ᠠᠯᠪᠠᠨ ᠮᠠᠳᠡᠭᠡ 2023  -   ᠵᠠᠰᠠᠭ᠎ᠤᠨ ᠤᠷᠳᠥᠨ᠎ᠤ ᠠᠯᠪᠠᠨ ᠮᠠᠳᠡᠭᠡ

ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ᠎ᠤᠨ 2023 ᠣᠨ᠎ᠤ ᠪᠥᠬᠥ ᠬᠣᠲᠠ ᠵᠢᠨ ᠠᠮᠢᠲᠠᠨ᠎ᠤ ᠬᠢᠵᠢᠭ ᠡᠪᠡᠳᠴᠢᠨ᠎ᠢ ᠲᠥᠪᠯᠡᠷᠡᠭᠦᠯᠦᠨ ᠡᠭᠡᠯᠢᠯᠡᠬᠦ ᠵᠢ ᠬᠠᠮ ᠳᠠᠢ᠌ᠯᠠᠯᠳᠤᠭ᠋ᠠᠨ᠎ᠢ ᠪᠥᠬᠥ ᠲᠠᠯ᠎ᠠ᠎ᠪᠠᠷ ᠰᠠᠢ᠌ᠲᠤᠷ ᠬᠢᠬᠦ ᠲᠤᠬᠠᠢ ᠮᠡᠳᠡᠭᠳᠡᠯ

ᠨᠡᠶ᠋ᠢᠲᠡᠯᠡᠭᠰᠡᠨ ᠴᠠᠭ᠄   2023-07-12

ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠬᠣᠲᠠ ᠵᠢᠨ ᠰᠢᠭᠤᠳ ᠬᠠᠷᠢᠶ᠎ᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ᠄
      2023 ᠣᠨ᠎ᠤ ᠠᠮᠢᠲᠠᠨ᠎ᠤ ᠬᠢᠵᠢᠭ ᠡᠪᠡᠳᠴᠢᠨ᠎ᠢ ᠲᠥᠪᠯᠡᠷᠡᠭᠦᠯᠦᠨ ᠰᠡᠷᠭᠡᠢ᠌ᠯᠡᠬᠦ ᠠᠵᠢᠯ᠎ᠢ ᠦᠨᠡᠨᠬᠦ ᠰᠠᠢ᠌ᠲᠤᠷ ᠬᠢᠬᠦ ᠵᠢᠨ ᠲᠥᠯᠥᠭᠡ᠂ ᠪᠦᠬᠦ ᠬᠣᠲᠠ ᠵᠢᠨ ᠲᠡᠵᠢᠭᠡᠨ ᠦᠷᠡᠵᠢᠭᠦᠯᠬᠦ ᠦᠢ᠍ᠯᠡᠰ᠎ᠤᠨ ᠦᠢ᠍ᠯᠡᠳᠪᠦᠷᠢᠯᠡᠯ᠎ᠤᠨ  ᠠᠶᠤᠯᠭᠦᠢ ᠪᠠ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠠᠶᠤᠯᠭᠦᠢ ᠵᠢ ᠪᠠᠲᠤᠯᠠᠵᠤ᠂ ᠣᠷᠣᠨ ᠪᠦᠰᠡ ᠵᠢᠨ ᠴᠢᠨᠠᠷᠲᠠᠢ ᠬᠦᠨᠳᠦ ᠶᠡᠬᠡ ᠠᠮᠢᠲᠠᠨ᠎ᠤ ᠬᠢᠵᠢᠭ ᠡᠪᠡᠳᠴᠢᠨ ᠡᠭᠦᠰᠬᠦ ᠦᠭᠡᠢ ᠪᠠᠢ᠌ᠬᠤ ᠵᠢ ᠦᠨᠡᠨᠬᠦ ᠪᠠᠲᠤᠯᠠᠵᠤ᠂ ᠮᠠᠯ ᠠᠵᠤ ᠠᠬᠤᠢ ᠵᠢᠨ ᠴᠢᠨᠠᠷ ᠰᠠᠢ᠌ᠲᠠᠢ᠂ ᠦᠷᠭᠦᠯᠵᠢᠯᠡᠨ ᠬᠥᠭᠵᠢᠬᠦ ᠵᠢ ᠠᠬᠢᠭᠤᠯᠤᠨ᠂ ᠤᠯᠤᠰ᠂ ᠥᠪᠡᠷᠲᠡᠭᠡᠨ ᠵᠠᠰᠠᠬᠤ ᠣᠷᠣᠨ᠎ᠤ ᠠᠮᠢᠲᠠᠨ᠎ᠤ ᠬᠢᠵᠢᠭ ᠡᠪᠡᠳᠴᠢᠨ᠎ᠢ ᠰᠡᠷᠭᠡᠢ᠌ᠯᠡᠨ ᠬᠢᠵᠠᠭ᠋ᠠᠷᠯᠠᠬᠤ ᠠᠵᠢᠯ᠎ᠤᠨ ᠪᠠᠢ᠌ᠷᠢᠯᠠᠭᠤᠯᠤᠯᠲᠠ ᠪᠠ ᠱᠠᠭ᠋ᠠᠷᠳᠠᠯᠭ᠎ᠠ ᠶᠣᠰᠣᠭ᠋ᠠᠷ᠂ ᠮᠠᠨ᠎ᠤ ᠬᠣᠲᠠ ᠵᠢᠨ ᠪᠣᠳᠠᠲᠠᠢ᠎ᠲᠠᠢ᠎ᠪᠠᠨ ᠤᠶᠠᠯᠳᠤᠭᠤᠯᠤᠨ᠂ 2023 ᠣᠨ᠎ᠤ ᠪᠥᠬᠥ ᠬᠣᠲᠠ ᠵᠢᠨ ᠬᠠᠪᠤᠷ ᠨᠠᠮᠤᠷ᠎ᠤᠨ ᠬᠣᠶᠠᠷ ᠤᠯᠠᠷᠢᠯ᠎ᠤᠨ ᠠᠮᠢᠲᠠᠨ᠎ᠤ ᠬᠢᠵᠢᠭ ᠡᠪᠡᠳᠴᠢᠨ᠎ᠢ ᠲᠥᠪᠯᠡᠷᠡᠭᠦᠯᠦᠨ ᠡᠭᠡᠯᠢᠯᠡᠬᠦ ᠵᠢ ᠬᠠᠮ ᠳᠠᠢ᠌ᠯᠠᠯᠳᠤᠭ᠋ᠠᠨ᠎ᠤ ᠬᠡᠯᠪᠡᠷᠢ᠎ᠪᠠᠷ ᠶᠠᠪᠤᠭᠳᠠᠭᠤᠯᠤᠨ᠎ᠠ᠂ ᠪᠣᠳᠠᠲᠠᠢ ᠳᠣᠣᠷᠠᠬᠢ ᠮᠡᠲᠦ ᠲᠣᠬᠢᠷᠠᠭᠤᠯᠤᠨ᠎ᠠ᠃
      ᠨᠢᠭᠡ᠂ ᠶᠡᠬᠡ ᠳᠠᠢ᠌ᠯᠠᠯᠳᠤᠭ᠋ᠠᠨ᠎ᠤ ᠴᠠᠭ
      (ᠨᠢᠭᠡ) ᠬᠠᠪᠤᠷ᠎ᠤᠨ ᠤᠯᠠᠷᠢᠯ᠎ᠤᠨ ᠲᠥᠪᠯᠡᠷᠡᠭᠦᠯᠦᠨ ᠡᠭᠡᠯᠢᠯᠡᠬᠦ
      3 ᠰᠠᠷ᠎ᠠ ᠵᠢᠨ 1᠎ᠤ ᠡᠳᠦᠷ᠎ᠠᠴᠠ 10᠎ᠤ ᠡᠳᠦᠷ ᠪᠣᠯ ᠲᠥᠪᠯᠡᠷᠡᠩᠭᠦᠢ ᠡᠭᠡᠯᠢᠯᠡᠭᠡ ᠵᠢᠨ ᠪᠡᠯᠡᠳᠬᠡᠯ᠎ᠤᠨ ᠱᠠᠲᠤ ᠪᠣᠯᠣᠨ᠎ᠠ;
      3 ᠰᠠᠷ᠎ᠠ ᠵᠢᠨ 11᠎ᠤ ᠡᠳᠦᠷ᠎ᠠᠴᠠ 4 ᠰᠠᠷ᠎ᠠ ᠵᠢᠨ 30᠎ᠤ ᠡᠳᠦᠷ ᠪᠣᠯ ᠲᠥᠪᠯᠡᠷᠡᠩᠭᠦᠢ ᠡᠭᠡᠯᠢᠯᠡᠭᠡ ᠵᠢᠨ ᠪᠣᠳᠠᠲᠤ ᠳᠠᠶ᠋ᠢᠨ᠎ᠤ ᠱᠠᠲᠤ ᠪᠣᠯᠣᠨ᠎ᠠ ;
      5 ᠳ᠋ᠤᠭ᠋ᠠᠷ ᠰᠠᠷ᠎ᠠ ᠵᠢᠨ ᠡᠬᠢᠨ᠎ᠤ ᠳᠤᠮᠳᠠᠴᠢ ᠪᠣᠯ ᠪᠠᠢ᠌ᠴᠠᠭ᠋ᠠᠵᠤ ᠰᠢᠯᠭ᠋ᠠᠨ ᠠᠪᠬᠤ ᠱᠠᠲᠤ ᠪᠣᠯᠣᠨ᠎ᠠ᠃
      (ᠬᠣᠶᠠᠷ) ᠨᠠᠮᠤᠷ᠎ᠤᠨ ᠤᠯᠠᠷᠢᠯ᠎ᠤᠨ ᠲᠥᠪᠯᠡᠷᠡᠭᠦᠯᠦᠨ ᠡᠭᠡᠯᠢᠯᠡᠬᠦ
      9 ᠰᠠᠷ᠎ᠠ ᠵᠢᠨ 1᠎ᠤ ᠡᠳᠦᠷ᠎ᠠᠴᠠ 10᠎ᠤ ᠡᠳᠦᠷ ᠪᠣᠯ ᠲᠥᠪᠯᠡᠷᠡᠩᠭᠦᠢ ᠡᠭᠡᠯᠢᠯᠡᠭᠡ ᠵᠢᠨ ᠪᠡᠯᠡᠳᠬᠡᠯ᠎ᠤᠨ ᠱᠠᠲᠤ ᠪᠣᠯᠣᠨ᠎ᠠ;
      9 ᠰᠠᠷ᠎ᠠ ᠵᠢᠨ 11᠎ᠤ ᠡᠳᠦᠷ᠎ᠠᠴᠠ 10 ᠰᠠᠷ᠎ᠠ ᠵᠢᠨ 31᠎ᠤ ᠡᠳᠦᠷ ᠪᠣᠯᠲᠠᠯᠠᠬᠢ ᠬᠤᠭᠤᠴᠠᠭ᠎ᠠ ᠪᠣᠯ ᠲᠥᠪᠯᠡᠷᠡᠩᠭᠦᠢ ᠡᠭᠡᠯᠢᠯᠡᠭᠡ ᠵᠢᠨ ᠪᠣᠳᠠᠲᠤ ᠳᠠᠶ᠋ᠢᠨ᠎ᠤ ᠱᠠᠲᠤ ᠪᠣᠯᠣᠨ᠎ᠠ;
      11 ᠰᠠᠷ᠎ᠠ ᠵᠢᠨ ᠡᠬᠢᠨ᠎ᠤ ᠳᠤᠮᠳᠠᠴᠢ ᠪᠣᠯ ᠪᠠᠢ᠌ᠴᠠᠭ᠋ᠠᠵᠤ ᠰᠢᠯᠭ᠋ᠠᠨ ᠠᠪᠬᠤ ᠱᠠᠲᠤ ᠪᠣᠯᠣᠨ᠎ᠠ᠃
      ᠬᠣᠶᠠᠷ᠂ ᠬᠠᠷᠠᠯᠲᠠ ᠡᠭᠦᠷᠭᠡ
      (ᠨᠢᠭᠡ) ᠦᠯᠦ ᠬᠠᠯᠳᠠᠭ᠋ᠠᠬᠤ ᠡᠪᠡᠳᠴᠢᠨ᠎ᠤ ᠲᠦᠷᠦᠯ
      ᠠᠯᠪᠠᠳᠠᠯᠭ᠎ᠠ᠎ᠪᠠᠷ ᠬᠢᠵᠢᠭ ᠰᠡᠷᠭᠡᠢ᠌ᠯᠡᠬᠦ ᠡᠪᠡᠳᠴᠢᠨ᠎ᠤ ᠲᠥᠷᠥᠯ᠄ ᠰᠢᠯᠦᠬᠡᠢ ᠡᠪᠡᠳᠴᠢᠨ᠂ ᠡᠪᠡᠳᠴᠢᠯᠡᠭᠦᠯᠬᠦ ᠴᠢᠨᠠᠷ ᠵᠶ᠋ᠠᠷ ᠴᠢᠩᠭ᠎ᠠ ᠵᠢᠭᠦᠷᠲᠡᠨ᠎ᠤ ᠬᠠᠯᠳᠠᠪᠤᠷᠢᠲᠤ ᠲᠠᠭᠰᠢᠭᠤᠷ᠂ ᠬᠡᠪᠢᠬᠦ ᠵᠢᠵᠢᠭ ᠮᠠᠯ᠎ᠤᠨ ᠬᠢᠵᠢᠭ᠂ ᠪᠷᠦ᠋ᠼᠧᠯ ᠪᠠᠺᠲ᠋ᠧᠷᠢ ᠵᠢᠨ ᠡᠪᠡᠳᠴᠢᠨ᠂ ᠪᠠᠭᠯᠠᠭᠴᠢ ᠬᠣᠷᠣᠬᠠᠢ ᠵᠢᠨ ᠡᠪᠡᠳᠴᠢᠨ᠃
      ᠲᠥᠯᠥᠪᠯᠡᠭᠡᠲᠦ ᠡᠭᠡᠯᠢᠯᠡᠭᠡ ᠵᠢᠨ ᠡᠪᠡᠳᠴᠢᠨ᠎ᠤ ᠲᠥᠷᠥᠯ᠄ ᠭᠠᠬᠠᠢ ᠵᠢᠨ ᠬᠢᠵᠢᠭ᠂ ᠡᠪᠡᠳᠴᠢᠯᠡᠭᠦᠯᠬᠦ ᠴᠢᠨᠠᠷ ᠵᠶ᠋ᠠᠷ ᠴᠢᠩᠭ᠎ᠠ ᠭᠠᠬᠠᠢ ᠵᠢᠨ ᠴᠢᠬᠢ ᠬᠥᠬᠡᠷᠡᠬᠦ ᠡᠪᠡᠳᠴᠢᠨ᠂ ᠰᠢᠨ᠎ᠡ ᠬᠣᠲᠠ ᠵᠢᠨ ᠬᠢᠵᠢᠭ᠂ ᠪᠤᠳᠤ ᠵᠢᠨ ᠡᠪᠡᠳᠴᠢᠨ᠂ ᠪᠣᠭᠣᠮ᠎ᠠ ᠡᠪᠡᠳᠴᠢᠨ᠂ ᠬᠣᠨᠢᠨ᠎ᠤ ᠲᠦᠷᠭᠡᠨ ᠬᠢᠵᠢᠭ᠂ ᠬᠣᠨᠢᠨ᠎ᠤ ᠭᠡᠳᠡᠰᠦᠨ᠎ᠳᠤ ᠴᠢᠰᠤ ᠬᠣᠣᠷᠳᠠᠬᠤ ᠡᠪᠡᠳᠴᠢᠨ᠂ ᠬᠣᠨᠢᠨ᠎ᠤ ᠴᠣᠴᠢᠮᠠᠭ ᠬᠢᠵᠢᠭ᠂ ᠭᠠᠯᠵᠠᠭᠤ ᠡᠪᠡᠳᠴᠢᠨ᠂ ᠦᠬᠡᠷ᠎ᠤᠨ ᠵᠠᠩᠭᠢᠯᠠᠭ᠋ᠠᠲᠤ ᠴᠢᠨᠠᠷᠲᠠᠢ ᠠᠷᠠᠰᠤᠨ᠎ᠤ ᠡᠪᠡᠳᠴᠢᠨ ᠵᠡᠷᠭᠡ᠃
      (ᠬᠣᠶᠠᠷ) ᠡᠭᠡᠯᠢᠯᠡᠭᠡ ᠵᠢᠨ ᠱᠠᠭ᠋ᠠᠷᠳᠠᠯᠭ᠎ᠠ
      ᠠᠯᠪᠠᠳᠠᠯᠭ᠎ᠠ᠎ᠪᠠᠷ ᠡᠭᠡᠯᠢᠯᠡᠭᠡ ᠵᠢᠨ ᠡᠪᠡᠳᠴᠢᠨ᠎ᠤ ᠲᠥᠷᠥᠯ᠄ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ᠎ᠳᠤ ᠡᠭᠡᠯᠢᠯᠡᠭᠡ ᠵᠢᠨ ᠲᠠᠰ ᠳᠠᠷᠠᠭ᠋ᠠᠯᠠᠯ ᠵᠶ᠋ᠠᠷ ᠡᠭᠡᠯᠢᠯᠡᠭᠡ ᠵᠢᠨ ᠠᠵᠢᠯᠯᠠᠭ᠎ᠠ ᠰᠤᠯᠠ ᠲᠡᠵᠢᠭᠡᠵᠦ ᠪᠠᠢ᠌ᠭ᠎ᠠ ᠮᠠᠯ ᠵᠢᠭᠦᠷᠲᠡᠨ᠎ᠤ ᠰᠢᠯᠦᠬᠡᠢ ᠡᠪᠡᠳᠴᠢᠨ᠂ ᠡᠪᠡᠳᠴᠢᠯᠡᠭᠦᠯᠬᠦ ᠴᠢᠨᠠᠷ ᠵᠶ᠋ᠠᠷ ᠴᠢᠩᠭ᠎ᠠ ᠵᠢᠭᠦᠷᠲᠡᠨ᠎ᠤ ᠬᠠᠯᠳᠠᠪᠤᠷᠢᠲᠤ ᠲᠠᠭᠰᠢᠭᠤᠷ᠎ᠲᠤ ᠬᠠᠪᠤᠷ᠎ᠤᠨ ᠤᠯᠠᠷᠢᠯ᠂ ᠨᠠᠮᠤᠷ᠎ᠤᠨ ᠤᠯᠠᠷᠢᠯ᠎ᠳᠤ ᠲᠤᠰ ᠪᠦᠷᠢ ᠨᠢᠭᠡ ᠤᠳᠠᠭ᠎ᠠ ᠲᠥᠪᠯᠡᠷᠡᠭᠦᠯᠦᠨ ᠴᠠᠷᠤᠯᠲᠠ ᠬᠢᠯᠭᠡᠨ᠎ᠡ; ᠬᠡᠪᠢᠬᠦ ᠵᠢᠵᠢᠭ ᠮᠠᠯ᠎ᠤᠨ ᠬᠢᠵᠢᠭ᠎ᠢ ᠬᠠᠪᠤᠷ᠎ᠤᠨ ᠤᠯᠠᠷᠢᠯ᠎ᠳᠤ ᠨᠢᠭᠡ ᠤᠳᠠᠭ᠎ᠠ ᠲᠥᠪᠯᠡᠷᠡᠭᠦᠯᠦᠨ ᠡᠭᠡᠯᠢᠯᠡᠭᠡ ᠵᠢᠨ ᠠᠵᠢᠯᠯᠠᠭ᠎ᠠ ᠬᠢᠵᠦ᠂ ᠰᠠᠷ᠎ᠠ ᠪᠦᠷᠢ ᠲᠣᠭᠲᠠᠭᠰᠠᠨ ᠬᠤᠭᠤᠴᠠᠭ᠎ᠠ᠎ᠲᠠᠢ᠎ᠪᠠᠷ ᠨᠥᠬᠥᠵᠦ ᠬᠡᠯᠲᠦᠷᠢᠭᠦᠯᠦᠨ᠎ᠡ᠃ ᠪᠷᠦ᠋ᠼᠧᠯ ᠪᠠᠺᠲ᠋ᠧᠷᠢ ᠵᠢᠨ ᠡᠪᠡᠳᠴᠢᠨ ᠪᠠ ᠪᠠᠭᠯᠠᠭᠴᠢ ᠬᠣᠷᠣᠬᠠᠢ ᠵᠢᠨ ᠡᠪᠡᠳᠴᠢᠨ᠎ᠳᠤ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠨᠢᠭᠡ ᠤᠳᠠᠭ᠋ᠠᠨ᠎ᠤ ᠡᠭᠡᠯᠢᠯᠡᠭᠡ ᠵᠢ ᠬᠢᠵᠦ᠂ ᠡᠭᠡᠯᠢᠯᠡᠭᠡ ᠵᠢᠨ ᠬᠢᠷᠢ ᠲᠡᠩᠴᠡᠬᠦ ᠦᠭᠡᠢ ᠪᠠ ᠰᠢᠨ᠎ᠡ᠎ᠪᠠᠷ ᠪᠣᠶ ᠪᠣᠯᠤᠭᠰᠠᠨ᠂ ᠰᠢᠨ᠎ᠡ᠎ᠪᠠᠷ ᠨᠥᠬᠥᠪᠦᠷᠢᠯᠡᠬᠦ ᠬᠠᠰᠢᠶ᠎ᠠ᠎ᠲᠠᠢ ᠮᠠᠯ ᠵᠢᠭᠦᠷᠲᠡᠨ᠎ᠢ ᠴᠠᠭ ᠲᠤᠬᠠᠢ᠎ᠳᠤᠨᠢ ᠨᠥᠬᠥᠵᠦ ᠬᠡᠯᠲᠦᠷᠢᠭᠦᠯᠬᠦ ᠬᠡᠷᠡᠭᠲᠡᠢ᠃ ᠰᠦᠷᠦᠭᠵᠢᠯ᠎ᠤᠨ ᠡᠭᠡᠯᠢᠯᠡᠭᠡ ᠵᠢᠨ ᠨᠢᠭᠲᠠᠴᠠ ᠵᠢ ᠵᠢᠯ ᠲᠤᠷᠰᠢ 90% ᠎ᠠᠴᠠ ᠳᠡᠭᠡᠭᠰᠢ ᠪᠠᠢ᠌ᠯᠭ᠋ᠠᠵᠤ᠂ ᠡᠭᠦᠨ᠎ᠳᠤ ᠬᠡᠯᠲᠦᠷᠢᠭᠦᠯᠬᠦ ᠶᠣᠰᠣᠲᠠᠢ ᠮᠠᠯ ᠵᠢᠭᠦᠷᠲᠡᠨ᠎ᠤ ᠡᠭᠡᠯᠢᠯᠡᠭᠡ ᠵᠢᠨ ᠨᠢᠭᠲᠠᠴᠠ ᠵᠢ 100%᠎ᠳᠤ ᠬᠦᠷᠦᠭᠦᠯᠬᠦ ᠬᠡᠷᠡᠭᠲᠡᠢ᠃ ᠡᠪᠡᠳᠴᠢᠯᠡᠭᠦᠯᠬᠦ ᠴᠢᠨᠠᠷ ᠵᠶ᠋ᠠᠷ ᠴᠢᠩᠭ᠎ᠠ ᠵᠢᠭᠦᠷᠲᠡᠨ᠎ᠤ ᠬᠠᠯᠳᠠᠪᠤᠷᠢᠲᠤ ᠲᠠᠭᠰᠢᠭᠤᠷ᠂ ᠰᠢᠯᠦᠬᠡᠢ ᠡᠪᠡᠳᠴᠢᠨ᠂ ᠵᠢᠵᠢᠭ ᠬᠡᠪᠢᠬᠦ ᠮᠠᠯ᠎ᠤᠨ ᠬᠢᠵᠢᠭ᠎ᠤᠨ ᠦᠯᠦ ᠬᠠᠯᠳᠠᠭ᠋ᠠᠬᠤ ᠴᠠᠷᠤᠭᠴᠢ ᠵᠢᠨ ᠬᠢᠷᠢ ᠲᠡᠩᠴᠡᠬᠦ ᠨᠤᠷᠮ᠎ᠠ ᠵᠢ ᠪᠦᠬᠦ ᠵᠢᠯ᠎ᠳᠤ 70%᠎ᠠᠴᠠ ᠳᠡᠭᠡᠭᠰᠢ ᠪᠠᠢ᠌ᠯᠭ᠋ᠠᠬᠤ ᠵᠢ ᠪᠠᠲᠤᠯᠠᠨ᠎ᠠ᠃
      ᠲᠥᠯᠥᠪᠯᠡᠭᠡᠲᠦ ᠡᠭᠡᠯᠢᠯᠡᠭᠡ ᠵᠢᠨ ᠡᠪᠡᠳᠴᠢᠨ᠎ᠤ ᠲᠥᠷᠥᠯ᠄ ᠭᠠᠬᠠᠢ ᠵᠢᠨ ᠬᠢᠵᠢᠭ᠂ ᠡᠪᠡᠳᠴᠢᠯᠡᠭᠦᠯᠬᠦ ᠴᠢᠨᠠᠷ ᠵᠶ᠋ᠠᠷ ᠴᠢᠩᠭ᠎ᠠ ᠭᠠᠬᠠᠢ ᠵᠢᠨ ᠬᠥᠬᠡ ᠴᠢᠬᠢ ᠵᠢᠨ ᠡᠪᠡᠳᠴᠢᠨ᠎ᠳᠤ ᠪᠥᠬᠥ ᠲᠠᠯ᠎ᠠ᠎ᠪᠠᠷ ᠡᠭᠡᠯᠢᠯᠡᠭᠡ ᠵᠢ ᠬᠡᠷᠡᠭᠵᠢᠭᠦᠯᠵᠦ᠂ ᠪᠤᠰᠤᠳ ᠡᠪᠡᠳᠴᠢᠨ᠎ᠤ ᠲᠥᠷᠥᠯ᠎ᠳᠤ ᠡᠯ᠎ᠡ ᠭᠠᠵᠠᠷ᠎ᠤᠨ᠎ᠬᠢᠨ ᠰᠡᠷᠭᠡᠢ᠌ᠯᠡᠨ ᠡᠵᠡᠮᠳᠡᠬᠦ ᠬᠡᠷᠡᠭᠴᠡᠭᠡ᠎ᠪᠠᠨ ᠦᠨᠳᠦᠰᠦᠯᠡᠨ᠂ ᠤᠯᠤᠰ᠎ᠤᠨ ᠬᠠᠮᠢᠶ᠎ᠠ ᠪᠦᠬᠦᠢ ᠰᠡᠷᠭᠡᠢ᠌ᠯᠡᠨ ᠵᠠᠰᠠᠬᠤ ᠮᠡᠷᠭᠡᠵᠢᠯ᠎ᠤᠨ ᠵᠢᠷᠤᠮᠵᠢᠯ᠂ ᠰᠡᠷᠭᠡᠢ᠌ᠯᠡᠨ ᠵᠠᠰᠠᠬᠤ ᠵᠢᠯᠤᠭᠣᠳᠬᠤ ᠰᠠᠨᠠᠯ ᠪᠠ ᠥᠪᠡᠷᠲᠡᠭᠡᠨ ᠵᠠᠰᠠᠬᠤ ᠣᠷᠣᠨ᠎ᠤ ᠱᠠᠭ᠋ᠠᠷᠳᠠᠯᠭ᠎ᠠ ᠶᠣᠰᠣᠭ᠋ᠠᠷ ᠡᠭᠡᠯᠢᠯᠡᠭᠡ ᠵᠢ ᠬᠡᠷᠡᠭᠵᠢᠭᠦᠯᠵᠦ᠂ ᠡᠭᠡᠯᠢᠯᠡᠭᠡ ᠵᠢᠨ ᠬᠢᠷᠢ ᠲᠡᠩᠴᠡᠬᠦ ᠦᠭᠡᠢ ᠪᠠ ᠰᠢᠨ᠎ᠡ᠎ᠪᠠᠷ ᠪᠣᠶ ᠪᠣᠯᠤᠭᠰᠠᠨ᠂ ᠰᠢᠨ᠎ᠡ᠎ᠪᠠᠷ ᠨᠥᠬᠥᠪᠦᠷᠢᠯᠡᠬᠦ ᠬᠠᠰᠢᠶ᠎ᠠ᠎ᠲᠠᠢ ᠮᠠᠯ ᠵᠢᠭᠦᠷᠲᠡᠨ᠎ᠢ ᠴᠠᠭ ᠲᠤᠬᠠᠢ᠎ᠳᠤᠨᠢ ᠨᠥᠬᠥᠵᠦ ᠬᠡᠯᠲᠦᠷᠢᠭᠦᠯᠦᠨ᠎ᠡ᠃ᠭᠠᠬᠠᠢ ᠵᠢᠨ ᠬᠢᠵᠢᠭ᠂ ᠡᠪᠡᠳᠴᠢᠯᠡᠭᠦᠯᠬᠦ ᠴᠢᠨᠠᠷ ᠵᠶ᠋ᠠᠷ ᠴᠢᠩᠭ᠎ᠠ ᠭᠠᠬᠠᠢ ᠵᠢᠨ ᠴᠢᠬᠢ ᠬᠥᠬᠡᠷᠡᠬᠦ ᠡᠪᠡᠳᠴᠢᠨ᠂ ᠰᠢᠨ᠎ᠡ ᠬᠣᠲᠠ ᠵᠢᠨ ᠬᠢᠵᠢᠭ᠎ᠤᠨ ᠡᠭᠡᠯᠢᠯᠡᠭᠡ ᠵᠢᠨ ᠣᠷᠣᠨ᠎ᠤ ᠬᠠᠮᠲᠤᠯᠢᠭ᠎ᠤᠨ ᠡᠭᠡᠯᠢᠯᠡᠭᠡ ᠵᠢᠨ ᠨᠢᠭᠲᠠᠴᠠ ᠵᠢ 90% ᠎ᠠᠴᠠ ᠳᠡᠭᠡᠭᠰᠢ᠎ᠳᠤ ᠪᠠᠢ᠌ᠯᠭ᠋ᠠᠬᠤ ᠵᠢ ᠪᠠᠲᠤᠯᠠᠵᠤ᠂ ᠬᠡᠯᠲᠦᠷᠢᠭᠦᠯᠬᠦ ᠶᠣᠰᠣᠲᠠᠢ ᠮᠠᠯ ᠵᠢᠭᠦᠷᠲᠡᠨ᠎ᠤ ᠡᠭᠡᠯᠢᠯᠡᠭᠡ ᠵᠢᠨ ᠨᠢᠭᠲᠠᠴᠠ ᠵᠢ 100%᠎ᠳᠤ ᠬᠦᠷᠦᠭᠦᠯᠵᠦ᠂ ᠡᠭᠡᠯᠢᠯᠡᠭᠡ ᠵᠢᠨ ᠡᠰᠡᠷᠭᠦᠴᠡᠭᠴᠢ ᠵᠢᠨ ᠬᠢᠷᠢ ᠲᠡᠩᠴᠡᠬᠦ ᠨᠣᠷᠮ᠎ᠠ ᠵᠢ ᠪᠥᠬᠥ ᠵᠢᠯ᠎ᠳᠤ 70% ᠎ᠠᠴᠠ ᠳᠡᠭᠡᠭᠰᠢ᠎ᠳᠤ ᠪᠠᠢ᠌ᠯᠭ᠋ᠠᠨ᠎ᠠ; ᠭᠠᠯᠵᠠᠭᠤ ᠡᠪᠡᠳᠴᠢᠨ᠂ ᠬᠤᠨᠢᠨ᠎ᠤ ᠪᠤᠳᠤ ᠡᠪᠡᠳᠴᠢᠨ᠂ ᠪᠣᠭᠣᠮ᠎ᠠ ᠡᠪᠡᠳᠴᠢᠨ᠂ ᠬᠤᠨᠢᠨ᠎ᠤ ᠲᠦᠷᠭᠡᠨ ᠬᠢᠵᠢᠭ᠂ ᠬᠤᠨᠢᠨ᠎ᠤ ᠭᠡᠳᠡᠰᠦᠨ᠎ᠤ ᠬᠣᠣᠷᠠᠲᠤ ᠴᠢᠰᠤᠨ ᠭᠡᠮ᠂ ᠬᠤᠨᠢᠨ᠎ᠤ ᠴᠣᠴᠢᠮᠠᠭ ᠡᠪᠡᠳᠴᠢᠨ᠎ᠤ ᠡᠭᠡᠯᠢᠯᠡᠭᠡ ᠵᠢᠨ ᠣᠷᠣᠨ᠎ᠤ ᠬᠠᠮᠲᠤᠯᠢᠭ᠎ᠤᠨ ᠡᠭᠡᠯᠢᠯᠡᠭᠡ ᠵᠢᠨ ᠨᠢᠭᠲᠠᠴᠠ ᠵᠢ 90%᠎ᠠᠴᠠ ᠳᠡᠭᠡᠭᠰᠢ ᠪᠠᠢ᠌ᠯᠭ᠋ᠠᠵᠤ᠂ ᠬᠡᠯᠲᠦᠷᠢᠭᠦᠯᠬᠦ ᠨᠢᠭᠲᠠᠴᠠ ᠵᠢ 100%᠎ᠳᠤ ᠬᠦᠷᠦᠭᠦᠯᠬᠦ ᠬᠡᠷᠡᠭᠲᠡᠢ᠃ ᠦᠬᠡᠷ᠎ᠤᠨ ᠠᠷᠠᠰᠤᠨ᠎ᠤ ᠵᠠᠩᠭᠢᠯᠠᠭ᠋ᠠᠲᠤ ᠡᠪᠡᠳᠴᠢᠨ᠎ᠳᠤ ᠬᠠᠪᠤᠷ᠎ᠤᠨ ᠤᠯᠠᠷᠢᠯ᠎ᠳᠤ ᠪᠣᠶ ᠪᠦᠬᠦᠢ ᠦᠬᠡᠷ᠎ᠲᠤ ᠨᠢᠭᠡ ᠤᠳᠠᠭ᠎ᠠ ᠡᠭᠡᠯᠢᠯᠡᠭᠡ ᠵᠢ ᠲᠥᠪᠯᠡᠷᠡᠭᠦᠯᠦᠨ ᠬᠢᠵᠦ᠂ ᠬᠠᠮᠲᠤᠯᠢᠭ᠎ᠤᠨ ᠡᠭᠡᠯᠢᠯᠡᠭᠡ ᠵᠢᠨ ᠨᠢᠭᠲᠠᠴᠠ ᠵᠢ 90% ᠎ᠠᠴᠠ ᠳᠡᠭᠡᠭᠰᠢ ᠪᠠᠢ᠌ᠯᠭ᠋ᠠᠵᠤ᠂ ᠬᠡᠯᠲᠦᠷᠢᠭᠦᠯᠬᠦ ᠨᠢᠭᠲᠠᠴᠠ ᠵᠢ 100%᠎ᠳᠤ ᠬᠦᠷᠦᠭᠦᠯᠦᠨ᠎ᠡ᠃
      (ᠭᠤᠷᠪᠠ) ᠡᠭᠡᠯᠢᠯᠡᠭᠡ ᠵᠢᠨ ᠠᠮᠢᠲᠠᠨ᠎ᠤ ᠲᠥᠷᠥᠯ ᠵᠦᠢ᠍ᠯ
      ᠰᠢᠯᠦᠬᠡᠢ ᠡᠪᠡᠳᠴᠢᠨ᠄ ᠪᠣᠶ ᠪᠦᠬᠦᠢ ᠦᠬᠡᠷ᠂ ᠬᠣᠨᠢ᠂ ᠲᠡᠮᠡᠭᠡ᠂ ᠪᠤᠭᠤ᠎ᠳᠤ ᠰᠢᠯᠦᠬᠡᠢ ᠡᠪᠡᠳᠴᠢᠨ᠎ᠤ O ᠬᠡᠯᠪᠡᠷᠢ  - A ᠬᠡᠯᠪᠡᠷᠢ ᠵᠢᠨ ᠬᠣᠶᠠᠷ ᠸᠠᠯᠸᠨ᠋ᠲᠲᠤ ᠢᠳᠡᠪᠬᠢ ᠦᠭᠡᠢ᠌ᠳᠡᠭᠦᠯᠬᠦ ᠸᠠᠺᠼᠢᠨ᠎ᠢ ᠬᠡᠷᠡᠭᠯᠡᠨ ᠠᠯᠪᠠᠳᠠᠯᠭ᠎ᠠ᠎ᠪᠠᠷ ᠴᠠᠷᠤᠯᠲᠠ ᠬᠢᠯᠭᠡᠨ᠎ᠡ; ᠪᠣᠶ ᠪᠦᠬᠦᠢ ᠭᠠᠬᠠᠢ᠎ᠳᠤ ᠭᠠᠬᠠᠢ ᠵᠢᠨ ᠰᠢᠯᠦᠬᠡᠢ ᠡᠪᠡᠳᠴᠢᠨ᠎ᠤ O ᠬᠡᠯᠪᠡᠷᠢ ᠵᠢᠨ ᠨᠡᠢ᠌ᠯᠡᠮᠡᠯ ᠫᠧᠫᠲ᠋ᠢᠳ᠋᠎ᠤᠨ ᠸᠠᠺᠼᠢᠨ᠎ᠢ ᠬᠡᠷᠡᠭᠯᠡᠨ ᠠᠯᠪᠠᠳᠠᠯᠭ᠎ᠠ᠎ᠪᠠᠷ ᠴᠠᠷᠤᠯᠲᠠ ᠬᠢᠯᠭᠡᠨ᠎ᠡ᠃
      ᠡᠪᠡᠳᠴᠢᠯᠡᠭᠦᠯᠬᠦ ᠴᠢᠨᠠᠷ ᠵᠶ᠋ᠠᠷ ᠴᠢᠩᠭ᠎ᠠ ᠵᠢᠭᠦᠷᠲᠡᠨ᠎ᠤ ᠬᠠᠯᠳᠠᠪᠤᠷᠢᠲᠤ ᠲᠠᠭᠰᠢᠭᠤᠷ᠄ ᠪᠣᠶ ᠪᠦᠬᠦᠢ ᠲᠠᠬᠢᠶ᠎ᠠ᠂ ᠨᠤᠭᠤᠰᠤ᠂ ᠭᠠᠯᠠᠭᠤ᠂ ᠪᠦᠲᠦᠨ᠎ᠡ᠂ ᠲᠠᠭᠲᠠᠭ᠎ᠠ ᠵᠡᠷᠭᠡ ᠬᠥᠮᠥᠨ᠎ᠤ ᠬᠦᠴᠦ ᠎ᠪᠠᠷ   ᠲᠡᠵᠢᠭᠡᠭᠰᠡᠨ  ᠵᠢᠭᠦᠷᠲᠡᠨ᠎ᠳᠤ   ᠵᠥᠪᠬᠡᠨ   ᠳᠠᠬᠢᠨ  ᠪᠠᠢ᠌ᠭᠤᠯᠤᠭᠰᠠᠨ   ᠵᠢᠭᠦᠷᠲᠡᠨ ᠎ᠤ  ᠬᠠᠯᠳᠠᠪᠤᠷᠢᠲᠤ ᠲᠠᠭᠰᠢᠭᠤᠷ ᠎ᠤᠨ  ᠸᠢᠷᠦ᠋ᠰ  (H5+H7)᠎ᠤᠨ ᠭᠤᠷᠪᠠᠨ ᠸᠠᠯᠧᠨ᠋ᠲ᠎ᠤᠨ ᠢᠳᠡᠪᠬᠢ ᠦᠭᠡᠢ᠌ᠳᠡᠭᠦᠯᠬᠦ ᠸᠠᠺᠼᠢᠨ᠎ᠢ ᠬᠡᠷᠡᠭᠯᠡᠨ ᠠᠯᠪᠠᠳᠠᠯᠭ᠎ᠠ᠎ᠪᠠᠷ ᠴᠠᠷᠤᠯᠲᠠ ᠬᠢᠯᠭᠡᠨ᠎ᠡ᠃ ᠰᠤᠳᠤᠯᠬᠤ ᠪᠠ ᠸᠠᠺᠼᠢᠨ ᠦᠢ᠍ᠯᠡᠳᠪᠦᠷᠢᠯᠡᠬᠦ᠎ᠳᠤ ᠬᠡᠷᠡᠭᠯᠡᠬᠦ ᠭᠡᠷ᠎ᠤᠨ ᠵᠢᠭᠦᠷᠲᠡᠨ᠎ᠳᠤ᠂ ᠭᠠᠳᠠᠭ᠋ᠠᠳᠤ ᠎ᠠᠴᠠ ᠣᠷᠣᠭᠤᠯᠬᠤ ᠤᠯᠤᠰ (ᠭᠠᠵᠠᠷ ᠣᠷᠣᠨ) ᠎ᠠᠴᠠ ᠡᠪᠡᠳᠴᠢᠯᠡᠭᠦᠯᠬᠦ ᠴᠢᠨᠠᠷ ᠵᠶ᠋ᠠᠷ ᠴᠢᠩᠭ᠎ᠠ ᠵᠢᠭᠦᠷᠲᠡᠨ᠎ᠤ ᠬᠠᠯᠳᠠᠪᠤᠷᠢᠲᠤ ᠲᠠᠭᠰᠢᠭᠤᠷ᠎ᠤᠨ ᠴᠠᠷᠤᠯᠲᠠ ᠬᠢᠵᠦ ᠪᠣᠯᠬᠤ ᠦᠭᠡᠢ ᠭᠡᠵᠦ ᠲᠣᠳᠣᠷᠬᠠᠢ ᠱᠠᠭ᠋ᠠᠷᠳᠠᠭᠰᠠᠨ ᠭᠠᠳᠠᠭ᠋ᠠᠳᠤ᠎ᠳᠤ ᠭᠠᠷᠭ᠋ᠠᠬᠤ ᠭᠡᠷ᠎ᠤᠨ ᠵᠢᠭᠦᠷᠲᠡᠨ ᠵᠢᠴᠢ ᠪᠤᠰᠤᠳ ᠣᠨᠴᠣᠭᠤᠢ ᠰᠢᠯᠲᠠᠭ᠋ᠠᠨ ᠎ᠠᠴᠠ ᠪᠣᠯᠵᠤ ᠴᠠᠷᠤᠯᠲᠠ ᠬᠢᠬᠦ ᠦᠭᠡᠢ ᠪᠠᠢ᠌ᠪᠠᠯ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠎ᠳᠤ ᠮᠡᠳᠡᠭᠦᠯᠵᠦ ᠵᠥᠪᠰᠢᠶᠡᠷᠡᠭᠦᠯᠦᠭᠰᠡᠨ᠎ᠤ ᠳᠠᠷᠠᠭ᠎ᠠ᠂ ᠠᠯᠪᠠᠳᠠᠯᠭ᠎ᠠ᠎ᠪᠠᠷ ᠴᠠᠷᠤᠯᠲᠠ ᠬᠢᠯᠭᠡᠬᠦ ᠦᠭᠡᠢ ᠪᠠᠢ᠌ᠵᠤ ᠪᠣᠯᠣᠨ᠎ᠠ᠃
      ᠵᠢᠵᠢᠭ ᠬᠡᠪᠢᠬᠦ ᠮᠠᠯ᠎ᠤᠨ ᠬᠢᠵᠢᠭ᠄ ᠡᠭᠡᠯᠢᠯᠡᠭᠡ ᠵᠢᠨ ᠬᠠᠮᠠᠭ᠋ᠠᠯᠠᠯᠲᠠ ᠵᠢᠨ ᠬᠤᠭᠤᠴᠠᠭ᠋ᠠᠨ᠎ᠳᠠᠬᠢ ᠬᠣᠨᠢ ᠎ᠠᠴᠠ ᠭᠠᠳᠠᠨ᠎ᠠ᠂ ᠪᠤᠰᠤᠳ ᠪᠣᠶ ᠪᠦᠬᠦᠢ ᠬᠣᠨᠢᠨ᠎ᠳᠤ ᠵᠥᠪᠬᠡᠨ ᠵᠢᠵᠢᠭ ᠬᠡᠪᠢᠬᠦ ᠮᠠᠯ᠎ᠤᠨ ᠬᠢᠵᠢᠭ᠎ᠤᠨ ᠠᠮᠢᠳᠤ ᠸᠠᠺᠼᠢᠨ᠎ᠢ ᠬᠡᠷᠡᠭᠯᠡᠵᠦ ᠡᠭᠡᠯᠢᠯᠡᠭᠡ ᠬᠢᠨ᠎ᠡ᠃
      ᠪᠷᠦ᠋ᠼᠧᠯ ᠡᠪᠡᠳᠴᠢᠨ᠄ ᠦᠷ᠎ᠡ ᠵᠢᠨ ᠮᠠᠯ᠎ᠳᠤ ᠡᠭᠡᠯᠢᠯᠡᠭᠡ ᠵᠢ ᠴᠠᠭ᠋ᠠᠵᠠᠯᠠᠵᠤ᠂ ᠠᠯᠠᠰᠢᠨ ᠦᠬᠡᠷ ᠪᠠ ᠠᠯᠠᠰᠢᠨ ᠬᠤᠨᠢᠨ᠎ᠳᠤ ᠤᠯᠤᠰ᠎ᠠᠴᠠ ᠲᠣᠭᠲᠠᠭ᠋ᠠᠭᠰᠠᠨ ᠸᠠᠺᠼᠢᠨ᠎ᠢ ᠬᠡᠷᠡᠭᠯᠡᠨ ᠠᠯᠪᠠᠳᠠᠯᠭ᠎ᠠ᠎ᠪᠠᠷ ᠡᠭᠡᠯᠢᠯᠡᠭᠡ ᠵᠢ ᠶᠠᠪᠤᠭᠤᠯᠤᠨ᠎ᠠ; ᠬᠠᠪᠤᠷ᠎ᠤᠨ ᠤᠯᠠᠷᠢᠯ᠎ᠳᠤ ᠲᠡᠵᠢᠭᠡᠵᠦ ᠪᠠᠢ᠌ᠭ᠎ᠠ ᠬᠤᠷᠠᠭ᠎ᠠ᠎ᠳᠤ M5 ᠪᠤᠶᠤ M5-9026 ᠸᠠᠺᠼᠢᠨ᠎ᠢ ᠬᠡᠷᠡᠭᠯᠡᠨ ᠥᠨᠳᠥᠷ ᠨᠢᠭᠲᠠᠴᠠ᠎ᠲᠠᠢ ᠡᠭᠡᠯᠢᠯᠡᠭᠡ ᠵᠢᠨ ᠠᠵᠢᠯᠯᠠᠭ᠎ᠠ ᠬᠢᠬᠦ ᠵᠢᠨ ᠬᠠᠮᠲᠤ ᠰᠠᠷ᠎ᠠ ᠪᠦᠷᠢ ᠨᠥᠬᠥᠪᠦᠷᠢ ᠲᠠᠷᠢᠯᠭ᠎ᠠ ᠵᠢ ᠬᠡᠷᠡᠭᠵᠢᠭᠦᠯᠦᠨ᠎ᠡ; ᠡᠯ᠎ᠡ ᠭᠠᠵᠠᠷ᠎ᠤᠨ᠎ᠬᠢᠨ ᠪᠣᠳᠠᠲᠠᠢ ᠪᠠᠢ᠌ᠳᠠᠯ ᠵᠶ᠋ᠠᠨ ᠦᠨᠳᠦᠰᠦᠯᠡᠨ᠂ ᠨᠠᠮᠤᠷ᠎ᠤᠨ ᠤᠯᠠᠷᠢᠯ᠎ᠳᠤ ᠬᠠᠷᠢᠶᠠᠲᠤ ᠣᠷᠣᠨ᠎ᠤ᠎ᠪᠠᠨ ᠰᠠᠭᠤᠷᠢ ᠡᠮ᠎ᠡ ᠬᠣᠨᠢᠨ᠎ᠳᠤ S2 ᠸᠠᠺᠼᠢᠨ᠎ᠢ ᠬᠡᠷᠡᠭᠯᠡᠵᠦ ᠴᠠᠷᠤᠯᠲᠠ ᠬᠢᠯᠭᠡᠨ᠎ᠡ; ᠰᠠᠭ᠋ᠠᠯᠢ ᠵᠢᠨ ᠦᠨᠢᠶ᠎ᠡ ᠵᠢᠨ ᠡᠭᠡᠯᠢᠯᠡᠭᠡ ᠵᠢ ᠲᠣᠭᠲᠠᠭ᠋ᠠᠯ ᠶᠣᠰᠣᠭ᠋ᠠᠷ ᠲᠡᠵᠢᠭᠡᠨ ᠦᠷᠡᠵᠢᠭᠦᠯᠬᠦ ᠲᠠᠯᠠᠪᠠᠶ ᠵᠢᠨ ᠪᠦᠯᠦᠭᠯᠡᠯ ᠵᠶ᠋ᠡᠷ ᠨᠢᠭᠡᠴᠢ ᠪᠣᠯᠭ᠋ᠠᠨ ᠱᠠᠲᠤ ᠳᠠᠷᠠᠭ᠋ᠠᠯᠠᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠎ᠳᠤ ᠮᠡᠳᠡᠭᠦᠯᠦᠨ ᠳᠠᠩᠰᠠᠯᠠᠭᠤᠯᠵᠤ᠂ A19 ᠸᠠᠺᠼᠢᠨ᠎ᠢ ᠬᠡᠷᠡᠭᠯᠡᠨ ᠡᠭᠡᠯᠢᠯᠡᠭᠡ ᠵᠢ ᠬᠢᠯᠭᠡᠬᠦ ᠬᠡᠷᠡᠭᠲᠡᠢ᠃
      ᠬᠣᠶᠠᠷ ᠡᠪᠡᠳᠴᠢᠨ᠎ᠢ ᠴᠡᠪᠡᠷᠰᠢᠭᠦᠯᠦᠭᠰᠡᠨ ᠰᠠᠭ᠋ᠠᠯᠢ ᠵᠢᠨ ᠦᠨᠢᠶ᠎ᠡ ᠵᠢᠨ ᠲᠠᠯᠠᠪᠠᠶ᠎ᠨᠢ ᠪᠣᠳᠠᠲᠠᠢ ᠪᠠᠢ᠌ᠳᠠᠯ ᠵᠶ᠋ᠠᠨ ᠦᠨᠳᠦᠰᠦᠯᠡᠨ ᠡᠭᠡᠯᠢᠯᠡᠭᠡ ᠵᠢᠨ ᠦᠬᠡᠷ᠎ᠤᠨ ᠰᠦᠷᠦᠭ᠂ ᠸᠠᠺᠼᠢᠨ᠎ᠤ ᠲᠥᠷᠥᠯ ᠵᠦᠢ᠍ᠯ᠂ ᠡᠭᠡᠯᠢᠯᠡᠭᠡ ᠵᠢᠨ ᠦᠷ᠎ᠡ ᠪᠦᠲᠦᠮᠵᠢ ᠵᠢᠨ ᠦᠨᠡᠯᠡᠯᠲᠡ᠂ ᠡᠭᠡᠯᠢᠯᠡᠭᠡ ᠵᠢᠨ ᠤᠬᠤᠷᠢᠨ ᠭᠠᠷᠬᠤ ᠴᠠᠭ ᠬᠤᠭᠤᠴᠠᠭ᠎ᠠ ᠵᠡᠷᠭᠡ ᠵᠢ ᠪᠠᠭᠲᠠᠭ᠋ᠠᠭᠰᠠᠨ ᠡᠭᠡᠯᠢᠯᠡᠭᠡ ᠵᠢᠨ ᠲᠥᠯᠥᠪᠯᠡᠭᠡ ᠵᠢ ᠨᠠᠷᠢᠨ ᠲᠣᠭᠲᠠᠭ᠋ᠠᠵᠤ᠂ ᠡᠭᠡᠯᠢᠯᠡᠭᠡ ᠵᠢᠨ ᠬᠢᠵᠢᠭ ᠦᠭᠡᠢ ᠣᠷᠣᠨ᠎ᠳᠤ ᠬᠣᠯᠪᠣᠭᠳᠠᠭᠰᠠᠨ ᠭᠠᠵᠠᠷ ᠣᠷᠣᠨ᠎ᠨᠢ ᠰᠡᠷᠭᠡᠢ᠌ᠯᠡᠨ ᠡᠵᠡᠮᠳᠡᠬᠦ ᠡᠷᠴᠢᠮ ᠵᠶ᠋ᠡᠨ ᠴᠢᠩᠭ᠋ᠠᠷᠠᠭᠤᠯᠵᠤ᠂ ᠤᠷᠠᠳ᠎ᠤᠨ ᠨᠤᠲᠤᠭ ᠪᠡᠯᠴᠢᠭᠡᠷ᠎ᠤᠨ ᠡᠭᠡᠯᠢᠯᠡᠭᠡ ᠵᠢᠨ ᠲᠠᠷᠬᠠᠯᠲᠠ ᠦᠭᠡᠢ ᠡᠪᠡᠳᠴᠢᠨ᠎ᠤ ᠣᠷᠣᠨ᠎ᠢ ᠡᠭᠦᠳᠦᠨ ᠪᠠᠶ᠋ᠢᠭᠤᠯᠬᠤ ᠠᠵᠢᠯ᠎ᠢ ᠯᠠᠪᠳᠠᠭᠤᠨ ᠪᠠᠲᠤᠲᠠᠢ᠎ᠪᠠᠷ ᠠᠬᠢᠭᠤᠯᠤᠨ᠎ᠠ᠃
      ᠪᠠᠭᠯᠠᠭᠴᠢ ᠬᠣᠷᠣᠬᠠᠢ ᠵᠢᠨ ᠡᠪᠡᠳᠴᠢᠨ᠄  ᠤᠷᠠᠳ ᠎ᠤᠨ  ᠬᠣᠢ᠌ᠲᠤ  ᠬᠣᠰᠢᠭᠤᠨ ᠎ᠳᠤ  ᠠᠯᠪᠠᠳᠠᠯᠭ᠎ᠠ ᠎ᠪᠠᠷ  ᠴᠠᠷᠤᠯᠲᠠ   ᠬᠢᠯᠭᠡᠬᠦ ᠵᠢ ᠦᠷᠭᠦᠯᠵᠢᠯᠡᠨ   ᠬᠡᠷᠡᠭᠵᠢᠭᠦᠯᠦᠨ᠎ᠡ᠃ ᠬᠤᠨᠢᠨ᠎ᠤ ᠥᠷᠭᠡᠰᠦᠲᠦ ᠪᠥᠮᠪᠥᠭᠡᠯᠢᠭ ᠠᠪᠠᠭ᠋ᠠᠯᠳᠠᠢ ᠡᠪᠡᠳᠴᠢᠨ᠎ᠤ ᠭᠧᠨ᠎ᠤ ᠢᠨᠵᠧᠨᠧᠷᠢᠩ᠎ᠤᠨ ᠳᠡᠳ᠋ ᠨᠢᠭᠡᠴᠢ ᠵᠢᠨ ᠸᠠᠺᠼᠢᠨ᠎ᠢ ᠬᠡᠷᠡᠭᠯᠡᠨ ᠰᠢᠨ᠎ᠡ᠎ᠪᠠᠷ ᠪᠣᠶ ᠪᠣᠯᠤᠭᠰᠠᠨ ᠬᠤᠷᠠᠭ᠎ᠠ᠂ ᠬᠡᠷᠡᠰᠬᠡ ᠨᠥᠬᠥᠬᠦ ᠬᠣᠨᠢ ᠵᠢ ᠠᠩᠬ᠎ᠠ ᠤᠳᠠᠭ᠎ᠠ ᠬᠡᠯᠲᠦᠷᠢᠭᠦᠯᠵᠦ᠂ ᠨᠢᠭᠡ ᠰᠠᠷ᠎ᠠ ᠵᠢᠨ ᠳᠠᠷᠠᠭ᠎ᠠ ᠳᠠᠭᠢᠵᠤ ᠡᠭᠡᠯᠢᠯᠡᠭᠡ ᠵᠢᠨ ᠠᠵᠢᠯᠯᠠᠭ᠎ᠠ ᠬᠢᠯᠭᠡᠨ᠎ᠡ᠃ᠵᠢᠯ ᠪᠦᠷᠢ ᠨᠢᠭᠡ ᠤᠳᠠᠭ᠎ᠠ ᠡᠭᠡᠯᠢᠯᠡᠭᠡ ᠵᠢ ᠴᠢᠩᠭ᠋ᠠᠳᠬᠠᠨ᠎ᠠ᠃
      ᠪᠤᠰᠤᠳ ᠭᠣᠣᠯᠳᠠᠯᠭ᠎ᠠ᠎ᠲᠠᠢ ᠬᠢᠵᠢᠭ ᠡᠪᠡᠳᠴᠢᠨ᠄ ᠭᠠᠬᠠᠢ ᠵᠢᠨ ᠬᠢᠵᠢᠭ᠂ ᠡᠪᠡᠳᠴᠢᠯᠡᠭᠦᠯᠬᠦ ᠴᠢᠨᠠᠷ ᠵᠶ᠋ᠠᠷ ᠴᠢᠩᠭ᠎ᠠ ᠭᠠᠬᠠᠢ ᠵᠢᠨ ᠴᠢᠬᠢ ᠬᠥᠬᠡᠷᠡᠬᠦ ᠡᠪᠡᠳᠴᠢᠨ᠎ᠳᠤ ᠡᠭᠡᠯᠢᠯᠡᠭᠡ ᠵᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠰᠢᠨ᠎ᠡ ᠬᠣᠲᠠ ᠵᠢᠨ ᠬᠢᠵᠢᠭ᠂ ᠪᠤᠳᠤ ᠵᠢᠨ ᠡᠪᠡᠳᠴᠢᠨ᠂ ᠪᠣᠭᠣᠮ᠎ᠠ ᠡᠪᠡᠳᠴᠢᠨ᠂ ᠬᠣᠨᠢᠨ᠎ᠤ ᠲᠦᠷᠭᠡᠨ ᠬᠢᠵᠢᠭ᠂ ᠬᠣᠨᠢᠨ᠎ᠤ ᠭᠡᠳᠡᠰᠦᠨ᠎ᠤ ᠬᠣᠣᠷᠲᠤ ᠴᠢᠰᠤᠨ ᠬᠡᠮ᠂ ᠬᠣᠨᠢᠨ᠎ᠤ ᠴᠣᠴᠢᠮᠠᠭ ᠬᠢᠵᠢᠭ ᠵᠡᠷᠭᠡ ᠡᠪᠡᠳᠴᠢᠨ᠎ᠤ ᠲᠥᠷᠥᠯ᠎ᠳᠤ ᠡᠯ᠎ᠡ ᠭᠠᠵᠠᠷ᠎ᠤᠨ᠎ᠬᠢᠨ ᠰᠡᠷᠭᠡᠢ᠌ᠯᠡᠨ ᠡᠵᠡᠮᠳᠡᠬᠦ ᠬᠡᠷᠡᠭᠴᠡᠭᠡ᠎ᠪᠠᠨ ᠦᠨᠳᠦᠰᠦᠯᠡᠨ᠂ ᠤᠯᠤᠰ᠎ᠤᠨ ᠬᠠᠮᠢᠶ᠎ᠠ ᠪᠦᠬᠦᠢ ᠰᠡᠷᠭᠡᠢ᠌ᠯᠡᠨ ᠵᠠᠰᠠᠬᠤ ᠮᠡᠷᠭᠡᠵᠢᠯ᠎ᠤᠨ ᠵᠢᠷᠤᠮᠵᠢᠯ᠂ ᠰᠡᠷᠭᠡᠢ᠌ᠯᠡᠨ ᠵᠠᠰᠠᠬᠤ ᠵᠢᠯᠤᠭᠣᠳᠬᠤ ᠰᠠᠨᠠᠯ ᠪᠠ ᠥᠪᠡᠷᠲᠡᠭᠡᠨ ᠵᠠᠰᠠᠬᠤ ᠣᠷᠣᠨ᠎ᠤ ᠱᠠᠭ᠋ᠠᠷᠳᠠᠯᠭ᠎ᠠ ᠶᠣᠰᠣᠭ᠋ᠠᠷ ᠡᠭᠡᠯᠢᠯᠡᠭᠡ ᠵᠢ ᠪᠥᠬᠥ ᠲᠠᠯ᠎ᠠ᠎ᠪᠠᠷ ᠬᠡᠷᠡᠭᠵᠢᠭᠦᠯᠦᠨ᠎ᠡ᠃
      ᠭᠠᠯᠵᠠᠭᠤ ᠡᠪᠡᠳᠴᠢᠨ᠄ ᠪᠣᠳᠠᠲᠠᠢ᠎ᠲᠠᠢ᠎ᠪᠠᠨ ᠤᠶᠠᠯᠳᠤᠭᠤᠯᠤᠨ᠂ ᠮᠠᠯᠵᠢᠬᠤ ᠲᠠᠷᠢᠶᠠᠯᠠᠬᠤ ᠣᠷᠣᠨ᠎ᠤ ᠲᠡᠵᠢᠭᠡᠪᠦᠷᠢ ᠵᠢᠨ ᠨᠣᠬᠠᠢ᠂ ᠰᠢᠨ᠎ᠡ ᠬᠠᠭᠤᠴᠢᠨ ᠬᠢᠵᠢᠭᠲᠦ ᠣᠷᠣᠨ ᠵᠢᠴᠢ ᠬᠡᠭᠡᠷ᠎ᠡ ᠵᠢᠨ ᠠᠮᠢᠲᠠᠨ᠎ᠤ ᠠᠵᠢᠯᠯᠠᠭ᠎ᠠ ᠣᠯᠠᠰᠢᠷᠠᠵᠤ ᠪᠠᠢ᠌ᠭ᠎ᠠ ᠵᠡᠷᠭᠡ ᠲᠦᠭᠰᠢᠭᠦᠷᠢ ᠶᠡᠬᠡᠲᠡᠢ ᠣᠷᠣᠨ ᠪᠦᠰᠡ ᠵᠢᠨ ᠸᠠᠺᠼᠢᠨ᠎ᠤ ᠡᠭᠡᠯᠢᠯᠡᠭᠡ ᠵᠢ ᠭᠣᠣᠯᠳᠠᠯᠭ᠎ᠠ᠎ᠲᠠᠢ ᠰᠠᠢ᠌ᠲᠤᠷ ᠬᠢᠨ᠎ᠡ᠃
      ᠦᠬᠡᠷ᠎ᠤᠨ ᠠᠷᠠᠰᠤᠨ᠎ᠤ ᠵᠠᠩᠭᠢᠯᠠᠭ᠋ᠠᠲᠤ ᠡᠪᠡᠳᠴᠢᠨ᠄ ᠬᠠᠪᠤᠷ᠎ᠤᠨ ᠤᠯᠠᠷᠢᠯ᠎ᠤᠨ ᠲᠥᠪᠯᠡᠷᠡᠩᠭᠦᠢ ᠡᠭᠡᠯᠢᠯᠡᠭᠡ᠎ᠲᠠᠢ ᠤᠶᠠᠯᠳᠤᠭᠤᠯᠤᠨ ᠪᠣᠶ ᠪᠦᠬᠦᠢ ᠦᠬᠡᠷ᠎ᠲᠤ ᠢᠮᠠᠭ᠋ᠠᠨ᠎ᠤ ᠪᠤᠳᠤ ᠵᠢᠨ ᠠᠮᠢᠳᠤ ᠸᠠᠺᠼᠢᠨ᠎ᠤ 5 ᠳᠠᠬᠢᠨ᠎ᠤ ᠡᠭᠡᠯᠢᠯᠡᠭᠡ ᠵᠢᠨ ᠡᠮ᠎ᠤᠨ ᠬᠡᠮᠵᠢᠶ᠎ᠡ᠎ᠪᠠᠷ ᠨᠢᠭᠡ ᠤᠳᠠᠭ᠎ᠠ ᠡᠭᠡᠯᠢᠯᠡᠭᠡ ᠵᠢᠨ ᠠᠵᠢᠯᠯᠠᠭ᠎ᠠ ᠬᠢᠨ᠎ᠡ᠃
      ᠭᠤᠷᠪᠠ᠂ ᠪᠣᠳᠠᠲᠠᠢ ᠱᠠᠭ᠋ᠠᠷᠳᠠᠯᠭ᠎ᠠ
      (ᠨᠢᠭᠡ) ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠬᠠᠷᠢᠭᠤᠴᠠᠯᠭ᠋ᠠᠲᠤ ᠦᠵᠡᠯ ᠤᠬᠠᠮᠰᠠᠷ ᠵᠶ᠋ᠠᠨ ᠴᠢᠩᠭ᠋ᠠᠷᠠᠭᠤᠯᠤᠨ᠎ᠠ᠃ ᠠᠮᠢᠲᠠᠨ᠎ᠤ ᠬᠢᠵᠢᠭ᠎ᠢ ᠰᠡᠷᠭᠡᠢ᠌ᠯᠡᠬᠦ ᠠᠵᠢᠯ᠎ᠨᠢ ᠲᠠᠷᠢᠶᠠᠯᠠᠩ ᠮᠠᠯ ᠠᠵᠤ ᠠᠬᠤᠢ ᠵᠢᠨ ᠦᠷ᠎ᠡ ᠠᠰᠢᠭ᠎ᠢ ᠨᠡᠮᠡᠭᠳᠡᠭᠦᠯᠬᠦ᠂ ᠮᠠᠯᠴᠢᠨ ᠲᠠᠷᠢᠶᠠᠴᠢᠨ᠎ᠤ ᠣᠷᠣᠯᠭ᠎ᠠ ᠵᠢ ᠨᠡᠮᠡᠭᠳᠡᠭᠦᠯᠬᠦ ᠵᠠᠩᠭᠢᠯᠠᠭ᠎ᠠ ᠵᠢᠨ ᠭᠣᠭᠴᠣᠭ᠎ᠠ ᠪᠣᠯᠬᠤ᠎ᠪᠠᠷ ᠪᠠᠷᠠᠬᠤ ᠦᠭᠡᠢ᠂ ᠨᠠᠩ ᠴᠤ᠌ ᠮᠠᠯ ᠵᠢᠭᠦᠷᠲᠡᠨ᠎ᠤ ᠪᠦᠲᠦᠭᠡᠭᠳᠡᠬᠦᠨ᠎ᠤ ᠶᠠᠰᠤ ᠴᠢᠨᠠᠷ ᠪᠠ ᠵᠠᠬ᠎ᠠ ᠳᠡᠯᠭᠡᠭᠦᠷ᠎ᠤᠨ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠬᠦ ᠵᠢᠨ ᠴᠢᠬᠤᠯᠠ ᠪᠠᠲᠤᠯᠠᠭ᠎ᠠ ᠮᠥᠨ᠂ ᠠᠮᠢᠲᠠᠨ᠎ᠤ ᠬᠢᠵᠢᠭ᠎ᠢ ᠰᠡᠷᠭᠡᠢ᠌ᠯᠡᠬᠦ ᠠᠵᠢᠯ᠎ᠢ ᠰᠠᠢ᠌ᠲᠤᠷ ᠬᠢᠬᠦ ᠪᠣᠯ ᠡᠯ᠎ᠡ ᠱᠠᠲᠤᠨ᠎ᠤ ᠵᠠᠰᠠᠭ᠎ᠤᠨ ᠣᠷᠳᠣᠨ ᠪᠠ ᠰᠠᠯᠠᠭ᠎ᠠ ᠮᠥᠴᠢᠷ᠎ᠤᠨ ᠬᠠᠮᠲᠤ ᠵᠢᠨ ᠬᠠᠷᠢᠭᠤᠴᠠᠯᠭ᠎ᠠ ᠮᠥᠨ᠃ᠡᠢ᠌ᠮᠦ᠎ᠠᠴᠠ ᠡᠯ᠎ᠡ ᠱᠠᠲᠤᠨ᠎ᠤ ᠵᠠᠰᠠᠭ᠎ᠤᠨ ᠣᠷᠳᠣᠨ ᠵᠢᠴᠢ ᠡᠷᠬᠡ ᠲᠤᠰᠢᠶᠠᠯᠲᠤ ᠰᠠᠯᠠᠭ᠎ᠠ ᠮᠥᠴᠢᠷ᠎ᠤᠳ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠨᠠᠷᠢᠨ ᠨᠢᠮᠪᠠᠢ ᠵᠣᠬᠢᠶᠠᠨ ᠪᠠᠢ᠌ᠭᠤᠯᠵᠤ᠂ 《ᠠᠶᠤᠯ ᠲᠦᠭᠰᠢᠭᠦᠷᠢ ᠵᠢ ᠰᠡᠷᠭᠡᠢ᠌ᠯᠡᠬᠦ᠂ ᠠᠮᠤᠷ ᠲᠦᠪᠰᠢᠨ᠎ᠢ ᠪᠠᠲᠤᠯᠠᠬᠤ᠂ ᠬᠥᠭᠵᠢᠯᠲᠡ ᠵᠢ ᠠᠬᠢᠭᠤᠯᠬᠤ》 ᠠᠵᠢᠯ᠎ᠤᠨ ᠭᠣᠣᠯ ᠱᠤᠭᠤᠮ᠎ᠤᠨ ᠲᠣᠭᠣᠷᠢᠨ᠎ᠳᠤ᠂ ᠠᠮᠢᠳᠠᠨ ᠎ᠤ ᠬᠢᠵᠢᠭ ᠰᠡᠷᠭᠡᠢ᠌ᠯᠡᠬᠦ ᠠᠵᠢᠯ᠎ᠤᠨ ᠵᠠᠰᠠᠭ᠎ᠤᠨ ᠣᠷᠳᠣᠨ᠎ᠤ ᠭᠣᠣᠯ ᠤᠳᠤᠷᠢᠳᠤᠯᠭ᠎ᠠ ᠶᠡᠷᠦᠩᠬᠡᠢ ᠬᠠᠷᠢᠭᠤᠴᠠᠯᠭ᠎ᠠ ᠵᠢ ᠡᠭᠦᠷᠭᠡᠯᠡᠬᠦ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠣᠳᠠᠲᠠᠢ ᠬᠠᠷᠢᠭᠤᠴᠠᠬᠤ ᠬᠠᠷᠢᠭᠤᠴᠠᠯᠭ᠎ᠠ ᠵᠢᠨ ᠳᠦᠷᠢᠮ᠎ᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠤᠨ᠂ 《ᠵᠠᠰᠠᠭ᠎ᠤᠨ ᠣᠷᠳᠣᠨ᠎ᠤ ᠨᠢᠭᠤᠴᠠ ᠵᠢ ᠬᠠᠮᠠᠭ᠋ᠠᠯᠠᠬᠤ᠂ ᠰᠠᠯᠠᠭ᠎ᠠ ᠮᠥᠴᠢᠷ ᠶᠠᠰᠤ ᠴᠢᠨᠠᠷ᠎ᠢ ᠪᠠᠲᠤᠯᠠᠬᠤ》 ᠱᠠᠭ᠋ᠠᠷᠳᠠᠯᠭ᠎ᠠ ᠶᠣᠰᠣᠭ᠋ᠠᠷ᠂ ᠠᠯᠪᠠᠳᠠᠯᠭ᠎ᠠ᠎ᠪᠠᠷ ᠴᠠᠷᠤᠯᠲᠠ ᠬᠢᠯᠭᠡᠬᠦ ᠪᠠ ᠡᠪᠡᠳᠴᠢᠨ᠎ᠤ ᠪᠠᠢ᠌ᠳᠠᠯ᠎ᠠᠴᠠ ᠪᠣᠯᠵᠤ ᠰᠡᠷᠭᠡᠢ᠌ᠯᠡᠬᠦ ᠵᠢ ᠤᠶᠠᠯᠳᠤᠭᠤᠯᠬᠤ᠂ ᠲᠥᠪᠯᠡᠷᠡᠭᠦᠯᠦᠨ ᠴᠠᠷᠤᠯᠲᠠ ᠬᠢᠯᠭᠡᠬᠦ ᠪᠠ ᠡᠳᠦᠷ ᠲᠤᠳᠤᠮ᠎ᠤᠨ ᠨᠥᠬᠥᠵᠦ ᠬᠡᠯᠲᠦᠷᠢᠭᠦᠯᠬᠦ ᠵᠢ ᠤᠶᠠᠯᠳᠤᠭᠤᠯᠬᠤ ᠵᠠᠷᠴᠢᠮ᠎ᠢ ᠪᠠᠷᠢᠮᠲᠠᠯᠠᠨ᠂ ᠠᠮᠢᠳᠠᠨ᠎ᠤ ᠬᠢᠵᠢᠭ ᠡᠪᠡᠳᠴᠢᠨ᠎ᠤ ᠴᠠᠷᠤᠯᠲᠠ ᠬᠢᠬᠦ ᠠᠵᠢᠯ᠎ᠢ ᠴᠢᠨᠠᠷ ᠲᠣᠭ᠎ᠠ ᠬᠡᠮᠵᠢᠶ᠎ᠡ ᠵᠢ ᠪᠠᠲᠤᠯᠠᠨ ᠰᠠᠢ᠌ᠲᠤᠷ ᠬᠢᠵᠦ᠂ ᠠᠮᠢᠳᠠᠨ᠎ᠤ ᠴᠠᠷᠤᠯᠲᠠ ᠬᠢᠬᠦ ᠬᠠᠯᠬᠠᠪᠴᠢ ᠵᠢ ᠪᠡᠬᠢᠵᠢᠭᠦᠯᠦᠨ᠎ᠡ᠃
      (ᠬᠣᠶᠠᠷ) ᠬᠢᠵᠢᠭ ᠰᠡᠷᠭᠡᠢ᠌ᠯᠡᠬᠦ ᠵᠠᠷᠤᠳᠠᠯ᠎ᠢ ᠨᠠᠢ᠌ᠳᠠᠪᠤᠷᠢᠵᠢᠭᠤᠯᠤᠨ᠂ ᠭᠦᠢ᠍ᠴᠡᠳ ᠲᠣᠭ᠎ᠠ᠎ᠪᠠᠷ ᠪᠣᠳᠠᠲᠠᠢ᠌ᠵᠢᠭᠤᠯᠬᠤ ᠵᠢ ᠦᠨᠡᠨᠬᠦ ᠪᠠᠲᠤᠯᠠᠬᠤ ᠬᠡᠷᠡᠭᠲᠡᠢ᠃ ᠡᠯ᠎ᠡ ᠱᠠᠲᠤᠨ᠎ᠤ ᠡᠳ᠋᠎ᠤᠨ ᠵᠠᠰᠠᠭ᠎ᠨᠢ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠮᠢᠲᠠᠨ᠎ᠤ ᠬᠢᠵᠢᠭ᠎ᠢ ᠰᠡᠷᠭᠡᠢ᠌ᠯᠡᠬᠦ ᠬᠠᠤᠯᠢ》 ᠪᠣᠯᠣᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠎ᠤᠨ 《ᠠᠮᠢᠲᠠᠨ᠎ᠤ ᠬᠢᠵᠢᠭ᠎ᠢ ᠰᠡᠷᠭᠡᠢ᠌ᠯᠡᠬᠦ ᠵᠠᠷᠤᠳᠠᠯ᠎ᠢ ᠡᠯ᠎ᠡ ᠱᠠᠲᠤᠨ᠎ᠤ ᠡᠳ᠋᠎ᠤᠨ ᠵᠠᠰᠠᠭ᠎ᠤᠨ ᠲᠥᠰᠥᠪ᠎ᠲᠤ ᠣᠷᠣᠭᠤᠯᠬᠤ ᠲᠤᠬᠠᠢ ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ᠂ ᠠᠮᠢᠲᠠᠨ᠎ᠤ ᠬᠢᠵᠢᠭ᠎ᠢ ᠰᠡᠷᠭᠡᠢ᠌ᠯᠡᠬᠦ ᠲᠤᠰᠬᠠᠢ ᠵᠦᠢ᠍ᠯ᠎ᠤᠨ ᠵᠠᠷᠤᠳᠠᠯ᠎ᠤᠨ ᠰᠢᠨᠵᠢᠯᠡᠬᠦ ᠤᠬᠠᠭ᠋ᠠᠨᠴᠢ᠂ ᠦᠷᠭᠦᠯᠵᠢᠯᠡᠭᠰᠡᠨ ᠣᠷᠣᠭᠤᠯᠤᠯᠲᠠ ᠵᠢᠨ ᠲᠣᠭᠲᠠᠴᠠ ᠵᠢ ᠬᠠᠤᠯᠢ ᠶᠣᠰᠣᠭ᠋ᠠᠷ ᠪᠠᠢ᠌ᠭᠤᠯᠵᠤ᠂ ᠠᠮᠢᠲᠠᠨ᠎ᠤ ᠬᠢᠵᠢᠭ ᠡᠪᠡᠳᠴᠢᠨ᠎ᠢ ᠰᠡᠷᠭᠡᠢ᠌ᠯᠡᠨ ᠬᠢᠵᠠᠭ᠋ᠠᠷᠯᠠᠬᠤ᠎ᠳᠤ ᠬᠡᠷᠡᠭᠰᠡᠬᠦ ᠬᠥᠮᠥᠰ᠎ᠤᠨ ᠴᠠᠯᠢᠩ᠂ ᠠᠵᠢᠯ᠎ᠤᠨ ᠵᠠᠷᠤᠳᠠᠯ ᠵᠢᠴᠢ ᠠᠯᠪᠠᠳᠠᠯᠭ᠎ᠠ᠎ᠪᠠᠷ ᠴᠠᠷᠤᠯᠲᠠ ᠬᠢᠯᠭᠡᠬᠦ᠂ ᠬᠢᠵᠢᠭ᠎ᠤᠨ ᠪᠠᠢ᠌ᠳᠠᠯ᠎ᠢ ᠬᠢᠨᠠᠨ ᠬᠡᠮᠵᠢᠬᠦ᠂ ᠠᠷᠢᠭᠤᠳᠬᠠᠨ ᠢᠷᠡᠯᠲᠡ ᠵᠢ ᠤᠰᠠᠳᠬᠠᠬᠤ᠂ ᠵᠢᠭᠰᠠᠭ᠋ᠠᠨ ᠪᠠᠢ᠌ᠴᠠᠭ᠋ᠠᠵᠤ ᠴᠤᠪᠤᠷᠠᠭᠤᠯᠤᠨ ᠰᠢᠯᠵᠢᠭᠦᠯᠬᠦ᠂ ᠬᠢᠵᠢᠭ᠎ᠤᠨ ᠪᠠᠢ᠌ᠴᠠᠭ᠋ᠠᠯᠲᠠ ᠵᠢᠨ ᠬᠢᠨᠠᠯᠲᠠ ᠬᠠᠮᠢᠶᠠᠷᠤᠯᠲᠠ᠂ ᠡᠪᠡᠳᠴᠢᠨ᠎ᠲᠠᠢ ᠮᠠᠯ᠎ᠢ ᠤᠰᠠᠳᠬᠠᠬᠤ᠂ ᠬᠣᠣᠷ ᠦᠭᠡᠢ ᠪᠣᠯᠭ᠋ᠠᠨ ᠰᠢᠢ᠍ᠳᠪᠦᠷᠢᠯᠡᠬᠦ ᠵᠡᠷᠭᠡ ᠵᠠᠷᠤᠳᠠᠯ᠎ᠢ ᠡᠳ᠋᠎ᠤᠨ ᠵᠠᠰᠠᠭ᠎ᠤᠨ ᠲᠥᠰᠥᠪ᠎ᠲᠤ ᠣᠷᠣᠭᠤᠯᠵᠤ᠂ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢᠨ ᠤᠷᠤᠭᠰᠢᠲᠠᠢ ᠬᠡᠷᠡᠭᠵᠢᠭᠦᠯᠦᠭᠳᠡᠬᠦ ᠵᠢ ᠦᠨᠡᠨᠬᠦ ᠪᠠᠲᠤᠯᠠᠬᠤ ᠬᠡᠷᠡᠭᠲᠡᠢ᠃ᠵᠠᠷᠤᠳᠠᠯ᠎ᠢ ᠴᠠᠭ ᠲᠤᠬᠠᠢ᠎ᠳᠤᠨᠢ ᠰᠠᠯᠭ᠋ᠠᠨ ᠥᠭᠭᠦᠭᠰᠡᠨ ᠦᠭᠡᠢ᠂ ᠪᠣᠳᠠᠲᠠᠢ᠌ᠵᠢᠭᠤᠯᠤᠭᠰᠠᠨ ᠦᠭᠡᠢ ᠵᠡᠷᠭᠡ ᠰᠢᠯᠲᠠᠭ᠋ᠠᠨ ᠎ᠠᠴᠠ ᠪᠣᠯᠵᠤ ᠬᠢᠵᠢᠭ᠎ᠤᠨ ᠪᠠᠢ᠌ᠳᠠᠯ ᠡᠭᠦᠰᠦᠭᠰᠡᠨ ᠪᠠᠢ᠌ᠪᠠᠯ᠂ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠬᠠᠷᠢᠭᠤᠴᠠᠯᠭ᠋ᠠᠲᠠᠨ᠎ᠤ ᠬᠠᠷᠢᠭᠤᠴᠠᠯᠭ᠎ᠠ ᠵᠢ ᠨᠡᠬᠡᠮᠵᠢᠯᠡᠨ᠎ᠡ᠃
      (ᠭᠤᠷᠪᠠ) ᠡᠳ᠋ ᠪᠠᠷᠠᠭ᠎ᠠ ᠵᠢ ᠭᠦᠢ᠍ᠴᠡᠳ ᠨᠥᠭᠡᠴᠡᠯᠡᠵᠦ᠂ ᠡᠭᠡᠯᠢᠯᠡᠭᠡ ᠵᠢᠨ ᠶᠠᠰᠤ ᠴᠢᠨᠠᠷ᠎ᠢ ᠦᠨᠡᠨᠬᠦ ᠪᠠᠲᠤᠯᠠᠨ᠎ᠠ᠃ ᠡᠯ᠎ᠡ ᠭᠠᠵᠠᠷ᠎ᠤᠨ᠎ᠬᠢᠨ ᠬᠠᠷᠢᠶ᠎ᠠ ᠣᠷᠣᠨ᠎ᠤ᠎ᠪᠠᠨ ᠮᠠᠯ ᠵᠢᠭᠦᠷᠲᠡᠨ᠎ᠤ ᠲᠣᠭ᠎ᠠ ᠬᠡᠮᠵᠢᠶ᠎ᠡ ᠵᠢ ᠦᠨᠳᠦᠰᠦᠯᠡᠨ᠂ ᠠᠮᠢᠲᠠᠨ᠎ᠤ ᠬᠢᠵᠢᠭ᠎ᠢ ᠰᠡᠷᠭᠡᠢ᠌ᠯᠡᠬᠦ᠎ᠳᠤ ᠬᠡᠷᠡᠭᠰᠡᠬᠦ ᠡᠯ᠎ᠡ ᠵᠦᠢ᠍ᠯ᠎ᠤᠨ ᠸᠠᠺᠼᠢᠨ᠂ ᠰᠢᠩᠭᠡᠷᠡᠭᠦᠯᠬᠦ ᠰᠢᠩᠭᠡᠨ᠂ ᠣᠨᠣᠰᠢᠯᠠᠬᠤ ᠰᠢᠩᠭᠡᠨ᠂ ᠠᠷᠢᠭᠤᠳᠬᠠᠬᠤ ᠡᠮ᠎ᠤᠨ ᠵᠦᠢ᠍ᠯ᠂ ᠬᠢᠵᠢᠭ᠎ᠢ ᠰᠡᠷᠭᠡᠢ᠌ᠯᠡᠬᠦ ᠪᠠᠭ᠋ᠠᠵᠢ ᠬᠡᠷᠡᠭᠰᠡᠯ᠂ ᠬᠤᠪᠢ ᠬᠥᠮᠥᠨ᠎ᠤ ᠬᠠᠮᠠᠭ᠋ᠠᠯᠠᠯᠲᠠ ᠵᠢᠨ ᠬᠡᠷᠡᠭᠰᠡᠯ ᠵᠡᠷᠭᠡ ᠰᠡᠷᠭᠡᠢ᠌ᠯᠡᠨ ᠡᠵᠡᠮᠳᠡᠬᠦ ᠡᠳ᠋ ᠪᠣᠳᠠᠰ᠎ᠢ ᠭᠦᠢ᠍ᠴᠡᠳ ᠬᠡᠮᠵᠢᠶᠡᠨ᠎ᠤ ᠵᠣᠬᠢᠶᠠᠨ ᠪᠠᠢ᠌ᠭᠤᠯᠤᠯᠲᠠ᠎ᠲᠠᠢ᠎ᠪᠠᠷ ᠰᠢᠯᠵᠢᠭᠦᠯᠦᠨ ᠲᠣᠬᠢᠷᠠᠭᠤᠯᠬᠤ ᠪᠠ ᠨᠥᠭᠡᠴᠡᠯᠡᠵᠦ᠂ ᠬᠢᠵᠢᠭ᠎ᠢ ᠰᠡᠷᠭᠡᠢ᠌ᠯᠡᠬᠦ ᠠᠵᠢᠯ᠎ᠤᠨ ᠤᠷᠤᠭᠰᠢᠲᠠᠢ ᠶᠠᠪᠤᠭᠳᠠᠬᠤ ᠪᠠ ᠪᠠᠴᠢᠮ ᠪᠠᠢ᠌ᠳᠠᠯ᠎ᠢ ᠠᠷᠭ᠋ᠠᠴᠠᠬᠤ ᠬᠡᠷᠡᠭᠴᠡᠭᠡ ᠱᠠᠭ᠋ᠠᠷᠳᠠᠯᠭ᠎ᠠ ᠵᠢ ᠦᠨᠡᠨᠬᠦ ᠪᠠᠲᠤᠯᠠᠬᠤ ᠬᠡᠷᠡᠭᠲᠡᠢ᠃ ᠸᠠᠺᠼᠢᠨ᠎ᠢ ᠭᠥᠯᠢᠶᠡᠨ ᠠᠪᠬᠤ᠂ ᠬᠠᠳᠠᠭ᠋ᠠᠯᠠᠬᠤ᠂ ᠲᠡᠭᠡᠭᠡᠪᠦᠷᠢᠯᠡᠬᠦ᠂ ᠲᠠᠷᠬᠠᠭ᠋ᠠᠬᠤ᠂ ᠬᠡᠷᠡᠭᠯᠡᠬᠦ᠂ ᠬᠡᠷᠡᠭᠯᠡᠭᠡᠨ᠎ᠠᠴᠠ ᠭᠠᠷᠭ᠋ᠠᠬᠤ ᠵᠡᠷᠭᠡ ᠡᠯ᠎ᠡ ᠭᠣᠭᠴᠣᠭ᠎ᠠ ᠵᠢᠨ ᠬᠠᠮᠢᠶᠠᠷᠤᠯᠲᠠ ᠵᠢ ᠵᠢᠷᠤᠮᠵᠢᠭᠤᠯᠵᠤ᠂ ᠰᠢᠯᠵᠢᠭᠦᠯᠦᠨ ᠰᠢᠯᠵᠢᠭᠦᠯᠬᠦ ᠡᠬᠡ ᠲᠠᠩᠰᠠ ᠪᠠᠢ᠌ᠭᠤᠯᠵᠤ᠂ ᠲᠤᠰᠬᠠᠢ ᠬᠥᠮᠥᠨ᠎ᠤ ᠲᠠᠰ ᠳᠠᠷᠠᠭ᠋ᠠᠵᠢᠭᠤᠯᠬᠤ᠂ ᠵᠢᠷᠤᠮᠵᠢᠭᠤᠯᠤᠨ ᠬᠠᠮᠢᠶᠠᠷᠬᠤ ᠵᠢ ᠬᠡᠷᠡᠭᠵᠢᠭᠦᠯᠦᠨ᠎ᠡ᠃
      (ᠳᠥᠷᠪᠡ) ᠵᠡᠷᠭᠡᠪᠡᠷ ᠠᠷᠢᠭᠤᠳᠬᠠᠨ ᠡᠬᠢ ᠰᠤᠷᠪᠤᠯᠵᠢ ᠵᠢ᠎ᠨᠢ ᠤᠰᠠᠳᠬᠠᠵᠤ᠂ ᠪᠥᠬᠥ ᠲᠠᠯ᠎ᠠ᠎ᠪᠠᠷ ᠰᠢᠯᠵᠢᠭᠦᠯᠦᠨ ᠵᠢᠭᠰᠠᠭ᠋ᠠᠨ ᠪᠠᠢ᠌ᠴᠠᠭ᠋ᠠᠨ᠎ᠠ᠃ ᠲᠥᠪᠯᠡᠷᠡᠩᠭᠦᠢ ᠡᠭᠡᠯᠢᠯᠡᠭᠡ ᠵᠢᠨ ᠶᠠᠪᠤᠴᠠ᠎ᠳᠤ ᠮᠠᠯ ᠵᠢᠭᠦᠷᠲᠡᠨ ᠲᠡᠵᠢᠭᠡᠨ ᠠᠷᠠᠴᠢᠯᠠᠬᠤ ᠲᠠᠯᠠᠪᠠᠶ ᠭᠠᠵᠠᠷ ᠵᠡᠷᠭᠡ ᠭᠣᠣᠯᠳᠠᠯᠭ᠎ᠠ᠎ᠲᠠᠢ ᠣᠷᠣᠨ ᠪᠦᠰᠡ᠎ᠳᠤ ᠰᠡᠷᠭᠡᠢ᠌ᠯᠡᠬᠦ ᠴᠢᠨᠠᠷᠲᠠᠢ ᠠᠷᠢᠭᠤᠳᠬᠠᠯ᠎ᠤᠨ ᠢᠷᠡᠯᠲᠡ ᠵᠢ ᠤᠰᠠᠳᠬᠠᠬᠤ ᠵᠢ ᠵᠡᠷᠭᠡ᠎ᠳᠤᠨᠢ ᠥᠷᠨᠢᠭᠦᠯᠵᠦ᠂ ᠪᠷᠦ᠋ᠼᠧᠯ ᠡᠪᠡᠳᠴᠢᠨ᠂ ᠠᠹᠷᠢᠺᠠ ᠲᠢᠪ᠎ᠤᠨ ᠭᠠᠬᠠᠢ ᠵᠢᠨ ᠬᠢᠵᠢᠭ ᠵᠡᠷᠭᠡ ᠬᠢᠵᠢᠭ ᠡᠪᠡᠳᠴᠢᠨ᠎ᠳᠤ ᠲᠣᠮᠣ ᠳᠤᠮᠳᠠ ᠬᠡᠯᠪᠡᠷᠢ ᠵᠢᠨ ᠠᠷᠢᠭᠤᠳᠬᠠᠬᠤ ᠮᠠᠰᠢᠨ᠎ᠢ ᠠᠰᠢᠭᠯᠠᠨ ᠲᠤᠰᠬᠠᠢ ᠵᠦᠢ᠍ᠯ ᠵᠶ᠋ᠡᠷ ᠠᠷᠢᠭᠤᠳᠬᠠᠵᠤ᠂ ᠠᠷᠢᠭᠤᠳᠬᠠᠬᠤ ᠦᠷ᠎ᠡ ᠪᠦᠲᠦᠮᠵᠢ ᠵᠢ ᠦᠨᠡᠨᠬᠦ ᠪᠠᠲᠤᠯᠠᠵᠤ᠂ ᠬᠢᠵᠢᠭ᠎ᠤᠨ ᠳᠠᠯᠳᠠ ᠬᠡᠮ᠎ᠢ ᠠᠷᠢᠯᠭ᠋ᠠᠬᠤ ᠬᠡᠷᠡᠭᠲᠡᠢ᠃ ᠠᠹᠷᠢᠺᠠ ᠲᠢᠪ᠎ᠤᠨ ᠭᠠᠬᠠᠢ ᠵᠢᠨ ᠬᠢᠵᠢᠭ᠂ ᠵᠢᠭᠦᠷᠲᠡᠨ᠎ᠤ ᠲᠠᠬᠤᠯ ᠲᠠᠭᠰᠢᠭᠤᠷ᠂ ᠰᠢᠯᠦᠬᠡᠢ ᠡᠪᠡᠳᠴᠢᠨ᠂ ᠬᠡᠪᠢᠬᠦ ᠵᠢᠵᠢᠭ ᠮᠠᠯ᠎ᠤᠨ ᠬᠢᠵᠢᠭ᠂ ᠪᠷᠦ᠋ᠼᠧᠯ ᠡᠪᠡᠳᠴᠢᠨ᠂ ᠪᠠᠭᠯᠠᠭᠴᠢ ᠬᠣᠷᠤᠬᠠᠢ᠌ᠲᠤ ᠡᠪᠡᠳᠴᠢᠨ᠂ ᠦᠬᠡᠷ᠎ᠤᠨ ᠵᠠᠩᠭᠢᠯᠠᠭ᠋ᠠᠲᠤ ᠴᠢᠨᠠᠷᠲᠠᠢ ᠠᠷᠠᠰᠤᠨ᠎ᠤ ᠡᠪᠡᠳᠴᠢᠨ ᠵᠡᠷᠭᠡ ᠭᠣᠣᠯᠳᠠᠯᠭ᠎ᠠ᠎ᠲᠠᠢ ᠠᠮᠢᠲᠠᠨ᠎ᠤ ᠬᠢᠵᠢᠭ ᠡᠪᠡᠳᠴᠢᠨ᠎ᠤ ᠲᠠᠬᠤᠯ ᠡᠪᠡᠳᠴᠢᠨ᠎ᠤ ᠰᠤᠳᠤᠯᠤᠯ᠎ᠤᠨ ᠪᠠᠢ᠌ᠴᠠᠭ᠋ᠠᠯᠲᠠ ᠵᠢ ᠦᠨᠡᠨ ᠬᠦ᠌ ᠰᠠᠢ᠌ᠲᠤᠷ ᠠᠳᠬᠤᠬᠤ ᠵᠢᠨ ᠬᠠᠮᠲᠤ ᠪᠣᠭᠣᠮ᠎ᠠ ᠡᠪᠡᠳᠴᠢᠨ᠂ ᠭᠠᠯᠵᠠᠭᠤ ᠡᠪᠡᠳᠴᠢᠨ᠂ ᠦᠬᠡᠷ᠎ᠤᠨ ᠭᠠᠯᠵᠠᠭᠤ ᠡᠪᠡᠳᠴᠢᠨ ᠵᠡᠷᠭᠡ ᠬᠥᠮᠥᠨ ᠮᠠᠯ᠎ᠳᠤ ᠬᠠᠮᠲᠤ᠎ᠪᠠᠷ ᠨᠡᠷᠪᠡᠭᠳᠡᠬᠦ ᠡᠪᠡᠳᠴᠢᠨ ᠪᠠ ᠭᠠᠳᠠᠨ᠎ᠠ᠎ᠠᠴᠠ ᠢᠷᠡᠭᠰᠡᠨ  ᠠᠮᠢᠲᠠᠨ ᠎ᠤ   ᠬᠢᠵᠢᠭ  ᠡᠪᠡᠳᠴᠢᠨ ᠎ᠤ  ᠲᠠᠬᠤᠯ   ᠡᠪᠡᠳᠴᠢᠨ ᠎ᠤ   ᠰᠤᠳᠤᠯᠤᠯ ᠎ᠤᠨ  ᠪᠠᠢ᠌ᠴᠠᠭ᠋ᠠᠯᠲᠠ ᠵᠢ  ᠴᠢᠩᠭ᠋ᠠᠳᠬᠠᠵᠤ᠂ ᠬᠢᠵᠢᠭ᠎ᠤᠨ ᠪᠠᠢ᠌ᠳᠠᠯ᠎ᠤᠨ ᠪᠠᠢ᠌ᠳᠠᠯ᠎ᠢ ᠴᠠᠭ ᠲᠤᠬᠠᠢ᠎ᠳᠤᠨᠢ ᠡᠵᠡᠮᠰᠢᠵᠦ᠂ ᠳᠡᠯᠭᠡᠷᠡᠬᠦ ᠠᠶᠤᠯ ᠲᠦᠭᠰᠢᠭᠦᠷᠢ ᠵᠢᠨ ᠦᠨᠡᠯᠡᠨ ᠵᠢᠱ᠌ᠢᠯᠲᠡ ᠵᠢ ᠰᠠᠢ᠌ᠲᠤᠷ ᠬᠢᠬᠦ ᠬᠡᠷᠡᠭᠲᠡᠢ᠃
      (ᠲᠠᠪᠤ) ᠡᠭᠡᠯᠢᠯᠡᠭᠡ ᠵᠢᠨ ᠲᠠᠩᠰᠠ ᠡᠪᠬᠡᠮᠡᠯ᠎ᠢ ᠵᠢᠷᠤᠮᠵᠢᠭᠤᠯᠵᠤ᠂ ᠴᠠᠭ᠎ᠲᠤᠨᠢ ᠲᠣᠬᠢᠷᠠᠭᠤᠯᠤᠨ ᠬᠢᠨᠠᠨ ᠬᠡᠮᠵᠢᠵᠦ ᠦᠨᠡᠯᠡᠨ᠎ᠡ᠃ ᠠᠮᠢᠲᠠᠨ ᠲᠡᠵᠢᠭᠡᠬᠦ ᠨᠢᠭᠡᠴᠢ ᠪᠠ ᠬᠤᠪᠢ ᠬᠥᠮᠥᠨ (ᠲᠡᠵᠢᠭᠡᠨ ᠦᠷᠡᠵᠢᠭᠦᠯᠬᠦ ᠲᠠᠯᠠᠪᠠᠶ ᠡᠷᠦᠬᠡ) ᠪᠣᠯ ᠠᠯᠪᠠᠳᠠᠯᠭ᠎ᠠ ᠵᠢᠨ ᠡᠭᠡᠯᠢᠯᠡᠭᠡ ᠵᠢᠨ ᠭᠣᠣᠯ ᠴᠣᠭᠴᠠ ᠪᠣᠯᠣᠨ᠎ᠠ᠃ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠮᠢᠲᠠᠨ᠎ᠤ ᠬᠢᠵᠢᠭ᠎ᠢ ᠰᠡᠷᠭᠡᠢ᠌ᠯᠡᠬᠦ ᠬᠠᠤᠯᠢ》 ᠵᠢ ᠦᠨᠳᠦᠰᠦᠯᠡᠨ ᠠᠯᠪᠠᠳᠠᠯᠭ᠎ᠠ᠎ᠪᠠᠷ ᠥᠯᠥ ᠬᠠᠯᠳᠠᠭ᠋ᠠᠬᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠡᠭᠦᠷᠭᠡᠯᠡᠵᠦ᠂ ᠠᠯᠪᠠᠳᠠᠯᠭ᠎ᠠ᠎ᠪᠠᠷ ᠡᠭᠡᠯᠢᠯᠡᠭᠡ ᠵᠢᠨ ᠡᠭᠦᠷᠭᠡ᠎ᠪᠠᠨ ᠦᠨᠡᠨᠬᠦ ᠭᠦᠢ᠍ᠴᠡᠳᠬᠡᠵᠦ᠂ ᠪᠡᠶ᠎ᠡ᠎ᠪᠠᠨ ᠳᠠᠭ᠋ᠠᠭ᠋ᠠᠨ ᠡᠭᠡᠯᠢᠯᠡᠭᠡ ᠵᠢᠨ ᠲᠠᠷᠢᠯᠭ᠎ᠠ᠂ ᠮᠠᠯ ᠵᠢᠭᠦᠷᠲᠡᠨ᠎ᠤ ᠡᠭᠡᠯᠢᠯᠡᠭᠡ ᠵᠢ ᠬᠡᠷᠡᠭᠵᠢᠭᠦᠯᠦᠭᠰᠡᠨ᠎ᠤ ᠳᠠᠷᠠᠭ᠎ᠠ᠂ ᠬᠢᠵᠢᠭ ᠰᠡᠷᠭᠡᠢ᠌ᠯᠡᠭᠴᠢ᠎ᠠᠴᠠ ᠲᠡᠵᠢᠭᠡᠨ ᠦᠷᠡᠵᠢᠭᠦᠯᠬᠦ ᠲᠠᠯᠠᠪᠠᠶ (ᠡᠷᠦᠬᠡ) ᠵᠢ ᠵᠢᠯᠣᠭᠣᠳᠤᠨ ᠬᠠᠪᠰᠤᠷᠴᠤ ᠪᠠᠢ᠌ᠭ᠋ᠠᠳ ᠠᠮᠢᠲᠠᠨ᠎ᠤ ᠡᠭᠡᠯᠢᠯᠡᠭᠡ ᠵᠢᠨ ᠲᠠᠩᠰᠠ ᠡᠪᠬᠡᠮᠡᠯ᠎ᠢ ᠵᠢᠷᠤᠮᠵᠢᠭᠤᠯᠤᠨ ᠲᠠᠭᠯᠠᠵᠤ᠂ ᠲᠡᠵᠢᠭᠡᠨ ᠦᠷᠡᠵᠢᠭᠦᠯᠬᠦ ᠲᠠᠯᠠᠪᠠᠶ (ᠡᠷᠦᠬᠡ) ᠵᠢᠨ ᠡᠭᠡᠯᠢᠯᠡᠭᠡ ᠵᠢᠨ᠂ ᠠᠷᠢᠭᠤᠳᠬᠠᠯ᠂ ᠨᠥᠬᠥᠵᠦ ᠬᠡᠯᠲᠦᠷᠢᠭᠦᠯᠬᠦ ᠵᠡᠷᠭᠡ ᠪᠠᠢ᠌ᠳᠠᠯ᠎ᠢ ᠣᠨᠣᠪᠴᠢᠲᠠᠶ᠂ ᠨᠠᠷᠢᠨ ᠪᠣᠳᠠᠲᠠᠢ᠎ᠪᠠᠷ ᠲᠡᠮᠳᠡᠭᠯᠡᠵᠦ᠂ ᠣᠷᠣᠮ᠎ᠤᠨ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠭᠡᠯᠢᠯᠡᠭᠡ ᠵᠢᠨ ᠦᠷ᠎ᠡ ᠪᠦᠲᠦᠮᠵᠢ ᠵᠢ ᠬᠢᠨᠠᠨ ᠬᠡᠮᠵᠢᠬᠦ ᠪᠠ ᠦᠨᠡᠯᠡᠬᠦ ᠵᠢ ᠴᠠᠭ᠎ᠲᠤᠨᠢ ᠲᠣᠬᠢᠷᠠᠭᠤᠯᠤᠨ ᠥᠷᠨᠢᠭᠦᠯᠵᠦ᠂ ᠮᠠᠯ ᠵᠢᠭᠦᠷᠲᠡᠨ᠎ᠤ ᠡᠭᠡᠯᠢᠯᠡᠭᠡ ᠵᠢᠨ ᠡᠰᠡᠷᠭᠦᠴᠡᠭᠴᠢ ᠵᠢᠨ ᠬᠢᠷᠢ ᠲᠡᠩᠴᠡᠭᠰᠡᠨ ᠨᠣᠷᠮ᠎ᠠ᠎ᠨᠢ ᠤᠯᠤᠰ᠎ᠤᠨ ᠲᠣᠭᠲᠠᠭ᠋ᠠᠯ᠎ᠤᠨ 70% ᠎ᠠᠴᠠ ᠳᠡᠭᠡᠭᠰᠢ᠎ᠳᠤ ᠬᠦᠷᠦᠭᠰᠡᠨ ᠦᠭᠡᠢ ᠪᠠᠢ᠌ᠪᠠᠯ᠂ ᠴᠠᠭ ᠲᠤᠬᠠᠢ᠎ᠳᠤᠨᠢ ᠡᠭᠡᠯᠢᠯᠡᠭᠡ ᠵᠢ ᠴᠢᠩᠭ᠋ᠠᠳᠬᠠᠵᠤ᠂ ᠠᠰᠠᠭᠤᠳᠠᠯ᠎ᠤᠨ ᠦᠨᠳᠦᠰᠦ ᠰᠤᠷᠪᠤᠯᠵᠢ ᠵᠢ ᠡᠷᠢᠵᠦ᠂ ᠡᠭᠡᠯᠢᠯᠡᠭᠡ ᠵᠢᠨ ᠬᠡᠮ ᠰᠣᠭᠣᠭ᠎ᠢ ᠠᠷᠢᠯᠭ᠋ᠠᠬᠤ ᠬᠡᠷᠡᠭᠲᠡᠢ᠃
      (ᠵᠢᠷᠭᠤᠭ᠎ᠠ) ᠥᠷᠭᠡᠨ ᠵᠶ᠋ᠡᠷ ᠤᠬᠠᠭᠤᠯᠤᠨ ᠳᠠᠶ᠋ᠢᠴᠢᠯᠠᠵᠤ᠂ ᠮᠡᠷᠭᠡᠵᠢᠯ ᠴᠢᠳᠠᠪᠤᠷᠢ ᠵᠢᠨ ᠵᠢᠯᠣᠭᠣᠳᠤᠯᠭ᠎ᠠ ᠵᠢ ᠴᠢᠩᠭ᠋ᠠᠷᠠᠭᠤᠯᠤᠨ᠎ᠠ᠃ ᠲᠧᠯᠸᠢᠰ᠂ ᠷᠠᠳᠢᠣ᠋ ᠬᠣᠷᠢᠶ᠎ᠠ᠂ ᠸᠢᠴᠠᠲ᠂ ᠰᠦᠯᠵᠢᠶᠡᠨ ᠥᠷᠲᠡᠭᠡ ᠵᠡᠷᠭᠡ ᠵᠠᠭᠤᠴᠢᠯᠠᠭᠤᠷ ᠵᠶ᠋ᠠᠷ ᠳᠠᠮᠵᠢᠭᠤᠯᠤᠨ ᠠᠮᠢᠲᠠᠨ᠎ᠤ ᠬᠢᠵᠢᠭ᠎ᠢ ᠰᠡᠷᠭᠡᠢ᠌ᠯᠡᠬᠦ ᠣᠯᠠᠨ ᠲᠠᠯ᠎ᠠ ᠵᠢᠨ᠂ ᠭᠦᠨ ᠲᠠᠰ ᠳᠠᠪᠬᠤᠷᠭ᠎ᠠ ᠵᠢᠨ ᠤᠬᠠᠭᠤᠯᠭ᠎ᠠ ᠵᠢᠨ ᠠᠵᠢᠯ᠎ᠢ ᠥᠷᠨᠢᠭᠦᠯᠵᠦ᠂   ᠡᠯ᠎ᠡ   ᠱᠠᠲᠤᠨ ᠎ᠤ  ᠲᠤᠬᠠᠢ᠌ᠯᠠᠭᠰᠠᠨ   ᠠᠵᠢᠯ ᠎ᠤᠨ ᠰᠠᠯᠠᠭ᠎ᠠ  ᠮᠥᠴᠢᠷ ᠎ᠤᠳ  ᠤᠬᠠᠭᠤᠯᠭ᠎ᠠ ᠵᠢᠨ  ᠬᠠᠭᠤᠳᠠᠰᠤ᠂ ᠰᠡᠷᠭᠡᠢ᠌ᠯᠡᠨ ᠡᠵᠡᠮᠳᠡᠬᠦ ᠮᠡᠷᠭᠡᠵᠢᠯ᠎ᠤᠨ ᠭᠠᠷ ᠳᠡᠪᠲᠡᠷ ᠵᠢᠴᠢ ᠰᠡᠷᠭᠡᠢ᠌ᠯᠡᠨ ᠡᠵᠡᠮᠳᠡᠬᠦ ᠮᠡᠳᠡᠯᠭᠡ ᠵᠢ ᠳᠠᠷᠤᠮᠠᠯᠯᠠᠭᠰᠠᠨ ᠠᠷᠠᠳ ᠣᠯᠠᠨ᠎ᠤ ᠦᠵᠡᠵᠦ ᠰᠣᠨᠢᠷᠬᠠᠬᠤ ᠳᠤᠷᠠᠲᠠᠢ ᠠᠮᠢᠳᠤᠷᠠᠯ᠎ᠤᠨ ᠬᠡᠷᠡᠭᠰᠡᠯ᠎ᠢ ᠲᠠᠷᠬᠠᠭ᠋ᠠᠵᠤ᠂ ᠮᠡᠳᠡᠬᠦ ᠬᠥᠮᠥᠰ᠎ᠤᠨ ᠬᠠᠮᠤᠷᠬᠤ ᠬᠡᠪᠴᠢᠶ᠎ᠡ ᠵᠢ ᠥᠷᠭᠡᠳᠬᠡᠨ᠂ ᠲᠡᠵᠢᠭᠡᠨ ᠦᠷᠡᠵᠢᠭᠦᠯᠦᠭᠴᠢᠳ᠎ᠤᠨ ᠡᠪᠡᠳᠴᠢᠨ᠎ᠢ ᠰᠡᠷᠭᠡᠢ᠌ᠯᠡᠵᠦ ᠡᠪᠡᠳᠴᠢᠨ᠎ᠢ ᠤᠰᠠᠳᠬᠠᠬᠤ ᠦᠵᠡᠯ ᠤᠬᠠᠮᠰᠠᠷ᠎ᠢ ᠳᠡᠭᠡᠭᠰᠢᠯᠡᠭᠦᠯᠵᠦ᠂ ᠣᠯᠠᠨ ᠵᠶ᠋ᠠᠷ ᠵᠶ᠋ᠠᠨ ᠰᠡᠷᠭᠡᠢ᠌ᠯᠡᠨ ᠡᠵᠡᠮᠳᠡᠬᠦ ᠠᠭᠤᠷ ᠠᠮᠢᠰᠬᠤᠯ᠎ᠢ ᠪᠣᠶ ᠪᠣᠯᠭ᠋ᠠᠬᠤ ᠬᠡᠷᠡᠭᠲᠡᠢ᠃ ᠡᠭᠡᠯᠢᠯᠡᠭᠡ᠎ᠠᠴᠠ ᠡᠮᠦᠨ᠎ᠡ ᠦᠨᠳᠦᠰᠦᠨ ᠱᠠᠲᠤᠨ᠎ᠤ ᠠᠮᠢᠲᠠᠨ᠎ᠤ ᠬᠢᠵᠢᠭ᠎ᠢ ᠰᠡᠷᠭᠡᠢ᠌ᠯᠡᠭᠴᠢ ᠵᠢᠨ ᠠᠵᠢᠯᠯᠠᠬᠤ ᠮᠡᠷᠭᠡᠵᠢᠯ ᠪᠠ ᠥᠪᠡᠷ᠎ᠢ᠎ᠪᠠᠨ ᠬᠠᠮᠠᠭ᠋ᠠᠯᠠᠬᠤ ᠮᠡᠳᠡᠯᠭᠡ ᠵᠢᠨ ᠪᠣᠯᠪᠠᠰᠤᠷᠠᠭᠤᠯᠤᠯ᠎ᠢ ᠵᠣᠬᠢᠶᠠᠨ ᠪᠠᠢ᠌ᠭᠤᠯᠤᠨ ᠥᠷᠨᠢᠭᠦᠯᠵᠦ᠂ ᠬᠢᠵᠢᠭ᠎ᠢ ᠰᠡᠷᠭᠡᠢ᠌ᠯᠡᠬᠦ ᠮᠡᠷᠭᠡᠵᠢᠯ᠎ᠤᠨ ᠬᠢᠷᠢ ᠬᠡᠮᠵᠢᠶ᠎ᠡ ᠪᠠ ᠪᠣᠳᠠᠲᠠᠢ ᠠᠵᠢᠯᠯᠠᠬᠤ ᠴᠢᠳᠠᠪᠤᠷᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠂ ᠸᠠᠺᠼᠢᠨ᠎ᠢ ᠵᠢᠷᠤᠮᠵᠢᠭᠤᠯᠤᠨ ᠵᠦᠢ ᠵᠣᠬᠢᠰᠲᠠᠢ ᠬᠡᠷᠡᠭᠯᠡᠵᠦ᠂ ᠸᠠᠺᠼᠢᠨ᠎ᠢ ᠪᠦᠷᠢᠯᠭᠡᠨ ᠰᠦᠢ᠍ᠳᠬᠡᠬᠦ ᠦᠵᠡᠭᠳᠡᠯ᠎ᠢ ᠲᠠᠰᠤ ᠬᠣᠷᠢᠭᠯᠠᠵᠤ᠂ ᠲᠣᠰ ᠪᠡᠶ᠎ᠡ ᠪᠠ ᠪᠤᠰᠤᠳ ᠬᠥᠮᠥᠨ᠎ᠤ ᠠᠮᠤᠷ ᠲᠦᠪᠰᠢᠨ᠎ᠢ ᠦᠨᠡᠨᠬᠦ ᠪᠠᠲᠤᠯᠠᠬᠤ ᠬᠡᠷᠡᠭᠲᠡᠢ᠃
      (ᠳᠣᠯᠣᠭ᠎ᠠ) ᠲᠣᠭ᠎ᠠ ᠪᠠᠷᠢᠮᠲᠠ ᠵᠢ ᠣᠨᠣᠪᠴᠢᠲᠠᠶ ᠡᠵᠡᠮᠰᠢᠵᠦ᠂ ᠮᠡᠳᠡᠭᠡ ᠵᠠᠩᠭᠢ ᠵᠢ ᠴᠠᠭ ᠲᠤᠬᠠᠢ᠎ᠳᠤᠨᠢ ᠳᠡᠭᠡᠭᠰᠢ ᠮᠡᠳᠡᠭᠦᠯᠬᠦ ᠬᠡᠷᠡᠭᠲᠡᠢ᠃ ᠠᠮᠢᠲᠠᠨ᠎ᠤ ᠬᠦᠨᠳᠦ ᠶᠡᠬᠡ ᠬᠢᠵᠢᠭ ᠡᠪᠡᠳᠴᠢᠨ᠎ᠳᠤ ᠲᠥᠪᠯᠡᠷᠡᠭᠦᠯᠦᠨ ᠥᠯᠥ ᠬᠠᠯᠳᠠᠭ᠋ᠠᠬᠤ ᠠᠵᠢᠯ᠎ᠤᠨ ᠬᠣᠯᠪᠣᠭᠳᠠᠯ ᠪᠦᠬᠦᠢ ᠮᠡᠳᠡᠭᠡ ᠵᠠᠩᠭᠢ ᠵᠢ ᠮᠡᠳᠡᠭᠦᠯᠦᠨ ᠬᠦᠷᠭᠡᠬᠦ ᠥᠪᠡᠷᠲᠡᠭᠡᠨ ᠵᠠᠰᠠᠬᠤ ᠣᠷᠣᠨ᠎ᠤ ᠱᠠᠭ᠋ᠠᠷᠳᠠᠯᠭ᠎ᠠ ᠶᠣᠰᠣᠭ᠋ᠠᠷ᠂ ᠠᠮᠢᠲᠠᠨ᠎ᠳᠤ ᠲᠥᠪᠯᠡᠷᠡᠭᠦᠯᠦᠨ ᠥᠯᠥ ᠬᠠᠯᠳᠠᠭ᠋ᠠᠬᠤ ᠠᠬᠢᠴᠠ᠎ᠳᠤ ᠭᠠᠷᠠᠭ᠎ᠤᠨ ᠮᠡᠳᠡᠭᠦᠯᠬᠦ ᠳᠦᠷᠢᠮ᠎ᠢ ᠬᠡᠷᠡᠭᠵᠢᠭᠦᠯᠵᠦ᠂ ᠡᠯ᠎ᠡ ᠭᠠᠵᠠᠷ᠎ᠤᠨ᠎ᠬᠢᠨ ᠲᠤᠰᠬᠠᠢ ᠬᠥᠮᠥᠨ ᠵᠶ᠋ᠡᠷ ᠥᠯᠥ ᠬᠠᠯᠳᠠᠭ᠋ᠠᠬᠤ ᠮᠡᠳᠡᠭᠡ ᠵᠠᠩᠭᠢ ᠵᠢ ᠴᠤᠭᠯᠠᠭᠤᠯᠤᠨ ᠪᠦᠷᠢᠳᠬᠡᠬᠦ ᠠᠵᠢᠯ᠎ᠢ ᠬᠠᠷᠢᠭᠤᠴᠠᠭᠤᠯᠵᠤ᠂ ᠴᠠᠭ ᠲᠤᠬᠠᠢ᠎ᠳᠤᠨᠢ ᠱᠠᠭ᠋ᠠᠷᠳᠠᠯᠭ᠎ᠠ ᠶᠣᠰᠣᠭ᠋ᠠᠷ ᠮᠡᠳᠡᠭᠡ ᠵᠠᠩᠭᠢ ᠵᠢ ᠬᠤᠷᠢᠶᠠᠩᠭᠤᠢ᠌ᠯᠠᠨ ᠳᠡᠭᠡᠭᠰᠢ ᠮᠡᠳᠡᠭᠦᠯᠵᠦ᠂ ᠲᠣᠭ᠎ᠠ ᠪᠠᠷᠢᠮᠲᠠ ᠵᠢᠨ ᠦᠨᠡᠨ ᠪᠣᠳᠠᠲᠤ ᠴᠢᠨᠠᠷ ᠪᠠ ᠣᠨᠣᠪᠴᠢᠲᠤ ᠴᠢᠨᠠᠷ᠎ᠢ ᠦᠨᠡᠨᠬᠦ ᠪᠠᠲᠤᠯᠠᠬᠤ ᠬᠡᠷᠡᠭᠲᠡᠢ᠃
      (ᠨᠠᠢ᠍ᠮᠠ) ᠤᠬᠠᠭᠤᠯᠵᠤ ᠬᠥᠲᠥᠯᠥᠨ ᠵᠢᠯᠤᠭᠣᠳᠬᠤ ᠵᠢ ᠴᠢᠩᠭ᠋ᠠᠳᠬᠠᠵᠤ᠂ ᠰᠢᠨ᠎ᠡ ᠵᠢ ᠡᠭᠦᠳᠬᠦ ᠦᠢ᠍ᠯᠡᠴᠢᠯᠡᠭᠡ ᠵᠢ ᠠᠬᠢᠭᠤᠯᠤᠨ᠎ᠠ᠃ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ 《ᠠᠮᠢᠲᠠᠨ᠎ᠤ ᠬᠢᠵᠢᠭ ᠡᠪᠡᠳᠴᠢᠨ᠎ᠳᠤ ᠠᠯᠪᠠᠳᠠᠯᠭ᠎ᠠ᠎ᠪᠠᠷ ᠡᠭᠡᠯᠢᠯᠡᠭᠡ ᠵᠢᠨ ᠨᠥᠬᠥᠪᠦᠷᠢ ᠥᠭᠬᠦ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠢ ᠠᠬᠢᠭᠤᠯᠬᠤ ᠲᠤᠬᠠᠢ ᠮᠡᠳᠡᠭᠳᠡᠯ》 (ᠲᠠᠷᠢᠶᠠᠯᠠᠩ ᠡᠷᠭᠢᠯᠡᠭᠰᠡᠨ ᠮᠠᠯ ᠠᠵᠤ ᠠᠬᠤᠢ [2020] 53 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ ᠡᠮᠦᠨᠡᠬᠢ ᠬᠤᠭᠤᠴᠠᠭ᠋ᠠᠨ᠎ᠤ ᠤᠬᠠᠭᠤᠯᠵᠤ ᠬᠥᠲᠥᠯᠥᠨ ᠵᠢᠯᠣᠭᠣᠳᠤᠭᠰᠠᠨ ᠰᠠᠭᠤᠷᠢᠨ ᠳᠡᠭᠡᠷ᠎ᠡ᠂ ᠨᠥᠬᠥᠴᠡᠯ᠎ᠳᠤ ᠨᠡᠢ᠌ᠴᠡᠬᠦ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ᠎ᠳᠤ 《ᠤᠷᠢᠳᠠᠪᠠᠷ ᠴᠣᠬᠢᠯᠲᠠ ᠥᠭᠴᠦ ᠳᠠᠷᠠᠭ᠎ᠠ᠎ᠨᠢ ᠨᠥᠬᠥᠪᠦᠷᠢᠯᠡᠬᠦ》 ᠵᠢ ᠬᠡᠷᠡᠭᠵᠢᠭᠦᠯᠬᠦ ᠵᠢ ᠢᠳᠡᠪᠬᠢᠲᠡᠢ᠎ᠪᠠᠷ ᠠᠬᠢᠭᠤᠯᠵᠤ᠂ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ ᠵᠢᠨ ᠡᠵᠡᠨ ᠮᠡᠳᠡᠵᠦ ᠬᠤᠳᠠᠯᠳᠤᠨ ᠠᠪᠬᠤ᠂ ᠡᠳ᠋᠎ᠤᠨ ᠵᠠᠰᠠᠭ ᠎ᠠᠴᠠ ᠰᠢᠭᠤᠳ ᠨᠥᠬᠥᠪᠦᠷᠢᠯᠡᠬᠦ ᠵᠢ ᠪᠡᠶᠡᠯᠡᠭᠦᠯᠦᠨ᠎ᠡ᠃ ᠡᠭᠦᠨ᠎ᠤ ᠵᠡᠷᠭᠡᠴᠡᠭᠡᠪᠡᠷ ᠵᠠᠰᠠᠭ᠎ᠤᠨ ᠣᠷᠳᠣᠨ ᠦᠢ᠍ᠯᠡᠴᠢᠯᠡᠭᠡ ᠬᠤᠳᠠᠯᠳᠤᠨ ᠠᠪᠬᠤ ᠬᠡᠯᠪᠡᠷᠢ ᠵᠢ ᠬᠠᠢ᠌ᠨ ᠰᠦᠪᠡᠭᠴᠢᠯᠡᠵᠦ᠂ ᠮᠠᠯ ᠡᠮᠨᠡᠯᠭᠡ ᠵᠢᠨ ᠨᠡᠢ᠌ᠭᠡᠮᠴᠢᠯᠡᠭᠰᠡᠨ ᠦᠢ᠍ᠯᠡᠴᠢᠯᠡᠭᠡ ᠵᠢ ᠥᠷᠨᠢᠭᠦᠯᠵᠦ᠂ ᠨᠡᠢ᠌ᠭᠡᠮ᠎ᠤᠨ ᠬᠦᠴᠦᠨ᠎ᠢ ᠡᠮᠬᠢ ᠵᠢᠷᠤᠮ᠎ᠲᠠᠢ᠎ᠪᠠᠷ ᠬᠥᠲᠥᠯᠥᠨ ᠵᠢᠯᠤᠭᠣᠳᠴᠤ ᠪᠠᠢ᠌ᠭ᠋ᠠᠳ ᠠᠮᠢᠲᠠᠨ᠎ᠤ ᠬᠢᠵᠢᠭ᠎ᠢ ᠰᠡᠷᠭᠡᠢ᠌ᠯᠡᠬᠦ ᠠᠵᠢᠯ᠎ᠳᠤ ᠣᠷᠣᠯᠴᠠᠭᠤᠯᠤᠨ᠎ᠠ᠃ ᠡᠯ᠎ᠡ ᠭᠠᠵᠠᠷ᠎ᠤᠨ᠎ᠬᠢᠨ ᠲᠡᠵᠢᠭᠡᠨ ᠦᠷᠡᠵᠢᠭᠦᠯᠬᠦ ᠲᠠᠯᠠᠪᠠᠢ᠂ ᠡᠷᠥᠭᠡ ᠵᠢ ᠰᠢᠮᠳᠠᠭᠤᠯᠵᠤ ᠪᠠᠢ᠌ᠭ᠋ᠠᠳ ᠬᠢᠵᠢᠭ ᠰᠡᠷᠭᠡᠢ᠌ᠯᠡᠬᠦ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠨ᠂ ᠬᠢᠵᠢᠭ ᠰᠡᠷᠭᠡᠢ᠌ᠯᠡᠬᠦ ᠪᠠᠢ᠌ᠩᠭᠤ ᠵᠢᠨ ᠳᠦᠷᠢᠮ᠎ᠢ ᠪᠠᠢ᠌ᠭᠤᠯᠤᠨ ᠪᠦᠷᠢᠨᠰᠢᠭᠦᠯᠵᠦ᠂ ᠲᠡᠵᠢᠭᠡᠨ ᠠᠷᠠᠴᠢᠯᠠᠬᠤ ᠬᠠᠮᠢᠶᠠᠷᠤᠯᠲᠠ ᠪᠣᠯᠣᠨ ᠠᠮᠢᠳᠤ ᠪᠣᠳᠠᠰ᠎ᠤᠨ ᠠᠶᠤᠯ ᠦᠭᠡᠢ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠢ᠃
      (ᠶᠢᠰᠦ) ᠰᠢᠮᠳᠠᠭᠤᠯᠤᠨ ᠵᠢᠯᠤᠭᠣᠳᠴᠤ ᠪᠠᠢ᠌ᠴᠠᠭ᠋ᠠᠬᠤ᠎ᠪᠠᠨ ᠴᠢᠩᠭ᠋ᠠᠷᠠᠭᠤᠯᠵᠤ᠂ ᠡᠭᠡᠯᠢᠯᠡᠭᠡ ᠵᠢᠨ ᠦᠷ᠎ᠡ ᠪᠦᠲᠦᠮᠵᠢ ᠵᠢ ᠦᠨᠡᠨᠬᠦ ᠪᠠᠲᠤᠯᠠᠬᠤ ᠬᠡᠷᠡᠭᠲᠡᠢ᠃ ᠬᠣᠰᠢᠭᠤ ᠰᠢᠶᠠᠨ ᠲᠣᠭᠣᠷᠢᠭ᠂ ᠰᠤᠮᠤ ᠪᠠᠯᠭ᠋ᠠᠰᠤ ᠵᠢᠨ ᠠᠮᠢᠲᠠᠨ᠎ᠤ ᠬᠢᠵᠢᠭ᠎ᠢ ᠰᠡᠷᠭᠡᠢ᠌ᠯᠡᠬᠦ ᠰᠠᠯᠠᠭ᠎ᠠ ᠮᠥᠴᠢᠷ᠎ᠤᠳ ᠲᠥᠪᠯᠡᠷᠡᠭᠦᠯᠦᠨ ᠴᠠᠷᠤᠯᠲᠠ ᠵᠢᠨ ᠬᠤᠭᠤᠴᠠᠭ᠋ᠠᠨ᠎ᠳᠤ ᠰᠡᠷᠭᠡᠢ᠌ᠯᠡᠨ ᠡᠵᠡᠮᠳᠡᠬᠦ ᠠᠵᠢᠯ᠎ᠤᠨ ᠭᠣᠣᠯᠳᠠᠯᠭ᠎ᠠ᠎ᠲᠠᠢ ᠪᠠ ᠵᠠᠩᠭᠢᠯᠠᠭ᠎ᠠ ᠵᠢᠨ ᠭᠣᠭᠴᠣᠭ᠎ᠠ᠎ᠳᠤ ᠴᠢᠭᠯᠡᠭᠦᠯᠦᠨ ᠥᠪᠡᠷ᠎ᠤᠨ ᠪᠠᠢ᠌ᠴᠠᠭ᠋ᠠᠯᠲᠠ ᠬᠢᠵᠦ᠂ ᠠᠰᠠᠭᠤᠳᠠᠯ᠎ᠢ ᠣᠯᠵᠤ ᠮᠡᠳᠡᠪᠡᠯ᠂ ᠴᠠᠭ ᠲᠤᠬᠠᠢ᠎ᠳᠤᠨᠢ ᠴᠡᠭᠴᠡᠯᠡᠨ ᠰᠠᠢ᠌ᠵᠢᠷᠠᠭᠤᠯᠵᠤ᠂ ᠴᠠᠷᠤᠯᠲᠠ ᠵᠢᠨ ᠥᠯᠥ ᠣᠨᠣᠭᠳᠠᠬᠤ ᠭᠠᠵᠠᠷ ᠪᠠ ᠬᠣᠭᠣᠰᠤᠨ ᠭᠠᠵᠠᠷ᠎ᠢ ᠡᠷᠡᠰ ᠬᠣᠷᠢᠭᠯᠠᠬᠤ ᠬᠡᠷᠡᠭᠲᠡᠢ᠃ ᠲᠥᠪᠯᠡᠷᠡᠩᠭᠦᠢ ᠡᠭᠡᠯᠢᠯᠡᠭᠡ ᠵᠢᠨ ᠬᠤᠭᠤᠴᠠᠭ᠎ᠠ ᠪᠤᠶᠤ ᠳᠠᠭᠤᠰᠤᠭᠰᠠᠨ᠎ᠤ ᠳᠠᠷᠠᠭ᠎ᠠ᠂ ᠬᠣᠲᠠ ᠵᠢᠨ ᠵᠠᠰᠠᠭ᠎ᠤᠨ ᠣᠷᠳᠣᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠵᠣᠬᠢᠶᠠᠨ ᠪᠠᠢ᠌ᠭᠤᠯᠵᠤ ᠪᠠᠢ᠌ᠭ᠋ᠠᠳ ᠡᠯ᠎ᠡ ᠭᠠᠵᠠᠷ᠎ᠤᠨ ᠬᠠᠮᠲᠤᠷᠠᠭᠰᠠᠨ ᠪᠠᠢ᠌ᠯᠳᠤᠭ᠋ᠠᠨ᠎ᠤ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠭᠰᠠᠨ᠂ ᠡᠭᠦᠷᠭᠡ᠎ᠪᠠᠨ ᠪᠡᠶᠡᠯᠡᠭᠦᠯᠦᠭᠰᠡᠨ ᠪᠠᠢ᠌ᠳᠠᠯ ᠪᠠ ᠣᠷᠣᠰᠢᠵᠤ ᠪᠠᠢ᠌ᠭ᠎ᠠ ᠠᠰᠠᠭᠤᠳᠠᠯ᠎ᠢ ᠪᠥᠬᠥ ᠲᠠᠯ᠎ᠠ᠎ᠪᠠᠷ ᠰᠢᠪᠠᠳᠠᠨ ᠪᠠᠢ᠌ᠴᠠᠭ᠋ᠠᠨ᠎ᠠ᠃ ᠠᠮᠢᠲᠠᠨ᠎ᠤ ᠬᠦᠨᠳᠦ ᠶᠡᠬᠡ ᠬᠢᠵᠢᠭ ᠡᠪᠡᠳᠴᠢᠨ᠎ᠢ ᠰᠡᠷᠭᠡᠢ᠌ᠯᠡᠨ ᠬᠢᠵᠠᠭ᠋ᠠᠷᠯᠠᠬᠤ ᠠᠵᠢᠯ᠎ᠤᠨ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠭᠰᠠᠨ ᠦᠭᠡᠢ᠂ ᠬᠠᠷᠢᠭᠤᠴᠠᠯᠭ᠎ᠠ ᠵᠢ ᠪᠣᠳᠠᠲᠠᠢ᠌ᠵᠢᠭᠤᠯᠤᠭᠰᠠᠨ ᠦᠭᠡᠢ ᠭᠠᠵᠠᠷ ᠣᠷᠣᠨ᠎ᠳᠤ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠵᠶ᠋ᠡᠨ ᠴᠢᠩᠭ᠋ᠠᠷᠠᠭᠤᠯᠬᠤ ᠬᠡᠷᠡᠭᠲᠡᠢ; ᠲᠤᠰᠢᠶᠠᠯ ᠵᠶ᠋ᠠᠨ ᠭᠤᠲᠤᠭ᠋ᠠᠵᠤ ᠬᠠᠷᠢᠭᠤᠴᠠᠯᠭ᠎ᠠ᠎ᠪᠠᠨ ᠠᠯᠳᠠᠭᠰᠠᠨ᠂ ᠠᠮᠢᠳᠠᠨ᠎ᠤ ᠬᠦᠨᠳᠦ ᠶᠡᠬᠡ ᠬᠢᠵᠢᠭ ᠡᠪᠡᠳᠴᠢᠨ᠎ᠳᠤ ᠠᠯᠪᠠᠳᠠᠯᠭ᠎ᠠ᠎ᠪᠠᠷ ᠦᠯᠦ ᠬᠠᠯᠳᠠᠭ᠋ᠠᠬᠤ ᠭᠠᠵᠠᠷ ᠪᠤᠶᠤ ᠬᠣᠭᠣᠰᠤᠨ ᠭᠠᠵᠠᠷ ᠭᠠᠷᠤᠭᠰᠠᠨ᠎ᠠᠴᠠ ᠪᠣᠯᠵᠤ ᠠᠮᠢᠳᠠᠨ᠎ᠤ ᠬᠢᠵᠢᠭ᠎ᠤᠨ ᠪᠠᠢ᠌ᠳᠠᠯ᠎ᠢ ᠳᠡᠯᠭᠡᠷᠡᠭᠦᠯᠦᠭᠰᠡᠨ ᠪᠠᠢ᠌ᠪᠠᠯ᠂ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠶᠣᠰᠣᠭ᠋ᠠᠷ᠂ ᠬᠣᠯᠪᠣᠭᠳᠠᠯ ᠪᠦᠬᠦᠢ ᠬᠥᠮᠥᠰ᠎ᠤᠨ ᠬᠠᠷᠢᠭᠤᠴᠠᠯᠭ᠎ᠠ ᠵᠢ ᠴᠢᠩᠭ᠎ᠠ ᠨᠡᠬᠡᠮᠵᠢᠯᠡᠬᠦ ᠬᠡᠷᠡᠭᠲᠡᠢ᠃




 

ᠢᠷᠡᠯᠲᠡ᠄ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠮᠣᠩᠭᠣᠯ ᠰᠦᠯᠵᠢᠶ᠎ᠡ