ᠠᠯᠪᠠᠨ ᠮᠠᠳᠡᠭᠡ 2023  -   ᠵᠠᠰᠠᠭ᠎ᠤᠨ ᠤᠷᠳᠥᠨ᠎ᠤ ᠠᠯᠪᠠᠨ ᠮᠠᠳᠡᠭᠡ

ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ 《ᠪᠠᠶᠠᠨᠨᠠᠭᠤᠷ ᠬᠣᠲᠠ ᠵᠢᠨ ᠭᠣᠣᠯᠳᠠᠯᠭ᠎ᠠ᠎ᠲᠠᠢ ᠠᠵᠤ ᠠᠬᠤᠢ᠌ᠯᠠᠯ ᠳᠡᠭᠡᠳᠦ ᠲᠠᠰ ᠳᠠᠪᠬᠤᠷᠭ᠎ᠠ ᠵᠢᠨ ᠪᠠᠴᠢᠮ ᠬᠡᠷᠡᠭᠴᠡᠭᠡ᠎ᠲᠠᠢ ᠪᠠ ᠪᠠᠴᠢᠮ ᠳᠤᠲᠠᠭᠳᠠᠵᠤ ᠪᠠᠢ᠌ᠭ᠎ᠠ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠵᠢ ᠳᠡᠮᠵᠢᠬᠦ ᠲᠤᠬᠠᠢ ᠬᠡᠷᠡᠭᠵᠢᠭᠦᠯᠬᠦ ᠠᠷᠭ᠎ᠠ》 ᠵᠢ ᠬᠡᠷᠡᠭᠵᠢᠭᠦᠯᠬᠦ ᠲᠤᠬᠠᠢ ᠮᠡᠳᠡᠭᠳᠡᠯ

ᠨᠡᠶ᠋ᠢᠲᠡᠯᠡᠭᠰᠡᠨ ᠴᠠᠭ᠄   2023-07-12

ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠪᠠᠶᠠᠨᠨᠠᠭᠤᠷ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂  ᠭᠠᠭᠴᠠᠮᠣᠳᠣ ᠪᠣᠭᠣᠮᠲᠠ ᠵᠢᠨ ᠬᠠᠮᠢᠶᠠᠷᠤᠯᠲᠠ ᠵᠢᠨ ᠵᠥᠪᠯᠡᠯ᠂ ᠪᠠᠶᠠᠨᠨᠠᠭᠤᠷ᠎ᠤᠨ ᠤᠯᠤᠰ ᠎ᠤᠨ ᠲᠠᠷᠢᠶᠠᠯᠠᠩ᠎ᠤᠨ  ᠳᠡᠭᠡᠳᠦ ᠰᠢᠨ᠎ᠡ ᠮᠡᠷᠭᠡᠵᠢᠯ᠎ᠤᠨ ᠵᠢᠱ᠌ᠢᠶ᠎ᠡ ᠦᠵᠡᠭᠦᠯᠬᠦ ᠲᠣᠭᠣᠷᠢᠭ᠎ᠤᠨ ᠬᠠᠮᠢᠶᠠᠷᠤᠯᠲᠠ (ᠪᠡᠯᠡᠳᠬᠡᠭᠰᠡᠨ) ᠵᠢᠨ ᠺᠣᠮᠢᠰ᠎ᠤᠨ ᠠᠯᠪᠠᠨ ᠭᠡᠷ᠂ ᠬᠤᠳᠠ ᠵᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠳᠠ᠎ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠡ᠎ᠳᠤ᠄
      《ᠪᠠᠶᠠᠨᠨᠠᠭᠤᠷ ᠬᠣᠲᠠ ᠵᠢᠨ ᠭᠣᠣᠯᠳᠠᠯᠭ᠎ᠠ᠎ᠲᠠᠢ ᠠᠵᠤ ᠠᠬᠤᠢ᠌ᠯᠠᠯ ᠳᠡᠭᠡᠳᠦ ᠲᠠᠰ ᠳᠠᠪᠬᠤᠷᠭ᠎ᠠ ᠵᠢᠨ ᠪᠠᠴᠢᠮ ᠬᠡᠷᠡᠭᠴᠡᠭᠡ᠎ᠲᠠᠢ ᠪᠠ ᠳᠤᠲᠠᠭᠳᠠᠵᠤ ᠪᠠᠢ᠌ᠭ᠎ᠠ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠵᠢ ᠳᠡᠮᠵᠢᠬᠦ ᠬᠡᠷᠡᠭᠵᠢᠭᠦᠯᠬᠦ ᠠᠷᠭ᠎ᠠ》 ᠵᠢ ᠬᠣᠲᠠ ᠵᠢᠨ ᠨᠠᠮ᠎ᠤᠨ ᠬᠣᠷᠢᠶ᠎ᠠ ᠵᠢᠨ ᠴᠢᠳᠠᠪᠤᠷᠢᠲᠠᠨ᠎ᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠨᠢᠭᠡᠳᠦᠭᠡᠷ ᠤᠳᠠᠭ᠎ᠠ ᠵᠢᠨ ᠪᠥᠬᠥᠳᠡ ᠬᠤᠷᠠᠯ ᠵᠶ᠋ᠠᠷ ᠬᠢᠨᠠᠨ ᠵᠥᠪᠯᠡᠵᠦ ᠪᠠᠲᠤᠯᠠᠭ᠋ᠠᠳ᠂ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ ᠬᠢᠨᠠᠮᠠᠭ᠋ᠠᠢ  ᠲᠤᠭᠤᠰᠢᠯᠠᠭᠤᠯᠤᠨ ᠬᠡᠷᠡᠭᠵᠢᠭᠦᠯᠲᠦᠭᠡᠢ᠃
                         2023 ᠣᠨ᠎ᠤ 1 ᠰᠠᠷ᠎ᠠ ᠵᠢᠨ 20᠎ᠤ ᠡᠳᠦᠷ

      (ᠲᠣᠰ ᠮᠠᠲ᠋ᠧᠷᠢᠶᠠᠯ᠎ᠢ ᠢᠯᠡ᠎ᠪᠠᠷ  ᠨᠡᠢ᠌ᠲᠡᠯᠡᠪᠡ)

      ᠪᠠᠶᠠᠨᠨᠠᠭᠤᠷ ᠬᠣᠲᠠ ᠵᠢᠨ ᠭᠣᠣᠯᠳᠠᠯᠭ᠎ᠠ᠎ᠲᠠᠢ ᠠᠵᠤ ᠠᠬᠤᠢ᠌ᠯᠠᠯ ᠳᠡᠭᠡᠳᠦ ᠲᠠᠰ ᠳᠠᠪᠬᠤᠷᠭ᠎ᠠ ᠵᠢᠨ ᠪᠠᠴᠢᠮ ᠬᠡᠷᠡᠭᠴᠡᠭᠡ᠎ᠲᠠᠢ ᠪᠠ ᠪᠠᠴᠢᠮ ᠳᠤᠲᠠᠭᠳᠠᠵᠤ ᠪᠠᠢ᠌ᠭ᠎ᠠ ᠴᠢᠳᠠᠪᠤᠷᠢᠲᠠᠨ᠎ᠢ  ᠣᠷᠣᠭᠤᠯᠤᠨ ᠠᠪᠴᠢᠷᠠᠬᠤ ᠵᠢ ᠳᠡᠮᠵᠢᠬᠦ ᠲᠤᠬᠠᠢ ᠬᠡᠷᠡᠭᠵᠢᠭᠦᠯᠬᠦ ᠠᠷᠭ᠎ᠠ

      ᠨᠢᠭᠡᠳᠦᠭᠡᠷ ᠵᠦᠢ᠍ᠯ ᠬᠣᠲᠠ ᠵᠢᠨ ᠨᠠᠮ᠎ᠤᠨ ᠬᠣᠷᠢᠶᠠᠨ᠎ᠤ ᠲᠣᠭᠲᠠᠭ᠋ᠠᠭᠰᠠᠨ 《ᠲᠠᠪᠤᠨ ᠥᠨᠳᠥᠷ ᠲᠠᠪᠤᠨ ᠰᠢᠨ᠎ᠡ》 ᠵᠢᠨ ᠲᠡᠮᠡᠴᠡᠬᠦ ᠬᠠᠷᠠᠯᠲᠠ ᠪᠠ 《ᠳᠥᠷᠪᠡᠨ ᠲᠣᠭᠣᠷᠢᠭ》᠎ᠤᠨ ᠬᠥᠭᠵᠢᠯᠲᠡ ᠵᠢᠨ ᠪᠠᠢ᠌ᠷᠢ ᠲᠣᠭᠲᠠᠭ᠋ᠠᠯᠲᠠ ᠵᠢ ᠰᠠᠢ᠌ᠲᠤᠷ ᠨᠠᠢ᠌ᠳᠠᠪᠤᠷᠢᠵᠢᠭᠤᠯᠬᠤ ᠵᠢᠨ ᠲᠥᠯᠥᠭᠡ᠂  《ᠬᠣᠶᠠᠷ ᠰᠠᠭᠤᠷᠢᠨ ᠭᠠᠵᠠᠷ᠂ ᠳᠥᠷᠪᠡᠨ ᠪᠦᠯᠦᠭᠯᠡᠯ》᠎ᠢ ᠪᠦᠲᠦᠭᠡᠨ ᠪᠠᠶ᠋ᠢᠭᠤᠯᠬᠤ ᠭᠣᠣᠯ ᠰᠢᠪᠲᠤᠯᠤᠯᠲᠠ ᠵᠢᠨ ᠴᠢᠭᠯᠡᠯ ᠬᠠᠮᠢᠶ᠎ᠠ ᠪᠦᠬᠦᠢ ᠬᠦᠷᠢᠶᠡᠨ᠎ᠤ ᠠᠵᠤ ᠠᠬᠤᠢ᠌ᠯᠠᠯ᠎ᠤᠨ ᠳᠡᠭᠡᠳᠦ ᠳᠡᠰ ᠳᠠᠪᠬᠤᠷᠭ᠎ᠠ ᠵᠢᠨ ᠪᠠᠴᠢᠮ ᠬᠡᠷᠡᠭᠴᠡᠭᠡᠲᠡᠢ ᠳᠤᠲᠠᠭᠳᠠᠵᠤ ᠪᠠᠢ᠌ᠭ᠎ᠠ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠬᠦᠴᠢᠷ ᠠᠰᠠᠭᠤᠳᠠᠯ᠎ᠢ ᠦᠨᠡᠨᠬᠦ ᠰᠢᠢ᠍ᠳᠪᠦᠷᠢᠯᠡᠵᠦ᠂ ᠴᠢᠳᠠᠪᠤᠷᠢᠲᠠᠨ᠎ᠤ ᠬᠡᠯᠬᠢᠶ᠎ᠡ ᠪᠣᠯᠣᠨ ᠠᠵᠤ ᠦᠢ᠍ᠯᠡᠰ᠎ᠤᠨ ᠬᠡᠯᠬᠢᠶ᠎ᠡ᠂ ᠰᠢᠨ᠎ᠡ ᠵᠢ ᠡᠭᠦᠳᠬᠦ ᠬᠡᠯᠬᠢᠶ᠎ᠡ ᠵᠢᠨ ᠣᠷᠭ᠋ᠠᠨᠢᠭ ᠵᠣᠯᠭ᠋ᠠᠯᠴᠠᠭ᠎ᠠ ᠵᠢ ᠠᠬᠢᠭᠤᠯᠵᠤ᠂ ᠴᠢᠳᠠᠪᠤᠷᠢᠲᠠᠨ᠎ᠤ ᠡᠬᠢ ᠪᠠᠶᠠᠯᠢᠭ ᠪᠣᠯᠣᠨ ᠠᠵᠤ ᠦᠢ᠍ᠯᠡᠰ᠎ᠤᠨ ᠡᠬᠢ ᠪᠠᠶᠠᠯᠢᠭ᠎ᠢ ᠠᠭᠤᠰᠤᠯᠴᠠᠭᠤᠯᠤᠨ ᠬᠥᠭᠵᠢᠭᠦᠯᠵᠦ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠦᠢ᠍ᠯᠡᠰ᠎ᠤᠨ ᠨᠢᠭᠡᠴᠡ ᠵᠢᠨ ᠲᠤᠰᠬᠠᠢ ᠮᠡᠷᠭᠡᠵᠢᠯ᠎ᠤᠨ ᠠᠵᠢᠯᠲᠠᠨ᠎ᠤ ᠰᠢᠨ᠎ᠡ ᠵᠢ ᠡᠭᠦᠳᠦᠨ ᠠᠳᠠᠯ ᠦᠢ᠍ᠯᠡᠰ ᠴᠣᠭᠴᠠᠯᠠᠬᠤ ᠵᠢ ᠳᠡᠮᠵᠢᠨ ᠵᠣᠷᠢᠭᠵᠢᠭᠤᠯᠬᠤ ᠲᠤᠬᠠᠢ ᠬᠡᠷᠡᠭᠵᠢᠭᠦᠯᠬᠦ ᠰᠠᠨᠠᠯ》 (ᠥᠪᠥᠷ ᠬᠥᠮᠥᠨ ᠨᠡᠢ᠌ᠭᠡᠮ ᠠᠯᠪᠠᠨ ᠲᠠᠷᠬᠠᠭ᠋ᠠᠭᠰᠠᠨ [2017] 31 ᠳ᠋ᠦᠭᠡᠷ ᠲᠣᠭ᠋ᠠᠲᠤ) ᠪᠠ 《ᠪᠠᠶᠠᠨᠨᠠᠭᠤᠷ ᠬᠣᠲᠠ ᠵᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠪᠠ ᠬᠥᠮᠥᠵᠢᠭᠦᠯᠬᠦ ᠬᠡᠷᠡᠭᠵᠢᠭᠦᠯᠬᠦ ᠠᠷᠭ᠎ᠠ》 (  ᠪᠠᠶᠠᠨᠨᠠᠭᠤᠷ  ᠬᠣᠲᠠ ᠵᠢᠨ  ᠴᠢᠳᠠᠪᠤᠷᠢᠲᠠᠨ   ᠣᠷᠣᠭᠤᠯᠤᠨ  ᠠᠪᠴᠢᠷᠠᠬᠤ  [2023] 3 ᠳ᠋ᠤᠭ᠋ᠠᠷ ᠲᠣᠭ᠋ᠠᠲᠤ) ᠵᠢ ᠦᠨᠳᠦᠰᠦᠯᠡᠨ᠂ ᠭᠣᠣᠯᠳᠠᠯᠭ᠎ᠠ᠎ᠲᠠᠢ ᠠᠵᠤ ᠠᠬᠤᠢ᠌ᠯᠠᠯ᠎ᠤᠨ ᠳᠡᠭᠡᠳᠦ ᠲᠠᠰ ᠳᠠᠪᠬᠤᠷᠭ᠎ᠠ ᠵᠢᠨ ᠪᠠᠴᠢᠮ ᠬᠡᠷᠡᠭᠴᠡᠭᠡ᠎ᠲᠠᠢ ᠳᠤᠲᠠᠭᠳᠠᠵᠤ ᠪᠠᠢ᠌ᠭ᠎ᠠ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠵᠢ ᠳᠡᠮᠵᠢᠵᠦ᠂ ᠡᠳᠦᠭᠡ ᠲᠣᠰ ᠬᠡᠷᠡᠭᠵᠢᠭᠦᠯᠬᠦ ᠠᠷᠭ᠎ᠠ ᠵᠢ ᠲᠣᠭᠲᠠᠭ᠋ᠠᠪᠠ᠃
      ᠬᠣᠶᠠᠳᠤᠭ᠋ᠠᠷ ᠵᠦᠢ᠍ᠯ ᠬᠡᠷᠡᠭᠵᠢᠭᠦᠯᠬᠦ ᠬᠡᠪᠴᠢᠶ᠎ᠡ
      (ᠨᠢᠭᠡ) ᠠᠵᠤ ᠠᠬᠤᠢ᠌ᠯᠠᠯ᠎ᠤᠨ ᠬᠦᠷᠢᠶ᠎ᠡ ᠬᠡᠪᠴᠢᠶ᠎ᠡ᠃ ᠬᠣᠲᠠ ᠵᠢᠨ ᠨᠠᠮ᠎ᠤᠨ ᠬᠣᠷᠢᠶᠠᠨ᠎ᠤ ᠲᠣᠭᠲᠠᠭ᠋ᠠᠭᠰᠠᠨ ᠥᠨᠳᠥᠷ ᠬᠢᠷᠢ ᠲᠦᠪᠰᠢᠨ ᠪᠦᠬᠦᠢ ᠠᠮᠢ ᠠᠬᠤᠢ ᠵᠢᠨ ᠬᠠᠮᠠᠭ᠋ᠠᠯᠠᠯᠲᠠ ᠵᠢᠨ ᠲᠣᠭᠣᠷᠢᠨ᠎ᠳᠤ ᠰᠢᠨ᠎ᠡ ᠦᠷ᠎ᠡ ᠪᠦᠲᠦᠮᠵᠢ ᠣᠯᠵᠤ᠂ ᠥᠨᠳᠥᠷ ᠶᠠᠰᠤ ᠴᠢᠨᠠᠷ᠎ᠲᠠᠢ ᠠᠵᠤ ᠠᠬᠤᠢ ᠵᠢᠨ ᠬᠥᠭᠵᠢᠯᠲᠡ ᠰᠢᠨ᠎ᠡ ᠳᠠᠪᠠᠭᠤᠯᠢᠭ᠎ᠢ ᠡᠭᠦᠳᠴᠦ᠂ ᠥᠨᠳᠥᠷ ᠶᠠᠰᠤ ᠴᠢᠨᠠᠷ᠎ᠲᠠᠢ ᠠᠷᠠᠳ᠎ᠤᠨ ᠠᠮᠢᠳᠤᠷᠠᠯ ᠰᠢᠨ᠎ᠡ ᠲᠦᠪᠰᠢᠨ᠎ᠳᠤ ᠬᠦᠷᠴᠦ᠂ ᠥᠨᠳᠥᠷ ᠦᠷ᠎ᠡ ᠪᠦᠲᠦᠮᠵᠢ᠎ᠲᠠᠢ ᠨᠡᠢ᠌ᠭᠡᠮ᠎ᠤᠨ ᠵᠠᠰᠠᠯᠲᠠ ᠵᠢᠨ ᠰᠢᠨ᠎ᠡ ᠳᠡᠭᠡᠭᠰᠢᠯᠡᠯᠲᠡ ᠵᠢ ᠪᠡᠶᠡᠯᠡᠭᠦᠯᠵᠦ᠂ ᠥᠨᠳᠥᠷ ᠪᠠᠷᠢᠮᠵᠢᠶᠠᠲᠤ ᠨᠠᠮ᠎ᠤᠨ ᠪᠠᠢ᠌ᠭᠤᠯᠤᠯᠲᠠ ᠵᠢᠨ ᠰᠢᠨ᠎ᠡ ᠪᠠᠢ᠌ᠳᠠᠯ᠎ᠢ ᠡᠭᠦᠳᠬᠦ ᠲᠡᠮᠡᠴᠡᠯ᠎ᠤᠨ ᠬᠠᠷᠠᠯᠲᠠ ᠪᠣᠯᠣᠨ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠪᠣᠯᠪᠠᠰᠤᠨ᠎ᠤ ᠵᠢᠱ᠌ᠢᠶ᠎ᠡ ᠦᠵᠡᠭᠦᠯᠬᠦ ᠣᠷᠣᠨ᠂ ᠠᠵᠤ ᠦᠢ᠍ᠯᠡᠰ᠎ᠢ ᠠᠭᠤᠰᠤᠯᠴᠠᠭᠤᠯᠤᠨ ᠬᠥᠭᠵᠢᠭᠦᠯᠬᠦ ᠵᠢ ᠤᠷᠢᠳᠠᠪᠠᠷ ᠬᠡᠷᠡᠭᠵᠢᠭᠦᠯᠬᠦ ᠣᠷᠣᠨ᠂ ᠮᠠᠯ ᠠᠵᠤ ᠠᠬᠤᠢ ᠲᠠᠷᠢᠶᠠᠯᠠᠩ᠎ᠤᠨ ᠴᠢᠨᠠᠷ ᠰᠠᠢ᠌ᠲᠠᠢ ᠬᠥᠭᠵᠢᠯᠲᠡ ᠵᠢᠨ ᠲᠥᠪᠯᠡᠷᠡᠭᠰᠡᠨ ᠣᠷᠣᠨ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢᠱ᠌ᠢᠶ᠎ᠡ ᠦᠵᠡᠭᠦᠯᠬᠦ ᠣᠷᠣᠨ᠎ᠢ ᠪᠠᠶ᠋ᠢᠭᠤᠯᠬᠤ ᠬᠥᠭᠵᠢᠯᠲᠡ ᠵᠢᠨ ᠪᠠᠢ᠌ᠷᠢ ᠲᠣᠭᠲᠠᠭ᠋ᠠᠯᠲᠠ᠂ ᠪᠣᠬᠢᠷᠲᠤᠯ ᠦᠭᠡᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠨᠠᠷᠢᠯᠢᠭ ᠭᠦᠨᠵᠡᠭᠡᠢ ᠡᠳ᠋ᠰᠢᠭᠦᠯᠬᠦ᠂ ᠴᠡᠪᠡᠷ ᠡᠨᠧᠷᠭᠢ ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠢ ᠶᠡᠷᠦᠩᠬᠡᠢ᠌ᠯᠡᠨ ᠨᠡᠭᠡᠭᠡᠨ ᠠᠰᠢᠭᠯᠠᠬᠤ 《ᠬᠣᠶᠠᠷ ᠰᠠᠭᠤᠷᠢᠨ ᠭᠠᠵᠠᠷ》 ᠵᠢᠴᠢ ᠰᠢᠨ᠎ᠡ ᠮᠠᠲ᠋ᠧᠷᠢᠶᠠᠯ᠂ ᠠᠮᠢᠳᠤ ᠪᠣᠳᠠᠰ᠎ᠤᠨ ᠡᠮ ᠡᠮᠨᠡᠯᠭᠡ᠂ ᠲᠣᠨᠣᠭ ᠲᠥᠬᠦᠭᠡᠷᠦᠮᠵᠢ ᠦᠢ᠍ᠯᠡᠳᠬᠦ᠂ ᠰᠢᠨ᠎ᠡ ᠬᠡᠯᠪᠡᠷᠢ ᠵᠢᠨ ᠲᠡᠮᠦᠷᠯᠢᠭ ᠬᠢᠮᠢ ᠵᠢᠨ ᠠᠵᠤ ᠦᠢ᠍ᠯᠡᠳᠪᠦᠷᠢ ᠵᠢᠨ 《ᠳᠥᠷᠪᠡᠨ ᠪᠦᠯᠦᠭᠯᠡᠯ》᠎ᠢ ᠪᠦᠲᠦᠭᠡᠨ ᠪᠠᠶ᠋ᠢᠭᠤᠯᠬᠤ᠎ᠪᠠᠷ ᠭᠣᠣᠯ ᠰᠢᠪᠲᠤᠯᠤᠯᠲᠠ ᠵᠢᠨ ᠴᠢᠭᠯᠡᠯ ᠪᠣᠯᠭ᠋ᠠᠵᠤ᠂ ᠭᠣᠣᠯᠳᠠᠯᠭ᠎ᠠ᠎ᠲᠠᠢ ᠠᠵᠤ ᠦᠢ᠍ᠯᠡᠰ᠂ ᠭᠣᠣᠯᠳᠠᠯᠭ᠎ᠠ᠎ᠲᠠᠢ ᠬᠦᠷᠢᠶ᠎ᠡ ᠪᠠ ᠭᠣᠣᠯᠳᠠᠯᠭ᠎ᠠ᠎ᠲᠠᠢ ᠲᠥᠷᠥᠯ ᠵᠦᠢ᠍ᠯ᠎ᠤᠨ ᠬᠡᠪᠴᠢᠶᠡᠵᠢᠯ᠎ᠠᠴᠠ ᠳᠡᠭᠡᠭᠰᠢᠬᠢ ᠠᠵᠤ ᠠᠬᠤᠢ᠌ᠯᠠᠯ᠂ ᠭᠣᠣᠯᠳᠠᠯᠭ᠎ᠠ᠎ᠲᠠᠢ ᠠᠵᠤ ᠠᠬᠤᠢ᠌ᠯᠠᠯ᠂ ᠬᠥᠲᠥᠴᠢ ᠠᠵᠤ ᠠᠬᠤᠢ᠌ᠯᠠᠯ ᠪᠠ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠨ᠎ᠡ᠃
      (ᠬᠣᠶᠠᠷ) ᠴᠢᠳᠠᠪᠤᠷᠢᠲᠠᠨ ᠣᠷᠣᠭᠤᠯᠬᠤ ᠠᠷᠭ᠎ᠠ ᠮᠠᠶᠢᠭ᠃ ᠠᠵᠢᠯ ᠦᠢ᠍ᠯᠡᠰ᠎ᠤᠨ ᠨᠢᠭᠡᠴᠡ ᠵᠢᠨ ᠳᠡᠭᠡᠳᠦ ᠲᠠᠰ ᠳᠠᠪᠬᠤᠷᠭ᠎ᠠ ᠵᠢᠨ ᠪᠠᠴᠢᠮ ᠬᠡᠷᠡᠭᠴᠡᠭᠡ᠎ᠲᠠᠢ ᠳᠤᠲᠠᠭᠳᠠᠵᠤ ᠪᠠᠢ᠌ᠭ᠎ᠠ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠠᠵᠢᠯᠯᠠᠭ᠎ᠠ᠎ᠪᠠᠷ ᠳᠠᠮᠵᠢᠭᠤᠯᠤᠨ᠂ ᠭᠣᠣᠯᠳᠠᠯᠭ᠎ᠠ᠎ᠲᠠᠢ ᠠᠵᠤ ᠠᠬᠤᠢ᠌ᠯᠠᠯ᠎ᠤᠨ ᠳᠡᠭᠡᠳᠦ ᠲᠠᠰ ᠳᠠᠪᠬᠤᠷᠭ᠎ᠠ ᠵᠢᠨ ᠪᠠᠴᠢᠮ ᠬᠡᠷᠡᠭᠴᠡᠭᠡ᠎ᠲᠠᠢ ᠳᠤᠲᠠᠭᠳᠠᠵᠤ ᠪᠠᠢ᠌ᠭ᠎ᠠ ᠴᠢᠳᠠᠪᠤᠷᠢᠲᠠᠨ᠎ᠢ ᠣᠷᠣᠭᠤᠯᠬᠤ ᠵᠢ ᠳᠡᠮᠵᠢᠨ᠎ᠡ᠃ ᠭᠣᠣᠯᠳᠠᠯᠭ᠎ᠠ᠎ᠲᠠᠢ ᠠᠵᠤ ᠠᠬᠤᠢ᠌ᠯᠠᠯ᠎ᠤᠨ ᠣᠷᠣᠭᠤᠯᠤᠨ ᠠᠪᠴᠢᠷᠠᠬᠤ ᠳᠡᠭᠡᠳᠦ ᠲᠠᠰ ᠳᠠᠪᠬᠤᠷᠭ᠎ᠠ ᠵᠢᠨ ᠪᠠᠴᠢᠮ ᠬᠡᠷᠡᠭᠴᠡᠭᠡ᠎ᠲᠠᠢ ᠳᠤᠲᠠᠭᠳᠠᠵᠤ ᠪᠠᠢ᠌ᠭ᠎ᠠ ᠴᠢᠳᠠᠪᠤᠷᠢᠲᠠᠨ᠎ᠤ ᠠᠵᠢᠯᠲᠠᠨ᠎ᠤ ᠶᠠᠪᠤᠳᠠᠯ᠎ᠤᠨ ᠬᠠᠷᠢᠴᠠᠭ᠎ᠠ ᠬᠢᠭᠡᠳ ᠣᠷᠣᠨ ᠲᠣᠭ᠎ᠠ ᠵᠢ ᠠᠵᠤ ᠠᠬᠤᠢ᠌ᠯᠠᠯ᠎ᠤᠨ ᠪᠠᠢ᠌ᠭ᠎ᠠ ᠠᠵᠤ ᠦᠢ᠍ᠯᠡᠰ᠎ᠤᠨ ᠬᠦᠷᠢᠶ᠎ᠡ ᠴᠠᠷᠠᠭ᠎ᠠ᠎ᠯᠤᠭ᠎ᠠ ᠬᠣᠯᠪᠣᠭ᠎ᠠ᠎ᠲᠠᠢ ᠬᠣᠭᠣᠰᠤᠨ ᠣᠷᠣᠨ ᠲᠣᠭ᠎ᠠ᠎ᠲᠠᠢ ᠠᠵᠢᠯ ᠦᠢ᠍ᠯᠡᠰ᠎ᠤᠨ ᠨᠢᠭᠡᠴᠡ᠎ᠳᠤ ᠨᠠᠢ᠌ᠳᠠᠪᠤᠷᠢᠵᠢᠭᠤᠯᠵᠤ᠂ ᠲᠤᠰᠢᠶᠠᠯ ᠡᠭᠦᠷᠭᠡᠯᠡᠭᠦᠯᠬᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠢ ᠲᠣᠮᠢᠯᠠᠨ ᠰᠠᠭᠤᠯᠭ᠋ᠠᠬᠤ ᠵᠡᠷᠭᠡ ᠠᠷᠭ᠎ᠠ ᠮᠠᠶᠢᠭ ᠵᠶ᠋ᠠᠷ ᠠᠵᠤ ᠠᠬᠤᠢ᠌ᠯᠠᠯ᠎ᠳᠤ ᠣᠴᠢᠵᠤ ᠠᠵᠢᠯᠯᠠᠨ᠎ᠠ᠂ ᠭᠣᠣᠯᠳᠠᠭᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠠᠮᠲᠤᠷᠠᠯᠴᠠᠭ᠎ᠠ ᠬᠢᠬᠦ ᠪᠤᠶᠤ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ᠎ᠳᠤ ᠣᠷᠣᠯᠴᠠᠬᠤ ᠵᠡᠷᠭᠡ ᠠᠵᠢᠯ᠎ᠢ ᠬᠢᠨ᠎ᠡ᠃ ᠠᠵᠤ ᠠᠬᠤᠢ᠌ᠯᠠᠯ᠎ᠳᠤ ᠣᠷᠣᠭᠤᠯᠤᠨ ᠠᠪᠴᠢᠷᠠᠵᠤ ᠠᠵᠢᠯᠯᠠᠭᠤᠯᠬᠤ ᠴᠢᠳᠠᠪᠤᠷᠢᠲᠠᠨ᠎ᠢ ᠠᠵᠢᠯᠲᠠᠨ᠎ᠤ ᠶᠠᠪᠤᠳᠠᠯ᠎ᠤᠨ ᠬᠠᠷᠢᠴᠠᠭ᠎ᠠ ᠵᠢᠨ ᠪᠠᠢ᠌ᠭ᠎ᠠ ᠠᠵᠢᠯ ᠦᠢ᠍ᠯᠡᠰ᠎ᠤᠨ ᠨᠢᠭᠡᠴᠡ᠎ᠠᠴᠠ ᠣᠷᠣᠨ ᠲᠣᠭ᠎ᠠ ᠵᠢᠨ ᠰᠠᠯᠠᠭ᠎ᠠ ᠮᠥᠴᠢᠷ᠎ᠲᠤ ᠬᠣᠭᠣᠰᠤᠨ ᠣᠷᠣᠨ ᠲᠣᠭ᠎ᠠ ᠵᠢ ᠬᠡᠷᠡᠭᠯᠡᠬᠦ ᠭᠤᠶᠤᠴᠢᠯᠠᠯ ᠭᠠᠷᠭ᠋ᠠᠵᠤ᠂ ᠣᠷᠣᠨ ᠲᠣᠭ᠎ᠠ ᠵᠢᠨ ᠰᠠᠯᠠᠭ᠎ᠠ ᠮᠥᠴᠢᠷ᠎ᠨᠢ ᠲᠠᠰ ᠳᠠᠷᠠᠭ᠋ᠠᠯᠠᠯ ᠶᠣᠰᠣᠭ᠋ᠠᠷ ᠬᠣᠭᠣᠰᠤᠨ ᠣᠷᠣᠨ ᠲᠣᠭ᠎ᠠ ᠵᠢ ᠬᠡᠷᠡᠭᠯᠡᠬᠦ ᠲᠥᠯᠥᠪᠯᠡᠭᠡ ᠵᠢ ᠬᠢᠨᠠᠨ ᠵᠥᠪᠰᠢᠶᠡᠷᠡᠬᠦ ᠵᠢᠨ ᠬᠠᠮᠲᠤ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠢ ᠵᠣᠬᠢᠶᠠᠨ ᠪᠠᠢ᠌ᠭᠤᠯᠵᠤ ᠭᠠᠷᠭ᠋ᠠᠭᠰᠠᠨ ᠬᠠᠮᠢᠶ᠎ᠠ ᠪᠦᠬᠦᠢ ᠭᠠᠷᠳᠠᠮ᠎ᠢ ᠦᠨᠳᠦᠰᠦᠯᠡᠨ᠂ ᠣᠷᠣᠭᠤᠯᠤᠨ ᠠᠪᠴᠢᠷᠠᠬᠤ ᠴᠢᠳᠠᠪᠤᠷᠢᠲᠠᠨ᠎ᠳᠤ ᠣᠷᠣᠨ ᠲᠣᠭ᠎ᠠ ᠵᠢ ᠵᠢᠭᠰᠠᠭ᠋ᠠᠬᠤ ᠭᠠᠷᠳᠠᠮ᠎ᠢ ᠭᠦᠢ᠍ᠴᠡᠳᠬᠡᠨ᠎ᠡ᠃
      (ᠭᠤᠷᠪᠠ) ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠬᠦᠷᠢᠶ᠎ᠡ ᠬᠡᠪᠴᠢᠶ᠎ᠡ᠃ ᠴᠢᠳᠠᠪᠤᠷᠢᠲᠠᠨ᠎ᠢ ᠠᠵᠤ ᠠᠬᠤᠢ᠌ᠯᠠᠯ᠎ᠳᠤ ᠣᠷᠣᠭᠤᠯᠤᠨ ᠠᠵᠢᠯᠯᠠᠭᠤᠯᠬᠤ ᠵᠢᠨ ᠵᠣᠷᠢᠯᠭ᠎ᠠ ᠪᠣᠯ ᠮᠠᠨ᠎ᠤ ᠬᠣᠲᠠ ᠵᠢᠨ ᠳᠠᠪᠠᠭᠤᠯᠢᠭ ᠣᠨᠴᠠᠯᠢᠭᠲᠤ ᠠᠵᠤ ᠦᠢ᠍ᠯᠡᠰ᠎ᠤᠨ ᠬᠠᠮᠢᠶ᠎ᠠ ᠪᠦᠬᠦᠢ ᠠᠵᠤ ᠠᠬᠤᠢ᠌ᠯᠠᠯ᠎ᠢ ᠬᠠᠪᠰᠤᠷᠴᠤ᠂ ᠳᠡᠭᠡᠳᠦ ᠲᠠᠰ᠎ᠤᠨ ᠪᠠᠴᠢᠮ ᠬᠡᠷᠡᠭᠴᠡᠭᠡ᠎ᠲᠠᠢ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠬᠦᠴᠢᠷ ᠠᠰᠠᠭᠤᠳᠠᠯ᠎ᠢ ᠰᠢᠢ᠍ᠳᠪᠦᠷᠢᠯᠡᠬᠦ ᠵᠢᠨ ᠲᠥᠯᠥᠭᠡ ᠶᠤᠮ᠂ ᠠᠵᠤ ᠠᠬᠤᠢ᠌ᠯᠠᠯ᠎ᠤᠨ ᠰᠤᠷᠭ᠋ᠠᠭᠤᠯᠢ ᠵᠢᠨ ᠬᠦᠷᠢᠶᠡᠨ᠎ᠤ ᠠᠵᠢᠯᠲᠠᠨ ᠡᠯᠰᠡᠬᠦ᠂ ᠵᠠᠬ᠎ᠠ ᠳᠡᠯᠭᠡᠭᠦᠷ᠎ᠤᠨ ᠠᠵᠢᠯᠲᠠᠨ ᠡᠯᠰᠡᠬᠦ ᠵᠡᠷᠭᠡ ᠠᠷᠭ᠎ᠠ ᠵᠠᠮ ᠵᠶ᠋ᠠᠷ ᠳᠡᠮᠵᠢᠨ ᠥᠪᠡᠰᠦᠪᠡᠨ ᠣᠷᠣᠭᠤᠯᠤᠨ ᠠᠪᠴᠢᠷᠠᠵᠤ ᠳᠡᠶ᠋ᠢᠯᠬᠦ ᠴᠢᠳᠠᠪᠤᠷᠢᠲᠠᠨ᠎ᠨᠢ ᠡᠨᠡ ᠲᠥᠷᠥᠯ᠎ᠤᠨ ᠴᠢᠳᠠᠪᠤᠷᠢᠲᠠᠨ ᠣᠷᠣᠭᠤᠯᠤᠨ ᠠᠪᠴᠢᠷᠠᠬᠤ ᠬᠡᠪᠴᠢᠶᠡᠨ᠎ᠳᠤ ᠪᠠᠭᠲᠠᠬᠤ ᠦᠭᠡᠢ᠃ ᠠᠵᠤ ᠠᠬᠤᠢ᠌ᠯᠠᠯ᠎ᠳᠤ ᠣᠷᠣᠭᠤᠯᠤᠨ ᠠᠪᠴᠢᠷᠠᠵᠤ ᠠᠵᠢᠯᠯᠠᠭᠤᠯᠬᠤ ᠴᠢᠳᠠᠪᠤᠷᠢᠲᠠᠨ᠎ᠨᠢ ᠡᠷᠬᠡᠪᠰᠢ ᠠᠵᠤ ᠦᠢ᠍ᠯᠡᠰ᠎ᠤᠨ ᠬᠥᠭᠵᠢᠯᠲᠡ᠂ ᠮᠡᠷᠭᠡᠵᠢᠯ᠎ᠤᠨ ᠪᠣᠭᠣᠮᠲᠠ ᠰᠢᠪᠲᠤᠯᠬᠤ᠂ ᠡᠵᠡᠩᠨᠡᠯᠲᠡ ᠬᠠᠮᠢᠶᠠᠷᠤᠯᠲᠠ ᠵᠡᠷᠭᠡ ᠵᠠᠩᠭᠢᠯᠠᠭ᠎ᠠ ᠵᠢᠨ ᠬᠦᠷᠢᠶᠡᠨ᠎ᠳᠤ ᠪᠠᠴᠢᠮ ᠬᠡᠷᠡᠭᠴᠡᠭᠡ᠎ᠲᠠᠢ ᠳᠤᠲᠠᠭᠳᠠᠵᠤ ᠪᠠᠢ᠌ᠭ᠎ᠠ ᠳᠡᠭᠡᠳᠦ ᠲᠠᠰ᠎ᠤᠨ ᠴᠢᠳᠠᠪᠤᠷᠢᠲᠠᠨ᠂ ᠭᠣᠣᠯᠯᠠᠭᠴᠢ ᠲᠤᠰᠬᠠᠢ ᠮᠡᠷᠭᠡᠵᠢᠯ᠎ᠤᠨ ᠴᠢᠳᠠᠪᠤᠷᠢᠲᠠᠨ ᠪᠠᠢ᠌ᠬᠤ ᠬᠡᠷᠡᠭᠲᠡᠢ᠃
      ᠭᠤᠷᠪᠠᠳᠤᠭ᠋ᠠᠷ ᠵᠦᠢ᠍ᠯ ᠦᠨᠳᠦᠰᠦᠨ ᠨᠥᠬᠥᠴᠡᠯ
      (ᠨᠢᠭᠡ) ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠬᠠᠷᠢᠶ᠎ᠠ᠎ᠲᠠᠢ᠂ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠵᠢᠷᠤᠮᠯᠠᠨ ᠰᠠᠬᠢᠬᠤ;
      (ᠬᠣᠶᠠᠷ) ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠬᠦᠷᠢᠶᠡᠯᠡᠵᠦ᠂ ᠰᠠᠢ᠌ᠨ ᠰᠠᠢ᠌ᠬᠠᠨ ᠦᠵᠡᠯ ᠰᠠᠨᠠᠭ᠎ᠠ ᠤᠯᠤᠰ ᠲᠦᠷᠦ ᠵᠢᠨ ᠬᠡᠪ ᠴᠢᠨᠠᠷ ᠪᠠ ᠶᠣᠰᠣ ᠮᠣᠷᠠᠯ ᠵᠠᠩ ᠴᠢᠨᠠᠷ᠎ᠲᠠᠢ ᠪᠠᠢ᠌ᠵᠤ᠂ ᠮᠠᠭᠤ ᠠᠵᠢᠯ ᠮᠡᠷᠭᠡᠵᠢᠯ᠎ᠤᠨ ᠶᠣᠰᠣ ᠮᠣᠷᠠᠯ᠎ᠤᠨ ᠲᠡᠮᠳᠡᠭᠯᠡᠯ ᠦᠭᠡᠢ᠂ ᠬᠠᠤᠯᠢ ᠰᠠᠬᠢᠯᠭ᠎ᠠ ᠵᠢ ᠵᠥᠷᠢᠴᠡᠭᠰᠡᠨ ᠦᠭᠡᠢ ᠬᠠᠷ᠎ᠠ ᠪᠦᠯᠦᠭᠲᠡᠨ ᠬᠠᠷᠭᠢᠰ ᠬᠦᠴᠦᠨ᠎ᠳᠤ ᠬᠣᠯᠪᠣᠭᠳᠠᠭᠰᠠᠨ ᠢᠲᠡᠭᠡᠯ ᠠᠯᠳᠠᠭᠰᠠᠨ ᠵᠡᠷᠭᠡ ᠪᠠᠢ᠌ᠳᠠᠯ ᠦᠭᠡᠢ;
      (ᠭᠤᠷᠪᠠ) ᠪᠡᠶ᠎ᠡ ᠮᠠᠬᠠᠪᠤᠳ᠎ᠨᠢ ᠡᠷᠡᠭᠦᠯ ᠴᠢᠭᠢᠷᠠᠭ᠂ ᠠᠵᠢᠯ᠎ᠤᠨ ᠪᠠᠢ᠌ᠷᠢ ᠵᠢᠨ ᠡᠭᠦᠷᠭᠡ ᠬᠠᠷᠢᠭᠤᠴᠠᠯᠭ᠎ᠠ᠎ᠪᠠᠨ ᠬᠡᠪ᠎ᠤᠨ ᠪᠠᠢ᠌ᠳᠠᠯ ᠵᠶ᠋ᠠᠷ ᠭᠦᠢ᠍ᠴᠡᠳᠬᠡᠬᠦ ᠪᠡᠶ᠎ᠡ ᠮᠠᠬᠠᠪᠤᠳ᠎ᠤᠨ ᠨᠥᠬᠥᠴᠡᠯ᠎ᠲᠠᠢ ᠪᠠᠢ᠌ᠬᠤ;
      (ᠳᠥᠷᠪᠡ) ᠠᠵᠤ ᠠᠬᠤᠢ᠌ᠯᠠᠯ᠎ᠤᠨ ᠬᠡᠷᠡᠭᠰᠡᠬᠦ ᠠᠵᠢᠯ᠎ᠤᠨ ᠪᠠᠢ᠌ᠷᠢ ᠵᠢᠨ ᠲᠤᠰᠬᠠᠢ ᠮᠡᠷᠭᠡᠵᠢᠯ᠎ᠤᠨ ᠬᠡᠷᠡᠭᠴᠡᠭᠡ ᠵᠢ ᠬᠠᠩᠭ᠋ᠠᠬᠤ;
      (ᠲᠠᠪᠤ) ᠡᠩ᠎ᠤᠨ ᠳᠡᠭᠡᠳᠦ ᠰᠤᠷᠭ᠋ᠠᠭᠤᠯᠢ ᠵᠢᠨ ᠠᠰᠫᠢᠷᠠᠨᠲ ᠵᠢᠴᠢ ᠲᠡᠭᠦᠨ᠎ᠠᠴᠠ ᠳᠡᠭᠡᠭᠰᠢ ᠰᠤᠷᠤᠯᠭ᠎ᠠ ᠵᠢᠨ ᠨᠠᠮᠲᠠᠷ᠎ᠲᠠᠢ ᠡᠷᠳᠡᠮ᠎ᠤᠨ ᠴᠣᠯᠠ ᠣᠯᠬᠤ;
      (ᠵᠢᠷᠭᠤᠭ᠎ᠠ) ᠴᠢᠳᠠᠪᠤᠷᠢᠲᠠᠨ ᠣᠷᠣᠭᠤᠯᠵᠤ ᠢᠷᠡᠬᠦ ᠨᠠᠰᠤ᠎ᠨᠢ ᠡᠷᠬᠡᠪᠰᠢ ᠪᠦᠬᠦᠯᠢ 30 ᠨᠠᠰᠤᠨ᠎ᠠᠴᠠ ᠳᠣᠷᠣᠭᠰᠢ (ᠪᠦᠬᠦᠯᠢ 30 ᠨᠠᠰᠤ ᠪᠠᠭᠲᠠᠨ᠎ᠠ) ᠪᠠᠢ᠌ᠬᠤ ᠬᠡᠷᠡᠭᠲᠡᠢ ; ᠳ᠋ᠣᠺᠲ᠋ᠣᠷ᠎ᠤᠨ ᠰᠤᠷᠤᠯᠭ᠎ᠠ ᠵᠢᠨ ᠨᠠᠮᠲᠠᠷ ᠡᠷᠳᠡᠮ᠎ᠤᠨ ᠴᠣᠯᠠ ᠪᠤᠶᠤ ᠳᠡᠳ᠋ ᠳᠡᠭᠡᠳᠦ ᠵᠡᠷᠭᠡ ᠵᠢᠨ ᠪᠠ ᠲᠡᠭᠦᠨ᠎ᠠᠴᠠ ᠳᠡᠭᠡᠭᠰᠢᠬᠢ ᠲᠤᠰᠬᠠᠢ ᠮᠡᠷᠭᠡᠵᠢᠯ᠎ᠤᠨ ᠴᠣᠯᠠ᠎ᠲᠠᠢ ᠪᠣᠯ ᠪᠦᠬᠦᠯᠢ 35 ᠨᠠᠰᠤ ᠬᠦᠷᠲᠡᠯ᠎ᠡ ᠠᠭᠤᠵᠢᠭᠤ ᠲᠠᠯᠪᠢᠵᠤ ᠪᠣᠯᠣᠨ᠎ᠠ;
      (ᠳᠣᠯᠣᠭ᠎ᠠ) ᠠᠵᠢᠯ᠎ᠤᠨ ᠪᠠᠢ᠌ᠷᠢ ᠵᠢ ᠣᠷᠣᠭᠤᠯᠤᠨ ᠠᠪᠴᠢᠷᠠᠬᠤ ᠱᠠᠭ᠋ᠠᠷᠳᠠᠯᠭ᠎ᠠ᠎ᠳᠤ ᠨᠡᠢ᠌ᠴᠡᠭᠰᠡᠨ ᠲᠤᠰᠬᠠᠢ ᠮᠡᠷᠭᠡᠵᠢᠯ᠂ ᠠᠵᠢᠯ ᠮᠡᠷᠭᠡᠵᠢᠯ᠎ᠤᠨ ᠬᠢᠷᠢ ᠬᠡᠮ᠂ ᠮᠡᠷᠭᠡᠵᠢᠯ᠎ᠤᠨ ᠴᠢᠳᠠᠪᠤᠷᠢ ᠵᠢᠨ ᠵᠡᠷᠭᠡ ᠳᠡᠰ ᠵᠡᠷᠭᠡ ᠨᠥᠬᠥᠴᠡᠯ᠎ᠳᠤ ᠨᠡᠢ᠌ᠴᠡᠭᠰᠡᠨ ᠪᠠᠢ᠌ᠬᠤ ᠬᠡᠷᠡᠭᠲᠡᠢ᠃
      ᠳᠥᠷᠪᠡᠳᠦᠭᠡᠷ ᠵᠦᠢ᠍ᠯ ᠳᠣᠣᠷ᠎ᠠ ᠵᠢᠭᠰᠠᠭ᠋ᠠᠭᠰᠠᠨ ᠪᠠᠢ᠌ᠳᠠᠯ᠎ᠤᠳ᠎ᠤᠨ ᠨᠢᠭᠡ᠎ᠨᠢ ᠪᠠᠢ᠌ᠪᠠᠯ ᠣᠷᠣᠭᠤᠯᠵᠤ ᠢᠷᠡᠬᠦ ᠦᠭᠡᠢ᠄
      (ᠨᠢᠭᠡ) ᠵᠢᠩᠬᠢᠨᠢ ᠠᠯᠪᠠᠨ᠎ᠤ ᠴᠡᠷᠢᠭ; ᠰᠤᠷᠤᠯᠴᠠᠵᠤ ᠪᠠᠢ᠌ᠭ᠎ᠠ ᠪᠦᠬᠦᠯᠢ ᠡᠳᠦᠷ᠎ᠤᠨ ᠳᠦᠷᠢᠮᠲᠦ ᠣᠶᠤᠲᠠᠨ ᠪᠠ ᠠᠰᠫᠢᠷᠠᠨᠲ;
      (ᠬᠣᠶᠠᠷ) ᠶᠠᠯ᠎ᠠ ᠬᠢᠭᠰᠡᠨ᠎ᠠᠴᠠ ᠪᠣᠯᠵᠤ ᠡᠷᠡᠭᠦᠦ ᠵᠢᠨ ᠰᠢᠳᠬᠡᠯ ᠣᠯᠵᠤ ᠥᠩᠭᠡᠷᠡᠭᠰᠡᠨ ᠪᠠ ᠠᠯᠪᠠᠨ ᠲᠤᠰᠢᠶᠠᠯ ᠎ᠠᠴᠠ᠎ᠪᠠᠨ ᠬᠥᠭᠡᠭᠡᠭᠳᠡᠵᠦ ᠥᠩᠭᠡᠷᠡᠭᠰᠡᠨ ᠬᠥᠮᠥᠰ᠂ ᠬᠠᠤᠯᠢ ᠶᠣᠰᠣᠭ᠋ᠠᠷ ᠢᠲᠡᠭᠡᠯ ᠠᠯᠳᠠᠭᠰᠠᠳ᠎ᠢ ᠬᠣᠯᠪᠤᠭ᠋ᠠᠯᠠᠨ ᠵᠠᠯᠬᠠᠭ᠋ᠠᠨ ᠴᠡᠭᠡᠷᠯᠡᠭᠦᠯᠬᠦ ᠡᠲᠡᠭᠡᠳ᠎ᠲᠤ ᠵᠢᠭᠰᠠᠭ᠋ᠠᠭᠳᠠᠭᠰᠠᠨ ᠬᠥᠮᠥᠰ;
      (ᠭᠤᠷᠪᠠ) ᠨᠠᠮ᠎ᠤᠨ ᠰᠠᠬᠢᠯᠭ᠎ᠠ ᠪᠠᠲᠤ ᠵᠢᠨ ᠰᠢᠳᠬᠡᠯ᠎ᠢ ᠬᠠᠷᠠᠬᠠᠨ ᠬᠦᠴᠦᠨ ᠦᠭᠡᠢ ᠪᠣᠯᠭ᠋ᠠᠭ᠋ᠠᠳᠤᠢ ᠪᠤᠶᠤ ᠳᠤᠮᠳᠠᠳᠤ ᠤᠯᠤᠰ᠎ᠤᠨ ᠡᠪ ᠬᠠᠮᠲᠤ ᠨᠠᠮ᠎ᠠᠴᠠ ᠬᠥᠭᠡᠭᠡᠭᠳᠡᠭᠰᠡᠨ ᠬᠥᠮᠥᠰ;
      (ᠳᠥᠷᠪᠡ) ᠬᠠᠤᠯᠢ ᠵᠢ ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠢ᠎ᠠᠴᠠ ᠪᠣᠯᠵᠤ ᠬᠠᠤᠯᠢ ᠴᠠᠭ᠋ᠠᠵᠠ ᠵᠢᠨ ᠪᠠᠢ᠌ᠴᠠᠭ᠋ᠠᠯᠲᠠ ᠵᠢ ᠬᠦᠯᠢᠶᠡᠵᠦ ᠪᠠᠢ᠌ᠲᠠᠯ᠎ᠠ ᠬᠠᠷᠠᠬᠠᠨ ᠳ᠋ᠦᠩᠨᠡᠯᠲᠡ ᠭᠠᠷᠭ᠋ᠠᠭ᠋ᠠᠳᠤᠢ ᠬᠥᠮᠥᠰ;
      (ᠲᠠᠪᠤ) ᠡᠯ᠎ᠡ ᠱᠠᠲᠤᠨ᠎ᠤ ᠠᠯᠪᠠᠲᠠᠨ ᠪᠤᠶᠤ ᠠᠵᠢᠯ ᠦᠢ᠍ᠯᠡᠰ᠎ᠤᠨ ᠨᠢᠭᠡᠴᠡ ᠵᠢᠨ ᠰᠢᠯᠭ᠋ᠠᠨ ᠡᠯᠰᠡᠬᠦ ᠰᠢᠯᠭ᠋ᠠᠯᠲᠠ᠎ᠳᠤ ᠬᠡᠮ ᠦᠢ᠍ᠯᠡᠳᠦᠭᠰᠡᠨ ᠵᠡᠷᠭᠡ ᠰᠠᠬᠢᠯᠭ᠎ᠠ ᠪᠠᠲᠤ ᠵᠢ ᠬᠦᠨᠳᠦ ᠨᠣᠴᠢᠲᠠᠢ ᠵᠥᠷᠢᠴᠡᠭᠰᠡᠨ ᠦᠢᠯᠡ ᠠᠵᠢᠯᠯᠠᠭ᠎ᠠ᠎ᠲᠠᠢ ᠪᠠᠢ᠌ᠬᠤ᠎ᠨᠢ ᠬᠠᠷᠠᠬᠠᠨ ᠰᠢᠯᠭ᠋ᠠᠯᠲᠠ ᠵᠢ ᠴᠠᠭ᠋ᠠᠵᠠᠯᠠᠬᠤ ᠬᠤᠭᠤᠴᠠᠭ᠋ᠠᠨ᠎ᠳᠤ ᠪᠠᠢ᠌ᠭ᠎ᠠ ᠠᠵᠢᠯᠲᠠᠨ;
      (ᠵᠢᠷᠭᠤᠭ᠎ᠠ) ᠪᠠᠶᠠᠨᠨᠠᠭᠤᠷ ᠬᠣᠲᠠ ᠵᠢᠨ ᠡᠯ᠎ᠡ ᠱᠠᠲᠤᠨ᠎ᠤ ᠨᠠᠮ ᠵᠠᠰᠠᠭ᠎ᠤᠨ ᠪᠠᠢ᠌ᠭᠤᠯᠤᠯᠭ᠎ᠠ ᠵᠢᠨ ᠠᠵᠢᠯ᠎ᠳᠤ ᠪᠠᠢ᠌ᠭ᠎ᠠ ᠣᠷᠣᠨ ᠲᠣᠭ᠎ᠠ᠎ᠳᠤ ᠪᠠᠢ᠌ᠭ᠎ᠠ ᠠᠯᠪᠠᠲᠠᠨ ᠪᠠ ᠠᠵᠢᠯ ᠦᠢ᠍ᠯᠡᠰ᠎ᠤᠨ ᠨᠢᠭᠡᠴᠡ᠎ᠳᠤ ᠵᠢᠩᠬᠢᠨᠢ᠎ᠪᠠᠷ ᠤᠷᠢᠨ ᠬᠡᠷᠡᠭᠯᠡᠬᠦ ᠠᠵᠢᠯᠲᠠᠨ; ᠮᠠᠨ᠎ᠤ ᠬᠣᠲᠠ ᠵᠢᠨ ᠲᠤᠰᠢᠶᠠᠯ᠎ᠠᠴᠠ᠎ᠪᠠᠨ ᠰᠠᠯᠤᠭ᠋ᠠᠳ ᠲᠠᠪᠤᠨ ᠵᠢᠯ ᠪᠣᠯᠣᠭ᠎ᠠ ᠦᠭᠡᠢ ᠤᠤᠯ᠎ᠤᠨ ᠨᠠᠮ ᠵᠠᠰᠠᠭ᠎ᠤᠨ ᠪᠠᠢ᠌ᠭᠤᠯᠤᠯᠭ᠎ᠠ ᠵᠢᠨ ᠠᠵᠢᠯ᠎ᠳᠤ ᠪᠠᠢ᠌ᠭ᠎ᠠ ᠣᠷᠣᠨ ᠲᠣᠭ᠎ᠠ᠎ᠳᠤ ᠪᠠᠢ᠌ᠭ᠎ᠠ ᠠᠯᠪᠠᠲᠠᠨ ᠪᠠ ᠠᠵᠢᠯ ᠦᠢ᠍ᠯᠡᠰ᠎ᠤᠨ ᠨᠢᠭᠡᠴᠡ᠎ᠠᠴᠠ ᠵᠢᠩᠬᠢᠨᠢ᠎ᠪᠠᠷ ᠠᠵᠢᠯᠲᠠᠨ ᠤᠷᠢᠵᠤ ᠬᠡᠷᠡᠭᠯᠡᠨ᠎ᠡ;
      (ᠳᠣᠯᠣᠭ᠎ᠠ) ᠴᠢᠳᠠᠪᠤᠷᠢᠲᠠᠨ ᠡᠯᠰᠡᠬᠦ ᠠᠵᠢᠯᠯᠠᠭ᠎ᠠ ᠵᠢᠨ ᠨᠡᠷ᠎ᠡ ᠮᠡᠳᠡᠭᠦᠯᠬᠦ ᠠᠵᠢᠯ ᠳᠠᠭᠤᠰᠤᠭᠰᠠᠨ᠎ᠤ ᠳᠠᠷᠠᠭ᠎ᠠ ᠤᠷᠢᠨ ᠬᠡᠷᠡᠭᠯᠡᠬᠦ ᠭᠠᠷᠳᠠᠮ ᠭᠦᠢ᠍ᠴᠡᠳᠬᠡᠬᠦ᠎ᠠᠴᠠ ᠡᠮᠦᠨ᠎ᠡ᠂ ᠪᠤᠰᠤᠳ ᠠᠯᠪᠠᠲᠠᠨ (ᠠᠯᠪᠠᠨ᠎ᠳᠤ ᠣᠷᠣᠯᠴᠠᠭᠴᠢ)᠎ᠤ ᠰᠢᠯᠭ᠋ᠠᠨ ᠡᠯᠰᠡᠯᠲᠡ᠎ᠳᠤ ᠣᠷᠣᠯᠴᠠᠭᠰᠠᠨ ᠪᠤᠶᠤ ᠠᠵᠢᠯ ᠦᠢ᠍ᠯᠡᠰ᠎ᠤᠨ ᠨᠢᠭᠡᠴᠡ ᠵᠢᠨ ᠣᠷᠣᠨ ᠲᠣᠭ᠋ᠠᠨ᠎ᠤ ᠳᠣᠲᠣᠷ᠎ᠠ ᠢᠯᠡ᠎ᠪᠠᠷ ᠤᠷᠢᠨ ᠬᠡᠷᠡᠭᠯᠡᠭᠰᠡᠨ᠎ᠠᠴᠠ ᠪᠣᠯᠵᠤ᠂ ᠪᠤᠰᠤᠳ ᠪᠠᠢ᠌ᠭᠤᠯᠤᠯᠭ᠎ᠠ (ᠠᠯᠪᠠᠨ᠎ᠳᠤ ᠣᠷᠣᠯᠴᠠᠭᠴᠢ ᠨᠢᠭᠡᠴᠡ)᠎ᠳᠤ ᠡᠯᠰᠡᠭᠳᠡᠭᠰᠡᠨ ᠪᠤᠶᠤ ᠠᠵᠢᠯ ᠦᠢ᠍ᠯᠡᠰ᠎ᠤᠨ ᠨᠢᠭᠡᠴᠡ ᠵᠢᠨ ᠣᠷᠣᠨ ᠲᠣᠭ᠎ᠠ᠎ᠳᠤ ᠣᠷᠣᠵᠤ ᠤᠷᠢᠨ ᠬᠡᠷᠡᠭᠯᠡᠭᠰᠡᠨ᠎ᠠᠴᠠ ᠪᠣᠯᠤᠭᠰᠠᠨ; ᠲᠣᠰ ᠤᠳᠠᠭ᠋ᠠᠨ᠎ᠤ ᠴᠢᠳᠠᠪᠤᠷᠢᠲᠠᠨ ᠡᠯᠰᠡᠬᠦ ᠠᠵᠢᠯᠯᠠᠭ᠎ᠠ ᠵᠢᠨ ᠨᠡᠷ᠎ᠡ ᠮᠡᠳᠡᠭᠦᠯᠬᠦ ᠠᠵᠢᠯ ᠳᠠᠭᠤᠰᠤᠭᠰᠠᠨ᠎ᠤ ᠳᠠᠷᠠᠭ᠎ᠠ ᠤᠷᠢᠵᠤ ᠬᠡᠷᠡᠭᠯᠡᠬᠦ ᠭᠠᠷ ᠭᠦᠢ᠍ᠴᠡᠳᠬᠡᠯ ᠬᠢᠬᠦ᠎ᠠᠴᠠ ᠡᠮᠦᠨ᠎ᠡ᠂ ᠪᠦᠬᠦᠯᠢ ᠡᠳᠦᠷ᠎ᠤᠨ ᠳᠦᠷᠢᠮᠲᠦ ᠰᠣᠷᠣᠭᠴᠢ ᠪᠣᠯᠤᠭᠰᠠᠨ;
      (ᠨᠠᠢ᠍ᠮᠠ) ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠠᠵᠢᠯ ᠦᠢ᠍ᠯᠡᠰ᠎ᠤᠨ ᠨᠢᠭᠡᠴᠡ ᠵᠢᠨ ᠠᠵᠢᠯᠲᠠᠨ ᠵᠶ᠋ᠠᠷ ᠤᠷᠢᠨ ᠬᠡᠷᠡᠭᠯᠡᠵᠦ ᠪᠣᠯᠬᠤ ᠦᠭᠡᠢ ᠪᠤᠰᠤᠳ  ᠪᠠᠢ᠌ᠳᠠᠯ᠎ᠲᠠᠢ ᠬᠥᠮᠥᠰ᠃
      ᠲᠠᠪᠤᠳᠤᠭ᠋ᠠᠷ ᠵᠦᠢ᠍ᠯ  ᠣᠷᠣᠭᠤᠯᠬᠤ ᠵᠢᠷᠤᠮ
      (ᠨᠢᠭᠡ) ᠠᠵᠢᠯ᠎ᠤᠨ ᠪᠠᠢ᠌ᠷᠢ ᠲᠣᠭᠲᠠᠭ᠋ᠠᠬᠤ
      1. ᠠᠵᠢᠯ᠎ᠤᠨ ᠪᠠᠢ᠌ᠷᠢ ᠵᠢᠨ ᠬᠡᠷᠡᠭᠴᠡᠭᠡ ᠱᠠᠭ᠋ᠠᠷᠳᠠᠯᠭ᠎ᠠ ᠵᠢ ᠣᠢ᠌ᠯᠠᠭ᠋ᠠᠨ ᠵᠢᠭᠰᠠᠭ᠋ᠠᠬᠤ ᠵᠢ ᠥᠷᠨᠢᠭᠦᠯᠦᠨ᠎ᠡ᠃ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ ᠲᠠᠷᠢᠶᠠᠯᠠᠩ ᠮᠠᠯ ᠠᠵᠤ ᠠᠬᠤᠢ᠂ ᠰᠢᠨᠵᠢᠯᠡᠬᠦ ᠤᠬᠠᠭ᠋ᠠᠨ ᠮᠡᠷᠭᠡᠵᠢᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ᠂ ᠬᠥᠭᠵᠢᠭᠦᠯᠦᠯᠲᠡ   ᠪᠠ  ᠥᠭᠡᠷᠡᠴᠢᠯᠡᠯᠲᠡ  ᠵᠡᠷᠭᠡ  ᠰᠠᠯᠠᠭ᠎ᠠ   ᠮᠥᠴᠢᠷ   ᠵᠢᠴᠢ   ᠠᠵᠤ  ᠦᠢ᠍ᠯᠡᠳᠪᠦᠷᠢ ᠵᠢᠨ   ᠬᠦᠷᠢᠶᠡᠯᠡᠩ   ᠲᠣᠭᠣᠷᠢᠭ ᠎ᠲᠠᠢ  ᠬᠣᠯᠪᠤᠭ᠋ᠠᠯᠠᠨ᠂  《ᠳᠥᠷᠪᠡᠨ ᠲᠣᠭᠣᠷᠢᠭ》 《ᠬᠣᠶᠠᠷ ᠰᠠᠭᠤᠷᠢᠨ ᠭᠠᠵᠠᠷ᠂ ᠳᠥᠷᠪᠡᠨ ᠪᠦᠯᠦᠭᠯᠡᠯ》 ᠎ᠢ   ᠪᠦᠲᠦᠭᠡᠨ   ᠪᠠᠢ᠌ᠭᠤᠯᠤᠭᠰᠠᠨ   ᠬᠡᠪᠴᠢᠶᠡᠵᠢᠯ ᠎ᠠᠴᠠ   ᠳᠡᠭᠡᠭᠰᠢᠬᠢ   ᠠᠵᠤ   ᠠᠬᠤᠢ᠌ᠯᠠᠯ᠂ ᠭᠣᠣᠯᠳᠠᠯᠭ᠎ᠠ᠎ᠲᠠᠢ ᠠᠵᠤ ᠠᠬᠤᠢ᠌ᠯᠠᠯ᠂ ᠬᠥᠲᠥᠴᠢ ᠠᠵᠤ ᠠᠬᠤᠢ᠌ᠯᠠᠯ ᠪᠠ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ᠎ᠤᠨ ᠴᠢᠳᠠᠪᠤᠷᠢᠲᠠᠨ᠎ᠤ ᠬᠡᠷᠡᠭᠴᠡᠭᠡ ᠱᠠᠭ᠋ᠠᠷᠳᠠᠯᠭ᠎ᠠ ᠵᠢᠨ ᠪᠠᠢ᠌ᠳᠠᠯ᠎ᠳᠤ ᠪᠠᠢ᠌ᠴᠠᠭ᠋ᠠᠨ ᠰᠤᠳᠤᠯᠤᠯᠲᠠ ᠬᠢᠵᠦ᠂ ᠠᠵᠤ ᠠᠬᠤᠢ᠌ᠯᠠᠯ᠎ᠤᠨ ᠨᠠᠷᠢᠨ ᠲᠣᠳᠣᠷᠬᠠᠢ ᠬᠡᠷᠡᠭᠴᠡᠭᠡ ᠱᠠᠭ᠋ᠠᠷᠳᠠᠯᠭ᠎ᠠ ᠵᠢᠨ ᠪᠠᠢ᠌ᠳᠠᠯ᠎ᠢ ᠡᠵᠡᠮᠳᠡᠪᠡ᠃ ᠮᠡᠳᠡᠭᠦᠯᠦᠭᠰᠡᠨ ᠠᠵᠤ ᠠᠬᠤᠢ᠌ᠯᠠᠯ᠎ᠨᠢ  《ᠭᠣᠣᠯᠳᠠᠯᠭ᠎ᠠ ᠎ᠲᠠᠢ ᠠᠵᠤ ᠠᠬᠤᠢ᠌ᠯᠠᠯ ᠎ᠤᠨ ᠣᠷᠣᠭᠤᠯᠵᠤ ᠢᠷᠡᠬᠦ ᠳᠡᠭᠡᠳᠦ   ᠲᠠᠰ ᠳᠠᠪᠬᠤᠷᠭ᠎ᠠ ᠵᠢᠨ ᠪᠠᠴᠢᠮ ᠬᠡᠷᠡᠭᠴᠡᠭᠡ ᠎ᠲᠠᠢ  ᠳᠤᠲᠠᠭᠳᠠᠵᠤ  ᠪᠠᠢ᠌ᠭ᠎ᠠ ᠴᠢᠳᠠᠪᠤᠷᠢᠲᠠᠨ ᠎ᠤ ᠠᠵᠢᠯ ᠎ᠤᠨ ᠪᠠᠢ᠌ᠷᠢ ᠵᠢᠨ ᠬᠡᠷᠡᠭᠴᠡᠭᠡ ᠱᠠᠭ᠋ᠠᠷᠳᠠᠯᠭ᠎ᠠ ᠵᠢᠨ ᠬᠦᠰᠦᠨᠦᠭᠲᠦ》 (ᠳᠠᠭ᠋ᠠᠯᠳᠤᠭᠤᠯᠤᠯ 1) ᠵᠢ ᠲᠠᠭᠯᠠᠨ᠎ᠠ᠃
      2. ᠴᠢᠳᠠᠪᠤᠷᠢᠲᠠᠨ ᠣᠷᠣᠭᠤᠯᠬᠤ ᠲᠣᠭ᠎ᠠ ᠬᠡᠮᠵᠢᠶ᠎ᠡ ᠵᠢ ᠲᠣᠭᠲᠠᠭ᠋ᠠᠨ᠎ᠠ᠃ ᠭᠣᠣᠯᠳᠠᠯᠭ᠎ᠠ᠎ᠲᠠᠢ ᠠᠵᠤ ᠦᠢ᠍ᠯᠡᠰ᠂ ᠭᠣᠣᠯᠳᠠᠯᠭ᠎ᠠ᠎ᠲᠠᠢ ᠠᠵᠤ ᠠᠬᠤᠢ᠌ᠯᠠᠯ᠎ᠤᠨ ᠴᠢᠳᠠᠪᠤᠷᠢᠲᠠᠨ᠎ᠤ ᠬᠡᠷᠡᠭᠴᠡᠭᠡ ᠱᠠᠭ᠋ᠠᠷᠳᠠᠯᠭ᠎ᠠ ᠵᠢᠨ ᠪᠠᠢ᠌ᠳᠠᠯ᠂ ᠴᠢᠳᠠᠪᠤᠷᠢᠲᠠᠨ ᠣᠷᠣᠭᠤᠯᠬᠤ ᠠᠵᠤ ᠠᠬᠤᠢ᠌ᠯᠠᠯ᠎ᠯᠤᠭ᠎ᠠ ᠬᠣᠯᠪᠣᠭ᠎ᠠ᠎ᠲᠠᠢ ᠠᠵᠢᠯ ᠦᠢ᠍ᠯᠡᠰ᠎ᠤᠨ ᠨᠢᠭᠡᠴᠡ ᠵᠢᠨ ᠬᠣᠭᠣᠰᠤᠨ ᠣᠷᠣᠨ ᠲᠣᠭ᠎ᠠ ᠵᠢᠨ ᠪᠠᠢ᠌ᠳᠠᠯ᠎ᠲᠠᠢ ᠤᠶᠠᠯᠳᠤᠭᠤᠯᠤᠨ᠂ ᠠᠵᠤ ᠠᠬᠤᠢ᠌ᠯᠠᠯ᠎ᠤᠨ ᠴᠢᠳᠠᠪᠤᠷᠢᠲᠠᠨ ᠣᠷᠣᠭᠤᠯᠬᠤ ᠠᠵᠢᠯ᠎ᠤᠨ ᠪᠠᠢ᠌ᠷᠢ᠂ ᠴᠢᠳᠠᠪᠤᠷᠢᠲᠠᠨ ᠣᠷᠣᠭᠤᠯᠬᠤ ᠲᠣᠭ᠎ᠠ ᠬᠡᠮᠵᠢᠶ᠎ᠡ ᠵᠢ ᠲᠣᠭᠲᠠᠭ᠋ᠠᠨ᠎ᠠ᠃ ᠬᠣᠲᠠ ᠵᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠠᠵᠢᠯ᠎ᠤᠨ ᠠᠯᠪᠠᠨ ᠭᠡᠷ᠎ᠨᠢ ᠠᠵᠤ ᠠᠬᠤᠢ᠌ᠯᠠᠯ᠎ᠤᠨ ᠴᠢᠳᠠᠪᠤᠷᠢᠲᠠᠨ ᠣᠷᠣᠭᠤᠯᠤᠨ ᠠᠪᠴᠢᠷᠠᠬᠤ ᠬᠡᠷᠡᠭᠴᠡᠭᠡ ᠱᠠᠭ᠋ᠠᠷᠳᠠᠯᠭ᠎ᠠ ᠵᠢ ᠬᠤᠷᠢᠶᠠᠩᠭᠤᠢ᠌ᠯᠠᠵᠤ᠂ ᠬᠣᠲᠠ ᠵᠢᠨ ᠵᠣᠬᠢᠶᠠᠨ ᠪᠠᠶ᠋ᠢᠭᠤᠯᠬᠤ᠂ ᠣᠷᠣᠨ ᠲᠣᠭ᠎ᠠ ᠵᠢᠨ ᠰᠠᠯᠠᠭ᠎ᠠ ᠮᠥᠴᠢᠷ᠎ᠲᠤ ᠮᠡᠳᠡᠭᠦᠯᠦᠨ ᠵᠢᠯ ᠪᠦᠷᠢ ᠵᠢᠨ ᠴᠢᠳᠠᠪᠤᠷᠢᠲᠠᠨ ᠣᠷᠣᠭᠤᠯᠤᠨ ᠠᠪᠴᠢᠷᠠᠬᠤ ᠠᠵᠤ ᠠᠬᠤᠢ᠌ᠯᠠᠯ ᠵᠢᠴᠢ ᠣᠷᠣᠭᠤᠯᠤᠨ ᠠᠪᠴᠢᠷᠠᠬᠤ ᠲᠣᠭ᠎ᠠ ᠬᠡᠮᠵᠢᠶ᠎ᠡ ᠵᠢ ᠵᠥᠪᠳᠡᠯᠴᠡᠨ ᠲᠣᠭᠲᠠᠭ᠋ᠠᠨ᠎ᠠ᠃
      (ᠬᠣᠶᠠᠷ) ᠠᠯᠪᠠᠨ ᠵᠠᠷ ᠨᠡᠢ᠌ᠲᠡᠯᠡᠨ᠎ᠡ᠃ ᠬᠣᠲᠠ ᠵᠢᠨ ᠲᠠᠰ᠎ᠤᠨ ᠰᠣᠨᠢᠨ ᠮᠡᠳᠡᠭᠡᠨ᠎ᠤ ᠵᠠᠭᠤᠴᠢᠯᠠᠭᠤᠷ᠂ ᠪᠠᠶᠠᠨᠨᠠᠭᠤᠷ ᠬᠣᠲᠠ ᠵᠢᠨ ᠠᠵᠢᠯᠲᠠᠨ᠎ᠤ ᠶᠠᠪᠤᠳᠠᠯ᠎ᠤᠨ ᠰᠢᠯᠭ᠋ᠠᠯᠲᠠ ᠵᠢᠨ ᠰᠦᠯᠵᠢᠶ᠎ᠡ᠎ᠳᠤ᠂ ᠴᠢᠳᠠᠪᠤᠷᠢᠲᠠᠨ ᠣᠷᠣᠭᠤᠯᠤᠨ ᠠᠪᠴᠢᠷᠠᠬᠤ ᠠᠵᠢᠯ᠎ᠤᠨ ᠪᠠᠢ᠌ᠷᠢ ᠵᠢᠨ ᠮᠡᠳᠡᠭᠡ ᠵᠠᠩᠭᠢ ᠵᠢᠴᠢ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠨᠡᠢ᠌ᠲᠡᠯᠡᠨ᠎ᠡ᠃
      (ᠭᠤᠷᠪᠠ) ᠨᠡᠷ᠎ᠡ ᠮᠡᠳᠡᠭᠦᠯᠵᠦ ᠲᠡᠮᠳᠡᠭᠯᠡᠭᠦᠯᠬᠦ᠂ ᠬᠢᠷᠢ ᠬᠡᠮ᠎ᠤᠨ ᠠᠩᠬᠠᠨ᠎ᠤ ᠬᠢᠨᠠᠯᠲᠠ ᠬᠢᠬᠦ᠃ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠠᠷᠭ᠎ᠠ ᠮᠠᠶᠢᠭ ᠵᠶ᠋ᠠᠷ ᠶᠠᠪᠤᠭᠳᠠᠭᠤᠯᠵᠤ᠂ 《ᠪᠠᠶᠠᠨᠨᠠᠭᠤᠷ ᠬᠣᠲᠠ ᠵᠢᠨ ᠭᠣᠣᠯᠳᠠᠯᠭ᠎ᠠ᠎ᠲᠠᠢ ᠠᠵᠤ ᠠᠬᠤᠢ᠌ᠯᠠᠯ᠎ᠤᠨ ᠳᠡᠭᠡᠳᠦ ᠲᠠᠰ ᠳᠠᠪᠬᠤᠷᠭ᠎ᠠ ᠵᠢᠨ ᠪᠠᠴᠢᠮ ᠬᠡᠷᠡᠭᠴᠡᠭᠡ᠎ᠲᠠᠢ ᠳᠤᠲᠠᠭᠳᠠᠵᠤ ᠪᠠᠢ᠌ᠭ᠎ᠠ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠨᠡᠷ᠎ᠡ ᠮᠡᠳᠡᠭᠦᠯᠬᠦ ᠬᠦᠰᠦᠨᠦᠭᠲᠦ 》  (ᠳᠠᠭ᠋ᠠᠯᠳᠤᠭᠤᠯᠤᠯ 2) ᠵᠢ   ᠲᠠᠭᠯᠠᠵᠤ᠂  ᠨᠡᠷ᠎ᠡ  ᠮᠡᠳᠡᠭᠦᠯᠵᠦ   ᠳᠠᠩᠰᠠᠯᠠᠬᠤ᠂ ᠬᠢᠷᠢ ᠬᠡᠮ᠎ᠤᠨ ᠠᠩᠬᠠᠨ᠎ᠤ ᠬᠢᠨᠠᠯᠲᠠ ᠵᠢ ᠥᠷᠨᠢᠭᠦᠯᠦᠨ᠎ᠡ᠃
      (ᠳᠥᠷᠪᠡ) ᠰᠢᠯᠭ᠋ᠠᠨ ᠦᠨᠡᠯᠡᠬᠦ ᠵᠢ ᠥᠷᠨᠢᠭᠦᠯᠦᠨ᠎ᠡ᠃ᠬᠣᠲᠠ ᠵᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠠᠵᠢᠯ᠎ᠤᠨ ᠠᠯᠪᠠᠨ ᠭᠡᠷ᠎ᠠᠴᠠ ᠴᠢᠳᠠᠪᠤᠷᠢᠲᠠᠨ ᠣᠷᠣᠭᠤᠯᠤᠨ ᠠᠪᠴᠢᠷᠠᠬᠤ ᠠᠵᠢᠯ ᠦᠢ᠍ᠯᠡᠰ᠎ᠤᠨ ᠬᠠᠭᠤᠳᠠᠰᠤ᠎ᠲᠠᠢ ᠬᠠᠮᠲᠤᠷᠠᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠠᠵᠢᠯᠲᠠᠨ ᠲᠠᠲᠠᠵᠤ ᠰᠢᠯᠭ᠋ᠠᠨ ᠦᠨᠡᠯᠡᠬᠦ ᠠᠵᠢᠯ᠎ᠤᠨ ᠳᠤᠭᠤᠢ᠌ᠯᠠᠩ᠎ᠢ ᠪᠦᠷᠢᠯᠳᠦᠭᠦᠯᠦᠨ᠎ᠡ᠃ ᠰᠢᠯᠭ᠋ᠠᠨ ᠦᠨᠡᠯᠡᠬᠦ ᠵᠢ ᠡᠩ᠎ᠤᠨ ᠪᠠᠢ᠌ᠳᠠᠯ᠎ᠳᠤ ᠨᠢᠭᠤᠷᠲᠠᠨ ᠰᠢᠯᠭ᠋ᠠᠬᠤ ᠪᠤᠶᠤ ᠪᠢᠷ᠎ᠤᠨ ᠰᠢᠯᠭ᠋ᠠᠯᠲᠠ ᠵᠢᠨ ᠨᠢᠭᠤᠷᠲᠠᠨ ᠰᠢᠯᠭ᠋ᠠᠬᠤ ᠵᠢ ᠤᠶᠠᠯᠳᠤᠭᠤᠯᠬᠤ ᠬᠡᠯᠪᠡᠷᠢ᠎ᠪᠠᠷ ᠶᠠᠪᠤᠭᠳᠠᠭᠤᠯᠤᠨ᠎ᠠ᠂ ᠪᠣᠳᠠᠲᠠᠢ ᠰᠢᠯᠭ᠋ᠠᠨ ᠦᠨᠡᠯᠡᠬᠦ ᠬᠡᠯᠪᠡᠷᠢ ᠵᠢ ᠨᠡᠷ᠎ᠡ ᠮᠡᠳᠡᠭᠦᠯᠦᠭᠰᠡᠨ ᠲᠣᠭ᠎ᠠ ᠬᠡᠮᠵᠢᠶ᠎ᠡ ᠪᠠ ᠠᠵᠢᠯ᠎ᠤᠨ ᠪᠠᠢ᠌ᠷᠢ ᠵᠢᠨ ᠴᠢᠳᠠᠪᠤᠷᠢᠲᠠᠨ ᠡᠯᠰᠡᠬᠦ ᠬᠡᠷᠡᠭᠴᠡᠭᠡ ᠵᠢᠨ ᠪᠠᠢ᠌ᠳᠠᠯ᠎ᠢ ᠦᠨᠳᠦᠰᠦᠯᠡᠨ ᠪᠠᠢ᠌ᠳᠠᠯ᠎ᠢ᠎ᠨᠢ ᠦᠵᠡᠵᠦ ᠲᠣᠭᠲᠠᠭ᠋ᠠᠨ᠎ᠠ᠃
      (ᠲᠠᠪᠤ) ᠪᠡᠶ᠎ᠡ ᠵᠢᠨ ᠪᠠᠢ᠌ᠴᠠᠭ᠋ᠠᠯᠲᠠ᠃ ᠰᠢᠯᠭ᠋ᠠᠨ ᠦᠨᠡᠯᠡᠬᠦ᠎ᠳᠤ ᠬᠢᠷᠢ ᠲᠡᠩᠴᠡᠭᠰᠡᠨ ᠬᠥᠮᠥᠰ᠎ᠤᠨ ᠪᠡᠶ᠎ᠡ ᠵᠢᠨ ᠪᠡᠶ᠎ᠡ  ᠵᠢᠨ ᠪᠠᠢ᠌ᠴᠠᠭ᠋ᠠᠯᠲᠠ  ᠵᠢ ᠠᠯᠪᠠᠲᠠᠨ ᠡᠯᠰᠡᠵᠦ ᠬᠡᠷᠡᠭᠯᠡᠬᠦ ᠪᠡᠶ᠎ᠡ  ᠵᠢᠨ ᠪᠠᠢ᠌ᠴᠠᠭ᠋ᠠᠯᠲᠠ  ᠵᠢᠨ ᠬᠣᠯᠪᠣᠭᠳᠠᠯ ᠪᠦᠬᠦᠢ ᠲᠣᠭᠲᠠᠭ᠋ᠠᠯ  ᠵᠶ᠋ᠠᠷ ᠯᠠᠪᠯᠠᠯᠲᠠ ᠪᠣᠯᠭ᠋ᠠᠵᠤ ᠬᠢᠨ᠎ᠡ᠂ ᠪᠡᠶ᠎ᠡ  ᠵᠢᠨ ᠪᠠᠢ᠌ᠴᠠᠭ᠋ᠠᠯᠲᠠ  ᠵᠢᠨ ᠠᠵᠢᠯ ᠎ᠢ ᠴᠢᠳᠠᠪᠤᠷᠢᠲᠠᠨ ᠡᠯᠰᠡᠵᠦ ᠣᠷᠣᠨ ᠲᠣᠭ᠎ᠠ᠎ᠳᠤ ᠬᠠᠷᠢᠭᠤᠴᠠᠬᠤ ᠵᠢᠨ ᠬᠠᠮᠲᠤ ᠪᠡᠶ᠎ᠡ ᠵᠢᠨ ᠪᠠᠢ᠌ᠴᠠᠭ᠋ᠠᠯᠲᠠ ᠵᠢᠨ ᠦᠷ᠎ᠡ ᠳ᠋ᠦᠩ᠎ᠢ ᠭᠠᠷᠭ᠋ᠠᠨ᠎ᠠ᠃
      (ᠵᠢᠷᠭᠤᠭ᠎ᠠ) ᠬᠢᠨᠠᠨ ᠪᠠᠢ᠌ᠴᠠᠭ᠋ᠠᠵᠤ ᠲᠡᠬᠢᠠ ᠬᠢᠨᠠᠬᠤ᠃ ᠪᠡᠶ᠎ᠡ ᠵᠢᠨ ᠪᠠᠢ᠌ᠴᠠᠭ᠋ᠠᠯᠲᠠ᠎ᠳᠤ ᠬᠢᠷᠢ ᠲᠡᠩᠴᠡᠭᠰᠡᠨ ᠬᠥᠮᠥᠰ᠎ᠲᠤ ᠴᠢᠳᠠᠪᠤᠷᠢᠲᠠᠨ ᠣᠷᠣᠭᠤᠯᠬᠤ ᠠᠵᠢᠯ ᠦᠢ᠍ᠯᠡᠰ᠎ᠤᠨ ᠨᠢᠭᠡᠴᠡ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠠᠵᠤ ᠠᠬᠤᠢ᠌ᠯᠠᠯ ᠬᠠᠮᠲᠤᠷᠠᠨ ᠪᠠᠢ᠌ᠴᠠᠭ᠋ᠠᠯᠲᠠ ᠬᠢᠬᠦ ᠪᠠ ᠬᠢᠷᠢ ᠬᠡᠮ᠎ᠢ᠎ᠨᠢ ᠳᠠᠬᠢᠨ ᠬᠢᠨᠠᠬᠤ ᠠᠵᠢᠯ᠎ᠢ ᠥᠷᠨᠢᠭᠦᠯᠦᠨ᠎ᠡ᠃ ᠰᠢᠯᠭ᠋ᠠᠨ ᠪᠠᠢ᠌ᠴᠠᠭ᠋ᠠᠬᠤ ᠪᠠ ᠬᠢᠷᠢ ᠬᠡᠮ᠎ᠢ ᠳᠠᠬᠢᠨ ᠬᠢᠨᠠᠬᠤ᠎ᠳᠤ ᠡᠷᠬᠡᠪᠰᠢ ᠰᠤᠷᠭ᠋ᠠᠭᠤᠯᠢ ᠵᠢᠨ ᠬᠠᠷᠢᠶ᠎ᠠ ᠵᠢᠨ ᠲᠠᠩᠰᠠ ᠡᠪᠬᠡᠮᠡᠯ᠂ ᠬᠠᠮᠢᠶ᠎ᠠ ᠪᠦᠬᠦᠢ ᠮᠠᠲ᠋ᠧᠷᠢᠶᠠᠯ᠎ᠤᠨ ᠤᠭ ᠮᠠᠲ᠋ᠧᠷᠢᠶᠠᠯ᠎ᠢ ᠪᠠᠢ᠌ᠴᠠᠭ᠋ᠠᠨ ᠦᠵᠡᠬᠦ ᠪᠤᠶᠤ ᠲᠤᠬᠠᠢ ᠵᠢᠨ ᠭᠠᠵᠠᠷ᠎ᠲᠤᠨᠢ ᠬᠦᠷᠴᠦ ᠰᠤᠷᠪᠤᠯᠵᠢᠯᠠᠨ ᠶᠠᠷᠢᠯᠴᠠᠵᠤ ᠪᠠᠢ᠌ᠳᠠᠯ᠎ᠢ ᠣᠢ᠌ᠯᠠᠭ᠋ᠠᠵᠤ ᠪᠣᠯᠣᠨ᠎ᠠ᠃ ᠬᠢᠨᠠᠨ ᠪᠠᠢ᠌ᠴᠠᠭ᠋ᠠᠬᠤ ᠪᠠ ᠬᠢᠷᠢ ᠬᠡᠮ᠎ᠤᠨ ᠳᠠᠬᠢᠨ ᠬᠢᠨᠠᠯᠲᠠ ᠬᠢᠵᠦ ᠳᠠᠭᠤᠰᠤᠭᠰᠠᠨ᠎ᠤ ᠳᠠᠷᠠᠭ᠎ᠠ᠂ ᠡᠯ᠎ᠡ ᠡᠷᠭᠢᠯᠡᠨ ᠬᠠᠮᠢᠶᠠᠷᠬᠤ ᠰᠠᠯᠠᠭ᠎ᠠ ᠮᠥᠴᠢᠷ᠎ᠤᠳ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢ᠌ᠯᠠᠩ) ᠵᠢᠨ ᠬᠤᠷᠠᠯ ᠬᠤᠷᠠᠯᠳᠤᠭᠤᠯᠵᠤ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠬᠥᠮᠥᠰ᠎ᠢ ᠰᠤᠳᠤᠯᠤᠨ ᠲᠣᠭᠲᠠᠭ᠋ᠠᠵᠤ᠂ ᠣᠷᠣᠭᠤᠯᠤᠨ ᠠᠪᠴᠢᠷᠠᠬᠤ ᠨᠥᠬᠥᠴᠡᠯ᠎ᠳᠤ ᠨᠡᠢ᠌ᠴᠡᠬᠦ ᠦᠭᠡᠢ ᠵᠢ᠎ᠨᠢ ᠬᠢᠷᠢ ᠬᠡᠮ᠎ᠢ᠎ᠨᠢ ᠬᠠᠰᠤᠬᠤ ᠵᠢᠨ ᠬᠠᠮᠲᠤ ᠲᠠᠰ ᠳᠠᠷᠠᠭ᠋ᠠᠯᠠᠨ ᠨᠥᠬᠥᠪᠦᠷᠢᠯᠡᠬᠦ ᠬᠡᠷᠡᠭᠲᠡᠢ᠃
      (ᠳᠣᠯᠣᠭ᠎ᠠ) ᠢᠯᠡ ᠨᠡᠢ᠌ᠲᠡᠯᠡᠨ᠎ᠡ᠃ ᠣᠷᠣᠭᠤᠯᠵᠤ ᠠᠪᠴᠢᠷᠠᠬᠤ᠎ᠪᠠᠷ ᠪᠠᠢ᠌ᠭ᠎ᠠ ᠬᠥᠮᠥᠰ᠎ᠢ ᠲᠣᠭᠲᠠᠭ᠋ᠠᠭᠰᠠᠨ᠎ᠤ ᠳᠠᠷᠠᠭ᠎ᠠ᠂ ᠡᠯ᠎ᠡ ᠡᠷᠭᠢᠯᠡᠨ ᠬᠠᠮᠢᠶᠠᠷᠬᠤ ᠰᠠᠯᠠᠭ᠎ᠠ ᠮᠥᠴᠢᠷ᠎ᠤᠨ ᠠᠯᠪᠠᠨ᠎ᠤ ᠰᠦᠯᠵᠢᠶ᠎ᠡ᠎ᠳᠤ 5 ᠠᠵᠢᠯᠯᠠᠬᠤ ᠡᠳᠦᠷ᠎ᠤᠨ ᠬᠤᠭᠤᠴᠠᠭ᠎ᠠ᠎ᠲᠠᠢ ᠵᠠᠷᠯᠠᠨ ᠨᠡᠢ᠌ᠲᠡᠯᠡᠨ᠎ᠡ᠃ ᠵᠠᠷᠯᠠᠨ ᠨᠡᠢ᠌ᠲᠡᠯᠡᠬᠦ ᠬᠤᠭᠤᠴᠠᠭ᠋ᠠᠨ᠎ᠳᠤ ᠲᠤᠰᠬᠠᠭᠰᠠᠨ ᠭᠠᠳᠠᠭ᠋ᠠᠳᠤ ᠎ᠠᠴᠠ ᠣᠷᠣᠭᠤᠯᠬᠤ ᠵᠢ ᠨᠥᠯᠥᠭᠡᠯᠡᠬᠦ ᠠᠰᠠᠭᠤᠳᠠᠯ᠎ᠢ ᠪᠠᠢ᠌ᠴᠠᠭ᠋ᠠᠬᠤ ᠵᠢᠨ ᠬᠠᠮᠲᠤ ᠪᠣᠳᠠᠲᠤ ᠪᠠᠷᠢᠮᠲᠠ᠎ᠲᠠᠢ ᠪᠣᠯ ᠭᠠᠳᠠᠭ᠋ᠠᠳᠤ ᠎ᠠᠴᠠ ᠣᠷᠣᠭᠤᠯᠬᠤ ᠦᠭᠡᠢ; ᠲᠤᠰᠬᠠᠭᠰᠠᠨ ᠠᠰᠠᠭᠤᠳᠠᠯ᠎ᠢ ᠲᠦᠷ ᠴᠠᠭ ᠪᠠᠢ᠌ᠴᠠᠭ᠋ᠠᠨ ᠲᠣᠳᠣᠯᠠᠬᠤ᠎ᠳᠤ ᠪᠡᠷᠬᠡᠲᠡᠢ ᠪᠠᠢ᠌ᠪᠠᠯ᠂ ᠭᠠᠳᠠᠭ᠋ᠠᠳᠤ᠎ᠠᠴᠠ ᠣᠷᠣᠭᠤᠯᠬᠤ ᠵᠢ ᠲᠦᠷ ᠬᠣᠢ᠌ᠰᠢᠯᠠᠭᠤᠯᠵᠤ᠂ ᠠᠰᠠᠭᠤᠳᠠᠯ᠎ᠢ ᠪᠠᠢ᠌ᠴᠠᠭ᠋ᠠᠨ ᠲᠣᠳᠣᠯᠠᠭᠰᠠᠨ᠎ᠤ ᠲᠠᠷᠠᠭ᠎ᠠ ᠭᠠᠳᠠᠭ᠋ᠠᠳᠤ᠎ᠠᠴᠠ ᠣᠷᠣᠭᠤᠯᠬᠤ ᠡᠰᠡᠬᠦ᠎ᠪᠠᠨ ᠲᠣᠭᠲᠠᠭ᠋ᠠᠨ᠎ᠠ᠃
      (ᠨᠠᠢ᠍ᠮᠠ) ᠤᠷᠢᠨ ᠬᠡᠷᠡᠭᠯᠡᠬᠦ᠃ ᠵᠠᠷᠯᠠᠨ ᠨᠡᠢ᠌ᠲᠡᠯᠡᠭᠡᠳ ᠣᠨᠳᠣᠣ ᠰᠠᠨᠠᠯ ᠦᠭᠡᠢ ᠵᠢ᠎ᠨᠢ ᠵᠢᠩᠬᠢᠨᠢ᠎ᠪᠠᠷ ᠴᠢᠳᠠᠪᠤᠷᠢᠲᠠᠨ᠎ᠢ ᠣᠷᠣᠭᠤᠯᠤᠨ ᠠᠪᠴᠢᠷᠠᠭᠰᠠᠨ ᠵᠶ᠋ᠠᠷ ᠲᠣᠭᠲᠠᠭ᠋ᠠᠵᠤ᠂ ᠡᠯ᠎ᠡ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠤᠷᠢᠨ ᠬᠡᠷᠡᠭᠯᠡᠬᠦ ᠭᠠᠷᠳᠠᠮ᠎ᠢ ᠭᠦᠢ᠍ᠴᠡᠳᠬᠡᠨ᠎ᠡ᠃ ᠴᠢᠳᠠᠪᠤᠷᠢᠲᠠᠨ᠎ᠢ ᠠᠵᠤ ᠠᠬᠤᠢ᠌ᠯᠠᠯ᠎ᠳᠤ ᠣᠷᠣᠭᠤᠯᠤᠨ ᠠᠵᠢᠯᠯᠠᠭᠤᠯᠬᠤ᠎ᠳᠤ᠂ ᠠᠵᠤ ᠠᠬᠤᠢ᠌ᠯᠠᠯ ᠎ᠠᠴᠠ ᠴᠠᠯᠢᠩ ᠬᠥᠯᠥᠰᠦ ᠣᠯᠭᠣᠵᠤ᠂ ᠬᠣᠲᠠ ᠪᠠᠯᠭ᠋ᠠᠰᠤᠨ᠎ᠤ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠳᠠᠭ᠋ᠠᠳᠬᠠᠯ᠂ ᠡᠮᠴᠢᠯᠡᠭᠡᠨ᠎ᠤ ᠳᠠᠭ᠋ᠠᠳᠬᠠᠯ᠂ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠂ ᠠᠵᠢᠯ ᠠᠯᠳᠠᠭᠰᠠᠳ᠎ᠤᠨ ᠳᠠᠭ᠋ᠠᠳᠬᠠᠯ᠂ ᠦᠷᠡᠵᠢᠯ᠎ᠤᠨ ᠳᠠᠭ᠋ᠠᠳᠬᠠᠯ ᠵᠢᠴᠢ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠥ ᠵᠢ ᠲᠤᠰᠢᠶᠠᠬᠤ ᠵᠢᠨ ᠬᠠᠮᠲᠤ᠂ ᠣᠷᠣᠭᠤᠯᠤᠨ ᠠᠪᠴᠢᠷᠠᠭᠰᠠᠨ ᠴᠢᠳᠠᠪᠤᠷᠢᠲᠠᠨ᠎ᠳᠤ ᠬᠥᠮᠥᠨ᠎ᠤ ᠪᠡᠶ᠎ᠡ ᠵᠢᠨ ᠰᠠᠨᠠᠭ᠋ᠠᠨ᠎ᠳᠤ ᠦᠭᠡᠢ ᠭᠡᠮᠲᠦᠯ᠎ᠤᠨ ᠳᠠᠭ᠋ᠠᠳᠬᠠᠯ ᠬᠤᠳᠠᠯᠳᠤᠨ ᠠᠪᠴᠤ ᠥᠭᠭᠦᠨ᠎ᠡ᠃
      ᠵᠢᠷᠭᠤᠳᠤᠭ᠋ᠠᠷ ᠵᠦᠢ᠍ᠯ ᠬᠠᠮᠢᠶᠠᠷᠤᠯᠲᠠ ᠵᠢᠨ ᠲᠣᠭᠲᠠᠴᠠ
      (ᠨᠢᠭᠡ) ᠡᠳᠦᠷ ᠲᠤᠲᠤᠮ᠎ᠤᠨ ᠬᠠᠮᠢᠶᠠᠷᠤᠯᠲᠠ᠃ ᠴᠢᠳᠠᠪᠤᠷᠢᠲᠠᠨ᠎ᠢ ᠠᠵᠤ ᠠᠬᠤᠢ᠌ᠯᠠᠯ᠎ᠳᠤ ᠣᠷᠣᠭᠤᠯᠤᠨ ᠠᠵᠢᠯᠯᠠᠭᠤᠯᠬᠤ ᠬᠡᠯᠡᠯᠴᠡᠭᠡᠷ᠎ᠤᠨ ᠬᠤᠭᠤᠴᠠᠭ᠎ᠠ ᠪᠦᠷᠢ᠎ᠳᠤ 3 ᠵᠢᠯ ᠠᠵᠢᠯᠯᠠᠨ᠎ᠠ᠂ ᠠᠵᠤ ᠠᠬᠤᠢ᠌ᠯᠠᠯ᠎ᠳᠤ ᠠᠵᠢᠯᠯᠠᠬᠤ ᠬᠤᠭᠤᠴᠠᠭ᠋ᠠᠨ᠎ᠳᠤ᠂ ᠠᠵᠢᠯᠲᠠᠨ᠎ᠤ ᠶᠠᠪᠤᠳᠠᠯ᠎ᠤᠨ ᠬᠠᠷᠢᠴᠠᠭ᠎ᠠ ᠵᠢᠨ ᠪᠠᠢ᠌ᠭ᠎ᠠ ᠠᠵᠢᠯ ᠦᠢ᠍ᠯᠡᠰ᠎ᠤᠨ ᠨᠢᠭᠡᠴᠡ ᠵᠢᠨ ᠠᠵᠢᠯ᠎ᠤᠨ ᠪᠠᠢ᠌ᠷᠢ᠎ᠳᠤ ᠪᠠᠢ᠌ᠭ᠎ᠠ ᠬᠥᠮᠥᠰ᠎ᠯᠦᠭᠡ ᠠᠳᠠᠯᠢ ᠲᠡᠭᠰᠢ ᠡᠷᠬᠡ ᠵᠢ ᠡᠳ᠋ᠯᠡᠵᠦ᠂ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ᠂ ᠲᠥᠷᠥᠯ ᠵᠦᠢ᠍ᠯ ᠭᠤᠶᠤᠴᠢᠯᠠᠨ ᠮᠡᠳᠡᠭᠦᠯᠬᠦ᠂ ᠠᠵᠢᠯ᠎ᠤᠨ ᠪᠠᠢ᠌ᠷᠢ᠎ᠳᠤ ᠥᠷᠢᠰᠦᠯᠳᠦᠨ ᠤᠷᠢᠬᠤ ᠵᠡᠷᠭᠡ᠎ᠳᠤ ᠡᠷᠬᠡ ᠲᠡᠭᠰᠢ᠎ᠪᠠᠷ ᠣᠷᠣᠯᠴᠠᠨ᠎ᠠ᠃ᠣᠷᠣᠭᠤᠯᠤᠨ ᠠᠪᠴᠢᠷᠠᠭᠰᠠᠨ ᠴᠢᠳᠠᠪᠤᠷᠢᠲᠠᠨ᠎ᠨᠢ ᠠᠵᠤ ᠠᠬᠤᠢ᠌ᠯᠠᠯ᠎ᠳᠤ ᠠᠵᠢᠯᠯᠠᠵᠤ ᠪᠠᠢ᠌ᠭ᠎ᠠ ᠬᠤᠭᠤᠴᠠᠭ᠋ᠠᠨ᠎ᠳᠤ᠂ ᠠᠵᠤ ᠠᠬᠤᠢ᠌ᠯᠠᠯ ᠎ᠠᠴᠠ ᠡᠳᠦᠷ ᠲᠤᠲᠤᠮ᠎ᠤᠨ ᠬᠠᠮᠢᠶᠠᠷᠤᠯᠲᠠ᠎ᠪᠠᠨ ᠰᠠᠢ᠌ᠲᠤᠷ ᠬᠢᠵᠦ᠂ ᠲᠣᠭᠲᠠᠮᠠᠯ ᠬᠤᠭᠤᠴᠠᠭ᠎ᠠ᠎ᠲᠠᠢ᠎ᠪᠠᠷ ᠠᠵᠢᠯᠲᠠᠨ᠎ᠤ ᠶᠠᠪᠤᠳᠠᠯ᠎ᠤᠨ ᠬᠠᠷᠢᠴᠠᠭ᠎ᠠ ᠵᠢᠨ ᠪᠠᠢ᠌ᠭ᠎ᠠ ᠠᠵᠢᠯ ᠦᠢ᠍ᠯᠡᠰ᠎ᠤᠨ ᠨᠢᠭᠡᠴᠡ᠎ᠳᠤ ᠪᠠᠢ᠌ᠳᠠᠯ᠎ᠢ ᠬᠠᠷᠢᠭᠤ ᠲᠤᠰᠬᠠᠨ᠎ᠠ᠃
      (ᠬᠣᠶᠠᠷ) ᠣᠯᠭᠣᠮᠵᠢ ᠵᠢᠨ ᠪᠠᠲᠤᠯᠠᠭ᠎ᠠ᠃ ᠠᠵᠢᠯ ᠦᠢ᠍ᠯᠡᠰ᠎ᠤᠨ ᠨᠢᠭᠡᠴᠢ ᠴᠢᠳᠠᠪᠤᠷᠢᠲᠠᠨ᠎ᠢ ᠠᠵᠤ ᠠᠬᠤᠢ᠌ᠯᠠᠯ᠎ᠳᠤ ᠣᠷᠣᠭᠤᠯᠤᠨ ᠠᠵᠢᠯᠯᠠᠭᠤᠯᠬᠤ᠎ᠳᠠᠭᠠᠨ ᠪᠣᠳᠠᠲᠤ ᠪᠠᠢ᠌ᠳᠠᠯ ᠵᠶ᠋ᠠᠨ ᠦᠨᠳᠦᠰᠦᠯᠡᠨ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠎ᠯᠤᠭ᠎ᠠ ᠬᠣᠯᠪᠣᠭᠳᠠᠯ ᠪᠦᠬᠦᠢ ᠬᠡᠯᠡᠯᠴᠡᠭᠡᠷ ᠲᠣᠭᠲᠠᠭ᠋ᠠᠵᠤ᠂ ᠠᠵᠢᠯ᠎ᠤᠨ ᠪᠠᠢ᠌ᠷᠢ ᠵᠢᠨ ᠲᠤᠰᠢᠶᠠᠯ ᠬᠠᠷᠢᠭᠤᠴᠠᠯᠭ᠎ᠠ᠂ ᠬᠢᠨᠠᠨ ᠰᠢᠯᠭ᠋ᠠᠯᠲᠠ᠂ ᠴᠠᠯᠢᠩ ᠣᠯᠭᠣᠮᠵᠢ ᠵᠡᠷᠭᠡ ᠤᠴᠢᠷ ᠶᠠᠪᠤᠳᠠᠯ᠎ᠤᠨ ᠲᠤᠬᠠᠢ ᠪᠣᠯᠵᠣᠨ ᠲᠣᠭᠲᠠᠭ᠋ᠠᠬᠤ ᠬᠡᠷᠡᠭᠲᠡᠢ᠃ ᠠᠵᠢᠯ ᠦᠢ᠍ᠯᠡᠰ᠎ᠤᠨ ᠨᠢᠭᠡᠴᠢ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠂ ᠠᠵᠤ ᠠᠬᠤᠢ᠌ᠯᠠᠯ᠎ᠨᠢ ᠠᠵᠢᠯᠯᠠᠬᠤ ᠬᠤᠭᠤᠴᠠᠭ᠎ᠠ᠂ ᠬᠥᠯᠥᠰᠦ ᠣᠯᠭᠣᠮᠵᠢ᠂ ᠱᠠᠩᠨᠠᠯ ᠬᠥᠬᠢᠭᠦᠯᠦᠯ ᠵᠡᠷᠭᠡ ᠡᠷᠬᠡ ᠡᠭᠦᠷᠭᠡ ᠵᠢᠴᠢ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠷ᠎ᠡ ᠪᠦᠲᠦᠭᠡᠯ᠎ᠢ ᠰᠢᠯᠵᠢᠭᠦᠯᠦᠨ ᠥᠭᠬᠦ᠂ ᠡᠷᠬᠡ ᠠᠰᠢᠭ᠎ᠢ ᠬᠤᠪᠢᠶᠠᠷᠢᠯᠠᠬᠤ ᠵᠡᠷᠭᠡ ᠠᠭᠤᠯᠭ᠎ᠠ ᠵᠢ ᠪᠣᠯᠵᠣᠨ ᠲᠣᠭᠲᠠᠭ᠋ᠠᠬᠤ ᠬᠡᠷᠡᠭᠲᠡᠢ᠃
      (ᠭᠤᠷᠪᠠ) ᠰᠢᠯᠭ᠋ᠠᠨ ᠬᠢᠨᠠᠵᠤ ᠦᠨᠡᠯᠡᠨ᠎ᠡ᠃ ᠣᠷᠣᠭᠤᠯᠵᠤ ᠠᠪᠴᠢᠷᠠᠭᠰᠠᠨ ᠴᠢᠳᠠᠪᠤᠷᠢᠲᠠᠨ᠎ᠤ ᠬᠢᠨᠠᠨ ᠰᠢᠯᠭ᠋ᠠᠯᠲᠠ ᠵᠢ ᠣᠨ᠎ᠤ ᠬᠢᠨᠠᠨ ᠰᠢᠯᠭ᠋ᠠᠯᠲᠠ ᠪᠠ ᠬᠤᠭᠤᠴᠠᠭ᠋ᠠᠨ ᠡᠴᠦᠰ᠎ᠤᠨ ᠬᠢᠨᠠᠨ ᠰᠢᠯᠭ᠋ᠠᠯᠲᠠ ᠭᠡᠵᠦ ᠬᠤᠪᠢᠶᠠᠨ᠎ᠠ᠃ ᠣᠨ᠎ᠤ ᠬᠢᠨᠠᠨ ᠰᠢᠯᠭ᠋ᠠᠯᠲᠠ ᠵᠢ ᠵᠢᠯ ᠪᠦᠷᠢ ᠠᠵᠤ ᠠᠬᠤᠢ᠌ᠯᠠᠯ ᠎ᠠᠴᠠ ᠬᠠᠷᠢᠭᠤᠴᠠᠨ ᠵᠣᠬᠢᠶᠠᠨ ᠪᠠᠢ᠌ᠭᠤᠯᠵᠤ ᠥᠷᠨᠢᠭᠦᠯᠦᠨ᠎ᠡ᠂ ᠬᠢᠨᠠᠨ ᠰᠢᠯᠭ᠋ᠠᠯᠲᠠ᠎ᠳᠤ ᠬᠢᠷᠢ ᠲᠡᠩᠴᠡᠭᠰᠡᠨ ᠦᠭᠡᠢ ᠵᠢ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠲᠤ ᠮᠡᠳᠡᠭᠦᠯᠦᠨ ᠰᠤᠳᠤᠯᠵᠤ ᠬᠢᠨᠠᠨ ᠶᠠᠷᠢᠯᠴᠠᠭᠤᠯᠤᠭᠰᠠᠨ᠎ᠤ ᠳᠠᠷᠠᠭ᠎ᠠ᠂ ᠠᠵᠢᠯ ᠎ᠠᠴᠠ᠎ᠨᠢ ᠵᠣᠭᠰᠣᠭ᠋ᠠᠨ᠎ᠠ᠃ ᠬᠤᠭᠤᠴᠠᠭ᠋ᠠᠨ ᠡᠴᠦᠰ᠎ᠤᠨ ᠬᠢᠨᠠᠨ ᠰᠢᠯᠭ᠋ᠠᠯᠲᠠ ᠵᠢ 3 ᠵᠢᠯ᠎ᠤᠨ ᠬᠡᠯᠡᠯᠴᠡᠭᠡᠷ᠎ᠤᠨ ᠬᠤᠭᠤᠴᠠᠭ᠎ᠠ ᠳᠦᠭᠦᠷᠬᠦ ᠦᠶ᠎ᠡ᠎ᠳᠤ ᠨᠢᠭᠡ ᠤᠳᠠᠭ᠎ᠠ ᠶᠠᠪᠤᠭᠳᠠᠭᠤᠯᠤᠨ᠎ᠠ᠂ ᠬᠣᠲᠠ ᠵᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠠᠵᠢᠯ᠎ᠤᠨ ᠠᠯᠪᠠᠨ ᠭᠡᠷ᠎ᠠᠴᠠ ᠲᠤᠰᠬᠠᠢ ᠬᠥᠮᠥᠨ᠎ᠢ ᠵᠣᠬᠢᠶᠠᠨ ᠪᠠᠢ᠌ᠭᠤᠯᠤᠨ ᠬᠢᠨᠠᠨ ᠰᠢᠯᠭ᠋ᠠᠵᠤ᠂ ᠴᠢᠳᠠᠪᠤᠷᠢᠲᠠᠨ᠎ᠤ 3 ᠵᠢᠯ᠎ᠤᠨ ᠳᠣᠲᠣᠷᠠᠬᠢ ᠰᠤᠷᠤᠯᠭ᠎ᠠ᠂ ᠠᠵᠢᠯ᠂ ᠠᠵᠢᠯ᠎ᠤᠨ ᠪᠦᠲᠦᠮᠵᠢ ᠵᠡᠷᠭᠡ ᠪᠠᠢ᠌ᠳᠠᠯ᠎ᠳᠤ ᠶᠡᠷᠦᠩᠬᠡᠢ᠌ᠯᠡᠭᠰᠡᠨ ᠬᠢᠨᠠᠨ ᠲᠣᠭᠲᠠᠭ᠋ᠠᠯᠲᠠ ᠬᠢᠨ᠎ᠡ᠃ ᠤᠷᠢᠵᠤ ᠣᠷᠣᠭᠤᠯᠤᠭᠰᠠᠨ ᠴᠢᠳᠠᠪᠤᠷᠢᠲᠠᠨ᠎ᠨᠢ ᠠᠵᠤ ᠠᠬᠤᠢ᠌ᠯᠠᠯ᠎ᠤᠨ ᠠᠵᠢᠯ᠎ᠤᠨ ᠬᠤᠭᠤᠴᠠᠭ᠎ᠠ᠎ᠨᠢ ᠳᠦᠭᠦᠷᠦᠭᠰᠡᠨ ᠪᠥᠭᠡᠳ ᠬᠤᠭᠤᠴᠠᠭ᠋ᠠᠨ ᠡᠴᠦᠰ᠎ᠤᠨ ᠬᠢᠨᠠᠨ ᠰᠢᠯᠭ᠋ᠠᠯᠲᠠ᠎ᠳᠤ ᠬᠢᠷᠢ ᠲᠡᠩᠴᠡᠭᠰᠡᠨ ᠪᠠᠢ᠌ᠪᠠᠯ᠂ ᠠᠵᠤ ᠠᠬᠤᠢ᠌ᠯᠠᠯ᠎ᠲᠠᠢ ᠵᠥᠪᠳᠡᠯᠴᠡᠭᠡᠳ ᠰᠠᠨᠠᠯ ᠨᠢᠭᠡᠳᠪᠡᠯ᠂ ᠦᠷᠭᠦᠯᠵᠢᠯᠡᠨ ᠠᠵᠤ ᠠᠬᠤᠢ᠌ᠯᠠᠯ᠎ᠳᠤ ᠦᠯᠡᠳᠡᠵᠦ ᠠᠵᠢᠯᠯᠠᠬᠤ ᠵᠢ ᠰᠣᠩᠭᠣᠵᠤ ᠪᠣᠯᠣᠨ᠎ᠠ᠂ ᠠᠵᠢᠯᠲᠠᠨ᠎ᠤ ᠶᠠᠪᠤᠳᠠᠯ᠎ᠤᠨ ᠬᠠᠷᠢᠴᠠᠭ᠎ᠠ ᠵᠢᠨ ᠪᠠᠢ᠌ᠭ᠎ᠠ ᠠᠵᠢᠯ ᠦᠢ᠍ᠯᠡᠰ᠎ᠤᠨ ᠨᠢᠭᠡᠴᠡ᠎ᠨᠢ ᠲᠡᠭᠦᠨ᠎ᠲᠠᠢ ᠴᠠᠭ ᠲᠤᠬᠠᠢ᠎ᠳᠤᠨᠢ ᠤᠷᠢᠨ ᠬᠡᠷᠡᠭᠯᠡᠬᠦ ᠭᠡᠷ᠎ᠡ᠎ᠪᠠᠨ ᠬᠦᠴᠦᠨ ᠦᠭᠡᠢ ᠪᠣᠯᠭ᠋ᠠᠬᠤ ᠵᠢᠨ ᠬᠠᠮᠲᠤ ᠬᠠᠮᠢᠶ᠎ᠠ ᠪᠦᠬᠦᠢ ᠠᠵᠢᠯ ᠎ᠠᠴᠠ᠎ᠪᠠᠨ ᠰᠠᠯᠬᠤ ᠭᠠᠷᠳᠠᠮ᠎ᠢ ᠭᠦᠢ᠍ᠴᠡᠳᠬᠡᠬᠦ ᠬᠡᠷᠡᠭᠲᠡᠢ; ᠠᠵᠢᠯ ᠦᠢ᠍ᠯᠡᠰ᠎ᠤᠨ ᠨᠢᠭᠡᠴᠡ᠎ᠳᠡᠭᠡᠨ ᠪᠤᠴᠠᠵᠤ ᠠᠵᠢᠯᠯᠠᠬᠤ ᠵᠢ ᠰᠣᠩᠭᠣᠵᠤ ᠪᠣᠯᠣᠨ᠎ᠠ᠂ ᠬᠣᠲᠠ ᠵᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠠᠵᠢᠯ᠎ᠤᠨ ᠠᠯᠪᠠᠨ ᠭᠡᠷ᠎ᠠᠴᠠ ᠲᠡᠭᠦᠨ᠎ᠤ ᠰᠣᠷᠣᠭᠰᠠᠨ ᠲᠤᠰᠬᠠᠢ ᠮᠡᠷᠭᠡᠵᠢᠯ᠂ ᠠᠵᠢᠯ᠎ᠤᠨ ᠪᠠᠢ᠌ᠳᠠᠯ ᠪᠣᠯᠣᠨ ᠠᠵᠢᠯ ᠦᠢ᠍ᠯᠡᠰ᠎ᠤᠨ ᠨᠢᠭᠡᠴᠡ ᠵᠢᠨ ᠠᠵᠢᠯ᠎ᠤᠨ ᠪᠠᠢ᠌ᠷᠢ ᠵᠢᠨ ᠬᠡᠷᠡᠭᠴᠡᠭᠡ ᠵᠢ ᠦᠨᠳᠦᠰᠦᠯᠡᠨ᠂ ᠠᠵᠢᠯᠲᠠᠨ᠎ᠢ ᠰᠢᠯᠵᠢᠭᠦᠯᠬᠦ ᠬᠣᠯᠪᠣᠭᠳᠠᠯ ᠪᠦᠬᠦᠢ ᠲᠠᠰ ᠳᠠᠷᠠᠭ᠋ᠠᠯᠠᠯ᠎ᠤᠨ ᠶᠣᠰᠣᠭ᠋ᠠᠷ ᠵᠣᠬᠢᠬᠤ ᠬᠣᠭᠣᠰᠤᠨ ᠣᠷᠣᠨ ᠲᠣᠭ᠎ᠠ᠎ᠲᠠᠢ ᠠᠵᠢᠯ ᠦᠢ᠍ᠯᠡᠰ᠎ᠤᠨ ᠨᠢᠭᠡᠴᠡ᠎ᠳᠤ ᠲᠣᠬᠢᠷᠠᠭᠤᠯᠬᠤ ᠪᠤᠶᠤ ᠤᠤᠯ᠎ᠤᠨ ᠤᠷᠢᠨ ᠬᠡᠷᠡᠭᠯᠡᠬᠦ ᠬᠡᠯᠡᠯᠴᠡᠭᠡᠷ ᠲᠣᠭᠲᠠᠭᠰᠠᠨ ᠠᠵᠢᠯ ᠦᠢ᠍ᠯᠡᠰ᠎ᠤᠨ ᠨᠢᠭᠡᠴᠡ᠎ᠳᠤ ᠪᠤᠴᠠᠭ᠋ᠠᠬᠤ ᠵᠢᠨ ᠬᠠᠮᠲᠤ᠂ ᠵᠣᠬᠢᠬᠤ ᠠᠵᠢᠯ ᠦᠢ᠍ᠯᠡᠰ᠎ᠤᠨ ᠨᠢᠭᠡᠴᠡ᠎ᠠᠴᠠ ᠴᠠᠯᠢᠩ᠎ᠢ ᠬᠢᠨᠠᠨ ᠲᠣᠭᠲᠠᠭ᠋ᠠᠬᠤ᠂ ᠡᠯ᠎ᠡ   ᠲᠥᠷᠥᠯ ᠎ᠤᠨ   ᠳᠠᠭ᠋ᠠᠳᠬᠠᠯ ᠎ᠢ  ᠵᠠᠯᠭ᠋ᠠᠨ   ᠳᠠᠮᠵᠢᠭᠤᠯᠬᠤ   ᠵᠡᠷᠭᠡ  ᠭᠠᠷᠳᠠᠮ ᠎ᠢ   ᠰᠠᠢ᠌ᠲᠤᠷ  ᠬᠢᠵᠦ᠂  ᠴᠢᠳᠠᠪᠤᠷᠢᠲᠠᠨ᠎ᠤ ᠪᠤᠴᠠᠵᠤ ᠢᠷᠡᠵᠦ ᠳᠡᠶ᠋ᠢᠯᠬᠦ ᠪᠠ ᠦᠯᠡᠳᠡᠵᠦ ᠳᠡᠶ᠋ᠢᠯᠬᠦ ᠵᠢ ᠦᠨᠡᠨᠬᠦ ᠪᠠᠲᠤᠯᠠᠬᠤ ᠬᠡᠷᠡᠭᠲᠡᠢ᠃
      ᠳᠣᠯᠣᠳᠤᠭ᠋ᠠᠷ ᠵᠦᠢ᠍ᠯ ᠣᠷᠣᠭᠤᠯᠤᠭᠰᠠᠨ ᠴᠢᠳᠠᠪᠤᠷᠢᠲᠠᠨ᠎ᠳᠤ ᠳᠣᠣᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ᠎ᠨᠢ ᠪᠠᠢ᠌ᠪᠠᠯ᠂ ᠭᠠᠳᠠᠭ᠋ᠠᠳᠤ᠎ᠠᠴᠠ ᠣᠷᠣᠭᠤᠯᠬᠤ ᠬᠢᠷᠢ ᠬᠡᠮ᠎ᠢ᠎ᠨᠢ ᠬᠠᠰᠤᠨ᠎ᠠ᠃
      (ᠨᠢᠭᠡ) ᠬᠣᠯᠪᠣᠭᠳᠠᠯ ᠪᠦᠬᠦᠢ ᠦᠨᠡᠮᠯᠡᠯ ᠭᠡᠷᠡᠴᠢ ᠦᠨᠡᠮᠯᠡᠯ ᠎ᠢ ᠬᠠᠭᠤᠷᠮᠠᠭᠯᠠᠨ ᠵᠣᠬᠢᠶᠠᠭᠰᠠᠨ᠂ ᠡᠰᠡᠬᠦᠯ᠎ᠡ ᠪᠤᠰᠤᠳ ᠵᠦᠢ ᠪᠤᠰᠤ ᠠᠷᠭ᠎ᠠ ᠪᠠᠷᠢᠯ ᠵᠶ᠋ᠠᠷ ᠣᠷᠣᠭᠤᠯᠵᠤ ᠢᠷᠡᠬᠦ ᠪᠤᠶᠤ ᠬᠢᠨᠠᠨ ᠰᠢᠯᠭ᠋ᠠᠬᠤ ᠬᠢᠷᠢ ᠬᠡᠮ ᠣᠯᠣᠭᠰᠠᠨ;
      (ᠬᠣᠶᠠᠷ) ᠬᠢᠨᠠᠨ ᠰᠢᠯᠭ᠋ᠠᠬᠤ ᠪᠤᠶᠤ ᠪᠡᠶ᠎ᠡ ᠵᠢᠨ ᠪᠠᠢ᠌ᠴᠠᠭ᠋ᠠᠯᠲᠠ ᠬᠢᠬᠦ ᠶᠠᠪᠤᠴᠠ᠎ᠳᠤ ᠭᠡᠮ ᠬᠢᠭᠰᠡᠨ;
      (ᠭᠤᠷᠪᠠ) ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠬᠣᠯᠪᠣᠭᠳᠠᠯ ᠪᠦᠬᠦᠢ ᠲᠣᠭᠲᠠᠭ᠋ᠠᠯ᠎ᠢ ᠵᠥᠷᠢᠴᠡᠭᠰᠡᠨ ᠪᠤᠰᠤᠳ ᠪᠠᠢ᠌ᠳᠠᠯ᠎ᠤᠳ᠃
      ᠨᠠᠢ᠍ᠮᠠᠳᠤᠭ᠋ᠠᠷ ᠵᠦᠢ᠍ᠯ ᠳᠡᠭᠡᠳᠦ ᠲᠠᠰ ᠳᠠᠪᠬᠤᠷᠭ᠎ᠠ ᠵᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠠᠵᠢᠯ᠎ᠤᠨ ᠰᠠᠬᠢᠯᠭ᠎ᠠ ᠪᠠᠲᠤ᠃  ᠣᠷᠣᠭᠤᠯᠬᠤ ᠠᠵᠢᠯ ᠎ᠤᠨ ᠳᠤᠮᠳᠠ ᠰᠠᠬᠢᠯᠭ᠎ᠠ ᠪᠠᠲᠤ᠎ᠠᠴᠠ ᠵᠥᠷᠢᠴᠡᠨ ᠬᠠᠤᠯᠢ᠎ᠠᠴᠠ ᠵᠥᠷᠢᠴᠡᠭᠰᠡᠨ ᠥᠢ᠍ᠯᠡ ᠠᠵᠢᠯᠯᠠᠭ᠎ᠠ ᠭᠠᠷᠤᠭᠰᠠᠨ ᠡᠯ᠎ᠡ ᠲᠥᠷᠥᠯ᠎ᠤᠨ ᠨᠢᠭᠡᠴᠡ ᠪᠣᠯᠣᠨ ᠬᠤᠪᠢ ᠬᠥᠮᠥᠨ᠎ᠢ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠴᠢᠩᠭ᠎ᠠ ᠰᠢᠢ᠍ᠳᠪᠦᠷᠢᠯᠡᠵᠦ᠂ ᠶᠠᠯ᠎ᠠ᠎ᠳᠤ ᠬᠥᠷᠥᠭᠰᠡᠨ ᠪᠣᠯ ᠬᠠᠤᠯᠢ ᠶᠣᠰᠣᠭ᠋ᠠᠷ ᠬᠠᠤᠯᠢ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
      ᠶᠢᠰᠦᠳᠦᠭᠡᠷ ᠵᠦᠢ᠍ᠯ ᠲᠤᠰ ᠬᠡᠷᠡᠭᠵᠢᠭᠦᠯᠬᠦ ᠠᠷᠭ᠎ᠠ ᠵᠢ ᠳᠠᠷᠤᠮᠠᠯᠯᠠᠨ ᠶᠠᠪᠤᠭᠤᠯᠤᠭᠰᠠᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃


 

ᠢᠷᠡᠯᠲᠡ᠄ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠮᠣᠩᠭᠣᠯ ᠰᠦᠯᠵᠢᠶ᠎ᠡ