠯᠬᠦ ᠨᠠᠷᠢᠨ ᠳᠦᠷᠢᠮ》᠎ᠢ ᠬᠣᠲᠠ ᠵᠢᠨ ᠨᠠᠮ᠎ᠤᠨ ᠬᠣᠷᠢᠶ᠎ᠠ ᠵᠢᠨ ᠴᠢᠳᠠᠪᠤᠷᠢᠲᠠᠨ᠎ᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠨᠢᠭᠡᠳᠦᠭᠡᠷ ᠤᠳᠠᠭ᠎ᠠ ᠵᠢᠨ ᠪᠥᠬᠥᠳᠡ ᠬᠤᠷᠠᠯ ᠵᠶ᠋ᠠᠷ ᠬᠢᠨᠠᠨ ᠵᠥᠪᠯᠡᠵᠦ ᠪᠠᠲᠤᠯᠠᠭ᠋ᠠᠳ᠂ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ ᠬᠢᠨᠠᠮᠠᠭ᠋ᠠᠢ  ᠲᠤᠭᠤᠰᠢᠯᠠᠭᠤᠯᠤᠨ ᠬᠡᠷᠡᠭᠵᠢᠭᠦᠯᠲᠦᠭᠡᠢ᠃
                                      2023 ᠣᠨ᠎ᠤ 1 ᠰᠠᠷ᠎ᠠ ᠵᠢᠨ 20

      (ᠲᠣᠰ ᠮᠠᠲ᠋ᠧᠷᠢᠶᠠᠯ᠎ᠢ ᠢᠯᠡ᠎ᠪᠠᠷ ᠨᠡᠢ᠌ᠲᠡᠯᠡᠪᠡ)

      ᠪᠠᠶᠠᠨᠨᠠᠭᠤᠷ ᠬᠣᠲᠠ ᠵᠢᠨ ᠠᠵᠢᠯ ᠦᠢ᠍ᠯᠡᠰ᠎ᠤᠨ ᠨᠢᠭᠡᠴᠡ ᠳᠡᠭᠡᠳᠦ ᠲᠠᠰ ᠳᠠᠪᠬᠤᠷᠭ᠎ᠠ ᠵᠢᠨ ᠴᠢᠳᠠᠪᠤᠷᠢᠲᠠᠨ ᠪᠠ ᠪᠠᠴᠢᠮ ᠱᠠᠭ᠋ᠠᠷᠳᠠᠭᠳᠠᠵᠤ ᠪᠠᠢ᠌ᠭ᠎ᠠ ᠴᠢᠳᠠᠪᠤᠷᠢᠲᠠᠨ᠎ᠢ  ᠣᠷᠣᠭᠤᠯᠤᠨ ᠠᠪᠴᠢᠷᠠᠬᠤ ᠬᠡᠷᠡᠭᠵᠢᠭᠦᠯᠬᠦ ᠨᠠᠷᠢᠨ ᠳᠥ᠋ᠷᠢᠮ
      ᠨᠢᠭᠡᠳᠦᠭᠡᠷ ᠵᠦᠢ᠍ᠯ ᠮᠠᠨ᠎ᠤ ᠬᠤᠳᠠ ᠵᠢᠨ ᠠᠵᠢᠯ ᠦᠢ᠍ᠯᠡᠰ᠎ᠤᠨ ᠨᠢᠭᠡᠴᠡ ᠵᠢᠨ ᠳᠡᠭᠡᠳᠦ ᠲᠡᠰ ᠳᠠᠪᠬᠤᠷᠭ᠎ᠠ ᠵᠢᠨ ᠪᠠᠴᠢᠮ ᠬᠡᠷᠡᠭᠰᠡᠬᠦ ᠪᠠ ᠳᠤᠲᠠᠭᠳᠠᠵᠤ ᠪᠠᠢ᠌ᠭ᠎ᠠ ᠴᠢᠳᠠᠪᠤᠷᠢᠲᠠᠨ᠎ᠢ ᠣᠷᠣᠭᠤᠯᠵᠤ ᠢᠷᠡᠬᠦ ᠲᠡᠰ ᠳᠠᠷᠠᠭ᠋ᠠᠯᠠᠯ᠎ᠢ ᠤᠯᠠᠮ ᠨᠢᠭᠡ ᠠᠯᠬᠤᠮ ᠵᠢᠷᠤᠮᠵᠢᠭᠤᠯᠬᠤ ᠵᠢᠨ ᠲᠤᠰᠠᠳᠠ᠂ 《ᠪᠠᠶᠠᠨᠨᠠᠭᠤᠷ ᠬᠤᠳᠠ ᠵᠢᠨ ᠴᠢᠳᠠᠪᠤᠷᠢᠲᠠᠨ ᠣᠷᠣᠭᠤᠯᠵᠤ ᠢᠷᠡᠬᠦ ᠪᠠ ᠬᠥᠮᠥᠵᠢᠭᠦᠯᠬᠦ ᠬᠡᠷᠡᠭᠵᠢᠭᠦᠯᠬᠦ ᠠᠷᠭ᠎ᠠ》 (ᠪᠠᠶᠠᠨᠨᠠᠭᠤᠷ ᠬᠤᠳᠠ ᠵᠢᠨ ᠴᠢᠳᠠᠪᠤᠷᠢᠲᠠᠨ ᠣᠷᠣᠭᠤᠯᠵᠤ ᠢᠷᠡᠬᠦ[2023] 3 ᠳ᠋ᠤᠭ᠋ᠠᠷ ᠲᠣᠭ᠋ᠠᠲᠤ) ᠵᠢ ᠦᠨᠳᠦᠰᠦᠯᠡᠨ᠂ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ᠂ ᠲᠤᠰ ᠬᠡᠷᠡᠭᠵᠢᠭᠦᠯᠬᠦ ᠨᠠᠷᠢᠨ ᠳᠦᠷᠢᠮ᠎ᠢ ᠲᠣᠭᠲᠠᠭ᠋ᠠᠪᠠ᠃
      ᠬᠣᠶᠠᠳᠤᠭ᠋ᠠᠷ ᠵᠦᠢ᠍ᠯ ᠳᠡᠭᠡᠳᠦ ᠳᠡᠰ᠎ᠤᠨ ᠪᠠᠴᠢᠮ ᠬᠡᠷᠡᠭᠰᠡᠬᠦ ᠪᠠ ᠳᠤᠲᠠᠭᠳᠠᠵᠤ ᠪᠠᠢ᠌ᠭ᠎ᠠ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠎ᠳᠠᠭᠠᠨ ᠬᠣᠲᠠ ᠵᠢᠨ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠭᠣᠣᠯ ᠠᠵᠢᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 《ᠳᠥᠷᠪᠡᠨ ᠲᠣᠭᠣᠷᠢᠭ》᠎ᠤᠨ ᠬᠥᠭᠵᠢᠯᠲᠡ ᠵᠢᠨ ᠪᠠᠢ᠌ᠷᠢ ᠲᠣᠭᠲᠠᠭ᠋ᠠᠯᠲᠠ ᠵᠢ ᠲᠣᠭᠲᠠᠭ᠋ᠠᠵᠤ᠂ 《ᠬᠣᠶᠠᠷ ᠰᠠᠭᠤᠷᠢᠨ ᠭᠠᠵᠠᠷ᠂ ᠳᠥᠷᠪᠡᠨ ᠴᠤᠭᠯᠠᠷᠠᠯ》᠎ᠤᠨ ᠭᠣᠣᠯ ᠰᠢᠪᠲᠤᠯᠤᠯᠲᠠ ᠵᠢᠨ ᠴᠢᠭᠯᠡᠯ᠎ᠢ ᠲᠣᠭᠲᠠᠭ᠋ᠠᠨ᠂ ᠪᠣᠳᠠᠲᠤ ᠬᠡᠷᠡᠭᠯᠡᠭᠡᠨ᠎ᠤ ᠪᠣᠳᠠᠲᠤ ᠦᠷ᠎ᠡ ᠪᠦᠲᠦᠮᠵᠢ ᠵᠢ ᠳᠣᠪᠣᠶ᠋ᠢᠯᠭ᠋ᠠᠵᠤ᠂ ᠦᠵᠡᠯ ᠰᠠᠨᠠᠭ᠎ᠠ᠎ᠪᠠᠨ ᠴᠢᠯᠦᠭᠡᠯᠡᠬᠦ᠂ ᠵᠢᠷᠤᠮᠵᠢᠯ᠎ᠲᠠᠢ ᠡᠮᠬᠢ ᠵᠢᠷᠤᠮ᠎ᠲᠠᠢ᠂ ᠢᠯᠡ ᠲᠣᠳᠣ ᠡᠷᠬᠡ ᠲᠡᠭᠰᠢ ᠪᠠᠢ᠌ᠬᠤ ᠵᠢ ᠪᠠᠷᠢᠮᠲᠠᠯᠠᠨ᠂ ᠣᠯᠠᠨ ᠴᠢᠳᠠᠪᠤᠷᠢᠲᠠᠨ᠎ᠢ ᠥᠷᠭᠡᠨ ᠵᠶ᠋ᠡᠷ ᠴᠤᠭᠯᠠᠭᠤᠯᠵᠤ᠂ ᠨᠠᠩ ᠣᠯᠠᠨ ᠳᠡᠭᠡᠳᠦ ᠲᠠᠰ ᠳᠠᠪᠬᠤᠷᠭ᠎ᠠ ᠵᠢᠨ ᠪᠠᠴᠢᠮ ᠬᠡᠷᠡᠭᠴᠡᠭᠡ᠎ᠲᠠᠢ ᠳᠤᠲᠠᠭᠳᠠᠵᠤ ᠪᠠᠢ᠌ᠭ᠎ᠠ ᠴᠢᠳᠠᠪᠤᠷᠢᠲᠠᠨ᠎ᠢ ᠴᠢᠷᠮᠠᠢ᠌ᠨ ᠴᠤᠭᠯᠠᠷᠠᠭᠤᠯᠵᠤ᠂ ᠮᠠᠨ᠎ᠤ ᠬᠣᠲᠠ ᠵᠢᠨ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠵᠠᠮ ᠵᠶ᠋ᠠᠷ ᠵᠠᠮᠨᠠᠬᠤ᠎ᠳᠤ ᠬᠦᠴᠦᠷᠬᠡᠭ ᠶᠡᠬᠡ ᠴᠢᠳᠠᠪᠤᠷᠢᠲᠠᠨ᠎ᠤ ᠲᠤᠯᠭ᠋ᠠᠭᠤᠷᠢᠯᠠᠯ ᠬᠠᠩᠭ᠋ᠠᠨ᠎ᠠ᠃
      ᠭᠤᠷᠪᠠᠳᠤᠭ᠋ᠠᠷ ᠵᠦᠢ᠍ᠯ ᠲᠤᠰ ᠬᠡᠷᠡᠭᠵᠢᠭᠦᠯᠬᠦ ᠨᠠᠷᠢᠨ ᠳᠦᠷᠢᠮ᠎ᠨᠢ ᠭᠣᠣᠯᠳᠠᠭᠤ 《ᠪᠠᠶᠠᠨᠨᠠᠭᠤᠷ ᠬᠤᠳᠠ ᠵᠢᠨ ᠴᠢᠳᠠᠪᠤᠷᠢᠲᠠᠨ ᠣᠷᠣᠭᠤᠯᠵᠤ ᠢᠷᠡᠬᠦ ᠪᠠ ᠬᠥᠮᠥᠵᠢᠭᠦᠯᠬᠦ ᠬᠡᠷᠡᠭᠵᠢᠭᠦᠯᠬᠦ ᠠᠷᠭ᠎ᠠ》᠎ᠳᠤ ᠲᠣᠭᠲᠠᠭ᠋ᠠᠭᠰᠠᠨ ᠳᠥᠷᠪᠡᠳᠦᠭᠡᠷ᠂ ᠲᠠᠪᠤᠳᠤᠭ᠋ᠠᠷ ᠲᠥᠷᠥᠯ᠎ᠤᠨ ᠴᠢᠳᠠᠪᠤᠷᠢᠲᠠᠨ ᠣᠷᠣᠭᠤᠯᠵᠤ ᠢᠷᠡᠬᠦ ᠲᠡᠰ ᠳᠠᠷᠠᠭ᠋ᠠᠯᠠᠯ᠎ᠤᠨ ᠱᠠᠭ᠋ᠠᠷᠳᠠᠯᠭ᠎ᠠ ᠵᠢ ᠨᠠᠷᠢᠯᠢᠭᠵᠢᠭᠤᠯᠬᠤ ᠶᠠᠪᠤᠳᠠᠯ ᠪᠣᠯᠣᠨ᠎ᠠ᠃ ᠡᠯ᠎ᠡ ᠬᠣᠰᠢᠭᠤ ᠰᠢᠶᠠᠨ ᠲᠣᠭᠣᠷᠢᠭ᠎ᠨᠢ ᠲᠣᠰ ᠬᠡᠷᠡᠭᠵᠢᠭᠦᠯᠬᠦ ᠨᠠᠷᠢᠨ ᠳᠦᠷᠢᠮ ᠵᠶ᠋ᠡᠷ ᠯᠠᠪᠯᠠᠯᠲᠠ ᠪᠣᠯᠭ᠋ᠠᠨ ᠬᠡᠷᠡᠭᠵᠢᠭᠦᠯᠬᠦ ᠪᠤᠶᠤ ᠲᠣᠰ ᠬᠡᠷᠡᠭᠵᠢᠭᠦᠯᠬᠦ ᠨᠠᠷᠢᠨ ᠳᠦᠷᠢᠮ᠎ᠲᠠᠢ ᠬᠠᠷᠢᠴᠠᠭᠤᠯᠤᠨ ᠲᠣᠰ ᠭᠠᠵᠠᠷ ᠣᠷᠣᠨ᠎ᠤ ᠳᠡᠭᠡᠳᠦ ᠲᠠᠰ ᠳᠠᠪᠬᠤᠷᠭ᠎ᠠ ᠵᠢᠨ ᠪᠠᠴᠢᠮ ᠬᠡᠷᠡᠭᠴᠡᠭᠡ᠎ᠲᠠᠢ ᠳᠤᠲᠠᠭᠳᠠᠵᠤ ᠪᠠᠢ᠌ᠭ᠎ᠠ ᠴᠢᠳᠠᠪᠤᠷᠢᠲᠠᠨ᠎ᠢ ᠵᠠᠪᠠᠯ ᠣᠷᠣᠭᠤᠯᠤᠨ ᠠᠪᠴᠢᠷᠠᠬᠤ ᠪᠣᠳᠠᠲᠠᠢ ᠨᠠᠷᠢᠨ ᠳᠦᠷᠢᠮ᠎ᠢ ᠲᠣᠭᠲᠠᠭ᠋ᠠᠵᠤ ᠪᠣᠯᠣᠨ᠎ᠠ᠃
      ᠳᠥᠷᠪᠡᠳᠦᠭᠡᠷ ᠵᠦᠢ᠍ᠯ ᠳᠣᠣᠷ᠎ᠠ ᠵᠢᠭᠰᠠᠭ᠋ᠠᠭᠰᠠᠨ ᠪᠠᠢ᠌ᠳᠠᠯ᠎ᠤᠳ᠎ᠤᠨ ᠨᠢᠭᠡ᠎ᠨᠢ ᠪᠠᠢ᠌ᠪᠠᠯ ᠣᠷᠣᠭᠤᠯᠵᠤ ᠢᠷᠡᠬᠦ  ᠦᠭᠡᠢ᠄
      (ᠨᠢᠭᠡ) ᠵᠢᠩᠬᠢᠨᠢ ᠠᠯᠪᠠᠨ᠎ᠤ ᠴᠡᠷᠢᠭ; ᠰᠤᠷᠤᠯᠴᠠᠵᠤ ᠪᠠᠢ᠌ᠭ᠎ᠠ ᠪᠦᠬᠦᠯᠢ ᠡᠳᠦᠷ᠎ᠤᠨ ᠳᠦᠷᠢᠮᠲᠦ ᠣᠶᠤᠲᠠᠨ ᠪᠠ ᠠᠰᠫᠢᠷᠠᠨᠲ;
      (ᠬᠣᠶᠠᠷ) ᠲᠤᠷᠰᠢᠨ ᠬᠡᠷᠡᠭᠯᠡᠬᠦ ᠬᠤᠭᠤᠴᠠᠭ᠋ᠠᠨ᠎ᠳᠠᠬᠢ ᠪᠠ ᠦᠢ᠍ᠯᠡᠴᠢᠯᠡᠭᠡᠨ ᠎ᠤ ᠬᠠᠮᠤᠭ᠎ᠤᠨ ᠳᠣᠣᠷ᠎ᠠ ᠵᠢᠯ ᠬᠤᠭᠤᠴᠠᠭ᠎ᠠ᠎ᠨᠢ ᠳᠦᠭᠦᠷᠦᠭᠡᠳᠦᠢ ᠠᠵᠢᠯ ᠦᠢ᠍ᠯᠡᠰ ᠎ᠤᠨ ᠨᠢᠭᠡᠴᠡ ᠵᠢᠨ ᠠᠵᠢᠯᠲᠠᠨ (ᠣᠷᠣᠨ ᠲᠣᠭ᠎ᠠ ᠵᠢ ᠵᠢᠭᠰᠠᠭ᠋ᠠᠵᠤ ᠤᠷᠢᠨ ᠬᠡᠷᠡᠭᠯᠡᠬᠦ) ᠪᠤᠶᠤ ᠠᠯᠪᠠᠲᠠᠨ;
      (ᠭᠤᠷᠪᠠ) ᠶᠠᠯ᠎ᠠ ᠬᠢᠭᠰᠡᠨ᠎ᠠᠴᠠ ᠪᠣᠯᠵᠤ ᠡᠷᠡᠭᠦᠦ ᠵᠢᠨ ᠰᠢᠢ᠍ᠳᠬᠡᠯ ᠣᠯᠵᠤ ᠥᠩᠭᠡᠷᠡᠭᠰᠡᠨ ᠪᠠ ᠠᠯᠪᠠᠨ ᠲᠤᠰᠢᠶᠠᠯ ᠎ᠠᠴᠠ᠎ᠪᠠᠨ ᠬᠥᠭᠡᠭᠡᠭᠳᠡᠵᠦ ᠥᠩᠭᠡᠷᠡᠭᠰᠡᠨ ᠬᠥᠮᠥᠰ᠂ ᠬᠠᠤᠯᠢ ᠶᠣᠰᠣᠭ᠋ᠠᠷ ᠢᠲᠡᠭᠡᠯ ᠠᠯᠳᠠᠭᠰᠠᠳ᠎ᠢ ᠬᠣᠯᠪᠤᠭ᠋ᠠᠯᠠᠨ ᠵᠠᠯᠬᠠᠭ᠋ᠠᠨ ᠴᠡᠭᠡᠷᠯᠡᠭᠦᠯᠬᠦ ᠡᠲᠡᠭᠡᠳ᠎ᠲᠤ ᠵᠢᠭᠰᠠᠭ᠋ᠠᠭᠳᠠᠭᠰᠠᠨ ᠬᠥᠮᠥᠰ;
      (ᠳᠥᠷᠪᠡ) ᠠᠯᠪᠠᠲᠠᠨ ᠡᠯᠰᠡᠬᠦ ᠰᠢᠯᠭ᠋ᠠᠯᠲᠠ ᠪᠤᠶᠤ ᠠᠵᠢᠯ ᠦᠢ᠍ᠯᠡᠰ᠎ᠤᠨ ᠨᠢᠭᠡᠴᠡ ᠵᠢᠨ ᠢᠯᠡ᠎ᠪᠠᠷ ᠤᠷᠢᠨ ᠬᠡᠷᠡᠭᠯᠡᠬᠦ ᠳᠤᠮᠳᠠ ᠬᠡᠮ ᠬᠢᠭᠰᠡᠨ ᠵᠡᠷᠭᠡ ᠡᠯᠰᠡᠨ ᠬᠡᠷᠡᠭᠯᠡᠬᠦ (ᠤᠷᠢᠨ ᠬᠡᠷᠡᠭᠯᠡᠬᠦ) ᠰᠠᠬᠢᠯᠭ᠎ᠠ ᠪᠠᠲᠤ ᠵᠢ ᠬᠦᠨᠳᠦ ᠨᠣᠴᠢᠲᠠᠢ ᠵᠥᠷᠢᠴᠡᠭᠰᠡᠨ ᠦᠢᠯᠡ ᠠᠵᠢᠯᠯᠠᠭ᠎ᠠ᠎ᠲᠠᠢ ᠪᠥᠭᠡᠳ ᠰᠢᠯᠭ᠋ᠠᠯᠲᠠ ᠵᠢ ᠴᠠᠭ᠋ᠠᠵᠠᠯᠠᠬᠤ ᠬᠤᠭᠤᠴᠠᠭ᠋ᠠᠨ᠎ᠳᠤ ᠪᠠᠢ᠌ᠭ᠎ᠠ ᠠᠵᠢᠯᠲᠠᠨ;
      (ᠲᠠᠪᠤ) ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠠᠷᠢᠶ᠎ᠠ᠎ᠠᠴᠠ ᠬᠥᠭᠡᠭᠡᠭᠳᠡᠭᠰᠡᠨ ᠬᠥᠮᠥᠰ;
      (ᠵᠢᠷᠭᠤᠭ᠎ᠠ) ᠪᠠᠶᠠᠨᠨᠠᠭᠤᠷ ᠬᠣᠲᠠ ᠵᠢᠨ ᠣᠷᠣᠨ ᠲᠣᠭ᠎ᠠ᠎ᠲᠠᠢ ᠠᠵᠢᠯ᠎ᠤᠨ ᠪᠠᠢ᠌ᠷᠢ᠎ᠳᠤ ᠪᠠᠢ᠌ᠭ᠎ᠠ ᠠᠯᠪᠠᠲᠠᠨ᠂ ᠠᠯᠪᠠᠲᠠᠨ᠎ᠤ ᠬᠠᠤᠯᠢ᠎ᠪᠠᠷ ᠯᠠᠪᠯᠠᠯᠲᠠ ᠪᠣᠯᠭ᠋ᠠᠨ ᠠᠵᠢᠯ ᠦᠢ᠍ᠯᠡᠰ᠎ᠤᠨ ᠨᠢᠭᠡᠴᠡ ᠵᠢᠨ ᠠᠵᠢᠯᠲᠠᠨ᠂ ᠠᠵᠢᠯ ᠦᠢ᠍ᠯᠡᠰ᠎ᠤᠨ ᠨᠢᠭᠡᠴᠡ ᠵᠢᠨ ᠠᠵᠢᠯᠲᠠᠨ (48 ᠳ᠋ᠤᠭ᠋ᠠᠷ ᠲᠣᠭ᠋ᠠᠲᠤ ᠦᠢ᠍ᠯᠡᠴᠢᠯᠡᠭᠡᠨ᠎ᠤ ᠣᠷᠣᠨ ᠲᠣᠭ᠎ᠠ ᠵᠢᠨ ᠠᠵᠢᠯᠲᠠᠨ ᠪᠠᠭᠲᠠᠬᠤ ᠦᠭᠡᠢ) ᠵᠢᠴᠢ ᠣᠢ᠌ᠷ᠎ᠠ ᠵᠢᠨ 5 ᠵᠢᠯ᠎ᠤᠨ ᠳᠣᠲᠣᠷ᠎ᠠ ᠲᠣᠰ ᠬᠣᠲᠠ ᠵᠢᠨ ᠵᠠᠰᠠᠭ ᠵᠠᠬᠢᠷᠭ᠋ᠠᠨ᠎ᠤ ᠠᠵᠢᠯ ᠦᠢ᠍ᠯᠡᠰ᠎ᠤᠨ ᠨᠢᠭᠡᠴᠡ ᠵᠢᠨ ᠲᠤᠰᠢᠶᠠᠯ ᠎ᠠᠴᠠ᠎ᠪᠠᠨ ᠪᠠᠭᠤᠭᠰᠠᠨ ᠪᠤᠶᠤ ᠠᠵᠢᠯ ᠎ᠠᠴᠠ᠎ᠪᠠᠨ ᠵᠣᠭᠰᠣᠭ᠋ᠠᠭᠳᠠᠭᠰᠠᠨ ᠬᠥᠮᠥᠰ᠎ᠢ ᠬᠠᠮᠢᠶᠠᠷᠤᠨ᠎ᠠ;
      (ᠲᠤᠯᠤᠭ᠎ᠠ) ᠣᠷᠣᠭᠤᠯᠵᠤ ᠢᠷᠡᠭᠰᠡᠨ ᠠᠵᠢᠯ᠎ᠤᠨ ᠪᠠᠢ᠌ᠷᠢ᠎ᠯᠤᠭ᠎ᠠ ᠵᠠᠢ᠌ᠯᠠᠭᠤᠯᠬᠤ ᠬᠠᠷᠢᠴᠠᠭ᠎ᠠ᠎ᠲᠠᠢ ᠬᠥᠮᠥᠰ᠃ ᠬᠥᠮᠥᠨ ᠬᠡᠷᠡᠭᠯᠡᠬᠦ ᠨᠢᠭᠡᠴᠢ ᠵᠢᠨ ᠭᠣᠣᠯ ᠬᠠᠷᠢᠭᠤᠴᠠᠯᠭ᠋ᠠᠲᠠᠨ᠎ᠲᠠᠢ ᠡᠷ᠎ᠡ ᠡᠮ᠎ᠡ ᠵᠢᠨ ᠬᠠᠷᠢᠴᠠᠭ᠎ᠠ᠎ᠲᠠᠢ᠂ ᠰᠢᠭᠤᠳ ᠴᠢᠰᠤᠨ ᠲᠦᠷᠦᠯ᠎ᠤᠨ ᠬᠠᠷᠢᠴᠠᠭ᠎ᠠ᠎ᠲᠠᠢ᠂ ᠭᠤᠷᠪᠠᠨ ᠦᠶ᠎ᠡ ᠵᠢᠨ ᠳᠣᠲᠣᠷᠠᠬᠢ ᠦᠶᠡᠯᠢᠳ ᠬᠠᠶᠠᠯᠢᠳ ᠴᠢᠰᠤᠨ ᠲᠦᠷᠦᠯ ᠪᠤᠶᠤ ᠣᠢ᠌ᠷ᠎ᠠ ᠤᠷᠤᠭ ᠰᠠᠳᠤᠨ᠎ᠤ ᠬᠠᠷᠢᠴᠠᠭ᠎ᠠ᠎ᠲᠠᠢ ᠤᠷᠢᠭᠳᠠᠭᠰᠠᠳ ᠪᠦᠬᠦᠨ ᠲᠤᠰ ᠨᠢᠭᠡᠴᠢ ᠵᠢᠨ ᠵᠣᠬᠢᠶᠠᠨ ᠪᠠᠢ᠌ᠭᠤᠯᠤᠯᠲᠠ ᠠᠵᠢᠯᠲᠠᠨ᠎ᠤ ᠶᠠᠪᠤᠳᠠᠯ᠂ ᠬᠢᠨᠠᠨ ᠪᠣᠳᠣᠯᠲᠠ᠂ ᠡᠳ᠋᠎ᠤᠨ ᠶᠠᠪᠤᠳᠠᠯ᠂ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠠᠵᠢᠯ᠎ᠤᠨ ᠪᠠᠢ᠌ᠷᠢ ᠵᠢᠴᠢ ᠰᠢᠭᠤᠳ ᠳᠡᠭᠡᠳᠦ ᠳᠣᠣᠷᠠᠳᠤ ᠱᠠᠲᠤᠨ᠎ᠤ ᠤᠳᠤᠷᠢᠳᠤᠯᠭ᠎ᠠ ᠵᠢᠨ ᠬᠠᠷᠢᠴᠠᠭ᠎ᠠ᠎ᠲᠠᠢ ᠠᠵᠢᠯ᠎ᠤᠨ ᠪᠠᠢ᠌ᠷᠢ᠎ᠳᠤ ᠤᠷᠢᠭᠳᠠᠵᠤ ᠪᠣᠯᠬᠤ ᠦᠭᠡᠢ;
      (ᠨᠠᠢ᠍ᠮᠠ) ᠴᠢᠳᠠᠪᠤᠷᠢᠲᠠᠨ ᠡᠯᠰᠡᠬᠦ ᠠᠵᠢᠯᠯᠠᠭ᠎ᠠ ᠵᠢᠨ ᠨᠡᠷ᠎ᠡ ᠮᠡᠳᠡᠭᠦᠯᠬᠦ ᠠᠵᠢᠯ ᠳᠠᠭᠤᠰᠤᠭᠰᠠᠨ᠎ᠤ ᠳᠠᠷᠠᠭ᠎ᠠ ᠤᠷᠢᠨ ᠬᠡᠷᠡᠭᠯᠡᠬᠦ ᠭᠠᠷᠳᠠᠮ ᠭᠦᠢ᠍ᠴᠡᠳᠬᠡᠬᠦ᠎ᠠᠴᠠ ᠡᠮᠦᠨ᠎ᠡ᠂ ᠪᠤᠰᠤᠳ ᠠᠯᠪᠠᠲᠠᠨ (ᠠᠯᠪᠠᠨ᠎ᠳᠤ ᠣᠷᠣᠯᠴᠠᠭᠴᠢ)᠎ᠤ ᠰᠢᠯᠭ᠋ᠠᠨ ᠡᠯᠰᠡᠯᠲᠡ᠎ᠳᠤ ᠣᠷᠣᠯᠴᠠᠭᠰᠠᠨ ᠪᠤᠶᠤ ᠠᠵᠢᠯ ᠦᠢ᠍ᠯᠡᠰ᠎ᠤᠨ ᠨᠢᠭᠡᠴᠡ ᠵᠢᠨ ᠣᠷᠣᠨ ᠲᠣᠭ᠋ᠠᠨ᠎ᠤ ᠳᠣᠲᠣᠷ᠎ᠠ ᠢᠯᠡ᠎ᠪᠠᠷ ᠤᠷᠢᠨ ᠬᠡᠷᠡᠭᠯᠡᠭᠰᠡᠨ᠎ᠠᠴᠠ ᠪᠣᠯᠵᠤ᠂ ᠪᠤᠰᠤᠳ ᠪᠠᠢ᠌ᠭᠤᠯᠤᠯᠭ᠎ᠠ (ᠠᠯᠪᠠᠨ᠎ᠳᠤ ᠣᠷᠣᠯᠴᠠᠭᠴᠢ ᠨᠢᠭᠡᠴᠡ)᠎ᠳᠤ ᠡᠯᠰᠡᠭᠳᠡᠭᠰᠡᠨ ᠪᠤᠶᠤ ᠠᠵᠢᠯ ᠦᠢ᠍ᠯᠡᠰ᠎ᠤᠨ ᠨᠢᠭᠡᠴᠡ ᠵᠢᠨ ᠣᠷᠣᠨ ᠲᠣᠭ᠎ᠠ᠎ᠳᠤ ᠣᠷᠣᠵᠤ ᠤᠷᠢᠨ ᠬᠡᠷᠡᠭᠯᠡᠭᠰᠡᠨ᠎ᠠᠴᠠ ᠪᠣᠯᠤᠭᠰᠠᠨ; ᠲᠣᠰ ᠤᠳᠠᠭ᠋ᠠᠨ᠎ᠤ ᠴᠢᠳᠠᠪᠤᠷᠢᠲᠠᠨ ᠡᠯᠰᠡᠬᠦ ᠠᠵᠢᠯᠯᠠᠭ᠎ᠠ ᠵᠢᠨ ᠨᠡᠷ᠎ᠡ ᠮᠡᠳᠡᠭᠦᠯᠬᠦ ᠠᠵᠢᠯ ᠳᠠᠭᠤᠰᠤᠭᠰᠠᠨ᠎ᠤ ᠳᠠᠷᠠᠭ᠎ᠠ ᠤᠷᠢᠵᠤ ᠬᠡᠷᠡᠭᠯᠡᠬᠦ ᠭᠠᠷ ᠭᠦᠢ᠍ᠴᠡᠳᠬᠡᠯ ᠬᠢᠬᠦ᠎ᠠᠴᠠ ᠡᠮᠦᠨ᠎ᠡ᠂ ᠪᠦᠬᠦᠯᠢ ᠡᠳᠦᠷ᠎ᠤᠨ ᠳᠦᠷᠢᠮᠲᠦ ᠰᠣᠷᠣᠭᠴᠢ ᠪᠣᠯᠤᠭᠰᠠᠨ;
      (ᠶᠢᠰᠦ) ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠠᠵᠢᠯ ᠦᠢ᠍ᠯᠡᠰ᠎ᠤᠨ ᠨᠢᠭᠡᠴᠡ ᠵᠢᠨ ᠠᠵᠢᠯᠲᠠᠨ ᠵᠶ᠋ᠠᠷ ᠤᠷᠢᠨ ᠬᠡᠷᠡᠭᠯᠡᠵᠦ ᠪᠣᠯᠬᠤ ᠦᠭᠡᠢ ᠪᠤᠰᠤᠳ ᠪᠠᠢ᠌ᠳᠠᠯ᠎ᠲᠠᠢ ᠠᠵᠢᠯᠲᠠᠨ᠃
      ᠲᠠᠪᠤᠳᠤᠭ᠋ᠠᠷ ᠵᠦᠢ᠍ᠯ ᠡᠯ᠎ᠡ ᠬᠣᠰᠢᠭᠤ ᠰᠢᠶᠠᠨ ᠲᠣᠭᠣᠷᠢᠭ᠂ ᠬᠣᠲᠠ ᠵᠢᠨ ᠰᠢᠭᠤᠳ ᠬᠠᠷᠢᠶ᠎ᠠ ᠡᠯ᠎ᠡ ᠠᠵᠢᠯ ᠦᠢ᠍ᠯᠡᠰ᠎ᠤᠨ ᠨᠢᠭᠡᠴᠡ᠎ᠨᠦᠭᠦᠳ ᠳᠡᠭᠡᠳᠦ ᠲᠠᠰ ᠳᠠᠪᠬᠤᠷᠭ᠎ᠠ ᠵᠢᠨ ᠪᠠᠴᠢᠮ ᠬᠡᠷᠡᠭᠴᠡᠭᠡ᠎ᠲᠠᠢ ᠳᠤᠲᠠᠭᠳᠠᠵᠤ ᠪᠠᠢ᠌ᠭ᠎ᠠ  ᠴᠢᠳᠠᠪᠤᠷᠢᠲᠠᠨ ᠎ᠢ ᠣᠷᠣᠭᠤᠯᠤᠨ   ᠠᠪᠴᠢᠷᠠᠬᠤ ᠎ᠳᠤ  ᠳᠣᠣᠷᠠᠬᠢ ᠲᠠᠰ  ᠳᠠᠷᠠᠭ᠋ᠠᠯᠠᠯ ᠵᠶ᠋ᠠᠷ   ᠭᠦᠢ᠍ᠴᠡᠳᠬᠡᠨ᠎ᠡ᠄
      (ᠨᠢᠭᠡ) ᠳᠡᠭᠡᠳᠦ ᠲᠠᠰ ᠳᠠᠪᠬᠤᠷᠭ᠎ᠠ ᠵᠢᠨ ᠪᠠᠴᠢᠮ ᠬᠡᠷᠡᠭᠴᠡᠭᠡᠲᠡᠢ ᠪᠠᠴᠢᠮ ᠳᠤᠲᠠᠭᠳᠠᠵᠤ ᠪᠠᠢ᠌ᠭ᠎ᠠ ᠴᠢᠳᠠᠪᠤᠷᠢᠲᠠᠨ᠎ᠤ ᠬᠡᠷᠡᠭᠴᠡᠭᠡ ᠱᠠᠭ᠋ᠠᠷᠳᠠᠯᠭ᠎ᠠ ᠵᠢᠨ ᠭᠠᠷᠴᠠᠭ᠎ᠢ ᠨᠠᠢ᠌ᠷᠠᠭᠤᠯᠤᠨ ᠵᠣᠬᠢᠶᠠᠨ᠎ᠠ᠃ ᠡᠯ᠎ᠡ ᠬᠥᠮᠥᠨ ᠬᠡᠷᠡᠭᠯᠡᠬᠦ ᠨᠢᠭᠡᠴᠡ ᠠᠵᠢᠯ᠎ᠤᠨ ᠬᠡᠷᠡᠭᠴᠡᠭᠡ᠎ᠪᠠᠨ ᠦᠨᠳᠦᠰᠦᠯᠡᠨ᠂ ᠣᠨ᠎ᠤ ᠣᠷᠣᠭᠤᠯᠤᠨ ᠠᠪᠴᠢᠷᠠᠬᠤ ᠴᠢᠳᠠᠪᠤᠷᠢᠲᠠᠨ᠎ᠤ ᠣᠷᠣᠨ ᠲᠣᠭ᠎ᠠ ᠵᠢ ᠬᠡᠷᠡᠭᠯᠡᠬᠦ ᠲᠥᠯᠥᠪᠯᠡᠭᠡ ᠵᠢᠨ ᠳᠣᠲᠣᠷ᠎ᠠ᠂ ᠳᠡᠭᠡᠳᠦ ᠲᠠᠰ ᠳᠠᠪᠬᠤᠷᠭ᠎ᠠ ᠵᠢᠨ ᠪᠠᠴᠢᠮ ᠬᠡᠷᠡᠭᠴᠡᠭᠡ᠎ᠲᠠᠢ ᠪᠠ ᠳᠤᠲᠠᠭᠳᠠᠵᠤ ᠪᠠᠢ᠌ᠭ᠎ᠠ ᠴᠢᠳᠠᠪᠤᠷᠢᠲᠠᠨ᠎ᠤ ᠬᠡᠷᠡᠭᠴᠡᠭᠡ ᠱᠠᠭ᠋ᠠᠷᠳᠠᠯᠭ᠎ᠠ ᠵᠢᠨ ᠲᠥᠯᠥᠪᠯᠡᠭᠡ ᠵᠢ ᠲᠤᠭᠤᠷᠪᠢᠨ ᠲᠣᠭᠲᠠᠭ᠋ᠠᠵᠤ᠂ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠡᠷ ᠵᠥᠪᠰᠢᠶᠡᠷᠡᠭᠦᠯᠦᠭᠰᠡᠨ᠎ᠤ ᠳᠠᠷᠠᠭ᠎ᠠ᠂ ᠬᠣᠲᠠ ᠵᠢᠨ ᠴᠢᠳᠠᠪᠤᠷᠢᠲᠠᠨ ᠣᠷᠣᠭᠤᠯᠤᠨ ᠠᠪᠴᠢᠷᠠᠬᠤ ᠠᠵᠢᠯ᠎ᠤᠨ ᠠᠯᠪᠠᠨ ᠭᠡᠷ᠎ᠲᠤ ᠮᠡᠳᠡᠭᠦᠯᠵᠦ ᠬᠢᠨᠠᠨ ᠬᠠᠷᠭᠤᠭᠤᠯᠤᠭᠤᠯᠬᠤ ᠵᠢᠨ ᠬᠠᠮᠲᠤ ᠬᠣᠲᠠ ᠵᠢᠨ ᠨᠠᠮ᠎ᠤᠨ ᠬᠣᠷᠢᠶ᠎ᠠ ᠵᠢᠨ ᠣᠷᠣᠨ ᠲᠣᠭ᠎ᠠ ᠵᠢᠨ ᠠᠯᠪᠠᠨ ᠭᠡᠷ᠎ᠲᠤ ᠮᠡᠳᠡᠭᠦᠯᠵᠦ ᠣᠷᠣᠨ ᠲᠣᠭ᠎ᠠ ᠵᠢᠨ ᠲᠥᠯᠥᠪᠯᠡᠭᠡ ᠵᠢ ᠬᠢᠨᠠᠨ ᠵᠥᠪᠰᠢᠶᠡᠷᠡᠭᠦᠯᠦᠨ᠎ᠡ᠃ ᠬᠣᠲᠠ ᠵᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠠᠵᠢᠯ᠎ᠤᠨ ᠠᠯᠪᠠᠨ ᠭᠡᠷ᠎ᠠᠴᠠ ᠡᠯ᠎ᠡ ᠡᠷᠭᠢᠯᠡᠨ ᠬᠠᠮᠢᠶᠠᠷᠬᠤ ᠰᠠᠯᠠᠭ᠎ᠠ ᠮᠥᠴᠢᠷ᠎ᠤᠨ ᠳᠡᠭᠡᠭᠰᠢ ᠮᠡᠳᠡᠭᠦᠯᠦᠭᠰᠡᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠲᠥᠯᠥᠪᠯᠡᠭᠡ ᠵᠢ ᠰᠤᠳᠤᠯᠤᠨ ᠬᠢᠨᠠᠨ ᠲᠣᠭᠲᠠᠭ᠋ᠠᠭᠰᠠᠨ᠎ᠤ ᠳᠠᠷᠠᠭ᠎ᠠ᠂ ᠡᠮᠬᠢᠳᠬᠡᠨ ᠬᠤᠷᠢᠶᠠᠩᠭᠤᠢ᠌ᠯᠠᠭ᠋ᠠᠳ 《ᠠᠵᠢᠯ ᠦᠢ᠍ᠯᠡᠰ᠎ᠤᠨ ᠨᠢᠭᠡᠴᠡ ᠵᠢᠨ ᠳᠡᠭᠡᠳᠦ ᠲᠠᠰ᠎ᠤᠨ ᠪᠠᠴᠢᠮ ᠬᠡᠷᠡᠭᠴᠡᠭᠡ᠎ᠲᠠᠢ ᠪᠠ ᠳᠤᠲᠠᠭᠳᠠᠵᠤ ᠪᠠᠢ᠌ᠭ᠎ᠠ ᠴᠢᠳᠠᠪᠤᠷᠢᠲᠠᠨ᠎ᠤ ᠬᠡᠷᠡᠭᠴᠡᠭᠡ ᠱᠠᠭ᠋ᠠᠷᠳᠠᠯᠭ᠎ᠠ ᠵᠢᠨ ᠭᠠᠷᠴᠠᠭ》᠎ᠢ ᠪᠣᠶ ᠪᠣᠯᠭ᠋ᠠᠨ᠎ᠠ᠃
      (ᠬᠣᠶᠠᠷ) ᠢᠯᠡ᠎ᠪᠠᠷ ᠣᠷᠣᠭᠤᠯᠵᠤ ᠢᠷᠡᠨ᠎ᠡ᠃ᠬᠣᠲᠠ ᠵᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠠᠵᠢᠯ᠎ᠤᠨ ᠠᠯᠪᠠᠨ ᠭᠡᠷ᠎ᠨᠢ 《ᠠᠵᠢᠯ ᠦᠢ᠍ᠯᠡᠰ᠎ᠤᠨ ᠨᠢᠭᠡᠴᠡ ᠵᠢᠨ ᠳᠡᠭᠡᠳᠦ ᠲᠠᠰ ᠳᠠᠪᠬᠤᠷᠭ᠎ᠠ ᠵᠢᠨ ᠪᠠᠴᠢᠮ ᠬᠡᠷᠡᠭᠴᠡᠭᠡ᠎ᠲᠠᠢ ᠪᠠ ᠳᠤᠲᠠᠭᠳᠠᠵᠤ ᠪᠠᠢ᠌ᠭ᠎ᠠ ᠴᠢᠳᠠᠪᠤᠷᠢᠲᠠᠨ᠎ᠤ ᠬᠡᠷᠡᠭᠴᠡᠭᠡ ᠱᠠᠭ᠋ᠠᠷᠳᠠᠯᠭ᠎ᠠ ᠵᠢᠨ ᠭᠠᠷᠴᠠᠭ》᠎ᠤᠨ ᠶᠣᠰᠣᠭ᠋ᠠᠷ᠂ ᠪᠣᠳᠠᠲᠠᠢ ᠠᠵᠢᠯ᠎ᠤᠨ ᠲᠥᠰᠥᠯ ᠲᠣᠭᠲᠠᠭ᠋ᠠᠵᠤ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠠᠵᠢᠯ᠎ᠢ ᠥᠷᠨᠢᠭᠦᠯᠦᠨ᠎ᠡ᠃ ᠡᠩ᠎ᠤᠨ ᠪᠠᠢ᠌ᠳᠠᠯ᠎ᠳᠤ ᠰᠣᠨᠢᠨ᠂ ᠷᠠᠳᠢᠣ᠋ ᠲᠧᠯᠸᠢᠰ᠂ ᠴᠢᠳᠠᠪᠤᠷᠢᠲᠠᠨ ᠡᠯᠰᠡᠬᠦ ᠰᠦᠯᠵᠢᠶ᠎ᠡ ᠵᠡᠷᠭᠡ᠎ᠪᠠᠷ ᠳᠠᠮᠵᠢᠭᠤᠯᠤᠨ ᠨᠡᠢ᠌ᠭᠡᠮ ᠨᠡᠶ᠋ᠢᠲᠡ᠎ᠳᠤ ᠠᠯᠪᠠᠨ ᠵᠠᠷ᠂ ᠠᠵᠢᠯ᠎ᠤᠨ ᠪᠠᠢ᠌ᠷᠢ ᠵᠢᠨ ᠮᠡᠳᠡᠭᠡ ᠵᠠᠩᠭᠢ᠂ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢ ᠨᠡᠢ᠌ᠲᠡᠯᠡᠨ᠎ᠡ᠃ ᠬᠣᠲᠠ ᠎ᠠᠴᠠ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ  ᠵᠢᠨ ᠰᠠᠯᠠᠭ᠎ᠠ ᠮᠥᠴᠢᠷ ᠎ᠢ ᠵᠣᠬᠢᠶᠠᠨ ᠪᠠᠢ᠌ᠭᠤᠯᠵᠤ ᠬᠥᠮᠥᠨ ᠬᠡᠷᠡᠭᠯᠡᠬᠦ ᠨᠢᠭᠡᠴᠡ  ᠵᠢ ᠨᠢᠭᠡᠳᠦᠯᠲᠡᠢ ᠵᠣᠬᠢᠶᠠᠨ ᠪᠠᠢ᠌ᠭᠤᠯᠵᠤ ᠳᠡᠭᠡᠳᠦ ᠰᠤᠷᠭ᠋ᠠᠭᠤᠯᠢ ᠪᠤᠶᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ ᠵᠡᠷᠭᠡ ᠭᠠᠵᠠᠷ᠎ᠲᠤ ᠲᠤᠰᠬᠠᠢ ᠲᠥᠷᠥᠯ᠎ᠤᠨ ᠠᠵᠢᠯᠲᠠᠨ ᠡᠯᠰᠡᠬᠦ ᠠᠵᠢᠯᠯᠠᠭ᠎ᠠ ᠥᠷᠨᠢᠭᠦᠯᠦᠭᠰᠡᠨ ᠴᠦ᠍ ᠪᠣᠯᠣᠨ᠎ᠠ᠃
      ᠨᠥᠬᠥᠴᠡᠯ᠎ᠳᠤ ᠨᠡᠢ᠌ᠴᠡᠬᠦ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠎ᠳᠤ᠂ ᠬᠥᠮᠥᠨ ᠬᠡᠷᠡᠭᠯᠡᠬᠦ ᠨᠢᠭᠡᠴᠡ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠰᠢᠯᠭ᠋ᠠᠨ ᠲᠣᠭᠲᠠᠭ᠋ᠠᠬᠤ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠦᠨ᠎ᠡ᠃ ᠡᠭᠦᠨ᠎ᠳᠤ᠂ ᠳᠥᠷᠪᠡᠳᠦᠭᠡᠷ ᠲᠥᠷᠥᠯ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠎ᠳᠤ ᠲᠤᠰᠬᠠᠢ ᠮᠡᠷᠭᠡᠵᠢᠯᠲᠡᠨ᠎ᠤ ᠲᠤᠰᠬᠠᠢ ᠵᠦᠢ᠍ᠯ ᠵᠶ᠋ᠡᠷ ᠰᠢᠯᠭ᠋ᠠᠨ ᠦᠨᠡᠯᠡᠬᠦ ᠠᠷᠭ᠎ᠠ ᠮᠠᠶᠢᠭ ᠵᠶ᠋ᠠᠷ ᠰᠢᠯᠭ᠋ᠠᠨ ᠲᠣᠭᠲᠠᠭ᠋ᠠᠵᠤ ᠪᠣᠯᠣᠨ᠎ᠠ᠂ ᠲᠤᠰᠬᠠᠢ ᠵᠦᠢ᠍ᠯ ᠵᠶ᠋ᠡᠷ ᠰᠢᠯᠭ᠋ᠠᠨ ᠦᠨᠡᠯᠡᠬᠦ ᠬᠡᠯᠪᠡᠷᠢ ᠵᠢᠨ ᠠᠭᠤᠯᠭ᠎ᠠ ᠵᠢ ᠲᠤᠰᠬᠠᠢ ᠮᠡᠷᠭᠡᠵᠢᠯᠲᠡᠨ᠎ᠠᠴᠠ ᠠᠵᠢᠯ᠎ᠤᠨ ᠪᠠᠢ᠌ᠷᠢ᠂ ᠲᠤᠰᠬᠠᠢ ᠮᠡᠷᠭᠡᠵᠢᠯ ᠵᠡᠷᠭᠡ ᠵᠢᠨ ᠱᠠᠭ᠋ᠠᠷᠳᠠᠯᠭ᠎ᠠ ᠵᠢ ᠦᠨᠳᠦᠰᠦᠯᠡᠨ ᠶᠡᠷᠦᠩᠬᠡᠢ᠌ᠯᠡᠨ ᠲᠣᠭᠲᠠᠭ᠋ᠠᠵᠤ᠂ ᠰᠢᠯᠭ᠋ᠠᠨ ᠲᠣᠭᠲᠠᠭ᠋ᠠᠭᠰᠠᠨ᠎ᠤ ᠳᠠᠷᠠᠭ᠎ᠠ ᠪᠢᠴᠢᠭ᠎ᠤᠨ ᠬᠡᠯᠪᠡᠷᠢ ᠵᠢᠨ ᠰᠠᠨᠠᠯ ᠭᠠᠷᠭ᠋ᠠᠬᠤ ᠬᠡᠷᠡᠭᠲᠡᠢ᠃ ᠲᠠᠪᠤᠳᠤᠭ᠋ᠠᠷ ᠲᠦᠷᠦᠯ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠎ᠳᠤ ᠬᠦᠷᠪᠡᠯ᠂ ᠬᠥᠮᠥᠨ ᠬᠡᠷᠡᠭᠯᠡᠬᠦ ᠨᠢᠭᠡᠴᠢ ᠵᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠴᠢᠬᠤᠯᠠ ᠪᠦᠬᠦᠢ ᠰᠢᠯᠭ᠋ᠠᠨ ᠲᠣᠭᠲᠠᠭ᠋ᠠᠬᠤ ᠠᠷᠭ᠎ᠠ ᠵᠢ ᠠᠪᠴᠤ ᠰᠢᠯᠭ᠋ᠠᠨ ᠲᠣᠭᠲᠠᠭ᠋ᠠᠬᠤ ᠬᠡᠷᠡᠭᠲᠡᠢ᠃ ᠰᠢᠯᠭ᠋ᠠᠨ ᠲᠣᠭᠲᠠᠭ᠋ᠠᠬᠤ ᠠᠷᠭ᠎ᠠ ᠵᠢ ᠠᠵᠢᠯ᠎ᠤᠨ ᠪᠠᠢ᠌ᠷᠢ ᠵᠢᠨ ᠲᠤᠰᠢᠶᠠᠯ ᠬᠠᠷᠢᠭᠤᠴᠠᠯᠭ᠎ᠠ᠂ ᠲᠤᠰᠬᠠᠢ ᠮᠡᠷᠭᠡᠵᠢᠯ᠎ᠤᠨ ᠣᠨᠴᠠᠯᠢᠭ ᠵᠢᠴᠢ ᠨᠡᠷ᠎ᠡ ᠮᠡᠳᠡᠭᠦᠯᠦᠭᠰᠡᠨ ᠴᠢᠳᠠᠪᠤᠷᠢᠲᠠᠨ᠎ᠤ ᠪᠠᠢ᠌ᠳᠠᠯ᠎ᠢ ᠦᠨᠳᠦᠰᠦᠯᠡᠨ ᠲᠣᠭᠲᠠᠭ᠋ᠠᠵᠤ ᠪᠣᠯᠣᠨ᠎ᠠ᠂ ᠵᠢᠱ᠌ᠢᠶᠡᠯᠡᠪᠡᠯ ᠨᠢᠭᠤᠷᠲᠠᠨ ᠰᠢᠯᠭ᠋ᠠᠬᠤ᠂ ᠪᠢᠷ᠎ᠤᠨ ᠰᠢᠯᠭ᠋ᠠᠯᠲᠠ ᠪᠤᠶᠤ ᠪᠣᠳᠠᠲᠠᠢ ᠪᠣᠯᠪᠠᠰᠤᠷᠠᠯ ᠵᠡᠷᠭᠡ᠃ ᠰᠢᠯᠭ᠋ᠠᠨ ᠦᠨᠡᠯᠡᠬᠦ᠎ᠳᠤ 5 - 7 ᠬᠣᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠵᠶ᠋ᠡᠷ ᠰᠢᠯᠭ᠋ᠠᠨ ᠲᠣᠭᠲᠠᠭ᠋ᠠᠬᠤ ᠳᠤᠭᠤᠢ᠌ᠯᠠᠩ ᠪᠦᠷᠢᠯᠳᠦᠭᠦᠯᠵᠦ᠂ ᠲᠣᠰ ᠨᠢᠭᠡᠴᠡ ᠪᠤᠶᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠲᠤᠰᠬᠠᠢ ᠮᠡᠷᠭᠡᠵᠢᠯᠲᠡᠨ ᠬᠠᠮᠤᠭ ᠢᠯᠡᠭᠦᠦ᠎ᠳᠡᠭᠡᠨ 1 ᠨᠡᠷᠡᠰ ᠪᠠᠢ᠌ᠬᠤ ᠬᠡᠷᠡᠭᠲᠡᠢ᠃ ᠰᠢᠯᠭ᠋ᠠᠨ ᠲᠣᠭᠲᠠᠭ᠋ᠠᠬᠤ ᠳᠤᠭᠤᠢ᠌ᠯᠠᠩ᠎ᠨᠢ ᠪᠢᠴᠢᠭᠯᠡᠭᠰᠡᠨ ᠰᠠᠨᠠᠯ ᠭᠠᠷᠭ᠋ᠠᠬᠤ ᠬᠡᠷᠡᠭᠲᠡᠢ᠃ᠬᠣᠲᠠ ᠵᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠠᠵᠢᠯ᠎ᠤᠨ ᠠᠯᠪᠠᠨ ᠭᠡᠷ ᠪᠠ ᠲᠣᠮᠢᠯᠠᠨ ᠰᠠᠭᠤᠯᠭ᠋ᠠᠭᠰᠠᠨ (ᠲᠣᠮᠢᠯᠠᠭᠰᠠᠨ) ᠡᠯ᠎ᠡ ᠰᠠᠯᠠᠭ᠎ᠠ ᠮᠥᠴᠢᠷ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ ᠠᠵᠢᠯᠲᠠᠨ ᠲᠣᠮᠢᠯᠠᠨ ᠰᠢᠯᠭ᠋ᠠᠨ ᠦᠨᠡᠯᠡᠬᠦ᠎ᠳᠤ ᠪᠥᠬᠥ ᠶᠠᠪᠤᠴᠠ᠎ᠳᠤ ᠬᠢᠨᠠᠯᠲᠠ ᠲᠠᠯᠪᠢᠨ᠎ᠠ᠃
      (ᠭᠤᠷᠪᠠ) ᠰᠢᠨᠵᠢᠯᠡᠨ ᠪᠠᠢ᠌ᠴᠠᠭ᠋ᠠᠬᠤ ᠵᠢ ᠢᠯᠡ ᠨᠡᠢ᠌ᠲᠡᠯᠡᠨ᠎ᠡ᠃ᠬᠥᠮᠥᠨ ᠬᠡᠷᠡᠭᠯᠡᠬᠦ ᠨᠢᠭᠡᠴᠡ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠨᠠᠮ᠎ᠤᠨ ᠤᠳᠤᠷᠢᠳᠬᠤ ᠳᠤᠭᠤᠢ᠌ᠯᠠᠩ (ᠨᠠᠮ᠎ᠤᠨ ᠬᠣᠷᠢᠶ᠎ᠠ)᠎ᠨᠢ ᠰᠢᠯᠭ᠋ᠠᠨ ᠲᠣᠭᠲᠠᠭ᠋ᠠᠭᠰᠠᠨ ᠰᠠᠨᠠᠯ᠎ᠢ ᠦᠨᠳᠦᠰᠦᠯᠡᠨ᠂ ᠣᠷᠣᠭᠤᠯᠬᠤ ᠭᠡᠵᠦ ᠪᠠᠢ᠌ᠭ᠎ᠠ ᠰᠠᠨᠠᠮᠵᠢ ᠵᠢᠨ ᠴᠢᠨᠠᠷᠲᠠᠢ ᠵᠢᠱ᠌ᠢᠭᠳᠡᠭᠴᠢ ᠵᠢ ᠰᠤᠳᠤᠯᠤᠨ ᠲᠣᠭᠲᠠᠭ᠋ᠠᠬᠤ ᠵᠢᠨ ᠬᠠᠮᠲᠤ ᠲᠡᠭᠦᠨ᠎ᠳᠤ ᠪᠡᠶ᠎ᠡ ᠵᠢᠨ ᠪᠠᠢ᠌ᠴᠠᠭ᠋ᠠᠯᠲᠠ ᠵᠢᠨ ᠰᠢᠯᠭ᠋ᠠᠨ ᠪᠠᠢ᠌ᠴᠠᠭ᠋ᠠᠬᠤ ᠲᠠᠰ ᠳᠠᠷᠠᠭ᠋ᠠᠯᠠᠯ᠎ᠢ ᠭᠦᠢ᠍ᠴᠡᠳᠬᠡᠨ᠎ᠡ᠃ ᠡᠷᠭᠢᠯᠡᠨ ᠬᠠᠮᠢᠶᠠᠷᠬᠤ ᠰᠠᠯᠠᠭ᠎ᠠ ᠮᠥᠴᠢᠷ᠎ᠤᠨ ᠨᠠᠮ᠎ᠤᠨ ᠤᠳᠤᠷᠢᠳᠬᠤ ᠳᠤᠭᠤᠢ᠌ᠯᠠᠩ (ᠨᠠᠮ᠎ᠤᠨ ᠬᠣᠷᠢᠶ᠎ᠠ)᠎ᠤᠨ ᠬᠤᠷᠠᠯ ᠵᠶ᠋ᠠᠷ ᠰᠤᠳᠤᠯᠤᠨ ᠲᠣᠭᠲᠠᠭ᠋ᠠᠭᠰᠠᠨ᠎ᠤ ᠳᠠᠷᠠᠭ᠎ᠠ᠂ ᠤᠷᠢᠵᠤ ᠣᠷᠣᠭᠤᠯᠬᠤ᠎ᠪᠠᠷ ᠪᠠᠢ᠌ᠭ᠎ᠠ ᠴᠢᠳᠠᠪᠤᠷᠢᠲᠠᠨ᠎ᠢ 5 ᠠᠵᠢᠯ᠎ᠤᠨ ᠡᠳᠦᠷ᠎ᠠᠴᠠ ᠳᠤᠲᠠᠭᠤ ᠦᠭᠡᠢ ᠵᠠᠷᠯᠠᠨ ᠨᠡᠢ᠌ᠲᠡᠯᠡᠨ᠎ᠡ᠃ ᠵᠠᠷᠯᠠᠨ ᠨᠡᠢ᠌ᠲᠡᠯᠡᠵᠦ ᠳᠠᠭᠤᠰᠤᠭᠰᠠᠨ᠎ᠤ ᠳᠠᠷᠠᠭ᠎ᠠ᠂ ᠵᠠᠷᠯᠠᠨ ᠨᠡᠢ᠌ᠲᠡᠯᠡᠬᠦ ᠬᠤᠭᠤᠴᠠᠭ᠋ᠠᠨ᠎ᠳᠤ ᠲᠤᠰᠬᠠᠭᠰᠠᠨ ᠭᠠᠳᠠᠭ᠋ᠠᠳᠤ ᠎ᠠᠴᠠ ᠣᠷᠣᠭᠤᠯᠬᠤ ᠵᠢ ᠨᠥᠯᠥᠭᠡᠯᠡᠬᠦ ᠠᠰᠠᠭᠤᠳᠠᠯ᠎ᠢ ᠪᠠᠢ᠌ᠴᠠᠭ᠋ᠠᠬᠤ ᠵᠢᠨ ᠬᠠᠮᠲᠤ ᠪᠣᠳᠠᠲᠤ ᠪᠠᠷᠢᠮᠲᠠ᠎ᠲᠠᠢ ᠪᠣᠯ ᠭᠠᠳᠠᠭ᠋ᠠᠳᠤ ᠎ᠠᠴᠠ ᠣᠷᠣᠭᠤᠯᠬᠤ ᠦᠭᠡᠢ; ᠲᠤᠰᠬᠠᠭᠰᠠᠨ ᠠᠰᠠᠭᠤᠳᠠᠯ᠎ᠢ ᠲᠦᠷ ᠴᠠᠭ ᠪᠠᠢ᠌ᠴᠠᠭ᠋ᠠᠨ ᠲᠣᠳᠣᠯᠠᠬᠤ᠎ᠳᠤ ᠪᠡᠷᠬᠡᠲᠡᠢ ᠪᠠᠢ᠌ᠪᠠᠯ᠂ ᠭᠠᠳᠠᠭ᠋ᠠᠳᠤ᠎ᠠᠴᠠ ᠣᠷᠣᠭᠤᠯᠬᠤ ᠵᠢ ᠲᠦᠷ ᠬᠣᠢ᠌ᠰᠢᠯᠠᠭᠤᠯᠵᠤ᠂ ᠠᠰᠠᠭᠤᠳᠠᠯ᠎ᠢ ᠪᠠᠢ᠌ᠴᠠᠭ᠋ᠠᠨ ᠲᠣᠳᠣᠯᠠᠭᠰᠠᠨ᠎ᠤ ᠲᠠᠷᠠᠭ᠎ᠠ ᠭᠠᠳᠠᠭ᠋ᠠᠳᠤ᠎ᠠᠴᠠ ᠣᠷᠣᠭᠤᠯᠬᠤ ᠡᠰᠡᠬᠦ᠎ᠪᠠᠨ ᠲᠣᠭᠲᠠᠭ᠋ᠠᠨ᠎ᠠ᠃
      (ᠳᠥᠷᠪᠡ) ᠭᠠᠷ ᠭᠦᠢ᠍ᠴᠡᠳᠬᠡᠯ ᠬᠢᠬᠦ᠃ ᠬᠥᠮᠥᠨ ᠬᠡᠷᠡᠭᠯᠡᠬᠦ ᠨᠢᠭᠡᠴᠡ ᠵᠢᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠬᠣᠲᠠ ᠵᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠠᠵᠢᠯ᠎ᠤᠨ ᠠᠯᠪᠠᠨ ᠭᠡᠷ᠎ᠲᠤ ᠣᠷᠣᠭᠤᠯᠤᠨ ᠠᠪᠴᠢᠷᠠᠬᠤ ᠭᠤᠶᠤᠴᠢᠯᠠᠯ ᠭᠠᠷᠭ᠋ᠠᠪᠠ᠃ ᠨᠥᠬᠥᠴᠡᠯ᠎ᠳᠤ ᠨᠡᠢ᠌ᠴᠡᠬᠦ ᠮᠥᠷᠲᠡᠭᠡᠨ ᠮᠠᠲ᠋ᠧᠷᠢᠶᠠᠯ᠎ᠨᠢ ᠪᠦᠷᠢᠨ ᠭᠦᠢ᠍ᠴᠡᠳ ᠪᠠᠢ᠌ᠪᠠᠯ᠂ ᠬᠣᠲᠠ ᠵᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠠᠵᠢᠯ᠎ᠤᠨ ᠠᠯᠪᠠᠨ ᠭᠡᠷ᠎ᠠᠴᠠ ᠳᠡᠭᠡᠭᠰᠢ ᠬᠣᠲᠠ ᠵᠢᠨ ᠵᠠᠰᠠᠭ᠎ᠤᠨ ᠣᠷᠳᠣᠨ᠎ᠳᠤ ᠮᠡᠳᠡᠭᠦᠯᠵᠦ ᠵᠥᠪᠰᠢᠶᠡᠷᠡᠭᠦᠯᠦᠭᠰᠡᠨ᠎ᠤ ᠳᠠᠷᠠᠭ᠎ᠠ᠂ ᠵᠣᠬᠢᠶᠠᠨ ᠪᠠᠶ᠋ᠢᠭᠤᠯᠬᠤ ᠠᠵᠢᠯᠲᠠᠨ᠎ᠤ ᠶᠠᠪᠤᠳᠠᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ 10 ᠠᠵᠢᠯᠯᠠᠬᠤ ᠡᠳᠦᠷ᠎ᠤᠨ ᠳᠣᠲᠣᠷ᠎ᠠ ᠣᠷᠣᠭᠤᠯᠤᠨ ᠠᠪᠴᠢᠷᠠᠬᠤ ᠭᠠᠷᠳᠠᠮ᠎ᠢ ᠭᠦᠢ᠍ᠴᠡᠳᠬᠡᠵᠦ ᠳᠠᠭᠤᠰᠬᠠᠨ᠎ᠠ᠂ ᠣᠷᠣᠨ ᠲᠣᠭ᠎ᠠ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠵᠣᠬᠢᠶᠠᠨ ᠪᠠᠶ᠋ᠢᠭᠤᠯᠬᠤ ᠠᠵᠢᠯᠲᠠᠨ᠎ᠤ ᠶᠠᠪᠤᠳᠠᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠬᠠᠮᠢᠶ᠎ᠠ ᠪᠦᠬᠦᠢ ᠭᠠᠷᠳᠠᠮ᠎ᠢ ᠬᠢᠵᠦ ᠥᠭᠭᠦᠭᠰᠡᠨ᠎ᠤ ᠳᠠᠷᠠᠭ᠋ᠠᠬᠢ 15 ᠠᠵᠢᠯᠯᠠᠬᠤ ᠡᠳᠦᠷ᠎ᠤᠨ ᠳᠣᠲᠣᠷ᠎ᠠ ᠣᠷᠣᠨ ᠲᠣᠭ᠎ᠠ᠎ᠳᠤ ᠵᠢᠭᠰᠠᠭ᠋ᠠᠬᠤ ᠭᠠᠷᠳᠠᠮ᠎ᠢ ᠭᠦᠢ᠍ᠴᠡᠳᠬᠡᠵᠦ ᠳᠠᠭᠤᠰᠬᠠᠬᠤ ᠬᠡᠷᠡᠭᠲᠡᠢ᠃
      ᠬᠥᠮᠥᠨ ᠬᠡᠷᠡᠭᠯᠡᠬᠦ ᠨᠢᠭᠡᠴᠢ ᠵᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠭᠠᠳᠠᠭ᠋ᠠᠳᠤ᠎ᠠᠴᠠ ᠣᠷᠣᠭᠤᠯᠬᠤ ᠭᠤᠶᠤᠴᠢᠯᠠᠯ ᠭᠠᠷᠭ᠋ᠠᠬᠤ᠎ᠳᠠᠭᠠᠨ ᠡᠷᠬᠡᠪᠰᠢ ᠬᠤᠲᠠ ᠵᠢᠨ ᠴᠢᠳᠠᠪᠤᠷᠢᠲᠠᠨ᠎ᠢ ᠭᠠᠳᠠᠭ᠋ᠠᠳᠤ᠎ᠠᠴᠠ ᠣᠷᠣᠭᠤᠯᠬᠤ ᠠᠵᠢᠯ᠎ᠤᠨ ᠠᠯᠪᠠᠨ ᠭᠡᠷ᠎ᠲᠤ ᠳᠣᠣᠷᠠᠬᠢ ᠮᠠᠲ᠋ᠧᠷᠢᠶᠠᠯ᠎ᠤᠳ᠎ᠢ ᠲᠤᠰᠢᠶᠠᠬᠤ ᠬᠡᠷᠡᠭᠲᠡᠢ᠄
      1. ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠮᠡᠳᠡᠭᠦᠯᠦᠯᠲᠡ (ᠵᠢᠩᠬᠢᠨᠢ ᠪᠢᠴᠢᠭ ᠮᠠᠲ᠋ᠧᠷᠢᠶᠠᠯ)᠂ ᠡᠭᠦᠨ᠎ᠳᠤ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠴᠢᠳᠠᠪᠤᠷᠢᠲᠠᠨ᠎ᠤ ᠦᠨᠳᠦᠰᠦᠨ ᠪᠠᠢ᠌ᠳᠠᠯ᠂ ᠬᠢᠷᠢ ᠬᠡᠮ᠎ᠢ ᠬᠢᠨᠠᠨ ᠪᠠᠢ᠌ᠴᠠᠭ᠋ᠠᠭᠰᠠᠨ ᠪᠠᠢ᠌ᠳᠠᠯ᠂ ᠰᠢᠯᠭ᠋ᠠᠨ ᠦᠨᠡᠯᠡᠭᠰᠡᠨ ᠪᠠᠢ᠌ᠳᠠᠯ᠂ ᠰᠢᠨᠵᠢᠯᠡᠨ ᠪᠠᠢ᠌ᠴᠠᠭ᠋ᠠᠭᠰᠠᠨ ᠪᠠ ᠤᠯᠤᠰ ᠲᠥᠷᠥ ᠵᠢᠨ ᠬᠢᠨᠠᠨ ᠪᠠᠢ᠌ᠴᠠᠭ᠋ᠠᠭᠰᠠᠨ ᠪᠠᠢ᠌ᠳᠠᠯ (ᠲᠠᠩᠰᠠ ᠡᠪᠬᠡᠮᠡᠯ᠎ᠤᠨ ᠪᠠᠢ᠌ᠳᠠᠯ ᠪᠠᠭᠲᠠᠨ᠎ᠠ)᠂ ᠪᠡᠶ᠎ᠡ ᠵᠢᠨ ᠪᠠᠢ᠌ᠴᠠᠭ᠋ᠠᠯᠲᠠ ᠵᠢᠨ ᠪᠠᠢ᠌ᠳᠠᠯ ᠵᠢᠴᠢ ᠵᠠᠷᠯᠠᠨ ᠨᠡᠢ᠌ᠲᠡᠯᠡᠭᠰᠡᠨ ᠪᠠᠢ᠌ᠳᠠᠯ ᠪᠠᠭᠲᠠᠨ᠎ᠠ᠃
      2. ᠴᠢᠳᠠᠪᠤᠷᠢᠲᠠᠨ ᠣᠷᠣᠭᠤᠯᠤᠨ ᠠᠪᠴᠢᠷᠠᠬᠤ ᠵᠢ ᠳᠠᠩᠰᠠᠯᠠᠬᠤ ᠬᠦᠰᠦᠨᠦᠭ (ᠨᠢᠭᠡ ᠬᠡᠯᠪᠡᠷᠢ ᠵᠢᠨ ᠭᠤᠷᠪᠠᠨ ᠬᠤᠪᠢ)᠃
      3. ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠰᠤᠷᠭ᠋ᠠᠭᠤᠯᠢ ᠵᠢᠨ ᠬᠠᠷᠢᠶ᠎ᠠ ᠵᠢᠨ ᠮᠠᠲ᠋ᠧᠷᠢᠶᠠᠯ᠂ ᠮᠡᠷᠭᠡᠵᠢᠯ᠎ᠤᠨ ᠴᠣᠯᠠ᠂ ᠮᠡᠷᠭᠡᠵᠢᠯ ᠴᠢᠳᠠᠪᠤᠷᠢ ᠬᠢᠷᠢ ᠬᠡᠮ ᠵᠡᠷᠭᠡ ᠮᠠᠲ᠋ᠧᠷᠢᠶᠠᠯ᠃
      4. ᠣᠷᠣᠭᠤᠯᠵᠤ ᠢᠷᠡᠭᠰᠡᠨ ᠴᠢᠳᠠᠪᠤᠷᠢᠲᠠᠨ᠎ᠢ ᠦᠨᠡᠯᠡᠨ ᠵᠢᠱ᠌ᠢᠭᠰᠡᠨ ᠰᠠᠨᠠᠯ᠂ ᠪᠡᠶ᠎ᠡ ᠵᠢᠨ ᠪᠠᠢ᠌ᠴᠠᠭ᠋ᠠᠯᠲᠠ᠂ ᠪᠠᠢ᠌ᠴᠠᠭ᠋ᠠᠯᠲᠠ᠂ ᠨᠡᠶ᠋ᠢᠲᠡ᠎ᠳᠤ ᠵᠠᠷᠯᠠᠬᠤ ᠪᠠ ᠬᠠᠮᠲᠤ ᠵᠢᠨ ᠰᠤᠳᠤᠯᠭ᠋ᠠᠨ᠎ᠤ ᠮᠠᠲ᠋ᠧᠷᠢᠶᠠᠯ᠃
      5. ᠳᠡᠪᠰᠢᠭᠦᠯᠦᠨ ᠲᠤᠰᠢᠶᠠᠬᠤ ᠴᠢᠬᠤᠯᠠᠲᠠᠢ ᠪᠤᠰᠤᠳ ᠮᠠᠲ᠋ᠧᠷᠢᠶᠠᠯ᠃
      ᠵᠢᠷᠭᠤᠳᠤᠭ᠋ᠠᠷ ᠵᠦᠢ᠍ᠯ ᠰᠢᠨ᠎ᠡ᠎ᠪᠠᠷ ᠣᠷᠣᠭᠤᠯᠵᠤ ᠠᠪᠴᠢᠷᠠᠭᠰᠠᠨ ᠴᠢᠳᠠᠪᠤᠷᠢᠲᠠᠨ᠎ᠳᠤ ᠲᠤᠷᠰᠢᠨ ᠬᠡᠷᠡᠭᠯᠡᠬᠦ ᠬᠤᠭᠤᠴᠠᠭ᠎ᠠ ᠵᠢᠨ ᠳᠦᠷᠢᠮ᠎ᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠵᠦ᠂ ᠲᠤᠷᠰᠢᠨ ᠬᠡᠷᠡᠭᠯᠡᠬᠦ ᠬᠤᠭᠤᠴᠠᠭ᠎ᠠ᠎ᠨᠢ ᠳᠦᠭᠦᠷᠦᠭᠡᠳ ᠬᠢᠨᠠᠨ ᠰᠢᠯᠭ᠋ᠠᠭ᠋ᠠᠳ ᠬᠢᠷᠢ ᠲᠡᠩᠴᠡᠭᠰᠡᠨ ᠪᠠᠢ᠌ᠪᠠᠯ᠂ ᠵᠢᠩᠬᠢᠨᠢ᠎ᠪᠠᠷ ᠤᠷᠢᠵᠤ ᠬᠡᠷᠡᠭᠯᠡᠨ᠎ᠡ (ᠵᠢᠩᠬᠢᠨᠢᠴᠢᠯᠡᠨ ᠲᠡᠰ ᠲᠣᠭᠲᠠᠭ᠋ᠠᠨ᠎ᠠ)᠃
      ᠳᠣᠯᠣᠳᠤᠭ᠋ᠠᠷ ᠵᠦᠢ᠍ᠯ ᠣᠷᠣᠭᠤᠯᠤᠨ ᠠᠪᠴᠢᠷᠠᠬᠤ ᠴᠢᠳᠠᠪᠤᠷᠢᠲᠠᠨ᠎ᠳᠤ ᠳᠣᠣᠷᠠᠬᠢ ᠪᠠᠢ᠌ᠳᠠᠯ᠎ᠤᠨ ᠨᠢᠭᠡ᠎ᠨᠢ ᠪᠠᠢ᠌ᠪᠠᠯ᠂ ᠬᠣᠲᠠ ᠎ᠠᠴᠠ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠢ ᠵᠣᠬᠢᠶᠠᠨ ᠪᠠᠢ᠌ᠭᠤᠯᠵᠤ ᠬᠠᠮᠢᠶᠠᠷᠤᠯᠲᠠ ᠵᠢᠨ ᠡᠷᠬᠡ ᠮᠡᠳᠡᠯ᠎ᠤᠨ ᠶᠣᠰᠣᠭ᠋ᠠᠷ᠂ ᠬᠠᠮᠢᠶ᠎ᠠ ᠪᠦᠬᠦᠢ ᠬᠥᠮᠥᠰ᠎ᠢ ᠣᠷᠣᠭᠤᠯᠤᠨ ᠠᠪᠴᠢᠷᠠᠬᠤ ᠬᠢᠷᠢ ᠬᠡᠮ᠎ᠢ᠎ᠨᠢ ᠬᠦᠴᠦᠨ ᠦᠭᠡᠢ ᠪᠣᠯᠭ᠋ᠠᠬᠤ ᠵᠢᠨ ᠬᠠᠮᠲᠤ ᠢᠯᠭ᠋ᠠᠷᠠᠭᠤᠯᠤᠨ ᠪᠤᠴᠠᠭ᠋ᠠᠨ᠎ᠠ᠃
      (ᠨᠢᠭᠡ) ᠬᠥᠮᠥᠨ ᠬᠡᠷᠡᠭᠯᠡᠬᠦ ᠨᠢᠭᠡᠴᠢ ᠲᠣᠭᠲᠠᠭ᠋ᠠᠭᠰᠠᠨ ᠵᠢᠷᠤᠮ᠎ᠢ ᠵᠥᠷᠢᠴᠡᠭᠰᠡᠨ᠃
      (ᠬᠣᠶᠠᠷ) ᠬᠥᠮᠥᠨ ᠬᠡᠷᠡᠭᠯᠡᠬᠦ ᠨᠢᠭᠡᠴᠢ ᠪᠤᠶᠤ ᠣᠷᠣᠭᠤᠯᠵᠤ ᠠᠪᠴᠢᠷᠠᠭᠰᠠᠨ ᠴᠢᠳᠠᠪᠤᠷᠢᠲᠠᠨ᠎ᠳᠤ ᠬᠤᠳᠠᠯ ᠬᠡᠯᠡᠵᠦ ᠬᠠᠭᠤᠷᠮᠠᠭ ᠵᠶ᠋ᠠᠷ ᠵᠣᠬᠢᠶᠠᠭᠰᠠᠨ ᠪᠠᠢ᠌ᠳᠠᠯ᠎ᠲᠠᠢ ᠪᠠᠢ᠌ᠬᠤ᠃
      (ᠭᠤᠷᠪᠠ) ᠲᠥᠷᠥ ᠵᠢᠨ ᠪᠣᠳᠣᠯᠭ᠎ᠠ᠎ᠠᠴᠠ ᠵᠥᠷᠢᠴᠡᠭᠰᠡᠨ᠂ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠪᠤᠰᠤᠳ ᠪᠠᠢ᠌ᠳᠠᠯ᠎ᠲᠠᠢ ᠪᠠᠢ᠌ᠬᠤ᠃
      ᠨᠠᠢ᠍ᠮᠠᠳᠤᠭ᠋ᠠᠷ ᠵᠦᠢ᠍ᠯ ᠠᠵᠢᠯ ᠦᠢ᠍ᠯᠡᠰ᠎ᠤᠨ ᠨᠢᠭᠡᠴᠡ ᠵᠢᠨ ᠴᠢᠳᠠᠪᠤᠷᠢᠲᠠᠨ᠎ᠢ ᠵᠠᠪᠠᠯ ᠣᠷᠣᠭᠤᠯᠤᠨ ᠠᠪᠴᠢᠷᠠᠬᠤ ᠲᠤᠷᠰᠢᠨ ᠬᠡᠷᠡᠭᠯᠡᠬᠦ ᠬᠤᠭᠤᠴᠠᠭ᠎ᠠ᠎ᠨᠢ ᠳᠦᠭᠦᠷᠪᠡᠯ᠂ ᠠᠵᠢᠯ᠎ᠤᠨ ᠬᠡᠷᠡᠭᠴᠡᠭᠡ᠎ᠪᠠᠨ ᠦᠨᠳᠦᠰᠦᠯᠡᠨ᠂ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠲᠤ ᠳᠠᠩᠰᠠᠯᠠᠭᠤᠯᠤᠭᠰᠠᠨ᠎ᠤ ᠳᠠᠷᠠᠭ᠎ᠠ᠂ ᠳ᠋ᠣᠺᠲ᠋ᠣᠷᠠᠨᠲ ᠵᠶ᠋ᠠᠷ ᠳᠣᠯᠣᠳᠤᠭ᠋ᠠᠷ ᠳᠡᠰ᠎ᠤᠨ ᠬᠠᠮᠢᠶᠠᠷᠤᠯᠲᠠ ᠵᠢᠨ ᠠᠵᠢᠯ᠎ᠤᠨ ᠪᠠᠢ᠌ᠷᠢ ᠵᠢᠨ ᠤᠳᠤᠷᠢᠳᠬᠤ ᠲᠤᠰᠢᠶᠠᠯ ᠡᠭᠦᠷᠭᠡᠯᠡᠭᠦᠯᠵᠦ᠂ ᠠᠰᠫᠢᠷᠠᠨᠲ ᠵᠶ᠋ᠠᠷ ᠨᠠᠢ᠍ᠮᠠᠳᠤᠭ᠋ᠠᠷ ᠳᠡᠰ᠎ᠤᠨ ᠬᠠᠮᠢᠶᠠᠷᠤᠯᠲᠠ ᠵᠢᠨ ᠠᠵᠢᠯ᠎ᠤᠨ ᠪᠠᠢ᠌ᠷᠢ ᠵᠢᠨ ᠤᠳᠤᠷᠢᠳᠬᠤ ᠲᠤᠰᠢᠶᠠᠯ ᠡᠭᠦᠷᠭᠡᠯᠡᠭᠦᠯᠵᠦ ᠪᠣᠯᠣᠨ᠎ᠠ; ᠬᠣᠲᠠ ᠵᠢᠨ ᠳᠣᠲᠣᠷᠠᠬᠢ ᠣᠲᠣ ᠵᠢᠨ ᠪᠠᠢ᠌ᠭ᠎ᠠ ᠣᠷᠣᠨ ᠲᠣᠭ᠎ᠠ᠎ᠲᠠᠢ ᠠᠵᠢᠯ᠎ᠤᠨ ᠪᠠᠢ᠌ᠷᠢ᠎ᠳᠤ ᠪᠠᠢ᠌ᠭ᠎ᠠ ᠳ᠋ᠣᠺᠲ᠋ᠣᠷᠠᠨᠲ ᠲᠤᠰᠢᠶᠠᠯ ᠡᠭᠦᠷᠭᠡᠯᠡᠬᠦ ᠨᠥᠬᠥᠴᠡᠯ᠎ᠳᠤ ᠨᠡᠢ᠌ᠴᠡᠭᠰᠡᠨ ᠪᠠᠢ᠌ᠪᠠᠯ᠂ ᠬᠡᠷᠡᠭᠴᠡᠭᠡ᠎ᠪᠠᠨ ᠦᠨᠳᠦᠰᠦᠯᠡᠨ ᠳᠣᠯᠣᠳᠤᠭ᠋ᠠᠷ ᠳᠡᠰ᠎ᠤᠨ ᠬᠠᠮᠢᠶᠠᠷᠤᠯᠲᠠ ᠵᠢᠨ ᠠᠵᠢᠯ᠎ᠤᠨ ᠪᠠᠢ᠌ᠷᠢ ᠵᠢᠨ ᠤᠳᠤᠷᠢᠳᠬᠤ ᠲᠤᠰᠢᠶᠠᠯ᠎ᠢ ᠡᠭᠦᠷᠭᠡᠯᠡᠵᠦ ᠪᠣᠯᠣᠨ᠎ᠠ᠃ ᠣᠨᠴᠠᠭ᠋ᠠᠶ ᠰᠢᠯᠢᠳᠡᠭ᠎ᠢ᠎ᠨᠢ ᠱᠠᠲᠤ ᠠᠯᠭ᠋ᠠᠰᠠᠨ ᠳᠡᠪᠰᠢᠭᠦᠯᠬᠦ ᠠᠷᠭ᠎ᠠ ᠮᠠᠶᠢᠭ ᠵᠶ᠋ᠠᠷ ᠨᠡᠩ ᠥᠨᠳᠥᠷ ᠲᠤᠰᠢᠶᠠᠯ᠎ᠤᠨ ᠲᠡᠰ ᠳᠠᠪᠬᠤᠷᠭ᠎ᠠ ᠵᠢᠨ ᠤᠳᠤᠷᠢᠳᠬᠤ ᠪᠠᠢ᠌ᠷᠢᠨ᠎ᠳᠤ ᠳᠡᠪᠰᠢᠭᠦᠯᠵᠦ ᠪᠣᠯᠣᠨ᠎ᠠ᠃
      ᠶᠢᠰᠦᠳᠦᠭᠡᠷ ᠵᠦᠢ᠍ᠯ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠎ᠨᠢ ᠬᠠᠮᠢᠶ᠎ᠠ ᠪᠦᠬᠦᠢ ᠨᠥᠬᠥᠴᠡᠯ᠎ᠳᠤ ᠨᠡᠢ᠌ᠴᠡᠪᠡᠯ᠂ ᠪᠣᠳᠠᠲᠤ ᠪᠠᠢ᠌ᠳᠠᠯ ᠵᠶ᠋ᠠᠨ ᠦᠨᠳᠦᠰᠦᠯᠡᠨ ᠮᠠᠨ᠎ᠤ ᠬᠣᠲᠠ ᠵᠢᠨ ᠬᠤᠳᠠᠯᠳᠤᠨ ᠠᠪᠤᠭᠰᠠᠨ(ᠲᠦᠷᠢᠶᠡᠰᠦᠯᠡᠭᠰᠡᠨ) ᠭᠡᠷ ᠪᠠᠢ᠌ᠰᠢᠩ᠎ᠤᠨ ᠨᠥᠬᠥᠪᠦᠷᠢ᠂ ᠬᠣᠯᠪᠣᠰᠤ᠎ᠨᠢ ᠠᠵᠢᠯ ᠣᠯᠣᠭᠰᠠᠨ᠂ ᠦᠷ᠎ᠡ ᠬᠡᠦᠬᠡᠳ᠎ᠤᠨ ᠬᠢᠨᠢ ᠰᠤᠷᠭ᠋ᠠᠭᠤᠯᠢ᠎ᠳᠤ ᠣᠷᠣᠬᠤ᠂ ᠡᠷᠡᠭᠦᠯ ᠮᠡᠨᠳᠦ ᠵᠢᠨ ᠪᠡᠶ᠎ᠡ ᠵᠢᠨ ᠪᠠᠢ᠌ᠴᠠᠭ᠋ᠠᠯᠲᠠ ᠵᠡᠷᠭᠡ ᠬᠠᠷᠠᠭ᠋ᠠᠯᠵᠠᠯ᠎ᠢ ᠬᠦᠷᠲᠡᠵᠦ ᠪᠣᠯᠣᠨ᠎ᠠ᠃
      ᠠᠷᠪᠠᠳᠤᠭ᠋ᠠᠷ ᠵᠦᠢ᠍ᠯ ᠴᠢᠳᠠᠪᠤᠷᠢᠲᠠᠨ᠎ᠢ ᠵᠠᠪᠠᠯ ᠣᠷᠣᠭᠤᠯᠤᠨ ᠠᠪᠴᠢᠷᠠᠬᠤ᠎ᠳᠤ ᠬᠥᠮᠥᠨ ᠬᠡᠷᠡᠭᠯᠡᠬᠦ ᠨᠢᠭᠡᠴᠡ᠎ᠯᠦᠭᠡ 5 ᠵᠢᠯ᠎ᠠᠴᠠ ᠳᠡᠭᠡᠭᠰᠢ ᠦᠢ᠍ᠯᠡᠴᠢᠯᠡᠭᠡᠨ᠎ᠤ ᠬᠡᠯᠡᠯᠴᠡᠭᠡᠷ ᠲᠣᠭᠲᠠᠵᠤ᠂ ᠦᠢ᠍ᠯᠡᠴᠢᠯᠡᠭᠡᠨ᠎ᠤ ᠬᠤᠭᠤᠴᠠᠭ᠋ᠠᠨ᠎ᠳᠠᠬᠢ ᠡᠷᠬᠡ ᠡᠭᠦᠷᠭᠡ᠂ ᠬᠠᠷᠢᠭᠤᠴᠠᠯᠭ᠎ᠠ ᠵᠢᠨ ᠬᠠᠷᠠᠯᠲᠠ᠂ ᠬᠢᠨᠠᠨ ᠰᠢᠯᠭ᠋ᠠᠵᠤ ᠱᠠᠩᠨᠠᠵᠤ ᠲᠣᠷᠭ᠋ᠠᠬᠤ᠂ ᠴᠠᠯᠢᠩ ᠣᠯᠭᠣᠮᠵᠢ ᠵᠡᠷᠭᠡ ᠨᠥᠬᠥᠴᠡᠯ᠎ᠢ ᠲᠣᠳᠣᠷᠬᠠᠢ᠌ᠯᠠᠬᠤ ᠬᠡᠷᠡᠭᠲᠡᠢ᠃ ᠦᠢ᠍ᠯᠡᠴᠢᠯᠡᠭᠡᠨ᠎ᠤ ᠬᠤᠭᠤᠴᠠᠭ᠎ᠠ ᠳᠠᠭᠤᠰᠤᠭ᠋ᠠᠳᠤᠢ᠎ᠪᠠᠷ ᠬᠡᠯᠡᠯᠴᠡᠭᠡᠷ᠎ᠢ ᠳᠠᠭᠤᠰᠬᠠᠭᠰᠠᠨ ᠪᠠᠢ᠌ᠪᠠᠯ᠂ ᠬᠣᠯᠪᠣᠭᠳᠠᠯ ᠪᠦᠬᠦᠢ ᠬᠠᠷᠠᠭ᠋ᠠᠯᠵᠠᠯ᠎ᠢ᠎ᠨᠢ ᠬᠦᠴᠦᠨ ᠦᠭᠡᠢ ᠪᠣᠯᠭ᠋ᠠᠬᠤ ᠵᠢᠨ ᠬᠠᠮᠲᠤ ᠵᠣᠬᠢᠴᠠᠩᠭᠤᠢ ᠪᠣᠯᠵᠣᠭ᠎ᠠ ᠵᠥᠷᠢᠴᠡᠭᠰᠡᠨ ᠮᠥᠩᠭᠥ ᠵᠢ ᠨᠡᠬᠡᠮᠵᠢᠯᠡᠨ ᠲᠤᠰᠢᠶᠠᠯᠭ᠋ᠠᠨ᠎ᠠ᠃
      ᠠᠷᠪᠠᠨ ᠨᠢᠭᠡᠳᠦᠭᠡᠷ ᠵᠦᠢ᠍ᠯ ᠴᠢᠳᠠᠪᠤᠷᠢᠲᠠᠨ ᠣᠷᠣᠭᠤᠯᠵᠤ ᠢᠷᠡᠬᠦ᠎ᠨᠢ ᠬᠥᠮᠥᠨ ᠬᠡᠷᠡᠭᠯᠡᠬᠦ ᠨᠢᠭᠡᠴᠡ᠎ᠯᠦᠭᠡ 3 ᠵᠢᠯ᠎ᠠᠴᠠ ᠳᠡᠭᠡᠭᠰᠢ ᠠᠵᠢᠯ᠎ᠤᠨ ᠵᠥᠪᠯᠡᠯᠴᠡᠭᠡᠷ ᠲᠣᠭᠲᠠᠭᠰᠠᠨ ᠪᠥᠭᠡᠳ ᠵᠢᠯ ᠪᠦᠷᠢ ᠬᠥᠮᠥᠨ ᠬᠡᠷᠡᠭᠯᠡᠬᠦ ᠨᠢᠭᠡᠴᠡ᠎ᠳᠤ ᠨᠡᠢ᠍ᠢ᠍ᠳᠡ 3 ᠰᠠᠷ᠎ᠠ᠎ᠠᠴᠠ ᠳᠡᠭᠡᠭᠰᠢ ᠠᠵᠢᠯᠯᠠᠭᠰᠠᠨ᠎ᠤ ᠬᠠᠮᠲᠤ ᠵᠣᠬᠢᠬᠤ ᠠᠵᠢᠯ᠎ᠤᠨ ᠠᠮᠵᠢᠯᠲᠠ ᠣᠯᠣᠭᠰᠠᠨ᠎ᠳᠤᠨᠢ ᠪᠠᠶᠠᠨᠨᠠᠭᠤᠷ ᠬᠤᠳᠠ᠎ᠳᠤ ᠠᠵᠢᠯᠯᠠᠭᠰᠠᠨ ᠵᠶ᠋ᠠᠷ ᠦᠵᠡᠵᠦ᠂ 《ᠲᠠᠯ᠎ᠠ ᠨᠤᠲᠤᠭ᠎ᠤᠨ ᠴᠢᠳᠠᠪᠤᠷᠢᠲᠠᠨ》᠂ 《ᠪᠣᠷᠣᠳᠣᠬᠣᠢ ᠵᠢᠨ ᠴᠢᠳᠠᠪᠤᠷᠢᠲᠠᠨ》 ᠵᠡᠷᠭᠡ ᠴᠢᠳᠠᠪᠤᠷᠢᠲᠠᠨ᠎ᠤ ᠢᠨᠵᠧᠨᠧᠷᠢᠩ ᠵᠢᠴᠢ ᠪᠤᠰᠤᠳ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠦᠷᠦᠯ ᠵᠦᠢ᠍ᠯ᠎ᠢ ᠮᠡᠳᠡᠭᠦᠯᠵᠦ ᠪᠣᠯᠣᠨ᠎ᠠ᠃
      ᠠᠷᠪᠠᠨ ᠬᠣᠶᠠᠳᠤᠭ᠋ᠠᠷ ᠵᠦᠢ᠍ᠯ ᠲᠤᠰ ᠬᠡᠷᠡᠭᠵᠢᠭᠦᠯᠬᠦ ᠨᠠᠷᠢᠨ ᠳᠦᠷᠢᠮ᠎ᠢ ᠳᠠᠷᠤᠮᠠᠯᠯᠠᠨ ᠶᠠᠪᠤᠭᠤᠯᠤᠭᠰᠠᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃


 

ᠢᠷᠡᠯᠲᠡ᠄ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠮᠣᠩᠭᠣᠯ ᠰᠦᠯᠵᠢᠶ᠎ᠡ