ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ 2023 ᠣᠨ᠎ᠤ ᠪᠠᠶᠠᠨᠨᠠᠭᠤᠷ ᠬᠣᠲᠠ ᠵᠢᠨ ᠠᠵᠤ ᠦᠢ᠍ᠯᠡᠰ᠎ᠤᠨ ᠰᠢᠯᠢᠳᠡᠭᠵᠢᠨ ᠲᠠᠰ ᠳᠡᠪᠰᠢᠭᠦᠯᠵᠦ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠲᠦᠯᠬᠢᠨ ᠠᠬᠢᠭᠤᠯᠬᠤ ᠠᠵᠢᠯ᠎ᠤᠨ ᠭᠣᠣᠯᠳᠠᠯᠭ᠎ᠠ ᠵᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2023-07-12
ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠪᠠᠶᠠᠨᠨᠠᠭᠤᠷ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂ ᠭᠠᠭᠴᠠᠮᠣᠳᠣ ᠪᠣᠭᠣᠮᠲᠠ ᠵᠢᠨ ᠬᠠᠮᠢᠶᠠᠷᠤᠯᠲᠠ ᠵᠢᠨ ᠵᠥᠪᠯᠡᠯ᠂ ᠪᠠᠶᠠᠨᠨᠠᠭᠤᠷ᠎ᠤᠨ ᠤᠯᠤᠰ ᠤᠨ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠤᠨ ᠵᠢᠱ᠌ᠢᠶ᠎ᠡ ᠦᠵᠡᠭᠦᠯᠬᠦ ᠲᠣᠭᠣᠷᠢᠭ᠎ᠤᠨ ᠬᠠᠮᠢᠶᠠᠷᠤᠯᠲᠠ (ᠪᠡᠯᠡᠳᠬᠡᠭᠰᠡᠨ) ᠵᠢᠨ ᠺᠣᠮᠢᠰ᠎ᠤᠨ ᠠᠯᠪᠠᠨ ᠭᠡᠷ᠂ ᠬᠤᠳᠠ ᠵᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠳᠠ᠎ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠢ᠌ᠯᠠᠯ ᠠᠵᠢᠯ ᠦᠢ᠍ᠯᠡᠰ ᠤᠨ ᠨᠢᠭᠡᠴᠡ᠎ᠳᠤ᠄
《2023 ᠣᠨ᠎ᠤ ᠪᠠᠶᠠᠨᠨᠠᠭᠤᠷ ᠬᠣᠲᠠ ᠵᠢᠨ ᠠᠵᠤ ᠦᠢ᠍ᠯᠡᠰ᠎ᠢ ᠰᠢᠯᠢᠳᠡᠭᠵᠢᠭᠦᠯᠦᠨ ᠲᠠᠰ ᠳᠡᠪᠰᠢᠭᠦᠯᠵᠦ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠠᠵᠢᠯ᠎ᠤᠨ ᠭᠣᠣᠯᠳᠠᠯᠭ᠎ᠠ》 ᠵᠢ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠬᠠᠮᠲᠤ᠂ 2023 ᠣᠨ᠎ᠤ 12 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠠᠵᠢᠯ᠎ᠤᠨ ᠪᠠᠢ᠌ᠳᠠᠯ ᠵᠶ᠋ᠠᠨ ᠬᠣᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠳᠤ ᠮᠡᠳᠡᠭᠦᠯᠦᠨ ᠬᠦᠷᠭᠡᠵᠦ᠂ ᠬᠣᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠠᠴᠠ ᠬᠤᠷᠢᠶᠠᠩᠭᠤᠢ᠌ᠯᠠᠭᠰᠠᠨ᠎ᠤ ᠳᠠᠷᠠᠭ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠭᠡᠷᠡᠢ᠃
2023 ᠣᠨ᠎ᠤ 2 ᠰᠠᠷ᠎ᠠ ᠵᠢᠨ 22᠎ᠤᠨ ᠡᠳᠦᠷ
(ᠲᠣᠰ ᠮᠠᠲ᠋ᠧᠷᠢᠶᠠᠯ᠎ᠢ ᠢᠯᠡ᠎ᠪᠠᠷ ᠨᠡᠢ᠌ᠲᠡᠯᠡᠪᠡ)
2023 ᠣᠨ᠎ᠤ ᠪᠠᠶᠠᠨᠨᠠᠭᠤᠷ ᠬᠣᠲᠠ ᠵᠢᠨ ᠠᠵᠤ ᠦᠢ᠍ᠯᠡᠰ᠎ᠤᠨ ᠰᠢᠯᠢᠳᠡᠭᠵᠢᠨ ᠲᠠᠰ ᠳᠡᠪᠰᠢᠭᠦᠯᠵᠦ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠲᠦᠯᠬᠢᠨ ᠠᠬᠢᠭᠤᠯᠬᠤ ᠠᠵᠢᠯ᠎ᠤᠨ ᠭᠣᠣᠯᠳᠠᠯᠭ᠎ᠠ
ᠨᠢᠭᠡ᠂ ᠳᠠᠪᠠᠭᠤᠯᠢᠭ ᠣᠨᠴᠠᠯᠢᠭ ᠪᠦᠬᠦᠢ ᠤᠳᠤ ᠦᠶ᠎ᠡ ᠵᠢᠨ ᠠᠵᠤ ᠦᠢ᠍ᠯᠡᠰ᠎ᠤᠨ ᠰᠢᠰᠲ᠋ᠧᠮ᠎ᠢ ᠲᠦᠷᠭᠡᠪᠴᠢᠯᠡᠨ ᠪᠠᠢ᠌ᠭᠤᠯᠤᠨ᠎ᠠ
1. ᠦᠢ᠍ᠯᠡᠳᠬᠦ ᠦᠢ᠍ᠯᠡᠰ᠎ᠤᠨ ᠳᠡᠭᠡᠳᠦ ᠦᠵᠦᠭᠦᠷᠵᠢᠭᠰᠡᠨ ᠬᠥᠭᠵᠢᠯᠲᠡ ᠵᠢ ᠠᠬᠢᠭᠤᠯᠵᠤ᠂ ᠪᠣᠬᠢᠷᠲᠤᠯ ᠦᠭᠡᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠡᠳ᠋ᠰᠢᠭᠦᠯᠬᠦ ᠲᠥᠷᠥᠯ ᠵᠦᠢ᠍ᠯ᠎ᠢ 12 ᠬᠡᠷᠡᠭᠵᠢᠭᠦᠯᠵᠦ᠂ ᠣᠲᠣ ᠦᠶ᠎ᠡ ᠵᠢᠨ ᠲᠣᠨᠣᠭ ᠲᠥᠬᠦᠭᠡᠷᠦᠮᠵᠢ ᠦᠢ᠍ᠯᠡᠳᠬᠦ ᠠᠵᠤ ᠦᠢ᠍ᠯᠡᠰ᠎ᠤᠨ ᠲᠥᠷᠥᠯ ᠵᠦᠢ᠍ᠯ᠎ᠢ 2 ᠬᠡᠷᠡᠭᠵᠢᠭᠦᠯᠵᠦ᠂ ᠰᠢᠨ᠎ᠡ ᠬᠡᠯᠪᠡᠷᠢ ᠵᠢᠨ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠤᠨ ᠭᠣᠣᠯᠳᠠᠯᠭ᠎ᠠ᠎ᠲᠠᠢ ᠲᠥᠷᠥᠯ ᠵᠦᠢ᠍ᠯ᠎ᠢ 4 ᠬᠡᠷᠡᠭᠵᠢᠭᠦᠯᠵᠦ᠂ ᠰᠢᠨ᠎ᠡ ᠮᠠᠲ᠋ᠧᠷᠢᠶᠠᠯ᠎ᠤᠨ ᠠᠵᠤ ᠦᠢ᠍ᠯᠡᠰ᠎ᠤᠨ ᠲᠥᠷᠥᠯ ᠵᠦᠢ᠍ᠯ᠎ᠢ 3 ᠬᠡᠷᠡᠭᠵᠢᠭᠦᠯᠵᠦ᠂ ᠠᠮᠢᠳᠤ ᠪᠣᠳᠠᠰ᠎ᠤᠨ ᠡᠮ ᠡᠮᠨᠡᠯᠭᠡ ᠵᠢᠨ ᠠᠵᠤ ᠦᠢ᠍ᠯᠡᠰ᠎ᠤᠨ ᠲᠥᠷᠥᠯ ᠵᠦᠢ᠍ᠯ᠎ᠢ 2 ᠬᠡᠷᠡᠭᠵᠢᠭᠦᠯᠦᠨ᠎ᠡ᠃ (ᠲᠦᠷᠦᠭᠦᠯᠡᠨ ᠬᠢᠬᠦ ᠨᠢᠭᠡᠴᠡ᠄ ᠬᠣᠲᠠ ᠵᠢᠨ ᠠᠵᠤ ᠦᠢ᠍ᠯᠡᠳᠪᠦᠷᠢ ᠮᠡᠳᠡᠭᠡ ᠵᠠᠩᠭᠢᠵᠢᠯᠲᠠ ᠵᠢᠨ ᠲᠣᠪᠴᠢᠶ᠎ᠠ)
2. ᠦᠢ᠍ᠯᠡᠳᠬᠦ ᠦᠢ᠍ᠯᠡᠰ᠎ᠤᠨ ᠣᠶᠤᠨᠴᠢᠯᠠᠭᠰᠠᠨ ᠬᠥᠭᠵᠢᠯᠲᠡ ᠵᠢ ᠠᠬᠢᠭᠤᠯᠵᠤ᠂ 《ᠲᠦᠮᠡᠨ ᠠᠵᠤ ᠠᠬᠤᠢ᠌ᠯᠠᠯ᠎ᠢ ᠡᠭᠦᠯᠡᠨ᠎ᠳᠤ ᠭᠠᠷᠭ᠋ᠠᠬᠤ》 ᠠᠵᠢᠯᠯᠠᠭ᠎ᠠ ᠵᠢ ᠦᠷᠭᠦᠯᠵᠢᠯᠡᠨ ᠬᠡᠷᠡᠭᠵᠢᠭᠦᠯᠵᠦ᠂ ᠡᠭᠦᠨ᠎ᠳᠤ ᠭᠠᠷᠬᠤ ᠠᠵᠤ ᠠᠬᠤᠢ᠌ᠯᠠᠯ ᠢ 300 ᠰᠢᠨ᠎ᠡ ᠪᠠᠷ ᠨᠡᠮᠡᠭᠳᠡᠭᠦᠯᠦᠨ᠂ ᠭᠣᠣᠯᠳᠠᠯᠭ᠎ᠠ ᠲᠠᠢ ᠠᠵᠢᠯ ᠲᠥᠷᠥᠯ ᠤᠨ 《ᠮᠠᠰᠢᠨ ᠵᠶ᠋ᠠᠷ ᠬᠥᠮᠥᠨ ᠰᠣᠯᠢᠬᠤ》 ᠵᠢ ᠠᠬᠢᠭᠤᠯᠵᠤ᠂ ᠠᠷᠠᠳ᠎ᠤᠨ ᠬᠡᠷᠡᠭᠯᠡᠭᠡᠨ᠎ᠤ ᠳᠡᠯᠪᠡᠴᠢᠬᠦ ᠠᠵᠢᠯ ᠲᠥᠷᠥᠯ᠎ᠤᠨ ᠦᠢ᠍ᠯᠡᠳᠪᠦᠷᠢᠯᠡᠯ᠎ᠤᠨ ᠱᠤᠭᠤᠮ ᠪᠠ ᠲᠡᠷᠭᠡ ᠠᠴᠢᠶᠠᠯᠠᠬᠤ ᠵᠠᠩᠭᠢᠯᠠᠭ᠎ᠠ ᠵᠢᠨ 《ᠮᠠᠰᠢᠨ ᠵᠶ᠋ᠠᠷ ᠬᠥᠮᠥᠨ ᠰᠣᠯᠢᠬᠤ》 ᠵᠢ 100%᠎ᠳᠤ ᠬᠦᠷᠦᠭᠦᠯᠦᠨ᠎ᠡ᠃ (ᠲᠦᠷᠦᠭᠦᠯᠡᠨ ᠬᠢᠬᠦ ᠨᠢᠭᠡᠴᠡ᠄ ᠬᠣᠲᠠ ᠵᠢᠨ ᠠᠵᠤ ᠦᠢ᠍ᠯᠡᠳᠪᠦᠷᠢ ᠮᠡᠳᠡᠭᠡ ᠵᠠᠩᠭᠢᠵᠢᠯᠲᠠ ᠵᠢᠨ ᠲᠣᠪᠴᠢᠶ᠎ᠠ)
3. ᠰᠢᠨ᠎ᠡ ᠡᠨᠧᠷᠭᠢ ᠵᠢᠨ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠵᠦ᠂ 2022 ᠣᠨ᠎ᠳᠤ ᠬᠡᠷᠡᠭᠵᠢᠭᠦᠯᠬᠦ᠎ᠪᠠᠷ ᠪᠠᠢ᠌ᠭ᠎ᠠ ᠢᠯᠴᠢ ᠵᠢᠨ ᠴᠠᠬᠢᠯᠭ᠋ᠠᠨ᠎ᠤ ᠠᠮᠢᠳᠤᠯᠢᠭ ᠴᠢᠨᠠᠷ᠎ᠢ ᠥᠭᠡᠷᠡᠴᠢᠯᠡᠨ ᠲᠣᠬᠢᠷᠠᠭᠤᠯᠬᠤ ᠰᠢᠨ᠎ᠡ ᠡᠨᠧᠷᠭᠢ ᠵᠢᠨ ᠰᠤᠷᠪᠤᠯᠵᠢ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠪᠣᠬᠢᠷᠲᠤᠯ ᠦᠭᠡᠢ᠎ᠪᠠᠷ ᠴᠠᠬᠢᠯᠭ᠋ᠠᠨ ᠬᠠᠩᠭ᠋ᠠᠬᠤ᠂ ᠥᠩᠭᠡ ᠦᠵᠡᠮᠵᠢ᠎ᠪᠠᠷ ᠤᠰᠤᠲᠥ᠋ᠷᠥᠭᠴᠢ ᠦᠢ᠍ᠯᠡᠳᠬᠦ ᠵᠢ ᠨᠢᠭᠡ ᠴᠣᠭᠴᠠᠵᠢᠭᠤᠯᠬᠤ ᠵᠡᠷᠭᠡ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ 2023 ᠣᠨ᠎ᠤ ᠪᠥᠬᠥ ᠵᠢᠯ᠎ᠳᠤ ᠰᠢᠨ᠎ᠡ᠎ᠪᠠᠷ ᠨᠡᠮᠡᠭᠳᠡᠭᠦᠯᠬᠦ ᠰᠢᠨ᠎ᠡ ᠡᠨᠧᠷᠭᠢ ᠵᠢᠨ ᠪᠡᠯᠡ ᠣᠷᠣᠭᠤᠯᠤᠯᠲᠠ ᠵᠢ 100 ᠳ᠋ᠦᠩᠰᠢᠭᠤᠷ ᠲᠥᠭᠥᠷᠢᠭ᠎ᠠᠴᠠ ᠳᠠᠪᠠᠭᠤᠯᠬᠤ᠎ᠪᠠᠷ ᠴᠢᠷᠮᠠᠢ᠌ᠨ᠎ᠠ᠃ (ᠲᠦᠷᠦᠭᠦᠯᠡᠨ ᠬᠢᠬᠦ ᠨᠢᠭᠡᠴᠡ᠄ ᠬᠣᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ)
4. ᠰᠢᠨ᠎ᠡ ᠡᠨᠧᠷᠭᠢ ᠵᠢ ᠰᠢᠩᠭᠡᠬᠡᠨ ᠠᠪᠬᠤ ᠴᠢᠳᠠᠪᠤᠷᠢ ᠵᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠢᠨ᠎ᠡ ᠡᠨᠧᠷᠭᠢ ᠵᠢ ᠶᠡᠬᠡ ᠬᠡᠪᠴᠢᠶ᠎ᠡ᠎ᠪᠠᠷ ᠰᠢᠩᠭᠡᠬᠡᠨ ᠠᠪᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠤᠤᠱᠯᠠᠭᠤᠯᠤᠨ ᠨᠠᠢ᠌ᠳᠠᠪᠤᠷᠢᠵᠢᠭᠤᠯᠵᠤ᠂ ᠮᠠᠨ᠎ᠤ ᠬᠣᠲᠠ ᠵᠢᠨ ᠪᠣᠳᠠᠲᠠᠢ᠎ᠲᠠᠢ᠎ᠪᠠᠨ ᠤᠶᠠᠯᠳᠤᠭᠤᠯᠤᠨ᠂ ᠨᠥᠬᠥᠴᠡᠯ ᠪᠦᠷᠢᠳᠦᠭᠰᠡᠨ ᠥᠪᠡᠰᠦᠪᠡᠨ ᠪᠡᠯᠡᠳᠬᠡᠭᠰᠡᠨ ᠴᠠᠬᠢᠯᠭ᠋ᠠᠨ ᠦᠢ᠍ᠯᠡᠳᠪᠦᠷᠢ ᠵᠢᠨ ᠣᠷᠭᠢᠯ ᠦᠶ᠎ᠡ ᠵᠢ ᠲᠣᠬᠢᠷᠠᠭᠤᠯᠬᠤ᠎ᠳᠤ ᠣᠷᠣᠯᠴᠠᠬᠤ ᠵᠢ ᠠᠬᠢᠭᠤᠯᠵᠤ᠂ ᠰᠢᠨ᠎ᠡ ᠬᠡᠯᠪᠡᠷᠢ ᠵᠢᠨ ᠡᠨᠧᠷᠭᠢ ᠬᠠᠳᠠᠭ᠋ᠠᠯᠠᠨ ᠠᠰᠢᠭᠯᠠᠬᠤ ᠵᠢ ᠳᠡᠯᠭᠡᠷᠡᠭᠦᠯᠦᠨ᠂ ᠰᠢᠨ᠎ᠡ ᠡᠨᠧᠷᠭᠢ ᠵᠢ ᠰᠢᠩᠭᠡᠬᠡᠨ ᠠᠪᠬᠤ ᠴᠢᠳᠠᠪᠤᠷᠢ ᠵᠢ ᠳᠡᠭᠡᠭᠰᠢᠯᠡᠭᠦᠯᠵᠦ᠂ ᠪᠥᠬᠥ ᠵᠢᠯ᠎ᠳᠤ ᠰᠢᠨ᠎ᠡ᠎ᠪᠠᠷ ᠨᠡᠮᠡᠭᠳᠡᠭᠰᠡᠨ ᠰᠢᠨ᠎ᠡ ᠡᠨᠧᠷᠭᠢ ᠵᠢ ᠲᠣᠣᠷ᠎ᠲᠤ ᠨᠡᠢ᠌ᠯᠡᠭᠦᠯᠬᠦ ᠬᠡᠪᠴᠢᠶ᠎ᠡ 300 ᠲᠦᠮᠡᠨ ᠺᠢᠯᠣᠸᠠᠲ ᠠᠴᠠ ᠳᠠᠪᠠᠪᠠ᠃ (ᠲᠦᠷᠦᠭᠦᠯᠡᠨ ᠬᠢᠬᠦ ᠨᠢᠭᠡᠴᠡ᠄ ᠬᠣᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ)
5. 《ᠰᠦ ᠵᠢᠨ ᠶᠢᠰᠦᠨ ᠵᠤᠷᠪᠤᠰ》᠎ᠢ ᠲᠤᠤᠱᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠦᠷᠭᠦᠯᠵᠢᠯᠡᠨ ᠰᠠᠢ᠌ᠲᠤᠷ ᠠᠳᠬᠤᠵᠤ ᠂ ᠪᠦᠬᠦ ᠵᠢᠯ᠎ᠳᠤ ᠰᠢᠨ᠎ᠡ᠎ᠪᠠᠷ ᠪᠠᠢ᠌ᠭᠤᠯᠤᠭᠰᠠᠨ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠳᠠᠯᠠᠪᠠᠢ 3 =ᠠᠴᠠ ᠳᠤᠲᠠᠭᠤ ᠦᠭᠡᠢ ᠪᠠᠢ᠌ᠵᠤ᠂ ᠪᠡᠯᠭᠡ ᠵᠢᠨ ᠡᠵᠡᠮᠳᠡᠯ ᠪᠦᠬᠦᠢ ᠬᠦᠪᠦᠷᠡᠯ ᠢ 800᠎ᠠᠴᠠ ᠳᠡᠭᠡᠭᠰᠢ ᠬᠡᠷᠡᠭᠯᠡᠵᠦ᠂ ᠰᠠᠭ᠋ᠠᠯᠢ ᠵᠢᠨ ᠦᠨᠢᠶ᠎ᠡ ᠵᠢ 3 ᠲᠦᠮᠡᠨ ᠲᠣᠯᠣᠭ᠋ᠠᠢ ᠰᠢᠨ᠎ᠡ᠎ᠪᠠᠷ ᠨᠡᠮᠡᠭᠳᠡᠭᠦᠯᠦᠨ᠂ ᠳᠤᠮᠳᠠ ᠪᠠᠭ᠎ᠠ ᠲᠡᠵᠢᠭᠡᠨ ᠦᠷᠡᠵᠢᠭᠦᠯᠬᠦ ᠳᠠᠯᠠᠪᠠᠢ ᠵᠢᠨ ᠬᠡᠪᠴᠢᠶᠡᠵᠢᠭᠦᠯᠦᠨ ᠬᠥᠭᠵᠢᠭᠦᠯᠬᠦ ᠵᠢ ᠲᠦᠯᠬᠢᠨ ᠠᠬᠢᠭᠤᠯᠵᠤ᠂ ᠪᠦᠬᠦ ᠵᠢᠯ᠎ᠳᠤ ᠰᠦ ᠵᠢᠨ ᠭᠠᠷᠤᠯᠲᠠ ᠵᠢ 130 ᠲᠦᠮᠡᠨ ᠲᠣᠨ᠎ᠠᠴᠠ ᠳᠡᠭᠡᠭᠰᠢ᠎ᠳᠤ ᠬᠦᠷᠦᠭᠦᠯᠦᠨ᠎ᠡ᠃ (ᠲᠦᠷᠦᠭᠦᠯᠡᠨ ᠬᠢᠬᠦ ᠨᠢᠭᠡᠴᠡ᠄ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ)
6. ᠥᠪᠡᠷᠲᠡᠭᠡᠨ ᠵᠠᠰᠠᠬᠤ ᠣᠷᠣᠨ᠎ᠤ ᠨᠡᠢ᠌ᠲᠡᠯᠡᠭᠰᠡᠨ ᠰᠠᠭ᠋ᠠᠯᠢ ᠵᠢᠨ ᠦᠢ᠍ᠯᠡᠰ᠂ ᠠᠯᠠᠰᠢᠨ ᠦᠬᠡᠷ᠂ ᠠᠯᠠᠰᠢᠨ ᠬᠣᠨᠢ᠂ ᠢᠮᠠᠭ᠋ᠠᠨ ᠨᠣᠯᠤᠥᠷ ᠵᠡᠷᠭᠡ ᠠᠵᠤ ᠦᠢ᠍ᠯᠡᠰ᠎ᠤᠨ ᠬᠡᠯᠬᠢᠶ᠎ᠡ ᠵᠢᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠰᠠᠢ᠌ᠲᠤᠷ ᠨᠠᠢ᠌ᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭ᠋ᠠᠭᠰᠠᠨ 2 ᠲᠦᠮᠡᠨ ᠮᠦ᠍ ᠬᠣᠨᠢᠨ ᠡᠪᠡᠰᠦ ᠳᠠᠷᠢᠬᠤ ᠵᠢ ᠨᠠᠢ᠌ᠳᠠᠪᠤᠷᠢᠵᠢᠭᠤᠯᠤᠨ᠂ 9.5 ᠲᠦᠮᠡᠨ ᠮᠦ᠍ ᠴᠢᠨᠠᠷ ᠰᠠᠢ᠌ᠲᠠᠢ ᠴᠠᠷᠭ᠋ᠠᠰᠤ (ᠦᠯᠡᠳᠡᠭᠡᠬᠦ ᠲᠠᠯᠠᠪᠠᠶ 10.5 ᠲᠦᠮᠡᠨ ᠮᠦ᠍)᠂ 25 ᠲᠦᠮᠡᠨ ᠮᠦ᠍᠎ᠠᠴᠠ ᠳᠡᠭᠡᠭᠰᠢ (ᠬᠣᠲᠠ ᠵᠢᠨ ᠱᠠᠲᠤᠨ᠎ᠳᠤ 50 ᠲᠦᠮᠡᠨ ᠮᠦ᠍ ᠳᠠᠷᠢᠬᠤ᠎ᠪᠠᠷ ᠲᠥᠯᠥᠪᠯᠡᠵᠦ ᠪᠣᠶ)᠂ ᠬᠥᠬᠡ ᠳᠠᠷᠤᠰᠢ ᠵᠢᠨ ᠡᠷᠳᠡᠨᠢ ᠰᠢᠰᠢ 100 ᠲᠦᠮᠡᠨ ᠮᠦ᠍ ᠳᠠᠷᠢᠬᠤ ᠡᠭᠦᠷᠭᠡ ᠵᠢ ᠰᠢᠨ᠎ᠡ᠎ᠪᠠᠷ ᠨᠡᠮᠡᠭᠳᠡᠭᠦᠯᠦᠨ᠎ᠡ᠃ ᠨᠠᠭ᠋ᠠᠲᠤ ᠵᠠᠬ᠎ᠠ᠎ᠳᠠᠭᠠᠨ 1 ᠲᠠᠷᠢᠶᠠᠯᠠᠩ᠎ᠤᠨ ᠠᠵᠤ ᠦᠶ᠋ᠢᠯᠡᠰᠵᠢᠭᠰᠡᠨ ᠤᠯᠤᠰ᠎ᠤᠨ ᠭᠣᠣᠯᠳᠠᠯᠭ᠎ᠠ᠎ᠲᠠᠢ ᠬᠥᠲᠥᠴᠢ ᠠᠵᠤ ᠠᠬᠤᠢ᠌ᠯᠠᠯ᠎ᠢ ᠮᠠᠭ᠋ᠠᠳᠯᠠᠨ ᠲᠣᠭᠲᠠᠭ᠋ᠠᠵᠤ᠂ ᠮᠠᠨ᠎ᠤ ᠬᠣᠲᠠ ᠵᠢᠨ ᠤᠯᠤᠰ᠎ᠤᠨ ᠲᠠᠰ᠎ᠤᠨ ᠭᠣᠣᠯᠳᠠᠯᠭ᠎ᠠ᠎ᠲᠠᠢ ᠬᠥᠲᠥᠴᠢ ᠠᠵᠤ ᠠᠬᠤᠢ᠌ᠯᠠᠯ᠎ᠢ 9 ᠪᠣᠯᠭ᠋ᠠᠵᠤ᠂ 1 ᠤᠯᠤᠰ᠎ᠤᠨ ᠲᠠᠰ᠎ᠤᠨ ᠲᠠᠷᠢᠶᠠᠯᠠᠩ᠎ᠤᠨ ᠠᠵᠤ ᠦᠢ᠍ᠯᠡᠰ᠎ᠤᠨ ᠬᠦᠴᠦᠷᠬᠡᠭ ᠪᠠᠯᠭ᠋ᠠᠰᠤ ᠵᠢ ᠰᠢᠨ᠎ᠡ᠎ᠪᠠᠷ ᠡᠭᠦᠳᠦᠨ ᠪᠠᠶ᠋ᠢᠭᠤᠯᠬᠤ᠎ᠪᠠᠷ ᠴᠢᠷᠮᠠᠢ᠌ᠵᠤ᠂ ᠭᠣᠣᠯ ᠪᠣᠯᠬᠤ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠡᠳ᠋ᠰᠢᠭᠦᠯᠦᠨ ᠬᠤᠪᠢᠷᠠᠭᠤᠯᠬᠤ ᠨᠣᠷᠮ᠎ᠠ ᠵᠢ 75% ᠠᠴᠠ ᠳᠡᠭᠡᠭᠰᠢ᠎ᠳᠤ ᠬᠦᠷᠭᠡᠨ᠎ᠡ ᠃ (ᠲᠦᠷᠦᠭᠦᠯᠡᠨ ᠬᠢᠬᠦ ᠨᠢᠭᠡᠴᠡ᠄ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ)
7. ᠦᠷ᠎ᠡ ᠵᠢᠨ ᠦᠢ᠍ᠯᠡᠰ᠎ᠢ ᠬᠥᠭᠵᠢᠭᠦᠯᠬᠦ ᠭᠤᠷᠪᠠᠨ ᠶᠡᠬᠡ ᠢᠨᠵᠧᠨᠧᠷᠢᠩ᠎ᠢ ᠦᠷᠭᠦᠯᠵᠢᠯᠡᠨ ᠰᠠᠢ᠌ᠲᠤᠷ ᠠᠳᠬᠤᠵᠤ᠂ ᠪᠤᠭᠤᠳᠠᠢ᠂ ᠡᠷᠳᠡᠨᠢ ᠰᠢᠰᠢ᠂ ᠨᠡᠷᠡᠨ ᠬᠤᠸᠠᠷ᠂ ᠠᠯᠠᠰᠢᠨ ᠬᠣᠨᠢ ᠵᠡᠷᠭᠡ ᠡᠭᠦᠯᠳᠡᠷ ᠤᠨ ᠡᠭᠦᠯᠳᠡᠷ ᠪᠣᠢ᠌ᠵᠢᠭᠤᠯᠬᠤ ᠬᠠᠮᠲᠤᠷᠠᠭᠰᠠᠨ ᠪᠣᠭᠣᠮᠲᠠ ᠰᠢᠪᠲᠤᠯᠬᠤ ᠵᠢ ᠥᠷᠨᠢᠭᠦᠯᠵᠦ᠂ ᠡᠯ᠎ᠡ ᠲᠥᠷᠥᠯ ᠤᠨ ᠡᠭᠦᠯᠳᠡᠷ᠎ᠢ 15᠎ᠠᠴᠠ ᠳᠡᠭᠡᠭᠰᠢ ᠪᠣᠢ᠌ᠵᠢᠭᠤᠯᠬᠤ᠎ᠪᠠᠷ ᠲᠥᠯᠥᠪᠯᠡᠵᠦ᠂ ᠡᠭᠦᠨ᠎ᠳᠤ ᠪᠡᠶ᠎ᠡ᠎ᠪᠠᠨ ᠳᠠᠭ᠋ᠠᠭ᠋ᠠᠭᠰᠠᠨ ᠮᠡᠳᠡᠯᠭᠡ ᠵᠢᠨ ᠥᠮᠴᠢᠯᠡᠬᠦ ᠡᠷᠬᠡ᠎ᠲᠠᠢ ᠴᠢᠨᠠᠷ ᠰᠠᠢ᠌ᠲᠠᠢ᠂ ᠥᠨᠳᠥᠷ ᠤᠨᠠᠯᠲᠠ᠎ᠲᠠᠢ᠂ ᠰᠥᠷᠬᠦ ᠵᠢ ᠡᠰᠡᠷᠭᠦᠴᠡᠬᠦ᠂ ᠮᠠᠰᠢᠨᠴᠢᠯᠠᠨ ᠠᠵᠢᠯᠯᠠᠬᠤ᠎ᠳᠤ ᠲᠣᠬᠢᠷᠠᠬᠤ ᠲᠠᠷᠢᠮᠠᠯ᠎ᠤᠨ ᠰᠢᠨ᠎ᠡ ᠡᠭᠦᠯᠳᠡᠷ 14 (ᠡᠷᠳᠡᠨᠢ ᠰᠢᠰᠢ ᠵᠢᠨ ᠰᠢᠨ᠎ᠡ ᠡᠭᠦᠯᠳᠡᠷ 5᠂ ᠪᠤᠭᠤᠳᠠᠢ ᠵᠢᠨ ᠰᠢᠨ᠎ᠡ ᠡᠭᠦᠯᠳᠡᠷ 1᠂ ᠴᠢᠨᠠᠷ ᠰᠠᠢ᠌ᠲᠠᠢ ᠨᠡᠷᠡᠨ ᠬᠤᠸᠠᠷ᠎ᠤᠨ ᠰᠢᠨ᠎ᠡ ᠡᠭᠦᠯᠳᠡᠷ 8 ᠪᠠᠭᠲᠠᠨ᠎ᠠ)᠂ ᠠᠯᠠᠰᠢᠨ ᠬᠤᠨᠢᠨ᠎ᠤ ᠰᠢᠨ᠎ᠡ ᠡᠭᠦᠯᠳᠡᠷ 1 ᠵᠢ ᠭᠣᠣᠯᠳᠠᠯᠭ᠎ᠠ᠎ᠲᠠᠢ ᠪᠣᠢ᠌ᠵᠢᠭᠤᠯᠤᠨ᠎ᠠ᠃ ᠪᠥᠬᠥ ᠬᠣᠲᠠ ᠵᠢᠨ ᠰᠠᠢ᠌ᠨ ᠡᠭᠦᠯᠳᠡᠷ᠎ᠢ ᠦᠷᠡᠵᠢᠭᠦᠯᠦᠨ ᠪᠣᠢ᠌ᠵᠢᠭᠤᠯᠬᠤ ᠰᠠᠭᠤᠷᠢᠨ ᠭᠠᠵᠠᠷ᠎ᠤᠨ ᠲᠠᠯᠠᠪᠠᠶ ᠵᠢ 3 ᠲᠦᠮᠡᠨ ᠮᠦ᠍᠎ᠠᠴᠠ ᠳᠡᠭᠡᠭᠰᠢ᠎ᠳᠤ ᠲᠣᠭᠲᠠᠪᠤᠷᠢᠵᠢᠭᠤᠯᠵᠤ᠂ 6 《ᠲᠠᠷᠢᠶ᠎ᠠ ᠵᠢ ᠦᠵᠡᠵᠦ ᠦᠷ᠎ᠡ ᠰᠣᠩᠭᠣᠬᠤ》 ᠲᠠᠪᠴᠠᠩ᠎ᠤᠨ ᠪᠠᠢ᠌ᠭᠤᠯᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠪᠡ᠃ (ᠲᠦᠷᠦᠭᠦᠯᠡᠨ ᠬᠢᠬᠦ ᠨᠢᠭᠡᠴᠡ᠄ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ)
8. ᠲᠣᠭ᠋ᠠᠴᠢᠯᠠᠭᠰᠠᠨ ᠠᠵᠤ ᠠᠬᠤᠢ ᠵᠢ ᠲᠦᠷᠭᠡᠳᠬᠡᠨ ᠬᠥᠭᠵᠢᠭᠦᠯᠵᠦ᠂ 《ᠲᠣᠭ᠋ᠠᠴᠢᠯᠠᠭᠰᠠᠨ ᠠᠵᠤ ᠠᠬᠤᠢ ᠵᠢᠨ ᠬᠥᠭᠵᠢᠯᠲᠡ ᠵᠢ ᠲᠦᠷᠭᠡᠳᠬᠡᠨ ᠠᠬᠢᠭᠤᠯᠬᠤ ᠲᠥᠷᠥ ᠵᠢᠨ ᠪᠣᠳᠣᠯᠭ᠎ᠠ ᠨᠤᠭᠤᠳ ᠤᠨ ᠲᠤᠬᠠᠢ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ 》 (ᠥᠪᠥᠷ ᠵᠠᠰᠠᠭ ᠲᠠᠷᠬᠠᠭ᠋ᠠᠭᠰᠠᠨ [2022] 33 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ ᠮᠠᠨ᠎ᠤ ᠬᠣᠲᠠ ᠵᠢᠨ ᠠᠵᠤ ᠦᠢ᠍ᠯᠡᠳᠪᠦᠷᠢ᠂ ᠠᠷᠠᠯᠵᠢᠶ᠎ᠠ ᠬᠤᠳᠠᠯᠳᠤᠭ᠎ᠠ᠂ ᠲᠠᠷᠢᠶᠠᠯᠠᠩ ᠵᠡᠷᠭᠡ ᠬᠦᠷᠢᠶ᠎ᠡ ᠴᠠᠷᠠᠭ᠎ᠠ ᠵᠢᠨ ᠲᠣᠭ᠋ᠠᠴᠢᠯᠠᠭᠰᠠᠨ ᠬᠥᠭᠵᠢᠯᠲᠡ ᠵᠢ ᠲᠦᠷᠭᠡᠳᠬᠡᠨ ᠠᠬᠢᠭᠤᠯᠤᠨ᠎ᠠ᠃ (ᠲᠦᠷᠦᠭᠦᠯᠡᠨ ᠬᠢᠬᠦ ᠨᠢᠭᠡᠴᠡ᠄ ᠬᠣᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ)
9. ᠯᠢᠨ ᠾᠧ ᠲᠣᠭᠣᠷᠢᠭ᠎ᠤᠨ ᠬᠠᠲᠤᠨ ᠭᠣᠣᠯ᠎ᠤᠨ ᠪᠤᠯᠤᠩ᠎ᠤᠨ ᠶᠠᠪᠠᠭ᠋ᠠᠨ ᠵᠡᠭᠡᠯᠢ ᠵᠢᠨ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠪᠣᠢ᠌ᠵᠢᠭᠤᠯᠬᠤ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠥᠨᠢ ᠵᠢᠨ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡᠨ᠎ᠤ ᠲᠥᠪᠯᠡᠷᠡᠭᠰᠡᠨ ᠲᠣᠭᠣᠷᠢᠭ᠎ᠢ ᠢᠳᠡᠪᠬᠢᠲᠡᠢ᠎ᠪᠠᠷ ᠭᠤᠶᠤᠴᠢᠯᠠᠨ ᠮᠡᠳᠡᠭᠦᠯᠦᠨ᠎ᠡ᠃ ᠬᠣᠰᠢᠭᠤ ᠰᠢᠶᠠᠨ ᠲᠣᠭᠣᠷᠢᠭ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢᠱ᠌ᠢᠶ᠎ᠡ ᠦᠵᠡᠭᠦᠯᠬᠦ ᠲᠣᠭᠣᠷᠢᠭ ᠵᠶ᠋ᠠᠷ ᠭᠤᠶᠤᠴᠢᠯᠠᠨ ᠮᠡᠳᠡᠭᠦᠯᠬᠦ ᠵᠢ ᠵᠣᠷᠢᠭᠵᠢᠭᠤᠯᠤᠨ ᠳᠡᠮᠵᠢᠨ᠎ᠡ᠃ (ᠲᠦᠷᠦᠭᠦᠯᠡᠬᠦ ᠨᠢᠭᠡᠴᠡ᠄ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ)
10. ᠵᠢᠭᠤᠯᠴᠢᠯᠠᠯ᠎ᠤᠨ ᠪᠦᠲᠦᠭᠡᠭᠳᠡᠬᠦᠨ᠎ᠤ ᠬᠠᠩᠭ᠋ᠠᠯᠭ᠎ᠠ ᠵᠢ ᠪᠠᠶᠠᠯᠢᠭᠵᠢᠭᠤᠯᠵᠤ᠂ ᠰᠡᠯᠡᠭᠦᠴᠡᠨ ᠠᠮᠠᠷᠠᠬᠤ᠂ ᠮᠥᠰᠥ ᠴᠠᠰᠤᠨ᠎ᠤ ᠵᠢᠭᠤᠯᠴᠢᠯᠠᠯ᠂ ᠬᠤᠪᠢᠰᠬᠠᠯ᠎ᠤᠨ ᠵᠢᠭᠤᠯᠴᠢᠯᠠᠯ᠂ ᠬᠥᠳᠡᠭᠡ ᠲᠣᠰᠬᠣᠨ᠎ᠤ ᠵᠢᠭᠤᠯᠴᠢᠯᠠᠯ ᠵᠡᠷᠭᠡ ᠡᠵᠡᠩᠨᠡᠯᠲᠡ ᠵᠢᠨ ᠬᠡᠯᠪᠡᠷᠢ ᠪᠠᠢ᠌ᠳᠠᠯ᠎ᠤᠨ ᠰᠢᠨ᠎ᠡ ᠵᠢ ᠡᠭᠦᠳᠬᠦ ᠠᠭᠤᠯᠭ᠎ᠠ ᠵᠢ ᠠᠬᠢᠭᠤᠯᠤᠨ᠂ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠵᠦ᠂ ᠪᠣᠷᠣᠳᠣᠬᠣᠢ ᠵᠢᠨ ᠰᠣᠶᠣᠯ ᠤᠷᠠᠯᠢᠭ᠎ᠤᠨ ᠨᠠᠢ᠌ᠷ᠂ ᠮᠥᠰᠥ ᠴᠠᠰᠤᠨ᠎ᠤ ᠨᠠᠢ᠌ᠷ ᠵᠡᠷᠭᠡ ᠰᠢᠷᠢᠰ ᠵᠢᠭᠤᠯᠴᠢᠯᠠᠯ᠎ᠤᠨ ᠠᠵᠢᠯᠯᠠᠭ᠎ᠠ ᠵᠢ ᠰᠠᠢ᠌ᠲᠤᠷ ᠡᠷᠭᠢᠯᠡᠵᠦ᠂ ᠬᠠᠲᠤᠨ ᠭᠣᠣᠯ᠎ᠤᠨ ᠬᠡᠳᠦᠨ ᠥᠰᠥᠭ᠎ᠤᠨ ᠰᠣᠶᠣᠯ᠎ᠤᠨ ᠵᠢᠭᠤᠯᠴᠢᠯᠠᠯ᠎ᠤᠨ ᠨᠠᠢ᠌ᠷ᠎ᠲᠤ ᠵᠣᠬᠢᠶᠠᠨ ᠪᠠᠢ᠌ᠭᠤᠯᠤᠨ ᠣᠷᠣᠯᠴᠠᠨ᠎ᠠ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠢ ᠠᠬᠢᠭᠤᠯᠵᠤ᠂ ᠰᠣᠳᠣᠨ ᠵᠢᠭᠤᠯᠴᠢᠯᠠᠯ᠎ᠤᠨ ᠦᠵᠡᠮᠵᠢ ᠵᠢᠨ ᠣᠷᠣᠨ ᠪᠠ ᠵᠢᠭᠤᠯᠴᠢᠯᠠᠯ᠎ᠤᠨ ᠵᠠᠮ ᠱᠤᠭᠤᠮ᠎ᠢ ᠪᠣᠶ ᠪᠣᠯᠭ᠋ᠠᠨ᠎ᠠ᠃ (ᠲᠦᠷᠦᠭᠦᠯᠡᠬᠦ ᠨᠢᠭᠡᠴᠡ᠄ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ)
11. ᠦᠵᠡᠮᠵᠢ ᠵᠢᠨ ᠣᠷᠣᠨ᠎ᠢ ᠦᠨᠡᠯᠡᠨ ᠲᠣᠭᠲᠠᠭ᠋ᠠᠬᠤ ᠪᠠ ᠳᠠᠬᠢᠨ ᠬᠢᠨᠠᠬᠤ ᠠᠵᠢᠯ᠎ᠢ ᠦᠷᠭᠦᠯᠵᠢᠯᠡᠨ ᠥᠷᠨᠢᠭᠦᠯᠵᠦ᠂ ᠪᠣᠷᠣᠳᠣᠬᠣᠢ ᠵᠢᠨ ᠲᠠᠷᠢᠶᠠᠯᠠᠬᠤ ᠰᠣᠶᠣᠯ᠎ᠤᠨ ᠦᠵᠡᠭᠦᠯᠦᠯᠭᠡ ᠵᠢᠨ ᠬᠦᠷᠢᠶᠡᠯᠡᠩ᠂ ᠬᠠᠲᠤᠨ ᠭᠣᠣᠯ᠎ᠤᠨ ᠪᠣᠷᠣᠳᠣᠬᠣᠢ ᠵᠢᠨ ᠰᠣᠶᠣᠯ ᠵᠤᠭ᠋ᠠᠴᠠᠯ᠎ᠤᠨ ᠣᠷᠣᠨ᠂ ᠰᠠᠨ ᠱᠧᠩ ᠬᠥᠩ ᠤᠯᠤᠰ᠎ᠤᠨ ᠤᠰᠤᠨ ᠠᠰᠢᠭᠯᠠᠯᠲᠠ ᠵᠢᠨ ᠦᠵᠡᠮᠵᠢ ᠵᠢᠨ ᠣᠷᠣᠨ᠂ ᠦᠶᠤᠸᠠᠨ᠎ᠤ ᠶᠢᠨ ᠰᠢᠶᠠᠩ ᠰᠣᠶᠣᠯ᠎ᠤᠨ ᠵᠤᠭ᠋ᠠᠴᠠᠯ᠎ᠤᠨ ᠠᠵᠤ ᠦᠢ᠍ᠯᠡᠰ᠎ᠤᠨ ᠬᠦᠷᠢᠶᠡᠯᠡᠩ ᠵᠡᠷᠭᠡ ᠰᠣᠳᠣᠨ ᠵᠤᠭ᠋ᠠᠴᠠᠯ᠎ᠤᠨ ᠦᠵᠡᠮᠵᠢ ᠵᠢᠨ ᠣᠷᠣᠨ᠎ᠤ ᠪᠦᠲᠦᠭᠡᠨ ᠪᠠᠢ᠌ᠭᠤᠯᠤᠯᠲᠠ ᠵᠢᠨ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠵᠦ᠂ ᠨᠠᠷᠢᠨ ᠨᠠᠭᠤᠷ᠎ᠤᠨ ᠤᠰᠤᠨ᠎ᠤ ᠣᠩᠭᠣᠴᠠᠨ᠎ᠳᠤ ᠭᠠᠷᠬᠤ ᠭᠡᠷ ᠪᠠᠢ᠌ᠰᠢᠩ᠎ᠤᠨ ᠪᠠᠭᠤᠴᠠ᠂ ᠤᠯᠠᠭ᠋ᠠᠨᠪᠤᠬ᠎ᠠ ᠱᠠ ᠬᠠᠢ ᠨᠠᠭᠤᠷ᠎ᠤᠨ ᠬᠤᠪᠢ ᠵᠢᠨ ᠮᠠᠰᠢᠨ ᠲᠡᠷᠭᠡ᠎ᠪᠠᠷ ᠵᠢᠭᠤᠯᠴᠢᠯᠠᠨ ᠰᠠᠭᠤᠬᠤ ᠪᠠᠭᠤᠴᠠ᠂ ᠬᠠᠲᠤᠨ ᠭᠣᠣᠯ᠎ᠤᠨ ᠪᠤᠯᠤᠩ᠎ᠤᠨ ᠶᠠᠪᠠᠭ᠋ᠠᠨ ᠵᠡᠭᠡᠯᠢ ᠵᠡᠷᠭᠡ ᠲᠥᠷᠥᠯ ᠵᠦᠢ᠍ᠯ᠎ᠢ ᠲᠠᠰ ᠳᠡᠪᠰᠢᠭᠦᠯᠦᠨ ᠥᠭᠡᠷᠡᠴᠢᠯᠡᠬᠦ ᠵᠢ ᠠᠬᠢᠭᠤᠯᠵᠤ᠂ ᠥᠨᠳᠥᠷ A ᠲᠠᠰ᠎ᠤᠨ ᠦᠵᠡᠮᠵᠢ ᠵᠢᠨ ᠣᠷᠣᠨ᠎ᠢ ᠴᠢᠷᠮᠠᠢ᠌ᠨ ᠡᠭᠦᠳᠬᠦ᠎ᠳᠤ ᠪᠡᠯᠡᠳᠬᠡᠯ ᠠᠵᠢᠯ᠎ᠢ ᠰᠠᠢ᠌ᠲᠤᠷ ᠬᠢᠨ᠎ᠡ᠃ (ᠲᠦᠷᠦᠭᠦᠯᠡᠬᠦ ᠨᠢᠭᠡᠴᠡ᠄ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ)
12. ᠠᠵᠤ ᠦᠢ᠍ᠯᠡᠰ᠎ᠤᠨ ᠬᠥᠭᠵᠢᠯᠲᠡ ᠵᠢᠨ ᠶᠠᠰᠤ ᠴᠢᠨᠠᠷ᠎ᠢ ᠳᠡᠭᠡᠭᠰᠢᠯᠡᠭᠦᠯᠵᠦ᠂ ᠪᠥᠬᠥ ᠣᠷᠣᠨ᠎ᠤ ᠪᠣᠬᠢᠷᠲᠤᠯ ᠦᠭᠡᠢ ᠣᠨᠴᠠᠯᠢᠭᠲᠤ ᠳᠠᠪᠠᠭᠤᠯᠢᠭ ᠠᠵᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ᠎ᠳᠤ ᠦᠢ᠍ᠯᠡᠴᠢᠯᠡᠬᠦ ᠠᠵᠢᠯᠯᠠᠭ᠎ᠠ᠎ᠳᠤ ᠭᠦᠨᠵᠡᠭᠡᠢ ᠣᠷᠣᠯᠴᠠᠵᠤ᠂ ᠪᠠᠶᠠᠨᠨᠠᠭᠤᠷ ᠬᠣᠲᠠ ᠵᠢᠨ ᠠᠵᠤ ᠦᠢ᠍ᠯᠡᠰ᠎ᠤᠨ ᠣᠨᠴᠠᠯᠢᠭᠲᠤ ᠨᠡᠢ᠌ᠴᠡᠭᠰᠡᠨ ᠪᠠᠷᠢᠮᠵᠢᠶ᠎ᠠ ᠵᠢᠨ ᠰᠢᠰᠲ᠋ᠧᠮᠵᠢ ᠵᠢ ᠤᠯᠠᠮ ᠨᠢᠭᠡ ᠠᠯᠬᠤᠮ ᠪᠠᠢ᠌ᠭᠤᠯᠤᠨ ᠲᠡᠭᠦᠯᠳᠡᠷᠵᠢᠭᠦᠯᠦᠨ᠎ᠡ᠃ ᠠᠵᠤ ᠠᠬᠤᠢ᠌ᠯᠠᠯ᠎ᠤᠨ ᠭᠣᠣᠯᠯᠠᠬᠤ ᠬᠡᠷᠡᠭᠴᠡᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠶᠠᠰᠤ ᠴᠢᠨᠠᠷ᠎ᠤᠨ ᠰᠠᠭᠤᠷᠢ ᠲᠥᠬᠦᠭᠡᠷᠦᠮᠵᠢ ᠵᠢᠨ 《ᠨᠢᠭᠡ ᠥᠷᠲᠡᠭᠡᠨ᠎ᠤ ᠮᠠᠶᠢᠭ》᠎ᠤᠨ ᠦᠢ᠍ᠯᠡᠴᠢᠯᠡᠭᠡ ᠵᠢ ᠨᠠᠷᠢᠯᠢᠭ ᠣᠨᠣᠴᠠᠲᠠᠢ᠎ᠪᠠᠷ ᠬᠡᠷᠡᠭᠵᠢᠭᠦᠯᠵᠦ᠂ ᠪᠦᠬᠦ ᠬᠤᠳᠠ ᠵᠢᠨ ᠪᠣᠬᠢᠷᠲᠤᠯ ᠦᠭᠡᠢ ᠣᠨᠴᠠᠯᠢᠭᠲᠤ ᠳᠠᠪᠠᠭᠤᠯᠢᠭ ᠠᠵᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠲᠦᠯᠬᠢᠨ ᠠᠬᠢᠭᠤᠯᠤᠨ᠎ᠠ᠃ ᠪᠠᠶᠠᠨᠨᠠᠭᠤᠷ ᠬᠣᠲᠠ ᠵᠢᠨ ᠬᠣᠲᠠ ᠵᠢᠨ ᠳᠠᠷᠤᠭ᠎ᠠ ᠵᠢᠨ ᠶᠠᠰᠤ ᠴᠢᠨᠠᠷ᠎ᠤᠨ ᠱᠠᠩᠨᠠᠯ᠎ᠢ ᠰᠢᠯᠭ᠋ᠠᠷᠠᠭᠤᠯᠬᠤ ᠠᠵᠢᠯᠯᠠᠭ᠎ᠠ ᠵᠢ ᠥᠷᠨᠢᠭᠦᠯᠵᠦ᠂ ᠰᠢᠯᠢᠳᠡᠭ ᠠᠵᠤ ᠠᠬᠤᠢ᠌ᠯᠠᠯ᠎ᠢ ᠢᠳᠡᠪᠬᠢᠲᠡᠢ᠎ᠪᠠᠷ ᠪᠣᠢ᠌ᠵᠢᠭᠤᠯᠬᠤ᠂ ᠳᠠᠢ᠌ᠴᠢᠯᠠᠬᠤ ᠪᠠ ᠲᠠᠨᠢᠯᠴᠠᠭᠤᠯᠵᠤ ᠪᠠᠢ᠌ᠭ᠋ᠠᠳ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠵᠢᠨ ᠶᠠᠰᠤ ᠴᠢᠨᠠᠷ᠎ᠤᠨ ᠱᠠᠩᠨᠠᠯ᠎ᠢ ᠰᠢᠯᠭ᠋ᠠᠷᠠᠭᠤᠯᠬᠤ᠎ᠳᠤ ᠣᠷᠣᠯᠴᠠᠭᠤᠯᠵᠤ᠂ ᠪᠥᠬᠥ ᠬᠣᠲᠠ ᠵᠢᠨ ᠡᠯ᠎ᠡ ᠲᠥᠷᠥᠯ᠎ᠤᠨ ᠠᠵᠤ ᠠᠬᠤᠢ᠌ᠯᠠᠯ᠎ᠢ ᠬᠥᠲᠥᠯᠥᠨ ᠵᠢᠯᠤᠭᠣᠳᠴᠤ ᠪᠠᠢ᠌ᠭ᠋ᠠᠳ ᠶᠠᠰᠤ ᠴᠢᠨᠠᠷ᠎ᠤᠨ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ᠎ᠨᠢ ᠳᠡᠭᠡᠭᠰᠢᠯᠡᠭᠦᠯᠦᠨ᠎ᠡ᠃ (ᠲᠦᠷᠦᠭᠦᠯᠡᠨ ᠬᠢᠬᠦ ᠨᠢᠭᠡᠴᠡ᠄ ᠬᠣᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)
ᠬᠣᠶᠠᠷ᠂ ᠠᠵᠤ ᠦᠢ᠍ᠯᠡᠰ᠎ᠤᠨ ᠬᠥᠭᠵᠢᠯᠲᠡ ᠵᠢᠨ ᠪᠠᠢ᠌ᠷᠢᠰᠢᠭᠤᠯᠤᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠬᠡᠷᠡᠭᠲᠡᠢ
13. ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠵᠢ ᠠᠬᠢᠭᠤᠯᠵᠤ᠂ ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ᠂ ᠣᠷᠣᠨ ᠪᠦᠰᠡ ᠵᠢᠨ ᠴᠢᠬᠤᠯᠠ ᠶᠡᠬᠡ ᠪᠠᠢ᠌ᠯᠳᠤᠬᠤ ᠪᠣᠳᠣᠯᠭ᠎ᠠ᠂ ᠰᠢᠨ᠎ᠡ ᠮᠠᠶᠢᠭ᠎ᠤᠨ ᠬᠣᠲᠠ ᠪᠠᠯᠭ᠋ᠠᠰᠤᠵᠢᠯᠲᠠ ᠵᠢᠨ ᠪᠠᠢ᠌ᠯᠳᠤᠬᠤ ᠪᠣᠳᠣᠯᠭ᠎ᠠ ᠵᠢ ᠭᠦᠨᠵᠡᠭᠡᠢ ᠬᠡᠷᠡᠭᠵᠢᠭᠦᠯᠵᠦ᠂ ᠤᠯᠤᠰ᠎ᠤᠨ ᠥᠪᠡᠷᠲᠡᠭᠡᠨ ᠵᠠᠰᠠᠬᠤ ᠣᠷᠣᠨ᠎ᠤ ᠪᠠᠷᠠᠭᠤᠨ ᠣᠷᠣᠨ᠎ᠢ ᠶᠡᠬᠡᠪᠡᠷ ᠨᠡᠭᠡᠭᠡᠨ ᠬᠥᠭᠵᠢᠭᠦᠯᠬᠦ ᠵᠢ ᠠᠬᠢᠭᠤᠯᠬᠤ ᠪᠠᠢ᠌ᠯᠳᠤᠬᠤ ᠪᠣᠳᠣᠯᠭ᠎ᠠ᠂ ᠲᠥᠯᠦᠪᠵᠢᠭᠦᠯᠭᠡ ᠪᠠ ᠲᠥᠷᠥ ᠵᠢᠨ ᠪᠣᠳᠣᠯᠭ᠎ᠠ ᠵᠢ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠬᠣᠯᠪᠣᠭᠳᠠᠯ ᠪᠦᠬᠦᠢ ᠠᠰᠠᠭᠤᠳᠠᠯ᠎ᠢ ᠵᠣᠬᠢᠴᠠᠭᠤᠯᠤᠨ ᠰᠢᠢ᠍ᠳᠪᠦᠷᠢᠯᠡᠨ᠎ᠡ᠃ ᠥᠪᠡᠷᠲᠡᠭᠡᠨ ᠵᠠᠰᠠᠬᠤ ᠣᠷᠣᠨ᠎ᠤ ᠱᠠᠭ᠋ᠠᠷᠳᠠᠯᠭ᠎ᠠ ᠶᠣᠰᠣᠭ᠋ᠠᠷ 《ᠪᠠᠶᠠᠨᠨᠠᠭᠤᠷ ᠬᠣᠲᠠ ᠵᠢᠨ ᠰᠢᠨ᠎ᠡ ᠮᠠᠶᠢᠭ᠎ᠤᠨ ᠬᠣᠲᠠ ᠪᠠᠯᠭ᠋ᠠᠰᠤᠵᠢᠯᠲᠠ ᠪᠠ ᠬᠣᠲᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ 2023 ᠣᠨ᠎ᠤ ᠡᠭᠦᠷᠭᠡ》 ᠵᠢ ᠲᠣᠭᠲᠠᠭ᠋ᠠᠵᠤ᠂ ᠰᠢᠶᠠᠨ᠎ᠤ ᠬᠣᠲᠠ ᠵᠢᠨ ᠬᠥᠭᠵᠢᠯᠲᠡ ᠵᠢᠨ ᠶᠠᠰᠤ ᠴᠢᠨᠠᠷ᠎ᠢ ᠳᠡᠭᠡᠭᠰᠢᠯᠡᠭᠦᠯᠦᠨ᠎ᠡ᠃ (ᠲᠦᠷᠦᠭᠦᠯᠡᠨ ᠬᠢᠬᠦ ᠨᠢᠭᠡᠴᠡ᠄ ᠬᠣᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ)
14. ᠰᠢᠨ᠎ᠡ ᠡᠨᠧᠷᠭᠢ ᠵᠢᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠤᠨ᠎ᠠ᠃ᠱᠠᠩᠬᠠᠢ ᠵᠢᠨ ᠰᠦᠮ᠎ᠡ ᠵᠢᠨ ᠣᠨᠴᠠ ᠥᠨᠳᠥᠷ ᠳᠠᠷᠤᠯᠲᠠᠲᠤ ᠭᠠᠳᠠᠭᠰᠢ ᠬᠦᠷᠭᠡᠬᠦ ᠨᠡᠪᠲᠡᠷᠡᠬᠦ ᠵᠠᠮ᠎ᠤᠨ 160 ᠲᠦᠮᠡᠨ ᠺᠢᠯᠣᠸᠠᠲ᠎ᠤᠨ ᠰᠠᠯᠬᠢᠨ ᠬᠦᠴᠦᠨ᠎ᠤ ᠴᠠᠬᠢᠯᠭ᠋ᠠᠨ᠎ᠤ ᠰᠠᠭᠤᠷᠢᠨ ᠭᠠᠵᠠᠷ᠎ᠤᠨ ᠲᠥᠷᠥᠯ ᠵᠦᠢ᠍ᠯ᠎ᠢ ᠢᠵᠢ ᠪᠦᠷᠢᠳᠦᠭᠦᠯᠦᠨ ᠪᠠᠢ᠌ᠭᠤᠯᠵᠤ᠂ ᠪᠠᠶᠠᠨᠨᠠᠭᠤᠷ᠎ᠤᠨ 100 ᠲᠦᠮᠡᠨ ᠺᠢᠯᠣᠸᠠᠲ᠎ᠤᠨ ᠬᠡᠷᠡᠯ᠎ᠤᠨ ᠬᠠᠳᠠᠭ᠋ᠠᠯᠠᠯᠲᠠ + ᠠᠮᠢ ᠠᠬᠤᠢ ᠵᠢᠨ ᠵᠠᠰᠠᠯᠲᠠ ᠵᠢᠨ ᠲᠥᠷᠥᠯ ᠵᠦᠢ᠍ᠯ᠎ᠢ ᠠᠵᠢᠯ ᠡᠬᠢᠯᠡᠭᠦᠯᠦᠨ ᠪᠦᠲᠦᠭᠡᠨ ᠪᠠᠢ᠌ᠭᠤᠯᠵᠤ᠂ ᠤᠯᠠᠭ᠋ᠠᠨᠪᠤᠬ᠎ᠠ ᠵᠢᠨ ᠡᠯᠡᠰᠦᠨ ᠴᠥᠯ᠎ᠤᠨ ᠲᠣᠮᠣ ᠬᠡᠯᠪᠡᠷᠢ ᠵᠢᠨ ᠰᠠᠯᠬᠢᠨ ᠬᠦᠴᠦᠨ᠎ᠤ ᠴᠠᠬᠢᠯᠭ᠋ᠠᠨ᠎ᠤ ᠬᠡᠷᠡᠯ ᠸᠣᠯᠲ᠎ᠤᠨ ᠰᠠᠭᠤᠷᠢᠨ ᠭᠠᠵᠠᠷ ᠤᠨ ᠲᠥᠷᠥᠯ ᠵᠦᠢ᠍ᠯ ᠢ ᠵᠢᠯ ᠤᠨ ᠳᠣᠲᠣᠷ᠎ᠠ ᠵᠥᠪᠰᠢᠶᠡᠷᠡᠭᠦᠯᠬᠦ ᠪᠠᠷ ᠢᠳᠡᠪᠬᠢᠲᠡᠢ ᠴᠢᠷᠮᠠᠢ᠌ᠨ᠎ᠠ᠃ (ᠲᠦᠷᠦᠭᠦᠯᠡᠨ ᠬᠢᠬᠦ ᠨᠢᠭᠡᠴᠡ᠄ ᠬᠣᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ)
15. ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠤᠨ ᠬᠥᠭᠵᠢᠯᠲᠡ ᠵᠢ ᠠᠬᠢᠭᠤᠯᠵᠤ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠢᠵᠢ ᠪᠦᠷᠢᠳᠦᠭᠦᠯᠦᠨ ᠪᠦᠲᠦᠭᠡᠨ ᠪᠠᠶ᠋ᠢᠭᠤᠯᠬᠤ ᠬᠣᠭᠣᠯᠠᠢ ᠵᠢᠨ ᠲᠣᠣᠷ ᠪᠠ ᠪᠠᠷᠢᠮᠵᠢᠶᠠᠲᠤ ᠦᠢ᠍ᠯᠡᠳᠪᠦᠷᠢ ᠵᠢᠨ ᠭᠡᠷ ᠪᠠᠢ᠌ᠰᠢᠩ᠎ᠢ ᠲᠡᠭᠦᠯᠳᠡᠷᠵᠢᠭᠦᠯᠦᠨ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠰᠠᠭᠤᠷᠢ ᠪᠡᠯᠡᠳᠬᠡᠮᠵᠢ ᠵᠢᠨ ᠳᠠᠭ᠋ᠠᠭ᠋ᠠᠬᠤ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠶᠤᠨᠲᠤ ᠬᠦᠷᠢᠶᠡᠯᠡᠩ ᠲᠣᠭᠣᠷᠢᠭ ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ᠎ᠡ᠃ 《ᠮᠦ᠍ ᠪᠦᠷᠢ᠎ᠳᠤ ᠪᠠᠭ᠋ᠠᠲᠤᠷ ᠵᠶ᠋ᠠᠷ ᠲᠣᠭ᠋ᠠᠴᠠᠬᠤ》 ᠪᠠ ᠴᠢᠨᠠᠷ ᠰᠠᠢ᠌ᠲᠠᠢ ᠬᠥᠭᠵᠢᠯᠲᠡ ᠵᠢᠨ ᠣᠨᠣᠯᠵᠢᠬᠤᠨ᠎ᠢ ᠪᠠᠷᠢᠮᠲᠠᠯᠠᠵᠤ᠂ ᠵᠢᠯ᠎ᠤᠨ ᠡᠴᠦᠰ ᠪᠣᠯᠬᠤ᠎ᠳᠤ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠮᠦ᠍ ᠪᠦᠷᠢ ᠵᠢᠨ ᠳᠤᠮᠳᠠᠴᠢ ᠪᠡᠯᠡ ᠣᠷᠣᠭᠤᠯᠤᠯᠲᠠ ᠵᠢ 147 ᠲᠦᠮᠡᠨ ᠲᠥᠭᠥᠷᠢᠭ ᠣᠷᠴᠢᠮ᠎ᠳᠤ ᠬᠦᠷᠦᠭᠦᠯᠵᠦ᠂ ᠮᠦ᠍ ᠪᠦᠷᠢ ᠵᠢᠨ ᠳᠤᠮᠳᠠᠴᠢ ᠦᠢ᠍ᠯᠡᠳᠬᠦᠨ ᠤ ᠥᠷᠲᠡᠭ ᠢ 94 ᠲᠦᠮᠡᠨ ᠲᠥᠭᠥᠷᠢᠭ ᠣᠷᠴᠢᠮ ᠳᠤ ᠬᠦᠷᠦᠭᠦᠯᠦᠨ᠎ᠡ᠃ (ᠲᠦᠷᠦᠭᠦᠯᠡᠨ ᠬᠢᠬᠦ ᠨᠢᠭᠡᠴᠡ᠄ ᠬᠣᠲᠠ ᠵᠢᠨ ᠠᠵᠤ ᠦᠢ᠍ᠯᠡᠳᠪᠦᠷᠢ ᠮᠡᠳᠡᠭᠡ ᠵᠠᠩᠭᠢᠵᠢᠯᠲᠠ ᠵᠢᠨ ᠲᠣᠪᠴᠢᠶ᠎ᠠ)
16᠂ ᠪᠡᠯᠡᠳᠭᠡᠮᠵᠢᠳᠤ ᠲᠠᠷᠢᠶᠠᠯᠠᠩ ᠮᠠᠯ ᠠᠵᠤ ᠠᠬᠤᠢ ᠵᠢᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠵᠦ᠂ ᠭᠣᠣᠯᠳᠠᠯᠭ᠎ᠠ᠎ᠲᠠᠢ ᠯᠢᠨ ᠾᠧ᠂ ᠬᠠᠩᠭ᠋ᠠᠨ ᠬᠣᠢ᠌ᠲᠤ ᠬᠣᠰᠢᠭᠤ᠂ ᠦᠶᠤᠸᠠᠨ᠂ ᠳ᠋ᠸᠩᠺᠸᠦ ᠵᠡᠷᠭᠡ ᠬᠣᠰᠢᠭᠤ ᠰᠢᠶᠠᠨ ᠲᠣᠭᠣᠷᠢᠭ᠎ᠲᠤ ᠪᠡᠯᠡᠳᠭᠡᠮᠵᠢᠳᠤ ᠲᠠᠷᠢᠶᠠᠯᠠᠩ᠎ᠤᠨ ᠲᠠᠯᠠᠪᠠᠶ ᠵᠢ ᠥᠷᠭᠡᠳᠬᠡᠨ᠂ ᠣᠲᠣ ᠵᠢᠨ ᠪᠠᠢ᠌ᠭ᠎ᠠ ᠪᠡᠯᠡᠳᠭᠡᠮᠵᠢᠳᠤ ᠲᠠᠷᠢᠶᠠᠯᠠᠩ᠎ᠤᠨ ᠬᠦᠷᠢᠶᠡᠯᠡᠩ ᠲᠣᠭᠣᠷᠢᠭ᠎ᠤᠨ ᠲᠠᠩᠰᠠ ᠡᠪᠬᠡᠮᠡᠯ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ ᠵᠢ ᠠᠬᠢᠭᠤᠯᠵᠤ᠂ 100 ᠪᠡᠯᠡᠳᠭᠡᠮᠵᠢᠳᠤ ᠲᠠᠷᠢᠶᠠᠯᠠᠩ ᠮᠠᠯ ᠠᠵᠤ ᠠᠬᠤᠢ ᠵᠢᠨ ᠬᠦᠷᠢᠶᠡᠯᠡᠩ ᠲᠣᠭᠣᠷᠢᠭ (ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠶ)᠎ᠤᠨ ᠪᠦᠲᠦᠭᠡᠨ ᠪᠠᠢ᠌ᠭᠤᠯᠤᠯᠲᠠ ᠵᠢᠨ ᠡᠭᠦᠷᠭᠡ ᠵᠢ ᠪᠡᠶᠡᠯᠡᠭᠦᠯᠵᠦ᠂ ᠪᠡᠯᠡᠳᠭᠡᠮᠵᠢᠳᠤ ᠲᠠᠷᠢᠶᠠᠯᠠᠩ᠎ᠤᠨ ᠲᠠᠯᠠᠪᠠᠶ ᠵᠢ 2 ᠲᠦᠮᠡᠨ ᠮᠦ᠍ ᠣᠷᠴᠢᠮ ᠰᠢᠨ᠎ᠡ᠎ᠪᠠᠷ ᠨᠡᠮᠡᠭᠳᠡᠭᠦᠯᠬᠦ᠎ᠪᠠᠷ ᠴᠢᠷᠮᠠᠢ᠌ᠨ᠎ᠠ᠃ ᠲᠡᠵᠢᠭᠡᠨ ᠦᠷᠡᠵᠢᠭᠦᠯᠬᠦ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ 10 ᠲᠦᠮᠡᠨ ᠲᠡᠭᠰᠢ ᠳᠥᠷᠪᠡᠯᠵᠢᠨ ᠮᠧᠲᠷ ᠣᠷᠴᠢᠮ᠎ᠤᠨ ᠪᠠᠷᠢᠮᠵᠢᠶᠠᠵᠢᠭᠤᠯᠤᠭᠰᠠᠨ ᠬᠠᠰᠢᠶ᠎ᠠ ᠬᠠᠰᠢᠶ᠎ᠠ ᠵᠢ ᠰᠢᠨ᠎ᠡ᠎ᠪᠠᠷ ᠪᠠᠢ᠌ᠭᠤᠯᠤᠨ ᠥᠭᠡᠷᠡᠴᠢᠯᠡᠵᠦ᠂ 4 ᠠᠯᠠᠰᠢᠨ ᠦᠬᠡᠷ᠎ᠤᠨ ᠪᠠᠷᠢᠮᠵᠢᠶᠠᠵᠢᠭᠤᠯᠤᠭᠰᠠᠨ ᠵᠢᠱ᠌ᠢᠶ᠎ᠡ ᠦᠵᠡᠭᠦᠯᠬᠦ ᠲᠠᠯᠠᠪᠠᠶ᠂ 85 ᠠᠯᠠᠰᠢᠨ ᠬᠣᠨᠢᠨ᠎ᠤ ᠪᠠᠷᠢᠮᠵᠢᠶᠠᠵᠢᠭᠤᠯᠤᠭᠰᠠᠨ ᠵᠢᠱ᠌ᠢᠶ᠎ᠡ ᠦᠵᠡᠭᠦᠯᠬᠦ ᠲᠠᠯᠠᠪᠠᠶ ᠵᠢ ᠡᠭᠦᠳᠦᠨ ᠪᠠᠢ᠌ᠭᠤᠯᠵᠤ᠂ ᠦᠬᠡᠷ ᠬᠣᠨᠢᠨ᠎ᠤ ᠮᠢᠬᠠᠨ᠎ᠤ ᠭᠠᠷᠤᠯᠲᠠ ᠵᠢ ᠲᠣᠰ ᠲᠣᠰ 1.8 ᠲᠦᠮᠡᠨ ᠲᠣᠨ᠂ 27.2 ᠲᠦᠮᠡᠨ ᠲᠣᠨ ᠳᠤ ᠬᠦᠷᠦᠭᠦᠯᠬᠦ ᠵᠢ ᠲᠦᠯᠬᠢᠨ ᠠᠬᠢᠭᠤᠯᠤᠨ᠎ᠠ᠃ (ᠲᠦᠷᠦᠭᠦᠯᠡᠨ ᠬᠢᠬᠦ ᠨᠢᠭᠡᠴᠡ᠄ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ)
17. ᠪᠠᠶᠠᠨᠨᠠᠭᠤᠷ᠎ᠤᠨ ᠤᠯᠤᠰ᠎ᠤᠨ ᠲᠠᠷᠢᠶᠠᠯᠠᠩ᠎ᠤᠨ ᠳᠡᠭᠡᠳᠦ ᠵᠡᠷᠭᠡ ᠵᠢᠨ ᠣᠷᠣᠨ᠎ᠤ ᠴᠢᠨᠠᠷ ᠰᠠᠢ᠌ᠲᠠᠢ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠤᠨ᠎ᠠ᠃ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ᠂ ᠰᠢᠨᠵᠢᠯᠡᠬᠦ ᠤᠬᠠᠭ᠋ᠠᠨ ᠮᠡᠷᠭᠡᠵᠢᠯ ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠢ᠌ᠯᠠᠯ ᠢ 《ᠬᠣᠶᠠᠷ ᠲᠠᠬᠢᠨ ᠵᠶ᠋ᠠᠷ ᠨᠡᠮᠡᠭᠳᠡᠭᠦᠯᠬᠦ》 ᠠᠵᠢᠯᠯᠠᠭ᠎ᠠ ᠵᠢ ᠬᠡᠷᠡᠭᠵᠢᠭᠦᠯᠵᠦ᠂ ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠳᠦᠷᠢᠮ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠵᠤ ᠠᠬᠤᠢ᠌ᠯᠠᠯ ᠤᠨ ᠰᠢᠨᠵᠢᠯᠡᠬᠦ ᠤᠬᠠᠭ᠋ᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯ ᠤᠨ ᠦᠷᠳᠡᠭᠡ ᠵᠢ ᠪᠣᠢ᠌ᠵᠢᠭᠤᠯᠤᠨ ᠪᠦᠲᠦᠭᠡᠨ ᠪᠠᠶ᠋ᠢᠭᠤᠯᠬᠤ ᠡᠷᠴᠢᠮ ᠢ ᠴᠢᠩᠭ᠋ᠠᠷᠠᠭᠤᠯᠤᠨ᠎ᠠ᠃ (ᠲᠦᠷᠦᠭᠦᠯᠡᠨ ᠬᠢᠬᠦ ᠨᠢᠭᠡᠴᠡ᠄ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ)
18. 《ᠬᠣᠶᠠᠷ ᠰᠠᠭᠤᠷᠢᠨ ᠭᠠᠵᠠᠷ᠂ ᠳᠥᠷᠪᠡᠨ ᠪᠦᠯᠦᠭᠯᠡᠯ》᠎ᠤᠨ ᠬᠥᠭᠵᠢᠯᠲᠡ ᠵᠢᠨ ᠪᠠᠢ᠌ᠷᠢ ᠲᠣᠭᠲᠠᠭ᠋ᠠᠯᠲᠠ ᠵᠢᠴᠢ 12 ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢᠨ ᠲᠣᠭᠣᠷᠢᠨ᠎ᠳᠤ᠂ ᠦᠵᠡᠰᠬᠦᠯᠡᠩ᠎ᠤᠨ ᠴᠤᠭᠯᠠᠭ᠋ᠠᠨ᠂ ᠲᠣᠷᠭ᠋ᠠᠨ ᠨᠡᠬᠡᠮᠡᠯ᠎ᠤᠨ ᠴᠤᠭᠯᠠᠭ᠋ᠠᠨ᠂ ᠳᠤᠮᠳᠠᠳᠤ ᠮᠣᠩᠭᠣᠯ᠎ᠤᠨ ᠦᠵᠡᠰᠬᠦᠯᠡᠩ᠎ᠤᠨ ᠴᠤᠭᠯᠠᠭ᠋ᠠᠨ ᠵᠡᠷᠭᠡ ᠠᠵᠤ ᠠᠬᠤᠢ ᠠᠷᠠᠯᠵᠢᠶᠠᠨ᠎ᠤ ᠠᠵᠢᠯᠯᠠᠭ᠎ᠠ ᠵᠢᠨ ᠲᠠᠪᠴᠠᠩ᠎ᠢ ᠠᠰᠢᠭᠯᠠᠨ᠂ ᠳᠠᠪᠠᠭᠤᠯᠢᠭ ᠣᠨᠴᠠᠯᠢᠭᠲᠤ ᠠᠵᠤ ᠦᠢ᠍ᠯᠡᠰ᠂ ᠲᠠᠷᠢᠶᠠᠯᠠᠩ᠎ᠤᠨ ᠥᠨᠳᠥᠷ ᠲᠦᠪᠰᠢᠨ᠎ᠤ ᠣᠷᠣᠨ᠎ᠤ ᠪᠦᠲᠦᠭᠡᠨ ᠪᠠᠢ᠌ᠭᠤᠯᠤᠯᠲᠠ ᠵᠡᠷᠭᠡ ᠠᠭᠤᠯᠭ᠎ᠠ ᠵᠢᠨ ᠲᠣᠭᠣᠷᠢᠨ᠎ᠳᠤ ᠪᠦᠧᠧᠬᠠᠢ ᠲᠠᠩᠭᠢᠰ ᠳᠠᠭ᠋ᠠᠤ᠂ ᠬᠥᠬᠡᠮᠥ᠋ᠷᠡᠨ᠎ᠤ ᠭᠤᠷᠪᠠᠯᠵᠢᠨ ᠬᠣᠢ᠌ᠭ᠂ ᠵᠦᠵᠢᠶᠠᠩ ᠮᠥᠷᠡᠨ᠎ᠤ ᠭᠤᠷᠪᠠᠯᠵᠢᠨ ᠬᠣᠢ᠌ᠭ ᠵᠡᠷᠭᠡ ᠣᠷᠣᠨ ᠪᠦᠰᠡ᠎ᠳᠤ ᠲᠤᠰᠬᠠᠢ ᠲᠠᠯᠠᠪᠤᠷ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠤᠨ ᠲᠠᠨᠢᠯᠴᠠᠭᠤᠯᠬᠤ ᠭᠡᠷ᠎ᠡ ᠲᠣᠭᠲᠠᠬᠤ ᠬᠤᠷᠠᠯ ᠡᠷᠭᠢᠯᠡᠪᠡ᠃ ᠢᠳᠡᠪᠬᠢᠲᠡᠢ᠎ᠪᠠᠷ 《ᠤᠷᠢᠵᠤ ᠠᠪᠴᠢᠷᠠᠨ》᠂ 《ᠲᠠᠷᠢᠶᠠᠯᠠᠩ᠎ᠤᠨ ᠪᠦᠲᠦᠭᠡᠭᠳᠡᠬᠦᠨ᠎ᠤ ᠵᠠᠭᠤᠨ ᠬᠥᠲᠥᠴᠢ ᠠᠵᠤ ᠠᠬᠤᠢ᠌ᠯᠠᠯ᠎ᠢ ᠪᠠᠶᠠᠨᠨᠠᠭᠤᠷ᠎ᠲᠤ ᠣᠴᠢᠭᠤᠯᠬᠤ》 《ᠵᠧᠵᠢᠶᠠᠩ᠎ᠤᠨ ᠬᠤᠳᠠᠯᠳᠤᠭ᠋ᠠᠴᠢᠨ ᠪᠠᠶᠠᠨᠨᠠᠭᠤᠷ᠎ᠲᠤ ᠣᠴᠢᠭᠤᠯᠬᠤ》 《ᠭᠤᠷᠪᠠᠨ ᠬᠣᠨᠢ》 ᠵᠢᠨ ᠠᠵᠤ ᠦᠢ᠍ᠯᠡᠰ᠎ᠤᠨ ᠶᠡᠬᠡ ᠬᠤᠷᠠᠯ ᠵᠡᠷᠭᠡ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠵᠢ ᠪᠡᠯᠡᠳᠬᠡᠨ ᠡᠷᠭᠢᠯᠡᠵᠦ᠂ ᠠᠵᠤ ᠦᠢ᠍ᠯᠡᠰ᠎ᠤᠨ ᠬᠡᠯᠬᠢᠶ᠎ᠡ ᠵᠢᠨ ᠲᠣᠯᠣᠭ᠋ᠠᠢ ᠵᠢᠨ ᠬᠡᠰᠡᠭ᠎ᠤᠨ ᠠᠵᠤ ᠠᠬᠤᠢ᠌ᠯᠠᠯ᠎ᠢ ᠤᠷᠢᠵᠤ ᠮᠠᠨ᠎ᠤ ᠬᠣᠲᠠ᠎ᠳᠤ ᠢᠷᠡᠵᠦ ᠰᠢᠨᠵᠢᠯᠡᠨ ᠪᠠᠢ᠌ᠴᠠᠭ᠋ᠠᠵᠤ ᠵᠥᠪᠳᠡᠯᠴᠡᠪᠡ᠃ ᠨᠠᠷᠢᠯᠢᠭ ᠣᠨᠣᠴᠠᠲᠠᠢ᠎ᠪᠠᠷ ᠬᠤᠳᠠᠯᠳᠤᠭ᠋ᠠᠴᠢᠨ ᠤᠷᠢᠬᠤ᠂ ᠨᠡᠢ᠌ᠭᠡᠮᠴᠢᠯᠡᠭᠰᠡᠨ ᠬᠤᠳᠠᠯᠳᠤᠭ᠋ᠠᠴᠢᠨ ᠤᠷᠢᠬᠤ᠂ ᠠᠵᠤ ᠦᠢ᠍ᠯᠡᠰ ᠵᠶ᠋ᠡᠷ ᠬᠤᠳᠠᠯᠳᠤᠭ᠋ᠠᠴᠢᠨ ᠤᠷᠢᠬᠤ ᠵᠢ ᠥᠷᠨᠢᠭᠦᠯᠵᠦ᠂ ᠰᠠᠭᠤᠷᠢ ᠮᠥᠩᠭᠥ᠎ᠪᠠᠷ ᠬᠤᠳᠠᠯᠳᠤᠭ᠋ᠠᠴᠢᠨ ᠤᠷᠢᠬᠤ᠂ ᠬᠥᠷᠥᠩᠭᠡ᠎ᠪᠠᠷ ᠬᠤᠳᠠᠯᠳᠤᠭ᠋ᠠᠴᠢᠨ ᠤᠷᠢᠬᠤ ᠰᠢᠨ᠎ᠡ ᠵᠠᠭᠪᠤᠷ᠎ᠢ ᠬᠠᠢ᠌ᠨ ᠰᠦᠪᠡᠭᠴᠢᠯᠡᠵᠦ᠂ ᠪᠦᠬᠦ ᠵᠢᠯ᠎ᠳᠤ ᠤᠯᠤᠰ᠎ᠤᠨ ᠳᠣᠲᠣᠭ᠋ᠠᠳᠤ ᠵᠢᠨ ᠪᠣᠳᠠᠲᠠᠢ᠌ᠵᠢᠭᠤᠯᠤᠭᠰᠠᠨ ᠪᠡᠯᠡ ᠮᠥᠩᠭᠥ ᠵᠢ 15%᠎ᠪᠠᠷ ᠣᠷᠣᠭᠤᠯᠤᠨ ᠠᠪᠴᠢᠷᠠᠵᠤ᠂ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠰᠢᠭᠤᠳ ᠪᠡᠯᠡ ᠣᠷᠣᠭᠤᠯᠤᠯᠲᠠ ᠵᠢ 100%᠎ᠪᠠᠷ ᠨᠡᠮᠡᠭᠳᠡᠭᠦᠯᠦᠨ᠎ᠡ᠃ (ᠲᠦᠷᠦᠭᠦᠯᠡᠬᠦ ᠨᠢᠭᠡᠴᠡ᠄ ᠬᠣᠲᠠ ᠵᠢᠨ ᠪᠡᠯᠡ ᠣᠷᠣᠭᠤᠯᠤᠯᠲᠠ ᠵᠢ ᠠᠬᠢᠭᠤᠯᠬᠤ ᠲᠥᠪ᠂ ᠬᠠᠮᠵᠢᠯᠴᠠᠬᠤ ᠨᠢᠭᠡᠴᠡ᠄ ᠬᠣᠲᠠ ᠵᠢᠨ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ᠂ ᠠᠵᠤ ᠦᠢ᠍ᠯᠡᠳᠪᠦᠷᠢ ᠮᠡᠳᠡᠭᠡ ᠵᠠᠩᠭᠢᠵᠢᠯᠲᠠ ᠵᠢᠨ ᠲᠣᠪᠴᠢᠶ᠎ᠠ᠂ ᠮᠥᠩᠭᠥᠨ ᠭᠦᠢ᠍ᠯᠭᠡᠭᠡᠨ᠎ᠤ ᠠᠯᠪᠠᠨ ᠭᠡᠷ)
19. ᠭᠠᠭᠴᠠ ᠮᠣᠳᠣ ᠪᠣᠭᠣᠮᠲᠠ ᠵᠢᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ ᠭᠠᠭᠴᠠ ᠮᠣᠳᠣ ᠪᠣᠭᠣᠮᠲᠠ ᠵᠢᠨ ᠳᠤᠮᠳᠠᠳᠤ ᠮᠣᠩᠭᠣᠯ᠎ᠤᠨ ᠬᠢᠯᠢ ᠠᠯᠤᠰᠯᠠᠭᠰᠠᠨ AGV ᠵᠢᠯᠣᠭᠣᠴᠢ ᠦᠭᠡᠢ ᠣᠯᠠᠨ ᠨᠡᠶ᠋ᠢᠲᠡ ᠵᠢᠨ ᠲᠡᠭᠡᠭᠡᠪᠦᠷᠢ ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ᠎ᠡ᠃ (ᠲᠦᠷᠦᠭᠦᠯᠡᠨ ᠬᠢᠬᠦ ᠨᠢᠭᠡᠴᠡ᠄ ᠬᠣᠲᠠ ᠵᠢᠨ ᠭᠠᠳᠠᠭ᠋ᠠᠳᠤ ᠶᠠᠪᠤᠳᠠᠯ᠎ᠤᠨ ᠪᠣᠭᠣᠮᠲᠠ ᠵᠢᠨ ᠠᠯᠪᠠᠨ ᠭᠡᠷ)
20. ᠬᠠᠲᠠᠭᠤ ᠴᠢᠨᠠᠷᠲᠠᠢ ᠪᠤᠭᠤᠳᠠᠢ᠂ ᠠᠯᠠᠰᠢᠨ ᠬᠣᠨᠢ᠂ ᠨᠡᠷᠡᠨ ᠬᠤᠸᠠᠷ ᠵᠡᠷᠭᠡ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠪᠦᠲᠦᠭᠡᠨ ᠪᠠᠢ᠌ᠭᠤᠯᠤᠯᠲᠠ ᠵᠢ ᠪᠥᠬᠥ ᠬᠦᠴᠦᠨ ᠵᠶ᠋ᠡᠷ ᠵᠶ᠋ᠡᠨ ᠠᠬᠢᠭᠤᠯᠵᠤ᠂ ᠡᠯ᠎ᠡ ᠲᠥᠷᠥᠯ᠎ᠤᠨ ᠴᠢᠨᠠᠷ ᠰᠠᠢ᠌ᠲᠠᠢ ᠰᠢᠨ᠎ᠡ ᠵᠢ ᠡᠭᠦᠳᠬᠦ ᠬᠦᠴᠦᠨ ᠵᠦᠢ᠍ᠯ᠎ᠤᠨ ᠴᠤᠭᠯᠠᠷᠠᠯ᠎ᠢ ᠠᠬᠢᠭᠤᠯᠤᠨ᠎ᠠ᠃ ᠨᠢᠭᠡ ᠪᠦᠯᠦᠭ ᠥᠨᠳᠥᠷ ᠬᠢᠷᠢ ᠬᠡᠮᠵᠢᠶ᠎ᠡ᠎ᠲᠠᠢ ᠰᠢᠨ᠎ᠡ ᠬᠡᠯᠪᠡᠷᠢ ᠵᠢᠨ ᠰᠤᠳᠤᠯᠤᠨ ᠨᠡᠭᠡᠭᠡᠬᠦ ᠪᠠᠢ᠌ᠭᠤᠯᠤᠮᠵᠢ ᠵᠢ ᠪᠠᠢ᠌ᠭᠤᠯᠤᠨ᠎ᠠ᠃ ᠬᠣᠲᠠ ᠵᠢᠨ ᠳᠣᠲᠣᠷᠠᠬᠢ ᠬᠥᠲᠥᠴᠢ ᠠᠵᠤ ᠠᠬᠤᠢ᠌ᠯᠠᠯ᠎ᠤᠨ ᠣᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠳᠣᠲᠣᠭ᠋ᠠᠳᠤ ᠵᠢᠨ ᠳᠠᠪᠠᠭᠤᠯᠢᠭ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠦᠯᠬᠦᠮ ᠨᠡᠶ᠋ᠢᠲᠡ ᠵᠢ ᠳᠠᠭ᠋ᠠᠭᠤᠯᠤᠨ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠪᠠᠢ᠌ᠭᠤᠯᠬᠤ ᠵᠢ ᠳᠡᠮᠵᠢᠨ᠎ᠡ᠃ (ᠲᠦᠷᠦᠭᠦᠯᠡᠨ ᠬᠢᠬᠦ ᠨᠢᠭᠡᠴᠡ᠄ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ)
ᠭᠤᠷᠪᠠ᠂ ᠠᠵᠤ ᠦᠢ᠍ᠯᠡᠰ᠎ᠤᠨ ᠬᠡᠯᠬᠢᠶ᠎ᠡ ᠵᠢᠨ ᠬᠠᠩᠭ᠋ᠠᠯᠭ᠎ᠠ ᠵᠢᠨ ᠬᠡᠯᠬᠢᠶ᠎ᠡ ᠵᠢᠨ ᠠᠮᠤᠷ ᠲᠦᠪᠰᠢᠨ ᠲᠣᠭᠲᠠᠭᠤᠨ ᠪᠠᠢ᠌ᠬᠤ ᠵᠢ ᠪᠦᠬᠦ ᠬᠦᠴᠦᠨ ᠵᠶ᠋ᠠᠷ ᠵᠶ᠋ᠠᠨ ᠪᠠᠲᠤᠯᠠᠬᠤ ᠬᠡᠷᠡᠭᠲᠡᠢ
21. ᠴᠠᠬᠢᠯᠭ᠋ᠠᠨ ᠬᠦᠴᠦᠨ᠎ᠤ ᠬᠠᠩᠭ᠋ᠠᠯᠭ᠎ᠠ ᠵᠢᠨ ᠴᠢᠳᠠᠪᠤᠷᠢ ᠵᠢ ᠴᠢᠩᠭ᠋ᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠲᠠᠢ ᠢᠳᠡᠪᠬᠢᠲᠡᠢ ᠬᠠᠮᠵᠢᠯᠴᠠᠨ ᠤᠯᠠᠭ᠋ᠠᠨᠪᠤᠬ᠎ᠠ ᠡᠯᠡᠰᠦᠨ ᠴᠥᠯ᠎ᠤᠨ ᠲᠣᠮᠣ ᠬᠡᠯᠪᠡᠷᠢ ᠵᠢᠨ ᠰᠠᠯᠬᠢᠨ ᠬᠦᠴᠦᠨ᠎ᠤ ᠴᠠᠬᠢᠯᠭ᠋ᠠᠨ ᠬᠡᠷᠡᠯ ᠸᠣᠯᠲ᠎ᠤᠨ ᠰᠠᠭᠤᠷᠢᠨ ᠭᠠᠵᠠᠷ᠎ᠤᠨ ᠢᠵᠢ ᠪᠦᠷᠢᠳᠦᠭᠦᠯᠦᠨ ᠭᠠᠳᠠᠭᠰᠢ ᠬᠦᠷᠭᠡᠬᠦ ᠨᠡᠪᠲᠡᠷᠡᠯ ᠵᠠᠮ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠤᠨ᠎ᠠ᠃ (ᠲᠦᠷᠦᠭᠦᠯᠡᠨ ᠬᠢᠬᠦ ᠨᠢᠭᠡᠴᠡ᠄ ᠬᠣᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ)
22. ᠴᠢᠬᠤᠯᠠ ᠠᠭᠤᠷᠬᠠᠢ ᠵᠢᠨ ᠭᠠᠷᠤᠯᠲᠠ ᠵᠢ ᠬᠠᠢ᠌ᠨ ᠪᠠᠢ᠌ᠴᠠᠭ᠋ᠠᠵᠤ ᠨᠡᠭᠡᠭᠡᠨ ᠬᠥᠭᠵᠢᠭᠦᠯᠬᠦ ᠵᠢ ᠴᠢᠩᠭ᠋ᠠᠳᠬᠠᠵᠤ᠂ ᠪᠥᠬᠥ ᠬᠣᠲᠠ ᠵᠢᠨ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ ᠢ ᠪᠠᠲᠤᠯᠠᠬᠤ ᠬᠦᠴᠦᠯᠡᠴᠡ ᠵᠢ ᠳᠡᠭᠡᠭᠰᠢᠯᠡᠭᠦᠯᠦᠨ᠎ᠡ᠃ ᠴᠢᠯᠠᠭᠤᠨ ᠲᠣᠰᠣ᠂ ᠭᠠᠵᠠᠷ ᠤᠨ ᠢᠯᠴᠢ᠂ ᠲᠡᠮᠦᠷ᠂ ᠵᠡᠰ ᠂ ᠨᠢᠺᠸᠯ᠂ ᠠᠯᠳᠠ᠂ ᠬᠠᠷ᠎ᠠ ᠲᠤᠭᠤᠯᠭ᠎ᠠ᠂ ᠴᠠᠢ᠌ᠷ᠂ ᠪᠠᠯ ᠴᠢᠯᠠᠭᠤ ᠵᠡᠷᠭᠡ ᠠᠭᠤᠷᠬᠠᠢ ᠵᠢᠨ ᠭᠠᠷᠤᠯᠲᠠ ᠵᠢ ᠬᠠᠢ᠌ᠨ ᠪᠠᠢ᠌ᠴᠠᠭ᠋ᠠᠵᠤ ᠨᠡᠭᠡᠭᠡᠨ ᠠᠰᠢᠭᠯᠠᠬᠤ ᠵᠢ ᠭᠣᠣᠯᠳᠠᠯᠭ᠎ᠠ᠎ᠲᠠᠢ ᠪᠠᠷ ᠲᠦᠯᠬᠢᠨ ᠠᠬᠢᠭᠤᠯᠵᠤ᠂ ᠬᠠᠷ᠎ᠠ ᠲᠤᠭᠤᠯᠭ᠎ᠠ᠂ ᠴᠠᠢ᠌ᠷ ᠵᠡᠷᠭᠡ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ ᠤᠨ ᠳᠠᠪᠠᠭᠤᠯᠢᠭ ᠢ ᠪᠠᠲᠤᠯᠠᠨ᠎ᠠ᠃ (ᠲᠦᠷᠦᠭᠦᠯᠡᠨ ᠬᠢᠬᠦ ᠨᠢᠭᠡᠴᠡ᠄ ᠬᠣᠲᠠ ᠵᠢᠨ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ)
23. ᠴᠢᠨᠠᠷ ᠰᠠᠢ᠌ᠲᠠᠢ ᠠᠮᠤ ᠪᠤᠳᠠᠭ᠋ᠠᠨ᠎ᠤ ᠢᠨᠵᠧᠨᠧᠷᠢᠩ᠎ᠤᠨ 《ᠵᠢᠷᠭᠤᠭ᠋ᠠᠨ ᠶᠡᠬᠡ ᠳᠡᠭᠡᠭᠰᠢᠯᠡᠭᠦᠯᠬᠦ ᠠᠵᠢᠯᠯᠠᠭ᠎ᠠ》 ᠵᠢ ᠦᠷᠭᠦᠯᠵᠢᠯᠡᠨ ᠰᠠᠢ᠌ᠲᠤᠷ ᠬᠢᠵᠦ᠂ ᠴᠢᠨᠠᠷ ᠰᠠᠢ᠌ᠲᠠᠢ ᠠᠮᠤ ᠪᠤᠳᠠᠭ᠋ᠠᠨ᠎ᠤ ᠢᠨᠵᠧᠨᠧᠷᠢᠩ᠎ᠤᠨ 《ᠠᠮᠤ ᠪᠤᠳᠠᠭ᠋ᠠᠨ᠎ᠤ ᠪᠣᠬᠢᠷᠲᠤᠯ ᠦᠭᠡᠢ ᠬᠥᠮᠥᠷᠭᠡᠯᠡᠨ ᠬᠠᠳᠠᠭ᠋ᠠᠯᠠᠬᠤ ᠵᠢ ᠳᠡᠭᠡᠭᠰᠢᠯᠡᠭᠦᠯᠬᠦ ᠠᠵᠢᠯᠯᠠᠭ᠎ᠠ》 ᠵᠢ ᠭᠣᠣᠯᠳᠠᠯᠭ᠎ᠠ᠎ᠲᠠᠢ ᠳᠡᠮᠵᠢᠵᠦ᠂ 《ᠠᠮᠤ ᠪᠤᠳᠠᠭ᠋ᠠᠨ᠎ᠤ ᠪᠠᠴᠢᠮ ᠪᠠᠢ᠌ᠳᠠᠯ᠎ᠢ ᠠᠷᠭ᠋ᠠᠴᠠᠬᠤ ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠠᠵᠢᠯᠯᠠᠭ᠎ᠠ》᠂ 《ᠠᠮᠤ ᠪᠤᠳᠠᠭ᠋ᠠᠨ᠎ᠤ ᠠᠮᠤ ᠪᠤᠳᠠᠭ᠋ᠠᠨ᠎ᠤ ᠭᠠᠮᠨᠠᠵᠤ ᠬᠣᠬᠢᠷᠠᠯ᠎ᠢ ᠪᠠᠭ᠋ᠠᠰᠬᠠᠬᠤ ᠡᠷᠡᠭᠦᠯ ᠬᠡᠷᠡᠭᠯᠡᠭᠡ ᠵᠢ ᠳᠡᠭᠡᠭᠰᠢᠯᠡᠭᠦᠯᠬᠦ ᠠᠵᠢᠯᠯᠠᠭ᠎ᠠ》᠂ 《ᠠᠮᠤ ᠪᠤᠳᠠᠭ᠋ᠠᠨ᠎ᠤ ᠮᠠᠰᠢᠨ ᠲᠣᠨᠣᠭᠯᠠᠯ᠎ᠢ ᠳᠡᠭᠡᠭᠰᠢᠯᠡᠭᠦᠯᠬᠦ ᠠᠵᠢᠯᠯᠠᠭ᠎ᠠ》 ᠵᠢᠨ ᠲᠥᠷᠥᠯ ᠵᠦᠢ᠍ᠯ᠎ᠤᠨ ᠰᠢᠯᠢᠳᠡᠭ᠎ᠢ ᠰᠣᠩᠭᠣᠨ ᠬᠡᠷᠡᠭᠵᠢᠭᠦᠯᠦᠨ᠎ᠡ᠃ ᠠᠮᠤ ᠪᠤᠳᠠᠭ᠋ᠠᠨ᠎ᠤ ᠪᠠᠴᠢᠮ ᠪᠠᠢ᠌ᠳᠠᠯ᠎ᠢ ᠠᠷᠭ᠋ᠠᠴᠠᠬᠤ ᠪᠠ ᠬᠠᠩᠭ᠋ᠠᠯᠭ᠎ᠠ ᠵᠢ ᠪᠠᠲᠤᠯᠠᠨ ᠦᠨ᠎ᠡ ᠬᠠᠩᠰᠢ ᠵᠢ ᠲᠣᠭᠲᠠᠪᠤᠷᠢᠵᠢᠭᠤᠯᠬᠤ ᠠᠵᠢᠯ᠎ᠢ ᠰᠠᠢ᠌ᠲᠤᠷ ᠬᠢᠵᠦ᠂ ᠪᠠᠶᠠᠨᠨᠠᠭᠤᠷ᠎ᠤᠨ ᠠᠮᠤ ᠪᠤᠳᠠᠭ᠋ᠠᠨ᠎ᠤ ᠨᠠᠷᠠᠲᠤ ᠲᠥᠷᠥᠯ ᠲᠡᠮᠳᠡᠭᠲᠦ ᠵᠢ ᠪᠣᠶ ᠪᠣᠯᠭ᠋ᠠᠵᠤ᠂ ᠪᠠᠶᠠᠨᠨᠠᠭᠤᠷ᠎ᠤᠨ ᠠᠮᠤ ᠪᠤᠳᠠᠭ᠋ᠠᠨ᠎ᠤ ᠠᠯᠳᠠᠷᠰᠢᠯ ᠪᠠ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠦᠨ᠎ᠡ᠃ (ᠲᠦᠷᠦᠭᠦᠯᠡᠨ ᠬᠢᠬᠦ ᠨᠢᠭᠡᠴᠡ᠄ ᠬᠣᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ)
24. ᠵᠠᠩᠭᠢᠯᠠᠭ᠎ᠠ ᠵᠢᠨ ᠮᠡᠷᠭᠡᠵᠢᠯ᠎ᠤᠨ ᠪᠣᠭᠣᠮᠲᠠ ᠰᠢᠪᠲᠤᠯᠬᠤ ᠵᠢ ᠦᠷᠭᠦᠯᠵᠢᠯᠡᠨ ᠥᠷᠨᠢᠭᠦᠯᠵᠦ᠂ 《ᠵᠠᠷᠯᠠᠨ ᠮᠠᠩᠯᠠᠢ᠌ᠯᠠᠭᠤᠯᠬᠤ》 《ᠬᠠᠨᠳᠤᠯᠭ᠎ᠠ᠎ᠲᠠᠢ᠎ᠪᠠᠷ ᠨᠠᠢ᠌ᠳᠠᠬᠤ》 ᠵᠡᠷᠭᠡ ᠬᠡᠯᠪᠡᠷᠢ ᠵᠢ ᠠᠪᠴᠤ᠂ ᠭᠣᠣᠯᠳᠠᠯᠭ᠎ᠠ᠎ᠲᠠᠢ᠎ᠪᠠᠷ ᠦᠷ᠎ᠡ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ᠂ ᠲᠠᠷᠢᠶᠠᠨ ᠭᠠᠵᠠᠷ᠎ᠤᠨ ᠰᠢᠮ᠎ᠡ ᠵᠢ ᠳᠡᠭᠡᠭᠰᠢᠯᠡᠭᠦᠯᠬᠦ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠨᠠᠷᠢᠯᠢᠭ ᠭᠦᠨᠵᠡᠭᠡᠢ ᠡᠳ᠋ᠰᠢᠭᠦᠯᠬᠦ᠂ ᠤᠰᠤᠨ᠎ᠤ ᠡᠬᠢ ᠪᠠᠶᠠᠯᠢᠭ᠎ᠢ ᠠᠷᠪᠢᠯᠠᠨ ᠠᠰᠢᠭᠯᠠᠬᠤ᠂ ᠠᠮᠢ ᠠᠬᠤᠢ ᠵᠢᠨ ᠣᠷᠴᠢᠨ ᠲᠣᠭᠣᠷᠢᠨ᠎ᠢ ᠶᠡᠷᠦᠩᠬᠡᠢ᠌ᠯᠡᠨ ᠵᠠᠰᠠᠬᠤ ᠵᠡᠷᠭᠡ ᠲᠠᠯ᠎ᠠ᠎ᠪᠠᠷ ᠵᠠᠩᠭᠢᠯᠠᠭ᠎ᠠ ᠵᠢᠨ ᠮᠡᠷᠭᠡᠵᠢᠯ᠎ᠤᠨ ᠪᠣᠭᠣᠮᠲᠠ ᠰᠢᠪᠲᠤᠯᠬᠤ ᠵᠢ ᠥᠷᠨᠢᠭᠦᠯᠵᠦ᠂ ᠰᠢᠪᠲᠤᠯᠤᠯᠲᠠ ᠵᠢᠨ ᠴᠢᠨᠠᠷᠲᠠᠢ ᠦᠷ᠎ᠡ ᠪᠦᠲᠦᠭᠡᠯ ᠣᠯᠬᠤ ᠬᠡᠷᠡᠭᠲᠡᠢ᠃ (ᠲᠦᠷᠦᠭᠦᠯᠡᠨ ᠬᠢᠬᠦ ᠨᠢᠭᠡᠴᠡ᠄ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ)
25. ᠣᠯᠠᠨ ᠬᠡᠯᠪᠡᠷᠢ ᠵᠢᠨ ᠬᠠᠮᠲᠤᠷᠠᠭᠰᠠᠨ ᠲᠡᠭᠡᠭᠡᠪᠦᠷᠢ ᠵᠢᠨ 《ᠨᠢᠭᠡ ᠬᠠᠭᠤᠳᠠᠰᠤ ᠵᠢᠨ ᠳᠦᠷᠢᠮ》᠎ᠢ ᠳᠡᠯᠭᠡᠷᠡᠭᠦᠯᠦᠨ᠎ᠡ᠃ 2023 ᠣᠨ᠎ᠳᠤ ᠢ ᠪᠥᠭᠡᠮ ᠺᠣᠮᠫᠠᠨᠢ ᠵᠢᠨ ᠬᠢᠵᠠᠭ᠋ᠠᠷᠲᠤ ᠺᠣᠮᠫᠠᠨᠢ ᠪᠠ ᠵᠢᠶᠠ ᠶᠢᠤ ᠬᠢᠵᠠᠭ᠋ᠠᠷᠲᠤ ᠺᠣᠮᠫᠠᠨᠢ ᠵᠢᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠣᠯᠠᠨ ᠬᠡᠯᠪᠡᠷᠢ ᠵᠢᠨ ᠬᠠᠮᠲᠤᠷᠠᠭᠰᠠᠨ ᠲᠡᠭᠡᠭᠡᠪᠦᠷᠢ ᠵᠢᠨ 《ᠨᠢᠭᠡ ᠯᠡ ᠬᠠᠭᠤᠳᠠᠰᠤ ᠵᠢᠨ ᠳᠦᠷᠢᠮᠲᠦ》 ᠵᠢᠱ᠌ᠢᠶ᠎ᠡ ᠦᠵᠡᠭᠦᠯᠬᠦ ᠠᠵᠤ ᠠᠬᠤᠢ᠌ᠯᠠᠯ᠎ᠳᠤ ᠭᠤᠶᠤᠴᠢᠯᠠᠨ ᠮᠡᠳᠡᠭᠦᠯᠬᠦ ᠵᠢ ᠭᠣᠣᠯᠳᠠᠯᠭ᠎ᠠ᠎ᠲᠠᠢ ᠠᠬᠢᠭᠤᠯᠤᠨ᠎ᠠ᠃ (ᠲᠦᠷᠦᠭᠦᠯᠡᠨ ᠬᠢᠬᠦ ᠨᠢᠭᠡᠴᠡ᠄ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ)
26. ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶᠡᠨ᠎ᠤ 《1+N》 ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠰᠢᠰᠲ᠋ᠧᠮᠵᠢ ᠵᠢ ᠪᠠᠢ᠌ᠭᠤᠯᠵᠤ᠂ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶᠡᠨ᠎ᠤ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡ ᠵᠢ ᠥᠷᠨᠢᠭᠦᠯᠵᠦ᠂ ᠠᠵᠤ ᠦᠢ᠍ᠯᠡᠰ᠎ᠤᠨ ᠬᠡᠯᠬᠢᠶᠡᠨ᠎ᠤ ᠳᠡᠭᠡᠳᠦ ᠳᠣᠣᠷᠠᠳᠤ ᠤᠷᠤᠰᠬᠠᠯ᠎ᠤᠨ ᠮᠥᠩᠭᠥᠨ ᠭᠦᠢ᠍ᠯᠭᠡᠭᠡᠨ᠎ᠤ ᠪᠠᠩᠬᠢ ᠵᠢᠨ ᠦᠢ᠍ᠯᠡᠰ᠎ᠤᠨ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢ ᠬᠥᠲᠥᠯᠥᠨ ᠵᠢᠯᠤᠭᠣᠳᠴᠤ ᠪᠠᠢ᠌ᠭ᠋ᠠᠳ ᠠᠵᠤ ᠦᠢ᠍ᠯᠡᠰ᠎ᠤᠨ ᠬᠡᠯᠬᠢᠶ᠎ᠡ ᠵᠢᠨ ᠭᠣᠣᠯᠯᠠᠬᠤ ᠠᠵᠤ ᠠᠬᠤᠢ᠌ᠯᠠᠯ᠎ᠲᠠᠢ ᠰᠠᠨᠠᠭ᠋ᠠᠴᠢᠯᠠᠭ᠎ᠠ ᠠᠴᠠ᠎ᠪᠠᠨ ᠵᠣᠯᠭ᠋ᠠᠭᠤᠯᠵᠤ᠂ ᠡᠷᠭᠢᠮᠡᠯ ᠴᠢᠨᠠᠷᠲᠠᠢ ᠪᠡᠯᠡ ᠪᠠᠩᠬᠢ ᠵᠢᠨ ᠦᠢ᠍ᠯᠡᠰ᠎ᠤᠨ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢ ᠵᠣᠷᠢᠭᠵᠢᠭᠤᠯᠵᠤ ᠪᠠᠢ᠌ᠭ᠋ᠠᠳ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢᠨ ᠰᠢᠨ᠎ᠡ ᠵᠢ ᠡᠭᠦᠳᠬᠦ ᠦᠢ᠍ᠯᠡᠳᠬᠦᠨ᠎ᠲᠠᠢ ᠤᠶᠠᠯᠳᠤᠭᠤᠯᠤᠨ᠂ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡ ᠵᠢ ᠰᠢᠯᠢᠳᠡᠭᠵᠢᠭᠦᠯᠵᠦ᠂ ᠬᠤᠷᠢᠶᠠᠪᠠᠰᠤ ᠵᠣᠬᠢᠬᠤ ᠲᠠᠩᠰᠠᠨ ᠵᠣᠭᠣᠰ᠎ᠤᠨ ᠪᠡᠯᠡ ᠲᠣᠬᠢᠷᠠᠭᠤᠯᠭ᠎ᠠ ᠵᠢᠨ ᠦᠢ᠍ᠯᠡᠴᠢᠯᠡᠭᠡᠨ᠎ᠤ ᠲᠠᠪᠴᠠᠩ ᠤᠨ ᠦᠢ᠍ᠯᠡᠳᠦᠯ ᠢ ᠭᠦᠢ᠍ᠴᠡᠳ ᠪᠠᠳᠠᠷᠠᠭᠤᠯᠤᠨ ᠂ ᠠᠵᠤ ᠠᠬᠤᠢ᠌ᠯᠠᠯ ᠤᠨ ᠬᠤᠷᠢᠶᠠᠪᠠᠰᠤ ᠵᠣᠬᠢᠬᠤ ᠲᠠᠩᠰᠠᠨ ᠵᠣᠭᠣᠰ᠂ ᠬᠥᠮᠥᠷᠭᠡ ᠵᠢᠨ ᠬᠠᠭᠤᠳᠠᠰᠤ ᠪᠠ ᠬᠠᠳᠠᠭ᠋ᠠᠯᠠᠭᠰᠠᠨ ᠪᠠᠷᠠᠭ᠎ᠠ᠎ᠪᠠᠨ ᠳᠠᠨᠵᠢᠯᠠᠬᠤ ᠵᠡᠷᠭᠡ ᠠᠷᠭ᠎ᠠ ᠮᠠᠶᠢᠭ ᠵᠶ᠋ᠠᠷ ᠪᠡᠯᠡ ᠲᠣᠬᠢᠷᠠᠭᠤᠯᠬᠤ ᠵᠢ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠬᠥᠲᠥᠴᠢ ᠠᠵᠤ ᠠᠬᠤᠢ᠌ᠯᠠᠯ᠎ᠤᠨ ᠪᠠᠲᠤᠯᠠᠭ᠋ᠠᠲᠤ ᠵᠢᠭᠡᠯᠡᠯᠭᠡ ᠵᠢ ᠳᠡᠮᠵᠢᠬᠦ ᠬᠥᠲᠥᠯᠥᠨ ᠵᠢᠯᠤᠭᠣᠳᠬᠤ ᠪᠡᠯᠡ ᠮᠥᠩᠭᠥ ᠵᠢ ᠰᠠᠢ᠌ᠲᠤᠷ ᠬᠡᠷᠡᠭᠯᠡᠵᠦ᠂ ᠪᠠᠩᠬᠢ ᠵᠢᠨ ᠪᠠᠷᠢᠴᠠᠭ᠋ᠠᠯᠠᠬᠤ ᠵᠢ ᠬᠡᠯᠲᠦᠷᠢᠭᠦᠯᠬᠦ᠂ ᠳᠠᠭ᠋ᠠᠭ᠋ᠠᠯᠲᠠ ᠬᠢᠬᠦ ᠵᠢ ᠬᠡᠯᠲᠦᠷᠢᠭᠦᠯᠬᠦ ᠢᠲᠡᠭᠡᠮᠵᠢᠲᠦ ᠵᠢᠭᠡᠯᠡᠯᠭᠡ ᠵᠢᠨ ᠪᠡᠯᠡ ᠮᠥᠩᠭᠥ ᠵᠢ ᠳᠠᠢ᠌ᠴᠢᠯᠠᠬᠤ ᠬᠡᠷᠡᠭᠲᠡᠢ᠃ (ᠲᠦᠷᠦᠭᠦᠯᠡᠨ ᠬᠢᠬᠦ ᠨᠢᠭᠡᠴᠡ᠄ ᠬᠣᠲᠠ ᠵᠢᠨ ᠮᠥᠩᠭᠥᠨ ᠭᠦᠢ᠍ᠯᠭᠡᠭᠡᠨ᠎ᠤ ᠠᠯᠪᠠᠨ ᠭᠡᠷ᠂ ᠬᠠᠮᠵᠢᠯᠴᠠᠬᠤ ᠨᠢᠭᠡᠴᠡ᠄ ᠬᠣᠲᠠ ᠵᠢᠨ ᠡᠳ᠋᠎ᠤᠨ ᠵᠠᠰᠠᠭ᠎ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ)
27. ᠵᠢᠯ᠎ᠤᠨ ᠳᠣᠲᠣᠷ᠎ᠠ ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢ 40 ᠳ᠋ᠦᠩᠰᠢᠭᠤᠷ ᠲᠥᠭᠥᠷᠢᠭ᠎ᠠᠴᠠ ᠳᠡᠭᠡᠭᠰᠢ ᠪᠡᠶᠡᠯᠡᠭᠦᠯᠬᠦ᠎ᠪᠠᠷ ᠲᠥᠯᠥᠪᠯᠡᠵᠦ ᠪᠣᠶ᠃ ᠡᠭᠦᠨ᠎ᠤ ᠳᠣᠲᠣᠷ᠎ᠠ ᠵᠠᠯᠭ᠋ᠠᠵᠤ ᠪᠠᠶ᠋ᠢᠭᠤᠯᠬᠤ ᠵᠦᠢ᠍ᠯᠡᠰ 18.44 ᠳ᠋ᠦᠩᠰᠢᠭᠤᠷ ᠲᠥᠭᠥᠷᠢᠭ᠂ ᠰᠢᠨ᠎ᠡ᠎ᠪᠠᠷ ᠠᠵᠢᠯ ᠡᠬᠢᠯᠡᠭᠦᠯᠦᠭᠰᠡᠨ ᠵᠦᠢ᠍ᠯᠡᠰ 14 ᠳ᠋ᠦᠩᠰᠢᠭᠤᠷ ᠲᠥᠭᠥᠷᠢᠭ᠂ ᠰᠢᠨ᠎ᠡ᠎ᠪᠠᠷ ᠵᠠᠰᠠᠵᠤ ᠪᠠᠢ᠌ᠭᠤᠯᠤᠭᠰᠠᠨ ᠬᠥᠳᠡᠭᠡ ᠲᠣᠰᠬᠣᠨ᠎ᠤ ᠵᠠᠰᠠᠮᠠᠯ ᠵᠠᠮ 900 ᠺᠢᠯᠣᠮᠧᠲᠷ ᠪᠠᠢ᠌ᠵᠤ᠂ 9 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠤᠯᠲᠠ ᠵᠢ ᠪᠡᠶᠡᠯᠡᠭᠦᠯᠵᠡᠢ᠃
ᠢᠷᠡᠯᠲᠡ᠄ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠮᠣᠩᠭᠣᠯ ᠰᠦᠯᠵᠢᠶ᠎ᠡ